ᠷᠠᠰᠢᠶᠠᠨ ᠰᠤᠪᠢᠯᠠᠯᠳᠠ ᠳᠠᠯ᠎ᠠ ᠨᠤᠲᠤᠭ ᠤᠨ ᠡᠪᠦᠯ ᠤᠨ ᠵᠤᠭᠠᠴᠠᠯ ᠳᠤ ︽ᠭᠷᠠᠳᠦ᠋ᠰ︾ ᠨᠡᠮᠡᠨ᠎ᠠ
ᠨᠡᠶᠢᠲᠡᠯᠡᠭᠰᠡᠨ ᠴᠠᠭ᠄
2017/12/28
      ᠬᠠᠬᠢᠷ ᠡᠪᠦᠯ ᠤᠨ ᠤᠲᠤᠭ ᠤᠨ ᠳᠠᠯ᠎ᠠ ᠨᠤᠲᠤᠭ ᠨᠢᠭᠡᠨ ᠤᠳᠠᠭᠠᠨ ᠤ ᠬᠤᠷ᠎ᠠ ᠴᠠᠰᠤᠨ ᠤ ᠢᠪᠡᠭᠡᠯ ᠢ  ᠬᠦᠷᠳᠡᠭᠰᠡᠨ ᠪᠤᠯᠪᠠᠴᠤ ᠬᠦᠢᠳᠡᠨ ᠬᠠᠭᠤᠷᠠᠢ ᠠᠭᠤᠷ ᠠᠮᠢᠰᠬᠤᠯ ᠬᠠᠰᠢᠯᠠ ᠬᠦᠮᠦᠨ ᠠᠮᠢᠳᠠᠨ ᠢ ᠳᠠᠭᠵᠢᠭᠤᠯᠤᠨ᠎ᠠ᠃  ᠭᠡᠪᠡᠴᠦ ᠲᠠ ᠬᠡᠷᠪᠡ ᠤᠲᠤᠭ ᠬᠤᠰᠢᠭᠤᠨ ᠤ ᠪᠢ ᠬᠠᠢ ᠶᠠᠩ ᠭᠤᠸᠠᠩ ᠬᠠᠯᠠᠭᠤᠨ ᠷᠠᠰᠢᠶᠠᠨ ᠤ ᠵᠤᠭᠠᠴᠠᠯ ᠤᠨ  ᠤᠷᠤᠨ ᠳᠤ ᠬᠦᠷᠪᠡᠯ ᠡᠷᠡᠰ ᠤᠨᠳᠤᠤ ︽ᠭᠠᠯ ᠬᠠᠯᠠᠭᠤᠨ︾ ᠳᠦᠷᠦᠭᠳᠡᠯ ᠦᠭᠭᠦ ᠶᠤᠮ ᠪᠢᠯᠡ᠃ ᠡ᠊ᠨᠳᠡ ᠢᠷᠡᠭᠰᠡᠨ  ᠬᠦᠮᠦᠰ ᠠᠯᠢ ᠬᠡᠳᠦ᠋ᠢᠨᠡᠢ ᠡᠪᠤᠯ ᠤᠨ ᠬᠦᠢᠳᠡᠨ ᠢ ᠮᠠᠷᠳᠠᠵᠤ᠂ ᠬᠠᠯᠠᠭᠤᠨ ᠷᠠᠰᠢᠶᠠᠨ ᠤ ︽ᠳᠤᠯᠠᠭᠠᠨ ᠪᠦᠯᠢᠶᠡᠨ︾᠎ ᠤ  ᠬᠦᠷᠳᠡᠬᠡᠯ ᠳᠤ ᠰᠤᠭᠳᠤᠭᠤᠷᠠᠨ ᠵᠢᠷᠭᠠᠵᠤ ᠴᠡᠩᠬᠡᠯᠳᠦᠨ ᠪᠠᠶᠠᠰᠤᠨ᠎ᠠ᠃            ᠡᠨᠡ ᠵᠢᠯ ᠤᠨ ᠶᠢᠰᠦ ᠳᠤᠭᠠᠯᠠᠭᠰᠠᠨ ᠬᠤᠶᠠᠳᠤᠭᠠᠷ ᠡᠳᠦᠷ᠂ 2017 ᠤᠨ ᠤ ᠤᠲᠤᠭ ᠬᠤᠰᠢᠭᠤᠨ ᠤ  ᠡᠪᠦᠯ ᠤᠨ ᠤᠯᠠᠷᠢᠯ ᠤᠨ ᠬᠠᠯᠠᠭᠤᠨ ᠷᠠᠰᠢᠶᠠᠨ ᠤ ᠰᠤᠪᠢᠯᠠᠯᠳᠠ ᠶᠢᠨ ᠵᠤᠭᠠᠴᠠᠯ ᠰᠤᠶᠤᠯ ᠤᠨ ᠨᠠᠶᠢᠷ ᠪᠢ ᠬᠠᠢ ᠶᠠᠩ  ᠭᠤᠸᠠᠩ ᠬᠠᠯᠠᠭᠤᠨ ᠷᠠᠰᠢᠶᠠᠨ ᠤ ᠵᠤᠭᠠᠴᠠᠯ ᠤᠨ ᠤᠷᠤᠨ ᠳᠤ ᠵᠢᠩᠬᠢᠨᠢ ᠪᠠᠷ ᠬᠦᠰᠢᠭᠡ ᠪᠠᠨ ᠰᠡᠭᠦᠵᠡᠢ᠃ ᠤᠲᠤᠭ  ᠬᠤᠰᠢᠭᠤ ᠬᠠᠯᠠᠭᠤᠨ ᠷᠠᠰᠢᠶᠠᠨ ᠢᠶᠠᠷ ᠳᠦᠷᠪᠡᠨ ᠵᠦᠭ ᠨᠠᠢᠮᠠᠨ ᠵᠤᠪᠬᠢᠰ ᠤᠨ ᠬᠡᠶᠢᠴᠢᠳ ᠢᠶᠠᠨ ᠤᠭᠳᠤᠵᠤ᠂ ᠱᠠᠨᠰᠢ᠂  ᠨᠢᠩᠰᠢᠶᠠ ᠵᠡᠷᠭᠡ ᠤᠢᠢᠷ᠎ᠠ ᠵᠡᠷᠭᠡᠯᠡᠳᠡᠭᠡ ᠮᠤᠵᠢ ᠤᠷᠤᠨ᠂ ᠦᠬᠠᠢ ᠪᠤᠭᠤᠲᠤ ᠪᠤᠯᠤᠨ ᠳᠤᠰ ᠭᠠᠵᠠᠷ ᠤᠷᠤᠨ ᠤ  1000 ᠭᠠᠷᠤᠢ ᠵᠤᠭᠠᠴᠠᠭᠰᠠᠳ ᠡᠨᠡ ᠤᠳᠠᠭᠠᠨ ᠤ ᠡᠪᠦᠯ ᠤᠨ ᠤᠯᠠᠷᠢᠯ ᠤᠨ ᠵᠤᠭᠠᠴᠠᠯ ᠤᠨ ᠠᠵᠢᠯᠯᠠᠭ᠎ᠠ ᠶᠢᠨ  ᠳᠦᠷᠦᠯ ᠵᠦᠢᠯ ᠳᠤ ᠤᠷᠤᠯᠴᠠᠭᠰᠠᠨ ᠪᠠᠶᠢᠨ᠎ᠠ᠃      ︽ᠡᠨᠡ ᠬᠠᠯᠠᠭᠤᠨ ᠷᠠᠰᠢᠶᠠᠨ ᠳᠤᠩ ᠰᠠᠶᠢᠨ ᠪᠠᠶᠢᠨ᠎ᠠ᠃ ᠴᠦᠮ ᠭᠠᠵᠠᠷ ᠳᠤᠤᠷᠠᠬᠢ ᠤᠰᠤ᠂ ᠳᠡᠷᠡᠴᠢᠯᠡᠨ  ᠤᠰᠤᠨ ᠤ ᠬᠠᠯᠠᠭᠤᠨ ᠨᠢ ᠠᠳᠠᠯᠢ ᠦᠭᠡᠢ᠂ ᠪᠠᠰᠠ ᠡᠮ ᠳᠡᠪᠳᠦᠭᠡᠭᠰᠡᠨ ᠷᠠᠰᠢᠶᠠᠨ ᠲᠠᠢ᠂ ᠰᠤᠨᠤᠰᠬᠤᠯᠠᠷ ᠡᠪᠡᠳᠴᠢᠨ  ᠠᠷᠬᠠᠭ ᠵᠠᠰᠠᠵᠤ ᠳᠡᠶᠢᠯᠦᠨ᠎ᠠ ᠭᠡᠨ᠎ᠠ᠃ ᠡᠪᠤᠯ ᠴᠠᠭ ᠡᠶᠢᠮᠦᠷᠬᠦ ᠷᠠᠰᠢᠶᠠᠨ ᠳᠤ ᠤᠯᠵᠤ ᠰᠠᠭᠤᠬᠤ ᠨᠢ ᠠᠵᠠ ᠲᠠᠢ  ᠶᠠᠪᠤᠳᠠᠯ︾ ᠭᠡᠵᠤ ᠢᠷᠭᠠᠢ ᠬᠤᠲᠠ ᠠᠴᠠ ᠢᠷᠡᠭᠰᠡᠨ ᠶᠠᠩ ᠢᠥᠢ ᠠᠪᠤᠭᠠᠢ ᠪᠠᠶᠠᠷᠯᠠᠨ ᠬᠡᠯᠡᠨ᠎ᠠ᠃      ᠠᠵᠢᠯᠯᠠᠭ᠎ᠠ ᠶᠢᠨ ᠡᠬᠢᠯᠡᠯᠳᠡ ᠶᠢᠨ ᠡᠳᠦᠷ᠂ ᠱᠠᠨᠰᠢ ᠨᠢᠩᠰᠢᠶᠠ ᠠᠴᠠ ᠢᠷᠡᠭᠰᠡᠨ ᠵᠤᠭᠠᠴᠠᠭᠰᠠᠳ ᠮᠤᠩᠭᠤᠯ  ᠦᠨᠳᠦᠰᠦᠳᠡᠨ ᠤ ᠤᠯᠠᠮᠵᠢᠯᠠᠯᠳᠤ ᠬᠠᠳᠠᠭ ᠳᠠᠳᠠᠬᠤ᠂ ᠮᠤᠷᠢᠨ ᠠᠴᠠ ᠪᠠᠭᠤᠬᠤ ᠠᠷᠢᠬᠢ ᠠᠮᠰᠠᠭᠤᠯᠬᠤ ᠶᠤᠰᠤᠨ ᠢᠶᠠᠷ  ᠤᠭᠳᠤᠭᠤᠯᠤᠭᠰᠠᠨ ᠤ ᠳᠠᠷᠠᠭ᠎ᠠ᠂ ︽ᠰᠢᠳᠦᠭᠡᠨᠳᠤ ᠪᠤᠯᠠᠭ ᠤᠨ ᠳᠠᠭᠠᠳᠬᠠᠯ︾᠂ ︽ᠮᠤᠩᠭᠤᠯ ᠬᠢᠳᠡᠳ ᠡᠮᠨᠡᠯᠭᠡ ᠶᠢᠨ  ᠷᠠᠰᠢᠶᠠᠨ ᠰᠤᠪᠢᠯᠠᠯᠳᠠ ᠶᠢᠨ ᠰᠠᠭᠤᠷᠢᠨ︾᠎ ᠤ ᠫᠠᠶᠢᠰᠠ ᠤᠯᠭᠤᠬᠤ ᠶᠤᠰᠤᠯᠠᠯ᠂ ᠮᠤᠩᠭᠤᠯ ᠡᠮᠨᠡᠯᠭᠡ ᠶᠢᠨ ᠡᠷᠡᠭᠦᠯ  ᠮᠡᠨᠳᠦ ᠶᠢᠨ ᠠᠰᠠᠭᠤᠨ ᠯᠠᠪᠯᠠᠯᠭ᠎ᠠ᠂ ᠮᠤᠩᠭᠤᠯ ᠡᠮᠨᠡᠯᠭᠡ ᠶᠢᠨ ᠬᠠᠯᠠᠭᠤᠨ ᠷᠠᠰᠢᠶᠠᠨ ᠤ ᠪᠡᠶ᠎ᠠ ᠰᠤᠪᠢᠯᠠᠬᠤ ᠳᠠᠶᠢᠯᠤᠮᠵᠢ᠂  ᠬᠠᠯᠠᠭᠤᠨ ᠷᠠᠰᠢᠶᠠᠨ ᠳᠤ ᠰᠠᠭᠤᠬᠤ ᠵᠡᠷᠭᠡ ᠶᠢᠨ 8 ᠳᠦᠷᠦᠯ ᠤᠨ ᠠᠵᠢᠯᠯᠠᠭ᠎ᠠ ᠳᠤ ᠤᠷᠤᠯᠴᠠᠵᠠᠢ᠃ ᠡᠨᠡ ᠤᠳᠠᠭᠠᠨ ᠤ  ᠰᠤᠶᠤᠯ ᠵᠤᠭᠠᠴᠠᠯ ᠤᠨ ᠨᠠᠶᠢᠷ ᠨᠢ ᠤᠲᠤᠭ ᠬᠤᠰᠢᠭᠤ ᠶᠢ ᠳᠠᠬᠢᠨ ᠨᠢᠭᠡ ᠤᠳᠠᠭ᠎ᠠ ᠳᠡᠯᠭᠡᠨ ᠤᠬᠠᠭᠤᠯᠵᠤ  ᠳᠠᠨᠢᠯᠴᠠᠭᠤᠯᠬᠤ ᠨᠠᠶᠢᠷ ᠪᠤᠯᠬᠤ ᠪᠦᠭᠡᠳ ︽ᠡᠷᠡᠭᠦᠯ ᠮᠡᠨᠳᠦ᠂ ᠰᠤᠶᠤᠯ᠂ ᠵᠤᠭᠠᠴᠠᠯ︾ ᠵᠡᠷᠭᠡ ᠶᠢ ᠠᠭᠤᠰᠤᠯᠴᠠᠭᠤᠯᠤᠨ  ᠬᠦᠭᠵᠢᠬᠦᠯᠬᠦ ᠶᠢ ᠠᠬᠢᠭᠤᠯᠬᠤ ᠠᠵᠢᠯᠯᠠᠭ᠎ᠠ ᠪᠤᠯᠬᠤ ᠶᠤᠮ᠃      ᠤᠢᠢᠷ᠎ᠠ ᠶᠢᠨ ᠵᠢᠯ ᠤᠳ ᠠᠴᠠ᠂ ᠤᠲᠤᠭ ᠬᠤᠰᠢᠭᠤ ᠦᠪᠦᠷ ᠮᠤᠩᠭᠤᠯ ᠤᠨ ᠪᠠᠷᠠᠭᠤᠨ ᠤᠷᠤᠨ ᠤ ᠭᠤᠤᠯ  ᠪᠤᠯᠬᠤ ᠬᠠᠯᠠᠭᠤᠨ ᠷᠠᠰᠢᠶᠠᠨ ᠤ ᠡᠬᠢ ᠪᠠᠶᠠᠯᠢᠭ ᠤᠨ ᠤᠷᠤᠨ ᠪᠤᠯᠤᠭᠰᠠᠨ ᠤ ᠬᠤᠪᠢ ᠳᠤ᠂ ᠪᠦᠬᠦ ᠤᠷᠤᠨ  ᠲᠤᠭᠤᠷᠢᠭ ᠤᠨ ᠵᠤᠭᠠᠴᠠᠯ ᠤᠨ ᠠᠬᠢᠴᠠ ᠳᠤᠤᠷ᠎ᠠ ᠳᠤᠰᠤᠳᠤ ᠶᠢᠨ ᠭᠤᠤᠯ ᠤᠨ ᠭᠠᠵᠠᠷ ᠤᠨ ᠢᠯᠴᠢ ᠶᠢᠨ ᠡᠬᠢ  ᠪᠠᠶᠠᠯᠢᠭ ᠲᠤ ᠳᠦᠰᠢᠭᠯᠡᠵᠤ᠂ ᠤᠯᠤᠰ ᠤᠨ AAAA ᠳᠡᠰ ᠤᠨ ᠦᠵᠡᠮᠵᠢ ᠶᠢᠨ ᠤᠷᠤᠨ ᠪᠤᠯᠬᠤ ᠪᠢ ᠬᠠᠢ ᠶᠠᠩ  ᠭᠤᠸᠠᠩ ᠬᠠᠯᠠᠭᠤᠨ ᠷᠠᠰᠢᠶᠠᠨ ᠤ ᠵᠤᠭᠠᠴᠠᠯ ᠤᠨ ᠤᠷᠤᠨ ᠪᠤᠯᠤᠨ ᠪᠤᠯᠦᠩ ᠨᠠᠭᠤᠷ ᠤᠨ ᠬᠠᠯᠠᠭᠤᠨ ᠷᠠᠰᠢᠶᠠᠨ ᠤ  ᠰᠡᠯᠡᠭᠦᠴᠡᠨ ᠵᠤᠭᠠᠴᠠᠬᠤ ᠤᠷᠤᠨ ᠢᠶᠠᠷ ᠭᠤᠤᠯ ᠳᠦᠪ ᠪᠤᠯᠭᠠᠵᠤ᠂ ᠳᠠᠯ᠎ᠠ ᠨᠤᠲᠤᠭ ᠤᠨ ᠰᠤᠶᠤᠯ ᠪᠤᠯᠤᠨ ᠮᠤᠩᠭᠤᠯ  ᠶᠤᠸᠠᠨ ᠤ ᠰᠤᠶᠤᠯ ᠤᠨ ᠭᠤᠤᠯ ᠰᠡᠳᠦᠪᠳᠦ ᠪᠤᠯᠤᠨ ᠭᠡᠷ ᠳᠤᠳᠤᠷᠠᠬᠢ ᠬᠠᠯᠠᠭᠤᠨ ᠷᠠᠰᠢᠶᠠᠨ ᠤ ᠰᠤᠪᠢᠯᠠᠯᠳᠠ ᠶᠢ  ᠬᠠᠷᠢᠯᠴᠠᠨ ᠤᠶᠠᠯᠳᠤᠭᠤᠯᠵᠤ᠂ ᠰᠡᠯᠡᠬᠦᠴᠡᠨ ᠵᠤᠭᠠᠴᠠᠬᠤ ᠤᠷᠤᠨ ᠤ ᠦᠪᠡᠷᠮᠢᠴᠡ ᠤᠨᠴᠠᠯᠢᠭᠳᠤ ᠰᠤᠶᠤᠯ ᠪᠤᠯᠤᠨ  ᠤᠷᠤᠨ ᠲᠤᠭᠤᠷᠢᠭ ᠤᠨ ᠦᠷᠢᠰᠦᠯᠳᠦᠬᠦ ᠬᠦᠴᠦᠨ ᠢ ᠨᠡᠮᠡᠭᠳᠡᠬᠦᠯᠵᠤ᠂ ᠳᠡᠯᠡᠬᠡᠢ ᠶᠢᠨ ᠴᠢᠨᠠᠷ ᠳᠡᠰ ᠪᠦᠬᠦᠢ ᠬᠠᠯᠠᠭᠤᠨ  ᠷᠠᠰᠢᠶᠠᠨ ᠤ ᠰᠤᠪᠢᠯᠠᠯᠳᠠ ᠶᠢ ᠪᠦᠷᠢᠯᠳᠦᠬᠦᠯᠵᠤ᠂ ᠳᠤᠮᠳᠠᠳᠤ ᠤᠯᠤᠰ ᠤᠨ ᠪᠠᠷᠠᠭᠤᠨ ᠤᠷᠤᠨ ᠤ ᠬᠠᠮᠤᠭ ᠤᠨ  ᠦᠪᠡᠷᠮᠢᠴᠡ ᠤᠨᠴᠠᠯᠢᠭᠳᠤ ᠪᠡᠶ ᠎ᠠ ᠰᠤᠪᠢᠯᠠᠬᠤ ᠬᠠᠯᠠᠭᠤᠨ ᠷᠠᠰᠢᠶᠠᠨ ᠤ ᠤᠷᠤᠨ ᠢ ᠪᠦᠳᠦᠭᠡᠵᠡᠢ᠃ ᠡᠭᠦᠨ ᠤ ᠬᠠᠮᠳᠤ᠂  ︽ᠤᠯᠤᠰ ᠤᠨ ᠪᠠᠷᠠᠭᠤᠨ ᠤᠷᠤᠨ ᠤ ᠨᠡᠷ ᠎ᠠ ᠮᠡᠳᠡᠴᠡ ᠲᠠᠢ ᠪᠦᠬᠦ ᠤᠷᠤᠨ ᠲᠤᠭᠤᠷᠢᠭ ᠤᠨ ᠵᠤᠭᠠᠴᠠᠯ ᠤᠨ ᠳᠦᠷᠦᠯ  ᠵᠦᠢᠯ ᠤᠨ ᠤᠷᠤᠨ︾᠎ ᠢ ᠪᠦᠳᠦᠭᠡᠨ ᠪᠠᠶᠢᠭᠤᠯᠬᠤ ᠬᠠᠷᠠᠯᠳᠠ ᠶᠢᠨ ᠳᠤᠭᠤᠷᠢᠨ ᠳᠤ᠂ ᠰᠡᠯᠡᠬᠦᠴᠡᠯ ᠵᠤᠭᠠᠴᠠᠯ᠂  ᠦᠪᠡᠷ ᠲᠤ ᠪᠠᠨ ᠮᠠᠰᠢᠨ ᠳᠡᠷᠭᠡ ᠵᠢᠯᠤᠭᠤᠳᠴᠤ ᠵᠤᠭᠠᠴᠠᠬᠤ᠂ ᠳᠦᠷᠪᠡᠨ ᠤᠯᠠᠷᠢᠯ ᠤᠨ ᠵᠤᠭᠠᠴᠠᠯ ᠵᠡᠷᠭᠡ ᠶᠢ ᠪᠦᠬᠦ  ᠳᠠᠯ᠎ᠠ ᠪᠠᠷ ᠬᠦᠭᠵᠢᠬᠦᠯᠤᠨ ᠠᠬᠢᠭᠤᠯᠤᠭᠰᠠᠨ ᠢᠶᠠᠷ ᠰᠤᠶᠤᠯ ᠵᠤᠭᠠᠴᠠᠯ ᠤᠨ ᠬᠦᠭᠵᠢᠯᠳᠡ ᠶᠢᠨ ᠪᠠᠶᠢᠳᠠᠯ ᠤᠬᠢ ᠰᠠᠶᠢᠨ  ᠪᠠᠶᠢᠳᠠᠯ ᠢᠯᠡᠷᠡᠭᠰᠡᠨ ᠪᠠᠶᠢᠨ᠎ᠠ᠃ ᠬᠠᠯᠠᠭᠤᠨ ᠷᠠᠰᠢᠶᠠᠨ + ᠳᠠᠯ ᠎ᠠ ᠨᠤᠲᠤᠭ᠂ ᠬᠠᠯᠠᠭᠤᠨ ᠷᠠᠰᠢᠶᠠᠨ + ᠪᠡᠶ᠎ᠠ  ᠰᠤᠪᠢᠯᠠᠯᠳᠠ᠂ ᠬᠠᠯᠠᠭᠤᠨ ᠷᠠᠰᠢᠶᠠᠨ + ᠮᠦᠰᠦ ᠴᠠᠰᠤ᠂ ᠬᠠᠯᠠᠭᠤᠨ ᠷᠠᠰᠢᠶᠠᠨ + ᠮᠤᠩᠭᠤᠯ ᠬᠢᠳᠠᠳ ᠡᠮ ᠡᠮᠨᠡᠯᠭᠡ᠂  ᠬᠠᠯᠠᠭᠤᠨ ᠷᠠᠰᠢᠶᠠᠨ + ᠦᠨᠳᠦᠰᠦᠳᠡᠨ ᠤ ᠰᠤᠶᠤᠯ ᠵᠡᠷᠭᠡ ᠦᠪᠡᠷᠮᠢᠴᠡ ᠤᠨᠴᠠᠯᠢᠭᠳᠤ ᠵᠤᠭᠠᠴᠠᠯ ᠤᠨ  ᠪᠦᠳᠦᠭᠡᠭᠳᠡᠭᠦᠨ ᠨᠢ ᠨᠢᠭᠡᠨᠳᠡ ᠤᠲᠤᠭ ᠬᠤᠰᠢᠭᠤᠨ ᠤ ᠵᠤᠭᠠᠴᠠᠯ ᠤᠨ ᠨᠡᠷ ᠎ᠠ ᠳᠡᠮᠳᠡᠭ ᠪᠤᠯᠵᠠᠢ᠃            ᠸᠠᠨ ᠳ᠋ᠧ ᠯᠦᠡᠭ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠵᠤᠤ ᠳ᠋ᠦᠨ ᠬᠡᠯᠡᠬᠦ ᠳᠤ ᠪᠠᠨ᠄ ︽ᠡᠨᠡ  ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠡᠩ ᠤᠯᠠᠨ ᠬᠦᠮᠦᠰ ᠢ ᠮᠤᠩᠭᠤᠯ ᠦᠨᠳᠦᠰᠦᠳᠡᠨ ᠤ ᠰᠤᠶᠤᠯ ᠢ  ᠤᠢᠢᠯᠠᠭᠠᠭᠤᠯᠵᠤ᠂ ᠮᠠᠨ ᠤ ᠡ᠊ᠨᠳᠡ ᠢᠷᠡᠬᠦ ᠨᠢ ᠵᠦᠪᠬᠡᠨ ᠵᠤᠭᠠᠴᠠᠬᠤ ᠪᠢᠰᠢ᠂ ᠬᠠᠷᠢᠨ ᠨᠢᠭᠡᠨ ᠤᠳᠠᠭᠠᠨ ᠤ  ᠰᠤᠶᠤᠯ ᠤᠨ ᠮᠦᠷᠳᠡᠯᠳᠡ ᠬᠢᠵᠤ ᠪᠡᠶ᠎ᠠ ᠪᠠᠷ ᠢᠶᠠᠨ ᠤᠢᠢᠯᠠᠭᠠᠵᠤ ᠮᠡᠳᠡᠷᠡᠭᠰᠡᠨ ᠠᠵᠢᠯᠯᠠᠭ᠎ᠠ ᠪᠤᠯᠬᠤ ᠶᠤᠮ ᠭᠡᠰᠡᠨ ᠢ  ᠮᠡᠳᠡᠭᠦᠯᠬᠦ ᠪᠤᠯᠭᠠᠨ᠎ᠠ︾ ᠭᠡᠵᠤ ᠪᠠᠶᠢᠯ᠎ᠠ᠃  
ᠢᠷᠡᠯᠲᠡ᠄ ᠤᠷᠳᠤᠰ ᠮᠤᠩᠭᠤᠯ ᠰᠦᠯᠵᠢᠶ᠎ᠠ