2012 ᠤᠨ ᠤ ᠪᠦᠬᠦ ᠬᠤᠲᠠ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠲᠤᠪᠤᠶᠢᠮ᠎ᠠ ᠪᠦᠲᠦᠮᠵᠢ ᠤᠯᠤᠭᠰᠠᠨ ᠨᠢᠬᠡᠴᠢ ᠶᠢ ᠱᠠᠩᠨᠠᠨ ᠬᠦᠬᠢᠬᠦᠯᠬᠦ ᠲᠤᠬᠠᠢ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠨᠡᠪᠳᠡᠷᠡᠬᠦᠯᠦᠭᠰᠡᠨ ᠮᠡᠳᠡᠭᠳᠡᠯ
ᠨᠡᠶᠢᠲᠡᠯᠡᠭᠰᠡᠨ ᠴᠠᠭ᠄
2013/1/25
               ᠤᠷᠳᠤᠰ ᠵᠠᠰᠠᠭ ᠵᠠᠬᠢᠳᠠᠯ ﹇2013﹈ 24 ᠳ᠋ᠣᠭᠡᠷ ᠲᠤᠭᠠᠲᠤᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠢᠶ᠎ᠠ ᠪᠠᠭᠰᠢ ᠰᠢᠨ᠎ᠡ ᠲᠤᠭᠤᠷᠢᠭ  ᠤᠨ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄    2012 ᠤᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠲᠤᠤᠷ᠎ᠠ᠂ ᠡᠯ᠎ᠡ ᠬᠤᠰᠢᠭᠤ ᠲᠤᠭᠤᠷᠢᠭ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠦᠨ᠂ ᠠᠶᠤᠯ ᠦᠬᠡᠢ ᠪᠠᠷ ᠬᠦᠭᠵᠢᠬᠦᠯᠬᠦ ᠤᠨᠤᠯᠵᠢᠭᠤᠨ ᠢ ᠪᠠᠲᠤ ᠪᠤᠢ ᠪᠤᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠤᠯᠭᠠᠬᠤ ᠶᠢ ᠪᠠᠷᠢᠮᠲᠠᠯᠠᠵᠤ᠂ ᠠᠶᠤᠯ ᠦᠬᠡᠢ ᠦᠢᠯᠡᠳᠪᠦᠷᠢᠯᠡᠯ ᠎ ᠤᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠠᠳᠡᠯ ᠤᠯᠠᠨᠲᠠ ᠡᠬᠦᠰᠬᠦ ᠪᠠᠶᠢᠳᠠᠯ ᠢ ᠪᠦᠲᠦᠮᠵᠢᠲᠠᠢ ᠬᠤᠷᠢᠭᠯᠠᠵᠤ᠂ ᠪᠦᠬᠦ ᠬᠤᠲᠠ ᠶᠢᠨ ᠠᠶᠤᠯ ᠦᠬᠡᠢ ᠦᠢᠯᠡᠳᠪᠦᠷᠢᠯᠡᠯ ᠤᠨ ᠡᠯ᠎ᠡ ᠵᠦᠢᠯ ᠤᠨ ᠬᠢᠵᠭᠠᠷᠯᠠᠬᠤ ᠵᠢᠭᠠᠯᠲᠠ ᠲᠤᠭ᠎ᠠ ᠶᠢ ᠴᠦᠮ ᠦᠪᠡᠷᠳᠡᠭᠡᠨ ᠵᠠᠰᠠᠬᠤ ᠤᠷᠤᠨ  ᠤ ᠪᠠᠭᠤᠯᠭᠠᠭᠰᠠᠨ ᠵᠢᠭᠠᠯᠲᠠ ᠲᠤᠭ᠎ᠠ ᠶᠢᠨ ᠭᠡᠪᠴᠢᠶᠡᠨ ᠳᠤ ᠪᠠᠶᠢᠯᠭᠠᠵᠤ᠂ ᠠᠶᠤᠯ ᠦᠬᠡᠢ ᠦᠢᠯᠡᠳᠪᠦᠷᠢᠯᠡᠯ ᠤᠨ ᠬᠠᠷᠠᠯᠲᠠᠲᠤ ᠰᠢᠯᠭᠠᠨ ᠬᠢᠨᠠᠯᠲᠠ ᠶᠢᠨ ᠪᠦᠲᠦᠮᠵᠢ‌‍ᠶᠢ ᠦᠷᠬᠦᠯᠵᠢᠯᠡᠨ ᠦᠪᠡᠷᠳᠡᠭᠡᠨ ᠵᠠᠰᠠᠬᠤ ᠤᠷᠤᠨ ᠤ ᠲᠡᠷᠢᠬᠦᠨ ᠤ ᠪᠠᠶᠢᠷᠢᠨ ᠳᠤ ᠵᠢᠭᠰᠠᠭᠠᠭᠳᠠᠵᠤ᠂ ᠦᠪᠡᠷᠳᠡᠭᠡᠨ ᠵᠠᠰᠠᠬᠤ ᠤᠷᠤᠨ ᠳᠤ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠲᠤᠪᠤᠶᠢᠮ᠎ᠠ ᠪᠦᠲᠦᠮᠵᠢ ᠤᠯᠤᠭᠰᠠᠨ ᠭᠠᠵᠠᠷ ᠤᠷᠤᠨ ᠢᠶᠠᠷ ᠬᠦᠬᠢᠬᠦᠯᠦᠭᠳᠡᠪᠡ᠃    ᠠᠵᠢᠯ ᠤᠨ ᠪᠦᠲᠦᠮᠵᠢ ᠪᠠᠨ ᠪᠠᠳᠠᠷᠠᠭᠤᠯᠵᠤ᠂ ᠲᠡᠷᠢᠬᠦᠨ ᠤ ᠬᠢ ᠶᠢ ᠰᠠᠶᠢᠰᠢᠶᠠᠨ ᠬᠦᠬᠢᠬᠦᠯᠵᠤ᠂ ᠮᠠᠨ ᠤ ᠬᠤᠲᠠ ᠎ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠲᠠᠬᠢᠨᠲᠠ ᠰᠢᠨ᠎ᠡ ᠨᠢᠬᠡᠨ ᠲᠡᠭᠳᠡᠷ  ᠲᠤ ᠭᠠᠷᠭᠠᠬᠤ ᠶᠢᠨ ᠲᠤᠰᠠᠳᠠ᠂ 2012 ᠤᠨ ᠤ ᠪᠦᠬᠦ ᠬᠤᠲᠠ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ  ᠤᠨ ᠬᠠᠷᠠᠯᠲᠠᠲᠤ ᠰᠢᠯᠭᠠᠨ ᠬᠢᠨᠠᠯᠲᠠ ᠶᠢᠨ ᠦᠷ᠎ᠡ ᠳ᠋ᠦᠩ ᠢ ᠦᠨᠳᠦᠰᠦᠯᠡᠵᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠠᠵᠢᠯ ᠤᠨ ᠪᠦᠲᠦᠮᠵᠢ ᠪᠠᠷ ᠲᠤᠪᠤᠶᠢᠮ᠎ᠠ ᠬᠤᠰᠢᠭᠤ ᠲᠤᠭᠤᠷᠢᠭ ᠵᠢᠴᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠢ ᠱᠠᠩᠨᠠᠨ ᠬᠦᠬᠢᠬᠦᠯᠬᠦ ᠪᠠᠷ ᠲᠤᠭᠳᠠᠪᠠ᠃    ᠨᠢᠬᠡ ᠂ ᠠᠵᠢᠯ ᠤᠨ ᠪᠦᠲᠦᠮᠵᠢ ᠪᠠᠷ ᠲᠤᠪᠤᠶᠢᠮ᠎ᠠ ᠳ᠋ᠦᠩᠱᠧᠩ ᠲᠤᠭᠤᠷᠢᠭ᠂ ᠦᠣᠰᠢᠨ ᠬᠤᠰᠢᠭᠤ᠂ ᠵᠡᠬᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠬᠠᠩᠬᠢᠨ ᠬᠤᠰᠢᠭᠤ᠂ ᠤᠳᠤᠭ ᠬᠤᠰᠢᠭᠤ ᠪᠠ ᠬᠢᠶ᠎ᠠ ᠪᠠᠭᠰᠢ ᠰᠢᠨ᠎ᠡ ᠲᠤᠭᠤᠷᠢᠭ ᠢ ᠱᠠᠩᠨᠠᠨ ᠬᠦᠬᠢᠬᠦᠯᠵᠤ᠂ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠬᠤᠪᠢᠶᠠᠨ ᠬᠠᠮᠢᠶᠠᠷᠴᠤ ᠪᠠᠶᠢᠭ᠎ᠠ ᠲᠡᠳ᠋ ᠬᠤᠰᠢᠭᠤ ᠲᠤᠭᠤᠷᠢᠭ ᠤᠨ ᠲᠠᠷᠤᠭ᠎ᠠ᠂ ᠠᠶᠤᠯ ᠦᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠎ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠲᠤ 1 ᠲᠦᠮᠡᠨ ᠲᠦᠬᠦᠷᠢᠭ ᠱᠠᠩᠨᠠᠵᠤ᠂ ᠬᠤᠰᠢᠭᠤ ᠲᠤᠭᠤᠷᠢᠭ ᠤᠨ ᠠᠶᠤᠯ ᠦᠬᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢ 10 ᠲᠦᠮᠡᠨ ᠲᠦᠬᠦᠷᠢᠭ ᠢᠶᠠᠷ ᠱᠠᠩᠨᠠᠨ᠎ᠠ᠃ ᠠᠵᠢᠯ ᠤᠨ ᠪᠦᠲᠦᠮᠵᠢ ᠪᠠᠷ ᠨᠡᠯᠢᠶᠡᠳ ᠲᠤᠪᠤᠶᠢᠮ᠎ᠠ ᠤᠳᠤᠭ ᠤᠨ ᠡᠮᠦᠨᠡᠲᠦ ᠬᠤᠰᠢᠭᠤ ᠪᠠ ᠲᠠᠯᠠᠳ ᠬᠤᠰᠢᠭᠤ  ᠶᠢ ᠱᠠᠩᠨᠠᠨ ᠬᠦᠬᠢᠬᠦᠯᠵᠤ᠂ ᠬᠤᠰᠢᠭᠤ ᠠᠶᠤᠯ ᠦᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠎ ᠶᠢᠨ ᠲᠤᠪᠴᠢᠶ᠎ᠠ ᠶᠢ 5 ᠲᠦᠮᠡ ᠪᠠᠷ ᠱᠠᠩᠨᠠᠨ᠎ᠠ᠃ ᠬᠤᠰᠢᠭᠤ ᠠᠶᠤᠯ ᠦᠬᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢ ᠱᠠᠩᠨᠠᠬᠤ ᠪᠡᠯᠡ ᠮᠦᠩᠬᠦ ᠶᠢ ᠡᠯ᠎ᠡ ᠬᠤᠰᠢᠭᠤ ᠲᠤᠭᠤᠷᠢᠭ  ᠤᠨ ᠡᠳ᠋  ᠤᠨ ᠵᠠᠰᠠᠭ ᠎ ᠠᠴᠠ ᠭᠠᠷᠭᠠᠨ᠎ᠠ᠃    ᠬᠤᠶᠠᠷ ᠂ ᠠᠵᠢᠯ ᠤᠨ ᠪᠦᠲᠦᠮᠵᠢ ᠪᠠᠷ ᠲᠤᠪᠤᠶᠢᠮ᠎ᠠ ᠬᠤᠲᠠ ᠶᠢᠨ ᠵᠠᠮ ᠬᠠᠷᠢᠯᠴᠠᠭᠠᠨ ᠤ ᠵᠦᠬᠡᠬᠡᠪᠦᠷᠢ ᠶᠢᠨ ᠲᠤᠪᠴᠢᠶ᠎ᠠ᠂ ᠬᠦᠭᠵᠢᠬᠦᠯᠦᠯᠲᠡ ᠪᠠ ᠦᠬᠡᠷᠡᠴᠢᠯᠡᠯᠲᠡ ᠶᠢᠨ ᠵᠦᠪᠯᠡᠯ᠂ ᠣᠰᠣᠨ ᠤ ᠶᠠᠪᠤᠳᠠᠯ ᠤᠨ ᠲᠤᠪᠴᠢᠶ᠎ᠠ᠂ ᠲᠦᠯᠦᠪᠵᠢᠬᠦᠯᠬᠡ  ᠶᠢᠨ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠲᠤᠳᠤᠭᠠᠲᠤ ᠶᠢ ᠬᠠᠮᠠᠭᠠᠯᠠᠬᠤ ᠲᠤᠪᠴᠢᠶ᠎ᠠ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠬᠡᠨ ᠪᠠᠶᠢᠭᠤᠯᠤᠯᠲᠠ ᠶᠢᠨ ᠵᠦᠪᠯᠡᠯ᠂ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠨᠡᠬᠦᠷᠡᠰᠦᠨ ᠤ ᠲᠤᠪᠴᠢᠶ᠎ᠠ᠂ ᠰᠣᠷᠭᠠᠨ ᠬᠦᠮᠦᠵᠢᠯ ᠤᠨ ᠲᠤᠪᠴᠢᠶ᠎ᠠ᠂ ᠠᠵᠤ ᠠᠬᠤᠢ ᠪᠠ ᠴᠢᠮᠡᠭᠡ ᠵᠠᠩᠬᠢᠴᠢᠯᠠᠯᠲᠠ ᠶᠢᠨ ᠵᠦᠪᠯᠡᠯ᠂ ᠤᠷᠤᠨ ᠨᠤᠳᠤᠭ ᠤᠨ ᠲᠡᠮᠦᠷ ᠵᠠᠮ ᠤᠨ ᠠᠯᠪᠠᠨ ᠭᠡᠷ ᠵᠢᠴᠢ ᠤᠷᠳᠤᠰ ᠤᠨ ᠡᠳᠦᠷ ᠎ ᠤᠨ ᠰᠣᠨᠢᠨ ᠤ ᠬᠤᠷᠢᠶ᠎ᠠ ᠶᠢ ᠱᠠᠩᠨᠠᠨ ᠬᠦᠬᠢᠬᠦᠯᠵᠤ᠂ 5000 ᠲᠦᠬᠦᠷᠢᠭ ᠢᠶᠠᠷ ᠱᠠᠩᠨᠠᠪᠠ᠃    ᠱᠠᠩᠨᠠᠯ ᠬᠦᠬᠢᠬᠦᠯᠦᠯ ᠬᠦᠷᠳᠡᠭᠰᠡᠨ ᠬᠤᠰᠢᠭᠤ ᠲᠤᠭᠤᠷᠢᠭ ᠪᠠ ᠰᠠᠯᠠᠭ᠎ᠠ ᠮᠦᠴᠢᠷ ᠤᠨ ᠬᠢᠨ ᠤᠯᠤᠭᠰᠠᠨ ᠢᠷᠠᠭᠤ ᠠᠯᠳᠠᠷ ᠢᠶᠠᠨ ᠡᠷᠬᠢᠮᠯᠡᠵᠤ᠂ ᠦᠷᠬᠦᠯᠵᠢᠯᠡᠨ ᠮᠠᠷᠠᠶᠢᠨ ᠴᠢᠷᠮᠠᠶᠢᠵᠤ᠂ ᠬᠤᠶᠢᠰᠢᠲᠠ ᠶᠢᠨ ᠠᠵᠢᠯ  ᠤᠨ ᠲᠤᠮᠳᠠ ᠨᠡᠩ ᠰᠠᠶᠢᠨ ᠠᠮᠵᠢᠯᠲᠠ ᠪᠦᠲᠦᠮᠵᠢ ᠤᠯᠬᠤ ᠶᠢ ᠬᠦᠰᠡᠶ᠎ᠡ᠃ ᠪᠦᠬᠦ ᠬᠤᠲᠠ ᠢᠶᠠᠷ ᠢᠶᠠᠨ ᠲᠡᠷᠢᠬᠦᠨ ᠤ ᠬᠤᠰᠢᠭᠤ ᠲᠤᠭᠤᠷᠢᠭ ᠂ ᠰᠠᠯᠠᠭ᠎ᠠ ᠮᠦᠴᠢᠷ ᠤᠨ ᠰᠠᠶᠢᠨ ᠲᠤᠷᠰᠢᠯᠭ᠎ᠠ ᠪᠠ ᠠᠷᠭ᠎ᠠ ᠶᠢ ᠰᠣᠷᠣᠯᠴᠠᠨ ᠲᠤᠯᠢᠯᠠᠭᠤᠯᠵᠤ᠂ ᠠᠵᠢᠯ ᠤᠨ ᠪᠤᠲᠠᠲᠤ ᠪᠠᠶᠢᠳᠠᠯ ᠲᠠᠢ  ᠪᠠᠨ ᠤᠶᠠᠯᠳᠤᠭᠤᠯᠤᠨ᠂ ᠯᠠᠪᠳᠠᠭᠤᠨ ᠪᠠᠲᠤᠲᠠᠢ ᠠᠵᠢᠯᠯᠠᠵᠤ᠂ ᠮᠠᠨ ᠤ ᠬᠤᠲᠠ ᠶᠢᠨ ᠠᠵᠤ ᠠᠬᠤᠢ ᠦᠷᠬᠦᠯᠵᠢᠯᠡᠨ ᠲᠤᠭᠳᠠᠭᠤᠨ ᠠᠶᠤᠯ ᠦᠬᠡᠢ ᠪᠠᠷ ᠡᠷᠬᠢᠯᠳᠦᠬᠦ ᠶᠢ ᠦᠨᠡᠨᠬᠦ ᠪᠠᠲᠤᠯᠠᠬᠤ ᠭᠡᠷᠡᠭᠲᠠᠢ᠃       ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ               2013 ᠤᠨ ᠤ 1 ᠳ᠋ᠤᠭᠡᠷ ᠰᠠᠷ᠎ᠠ ᠶᠢᠨ 25 ᠎ ᠤ ᠡᠳᠦᠷ
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号