2013 ᠣᠨ ᠤ ᠪᠦᠬᠦ ᠬᠤᠳᠠ ᠶᠢᠨ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ ᠶᠢᠨ ᠬᠠᠮᠢᠶ᠎ᠠ ᠪᠦᠬᠦᠢ ᠬᠡᠷᠡᠭ ᠣᠴᠢᠷ ᠤᠨ ᠲᠣᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2013/2/26
                            ᠣᠷᠳᠣᠰ ᠵᠠᠰᠠᠭ ᠠᠯᠪᠠᠨ ᠲᠠᠷᠬᠠᠭᠠᠬᠤ ﹇2013﹈ 8 ᠳ᠋ᠣᠭᠠᠷ ᠲᠣᠭᠠᠳᠣᠡᠯ᠎ᠡ ᠬᠤᠰᠢᠭᠤ ᠲᠣᠭᠤᠷᠢᠭ  ᠤᠨ ᠠᠷᠠᠳ ᠤᠨ ᠵᠠᠰᠠᠭ  ᠤᠨ ᠣᠷᠳᠣᠨ᠂ ᠬᠢᠶ᠎ᠡ ᠪᠠᠭᠰᠢ ᠰᠢᠨ᠎ᠡ ᠲᠣᠭᠤᠷᠢᠭ  ᠤᠨ ᠬᠠᠮᠢᠶᠠᠷᠣᠯᠳᠠ  ᠶᠢᠨ ᠵᠦᠪᠯᠡᠯ᠂ ᠬᠤᠳᠠ  ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠎ ᠲᠤ᠄    ︽ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ ᠪᠠ ᠬᠠᠮᠢᠶᠠᠷᠣᠯᠳᠠ  ᠶᠢᠨ ᠲᠣᠬᠠᠢ ᠲᠦᠷᠦ  ᠶᠢᠨ ᠶᠠᠪᠣᠳᠠᠯ  ᠤᠨ ᠬᠤᠷᠢᠶᠠᠨ  ᠤ ᠵᠢᠯᠣᠭᠤᠳᠬᠤ ᠰᠠᠨᠠᠯ︾ ︵ᠲᠦᠷᠦ ᠠᠯᠪᠠᠨ ᠲᠠᠷᠬᠠᠭᠠᠬᠤ ﹇2011﹈ 45 ᠳ᠋ᠣᠭᠠᠷ ᠲᠣᠭᠠᠳᠣ︶ ᠎ ᠢ ᠦᠨᠳᠦᠰᠦᠯᠡᠵᠣ᠂ 2013 ᠣᠨ  ᠤ ᠪᠦᠬᠦ ᠣᠷᠣᠨ  ᠤ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠠᠵᠢᠯ  ᠤᠨ ᠬᠤᠷᠠᠯᠳᠣᠭᠠᠨ  ᠤ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠨᠠᠶᠢᠳᠠᠪᠦᠷᠢᠵᠢᠭᠤᠯᠵᠣ ᠂ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢ ᠲᠦᠷᠬᠡᠳᠬᠡᠨ ᠠᠬᠢᠭᠤᠯᠵᠣ᠂ ᠪᠦᠬᠦ ᠬᠤᠳᠠ  ᠶᠢᠨ ᠲᠣᠮᠳᠠ ᠲᠣᠣᠷ᠎ᠠ ᠣᠷᠣᠯᠭ᠎ᠠ ᠲᠠᠢ ᠭᠡᠷ ᠪᠦᠯᠢ  ᠶᠢᠨ ᠣᠷᠣᠨ ᠰᠠᠭᠤᠴᠠ  ᠶᠢᠨ ᠨᠦᠭᠦᠴᠡᠯ  ᠢ ᠦᠷᠭᠦᠯᠵᠢᠯᠡᠨ ᠰᠠᠶᠢᠵᠢᠷᠠᠭᠤᠯᠵᠣ᠂ 2013 ᠣᠨ  ᠳᠤ ᠦᠪᠡᠷᠳᠡᠬᠡᠨ ᠵᠠᠰᠠᠬᠤ ᠣᠷᠣᠨ  ᠠᠴᠠ ᠮᠠᠨ  ᠤ ᠬᠤᠳᠠ  ᠳᠤ ᠪᠠᠭᠤᠯᠭᠠᠭᠰᠠᠨ ᠡᠯ᠎ᠡ ᠲᠦᠷᠦᠯ  ᠤᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ  ᠶᠢᠨ ᠡᠭᠦᠷᠬᠡ  ᠶᠢ ᠠᠮᠵᠢᠯᠳᠠᠲᠠᠢ  ᠪᠠᠷ ᠪᠡᠶᠡᠯᠡᠭᠦᠯᠭᠦ ᠎ ᠶᠢᠨ ᠲᠣᠰᠠᠳᠠ᠂ ︽2013 ᠣᠨ  ᠤ ᠠᠷᠠᠳ  ᠲᠤ ᠪᠣᠳᠠᠳᠣ ᠶᠠᠪᠣᠳᠠᠯ ᠬᠢᠬᠦ ᠠᠵᠢᠯ  ᠢ ᠨᠠᠷᠢᠨ ᠬᠢᠨᠠᠮᠠᠭᠠᠢ ᠰᠠᠶᠢᠳᠣᠷ ᠬᠢᠬᠦ ᠲᠣᠬᠠᠢ ᠣᠷᠳᠣᠰ ᠬᠤᠳᠠ  ᠶᠢᠨ ᠠᠷᠠᠳ  ᠤᠨ ᠵᠠᠰᠠᠭ  ᠤᠨ ᠣᠷᠳᠣᠨ  ᠤ ᠠᠯᠪᠠᠨ ᠲᠢᠩᠭᠢᠮ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠬᠤ ﹇2013﹈ 4 ᠳ᠋ᠣᠬᠡᠷ ᠲᠣᠭᠠᠳᠣ︶᠎ ᠲᠠᠢ ᠣᠶᠠᠯᠳᠣᠭᠤᠯᠵᠣ᠂ ᠡᠳᠦᠬᠡ 2013 ᠣᠨ  ᠤ ᠪᠦᠬᠦ ᠬᠤᠳᠠ  ᠶᠢᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠬᠠᠮᠢᠶ᠎ᠠ ᠪᠦᠬᠦᠢ ᠬᠡᠷᠡᠭ ᠣᠴᠢᠷ  ᠢ ᠲᠣᠣᠷ᠎ᠠ ᠮᠡᠳᠣ ᠮᠡᠳᠡᠭᠳᠡᠶ᠎ᠡ    ᠨᠢᠬᠡ᠂ ᠬᠠᠷᠠᠯᠳᠠᠳᠣ ᠡᠭᠦᠷᠬᠡ    ︵ᠨᠢᠭᠡ︶ ᠪᠠᠷᠢᠯᠭ᠎ᠠ ᠡᠬᠢᠯᠡᠭᠦᠯᠦᠨ ᠪᠦᠲᠦᠬᠡᠨ ᠪᠠᠶᠢᠭᠤᠯᠬᠤ ᠡᠭᠦᠷᠬᠡ    2013 ᠣᠨ  ᠳᠤ᠂ ᠪᠦᠬᠦ ᠬᠤᠳᠠ  ᠎ ᠶᠢᠨ ᠪᠠᠷᠢᠯᠭ᠎ᠠ ᠡᠬᠢᠯᠡᠨ ᠪᠦᠲᠦᠬᠡᠨ ᠪᠠᠶᠢᠭᠤᠯᠬᠤ ᠡᠯ᠎ᠡ ᠲᠦᠷᠦᠯ  ᠤᠨ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ ᠵᠢᠴᠢ ᠦᠬᠡᠷᠡᠴᠢᠯᠡᠬᠦ ᠪᠣᠷᠣ ᠬᠡᠷ  ᠤᠨ ᠲᠣᠭᠤᠷᠢᠭ  ᠤᠨ ᠣᠷᠣᠨ ᠰᠠᠭᠤᠴᠠ 10738 ᠢᠵᠢ ︵ᠡᠷᠦᠬᠡ︶ ᠪᠣᠯᠣᠨ᠎ᠠ᠃ ᠡᠭᠦᠨ ᠳᠤ᠂ ᠪᠠᠷᠢᠯᠭ᠎ᠠ ᠡᠬᠢᠯᠡᠭᠦᠯᠦᠨ ᠪᠦᠲᠦᠬᠡᠨ ᠪᠠᠶᠢᠭᠤᠯᠬᠤ ᠬᠢᠮᠳᠠ ᠲᠦᠷᠢᠶᠡᠰᠦᠨ ᠣᠷᠣᠨ ᠰᠠᠭᠤᠴᠠ 958 ᠢᠵᠢ᠂ ᠨᠡᠶᠢᠳᠡ  ᠶᠢᠨ ᠲᠦᠷᠢᠶᠡᠰᠦᠨ ᠣᠷᠣᠨ ᠰᠠᠭᠤᠴᠠ 5685 ᠢᠵᠢ᠂ ᠬᠢᠮᠳᠡ ᠮᠦᠷᠳᠡᠬᠡᠨ ᠬᠡᠷᠡᠭᠯᠡᠬᠡᠨ  ᠳᠤ ᠲᠣᠬᠢᠷᠠᠬᠤ ᠣᠷᠣᠨ ᠰᠠᠭᠤᠴᠠ 1500 ᠢᠵᠢ  ᠂ ᠦᠨ᠎ᠡ ᠬᠢᠵᠠᠭᠠᠷᠯᠠᠭᠰᠠᠨ ᠲᠠᠸᠠᠷ  ᠤᠨ ᠣᠷᠣᠨ ᠰᠠᠭᠤᠴᠠ 490 ᠢᠵᠢ ᠪᠣᠯᠣᠨ᠎ᠠ᠂ ᠦᠬᠡᠷᠡᠴᠢᠯᠡᠬᠦ ᠬᠤᠳᠠ ᠶᠢᠨ ᠪᠣᠷᠣ ᠬᠡᠷ ᠎ ᠤᠨ ᠲᠣᠭᠤᠷᠢᠭ 1550 ᠡᠷᠦᠬᠡ᠂ ᠣᠯᠣᠰ  ᠤᠨ ᠦᠮᠴᠢᠯᠡᠯᠳᠣ ᠠᠵᠣ ᠣᠶᠢᠯᠡᠳᠪᠦᠷᠢ ᠠᠭᠤᠷᠬᠠᠢ  ᠶᠢᠨ ᠤᠷᠤᠨ  ᠤ ᠪᠣᠷᠣ ᠬᠡᠷ  ᠤᠨ ᠲᠣᠭᠤᠷᠢᠭ 495 ᠡᠷᠦᠬᠡ᠂ ᠣᠯᠣᠰ ᠤᠨ ᠦᠮᠴᠢᠯᠡᠯᠳᠣ ᠬᠠᠭᠠᠯᠪᠤᠷᠢᠯᠠᠬᠤ ᠣᠷᠣᠨ ᠤ ᠨᠣᠷᠠᠬᠤ ᠠᠶᠣᠯ ᠲᠠᠢ ᠬᠡᠷ ᠪᠠᠶᠢᠰᠢᠩ 60 ᠡᠷᠦᠬᠡ ᠪᠣᠯᠣᠨ᠎ᠠ᠂ ᠪᠣᠳᠠᠳᠠᠢ ᠡᠭᠦᠷᠬᠡ  ᠶᠢᠨ ᠵᠠᠳᠠᠯᠣᠯᠳᠠ ᠨᠢ ᠲᠣᠣᠷ᠎ᠠ ᠮᠡᠳᠣ᠃    1.ᠳ᠋ᠦᠩᠱᠧᠩ ᠲᠣᠭᠤᠷᠢᠭ 695 ᠢᠵᠢ ︵ᠡᠷᠦᠬᠡ︶ ᠪᠣᠯᠣᠨ᠎ᠠ᠃ ᠪᠦᠲᠦᠬᠡᠨ ᠪᠠᠶᠢᠭᠤᠯᠬᠤ ᠬᠢᠮᠳᠡ ᠲᠦᠷᠢᠶᠡᠰᠣᠨ ᠣᠷᠣᠨ ᠰᠠᠭᠤᠴᠠ 192 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 500 ᠢᠵᠢ᠂ ᠦᠬᠡᠷᠡᠴᠢᠯᠡᠬᠦ ᠣᠯᠣᠰ  ᠤᠨ ᠦᠮᠴᠢᠯᠡᠯᠳᠣ ᠬᠠᠭᠠᠪᠦᠷᠢᠯᠠᠬᠤ ᠣᠷᠣᠨ  ᠤ ᠨᠣᠷᠠᠬᠤ ᠠᠶᠣᠯ ᠲᠠᠢ ᠬᠡᠷ ᠪᠠᠶᠢᠰᠢᠩ 3 ᠡᠷᠦᠬᠡ ᠪᠣᠯᠣᠨ᠎ᠠ᠃    2. ᠲᠠᠯᠠᠳ ᠬᠤᠰᠢᠭᠤ 610 ᠢᠵᠢ ︵ᠡᠷᠦᠬᠡ︶ ᠪᠣᠯᠣᠨ᠎ᠠ᠃ ᠪᠦᠲᠦᠬᠡᠨ ᠪᠠᠶᠢᠭᠤᠯᠬᠤ ᠨᠡᠶᠢᠳᠡ  ᠶᠢᠨ ᠲᠦᠷᠢᠶᠡᠰᠦᠨ ᠣᠷᠣᠨ ᠰᠠᠭᠤᠴᠠ 110 ᠢᠵᠢ᠂ ᠦᠬᠡᠷᠡᠴᠢᠯᠡᠬᠦ ᠬᠤᠳᠠ  ᠶᠢᠨ ᠪᠣᠷᠣ ᠬᠡᠷ  ᠤᠨ ᠲᠣᠭᠤᠷᠢᠭ 500 ᠡᠷᠦᠬᠡ ᠪᠣᠯᠣᠨ᠎ᠠ᠃    3. ᠵᠡᠭᠦᠨᠭᠠᠷ ᠬᠤᠰᠢᠭᠤ 1390 ᠢᠵᠢ ᠪᠣᠯᠣᠨ᠎ᠠ᠃ ᠪᠦᠲᠦᠬᠡᠨ ᠪᠠᠶᠢᠭᠤᠯᠬᠤ ᠬᠢᠮᠳᠡ ᠲᠦᠷᠢᠶᠡᠰᠣᠨ ᠣᠷᠣᠨ ᠰᠠᠭᠤᠴᠠ 200 ᠢᠵᠢ᠂ ᠬᠢᠮᠳᠡ ᠮᠦᠷᠳᠡᠬᠡᠨ ᠬᠡᠷᠡᠭᠯᠡᠬᠡᠨ  ᠳᠤ ᠲᠣᠬᠢᠷᠠᠬᠤ ᠣᠷᠣᠨ ᠰᠠᠭᠤᠴᠠ 500 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 200 ᠢᠵᠢ᠂ ᠦᠨ᠎ᠡ ᠬᠢᠵᠠᠭᠠᠷᠯᠠᠭᠰᠠᠨ ᠲᠠᠸᠠᠷ  ᠤᠨ ᠣᠷᠣᠨ ᠰᠠᠭᠤᠴᠠ 490 ᠢᠵᠢ ᠪᠣᠯᠣᠨ᠎ᠠ᠃    4. ᠡᠵᠡᠨ ᠬᠤᠷᠤᠭ᠎ᠠ ᠬᠤᠰᠢᠭᠤ 1495 ᠢᠵᠢ ︵ᠡᠷᠦᠬᠡ︶ ᠪᠣᠯᠣᠨ᠎ᠠ᠃ ᠪᠦᠲᠦᠬᠡᠨ ᠪᠠᠶᠢᠭᠤᠯᠬᠤ ᠨᠡᠶᠢᠳᠡ ᠎ ᠶᠢᠨ ᠲᠦᠷᠢᠶᠡᠰᠦᠨ ᠣᠷᠣᠨ ᠰᠠᠭᠤᠴᠠ 240 ᠢᠵᠢ᠂ ᠦᠬᠡᠷᠡᠴᠢᠯᠡᠬᠦ ᠣᠯᠣᠰ  ᠤᠨ ᠦᠮᠴᠢᠯᠡᠯᠳᠣ ᠠᠵᠣ ᠣᠶᠢᠯᠡᠳᠪᠦᠷᠢ ᠠᠭᠤᠷᠬᠠᠢ  ᠶᠢᠨ ᠤᠷᠤᠨ  ᠤ ᠪᠣᠷᠣ ᠬᠡᠷ  ᠤᠨ ᠲᠣᠭᠤᠷᠢᠭ 495 ᠡᠷᠦᠬᠡ ᠪᠣᠯᠣᠨ᠎ᠠ᠃    5. ᠦᠣᠰᠢᠨ ᠬᠤᠰᠢᠭᠤ 267 ᠢᠵᠢ ︵ᠡᠷᠦᠬᠡ︶ ᠪᠣᠯᠣᠨ᠎ᠠ᠃ ᠪᠦᠲᠦᠬᠡᠨ ᠪᠠᠶᠢᠭᠤᠯᠬᠤ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 240 ᠢᠵᠢ᠂ ᠦᠬᠡᠷᠡᠴᠢᠯᠡᠬᠦ ᠣᠯᠣᠰ  ᠤᠨ ᠦᠮᠴᠢᠯᠡᠯᠳᠣ ᠬᠠᠭᠠᠯᠪᠤᠷᠢᠯᠠᠬᠤ ᠣᠷᠣᠨ ᠤ ᠨᠣᠷᠠᠬᠤ ᠠᠶᠣᠯ ᠲᠠᠢ ᠬᠡᠷ ᠪᠠᠶᠢᠰᠢᠩ 27 ᠡᠷᠦᠬᠡ ᠪᠣᠯᠣᠨ᠎ᠠ᠃    6. ᠬᠠᠩᠬᠢᠨ ᠬᠤᠰᠢᠭᠤ 1950 ᠢᠵᠢ ︵ᠡᠷᠦᠬᠡ︶ ᠪᠣᠯᠣᠨ᠎ᠠ᠃ ᠪᠦᠲᠦᠬᠡᠨ ᠪᠠᠶᠢᠭᠤᠯᠬᠤ ᠬᠢᠮᠳᠡ ᠲᠦᠷᠢᠶᠡᠰᠣᠨ ᠣᠷᠣᠨ ᠰᠠᠭᠤᠴᠠ 400 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 500 ᠢᠵᠢ᠂ ᠦᠬᠡᠷᠡᠴᠢᠯᠡᠬᠦ ᠬᠤᠳᠠ  ᠶᠢᠨ ᠪᠣᠷᠣ ᠬᠡᠷ  ᠤᠨ ᠲᠣᠭᠤᠷᠢᠭ 1050 ᠡᠷᠦᠬᠡ ᠪᠣᠯᠣᠨ᠎ᠠ᠃    7.ᠣᠳᠤᠭ  ᠤᠨ ᠡᠮᠦᠨᠡᠳᠣ ᠬᠤᠰᠢᠭᠤ 292 ᠢᠵᠢ ︵ᠡᠷᠦᠬᠡ︶ ᠪᠣᠯᠣᠨ᠎ᠠ᠃ ᠪᠦᠲᠦᠬᠡᠨ ᠪᠠᠶᠢᠭᠤᠯᠬᠤ ᠬᠢᠮᠳᠠ ᠲᠦᠷᠢᠶᠡᠰᠣᠨ ᠣᠷᠣᠨ ᠰᠠᠭᠤᠴᠠ 166 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ  96 ᠢᠵᠢ᠂ ᠦᠬᠡᠷᠡᠴᠢᠯᠡᠬᠦ ᠣᠯᠣᠰ  ᠤᠨ ᠦᠮᠴᠢᠯᠡᠯᠳᠣ ᠬᠠᠭᠠᠯᠪᠤᠷᠢᠯᠠᠬᠤ ᠣᠷᠣᠨ  ᠤ ᠨᠣᠷᠠᠬᠤ ᠠᠶᠣᠯ ᠲᠠᠢ ᠬᠡᠷ ᠪᠠᠶᠢᠰᠢᠩ 30 ᠡᠷᠦᠬᠡ ᠪᠣᠯᠣᠨ᠎ᠠ᠃    8. ᠬᠤᠳᠠ  ᠶᠢᠨ ᠬᠤᠳᠠ  ᠶᠢᠨ ᠪᠦᠲᠦᠬᠡᠨ ᠪᠠᠶᠢᠭᠤᠯᠣᠯᠳᠠ ᠪᠡᠯᠡ ᠣᠷᠣᠭᠤᠯᠣᠯᠳᠠ  ᠶᠢᠨ ᠪᠦᠯᠦᠭᠯᠡᠯᠳᠣ ᠬᠢᠵᠠᠭᠠᠷᠳᠣ ᠺᠣᠮᠫᠠᠨᠢ  ᠠᠴᠠ 4039 ᠢᠵᠢ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ  ᠶᠢ ᠪᠦᠲᠦᠬᠡᠨ ᠪᠠᠶᠢᠭᠤᠯᠣᠨ᠎ᠠ᠃   ︵ᠬᠤᠶᠠᠷ︶ ᠦᠨᠳᠦᠰᠦᠨ ᠪᠦᠲᠦᠬᠡᠨ ᠪᠠᠶᠢᠭᠤᠯᠣᠯᠳᠠ  ᠶᠢᠨ ᠡᠭᠦᠷᠬᠡ    2013 ᠣᠨ ᠳᠤ᠂ ᠪᠦᠬᠦ ᠬᠤᠳᠠ ᠶᠢᠨ ᠦᠨᠳᠦᠰᠣᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠡᠯ᠎ᠡ ᠲᠦᠷᠦᠯ ᠤᠨ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ ᠵᠢᠴᠢ ᠦᠬᠡᠷᠡᠴᠢᠯᠡᠵᠣ ᠪᠠᠷᠠᠭᠠᠬᠤ ᠪᠣᠷᠣ ᠬᠡᠷ ᠤᠨ ᠲᠣᠭᠤᠷᠢᠭ  ᠤᠨ ᠣᠷᠣᠨ ᠰᠠᠭᠤᠴᠠ 9966 ᠢᠵᠢ    ︵ᠡᠷᠦᠬᠡ︶ ᠪᠣᠯᠣᠨ᠎ᠠ᠃ ᠡᠭᠦᠨ  ᠳᠤ᠂ ᠦᠨᠳᠦᠰᠣᠨ ᠎ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠬᠢᠮᠳᠠ ᠲᠦᠷᠢᠶᠡᠰᠣᠨ ᠣᠷᠣᠨ ᠰᠠᠭᠤᠴᠠ 1257 ᠢᠵᠢ᠂ ᠨᠡᠶᠢᠳᠡ ᠎ ᠶᠢᠨ ᠲᠦᠷᠢᠶᠡᠰᠣᠨ ᠣᠷᠣᠨ ᠰᠠᠭᠤᠴᠠ 4150 ᠢᠵᠢ᠂ ᠬᠢᠮᠳᠠ ᠮᠦᠷᠳᠡᠬᠡᠨ ᠬᠡᠷᠡᠭᠯᠡᠬᠡᠨ  ᠳᠤ ᠲᠣᠬᠢᠷᠠᠬᠤ ᠣᠷᠣᠨ ᠰᠠᠭᠤᠴᠠ 930 ᠢᠵᠢ᠂ ᠦᠨ᠎ᠡ ᠬᠢᠵᠠᠭᠠᠷᠯᠠᠭᠰᠠᠨ ᠲᠠᠸᠠᠷ  ᠤᠨ ᠣᠷᠣᠨ ᠰᠠᠭᠤᠴᠠ 409 ᠢᠵᠢ ᠪᠣᠯᠣᠨ᠎ᠠ᠂ ᠦᠬᠡᠷᠡᠴᠢᠯᠡᠬᠦ ᠬᠤᠳᠠ  ᠶᠢᠨ ᠪᠣᠷᠣ ᠬᠡᠷ  ᠤᠨ ᠲᠣᠭᠤᠷᠢᠭ  ᠤᠨ ᠣᠷᠣᠨ ᠰᠠᠭᠤᠴᠠ 3012 ᠢᠵᠢ ︵ᠡᠷᠦᠬᠡ︶᠂ ᠣᠯᠣᠰ  ᠤᠨ ᠦᠮᠴᠢᠯᠡᠯᠳᠣ ᠣᠢ  ᠶᠢᠨ ᠣᠷᠣᠨ  ᠤ ᠪᠣᠷᠣ ᠬᠡᠷ  ᠤᠨ ᠲᠣᠭᠤᠷᠢᠭ   ︵ᠨᠣᠷᠠᠬᠤ ᠠᠶᠣᠯ ᠲᠠᠢ ᠬᠠᠭᠤᠴᠢᠨ ᠬᠡᠷ︶ 178 ᠢᠵᠢ ︵ᠡᠷᠦᠬᠡ︶᠂ ᠣᠯᠣᠰ  ᠤᠨ ᠦᠮᠴᠢᠯᠡᠯᠳᠣ  ᠬᠠᠭᠠᠯᠪᠤᠷᠢᠯᠠᠬᠤ ᠣᠷᠣᠨ  ᠤ ᠨᠣᠷᠠᠬᠤ ᠠᠶᠣᠯ ᠲᠠᠢ ᠬᠡᠷ ᠪᠠᠶᠢᠰᠢᠩ 30 ᠢᠵᠢ     ︵ᠡᠷᠦᠬᠡ︶᠂ ᠪᠣᠳᠠᠳᠠᠢ ᠡᠭᠦᠷᠬᠡ  ᠶᠢᠨ ᠵᠠᠳᠣᠯᠣᠯᠳᠠ ᠨᠢ ᠲᠣᠣᠷ᠎ᠠ ᠮᠡᠳᠣ᠃    1. ᠳ᠋ᠦᠩᠱᠧᠩ ᠲᠣᠭᠤᠷᠢᠭ 4436 ᠢᠵᠢ ︵ᠡᠷᠦᠬᠡ︶ ᠪᠣᠯᠣᠨ᠎ᠠ᠃ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠬᠢᠮᠳᠠ ᠲᠦᠷᠢᠶᠡᠰᠣᠨ ᠣᠷᠣᠨ ᠰᠠᠭᠤᠴᠠ 820 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ  931 ᠢᠵᠢ᠂ ᠬᠢᠮᠳᠡ ᠮᠦᠷᠳᠡᠬᠡᠨ ᠬᠡᠷᠡᠭᠯᠡᠬᠡᠨ ᠳᠤ ᠲᠣᠬᠢᠷᠠᠬᠤ ᠣᠷᠣᠨ ᠰᠠᠭᠤᠴᠠ 930 ᠢᠵᠢ᠂ ᠦᠨ᠎ᠡ ᠬᠢᠵᠠᠭᠠᠷᠯᠠᠭᠰᠠᠨ ᠲᠠᠸᠠᠷ  ᠤᠨ ᠣᠷᠣᠨ ᠰᠠᠭᠤᠴᠠ 409 ᠢᠵᠢ ᠪᠣᠯᠣᠨ᠎ᠠ᠂ ᠦᠬᠡᠷᠡᠴᠢᠯᠡᠬᠦ ᠬᠤᠳᠠ ᠎ ᠶᠢᠨ ᠪᠣᠷᠣ ᠬᠡᠷ  ᠤᠨ ᠲᠣᠭᠤᠷᠢᠭ 1343 ᠢᠵᠢ ︵ᠡᠷᠦᠬᠡ︶᠂ ᠣᠯᠣᠰ  ᠤᠨ ᠦᠮᠴᠢᠯᠡᠯᠳᠣ ᠬᠠᠭᠠᠯᠪᠤᠷᠢᠯᠠᠬᠤ ᠣᠷᠣᠨ  ᠤ ᠨᠣᠷᠠᠬᠤ ᠠᠶᠣᠯ ᠲᠠᠢ ᠬᠡᠷ ᠪᠠᠶᠢᠰᠢᠩ 3 ᠡᠷᠦᠬᠡ ᠪᠣᠯᠣᠨ᠎ᠠ᠃    2. ᠲᠠᠯᠠᠳ ᠬᠤᠰᠢᠭᠤ 560 ᠢᠵᠢ ︵ᠡᠷᠦᠬᠡ︶ ᠪᠣᠯᠣᠨ᠎ᠠ᠃ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 110 ᠢᠵᠢ᠂ ᠦᠬᠡᠷᠡᠴᠢᠯᠡᠬᠦ ᠬᠤᠳᠠ  ᠶᠢᠨ ᠪᠣᠷᠣ ᠬᠡᠷ  ᠤᠨ ᠲᠣᠭᠤᠷᠢᠭ 450 ᠢᠵᠢ ︵ᠡᠷᠦᠬᠡ︶ ᠪᠣᠯᠣᠨ᠎ᠠ᠃    3. ᠵᠡᠭᠦᠨᠭᠠᠷ ᠬᠤᠰᠢᠭᠤ 656 ᠢᠵᠢ ︵ᠡᠷᠦᠬᠡ︶ ᠪᠣᠯᠣᠨ᠎ᠠ᠃ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠬᠢᠮᠳᠠ ᠲᠦᠷᠢᠶᠡᠰᠣᠨ ᠣᠷᠣᠨ ᠰᠠᠭᠤᠴᠠ  50 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 200 ᠢᠵᠢ ᠪᠣᠯᠣᠨ᠎ᠠ᠂ ᠦᠬᠡᠷᠡᠴᠢᠯᠡᠬᠦ ᠬᠤᠳᠠ ᠶᠢᠨ ᠪᠣᠷᠣ ᠬᠡᠷ  ᠤᠨ ᠲᠣᠭᠤᠷᠢᠭ 300 ᠢᠵᠢ ︵ᠡᠷᠦᠬᠡ︶᠂ ᠣᠢ ᠰᠢᠭᠤᠶᠢᠳᠤ ᠤᠷᠤᠨ  ᠤ ᠬᠡᠷ ᠤᠨ ᠲᠣᠭᠤᠷᠢᠭ 106 ᠢᠵᠢ ︵ᠡᠷᠦᠬᠡ︶ ᠪᠣᠯᠣᠨ᠎ᠠ᠃    4. ᠡᠵᠡᠨ ᠬᠤᠷᠤᠭ᠎ᠠ ᠬᠤᠰᠢᠭᠤ 340 ᠢᠵᠢ ︵ᠡᠷᠦᠬᠡ︶ ᠪᠣᠯᠣᠨ᠎ᠠ᠃ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠣᠷᠣᠨ ᠰᠠᠭᠤᠴᠠ 221 ᠢᠵᠢ ᠪᠣᠯᠣᠨ᠎ᠠ᠂ ᠦᠬᠡᠷᠡᠴᠢᠯᠡᠬᠦ ᠬᠤᠳᠠ  ᠶᠢᠨ ᠪᠣᠷᠣ ᠬᠡᠷ ᠎ ᠤᠨ  ᠲᠣᠭᠤᠷᠢᠭ 119 ᠢᠵᠢ ︵ᠡᠷᠦᠬᠡ︶ ᠪᠣᠯᠣᠨ᠎ᠠ᠃    5. ᠦᠣᠰᠢᠨ ᠬᠤᠰᠢᠭᠤ 203 ᠢᠵᠢ ︵ᠡᠷᠦᠬᠡ︶ ᠪᠣᠯᠣᠨ᠎ᠠ᠃ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠬᠢᠮᠳᠠ ᠲᠦᠷᠢᠶᠡᠰᠣᠨ ᠣᠷᠣᠨ ᠰᠠᠭᠤᠴᠠ 15 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 50 ᠢᠵᠢ ᠪᠣᠯᠣᠨ᠎ᠠ᠂ ᠦᠬᠡᠷᠡᠴᠢᠯᠡᠬᠦ ᠬᠤᠳᠠ ᠶᠢᠨ ᠪᠣᠷᠣ ᠬᠡᠷ  ᠤᠨ ᠲᠣᠭᠤᠷᠢᠭ 111 ᠢᠵᠢ ︵ᠡᠷᠦᠬᠡ ︶᠂ ᠣᠯᠣᠰ  ᠤᠨ ᠦᠮᠴᠢᠯᠡᠯᠳᠣ  ᠬᠠᠭᠠᠯᠪᠤᠷᠢᠯᠠᠬᠤ ᠣᠷᠣᠨ  ᠤ ᠨᠣᠷᠠᠬᠤ ᠠᠶᠣᠯ ᠲᠠᠢ ᠬᠡᠷ ᠪᠠᠶᠢᠰᠢᠩ 27 ᠡᠷᠦᠬᠡ ᠪᠣᠯᠣᠨ᠎ᠠ᠃    6. ᠬᠠᠩᠬᠢᠨ ᠬᠤᠰᠢᠭᠤᠨ  ᠤ ᠦᠬᠡᠷᠡᠴᠢᠯᠡᠬᠦ ᠬᠤᠳᠠ  ᠶᠢᠨ ᠪᠣᠷᠣ ᠬᠡᠷ  ᠤᠨ ᠲᠣᠭᠤᠷᠢᠭ 689 ᠢᠵᠢ ︵ᠡᠷᠦᠬᠡ︶ ᠪᠣᠯᠣᠨ᠎ᠠ᠃    7. ᠣᠳᠤᠭ ᠬᠤᠰᠢᠭᠤᠨ  ᠤ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 200 ᠢᠵᠢ ᠪᠣᠯᠣᠨ᠎ᠠ᠃        8. ᠣᠳᠤᠭ  ᠤᠨ ᠡᠮᠦᠨᠡᠳᠣ ᠬᠤᠰᠢᠭᠤ 219 ᠢᠵᠢ ︵ᠡᠷᠦᠬᠡ︶ ᠪᠣᠯᠣᠨ᠎ᠠ᠃ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠬᠢᠮᠳᠡ ᠲᠦᠷᠢᠶᠡᠰᠣᠨ ᠣᠷᠣᠨ ᠰᠠᠭᠤᠴᠠ 51 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 96 ᠢᠵᠢ᠂ ᠦᠬᠡᠷᠡᠴᠢᠯᠡᠬᠦ ᠣᠢ ᠰᠢᠭᠤᠢ  ᠶᠢᠨ ᠪᠣᠷᠣ ᠬᠡᠷ  ᠤᠨ ᠲᠣᠭᠤᠷᠢᠭ 72 ᠢᠵᠢ ︵ᠡᠷᠦᠬᠡ︶ ᠪᠣᠯᠣᠨ᠎ᠠ᠃    9. ᠬᠢᠶ᠎ᠡ ᠪᠠᠭᠰᠢ ᠰᠢᠨ᠎ᠡ ᠲᠣᠭᠤᠷᠢᠭ 150 ᠢᠵᠢ ︵ᠡᠷᠦᠬᠡ︶ ᠪᠣᠯᠣᠨ᠎ᠠ᠃ ᠦᠨᠳᠦᠰᠣᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠬᠤ ᠬᠢᠮᠳᠠ ᠲᠦᠷᠢᠶᠡᠰᠣᠨ ᠣᠷᠣᠨ ᠰᠠᠭᠤᠴᠠ 100 ᠢᠵᠢ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ 50 ᠢᠵᠢ ᠪᠣᠯᠣᠨ᠎ᠠ᠃    10. ᠬᠤᠳᠠ  ᠶᠢᠨ ᠬᠤᠳᠠ  ᠶᠢᠨ ᠪᠦᠲᠦᠬᠡᠨ ᠪᠠᠶᠢᠭᠤᠯᠣᠯᠳᠠ ᠪᠡᠯᠡ ᠣᠷᠣᠭᠤᠯᠣᠯᠳᠠ ᠶᠢᠨ ᠪᠦᠯᠦᠭᠯᠡᠯᠳᠣ ᠬᠢᠵᠠᠭᠠᠷᠳᠣ ᠺᠣᠮᠫᠠᠨᠢ 2513 ᠢᠵᠢ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ ᠶᠢ ᠦᠨᠳᠦᠰᠦᠨ ᠳᠡᠭᠡᠨ ᠪᠦᠲᠦᠬᠡᠨ ᠪᠠᠶᠢᠭᠤᠯᠵᠣ ᠲᠠᠭᠤᠰᠬᠠᠨ᠎ᠠ᠃    ︵ᠭᠤᠷᠪᠠ︶ ᠰᠢᠨ᠎ᠡ  ᠪᠠᠷ ᠨᠡᠮᠡᠭᠳᠡᠬᠦ ᠲᠦᠷᠢᠶᠡᠰᠣᠨ ᠨᠦᠬᠦᠪᠦᠷᠢ  ᠶᠢ ᠲᠠᠷᠬᠠᠭᠠᠨ ᠦᠭᠬᠦ ᠡᠭᠦᠷᠬᠡ    2013 ᠣᠨ  ᠳᠤ᠂ ᠪᠦᠬᠦ ᠬᠤᠳᠠ  ᠶᠢᠨ ᠰᠢᠨ᠎ᠡ  ᠪᠠᠷ ᠨᠡᠮᠡᠭᠳᠡᠬᠦ ᠬᠢᠮᠳᠡ ᠲᠦᠷᠢᠶᠡᠰᠣᠨ ᠣᠷᠣᠨ ᠰᠠᠭᠤᠴᠠ ᠎ ᠶᠢᠨ ᠲᠦᠷᠢᠶᠡᠰᠣᠨ ᠨᠦᠬᠦᠪᠦᠷᠢ  ᠶᠢ ᠲᠠᠷᠬᠠᠭᠠᠨ ᠦᠭᠬᠦ ᠳ᠋ᠣᠶᠢᠰᠢᠶᠠᠩ 630 ᠡᠷᠦᠬᠡ ᠪᠠᠶᠢᠵᠤ᠂ ᠡᠭᠦᠨ  ᠳᠤ ᠳ᠋ᠦᠩᠱᠧᠩ ᠲᠣᠭᠤᠷᠢᠭ 300 ᠡᠷᠦᠬᠡ᠂ ᠵᠡᠭᠦᠨᠭᠠᠷ ᠬᠤᠰᠢᠭᠤ 100 ᠡᠷᠦᠬᠡ᠂ ᠬᠠᠩᠬᠢᠨ ᠬᠤᠰᠢᠭᠤ 100 ᠡᠷᠦᠬᠡ ᠂ ᠣᠳᠤᠭ ᠬᠤᠰᠢᠭᠤ 130 ᠡᠷᠦᠬᠡ ᠪᠣᠯᠣᠨ᠎ᠠ᠃    ᠬᠤᠶᠠᠷ᠂ ᠠᠵᠢᠯ  ᠤᠨ ᠱᠠᠭᠠᠷᠳᠠᠯᠭ᠎ᠠ    2013 ᠣᠨ  ᠳᠤ᠂ ᠪᠦᠬᠦ ᠬᠤᠳᠠ  ᠶᠢᠨ ᠰᠢᠨ᠎ᠡ  ᠪᠠᠷ ᠪᠠᠶᠢᠭᠤᠯᠬᠤ ᠡᠯ᠎ᠡ ᠲᠦᠷᠦᠯ  ᠤᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠢ 6 ᠰᠠᠷ᠎ᠠ  ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠯᠭ᠎ᠠ ᠡᠬᠢᠯᠡᠭᠦᠯᠵᠣ᠂ ᠦᠨᠳᠦᠰᠦᠨ ᠪᠦᠲᠦᠬᠡᠨ ᠪᠠᠶᠢᠭᠤᠯᠣᠯᠳᠠ  ᠶᠢᠨ ᠡᠭᠦᠷᠬᠡ  ᠶᠢ 10 ᠰᠠᠷ᠎ᠠ  ᠶᠢᠨ ᠰᠡᠭᠦᠯᠴᠢ ᠎ ᠠᠴᠠ ᠡᠮᠦᠨ᠎ᠡ ᠪᠡᠶᠡᠯᠡᠭᠦᠯᠦᠨ᠎ᠡ᠃    ︵ᠨᠢᠬᠡ︶ ᠵᠣᠬᠢᠶᠠᠨ ᠪᠠᠶᠢᠭᠤᠯᠣᠨ ᠣᠳᠣᠷᠢᠳᠬᠤ  ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ  ᠤᠨ ᠎ ᠬᠢᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ  ᠶᠢᠨ ᠠᠵᠢᠯ  ᠢ ᠲᠡᠬᠡᠳᠣ ᠬᠡᠮᠵᠢᠶ᠎ᠡ  ᠪᠠᠷ ᠴᠢᠬᠤᠯᠠᠴᠢᠯᠠᠵᠣ᠂ ᠲᠣᠰᠬᠠᠢ ᠪᠠᠶᠢᠭᠤᠯᠣᠮᠵᠢ ᠪᠠᠶᠢᠭᠤᠯᠵᠣ᠂ ᠠᠵᠢᠯᠳᠠᠨ  ᠤ ᠵᠠᠷᠣᠳᠠᠯ  ᠢ ᠨᠠᠶᠢᠳᠠᠪᠦᠷᠢᠵᠢᠭᠤᠯᠵᠣ᠂ ᠬᠡᠷᠡᠭᠵᠢᠭᠦᠯᠬᠦ ᠲᠦᠰᠦᠯ ᠲᠣᠭᠳᠠᠭᠠᠵᠣ᠂ ᠬᠠᠷᠠᠯᠳᠠᠳᠣ ᠬᠠᠷᠢᠭᠤᠴᠠᠯᠭ᠎ᠠ  ᠶᠢ ᠲᠣᠳᠣᠷᠬᠠᠶᠢᠯᠠᠵᠣ᠂ ᠬᠤᠯᠪᠣᠭᠳᠠᠯ ᠪᠦᠬᠦᠢ ᠠᠵᠢᠯ  ᠢ ᠬᠦᠨᠵᠡᠬᠡᠢ ᠦᠷᠨᠢᠭᠦᠯᠦᠨ᠎ᠡ᠃ ᠡᠭᠦᠨ  ᠤ ᠵᠡᠷᠬᠡᠪᠡᠷ᠂ ᠢᠨᠵᠧᠨᠧᠷᠢᠩ ᠤᠨ ᠲᠦᠷᠦᠯ ᠵᠣᠶᠢᠯ  ᠤᠨ ᠦᠨᠳᠦᠰᠦᠨ ᠪᠦᠲᠦᠬᠡᠨ ᠪᠠᠶᠢᠭᠤᠯᠣᠯᠳᠠ  ᠶᠢᠨ ᠲᠡᠰ ᠲᠠᠷᠠᠭᠠᠯᠠᠯ  ᠢ ᠴᠢᠩᠭ᠎ᠠ ᠭᠦᠢᠴᠡᠳᠬᠡᠵᠣ᠂ ᠲᠦᠷᠦᠯ ᠵᠣᠶᠢᠯ  ᠤᠨ ᠬᠤᠯᠪᠣᠭᠳᠠᠯ ᠪᠦᠬᠦᠢ ᠭᠠᠷ ᠭᠦᠢᠴᠡᠳᠬᠡᠯ  ᠢ ᠲᠦᠷᠬᠡᠳᠬᠡᠨ ᠬᠢᠵᠣ᠂ ᠲᠠᠭᠠᠭᠠᠴᠢᠯᠠᠯᠳᠠ ᠵᠠᠷᠯᠠᠵᠣ ᠲᠠᠭᠠᠭᠠᠴᠢᠯᠠᠯᠳᠠ ᠬᠦᠯᠢᠶᠡᠬᠦ  ᠶᠢ ᠬᠠᠣᠯᠢ ᠶᠣᠰᠣᠭᠠᠷ ᠵᠣᠬᠢᠶᠠᠨ ᠪᠠᠶᠢᠭᠤᠯᠵᠣ᠂ ᠲᠦᠯᠦᠪᠵᠢᠭᠦᠯᠬᠡ᠂ ᠪᠡᠯᠡ ᠮᠦᠩᠭᠦ᠂ ᠭᠠᠵᠠᠷ ᠬᠠᠩᠭᠠᠯᠳᠠ᠂ ᠲᠦᠷᠦ  ᠶᠢᠨ ᠪᠣᠳᠣᠯᠭ᠎ᠠ᠂ ᠬᠢᠨᠠᠨ ᠬᠠᠮᠢᠶᠠᠷᠣᠯᠳᠠ  ᠶᠢ ᠣᠷᠣᠨᠵᠢᠭᠤᠯᠬᠤ  ᠶᠢ ᠦᠨᠡᠨᠬᠦ ᠪᠡᠶᠡᠯᠡᠭᠦᠯᠵᠣ᠂ ᠪᠦᠲᠦᠬᠡᠨ ᠪᠠᠶᠢᠭᠤᠯᠣᠯᠳᠠ  ᠶᠢᠨ ᠡᠭᠦᠷᠬᠡ  ᠶᠢ ᠲᠦᠯᠦᠪᠯᠡᠭᠡ ᠶᠣᠰᠣᠭᠠᠷ ᠣᠷᠣᠭᠰᠢᠲᠠᠢ  ᠪᠠᠷ ᠬᠡᠷᠡᠭᠵᠢᠭᠦᠯᠬᠦ  ᠶᠢ ᠪᠠᠳᠣᠯᠠᠨ᠎ᠠ᠃ ᠡᠯ᠎ᠡ ᠱᠠᠳᠣᠨ  ᠤ ᠬᠡᠷ ᠪᠠᠶᠢᠰᠢᠩ  ᠤᠨ ᠬᠠᠮᠢᠶᠠᠷᠣᠯᠳᠠ᠂ ᠪᠦᠲᠦᠬᠡᠨ ᠪᠠᠶᠢᠭᠤᠯᠣᠯᠳᠠ᠂ ᠡᠳ᠋  ᠤᠨ ᠵᠠᠰᠠᠭ᠂ ᠣᠯᠣᠰ  ᠤᠨ ᠭᠠᠵᠠᠷ ᠰᠢᠷᠣᠢ᠂ ᠲᠦᠯᠦᠪᠵᠢᠭᠦᠯᠬᠡ᠂ ᠬᠦᠭᠵᠢᠭᠦᠯᠦᠯᠳᠡ ᠪᠠ ᠦᠬᠡᠷᠡᠴᠢᠯᠡᠯᠳᠡ᠂ ᠣᠢ ᠰᠢᠭᠤᠢ᠂ ᠲᠠᠷᠢᠶᠠᠯᠠᠩ ᠮᠠᠯ ᠠᠵᠣ ᠠᠬᠤᠢ ᠵᠡᠷᠬᠡ ᠰᠠᠯᠠᠭ᠎ᠠ ᠮᠦᠴᠢᠷ ᠬᠠᠷᠢᠭᠤᠴᠠᠯᠭ᠎ᠠ ᠠᠵᠢᠯ  ᠤᠨ ᠬᠤᠪᠢᠶᠠᠷᠢᠯᠠᠯ  ᠢᠶᠠᠨ ᠲᠣᠳᠣᠷᠬᠠᠶᠢᠯᠠᠵᠣ᠂ ᠵᠣᠬᠢᠴᠠᠯᠳᠣᠨ ᠬᠠᠮᠵᠢᠯᠴᠠᠬᠤ  ᠶᠢ ᠴᠢᠩᠭᠠᠳᠬᠠᠵᠣ᠂ ᠬᠢᠨᠠᠨ ᠵᠦᠪᠰᠢᠶᠡᠷᠡᠬᠦ ᠲᠡᠰ ᠲᠠᠷᠠᠭᠠᠯᠠᠯ  ᠢ ᠰᠢᠯᠢᠳᠡᠭᠵᠢᠭᠦᠯᠵᠣ᠂ ᠬᠡᠷᠡᠭ ᠡᠷᠬᠢᠯᠡᠬᠦ ᠭᠠᠷ ᠭᠦᠢᠴᠡᠳᠬᠡᠯ  ᠢ ᠲᠦᠭᠦᠮᠴᠢᠯᠡᠵᠣ᠂ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ ᠎ ᠤᠨ ᠪᠦᠲᠦᠬᠡᠨ ᠪᠠᠶᠢᠭᠤᠯᠣᠯᠳᠠ  ᠶᠢ ᠣᠷᠣᠭᠰᠢᠲᠠᠢ ᠠᠬᠢᠭᠤᠯᠬᠤ  ᠶᠢ ᠪᠠᠳᠣᠯᠠᠨ᠎ᠠ᠃    ︵ᠬᠤᠶᠠᠷ︶ ᠬᠡᠷᠡᠭᠯᠡᠬᠦ ᠭᠠᠵᠠᠷ ᠤᠨ ᠬᠠᠩᠭᠠᠯᠭ᠎ᠠ  ᠶᠢ ᠪᠠᠳᠣᠯᠠᠨ᠎ᠠ᠃ ᠡᠯ᠎ᠡ ᠬᠤᠰᠢᠭᠤ ᠲᠣᠭᠤᠷᠢᠭ ᠤᠨ ᠬᠢᠨ ︽ᠣᠷᠳᠣᠰ ᠬᠤᠳᠠ ᠶᠢᠨ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ ᠶᠢᠨ ᠲᠦᠯᠦᠪᠵᠢᠭᠦᠯᠬᠡ︾ ︵2011- 2015︶ ᠪᠠ 2013 ᠣᠨ  ᠤ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠣᠨ  ᠤ ᠪᠦᠲᠦᠬᠡᠨ ᠪᠠᠶᠢᠭᠤᠯᠣᠯᠳᠠ  ᠶᠢᠨ ᠡᠭᠦᠷᠬᠡ ᠎ ᠶᠢ ᠦᠨᠳᠦᠰᠦᠯᠡᠨ᠂ ᠭᠠᠵᠠᠷ ᠰᠢᠷᠣᠢ ᠬᠠᠩᠭᠠᠬᠤ ᠲᠦᠯᠦᠪᠵᠢᠭᠦᠯᠬᠡ  ᠶᠢ ᠰᠢᠨᠵᠢᠯᠡᠬᠦ ᠣᠬᠠᠭᠠᠨᠴᠢ  ᠪᠠᠷ ᠨᠠᠶᠢᠷᠠᠭᠤᠯᠣᠨ ᠵᠣᠬᠢᠶᠠᠵᠣ᠂ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ  ᠶᠢᠨ ᠪᠦᠲᠦᠬᠡᠨ ᠪᠠᠶᠢᠭᠤᠯᠣᠯᠳᠠ  ᠳᠤ ᠬᠡᠷᠡᠭᠯᠡᠬᠦ ᠭᠠᠵᠠᠷ  ᠢ ᠣᠷᠢᠳᠠᠪᠠᠷ ᠲᠣᠬᠢᠷᠠᠭᠤᠯᠵᠣ᠂ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠯᠡᠬᠦ ᠭᠠᠵᠠᠷ  ᠢ ᠪᠠᠳᠣᠯᠠᠪᠠᠯ ᠵᠣᠬᠢᠬᠤ  ᠶᠢ ᠠᠯᠢ ᠪᠣᠯᠬᠤ ᠪᠠᠷ ᠪᠠᠳᠣᠯᠠᠵᠣ᠂ ᠴᠠᠭ ᠲᠣᠬᠠᠢ ᠳᠤᠨᠢ ᠬᠠᠩᠭᠠᠬᠤ  ᠶᠢ ᠦᠨᠡᠨᠬᠦ ᠪᠡᠶᠡᠯᠡᠭᠦᠯᠦᠨ᠎ᠡ᠃    ︵ᠭᠤᠷᠪᠠ︶ ᠭᠠᠶᠢᠯᠢ ᠵᠠᠷᠣᠳᠠᠯ  ᠢ ᠬᠠᠰᠣᠨ ᠬᠡᠯᠳᠦᠷᠢᠭᠦᠯᠬᠦ ᠲᠦᠷᠦ  ᠶᠢᠨ ᠪᠣᠳᠣᠯᠭ᠎ᠠ  ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠣᠨ᠎ᠠ᠃ ᠡᠯ᠎ᠡ ᠬᠤᠰᠢᠭᠤ ᠲᠣᠭᠤᠷᠢᠭ᠂ ᠬᠤᠳᠠ  ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ︽ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ ᠪᠠ ᠬᠠᠮᠢᠶᠠᠷᠣᠯᠳᠠ  ᠶᠢᠨ ᠲᠣᠬᠠᠢ ᠲᠦᠷᠦ  ᠶᠢᠨ ᠶᠠᠪᠣᠳᠠᠯ  ᠤᠨ ᠬᠤᠷᠢᠶᠠᠨ  ᠤ ᠵᠢᠯᠣᠭᠤᠳᠬᠤ ᠰᠠᠨᠠᠯ︾ ︵ᠲᠦᠷᠦ ᠠᠯᠪᠠᠨ ᠲᠠᠷᠬᠠᠭᠠᠬᠤ ﹇2011﹈ 45 ᠳ᠋ᠣᠭᠠᠷ ᠲᠣᠭᠠᠳᠣ︶ ᠪᠠ ︽ᠨᠡᠶᠢᠳᠡ ᠎ ᠶᠢᠨ ᠲᠦᠷᠢᠶᠡᠰᠣᠨ ᠣᠷᠣᠨ ᠰᠠᠭᠤᠴᠠ ᠶᠢᠨ ᠪᠦᠲᠦᠬᠡᠨ ᠪᠠᠶᠢᠭᠤᠯᠣᠯᠳᠠ ᠪᠠ ᠡᠷᠬᠢᠯᠳᠡ ᠡᠵᠡᠩᠨᠡᠯᠳᠡ ᠶᠢᠨ ᠬᠠᠮᠢᠶ᠎ᠠ ᠪᠦᠬᠦᠢ ᠭᠠᠶᠢᠯᠢ ᠲᠠᠳᠠᠪᠦᠷᠢ ᠶᠢᠨ ᠬᠠᠷᠠᠭᠠᠯᠵᠠᠯ ᠤᠨ ᠲᠦᠷᠦ  ᠶᠢᠨ ᠪᠣᠳᠣᠯᠭ᠎ᠠ  ᠶᠢ ᠲᠡᠮᠵᠢᠬᠦ ᠲᠣᠬᠠᠢ ᠡᠳ᠋ ᠤᠨ ᠵᠠᠰᠠᠭ ᠤᠨ ᠶᠠᠮᠣᠨ ᠣᠯᠣᠰ ᠤᠨ ᠭᠠᠶᠢᠯᠢ  ᠶᠢᠨ ᠶᠠᠪᠣᠳᠠᠯ ᠤᠨ ᠶᠡᠷᠦᠩᠬᠡᠢ ᠲᠣᠪᠴᠢᠶ᠎ᠠ  ᠶᠢᠨ ᠮᠡᠳᠡᠭᠳᠡᠯ︾ ︵ᠡᠳ᠋ ᠭᠠᠶᠢᠯᠢ ﹇2010﹈ 88 ᠳ᠋ᠣᠭᠠᠷ ᠲᠣᠭᠠᠳᠣ︶ ᠵᠡᠷᠬᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠦᠨᠳᠦᠰᠦᠯᠡᠨ᠂ ᠡᠯ᠎ᠡ ᠲᠦᠷᠦᠯ  ᠤᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ ᠶᠢᠨ ᠭᠠᠶᠢᠯᠢ ᠵᠠᠷᠣᠳᠠᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠣ᠂ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ  ᠢ ᠣᠷᠣᠭᠰᠢᠲᠠᠢ ᠬᠡᠷᠡᠭᠵᠢᠭᠦᠯᠬᠦ  ᠶᠢ ᠠᠬᠢᠭᠤᠯᠣᠨ᠎ᠠ᠃    ︵ᠲᠦᠷᠪᠡ︶ ᠪᠡᠯᠡ ᠴᠣᠭᠯᠠᠭᠤᠯᠬᠤ ᠵᠠᠮ ᠮᠦᠷ  ᠢ ᠦᠷᠬᠡᠳᠬᠡᠨ᠎ᠡ᠃ ᠡᠯ᠎ᠡ ᠬᠤᠰᠢᠭᠤ ᠲᠣᠭᠤᠷᠢᠭ  ᠤᠨ ᠬᠢᠨ ᠵᠠᠰᠠᠭ  ᠤᠨ ᠣᠷᠳᠣᠨ  ᠤ ᠣᠷᠣᠭᠤᠯᠣᠯᠳᠠ  ᠶᠢᠨ ᠭᠦᠴᠦᠯᠡᠴᠡ  ᠪᠠᠨ ᠦᠨᠡᠨᠬᠦ ᠨᠡᠮᠡᠭᠳᠡᠭᠦᠯᠵᠤ᠂ ᠡᠳ᠋ ᠤᠨ ᠵᠠᠰᠠᠭ ᠎ ᠤᠨ ᠲᠦᠰᠦᠪ  ᠲᠤ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠪᠡᠯᠡ ᠮᠦᠩᠭᠦ ᠶᠢ ᠣᠷᠢᠳᠠᠪᠠᠷ ᠲᠣᠬᠢᠷᠠᠭᠤᠯᠵᠣ᠂ ᠵᠠᠷᠣᠯᠭ᠎ᠠ  ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠣ᠂ ᠡᠳ᠋  ᠤᠨ ᠵᠠᠰᠠᠭ  ᠤᠨ ᠴᠢᠨᠠᠷᠲᠠᠢ ᠪᠡᠯᠡ ᠮᠦᠩᠭᠦᠨ  ᠤ ᠣᠷᠣᠭᠤᠯᠣᠯᠳᠠ  ᠶᠢᠨ ᠭᠦᠴᠦᠯᠡᠴᠡ ᠎ ᠶᠢ ᠨᠡᠮᠡᠭᠳᠡᠭᠦᠯᠵᠣ᠂ ᠲᠦᠷᠦᠯ ᠵᠣᠶᠢᠯ  ᠤᠨ ᠪᠡᠯᠡ ᠮᠦᠩᠭᠦ  ᠶᠢ ᠪᠦᠬᠦ ᠲᠤᠭ᠎ᠠ ᠪᠠᠷ ᠴᠠᠭ ᠲᠣᠬᠠᠢ ᠳᠤᠨᠢ ᠣᠷᠣᠨᠵᠢᠭᠤᠯᠬᠤ  ᠶᠢ ᠪᠠᠳᠣᠯᠠᠨ᠎ᠠ᠃ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ  ᠶᠢᠨ ᠨᠦᠬᠦᠪᠦᠷᠢᠯᠡᠬᠦ ᠪᠡᠯᠡ ᠮᠦᠩᠭᠦ  ᠶᠢ ᠠᠪᠬᠤ ᠬᠠᠮᠢᠶ᠎ᠠ ᠪᠦᠬᠦᠢ ᠲᠣᠭᠳᠠᠭᠠᠯ  ᠢ ᠴᠢᠩᠭ᠎ᠠ ᠬᠡᠷᠡᠭᠵᠢᠭᠦᠯᠵᠣ᠂ ᠭᠠᠵᠠᠷ ᠰᠢᠷᠣᠢ ᠶᠢ ᠰᠢᠯᠵᠢᠭᠦᠯᠦᠨ ᠠᠷᠠᠯᠵᠢᠶᠠᠯᠠᠬᠤ ᠦᠨ᠎ᠡ  ᠠᠴᠠ 5%-7%᠎ ᠶᠢ ᠭᠠᠷᠭᠠᠨ ᠠᠪᠴᠣ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ ᠎ ᠶᠢᠨ ᠪᠦᠲᠦᠬᠡᠨ ᠪᠠᠶᠢᠭᠤᠯᠣᠯᠳᠠ  ᠳᠤ ᠬᠡᠷᠡᠭᠯᠡᠵᠣ᠂ ᠨᠡᠶᠢᠳᠡ  ᠶᠢᠨ ᠲᠦᠰᠦᠪ  ᠤᠨ ᠵᠠᠷᠣᠯᠭ᠎ᠠ ᠶᠢᠨ ᠲᠣᠬᠢᠷᠠᠭᠤᠯᠣᠯᠳᠠ ᠨᠢ ᠬᠦᠷᠦᠯᠴᠡᠬᠦ ᠦᠬᠡᠢ ᠬᠤᠰᠢᠭᠤ ᠲᠣᠭᠤᠷᠢᠭ ᠭᠠᠵᠠᠷ ᠰᠢᠷᠣᠢ ᠰᠢᠯᠵᠢᠭᠦᠯᠦᠭᠰᠡᠨ ᠠᠰᠢᠭ ᠬᠤᠨᠵᠢᠪᠣᠷᠢ ᠪᠠ ᠭᠠᠵᠠᠷ ᠣᠷᠣᠨ  ᠤ ᠵᠠᠰᠠᠭ  ᠤᠨ ᠣᠷᠳᠣᠨ  ᠤ ᠵᠢᠭᠡᠯᠡᠯᠬᠡ  ᠶᠢᠨ ᠲᠡᠮᠳᠡᠭ ᠤᠨ ᠪᠡᠯᠡ ᠮᠦᠩᠭᠦ ᠶᠢ ᠲᠣᠬᠢᠷᠠᠭᠤᠯᠬᠤ ᠬᠠᠷᠢᠴᠠᠯ  ᠢ ᠲᠡᠭᠡᠭᠰᠢᠯᠡᠭᠦᠯᠵᠣ᠂ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠡᠭᠦᠷᠬᠡ  ᠶᠢ ᠪᠡᠶᠡᠯᠡᠭᠦᠯᠦᠭᠰᠡᠨ ᠦᠬᠡᠢ ᠬᠤᠰᠢᠭᠤ ᠲᠣᠭᠤᠷᠢᠭ ᠵᠠᠰᠠᠭ  ᠤᠨ ᠣᠷᠳᠣᠨ  ᠤ ᠠᠯᠪᠠᠯᠠᠬᠤ ᠳᠤ ᠬᠡᠷᠡᠭᠯᠡᠬᠦ ᠬᠡᠷ ᠪᠠᠶᠢᠰᠢᠩ  ᠢ ᠰᠢᠨ᠎ᠡ  ᠪᠠᠷ ᠪᠠᠶᠢᠭᠤᠯᠬᠤ ᠪᠠ ᠬᠤᠳᠠᠯᠳᠣᠨ ᠠᠪᠴᠣ ᠪᠣᠯᠬᠤ ᠦᠬᠡᠢ᠃ ᠣᠷᠣᠨ ᠰᠠᠭᠤᠴᠠ  ᠶᠢᠨ ᠨᠡᠶᠢᠳᠡ  ᠶᠢᠨ ᠬᠤᠷᠠᠮᠳᠣᠯᠭ᠎ᠠ ᠶᠢᠨ ᠮᠦᠩᠭᠦ  ᠶᠢᠨ ᠨᠡᠮᠡᠭᠳᠡᠯ ᠦᠷᠳᠡᠭ  ᠤᠨ ᠠᠰᠢᠭ ᠬᠤᠨᠵᠢᠪᠣᠷᠢ  ᠶᠢ ᠵᠢᠬᠡᠯᠡᠯᠬᠡ  ᠶᠢᠨ ᠠᠶᠣᠯ ᠲᠦᠭᠭᠦᠰᠢᠷᠢ  ᠶᠢᠨ ᠪᠡᠯᠡᠳᠬᠡᠯ  ᠤᠨ ᠮᠦᠩᠭᠦ ᠪᠠ ᠬᠠᠮᠢᠶᠠᠷᠣᠯᠳᠠ  ᠶᠢᠨ ᠵᠠᠷᠣᠳᠠᠯ  ᠢ ᠠᠪᠣᠭᠰᠠᠨ  ᠤ ᠲᠠᠷᠠᠭ᠎ᠠ᠂ ᠪᠦᠬᠦᠨ ᠢ ᠴᠦᠮ ᠬᠢᠮᠳᠡ ᠲᠦᠷᠢᠶᠡᠰᠣᠨ ᠣᠷᠣᠨ ᠰᠠᠭᠤᠴᠠ ᠪᠠ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ  ᠶᠢᠨ ᠪᠦᠲᠦᠬᠡᠨ ᠪᠠᠶᠢᠭᠤᠯᠣᠯᠳᠠ  ᠳᠤ ᠬᠡᠷᠡᠭᠯᠡᠨ᠎ᠡ᠃ ︽ᠬᠤᠳᠠ ᠪᠠᠯᠭᠠᠰᠣᠨ  ᠤ ᠬᠢᠮᠳᠡ ᠲᠦᠷᠢᠶᠡᠰᠣᠨ ᠣᠷᠣᠨ ᠰᠠᠭᠤᠴᠠ  ᠶᠢᠨ ᠪᠠᠳᠣᠯᠠᠭ᠎ᠠ  ᠶᠢᠨ ᠠᠵᠢᠯ  ᠢ ᠴᠢᠨᠠᠭᠰᠢᠳᠠ ᠴᠢᠩᠭᠠᠳᠬᠠᠬᠤ ᠪᠠ ᠰᠠᠶᠢᠵᠢᠷᠠᠭᠤᠯᠬᠤ ᠲᠣᠬᠠᠢ ᠦᠪᠦᠷ ᠮᠣᠩᠭᠤᠯ  ᠤᠨ ᠦᠪᠡᠷᠳᠡᠬᠡᠨ ᠵᠠᠰᠠᠬᠤ ᠣᠷᠣᠨ ᠎ ᠤ ᠠᠷᠠᠳ ᠤᠨ ᠵᠠᠰᠠᠭ  ᠤᠨ ᠣᠷᠳᠣᠨ  ᠤ ᠮᠡᠳᠡᠭᠳᠡᠯ︾ ︵ᠦᠪᠦᠷ ᠵᠠᠰᠠᠭ ᠲᠠᠷᠬᠠᠭᠠᠬᠤ ﹇2010﹈ 40 ᠳ᠋ᠣᠬᠡᠷ ᠲᠣᠭᠠᠳᠣ︶ ᠶᠣᠰᠣᠭᠠᠷ᠂ ᠬᠤᠳᠠ  ᠶᠢᠨ ᠰᠠᠭᠤᠷᠢ ᠲᠦᠭᠦᠭᠡᠷᠣᠮᠵᠢ  ᠶᠢ ᠢᠵᠢ ᠪᠦᠷᠢᠳᠦᠭᠦᠯᠭᠦ ᠵᠠᠷᠣᠳᠠᠯ ᠲᠣᠮᠳᠠ ᠎ ᠠᠴᠠ ᠲᠡᠭᠰᠢ ᠲᠦᠷᠪᠡᠯᠵᠢᠨ ᠮᠧᠲᠷ ᠪᠣᠯᠭᠠᠨ  ᠠᠴᠠ 5 ᠎ ᠠᠴᠠ 10 ᠲᠦᠭᠦᠷᠢᠭ ᠭᠠᠷᠭᠠᠨ ᠠᠪᠴᠣ ᠬᠢᠮᠳᠠ ᠲᠦᠷᠢᠶᠡᠰᠣᠨ ᠣᠷᠣᠨ ᠰᠠᠭᠤᠴᠠ  ᠶᠢᠨ ᠪᠦᠲᠦᠬᠡᠨ ᠪᠠᠶᠢᠭᠤᠯᠣᠯᠳᠠ ᠶᠢᠨ ᠪᠡᠯᠡ ᠮᠦᠩᠭᠦ ᠪᠣᠯᠭᠠᠨ᠎ᠠ᠃ ᠡᠯ᠎ᠡ ᠮᠦᠩᠭᠦᠨ ᠭᠦᠢᠯᠬᠡᠬᠡᠨ ᠤ ᠪᠠᠶᠢᠭᠤᠯᠣᠮᠵᠢ  ᠶᠢ ᠵᠣᠬᠢᠴᠠᠭᠤᠯᠣᠨ ᠢᠳᠡᠬᠡᠮᠵᠢᠳᠣ ᠵᠢᠬᠡᠯᠡᠯᠬᠡ  ᠶᠢ ᠲᠡᠮᠵᠢᠬᠦ ᠭᠦᠴᠦᠯᠡᠴᠡ  ᠶᠢ ᠨᠡᠮᠡᠭᠳᠡᠭᠦᠯᠵᠣ᠂ ᠭᠠᠵᠠᠷ ᠣᠷᠣᠨ  ᠤ ᠪᠡᠯᠡ ᠣᠷᠣᠭᠤᠯᠣᠨ ᠪᠡᠯᠡ ᠴᠣᠭᠯᠠᠭᠤᠯᠬᠤ ᠲᠠᠪᠴᠠᠩ  ᠢ ᠢᠳᠡᠪᠬᠢᠲᠠᠢ ᠪᠠᠶᠢᠭᠤᠯᠣᠨ᠎ᠠ᠃ ᠬᠤᠳᠠ᠂ ᠬᠤᠰᠢᠭᠤᠨ  ᠤ ᠡᠳ᠋  ᠤᠨ ᠵᠠᠰᠠᠭ ᠤᠨ ᠰᠠᠯᠠᠭ᠎ᠠ ᠮᠦᠴᠢᠷ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠨ ᠡᠯ᠎ᠡ ᠱᠠᠳᠣᠨ  ᠤ ᠲᠡᠳᠭᠦᠮᠵᠢ  ᠶᠢᠨ ᠪᠡᠯᠡ ᠮᠦᠩᠭᠦ  ᠶᠢ ᠲᠣᠭᠳᠠᠭᠠᠯ ᠶᠣᠰᠣᠭᠠᠷ ᠴᠠᠭ ᠲᠣᠬᠠᠢ ᠳᠤᠨᠢ ᠪᠠᠭᠤᠯᠭᠠᠵᠣ᠂ ᠨᠢᠭᠡᠨᠳᠡ ᠪᠠᠷᠢᠯᠭ᠎ᠠ ᠡᠬᠢᠯᠡᠭᠦᠯᠬᠦ ᠨᠦᠭᠦᠴᠡᠯ ᠲᠠᠢ ᠠᠯᠢᠪᠠ ᠪᠦᠲᠦᠭᠡᠨ ᠪᠠᠶᠢᠭᠤᠯᠣᠯᠳᠠ ᠎ ᠶᠢᠨ ᠲᠦᠷᠦᠯ ᠵᠣᠶᠢᠯ  ᠳᠤ᠂ ᠲᠡᠳᠭᠦᠮᠵᠢ  ᠶᠢᠨ ᠪᠡᠯᠡ ᠮᠦᠩᠭᠦ  ᠶᠢ ᠪᠠᠷᠢᠯᠭ᠎ᠠ  ᠶᠢᠨ ᠠᠬᠢᠴᠠ  ᠶᠢ ᠦᠨᠳᠦᠰᠦᠯᠡᠨ ᠰᠠᠯᠭᠠᠨ ᠦᠭᠴᠣ ᠣᠷᠣᠨᠵᠢᠭᠤᠯᠣᠨ᠎ᠠ᠂ ᠪᠠᠷᠢᠯᠭ᠎ᠠ ᠶᠢᠨ ᠲᠦᠷᠦᠯ ᠵᠣᠶᠢᠯ  ᠤᠨ ᠪᠠᠷᠢᠯᠭ᠎ᠠ  ᠶᠢ ᠠᠯᠢ ᠪᠣᠯᠬᠤ  ᠪᠠᠷ ᠡᠷᠳᠡ ᠡᠬᠢᠯᠡᠭᠦᠯᠵᠣ᠂ ᠬᠤᠭᠤᠴᠠᠭ᠎ᠠ ᠶᠣᠰᠣᠭᠠᠷ ᠪᠠᠷᠢᠯᠭ᠎ᠠ ᠲᠠᠭᠤᠰᠬᠠᠬᠤ  ᠶᠢ ᠪᠠᠳᠣᠯᠠᠨ᠎ᠠ᠃   ︵ᠲᠠᠪᠤ︶ ᠲᠦᠯᠦᠪᠵᠢᠭᠦᠯᠬᠡ  ᠶᠢᠨ ᠪᠠᠶᠢᠷᠢᠯᠠᠭᠤᠯᠣᠯᠳᠠ ᠪᠠ ᠦᠷᠦᠬᠡ  ᠶᠢᠨ ᠵᠢᠷᠤᠭ ᠲᠦᠯᠦᠪᠯᠡᠭᠡ  ᠶᠢ ᠰᠢᠯᠢᠳᠡᠭᠵᠢᠭᠦᠯᠦᠨ᠎ᠡ᠃ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ  ᠶᠢᠨ ᠪᠦᠲᠦᠬᠡᠨ ᠪᠠᠶᠢᠭᠤᠯᠣᠯᠳᠠ ᠶᠢ ᠬᠤᠳᠠ ᠬᠦᠳᠡᠭᠡ  ᠶᠢᠨ ᠲᠦᠯᠦᠪᠵᠢᠭᠦᠯᠬᠡ ᠪᠠ ᠭᠠᠵᠠᠷ ᠰᠢᠷᠣᠢ  ᠶᠢᠨ ᠠᠰᠢᠭᠯᠠᠯᠳᠠ  ᠶᠢᠨ ᠶᠡᠷᠦᠩᠬᠡᠢ ᠲᠦᠯᠦᠪᠵᠢᠬᠦᠯᠬᠡ  ᠶᠢᠨ ᠴᠢᠬᠤᠯᠠ ᠠᠭᠤᠯᠭ᠎ᠠ ᠪᠣᠯᠭᠠᠵᠣ᠂ ᠪᠠᠶᠢᠷᠢᠯᠠᠭᠤᠯᠣᠯᠳᠠ  ᠶᠢ ᠵᠣᠬᠢᠰᠲᠠᠢ ᠲᠣᠬᠢᠷᠠᠭᠤᠯᠵᠣ᠂  ᠲᠠᠷᠬᠠᠢ  ᠪᠠᠷ ᠲᠣᠬᠢᠷᠠᠭᠤᠯᠵᠣ ᠪᠦᠲᠦᠬᠡᠨ ᠪᠠᠶᠢᠭᠤᠯᠬᠤ ᠪᠠ ᠲᠦᠪᠯᠡᠷᠡᠭᠦᠯᠦᠨ ᠪᠦᠲᠦᠬᠡᠨ ᠪᠠᠶᠢᠭᠤᠯᠬᠤ  ᠶᠢ ᠬᠠᠷᠢᠯᠴᠠᠨ ᠣᠶᠠᠯᠳᠣᠭᠤᠯᠬᠤ  ᠶᠢ ᠬᠡᠷᠡᠭᠵᠢᠭᠦᠯᠵᠣ᠂ ᠲᠣᠷᠬᠢᠯᠳᠠ ᠲᠠᠭᠠᠭᠠᠬᠤ ᠰᠡᠷᠭᠡᠶᠢᠯᠡᠬᠦ ᠪᠠ ᠪᠠᠷᠢᠯᠭ᠎ᠠ  ᠶᠢᠨ ᠡᠨᠧᠷᠬᠢ ᠠᠷᠪᠢᠯᠠᠬᠤ ᠵᠡᠷᠬᠡ ᠠᠯᠪᠠᠳᠠᠯᠭ᠎ᠠ  ᠶᠢᠨ ᠴᠢᠨᠠᠷᠲᠠᠢ ᠪᠠᠷᠢᠮᠵᠢᠶ᠎ᠠ  ᠶᠢ ᠴᠢᠩᠭ᠎ᠠ ᠬᠡᠷᠡᠭᠵᠢᠭᠦᠯᠦᠨ᠎ᠡ᠃ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ  ᠶᠢ ᠲᠦᠪᠯᠡᠷᠡᠭᠦᠯᠦᠨ ᠪᠦᠲᠦᠬᠡᠨ ᠪᠠᠶᠢᠭᠤᠯᠵᠣ᠂ ᠰᠠᠭᠤᠭᠠᠯᠢ ᠠᠷᠠᠳ ᠤᠨ ᠠᠵᠢᠯ ᠣᠯᠬᠤ᠂ ᠡᠪᠡᠳᠴᠢᠨ ᠦᠵᠡᠭᠦᠯᠬᠦ᠂ ᠰᠣᠷᠭᠠᠭᠤᠯᠢ ᠰᠠᠭᠤᠬᠤ᠂ ᠭᠠᠷᠴᠣ ᠠᠶᠠᠯᠠᠬᠤ ᠵᠡᠷᠬᠡ ᠬᠡᠷᠡᠭᠴᠡᠭᠡ  ᠶᠢ ᠭᠦᠢᠴᠡᠳ ᠪᠣᠳᠣᠯᠬᠢᠯᠠᠵᠣ᠂ ᠨᠡᠶᠢᠳᠡ  ᠶᠢᠨ ᠵᠠᠮ ᠬᠠᠷᠢᠯᠴᠠᠭᠠᠨ ᠤ ᠰᠢᠰᠲ᠋ᠧᠮ ᠢ ᠲᠦᠷᠬᠡᠳᠬᠡᠨ ᠲᠡᠭᠦᠯᠳᠡᠷᠵᠢᠭᠦᠯᠵᠣ᠂ ᠣᠰᠣ᠂ ᠴᠠᠬᠢᠯᠭᠠᠨ᠂ ᠬᠡᠢ᠂ ᠢᠯᠴᠢ ᠬᠠᠩᠭᠠᠬᠤ ᠵᠡᠷᠬᠡ ᠠᠮᠢᠳᠣᠷᠠᠯ  ᠤᠨ ᠣᠶᠢᠯᠡᠴᠢᠯᠡᠬᠡᠨ ᠤ ᠲᠦᠭᠦᠭᠡᠷᠣᠮᠵᠢ ᠶᠢ ᠵᠡᠷᠬᠡᠪᠡᠷ ᠢᠵᠢ ᠪᠦᠷᠢᠳᠦᠭᠦᠯᠦᠨ ᠪᠦᠲᠦᠬᠡᠨ ᠪᠠᠶᠢᠭᠤᠯᠣᠨ᠎ᠠ᠃ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ  ᠶᠢᠨ ᠦᠷᠦᠬᠡ ᠎ ᠶᠢ ᠵᠢᠷᠣᠭᠯᠠᠨ ᠲᠦᠯᠦᠪᠯᠡᠬᠦ  ᠳᠤ ᠦᠷᠦᠬᠡ ᠨᠢ ᠪᠠᠭ᠎ᠠ᠂ ᠴᠢᠳᠠᠮᠵᠢ ᠨᠢ ᠪᠦᠷᠢᠨ᠂ ᠢᠵᠢ ᠪᠦᠷᠢᠳᠦᠭᠦᠯᠦᠯᠳᠡ ᠨᠢ ᠰᠠᠶᠢᠨ᠂ ᠶᠠᠰᠣ ᠴᠢᠨᠠᠷ ᠨᠢ ᠦᠨᠳᠦᠷ᠂ ᠣᠯᠠᠨ ᠲᠦᠮᠡᠨ ᠳᠤ ᠲᠦᠭᠦᠮ ᠦᠵᠡᠭᠦᠯᠬᠦ᠂ ᠠᠮᠣᠷ ᠲᠦᠪᠰᠢᠨ ᠨᠠᠶᠢᠳᠠᠪᠦᠷᠢᠳᠠᠢ᠂ ᠴᠡᠪᠡᠷ ᠲᠡᠭᠰᠢ ᠰᠠᠭᠤᠷᠢᠰᠢᠬᠤ  ᠳᠤ ᠲᠠᠭᠠᠯᠠᠮᠵᠢᠲᠠᠢ ᠪᠠᠶᠢᠬᠤ ᠵᠡᠷᠬᠡ ᠱᠠᠭᠠᠷᠳᠠᠯᠭ᠎ᠠ ᠶᠣᠰᠣᠭᠠᠷ᠂ ᠵᠣᠬᠢᠰᠲᠠᠢ ᠪᠠᠶᠢᠷᠢᠯᠠᠭᠤᠯᠵᠣ᠂ ᠣᠷᠣᠨ ᠵᠠᠢ  ᠶᠢ ᠰᠢᠨᠵᠢᠯᠡᠬᠦ ᠣᠬᠠᠭᠠᠨᠴᠢ ᠪᠠᠷ ᠠᠰᠢᠭᠯᠠᠵᠣ᠂ ᠡᠯ᠎ᠡ ᠲᠦᠷᠦᠯ  ᠤᠨ ᠦᠨᠳᠦᠰᠦᠨ ᠣᠷᠣᠰᠢᠨ ᠰᠠᠭᠤᠬᠤ ᠴᠢᠳᠠᠮᠵᠢ  ᠶᠢ ᠪᠦᠲᠦᠮᠵᠢᠲᠠᠢ ᠬᠠᠩᠭᠠᠨ᠎ᠠ᠃ ᠢᠯᠠ  ᠪᠠᠷ ᠲᠠᠭᠠᠭᠠᠴᠢᠯᠠᠯᠳᠠ ᠵᠠᠷᠯᠠᠬᠤ᠂ ᠰᠢᠯᠭᠠᠷᠠᠭᠤᠯᠬᠤ ᠵᠡᠷᠬᠡ ᠬᠡᠯᠪᠡᠷᠢ  ᠪᠠᠷ ᠲᠠᠮᠵᠢᠨ ᠦᠷᠦᠬᠡ ᠶᠢ ᠵᠢᠷᠣᠭᠯᠠᠨ ᠲᠦᠯᠦᠪᠯᠡᠬᠦ ᠲᠦᠰᠦᠯ  ᠤᠨ ᠰᠢᠯᠢᠳᠡᠭ  ᠢ ᠨᠢ ᠰᠣᠩᠭᠤᠵᠣ ᠪᠦᠬᠦ ᠬᠤᠳᠠ  ᠳᠤ ᠲᠡᠯᠬᠡᠷᠡᠭᠦᠯᠬᠦ  ᠶᠢ ᠵᠣᠷᠢᠭᠵᠢᠭᠤᠯᠣᠨ᠎ᠠ᠃   ︵ᠵᠢᠷᠭᠤᠭ᠎ᠠ︶ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ  ᠶᠢᠨ ᠬᠡᠷ ᠪᠠᠶᠢᠰᠢᠩ  ᠤᠨ ᠢᠷᠡᠯᠳᠡ  ᠶᠢ ᠦᠷᠬᠡᠳᠬᠡᠨ᠎ᠡ᠃ ᠣᠯᠣᠰ  ᠤᠨ ᠬᠠᠮᠢᠶ᠎ᠠ ᠪᠦᠬᠦᠢ ᠲᠦᠷᠦ  ᠶᠢᠨ ᠪᠣᠳᠣᠯᠭ᠎ᠠ  ᠶᠢ ᠦᠨᠳᠦᠰᠦᠯᠡᠵᠣ᠂ ᠡᠯ᠎ᠡ ᠬᠤᠰᠢᠭᠤ ᠲᠣᠭᠤᠷᠢᠭ  ᠤᠨ ᠪᠣᠳᠠᠳᠣ ᠪᠠᠶᠢᠳᠠᠯ  ᠠᠴᠠ ᠡᠭᠦᠰᠴᠣ᠂ ᠵᠠᠷᠢᠮ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ  ᠶᠢ ᠪᠦᠲᠦᠬᠡᠨ ᠪᠠᠶᠢᠭᠤᠯᠬᠤ  ᠶᠢ ᠦᠬᠡᠷᠡᠴᠢᠯᠡᠬᠡᠳ ᠪᠣᠴᠠᠭᠠᠨ ᠬᠤᠳᠠᠯᠳᠣᠨ ᠠᠪᠬᠤ ᠪᠣᠯᠭᠠᠵᠣ᠂ ᠵᠠᠬ᠎ᠠ ᠲᠡᠯᠬᠡᠭᠦᠷ ᠲᠡᠬᠡᠷᠡᠬᠢ ᠣᠷᠣᠨ ᠪᠠᠶᠢᠷᠢ᠂ ᠦᠷᠦᠬᠡ᠂ ᠦᠨ᠎ᠡ ᠬᠠᠩᠰᠢ ᠵᠡᠷᠬᠡ ᠨᠦᠭᠦᠴᠡᠯ  ᠳᠤ ᠨᠡᠶᠢᠴᠡᠬᠦ ᠰᠣᠯᠠ ᠪᠠᠶᠢᠬᠤ ᠡᠩ ᠎ ᠤᠨ ᠲᠠᠸᠠᠷ ᠤᠨ ᠣᠷᠣᠨ ᠰᠠᠭᠤᠴᠠ  ᠶᠢ ᠪᠣᠴᠠᠭᠠᠨ ᠬᠤᠳᠠᠯᠳᠣᠨ ᠠᠪᠴᠣ ᠨᠣᠷᠠᠭᠠᠨ ᠨᠡᠭᠦᠯᠬᠡᠬᠦ ᠲᠣᠬᠢᠷᠠᠭᠤᠯᠬᠤ ᠣᠷᠣᠨ ᠰᠠᠭᠤᠴᠠ᠂ ᠦᠨ᠎ᠡ ᠬᠢᠵᠠᠭᠠᠷᠯᠠᠭᠰᠠᠨ ᠲᠠᠸᠠᠷ  ᠤᠨ ᠣᠷᠣᠨ ᠰᠠᠭᠤᠴᠠ᠂ ᠬᠢᠮᠳᠡ ᠮᠦᠷᠳᠡᠬᠡᠨ ᠬᠡᠷᠡᠭᠯᠡᠬᠡᠨ ᠎ ᠳᠤ ᠲᠣᠬᠢᠷᠠᠬᠤ ᠣᠷᠣᠨ ᠰᠠᠭᠤᠴᠠ᠂ ᠨᠡᠶᠢᠳᠡ  ᠶᠢᠨ ᠲᠦᠷᠢᠶᠡᠰᠣᠨ ᠣᠷᠣᠨ ᠰᠠᠭᠤᠴᠠ ᠪᠣᠯᠭᠠᠨ᠎ᠠ᠂ ᠪᠠᠳᠣᠯᠠᠭ᠎ᠠ ᠎ ᠶᠢᠨ ᠴᠢᠨᠠᠷᠲᠠᠢ ᠣᠷᠣᠨ ᠰᠠᠭᠤᠴᠠ  ᠶᠢᠨ ᠬᠡᠷ ᠪᠠᠶᠢᠰᠢᠩ  ᠤᠨ ᠢᠷᠡᠯᠳᠡ ᠶᠢ ᠴᠢᠨᠠᠭᠰᠢᠳᠠ ᠦᠷᠬᠡᠳᠬᠡᠵᠣ᠂ ᠪᠦᠬᠦ ᠬᠤᠳᠠ  ᠶᠢᠨ ᠬᠡᠷ ᠪᠠᠶᠢᠰᠢᠩ ᠭᠠᠵᠠᠷ ᠬᠦᠷᠦᠩᠬᠡ  ᠶᠢᠨ ᠣᠶᠢᠯᠡᠰ  ᠤᠨ ᠦᠷᠭᠦᠯᠵᠢᠯᠡᠨ ᠡᠷᠡᠭᠦᠯ  ᠢᠶᠠᠷ ᠬᠦᠭᠵᠢᠭᠦᠯᠬᠦ ᠎ ᠶᠢ ᠪᠠᠳᠣᠯᠠᠨ᠎ᠠ᠃    ︵ᠲᠣᠯᠤᠭ᠎ᠠ︶ ᠪᠠᠷᠢᠯᠭ᠎ᠠ  ᠶᠢᠨ ᠶᠠᠰᠣ ᠴᠢᠨᠠᠷ  ᠤᠨ ᠬᠠᠷᠢᠭᠤᠴᠠᠯᠭ᠎ᠠ  ᠶᠢ ᠨᠠᠶᠢᠳᠠᠪᠦᠷᠢᠵᠢᠭᠤᠯᠣᠨ᠎ᠠ᠃ ᠪᠠᠳᠣᠯᠠᠭ᠎ᠠ ᠎ ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠶᠠᠰᠣ ᠴᠢᠨᠠᠷ  ᠤᠨ ᠪᠣᠭᠤᠮᠳᠠ  ᠶᠢ ᠴᠢᠩᠭ᠎ᠠ ᠠᠳᠬᠤᠵᠣ᠂ ᠬᠠᠣᠯᠢ  ᠪᠠᠷ ᠲᠣᠭᠳᠠᠭᠠᠭᠰᠠᠨ ᠲᠦᠷᠦᠯ ᠵᠣᠶᠢᠯ  ᠤᠨ ᠪᠦᠲᠦᠬᠡᠨ ᠪᠠᠶᠢᠭᠤᠯᠬᠤ ᠲᠡᠰ ᠲᠠᠷᠠᠭᠠᠯᠠᠯ  ᠢ ᠴᠢᠩᠭ᠎ᠠ ᠭᠦᠢᠴᠡᠳᠬᠡᠵᠣ᠂ ᠲᠠᠭᠠᠭᠠᠴᠢᠯᠠᠯᠳᠠ ᠵᠠᠷᠯᠠᠵᠣ ᠲᠠᠭᠠᠭᠠᠴᠢᠯᠠᠯᠳᠠ ᠬᠦᠯᠢᠶᠡᠬᠦ ᠣᠶᠢᠯᠠ ᠠᠵᠢᠯᠯᠠᠭ᠎ᠠ  ᠶᠢ ᠲᠦᠷᠢᠮᠵᠢᠭᠦᠯᠵᠣ᠂ ᠲᠦᠷᠦᠯ ᠵᠣᠶᠢᠯ  ᠤᠨ ᠬᠠᠣᠯᠢ  ᠶᠢᠨ ᠡᠷᠬᠡᠳᠡᠨ  ᠤ ᠬᠠᠷᠢᠭᠤᠴᠠᠯᠭ᠎ᠠ  ᠶᠢᠨ ᠲᠦᠷᠢᠮ᠂ ᠬᠡᠷ᠎ᠡ ᠎ ᠶᠢᠨ ᠬᠠᠮᠢᠶᠠᠷᠣᠯᠳᠠ  ᠶᠢᠨ ᠲᠦᠷᠢᠮ᠂ ᠪᠠᠷᠢᠯᠭ᠎ᠠ  ᠶᠢᠨ ᠬᠢᠨᠠᠨ ᠬᠠᠮᠢᠶᠠᠷᠬᠤ ᠲᠦᠷᠢᠮ ᠢ ᠨᠠᠶᠢᠳᠠᠪᠦᠷᠢᠵᠢᠭᠤᠯᠣᠨ᠎ᠠ᠃ ᠪᠠᠷᠢᠯᠭ᠎ᠠ  ᠶᠢᠨ ᠮᠠᠲ᠋ᠧᠷᠢᠶᠠᠯ  ᠢ ᠰᠢᠯᠭᠠᠨ ᠬᠢᠨᠠᠬᠤ ᠲᠦᠷᠢᠮ ᠢ ᠴᠢᠩᠭᠠᠷᠠᠭᠤᠯᠣᠨ᠎ᠠ᠃ ᠲᠦᠷᠦᠯ ᠵᠣᠶᠢᠯ  ᠤᠨ ᠬᠠᠣᠯᠢ ᠎ ᠶᠢᠨ ᠡᠷᠬᠡᠳᠡᠨ ᠣᠷᠣᠨ ᠰᠠᠭᠤᠴᠠ  ᠶᠢᠨ ᠪᠦᠲᠦᠬᠡᠨ ᠪᠠᠶᠢᠭᠤᠯᠣᠯᠳᠠ  ᠶᠢᠨ ᠶᠠᠰᠣ ᠴᠢᠨᠠᠷ  ᠲᠤ ᠦᠨᠢ ᠡᠭᠦᠷᠢᠳᠡ ᠎ ᠶᠢᠨ ᠬᠠᠷᠢᠭᠤᠴᠠᠯᠭ᠎ᠠ ᠬᠠᠷᠢᠭᠤᠴᠠᠨ᠎ᠠ᠂ ᠪᠦᠲᠦᠬᠡᠨ ᠪᠠᠶᠢᠭᠤᠯᠣᠯᠳᠠ  ᠳᠤ ᠣᠷᠣᠯᠴᠠᠭᠰᠠᠨ ᠪᠣᠰᠣᠳ ᠨᠢᠭᠡᠴᠢ ᠪᠠᠷᠢᠯᠭ᠎ᠠ ᠎ ᠶᠢᠨ ᠶᠠᠰᠣ ᠴᠢᠨᠠᠷ  ᠤᠨ ᠬᠠᠮᠢᠶᠠᠷᠣᠯᠳᠠ  ᠶᠢᠨ ᠲᠣᠭᠳᠠᠭᠠᠯ ᠶᠣᠰᠣᠭᠠᠷ ᠵᠣᠬᠢᠴᠠᠯᠳᠣᠭᠰᠠᠨ ᠬᠠᠷᠢᠭᠤᠴᠠᠯᠭ᠎ᠠ ᠶᠢ ᠬᠠᠷᠢᠭᠤᠴᠠᠨ᠎ᠠ᠃ ᠬᠠᠶᠢᠨ ᠪᠠᠶᠢᠴᠠᠭᠠᠬᠤ᠂ ᠵᠢᠷᠣᠭᠯᠠᠨ ᠲᠦᠯᠦᠪᠯᠡᠬᠦ᠂ ᠪᠠᠷᠢᠯᠭ᠎ᠠ ᠡᠬᠢᠯᠡᠬᠦ᠂ ᠬᠢᠨᠠᠨ ᠬᠠᠮᠢᠶᠠᠷᠬᠤ ᠨᠢᠭᠡᠴᠢ  ᠶᠢᠨ ᠬᠠᠷᠢᠭᠤᠴᠠᠯᠭᠠᠳᠠᠨ ᠪᠠ ᠲᠦᠷᠦᠯ ᠵᠣᠶᠢᠯ  ᠤᠨ ᠬᠠᠷᠢᠭᠤᠴᠠᠯᠭᠠᠳᠠᠨ ᠨᠠᠰᠣᠨ ᠲᠣᠷᠰᠢ ᠬᠠᠷᠢᠭᠤᠴᠠᠯᠭ᠎ᠠ ᠬᠠᠷᠢᠭᠤᠴᠠᠬᠤ ᠲᠦᠷᠢᠮ  ᠢ ᠬᠡᠷᠡᠭᠵᠢᠭᠦᠯᠦᠨ᠎ᠡ᠃ ᠪᠠᠷᠢᠯᠭ᠎ᠠ ᠪᠣᠯᠭᠠᠨ ᠲᠡᠬᠡᠷ᠎ᠡ ᠶᠠᠰᠣ ᠴᠢᠨᠠᠷ  ᠤᠨ ᠬᠠᠷᠢᠭᠤᠴᠠᠯᠭ᠎ᠠ ᠎ ᠶᠢᠨ ᠦᠨᠢ ᠡᠭᠦᠷᠢᠳᠡ  ᠶᠢᠨ ᠴᠢᠨᠠᠷᠲᠠᠢ ᠢᠯᠭᠠᠬᠤ ᠲᠡᠮᠳᠡᠭ ᠲᠣᠬᠢᠷᠠᠭᠤᠯᠵᠣ᠂ ᠨᠡᠶᠢᠬᠡᠮ  ᠤᠨ ᠬᠢᠨᠠᠯᠲᠠ ᠲᠠᠯᠪᠢᠯᠳᠠ ᠎ ᠶᠢ ᠬᠦᠯᠢᠶᠡᠨ᠎ᠡ᠃    ︵ᠨᠠᠶᠢᠮᠠ︶ ᠪᠠᠷᠢᠯᠭ᠎ᠠ  ᠶᠢᠨ ᠶᠠᠰᠣ ᠴᠢᠨᠠᠷ  ᠲᠤ ᠬᠢᠨᠠᠯᠲᠠ ᠲᠠᠯᠪᠢᠬᠤ  ᠶᠢ ᠴᠢᠩᠭᠠᠳᠬᠠᠨ᠎ᠠ᠃ ᠪᠦᠲᠦᠬᠡᠨ ᠪᠠᠶᠢᠭᠤᠯᠣᠯᠳᠠ  ᠳᠤ ᠣᠷᠣᠯᠴᠠᠭᠰᠠᠨ ᠡᠯ᠎ᠡ ᠲᠠᠯ᠎ᠠ  ᠶᠢ ᠱᠠᠭᠠᠷᠳᠠᠨ ᠶᠠᠰᠣ ᠴᠢᠨᠠᠷ  ᠤᠨ ᠬᠠᠮᠢᠶᠠᠷᠣᠯᠳᠠ  ᠶᠢᠨ ᠰᠢᠰᠲ᠋ᠧᠮᠵᠢ  ᠶᠢ ᠪᠠᠶᠢᠭᠤᠯᠣᠨ ᠲᠦᠭᠦᠷᠴᠢᠯᠡᠵᠣ᠂ ᠶᠠᠰᠣ ᠴᠢᠨᠠᠷ  ᠲᠤ ᠬᠢᠨᠠᠯᠲᠠ ᠲᠠᠯᠪᠢᠨ ᠬᠠᠮᠢᠶᠠᠷᠣᠯᠳᠠ ᠬᠢᠬᠦ  ᠶᠢ ᠴᠢᠩᠭᠠᠳᠬᠠᠬᠤ  ᠶᠢ ᠪᠦᠲᠦᠬᠡᠨ ᠪᠠᠶᠢᠭᠤᠯᠣᠯᠳᠠ  ᠶᠢᠨ ᠪᠦᠬᠦ ᠶᠠᠪᠣᠴᠠ  ᠳᠤ ᠦᠨᠡᠨᠬᠦ  ᠠᠭᠤᠰᠬᠠᠨ ᠣᠷᠣᠭᠤᠯᠣᠨ᠎ᠠ᠃ ᠬᠠᠣᠯᠢ ᠴᠠᠭᠠᠵᠠ ᠬᠠᠣᠯᠢ ᠲᠣᠭᠳᠠᠭᠠᠯ ᠪᠠ ᠠᠯᠪᠠᠳᠠᠯᠭ᠎ᠠ  ᠶᠢᠨ ᠴᠢᠨᠠᠷᠲᠠᠢ ᠪᠠᠷᠢᠮᠵᠢᠶ᠎ᠠ  ᠶᠢᠨ ᠲᠣᠭᠳᠠᠭᠠᠯ ᠶᠣᠰᠣᠭᠠᠷ ᠬᠠᠶᠢᠨ ᠪᠠᠶᠢᠴᠠᠭᠠᠵᠣ᠂ ᠵᠢᠷᠣᠭᠯᠠᠨ ᠲᠦᠯᠦᠪᠯᠡᠵᠣ᠂ ᠪᠠᠷᠢᠯᠭ᠎ᠠ  ᠶᠢᠨ ᠠᠵᠢᠯ ᠬᠢᠵᠣ᠂ ᠬᠢᠨᠠᠨ ᠬᠠᠮᠢᠶᠠᠷᠬᠤ ᠪᠠ ᠰᠢᠯᠭᠠᠨ ᠬᠤᠷᠢᠶᠠᠨ᠎ᠠ᠂ ᠪᠠᠷᠢᠯᠭ᠎ᠠ  ᠶᠢᠨ ᠶᠠᠰᠣ ᠴᠢᠨᠠᠷ ᠪᠠ ᠪᠠᠷᠢᠯᠭ᠎ᠠ  ᠶᠢᠨ ᠠᠵᠢᠯ  ᠤᠨ ᠠᠶᠣᠯ ᠦᠬᠡᠢ  ᠳᠤ ᠬᠢᠨᠠᠯᠲᠠ ᠲᠠᠯᠪᠢᠨ ᠪᠠᠶᠢᠴᠠᠭᠠᠯᠳᠠ ᠬᠢᠬᠦ ᠭᠦᠴᠦᠯᠡᠴᠡ  ᠶᠢ ᠨᠡᠮᠡᠭᠳᠡᠬᠦᠯᠦᠨ᠎ᠡ᠃   ︵ᠶᠢᠰᠣ︶ ᠲᠦᠷᠦᠯ ᠵᠣᠶᠢᠯ  ᠤᠨ ᠲᠠᠩᠰᠠᠯᠠᠭᠤᠯᠬᠤ ᠲᠦᠷᠢᠮ  ᠢ ᠴᠢᠩᠭᠠᠳᠬᠠᠨ᠎ᠠ᠃ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ  ᠶᠢᠨ ᠲᠦᠷᠦᠯ ᠵᠣᠶᠢᠯ  ᠤᠨ ᠲᠠᠩᠰᠠᠯᠠᠭᠤᠯᠬᠤ ᠲᠦᠷᠢᠮ  ᠢ ᠲᠡᠭᠦᠯᠳᠡᠷᠵᠢᠭᠦᠯᠵᠣ᠂ ᠡᠯ᠎ᠡ ᠬᠤᠰᠢᠭᠤ ᠲᠣᠭᠤᠷᠢᠭ 2013 ᠣᠨ ᠤ 3 ᠳ᠋ᠣᠭᠠᠷ ᠰᠠᠷ᠎ᠠ ᠎ ᠶᠢᠨ ᠲᠣᠮᠳᠠᠴᠢ  ᠳᠤ  ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ ᠤᠨ ᠠᠯᠢᠪᠠ ᠪᠦᠲᠦᠬᠡᠨ ᠪᠠᠶᠢᠭᠤᠯᠣᠯᠳᠠ ᠶᠢᠨ ᠲᠦᠷᠦᠯ ᠵᠣᠶᠢᠯ ᠤᠨ ᠭᠠᠷ ᠭᠦᠢᠴᠡᠳᠬᠡᠯ ᠢ ᠬᠤᠳᠠ ᠶᠢᠨ ᠬᠡᠷ ᠬᠦᠷᠦᠩᠬᠡ ᠶᠢᠨ ᠠᠵᠢᠯ ᠣᠶᠢᠯᠡᠰ ᠤᠨ ᠬᠠᠮᠢᠶᠠᠷᠣᠯᠳᠠ ᠶᠢᠨ ᠲᠣᠪᠴᠢᠶ᠎ᠠ  ᠳᠤ ᠮᠡᠳᠡᠭᠦᠯᠦᠨ ᠰᠢᠯᠭᠠᠨ ᠬᠠᠷᠭᠤᠭᠤᠯᠣᠨ᠎ᠠ᠃ ᠬᠤᠳᠠ ᠶᠢᠨ ᠬᠡᠷ ᠬᠦᠷᠦᠩᠬᠡ  ᠶᠢᠨ ᠠᠵᠢᠯ ᠣᠶᠢᠯᠡᠰ ᠤᠨ ᠬᠠᠮᠢᠶᠠᠷᠣᠯᠳᠠ ᠶᠢᠨ ᠲᠣᠪᠴᠢᠶ᠎ᠠ ᠰᠢᠯᠭᠠᠨ ᠬᠠᠷᠭᠤᠭᠤᠯᠣᠭᠰᠠᠨ ᠤ ᠲᠠᠷᠠᠭ᠎ᠠ ᠦᠪᠡᠷᠳᠡᠬᠡᠨ ᠵᠠᠰᠠᠬᠤ ᠣᠷᠣᠨ ᠳᠤ ᠮᠡᠳᠡᠭᠦᠯᠦᠨ ᠲᠠᠩᠰᠠᠯᠠᠭᠤᠯᠣᠨ᠎ᠠ᠃    ︵ᠠᠷᠪᠠ︶ ᠬᠢᠨᠠᠯᠲᠠ ᠲᠠᠯᠪᠢᠨ ᠪᠠᠶᠢᠴᠠᠯᠭᠠᠳᠠ ᠬᠢᠬᠦ  ᠶᠢ ᠴᠢᠩᠭᠠᠳᠬᠠᠨ᠎ᠠ᠃ ᠬᠤᠳᠠ ᠶᠢᠨ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠠᠵᠢᠯ ᠤᠨ ᠣᠳᠣᠷᠢᠳᠬᠤ ᠲᠣᠭᠤᠶᠢᠯᠠᠩ ᠨᠢ ᠡᠯ᠎ᠡ ᠬᠤᠰᠢᠭᠤ ᠲᠣᠭᠤᠷᠢᠭ  ᠢ ᠱᠠᠭᠠᠷᠳᠠᠨ ᠪᠠᠶᠢᠴᠠᠭᠠᠬᠤ ᠭᠦᠴᠦᠯᠡᠴᠡ  ᠪᠠᠨ ᠨᠡᠮᠡᠭᠳᠡᠭᠦᠯᠵᠣ᠂ ᠣᠯᠠᠷᠢᠯ ᠪᠣᠯᠭᠠᠨ ᠡᠯ᠎ᠡ ᠬᠤᠰᠢᠭᠤ ᠲᠣᠭᠤᠷᠢᠭ  ᠤᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠪᠠᠶᠢᠳᠠᠯ  ᠳᠤ ᠱᠠᠭᠠᠷᠳᠠᠨ ᠪᠠᠶᠢᠴᠠᠭᠠᠯᠳᠠ ᠬᠢᠵᠣ᠂ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ ᠎ ᠶᠢᠨ ᠶᠠᠪᠣᠴᠠ ᠲᠣᠮᠳᠠ ᠲᠣᠯᠭᠠᠷᠠᠭᠰᠠᠨ ᠠᠰᠠᠭᠤᠳᠠᠯ  ᠢ ᠴᠠᠭ ᠲᠣᠬᠠᠢ ᠳᠤᠨᠢ ᠢᠯᠡᠷᠡᠭᠦᠯᠬᠦ ᠮᠦᠷᠳᠡᠬᠡᠨ ᠰᠢᠢᠳᠪᠦᠷᠢᠯᠡᠵᠣ᠂ ᠲᠡᠭᠦᠨᠴᠢᠯᠡᠨ ᠠᠵᠢᠯ  ᠢ ᠨᠠᠶᠢᠳᠠᠪᠦᠷᠢᠵᠢᠭᠤᠯᠣᠭᠰᠠᠨ ᠦᠬᠡᠢ᠂ ᠠᠷᠭ᠎ᠠ ᠬᠡᠮᠵᠢᠶ᠎ᠡ ᠶᠢ ᠣᠷᠣᠨᠵᠢᠭᠤᠯᠣᠭᠰᠠᠨ ᠦᠬᠡᠢ ᠬᠤᠰᠢᠭᠤ ᠲᠣᠭᠤᠷᠢᠭ ᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠰᠠᠨᠠᠯ ᠲᠣᠷᠠᠳᠣᠨ᠎ᠠ᠃ ᠬᠢᠵᠠᠭᠠᠷᠯᠠᠭᠰᠠᠨ ᠬᠤᠭᠤᠴᠠᠭᠠᠨ ᠲᠣᠳᠣᠷ᠎ᠠ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠦᠰᠡᠨ ᠦᠬᠡᠢ ᠪᠣᠯ᠂ ᠬᠠᠮᠢᠶ᠎ᠠ ᠪᠦᠬᠦᠢ ᠬᠤᠰᠢᠭᠤ ᠲᠣᠭᠤᠷᠢᠭ  ᠤᠨ ᠭᠤᠣᠯ ᠣᠳᠣᠷᠢᠳᠣᠯᠭ᠎ᠠ ᠨᠠᠷ ᠲᠠᠢ ᠪᠣᠯᠵᠣᠨ ᠬᠡᠯᠡᠯᠴᠡᠬᠦ ᠪᠠ ᠬᠠᠷᠢᠭᠤᠴᠠᠯᠭ᠎ᠠ ᠨᠡᠬᠡᠮᠵᠢᠯᠡᠨ᠎ᠡ᠃    ︵ᠠᠷᠪᠠᠨ ᠨᠢᠭᠡ︶ ᠣᠷᠳᠣ ᠬᠤᠭᠤᠴᠠᠭᠠᠨ  ᠤ ᠪᠦᠲᠦᠮᠵᠢᠲᠠᠢ ᠬᠠᠮᠢᠶᠠᠷᠣᠯᠳᠠ  ᠶᠢᠨ ᠲᠣᠭᠳᠠᠴᠠ  ᠶᠢ ᠪᠠᠶᠢᠭᠤᠯᠣᠨ ᠲᠦᠭᠦᠷᠴᠢᠯᠡᠨ᠎ᠡ᠃ ᠡᠯ᠎ᠡ ᠬᠤᠰᠢᠭᠤ ᠲᠣᠭᠤᠷᠢᠭ ᠣᠯᠠᠨ ᠲᠠᠯ᠎ᠠ  ᠶᠢᠨ ᠬᠠᠮᠵᠢᠯᠴᠠᠬᠤ ᠲᠣᠭᠳᠠᠴᠠ ᠶᠢ ᠪᠠᠶᠢᠭᠤᠯᠵᠣ᠂ ᠭᠡᠷ ᠬᠦᠷᠦᠩᠭᠡ  ᠶᠢᠨ ᠬᠠᠮᠢᠶᠠᠷᠣᠯᠳᠠ᠂ ᠠᠷᠠᠳ  ᠤᠨ ᠶᠠᠪᠣᠳᠠᠯ᠂ ᠲᠣᠳᠣᠭᠠᠳᠣ  ᠶᠢ ᠬᠠᠮᠠᠭᠠᠯᠠᠬᠤ ᠵᠡᠷᠬᠡ ᠰᠠᠯᠠᠭ᠎ᠠ ᠮᠦᠴᠢᠷ ᠪᠠ ᠨᠡᠶᠢᠬᠡᠮ ᠲᠣᠭᠤᠷᠢᠭ  ᠤᠨ ᠰᠠᠭᠤᠭᠠᠯᠢ ᠠᠷᠠᠳ  ᠤᠨ ᠵᠦᠪᠯᠡᠯ  ᠢ ᠵᠣᠬᠢᠶᠠᠨ ᠪᠠᠶᠢᠭᠤᠯᠣᠨ ᠪᠠᠳᠣᠯᠠᠭ᠎ᠠ  ᠶᠢᠨ ᠳ᠋ᠣᠶᠢᠰᠢᠶᠠᠩ  ᠤᠨ ᠡᠯ᠎ᠡ ᠲᠦᠷᠦᠯ  ᠤᠨ ᠨᠦᠭᠦᠴᠡᠯ  ᠢ ᠴᠢᠩᠭ᠎ᠠ ᠬᠢᠨᠠᠨ ᠬᠠᠷᠭᠤᠭᠤᠯᠵᠣ᠂ ︽ᠭᠤᠷᠪᠠᠨ ᠲᠡᠰ  ᠢᠶᠠᠷ ᠬᠢᠨᠠᠨ ᠬᠠᠷᠭᠤᠭᠤᠯᠵᠣ᠂ ᠬᠤᠶᠠᠷ ᠲᠡᠰ  ᠢᠶᠠᠷ ᠵᠠᠷᠯᠠᠬᠤ︾ ᠲᠦᠷᠢᠮ  ᠢ ᠴᠢᠩᠭ᠎ᠠ ᠬᠡᠷᠡᠭᠵᠢᠭᠦᠯᠦᠨ᠎ᠡ᠃ ᠪᠠᠳᠣᠯᠠᠭ᠎ᠠ  ᠶᠢᠨ ᠴᠢᠨᠠᠷᠲᠠᠢ ᠣᠷᠣᠨ ᠰᠠᠭᠤᠴᠠ  ᠶᠢ ᠬᠤᠪᠢᠷᠢᠶᠠᠯᠠᠬᠤ ᠶᠠᠪᠣᠴᠠ ᠲᠣᠮᠳᠠ᠂ ᠰᠠᠬᠢᠯᠭ᠎ᠠ ᠪᠠᠳᠣ ᠪᠠᠶᠢᠴᠠᠭᠠᠬᠤ᠂ ᠬᠢᠨᠠᠨ ᠪᠣᠳᠣᠬᠤ᠂ ᠠᠯᠪᠠᠨ ᠬᠡᠷᠡᠴᠢᠯᠡᠭᠡ᠂ ᠬᠡᠷ ᠬᠦᠷᠦᠩᠬᠡ  ᠶᠢᠨ ᠬᠠᠮᠢᠶᠠᠷᠣᠯᠳᠠ᠂ ᠠᠷᠠᠳ  ᠤᠨ ᠶᠠᠪᠣᠳᠠᠯ ᠵᠡᠷᠬᠡ ᠰᠠᠯᠠᠭ᠎ᠠ ᠮᠦᠴᠢᠷ ᠪᠦᠬᠦ ᠶᠠᠪᠣᠴᠠ  ᠪᠠᠷ ᠬᠢᠨᠠᠯᠲᠠ ᠲᠠᠯᠪᠢᠵᠣ᠂ ᠵᠦᠪᠰᠢᠶᠡᠷᠡᠨ ᠣᠷᠣᠭᠤᠯᠬᠤ᠂ ᠭᠠᠷᠬᠤ ᠦᠷ᠎ᠡ ᠳ᠋ᠦᠩ  ᠤᠨ ᠢᠯᠠ᠂ ᠡᠷᠬᠡ ᠲᠡᠭᠰᠢ᠂ ᠲᠦᠪ ᠭᠤᠣᠯᠴᠢ  ᠶᠢ ᠪᠠᠳᠣᠯᠠᠨ᠎ᠠ᠃ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠴᠢᠮᠡᠭᠡ ᠵᠠᠩᠬᠢ  ᠶᠢ ᠢᠯᠠ ᠨᠡᠶᠢᠳᠡᠯᠡᠬᠦ ᠠᠵᠢᠯ  ᠢ ᠴᠢᠩᠭᠠᠳᠬᠠᠵᠣ᠂ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ ᠎ ᠤᠨ ᠪᠦᠲᠦᠬᠡᠨ ᠪᠠᠶᠢᠭᠤᠯᠣᠯᠳᠠ᠂ ᠬᠤᠪᠢᠶᠠᠷᠢᠯᠠᠯᠳᠠ ᠵᠡᠷᠬᠡ ᠬᠤᠯᠪᠣᠭᠳᠠᠯ ᠪᠦᠬᠦᠢ ᠴᠢᠮᠡᠭᠡ ᠵᠠᠩᠬᠢ  ᠶᠢ ᠬᠠᠮᠢᠶ᠎ᠠ ᠪᠦᠬᠦᠢ ᠲᠣᠭᠳᠠᠭᠠᠯ ᠶᠣᠰᠣᠭᠠᠷ ᠴᠠᠭ ᠲᠣᠬᠠᠢ ᠳᠤᠨᠢ ᠲᠣᠬᠠᠢ  ᠶᠢᠨ ᠭᠠᠵᠠᠷ  ᠤᠨ ᠵᠠᠰᠠᠭ ᠤᠨ ᠣᠷᠳᠣᠨ  ᠤ ᠡᠭᠦᠳᠡᠨ ᠰᠦᠯᠵᠢᠶᠡᠨ ᠴᠡᠭ ᠲᠡᠭᠡᠷ᠎ᠡ ᠢᠯᠠ ᠨᠡᠶᠢᠳᠡᠯᠡᠵᠣ᠂ ᠨᠡᠶᠢᠬᠡᠮ  ᠤᠨ ᠬᠢᠨᠠᠯᠲᠠ ᠲᠠᠯᠪᠢᠯᠳᠠ  ᠶᠢ ᠰᠠᠨᠠᠭᠠᠴᠢᠯᠠᠭ᠎ᠠ  ᠠᠴᠠ ᠎ ᠪᠠᠨ ᠬᠦᠯᠢᠶᠡᠨ᠎ᠡ᠃ ᠡᠭᠦᠨ  ᠤ ᠵᠡᠷᠬᠡᠪᠡᠷ᠂ ᠡᠯ᠎ᠡ ᠬᠤᠰᠢᠭᠤ ᠲᠣᠭᠤᠷᠢᠭ ᠤᠨ ᠬᠢᠨ ᠣᠷᠣᠨ ᠰᠠᠭᠤᠴᠠ  ᠶᠢᠨ ᠪᠠᠳᠣᠯᠠᠭ᠎ᠠ ᠪᠠ ᠲᠣᠳᠣᠭᠠᠳᠣ  ᠶᠢ ᠬᠠᠮᠠᠭᠠᠯᠠᠬᠤ᠂ ᠬᠦᠮᠦᠨ  ᠤ ᠭᠦᠴᠦᠨ ᠤ ᠡᠬᠢ ᠪᠠᠶᠠᠯᠢᠭ ᠪᠠ ᠨᠡᠶᠢᠬᠡᠮ  ᠤᠨ ᠪᠠᠳᠣᠯᠠᠭ᠎ᠠ᠂ ᠬᠡᠢ ᠬᠦᠷᠦᠩᠬᠡ  ᠶᠢᠨ ᠬᠠᠮᠢᠶᠠᠷᠣᠯᠳᠠ᠂ ᠮᠦᠩᠭᠦᠨ ᠭᠦᠢᠯᠬᠡᠬᠡ᠂ ᠣᠶᠢᠯᠡᠳᠪᠦᠷᠢ ᠬᠤᠳᠠᠯᠳᠤᠭ᠎ᠠ᠂ ᠭᠠᠶᠢᠯᠢ  ᠶᠢᠨ ᠶᠠᠪᠣᠳᠠᠯ᠂ ᠣᠷᠣᠨ ᠰᠠᠭᠤᠴᠠ  ᠶᠢᠨ ᠨᠡᠶᠢᠳᠡ  ᠶᠢᠨ ᠬᠤᠷᠠᠮᠳᠣᠯᠭ᠎ᠠ  ᠶᠢᠨ ᠮᠦᠩᠭᠦ ᠵᠡᠷᠬᠡ ᠰᠠᠯᠠᠭ᠎ᠠ ᠮᠦᠴᠢᠷ ᠪᠠ ᠪᠠᠶᠢᠭᠤᠯᠣᠮᠵᠢ ᠯᠤᠭ᠎ᠠ ᠶᠢᠨ ᠳ᠋ᠠᠶᠢᠲᠨ  ᠶᠢᠨ ᠴᠢᠮᠡᠭᠡ ᠵᠠᠩᠬᠢ ᠶᠢ ᠬᠠᠮᠳᠣᠪᠠᠷ ᠡᠳ᠋ᠯᠡᠬᠦ ᠲᠠᠪᠴᠠᠩ ᠢ ᠲᠦᠷᠭᠡᠳᠬᠡᠨ ᠪᠠᠶᠢᠭᠤᠯᠵᠣ᠂ ᠣᠷᠣᠨ ᠰᠠᠭᠤᠴᠠ  ᠶᠢᠨ ᠪᠠᠳᠣᠯᠠᠭ᠎ᠠ  ᠶᠢᠨ ᠴᠢᠮᠡᠭᠡ ᠵᠠᠩᠬᠢ  ᠶᠢ ᠬᠠᠮᠳᠣᠪᠠᠷ ᠡᠳ᠋ᠯᠡᠬᠦ ᠲᠣᠭᠳᠠᠴᠠ  ᠶᠢ ᠪᠦᠷᠢᠯᠳᠦᠭᠦᠯᠦᠨ᠎ᠡ᠃   ︵ᠠᠷᠪᠠᠨ ᠬᠤᠶᠠᠷ︶ ᠲᠠᠩᠰᠠ ᠡᠪᠬᠡᠮᠡᠯ  ᠤᠨ ᠬᠠᠮᠢᠶᠠᠷᠣᠯᠳᠠ  ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠳᠠ  ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠣᠷᠣᠨ ᠰᠠᠭᠤᠴᠠ  ᠶᠢᠨ ᠪᠠᠳᠣᠯᠠᠭ᠎ᠠ  ᠶᠢᠨ ᠲᠠᠩᠰᠠ ᠡᠪᠬᠡᠮᠡᠯ ᠤᠨ ᠬᠠᠮᠢᠶᠠᠷᠣᠯᠳᠠ  ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠣᠷᠣᠨ ᠰᠠᠭᠤᠴᠠ  ᠶᠢᠨ ᠪᠠᠳᠣᠯᠠᠭ᠎ᠠ  ᠶᠢᠨ ᠲᠠᠩᠰᠠ ᠡᠪᠬᠡᠮᠡᠯ  ᠤᠨ ᠬᠠᠮᠢᠶᠠᠷᠣᠯᠳᠠ  ᠶᠢᠨ ᠲᠦᠷᠢᠮ  ᠤᠨ ᠪᠠᠶᠢᠭᠤᠯᠣᠯᠳᠠ ᠶᠢ ᠴᠢᠩᠭᠠᠳᠬᠠᠵᠣ᠂ ᠣᠷᠣᠨ ᠰᠠᠭᠤᠴᠠ ᠶᠢᠨ ᠪᠠᠳᠣᠯᠠᠭ᠎ᠠ  ᠶᠢᠨ ᠲᠠᠩᠰᠠ ᠡᠪᠬᠡᠮᠡᠯ  ᠤᠨ ᠬᠠᠮᠢᠶᠠᠷᠣᠯᠳᠠ ᠶᠢ ᠲᠦᠷᠢᠮᠵᠢᠭᠦᠯᠵᠣ᠂ ᠪᠠᠶᠢᠭᠤᠯᠣᠮᠵᠢ  ᠶᠢᠨ ᠠᠵᠢᠯᠳᠠᠨ᠂ ᠲᠣᠨᠤᠭ ᠲᠦᠭᠦᠭᠡᠷᠣᠮᠵᠢ ᠵᠡᠷᠬᠡ ᠲᠠᠯ᠎ᠠ ᠎ ᠠᠴᠠ ᠲᠠᠩᠰᠠ ᠡᠪᠬᠡᠮᠡᠯ  ᠤᠨ ᠬᠠᠮᠢᠶᠠᠷᠣᠯᠳᠠ  ᠶᠢᠨ ᠬᠡᠷᠡᠭᠴᠡᠭᠡ  ᠶᠢ ᠬᠠᠩᠭᠠᠵᠣ᠂ ᠲᠣᠰᠬᠠᠢ ᠬᠦᠮᠦᠨ ᠲᠣᠭᠳᠠᠭᠠᠵᠣ ᠣᠷᠣᠨ ᠰᠠᠭᠤᠴᠠ  ᠶᠢᠨ ᠪᠠᠳᠣᠯᠠᠭ᠎ᠠ  ᠶᠢᠨ ᠳ᠋ᠦᠢᠰᠢᠶᠠᠩ ᠪᠠ ᠬᠡᠷ ᠪᠠᠶᠢᠰᠢᠩ ᠤᠨ ᠢᠷᠡᠯᠳᠡ ᠶᠢ ᠲᠠᠩᠰᠠᠯᠠᠭᠤᠯᠣᠨ ᠲᠠᠩᠰᠠ ᠡᠪᠬᠡᠮᠡᠯ ᠪᠠᠶᠢᠭᠤᠯᠵᠣ᠂ ᠲᠡᠭᠦᠨᠴᠢᠯᠡᠨ ᠡᠯᠧᠺᠲᠷᠣᠨ ᠲᠠᠩᠰᠠ ᠡᠪᠬᠡᠮᠡᠯ ᠪᠠᠶᠢᠭᠤᠯᠵᠣ᠂ ᠣᠷᠣᠨ ᠰᠠᠭᠤᠴᠠ ᠎ ᠶᠢᠨ ᠪᠠᠳᠣᠯᠠᠭ᠎ᠠ  ᠶᠢᠨ ᠬᠡᠷᠡᠭᠵᠢᠭᠦᠯᠦᠭᠰᠡᠨ ᠪᠠᠶᠢᠳᠠᠯ  ᠢ ᠦᠨᠡᠨ ᠪᠣᠳᠠᠲᠠᠢ ᠪᠦᠷᠢᠨ ᠪᠦᠳᠦᠨ ᠲᠡᠮᠳᠡᠭᠯᠡᠬᠦ  ᠶᠢ ᠪᠠᠳᠣᠯᠠᠵᠣ᠂ ᠣᠷᠣᠨ ᠰᠠᠭᠤᠴᠠ  ᠶᠢᠨ ᠪᠠᠳᠣᠯᠠᠭ᠎ᠠ ᠶᠢᠨ ᠬᠠᠮᠢᠶᠠᠷᠣᠯᠳᠠ ᠶᠢᠨ ᠪᠠᠶᠢᠳᠠᠯ  ᠢ ᠪᠦᠬᠦ ᠲᠠᠯ᠎ᠠ  ᠪᠠᠷ ᠪᠣᠰᠣᠳᠴᠢ  ᠪᠠᠷ ᠲᠣᠰᠬᠠᠨ᠎ᠠ᠃    ︵ᠠᠷᠪᠠᠨ ᠭᠤᠷᠪᠠ︶ ᠴᠢᠮᠡᠭᠡ ᠵᠠᠩᠬᠢ  ᠶᠢᠨ ᠪᠦᠷᠢᠳᠬᠡᠯ  ᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ  ᠶᠢᠨ ᠠᠵᠢᠯ  ᠢ ᠰᠠᠷ᠎ᠠ  ᠪᠠᠷ ᠪᠦᠷᠢᠳᠬᠡᠨ ᠮᠡᠳᠡᠭᠦᠯᠬᠦ ᠲᠦᠷᠢᠮ  ᠢ ᠴᠢᠩᠭ᠎ᠠ ᠬᠡᠷᠡᠭᠵᠢᠭᠦᠯᠵᠣ᠂ ᠪᠦᠷᠢᠳᠬᠡᠯ  ᠤᠨ ᠬᠦᠰᠦᠨᠦᠭᠳᠣ  ᠶᠢ ᠬᠤᠳᠠ  ᠶᠢᠨ ᠪᠠᠳᠣᠯᠠᠭ᠎ᠠ  ᠶᠢᠨ ᠴᠢᠨᠠᠷᠲᠠᠢ ᠠᠮᠣᠭᠤᠯᠠᠩ ᠰᠠᠭᠤᠴᠠ  ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠣᠯᠳᠠ  ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠠᠯᠪᠠᠨ ᠬᠡᠷ ᠲᠤ ᠴᠠᠭ ᠲᠣᠬᠠᠢ ᠳᠤᠨᠢ ᠮᠡᠳᠡᠭᠦᠯᠦᠨ᠎ᠡ᠃ ᠡᠭᠦᠨ  ᠤ ᠵᠡᠷᠬᠡᠪᠠᠷ᠂ ᠲᠤᠭ᠎ᠠ ᠪᠦᠷᠢᠳᠬᠡᠯ  ᠤᠨ ᠲᠤᠭ᠎ᠠ ᠪᠠᠷᠢᠮᠳᠠ  ᠶᠢᠨ ᠶᠠᠰᠣ ᠴᠢᠨᠠᠷ ᠢ ᠲᠡᠭᠡᠭᠰᠢᠯᠡᠭᠦᠯᠵᠣ᠂ ᠡᠯ᠎ᠡ ᠲᠦᠷᠦᠯ  ᠤᠨ ᠲᠤᠭ᠎ᠠ ᠪᠠᠷᠢᠮᠳᠠ ᠨᠢ  ᠪᠦᠬᠦ ᠲᠠᠯ᠎ᠠ  ᠶᠢ  ᠬᠠᠮᠤᠷᠴᠦ᠂ ᠣᠨᠣᠪᠴᠢᠲᠠᠢ ᠪᠠᠶᠢᠬᠤ  ᠶᠢ ᠪᠠᠳᠣᠯᠠᠨ᠎ᠠ᠃                          ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ                                  2013 ᠣᠨ ᠤ 2 ᠳ᠋ᠣᠭᠠᠷ ᠰᠠᠷ᠎ᠠ ᠶᠢᠨ 26᠎ ᠤ ᠡᠳᠦᠷ
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号