ᠪᠦᠬᠦ ᠬᠤᠳᠠ ᠶᠢᠨ ᠴᠢᠮᠡᠭᠡ ᠵᠠᠩᠬᠢᠴᠢᠯᠠᠯᠳᠠ ᠠᠵᠣ ᠣᠶᠢᠯᠡᠪᠦᠷᠢᠵᠢᠯᠳᠠ ᠶᠢ ᠬᠦᠨᠵᠡᠬᠡᠢ ᠠᠭᠤᠰᠣᠯᠴᠠᠭᠤᠯᠬᠤ ᠬᠡᠷᠡᠭᠵᠢᠭᠦᠯᠬᠦ ᠲᠦᠰᠦᠯ ᠢ ᠲᠠᠷᠣᠮᠠᠯᠯᠠᠨ ᠶᠠᠪᠣᠭᠤᠯᠬᠤ ᠲᠣᠬᠠᠢ ᠣᠷᠳᠣᠰ ᠬᠤᠳᠠ ᠶᠢᠨ ᠠᠷᠠᠳ ᠤᠨ ᠵᠠᠰᠠᠭ ᠎ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2013/2/6
                          ᠣᠷᠳᠣᠰ ᠵᠠᠰᠠᠭ ᠠᠯᠪᠠᠨ ᠲᠠᠷᠬᠠᠭᠠᠬᠤ ﹇2013﹈ 8 ᠳ᠋ᠣᠭᠠᠷ ᠲᠣᠭᠠᠳᠣᠡᠯ᠎ᠡ ᠬᠤᠰᠢᠭᠤ ᠲᠣᠭᠤᠷᠢᠭ ᠤᠨ ᠠᠷᠠᠳ  ᠤᠨ ᠵᠠᠰᠠᠭ ᠤᠨ ᠣᠷᠳᠣᠨ᠂ ᠬᠢᠶ᠎ᠡ ᠪᠠᠭᠰᠢ ᠰᠢᠨ᠎ᠡ ᠲᠣᠭᠤᠷᠢᠭ  ᠤᠨ ᠬᠠᠮᠢᠶᠠᠷᠣᠯᠳᠠ ᠶᠢᠨ ᠵᠦᠪᠯᠡᠯ᠂ ᠬᠤᠳᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ᠄    ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠬᠡᠳ᠂  ︽ᠣᠷᠳᠣᠰ ᠬᠤᠳᠠ ᠶᠢᠨ ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ ᠶᠢ ᠬᠦᠨᠵᠡᠬᠡᠢ ᠠᠭᠤᠰᠣᠯᠴᠠᠭᠤᠯᠬᠤ ᠬᠡᠷᠡᠭᠵᠢᠭᠦᠯᠬᠦ ᠲᠦᠰᠦᠯ︾ ᠎ ᠢ ᠡᠳᠦᠬᠡ ᠲᠠᠨᠠᠷ ᠲᠤ ᠲᠠᠷᠣᠮᠠᠯᠯᠠᠨ ᠶᠠᠪᠣᠭᠤᠯᠣᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠭᠦᠯᠰᠦᠬᠡᠢ᠃                                  ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ                              2013 ᠣᠨ ᠤ 2 ᠳ᠋ᠣᠭᠠᠷ ᠰᠠᠷ᠎ᠠ ᠶᠢᠨ 6᠎ ᠤ ᠡᠳᠦᠷ          ᠣᠷᠳᠣᠰ ᠬᠤᠳᠠ  ᠶᠢᠨ ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ          ᠎ ᠶᠢ  ᠬᠦᠨᠵᠡᠬᠡᠢ  ᠠᠭᠤᠰᠣᠯᠴᠠᠭᠤᠯᠬᠤ ᠬᠡᠷᠡᠭᠵᠢᠭᠦᠯᠬᠦ ᠲᠦᠰᠦᠯ    ᠴᠢᠮᠡᠭᠡ ᠵᠠᠩᠬᠢᠴᠢᠯᠠᠯᠳᠠ ᠪᠠ ᠠᠵᠣ ᠣᠶᠢᠯᠡᠳᠪᠦᠷᠢᠵᠢᠯᠳᠡ  ᠶᠢ ᠠᠭᠤᠰᠣᠯᠴᠠᠭᠤᠯᠬᠤ  ᠶᠢ ᠶᠡᠬᠡᠪᠡᠷ ᠠᠬᠢᠭᠤᠯᠬᠤ ᠪᠣᠯ ᠲᠡᠯᠡᠬᠡᠢ  ᠶᠢᠨ ᠴᠢᠮᠡᠭᠡ ᠵᠠᠩᠬᠢᠴᠢᠯᠠᠯᠳᠠ  ᠶᠢᠨ ᠬᠦᠭᠵᠢᠯᠳᠡ  ᠶᠢᠨ ᠬᠠᠨᠳᠣᠰᠢ  ᠶᠢ ᠲᠠᠭᠠᠵᠣ᠂ ᠰᠢᠨ᠎ᠡ ᠬᠡᠯᠪᠡᠷᠢ ᠎ ᠶᠢᠨ ᠠᠵᠣ ᠣᠶᠢᠯᠡᠳᠪᠦᠷᠢᠵᠢᠯᠳᠡ  ᠶᠢᠨ ᠵᠠᠮ ᠮᠦᠷ ᠢᠶᠠᠷ ᠵᠠᠮᠨᠠᠬᠤ ᠵᠠᠶᠢᠯᠠᠰᠢ ᠦᠬᠡᠢ ᠰᠣᠩᠭᠤᠯᠳᠠ ᠪᠣᠯᠣᠨ᠎ᠠ᠂ ᠰᠢᠨᠵᠢᠯᠡᠬᠦ ᠣᠬᠠᠭᠠᠨᠴᠢ ᠬᠦᠭᠵᠢᠯᠳᠡ  ᠶᠢᠨ ᠦᠵᠡᠯᠳᠡ  ᠶᠢ ᠨᠠᠶᠢᠳᠠᠪᠦᠷᠢᠵᠢᠭᠤᠯᠵᠣ᠂ ᠡᠶ᠎ᠡ ᠵᠣᠬᠢᠴᠠᠯᠳᠣ ᠨᠡᠶᠢᠬᠡᠮ  ᠢ ᠪᠦᠲᠦᠬᠡᠨ ᠪᠠᠶᠢᠭᠤᠯᠬᠤ ᠪᠦᠲᠦᠮᠵᠢᠲᠠᠢ ᠠᠷᠭ᠎ᠠ ᠵᠠᠮ ᠪᠣᠯᠣᠨ᠎ᠠ᠃ ᠣᠶᠢᠷ᠎ᠠ ᠶᠢᠨ ᠵᠢᠯ  ᠳᠤ᠂ ᠮᠠᠨ ᠤ ᠬᠤᠳᠠ ᠲᠣᠭᠠᠴᠠᠯᠠᠭᠰᠠᠨ ᠣᠷᠳᠣᠰ ᠤᠨ ᠪᠦᠲᠦᠬᠡᠨ ᠪᠠᠶᠢᠭᠤᠯᠣᠯᠳᠠ  ᠶᠢ ᠶᠡᠬᠡᠪᠡᠷ ᠠᠬᠢᠭᠤᠯᠵᠣ᠂ ᠴᠢᠮᠡᠭᠡ ᠵᠠᠩᠬᠢ  ᠶᠢᠨ ᠮᠡᠷᠭᠡᠵᠢᠯ  ᠢ ᠠᠵᠣ ᠠᠬᠤᠢ ᠪᠠ ᠨᠡᠶᠢᠬᠡᠮ  ᠤᠨ ᠡᠯ᠎ᠡ ᠬᠦᠷᠢᠶ᠎ᠡ ᠬᠡᠪᠴᠢᠶᠡᠨ  ᠳᠤ ᠦᠷᠬᠡᠨ  ᠢᠶᠠᠷ ᠬᠡᠷᠡᠭᠯᠡᠬᠦ  ᠶᠢ ᠪᠦᠬᠦ ᠲᠠᠯ᠎ᠠ  ᠪᠠᠷ ᠠᠬᠢᠭᠤᠯᠵᠣ᠂ ᠪᠦᠬᠦ ᠬᠤᠳᠠ  ᠶᠢᠨ ᠴᠢᠮᠡᠭᠡ ᠵᠠᠩᠬᠢᠴᠢᠯᠠᠯᠳᠠ  ᠶᠢᠨ ᠶᠡᠷᠦᠩᠬᠡᠢ ᠬᠢᠷᠢ ᠲᠦᠪᠰᠢᠨ ᠰᠢᠨ᠎ᠡ ᠲᠡᠭᠳᠡᠷ  ᠲᠤ ᠭᠠᠷᠴᠣ᠂ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭᠠᠨ  ᠳᠤ ᠮᠠᠨ ᠤ ᠬᠤᠳᠠ  ᠶᠢᠨ ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ ᠶᠢ ᠬᠦᠨᠵᠡᠬᠡᠢ  ᠠᠭᠤᠰᠣᠯᠴᠠᠭᠤᠯᠬᠤ  ᠶᠢ ᠠᠬᠢᠭᠤᠯᠬᠤ  ᠳᠤ ᠪᠠᠳᠣ ᠪᠠᠬᠢ ᠰᠠᠭᠤᠷᠢ ᠲᠠᠯᠪᠢᠪᠠ᠃ ᠬᠡᠳᠡᠯ᠎ᠡ᠂ ᠪᠦᠬᠦ ᠬᠤᠳᠠ  ᠶᠢᠨ ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ  ᠶᠢ ᠠᠭᠤᠰᠣᠯᠴᠠᠭᠤᠯᠬᠤ ᠨᠢ ᠮᠦᠨ ᠯᠠ ᠡᠬᠢᠯᠡᠯᠳᠡ ᠪᠠ ᠰᠦᠪᠡᠭᠴᠢᠯᠡᠯᠳᠡ  ᠶᠢᠨ ᠱᠠᠳᠣ ᠦᠶ᠎ᠡ ᠎ ᠳᠤ ᠣᠷᠣᠰᠢᠵᠣ᠂ ᠣᠯᠠᠨ ᠠᠷᠪᠢᠨ ᠠᠰᠠᠭᠤᠳᠠᠯ ᠪᠠ ᠬᠠᠷᠰᠢ ᠰᠠᠭᠠᠳ ᠲᠣᠯᠭᠠᠷᠠᠵᠣ ᠪᠠᠶᠢᠨ᠎ᠠ᠃ ᠨᠢᠭᠡ ᠳᠤ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ ᠦᠵᠡᠯ ᠰᠠᠨᠠᠭ᠎ᠠ ᠲᠠᠨᠢᠯᠳᠠ ᠶᠢᠨ ᠬᠢᠷᠢ ᠲᠦᠪᠰᠢᠨ  ᠢ ᠲᠡᠭᠡᠭᠰᠢᠯᠡᠭᠦᠯᠬᠦ ᠴᠢᠬᠤᠯᠠ ᠲᠠᠢ ᠪᠠᠶᠢᠵᠣ᠂ ᠬᠦᠭᠵᠢᠯᠳᠡ  ᠶᠢᠨ ᠣᠷᠴᠢᠨ ᠲᠣᠭᠤᠷᠢᠨ ᠪᠠ ᠣᠷᠴᠢᠨ ᠠᠬᠤᠢ  ᠶᠢ ᠲᠡᠭᠦᠯᠳᠡᠷᠵᠢᠭᠦᠯᠬᠦ  ᠴᠢᠬᠤᠯᠠ ᠲᠠᠢ ᠪᠠᠶᠢᠨ᠎ᠠ︔ ᠬᠤᠶᠠᠷ  ᠲᠤ ᠪᠦᠬᠦ ᠬᠤᠳᠠ ᠎ ᠶᠢᠨ ᠰᠠᠭᠤᠭᠠᠯᠢ ᠠᠷᠠᠳ  ᠤᠨ ᠴᠢᠮᠡᠭᠡ ᠵᠠᠩᠬᠢᠴᠢᠯᠠᠯᠳᠠ  ᠶᠢᠨ ᠪᠦᠬᠦᠯᠢ ᠴᠣᠭᠴᠠ  ᠶᠢᠨ ᠬᠡᠪ ᠴᠢᠨᠠᠷ  ᠢ ᠲᠡᠭᠡᠭᠰᠢᠯᠡᠭᠦᠯᠬᠦ ᠴᠢᠬᠤᠯᠠ ᠲᠠᠢ ᠪᠠᠶᠢᠵᠣ᠂ ᠴᠢᠮᠡᠭᠡ ᠵᠠᠩᠬᠢᠴᠢᠯᠠᠯᠳᠠ  ᠶᠢ ᠣᠬᠠᠭᠤᠯᠣᠨ ᠲᠡᠯᠬᠡᠷᠡᠭᠦᠯᠬᠦ᠂ ᠡᠯ᠎ᠡ ᠲᠡᠰ ᠲᠠᠪᠬᠤᠷᠭᠠᠨ  ᠤ ᠴᠢᠮᠡᠭᠡ ᠵᠠᠩᠬᠢᠴᠢᠯᠠᠯᠳᠠ  ᠶᠢᠨ ᠰᠣᠷᠭᠠᠨ ᠬᠦᠮᠦᠵᠢᠯ  ᠤᠨ ᠠᠵᠢᠯ  ᠢ ᠶᠡᠬᠡᠪᠡᠷ ᠠᠬᠢᠭᠤᠯᠬᠤ ᠴᠢᠬᠤᠯᠠ ᠲᠠᠢ ᠪᠠᠶᠢᠨ᠎ᠠ︔ ᠭᠤᠷᠪᠠ  ᠳᠤ ᠴᠢᠮᠡᠭᠡ ᠵᠠᠩᠬᠢ  ᠶᠢᠨ ᠮᠡᠷᠭᠡᠵᠢᠯ  ᠤᠨ ᠣᠶᠢᠯᠡᠴᠢᠯᠡᠬᠡᠨ  ᠤ ᠴᠢᠳᠠᠪᠦᠷᠢ ᠬᠦᠷᠦᠯᠴᠡᠬᠦ ᠦᠬᠡᠢ᠂ ᠴᠢᠮᠡᠭᠡ ᠵᠠᠩᠬᠢᠴᠢᠯᠠᠯᠳᠠ  ᠶᠢᠨ ᠣᠶᠢᠯᠡᠴᠢᠯᠡᠬᠡᠨ ᠤ ᠠᠵᠣ ᠠᠬᠤᠶᠢᠯᠠᠯ ᠲᠣᠳᠠᠮᠠᠭ ᠪᠠᠶᠢᠨ᠎ᠠ︔ ᠲᠦᠷᠪᠡ  ᠳᠤ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ ᠶᠢᠨ ᠪᠦᠲᠦᠬᠡᠨ ᠪᠠᠶᠢᠭᠤᠯᠣᠯᠳᠠ  ᠶᠢᠨ ᠬᠠᠷᠠᠯᠳᠠ ᠲᠣᠳᠣᠷᠬᠠᠢ ᠦᠬᠡᠢ ᠪᠠᠶᠢᠵᠣ᠂ ᠵᠢᠯᠣᠭᠤᠳᠣᠯᠭ᠎ᠠ ᠲᠤᠳᠠᠮᠠᠭ ᠪᠠᠶᠢᠨ᠎ᠠ︔ ᠲᠠᠪᠤ  ᠳᠤ ᠠᠬᠢᠭᠤᠯᠬᠤ ᠰᠢᠰᠲ᠋ᠧᠮᠵᠢ  ᠶᠢ ᠲᠡᠭᠦᠯᠳᠡᠷᠵᠢᠭᠦᠯᠬᠦ ᠴᠢᠬᠤᠯᠠ ᠲᠠᠢ ᠪᠠᠶᠢᠵᠣ᠂ ᠬᠤᠯᠪᠣᠭᠳᠠᠯ ᠪᠦᠬᠦᠢ ᠲᠦᠷᠦ  ᠶᠢᠨ ᠪᠣᠳᠣᠯᠭ᠎ᠠ᠂ ᠵᠣᠬᠢᠶᠠᠨ ᠪᠠᠶᠢᠭᠤᠯᠣᠯᠳᠠ  ᠶᠢᠨ ᠲᠦᠷᠢᠮ  ᠤᠨ ᠲᠣᠬᠢᠷᠠᠭᠤᠯᠣᠯᠳᠠ ᠵᠡᠷᠬᠡ ᠲᠤᠳᠠᠭᠳᠠᠵᠤ ᠪᠠᠶᠢᠨ᠎ᠠ᠃ ᠪᠦᠬᠦ ᠬᠤᠳᠠ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠠᠵᠢᠯ  ᠢ ᠲᠦᠷᠬᠡᠨ  ᠢᠶᠠᠷ ᠠᠬᠢᠭᠤᠯᠵᠣ᠂ ᠠᠵᠣ ᠣᠶᠢᠯᠡᠰ  ᠤᠨ ᠪᠦᠲᠦᠴᠡ  ᠶᠢᠨ ᠲᠣᠬᠢᠷᠠᠭᠤᠯᠣᠯᠳᠠ ᠪᠠ ᠰᠢᠯᠢᠳᠡᠭᠵᠢᠭᠦᠯᠦᠨ ᠲᠡᠰ ᠲᠡᠪᠰᠢᠭᠦᠯᠬᠦ ᠎ ᠶᠢ ᠠᠬᠢᠭᠤᠯᠬᠤ ᠶᠢᠨ ᠲᠣᠰᠠᠳᠠ᠂ ᠲᠣᠰ ᠲᠦᠰᠦᠯ  ᠢ ᠲᠣᠭᠳᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ᠂ ᠵᠠᠷᠴᠢᠮ ᠪᠠ ᠬᠠᠷᠠᠯᠳᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢᠨᠵᠢᠯᠡᠬᠦ ᠣᠬᠠᠭᠠᠨᠴᠢ ᠬᠦᠭᠵᠢᠯᠳᠡ  ᠶᠢᠨ ᠦᠵᠡᠯᠳᠡ  ᠪᠠᠷ ᠵᠢᠯᠣᠭᠤᠳᠣᠯᠭ᠎ᠠ ᠪᠣᠯᠭᠠᠨ᠂ ᠣᠯᠣᠰ  ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠪᠠᠶᠢᠯᠳᠣᠬᠤ ᠪᠣᠳᠣᠯᠭ᠎ᠠ  ᠪᠠᠷ ᠵᠠᠪᠰᠢᠶᠠᠨ ᠪᠣᠯᠭᠠᠵᠣ᠂ ᠣᠷᠳᠣᠰ  ᠤᠨ ᠠᠵᠣ ᠣᠶᠢᠯᠡᠰ  ᠤᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠭᠦᠯᠬᠦ ᠪᠠ ︽ᠲᠣᠭᠠᠴᠠᠯᠠᠭᠰᠠᠨ ᠣᠷᠳᠣᠰ︾ ᠎ ᠤᠨ ᠪᠦᠲᠦᠬᠡᠨ ᠪᠠᠶᠢᠭᠤᠯᠣᠯᠳᠠ ᠶᠢᠨ ᠱᠠᠭᠠᠷᠳᠠᠯᠭ᠎ᠠ ᠲᠠᠢ ᠰᠠᠨᠠᠭᠠᠴᠢᠯᠭ᠎ᠠ ᠠᠴᠠ  ᠪᠠᠨ ᠵᠣᠬᠢᠴᠠᠯᠳᠣᠭᠤᠯᠣᠨ᠎ᠠ᠃ ᠠᠵᠣ ᠠᠬᠤᠶᠢᠯᠠᠯ  ᠤᠨ ᠣᠶᠢᠯᠡᠳᠪᠦᠷᠢᠯᠡᠯ  ᠤᠨ ᠠᠦ᠋ᠲ᠋ᠣᠴᠢᠯᠠᠯᠳᠠ ᠪᠠ ᠬᠠᠮᠢᠶᠠᠷᠣᠯᠳᠠ  ᠶᠢᠨ ᠴᠢᠮᠡᠭᠡ ᠵᠠᠩᠬᠢᠴᠢᠯᠠᠯᠳᠠ  ᠶᠢ ᠲᠡᠭᠡᠭᠰᠢᠯᠡᠭᠦᠯᠬᠦ  ᠪᠠᠷ ᠵᠣᠷᠢᠯᠳᠠ ᠪᠣᠯᠭᠠᠨ᠂ ︽ᠣᠬᠠᠮᠰᠠᠷ  ᠢ ᠴᠢᠩᠭᠠᠳᠬᠠᠵᠣ᠂ ᠣᠨᠴᠠᠯᠢᠭ  ᠢ ᠲᠣᠪᠣᠶᠢᠯᠭᠠᠵᠣ᠂ ᠵᠢᠱᠢᠶ᠎ᠡ ᠦᠵᠡᠭᠦᠯᠬᠦ  ᠶᠢ ᠴᠢᠩᠭ᠎ᠠ ᠠᠳᠬᠤᠨ᠂ ᠲᠠᠪᠴᠠᠩ  ᠢᠶᠠᠷ ᠲᠠᠮᠵᠢᠨ ᠲᠡᠯᠬᠡᠷᠡᠭᠦᠯᠬᠦ︾ ᠶᠡᠷᠦᠩᠬᠡᠢ ᠰᠡᠳᠬᠢᠴᠨ  ᠪᠠᠷ᠂ ᠲᠦᠷᠦ  ᠶᠢᠨ ᠪᠣᠳᠣᠯᠭ᠎ᠠ ᠶᠢᠨ ᠰᠢᠰᠲ᠋ᠧᠮᠵᠢ ᠪᠠ ᠵᠣᠬᠢᠶᠠᠨ  ᠪᠠᠶᠢᠭᠤᠯᠬᠤ ᠲᠣᠭᠳᠠᠴᠠ  ᠶᠢᠨ ᠪᠠᠶᠢᠭᠤᠯᠣᠯᠳᠠ  ᠶᠢ ᠲᠡᠭᠦᠯᠳᠡᠷᠵᠢᠭᠦᠯᠬᠦ  ᠪᠠᠷ ᠲᠠᠮᠵᠢᠨ᠂ ᠪᠦᠬᠦ ᠠᠷᠠᠳ  ᠤᠨ ᠴᠢᠮᠡᠭᠡ ᠵᠠᠩᠬᠢᠴᠢᠯᠠᠯᠳᠠ  ᠶᠢᠨ ᠬᠡᠪ ᠴᠢᠨᠠᠷ ᠢ ᠶᠡᠬᠡᠪᠡᠷ ᠲᠡᠭᠡᠭᠰᠢᠯᠡᠭᠦᠯᠦᠨ᠎ᠡ᠃ ᠨᠡᠭᠦᠷᠡᠰᠦ᠂ ᠬᠢᠮᠢ  ᠶᠢᠨ ᠠᠵᠣ ᠣᠶᠢᠯᠡᠳᠪᠦᠷᠢ᠂ ᠲᠣᠨᠣᠭᠯᠠᠯ ᠣᠶᠢᠯᠡᠳᠬᠦ ᠵᠡᠷᠬᠡ ᠣᠨᠴᠠᠯᠢᠭᠳᠣ ᠠᠵᠢᠯ ᠲᠦᠷᠦᠯ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ ᠶᠢ ᠦᠨᠡᠨᠬᠦ ᠠᠬᠢᠭᠤᠯᠵᠣ᠂ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠣᠨ ᠬᠦᠭᠵᠢᠭᠦᠯᠬᠦ ᠲᠣᠯᠭᠠᠭᠤᠷᠢᠯᠠᠬᠤ ᠣᠷᠴᠢᠨ ᠲᠣᠭᠤᠷᠢᠨ ᠢᠯᠡᠳᠳᠡ ᠰᠠᠶᠢᠵᠢᠷᠠᠭᠰᠠᠨ᠂ ᠴᠢᠮᠡᠭᠡ ᠵᠠᠩᠬᠢ ᠶᠢᠨ ᠮᠡᠷᠭᠡᠵᠢᠯ ᠎ ᠨᠢ ᠠᠵᠣ ᠣᠶᠢᠯᠡᠳᠪᠦᠷᠢ  ᠶᠢᠨ ᠣᠶᠢᠯᠡᠳᠪᠦᠷᠢᠯᠡᠯ ᠡᠵᠡᠩᠨᠡᠯᠳᠡ ᠲᠠᠢ ᠬᠦᠨᠵᠡᠬᠡᠢ ᠠᠭᠤᠰᠣᠯᠴᠠᠭᠰᠠᠨ᠂ ᠴᠢᠮᠡᠭᠡ ᠵᠠᠩᠬᠢ ᠎ ᠶᠢᠨ ᠠᠵᠣ ᠣᠶᠢᠯᠡᠰ ᠪᠠ ᠣᠯᠠᠮᠵᠢᠯᠠᠯᠳᠣ ᠠᠵᠣ ᠣᠶᠢᠯᠡᠰ  ᠬᠠᠷᠢᠯᠴᠠᠨ ᠠᠬᠢᠭᠤᠯᠴᠠᠨ ᠬᠦᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠣ᠂ ᠠᠵᠣ ᠣᠶᠢᠯᠡᠰ ᠢ ᠰᠢᠯᠢᠳᠡᠭᠵᠢᠭᠦᠯᠦᠨ ᠲᠡᠰ ᠲᠡᠪᠰᠢᠭᠦᠯᠬᠦ  ᠶᠢ ᠲᠦᠷᠬᠡᠳᠬᠡᠨ᠎ᠡ᠃    ︵ᠬᠤᠶᠠᠷ︶ ᠦᠨᠳᠦᠰᠦᠨ ᠵᠠᠷᠴᠢᠮ    — ᠲᠦᠯᠦᠪᠵᠢᠭᠦᠯᠬᠡ  ᠶᠢ ᠨᠢᠭᠡᠳᠣᠯᠲᠠᠢ ᠲᠦᠯᠦᠪᠯᠡᠵᠣ᠂ ᠲᠦᠷᠦᠯ ᠬᠤᠪᠢᠶᠠᠨ ᠠᠬᠢᠭᠤᠯᠣᠨ᠎ᠠ᠃ ᠪᠦᠬᠦ ᠬᠤᠳᠠ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠠᠵᠢᠯ  ᠢ ᠨᠢᠭᠡᠳᠣᠯᠲᠠᠢ ᠲᠦᠯᠦᠪᠯᠡᠬᠦ ᠭᠦᠴᠦᠯᠡᠴᠡ  ᠶᠢ ᠴᠢᠩᠭᠠᠳᠬᠠᠵᠣ᠂ ᠴᠢᠮᠡᠭᠡ ᠵᠠᠩᠬᠢ  ᠶᠢᠨ ᠰᠠᠭᠤᠷᠢ ᠲᠦᠭᠦᠭᠡᠷᠣᠮᠵᠢ  ᠶᠢ ᠴᠢᠨᠠᠭᠰᠢᠳᠠ ᠲᠡᠭᠦᠯᠳᠡᠷᠵᠢᠭᠦᠯᠵᠣ᠂ ᠣᠯᠠᠨ ᠨᠡᠶᠢᠳᠡ ᠶᠢᠨ ᠴᠢᠮᠡᠭᠡ ᠵᠠᠩᠬᠢ  ᠶᠢᠨ ᠣᠶᠢᠯᠡᠴᠢᠯᠡᠬᠡᠨ  ᠤ ᠲᠠᠪᠴᠠᠩ ᠪᠠ ᠲᠣᠯᠭᠠᠭᠤᠷᠢᠯᠠᠬᠤ ᠰᠢᠰᠲ᠋ᠧᠮᠵᠢ  ᠶᠢ ᠪᠠᠶᠢᠭᠤᠯᠵᠣ᠂ ᠪᠦᠬᠦ ᠲᠠᠯ᠎ᠠ  ᠶᠢ ᠵᠢᠯᠣᠭᠤᠳᠬᠤ ᠠᠵᠢᠯ  ᠤᠨ ᠲᠣᠭᠳᠠᠴᠠ ᠪᠠ ᠠᠬᠢᠭᠤᠯᠬᠤ ᠲᠦᠰᠦᠯ ᠢ ᠪᠦᠷᠢᠯᠳᠦᠭᠦᠯᠦᠨ᠎ᠡ᠃ ᠲᠠᠪᠠᠭᠤᠯᠢᠭ ᠠᠵᠣ ᠣᠶᠢᠯᠡᠰ  ᠤᠨ ᠲᠣᠭᠤᠷᠢᠨ  ᠳᠤ᠂ ᠠᠵᠢᠯ ᠲᠦᠷᠦᠯ᠂ ᠠᠵᠣ ᠠᠬᠤᠶᠢᠯᠠᠯ ‍ᠣᠨ‌ᠣᠨᠴᠠᠯᠢᠭ  ᠢ ᠦᠨᠳᠦᠰᠦᠯᠡᠨ᠂ ᠴᠢᠮᠡᠭᠡ ᠵᠠᠩᠬᠢᠴᠢᠯᠠᠯᠳᠠ  ᠶᠢ ᠠᠵᠣ ᠣᠶᠢᠯᠡᠳᠪᠦᠷᠢ ᠎ ᠶᠢᠨ ᠡᠯ᠎ᠡ ᠬᠦᠷᠢᠶ᠎ᠡ ᠬᠡᠪᠴᠢᠶ᠎ᠡ᠂ ᠠᠵᠣ ᠠᠬᠤᠶᠢᠯᠠᠯ  ᠤᠨ ᠲᠣᠮᠳᠠ ᠠᠭᠤᠰᠣᠯᠴᠠᠭᠤᠯᠣᠨ ᠬᠦᠭᠵᠢᠭᠦᠯᠬᠦ  ᠶᠢ ᠰᠢᠨᠵᠢᠯᠡᠬᠦ ᠣᠬᠠᠭᠠᠨᠴᠢ  ᠪᠠᠷ ᠠᠬᠢᠭᠤᠯᠵᠣ᠂ ᠲᠣᠰ ᠲᠣᠰ  ᠤᠨ ᠭᠤᠣᠯᠳᠠᠯᠭ᠎ᠠ ᠲᠠᠢ ᠪᠠᠶᠢᠬᠤ ᠠᠬᠢᠭᠤᠯᠬᠤ ᠪᠠᠶᠢᠳᠠᠯ  ᠢ ᠪᠦᠷᠢᠯᠳᠦᠭᠦᠯᠦᠨ᠎ᠡ᠃    — ᠴᠡᠭ  ᠢᠶᠠᠷ ᠪᠦᠬᠦ ᠲᠠᠯ᠎ᠠ  ᠶᠢ ᠲᠠᠶᠢᠴᠢᠯᠠᠵᠣ᠂ ᠴᠡᠭ ᠪᠠ ᠪᠦᠬᠦ ᠲᠠᠯ᠎ᠠ  ᠶᠢ ᠣᠶᠠᠯᠳᠣᠭᠤᠯᠣᠨ᠎ᠠ᠃ ᠠᠵᠣ ᠠᠬᠤᠶᠢᠯᠠᠯ  ᠤᠨ ᠬᠦᠷᠢᠶ᠎ᠡ ᠬᠡᠪᠴᠢᠶ᠎ᠡ᠂ ᠠᠵᠢᠯ ᠲᠦᠷᠦᠯ  ᠤᠨ ᠣᠨᠴᠠᠯᠢᠭ ᠪᠠ ᠬᠦᠭᠵᠢᠯᠳᠡ  ᠶᠢᠨ ᠱᠠᠳᠣ ᠦᠶ᠎ᠡ  ᠶᠢ ᠦᠨᠳᠦᠰᠦᠯᠡᠨ᠂ ᠨᠢᠭᠡ ᠪᠦᠯᠦᠭ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠵᠢᠱᠢᠶ᠎ᠠ ᠦᠵᠡᠬᠦᠯᠬᠦ ᠲᠦᠷᠦᠯ ᠵᠣᠶᠢᠯ  ᠢ ᠣᠷᠣᠨ ᠲᠣᠭᠤᠷᠢᠭ᠂ ᠠᠵᠢᠯ ᠲᠦᠷᠦᠯ ᠬᠤᠪᠢᠶᠠᠨ ᠬᠡᠷᠡᠭᠵᠢᠭᠦᠯᠵᠣ᠂ ᠨᠢᠭᠡ ᠪᠦᠯᠦᠭ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠵᠢᠱᠢᠶ᠎ᠡ ᠦᠵᠡᠬᠦᠯᠬᠦ ᠠᠵᠣ ᠠᠬᠤᠶᠢᠯᠠᠯ  ᠢ ᠲᠣᠭᠳᠠᠭᠠᠵᠣ᠂ ᠭᠦᠴᠦᠨ ᠪᠠ ᠡᠬᠢ ᠪᠠᠶᠠᠯᠢᠭ  ᠢ ᠲᠦᠪᠯᠡᠷᠡᠭᠦᠯᠦᠨ ᠣᠨᠴᠠᠯᠢᠭᠳᠣ ᠠᠵᠢᠯ ᠲᠦᠷᠦᠯ ᠪᠠ ᠭᠤᠣᠯᠯᠠᠭᠴᠢ ᠠᠵᠣ ᠠᠬᠤᠶᠢᠯᠠᠯ  ᠤᠨ ᠲᠣᠮᠳᠠ ᠣᠷᠢᠳᠠᠪᠠᠷ ᠰᠢᠪᠳᠣᠯᠣᠯᠳᠠ ᠣᠯᠵᠣ᠂ ᠵᠢᠱᠢᠶ᠎ᠡ ᠦᠵᠡᠭᠦᠯᠦᠨ ᠲᠡᠯᠭᠡᠷᠡᠭᠦᠯᠬᠦ ᠣᠶᠢᠯᠡᠳᠣᠯ  ᠢ ᠪᠦᠷᠢᠯᠳᠦᠭᠦᠯᠵᠣ᠂ ᠪᠦᠬᠦ ᠬᠤᠳᠠ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠲᠠᠶᠢᠴᠢᠯᠠᠨ ᠲᠦᠷᠭᠡᠨ  ᠢᠶᠠᠷ ᠬᠦᠭᠵᠢᠭᠦᠯᠦᠨ᠎ᠡ᠃    — ᠵᠠᠰᠠᠭ  ᠤᠨ ᠣᠷᠳᠣᠨ  ᠢᠶᠠᠷ ᠠᠬᠢᠭᠤᠯᠵᠣ᠂ ᠠᠵᠣ ᠠᠬᠤᠶᠢᠯᠠᠯ  ᠢᠶᠠᠷ ᠭᠤᠣᠯᠯᠠᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠠᠵᠢᠯ ᠲᠦᠷᠦᠯ  ᠤᠨ ᠭᠤᠣᠯᠳᠠᠯᠭ᠎ᠠ ᠲᠠᠢ ᠠᠵᠢᠯ ᠲᠠᠢ ᠣᠶᠠᠯᠳᠣᠭᠤᠯᠵᠣ᠂ ᠪᠡᠯᠡ  ᠮᠦᠩᠭᠦᠨ  ᠤ ᠲᠡᠮᠵᠢᠯᠬᠡ᠂ ᠲᠠᠪᠴᠠᠩ  ᠤᠨ ᠪᠠᠶᠢᠭᠤᠯᠣᠯᠳᠠ᠂ ᠴᠢᠳᠠᠪᠦᠷᠢᠳᠠᠨ  ᠤ ᠪᠣᠯᠪᠠᠰᠣᠷᠠᠯ ᠵᠡᠷᠬᠡ ᠲᠦᠷᠦ  ᠶᠢᠨ ᠪᠣᠳᠣᠯᠭ᠎ᠠ ᠎ ᠶᠢᠨ ᠲᠡᠮᠵᠢᠯᠬᠡ  ᠶᠢᠨ ᠭᠦᠴᠦᠯᠡᠴᠡ  ᠶᠢ ᠨᠡᠮᠡᠭᠳᠡᠭᠦᠯᠵᠣ᠂ ᠠᠵᠣ ᠠᠬᠤᠶᠢᠯᠠᠯ  ᠢ ᠲᠦᠯᠦᠪᠯᠡᠭᠡ ᠲᠠᠢ᠂ ᠠᠯᠬᠤᠮ ᠲᠠᠷᠠᠭᠠᠯᠠᠯ ᠲᠠᠢ  ᠪᠠᠷ ᠲᠠᠭᠠᠭᠤᠯᠣᠨ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠯᠳᠠ  ᠶᠢ ᠠᠬᠢᠭᠤᠯᠣᠨ᠎ᠠ᠃ ᠠᠵᠣ ᠠᠬᠤᠶᠢᠯᠠᠯ  ᠤᠨ ᠭᠤᠣᠯᠯᠠᠬᠤ ᠣᠶᠢᠯᠡᠳᠣᠯ  ᠢ ᠭᠦᠢᠴᠡᠳ ᠪᠠᠳᠠᠷᠠᠭᠤᠯᠵᠣ᠂ ᠠᠵᠣ ᠠᠬᠤᠶᠢᠯᠠᠯ  ᠤᠨ ᠴᠢᠮᠡᠭᠡ ᠵᠠᠩᠬᠢ ᠎ ᠶᠢᠨ ᠮᠡᠷᠭᠡᠵᠢᠯ ᠢ ᠬᠡᠷᠡᠭᠯᠡᠨ ᠣᠯᠠᠮᠵᠢᠯᠠᠯᠳᠣ ᠠᠵᠣ ᠣᠶᠢᠯᠡᠰ  ᠢ ᠦᠬᠡᠷᠡᠴᠢᠯᠡᠵᠣ᠂ ᠠᠵᠣ ᠣᠶᠢᠯᠡᠰ ᠤᠨ ᠴᠢᠳᠠᠪᠦᠷᠢ ᠎ ᠶᠢ ᠲᠡᠭᠡᠭᠰᠢᠯᠡᠭᠦᠯᠬᠦ ᠢᠳᠡᠪᠬᠢᠵᠢᠯ  ᠢ ᠪᠠᠳᠠᠷᠠᠭᠤᠯᠵᠣ᠂ ᠣᠶᠢᠯᠡᠳᠪᠦᠷᠢᠯᠡᠬᠦ ᠰᠣᠷᠣᠯᠴᠠᠬᠤ ᠰᠣᠳᠣᠯᠬᠤ ᠬᠡᠷᠡᠭᠯᠡᠬᠦ  ᠶᠢ ᠣᠶᠠᠯᠳᠣᠭᠤᠯᠬᠤ  ᠶᠢ ᠠᠬᠢᠭᠤᠯᠣᠨ᠎ᠠ᠃    — ᠣᠬᠠᠭᠤᠯᠬᠤ  ᠶᠢ ᠴᠢᠩᠭᠠᠳᠬᠠᠵᠣ᠂ ᠣᠷᠴᠢᠨ ᠲᠣᠭᠤᠷᠢᠨ  ᠢ ᠪᠣᠢ ᠪᠣᠯᠭᠠᠨ᠎ᠠ᠃ ᠪᠦᠬᠦ ᠬᠤᠳᠠ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠠᠵᠢᠯ  ᠢ ᠣᠬᠠᠭᠤᠯᠣᠨ ᠲᠡᠯᠭᠡᠷᠡᠬᠦᠯᠬᠦ ᠭᠦᠴᠦᠯᠡᠴᠡ  ᠶᠢ ᠨᠡᠮᠡᠭᠳᠡᠭᠦᠯᠵᠣ᠂ ᠵᠠᠰᠠᠭ  ᠤᠨ ᠣᠷᠳᠣᠨ  ᠤ ᠪᠠᠶᠢᠭᠤᠯᠭ᠎ᠠ  ᠶᠢᠨ ᠠᠵᠢᠯᠳᠠᠨ᠂ ᠠᠵᠣ ᠠᠬᠤᠶᠢᠯᠠᠯ  ᠤᠨ ᠬᠠᠮᠢᠶᠠᠷᠣᠯᠳᠠ  ᠶᠢᠨ ᠠᠵᠢᠯᠳᠠᠨ᠂ ᠨᠡᠶᠢᠬᠡᠮ  ᠤᠨ ᠣᠯᠠᠨ ᠨᠡᠶᠢᠳᠡ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠴᠠᠭᠤᠯᠬᠤ ᠲᠣᠬᠠᠢ ᠲᠠᠨᠢᠯᠳᠠ  ᠶᠢᠨ ᠬᠢᠷᠢ ᠲᠦᠪᠰᠢᠨ  ᠢ ᠲᠡᠭᠡᠭᠰᠢᠯᠡᠭᠦᠯᠵᠣ᠂ ᠪᠦᠬᠦ ᠨᠡᠶᠢᠬᠡᠮ ᠢᠶᠠᠷ  ᠢᠶᠠᠨ ᠬᠠᠮᠳᠣᠪᠠᠷ ᠣᠷᠣᠯᠴᠠᠬᠤ ᠰᠠᠶᠢᠨ ᠰᠠᠶᠢᠬᠠᠨ ᠪᠠᠶᠢᠳᠠᠯ  ᠢ ᠪᠦᠷᠢᠯᠳᠦᠭᠦᠯᠦᠨ᠎ᠡ᠃ ᠠᠵᠣ ᠣᠶᠢᠯᠡᠰ  ᠤᠨ ᠬᠦᠷᠢᠶᠡᠯᠡᠩ  ᠢᠶᠠᠷ ᠠᠴᠢᠶᠠᠯᠠᠪᠣᠷᠢ ᠪᠣᠯᠭᠠᠵᠣ᠂ ᠨᠡᠶᠢᠳᠡ  ᠶᠢᠨ ᠣᠶᠢᠯᠡᠴᠢᠯᠡᠬᠡᠨ  ᠤ ᠲᠠᠪᠴᠠᠩ  ᠢᠶᠠᠷ ᠲᠦᠰᠢᠭ ᠪᠣᠯᠭᠠᠵᠣ᠂ ᠴᠢᠳᠠᠪᠦᠷᠢᠳᠠᠨ  ᠢ ᠪᠣᠯᠪᠠᠰᠣᠷᠠᠭᠤᠯᠬᠤ  ᠶᠢ ᠴᠢᠩᠭᠠᠳᠬᠠᠵᠣ᠂ ᠰᠠᠭᠤᠷᠢ ᠲᠦᠭᠦᠭᠡᠷᠣᠮᠵᠢ  ᠶᠢᠨ ᠪᠦᠲᠦᠬᠡᠨ ᠪᠠᠶᠢᠭᠤᠯᠣᠯᠳᠠ  ᠶᠢ ᠲᠦᠷᠬᠡᠳᠬᠡᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ  ᠳᠤ ᠰᠠᠶᠢᠨ ᠰᠠᠶᠢᠬᠠᠨ ᠣᠷᠴᠢᠨ ᠲᠣᠭᠤᠷᠢᠨ  ᠢ ᠪᠣᠢ ᠪᠣᠯᠭᠠᠨ᠎ᠠ᠃     ︵ᠭᠤᠷᠪᠠ︶ ᠬᠦᠭᠵᠢᠯᠳᠡ  ᠶᠢᠨ ᠬᠠᠷᠠᠯᠳᠠ    ᠶᠡᠷᠦᠩᠬᠡᠢ ᠬᠠᠷᠠᠯᠳᠠ᠄ 2015 ᠣᠨ ᠬᠦᠷᠬᠦ  ᠳᠤ᠂ ᠪᠦᠬᠦ ᠬᠤᠳᠠ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠶᠡᠷᠦᠩᠬᠡᠶᠢᠯᠡᠭᠰᠡᠨ ᠣᠷᠴᠢᠨ ᠲᠣᠭᠤᠷᠢᠨ  ᠢ ᠢᠯᠡᠳᠳᠡ ᠰᠠᠶᠢᠵᠢᠷᠠᠭᠤᠯᠵᠣ᠂ ᠲᠦᠷᠦ  ᠶᠢᠨ ᠪᠣᠳᠣᠯᠭ᠎ᠠ ᠨᠢ ᠪᠦᠷᠢᠨ ᠲᠡᠭᠦᠯᠳᠡᠷ᠂ ᠲᠣᠭᠳᠠᠴᠠ ᠨᠢ ᠣᠷᠣᠨᠵᠢᠭᠰᠠᠨ᠂ ᠠᠵᠢᠯ ᠎ ᠤᠨ ᠬᠤᠪᠢᠶᠠᠷᠢᠯᠠᠯ ᠨᠢ ᠲᠣᠳᠣᠷᠬᠠᠢ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠠᠵᠢᠯ  ᠢ ᠠᠬᠢᠭᠤᠯᠣᠭᠰᠠᠨ ᠪᠠᠶᠢᠳᠠᠯ  ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠨᠡᠭᠦᠷᠡᠰᠦ᠂ ᠬᠢᠮᠢ  ᠶᠢᠨ ᠠᠵᠣ ᠣᠶᠢᠯᠡᠳᠪᠦᠷᠢ᠂ ᠮᠠᠰᠢᠨ ᠲᠡᠷᠬᠡ ᠪᠠ ᠲᠣᠨᠣᠭᠯᠠᠯ ᠣᠶᠢᠯᠡᠳᠬᠦ ᠵᠡᠷᠬᠡ ᠣᠨᠴᠠᠯᠢᠭᠳᠣ ᠠᠵᠢᠯ ᠲᠦᠷᠦᠯ ᠎ ᠤᠨ ᠣᠶᠢᠯᠡᠳᠪᠦᠷᠢᠯᠡᠯ  ᠤᠨ ᠣᠶᠣᠨᠴᠢᠯᠠᠭᠰᠠᠨ ᠬᠢᠷᠢ ᠲᠦᠪᠰᠢᠨ  ᠢ ᠢᠯᠡᠳᠳᠡ ᠲᠡᠭᠡᠭᠰᠢᠯᠡᠭᠦᠯᠵᠣ᠂ ᠲᠣᠮᠣ ᠲᠣᠮᠳᠠ ᠬᠡᠯᠪᠡᠷᠢ ᠶᠢᠨ ᠠᠵᠣ ᠠᠬᠤᠶᠢᠯᠠᠯ ᠤᠨ ᠬᠠᠮᠢᠶᠠᠷᠣᠯᠳᠠ  ᠶᠢᠨ ᠴᠢᠮᠡᠭᠡ  ᠵᠠᠩᠬᠢᠴᠢᠯᠠᠯᠳᠠ ᠶᠢᠨ  ᠬᠡᠷᠡᠭᠯᠡᠯᠳᠡ  ᠶᠢ ᠡᠯ᠎ᠡ ᠠᠵᠢᠯ ᠲᠦᠷᠦᠯ  ᠳᠤ ᠪᠦᠬᠦ ᠲᠠᠯ᠎ᠠ  ᠪᠠᠷ ᠦᠷᠨᠢᠭᠦᠯᠵᠣ᠂ ᠠᠵᠣ ᠣᠶᠢᠯᠡᠳᠪᠦᠷᠢ  ᠶᠢᠨ ᠬᠦᠷᠢᠶᠡᠯᠡᠩ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ  ᠶᠢᠨ ᠪᠣᠷᠣ ᠲᠦᠯᠦᠪ  ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠴᠢᠮᠡᠭᠡ ᠵᠠᠩᠬᠢ  ᠶᠢᠨ ᠮᠡᠷᠭᠡᠵᠢᠯ  ᠢ ᠡᠨᠧᠷᠬᠢ ᠠᠷᠪᠢᠯᠠᠨ ᠭᠠᠳᠠᠭᠰᠢᠯᠠᠭᠤᠯᠣᠯ  ᠢ ᠪᠠᠭᠠᠰᠬᠠᠬᠤ ᠪᠠ ᠣᠶᠢᠯᠡᠳᠪᠦᠷᠢᠯᠡᠯ  ᠤᠨ ᠠᠶᠣᠯ ᠦᠬᠡᠢ ᠶᠢᠨ ᠬᠠᠮᠢᠶᠠᠷᠣᠯᠳᠠ  ᠶᠢᠨ ᠬᠦᠷᠢᠶ᠎ᠡ ᠬᠡᠪᠴᠢᠶᠡᠨ  ᠳᠤ ᠬᠦᠨᠵᠡᠬᠡᠢ ᠨᠡᠪᠴᠢᠭᠦᠯᠦᠨ᠎ᠡ᠃ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠭᠰᠠᠨ ᠶᠡᠷᠦᠩᠬᠡᠢ ᠬᠢᠷᠢ ᠲᠦᠪᠰᠢᠨ ᠢ ᠰᠢᠨ᠎ᠡ ᠲᠡᠭᠳᠡᠷ  ᠲᠤ ᠭᠠᠷᠭᠠᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠭᠰᠠᠨ ᠭᠦᠢᠴᠡᠳᠬᠡᠯ ᠲᠤᠭ᠎ᠠ  ᠶᠢ 751 ᠎ ᠳᠤ ᠬᠦᠷᠬᠡᠵᠣ᠂ ᠪᠠᠷᠠᠭᠤᠨ ᠣᠷᠣᠨ  ᠤ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠭᠰᠠᠨ ᠵᠢᠱᠢᠶᠡᠴᠢ ᠬᠤᠳᠠ ᠪᠣᠯᠣᠨ᠎ᠠ᠃    ᠪᠣᠳᠠᠳᠠᠢ ᠬᠠᠷᠠᠯᠳᠠ᠄    — ᠣᠨᠴᠠᠯᠢᠭᠳᠣ ᠠᠵᠢᠯ ᠲᠦᠷᠦᠯ  ᠤᠨ ᠣᠶᠢᠯᠡᠳᠪᠦᠷᠢᠯᠡᠯ  ᠤᠨ ᠣᠶᠣᠨᠴᠢᠯᠠᠭᠰᠠᠨ ᠬᠢᠷᠢ ᠲᠦᠪᠰᠢᠨ  ᠢ ᠢᠯᠡᠳᠳᠡ ᠲᠡᠭᠡᠭᠰᠢᠯᠡᠭᠦᠯᠦᠨ᠎ᠡ᠃ ᠴᠢᠮᠡᠭᠡ ᠵᠠᠩᠬᠢ  ᠶᠢᠨ ᠮᠡᠷᠭᠡᠵᠢᠯ  ᠤᠨ ᠨᠡᠭᠦᠷᠡᠰᠦᠨ ᠤ ᠬᠦᠷᠢᠶ᠎ᠡ ᠬᠡᠪᠴᠢᠶᠡᠨ  ᠎ ᠳᠠᠬᠢ ᠬᠡᠷᠡᠭᠯᠡᠯᠳᠡ  ᠶᠢ ᠦᠷᠭᠦᠯᠵᠢᠯᠡᠨ ᠬᠦᠨᠵᠡᠬᠡᠶᠢᠷᠡᠭᠦᠯᠵᠣ᠂ ᠪᠣᠳᠠᠰ  ᠤᠨ ᠰᠦᠯᠵᠢᠶᠡᠵᠢᠭᠦᠯᠦᠯᠳᠡ  ᠶᠢᠨ ᠮᠡᠷᠭᠡᠵᠢᠯ  ᠢᠶᠠᠷ ᠰᠠᠭᠤᠷᠢ ᠪᠣᠯᠭᠠᠭᠰᠠᠨ ᠨᠢᠭᠡ ᠪᠦᠯᠦᠭ ᠲᠣᠭᠠᠴᠠᠯᠠᠭᠰᠠᠨ ᠠᠭᠤᠷᠬᠠᠢ  ᠶᠢ ᠪᠠᠶᠢᠭᠤᠯᠣᠨ᠎ᠠ᠃ ᠨᠡᠭᠦᠷᠡᠰᠦᠨ  ᠤ ᠬᠢᠮᠢ  ᠶᠢᠨ ᠠᠵᠣ ᠣᠶᠢᠯᠡᠳᠪᠦᠷᠢ ᠶᠢᠨ ᠬᠦᠷᠢᠶ᠎ᠡ ᠬᠡᠪᠴᠢᠶᠡᠨ  ᠳᠤ ᠣᠶᠢᠯᠡᠳᠪᠦᠷᠢᠯᠡᠯ  ᠤᠨ ᠣᠷᠠᠯᠠᠯ  ᠤᠨ ᠪᠦᠬᠦ ᠴᠣᠪᠣᠷᠠᠯ  ᠤᠨ ᠡᠵᠡᠮᠰᠢᠯ  ᠢ ᠠᠦ᠋ᠲ᠋ᠣᠴᠢᠯᠠᠬᠤ ᠪᠠ ᠠᠶᠣᠯ ᠦᠬᠡᠢ  ᠶᠢ ᠣᠶᠣᠨᠴᠢᠯᠠᠨ ᠮᠡᠳᠡᠷᠡᠬᠦ ᠶᠢ ᠪᠡᠶᠡᠯᠡᠭᠦᠯᠦᠨ᠎ᠡ᠃ ᠮᠠᠰᠢᠨ ᠲᠡᠷᠬᠡ ᠪᠠ ᠲᠣᠨᠣᠭᠯᠠᠯ ᠣᠶᠢᠯᠡᠳᠬᠦ ᠣᠶᠢᠯᠡᠰ  ᠲᠤ ᠰᠣᠳᠣᠯᠣᠨ ᠨᠡᠬᠡᠬᠡᠵᠣ ᠵᠢᠷᠣᠭᠯᠠᠨ ᠲᠦᠯᠦᠪᠯᠡᠬᠦ᠂ ᠣᠷᠠᠯᠠᠯ ᠪᠠᠷᠢᠯᠭ᠎ᠠ᠂ ᠣᠶᠢᠯᠡᠳᠪᠦᠷᠢᠯᠡᠨ ᠣᠶᠢᠯᠡᠳᠬᠦ ᠪᠦᠬᠦ ᠶᠠᠪᠣᠴᠠ  ᠶᠢ ᠺᠣᠮᠫᠢᠣᠲ᠋ᠧᠷ ᠢᠶᠠᠷ ᠲᠣᠰᠠᠯᠠᠬᠤ  ᠶᠢ ᠦᠨᠳᠦᠰᠦᠨ ᠳᠡᠭᠡᠨ ᠪᠡᠶᠡᠯᠡᠭᠦᠯᠵᠣ᠂ ᠣᠶᠣᠨᠴᠢᠯᠠᠭᠰᠠᠨ ᠬᠢᠷᠢ ᠲᠦᠪᠰᠢᠨ  ᠢ ᠢᠯᠡᠳᠳᠡ ᠲᠡᠭᠡᠭᠰᠢᠯᠡᠭᠦᠯᠦᠨ᠎ᠡ᠃ ᠴᠢᠮᠡᠭᠡ ᠵᠠᠩᠬᠢ  ᠶᠢᠨ ᠮᠡᠷᠭᠡᠵᠢᠯ ᠪᠠ ᠡᠨᠧᠷᠬᠢ ᠠᠷᠪᠢᠯᠠᠬᠤ ᠮᠡᠷᠭᠡᠵᠢᠯ ᠢ ᠠᠭᠤᠰᠣᠯᠴᠠᠭᠤᠯᠣᠨ ᠬᠦᠭᠵᠢᠭᠦᠯᠵᠣ᠂ ᠣᠶᠣᠨᠴᠢᠯᠠᠭᠰᠠᠨ ᠡᠵᠡᠮᠰᠢᠯ ᠎ ᠢᠶᠠᠷ ᠰᠠᠭᠤᠷᠢᠯᠠᠭᠰᠠᠨ ᠡᠨᠧᠷᠬᠢ ᠠᠷᠪᠢᠯᠠᠬᠤ ᠮᠡᠷᠭᠡᠵᠢᠯ  ᠢ ᠡᠯ᠎ᠡ ᠠᠵᠢᠯ ᠲᠦᠷᠦᠯ  ᠳᠤ ᠦᠷᠬᠡᠨ  ᠢᠶᠠᠷ ᠨᠡᠪᠴᠢᠭᠦᠯᠦᠨ᠎ᠡ᠃    — ᠠᠵᠣ ᠠᠬᠤᠶᠢᠯᠠᠯ  ᠤᠨ ᠬᠠᠮᠢᠶᠠᠷᠣᠯᠳᠠ ᠶᠢᠨ ᠴᠢᠮᠡᠭᠡ ᠵᠠᠩᠬᠢᠴᠢᠯᠠᠯᠳᠠ  ᠶᠢᠨ ᠵᠢᠱᠢᠶ᠎ᠡ ᠦᠵᠡᠭᠦᠯᠬᠦ  ᠶᠢ ᠡᠯ᠎ᠡ ᠠᠵᠢᠯ ᠲᠦᠷᠦᠯ  ᠳᠤ ᠪᠦᠬᠦ ᠲᠠᠯ᠎ᠠ  ᠪᠠᠷ ᠦᠷᠨᠢᠭᠦᠯᠦᠨ᠎ᠡ᠃ ᠨᠡᠶᠢᠳᠡᠯᠢᠭ ᠵᠢᠱᠢᠶ᠎ᠡ ᠦᠵᠡᠭᠦᠯᠬᠦ ᠣᠶᠢᠯᠡᠳᠣᠯ ᠲᠠᠢ ᠨᠢᠭᠡ ᠪᠦᠯᠦᠭ ᠴᠢᠮᠡᠭᠡ ᠵᠠᠩᠬᠢᠴᠢᠯᠠᠭᠰᠠᠨ ᠠᠵᠣ ᠠᠬᠤᠶᠢᠯᠠᠯ ᠢ ᠪᠠᠶᠢᠭᠤᠯᠣᠨ᠎ᠠ᠃ ᠵᠢᠱᠢᠶ᠎ᠡ ᠦᠵᠡᠭᠦᠯᠬᠦ ᠴᠢᠨᠠᠷᠲᠠᠢ ᠲᠣᠮᠣ ᠠᠵᠣ ᠠᠬᠤᠶᠢᠯᠠᠯ  ᠤᠨ ᠪᠦᠯᠦᠭᠯᠡᠯ  ᠤᠨ ᠲᠠᠪᠬᠤᠷᠭᠠᠨ  ᠳᠤ ᠡᠳ᠋ ᠤᠨ ᠶᠠᠪᠣᠳᠠᠯ᠂ ᠠᠵᠢᠯᠳᠠᠨ ᠢ ᠬᠠᠮᠢᠶᠠᠷᠬᠤ᠂ ᠬᠢᠷᠢ ᠪᠦᠲᠦᠮᠵᠢ ᠵᠡᠷᠬᠡ ᠬᠠᠮᠢᠶᠠᠷᠣᠨ ᠡᠵᠡᠮᠰᠢᠬᠦ ᠰᠢᠰᠲ᠋ᠧᠮ  ᠢ ᠨᠢᠭᠡᠳᠣᠭᠦᠯᠬᠦ  ᠶᠢ ᠪᠡᠶᠡᠯᠡᠭᠦᠯᠵᠣ᠂ ERP ︵ᠲᠣᠣᠷ ᠰᠦᠯᠵᠢᠶᠡᠨ  ᠤ ᠨᠡᠶᠢᠳᠡ  ᠶᠢᠨ ᠬᠠᠷᠢᠴᠠᠭᠠᠨ  ᠤ ᠰᠢᠰᠲ᠋ᠧᠮ︶ ᠪᠠ MES ︵ᠣᠶᠢᠯᠡᠳᠬᠦ ᠶᠢ ᠬᠡᠷᠡᠭᠵᠢᠭᠦᠯᠬᠦ ᠰᠢᠰᠲ᠋ᠧᠮ︶᠂ CRM ︵ ᠬᠠᠷᠢᠴᠠᠭᠠᠨ ᠡᠷᠤᠬᠡ ᠶᠢᠨ ᠬᠠᠷᠢᠴᠠᠭ᠎ᠠ  ᠶᠢᠨ ᠬᠠᠮᠢᠶᠠᠷᠣᠯᠳᠠ  ᠶᠢᠨ ᠰᠢᠰᠲ᠋ᠧᠮ︶ ᠎ ᠢ ᠪᠦᠲᠦᠮᠵᠢᠲᠠᠢ  ᠢᠶᠠᠷ ᠠᠪᠣᠴᠠᠯᠳᠣᠭᠤᠯᠣᠨ᠎ᠠ᠃ ᠵᠢᠱᠢᠶ᠎ᠡ ᠦᠵᠡᠭᠦᠯᠬᠦ ᠴᠢᠨᠠᠷᠲᠠᠢ ᠲᠣᠮᠳᠠ ᠵᠢᠵᠢᠭ ᠬᠡᠯᠪᠡᠷᠢ  ᠶᠢᠨ ᠠᠵᠣ ᠠᠬᠤᠶᠢᠯᠠᠯ ᠣᠯᠠᠨ ᠨᠡᠶᠢᠳᠡ  ᠶᠢᠨ ᠲᠠᠪᠴᠠᠩ ᠪᠠ ᠣᠶᠢᠯᠡᠴᠢᠯᠡᠭᠡ  ᠪᠠᠷ ᠲᠣᠯᠢ ᠪᠣᠯᠭᠠᠨ᠂ ᠠᠵᠣ ᠠᠬᠤᠶᠢᠯᠠᠯ  ᠤᠨ ᠡᠭᠦᠳᠡᠨ ᠰᠦᠯᠵᠢᠶ᠎ᠡ᠂ ᠰᠢᠣᠳᠠᠨ  ᠤ ᠣᠶᠢᠯᠡᠴᠢᠯᠡᠭᠡ᠂ ᠠᠯᠪᠠᠯᠠᠬᠤ ᠶᠢᠨ ᠠᠦ᠋ᠲ᠋ᠣᠴᠢᠯᠠᠯᠳᠠ᠂ ᠡᠳ᠋  ᠤᠨ ᠶᠠᠪᠣᠳᠠᠯ ᠎ ᠤᠨ ᠬᠠᠮᠢᠶᠠᠷᠣᠯᠳᠠ  ᠶᠢ ᠨᠢᠭᠡ ᠴᠣᠭᠴᠠᠵᠢᠭᠤᠯᠣᠭᠰᠠᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ  ᠶᠢᠨ ᠰᠢᠰᠲ᠋ᠧᠮᠵᠢ ᠎ ᠶᠢ ᠦᠨᠳᠦᠰᠦᠨ ᠳᠡᠭᠡᠨ ᠪᠠᠶᠢᠭᠤᠯᠣᠨ᠎ᠠ᠃ ᠡᠯᠧᠺᠲᠷᠣᠨ ᠬᠤᠳᠠᠯᠳᠣᠭᠠᠨ  ᠤ ᠶᠠᠪᠣᠳᠠᠯ ᠢ ᠠᠵᠣ ᠠᠬᠤᠶᠢᠯᠠᠯ  ᠤᠨ ᠡᠵᠡᠩᠨᠡᠨ ᠪᠣᠷᠣᠯᠠᠭᠤᠯᠬᠤ ᠭᠤᠣᠯ ᠵᠠᠮ ᠰᠣᠪᠠᠭ ᠪᠣᠯᠭᠠᠨ᠎ᠠ᠃    — ᠠᠵᠣ ᠣᠶᠢᠯᠡᠳᠪᠦᠷᠢ  ᠶᠢᠨ ᠬᠦᠷᠢᠶᠡᠯᠡᠩ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ  ᠶᠢᠨ ᠪᠣᠷᠣ ᠲᠦᠯᠦᠪ  ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠪᠦᠬᠦ ᠬᠤᠳᠠ ᠶᠢᠨ ᠠᠵᠣ ᠣᠶᠢᠯᠡᠳᠪᠦᠷᠢ ᠶᠢᠨ ᠬᠦᠷᠢᠶᠡᠯᠡᠩ ᠎ ᠤᠨ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠯᠳᠠ ᠶᠢᠨ ᠨᠢᠭᠡᠳᠣᠯᠲᠠᠢ ᠪᠣᠷᠣ ᠲᠦᠯᠦᠪ ᠪᠠ ᠲᠦᠷᠢᠮᠵᠢᠯ  ᠢ ᠠᠭᠠᠵᠢᠮ ᠎ ᠢᠶᠠᠷ ᠪᠦᠷᠢᠯᠳᠦᠭᠦᠯᠦᠨ᠎ᠡ᠃ ᠬᠦᠷᠢᠶᠡᠯᠡᠩ  ᠤᠨ ᠴᠢᠮᠡᠭᠡ ᠵᠠᠩᠬᠢ  ᠶᠢᠨ ᠰᠠᠭᠤᠷᠢ ᠲᠦᠭᠦᠭᠡᠷᠣᠮᠵᠢ  ᠶᠢ ᠲᠦᠭᠦᠷᠴᠢᠯᠡᠵᠣ ᠂ ᠡᠭᠦᠳᠡᠨ ᠰᠦᠯᠵᠢᠶᠡᠨ ᠴᠡᠭ᠂ ᠠᠯᠪᠠᠯᠠᠬᠤ  ᠶᠢᠨ ᠠᠦ᠋ᠲ᠋ᠣᠴᠢᠯᠠᠯᠳᠠ᠂ ᠬᠠᠷᠠᠭᠠᠨ ᠲᠠᠪᠳᠠᠮᠵᠢ  ᠪᠠᠷ ᠬᠢᠨᠠᠨ ᠡᠵᠡᠮᠰᠢᠬᠦ᠂ ᠠᠳᠡᠯ ᠠᠬᠤᠢ  ᠶᠢᠨ ᠬᠠᠮᠢᠶᠠᠷᠣᠯᠳᠠ ᠵᠡᠷᠬᠡ ᠬᠦᠷᠢᠶᠡᠯᠡᠩ  ᠤᠨ ᠬᠠᠮᠢᠶᠠᠷᠣᠯᠳᠠ ᠪᠠ ᠣᠶᠢᠯᠡᠴᠢᠯᠡᠬᠡᠨ ᠤ ᠰᠠᠭᠤᠷᠢ ᠎ ᠶᠢᠨ ᠬᠡᠷᠡᠭᠯᠡᠯᠳᠡ  ᠶᠢ ᠦᠨᠳᠦᠰᠦᠨ ᠳᠡᠭᠡᠨ ᠪᠠᠶᠢᠭᠤᠯᠣᠨ᠎ᠠ᠃ ᠣᠶᠢᠯᠡᠳᠪᠦᠷᠢ ᠬᠤᠳᠠᠯᠳᠤᠭ᠎ᠠ᠂ ᠭᠠᠶᠢᠯᠢ  ᠶᠢᠨ ᠶᠠᠪᠣᠳᠠᠯ ᠵᠡᠷᠬᠡ ᠠᠵᠣ ᠠᠬᠤᠶᠢᠯᠠᠯ  ᠤᠨ ᠡᠷᠬᠢᠯᠳᠡ ᠡᠵᠡᠩᠨᠡᠯᠳᠡ  ᠎ ᠯᠦᠭᠡ ᠬᠤᠯᠪᠣᠭᠳᠠᠯ ᠲᠠᠢ ᠴᠢᠮᠡᠭᠡ ᠵᠠᠩᠬᠢᠴᠢᠯᠠᠯᠳᠠ ᠎ ᠶᠢᠨ ᠰᠢᠰᠲ᠋ᠧᠮ  ᠢ ᠬᠦᠷᠢᠶᠡᠯᠡᠩ ᠤᠨ ᠴᠢᠮᠡᠭᠡ ᠵᠠᠩᠬᠢᠴᠢᠯᠠᠯᠳᠠ  ᠶᠢᠨ ᠰᠢᠰᠲ᠋ᠧᠮ ᠲᠠᠢ ᠠᠪᠣᠴᠠᠯᠳᠣᠭᠤᠯᠣᠨ᠎ᠠ᠃ ᠬᠦᠷᠢᠶᠡᠯᠡᠩ  ᠤᠨ ᠲᠣᠳᠣᠷᠠᠬᠢ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠯᠳᠠ  ᠶᠢ ᠠᠬᠢᠭᠤᠯᠬᠤ ᠰᠠᠶᠢᠨ ᠰᠠᠶᠢᠬᠠᠨ ᠲᠣᠭᠳᠠᠴᠠ  ᠶᠢ ᠠᠩᠬ᠎ᠠ ᠠᠯᠬᠤᠮ  ᠪᠦᠷᠢᠯᠳᠦᠭᠦᠯᠦᠨ᠎ᠡ᠃    — ᠪᠦᠬᠦ ᠠᠷᠠᠳ  ᠤᠨ ᠴᠢᠮᠡᠭᠡ ᠵᠠᠩᠬᠢᠴᠢᠯᠠᠯᠳᠠ  ᠶᠢᠨ ᠬᠡᠪ ᠴᠢᠨᠠᠷ  ᠢ ᠢᠯᠡᠳᠳᠡ ᠲᠡᠭᠡᠭᠰᠢᠯᠡᠭᠦᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠲᠣᠯᠭᠠᠭᠤᠷᠢᠯᠠᠬᠤ  ᠰᠢᠰᠲ᠋ᠧᠮᠵᠢ  ᠶᠢ ᠲᠡᠭᠦᠯᠳᠡᠷᠵᠢᠭᠦᠯᠦᠨ᠎ᠡ᠃ ᠬᠡᠪᠰᠢᠭᠦᠯᠦᠭᠰᠡᠨ᠂ ᠣᠯᠠᠨ ᠲᠡᠰ ᠲᠠᠪᠬᠤᠷᠭ᠎ᠠ ᠶᠢᠨ ᠴᠢᠮᠡᠭᠡ ᠵᠠᠩᠬᠢᠴᠢᠯᠠᠯᠳᠠ ᠶᠢᠨ ᠪᠣᠯᠪᠠᠰᠣᠷᠠᠯ ᠤᠨ ᠲᠣᠭᠳᠠᠴᠠ ᠶᠢ ᠪᠦᠷᠢᠯᠳᠦᠭᠦᠯᠵᠣ᠂ ᠠᠵᠣ ᠠᠬᠤᠶᠢᠯᠠᠯ  ᠤᠨ ᠲᠣᠮᠳᠠ᠂ ᠲᠡᠬᠡᠳᠣ ᠵᠡᠷᠬᠡ ᠶᠢᠨ ᠬᠠᠮᠢᠶᠠᠷᠣᠯᠳᠠ  ᠶᠢᠨ ᠲᠠᠪᠬᠤᠷᠭ᠎ᠠ  ᠶᠢᠨ ᠴᠢᠮᠡᠭᠡ ᠵᠠᠩᠬᠢᠴᠢᠯᠠᠯᠳᠠ ᠶᠢᠨ ᠲᠣᠬᠠᠢ ᠲᠠᠨᠢᠯᠳᠠ  ᠶᠢᠨ ᠬᠢᠷᠢ ᠲᠦᠪᠰᠢᠨ ᠢ ᠢᠯᠡᠳᠳᠡ ᠲᠡᠭᠡᠭᠰᠢᠯᠡᠭᠦᠯᠵᠣ᠂ ᠤᠷᠤᠨ ᠨᠣᠳᠣᠭᠴᠢᠯᠠᠭᠰᠠᠨ ᠴᠢᠮᠡᠭᠡ ᠵᠠᠩᠬᠢ  ᠶᠢᠨ ᠮᠡᠷᠭᠡᠵᠢᠯ  ᠤᠨ ᠲᠣᠰᠬᠠᠢ ᠴᠢᠳᠠᠪᠦᠷᠢᠳᠠᠨ ᠤ ᠬᠠᠩᠭᠠᠯᠭ᠎ᠠ  ᠶᠢᠨ ᠲᠣᠭᠳᠠᠴᠠ  ᠶᠢ ᠠᠩᠬ᠎ᠠ ᠠᠯᠬᠤᠮ ᠪᠠᠶᠢᠭᠤᠯᠣᠨ᠎ᠠ᠃ ᠪᠦᠬᠦ ᠬᠤᠳᠠ  ᠶᠢᠨ ᠴᠢᠮᠡᠭᠡ ᠵᠠᠩᠬᠢ  ᠶᠢᠨ ᠰᠠᠭᠤᠷᠢ ᠲᠦᠭᠦᠭᠡᠷᠣᠮᠵᠢ  ᠶᠢ ᠲᠡᠭᠦᠯᠳᠡᠷᠵᠢᠭᠦᠯᠵᠣ᠂ ᠣᠳᠠᠰᠣ ᠦᠬᠡᠢ ᠦᠷᠬᠡᠨ ᠪᠦᠰᠠ ᠶᠢᠨ ᠲᠣᠣᠷ ᠰᠦᠯᠵᠢᠶ᠎ᠡ  ᠶᠢ ᠪᠦᠬᠦ ᠬᠤᠳᠠ  ᠶᠢᠨ ᠲᠣᠭᠤᠷᠢᠭ  ᠲᠤ ᠪᠦᠬᠦ ᠲᠠᠯ᠎ᠠ  ᠪᠠᠷ ᠲᠦᠬᠡᠮᠠᠯᠵᠢᠬᠦᠯᠬᠦ ᠶᠢ ᠪᠡᠶᠡᠯᠡᠭᠦᠯᠦᠨ᠎ᠡ᠃ ᠡᠭᠦᠯᠡᠨ ᠪᠣᠳᠣᠯᠭ᠎ᠠ  ᠪᠠᠷ ᠰᠠᠭᠤᠷᠢᠯᠠᠭᠰᠠᠨ ᠣᠯᠠᠨ ᠨᠡᠶᠢᠳᠡ  ᠶᠢᠨ ᠴᠢᠮᠡᠭᠡ ᠵᠠᠩᠬᠢ ᠶᠢᠨ ᠲᠠᠪᠴᠠᠩ ᠂ ᠮᠡᠷᠭᠡᠵᠢᠯ  ᠤᠨ ᠯᠠᠪᠯᠠᠯᠭ᠎ᠠ ᠶᠢᠨ ᠣᠶᠢᠯᠡᠴᠢᠯᠡᠬᠡᠨ ᠤ ᠲᠠᠪᠴᠠᠩ  ᠢ ᠠᠭᠠᠵᠢᠮ  ᠢᠶᠠᠷ ᠪᠠᠶᠢᠭᠤᠯᠣᠨ᠎ᠠ᠃ ᠠᠵᠣ ᠠᠬᠤᠶᠢᠯᠠᠯ  ᠤᠨ CIO ︵ᠲᠡᠷᠢᠭᠦᠨ ᠰᠠᠭᠤᠳᠠᠯ  ᠤᠨ ᠴᠢᠮᠡᠭᠡ ᠵᠠᠩᠬᠢ  ᠶᠢᠨ ᠣᠹᠢᠼᠧᠷ︶ ᠎ ᠤᠨ ᠲᠣᠭᠳᠠᠴᠠ  ᠶᠢ ᠦᠨᠳᠦᠰᠦᠨ ᠳᠡᠭᠡᠨ ᠪᠠᠶᠢᠭᠤᠯᠣᠨ᠎ᠠ᠃ ᠡᠯ᠎ᠡ ᠬᠤᠰᠢᠭᠤ ᠲᠣᠭᠤᠷᠢᠭ  ᠤᠨ ᠬᠢᠨ ᠲᠣᠭᠳᠠᠭᠤᠨ᠂ ᠦᠷᠭᠦᠯᠵᠢᠯᠡᠭᠰᠡᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠲᠦᠷᠦ  ᠶᠢᠨ ᠪᠣᠳᠣᠯᠭ᠎ᠠ  ᠶᠢᠨ ᠲᠣᠯᠭᠠᠭᠤᠷᠢᠯᠠᠬᠤ ᠰᠢᠰᠲ᠋ᠧᠮᠵᠢ ᠪᠠ ᠠᠵᠢᠯ  ᠤᠨ ᠲᠣᠭᠳᠠᠴᠠ  ᠶᠢ ᠦᠨᠳᠦᠰᠦᠨ ᠳᠡᠭᠡᠨ ᠪᠠᠶᠢᠭᠤᠯᠣᠨ᠎ᠠ᠃    ᠭᠤᠷᠪᠠ᠂ ᠭᠤᠣᠯ ᠡᠭᠦᠷᠬᠡ    ︵ᠨᠢᠭᠡ︶ ᠣᠬᠠᠭᠤᠯᠬᠤ ᠪᠠ ᠪᠣᠯᠪᠠᠰᠣᠷᠠᠭᠤᠯᠬᠤ  ᠶᠢ ᠴᠢᠩᠭᠠᠳᠬᠠᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠨ ᠬᠦᠭᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠨ᠎ᠠ᠃ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠣᠬᠠᠭᠤᠯᠣᠨ ᠲᠡᠯᠬᠡᠷᠡᠭᠦᠯᠬᠦ ᠭᠦᠴᠦᠯᠡᠴᠡ  ᠶᠢ ᠴᠢᠩᠭᠠᠳᠬᠠᠨ᠎ᠠ᠃ ᠠᠵᠢᠯ ᠲᠦᠷᠦᠯ  ᠤᠨ ᠨᠡᠶᠢᠬᠡᠮᠯᠢᠭ᠂ ᠵᠠᠭᠤᠴᠢᠯᠠᠭᠤᠷ ᠵᠣᠬᠢᠶᠠᠨ ᠪᠠᠶᠢᠭᠤᠯᠣᠯᠳᠠ ᠶᠢᠨ ᠣᠶᠢᠯᠡᠳᠣᠯ  ᠢ ᠭᠦᠢᠴᠡᠳ ᠪᠠᠳᠠᠷᠠᠭᠤᠯᠵᠣ᠂ ᠣᠯᠠᠨ ᠵᠣᠶᠢᠯ  ᠤᠨ ᠬᠡᠯᠪᠡᠷᠢ ᠪᠠ ᠵᠠᠮ ᠮᠦᠷ ᠢᠶᠠᠷ ᠲᠠᠮᠵᠢᠨ ᠠᠵᠣ ᠠᠬᠤᠶᠢᠯᠠᠯ  ᠳᠤ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠣᠬᠠᠭᠤᠯᠭ᠎ᠠ  ᠶᠢ ᠦᠷᠨᠢᠭᠦᠯᠵᠣ᠂ ᠠᠵᠣ ᠠᠬᠤᠶᠢᠯᠠᠯ  ᠤᠨ ᠲᠠᠨᠢᠯᠳᠠ  ᠶᠢᠨ ᠬᠢᠷᠢ ᠲᠦᠪᠰᠢᠨ  ᠢ ᠲᠡᠭᠡᠭᠰᠢᠯᠡᠭᠦᠯᠦᠨ᠎ᠡ᠃ ᠵᠠᠰᠠᠭ  ᠤᠨ ᠣᠷᠳᠣᠨ  ᠤ ᠰᠠᠯᠠᠭ᠎ᠠ ᠮᠦᠴᠢᠷ ᠪᠦᠬᠦ ᠬᠤᠳᠠ ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠭᠰᠠᠨ ᠲᠣᠷᠰᠢᠯᠭ᠎ᠠ  ᠶᠢ ᠴᠠᠭ ᠲᠣᠬᠠᠢ ᠳᠤᠨᠢ ᠳ᠋ᠦᠩᠨᠡᠨ ᠲᠡᠯᠬᠡᠷᠡᠭᠦᠯᠵᠣ᠂ ᠠᠵᠣ ᠠᠬᠤᠶᠢᠯᠠᠯ ᠪᠠ ᠦᠨᠳᠦᠰᠦᠨ ᠱᠠᠳᠣᠨ  ᠤ ᠡᠯ᠎ᠡ ᠰᠠᠯᠠᠭ᠎ᠠ ᠮᠦᠴᠢᠷ  ᠢ ᠰᠢᠯᠭᠠᠨ ᠬᠢᠨᠠᠬᠤ ᠪᠠ ᠵᠣᠷᠢᠭᠵᠢᠭᠤᠯᠬᠤ  ᠶᠢ ᠴᠢᠩᠭᠠᠳᠬᠠᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠶᠢ ᠠᠬᠢᠭᠤᠯᠬᠤ ᠪᠦᠬᠦ ᠨᠡᠶᠢᠬᠡᠮ  ᠤᠨ ᠢᠳᠡᠪᠬᠢᠵᠢᠯ  ᠢ ᠭᠦᠢᠴᠡᠳ ᠲᠠᠶᠢᠴᠢᠯᠠᠨ᠎ᠠ᠃    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠴᠢᠳᠠᠪᠦᠷᠢᠳᠠᠨ  ᠤ ᠪᠣᠯᠪᠠᠰᠣᠷᠠᠯ  ᠤᠨ ᠠᠵᠢᠯ  ᠢ ᠲᠦᠷᠬᠡᠳᠬᠡᠨ᠎ᠡ᠃ ᠵᠠᠰᠠᠭ ᠤᠨ ᠣᠷᠳᠣᠨ ᠪᠠ ᠠᠵᠣ ᠠᠬᠤᠶᠢᠯᠠᠯ ᠤᠨ ᠲᠡᠭᠡᠳᠣ ᠵᠡᠷᠬᠡ ᠎ ᠶᠢᠨ ᠬᠠᠮᠢᠶᠠᠷᠣᠯᠳᠠ ᠶᠢᠨ ᠠᠵᠢᠯᠳᠠᠨ  ᠳᠤ ᠬᠠᠨᠳᠣᠭᠤᠯᠣᠭᠰᠠᠨ ᠦᠵᠦᠭᠦᠷ ᠲᠡᠰ  ᠤᠨ ᠪᠣᠯᠪᠠᠰᠣᠷᠠᠯ ᠢ ᠦᠷᠨᠢᠭᠦᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠠᠨᠢᠯᠳᠠ  ᠶᠢᠨ ᠬᠢᠷᠢ ᠲᠦᠪᠰᠢᠨ  ᠢ ᠲᠡᠬᠡᠭᠰᠢᠯᠡᠭᠦᠯᠦᠨ᠎ᠡ᠃ ᠠᠵᠣ ᠠᠬᠤᠶᠢᠯᠠᠯ  ᠤᠨ ᠲᠣᠰᠬᠠᠢ ᠮᠡᠷᠭᠡᠵᠢᠯ  ᠤᠨ ᠠᠵᠢᠯᠳᠠᠨ ᠤ ᠪᠣᠯᠪᠠᠰᠣᠷᠠᠯ ᠎ ᠢ ᠴᠢᠩᠭᠠᠳᠬᠠᠵᠣ᠂ ᠣᠨᠴᠠᠭᠠᠢ ᠠᠵᠢᠯ ᠲᠦᠷᠦᠯ  ᠳᠤ ᠬᠠᠨᠳᠣᠭᠤᠯᠣᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠬᠠᠮ ᠬᠡᠯᠪᠡᠷᠢ  ᠶᠢᠨ ᠴᠢᠳᠠᠪᠦᠷᠢᠳᠠᠨ  ᠢ ᠪᠣᠶᠢᠵᠢᠭᠤᠯᠣᠨ᠎ᠠ᠃ ᠲᠡᠭᠡᠳᠣ ᠰᠣᠷᠭᠠᠭᠤᠯᠢ᠂ ᠠᠵᠢᠯ ᠮᠡᠷᠭᠡᠵᠢᠯ  ᠤᠨ ᠰᠣᠷᠭᠠᠭᠤᠯᠢ ᠵᠢᠴᠢ ᠨᠡᠶᠢᠬᠡᠮᠴᠢᠯᠡᠭᠰᠡᠨ ᠪᠣᠯᠪᠠᠰᠣᠷᠠᠯ  ᠤᠨ ᠪᠠᠶᠢᠭᠤᠯᠣᠮᠵᠢ  ᠶᠢ ᠵᠣᠷᠢᠭᠵᠢᠭᠤᠯᠣᠨ ᠠᠵᠣ ᠠᠬᠤᠶᠢᠯᠠᠯ ᠪᠣᠯᠣᠨ ᠵᠠᠰᠠᠭ  ᠤᠨ ᠣᠷᠳᠣᠨ  ᠤ ᠰᠠᠯᠠᠭ᠎ᠠ ᠮᠦᠴᠢᠷ ᠲᠠᠢ ᠬᠠᠮᠳᠣᠷᠠᠨ ᠠᠵᠢᠯᠯᠠᠭᠤᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠎ ᠳᠤ ᠲᠣᠭᠳᠠᠭᠤᠨ ᠲᠠᠭᠠᠭᠠᠮᠠᠭᠠᠢ ᠲᠣᠰᠬᠠᠢ ᠴᠢᠳᠠᠪᠦᠷᠢᠳᠠᠨ ᠬᠠᠩᠭᠠᠨ᠎ᠠ᠃    ︵ᠬᠤᠶᠠᠷ︶ ᠣᠨᠴᠠᠯᠢᠭᠳᠣ ᠠᠵᠢᠯ ᠲᠦᠷᠦᠯ  ᠤᠨ ᠴᠢᠮᠡᠭᠡ ᠵᠠᠩᠬᠢ  ᠶᠢᠨ ᠮᠡᠷᠭᠡᠵᠢᠯ  ᠤᠨ ᠬᠡᠷᠡᠭᠯᠡᠯᠳᠡ  ᠶᠢ ᠲᠦᠷᠬᠡᠳᠬᠡᠵᠣ᠂ ᠣᠶᠢᠯᠡᠳᠪᠦᠷᠢᠯᠡᠯ  ᠤᠨ ᠣᠶᠣᠨᠴᠢᠯᠠᠭᠰᠠᠨ ᠬᠢᠷᠢ ᠲᠦᠪᠰᠢᠨ  ᠢ ᠲᠡᠭᠡᠭᠰᠢᠯᠡᠭᠦᠯᠦᠨ᠎ᠡ    1. ᠨᠡᠭᠦᠷᠡᠰᠦᠨ  ᠤ ᠠᠵᠢᠯ ᠲᠦᠷᠦᠯ᠃ ᠬᠤᠳᠠ  ᠶᠢᠨ ᠨᠡᠭᠦᠷᠡᠰᠦᠨ  ᠤ ᠶᠡᠷᠦᠩᠬᠡᠶᠢᠯᠡᠭᠰᠡᠨ ᠬᠠᠮᠢᠶᠠᠷᠣᠯᠳᠠ  ᠶᠢᠨ ᠴᠢᠮᠡᠭᠡ ᠵᠠᠩᠬᠢ  ᠶᠢᠨ ᠲᠠᠪᠴᠠᠩ  ᠢ ᠴᠢᠨᠠᠭᠰᠢᠳᠠ ᠲᠡᠭᠦᠯᠳᠡᠷᠵᠢᠭᠦᠯᠦᠨ᠎ᠡ︔ ᠪᠠᠷᠢᠯᠭ᠎ᠠ  ᠶᠢᠨ ᠵᠢᠷᠣᠭᠯᠠᠨ ᠲᠦᠯᠦᠪᠯᠡᠬᠦ᠂ ᠨᠡᠬᠡᠬᠡᠨ ᠮᠠᠯᠳᠠᠨ ᠠᠵᠢᠯᠯᠠᠬᠤ᠂ ᠭᠠᠳᠠᠭᠰᠢ ᠲᠡᠭᠡᠭᠡᠪᠦᠷᠢᠯᠡᠬᠦ ᠵᠢᠴᠢ ᠠᠭᠤᠷᠬᠠᠢ ᠶᠢᠨ ᠠᠶᠣᠯ ᠦᠬᠡᠢ ᠶᠢ ᠨᠢᠭᠡ ᠴᠣᠭᠴᠠᠵᠢᠭᠤᠯᠣᠭᠰᠠᠨ ᠣᠶᠣᠨᠴᠢᠯᠠᠭᠰᠠᠨ᠂ ᠦᠵᠡᠭᠳᠡᠮᠡᠯ ᠲᠣᠭᠠᠴᠠᠯᠠᠭᠰᠠᠨ ᠠᠭᠤᠷᠬᠠᠢ ᠶᠢᠨ ᠪᠦᠲᠦᠬᠡᠨ ᠪᠠᠶᠢᠭᠤᠯᠣᠯᠳᠠ ᠎ ᠶᠢ ᠠᠬᠢᠭᠤᠯᠣᠨ᠎ᠠ︔ ᠠᠵᠣ ᠠᠬᠤᠶᠢᠯᠠᠯ  ᠢ ᠵᠣᠷᠢᠭᠵᠢᠭᠤᠯᠣᠨ ᠮᠧᠬᠠᠨᠢᠭᠵᠢᠭᠰᠠᠨ ᠦᠪᠴᠢ ᠨᠡᠭᠦᠷᠡᠰᠦᠨ ᠮᠠᠰᠢᠨ  ᠤ ᠲᠣᠨᠣᠭᠯᠠᠯ  ᠢ ᠬᠡᠷᠡᠭᠯᠡᠭᠦᠯᠬᠦ ᠪᠠ ᠬᠤᠯᠪᠣᠭᠳᠠᠯ ᠪᠦᠬᠦᠢ ᠮᠡᠷᠭᠡᠵᠢᠯ  ᠤᠨ ᠦᠬᠡᠷᠡᠴᠢᠯᠡᠯᠳᠡ ᠬᠢᠯᠬᠡᠨ᠎ᠡ  ︔ ᠨᠡᠭᠦᠷᠡᠰᠦᠨ ᠎ ᠤ ᠠᠷᠠᠯᠵᠢᠶᠠᠨ  ᠤ ᠲᠦᠪ ᠵᠢᠴᠢ ᠪᠣᠳᠠᠰ  ᠤᠨ ᠭᠦᠢᠯᠬᠡᠬᠡᠨ  ᠤ ᠲᠠᠪᠴᠠᠩ  ᠤᠨ ᠪᠦᠲᠦᠬᠡᠨ ᠪᠠᠶᠢᠭᠤᠯᠣᠯᠳᠠ ᠪᠠ ᠡᠷᠬᠢᠯᠳᠡ ᠡᠵᠡᠩᠨᠡᠯᠳᠡ ᠶᠢ ᠢᠳᠡᠪᠬᠢᠲᠠᠢ ᠠᠬᠢᠭᠤᠯᠣᠨ᠎ᠠ᠃    2. ᠨᠡᠭᠦᠷᠡᠰᠦᠨ  ᠤ ᠬᠢᠮᠢ  ᠶᠢᠨ ᠠᠵᠣ ᠣᠶᠢᠯᠡᠳᠪᠦᠷᠢ  ᠶᠢᠨ ᠣᠶᠢᠯᠡᠰ᠃ ᠨᠡᠭᠦᠷᠡᠰᠦᠨ  ᠤ ᠬᠢᠮᠢ  ᠶᠢᠨ ᠠᠵᠣ ᠣᠶᠢᠯᠡᠳᠪᠦᠷᠢ  ᠶᠢᠨ ᠠᠵᠣ ᠠᠬᠤᠶᠢᠯᠠᠯ  ᠢ ᠲᠡᠮᠵᠢᠨ ᠣᠶᠢᠯᠡᠳᠪᠦᠷᠢᠯᠡᠯ  ᠤᠨ ᠪᠦᠬᠦ ᠴᠣᠪᠣᠷᠠᠯ  ᠢ ᠲᠣᠭᠠᠴᠠᠯᠠᠭᠰᠠᠨ ᠬᠤᠷᠠᠮᠠᠯ  ᠢᠶᠠᠷ ᠬᠠᠮᠢᠶᠠᠷᠣᠨ ᠡᠵᠡᠮᠰᠢᠬᠦ  ᠶᠢ ᠴᠢᠩᠭᠠᠳᠬᠠᠨ᠎ᠠ︔ ᠠᠵᠣ ᠠᠬᠤᠶᠢᠯᠠᠯ  ᠢ ᠵᠣᠷᠢᠭᠵᠢᠭᠤᠯᠣᠨ ᠣᠶᠣᠨᠴᠢᠯᠠᠭᠰᠠᠨ ᠦᠪᠴᠢ ᠲᠣᠨᠣᠭᠯᠠᠯ  ᠢ ᠬᠡᠷᠡᠭᠯᠡᠭᠦᠯᠬᠦ ᠪᠣᠶᠣ ᠡᠰᠡᠭᠦᠯ᠎ᠡ ᠬᠤᠯᠪᠣᠭᠳᠠᠯ ᠪᠦᠬᠦᠢ ᠮᠡᠷᠭᠡᠵᠢᠯ ᠤᠨ ᠦᠬᠡᠷᠡᠴᠢᠯᠡᠯᠳᠡ ᠬᠢᠯᠬᠡᠨ᠎ᠡ  ︔ ᠠᠵᠣ ᠠᠬᠤᠶᠢᠯᠠᠯ ᠤᠨ ᠴᠢᠮᠡᠭᠡ ᠵᠠᠩᠬᠢ  ᠶᠢᠨ ᠮᠡᠷᠭᠡᠵᠢᠯ  ᠢ ᠬᠡᠷᠡᠭᠯᠡᠨ HSE ︵ᠡᠷᠡᠭᠦᠯ ᠮᠡᠨᠳᠣ᠂ ᠠᠮᠣᠷ ᠲᠦᠪᠰᠢᠨ ᠪᠠ ᠣᠷᠴᠢᠨ ᠲᠣᠭᠤᠷᠢᠨ︶ ᠎ ᠤᠨ ᠬᠠᠮᠢᠶᠠᠷᠣᠯᠳᠠ  ᠶᠢ ᠲᠣᠯᠭᠠᠭᠤᠷᠢᠯᠠᠭᠤᠯᠬᠤ ᠎ ᠶᠢ ᠠᠬᠢᠭᠤᠯᠣᠨ᠎ᠠ︔ ᠠᠵᠣ ᠠᠬᠤᠶᠢᠯᠠᠯ  ᠢ ᠵᠣᠷᠢᠭᠵᠢᠭᠤᠯᠣᠨ ᠡᠨᠧᠷᠬᠢ  ᠎ ᠶᠢᠨ ᠬᠤᠷᠣᠭᠳᠠᠯ ᠪᠠ ᠣᠷᠴᠢᠨ ᠲᠣᠭᠤᠷᠢᠨ ᠎ ᠤ ᠬᠠᠮᠠᠭᠠᠯᠠᠯᠳᠠ  ᠶᠢ ᠣᠶᠣᠨᠴᠢᠯᠠᠯᠳᠠ  ᠪᠠᠷ ᠬᠢᠨᠠᠨ ᠬᠡᠮᠵᠢᠬᠦ ᠲᠠᠪᠴᠠᠩ ᠪᠠᠶᠢᠭᠤᠯᠵᠣ᠂ ᠡᠨᠧᠷᠬᠢ ᠠᠷᠪᠢᠯᠠᠨ ᠣᠷᠴᠢᠨ ᠲᠣᠭᠤᠷᠢᠨ  ᠢ ᠬᠠᠮᠠᠭᠠᠯᠠᠬᠤ ᠠᠵᠢᠯ  ᠢ ᠬᠦᠨᠵᠡᠭᠡᠶᠢᠷᠡᠭᠦᠯᠦᠨ᠎ᠡ᠃    3. ᠮᠠᠰᠢᠨ ᠲᠡᠷᠬᠡ ᠪᠠ ᠲᠣᠨᠣᠭᠯᠠᠯ ᠣᠶᠢᠯᠡᠳᠬᠦ ᠣᠶᠢᠯᠡᠰ᠃ ᠠᠵᠣ ᠠᠬᠤᠶᠢᠯᠠᠯ  ᠢ ᠵᠣᠷᠢᠭᠵᠢᠭᠤᠯᠣᠨ ᠰᠣᠳᠣᠯᠣᠨ ᠨᠡᠬᠡᠬᠡᠵᠣ ᠵᠢᠷᠣᠭᠯᠠᠨ ᠲᠦᠯᠦᠪᠯᠡᠬᠦ᠂ ᠣᠷᠠᠯᠠᠯ  ᠤᠨ ᠪᠠᠷᠢᠯᠭ᠎ᠠ᠂ ᠣᠶᠢᠯᠡᠳᠪᠦᠷᠢᠯᠡᠨ ᠣᠶᠢᠯᠡᠳᠬᠦ ᠪᠦᠬᠦ ᠴᠣᠪᠣᠷᠠᠯ  ᠳᠤ ᠺᠣᠮᠫᠢᠣᠲ᠋ᠧᠷ  ᠤᠨ ᠲᠣᠰᠠᠯᠠᠬᠤ ᠪᠠᠭᠠᠵᠢ  ᠶᠢ ᠬᠡᠷᠡᠭᠯᠡᠭᠦᠯᠦᠨ᠎ᠡ︔ ᠠᠵᠣ ᠠᠬᠤᠶᠢᠯᠠᠯ  ᠢ ᠲᠡᠮᠵᠢᠨ ᠮᠡᠳᠡᠯᠬᠡ  ᠶᠢᠨ ᠬᠠᠮᠢᠶᠠᠷᠣᠯᠳᠠ  ᠶᠢᠨ ᠲᠠᠪᠴᠠᠩ ᠪᠠᠶᠢᠭᠤᠯᠣᠨ᠎ᠠ︔ ᠠᠵᠣ ᠠᠬᠤᠶᠢᠯᠠᠯ  ᠢ ᠵᠣᠷᠢᠭᠵᠢᠭᠤᠯᠣᠨ ᠰᠢᠬᠢᠳᠬᠡᠬᠦ ᠬᠡᠯᠪᠡᠷᠢ  ᠶᠢᠨ ᠰᠢᠰᠲ᠋ᠧᠮ᠂ ᠰᠡᠷᠡᠭᠳᠡᠯ  ᠤᠨ ᠲᠣᠨᠤᠭ ᠲᠦᠭᠦᠭᠡᠷᠣᠮᠵᠢ  ᠶᠢᠨ ᠣᠶᠣᠨᠴᠢᠯᠠᠭᠰᠠᠨ ᠦᠪᠴᠢ ᠲᠣᠨᠣᠭᠯᠠᠯ  ᠢ ᠬᠡᠷᠡᠭᠯᠡᠭᠦᠯᠬᠦ ᠪᠣᠶᠣ ᠡᠰᠡᠭᠦᠯ᠎ᠡ ᠮᠡᠷᠭᠡᠵᠢᠯ  ᠤᠨ ᠦᠬᠡᠷᠡᠴᠢᠯᠡᠯᠳᠡ ᠬᠢᠯᠬᠡᠨ᠎ᠡ᠃    4. ᠴᠠᠬᠢᠯᠭᠠᠨ ᠭᠦᠴᠦᠨ  ᠤ ᠠᠵᠢᠯ ᠲᠦᠷᠦᠯ᠃ ᠴᠠᠬᠢᠯᠭᠠᠨ ᠭᠠᠷᠭᠠᠬᠤ ᠣᠶᠢᠯᠡᠳᠪᠦᠷᠢ  ᠶᠢ ᠠᠬᠢᠭᠤᠯᠣᠨ ᠰᠢᠳᠠᠭᠠᠬᠤ ᠨᠡᠭᠦᠷᠡᠰᠦᠨ ᠬᠦᠮᠦᠷᠬᠡ ᠳᠠᠬᠢ ᠬᠠᠳᠠᠭᠠᠯᠠᠭᠳᠠᠴᠠ᠂ ᠵᠣᠤᠬ᠎ᠠ  ᠶᠢᠨ ᠠᠵᠢᠯᠯᠠᠭ᠎ᠠ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ  ᠶᠢᠨ ᠡᠷᠬᠢᠯᠳᠡ᠂ ᠭᠦᠴᠦᠳᠡᠯ ᠦᠬᠡᠷᠡᠴᠢᠯᠡᠨ ᠴᠠᠬᠢᠯᠭᠠᠨ ᠲᠣᠬᠢᠷᠠᠭᠤᠯᠬᠤ  ᠶᠢ ᠪᠠᠭᠳᠠᠭᠠᠭᠰᠠᠨ ᠪᠦᠬᠦ ᠴᠣᠪᠣᠷᠠᠯ  ᠤᠨ ᠲᠣᠭᠠᠴᠠᠯᠠᠭᠰᠠᠨ ᠬᠤᠷᠠᠮᠠᠯ  ᠢᠶᠠᠷ ᠬᠠᠮᠢᠶᠠᠷᠣᠨ ᠡᠵᠡᠮᠰᠢᠬᠦ ᠲᠠᠪᠴᠠᠩ  ᠢ ᠪᠠᠶᠢᠭᠤᠯᠣᠨ᠎ᠠ︔ ᠴᠠᠬᠢᠯᠭᠠᠨ ᠭᠦᠴᠦᠨ  ᠤ ᠠᠵᠣ ᠠᠬᠤᠶᠢᠯᠠᠯ  ᠢ ᠵᠣᠷᠢᠭᠵᠢᠭᠤᠯᠣᠨ ᠨᠡᠩ ᠣᠶᠣᠨᠴᠢᠯᠠᠭᠰᠠᠨ᠂ ᠨᠡᠩ ᠠᠷᠢᠭᠤᠨ ᠴᠡᠪᠡᠷ ᠴᠠᠬᠢᠯᠭᠠᠨ ᠭᠠᠷᠭᠠᠬᠤ ᠲᠣᠨᠣᠭᠯᠠᠯ ᠵᠢᠴᠢ ᠬᠤᠯᠪᠣᠭᠳᠠᠯ ᠪᠦᠬᠦᠢ ᠮᠡᠷᠭᠡᠵᠢᠯ  ᠢ ᠬᠡᠷᠡᠭᠯᠡᠭᠦᠯᠦᠨ᠎ᠡ︔ ᠠᠵᠣ ᠠᠬᠤᠶᠢᠯᠠᠯ ᠢ ᠲᠡᠮᠵᠢᠨ ᠡᠨᠧᠷᠬᠢ  ᠶᠢᠨ ᠬᠤᠷᠣᠭᠳᠠᠯ᠂ ᠠᠶᠣᠯ ᠦᠬᠡᠢ᠂ ᠣᠷᠴᠢᠨ ᠲᠣᠭᠤᠷᠢᠨ  ᠤ ᠬᠠᠮᠠᠭᠠᠯᠠᠯᠳᠠ  ᠶᠢᠨ ᠶᠡᠷᠦᠩᠬᠡᠶᠢᠯᠡᠨ ᠬᠢᠨᠠᠨ ᠬᠠᠮᠢᠶᠠᠷᠬᠤ ᠲᠠᠪᠴᠠᠩ ᠪᠠᠶᠢᠭᠤᠯᠣᠨ᠎ᠠ᠃    5. ᠬᠤᠳᠠᠯᠳᠤᠭ᠎ᠠ ᠠᠷᠠᠯᠵᠢᠶ᠎ᠠ ᠪᠣᠳᠠᠰ  ᠤᠨ ᠭᠦᠢᠯᠬᠡᠬᠡ᠃ ᠲᠣᠮᠣ ᠬᠡᠯᠪᠡᠷᠢ  ᠶᠢᠨ ᠬᠤᠳᠠᠯᠳᠤᠭ᠎ᠠ ᠠᠷᠠᠯᠵᠢᠶᠠᠨ ᠎ ᠤ ᠠᠵᠣ ᠠᠬᠤᠶᠢᠯᠠᠯ  ᠢ ᠲᠡᠮᠵᠢᠨ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠲᠠᠪᠴᠠᠩ ᠪᠠ ᠪᠣᠳᠠᠰ ᠤᠨ ᠭᠦᠢᠯᠬᠡᠬᠡᠨ  ᠤ ᠨᠦᠬᠡᠴᠡᠯᠡᠨ ᠬᠠᠳᠠᠭᠠᠯᠠᠬᠤ ᠲᠠᠪᠴᠠᠩ ᠪᠠᠶᠢᠭᠤᠯᠣᠨ᠎ᠠ︔ ᠭᠤᠷᠪᠠᠳᠣᠭᠠᠷ ᠲᠠᠯ᠎ᠠ  ᠶᠢᠨ ᠪᠣᠳᠠᠰ  ᠤᠨ ᠭᠦᠢᠯᠬᠡᠬᠡᠨ  ᠤ ᠠᠵᠣ ᠠᠬᠤᠶᠢᠯᠠᠯ  ᠢ ᠲᠡᠮᠵᠢᠨ ᠪᠣᠳᠠᠰ ᠤᠨ ᠭᠦᠢᠯᠬᠡᠬᠡᠨ ᠤ ᠣᠷᠣᠨ ᠲᠣᠭᠳᠠᠭᠠᠨ ᠮᠦᠷᠳᠡᠨ ᠬᠠᠮᠢᠶᠠᠷᠬᠤ  ᠶᠢ ᠲᠡᠭᠦᠯᠳᠡᠷᠵᠢᠭᠦᠯᠦᠨ᠎ᠡ︔ ᠲᠦᠷᠪᠡᠳᠣᠬᠡᠷ ᠲᠠᠯ᠎ᠠ  ᠶᠢᠨ ᠪᠣᠳᠠᠰ  ᠤᠨ ᠭᠦᠢᠯᠬᠡᠬᠡᠨ  ᠤ ᠣᠶᠢᠯᠡᠴᠢᠯᠡᠬᠡᠨ ᠎ ᠤ ᠲᠠᠪᠴᠠᠩ  ᠤᠨ ᠪᠠᠶᠢᠭᠤᠯᠣᠯᠳᠠ  ᠶᠢ ᠲᠡᠮᠵᠢᠨ᠎ᠡ︔ ᠬᠤᠯᠪᠣᠭᠳᠠᠯ  ᠪᠦᠬᠦᠢ ᠦᠭᠬᠦ᠂ ᠢᠳᠡᠬᠡᠮᠵᠢ ᠶᠢᠨ ᠲᠠᠪᠴᠠᠩ ᠎ ᠤᠨ ᠪᠠᠶᠢᠭᠤᠯᠣᠯᠳᠠ ᠪᠠ ᠬᠦᠭᠵᠢᠯᠳᠡ  ᠶᠢ ᠵᠣᠷᠢᠭᠵᠢᠭᠤᠯᠣᠨ᠎ᠠ᠃    ︵ᠭᠤᠷᠪᠠ︶ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠨ ᠬᠡᠷᠡᠭᠯᠡᠭᠰᠡᠨ ᠵᠢᠱᠢᠶ᠎ᠡ ᠦᠵᠡᠭᠦᠯᠬᠦ ᠠᠵᠢᠯᠯᠠᠭ᠎ᠠ  ᠶᠢ ᠦᠷᠨᠢᠭᠦᠯᠵᠣ᠂ ᠬᠠᠮᠢᠶᠠᠷᠣᠯᠳᠠ  ᠶᠢᠨ ᠴᠢᠮᠡᠭᠡ ᠵᠠᠩᠬᠢᠴᠢᠯᠠᠭᠰᠠᠨ ᠬᠢᠷᠢ ᠲᠦᠪᠰᠢᠨ  ᠢ ᠲᠡᠭᠡᠭᠰᠢᠯᠡᠭᠦᠯᠦᠨ᠎ᠡ    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ  ᠶᠢ ᠠᠭᠤᠰᠣᠯᠴᠠᠭᠤᠯᠣᠭᠰᠠᠨ︾ ᠵᠢᠱᠢᠶ᠎ᠡ ᠦᠵᠡᠭᠦᠯᠬᠦ ᠬᠦᠷᠢᠶᠡᠯᠡᠩ  ᠤᠨ ᠪᠦᠲᠦᠭᠡᠨ ᠪᠠᠶᠢᠭᠤᠯᠣᠯᠳᠠ  ᠶᠢ ᠠᠬᠢᠭᠤᠯᠣᠨ᠎ᠠ᠃ ᠪᠦᠬᠦ ᠬᠤᠳᠠ  ᠶᠢᠨ ᠨᠢᠭᠡᠳᠣᠯᠲᠠᠢ ᠲᠣᠭᠠᠴᠠᠯᠠᠭᠰᠠᠨ ᠬᠦᠷᠢᠶᠡᠯᠡᠩ  ᠤᠨ ᠪᠣᠷᠣ ᠲᠦᠯᠦᠪ ᠪᠠ ᠪᠦᠲᠦᠬᠡᠨ ᠪᠠᠶᠢᠭᠤᠯᠣᠯᠳᠠ  ᠶᠢᠨ ᠲᠦᠷᠢᠮᠵᠢᠯ  ᠢ ᠪᠠᠶᠢᠭᠤᠯᠵᠣ᠂ ᠡᠷᠴᠢᠮᠵᠢᠭᠦᠯᠦᠭᠰᠡᠨ ᠴᠢᠮᠡᠭᠡ ᠵᠠᠩᠬᠢ  ᠶᠢᠨ ᠰᠠᠭᠤᠷᠢ ᠲᠦᠭᠦᠭᠡᠷᠣᠮᠵᠢ  ᠶᠢᠨ ᠪᠠᠶᠢᠭᠤᠯᠣᠯᠳᠠ ᠪᠠ ᠡᠭᠦᠳᠡᠨ ᠰᠦᠯᠵᠢᠶᠡᠨ ᠴᠡᠭ᠂ ᠠᠯᠪᠠᠯᠠᠬᠤ  ᠶᠢᠨ ᠠᠦ᠋ᠲ᠋ᠣᠴᠢᠯᠠᠯᠳᠠ᠂ ᠬᠠᠷᠠᠭᠠᠨ ᠲᠡᠪᠳᠠᠮᠵᠢ  ᠪᠠᠷ ᠬᠢᠨᠠᠨ ᠡᠵᠡᠮᠰᠢᠬᠦ᠂ ᠠᠳᠡᠯ ᠠᠬᠤᠢ  ᠶᠢᠨ ᠬᠠᠮᠢᠶᠠᠷᠣᠯᠳᠠ᠂ ᠭᠠᠵᠠᠷ ᠰᠢᠷᠣᠢ  ᠶᠢᠨ ᠬᠠᠮᠢᠶᠠᠷᠣᠯᠳᠠ ᠵᠡᠷᠬᠡ ᠴᠢᠮᠡᠭᠡ ᠵᠠᠩᠬᠢᠴᠢᠯᠡᠯᠳᠠ  ᠶᠢᠨ ᠬᠡᠷᠡᠭᠯᠡᠯᠳᠡ ᠶᠢ ᠲᠦᠷᠬᠡᠨ ᠢᠶᠠᠷ ᠲᠡᠭᠦᠯᠳᠡᠷᠵᠢᠭᠦᠯᠵᠣ᠂ ᠬᠤᠳᠠ ᠶᠢᠨ ᠣᠶᠢᠯᠡᠳᠪᠦᠷᠢ ᠬᠤᠳᠠᠯᠳᠤᠭ᠎ᠠ᠂ ᠭᠠᠶᠢᠯᠢ  ᠶᠢᠨ ᠶᠠᠪᠣᠳᠠᠯ ᠵᠡᠷᠬᠡ ᠰᠠᠯᠠᠭ᠎ᠠ ᠮᠦᠴᠢᠷ ᠲᠠᠢ ᠴᠢᠮᠡᠭᠡ ᠵᠠᠩᠬᠢ  ᠶᠢ ᠠᠪᠣᠴᠠᠯᠳᠣᠭᠤᠯᠬᠤ  ᠶᠢ ᠠᠭᠠᠵᠢᠮ  ᠢᠶᠠᠷ ᠪᠡᠶᠡᠯᠡᠭᠦᠯᠵᠣ᠂ ᠬᠦᠷᠢᠶᠡᠯᠡᠩ  ᠤᠨ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ ᠶᠢ ᠠᠬᠢᠭᠤᠯᠬᠤ ᠲᠣᠭᠳᠠᠴᠠ  ᠶᠢ ᠪᠦᠷᠢᠯᠳᠦᠭᠦᠯᠦᠨ᠎ᠡ᠃    ᠲᠣᠮᠣ ᠬᠡᠯᠪᠡᠷᠢ  ᠶᠢᠨ ᠠᠵᠣ ᠠᠬᠤᠶᠢᠯᠠᠯ  ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠵᠢᠱᠢᠶ᠎ᠡ ᠦᠵᠡᠭᠦᠯᠦᠨ ᠲᠠᠭᠠᠭᠤᠯᠬᠤ  ᠶᠢ ᠬᠦᠨᠵᠡᠬᠡᠶᠢᠷᠡᠭᠦᠯᠦᠨ᠎ᠡ᠃ ᠲᠣᠮᠣ ᠬᠡᠯᠪᠡᠷᠢ  ᠶᠢᠨ ᠠᠵᠣ ᠠᠬᠤᠶᠢᠯᠠᠯ  ᠤᠨ ᠪᠦᠯᠦᠭᠯᠡᠯ  ᠤᠨ ᠲᠠᠪᠬᠤᠷᠭ᠎ᠠ ᠶᠢᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ  ᠶᠢ ᠨᠢᠭᠡᠳᠬᠡᠬᠦ  ᠶᠢ ᠠᠬᠢᠭᠤᠯᠵᠣ᠂ ᠣᠶᠢᠯᠡᠳᠪᠦᠷᠢᠯᠡᠯ ᠬᠠᠮᠢᠶᠠᠷᠣᠯᠳᠠ ᠡᠵᠡᠩᠨᠡᠯᠳᠡ  ᠶᠢᠨ ᠪᠦᠬᠦ ᠬᠡᠯᠬᠢᠶ᠎ᠡ ︵SCM-ERP/ MES-CRM︶ ᠎ ᠶᠢᠨ ᠬᠤᠷᠠᠮᠠᠯ  ᠢ ᠠᠬᠢᠭᠤᠯᠵᠣ᠂ CIO ᠎ ᠤᠨ ᠲᠦᠷᠢᠮ  ᠢ ᠬᠡᠷᠡᠭᠵᠢᠭᠦᠯᠬᠦ ᠪᠠ ᠭᠤᠣᠯᠳᠠᠯᠭᠠᠳᠣ ᠪᠣᠰᠣ ᠲᠣᠬᠠᠶᠢᠯᠠᠭᠰᠠᠨ ᠠᠵᠢᠯ  ᠤᠨ ᠰᠢᠰᠲ᠋ᠧᠮ  ᠢ ᠭᠠᠳᠠᠭᠰᠢ ᠲᠠᠭᠠᠭᠠᠴᠢᠯᠠᠨ ᠬᠠᠮᠢᠶᠠᠷᠣᠯᠳᠠ ᠬᠢᠬᠦ  ᠶᠢ ᠵᠣᠷᠢᠭᠵᠢᠭᠤᠯᠵᠣ᠂ ᠲᠣᠮᠣ ᠬᠡᠯᠪᠡᠷᠢ  ᠶᠢᠨ ᠠᠵᠣ ᠠᠬᠤᠶᠢᠯᠠᠯ  ᠢ ᠲᠡᠮᠵᠢᠨ ᠡᠨᠧᠷᠬᠢ  ᠶᠢᠨ ᠬᠤᠷᠣᠭᠳᠠᠯ᠂ ᠠᠶᠣᠯ ᠦᠬᠡᠢ᠂ ᠣᠷᠴᠢᠨ ᠲᠣᠭᠤᠷᠢᠨ  ᠤ ᠬᠠᠮᠠᠭᠠᠯᠠᠯᠳᠠ  ᠶᠢᠨ ᠶᠡᠷᠦᠩᠬᠡᠶᠢᠯᠡᠨ ᠬᠢᠨᠠᠨ ᠡᠵᠡᠮᠰᠢᠬᠦ ᠲᠠᠪᠴᠠᠩ  ᠢ ᠪᠠᠶᠢᠭᠤᠯᠣᠨ᠎ᠠ᠃    ᠲᠣᠮᠳᠠ ᠵᠢᠵᠢᠭ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢ ᠲᠦᠭᠡᠮᠡᠯᠵᠢᠭᠦᠯᠦᠨ ᠬᠡᠷᠡᠭᠯᠡᠬᠦ  ᠶᠢ ᠲᠦᠷᠬᠡᠳᠬᠡᠨ᠎ᠡ᠃ ᠲᠣᠮᠳᠠ ᠵᠢᠵᠢᠭ ᠠᠵᠣ ᠠᠬᠤᠶᠢᠯᠠᠯ  ᠢ ᠵᠣᠷᠢᠭᠵᠢᠭᠤᠯᠣᠨ ᠡᠭᠦᠳᠡᠨ ᠰᠦᠯᠵᠢᠶᠡᠨ ᠴᠡᠭ᠂  ᠠᠯᠪᠠᠯᠠᠬᠤ ᠰᠢᠰᠲ᠋ᠧᠮ᠂ ᠬᠠᠷᠢᠴᠠᠭᠠᠨ ᠡᠷᠦᠬᠡ  ᠶᠢᠨ ᠬᠠᠷᠢᠴᠠᠭ᠎ᠠ  ᠶᠢᠨ ᠬᠠᠮᠢᠶᠠᠷᠣᠯᠳᠠ᠂ ᠡᠳ᠋  ᠤᠨ ᠶᠠᠪᠣᠳᠠᠯ  ᠤᠨ ᠬᠠᠮᠢᠶᠠᠷᠣᠯᠳᠠ ᠵᠡᠷᠬᠡ ᠬᠡᠷᠡᠭᠯᠡᠯᠳᠡ ᠶᠢᠨ ᠰᠢᠰᠲ᠋ᠧᠮ  ᠢ ᠪᠠᠶᠢᠭᠤᠯᠣᠨ᠎ᠠ︔ ᠲᠣᠭᠠᠴᠠᠯᠠᠭᠰᠠᠨ ᠣᠶᠢᠯᠡᠳᠪᠦᠷᠢᠯᠡᠯ ᠤᠨ ᠲᠦᠭᠦᠭᠡᠷᠣᠮᠵᠢ ᠪᠣᠶᠣ ᠡᠰᠡᠭᠦᠯ᠎ᠡ ᠬᠤᠯᠪᠣᠭᠳᠠᠯ ᠪᠦᠬᠦᠢ ᠮᠡᠷᠭᠡᠵᠢᠯ  ᠢ ᠣᠷᠣᠭᠤᠯᠬᠤ  ᠶᠢ ᠲᠡᠮᠵᠢᠵᠣ᠂ ᠬᠡᠰᠡᠭ ᠲᠠᠯ᠎ᠠ ᠪᠣᠶᠣ ᠡᠰᠡᠭᠦᠯ᠎ᠡ ᠲᠠᠩ ᠲᠠᠯ᠎ᠠ  ᠶᠢᠨ ᠣᠶᠢᠯᠡᠳᠪᠦᠷᠢᠯᠡᠯ  ᠤᠨ ᠣᠶᠣᠨᠴᠢᠯᠠᠯᠳᠠ  ᠶᠢ ᠪᠡᠶᠡᠯᠡᠭᠦᠯᠦᠨ᠎ᠡ︔ ᠴᠢᠮᠡᠭᠡ ᠵᠠᠩᠬᠢᠴᠢᠯᠠᠯᠳᠠ  ᠶᠢᠨ ᠰᠢᠰᠲ᠋ᠧᠮ  ᠤᠨ ᠪᠠᠶᠢᠭᠤᠯᠣᠯᠳᠠ  ᠶᠢᠨ ᠡᠷᠬᠢᠯᠳᠡ ᠬᠠᠮᠠᠭᠠᠯᠠᠯᠳᠠ  ᠶᠢ ᠭᠠᠳᠠᠭᠰᠢ ᠲᠠᠭᠠᠭᠠᠴᠢᠯᠠᠭᠤᠯᠬᠤ  ᠶᠢ ᠵᠣᠷᠢᠭᠵᠢᠭᠤᠯᠣᠨ᠎ᠠ︔ ᠣᠯᠠᠨ ᠨᠡᠶᠢᠳᠡ  ᠶᠢᠨ ᠴᠢᠮᠡᠭᠡ ᠵᠠᠩᠬᠢ ᠶᠢᠨ ᠣᠶᠢᠯᠡᠴᠢᠯᠡᠬᠡᠨ  ᠤ ᠲᠠᠪᠴᠠᠩ ᠪᠣᠶᠣ ᠡᠰᠡᠭᠦᠯ᠎ᠡ ᠵᠠᠬ᠎ᠠ ᠲᠡᠯᠬᠡᠭᠦᠷᠴᠢᠯᠡᠭᠰᠡᠨ ᠴᠢᠮᠡᠭᠡ ᠵᠠᠩᠬᠢ ᠶᠢᠨ ᠲᠠᠪᠴᠠᠩ  ᠢᠶᠠᠷ ᠲᠠᠮᠵᠢᠨ ᠬᠤᠯᠪᠣᠭᠳᠠᠯ ᠪᠦᠬᠦᠢ ᠴᠢᠮᠡᠭᠡ ᠵᠠᠩᠬᠢᠴᠢᠯᠠᠯᠳᠠ  ᠶᠢᠨ ᠬᠡᠷᠡᠭᠯᠡᠭᠡ ᠶᠢ ᠪᠠᠶᠢᠭᠤᠯᠬᠤ  ᠶᠢ ᠲᠡᠮᠵᠢᠨ᠎ᠡ᠃    ︵ᠲᠦᠷᠪᠡ︶ ᠣᠯᠠᠨ ᠨᠡᠶᠢᠳᠡ  ᠶᠢᠨ ᠴᠢᠮᠡᠭᠡ ᠵᠠᠩᠬᠢ  ᠶᠢᠨ ᠣᠶᠢᠯᠡᠴᠢᠯᠡᠬᠡᠨ  ᠤ ᠰᠢᠰᠲ᠋ᠧᠮᠵᠢ  ᠶᠢ ᠲᠡᠭᠦᠯᠳᠡᠷᠵᠢᠭᠦᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ  ᠶᠢ ᠠᠬᠢᠭᠤᠯᠬᠤ ᠦᠷ᠎ᠡ ᠪᠦᠲᠦᠮᠵᠢ  ᠶᠢ ᠲᠡᠭᠡᠭᠰᠢᠯᠡᠭᠦᠯᠦᠨ᠎ᠡ᠃    ᠴᠢᠮᠡᠭᠡ ᠵᠠᠩᠬᠢ ᠶᠢᠨ ᠰᠠᠭᠤᠷᠢ ᠲᠦᠭᠦᠭᠡᠷᠣᠮᠵᠢ ᠶᠢᠨ ᠪᠠᠶᠢᠭᠤᠯᠣᠯᠳᠠ ᠶᠢ ᠲᠡᠭᠦᠯᠳᠡᠷᠵᠢᠭᠦᠯᠦᠨ᠎ᠡ᠃ ᠦᠷᠬᠡᠨ ᠪᠦᠰᠡ  ᠶᠢᠨ ᠲᠣᠣᠷ ᠰᠦᠯᠵᠢᠶ᠎ᠡ  ᠶᠢᠨ ᠪᠠᠶᠢᠭᠤᠯᠣᠯᠳᠠ ᠪᠠ ᠣᠳᠠᠰᠣ ᠦᠬᠡᠢ ᠲᠣᠣᠷ ᠰᠦᠯᠵᠢᠶ᠎ᠡ  ᠶᠢᠨ ᠪᠦᠷᠬᠦᠯᠳᠡ ᠎ ᠶᠢ ᠲᠦᠷᠬᠡᠳᠬᠡᠨ ᠲᠡᠭᠦᠯᠳᠡᠷᠵᠢᠭᠦᠯᠵᠣ᠂ ᠴᠢᠮᠡᠭᠡ ᠵᠠᠩᠬᠢ  ᠶᠢᠨ ᠰᠠᠭᠤᠷᠢ ᠲᠦᠭᠦᠭᠡᠷᠣᠮᠵᠢ  ᠶᠢᠨ ᠡᠷᠴᠢᠮᠵᠢᠭᠦᠯᠦᠯᠳᠡ ᠎ ᠶᠢ ᠠᠬᠢᠭᠤᠯᠣᠨ᠎ᠠ︔ ᠲᠣᠮᠣ ᠬᠡᠯᠪᠡᠷᠢ  ᠶᠢᠨ ᠳ᠋ᠠᠶᠢᠲᠨ  ᠶᠢᠨ ᠭᠤᠣᠯᠳᠠᠯᠭᠠᠳᠣ ᠮᠠᠰᠢᠨ  ᠤ ᠬᠡᠷ  ᠤᠨ ᠪᠦᠲᠦᠬᠡᠨ ᠪᠠᠶᠢᠭᠤᠯᠣᠯᠳᠠ ᠵᠢᠴᠢ ᠬᠤᠯᠪᠣᠭᠳᠠᠯ ᠪᠦᠬᠦᠢ ᠡᠭᠦᠯᠡᠨ ᠣᠶᠢᠯᠡᠴᠢᠯᠡᠭᠡ᠂ ᠭᠠᠢ ᠭᠠᠮᠰᠢᠭ  ᠤᠨ ᠪᠡᠯᠡᠳᠬᠡᠯ ᠤᠨ ᠣᠶᠢᠯᠡᠴᠢᠯᠡᠬᠡᠨ  ᠤ ᠲᠠᠪᠴᠠᠩ  ᠤᠨ ᠪᠠᠶᠢᠭᠤᠯᠣᠯᠳᠠ  ᠶᠢ ᠲᠡᠮᠵᠢᠨ᠎ᠡ᠃    ᠣᠯᠠᠨ  ᠨᠡᠶᠢᠳᠡ  ᠶᠢᠨ ᠴᠢᠮᠡᠭᠡ ᠵᠠᠩᠬᠢ  ᠶᠢᠨ ᠣᠶᠢᠯᠡᠴᠢᠯᠡᠬᠡᠨ  ᠤ ᠰᠢᠰᠲ᠋ᠧᠮᠵᠢ  ᠶᠢ ᠲᠡᠭᠦᠯᠳᠡᠷᠵᠢᠭᠦᠯᠦᠨ᠎ᠡ᠃ ᠲᠣᠮᠳᠠ ᠵᠢᠵᠢᠭ ᠠᠵᠣ ᠠᠬᠤᠶᠢᠯᠠᠯ  ᠳᠤ ᠬᠠᠨᠳᠣᠭᠤᠯᠣᠭᠰᠠᠨ ᠡᠭᠦᠯᠡᠨ ᠪᠣᠳᠣᠯᠭ᠎ᠠ  ᠶᠢᠨ ᠲᠦᠪ᠂ ᠡᠭᠦᠯᠡᠨ ᠣᠶᠢᠯᠡᠴᠢᠯᠡᠭᠡ  ᠶᠢᠨ ᠲᠠᠪᠴᠠᠩ  ᠤᠨ ᠪᠠᠶᠢᠭᠤᠯᠣᠯᠳᠠ ᠪᠠ ᠡᠷᠬᠢᠯᠳᠡ ᠬᠠᠮᠠᠭᠠᠯᠠᠯᠳᠠ  ᠶᠢ ᠲᠡᠮᠵᠢᠨ᠎ᠡ︔ ᠠᠵᠢᠯ ᠲᠦᠷᠦᠯ  ᠤᠨ ᠨᠡᠶᠢᠬᠡᠮᠯᠢᠭ ᠪᠠ ᠵᠠᠭᠤᠴᠢᠯᠠᠭᠤᠷ ᠪᠠᠶᠢᠭᠤᠯᠣᠮᠵᠢ ᠶᠢ ᠲᠠᠭᠠᠭᠤᠯᠣᠨ ᠴᠢᠮᠡᠭᠡ ᠵᠠᠩᠬᠢᠴᠢᠯᠠᠯᠳᠠ  ᠶᠢᠨ ᠯᠠᠪᠯᠠᠯᠭ᠎ᠠ᠂ ᠴᠢᠮᠡᠭᠡ ᠵᠠᠩᠬᠢᠴᠢᠯᠠᠯᠳᠠ ᠶᠢᠨ ᠪᠣᠯᠪᠠᠰᠣᠷᠠᠯ᠂ IT ︵ᠴᠢᠮᠡᠭᠡ ᠵᠠᠩᠬᠢ  ᠶᠢᠨ ᠮᠡᠷᠭᠡᠵᠢᠯ︶ ᠎ ᠤᠨ ᠣᠶᠢᠯᠡᠴᠢᠯᠡᠭᠡ  ᠶᠢ ᠲᠠᠨᠢᠯᠴᠠᠭᠤᠯᠬᠤ  ᠶᠢ ᠨᠢᠭᠡ ᠴᠣᠭᠴᠠᠵᠢᠭᠤᠯᠣᠭᠰᠠᠨ ᠣᠯᠠᠨ ᠨᠡᠶᠢᠳᠡ  ᠶᠢᠨ ᠣᠶᠢᠯᠡᠴᠢᠯᠡᠬᠡᠨ  ᠤ ᠲᠠᠪᠴᠠᠩ ᠢ ᠪᠠᠶᠢᠭᠤᠯᠣᠨ᠎ᠠ︔ ᠡᠯᠧᠺᠲᠷᠣᠨ ᠬᠤᠳᠠᠯᠳᠣᠭᠠᠨ  ᠤ ᠶᠠᠪᠣᠳᠠᠯ᠂ ᠪᠣᠳᠠᠰ  ᠤᠨ ᠭᠦᠢᠯᠬᠡᠬᠡ᠂ ᠦᠭᠬᠦ᠂ ᠢᠳᠡᠬᠡᠮᠵᠢ ᠵᠡᠷᠬᠡ ᠲᠣᠯᠭᠠᠭᠤᠷᠢᠯᠠᠬᠤ ᠲᠠᠪᠴᠠᠩ  ᠤᠨ ᠬᠦᠭᠵᠢᠯᠳᠡ  ᠶᠢ ᠲᠠᠭᠠᠭᠤᠯᠣᠨ᠎ᠠ᠃    ᠠᠬᠢᠭᠤᠯᠬᠤ ᠲᠦᠷᠦ  ᠶᠢᠨ ᠪᠣᠳᠣᠯᠭ᠎ᠠ ᠪᠠ ᠲᠣᠭᠳᠠᠴᠠ  ᠶᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ  ᠠᠴᠠ ᠲᠡᠮᠵᠢᠬᠦ᠂ ᠭᠠᠶᠢᠯᠢ ᠲᠠᠳᠠᠪᠦᠷᠢ  ᠶᠢ ᠰᠠᠭᠤᠯᠭᠠᠨ ᠠᠪᠬᠤ᠂ ᠴᠢᠳᠠᠪᠦᠷᠢᠳᠠᠨ  ᠢ ᠨᠦᠬᠦᠪᠦᠷᠢᠯᠡᠬᠦ ᠵᠡᠷᠬᠡ ᠲᠠᠯ᠎ᠠ ᠠᠴᠠ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ ᠲᠦᠷᠦ  ᠶᠢᠨ ᠪᠣᠳᠣᠯᠭ᠎ᠠ  ᠶᠢ ᠲᠡᠭᠦᠯᠳᠡᠷᠵᠢᠭᠦᠯᠵᠣ᠂ ᠠᠵᠣ ᠠᠬᠤᠶᠢᠯᠠᠯ  ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠶᠢ ᠪᠡᠶ᠎ᠡ  ᠪᠠᠨ ᠲᠠᠭᠠᠭᠠᠨ ᠠᠬᠢᠭᠤᠯᠬᠤ ᠢᠳᠡᠪᠬᠢ ᠴᠢᠨᠠᠷ  ᠢ ᠪᠠᠳᠠᠷᠠᠭᠤᠯᠣᠨ᠎ᠠ︔ ᠬᠤᠳᠠ᠂ ᠬᠤᠰᠢᠭᠤ ᠲᠣᠭᠤᠷᠢᠭ᠂ ᠬᠦᠷᠢᠶᠡᠯᠡᠩ  ᠤᠨ ᠠᠵᠢᠯ  ᠤᠨ ᠠᠬᠢᠭᠤᠯᠬᠤ ᠲᠣᠭᠳᠠᠴᠠ ᠶᠢ ᠪᠦᠷᠢᠯᠳᠦᠭᠦᠯᠵᠣ᠂ ᠲᠣᠷᠰᠢᠯᠭ᠎ᠠ ᠰᠣᠯᠢᠯᠴᠠᠬᠤ᠂ ᠦᠨᠡᠯᠡᠬᠦ ᠪᠠ ᠰᠢᠯᠭᠠᠨ ᠬᠢᠨᠠᠬᠤ ᠲᠦᠷᠢᠮ  ᠢ ᠲᠡᠭᠦᠯᠳᠡᠷᠵᠢᠭᠦᠯᠦᠨ᠎ᠡ᠃    ᠵᠠᠬ᠎ᠠ ᠲᠡᠯᠭᠡᠭᠦᠷᠴᠢᠯᠡᠨ ᠡᠷᠬᠢᠯᠳᠦᠭᠦᠯᠬᠦ  ᠶᠢ ᠬᠡᠷᠡᠭᠵᠢᠭᠦᠯᠦᠨ᠎ᠡ᠃ ᠴᠠᠬᠢᠯᠭᠠᠨ ᠬᠤᠯᠪᠣᠭᠠᠨ  ᠤ ᠡᠷᠬᠢᠯᠳᠡ ᠡᠵᠡᠩᠨᠡᠯᠳᠡ  ᠶᠢᠨ ᠬᠤᠳᠠᠯᠳᠤᠭᠠᠴᠢᠳ ᠢ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠪᠠᠶᠢᠭᠤᠯᠣᠯᠳᠠ  ᠳᠤ ᠣᠷᠣᠯᠴᠠᠭᠤᠯᠬᠤ  ᠶᠢ ᠠᠬᠢᠭᠤᠯᠣᠨ᠎ᠠ︔ ᠨᠡᠩ ᠣᠯᠠᠨ IT ᠎ ᠤᠨ ᠯᠠᠪᠯᠠᠯᠭ᠎ᠠ ᠶᠢᠨ ᠣᠶᠢᠯᠡᠴᠢᠯᠡᠬᠡᠨ  ᠤ ᠬᠤᠳᠠᠯᠳᠣᠭᠠᠴᠢᠨ᠂ ᠰᠢᠰᠲ᠋ᠧᠮ  ᠤᠨ ᠬᠤᠷᠠᠮᠠᠯ  ᠤᠨ ᠬᠤᠳᠠᠯᠳᠣᠭᠠᠴᠢᠨ ᠪᠠ ᠲᠣᠰᠬᠠᠢ ᠮᠡᠷᠭᠡᠵᠢᠯ  ᠤᠨ ᠣᠶᠢᠯᠡᠴᠢᠯᠡᠬᠡᠨ ᠤ ᠬᠤᠳᠠᠯᠳᠣᠭᠠᠴᠢᠨ  ᠢ ᠲᠠᠭᠠᠭᠤᠯᠣᠨ ᠬᠤᠯᠪᠣᠭᠳᠠᠯ ᠪᠦᠬᠦᠢ ᠠᠵᠣ ᠠᠬᠤᠶᠢᠯᠠᠯ ᠲᠠᠢ ᠬᠠᠮᠳᠣᠷᠠᠨ ᠠᠵᠢᠯᠯᠠᠭᠤᠯᠣᠨ᠎ᠠ︔ ᠨᠢᠭᠡ ᠪᠦᠯᠦᠭ ᠲᠣᠰ ᠭᠠᠵᠠᠷ  ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠣᠶᠢᠯᠡᠴᠢᠯᠡᠬᠡᠨ ᠤ ᠣᠶᠢᠯᠡᠳᠪᠦᠷᠢ ᠬᠤᠳᠠᠯᠳᠣᠭᠠᠴᠢᠨ ᠢ ᠲᠦᠷᠬᠡᠨ  ᠢᠶᠠᠷ ᠲᠡᠮᠵᠢᠨ᠎ᠡ︔ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠰᠣᠯᠢᠯᠴᠠᠭᠠᠨ  ᠤ ᠬᠤᠷᠠᠯ᠂ ᠦᠵᠡᠰᠭᠦᠯᠡᠩ ᠵᠡᠷᠬᠡ ᠶᠢ ᠲᠣᠭᠳᠠᠮᠠᠯ ᠬᠤᠭᠤᠴᠠᠭ᠎ᠠ ᠲᠠᠢ  ᠪᠠᠷ ᠦᠷᠨᠢᠭᠦᠯᠵᠣ᠂ ᠬᠠᠩᠭᠠᠯᠭ᠎ᠠ ᠬᠡᠷᠡᠭᠴᠡᠬᠡᠨ  ᠤ ᠬᠤᠶᠠᠷ ᠲᠠᠯ᠎ᠠ  ᠶᠢ ᠪᠦᠲᠦᠮᠵᠢᠲᠠᠢ ᠠᠪᠣᠴᠠᠯᠳᠣᠭᠤᠯᠬᠤ  ᠶᠢ ᠠᠬᠢᠭᠤᠯᠣᠨ᠎ᠠ᠃   ᠲᠦᠷᠪᠡ᠂ ᠲᠣᠰᠬᠠᠢ ᠲᠦᠷᠦᠯ  ᠤᠨ ᠲᠦᠯᠦᠪᠯᠡᠭᠡ   ︵ᠨᠢᠭᠡ︶ ᠨᠡᠭᠦᠷᠡᠰᠦ ᠵᠢᠴᠢ ᠬᠢᠮᠢ  ᠶᠢᠨ ᠠᠵᠣ ᠣᠶᠢᠯᠡᠳᠪᠦᠷᠢ  ᠶᠢᠨ ᠠᠵᠢᠯ ᠲᠦᠷᠦᠯ  ᠤᠨ ᠴᠢᠮᠡᠭᠡ ᠵᠠᠩᠬᠢᠴᠢᠯᠠᠯᠳᠠ  ᠶᠢ ᠲᠡᠭᠡᠭᠰᠢᠯᠡᠭᠦᠯᠬᠦ ᠢᠨᠵᠧᠨᠧᠷᠢᠩ    ᠲᠣᠭᠠᠴᠠᠯᠠᠭᠰᠠᠨ ᠠᠭᠤᠷᠬᠠᠢ  ᠶᠢᠨ ᠪᠦᠲᠦᠬᠡᠨ ᠪᠠᠶᠢᠭᠤᠯᠣᠯᠳᠠ  ᠶᠢ ᠠᠬᠢᠭᠤᠯᠣᠨ᠎ᠠ᠃ ᠨᠡᠭᠦᠷᠡᠰᠦᠨ ᠤ ᠠᠵᠣ ᠠᠬᠤᠶᠢᠯᠠᠯ  ᠢ ᠵᠣᠷᠢᠭᠵᠢᠭᠤᠯᠣᠨ ᠲᠣᠭᠠᠴᠠᠯᠠᠭᠰᠠᠨ ᠠᠭᠤᠷᠬᠠᠢ  ᠶᠢᠨ ᠪᠦᠲᠦᠬᠡᠨ ᠪᠠᠶᠢᠭᠤᠯᠣᠯᠳᠠ  ᠶᠢ ᠦᠷᠨᠢᠭᠦᠯᠵᠣ᠂ ᠰᠡᠷᠡᠭᠳᠡᠯ᠂ ᠭᠠᠵᠠᠷ ᠵᠦᠢ  ᠶᠢᠨ ᠴᠢᠮᠡᠭᠡ ᠵᠠᠩᠬᠢ᠂ ᠭᠤᠷᠪᠠᠨ ᠬᠡᠮᠵᠢᠯ  ᠢᠶᠠᠷ ᠢᠯᠡᠷᠡᠭᠦᠯᠬᠦ᠂ ᠣᠶᠣᠨ  ᠢᠶᠠᠷ ᠡᠵᠡᠮᠰᠢᠬᠦ ᠵᠡᠷᠬᠡ ᠮᠡᠷᠭᠡᠵᠢᠯ  ᠢ ᠠᠰᠢᠭᠯᠠᠬᠤ ᠶᠢ ᠲᠡᠮᠵᠢᠵᠣ᠂ ᠣᠷᠣᠨ ᠵᠠᠢ  ᠶᠢᠨ ᠭᠠᠵᠠᠷ ᠵᠦᠢ  ᠳᠤ ᠰᠠᠭᠤᠷᠢᠯᠠᠭᠰᠠᠨ ᠦᠵᠡᠭᠳᠡᠮᠡᠯ᠂ ᠰᠡᠷᠡᠭᠳᠡᠬᠦ᠂ ᠠᠦ᠋ᠲ᠋ᠣᠴᠢᠯᠠᠨ ᠡᠵᠡᠮᠰᠢᠬᠦ ᠮᠦᠷᠳᠡᠬᠡᠨ ᠪᠠᠷᠢᠯᠭ᠎ᠠ  ᠶᠢᠨ ᠵᠢᠷᠣᠭᠯᠠᠨ ᠲᠦᠯᠦᠪᠯᠡᠬᠦ᠂ ᠨᠡᠬᠡᠬᠡᠨ ᠮᠠᠯᠳᠠᠬᠤ  ᠶᠢ ᠬᠦᠳᠡᠯᠦᠩᠭᠦᠢ  ᠪᠠᠷ ᠬᠢᠨᠠᠨ ᠡᠵᠡᠮᠰᠢᠬᠦ᠂ ᠨᠦᠬᠡᠴᠡᠯᠡᠨ ᠬᠠᠳᠠᠭᠠᠯᠠᠨ ᠲᠡᠭᠡᠭᠡᠪᠦᠷᠢᠯᠡᠬᠦ᠂ ᠵᠠᠬ᠎ᠠ ᠲᠡᠯᠬᠡᠭᠦᠷ  ᠤᠨ ᠡᠵᠡᠩᠨᠡᠯᠳᠡ᠂ ᠠᠭᠤᠷᠬᠠᠢ  ᠶᠢᠨ ᠶᠡᠷᠦᠩᠬᠡᠶᠢᠯᠡᠭᠰᠡᠨ ᠠᠶᠣᠯ ᠦᠬᠡᠢ  ᠶᠢᠨ ᠬᠠᠮᠢᠶᠠᠷᠣᠯᠳᠠ  ᠶᠢᠨ ᠪᠦᠬᠦ ᠬᠦᠷᠢᠶ᠎ᠡ ᠬᠡᠪᠴᠢᠶ᠎ᠡ  ᠶᠢ ᠪᠦᠷᠬᠦᠭᠰᠡᠨ ᠪᠦᠬᠦ ᠴᠣᠪᠣᠷᠠᠯ  ᠤᠨ ᠨᠡᠭᠦᠷᠡᠰᠦᠨ ᠤ ᠴᠢᠮᠡᠭᠡ ᠵᠠᠩᠬᠢᠴᠢᠯᠠᠯᠳ  ᠶᠢᠨ ᠰᠢᠰᠲ᠋ᠧᠮ ᠎ ᠢ ᠪᠠᠶᠢᠭᠤᠯᠵᠣ᠂ ᠨᠡᠭᠦᠷᠡᠰᠦᠨ  ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠪᠠ ᠲᠣᠮᠣ ᠬᠡᠯᠪᠡᠷᠢ  ᠶᠢᠨ ᠠᠵᠣ ᠠᠬᠤᠶᠢᠯᠠᠯ ᠲᠣᠭᠠᠴᠠᠯᠠᠭᠰᠠᠨ ᠠᠭᠤᠷᠬᠠᠢ  ᠶᠢᠨ ᠪᠠᠷᠢᠮᠵᠢᠶᠠᠳᠣ ᠰᠢᠰᠲ᠋ᠧᠮᠵᠢ  ᠶᠢᠨ ᠪᠠᠶᠢᠭᠤᠯᠣᠯᠳᠠ  ᠶᠢᠨ ᠠᠵᠢᠯ  ᠢ ᠲᠦᠷᠦᠭᠦᠯᠡᠨ ᠦᠷᠨᠢᠭᠦᠯᠬᠦ  ᠶᠢ ᠠᠬᠢᠭᠤᠯᠣᠨ᠎ᠠ᠃    ᠨᠡᠭᠦᠷᠡᠰᠦᠨ ᠤ ᠠᠷᠠᠯᠵᠢᠶᠠᠨ  ᠤ ᠵᠠᠬ᠎ᠠ ᠲᠡᠯᠭᠡᠭᠦᠷ  ᠤᠨ ᠬᠦᠭᠵᠢᠯᠳᠡ  ᠶᠢ ᠲᠦᠷᠬᠡᠳᠬᠡᠨ᠎ᠡ᠃ ᠵᠠᠰᠠᠭ  ᠤᠨ ᠣᠷᠳᠣᠨ  ᠢᠶᠠᠷ ᠭᠤᠣᠯᠯᠠᠵᠣ᠂ ᠠᠵᠣ ᠠᠬᠤᠶᠢᠯᠠᠯ  ᠢᠶᠠᠷ ᠡᠷᠬᠢᠯᠳᠦᠭᠦᠯᠦᠨ ᠡᠵᠡᠩᠨᠡᠭᠦᠯᠬᠦ ᠶᠢ ᠪᠠᠷᠢᠮᠳᠠᠯᠠᠵᠣ᠂ ᠦᠪᠦᠷ ᠮᠣᠩᠭᠤᠯ  ᠤᠨ ᠨᠡᠭᠦᠷᠡᠰᠦᠨ  ᠤ ᠠᠷᠠᠯᠵᠢᠶᠠᠨ  ᠤ ᠵᠠᠬ᠎ᠠ ᠲᠡᠯᠬᠡᠭᠦᠷ  ᠢ ᠠᠬᠢᠭᠤᠯᠬᠤ ᠲᠠᠪᠴᠠᠩ ᠤᠨ ᠰᠢᠰᠲ᠋ᠧᠮ ᠤᠨ ᠴᠢᠳᠠᠮᠵᠢ ᠶᠢ ᠲᠠᠰᠣᠷᠠᠯᠳᠠ ᠦᠬᠡᠢ ᠲᠡᠭᠦᠯᠳᠡᠷᠵᠢᠭᠦᠯᠵᠣ᠂ ᠠᠷᠠᠯᠵᠢᠶᠠᠯᠠᠬᠤ ᠲᠦᠷᠦᠯ ᠵᠣᠶᠢᠯ  ᠢ ᠨᠠᠷᠢᠯᠢᠭ  ᠢᠶᠠᠷ ᠬᠤᠪᠢᠶᠠᠨ ᠨᠡᠬᠡᠬᠡᠵᠣ᠂ ᠨᠡᠭᠦᠷᠡᠰᠦᠨ  ᠤ ᠲᠣᠮᠳᠠ ᠠᠯᠣᠰ ᠬᠡᠳᠣ  ᠶᠢᠨ ᠬᠤᠭᠤᠴᠠᠭ᠎ᠠ  ᠶᠢᠨ ᠠᠷᠠᠯᠵᠢᠶ᠎ᠠ  ᠶᠢ ᠠᠬᠢᠭᠤᠯᠣᠨ᠎ᠠ᠃ ᠨᠡᠭᠦᠷᠡᠰᠦ  ᠶᠢ ᠲᠦᠪᠯᠡᠷᠡᠭᠦᠯᠦᠨ ᠠᠷᠠᠯᠵᠢᠶᠠᠯᠠᠬᠤ  ᠳᠤ ᠠᠰᠢᠭᠳᠠᠢ ᠲᠦᠷᠦ  ᠶᠢᠨ ᠪᠣᠳᠣᠯᠭ᠎ᠠ ᠪᠠ ᠲᠣᠭᠳᠠᠴᠠ  ᠶᠢᠨ ᠪᠠᠶᠢᠭᠤᠯᠣᠯᠳᠠ ᠶᠢ ᠠᠬᠢᠭᠤᠯᠵᠣ᠂ ᠨᠡᠭᠦᠷᠡᠰᠦᠨ ᠤ ᠠᠷᠠᠯᠵᠢᠶ᠎ᠠ ᠪᠠ ᠨᠡᠭᠦᠷᠡᠰᠦᠨ ᠤ ᠣᠷᠣᠨ ᠲᠣᠭᠤᠷᠢᠭ ᠤᠨ ᠲᠡᠬᠡᠬᠡᠪᠦᠷᠢᠯᠡᠯᠳᠡ ᠪᠣᠷᠣᠯᠠᠭᠤᠯᠣᠯᠳᠠ ᠶᠢᠨ ᠬᠢᠨᠠᠨ ᠬᠠᠮᠢᠶᠠᠷᠣᠯᠳᠠ  ᠶᠢ ᠨᠢᠭᠡ  ᠴᠣᠭᠴᠠᠵᠢᠭᠤᠯᠬᠤ ᠶᠢ ᠠᠬᠢᠭᠤᠯᠣᠨ᠎ᠠ᠃ ᠨᠡᠭᠦᠷᠡᠰᠦᠨ  ᠤ ᠠᠷᠠᠯᠵᠢᠶᠠᠨ  ᠤ ᠵᠠᠬ᠎ᠠ ᠲᠡᠯᠬᠡᠭᠦᠷ ᠪᠠ ᠨᠡᠭᠦᠷᠡᠰᠦᠨ  ᠤ ᠪᠣᠳᠠᠰ ᠤᠨ ᠭᠦᠢᠯᠬᠡᠬᠡᠨ ᠎ ᠤ ᠲᠠᠪᠴᠠᠩ  ᠤᠨ ᠬᠠᠮᠳᠣᠷᠠᠯᠴᠠᠭ᠎ᠠ  ᠶᠢ ᠠᠬᠢᠭᠤᠯᠵᠣ᠂ ᠨᠡᠭᠦᠷᠡᠰᠦᠨ ᠤ ᠠᠷᠠᠯᠵᠢᠶ᠎ᠠ ᠪᠠ ᠪᠣᠳᠠᠰ ᠤᠨ ᠭᠦᠢᠯᠬᠡᠬᠡ  ᠶᠢ ᠵᠠᠪᠰᠠᠷ ᠦᠬᠡᠢ  ᠪᠠᠷ ᠠᠪᠣᠴᠠᠯᠳᠣᠭᠤᠯᠬᠤ ᠶᠢ ᠠᠬᠢᠭᠤᠯᠣᠨ᠎ᠠ᠃    ᠣᠶᠣᠨᠴᠢᠯᠠᠭᠰᠠᠨ ᠦᠪᠴᠢ ᠲᠣᠨᠣᠭᠯᠠᠯ  ᠢ ᠣᠷᠣᠭᠤᠯᠬᠤ  ᠶᠢ ᠲᠡᠮᠵᠢᠨ᠎ᠡ᠃ ᠨᠡᠭᠦᠷᠡᠰᠦᠨ  ᠤ ᠠᠵᠣ ᠠᠬᠤᠶᠢᠯᠠᠯ ᠎ ᠢ ᠲᠡᠮᠵᠢᠨ ᠲᠦᠷᠬᠡᠨ  ᠢᠶᠠᠷ ᠨᠡᠬᠡᠬᠡᠨ ᠮᠠᠯᠳᠠᠬᠤ ᠪᠠ  ᠲᠤᠯᠭᠠᠭᠤᠷᠢᠯᠠᠨ ᠪᠠᠬᠢᠯᠡᠬᠦ᠂ ᠦᠨᠳᠦᠷ ᠪᠦᠲᠦᠮᠵᠢᠲᠠᠢ ᠣᠷᠳᠣ ᠮᠦᠴᠢᠳᠣ ᠶᠡᠷᠦᠩᠬᠡᠶᠢᠯᠡᠨ ᠮᠠᠯᠳᠠᠬᠤ᠂ ᠨᠡᠭᠦᠷᠡᠰᠣᠨ ᠠᠭᠤᠷᠬᠠᠢ ᠶᠢᠨ ᠲᠣᠰᠠᠯᠠᠨ ᠲᠡᠭᠡᠭᠡᠪᠦᠷᠢᠯᠡᠬᠦ᠂ ᠦᠨᠳᠦᠷ ᠵᠣᠵᠠᠭᠠᠨ ᠪᠠ ᠶᠡᠬᠡᠪᠡᠷ ᠬᠠᠵᠠᠶᠢᠭᠰᠠᠨ ᠨᠡᠭᠦᠷᠡᠰᠦᠨ ᠲᠠᠪᠬᠤᠷᠭ᠎ᠠ ᠶᠢ ᠨᠡᠬᠡᠬᠡᠨ ᠮᠠᠯᠳᠠᠬᠤ ᠵᠡᠷᠬᠡ ᠠᠦ᠋ᠲ᠋ᠣᠴᠢᠯᠠᠭᠰᠠᠨ ᠦᠪᠴᠢ ᠲᠣᠨᠣᠭᠯᠠᠯ  ᠢ ᠣᠷᠣᠭᠤᠯᠣᠨ᠎ᠠ᠃ ᠬᠢᠮᠢ  ᠶᠢᠨ ᠠᠵᠣ ᠣᠶᠢᠯᠡᠳᠪᠦᠷᠢ  ᠶᠢᠨ ᠠᠵᠣ ᠠᠬᠤᠶᠢᠯᠠᠯ  ᠢ ᠲᠡᠮᠵᠢᠨ ᠨᠣᠨᠳᠠᠭ ᠨᠡᠭᠦᠷᠡᠰᠦ  ᠶᠢ ᠬᠡᠶᠢᠵᠢᠭᠦᠯᠬᠦ᠂ ᠨᠡᠭᠦᠷᠡᠰᠦᠨ ᠨᠣᠨᠳᠠᠭ  ᠢ ᠶᠡᠷᠦᠩᠬᠡᠶᠢᠯᠡᠨ ᠠᠰᠢᠭᠯᠠᠬᠤ᠂ ᠬᠤᠶᠠᠷ ᠮᠧᠲ᠋ᠢᠯᠳᠣ ᠡᠲ᠋ᠧᠷ ᠎ ᠤᠨ ᠨᠡᠭᠦᠷᠡᠰᠦᠨ ᠲᠠᠪᠬᠤᠷᠭ᠎ᠠ  ᠶᠢᠨ ᠭᠡᠢ  ᠶᠢ ᠬᠤᠯᠪᠣᠭᠠᠯᠠᠨ ᠣᠶᠢᠯᠡᠳᠪᠦᠷᠢᠯᠡᠬᠦ ᠵᠢᠴᠢ ᠬᠡᠣᠷᠰᠢᠮᠡᠯ ᠨᠡᠭᠦᠷᠡᠰᠦᠨ ᠬᠡᠢ ᠎ ᠪᠠᠷ ᠮᠧᠲ᠋ᠢᠯ ᠠᠯᠺᠣᠣᠯ ᠣᠶᠢᠯᠡᠳᠬᠦ ᠵᠡᠷᠬᠡ ᠨᠡᠭᠦᠷᠡᠰᠦᠨ  ᠤ ᠬᠢᠮᠢ ᠶᠢᠨ ᠠᠵᠣ ᠣᠶᠢᠯᠡᠳᠪᠦᠷᠢ  ᠶᠢᠨ ᠣᠶᠣᠨᠴᠢᠯᠠᠭᠰᠠᠨ ᠦᠪᠴᠢ ᠲᠣᠨᠣᠭᠯᠠᠯ  ᠢ ᠣᠷᠣᠭᠤᠯᠣᠨ᠎ᠠ᠃ ᠨᠡᠭᠦᠷᠡᠰᠦ ᠵᠢᠴᠢ ᠬᠢᠮᠢ  ᠶᠢᠨ ᠠᠵᠣ ᠣᠶᠢᠯᠡᠳᠪᠦᠷᠢ  ᠶᠢᠨ ᠠᠵᠣ ᠠᠬᠤᠶᠢᠯᠠᠯ  ᠢ ᠵᠣᠷᠢᠭᠵᠢᠭᠤᠯᠣᠨ ᠣᠶᠣᠨᠴᠢᠯᠠᠭᠰᠠᠨ ᠲᠣᠨᠣᠭᠯᠠᠯ ᠪᠠ ᠣᠶᠢᠯᠡᠳᠪᠦᠷᠢᠯᠡᠯ ᠬᠠᠮᠢᠶᠠᠷᠣᠯᠳᠠ  ᠶᠢᠨ ᠰᠢᠰᠲ᠋ᠧᠮ  ᠢ ᠬᠤᠷᠠᠮᠠᠯᠵᠢᠭᠤᠯᠵᠣ᠂ ᠬᠤᠯᠪᠣᠭᠳᠠᠯ ᠪᠦᠬᠦᠢ ᠭᠠᠷ ᠣᠷᠠᠯᠠᠯ  ᠤᠨ ᠠᠦ᠋ᠲ᠋ᠣᠴᠢᠯᠠᠭᠰᠠᠨ᠂ ᠣᠶᠣᠨᠴᠢᠯᠠᠭᠰᠠᠨ ᠦᠬᠡᠷᠡᠴᠢᠯᠡᠯᠳᠡ  ᠶᠢ ᠲᠡᠮᠵᠢᠨ᠎ᠡ᠃    ︵ᠬᠤᠶᠠᠷ︶ ᠮᠠᠰᠢᠨ ᠲᠡᠷᠬᠡ ᠵᠢᠴᠢ ᠲᠣᠨᠣᠭᠯᠠᠯ ᠣᠶᠢᠯᠡᠳᠬᠦ ᠣᠶᠢᠯᠡᠰ  ᠤᠨ ᠴᠢᠮᠡᠭᠡ ᠵᠠᠩᠬᠢᠴᠢᠯᠠᠯᠳᠠ  ᠶᠢ ᠲᠡᠭᠡᠭᠰᠢᠯᠡᠭᠦᠯᠬᠦ ᠢᠨᠵᠧᠨᠧᠷᠢᠩ    ᠺᠣᠮᠫᠢᠣᠲ᠋ᠧᠷ  ᠤᠨ ᠲᠣᠰᠠᠯᠠᠬᠤ ᠬᠡᠷᠡᠭᠰᠡᠯ  ᠤᠨ ᠬᠡᠷᠡᠭᠯᠡᠯᠳᠡ  ᠶᠢ ᠠᠬᠢᠭᠤᠯᠣᠨ᠎ᠠ᠃ ᠬᠤᠯᠪᠣᠭᠳᠠᠯ ᠪᠦᠬᠦᠢ ᠠᠵᠣ ᠠᠬᠤᠶᠢᠯᠠᠯ  ᠢ ᠲᠡᠮᠵᠢᠨ ᠺᠣᠮᠫᠢᠣᠲ᠋ᠧᠷ  ᠤᠨ ᠲᠣᠰᠠᠯᠠᠬᠤ ᠬᠡᠷᠡᠭᠰᠡᠯ  ᠤᠨ ᠵᠦᠬᠡᠯᠡᠨ ᠲᠣᠨᠣᠭᠯᠠᠯ  ᠢ ᠬᠤᠳᠠᠯᠳᠣᠨ ᠠᠪᠣᠨ ᠬᠡᠷᠡᠭᠯᠡᠭᠦᠯᠵᠣ᠂ ᠺᠣᠮᠫᠢᠣᠲ᠋ᠧᠷ  ᠢᠶᠠᠷ ᠲᠣᠰᠠᠯᠠᠨ ᠵᠢᠷᠣᠭᠯᠠᠨ ᠲᠦᠯᠦᠪᠯᠡᠬᠦ᠂ ᠺᠣᠮᠫᠢᠣᠲ᠋ᠧᠷ  ᠤᠨ ᠲᠣᠰᠠᠯᠠᠬᠤ ᠢᠨᠵᠧᠨᠧᠷᠢᠩ᠂ ᠺᠣᠮᠫᠢᠣᠲ᠋ᠧᠷ  ᠢᠶᠠᠷ ᠲᠣᠰᠠᠯᠠᠨ ᠣᠶᠢᠯᠡᠳᠬᠦ᠂ ᠺᠣᠮᠫᠢᠣᠲ᠋ᠧᠷ  ᠢᠶᠠᠷ ᠭᠠᠷ ᠣᠷᠠᠯᠠᠯ  ᠤᠨ ᠵᠢᠷᠤᠭ ᠲᠦᠯᠦᠪᠯᠡᠭᠡ  ᠶᠢ ᠲᠣᠰᠠᠯᠠᠬᠤ ᠵᠡᠷᠬᠡ ᠮᠠᠰᠢᠨ ᠲᠡᠷᠭᠡ ᠵᠢᠴᠢ ᠲᠣᠨᠣᠭᠯᠠᠯ ᠣᠶᠢᠯᠡᠳᠬᠦ ᠠᠵᠢᠯ ᠲᠦᠷᠦᠯ  ᠤᠨ ᠲᠣᠮᠳᠠᠬᠢ ᠬᠡᠷᠡᠭᠯᠡᠯᠳᠡ  ᠶᠢ ᠭᠤᠣᠯᠳᠠᠯᠭ᠎ᠠ ᠲᠠᠢ ᠠᠬᠢᠭᠤᠯᠣᠨ᠎ᠠ᠃ ᠰᠠᠷᠨᠢᠭᠰᠠᠨ ᠬᠡᠯᠪᠡᠷᠢ  ᠶᠢᠨ ᠣᠶᠢᠯᠡᠳᠬᠦ  ᠶᠢ ᠬᠡᠷᠡᠭᠵᠢᠬᠦᠯᠬᠦ ᠬᠠᠮᠢᠶᠠᠷᠣᠯᠳᠠ  ᠶᠢᠨ ᠰᠢᠰᠲ᠋ᠧᠮ᠂ ᠣᠶᠠᠨ ᠴᠢᠨᠠᠷᠳᠣ ᠡᠵᠡᠮᠰᠢᠬᠦ ᠰᠢᠰᠲ᠋ᠧᠮ ᠵᠡᠷᠬᠡ ᠶᠢᠨ ᠣᠶᠢᠯᠡᠳᠪᠦᠷᠢᠯᠡᠯ ᠬᠠᠮᠢᠶᠠᠷᠣᠯᠳᠠ  ᠶᠢᠨ ᠲᠣᠮᠳᠠᠬᠢ ᠬᠡᠷᠡᠭᠯᠡᠯᠳᠡ  ᠶᠢ ᠠᠬᠢᠭᠤᠯᠣᠨ᠎ᠠ᠃ ᠣᠶᠢᠯᠡᠳᠪᠦᠷᠢᠯᠡᠯ ᠬᠠᠮᠢᠶᠠᠷᠣᠯᠳᠠ  ᠶᠢᠨ ᠰᠢᠰᠲ᠋ᠧᠮ ᠪᠠ ᠠᠵᠣ ᠠᠬᠤᠶᠢᠯᠠᠯ  ᠤᠨ ᠣᠶᠢᠯᠡᠳᠪᠦᠷᠢᠯᠡᠯ ᠡᠵᠡᠩᠨᠡᠯᠳᠡ  ᠶᠢᠨ ᠴᠢᠮᠡᠭᠡ ᠵᠠᠩᠬᠢ  ᠶᠢᠨ ᠰᠢᠰᠲ᠋ᠧᠮ  ᠢ ᠠᠪᠣᠴᠠᠯᠳᠣᠭᠤᠯᠣᠨ ᠠᠭᠤᠰᠣᠯᠴᠠᠭᠤᠯᠬᠤ ᠶᠢ ᠠᠬᠢᠭᠤᠯᠣᠨ᠎ᠠ᠃    ᠠᠵᠣ ᠠᠬᠤᠶᠢᠯᠠᠯ  ᠢ ᠠᠬᠢᠭᠤᠯᠣᠨ ᠮᠡᠳᠡᠯᠬᠡ  ᠶᠢᠨ ᠬᠠᠮᠢᠶᠠᠷᠣᠯᠳᠠ  ᠶᠢ ᠦᠷᠨᠢᠭᠦᠯᠦᠨ᠎ᠡ᠃ ᠠᠵᠣ ᠠᠬᠤᠶᠢᠯᠠᠯ  ᠢ ᠲᠠᠭᠠᠭᠤᠯᠣᠨ ᠣᠶᠢᠯᠡᠳᠭᠦᠨ  ᠤ ᠲᠤᠭ᠎ᠠ ᠪᠠᠷᠢᠮᠳᠠ  ᠶᠢᠨ ᠬᠠᠮᠢᠶᠠᠷᠣᠯᠳᠠ  ᠶᠢᠨ ᠰᠢᠰᠲ᠋ᠧᠮ ᠢ ᠪᠠᠶᠢᠭᠤᠯᠣᠨ ᠬᠡᠷᠡᠭᠯᠡᠭᠦᠯᠵᠣ᠂ ᠣᠶᠢᠯᠡᠳᠭᠦᠨ  ᠤ ᠵᠢᠷᠣᠭᠯᠠᠨ ᠲᠦᠯᠦᠪᠯᠡᠭᠰᠡᠨ ᠪᠢᠴᠢᠭᠯᠡᠯ᠂ ᠵᠢᠷᠣᠭᠯᠠᠯ  ᠢ ᠲᠣᠭᠠᠴᠠᠯᠠᠨ᠂ ᠰᠦᠯᠵᠢᠶᠡᠴᠢᠯᠡᠨ ᠬᠠᠮᠢᠶᠠᠷᠬᠤ  ᠶᠢ ᠪᠡᠶᠡᠯᠡᠭᠦᠯᠦᠨ᠎ᠡ᠃ ᠠᠵᠣ ᠠᠬᠤᠶᠢᠯᠠᠯ ᠢ ᠠᠬᠢᠭᠤᠯᠣᠨ ᠲᠡᠭᠦᠯᠳᠡᠷᠵᠢᠭᠰᠡᠨ ᠣᠶᠢᠯᠡᠳᠭᠦᠨ  ᠤ ᠴᠢᠮᠡᠭᠡ ᠵᠠᠩᠬᠢ  ᠶᠢᠨ ᠬᠠᠮᠢᠶᠠᠷᠣᠯᠳᠠ  ᠶᠢᠨ ᠲᠦᠷᠢᠮ ᠪᠠᠶᠢᠭᠤᠯᠵᠣ᠂ ᠠᠵᠣ ᠠᠬᠤᠶᠢᠯᠠᠯ  ᠤᠨ ᠭᠤᠣᠯ ᠮᠡᠳᠡᠯᠬᠡ  ᠶᠢᠨ ᠪᠦᠲᠦᠭᠡᠭᠳᠡᠭᠦᠨ  ᠤ ᠡᠷᠬᠡ ᠶᠢ ᠪᠠᠳᠣᠯᠠᠨ᠎ᠠ᠃ ᠨᠦᠭᠦᠴᠡᠯ ᠲᠠᠢ ᠲᠣᠮᠣ ᠬᠡᠯᠪᠡᠷᠢ  ᠶᠢᠨ ᠠᠵᠣ ᠠᠬᠤᠶᠢᠯᠠᠯ  ᠢ ᠵᠣᠷᠢᠭᠵᠢᠭᠤᠯᠣᠨ ᠮᠡᠳᠡᠯᠬᠡ ᠶᠢᠨ ᠬᠠᠮᠢᠶᠠᠷᠣᠯᠳᠠ  ᠶᠢᠨ ᠲᠠᠪᠴᠠᠩ ᠪᠠᠶᠢᠭᠤᠯᠵᠣ᠂ ᠠᠵᠣ ᠠᠬᠤᠶᠢᠯᠠᠯ ᠎ ᠤᠨ ᠣᠶᠢᠯᠡᠳᠭᠦᠨ ᠤ ᠴᠢᠮᠡᠭᠡ ᠵᠠᠩᠬᠢ᠂ ᠮᠡᠷᠭᠡᠵᠢᠯ  ᠤᠨ ᠴᠢᠮᠡᠭᠡ ᠵᠠᠩᠬᠢ᠂ ᠵᠠᠬ᠎ᠠ ᠲᠡᠯᠬᠡᠭᠦᠷ  ᠤᠨ ᠡᠵᠡᠩᠨᠡᠨ ᠪᠣᠷᠣᠯᠠᠭᠤᠯᠬᠤ ᠴᠢᠮᠡᠭᠡ ᠵᠠᠩᠬᠢ ᠵᠡᠷᠬᠡ  ᠶᠢ ᠲᠦᠪᠯᠡᠷᠡᠭᠦᠯᠦᠨ ᠬᠠᠮᠢᠶᠠᠷᠴᠣ᠂ ᠠᠵᠣ ᠠᠬᠤᠶᠢᠯᠠᠯ  ᠤᠨ ᠮᠡᠳᠡᠯᠬᠡ  ᠶᠢ ᠴᠢᠳᠠᠪᠦᠷᠢ ᠵᠦᠭ ᠲᠦᠷᠬᠡᠨ  ᠢᠶᠠᠷ ᠬᠤᠪᠢᠷᠠᠭᠤᠯᠬᠤ  ᠶᠢ ᠠᠬᠢᠭᠤᠯᠣᠨ᠎ᠠ᠃    ᠲᠣᠭᠠᠴᠠᠯᠠᠭᠰᠠᠨ ᠦᠪᠴᠢ ᠲᠣᠨᠣᠭᠯᠠᠯ  ᠤᠨ ᠬᠡᠷᠡᠭᠯᠡᠯᠳᠡ ᠪᠠ ᠬᠤᠷᠠᠮᠠᠯ  ᠢ ᠠᠬᠢᠭᠤᠯᠣᠨ᠎ᠠ᠃ ᠮᠠᠰᠢᠨ ᠲᠡᠷᠬᠡ ᠵᠢᠴᠢ ᠲᠣᠨᠣᠭᠯᠠᠯ ᠣᠶᠢᠯᠡᠳᠬᠦ ᠠᠵᠣ ᠠᠬᠤᠶᠢᠯᠠᠯ  ᠢ ᠵᠣᠷᠢᠭᠵᠢᠭᠤᠯᠣᠨ ᠪᠦᠬᠦ ᠲᠠᠯ᠎ᠠ ᠪᠠᠷ ᠣᠶᠣᠨᠴᠢᠯᠠᠭᠰᠠᠨ ᠣᠶᠢᠯᠡᠳᠪᠦᠷᠢᠯᠡᠯ  ᠤᠨ ᠴᠣᠪᠣᠷᠠᠯ  ᠢ ᠣᠷᠣᠭᠤᠯᠵᠣ᠂ ᠣᠶᠣᠨᠴᠢᠯᠠᠭᠰᠠᠨ ᠮᠠᠰᠢᠨᠳᠣ ᠭᠠᠷ  ᠢ ᠣᠶᠢᠯᠡᠳᠬᠦ ᠶᠠᠪᠣᠴᠠ ᠲᠣᠮᠳᠠ ᠦᠷᠬᠡᠨ  ᠢᠶᠠᠷ ᠬᠡᠷᠡᠭᠯᠡᠬᠦ  ᠶᠢ ᠠᠬᠢᠭᠤᠯᠣᠨ᠎ᠠ᠃ ᠠᠵᠣ ᠠᠬᠤᠶᠢᠯᠠᠯ  ᠢ ᠲᠡᠮᠵᠢᠨ ᠨᠠᠷᠢᠯᠢᠭ ᠲᠣᠭᠠᠴᠠᠯᠠᠭᠰᠠᠨ ᠮᠠᠰᠢᠨ᠂ ᠣᠶᠣᠨᠴᠢᠯᠠᠭᠰᠠᠨ ᠣᠶᠢᠯᠡᠳᠬᠦ ᠲᠣᠨᠤᠭ ᠲᠦᠭᠦᠭᠡᠷᠣᠮᠵᠢ ᠣᠷᠣᠭᠤᠯᠵᠣ᠂ ᠨᠠᠷᠢᠯᠢᠭ ᠬᠡᠪ ᠬᠡᠷᠡᠭᠰᠡᠯ ᠬᠡᠷᠡᠭᠯᠡᠬᠦ ᠎ ᠶᠢ ᠵᠣᠷᠢᠭᠵᠢᠭᠤᠯᠵᠣ᠂ ᠲᠣᠨᠣᠭᠯᠠᠯ ᠣᠶᠢᠯᠡᠳᠬᠦ ᠰᠠᠭᠤᠷᠢ ᠴᠢᠳᠠᠪᠦᠷᠢ  ᠶᠢ ᠪᠦᠬᠦ ᠲᠠᠯ᠎ᠠ  ᠎ ᠪᠠᠷ ᠲᠡᠭᠡᠭᠰᠢᠯᠡᠭᠦᠯᠦᠨ᠎ᠡ᠃ ᠠᠵᠣ ᠠᠬᠤᠶᠢᠯᠠᠯ  ᠢ ᠲᠡᠮᠵᠢᠨ ᠺᠣᠮᠫᠢᠣᠲ᠋ᠧᠷ  ᠢᠶᠠᠷ ᠣᠶᠢᠯᠡᠳᠬᠦ ᠡᠵᠡᠮᠰᠢᠯ  ᠤᠨ ᠰᠢᠰᠲ᠋ᠧᠮ  ᠤᠨ ᠬᠤᠷᠠᠮᠠᠯ ᠢ ᠪᠡᠶᠡᠯᠡᠭᠦᠯᠵᠣ᠂ ᠣᠶᠢᠯᠡᠳᠪᠦᠷᠢᠯᠡᠨ ᠣᠶᠢᠯᠡᠳᠬᠦ ᠰᠢᠰᠲ᠋ᠧᠮ  ᠢ ᠣᠶᠣᠨᠴᠢᠯᠠᠭᠰᠠᠨ ᠲᠣᠨᠤᠭ ᠲᠦᠭᠦᠭᠡᠷᠣᠮᠵᠢ ᠲᠠᠢ ᠵᠠᠪᠰᠠᠷ ᠦᠬᠡᠢ  ᠪᠠᠷ ᠠᠪᠣᠴᠠᠯᠳᠣᠭᠤᠯᠬᠤ  ᠶᠢ ᠪᠡᠶᠡᠯᠡᠭᠦᠯᠦᠨ᠎ᠡ᠃   ︵ᠭᠤᠷᠪᠠ︶ ᠠᠷᠠᠯᠵᠢᠶ᠎ᠠ ᠬᠤᠳᠠᠯᠳᠤᠭ᠎ᠠ ᠪᠣᠳᠠᠰ  ᠤᠨ ᠭᠦᠢᠯᠬᠡᠬᠡᠨ  ᠤ ᠴᠢᠮᠡᠭᠡ ᠵᠠᠩᠬᠢᠴᠢᠯᠠᠯᠳᠠ  ᠶᠢ ᠲᠡᠭᠡᠭᠰᠢᠯᠡᠭᠦᠯᠬᠦ ᠢᠨᠵᠧᠨᠧᠷᠢᠩ    ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠲᠠᠪᠴᠠᠩ ᠤᠨ ᠬᠦᠭᠵᠢᠯᠳᠡ  ᠶᠢ ᠲᠡᠮᠵᠢᠨ᠎ᠡ᠃ ᠲᠣᠮᠣ ᠬᠡᠯᠪᠡᠷᠢ ᠎ ᠶᠢᠨ ᠬᠤᠳᠠᠯᠳᠤᠭ᠎ᠠ ᠠᠷᠠᠯᠵᠢᠶ᠎ᠠ  ᠶᠢᠨ ᠵᠠᠬ᠎ᠠ ᠲᠡᠯᠬᠡᠭᠦᠷ  ᠢ ᠵᠣᠷᠢᠭᠵᠢᠭᠤᠯᠣᠨ ᠲᠡᠮᠵᠢᠨ ᠠᠵᠢᠯ ᠲᠦᠷᠦᠯ ᠤᠨ ᠴᠢᠨᠠᠷᠲᠠᠢ ᠪᠠ ᠣᠷᠣᠨ ᠲᠣᠭᠤᠷᠢᠭ ᠤᠨ ᠴᠢᠨᠠᠷᠲᠠᠢ ᠶᠡᠷᠦᠩᠬᠡᠶᠢᠯᠡᠭᠰᠡᠨ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠲᠠᠪᠴᠠᠩ ᠪᠠᠶᠢᠭᠤᠯᠵᠣ᠂ ᠵᠢᠵᠢᠭ ᠲᠠᠸᠠᠷ᠂ ᠪᠠᠷᠢᠯᠭ᠎ᠠ  ᠶᠢᠨ ᠮᠠᠲ᠋ᠧᠷᠢᠶᠠᠯ ᠪᠠ ᠮᠠᠯ ᠲᠠᠷᠢᠶᠠᠯᠠᠩ  ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠲᠠᠪᠴᠠᠩ  ᠤᠨ ᠪᠠᠶᠢᠭᠤᠯᠣᠯᠳᠠ ᠶᠢ ᠴᠢᠬᠤᠯᠠᠴᠢᠯᠠᠨ ᠠᠬᠢᠭᠤᠯᠵᠣ᠂ ᠪᠣᠳᠠᠳᠣ ᠵᠠᠬ᠎ᠠ ᠲᠡᠯᠬᠡᠭᠦᠷ ᠪᠠ ᠰᠦᠯᠵᠢᠶᠡᠨ ᠲᠡᠬᠡᠷᠡᠬᠢ ᠲᠡᠯᠬᠡᠭᠦᠷ ᠢ ᠣᠶᠠᠯᠳᠣᠭᠤᠯᠣᠭᠰᠠᠨ ᠭᠦᠢᠯᠬᠡᠬᠡᠨ ᠤ ᠰᠢᠨ᠎ᠡ ᠵᠠᠭᠪᠣᠷ  ᠢ ᠢᠳᠡᠪᠬᠢᠲᠠᠢ ᠠᠬᠢᠭᠤᠯᠣᠨ᠎ᠠ᠃ ᠡᠯᠧᠺᠲᠷᠣᠨ ᠬᠤᠳᠠᠯᠳᠣᠭᠠᠨ ᠎ ᠤ ᠶᠠᠪᠣᠳᠠᠯ  ᠤᠨ ᠵᠣᠷᠢᠭᠵᠢᠭᠤᠯᠬᠤ ᠲᠦᠷᠦ  ᠶᠢᠨ ᠪᠣᠳᠣᠯᠭ᠎ᠠ ᠲᠣᠭᠳᠠᠭᠠᠵᠣ᠂ ᠵᠢᠵᠢᠭ ᠬᠡᠯᠪᠡᠷᠢ ᠶᠢᠨ ᠬᠤᠳᠠᠯᠳᠤᠭ᠎ᠠ ᠠᠷᠠᠯᠵᠢᠶᠠᠨ  ᠤ ᠺᠣᠮᠫᠠᠨᠢ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠲᠠᠪᠴᠠᠩ ᠢ ᠠᠰᠢᠭᠯᠠᠨ ᠬᠤᠳᠠᠯᠳᠤᠭ᠎ᠠ ᠠᠷᠠᠯᠵᠢᠶᠠᠨ  ᠤ ᠠᠵᠢᠯᠯᠠᠭ᠎ᠠ ᠦᠷᠨᠢᠭᠦᠯᠬᠦ  ᠶᠢ ᠠᠬᠢᠭᠤᠯᠣᠨ᠎ᠠ᠃ ᠲᠣᠮᠣ ᠬᠡᠯᠪᠡᠷᠢ  ᠶᠢᠨ ᠠᠵᠣ ᠠᠬᠤᠶᠢᠯᠠᠯ  ᠢ ᠠᠬᠢᠭᠤᠯᠣᠨ ᠰᠦᠯᠵᠢᠶᠡᠨ ᠲᠡᠬᠡᠷ᠎ᠡ ᠪᠣᠷᠣᠯᠠᠭᠤᠯᠬᠤ ᠪᠠ ᠲᠦᠪᠯᠡᠷᠡᠭᠦᠯᠵᠣ ᠬᠤᠳᠠᠯᠳᠣᠨ ᠠᠪᠬᠤ ᠲᠠᠪᠴᠠᠩ ᠪᠠᠶᠢᠭᠤᠯᠵᠣ ᠂ ᠰᠦᠯᠵᠢᠶᠡᠨ ᠲᠡᠬᠡᠷᠡᠬᠢ ᠬᠤᠳᠠᠯᠳᠣᠭᠠᠨ ᠤ ᠶᠠᠪᠣᠳᠠᠯ ᠤᠨ ᠲᠠᠪᠴᠠᠩ ᠢ ᠠᠵᠣ ᠠᠬᠤᠶᠢᠯᠠᠯ  ᠤᠨ ᠣᠶᠢᠯᠡᠳᠪᠦᠷᠢᠯᠡᠯ ᠡᠵᠡᠩᠨᠡᠯᠳᠡ ᠶᠢᠨ ᠴᠢᠮᠡᠭᠡ ᠵᠠᠩᠬᠢ  ᠶᠢᠨ ᠰᠢᠰᠲ᠋ᠧᠮ ᠲᠠᠢ ᠠᠪᠣᠴᠠᠯᠳᠣᠭᠤᠯᠬᠤ  ᠶᠢ ᠪᠡᠶᠡᠯᠡᠭᠦᠯᠦᠨ᠎ᠡ᠃    ᠪᠣᠳᠠᠰ ‍ᠣᠨ‌‍ᠭᠦ᠋ᠢᠯᠬᠡᠬᠡᠨ ᠤ ᠴᠢᠮᠡᠭᠡ ᠵᠠᠩᠬᠢᠴᠢᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ GPS ︵ᠪᠦᠬᠦ ᠪᠦᠮᠪᠦᠷᠴᠡᠭ  ᠤᠨ ᠣᠷᠣᠨ ᠲᠣᠭᠳᠠᠭᠠᠬᠤ ᠰᠢᠰᠲ᠋ᠧᠮ︶᠂ GIS ︵ᠭᠠᠵᠠᠷ ᠵᠦᠢ  ᠶᠢᠨ ᠴᠢᠮᠡᠭᠡ ᠵᠠᠩᠬᠢ  ᠶᠢᠨ ᠰᠢᠰᠲ᠋ᠧᠮ︶᠂ ᠡᠯᠧᠺᠲᠷᠣᠨ ᠲᠡᠮᠳᠡᠭ ᠵᠡᠷᠬᠡ ᠮᠡᠷᠭᠡᠵᠢᠯ  ᠤᠨ ᠪᠣᠳᠠᠰ  ᠤᠨ ᠭᠦᠢᠯᠬᠡᠬᠡᠨ  ᠤ ᠠᠵᠣ ᠠᠬᠤᠶᠢᠯᠠᠯ ᠲᠣᠮᠳᠠᠬᠢ ᠲᠡᠯᠬᠡᠷᠡᠭᠦᠯᠦᠯᠳᠡ ᠪᠠ ᠲᠦᠬᠡᠮᠡᠯᠵᠢᠯᠳᠡ  ᠶᠢ ᠢᠳᠡᠪᠬᠢᠲᠠᠢ ᠠᠬᠢᠭᠤᠯᠵᠣ᠂ ᠲᠡᠬᠡᠬᠡᠪᠦᠷᠢ  ᠶᠢᠨ ᠵᠠᠮ ᠮᠦᠷ  ᠢ ᠮᠦᠷᠳᠡᠬᠦ ᠬᠠᠮᠢᠶᠠᠷᠣᠯᠳᠠ᠂ ᠲᠡᠬᠡᠬᠡᠪᠦᠷᠢ  ᠶᠢᠨ ᠭᠦᠴᠦᠨ  ᠢ ᠲᠣᠬᠢᠷᠠᠭᠤᠯᠬᠤ ᠬᠠᠮᠢᠶᠠᠷᠣᠯᠳᠠ᠂ ᠡᠳ᠋ ᠪᠠᠷᠠᠭ᠎ᠠ ᠶᠢ ᠬᠦᠮᠦᠷᠬᠡ  ᠳᠤ ᠣᠷᠣᠭᠤᠯᠵᠣ ᠭᠠᠷᠭᠠᠬᠤ ᠶᠢ ᠠᠦ᠋ᠲ᠋ᠣᠴᠢᠯᠠᠨ ᠲᠣᠭᠠᠯᠠᠨ ᠪᠦᠷᠢᠳᠬᠡᠬᠦ ᠬᠠᠮᠢᠶᠠᠷᠣᠯᠳᠠ᠂ ᠨᠦᠭᠡᠴᠡᠯᠡᠨ ᠬᠠᠳᠠᠭᠠᠯᠠᠬᠤ  ᠶᠢ ᠣᠶᠣᠨᠴᠢᠯᠠᠯᠳᠠ  ᠪᠠᠷ ᠲᠣᠭᠠᠯᠠᠨ ᠪᠦᠷᠢᠳᠬᠡᠬᠦ ᠬᠠᠮᠢᠶᠠᠷᠣᠯᠳᠠ ᠵᠡᠷᠬᠡ ᠰᠢᠰᠲ᠋ᠧᠮ  ᠤᠨ ᠪᠣᠳᠠᠰ  ᠤᠨ ᠭᠦᠢᠯᠬᠡᠬᠡᠨ  ᠤ ᠠᠵᠣ ᠠᠬᠤᠶᠢᠯᠠᠯ  ᠤᠨ ᠲᠣᠮᠳᠠᠬᠢ ᠬᠡᠷᠡᠭᠯᠡᠯᠳᠡ ᠪᠠ ᠬᠤᠯᠪᠣᠭᠳᠠᠯ ᠪᠦᠬᠦᠢ ᠠᠦ᠋ᠲ᠋ᠣᠴᠢᠯᠠᠭᠰᠠᠨ ᠲᠣᠨᠣᠭᠯᠠᠯ  ᠤᠨ ᠬᠡᠷᠡᠭᠯᠡᠯᠳᠡ ᠶᠢ ᠠᠬᠢᠭᠤᠯᠣᠨ᠎ᠠ᠃ ᠪᠣᠳᠠᠰ ᠤᠨ ᠬᠦᠢᠯᠬᠡᠬᠡᠨ ᠤ ᠠᠵᠣ ᠠᠬᠤᠶᠢᠯᠠᠯ ᠪᠠ ᠡᠯᠧᠺᠲᠷᠣᠨ ᠬᠤᠳᠠᠯᠳᠣᠭᠠᠨ ᠤ ᠶᠠᠪᠣᠳᠠᠯ  ᠤᠨ ᠲᠠᠪᠴᠠᠩ᠂ ᠨᠡᠭᠦᠷᠡᠰᠦᠨ  ᠤ ᠠᠷᠠᠯᠵᠢᠶᠠᠨ  ᠤ ᠵᠠᠬ᠎ᠠ ᠲᠡᠯᠬᠡᠭᠦᠷ ᠬᠤᠭᠤᠷᠣᠨᠳᠣ ᠪᠠᠨ ᠴᠢᠮᠡᠭᠡ ᠵᠠᠩᠬᠢ ᠶᠢᠨ ᠰᠣᠯᠢᠯᠴᠠᠭ᠎ᠠ ᠬᠢᠬᠦ  ᠶᠢ ᠠᠬᠢᠭᠤᠯᠣᠨ᠎ᠠ᠃ ᠲᠦᠷᠪᠡᠳᠣᠬᠡᠷ ᠲᠠᠯ᠎ᠠ  ᠶᠢᠨ ᠪᠣᠳᠠᠰ ᠤᠨ ᠭᠦᠢᠯᠬᠡᠬᠡᠨ ᠎ ᠤ ᠲᠠᠪᠴᠠᠩ  ᠤᠨ ᠬᠦᠭᠵᠢᠯᠳᠡ  ᠶᠢ ᠵᠣᠷᠢᠭᠵᠢᠭᠤᠯᠣᠨ ᠲᠡᠮᠵᠢᠵᠣ᠂ ᠨᠡᠭᠦᠷᠡᠰᠦ᠂ ᠮᠠᠯ ᠲᠠᠷᠢᠶᠠᠯᠠᠩ ᠤᠨ ᠪᠦᠲᠦᠭᠡᠭᠳᠡᠬᠦᠨ᠂ ᠵᠢᠵᠢᠭ ᠲᠠᠸᠠᠷ ᠵᠡᠷᠬᠡ ᠲᠣᠰᠬᠠᠢ ᠠᠵᠢᠯ ᠲᠦᠷᠦᠯ  ᠤᠨ ᠲᠦᠷᠪᠡᠳᠣᠬᠡᠷ ᠲᠠᠯ᠎ᠠ ᠶᠢᠨ ᠪᠣᠳᠠᠰ ᠤᠨ ᠭᠦᠢᠯᠬᠡᠬᠡᠨ ᠤ ᠲᠠᠪᠴᠠᠩ ᠢ ᠴᠢᠬᠤᠯᠠᠴᠢᠯᠠᠨ ᠬᠦᠭᠵᠢᠭᠦᠯᠵᠣ᠂ ᠲᠣᠰ ᠣᠷᠣᠨ  ᠤ ᠪᠣᠳᠠᠰ ᠤᠨ ᠭᠦᠢᠯᠬᠡᠬᠡᠨ  ᠤ ᠲᠠᠪᠴᠠᠩ ᠪᠠ ᠭᠠᠳᠠᠨ᠎ᠠ ᠣᠷᠣᠨ ᠤ ᠪᠣᠳᠠᠰ  ᠤᠨ ᠭᠦᠢᠯᠬᠡᠬᠡᠨ  ᠤ ᠲᠠᠪᠴᠠᠩ  ᠤᠨ ᠬᠠᠮᠳᠣᠷᠠᠯᠴᠠᠭ᠎ᠠ ᠪᠠ ᠴᠢᠮᠡᠭᠡ ᠵᠠᠩᠬᠢ  ᠶᠢᠨ  ᠠᠪᠣᠴᠠᠯᠳᠠᠯ ᠢ ᠠᠬᠢᠭᠤᠯᠣᠨ᠎ᠠ᠃    ︵ᠲᠦᠷᠪᠡ︶ ᠠᠵᠣ ᠣᠶᠢᠯᠡᠳᠪᠦᠷᠢ  ᠶᠢᠨ ᠬᠦᠷᠢᠶᠡᠯᠡᠩ  ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠵᠢᠯᠣᠭᠤᠳᠬᠤ ᠢᠨᠵᠧᠨᠧᠷᠢᠩ    ᠲᠣᠭᠠᠴᠠᠯᠠᠭᠰᠠᠨ ᠬᠦᠷᠢᠶᠡᠯᠡᠩ  ᠤᠨ ᠪᠦᠲᠦᠭᠡᠨ ᠪᠠᠶᠢᠭᠤᠯᠣᠯᠳᠠ  ᠶᠢᠨ ᠲᠦᠯᠦᠪᠵᠢᠭᠦᠯᠬᠡ ᠶᠢᠨ ᠵᠢᠯᠣᠭᠤᠳᠣᠯᠭ᠎ᠠ ᠎ ᠶᠢ ᠴᠢᠩᠭᠠᠳᠬᠠᠨ᠎ᠠ᠃ ᠠᠵᠣ ᠣᠶᠢᠯᠡᠰ  ᠤᠨ ᠬᠦᠷᠢᠶᠡᠯᠡᠩ  ᠤᠨ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠯᠳᠠ ᠎ ᠶᠢᠨ ᠵᠢᠯᠣᠭᠤᠳᠬᠤ ᠰᠠᠨᠠᠯ  ᠢ ᠨᠠᠶᠢᠷᠠᠭᠤᠯᠣᠨ ᠵᠣᠬᠢᠶᠠᠵᠣ᠂ ᠬᠠᠷᠢᠴᠠᠩᠭᠤᠢ ᠪᠠᠷ ᠨᠢᠭᠡᠳᠣᠯᠲᠠᠢ ᠬᠦᠷᠢᠶᠡᠯᠡᠩ  ᠤᠨ ᠴᠢᠮᠡᠭᠡ ᠵᠠᠩᠬᠢᠴᠢᠯᠠᠯᠳᠠ  ᠶᠢᠨ ᠪᠣᠷᠣ ᠲᠦᠯᠦᠪ ᠪᠠ ᠲᠦᠷᠢᠮᠵᠢᠯ ᠢ ᠪᠦᠷᠢᠯᠳᠦᠭᠦᠯᠵᠣ᠂ ᠬᠦᠷᠢᠶᠡᠯᠡᠩ  ᠤᠨ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠯᠳᠠ  ᠳᠤ ᠬᠦᠳᠦᠯᠦᠮᠵᠢ ᠬᠠᠩᠭᠠᠨ᠎ᠠ᠃ ᠨᠦᠭᠦᠴᠡᠯ ᠲᠠᠢ ᠠᠵᠣ ᠣᠶᠢᠯᠡᠰ  ᠤᠨ ᠬᠦᠷᠢᠶᠡᠯᠡᠩ  ᠤᠨ ᠴᠢᠮᠡᠭᠡ ᠵᠠᠩᠬᠢᠴᠢᠯᠠᠯᠳᠠ  ᠶᠢᠨ ᠲᠦᠯᠦᠪᠵᠢᠭᠦᠯᠬᠡ  ᠶᠢ ᠨᠠᠶᠢᠷᠠᠭᠤᠯᠣᠨ ᠵᠣᠬᠢᠶᠠᠬᠤ ᠠᠵᠢᠯ ᠦᠷᠨᠢᠭᠦᠯᠬᠦ  ᠶᠢ ᠠᠬᠢᠭᠤᠯᠬᠤ ᠪᠠ ᠲᠡᠮᠵᠢᠵᠣ᠂ ᠲᠣᠭᠠᠴᠠᠯᠠᠭᠰᠠᠨ ᠬᠦᠷᠢᠶᠡᠯᠡᠩ  ᠤᠨ ᠪᠦᠲᠦᠬᠡᠨ ᠪᠠᠶᠢᠭᠤᠯᠣᠯᠳᠠ  ᠳᠤ ᠰᠠᠭᠤᠷᠢ ᠲᠠᠯᠪᠢᠨ᠎ᠠ᠃    ᠬᠦᠷᠢᠶᠡᠯᠡᠩ  ᠤᠨ ᠬᠠᠮᠢᠶᠠᠷᠣᠯᠳᠠ  ᠶᠢᠨ ᠴᠢᠮᠡᠭᠡ ᠵᠠᠩᠬᠢᠴᠢᠯᠠᠯᠳᠠ  ᠶᠢ ᠠᠬᠢᠭᠤᠯᠣᠨ᠎ᠠ᠃ ᠠᠵᠣ ᠣᠶᠢᠯᠡᠰ  ᠤᠨ ᠰᠠᠭᠤᠷᠢ  ᠪᠠᠷ ᠰᠠᠶᠢᠨ ᠬᠦᠷᠢᠶᠡᠯᠡᠩ  ᠢ ᠲᠡᠮᠵᠢᠨ ᠴᠢᠮᠡᠭᠡ ᠵᠠᠩᠬᠢᠴᠢᠯᠠᠯᠳᠠ ᠶᠢᠨ ᠪᠠᠶᠢᠭᠤᠯᠣᠯᠳᠠ ᠶᠢ ᠣᠷᠢᠳᠠᠪᠠᠷ ᠦᠷᠨᠢᠭᠦᠯᠵᠣ᠂ ᠬᠦᠷᠢᠶᠡᠯᠡᠩ  ᠤᠨ ᠴᠢᠮᠡᠭᠡ ᠵᠠᠩᠬᠢ  ᠶᠢᠨ ᠰᠠᠭᠤᠷᠢ ᠲᠦᠭᠦᠭᠡᠷᠣᠮᠵᠢ ᠶᠢ ᠲᠦᠷᠬᠡᠨ ᠢᠶᠠᠷ ᠲᠡᠭᠦᠯᠳᠡᠷᠵᠢᠭᠦᠯᠬᠦ  ᠶᠢ ᠭᠤᠣᠯᠳᠠᠯᠭ᠎ᠠ ᠲᠠᠢ ᠲᠡᠮᠵᠢᠵᠣ᠂ ᠨᠢᠭᠡᠳᠣᠯᠲᠠᠢ ᠡᠭᠦᠳᠡᠨ ᠰᠦᠯᠵᠢᠶᠡᠨ ᠴᠡᠭ᠂ GIS ᠎ ᠲᠤ ᠰᠠᠭᠤᠷᠢᠯᠠᠭᠰᠠᠨ ᠭᠠᠵᠠᠷ ᠰᠢᠷᠣᠢ ᠵᠢᠴᠢ ᠠᠳᠡᠯ ᠠᠬᠤᠢ ᠶᠢᠨ ᠬᠠᠮᠢᠶᠠᠷᠣᠯᠳᠠ᠂ ᠬᠠᠷᠠᠭᠠᠨ ᠲᠠᠪᠳᠠᠮᠵᠢ  ᠪᠠᠷ ᠬᠢᠨᠠᠨ ᠡᠵᠡᠮᠰᠢᠬᠦ᠂ ᠬᠤᠳᠠᠯᠳᠣᠭᠠᠴᠢᠨ ᠣᠷᠢᠬᠤ ᠦᠵᠡᠭᠦᠯᠦᠯᠬᠡ  ᠶᠢᠨ ᠲᠠᠪᠴᠠᠩ᠂ ᠬᠦᠷᠢᠶᠡᠯᠡᠩ  ᠤᠨ ᠠᠮᠢᠳᠣᠷᠠᠯ  ᠤᠨ ᠬᠦᠳᠦᠯᠦᠮᠵᠢ ᠵᠡᠷᠬᠡ ᠴᠢᠮᠡᠭᠡ ᠵᠠᠩᠬᠢ  ᠶᠢᠨ ᠰᠢᠰᠲ᠋ᠧᠮ  ᠢ ᠪᠠᠶᠢᠭᠤᠯᠣᠨ᠎ᠠ᠃ ᠬᠦᠷᠢᠶᠡᠯᠡᠩ  ᠢ ᠵᠣᠷᠢᠭᠵᠢᠭᠤᠯᠣᠨ ᠣᠶᠢᠯᠡᠳᠪᠦᠷᠢ ᠬᠤᠳᠠᠯᠳᠤᠭ᠎ᠠ᠂ ᠲᠠᠩᠰᠠᠯᠠᠭᠤᠯᠬᠤ᠂ ᠭᠠᠶᠢᠯᠢ  ᠶᠢᠨ ᠶᠠᠪᠣᠳᠠᠯ᠂ ᠲᠦᠷᠦ ᠶᠢᠨ ᠪᠣᠳᠣᠯᠭ᠎ᠠ  ᠶᠢᠨ ᠯᠠᠪᠯᠠᠯᠭ᠎ᠠ ᠵᠡᠷᠬᠡ ᠣᠶᠢᠯᠡᠴᠢᠯᠡᠬᠡᠨ ᠤ ᠴᠢᠳᠠᠮᠵᠢ  ᠶᠢ ᠨᠢᠭᠡ ᠴᠣᠭᠴᠠᠵᠢᠭᠤᠯᠣᠭᠰᠠᠨ ᠶᠡᠷᠦᠩᠬᠡᠶᠢᠯᠡᠭᠰᠡᠨ ᠴᠢᠮᠡᠭᠡ ᠵᠠᠩᠬᠢ ᠎ ᠶᠢᠨ ᠣᠶᠢᠯᠡᠴᠢᠯᠡᠬᠡᠨ  ᠤ ᠲᠠᠪᠴᠠᠩ  ᠢ ᠪᠠᠶᠢᠭᠤᠯᠣᠨ᠎ᠠ᠃    ᠬᠦᠷᠢᠶᠡᠯᠡᠩ  ᠤᠨ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢ ᠠᠬᠢᠭᠤᠯᠣᠨ᠎ᠠ᠃ ᠠᠵᠣ ᠣᠶᠢᠯᠡᠰ  ᠤᠨ ᠰᠠᠭᠤᠷᠢ  ᠪᠠᠷ ᠰᠠᠶᠢᠨ ᠬᠦᠷᠢᠶᠡᠯᠡᠩ  ᠢ ᠰᠣᠩᠭᠤᠨ᠂ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢ ᠠᠬᠢᠭᠤᠯᠬᠤ ᠲᠠᠪᠴᠠᠩ  ᠢ ᠬᠠᠮᠳᠣᠪᠠᠷ ᠪᠠᠶᠢᠭᠤᠯᠵᠣ᠂ ᠠᠵᠣ ᠠᠬᠤᠶᠢᠯᠠᠯ ᠤᠨ ᠴᠢᠮᠡᠭᠡ ᠵᠠᠩᠬᠢᠴᠢᠯᠠᠯᠳᠠ  ᠳᠤ ᠯᠠᠪᠯᠠᠯᠭ᠎ᠠ ᠂ ᠲᠠᠨᠢᠯᠴᠠᠭᠤᠯᠭ᠎ᠠ ᠪᠠ ᠦᠵᠡᠭᠦᠯᠦᠯᠬᠡ  ᠶᠢᠨ ᠣᠶᠢᠯᠡᠴᠢᠯᠡᠭᠡ ᠬᠠᠩᠭᠠᠨ᠎ᠠ᠃ ᠠᠵᠣ ᠣᠶᠢᠯᠡᠰ ᠤᠨ ᠬᠦᠷᠢᠶᠡᠯᠡᠩ  ᠢ ᠠᠬᠢᠭᠤᠯᠣᠨ ᠦᠷᠭᠦᠯᠵᠢᠯᠡᠭᠰᠡᠨ ᠲᠣᠭᠳᠠᠭᠤᠨ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠠᠵᠢᠯ  ᠢ ᠠᠬᠢᠭᠤᠯᠬᠤ ᠲᠣᠭᠳᠠᠴᠠ ᠶᠢ ᠪᠠᠶᠢᠭᠤᠯᠵᠣ᠂ ᠬᠦᠷᠢᠶᠡᠯᠡᠩ  ᠤᠨ ᠲᠣᠳᠣᠷᠠᠬᠢ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠣᠳᠣᠬᠢ ᠪᠠᠶᠢᠳᠠᠯ ᠪᠠ ᠬᠡᠷᠡᠭᠴᠡᠭᠡ  ᠶᠢᠨ ᠪᠠᠶᠢᠳᠠᠯ  ᠢ ᠲᠣᠭᠳᠠᠮᠠᠯ ᠬᠤᠭᠤᠴᠠᠭ᠎ᠠ ᠲᠠᠢ  ᠪᠠᠷ ᠣᠶᠢᠯᠠᠭᠠᠵᠣ᠂ ᠬᠤᠳᠠ᠂ ᠬᠤᠰᠢᠭᠤ ᠲᠣᠭᠤᠷᠢᠭ  ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠠᠵᠢᠯ  ᠢ ᠠᠬᠢᠭᠤᠯᠣᠨ᠎ᠠ᠃ ᠬᠦᠷᠢᠶᠡᠯᠡᠩ  ᠢ ᠵᠣᠷᠢᠭᠵᠢᠭᠤᠯᠣᠨ ᠵᠠᠬ᠎ᠠ ᠲᠡᠯᠬᠡᠭᠦᠷᠴᠢᠯᠡᠭᠰᠡᠨ IT ᠎ ᠤᠨ ᠣᠶᠢᠯᠡᠴᠢᠯᠡᠬᠡᠨ  ᠤ ᠪᠠᠶᠢᠭᠤᠯᠣᠮᠵᠢ ᠲᠠᠢ ᠬᠠᠮᠳᠣᠷᠠᠨ ᠠᠵᠢᠯᠯᠠᠭᠤᠯᠵᠣ᠂ ᠬᠦᠷᠢᠶᠡᠯᠡᠩ  ᠤᠨ ᠠᠵᠣ ᠠᠬᠤᠶᠢᠯᠠᠯ  ᠳᠤ ᠴᠢᠮᠡᠭᠡ ᠵᠠᠩᠬᠢᠴᠢᠯᠠᠯᠳᠠ  ᠶᠢᠨ ᠯᠠᠪᠯᠠᠯᠭ᠎ᠠ ᠪᠠ ᠮᠡᠷᠭᠡᠵᠢᠯ ᠤᠨ ᠣᠶᠢᠯᠡᠴᠢᠯᠡᠭᠡ ᠬᠠᠩᠭᠠᠨ᠎ᠠ᠃    ︵ᠲᠠᠪᠤ︶ ᠲᠣᠮᠣ ᠬᠡᠯᠪᠡᠷᠢ  ᠶᠢᠨ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠬᠡᠨ ᠤ ᠵᠢᠱᠢᠶ᠎ᠡ ᠦᠵᠡᠭᠦᠯᠬᠦ ᠢᠨᠵᠧᠨᠧᠷᠢᠩ    ᠠᠵᠣ ᠠᠬᠤᠶᠢᠯᠠᠯ  ᠤᠨ ᠪᠦᠯᠦᠭᠯᠡᠯ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠬᠡᠨ  ᠤ ᠬᠤᠷᠠᠮᠠᠯ  ᠢ ᠠᠬᠢᠭᠤᠯᠣᠨ᠎ᠠ᠃ ᠲᠣᠮᠣ ᠬᠡᠯᠪᠡᠷᠢ  ᠶᠢᠨ ᠠᠵᠣ ᠠᠬᠤᠶᠢᠯᠠᠯ  ᠢ ᠵᠣᠷᠢᠭᠵᠢᠭᠤᠯᠣᠨ ᠲᠠᠭᠠᠭᠤᠯᠣᠨ ᠪᠦᠯᠦᠭᠯᠡᠯ  ᠤᠨ ᠴᠢᠮᠡᠭᠡ ᠵᠠᠩᠬᠢᠴᠢᠯᠠᠯᠳᠠ  ᠶᠢᠨ ᠪᠠᠶᠢᠯᠳᠣᠬᠤ ᠪᠣᠳᠣᠯᠭ᠎ᠠ  ᠶᠢᠨ ᠲᠦᠯᠦᠪᠵᠢᠭᠦᠯᠬᠡ  ᠶᠢ ᠦᠷᠨᠢᠭᠦᠯᠵᠣ᠂ ᠪᠦᠯᠦᠭᠯᠡᠯ  ᠤᠨ ᠲᠠᠪᠬᠤᠷᠭ᠎ᠠ  ᠠᠴᠠ ᠴᠢᠮᠡᠭᠡ ᠵᠠᠩᠬᠢ  ᠶᠢᠨ ᠰᠢᠰᠲ᠋ᠧᠮ  ᠢ ᠨᠢᠭᠡᠳᠬᠡᠬᠦ  ᠶᠢ ᠠᠬᠢᠭᠤᠯᠵᠣ᠂ ᠪᠦᠯᠦᠭᠯᠡᠯ ᠤᠨ  ᠶᠡᠷᠦᠩᠬᠡᠶᠢᠯᠡᠭᠰᠡᠨ ᠬᠠᠮᠢᠶᠠᠷᠣᠨ ᠡᠵᠡᠮᠰᠢᠬᠦ ᠴᠢᠳᠠᠪᠦᠷᠢ  ᠶᠢ ᠴᠢᠩᠭᠠᠳᠬᠠᠨ᠎ᠠ᠃ ᠪᠦᠯᠦᠭᠯᠡᠯ  ᠤᠨ ᠲᠠᠪᠬᠤᠷᠭ᠎ᠠ  ᠶᠢᠨ ᠡᠳ᠋  ᠤᠨ ᠶᠠᠪᠣᠳᠠᠯ  ᠤᠨ ᠴᠢᠮᠡᠭᠡ ᠵᠠᠩᠬᠢ  ᠶᠢᠨ ᠬᠠᠮᠢᠶᠠᠷᠣᠯᠳᠠ᠂ ᠬᠦᠮᠦᠨ  ᠤ ᠭᠦᠴᠦᠨ  ᠤ ᠡᠬᠢ ᠪᠠᠶᠠᠯᠢᠭ ᠤᠨ ᠬᠠᠮᠢᠶᠠᠷᠣᠯᠳᠠ᠂ ᠪᠠᠶᠢᠯᠳᠣᠬᠤ ᠪᠣᠳᠣᠯᠭ᠎ᠠ ᠪᠠ ᠬᠢᠷᠢ ᠪᠦᠲᠦᠮᠵᠢ  ᠶᠢᠨ ᠬᠠᠮᠢᠶᠠᠷᠣᠯᠳᠠ᠂ ᠬᠤᠳᠠᠯᠳᠣᠨ ᠠᠪᠬᠤ ᠬᠠᠮᠢᠶᠠᠷᠣᠯᠳᠠ ᠵᠡᠷᠬᠡ ᠰᠢᠰᠲ᠋ᠧᠮ  ᠢ ᠨᠢᠭᠡᠳᠭᠡᠬᠦ  ᠶᠢ ᠭᠤᠣᠯᠳᠠᠯᠭ᠎ᠠ ᠲᠠᠢ ᠠᠬᠢᠭᠤᠯᠵᠣ᠂ ᠪᠦᠯᠦᠭᠯᠡᠯ  ᠤᠨ ᠡᠯ᠎ᠡ ᠵᠣᠶᠢᠯ ᠎ ᠤᠨ ᠡᠬᠢ ᠪᠠᠶᠠᠯᠢᠭ᠂ ᠠᠶᠣᠯ ᠲᠦᠭᠰᠢᠭᠦᠷᠢ  ᠶᠢ ᠲᠦᠪᠯᠡᠷᠡᠭᠦᠯᠦᠨ ᠬᠠᠮᠢᠶᠠᠷᠣᠨ ᠡᠵᠡᠮᠰᠢᠬᠦ  ᠶᠢ ᠪᠡᠶᠡᠯᠡᠭᠦᠯᠦᠨ᠎ᠡ᠃ ᠠᠵᠣ ᠠᠬᠤᠶᠢᠯᠠᠯ  ᠢ ᠵᠣᠷᠢᠭᠵᠢᠭᠤᠯᠣᠨ ᠣᠶᠢᠯᠡᠳᠭᠦᠨ  ᠤ ᠳ᠋ᠠᠶᠢᠲᠨ  ᠶᠢᠨ ᠬᠠᠮᠢᠶᠠᠷᠣᠯᠳᠠ᠂ ᠠᠵᠣ ᠠᠬᠤᠶᠢᠯᠠᠯ  ᠤᠨ ᠡᠬᠢ ᠪᠠᠶᠠᠯᠢᠭ  ᠤᠨ ᠬᠠᠮᠢᠶᠠᠷᠣᠯᠳᠠ᠂ ᠣᠶᠢᠯᠡᠳᠬᠦ  ᠶᠢ ᠬᠡᠷᠡᠭᠵᠢᠭᠦᠯᠬᠦ᠂ ᠬᠠᠷᠢᠴᠠᠭᠠᠨ ᠡᠷᠦᠬᠡ  ᠶᠢᠨ ᠬᠠᠷᠢᠴᠠᠭ᠎ᠠ ᠎ ᠶᠢᠨ ᠬᠠᠮᠢᠶᠠᠷᠣᠯᠳᠠ᠂ ᠬᠠᠩᠭᠠᠬᠤ ᠬᠡᠯᠬᠢᠶ᠎ᠡ  ᠶᠢᠨ ᠬᠠᠮᠢᠶᠠᠷᠣᠯᠳᠠ᠂ ᠵᠠᠬ᠎ᠠ ᠲᠡᠯᠬᠡᠭᠦᠷ ᠤᠨ ᠡᠵᠡᠩᠨᠡᠨ ᠪᠣᠷᠣᠯᠠᠭᠤᠯᠬᠤ ᠬᠠᠮᠢᠶᠠᠷᠣᠯᠳᠠ ᠵᠡᠷᠬᠡ ᠣᠶᠢᠯᠡᠳᠪᠦᠷᠢᠯᠡᠯ ᠡᠵᠡᠩᠨᠡᠯᠳᠡ  ᠶᠢᠨ ᠪᠦᠬᠦ ᠬᠡᠯᠬᠢᠶ᠎ᠡ  ᠶᠢᠨ ᠬᠤᠷᠠᠮᠠᠯ  ᠢ ᠪᠡᠶᠡᠯᠡᠭᠦᠯᠦᠨ᠎ᠡ᠃    ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠲᠦᠷᠢᠮ  ᠤᠨ ᠪᠠᠶᠢᠭᠤᠯᠣᠯᠳᠠ  ᠶᠢ ᠲᠡᠭᠦᠯᠳᠡᠷᠵᠢᠭᠦᠯᠬᠦ ᠎ ᠶᠢ ᠠᠬᠢᠭᠤᠯᠣᠨ᠎ᠠ᠃ ᠲᠣᠮᠣ ᠬᠡᠯᠪᠡᠷᠢ  ᠶᠢᠨ ᠠᠵᠣ ᠠᠬᠤᠶᠢᠯᠠᠯ  ᠤᠨ ᠪᠦᠯᠦᠭᠯᠡᠯ  ᠢ ᠵᠣᠷᠢᠭᠵᠢᠭᠤᠯᠣᠨ CIO ᠎ ᠤᠨ ᠲᠦᠷᠢᠮ ᠪᠠᠶᠢᠭᠤᠯᠵᠣ᠂ ᠴᠢᠮᠡᠭᠡ ᠵᠠᠩᠬᠢᠴᠢᠯᠠᠯᠳᠠ  ᠶᠢᠨ ᠠᠵᠣ ᠠᠣᠬᠠᠶᠢᠯᠠᠯ  ᠤᠨ ᠡᠵᠡᠩᠨᠡᠯᠳᠡ ᠬᠠᠮᠢᠶᠠᠷᠣᠯᠳᠠ ᠲᠣᠮᠳᠠᠬᠢ ᠪᠠᠶᠢᠯᠳᠣᠬᠤ ᠪᠣᠳᠣᠯᠭ᠎ᠠ  ᠶᠢᠨ ᠣᠶᠢᠯᠡᠳᠣᠯ  ᠢ ᠲᠡᠭᠡᠭᠰᠢᠯᠡᠭᠦᠯᠦᠨ᠎ᠡ᠃ ᠴᠢᠮᠡᠭᠡ ᠵᠠᠩᠬᠢᠴᠢᠯᠠᠯᠳᠠ ᠶᠢᠨ ᠪᠠᠶᠢᠭᠤᠯᠣᠯᠳᠠ  ᠶᠢᠨ ᠪᠡᠯᠡ ᠣᠷᠣᠭᠤᠯᠣᠯᠳᠠ᠂ ᠬᠠᠮᠢᠶᠠᠷᠣᠯᠳᠠ ᠪᠠ ᠡᠷᠬᠢᠯᠳᠡ ᠬᠠᠮᠠᠭᠠᠯᠠᠯᠳᠠ  ᠶᠢᠨ ᠲᠣᠭᠳᠠᠴᠠ  ᠶᠢ ᠲᠡᠭᠦᠯᠳᠡᠷᠵᠢᠭᠦᠯᠵᠣ᠂ ᠨᠡᠶᠢᠬᠡᠮ  ᠤᠨ ᠪᠠᠶᠢᠭᠤᠯᠣᠮᠵᠢ  ᠶᠢ ᠵᠣᠷᠢᠭᠵᠢᠭᠤᠯᠣᠨ ᠠᠵᠣ ᠠᠬᠤᠶᠢᠯᠠᠯ  ᠤᠨ ᠭᠤᠣᠯᠳᠠᠯᠭᠠᠳᠣ ᠪᠣᠰᠣ ᠴᠢᠮᠡᠭᠡ ᠵᠠᠩᠬᠢᠴᠢᠯᠠᠯᠳᠠ  ᠶᠢᠨ ᠰᠢᠰᠲ᠋ᠧᠮ  ᠤᠨ ᠪᠠᠶᠢᠭᠤᠯᠣᠯᠳᠠ ᠪᠠ ᠡᠷᠬᠢᠯᠳᠡ ᠬᠠᠮᠠᠭᠠᠯᠠᠯᠳᠠ ᠶᠢ ᠲᠠᠭᠠᠭᠠᠴᠢᠯᠠᠭᠤᠯᠵᠣ᠂ ᠠᠵᠣ ᠠᠬᠤᠶᠢᠯᠠᠯ ᠎ ᠤᠨ ᠴᠢᠮᠡᠭᠡ ᠵᠠᠩᠬᠢᠴᠢᠯᠠᠯᠳᠠ ᠶᠢ ᠭᠠᠳᠠᠭᠰᠢ ᠲᠠᠭᠠᠭᠠᠴᠢᠯᠠᠭᠤᠯᠬᠤ ᠲᠣᠬᠠᠶᠢᠯᠠᠭᠰᠠᠨ ᠠᠵᠢᠯ  ᠤᠨ ᠠᠵᠢᠯᠯᠠᠬᠤ ᠲᠦᠷᠢᠮᠵᠢᠯ ᠢ ᠲᠦᠷᠬᠡᠳᠬᠡᠨ ᠪᠠᠶᠢᠭᠤᠯᠣᠨ᠎ᠠ᠃ ᠴᠢᠳᠠᠪᠦᠷᠢ ᠲᠠᠢ ᠲᠣᠮᠣ ᠬᠡᠯᠪᠡᠷᠢ  ᠶᠢᠨ ᠠᠵᠣ ᠠᠬᠤᠶᠢᠯᠠᠯ  ᠤᠨ ᠪᠦᠯᠦᠭᠯᠡᠯ  ᠤᠨ ᠴᠢᠮᠡᠭᠡ ᠵᠠᠩᠬᠢ ᠶᠢᠨ ᠲᠦᠪ  ᠢ ᠲᠡᠮᠵᠢᠨ ᠰᠠᠯᠭᠠᠨ ᠲᠣᠰᠠᠭᠠᠷᠯᠠᠭᠰᠠᠨ ᠴᠢᠮᠡᠭᠡ ᠵᠠᠩᠬᠢ  ᠶᠢᠨ ᠮᠡᠷᠭᠡᠵᠢᠯ  ᠤᠨ ᠺᠣᠮᠫᠠᠨᠢ ᠪᠠᠶᠢᠭᠤᠯᠵᠣ᠂ ᠠᠳᠠᠯᠢ ᠠᠵᠢᠯ ᠲᠦᠷᠦᠯ  ᠳᠤ ᠣᠶᠢᠯᠡᠴᠢᠯᠡᠭᠡ ᠬᠠᠩᠭᠠᠨ᠎ᠠ᠃   ︵ᠵᠢᠷᠭᠤᠭ᠎ᠠ︶ ᠲᠣᠮᠳᠠ ᠵᠢᠵᠢᠭ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ  ᠶᠢ ᠲᠡᠯᠬᠡᠷᠡᠭᠦᠯᠬᠦ ᠢᠨᠵᠧᠨᠧᠷᠢᠩ    ᠲᠣᠮᠳᠠ ᠵᠢᠵᠢᠭ ᠠᠵᠣ ᠠᠬᠤᠶᠢᠯᠠᠯ ᠤᠨ ᠴᠢᠮᠡᠭᠡ ᠵᠠᠩᠬᠢᠴᠢᠯᠠᠯᠳᠠ ᠶᠢᠨ ᠰᠠᠭᠤᠷᠢ ᠬᠡᠷᠡᠭᠯᠡᠯᠳᠡ ᠶᠢ ᠠᠬᠢᠭᠤᠯᠣᠨ᠎ᠠ᠃ ᠲᠣᠮᠳᠠ ᠵᠢᠵᠢᠭ ᠠᠵᠣ ᠠᠬᠤᠶᠢᠯᠠᠯ ᠤᠨ ᠲᠣᠰᠬᠠᠢ ᠣᠶᠢᠯᠡᠴᠢᠯᠡᠬᠡᠨ ᠤ ᠪᠠᠶᠢᠭᠤᠯᠣᠮᠵᠢ  ᠳᠤ ᠲᠦᠰᠢᠭᠯᠡᠨ᠂ ᠣᠷᠳᠣᠰ ᠎ ᠤᠨ ᠲᠣᠮᠳᠠ ᠵᠢᠵᠢᠭ ᠠᠵᠣ ᠠᠬᠤᠶᠢᠯᠠᠯ  ᠤᠨ ᠶᠡᠷᠦᠩᠬᠡᠶᠢᠯᠡᠭᠰᠡᠨ ᠡᠭᠦᠳᠡᠨ ᠰᠦᠯᠵᠢᠶ᠎ᠡ ᠪᠠᠶᠢᠭᠤᠯᠵᠣ᠂ ᠪᠦᠬᠦ ᠬᠤᠳᠠ ᠎ ᠶᠢᠨ ᠲᠣᠮᠳᠠ ᠵᠢᠵᠢᠭ ᠠᠵᠣ ᠠᠬᠤᠶᠢᠯᠠᠯ  ᠳᠤ ᠡᠯᠧᠺᠲᠷᠣᠨ ᠰᠢᠣᠳᠠᠨ᠂ ᠴᠢᠮᠡᠭᠡ ᠵᠠᠩᠬᠢ ᠨᠡᠶᠢᠳᠡᠯᠡᠬᠦ᠂ ᠣᠶᠢᠯᠡᠳᠭᠦᠨ ᠎ ᠢ ᠲᠡᠯᠬᠡᠨ ᠦᠵᠡᠭᠦᠯᠬᠦ ᠵᠡᠷᠬᠡ ᠰᠠᠭᠤᠷᠢ ᠣᠶᠢᠯᠡᠴᠢᠯᠡᠭᠡ  ᠶᠢ ᠪᠠᠭᠳᠠᠭᠠᠭᠰᠠᠨ ᠠᠵᠣ ᠠᠬᠤᠶᠢᠯᠠᠯ  ᠤᠨ ᠴᠢᠮᠡᠭᠡ ᠵᠠᠩᠬᠢ ᠎ ᠶᠢᠨ ᠡᠭᠦᠳᠡᠨ ᠰᠦᠯᠵᠢᠶ᠎ᠡ  ᠶᠢᠨ ᠣᠶᠢᠯᠡᠴᠢᠯᠡᠭᠡ ᠬᠠᠩᠭᠠᠨ᠎ᠠ᠃ ᠠᠵᠣ ᠠᠬᠤᠶᠢᠯᠠᠯ  ᠤᠨ ᠣᠨᠴᠠᠯᠢᠭ  ᠲᠤ ᠴᠢᠭᠯᠡᠭᠦᠯᠦᠨ᠂ ᠡᠳ᠋  ᠤᠨ ᠶᠠᠪᠣᠳᠠᠯ  ᠤᠨ ᠬᠠᠮᠢᠶᠠᠷᠣᠯᠳᠠ ᠶᠢᠨ ᠰᠢᠰᠲ᠋ᠧᠮ᠂ ᠬᠦᠮᠦᠷᠬᠡ  ᠶᠢᠨ ᠬᠠᠳᠠᠭᠠᠯᠠᠭᠳᠠᠴᠠ  ᠶᠢᠨ ᠬᠠᠮᠢᠶᠠᠷᠣᠯᠳᠠ  ᠶᠢᠨ ᠰᠢᠰᠲ᠋ᠧᠮ᠂ ᠠᠵᠢᠯᠳᠠᠨ  ᠤ ᠬᠠᠮᠢᠶᠠᠷᠣᠯᠳᠠ  ᠶᠢᠨ ᠰᠢᠰᠲ᠋ᠧᠮ ᠵᠡᠷᠬᠡ ᠴᠢᠮᠡᠭᠡ ᠵᠠᠩᠬᠢᠴᠢᠯᠠᠯᠳᠠ ᠎ ᠶᠢᠨ ᠬᠡᠷᠡᠭᠯᠡᠯᠳᠡ ᠶᠢ ᠬᠤᠳᠠᠯᠳᠣᠨ ᠠᠪᠬᠤ ᠪᠠ ᠬᠡᠷᠡᠭᠯᠡᠬᠦ  ᠶᠢ ᠭᠤᠣᠯᠳᠠᠯᠭ᠎ᠠ ᠲᠠᠢ ᠲᠡᠮᠵᠢᠨ᠎ᠡ᠃ IT ᠎ ᠤᠨ ᠣᠶᠢᠯᠡᠴᠢᠯᠡᠬᠡᠨ  ᠤ ᠬᠤᠯᠪᠣᠭᠳᠠᠯ ᠪᠦᠬᠦᠢ ᠣᠶᠢᠯᠡᠳᠪᠦᠷᠢ ᠬᠤᠳᠠᠯᠳᠣᠭᠠᠴᠢᠨ ᠲᠠᠢ ᠬᠤᠯᠪᠣᠭᠠᠯᠠᠵᠣ᠂ ᠲᠣᠮᠳᠠ ᠵᠢᠵᠢᠭ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠬᠡᠷᠡᠭᠯᠡᠯᠳᠡ ᠶᠢᠨ ᠦᠩᠬᠡᠷᠡᠯᠳᠡ ᠶᠢᠨ ᠲᠦᠪ ᠪᠠᠶᠢᠭᠤᠯᠵᠣ᠂ ᠲᠣᠮᠳᠠ ᠵᠢᠵᠢᠭ ᠠᠵᠣ ᠠᠬᠤᠶᠢᠯᠠᠯ ᠤᠨ ᠴᠢᠮᠡᠭᠡ ᠵᠠᠩᠬᠢᠴᠢᠯᠠᠯᠳᠠ ᠶᠢᠨ  ᠯᠠᠪᠯᠠᠯᠭ᠎ᠠ ᠪᠠ ᠠᠪᠣᠴᠠᠯᠳᠣᠭᠤᠯᠬᠤ ᠠᠵᠢᠯᠯᠠᠭ᠎ᠠ  ᠶᠢ ᠲᠣᠭᠳᠠᠮᠠᠯ ᠬᠤᠭᠤᠴᠠᠭ᠎ᠠ ᠲᠠᠢ  ᠪᠠᠷ ᠶᠠᠪᠣᠭᠳᠠᠭᠤᠯᠣᠨ᠎ᠠ᠃    ᠲᠣᠮᠳᠠ ᠵᠢᠵᠢᠭ ᠠᠵᠣ ᠠᠬᠤᠶᠢᠯᠠᠯ  ᠢ ᠲᠠᠭᠠᠭᠤᠯᠣᠨ ᠡᠭᠦᠯᠡᠨ ᠣᠶᠢᠯᠡᠴᠢᠯᠡᠭᠡ  ᠶᠢ ᠬᠡᠷᠡᠭᠯᠡᠭᠦᠯᠦᠨ᠎ᠡ᠃ ᠨᠡᠶᠢᠬᠡᠮᠴᠢᠯᠡᠭᠰᠡᠨ ᠡᠭᠦᠯᠡᠨ ᠪᠣᠳᠣᠯᠭ᠎ᠠ  ᠶᠢᠨ ᠣᠶᠢᠯᠡᠴᠢᠯᠡᠬᠡᠨ  ᠤ ᠲᠦᠪ  ᠲᠤ ᠲᠦᠰᠢᠭᠯᠡᠨ᠂ ᠲᠣᠮᠳᠠ ᠵᠢᠵᠢᠭ ᠠᠵᠣ ᠠᠬᠤᠶᠢᠯᠠᠯ  ᠢ ᠲᠠᠭᠠᠭᠤᠯᠣᠨ ᠵᠣᠷᠢᠭᠵᠢᠭᠤᠯᠣᠨ ᠴᠢᠮᠡᠭᠡ ᠵᠠᠩᠬᠢ  ᠶᠢᠨ ᠬᠡᠷᠡᠭᠯᠡᠯᠳᠡ  ᠶᠢ ᠡᠭᠦᠯᠡᠨ ᠲᠣᠳᠣᠷ᠎ᠠ ᠰᠢᠭᠤᠳ ᠪᠠᠶᠢᠭᠤᠯᠵᠣ᠂ ᠡᠭᠦᠯᠡᠨ ᠲᠣᠳᠣᠷᠠᠬᠢ ᠲᠤᠭ᠎ᠠ ᠪᠠᠷᠢᠮᠳᠠ  ᠶᠢᠨ ᠲᠦᠪ ᠪᠠ ᠭᠠᠢ ᠭᠠᠮᠰᠢᠭ  ᠤᠨ ᠪᠡᠯᠡᠳᠬᠡᠯ  ᠤᠨ ᠣᠶᠢᠯᠡᠴᠢᠯᠡᠭᠡ  ᠶᠢ ᠬᠡᠷᠡᠭᠯᠡᠵᠣ᠂ ᠡᠭᠦᠯᠡᠨ ᠪᠣᠳᠣᠯᠭ᠎ᠠ  ᠳᠤ ᠰᠠᠭᠤᠷᠢᠯᠠᠭᠰᠠᠨ ᠰᠢᠣᠳᠠᠨ  ᠤ ᠣᠶᠢᠯᠡᠴᠢᠯᠡᠭᠡ᠂ ᠬᠠᠷᠢᠴᠠᠭᠠᠨ ᠡᠷᠦᠬᠡ  ᠶᠢᠨ ᠬᠠᠷᠢᠴᠠᠭ᠎ᠠ  ᠶᠢᠨ ᠬᠠᠮᠢᠶᠠᠷᠣᠯᠳᠠ᠂ ᠨᠦᠬᠡᠴᠠᠯᠠᠨ ᠬᠠᠳᠠᠭᠠᠯᠬᠤ ᠵᠡᠷᠬᠡ ᠴᠢᠮᠡᠭᠡ ᠵᠠᠩᠬᠢᠴᠢᠯᠠᠯᠳᠠ ᠶᠢᠨ ᠬᠡᠷᠡᠭᠯᠡᠯᠳᠡ ᠶᠢ ᠰᠢᠭᠤᠳ ᠬᠡᠷᠡᠭᠯᠡᠭᠦᠯᠦᠨ᠎ᠡ᠃ ᠠᠳᠠᠯᠢ ᠪᠣᠰᠣ ᠠᠵᠢᠯ ᠲᠦᠷᠦᠯ᠂ ᠬᠦᠷᠢᠶ᠎ᠡ ᠬᠡᠪᠴᠢᠶ᠎ᠡ᠂ ᠣᠷᠣᠨ ᠲᠣᠭᠤᠷᠢᠭ  ᠢ ᠦᠨᠳᠦᠰᠦᠯᠡᠨ᠂ ᠠᠯᠢ ᠤᠯᠠᠨ ᠠᠵᠣ ᠠᠬᠤᠶᠢᠯᠠᠯ ᠤᠳ ᠢ ᠰᠢᠯᠭᠠᠷᠡᠭᠤᠯᠤᠨ ᠰᠣᠩᠭᠤᠨ ᠡᠭᠦᠯᠡᠨ ᠣᠶᠢᠯᠡᠴᠢᠯᠡᠬᠡᠨ ᠤ ᠬᠡᠷᠡᠭᠯᠡᠬᠡᠨ ᠤ ᠵᠢᠱᠢᠶ᠎ᠡ  ᠦᠵᠡᠬᠦᠯᠤᠨ᠎ᠠ᠃    ᠲᠣᠮᠳᠠ ᠵᠢᠵᠢᠭ ᠠᠵᠣ ᠠᠬᠤᠶᠢᠯᠠᠯ  ᠤᠨ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠬᠡᠷᠡᠭᠯᠡᠯᠳᠡ  ᠶᠢ ᠲᠦᠭᠡᠮᠡᠯᠵᠢᠭᠦᠯᠬᠦ  ᠶᠢ ᠲᠦᠷᠬᠡᠳᠬᠡᠨ᠎ᠡ᠃ ᠲᠣᠮᠳᠠ ᠵᠢᠵᠢᠭ ᠠᠵᠣ ᠠᠬᠤᠶᠢᠯᠠᠯ  ᠢ ᠵᠣᠷᠢᠭᠵᠢᠭᠤᠯᠣᠨ ᠠ ᠯᠢ ᠪᠠ ᠪᠠ᠂ ᠲᠣᠣ ᠪᠣᠣ ᠰᠦᠯᠵᠢᠶ᠎ᠡ ᠵᠡᠷᠬᠡ ᠲᠣᠰᠬᠠᠢ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠲᠠᠪᠴᠠᠩ  ᠢᠶᠠᠷ ᠲᠠᠮᠵᠢᠨ ᠠᠩᠬ᠎ᠠ ᠵᠡᠷᠬᠡ  ᠶᠢᠨ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠬᠡᠷᠡᠭᠯᠡᠯᠳᠡ  ᠶᠢ ᠪᠡᠶᠡᠯᠡᠭᠦᠯᠦᠨ᠎ᠡ᠃ ᠬᠠᠷᠠᠭᠠᠯᠵᠠᠯ  ᠤᠨ ᠲᠦᠷᠦ ᠶᠢᠨ ᠪᠣᠳᠣᠯᠭ᠎ᠠ ᠲᠣᠭᠳᠠᠭᠠᠵᠣ᠂ ᠲᠣᠮᠳᠠ ᠵᠢᠵᠢᠭ ᠬᠤᠳᠠᠯᠳᠤᠭ᠎ᠠ ᠠᠷᠠᠯᠵᠢᠶᠠᠨ  ᠤ ᠠᠵᠣ ᠠᠬᠤᠶᠢᠯᠠᠯ ᠢ ᠲᠡᠮᠵᠢᠨ ᠲᠣᠰ ᠭᠠᠵᠠᠷ  ᠤᠨ ᠡᠯᠧᠺᠲᠷᠣᠨ ᠬᠤᠳᠠᠯᠳᠣᠭᠠᠨ  ᠤ ᠶᠠᠪᠣᠳᠠᠯ ᠤᠨ ᠲᠠᠪᠴᠠᠩ  ᠳᠤ ᠣᠷᠣᠭᠤᠯᠵᠣ᠂ ᠪᠣᠳᠠᠳᠣ ᠲᠡᠯᠬᠡᠭᠦᠷ᠂ ᠰᠦᠯᠵᠢᠶᠡᠨ ᠲᠡᠬᠡᠷᠡᠬᠢ ᠲᠡᠯᠬᠡᠭᠦᠷ  ᠢ ᠬᠠᠷᠢᠯᠴᠠᠨ ᠣᠶᠠᠯᠳᠣᠭᠤᠯᠣᠭᠰᠠᠨ ᠬᠤᠳᠠᠯᠳᠤᠭ᠎ᠠ ᠠᠷᠠᠯᠵᠢᠶᠠᠨ ᠤ ᠬᠡᠯᠪᠡᠷᠢ  ᠶᠢ ᠪᠡᠶᠡᠯᠡᠭᠦᠯᠦᠨ᠎ᠡ᠃ ᠲᠣᠮᠳᠠ ᠵᠢᠵᠢᠭ ᠠᠵᠣ ᠠᠬᠤᠶᠢᠯᠠᠯ ᠢ ᠡᠭᠦᠳᠡᠨ ᠰᠦᠯᠵᠢᠶᠡᠨ ᠴᠡᠭ  ᠢᠶᠠᠷ ᠲᠠᠮᠵᠢᠨ ᠡᠵᠡᠩᠨᠡᠯᠳᠡ ᠪᠣᠷᠣᠯᠠᠭᠤᠯᠣᠯᠳᠠ  ᠪᠠᠨ ᠲᠡᠯᠬᠡᠷᠡᠭᠦᠯᠬᠦ  ᠶᠢ ᠵᠣᠷᠢᠭᠵᠢᠭᠤᠯᠵᠣ᠂ ᠡᠯᠧᠺᠲᠷᠣᠨ  ᠢᠶᠠᠷ ᠦᠭᠬᠦ᠂ ᠪᠣᠳᠠᠰ ᠤᠨ ᠭᠦᠢᠯᠬᠡᠬᠡᠨ  ᠤ ᠲᠣᠬᠢᠷᠠᠭᠤᠯᠣᠨ ᠬᠦᠷᠬᠡᠬᠦ᠂ ᠡᠯᠧᠺᠲᠷᠣᠨ ᠪᠡᠶ᠎ᠡ ᠶᠢᠨ ᠦᠨᠡᠮᠯᠡᠯ  ᠢ ᠬᠡᠷᠡᠴᠢᠯᠡᠬᠦ᠂ ᠢᠳᠡᠬᠡᠮᠵᠢ  ᠶᠢᠨ ᠬᠠᠮᠢᠶᠠᠷᠣᠯᠳᠠ ᠵᠡᠷᠬᠡ ᠡᠯᠧᠺᠲᠷᠣᠨ ᠬᠤᠳᠠᠯᠳᠣᠭᠠᠨ  ᠤ ᠶᠠᠪᠣᠳᠠᠯ  ᠤᠨ ᠢᠵᠢ ᠪᠦᠷᠢᠳᠦᠭᠰᠡᠨ ᠣᠶᠢᠯᠡᠴᠢᠯᠡᠬᠡᠨ  ᠤ ᠬᠦᠭᠵᠢᠯᠳᠡ  ᠶᠢ ᠠᠬᠢᠭᠤᠯᠣᠨ᠎ᠠ᠃   ︵ᠲᠣᠯᠤᠭ᠎ᠠ︶ ᠡᠨᠧᠷᠬᠢ ᠠᠷᠪᠢᠯᠠᠨ ᠣᠷᠴᠢᠨ ᠲᠣᠭᠤᠷᠢᠨ  ᠢ ᠬᠠᠮᠠᠭᠠᠯᠠᠬᠤ ᠪᠠ ᠠᠶᠣᠯ ᠦᠬᠡᠢ  ᠶᠢ ᠴᠢᠮᠡᠭᠡ ᠵᠠᠩᠬᠢᠴᠢᠯᠠᠯᠳᠠ  ᠪᠠᠷ ᠠᠬᠢᠭᠤᠯᠬᠤ ᠢᠨᠵᠧᠨᠧᠷᠢᠩ    ᠡᠨᠧᠷᠬᠢ ᠠᠷᠪᠢᠯᠠᠨ ᠣᠷᠴᠢᠨ ᠲᠣᠭᠤᠷᠢᠨ  ᠢ ᠬᠠᠮᠠᠭᠠᠯᠠᠬᠤ ᠪᠠ ᠠᠶᠣᠯ ᠦᠬᠡᠢ  ᠶᠢᠨ ᠬᠢᠨᠠᠨ ᠬᠠᠮᠢᠶᠠᠷᠣᠯᠳᠠ  ᠶᠢᠨ ᠲᠠᠪᠴᠠᠩ  ᠤᠨ ᠪᠠᠶᠢᠭᠤᠯᠣᠯᠳᠠ  ᠶᠢ ᠠᠬᠢᠭᠤᠯᠣᠨ᠎ᠠ᠃ ᠬᠢᠮᠢ  ᠶᠢᠨ ᠠᠵᠣ ᠣᠶᠢᠯᠡᠳᠪᠦᠷᠢ᠂ ᠨᠡᠭᠦᠷᠡᠰᠦ᠂ ᠲᠡᠮᠦᠷᠯᠢᠭ ᠪᠣᠯᠪᠠᠰᠣᠷᠠᠭᠤᠯᠬᠤ᠂ ᠴᠠᠬᠢᠯᠭᠠᠨ ᠭᠦᠴᠦᠨ ᠵᠡᠷᠬᠡ ᠠᠵᠢᠯ ᠲᠦᠷᠦᠯ  ᠳᠤ ᠭᠤᠣᠯᠳᠠᠯᠭ᠎ᠠ ᠲᠠᠢ ᠴᠢᠭᠯᠡᠭᠦᠯᠦᠨ᠂ ᠲᠣᠮᠣ ᠠᠵᠣ ᠠᠬᠤᠶᠢᠯᠠᠯ  ᠤᠨ ᠪᠦᠯᠦᠭᠯᠡᠯ  ᠢ ᠲᠡᠮᠵᠢᠨ ᠡᠨᠧᠷᠬᠢ  ᠶᠢᠨ ᠬᠤᠷᠣᠭᠳᠠᠯ  ᠢ ᠬᠢᠨᠠᠨ ᠡᠵᠡᠮᠰᠢᠬᠦ᠂ ᠪᠣᠬᠢᠷᠳᠣᠯ  ᠤᠨ ᠢᠷᠡᠯᠳᠡ  ᠶᠢ ᠬᠢᠨᠠᠨ ᠡᠵᠡᠮᠰᠢᠬᠦ᠂ ᠣᠶᠢᠯᠡᠳᠪᠦᠷᠢᠯᠡᠯ  ᠤᠨ ᠣᠷᠴᠢᠨ ᠲᠣᠭᠤᠷᠢᠨ  ᠢ ᠬᠢᠨᠠᠨ ᠡᠵᠡᠮᠰᠢᠬᠦ᠂ ᠣᠶᠢᠯᠡᠳᠪᠦᠷᠢᠯᠡᠯ ᠤᠨ ᠠᠶᠣᠯ ᠦᠬᠡᠢ  ᠶᠢ ᠬᠢᠨᠠᠨ ᠡᠵᠡᠮᠰᠢᠬᠦ ᠵᠡᠷᠬᠡ ᠶᠡᠷᠦᠩᠬᠡᠶᠢᠯᠡᠭᠰᠡᠨ ᠬᠠᠮᠢᠶᠠᠷᠣᠯᠳᠠ  ᠶᠢᠨ ᠲᠠᠪᠴᠠᠩ ᠪᠠᠶᠢᠭᠤᠯᠣᠨ᠎ᠠ᠃ ᠲᠣᠮᠣ ᠬᠡᠯᠪᠡᠷᠢ  ᠶᠢᠨ ᠣᠶᠢᠯᠡᠳᠪᠦᠷᠢᠯᠡᠯ  ᠤᠨ ᠲᠣᠨᠤᠭ ᠲᠦᠭᠦᠭᠡᠷᠣᠮᠵᠢ᠂ ᠣᠨᠴᠠᠭᠠᠢ ᠲᠦᠷᠦᠯ  ᠤᠨ ᠣᠶᠢᠯᠡᠳᠪᠦᠷᠢᠯᠡᠯ  ᠤᠨ ᠲᠣᠨᠤᠭ ᠲᠦᠭᠦᠭᠡᠷᠣᠮᠵᠢ  ᠶᠢᠨ ᠡᠷᠬᠢᠯᠳᠡ  ᠶᠢᠨ ᠪᠠᠶᠢᠳᠠᠯ ᠢ ᠪᠦᠬᠦ ᠴᠠᠭ ᠢᠶᠠᠷ ᠬᠢᠨᠠᠨ ᠡᠵᠡᠮᠰᠢᠬᠦ ᠰᠢᠰᠲ᠋ᠧᠮ  ᠢ ᠪᠠᠶᠢᠭᠤᠯᠣᠨ᠎ᠠ᠃ ᠬᠤᠳᠠ  ᠶᠢᠨ ᠱᠠᠳᠣᠨ ᠤ ᠡᠨᠧᠷᠬᠢ  ᠶᠢᠨ ᠬᠢᠨᠠᠨ ᠡᠵᠡᠮᠰᠢᠬᠦ ᠲᠦᠪ ᠂ ᠬᠤᠳᠠ  ᠶᠢᠨ ᠱᠠᠳᠣᠨ ᠤ ᠠᠵᠣ ᠣᠶᠢᠯᠡᠳᠪᠦᠷᠢ ᠶᠢᠨ ᠪᠣᠬᠢᠷᠳᠣᠯ ᠪᠣᠳᠠᠰ ᠢ ᠬᠢᠨᠠᠨ ᠡᠵᠡᠮᠰᠢᠬᠦ ᠲᠦᠪ  ᠢ ᠪᠠᠶᠢᠭᠤᠯᠬᠤ ᠎ ᠶᠢ ᠠᠬᠢᠭᠤᠯᠵᠣ᠂ ᠪᠦᠬᠦ ᠬᠤᠳᠠ  ᠶᠢᠨ ᠭᠤᠣᠯᠳᠠᠯᠭ᠎ᠠ ᠲᠠᠢ ᠠᠵᠣ ᠠᠬᠤᠶᠢᠯᠠᠯ  ᠤᠨ ᠡᠨᠧᠷᠬᠢ ᠬᠡᠷᠡᠭᠯᠡᠬᠦ᠂ ᠪᠣᠬᠢᠷᠳᠣᠯ ᠎ ᠤᠨ ᠢᠷᠡᠯᠳᠡ  ᠪᠠ ᠪᠣᠬᠢᠷᠳᠣᠯ  ᠢ ᠭᠠᠳᠠᠭᠰᠢᠯᠠᠭᠤᠯᠬᠤ  ᠶᠢ ᠪᠦᠬᠦ ᠴᠠᠭ  ᠢᠶᠠᠷ ᠬᠢᠨᠠᠨ ᠡᠵᠡᠮᠰᠢᠬᠦ  ᠶᠢ ᠪᠡᠶᠡᠯᠡᠭᠦᠯᠦᠨ᠎ᠡ    IT ᠎ ᠳᠤ ᠰᠠᠭᠤᠷᠢᠯᠠᠭᠰᠠᠨ ᠡᠨᠧᠷᠬᠢ ᠠᠷᠪᠢᠯᠠᠨ ᠣᠷᠴᠢᠨ ᠲᠣᠭᠤᠷᠢᠨ  ᠢ ᠬᠠᠮᠠᠭᠠᠯᠠᠬᠤ ᠮᠡᠷᠭᠡᠵᠢᠯ  ᠤᠨ ᠦᠬᠡᠷᠡᠴᠢᠯᠡᠯᠳᠡ  ᠶᠢ ᠲᠡᠮᠵᠢᠨ᠎ᠡ᠃ ᠠᠵᠣ ᠣᠶᠢᠯᠡᠳᠪᠦᠷᠢ ᠪᠠ ᠴᠢᠮᠡᠭᠡ ᠵᠠᠩᠬᠢᠴᠢᠯᠠᠯᠳᠠ  ᠶᠢᠨ ᠶᠠᠮᠣᠨ  ᠠᠴᠠ ᠲᠣᠭᠳᠠᠭᠠᠭᠰᠠᠨ ᠠᠵᠣ ᠣᠶᠢᠯᠡᠳᠪᠦᠷᠢ  ᠶᠢᠨ ᠬᠦᠷᠢᠶ᠎ᠡ ᠬᠡᠪᠴᠢᠶᠡᠨ ᠳᠠᠬᠢ ᠡᠨᠧᠷᠬᠢ ᠠᠷᠪᠢᠯᠠᠨ ᠣᠷᠴᠢᠨ ᠲᠣᠭᠤᠷᠢᠨ  ᠢ ᠬᠠᠮᠠᠭᠠᠯᠠᠬᠤ ᠡᠯᠧᠺᠲᠷᠣᠨ ᠴᠢᠮᠡᠭᠡ ᠵᠠᠩᠬᠢ  ᠶᠢᠨ ᠬᠡᠷᠡᠭᠯᠡᠬᠡᠨ ᠤ ᠮᠡᠷᠭᠡᠵᠢᠯ  ᠤᠨ ᠣᠳᠣᠷᠢᠳᠣᠮᠵᠢ  ᠎ ᠶᠢᠨ ᠭᠠᠷᠴᠠᠭ  ᠢ ᠦᠨᠳᠦᠰᠦᠯᠡᠨ᠂ ᠬᠢᠮᠢ  ᠶᠢᠨ ᠠᠵᠣ ᠣᠶᠢᠯᠡᠳᠪᠦᠷᠢ᠂ ᠲᠡᠮᠦᠷᠯᠢᠭ ᠬᠠᠶᠢᠯᠠᠭᠤᠯᠬᠤ᠂ ᠮᠠᠲ᠋ᠧᠷᠢᠶᠠᠯ᠂ ᠪᠠᠷᠢᠯᠭ᠎ᠠ  ᠶᠢᠨ ᠮᠠᠲ᠋ᠧᠷᠢᠶᠠᠯ ᠵᠡᠷᠬᠡ ᠠᠵᠢᠯ ᠲᠦᠷᠦᠯ  ᠳᠤ ᠭᠤᠣᠯᠳᠠᠯᠭ᠎ᠠ ᠲᠠᠢ ᠴᠢᠭᠯᠡᠭᠦᠯᠦᠨ᠂ IT᠎ ᠤᠨ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ  ᠤᠨ ᠨᠢᠭᠡ ᠪᠦᠯᠦᠭ ᠵᠢᠱᠢᠶ᠎ᠡ ᠦᠵᠡᠭᠦᠯᠬᠦ ᠲᠦᠷᠦᠯ ᠵᠣᠶᠢᠯ  ᠢ ᠠᠬᠢᠭᠤᠯᠣᠨ᠎ᠠ᠃ ᠦᠨᠳᠦᠷ ᠡᠨᠧᠷᠬᠢ  ᠶᠢᠨ ᠬᠤᠷᠣᠭᠳᠠᠯ ᠲᠠᠢ ᠠᠵᠢᠯ ᠲᠦᠷᠦᠯ ᠢ ᠲᠡᠮᠵᠢᠨ ᠲᠣᠭᠠᠴᠠᠯᠠᠭᠰᠠᠨ᠂ ᠣᠶᠣᠨᠴᠢᠯᠠᠭᠰᠠᠨ ᠣᠶᠢᠯᠡᠳᠪᠦᠷᠢᠯᠡᠯ  ᠤᠨ ᠲᠣᠨᠤᠭ ᠲᠦᠭᠦᠭᠡᠷᠣᠮᠵᠢ ᠵᠢᠴᠢ ᠬᠤᠯᠪᠣᠭᠳᠠᠯ ᠪᠦᠬᠦᠢ ᠮᠡᠷᠭᠡᠵᠢᠯ  ᠢ ᠣᠷᠣᠭᠤᠯᠵᠣ᠂ ᠡᠨᠧᠷᠬᠢ ᠎ ᠶᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ  ᠢ ᠲᠡᠭᠡᠭᠰᠢᠯᠡᠭᠦᠯᠦᠨ᠎ᠡ᠃ ᠣᠶᠢᠯᠡᠳᠪᠦᠷᠢᠯᠡᠯ  ᠤᠨ ᠴᠣᠪᠣᠷᠠᠯ  ᠢ ᠬᠤᠷᠠᠮᠠᠯ  ᠢᠶᠠᠷ ᠡᠵᠡᠮᠰᠢᠬᠦ  ᠶᠢ ᠵᠣᠷᠢᠭᠵᠢᠭᠤᠯᠣᠨ ᠠᠬᠢᠭᠤᠯᠵᠣ᠂ ᠣᠶᠢᠯᠡᠳᠪᠦᠷᠢᠯᠡᠯ  ᠤᠨ ᠦᠷ᠎ᠡ ᠨᠣᠷᠮ᠎ᠠ ᠶᠢ ᠲᠡᠭᠡᠭᠰᠢᠯᠡᠭᠦᠯᠵᠣ᠂ ᠡᠨᠧᠷᠬᠢ ᠶᠢᠨ ᠬᠤᠷᠣᠭᠳᠠᠯ ᠪᠠ ᠪᠣᠬᠢᠷᠳᠣᠯ  ᠢ ᠪᠠᠭᠠᠰᠬᠠᠨ᠎ᠠ᠃   ︵ᠨᠠᠶᠢᠮᠠ︶ ᠣᠯᠠᠨ ᠨᠡᠶᠢᠳᠡ  ᠶᠢᠨ ᠣᠶᠢᠯᠡᠴᠢᠯᠡᠬᠡᠨ  ᠤ ᠲᠠᠪᠴᠠᠩ  ᠤᠨ ᠲᠣᠯᠭᠠᠭᠤᠷᠢᠯᠠᠬᠤ ᠢᠨᠵᠧᠨᠧᠷᠢᠩ    ᠴᠢᠳᠠᠪᠦᠷᠢᠳᠠᠨ  ᠢ ᠪᠣᠯᠪᠠᠰᠣᠷᠠᠭᠤᠯᠬᠤ ᠲᠠᠪᠴᠠᠩ ᠤᠨ ᠪᠠᠶᠢᠭᠤᠯᠣᠯᠳᠠ  ᠶᠢ ᠲᠦᠷᠬᠡᠳᠬᠡᠨ᠎ᠡ᠃ ᠨᠢᠬᠡᠨᠳᠡ ᠪᠠᠶᠢᠭ᠎ᠠ ᠰᠣᠷᠭᠠᠨ ᠬᠦᠮᠦᠵᠢᠯ  ᠤᠨ ᠡᠬᠢ ᠪᠠᠶᠠᠯᠢᠭ ᠪᠣᠶᠣ ᠴᠢᠮᠡᠭᠡ ᠵᠠᠩᠬᠢᠴᠢᠯᠠᠯᠳᠠ  ᠶᠢᠨ ᠣᠶᠢᠯᠡᠴᠢᠯᠡᠬᠡᠨ ᠤ ᠪᠠᠶᠢᠭᠤᠯᠣᠮᠵᠢ ᠎ ᠳᠤ ᠲᠦᠰᠢᠭᠯᠡᠨ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠪᠣᠯᠪᠠᠰᠣᠷᠠᠯ  ᠤᠨ ᠣᠶᠢᠯᠡᠴᠢᠯᠡᠬᠡᠨ  ᠤ ᠲᠠᠪᠴᠠᠩ ᠪᠠᠶᠢᠭᠤᠯᠵᠣ᠂ ᠬᠠᠨᠳᠣᠯᠭ᠎ᠠ  ᠶᠢᠨ ᠴᠢᠨᠠᠷᠲᠠᠢ  ᠪᠠᠷ ᠪᠣᠯᠪᠠᠰᠣᠷᠠᠭᠤᠯᠬᠤ ᠵᠠᠭᠪᠣᠷ  ᠢ ᠠᠭᠠᠵᠢᠮ ᠢᠶᠠᠷ ᠰᠦᠪᠡᠭᠴᠢᠯᠡᠵᠣ᠂ ᠵᠠᠰᠠᠭ  ᠤᠨ ᠣᠷᠳᠣᠨ ᠵᠢᠴᠢ ᠬᠤᠯᠪᠣᠭᠳᠠᠯ ᠪᠦᠬᠦᠢ ᠪᠠᠶᠢᠭᠤᠯᠣᠮᠵᠢ  ᠶᠢᠨ ᠬᠠᠮᠢᠶᠠᠷᠣᠭᠴᠢ ᠪᠠ ᠣᠶᠢᠯᠡᠴᠢᠯᠡᠭᠴᠢ  ᠳᠤ ᠴᠢᠮᠡᠭᠡ ᠵᠠᠩᠬᠢᠴᠢᠯᠠᠯᠳᠠ ᠶᠢᠨ ᠪᠣᠯᠪᠠᠰᠣᠷᠠᠯ᠂ ᠠᠵᠣ ᠠᠬᠤᠶᠢᠯᠠᠯ  ᠤᠨ ᠲᠣᠮᠳᠠ ᠲᠡᠭᠡᠳᠣ ᠲᠠᠪᠬᠤᠷᠭ᠎ᠠ  ᠳᠤ ᠬᠠᠨᠳᠣᠭᠤᠯᠣᠭᠰᠠᠨ ᠴᠢᠮᠡᠭᠡ ᠵᠠᠩᠬᠢᠴᠢᠯᠠᠯᠳᠠ ᠶᠢᠨ ᠪᠣᠯᠪᠠᠰᠣᠷᠠᠯ ᠦᠷᠨᠢᠭᠦᠯᠬᠦ ᠪᠠ ᠬᠤᠯᠪᠣᠭᠳᠠᠯ ᠪᠦᠬᠦᠢ ᠲᠣᠰᠬᠠᠢ ᠪᠠᠶᠢᠭᠤᠯᠣᠮᠵᠢ ᠪᠣᠶᠣ ᠲᠣᠮᠣ ᠬᠡᠯᠪᠡᠷᠢ  ᠶᠢᠨ IT ᠎ ᠤᠨ ᠠᠵᠣ ᠠᠬᠤᠶᠢᠯᠠᠯ ᠲᠠᠢ ᠬᠠᠮᠳᠣᠷᠠᠨ ᠲᠣᠰᠬᠠᠢ ᠮᠡᠷᠭᠡᠵᠢᠯ  ᠤᠨ ᠬᠡᠷᠡᠴᠢᠯᠡᠯ ᠤᠨ ᠣᠶᠢᠯᠡᠴᠢᠯᠡᠭᠡ ᠦᠷᠨᠢᠭᠦᠯᠦᠨ᠎ᠡ᠃ ᠵᠠᠬ᠎ᠠ ᠲᠡᠯᠬᠡᠭᠦᠷᠴᠢᠯᠡᠭᠰᠡᠨ ᠪᠣᠯᠪᠠᠰᠣᠷᠠᠯ  ᠤᠨ ᠪᠠᠶᠢᠭᠤᠯᠣᠮᠵᠢ ᠶᠢᠨ ᠬᠦᠭᠵᠢᠯᠳᠡ  ᠶᠢ ᠲᠡᠮᠵᠢᠨ᠎ᠡ᠃    ᠡᠭᠦᠯᠡᠨ ᠣᠶᠢᠯᠡᠴᠢᠯᠡᠬᠡᠨ ᠤ ᠣᠯᠠᠨ ᠨᠡᠶᠢᠳᠡ  ᠶᠢᠨ ᠲᠠᠪᠴᠠᠩ  ᠤᠨ ᠬᠦᠭᠵᠢᠯᠳᠡ  ᠶᠢ ᠠᠬᠢᠭᠤᠯᠣᠨ᠎ᠠ᠃ ᠡᠭᠦᠯᠡᠨ ᠣᠶᠢᠯᠡᠴᠢᠯᠡᠭᠡ ᠬᠠᠩᠭᠠᠬᠤ ᠬᠤᠳᠠᠯᠳᠣᠭᠠᠴᠢᠨ ᠢ ᠢᠳᠡᠪᠬᠢᠲᠠᠢ ᠣᠷᠣᠭᠤᠯᠵᠣ᠂ ᠡᠭᠦᠯᠡᠨ ᠣᠶᠢᠯᠡᠴᠢᠯᠡᠬᠡᠨ  ᠤ ᠬᠡᠷᠡᠭᠯᠡᠬᠡᠨ ᠎ ᠤ ᠬᠦᠭᠵᠢᠯᠳᠡ  ᠶᠢ ᠠᠬᠢᠭᠤᠯᠬᠤ ᠲᠦᠷᠦ ᠶᠢᠨ ᠪᠣᠳᠣᠯᠭ᠎ᠠ ᠪᠠ ᠲᠦᠷᠢᠮ  ᠢ ᠲᠦᠷᠬᠡᠨ  ᠢᠶᠠᠷ ᠰᠣᠳᠣᠯᠣᠨ ᠲᠣᠭᠳᠠᠭᠠᠨ᠎ᠠ᠃ ᠵᠠᠬ᠎ᠠ ᠲᠡᠯᠬᠡᠭᠦᠷ ᠤᠨ ᠭᠦᠴᠦᠨ  ᠳᠤ ᠲᠦᠰᠢᠭᠯᠡᠨ᠂ ᠮᠠᠨ  ᠤ ᠬᠤᠳᠠ  ᠶᠢᠨ ᠲᠣᠮᠣ ᠲᠣᠮᠳᠠ ᠵᠢᠵᠢᠭ ᠠᠵᠣ ᠠᠬᠤᠶᠢᠯᠠᠯ ᠳᠤ ᠴᠢᠭᠯᠡᠭᠦᠯᠦᠭᠰᠡᠨ ᠡᠭᠦᠯᠡᠨ ᠪᠣᠳᠣᠯᠭ᠎ᠠ  ᠶᠢᠨ ᠣᠶᠢᠯᠡᠴᠢᠯᠡᠬᠡᠨ ᠤ ᠲᠠᠪᠴᠠᠩ ᠪᠠᠶᠢᠭᠤᠯᠵᠣ᠂ ᠭᠤᠣᠯᠳᠠᠭᠤ ᠬᠠᠳᠠᠭᠤ ᠲᠣᠨᠣᠭᠯᠠᠯ  ᠳᠤ ᠰᠠᠭᠤᠷᠢᠯᠠᠭᠰᠠᠨ ᠪᠣᠳᠣᠯᠭ᠎ᠠ  ᠶᠢᠨ ᠡᠬᠢ ᠪᠠᠶᠠᠯᠢᠭ ᠢ ᠣᠶᠣᠨᠴᠢᠯᠠᠨ ᠬᠠᠮᠳᠣᠪᠠᠷ ᠡᠳ᠋ᠯᠡᠬᠦ ᠣᠶᠢᠯᠡᠴᠢᠯᠡᠭᠡ᠂ ᠣᠶᠢᠯᠡᠴᠢᠯᠡᠬᠡᠨ ᠤ ᠬᠡᠷᠡᠭᠰᠡᠯ  ᠢ ᠨᠠᠶᠢᠳᠠᠨ ᠬᠠᠮᠢᠶᠠᠷᠣᠭᠤᠯᠬᠤ ᠣᠶᠢᠯᠡᠴᠢᠯᠡᠭᠡ᠂ ᠭᠠᠢ ᠭᠠᠮᠰᠢᠭ ᠤᠨ ᠪᠡᠯᠡᠳᠬᠡᠯ ᠤᠨ ᠣᠶᠢᠯᠡᠴᠢᠯᠡᠭᠡ ᠪᠠ ᠵᠦᠬᠡᠯᠡᠨ ᠲᠣᠨᠣᠭᠯᠠᠯ  ᠳᠤ ᠰᠠᠭᠤᠷᠢᠯᠠᠭᠰᠠᠨ ᠡᠭᠦᠯᠡᠨ ᠪᠣᠳᠣᠯᠭ᠎ᠠ  ᠶᠢᠨ ᠣᠶᠢᠯᠡᠴᠢᠯᠡᠭᠡ ︵ᠰᠢᠣᠳᠠᠨ᠂ ᠠᠯᠪᠠᠯᠠᠬᠤ  ᠶᠢᠨ ᠠᠦ᠋ᠲ᠋ᠣᠴᠢᠯᠠᠯᠳᠠ᠂ ᠬᠠᠷᠢᠴᠠᠭᠠᠨ ᠡᠷᠦᠬᠡ  ᠶᠢᠨ ᠬᠠᠷᠢᠴᠠᠭ᠎ᠠ  ᠶᠢᠨ ᠬᠠᠮᠢᠶᠠᠷᠣᠯᠳᠠ ᠵᠡᠷᠬᠡ ᠬᠡᠷᠡᠭᠯᠡᠯᠳᠡ  ᠶᠢ ᠪᠠᠭᠳᠠᠭᠠᠨ᠎ᠠ︶ ᠬᠠᠩᠭᠠᠨ᠎ᠠ᠃ ᠲᠣᠮᠣ ᠬᠡᠯᠪᠡᠷᠢ  ᠶᠢᠨ ᠠᠵᠣ ᠠᠬᠤᠶᠢᠯᠠᠯ ᠡᠭᠦᠯᠡᠨ ᠲᠠᠪᠴᠠᠩ  ᠳᠤ ᠰᠠᠭᠤᠷᠢᠯᠠᠨ ᠠᠵᠣ ᠠᠬᠤᠶᠢᠯᠠᠯ  ᠤᠨ ᠬᠤᠪᠢ  ᠶᠢᠨ ᠡᠭᠦᠯᠡᠨ ᠪᠣᠳᠣᠯᠭ᠎ᠠ  ᠶᠢᠨ ᠳ᠋ᠠᠶᠢᠲᠨ  ᠶᠢᠨ ᠬᠦᠮᠦᠷᠬᠡ ᠪᠠᠶᠢᠭᠤᠯᠬᠤ  ᠶᠢ ᠲᠡᠮᠵᠢᠨ᠎ᠡ᠃    ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠯᠠᠪᠯᠠᠭ᠎ᠠ  ᠶᠢᠨ ᠣᠶᠢᠯᠡᠴᠢᠯᠡᠬᠡᠨ  ᠤ ᠲᠠᠪᠴᠠᠩ  ᠢ ᠪᠠᠶᠢᠭᠤᠯᠣᠨ᠎ᠠ᠃ ᠨᠢᠭᠡᠨᠳᠡ ᠪᠠᠶᠢᠭ᠎ᠠ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠮᠵᠢ ᠪᠠ ᠰᠠᠯᠠᠭ᠎ᠠ ᠮᠦᠴᠢᠷ  ᠲᠤ ᠲᠦᠰᠢᠭᠯᠡᠨ᠂ ᠨᠡᠶᠢᠬᠡᠮ ᠪᠠ ᠵᠠᠬ᠎ᠠ ᠲᠡᠯᠬᠡᠭᠦᠷ  ᠤᠨ ᠡᠬᠢ ᠪᠠᠶᠠᠯᠢᠭ  ᠢ ᠨᠢᠭᠡᠳᠬᠡᠵᠣ᠂ ᠠᠵᠣ ᠠᠬᠤᠶᠢᠯᠠᠯ ᠤᠨ ᠴᠢᠮᠡᠭᠡ ᠵᠠᠩᠬᠢᠴᠢᠯᠠᠯᠳᠠ ᠶᠢᠨ ᠯᠠᠪᠯᠠᠯᠭ᠎ᠠ ᠶᠢᠨ ᠣᠶᠢᠯᠡᠴᠢᠯᠡᠬᠡᠨ ᠤ ᠲᠠᠪᠴᠠᠩ ᠪᠠᠶᠢᠭᠤᠯᠵᠣ᠂ ᠭᠤᠣᠯᠳᠠᠭᠤ ᠠᠵᠣ ᠠᠬᠤᠶᠢᠯᠠᠯ ᠎ ᠤᠨ ᠴᠢᠮᠡᠭᠡ ᠵᠠᠩᠬᠢᠴᠢᠯᠠᠯᠳᠠ ᠶᠢᠨ ᠯᠠᠪᠯᠠᠯᠭ᠎ᠠ ᠶᠢᠨ ᠣᠶᠢᠯᠡᠴᠢᠯᠡᠭᠡ᠂ ᠴᠢᠮᠡᠭᠡ ᠵᠠᠩᠬᠢ  ᠶᠢᠨ ᠮᠡᠷᠭᠡᠵᠢᠯ  ᠤᠨ ᠬᠡᠷᠡᠭᠯᠡᠯᠳᠡ ᠶᠢᠨ ᠦᠵᠡᠭᠦᠯᠦᠯᠬᠡ ᠪᠠ ᠦᠩᠬᠡᠷᠡᠭᠦᠯᠬᠦ᠂ ᠴᠢᠮᠡᠭᠡ ᠵᠠᠩᠬᠢᠴᠢᠯᠠᠯᠳᠠ ᠶᠢᠨ ᠪᠠᠶᠢᠭᠤᠯᠣᠯᠳᠠ  ᠶᠢᠨ ᠬᠡᠷᠡᠭᠴᠡᠭᠡ ᠪᠠ ᠬᠠᠩᠭᠠᠯᠭ᠎ᠠ  ᠶᠢ ᠠᠪᠣᠴᠠᠯᠳᠣᠭᠤᠯᠬᠤ᠂ ᠠᠵᠣ ᠠᠬᠤᠶᠢᠯᠠᠯ ᠤᠨ ᠴᠢᠮᠡᠭᠡ ᠵᠠᠩᠬᠢᠴᠢᠯᠠᠯᠳᠠ  ᠶᠢᠨ ᠴᠢᠳᠠᠪᠦᠷᠢ  ᠶᠢ ᠦᠨᠡᠯᠡᠬᠦ ᠵᠡᠷᠬᠡ ᠣᠶᠢᠯᠡᠴᠢᠯᠡᠭᠡ ᠬᠠᠩᠭᠠᠨ᠎ᠠ᠃ ᠬᠤᠯᠪᠣᠭᠳᠠᠯ ᠪᠦᠬᠦᠢ IT ᠎ ᠤᠨ ᠠᠵᠣ ᠠᠬᠤᠶᠢᠯᠠᠯ  ᠢ ᠵᠣᠷᠢᠭᠵᠢᠭᠤᠯᠣᠨ ᠲᠠᠭᠠᠭᠤᠯᠵᠣ  ᠯᠠᠪᠯᠠᠯᠭ᠎ᠠ ᠶᠢᠨ ᠣᠶᠢᠯᠡᠴᠢᠯᠡᠬᠡᠨ  ᠤ ᠲᠠᠪᠴᠠᠩ  ᠳᠤ ᠣᠷᠣᠭᠤᠯᠵᠣ᠂ ᠲᠠᠪᠴᠠᠩ ᠎ ᠤᠨ ᠭᠠᠳᠠᠭᠰᠢ ᠪᠠᠨ ᠣᠶᠢᠯᠡᠴᠢᠯᠡᠬᠦ ᠣᠷᠳᠣ ᠬᠤᠭᠤᠴᠠᠭᠠᠨ ᠤ ᠬᠠᠮᠳᠣᠷᠠᠨ ᠠᠵᠢᠯᠯᠠᠬᠤ ᠬᠠᠨᠢ ᠪᠣᠯᠭᠠᠨ᠎ᠠ᠃ ᠬᠤᠯᠪᠣᠭᠳᠠᠯ ᠪᠦᠬᠦᠢ ᠲᠦᠷᠦ  ᠶᠢᠨ ᠪᠣᠳᠣᠯᠭ᠎ᠠ  ᠶᠢ ᠲᠦᠷᠬᠡᠨ  ᠢᠶᠠᠷ ᠰᠣᠳᠣᠯᠣᠨ ᠲᠣᠭᠳᠠᠭᠠᠵᠣ᠂ ᠲᠠᠪᠴᠠᠩ  ᠢ ᠲᠦᠷᠦ  ᠶᠢᠨ ᠪᠣᠳᠣᠯᠭ᠎ᠠ  ᠶᠢᠨ ᠪᠣᠳᠠᠲᠠᠢ ᠨᠠᠶᠢᠳᠠᠪᠦᠷᠢᠵᠢᠭᠤᠯᠣᠭᠴᠢ ᠪᠣᠯᠭᠠᠵᠣ᠂ ᠲᠠᠪᠴᠠᠩ  ᠤᠨ ᠣᠶᠢᠯᠡᠴᠢᠯᠡᠬᠡᠨ  ᠤ ᠲᠦᠭᠡᠮᠡᠯᠵᠢᠯᠳᠡ  ᠶᠢ ᠠᠬᠢᠭᠤᠯᠣᠨ᠎ᠠ᠃   ︵ᠶᠢᠰᠣ︶ ᠲᠡᠯᠬᠡᠷᠡᠭᠦᠯᠬᠦ ᠪᠠ ᠪᠣᠯᠪᠠᠰᠣᠷᠠᠭᠤᠯᠬᠤ ᠢᠨᠵᠧᠨᠧᠷᠢᠩ    ᠵᠠᠰᠠᠭ  ᠤᠨ ᠣᠷᠳᠣᠨ ᠪᠠ ᠠᠵᠣ ᠠᠬᠤᠶᠢᠯᠠᠯ  ᠤᠨ ᠬᠠᠮᠢᠶᠠᠷᠣᠭᠴᠢ  ᠳᠤ ᠬᠠᠨᠳᠣᠭᠤᠯᠣᠭᠰᠠᠨ ᠪᠣᠯᠪᠠᠰᠣᠷᠠᠯ  ᠢ ᠦᠷᠨᠢᠭᠦᠯᠦᠨ᠎ᠡ᠃ ᠬᠤᠳᠠ  ᠶᠢᠨ ᠱᠠᠳᠣᠨ  ᠤ ᠰᠠᠯᠠᠭ᠎ᠠ ᠮᠦᠴᠢᠷ  ᠠᠴᠠ ᠲᠣᠮᠣ ᠲᠣᠮᠳᠠ ᠬᠡᠯᠪᠡᠷᠢ  ᠶᠢᠨ ᠠᠵᠣ ᠠᠬᠤᠶᠢᠯᠠᠯ  ᠤᠨ ᠲᠡᠬᠡᠳᠣ ᠲᠠᠪᠬᠤᠷᠭ᠎ᠠ  ᠳᠤ ᠬᠠᠨᠳᠣᠭᠤᠯᠣᠭᠰᠠᠨ    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠡᠬᠡᠳᠣ ᠵᠡᠷᠬᠡ ᠶᠢᠨ ᠪᠣᠯᠪᠠᠰᠣᠷᠠᠯ  ᠤᠨ ᠠᠩᠬᠢ  ᠶᠢ ᠲᠦᠷᠦᠭᠦᠯᠡᠨ ᠵᠣᠬᠢᠶᠠᠨ ᠪᠠᠶᠢᠭᠤᠯᠵᠣ᠂ ᠠᠵᠣ ᠠᠬᠤᠶᠢᠯᠠᠯ  ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠬᠦᠭᠵᠢᠯᠳᠡ ᠶᠢᠨ ᠣᠨᠣᠯᠵᠢᠭᠤᠨ  ᠢ ᠬᠦᠨᠵᠡᠬᠡᠶᠢᠷᠡᠭᠦᠯᠦᠨ᠎ᠡ︔ ᠠᠵᠣ ᠠᠬᠤᠶᠢᠯᠠᠯ  ᠤᠨ ᠲᠡᠬᠡᠳᠣ ᠵᠡᠷᠬᠡ  ᠶᠢᠨ ᠬᠠᠮᠢᠶᠠᠷᠣᠭᠴᠢ  ᠶᠢ ᠲᠣᠭᠳᠠᠮᠠᠯ ᠬᠤᠭᠤᠴᠠᠭ᠎ᠠ ᠦᠬᠡᠢ  ᠪᠠᠷ ᠵᠣᠬᠢᠶᠠᠨ ᠪᠠᠶᠢᠭᠤᠯᠣᠨ ᠱᠠᠩᠬᠠᠢ᠂ ᠪᠡᠬᠡᠵᠢᠩ ᠵᠡᠷᠬᠡ ᠴᠢᠮᠡᠭᠡ ᠵᠠᠩᠬᠢᠴᠢᠯᠠᠯᠳᠠ ᠬᠦᠭᠵᠢᠭᠰᠡᠨ ᠬᠤᠳᠠ  ᠳᠤ ᠣᠴᠢᠭᠤᠯᠵᠣ᠂ ᠨᠡᠩ ᠢᠯᠠᠩᠭᠤᠶ᠎ᠠ ᠴᠢᠮᠡᠭᠡ ᠵᠠᠩᠬᠢᠴᠢᠯᠠᠯᠳᠠ ᠬᠦᠭᠵᠢᠭᠰᠡᠨ ᠣᠯᠣᠰ  ᠲᠤ ᠣᠴᠢᠭᠤᠯᠣᠨ ᠰᠣᠯᠢᠯᠴᠠᠭ᠎ᠠ ᠪᠠᠶᠢᠴᠠᠭᠠᠯᠳᠠ ᠬᠢᠯᠬᠡᠨ᠎ᠡ︔  ᠲᠣᠮᠳᠠ ᠵᠡᠷᠬᠡ  ᠶᠢᠨ ᠬᠠᠮᠢᠶᠠᠷᠣᠭᠴᠢ᠂ ᠵᠠᠰᠠᠭ  ᠤᠨ ᠣᠷᠳᠣᠨ  ᠤ ᠦᠨᠳᠦᠰᠦᠨ ᠱᠠᠳᠣᠨ  ᠤ ᠠᠵᠢᠯᠳᠠᠨ  ᠳᠤ ᠬᠠᠨᠳᠣᠭᠤᠯᠣᠭᠰᠠᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠣᠰᠬᠠᠢ ᠲᠦᠷᠦᠯ  ᠤᠨ ᠪᠣᠯᠪᠠᠰᠣᠷᠠᠯ  ᠢ ᠬᠡᠰᠡᠭ ᠪᠦᠯᠦᠭ᠂ ᠠᠵᠢᠯ ᠲᠦᠷᠦᠯ ᠬᠤᠪᠢᠶᠠᠨ ᠦᠷᠨᠢᠭᠦᠯᠦᠨ᠎ᠡ︔ ᠠᠵᠣ ᠠᠬᠤᠶᠢᠯᠠᠯ ᠎ ᠤᠨ ᠴᠢᠮᠡᠭᠡ ᠵᠠᠩᠬᠢᠴᠢᠯᠠᠯᠳᠠ  ᠶᠢᠨ ᠰᠣᠳᠣᠯᠣᠨ ᠶᠠᠷᠢᠯᠴᠠᠬᠤ ᠬᠤᠷᠠᠯ  ᠢ ᠲᠣᠭᠳᠠᠮᠠᠯ ᠬᠤᠭᠤᠴᠠᠭ᠎ᠠ ᠦᠬᠡᠢ  ᠪᠠᠷ ᠶᠠᠪᠣᠭᠳᠠᠭᠤᠯᠵᠣ᠂ ᠴᠢᠮᠡᠭᠡ ᠵᠠᠩᠬᠢᠴᠢᠯᠠᠯᠳᠠ  ᠶᠢᠨ ᠬᠦᠷᠢᠶ᠎ᠡ ᠬᠡᠪᠴᠢᠶᠡᠨ ᠳᠠᠬᠢ  ᠨᠡᠷᠡᠳᠣ ᠮᠡᠷᠭᠡᠵᠢᠯᠳᠡᠨ ᠪᠠ ᠡᠷᠳᠡᠮᠳᠡᠨ ᠎ ᠢ ᠣᠷᠢᠨ ᠲᠣᠬᠠᠢ  ᠶᠢᠨ ᠭᠠᠵᠠᠷ  ᠤᠨ ᠠᠵᠣ ᠠᠬᠤᠶᠢᠯᠠᠯᠳᠠᠨ ᠲᠠᠢ ᠰᠣᠯᠢᠯᠴᠠᠭ᠎ᠠ ᠬᠢᠨ᠎ᠡ᠃    ᠴᠢᠮᠡᠭᠡ ᠵᠠᠩᠬᠢ  ᠶᠢᠨ ᠮᠡᠷᠭᠡᠵᠢᠯ ᠤᠨ ᠠᠵᠢᠯᠯᠠᠭᠴᠢᠳ  ᠲᠤ ᠬᠠᠨᠳᠣᠭᠤᠯᠣᠭᠰᠠᠨ ᠪᠣᠯᠪᠠᠰᠣᠷᠠᠯ ᠢ ᠠᠬᠢᠭᠤᠯᠣᠨ᠎ᠠ᠃ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠪᠣᠯᠪᠠᠰᠣᠷᠠᠯ  ᠤᠨ ᠲᠠᠪᠴᠠᠩ ᠎ ᠳᠤ ᠲᠦᠰᠢᠭᠯᠡᠨ᠂ ᠨᠡᠭᠦᠷᠡᠰᠦ᠂ ᠬᠢᠮᠢ  ᠶᠢᠨ ᠠᠵᠣ ᠣᠶᠢᠯᠡᠳᠪᠦᠷᠢ᠂ ᠴᠠᠬᠢᠯᠭᠠᠨ ᠭᠦᠴᠦᠨ᠂ ᠲᠣᠨᠣᠭᠯᠠᠯ ᠣᠶᠢᠯᠡᠳᠬᠦ ᠵᠡᠷᠬᠡ ᠣᠨᠴᠠᠯᠢᠭᠳᠣ ᠠᠵᠢᠯ ᠲᠦᠷᠦᠯ ᠳᠤ ᠴᠢᠭᠯᠡᠭᠦᠯᠦᠨ᠂ IT ᠎ ᠤᠨ ᠣᠶᠢᠯᠡᠴᠢᠯᠡᠬᠡᠨ  ᠤ ᠬᠤᠳᠠᠯᠳᠣᠭᠠᠴᠢᠨ  ᠢ ᠵᠣᠬᠢᠶᠠᠨ ᠪᠠᠶᠢᠭᠤᠯᠣᠨ   ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠣᠰᠬᠠᠢ ᠲᠦᠷᠦᠯ ᠤᠨ ᠲᠣᠰᠬᠠᠢ ᠮᠡᠷᠭᠡᠵᠢᠯ  ᠤᠨ ᠪᠣᠯᠪᠠᠰᠣᠷᠠᠯ  ᠢ ᠦᠷᠨᠢᠭᠦᠯᠦᠨ᠎ᠡ᠃ ᠲᠡᠬᠡᠳᠣ ᠰᠣᠷᠭᠠᠭᠤᠯᠢ᠂ ᠠᠵᠢᠯ ᠮᠡᠷᠭᠡᠵᠢᠯ ᠤᠨ ᠰᠣᠷᠭᠠᠭᠤᠯᠢ ᠲᠠᠢ ᠢᠳᠡᠪᠬᠢᠲᠠᠢ ᠬᠠᠮᠳᠣᠷᠠᠨ ᠠᠵᠢᠯᠯᠠᠵᠣ᠂ ᠴᠢᠮᠡᠭᠡ ᠵᠠᠩᠬᠢ ᠶᠢᠨ ᠮᠡᠷᠭᠡᠵᠢᠯ ᠎ ᠤᠨ ᠲᠣᠰᠬᠠᠢ ᠴᠢᠳᠠᠪᠦᠷᠢᠳᠠᠨ  ᠢ ᠬᠠᠨᠳᠣᠯᠭ᠎ᠠ  ᠶᠢᠨ ᠴᠢᠨᠡᠷᠳᠡᠢ ᠪᠠᠷ ᠪᠣᠶᠢᠵᠢᠭᠤᠯᠬᠤ ᠲᠣᠭᠳᠠᠴᠠ  ᠶᠢ ᠠᠬᠢᠭᠤᠯᠵᠣ᠂ ᠰᠣᠷᠭᠠᠨ ᠬᠦᠮᠦᠵᠢᠯ᠂ ᠪᠣᠯᠪᠠᠰᠣᠷᠠᠯ᠂ ᠠᠵᠢᠯ ᠣᠯᠭᠤᠯᠳᠠ  ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠣ᠂ ᠴᠢᠮᠡᠭᠡ ᠵᠠᠩᠬᠢ ᠶᠢᠨ ᠮᠡᠷᠭᠡᠵᠢᠯ  ᠤᠨ ᠲᠣᠰᠬᠠᠢ ᠴᠢᠳᠠᠪᠦᠷᠢᠳᠠᠨ ᠢ ᠬᠦᠷᠬᠡᠨ ᠲᠡᠮᠵᠢᠭᠤᠯᠬᠤ ᠬᠡᠪᠰᠢᠵᠢᠭᠰᠡᠨ ᠵᠠᠮ ᠮᠦᠷ  ᠢ ᠪᠦᠷᠢᠯᠳᠦᠭᠦᠯᠦᠨ᠎ᠡ᠃ ᠲᠣᠮᠣ ᠬᠡᠯᠪᠡᠷᠢ  ᠶᠢᠨ IT ᠎ ᠤᠨ ᠪᠠᠶᠢᠭᠤᠯᠣᠮᠵᠢ ᠵᠢᠴᠢ ᠬᠤᠯᠪᠣᠭᠳᠠᠯ ᠪᠦᠬᠦᠢ ᠮᠡᠷᠭᠡᠵᠢᠯ  ᠤᠨ ᠬᠡᠷᠡᠴᠢᠯᠡᠯ  ᠤᠨ ᠪᠠᠶᠢᠭᠤᠯᠣᠮᠵᠢ ᠲᠠᠢ ᠬᠠᠮᠳᠣᠷᠠᠨ ᠠᠵᠢᠯᠯᠠᠵᠣ᠂ ᠲᠣᠰ ᠣᠷᠣᠨᠴᠢᠯᠠᠭᠰᠠᠨ IT ᠎ ᠤᠨ ᠲᠣᠰᠬᠠᠢ ᠮᠡᠷᠭᠡᠵᠢᠯ  ᠤᠨ ᠴᠢᠳᠠᠪᠦᠷᠢᠳᠠᠨ  ᠤ ᠪᠣᠯᠪᠠᠰᠣᠷᠠᠯ ᠪᠠ ᠬᠡᠷᠡᠴᠢᠯᠡᠯ  ᠢ ᠦᠷᠨᠢᠭᠦᠯᠦᠨ᠎ᠡ᠃    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠮᠡᠳᠡᠯᠬᠡ  ᠶᠢᠨ ᠲᠦᠭᠡᠮᠡᠯᠵᠢᠯᠳᠡ  ᠶᠢ ᠢᠳᠡᠪᠬᠢᠲᠠᠢ ᠠᠬᠢᠭᠤᠯᠣᠨ᠎ᠠ᠃ ᠲᠣᠣᠷ ᠰᠦᠯᠵᠢᠶᠡᠨ  ᠤ ᠵᠠᠭᠤᠴᠢ᠂ ᠲᠧᠯᠸᠢᠰ᠂ ᠰᠣᠨᠢᠨ᠂ ᠨᠡᠶᠢᠬᠡᠮ ᠲᠣᠭᠤᠷᠢᠭ  ᠤᠨ ᠬᠠᠨᠠᠨ ᠰᠣᠨᠢᠨ ᠵᠡᠷᠬᠡ ᠠᠷᠭ᠎ᠠ ᠬᠡᠯᠪᠡᠷᠢ  ᠪᠠᠷ ᠲᠠᠮᠵᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠮᠡᠳᠡᠯᠬᠡ  ᠶᠢᠨ ᠲᠦᠬᠡᠮᠡᠯᠵᠢᠯᠳᠡ ᠶᠢ ᠠᠬᠢᠭᠤᠯᠣᠨ᠎ᠠ᠃ ᠡᠯ᠎ᠡ ᠠᠵᠣ ᠣᠶᠢᠯᠡᠳᠪᠦᠷᠢ  ᠶᠢᠨ ᠬᠦᠷᠢᠶᠡᠯᠡᠩ ᠪᠣᠶᠣ ᠡᠰᠡᠭᠦᠯ᠎ᠡ ᠠᠵᠢᠯ ᠲᠦᠷᠦᠯ  ᠤᠨ ᠨᠡᠶᠢᠬᠡᠮᠯᠢᠭ  ᠢ ᠵᠣᠷᠢᠭᠵᠢᠭᠤᠯᠣᠨ ᠨᠡᠶᠢᠬᠡᠮ ᠎ ᠤᠨ ᠡᠬᠢ ᠪᠠᠶᠠᠯᠢᠭ  ᠢ ᠨᠢᠭᠡᠳᠬᠡᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠣᠭᠰᠠᠨ ᠡᠯ᠎ᠡ ᠵᠣᠶᠢᠯ  ᠤᠨ ᠦᠷ᠎ᠡ ᠪᠦᠲᠦᠬᠡᠯ  ᠤᠨ ᠦᠵᠡᠭᠦᠯᠦᠯᠬᠡ᠂ ᠮᠡᠳᠡᠯᠬᠡ  ᠶᠢᠨ ᠮᠦᠷᠦᠶᠢᠴᠡᠬᠡᠨ ᠵᠡᠷᠬᠡ ᠠᠵᠢᠯᠯᠠᠭ᠎ᠠ  ᠶᠢ ᠦᠷᠨᠢᠭᠦᠯᠦᠨ᠎ᠡ᠃ ᠡᠯ᠎ᠡ ᠬᠦᠷᠢᠶᠡᠯᠡᠩ  ᠤᠨ ᠡᠭᠦᠳᠡᠨ ᠰᠦᠯᠵᠢᠶᠡᠨ ᠴᠡᠭ  ᠢ ᠲᠠᠭᠠᠭᠤᠯᠣᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠣᠰᠬᠠᠢ ᠪᠣᠯᠣᠩ ᠨᠡᠬᠡᠬᠡᠵᠣ᠂ ᠨᠦᠭᠦᠴᠡᠯ ᠲᠠᠢ ᠠᠵᠣ ᠠᠬᠤᠶᠢᠯᠠᠯ  ᠢ ᠵᠣᠷᠢᠭᠵᠢᠭᠤᠯᠣᠨ ᠬᠡᠷᠡᠭᠴᠡᠭᠡ  ᠪᠠᠨ ᠦᠨᠳᠦᠰᠦᠯᠡᠨ ᠲᠣᠣᠷ ᠰᠦᠯᠵᠢᠶᠡᠨ ᠲᠡᠬᠡᠷ᠎ᠠ ᠪᠡᠶ᠎ᠡ  ᠪᠠᠨ ᠲᠠᠭᠠᠭᠠᠭᠰᠠᠨ ᠪᠣᠯᠪᠠᠰᠣᠷᠠᠯ ᠦᠷᠨᠢᠭᠦᠯᠵᠣ᠂ ᠠᠵᠣ ᠠᠬᠤᠶᠢᠯᠠᠯ  ᠤᠨ ᠪᠦᠬᠦᠯᠢ ᠴᠣᠭᠴᠠ ᠶᠢᠨ ᠴᠢᠮᠡᠭᠡ ᠵᠠᠩᠬᠢᠴᠢᠯᠠᠯᠳᠠ ᠶᠢᠨ ᠬᠡᠷᠡᠭᠯᠡᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃    ︵ᠠᠷᠪᠠ︶ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠦᠷᠦ  ᠶᠢᠨ ᠪᠣᠳᠣᠯᠭ᠎ᠠ ᠪᠠ ᠲᠦᠷᠢᠮ  ᠤᠨ ᠪᠠᠶᠢᠭᠤᠯᠣᠯᠳᠠ  ᠶᠢᠨ ᠢᠨᠵᠧᠨᠧᠷᠢᠩ    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ ᠲᠦᠷᠦ ᠎ ᠶᠢᠨ ᠪᠣᠳᠣᠯᠭ᠎ᠠ ᠲᠣᠭᠳᠠᠭᠠᠨ᠎ᠠ᠃ ᠬᠤᠳᠠ  ᠶᠢᠨ ᠱᠠᠳᠣᠨ  ᠤ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ ᠲᠦᠷᠦ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ  ᠶᠢ ᠲᠦᠷᠬᠡᠳᠬᠡᠨ ᠨᠡᠶᠢᠳᠡᠯᠡᠨ᠎ᠡ᠃ ᠠᠵᠣ ᠣᠶᠢᠯᠡᠳᠪᠦᠷᠢ  ᠶᠢᠨ ᠰᠠᠭᠤᠷᠢ  ᠪᠠᠷ ᠨᠡᠯᠢᠶᠡᠳ ᠰᠠᠶᠢᠨ ᠣᠷᠣᠨ ᠲᠣᠭᠤᠷᠢᠭ ᠪᠣᠶᠣ ᠡᠰᠡᠭᠦᠯ᠎ᠡ ᠬᠦᠷᠢᠶᠡᠯᠡᠩ  ᠢ ᠵᠣᠷᠢᠭᠵᠢᠭᠤᠯᠣᠨ ᠡᠳ᠋  ᠤᠨ ᠵᠠᠰᠠᠭ  ᠤᠨ ᠲᠡᠮᠵᠢᠯᠬᠡ᠂ ᠭᠠᠶᠢᠯᠢ ᠲᠠᠳᠠᠪᠦᠷᠢ  ᠶᠢᠨ ᠬᠠᠷᠠᠭᠠᠯᠵᠠᠯ ︵ᠰᠣᠭᠤᠯᠭᠠᠨ ᠠᠪᠬᠤ︶᠂ ᠣᠯᠠᠨ ᠨᠡᠶᠢᠳᠡ  ᠶᠢᠨ ᠣᠶᠢᠯᠡᠴᠢᠯᠡᠭᠡ ᠵᠡᠷᠬᠡ ᠲᠠᠯ᠎ᠠ  ᠪᠠᠷ ᠢᠵᠢ ᠪᠦᠷᠢᠳᠦᠭᠦᠯᠦᠭᠰᠡᠨ ᠲᠦᠷᠦ  ᠶᠢᠨ ᠪᠣᠳᠣᠯᠭ᠎ᠠ ᠲᠣᠭᠳᠠᠭᠠᠨ᠎ᠠ᠃    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ ᠵᠣᠬᠢᠶᠠᠨ ᠪᠠᠶᠢᠭᠤᠯᠣᠯᠳᠠ ᠪᠠ ᠲᠣᠭᠳᠠᠴᠠ  ᠶᠢ ᠲᠡᠭᠦᠯᠳᠡᠷᠵᠢᠭᠦᠯᠦᠨ᠎ᠡ᠃ ᠬᠤᠳᠠ᠂ ᠬᠤᠰᠢᠭᠤ ᠲᠣᠭᠤᠷᠢᠭ᠂ ᠬᠦᠷᠢᠶᠡᠯᠡᠩ  ᠤᠨ ᠵᠣᠬᠢᠶᠠᠨ ᠪᠠᠶᠢᠭᠤᠯᠣᠯᠳᠠ  ᠶᠢ ᠠᠬᠢᠭᠤᠯᠬᠤ ᠰᠢᠰᠲ᠋ᠧᠮᠵᠢ ᠶᠢ ᠲᠦᠷᠬᠡᠳᠬᠡᠨ ᠲᠡᠭᠦᠯᠳᠡᠷᠵᠢᠭᠦᠯᠵᠣ᠂ ᠣᠨᠴᠠᠭᠠᠶᠢᠯᠠᠨ ᠬᠤᠰᠢᠭᠤ ᠲᠣᠭᠤᠷᠢᠭ ᠪᠠ ᠬᠦᠷᠢᠶᠡᠯᠡᠩ ᠤᠨ ᠦᠨᠳᠦᠰᠦᠨ ᠱᠠᠳᠣᠨ  ᠤ ᠠᠵᠢᠯ  ᠤᠨ ᠡᠩᠨᠡᠭᠡ ᠪᠠ ᠠᠵᠢᠯ  ᠤᠨ ᠲᠣᠭᠳᠠᠴᠠ  ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠣᠯᠠᠨ ᠨᠡᠶᠢᠳᠡ  ᠶᠢᠨ ᠣᠶᠢᠯᠡᠴᠢᠯᠡᠬᠡᠨ  ᠤ ᠲᠠᠪᠴᠠᠩ  ᠤᠨ ᠬᠤᠯᠪᠣᠭᠳᠠᠯ ᠪᠦᠬᠦᠢ ᠠᠵᠢᠯᠯᠠᠬᠤ ᠵᠠᠭᠪᠣᠷ ᠪᠠ ᠲᠣᠭᠳᠠᠴᠠ  ᠶᠢ ᠰᠣᠳᠣᠯᠣᠨ ᠲᠣᠭᠳᠠᠭᠠᠵᠣ᠂ ᠵᠠᠰᠠᠭ  ᠤᠨ ᠣᠷᠳᠣᠨ᠂ ᠲᠠᠪᠴᠠᠩ᠂ ᠠᠵᠣ ᠠᠬᠤᠶᠢᠯᠠᠯ  ᠢ ᠪᠦᠲᠦᠮᠵᠢᠲᠠᠢ  ᠪᠠᠷ ᠠᠪᠣᠴᠠᠯᠳᠣᠭᠤᠯᠬᠤ  ᠶᠢ ᠪᠡᠶᠡᠯᠡᠭᠦᠯᠦᠨ᠎ᠡ᠃ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠬᠡᠷᠡᠭᠵᠢᠭᠦᠯᠦᠭᠰᠡᠨ ᠪᠠᠶᠢᠳᠠᠯ  ᠢ ᠦᠨᠡᠯᠡᠬᠦ ᠰᠢᠰᠲ᠋ᠧᠮᠵᠢ  ᠶᠢ ᠰᠦᠪᠡᠭᠴᠢᠯᠡᠨ ᠪᠠᠶᠢᠭᠤᠯᠵᠣ᠂ ᠠᠵᠢᠯ  ᠢ ᠲᠣᠭᠳᠠᠮᠠᠯ ᠬᠤᠭᠤᠴᠠᠭ᠎ᠠ ᠲᠠᠢ  ᠪᠠᠷ ᠰᠢᠯᠭᠠᠨ ᠪᠠᠶᠢᠴᠠᠭᠠᠵᠣ ᠵᠠᠳᠠᠯᠣᠯᠳᠠ ᠬᠢᠵᠣ ᠦᠷ᠎ᠡ ᠳ᠋ᠦᠩ  ᠢ ᠠᠬᠢᠭᠤᠯᠣᠨ᠎ᠠ᠃    ᠲᠠᠪᠤ᠂ ᠪᠠᠳᠣᠯᠠᠭ᠎ᠠ  ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ  ᠶᠢ ᠴᠢᠩᠭᠠᠳᠬᠠᠨ᠎ᠠ    ᠬᠤᠳᠠ  ᠶᠢᠨ ᠱᠠᠳᠣᠨ  ᠤ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠎ ᠶᠢ ᠵᠣᠬᠢᠶᠠᠨ ᠪᠠᠶᠢᠭᠤᠯᠣᠨ ᠣᠳᠣᠷᠢᠳᠬᠤ ᠰᠢᠰᠲ᠋ᠧᠮᠵᠢ  ᠶᠢ ᠲᠡᠭᠦᠯᠳᠡᠷᠵᠢᠭᠦᠯᠵᠣ᠂ ᠴᠢᠮᠡᠭᠡ ᠵᠠᠩᠬᠢᠴᠢᠯᠠᠯᠳᠠ ᠶᠢᠨ ᠬᠠᠮᠢᠶᠠᠷᠣᠯᠳᠠ  ᠶᠢᠨ ᠰᠠᠯᠠᠭ᠎ᠠ ᠮᠦᠴᠢᠷ ᠪᠠ ᠣᠶᠢᠯᠡᠳᠪᠦᠷᠢ ᠬᠤᠳᠠᠯᠳᠣᠭᠠᠨ ᠤ ᠣᠶᠢᠯᠡᠰ ᠤᠨ ᠬᠠᠮᠢᠶᠠᠷᠣᠯᠳᠠ  ᠶᠢᠨ ᠰᠠᠯᠠᠭ᠎ᠠ ᠮᠦᠴᠢᠷ  ᠤᠨ ᠬᠡᠪ  ᠤᠨ ᠬᠠᠷᠢᠯᠴᠠᠬᠤ ᠲᠣᠭᠳᠠᠴᠠ ᠶᠢ ᠪᠠᠶᠢᠭᠤᠯᠣᠨ᠎ᠠ︔ ᠡᠯ᠎ᠡ ᠬᠤᠰᠢᠭᠤ ᠲᠣᠭᠤᠷᠢᠭ ᠪᠠ ᠠᠵᠣ ᠣᠶᠢᠯᠡᠳᠪᠦᠷᠢ ᠶᠢᠨ ᠬᠦᠷᠢᠶᠡᠯᠡᠩ ᠤᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠶᠢ ᠵᠣᠬᠢᠶᠠᠨ ᠪᠠᠶᠢᠭᠤᠯᠬᠤ ᠰᠢᠰᠲ᠋ᠧᠮᠵᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠠᠵᠢᠯ ᠤᠨ ᠬᠤᠪᠢᠶᠠᠷᠢᠯᠠᠯ ᠨᠢ ᠵᠣᠬᠢᠰᠲᠠᠢ᠂ ᠬᠠᠷᠢᠭᠤᠴᠠᠯᠭ᠎ᠠ ᠨᠢ ᠲᠣᠳᠣᠷᠬᠠᠢ ᠠᠵᠢᠯ  ᠤᠨ ᠲᠣᠭᠳᠠᠴᠠ  ᠶᠢ ᠪᠠᠶᠢᠭᠤᠯᠵᠣ᠂ ᠬᠤᠳᠠ  ᠶᠢᠨ ᠱᠠᠳᠣᠨ  ᠤ ᠰᠠᠯᠠᠭ᠎ᠠ ᠮᠦᠴᠢᠷ ᠲᠠᠢ ᠰᠠᠶᠢᠬᠠᠨ ᠠᠪᠣᠴᠠᠯᠳᠣᠭᠤᠯᠬᠤ  ᠶᠢ ᠪᠡᠶᠡᠯᠡᠭᠦᠯᠦᠨ᠎ᠡ︔ ᠠᠵᠢᠯ ᠲᠦᠷᠦᠯ  ᠤᠨ ᠨᠡᠶᠢᠬᠡᠮᠯᠢᠭ᠂ ᠵᠠᠭᠤᠴᠢᠯᠠᠭᠤᠷ  ᠤᠨ ᠯᠠᠪᠯᠠᠯᠭ᠎ᠠ ᠶᠢᠨ ᠪᠠᠶᠢᠭᠤᠯᠣᠮᠵᠢ᠂ ᠡᠯ᠎ᠡ ᠠᠵᠢᠯ ᠲᠦᠷᠦᠯ ᠠᠵᠣ ᠠᠬᠤᠶᠢᠯᠠᠯ  ᠤᠨ ᠣᠶᠢᠯᠡᠳᠣᠯ  ᠢ ᠭᠦᠢᠴᠡᠳ ᠪᠠᠳᠠᠷᠠᠭᠤᠯᠵᠣ᠂ ᠠᠵᠢᠯ ᠲᠦᠷᠦᠯ  ᠤᠨ ᠮᠡᠷᠭᠡᠵᠢᠯᠳᠡᠨ᠂ ᠯᠠᠪᠯᠠᠯᠭ᠎ᠠ ᠶᠢᠨ ᠵᠦᠪᠯᠡᠭᠴᠢ᠂ ᠠᠵᠣ ᠠᠬᠤᠶᠢᠯᠠᠯ  ᠤᠨ ᠬᠠᠷᠢᠭᠤᠴᠠᠯᠭᠠᠳᠠᠨ ᠵᠡᠷᠬᠡ  ᠪᠠᠷ ᠪᠦᠷᠢᠯᠳᠦᠭᠰᠡᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠮᠡᠷᠭᠡᠵᠢᠯᠳᠡᠨ  ᠤ ᠯᠠᠪᠯᠠᠯᠭ᠎ᠠ ᠶᠢᠨ ᠺᠣᠮᠢᠰ ᠪᠠᠶᠢᠭᠤᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠠᠵᠢᠯ  ᠤᠨ ᠰᠢᠨᠵᠢᠯᠡᠬᠦ ᠣᠬᠠᠭᠠᠨᠴᠢ ᠎ ᠪᠠᠷ ᠪᠣᠳᠣᠯᠭ᠎ᠠ ᠲᠣᠭᠳᠠᠭᠠᠬᠤ  ᠶᠢ ᠠᠬᠢᠭᠤᠯᠬᠤ  ᠳᠤ ᠮᠡᠷᠭᠡᠵᠢᠯ ᠤᠨ ᠯᠠᠪᠯᠠᠯᠭ᠎ᠠ ᠶᠢᠨ ᠰᠠᠨᠠᠯ ᠪᠠ ᠰᠠᠨᠠᠭᠤᠯᠭ᠎ᠠ ᠬᠠᠩᠭᠠᠨ᠎ᠠ᠃    ︵ᠬᠤᠶᠠᠷ︶ ᠲᠦᠷᠦ  ᠶᠢᠨ ᠪᠣᠳᠣᠯᠭ᠎ᠠ  ᠶᠢᠨ ᠲᠡᠮᠵᠢᠯᠬᠡ  ᠶᠢᠨ ᠰᠢᠨ᠎ᠡ  ᠶᠢ ᠡᠭᠦᠳᠦᠨ᠎ᠡ    ᠣᠯᠣᠰ ᠪᠠ ᠦᠪᠡᠷᠳᠡᠬᠡᠨ ᠵᠠᠰᠠᠬᠤ ᠣᠷᠣᠨ  ᠤ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠦᠷᠦ  ᠶᠢᠨ ᠪᠣᠳᠣᠯᠭ᠎ᠠ  ᠶᠢᠨ ᠲᠡᠮᠵᠢᠯᠬᠡ  ᠶᠢ ᠢᠳᠡᠪᠬᠢᠲᠠᠢ ᠲᠡᠮᠡᠴᠡᠨ ᠣᠯᠵᠣ᠂ ᠪᠦᠬᠦ ᠬᠤᠳᠠ ᠎ ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠶᠢ ᠠᠬᠢᠭᠤᠯᠬᠤ ᠲᠦᠷᠦ ᠎ ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠲᠡᠭᠦᠯᠳᠡᠷᠵᠢᠭᠦᠯᠵᠣ᠂ ᠠᠵᠢᠯ ᠲᠦᠷᠦᠯ  ᠤᠨ ᠣᠨᠴᠠᠯᠢᠭ ᠲᠠᠢ ᠨᠡᠶᠢᠴᠡᠭᠰᠡᠨ᠂ ᠵᠠᠬ᠎ᠠ ᠲᠡᠯᠬᠡᠭᠦᠷ ᠤᠨ ᠬᠡᠷᠡᠭᠴᠡᠭᠡ ᠶᠢ ᠬᠠᠩᠭᠠᠭᠰᠠᠨ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠲᠣᠰᠬᠠᠢ ᠲᠦᠷᠦᠯ  ᠤᠨ ᠲᠦᠷᠦ  ᠶᠢᠨ ᠪᠣᠳᠣᠯᠭ᠎ᠠ ᠶᠢ ᠰᠣᠳᠣᠯᠣᠨ ᠲᠣᠭᠳᠠᠭᠠᠵᠣ᠂ ᠡᠳ᠋  ᠤᠨ ᠵᠠᠰᠠᠭ᠂ ᠴᠢᠳᠠᠪᠦᠷᠢᠳᠠᠨ᠂ ᠮᠦᠩᠭᠦᠨ ᠭᠦᠢᠯᠬᠡᠬᠡ᠂ ᠣᠯᠠᠨ ᠨᠡᠶᠢᠳᠡ ᠶᠢᠨ ᠣᠶᠢᠯᠡᠴᠢᠯᠡᠭᠡ ᠵᠡᠷᠬᠡ ᠲᠦᠷᠦ  ᠶᠢᠨ ᠪᠣᠳᠣᠯᠭ᠎ᠠ  ᠶᠢᠨ ᠲᠡᠮᠵᠢᠯᠬᠡ  ᠶᠢᠨ ᠲᠣᠭᠳᠠᠴᠠ  ᠶᠢᠨ ᠰᠢᠨ᠎ᠡ ᠶᠢ ᠡᠭᠦᠳᠴᠣ᠂ ᠠᠵᠣ ᠠᠬᠤᠶᠢᠯᠠᠯ  ᠤᠨ ᠴᠢᠮᠡᠭᠡ ᠵᠠᠩᠬᠢᠴᠢᠯᠠᠯᠳᠠ  ᠶᠢᠨ ᠪᠠᠶᠢᠭᠤᠯᠣᠯᠳᠠ  ᠶᠢ ᠠᠬᠢᠭᠤᠯᠣᠨ᠎ᠠ᠃    ︵ᠭᠤᠷᠪᠠ︶ ᠪᠡᠯᠡ ᠮᠦᠩᠭᠦᠨ  ᠤ ᠲᠡᠮᠵᠢᠯᠬᠡ  ᠶᠢ ᠨᠡᠮᠡᠭᠳᠡᠭᠦᠯᠦᠨ᠎ᠡ    ᠬᠤᠳᠠ  ᠶᠢᠨ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠲᠣᠰᠬᠠᠢ ᠲᠦᠷᠦᠯ ᠤᠨ ᠪᠡᠯᠡ ᠮᠦᠩᠭᠦ ᠪᠠᠶᠢᠭᠤᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠭᠤᠣᠯᠳᠠᠯᠭ᠎ᠠ ᠲᠠᠢ ᠮᠡᠷᠭᠡᠵᠢᠯ  ᠤᠨ ᠦᠬᠡᠷᠡᠴᠢᠯᠡᠯᠳᠡ ᠪᠠ ᠰᠢᠨ᠎ᠡ ᠶᠢ ᠡᠭᠦᠳᠬᠦ ᠲᠦᠷᠦᠯ ᠵᠣᠶᠢᠯ᠂ ᠵᠢᠱᠢᠶ᠎ᠡ ᠦᠵᠡᠭᠦᠯᠬᠦ ᠲᠦᠷᠦᠯ ᠵᠣᠶᠢᠯ᠂ ᠣᠯᠠᠨ ᠨᠡᠶᠢᠳᠡ ᠶᠢᠨ ᠴᠢᠮᠡᠭᠡ ᠵᠠᠩᠬᠢ  ᠶᠢᠨ ᠣᠶᠢᠯᠡᠴᠢᠯᠡᠬᠡᠨ ᠤ ᠲᠠᠪᠴᠠᠩ ᠎ ᠤᠨ ᠪᠠᠶᠢᠭᠤᠯᠣᠯᠳᠠ᠂ ᠵᠠᠩᠬᠢᠯᠠᠭ᠎ᠠ  ᠶᠢᠨ ᠮᠡᠷᠭᠡᠵᠢᠯ  ᠤᠨ ᠨᠡᠬᠡᠬᠡᠯᠳᠡ ᠪᠠ ᠲᠦᠷᠦᠯ ᠵᠣᠶᠢᠯ  ᠢ ᠲᠡᠯᠬᠡᠷᠡᠭᠦᠯᠬᠦ  ᠶᠢ ᠲᠣᠰᠠᠯᠠᠬᠤ᠂ ᠬᠦᠣ ᠮᠦᠩᠭᠦ  ᠶᠢ ᠣᠷᠣᠯᠠᠨ ᠦᠭᠬᠦ ᠪᠠ ᠱᠠᠩᠨᠠᠨ ᠬᠦᠬᠢᠬᠦᠯᠬᠦ  ᠶᠢ ᠲᠡᠮᠵᠢᠨ᠎ᠡ᠃ ᠠᠵᠣ ᠣᠶᠢᠯᠡᠳᠪᠦᠷᠢᠵᠢᠯᠳᠡ ᠪᠠ ᠴᠢᠮᠡᠭᠡ ᠵᠠᠩᠬᠢᠴᠢᠯᠠᠯᠳᠠ  ᠶᠢ ᠠᠭᠤᠰᠣᠯᠴᠠᠭᠤᠯᠬᠤ  ᠶᠢ ᠠᠬᠢᠭᠤᠯᠬᠤ ᠪᠡᠯᠡ ᠣᠷᠣᠭᠤᠯᠣᠨ ᠪᠡᠯᠡ ᠴᠣᠭᠯᠠᠭᠤᠯᠬᠤ ᠲᠦᠷᠦ  ᠶᠢᠨ ᠪᠣᠳᠣᠯᠭ᠎ᠠ  ᠶᠢ ᠪᠠᠶᠢᠭᠤᠯᠣᠨ ᠲᠡᠭᠦᠯᠳᠡᠷᠵᠢᠭᠦᠯᠵᠣ᠂ ᠣᠯᠣᠰ ᠪᠠ ᠦᠪᠡᠷᠳᠡᠬᠡᠨ ᠵᠠᠰᠠᠬᠤ ᠣᠷᠣᠨ  ᠤ ᠬᠤᠯᠪᠣᠭᠳᠠᠯ ᠪᠦᠬᠦᠢ ᠰᠠᠯᠠᠭ᠎ᠠ ᠮᠦᠴᠢᠷ  ᠤᠨ ᠲᠡᠮᠵᠢᠯᠬᠡ  ᠶᠢ ᠢᠳᠡᠪᠬᠢᠲᠠᠢ ᠲᠡᠮᠡᠴᠡᠨ ᠣᠯᠵᠣ᠂ ᠨᠡᠶᠢᠬᠡᠮ  ᠤᠨ ᠡᠬᠢ ᠪᠠᠶᠠᠯᠢᠭ  ᠢ ᠲᠠᠭᠠᠭᠤᠯᠣᠨ ᠣᠷᠣᠭᠤᠯᠵᠣ᠂ ᠵᠠᠰᠠᠭ  ᠤᠨ ᠣᠷᠳᠣᠨ  ᠤ ᠣᠷᠣᠭᠤᠯᠣᠯᠳᠠ  ᠪᠠᠷ ᠲᠠᠭᠠᠭᠤᠯᠵᠣ᠂ ᠠᠵᠣ ᠠᠬᠤᠶᠢᠯᠠᠯ  ᠤᠨ ᠣᠷᠣᠭᠤᠯᠣᠯᠳᠠ  ᠪᠠᠷ ᠭᠤᠣᠯ ᠴᠣᠭᠴᠠ ᠪᠣᠯᠭᠠᠨ᠂ ᠪᠣᠰᠣᠳ ᠲᠠᠯ᠎ᠠ  ᠶᠢᠨ ᠣᠷᠣᠭᠤᠯᠣᠯᠳᠠ  ᠪᠠᠷ ᠨᠦᠬᠦᠪᠦᠷᠢ ᠪᠣᠯᠭᠠᠭᠰᠠᠨ ᠣᠯᠠᠨ ᠡᠰᠢᠵᠢᠭᠰᠡᠨ ᠪᠡᠯᠡ  ᠣᠷᠣᠭᠤᠯᠣᠨ ᠪᠡᠯᠡ ᠴᠣᠭᠯᠠᠭᠤᠯᠬᠤ ᠰᠢᠰᠲ᠋ᠧᠮᠵᠢ  ᠶᠢ ᠪᠦᠷᠢᠯᠳᠦᠭᠦᠯᠦᠨ᠎ᠡ᠃ ᠡᠯ᠎ᠡ ᠬᠤᠰᠢᠭᠤ ᠲᠣᠭᠤᠷᠢᠭ  ᠤᠨ ᠬᠢᠨ ᠲᠡᠮᠵᠢᠬᠦ ᠭᠦᠴᠦᠯᠡᠴᠡ ᠪᠠᠨ ᠨᠡᠮᠡᠭᠳᠡᠭᠦᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ  ᠳᠤ ᠣᠷᠣᠭᠤᠯᠣᠭᠰᠠᠨ ᠵᠢᠱᠢᠶ᠎ᠡ ᠦᠵᠡᠭᠦᠯᠬᠦ ᠲᠦᠷᠦᠯ ᠵᠣᠶᠢᠯ ᠪᠠ ᠠᠵᠣ ᠠᠬᠤᠶᠢᠯᠠᠯ  ᠳᠤ  ᠪᠡᠯᠡ ᠮᠦᠩᠭᠦᠨ  ᠤ ᠲᠡᠮᠵᠢᠯᠬᠡ ᠦᠵᠡᠭᠦᠯᠦᠨ᠎ᠡ᠃    ︵ᠲᠦᠷᠪᠡ︶ ᠴᠢᠳᠠᠪᠦᠷᠢᠳᠠᠨ  ᠤ ᠡᠩᠨᠡᠭᠡ  ᠶᠢᠨ ᠪᠠᠶᠢᠭᠤᠯᠣᠯᠳᠠ  ᠶᠢ ᠴᠢᠩᠭᠠᠳᠬᠠᠨ᠎ᠠ    ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠴᠢᠳᠠᠪᠦᠷᠢᠳᠠᠨ  ᠢ ᠣᠷᠣᠭᠤᠯᠬᠤ ᠰᠠᠭᠠᠳ ᠦᠬᠡᠢ ᠨᠡᠪᠲᠡᠷᠡᠬᠦ ᠵᠠᠮ ᠮᠦᠷ  ᠢ ᠲᠦᠷᠬᠡᠳᠬᠡᠨ ᠲᠣᠭᠳᠠᠭᠠᠵᠣ᠂ ᠨᠢᠭᠡ ᠦᠷᠳᠡᠬᠡᠨ  ᠤ ᠬᠡᠯᠪᠡᠷᠢ  ᠪᠠᠷ ᠣᠶᠢᠯᠡᠴᠢᠯᠡᠬᠦ ᠲᠣᠭᠳᠠᠴᠠ  ᠶᠢ ᠪᠠᠶᠢᠭᠤᠯᠵᠣ᠂ ᠴᠢᠳᠠᠪᠦᠷᠢᠳᠠᠨ  ᠢ ᠮᠠᠭᠠᠳᠯᠠᠨ ᠲᠣᠭᠳᠠᠭᠠᠬᠤ᠂ ᠡᠷᠳᠡᠮ ᠰᠢᠨᠵᠢᠯᠡᠬᠡᠨ ᠪᠠ ᠠᠵᠢᠯ  ᠤᠨ ᠵᠠᠷᠣᠳᠠᠯ᠂ ᠡᠷᠳᠡᠮ ᠰᠢᠨᠵᠢᠯᠡᠬᠡᠨ  ᠤ ᠲᠦᠷᠦᠯ ᠵᠣᠶᠢᠯ᠂ ᠨᠡᠶᠢᠬᠡᠮ  ᠤᠨ ᠲᠠᠭᠠᠳᠬᠠᠯ᠂ ᠡᠮᠨᠡᠯᠬᠡ  ᠶᠢᠨ ᠲᠠᠭᠠᠳᠬᠠᠯ᠂ ᠴᠢᠳᠠᠪᠦᠷᠢᠳᠠᠨ  ᠢ ᠱᠠᠩᠨᠠᠨ ᠬᠦᠬᠢᠬᠦᠯᠬᠦ᠂ ᠰᠢᠨ᠎ᠡ  ᠶᠢ ᠡᠭᠦᠳᠬᠦ ᠪᠡᠯᠡ ᠮᠦᠩᠭᠦ᠂ ᠬᠤᠳᠠᠯᠳᠣᠭᠠᠨ  ᠤ ᠲᠠᠭᠠᠭᠠᠯᠳᠠ᠂ ᠣᠷᠣᠨ ᠰᠠᠭᠤᠴᠠ ᠵᠡᠷᠬᠡ ᠶᠢᠨ ᠬᠠᠷᠠᠭᠠᠯᠵᠠᠯ  ᠤᠨ ᠲᠦᠷᠦ  ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ᠎ᠠ᠃ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾᠎ ᠶᠢ ᠠᠭᠤᠰᠣᠯᠴᠠᠭᠤᠯᠬᠤ ᠴᠢᠳᠠᠪᠦᠷᠢᠳᠠᠨ  ᠤ ᠲᠣᠰᠬᠠᠢ ᠲᠦᠷᠦᠯ  ᠤᠨ ᠵᠠᠷᠣᠳᠠᠯ ᠲᠣᠬᠢᠷᠠᠭᠤᠯᠵᠣ᠂ ᠠᠵᠣ ᠠᠬᠤᠶᠢᠯᠠᠯ  ᠢ ᠵᠣᠷᠢᠭᠵᠢᠭᠤᠯᠣᠨ ᠠᠵᠢᠯᠳᠠᠨ  ᠢ ᠪᠣᠯᠪᠠᠰᠣᠷᠠᠭᠤᠯᠬᠤ ᠣᠷᠣᠭᠤᠯᠣᠯᠳᠠ  ᠶᠢ ᠨᠡᠮᠡᠭᠳᠡᠭᠦᠯᠵᠣ᠂ ᠣᠯᠠᠨ ᠲᠦᠷᠦᠯ  ᠤᠨ ᠠᠵᠢᠯ ᠮᠡᠷᠭᠡᠵᠢᠯ ᠤᠨ ᠴᠢᠳᠠᠪᠦᠷᠢ  ᠶᠢᠨ ᠮᠦᠷᠦᠶᠢᠴᠡᠬᠡᠨ  ᠢ ᠦᠷᠬᠡᠨ  ᠢᠶᠠᠷ ᠦᠷᠨᠢᠭᠦᠯᠵᠣ᠂ ᠴᠢᠳᠠᠪᠦᠷᠢᠳᠠᠨ  ᠤ ᠡᠩᠨᠡᠭᠡ  ᠎ ᠶᠢᠨ  ᠪᠦᠬᠦ ᠲᠠᠯ᠎ᠠ  ᠶᠢᠨ ᠴᠢᠮᠡᠭᠡ ᠵᠠᠩᠬᠢᠴᠢᠯᠠᠯᠳᠠ  ᠶᠢᠨ ᠬᠡᠪ ᠴᠢᠨᠠᠷ ᠢ ᠲᠡᠭᠡᠭᠰᠢᠯᠡᠭᠦᠯᠦᠨ᠎ᠡ᠃ ᠵᠠᠰᠠᠭ  ᠤᠨ ᠣᠷᠳᠣᠨ  ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠦᠨᠳᠦᠰᠦᠨ ᠱᠠᠳᠣᠨ ᠤ ᠠᠵᠢᠯᠳᠠᠨ  ᠢ ᠪᠣᠯᠪᠠᠰᠣᠷᠠᠭᠤᠯᠬᠤ ᠭᠦᠴᠦᠯᠡᠴᠡ ᠎ ᠶᠢ ᠨᠡᠮᠡᠭᠳᠡᠭᠦᠯᠵᠣ᠂ ︽ᠴᠢᠮᠡᠭᠡ ᠵᠠᠩᠬᠢᠴᠢᠯᠠᠯᠳᠠ ᠠᠵᠣ ᠣᠶᠢᠯᠡᠳᠪᠦᠷᠢᠵᠢᠯᠳᠡ︾ ᠎ ᠶᠢ ᠠᠭᠤᠰᠣᠯᠴᠠᠭᠤᠯᠬᠤ ᠠᠵᠢᠯ  ᠢ ᠠᠬᠢᠭᠤᠯᠬᠤ ᠰᠠᠭᠤᠷᠢ ᠴᠢᠳᠠᠪᠦᠷᠢ  ᠶᠢ ᠲᠡᠭᠡᠭᠰᠢᠯᠡᠭᠦᠯᠦᠨ᠎ᠡ᠃

       

 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号