ᠠᠵᠢᠯᠳᠠᠨ ᠮᠡᠷᠭᠡᠵᠢᠯ ᠳᠡᠭᠡᠭᠰᠢᠯᠡᠭᠦᠯᠦᠭᠰᠡᠨ ᠨᠦᠬᠦᠪᠦᠷᠢ ᠭᠤᠶᠤᠴᠢᠯᠠᠵᠤ ᠪᠤᠯᠤᠨ᠎ᠠ
ᠨᠡᠶᠢᠲᠡᠯᠡᠭᠰᠡᠨ ᠴᠠᠭ᠄
2017/11/17
    ᠥᠢᠷ᠎ᠠ ᠳᠤ᠂ ᠤᠯᠠᠨ ᠭᠠᠵᠠᠷ ᠤᠷᠤᠨ ᠰᠢᠨ᠎ᠡ ᠲᠦᠷᠢᠮ ᠲᠤᠬᠳᠠᠭᠠᠯ ᠭᠠᠷᠭᠠᠵᠤ ᠨᠦᠭᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯᠲᠠᠨ ᠠᠴᠠ ᠮᠡᠷᠭᠡᠵᠢᠯ ᠳᠡᠭᠡᠭᠰᠢᠯᠡᠭᠦᠯᠦᠭᠰᠡᠨ ᠨᠦᠬᠦᠪᠦᠷᠢ ᠮᠦᠩᠭᠦ ᠭᠤᠶᠤᠴᠢᠯᠠᠵᠤ ᠪᠤᠯᠬᠤ ᠪᠤᠯᠵᠠᠢ᠃ ᠲᠡᠭᠡᠪᠡᠯ ᠶᠠᠮᠠᠷ ᠶᠠᠮᠠᠷ ᠬᠦᠮᠦᠨ ᠭᠤᠶᠤᠴᠢᠯᠠᠵᠤ ᠪᠤᠯᠬᠤ ᠪᠤᠢ︖ ᠨᠦᠬᠦᠪᠦᠷᠢ ᠶᠢᠨ ᠪᠠᠷᠢᠮᠵᠢᠶ᠎ᠠ ᠨᠢ ᠬᠡᠳᠦᠢ ᠪᠤᠢ︖ ᠬᠡᠷᠬᠢᠨ ᠭᠤᠶᠤᠴᠢᠯᠠᠬᠤ ᠪᠤᠢ︖ ᠭᠡᠪᠡᠯ ᠲᠤᠤᠷᠠᠬᠢ ᠠᠭᠤᠯᠭ᠎ᠠ ᠪᠠᠷ ᠯᠠᠪᠯᠠᠯᠳᠠ ᠪᠤᠯᠭᠠᠭᠠᠷᠠᠢ᠃      ᠭᠡᠨ ᠭᠤᠶᠤᠴᠢᠯᠠᠵᠤ ᠪᠤᠯᠬᠤ ᠪᠤᠢ︖      — ᠬᠤᠶᠠᠷ ᠨᠦᠭᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠳᠡᠢ      2017 ᠤᠨ ᠤ 5 ᠰᠠᠷ᠎ᠠ ᠳᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠪᠤᠷᠢ ᠶᠢᠨ ᠶᠠᠮᠤᠨ ᠬᠢᠭᠡᠳ ᠡᠳ᠋ ᠤᠨ ᠵᠠᠰᠠᠭ ᠤᠨ ᠶᠠᠮᠤᠨ ᠬᠠᠮᠲᠣ ᠳᠠᠭᠠᠨ ︽ᠠᠵᠢᠯ ᠠᠯᠳᠠᠬᠰᠠᠳ ᠤᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠰᠠᠭᠤᠳᠠᠯ ᠤᠨ ᠲᠣᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠬᠡᠵᠦ ᠲᠣᠪᠴᠢᠯᠠᠪᠠ︶᠎ ᠢ ᠳᠠᠷᠣᠮᠠᠯᠯᠠᠨ ᠲᠠᠷᠬᠠᠭᠠᠵᠤ᠂ ᠠᠵᠢᠯ ᠠᠯᠳᠠᠬᠰᠠᠳ ᠤᠨ ᠳᠠᠭᠠᠳᠬᠠᠯ ᠤᠨ ᠰᠠᠭᠤᠷᠢ ᠮᠦᠩᠭᠦ ᠶᠢ ᠳᠠᠭᠠᠳᠬᠠᠯ ᠳᠤ ᠣᠷᠣᠯᠴᠠᠭᠰᠠᠨ ᠠᠵᠢᠯᠲᠠᠳ ᠤᠨ ᠮᠡᠷᠭᠡᠵᠢᠯ ᠢ ᠳᠡᠭᠡᠭᠰᠢᠯᠡᠭᠦᠯᠬᠦ ᠨᠦᠬᠦᠪᠦᠷᠢ ᠳᠤ ᠬᠡᠷᠡᠭᠯᠡᠨ᠎ᠡ ᠭᠡᠵᠦ ᠲᠤᠳᠤᠷᠬᠠᠢᠢᠯᠠᠪᠠ᠂ ᠡᠨᠡ ᠨᠢ ᠠᠵᠢᠯᠲᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠ ᠠᠵᠢᠯ ᠮᠡᠷᠭᠡᠵᠢᠯ ᠢᠶᠠᠨ ᠰᠤᠯᠢᠵᠤ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠠᠯᠳᠠᠬᠤ ᠶᠢ ᠦᠨᠳᠦᠰᠦᠨ ᠠᠴᠠ ᠨᠢ ᠪᠠᠭᠠᠰᠬᠠᠵᠦ᠂ ᠠᠵᠢᠯ ᠤᠯᠬᠤ ᠨᠤᠷᠮ᠎ᠠ ᠶᠢ ᠲᠤᠭᠲᠠᠭᠤᠨ ᠪᠠᠶᠢᠯᠭᠠᠬᠤ ᠳᠤ ᠠᠰᠢᠬᠳᠠᠢ ᠬᠡᠮᠡᠨ ᠲᠤᠳᠤᠷᠬᠠᠢ ᠳᠣᠷᠠᠳᠬᠤ ᠶᠢᠨ ᠬᠠᠮᠲᠣ ᠡᠯ᠎ᠡ ᠭᠠᠵᠠᠷ ᠤᠷᠤᠨ ᠠᠴᠠ ︽ᠪᠤᠳᠠᠳᠠᠢ ᠬᠡᠷᠡᠭᠵᠢᠭᠦᠯᠬᠦ ᠠᠷᠭ᠎ᠠ ᠶᠢ ᠲᠦᠷᠭᠡᠬᠡᠨ ᠲᠣᠭᠲᠠᠭᠠᠬᠤ ᠬᠡᠷᠡᠭᠲᠡᠢ︾ ᠬᠡᠵᠦ ᠱᠠᠭᠠᠷᠲᠠᠵᠠᠢ᠃      ᠡᠶᠢᠨᠬᠦ ᠡᠯ᠎ᠡ ᠭᠠᠵᠠᠷ ᠤᠷᠤᠨ ᠠᠴᠠ ᠬᠠᠮᠢᠶ᠎ᠠ ᠪᠦᠬᠦᠢ ᠬᠡᠷᠡᠭᠵᠢᠭᠦᠯᠬᠦ ᠠᠷᠭ᠎ᠠ ᠵᠠᠯᠭᠠᠪᠠᠷ ᠨᠡᠶᠢᠲᠡᠯᠡᠪᠡ᠃ ᠪᠦᠷᠢᠳᠭᠡᠯ ᠢ ᠦᠨᠳᠦᠰᠦᠯᠡᠪᠡᠯ᠂ ᠣᠳᠣᠬᠠᠨ ᠳᠤ ᠵᠢᠶᠠᠩᠰᠦ᠂ ᠾᠧᠪᠸᠢ᠂ ᠯᠢᠶᠥᠥᠨᠢᠩ᠂ ᠵᠧᠵᠢᠶᠠᠩ᠂ ᠠᠨᠾᠦ᠋ᠢ᠂ ᠹᠦᠵᠢᠶᠠᠨ᠂ ᠵᠢᠶᠠᠩᠰᠢ᠂ ᠾᠧᠨᠠᠨ᠂ ᠦᠪᠦᠷ ᠮᠤᠩᠭᠤᠯ᠂ ᠭᠤᠸᠠᠩᠰᠢ᠂ ᠱᠠᠨᠳᠦ᠋ᠩ᠂ ᠨᠢᠩᠰᠢᠶᠠ᠂ ᠭᠠᠨᠰᠦ᠂ ᠬᠤᠪᠸᠢ ᠂ ᠬᠤᠨᠠᠨ᠂ ᠶᠦᠨᠨᠠᠨ᠂ ᠴᠦᠩᠴᠢᠩ ᠵᠡᠷᠭᠡ 20 ᠮᠤᠵᠢ ᠤᠷᠤᠨ ᠬᠤᠲᠠ ᠨᠢᠭᠡᠨᠲᠡ ᠪᠤᠲᠠᠲᠠᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠠᠶᠢᠨ᠎ᠠ᠃      ᠮᠡᠳᠡᠭᠳᠡᠯ ᠢ ᠦᠨᠳᠦᠰᠦᠯᠡᠪᠡᠯ᠂ ᠠᠵᠢᠯ ᠮᠡᠷᠭᠡᠵᠢᠯ ᠤᠨ ᠤᠷ᠎ᠠ ᠴᠢᠳᠠᠪᠣᠷᠢ ᠪᠠᠨ ᠳᠡᠭᠡᠭᠰᠢᠯᠡᠭᠦᠯᠦᠭᠰᠡᠨ ᠨᠦᠭᠦᠪᠦᠷᠢ ᠶᠢ ᠡᠷᠡᠮᠡᠯᠵᠡᠯᠡᠬᠦ ᠳᠤ᠂ ᠲᠤᠤᠷᠠᠬᠢ ᠬᠤᠶᠠᠷ ᠨᠦᠭᠦᠴᠡᠯ ᠢ ᠪᠦᠷᠢᠯᠳᠦᠭᠦᠯᠬᠦ ᠬᠡᠷᠡᠭᠲᠡᠢ᠄ ᠨᠢᠭᠡ ᠳᠤ᠂ ᠬᠠᠤᠯᠢ ᠶᠣᠰᠣᠭᠠᠷ ᠠᠵᠢᠯ ᠠᠯᠳᠠᠬᠰᠠᠳ ᠤᠨ ᠳᠠᠭᠠᠳᠬᠠᠯ ᠳᠤ ᠣᠷᠣᠯᠴᠠᠵᠤ᠂ ᠨᠡᠶᠢᠲᠡ 36 ᠰᠠᠷ᠎ᠠ ᠠᠴᠠ ᠳᠡᠭᠡᠭᠰᠢ ︵36 ᠰᠠᠷ᠎ᠠ ᠶᠢ ᠪᠠᠭᠲᠠᠭᠠᠨ᠎ᠠ︶ ᠳᠠᠭᠠᠳᠬᠠᠯ ᠤᠨ ᠮᠦᠩᠭᠦ ᠲᠤᠰᠢᠶᠠᠭᠰᠠᠨ ᠪᠠᠶᠢᠬᠤ ᠬᠡᠷᠡᠭᠲᠡᠢ᠃      ᠬᠤᠶᠠᠷ ᠲᠤ᠂ 2017 ᠤᠨ ᠤ 1 ᠰᠠᠷ᠎ᠠ ᠶᠢᠨ 1᠎ ᠠᠴᠠ ᠬᠤᠶᠢᠰᠢ ᠠᠩᠬ᠎ᠠ ᠲᠡᠰ ᠤᠨ ︵ᠲᠠᠪᠣᠳᠣᠭᠠᠷ ᠳᠡᠰ︶᠂ ᠳᠤᠮᠳᠠ ᠲᠡᠰ ᠤᠨ ︵ᠲᠦᠷᠪᠡᠳᠦᠭᠡᠷ ᠳᠡᠰ ᠤᠨ︶᠂ ᠲᠡᠭᠡᠳᠦ ᠲᠡᠰ ᠤᠨ ︵ᠭᠤᠷᠪᠠᠳᠣᠭᠠᠷ ᠳᠡᠰ ᠤᠨ︶ ᠲᠣᠬᠠᠢᠢᠯᠠᠬᠰᠠᠨ ᠠᠵᠢᠯ ᠤᠨ ᠬᠢᠷᠢ ᠭᠡᠮ ᠤᠨ ᠦᠨᠡᠮᠯᠡᠯ ᠪᠤᠶᠤ ᠮᠡᠷᠭᠡᠵᠢᠯ ᠤᠨ ᠴᠢᠳᠠᠪᠣᠷᠢ ᠶᠢᠨ ᠵᠡᠷᠭᠡ ᠳᠡᠰ ᠤᠨ ᠦᠨᠡᠮᠯᠡᠯ ᠤᠯᠤᠭᠰᠠᠨ ᠪᠠᠶᠢᠬᠤ ᠬᠡᠷᠡᠭᠲᠡᠢ᠃      ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠳᠤᠯᠠᠪᠤᠷᠢ ᠶᠢᠨ ᠶᠠᠮᠤᠨ ᠤ ᠠᠵᠢᠯ ᠠᠯᠳᠠᠬᠰᠠᠳ ᠤᠨ ᠲᠠᠭᠠᠳᠬᠠᠯ ᠤᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠬᠰᠡᠨ ᠢᠶᠠᠷ᠂ ᠢᠩᠬᠢᠵᠦ ᠲᠤᠬᠳᠠᠭᠠᠬᠰᠠᠨ ᠨᠢ ᠨᠢᠭᠡ ᠲᠠᠯ᠎ᠠ ᠪᠠᠷ ᠠᠵᠤ ᠠᠬᠤᠢᠢᠯᠠᠯ ᠤᠨ ᠠᠵᠢᠯᠳᠠᠨ ᠠᠵᠢᠯᠴᠢᠨ ᠤ ᠤᠷᠳᠤ ᠬᠤᠭᠤᠴᠠᠭ᠎ᠠ ᠪᠠᠷ ᠲᠠᠭᠠᠳᠬᠠᠯ ᠳᠤ ᠤᠷᠤᠯᠴᠠᠵᠤ ᠠᠯᠪᠠᠨ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠦᠬᠢᠬᠦᠯᠵᠡᠢ︔ ᠨᠦᠭᠦᠭᠡ ᠲᠠᠯ᠎ᠠ ᠪᠠᠷ ᠵᠤᠬᠢᠬᠤ ᠬᠡᠮᠵᠢᠶ᠎ᠠ ᠪᠠᠷ ᠠᠵᠢᠯᠳᠠᠨ ᠠᠵᠢᠯᠴᠢᠨ ᠤ ᠲᠤᠬᠠᠢᠢᠯᠠᠬᠰᠠᠨ ᠠᠵᠢᠯ ᠤᠨ ᠮᠡᠷᠭᠡᠵᠢᠯ ᠢᠶᠠᠨ ᠰᠤᠷᠤᠯᠴᠠᠬᠤ ᠢᠳᠡᠪᠬᠢᠵᠢᠯ ᠢ ᠲᠠᠶᠢᠴᠢᠯᠠᠵᠤ ᠠᠵᠢᠯ ᠤᠯᠭᠤᠯᠳᠠ ᠶᠢ ᠲᠤᠬᠳᠠᠪᠤᠷᠢᠵᠢᠭᠤᠯᠵᠤ᠂ ᠠᠵᠢᠯ ᠠᠯᠳᠠᠬᠤ ᠠᠴᠠ ᠰᠡᠷᠭᠡᠶᠢᠯᠡᠬᠦ ᠳᠤ ᠠᠰᠢᠭᠳᠠᠢ ᠶᠤᠮ᠂ ᠵᠢᠯ ᠪᠦᠷᠢ 200 ᠲᠦᠮᠡ ᠤᠷᠴᠢᠮ ᠤᠨ ᠠᠵᠤ ᠠᠬᠤᠢᠢᠯᠠᠯ ᠤᠨ ᠠᠵᠢᠯᠳᠠᠨ ᠠᠵᠢᠯᠴᠢᠨ ᠠᠰᠢᠬ ᠬᠦᠷᠳᠡᠬᠦ ᠪᠤᠯᠤᠨ᠎ᠠ᠃     ᠨᠦᠬᠦᠪᠦᠷᠢ ᠶᠢᠨ ᠪᠠᠷᠢᠮᠵᠢᠶ᠎ᠠ ᠨᠢ ᠶᠠᠮᠠᠷ ᠪᠣᠢ︖      — ᠪᠠᠷᠢᠮᠵᠢᠶ᠎ᠠ ᠨᠢ ᠪᠠᠴᠢᠮ ᠬᠡᠷᠡᠭᠴᠡᠭᠡ ᠪᠦᠬᠦᠢ ᠠᠵᠢᠯ ᠲᠦᠷᠦᠯ ᠢ ᠬᠠᠷᠠᠭᠠᠯᠵᠠᠨ᠎ᠠ ᠨᠦᠬᠦᠪᠦᠷᠢ ᠤᠯᠭᠤᠬᠤ ᠪᠠᠷᠢᠮᠵᠢᠶ᠎ᠠ ᠶᠢ ᠬᠡᠷᠬᠢᠨ ᠲᠤᠭᠲᠠᠭᠠᠭᠰᠠᠨ ᠪᠤᠢ︖ ᠭᠡᠪᠡᠯ ᠮᠡᠳᠡᠭᠳᠡᠯ ᠢ ᠦᠨᠳᠦᠰᠦᠯᠡᠪᠡᠯ᠂ ᠮᠤᠵᠢ ᠶᠢᠨ ᠱᠠᠲᠤᠨ ᠤ ᠬᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠤᠬᠠᠢ ᠶᠢᠨ ᠭᠠᠵᠠᠷ ᠤᠷᠤᠨ ᠤ ᠠᠵᠢᠯ ᠠᠯᠳᠠᠬᠰᠠᠳ ᠤᠨ ᠳᠠᠭᠠᠳᠬᠠᠯ ᠤᠨ ᠰᠠᠭᠤᠷᠢ ᠮᠦᠩᠭᠦᠨ ᠤ ᠡᠵᠡᠩᠨᠡᠯᠳᠡ ᠶᠢᠨ ᠪᠤᠳᠠᠳᠤ ᠪᠠᠶᠢᠳᠠᠯ᠂ ᠠᠵᠢᠯ ᠮᠡᠷᠭᠡᠵᠢᠯ ᠤᠨ ᠤᠷ᠎ᠠ ᠴᠢᠳᠠᠪᠣᠷᠢ ᠶᠢᠨ ᠪᠤᠯᠪᠠᠰᠣᠷᠠᠯ᠂ ᠬᠢᠨᠠᠨ ᠲᠣᠭᠲᠠᠭᠠᠬᠤ ᠪᠠᠷᠢᠮᠵᠢᠶ᠎ᠠ ᠵᠡᠷᠭᠡ ᠶᠢ ᠦᠨᠳᠦᠰᠦᠯᠡᠵᠦ ᠶᠡᠷᠦᠩᠬᠡᠶᠢᠯᠡᠨ ᠲᠤᠭᠲᠠᠭᠠᠬᠤ ᠶᠢᠨ ᠬᠠᠮᠲᠤ ᠴᠠᠭ ᠲᠤᠬᠠᠢ ᠳᠤᠨᠢ ᠲᠤᠬᠢᠷᠠᠭᠤᠯᠤᠯᠲᠠ ᠬᠢᠬᠦ ᠬᠡᠷᠡᠭᠳᠡᠢ᠃      ᠡᠭᠦᠨ ᠤ ᠬᠠᠮᠲᠤ᠂ ᠮᠡᠳᠡᠭᠳᠡᠯ ᠳᠤ ᠪᠠᠰᠠ ᠨᠦᠬᠦᠪᠦᠷᠢ ᠶᠢᠨ ᠪᠠᠷᠢᠮᠵᠢᠶ᠎ᠠ ᠳᠤ ᠲᠣᠳᠣᠷᠬᠠᠢ ᠳᠡᠭᠡᠳᠦ ᠬᠢᠵᠠᠭᠠᠷ ᠳᠣᠷᠠᠳᠴᠠᠢ᠂ ᠲᠣᠬᠠᠶᠢᠯᠠᠪᠠᠯ ᠠᠩᠬ᠎ᠠ ᠳᠡᠰ ᠤᠨ ᠮᠡᠷᠭᠡᠵᠢᠯ ᠤᠨ ᠴᠤᠯᠠ ᠲᠠᠢ ᠠᠵᠢᠯᠴᠢᠨ 1000 ᠲᠦᠭᠦᠷᠢᠭ ᠠᠴᠠ ᠳᠠᠪᠠᠵᠤ ᠪᠤᠯᠬᠤ ᠦᠭᠡᠢ᠂ ᠳᠣᠮᠳᠠ ᠳᠡᠰ ᠤᠨ ᠮᠡᠷᠭᠡᠵᠢᠯ ᠤᠨ ᠴᠤᠯᠠ ᠲᠠᠢ ᠠᠵᠢᠯᠴᠢᠨ 1500 ᠲᠦᠭᠦᠷᠢᠭ ᠠᠴᠠ ᠳᠠᠪᠠᠵᠤ ᠪᠤᠯᠬᠤ ᠦᠭᠡᠢ᠂ ᠲᠡᠭᠡᠳᠦ ᠳᠡᠰ ᠤᠨ ᠮᠡᠷᠭᠡᠵᠢᠯ ᠤᠨ ᠴᠤᠯᠠ ᠲᠠᠢ ᠠᠵᠢᠯᠴᠢᠨ 2000 ᠲᠦᠭᠦᠷᠢᠭ ᠠᠴᠠ ᠳᠠᠪᠠᠵᠤ ᠪᠤᠯᠬᠤ ᠦᠭᠡᠢ ᠭᠡᠵᠦ ᠲᠤᠬᠳᠠᠭᠠᠵᠤ ᠨᠦᠬᠦᠪᠦᠷᠢ ᠶᠢᠨ ᠪᠠᠷᠢᠮᠵᠢᠶ᠎ᠠ ᠨᠢ ᠤᠷᠤᠨ ᠨᠤᠲᠤᠭ ᠤᠨ ᠪᠠᠴᠢᠮ ᠬᠡᠷᠡᠭᠴᠡᠭᠡ ᠪᠦᠬᠦᠢ ᠠᠵᠢᠯ ᠲᠦᠷᠦᠯ ᠢ ᠬᠠᠷᠠᠭᠠᠯᠵᠠᠬᠤ ᠪᠤᠯᠤᠨ᠎ᠠ ᠭᠡᠵᠡᠢ᠃ ᠡᠯ᠎ᠡ ᠭᠠᠵᠠᠷ ᠤᠷᠤᠨ ᠤ ᠪᠤᠳᠠᠳᠠᠢ ᠲᠤᠬᠳᠠᠭᠠᠯ ᠠᠴᠠ ᠦᠵᠡᠪᠡᠯ᠂ ᠨᠦᠬᠦᠪᠦᠷᠢ ᠶᠢᠨ ᠪᠠᠷᠢᠮᠵᠢᠶ᠎ᠠ ᠨᠢ ᠦᠨᠳᠦᠰᠦᠨ ᠳᠡᠭᠡᠨ ᠲᠤᠰ ᠲᠤᠬᠳᠠᠭᠠᠯ ᠢ ᠵᠢᠷᠤᠮᠯᠠᠵᠠᠢ ᠃ ᠭᠡᠭᠦ ᠳᠡᠭᠡᠨ ᠪᠠᠴᠢᠮ ᠬᠡᠷᠡᠭᠴᠡᠭᠡ ᠪᠦᠬᠦᠢ ᠠᠵᠢᠯ ᠲᠦᠷᠦᠯ ᠤᠨ ᠨᠦᠭᠦᠪᠦᠷᠢ ᠶᠢᠨ ᠪᠠᠷᠢᠮᠵᠢᠶ᠎ᠠ ᠶᠢᠨ ᠬᠡᠮᠵᠢᠶ᠎ᠡ ᠶᠢᠨ ᠲᠤᠬᠠᠢ ᠡᠯ᠎ᠡ ᠭᠠᠵᠠᠷ ᠤᠷᠤᠨ ᠤ ᠲᠤᠬᠳᠠᠭᠠᠯ ᠨᠢ ᠢᠯᠭᠠᠭ᠎ᠠ ᠲᠠᠢ ᠶᠤᠮ᠃ ᠵᠢᠱᠢᠶᠡᠯᠡᠪᠡᠯ᠂ ᠵᠧᠵᠢᠶᠠᠩ ᠮᠤᠵᠢ ᠠᠴᠠ ᠲᠤᠬᠠᠢ ᠶᠢᠨ ᠭᠠᠵᠠᠷ ᠤᠨ ᠪᠠᠴᠢᠮ ᠬᠡᠷᠡᠭᠴᠡᠭᠡ ᠪᠦᠬᠦᠢ ᠠᠵᠢᠯ ᠲᠦᠷᠦᠯ ᠤᠨ ᠵᠢᠬᠰᠠᠭᠠᠯᠳᠠ ᠳᠤ ᠤᠷᠤᠬᠰᠠᠨ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠴᠢᠳᠠᠪᠤᠷᠢ ᠶᠢᠨ ᠲᠡᠰ ᠤᠨ ᠦᠨᠡᠮᠯᠡᠯ ᠤᠯᠤᠬᠰᠠᠳ ᠨᠢ ᠲᠤᠬᠳᠠᠭᠠᠬᠰᠠᠨ ᠨᠦᠭᠦᠪᠦᠷᠢ ᠶᠢᠨ ᠪᠠᠷᠢᠮᠵᠢᠶ᠎ᠠ ᠶᠢᠨ ᠰᠠᠭᠤᠷᠢᠨ ᠲᠡᠭᠡᠷ᠎ᠡ 50%᠎ ᠠᠴᠠ ᠬᠡᠳᠦᠷᠡᠵᠦ ᠪᠤᠯᠬᠤ ᠦᠭᠡᠢ ᠭᠡᠵᠦ ᠲᠤᠬᠳᠠᠭᠠᠵᠤ︔ ᠾᠧᠨᠠᠨ ᠮᠤᠵᠢ ᠠᠴᠠ ᠲᠡᠭᠡᠳᠦ ᠬᠢᠵᠠᠭᠠᠷ ᠠᠴᠠ ᠲᠠᠪᠠᠭ᠋ᠤ ᠦᠭᠡᠢ ᠪᠠᠶᠢᠳᠠᠯ ᠲᠤᠤᠷ᠎ᠠ ᠨᠦᠭᠦᠪᠦᠷᠢ ᠶᠢᠨ ᠪᠠᠷᠢᠮᠵᠢᠶ᠎ᠠ ᠶᠢᠨ 30%᠎ ᠠᠴᠠ ᠬᠡᠳᠦᠷᠡᠵᠦ ᠪᠤᠯᠬᠤ ᠦᠭᠡᠢ ᠭᠡᠵᠦ ᠲᠤᠬᠳᠠᠭᠠᠵᠤ︔ ᠦᠪᠦᠷ ᠮᠤᠩᠭᠤᠯ ᠲᠤᠬᠳᠠᠬᠰᠠᠨ ᠨᠦᠭᠦᠪᠦᠷᠢ ᠶᠢᠨ ᠪᠠᠷᠢᠮᠵᠢᠶ᠎ᠠ ᠶᠢᠨ 20%᠎ ᠠᠴᠠ ᠬᠡᠳᠦᠷᠡᠵᠦ ᠪᠤᠯᠬᠤ ᠦᠭᠡᠢ ᠲᠤᠬᠳᠠᠭᠠᠵᠠᠢ᠃      ᠬᠡᠷᠬᠢᠨ ᠭᠤᠶᠤᠴᠢᠯᠠᠬᠤ ᠪᠤᠢ︖      — ᠦᠨᠡᠮᠯᠡᠯ ᠤᠯᠭᠤᠭᠰᠠᠨ ᠡᠳᠦᠷ ᠠᠴᠠ ᠡᠬᠢᠯᠡᠨ 12 ᠰᠠᠷ᠎ᠠ ᠶᠢᠨ ᠳᠣᠲᠣᠷ᠎ᠠ ᠭᠤᠶᠤᠴᠢᠯᠠᠨ᠎ᠠ ᠮᠡᠷᠭᠡᠵᠢᠯ ᠳᠡᠭᠡᠭᠰᠢᠯᠡᠭᠦᠯᠦᠭᠰᠡᠨ ᠨᠦᠬᠦᠪᠦᠷᠢ ᠶᠢ ᠬᠡᠷᠬᠢᠨ ᠭᠤᠶᠤᠴᠢᠯᠠᠬᠤ ᠪᠤᠢ︖ ᠮᠡᠳᠡᠭᠳᠡᠯ ᠢ ᠦᠨᠳᠦᠰᠦᠯᠡᠪᠡᠯ᠂ ᠲᠣᠬᠠᠢᠢᠯᠠᠬᠰᠠᠨ ᠠᠵᠢᠯ ᠤᠨ ᠬᠢᠷᠢ ᠭᠡᠮ ᠤᠨ ᠦᠨᠡᠮᠯᠡᠯ ᠪᠤᠶᠤ ᠮᠡᠷᠭᠡᠵᠢᠯ ᠴᠢᠳᠠᠪᠣᠷᠢ ᠶᠢᠨ ᠵᠡᠷᠭᠡ ᠳᠡᠰ ᠤᠨ ᠦᠨᠡᠮᠯᠡᠯ ᠤᠯᠤᠭᠰᠠᠨ ᠡᠳᠦᠷ ᠠᠴᠠ ᠡᠬᠢᠯᠡᠨ 12 ᠰᠠᠷ᠎ᠠ ᠶᠢᠨ ᠳᠣᠲᠣᠷ᠎ᠠ᠂ ᠠᠵᠤ ᠠᠬᠤᠢᠢᠯᠠᠯ ᠤᠨ ᠠᠵᠢᠯᠲᠠᠨ ᠠᠵᠢᠯᠴᠢᠨ ᠬᠤᠪᠢ ᠬᠦᠮᠦᠨ ᠤ ᠠᠵᠢᠯ ᠠᠯᠳᠠᠬᠰᠠᠳ ᠤᠨ ᠳᠠᠭᠠᠳᠬᠠᠯ ᠤᠨ ᠬᠠᠷᠢᠴᠠᠭ᠎ᠠ ᠪᠠᠶᠢᠭ᠎ᠠ ᠭᠠᠵᠠᠷ ᠤᠨ ᠠᠵᠢᠯ ᠠᠯᠳᠠᠬᠰᠠᠳ ᠤᠨ ᠳᠠᠭᠠᠳᠬᠠᠯ ᠢ ᠡᠷᠬᠢᠯᠡᠨ ᠭᠦᠢᠴᠡᠳᠭᠡᠬᠦ ᠪᠠᠶᠢᠭᠤᠯᠤᠮᠵᠢ ᠳᠤ ᠬᠦᠷᠴᠦ ᠮᠡᠷᠭᠡᠵᠢᠯ ᠲᠡᠭᠡᠭᠰᠢᠯᠡᠭᠦᠯᠦᠭᠰᠡᠨ ᠨᠦᠬᠦᠪᠦᠷᠢ ᠶᠢ ᠭᠤᠶᠤᠴᠢᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠢᠨᠠᠨ ᠵᠦᠪᠰᠢᠶᠡᠷᠡᠭᠰᠡᠨ ᠤ ᠲᠠᠷᠠᠭ᠎ᠠ᠂ ᠨᠦᠬᠦᠪᠦᠷᠢ ᠶᠢᠨ ᠮᠦᠩᠭᠦ ᠶᠢ ᠭᠤᠶᠤᠴᠢᠯᠠᠬᠰᠠᠨ ᠬᠦᠮᠦᠨ ᠤ ᠪᠠᠩᠭᠢ ᠶᠢᠨ ᠬᠠᠳᠠᠭᠠᠯᠠᠮᠵᠢ ᠶᠢᠨ ᠺᠠᠷᠲ ᠪᠤᠶᠤ ᠨᠡᠶᠢᠭᠡᠮ ᠤᠨ ᠪᠠᠲᠣᠯᠠᠪᠤᠷᠢ ᠶᠢᠨ ᠺᠠᠷᠲ ᠳᠤ ᠰᠢᠭᠤᠳ ᠣᠷᠣᠭᠤᠯᠣᠨ ᠦᠭᠭᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号