ᠬᠢᠶ᠎ᠠ ᠪᠠᠭᠰᠢ ᠳᠤᠭᠤᠷᠢᠭ
ᠨᠡᠶᠢᠲᠡᠯᠡᠭᠰᠡᠨ ᠴᠠᠭ᠄
2017/11/8
     ᠬᠢᠶ᠎ᠠ ᠪᠠᠭᠰᠢ ᠲᠤᠭᠤᠷᠢᠭ ᠨᠢ ᠤᠷᠳᠤᠰ ᠬᠤᠳᠠ ᠶᠢᠨ ᠲᠤᠮᠳᠠ ᠡᠮᠥᠨᠡᠲᠤ ᠬᠡᠰᠡᠭ ᠲᠤ ᠪᠠᠶᠢᠷᠢᠯᠠᠵᠤ᠂ ᠤᠤᠯ ᠳᠠᠭᠠᠨ ᠴᠢᠩ ᠴᠦᠨ ᠱᠠᠨ ᠠᠵᠤ ᠠᠬᠤᠢ ᠮᠡᠷᠭᠡᠵᠢᠯ ᠤᠨ ᠨᠡᠭᠡᠭᠡᠯᠳᠠ ᠶᠢᠨ ᠤᠷᠤᠨ ᠪᠠᠶᠢᠪᠠ᠃ 2004 ᠤᠨ  ᠎ ᠳᠤ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠢᠩᠬᠢᠨᠢ ᠪᠠᠷ ᠵᠥᠪᠰᠢᠶᠡᠷᠡᠵᠤ᠂ ᠨᠠᠷ᠎ᠠ ᠶᠢ ᠨᠢ ᠥᠭᠡᠷᠡᠴᠢᠯᠡᠨ ᠬᠢᠶ᠎ᠠ ᠪᠠᠭᠰᠢ ᠰᠢᠨ᠎ᠠ ᠳᠤᠭᠤᠷᠢᠭ  ᠬᠡᠪᠠ᠃ 2016 ᠤᠨ ᠤ 6 ᠰᠠᠷ᠎ᠠ ᠶᠢᠨ 8᠎ ᠤ ᠡᠳᠥᠷ᠂ ᠲᠥᠷᠥ ᠶᠢᠨ ᠶᠠᠪᠤᠳᠠᠯ ᠎ ᠤᠨ ᠬᠤᠷᠢᠶᠠᠨ ᠤ ᠴᠤᠬᠤᠯᠠᠪᠤᠷᠢ ᠪᠠᠷ ᠬᠢᠶ᠎ᠠ ᠪᠠᠭᠰᠢ ᠳᠤᠭᠤᠷᠢᠭ ᠢ ᠪᠠᠶᠢᠭᠤᠯᠵᠤ᠂ 2017 ᠤᠨ ᠤ 12  ᠰᠠᠷ᠎ᠠ ᠶᠢᠨ 12᠎ ᠤ ᠡᠳᠤᠷ ᠬᠢᠶ᠎ᠠ ᠪᠠᠭᠰᠢ ᠲᠤᠭᠤᠷᠢᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ ᠵᠢᠩᠬᠢᠨᠢ ᠎ ᠪᠠᠷ ᠫᠠᠶᠢᠰᠠ ᠡᠯᠭᠦᠨ ᠪᠠᠶᠢᠭᠤᠯᠤᠭᠳᠠᠪᠠ᠃ ᠬᠢᠶ᠎ᠠ ᠪᠠᠭᠰᠢ ᠳᠤᠭᠤᠷᠢᠭ ᠤᠨ ᠪᠥᠬᠦ ᠳᠠᠯᠠᠪᠠᠢ 372.6 ᠳᠡᠭᠰᠢ ᠳᠥᠷᠪᠡᠯᠵᠢᠨ ᠺᠢᠯᠤᠮᠧᠲᠷ ᠪᠠᠶᠢᠵᠤ᠂ ᠡᠬᠦᠨ ᠳᠤ ᠬᠤᠳᠠ ᠶᠢᠨ ᠳᠥᠯᠥᠪᠵᠢᠬᠦᠯᠥᠯᠭᠡ ᠶᠢᠨ ᠳᠠᠯᠠᠪᠠᠢ 151 ᠳᠡᠭᠰᠢ ᠳᠥᠷᠪᠡᠯᠵᠢᠨ ᠺᠢᠯᠤᠮᠧᠲᠷ᠂ ᠬᠤᠳᠠ ᠶᠢᠨ ᠥᠷᠭᠡᠳᠭᠡᠭᠰᠠᠨ ᠳᠠᠯᠠᠪᠠᠢ 90 ᠳᠡᠭᠰᠢ ᠳᠥᠷᠪᠡᠯᠵᠢᠨ ᠺᠢᠯᠤᠮᠧᠲᠷ᠂ ᠪᠥᠳᠥᠭᠡᠨ ᠪᠠᠶᠢᠭᠤᠯᠤᠭᠰᠠᠨ ᠤᠷᠤᠨ ᠤ ᠳᠠᠯᠠᠪᠠᠢ 38.4 ᠳᠡᠭᠰᠢ ᠳᠥᠷᠪᠡᠯᠵᠢᠨ ᠺᠢᠯᠤᠮᠧᠲᠷ ᠪᠠᠶᠢᠵᠤ᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ 1  ᠳᠤᠰᠬᠤᠨ᠂ 13 ᠨᠡᠶᠢᠬᠡᠮ ᠳᠤᠭᠤᠷᠢᠭ ᠢᠶᠠᠷ ᠪᠥᠷᠢᠯᠳᠤᠵᠤ᠂ 15.3 ᠳᠥᠮᠡᠨ ᠬᠥᠮᠥᠨ ᠠᠮᠠ ᠲᠠᠢ᠃      2016 ᠤᠨ ᠳᠤ᠂ ᠬᠢᠶ᠎ᠠ ᠪᠠᠭᠰᠢ ᠳᠤᠭᠤᠷᠢᠭ ᠤᠨ ᠠᠵᠤ ᠠᠬᠤᠢ ᠨᠡᠶᠢᠬᠡᠮ ᠤᠨ ᠡᠯ᠎ᠠ ᠳᠥᠷᠥᠯ ᠤᠨ ᠠᠵᠤ ᠥᠢᠯᠡᠰ ᠰᠥᠷᠭᠡᠤ ᠤᠷᠴᠢᠨ ᠳᠤ ᠯᠠᠪᠳᠠᠭᠤᠨ ᠎ ᠢᠶᠠᠷ ᠤᠷᠤᠭᠰᠢᠯᠠᠵᠤ᠂ ︽ᠠᠷᠪᠠᠨ ᠭᠤᠷᠪᠠᠳᠤᠭᠠᠷ ᠳᠠᠪᠤᠨ ᠵᠢᠯ ᠤᠨ ᠳᠥᠯᠥᠪᠯᠡᠭᠡ︾᠎ ᠶᠢᠨ ᠰᠠᠶᠢᠨ ᠰᠠᠶᠢᠬᠠᠨ ᠡᠬᠢᠯᠡᠯᠳᠠ ᠶᠢ ᠪᠡᠶᠡᠯᠡᠬᠦᠯᠵᠠᠢ᠃ ᠢᠯᠴᠢ ᠬᠠᠩᠭᠠᠬᠤ᠂ ᠣᠰᠤ ᠬᠠᠩᠭᠠᠬᠤ᠂ ᠬᠡᠢ ᠬᠠᠩᠭᠠᠬᠤ ᠪᠠ ᠪᠤᠬᠢᠷ ᠤᠰᠤ ᠶᠢ ᠰᠢᠢᠳᠪᠥᠷᠢᠯᠡᠬᠦ᠂ ᠵᠠᠪᠰᠠᠷ ‍ᠣᠨ‌ᠤᠰᠤ ᠶᠢ ᠳᠠᠬᠢᠨ ᠠᠰᠢᠭᠯᠠᠬᠤ᠂ ᠬᠤᠭ ᠨᠤᠪᠰᠢ ᠶᠢ ᠳᠥᠷᠥᠯ ᠵᠥᠢᠯ ᠬᠤᠪᠢᠶᠠᠨ ᠰᠢᠢᠳᠪᠥᠷᠢᠯᠡᠬᠦ ᠶᠢ ᠳᠡᠰ  ᠳᠡᠪᠰᠢᠬᠦᠯᠥᠨ ᠥᠭᠡᠷᠡᠴᠢᠯᠠᠵᠤ᠂ ᠬᠤᠳᠠ ᠶᠢᠨ  ᠳᠠᠭᠠᠭᠠᠴᠠ ᠴᠢᠳᠠᠪᠤᠷᠢ ᠶᠢ ᠳᠠᠰᠤᠷᠠᠯᠳᠠ ᠥᠬᠡᠢ ᠴᠢᠩᠭᠠᠳᠬᠠᠪᠠ᠃ ᠬᠤᠳᠠ ᠎ ᠶᠢᠨ ᠨᠠᠷᠢᠯᠢᠭᠵᠢᠭᠰᠠᠨ ᠬᠠᠮᠢᠶᠠᠷᠤᠯᠳᠠ᠂ ︽ᠴᠢᠨᠠᠷ ᠳᠡᠰᠲᠤ ᠲᠤᠭᠤᠷᠢᠭ︾᠎ ᠢ ᠴᠤᠭᠴᠠᠯᠠᠬᠤ ᠠᠵᠢᠯᠯᠠᠭ᠎ᠠ ᠶᠢ ᠬᠥᠨᠵᠡᠬᠡᠢ  ᠠᠬᠢᠭᠤᠯᠵᠤ᠂ ᠬᠡᠷ ᠠᠬᠤᠢ ᠶᠢᠨ ᠬᠠᠮᠢᠶᠠᠷᠤᠯᠳᠠ᠂ ᠪᠠᠷᠢᠯᠭ᠎ᠠ ᠶᠢᠨ ᠶᠠᠰᠤ ᠴᠢᠨᠠᠷ ᠵᠡᠷᠭᠡ ᠤᠯᠠᠨ ᠲᠥᠮᠡᠨ ᠤ ᠠᠰᠢᠭ ᠳᠤᠰᠠ ᠲᠠᠢ ᠬᠤᠯᠪᠤᠭᠳᠠᠬᠤ ᠠᠰᠠᠭᠤᠳᠠᠯ ᠢ ᠪᠥᠳᠥᠮᠵᠢᠲᠠᠢ ᠰᠢᠢᠳᠪᠥᠷᠢᠯᠡᠵᠤ᠂ ᠬᠤᠳᠠ ᠶᠢᠨ ᠰᠠᠭᠤᠷᠢᠰᠢᠬᠤ ᠳᠤ ᠳᠠᠭᠠᠯᠠᠮᠵᠢᠲᠠᠢ ᠪᠠᠶᠢᠬᠤ ᠳᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠪᠠ᠃ ︽ᠨᠤᠭᠤᠭᠠᠷᠠᠭᠤᠯᠤᠯᠳᠠ ᠶᠢ ᠨᠡᠮᠡᠭᠳᠡᠭᠦᠯᠥᠨ ᠴᠢᠨᠠᠷ ᠢ ᠳᠡᠭᠡᠭᠰᠢᠯᠡᠬᠦᠯᠬᠦ︾ ᠢᠨᠵᠧᠨᠧᠷᠢᠩ ᠢ ᠬᠡᠷᠡᠭᠵᠢᠬᠦᠯᠵᠤ᠂ ᠰᠢᠨ᠎ᠠ ᠪᠠᠷ ᠨᠡᠮᠡᠭᠳᠡᠭᠰᠠᠨ ᠨᠤᠭᠤᠭᠠᠵᠢᠷᠠᠭᠤᠯᠤᠯᠳᠠ ᠶᠢᠨ ᠳᠠᠯᠠᠪᠠᠢ 670 ᠲᠥᠮᠡᠨ‌‍ᠲ᠋ᠡᠭᠰᠢ ᠳᠥᠷᠪᠡᠯᠵᠢᠨ ᠺᠢᠯᠤᠮᠧᠲᠷ ᠪᠠᠶᠢᠵᠤ᠂ ᠨᠤᠭᠤᠭᠠᠵᠢᠭᠤᠯᠤᠯᠳᠠ ᠶᠢᠨ ᠨᠤᠷᠮ᠎ᠠ ᠨᠢ 42%᠎ ᠲᠤ ᠬᠥᠷᠴᠠᠢ᠃  ᠶᠡᠷᠤᠩᠬᠡᠢ ᠭᠠᠵᠡᠷ ‍ᠣᠨ‌ᠠᠵᠤ ᠠᠬᠤᠢ᠂ ᠡᠷᠡᠭᠦᠯᠵᠢᠯ ᠰᠤᠪᠢᠯᠠᠯᠳᠠ ᠶᠢᠨ ᠠᠵᠤ ᠥᠢᠯᠡᠰ ᠯᠠᠪᠳᠠᠭᠤᠨ ᠢᠶᠠᠷ ᠬᠥᠭᠵᠢᠵᠤ ᠪᠤᠢ᠃ 7 ᠰᠤᠷᠭᠠᠭᠤᠯᠢ  ᠎ ᠶᠢ ᠰᠢᠨ᠎ᠠ ᠪᠠᠷ ᠪᠤᠶᠤ ᠵᠠᠯᠭᠠᠨ ᠪᠠᠶᠢᠭᠤᠯᠵᠤ᠂ 3 ᠰᠤᠷᠭᠠᠭᠤᠯᠢ ᠠᠰᠢᠭᠯᠠᠯᠳᠠ ᠳᠤ  ᠤᠷᠤᠪᠠ᠃      ᠰᠤᠶᠤᠯ ᠵᠢᠭᠤᠯᠴᠢᠯᠠᠯ ᠤᠨ ᠥᠢᠯᠡᠰ ᠪᠠᠳᠠᠷᠠᠨ ᠬᠥᠭᠵᠢᠵᠤ᠂ ︽ᠤᠯᠤᠰ ᠤᠨ ᠪᠥᠬᠦ ᠤᠷᠤᠨ ᠪᠥᠰᠡ ᠶᠢᠨ ᠵᠢᠭᠤᠯᠴᠢᠯᠠᠯ ᠤᠨ ᠵᠢᠱᠢᠶ᠎ᠠ ᠥᠵᠡᠬᠦᠯᠬᠦ ᠤᠷᠤᠨ︾᠂ ︽ᠤᠯᠤᠰ ᠤᠨ ᠳᠡᠰ ᠤᠨ ᠰᠡᠯᠡᠬᠦᠴᠡᠯ ᠵᠢᠭᠤᠯᠴᠢᠯᠠᠯ ᠤᠨ ᠤᠷᠤᠨ︾᠂ ︽ᠥᠪᠡᠷᠳᠡᠭᠡᠨ ᠵᠠᠰᠠᠬᠤ ᠤᠷᠤᠨ ᠤ ᠰᠤᠳᠤᠨ ᠵᠢᠭᠤᠯᠴᠢᠯᠠᠯ ᠤᠨ ᠤᠷᠤᠨ︾᠎ ᠢ ᠪᠥᠳᠥᠭᠡᠨ ᠪᠠᠶᠢᠭᠤᠯᠬᠤ ᠠᠵᠢᠯ  ᠎ ᠢ ᠪᠥᠬᠦ ᠳᠠᠯ᠎ᠠ ᠪᠠᠷ ᠳᠥᠯᠬᠢᠨ ᠠᠬᠢᠭᠤᠯᠵᠤ᠂ ᠰᠤᠶᠤᠯ ᠤᠨ ᠠᠭᠤᠳᠠᠮ ᠳᠠᠯᠠᠪᠠᠢ᠂ ᠭᠤᠤᠯ ᠰᠡᠳᠤᠪᠲᠤ ᠴᠡᠴᠡᠷᠯᠢᠭ᠂ ᠰᠤᠶᠤᠯ ᠤᠨ ᠪᠠᠷᠢᠯᠭ᠎ᠠ᠂ ᠮᠥᠽᠸᠢ᠂ ᠡᠷᠳᠡᠨ ᠤ ᠪᠠᠭᠤᠷᠢ ᠥᠯᠡᠳᠡᠭᠳᠠᠯ᠂ ᠬᠤᠳᠠ ᠶᠢᠨ ᠥᠵᠡᠮᠵᠢ ᠶᠢᠨ ᠨᠠᠭᠤᠷ᠂ ᠵᠢᠭᠤᠯᠴᠢᠯᠡᠯ ᠤᠨ ᠴᠢᠳᠠᠪᠬᠢᠲᠤ ᠤᠷᠤᠨ ᠵᠡᠷᠭᠡ 18 ᠥᠵᠡᠮᠵᠢ ᠶᠢᠨ ᠭᠠᠵᠠᠷ ᠎ ᠢ ᠨᠢᠭᠡᠳᠥᠯᠳᠠᠢ ᠳᠥᠯᠥᠪᠵᠢᠬᠦᠯᠵᠤ᠂  ︽ᠬᠢᠶ᠎ᠠ ᠪᠠᠭᠰᠢ ᠵᠢᠭᠤᠯᠴᠢᠯᠠᠯ ᠤᠨ ᠤᠷᠤᠨ  ︾  ᠪᠤᠯᠭᠠᠪᠠ᠃ ᠳᠠᠯ᠎ᠠ ᠨᠤᠳᠤᠭ ᠤᠨ ᠳᠤᠷᠭᠠᠨ ᠵᠠᠮ ᠤᠨ ᠵᠢᠵᠢᠭ ᠪᠠᠯᠭᠠᠰᠤ᠂ ᠬᠤᠳᠠ ᠶᠢᠨ ᠵᠤᠴᠢᠯᠠᠬᠤ ᠳᠢᠩᠬᠢᠮ᠂ ᠢᠳᠡᠭᠡᠨ ᠤᠮᠳᠠᠭᠠᠨ ᠤ ᠰᠤᠶᠤᠯ ᠤᠨ ᠭᠤᠳᠤᠮᠵᠢ᠂ ᠺᠠᠩ ᠯᠧ ᠶᠤᠸᠠᠨ ᠵᠡᠷᠭᠡ ᠭᠤᠤᠯᠳᠠᠯᠭ᠎ᠠ ᠲᠠᠢ ᠰᠤᠶᠤᠯ ᠵᠢᠭᠤᠯᠴᠢᠯᠠᠯ ᠤᠨ ᠳᠥᠷᠥᠯ ᠵᠥᠢᠯ  ᠪᠠᠶᠢᠭᠤᠯᠤᠭᠳᠠᠪᠠ᠃ 2017 ᠣᠨ ᠳᠤ ᠬᠥᠯᠢᠶᠡᠨ ᠵᠤᠴᠢᠯᠠᠭᠰᠠᠨ ᠵᠢᠭᠤᠯᠴᠢᠯᠠᠭᠴᠢᠳ153 ᠲᠥᠮᠡᠨ ᠬᠥᠮᠦᠨ  ᠎ ᠳᠤ ᠬᠥᠷᠴᠤ᠂ ᠵᠢᠭᠤᠯᠴᠢᠯᠠᠯ ᠤᠨ ᠶᠡᠷᠥᠩᠭᠡᠢ ᠤᠷᠤᠯᠭ᠎ᠠ 15.5 ᠳ᠋ᠥᠩᠰᠢᠭᠤᠷ ᠲᠥᠬᠦᠷᠢᠭ ᠲᠤ  ᠬᠦᠷᠴᠤ᠂ ᠳᠤᠰ ᠪᠥᠷᠢ 43.2% ᠪᠠ15.9%᠎ ᠪᠠᠷ ᠨᠡᠮᠡᠭᠳᠠᠵᠠᠢ᠃ ᠤᠷᠢᠳ ᠬᠤᠵᠢᠳ ᠤᠯᠤᠰ ᠎ ᠤᠨAAAA ᠳᠡᠰ ᠤᠨ ᠵᠢᠭᠤᠯᠴᠢᠯᠠᠯ ᠤᠨ ᠣᠷᠣᠨ᠂ ᠤᠷᠤᠨ ᠤ ᠳᠡᠰ ᠤᠨ ᠵᠢᠭᠤᠯᠴᠢᠯᠠᠯ ᠠᠮᠠᠷᠠᠯᠳᠠ ᠶᠢᠨ ᠤᠷᠤᠨ᠂ ᠲᠤᠮᠳᠠᠳᠤ ᠤᠯᠤᠰ ᠤᠨ ᠬᠠᠮᠤᠭ ᠰᠢᠯᠢᠳᠡᠭ ᠥᠨᠳᠥᠰᠥᠳᠡᠨ ᠤ ᠵᠠᠩ ᠥᠢᠯᠡ ᠶᠢᠨ ᠵᠢᠭᠤᠯᠴᠢᠯᠠᠯ ᠤᠨ ᠬᠤᠳᠠ᠂ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠤᠳᠠ᠂ ᠥᠨᠳᠥᠰᠥᠳᠡᠨ ᠤ ᠵᠢᠭᠤᠯᠴᠢᠯᠠᠯ ᠎ ᠤᠨ ᠵᠢᠱᠢᠶ᠎ᠠ ᠥᠵᠡᠬᠦᠯᠬᠦ ᠬᠤᠳᠠ ᠵᠡᠷᠭᠡ ᠢᠷᠠᠭᠤ  ᠠᠯᠳᠠᠷ ᠤᠨ ᠴᠤᠯᠠ  ᠎ ᠶᠢ ᠬᠦᠷᠳᠡᠪᠠ᠃ 2016 ᠣᠨ ᠳᠤ ᠤᠯᠤᠰ ᠤᠨ ᠵᠢᠭᠤᠯᠴᠢᠯᠠᠯ ᠤᠨ ᠳᠤᠪᠴᠢᠶᠠᠨ ᠠᠴᠠ ᠨᠢᠭᠡᠳᠥᠭᠡᠷ ᠪᠥᠯᠥᠭ ︽ᠤᠯᠤᠰ ᠤᠨ ᠪᠥᠬᠦ ᠤᠷᠤᠨ ᠪᠥᠰᠡ ᠶᠢᠨ ᠵᠢᠭᠤᠯᠴᠢᠯᠠᠯ ᠤᠨ ᠵᠢᠱᠢᠶ᠎ᠡ ᠥᠵᠡᠬᠦᠯᠬᠦ ᠤᠷᠤᠨ︾᠎ ᠢ ᠡᠭᠦᠳᠤᠨ ᠪᠠᠶᠢᠭᠤᠯᠬᠤ  ᠭᠠᠵᠡᠷ ᠤᠷᠤᠨ ᠢᠶᠠᠷ ᠲᠤᠭᠳᠠᠭᠠᠪᠠ᠃      2016  ᠣᠨ ᠳᠤ᠂ ᠭᠠᠵᠠᠷ ᠤᠷᠤᠨ ᠤ ᠥᠢᠯᠡᠳᠪᠦᠷᠢᠯᠡᠯ ᠤᠨ ᠶᠡᠷᠥᠩᠬᠡᠢ ᠥᠷᠳᠡᠭ ᠨᠢ 84 ᠳ᠋ᠥᠩᠰᠢᠭᠤᠷ ᠳᠥᠭᠦᠷᠢᠭ᠂ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠨᠢ 10.1 ᠳ᠋ᠥᠩᠰᠢᠭᠤᠷ ᠳᠥᠬᠦᠷᠢᠭ᠂ ᠳᠤᠭᠳᠠᠮᠠᠯ ᠬᠦᠷᠥᠩᠭᠡ ᠶᠢᠨ ᠪᠡᠯᠡ ᠤᠷᠤᠭᠤᠯᠤᠯᠳᠠ ᠨᠢ 46.4 ᠳ᠋ᠥᠩᠰᠢᠭᠤᠷ ᠳᠦᠬᠦᠷᠢᠭ ᠲᠤ ᠬᠦᠷᠪᠡ᠃ ᠬᠤᠳᠠ ᠪᠠᠯᠭᠠᠰᠣᠨ ᠤ ᠪᠠᠶᠢᠩᠭᠤ ᠰᠠᠭᠤᠷᠢᠰᠢᠬᠤ ᠰᠠᠭᠤᠭᠠᠯᠢ ᠠᠷᠠᠳ ᠤᠨ ᠬᠦᠮᠦᠨ ᠨᠢᠭᠡᠪᠥᠷᠢ ᠶᠢᠨ ᠳᠤᠬᠢᠷᠠᠭᠤᠯᠵᠤ ᠪᠤᠯᠬᠤ ᠤᠷᠤᠯᠭ᠎ᠠ ᠎ ᠨᠢ 41523 ᠳᠦᠬᠦᠷᠢᠭ ᠲᠤ ᠬᠦᠷᠴᠠᠢ᠃ ᠨᠡᠶᠢᠬᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠪᠦᠬᠦ ᠳᠤᠭ᠎ᠠ 107.9 ᠳ᠋ᠥᠩᠰᠢᠭᠤᠷ ᠳᠥᠬᠦᠷᠢᠭ ᠎ ᠲᠤ ᠬᠦᠷᠴᠤ᠂ 9.4%᠎ ᠪᠠᠷ ᠨᠡᠮᠡᠭᠳᠡᠪᠠ᠃
ᠢᠷᠡᠯᠲᠡ᠄ ᠲᠣᠰ ᠰᠥᠯᠵᠢᠶ᠎ᠠ