ᠲᠠᠷᠢᠶᠠᠯᠠᠩ ᠤᠨ ᠲᠠᠷᠢᠮᠠᠯ ᠤᠨ ᠨᠦᠬᠦᠪᠦᠷᠢ ᠳᠤ ᠬᠤᠯᠪᠤᠭᠳᠠᠬᠤ ᠲᠠᠪᠤᠨ ᠲᠦᠷᠦᠯ ᠤᠨ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2017/12/8
     ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠬᠡ ᠳᠠᠭᠠᠭᠠᠴᠢᠯᠠᠬᠤ ᠡᠷᠬᠡ ᠡᠵᠡᠩᠨᠡᠬᠦ ᠡᠷᠬᠡ ᠶᠢ ᠰᠠᠯᠭᠠᠬᠤ ᠶᠢ ᠲᠡᠭᠦᠯᠳᠡᠷᠵᠢᠭᠦᠯᠬᠦ ᠠᠷᠭ᠎ᠠ ᠶᠢᠨ ᠳᠤᠬᠠᠢ ᠰᠠᠨᠠᠯ︾᠎ ᠢ ᠦᠨᠳᠦᠰᠦᠯᠡᠪᠡᠯ᠂ ᠤᠯᠤᠰ ᠤᠨ ᠰᠢᠨ᠎ᠠ ᠪᠠᠷ ᠨᠡᠮᠡᠭᠳᠡᠬᠦᠯᠦᠭᠰᠡᠨ ᠲᠠᠷᠢᠶᠠᠯᠠᠩ ᠤᠨ ᠨᠦᠬᠦᠪᠦᠷᠢ ᠶᠢ ᠬᠡᠪᠴᠢᠶᠡᠵᠢᠭᠦᠯᠦᠨ ᠡᠵᠡᠩᠨᠡᠵᠦ ᠪᠠᠶᠢᠭ᠎ᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠬᠤᠷᠰᠢᠶ᠎ᠠ ᠵᠡᠷᠭᠡ ᠰᠢᠨ᠎ᠠ ᠬᠡᠯᠪᠡᠷᠢ ᠶᠢᠨ ᠭᠤᠤᠯ ᠴᠤᠭᠴᠠ ᠳᠤ ᠵᠤᠬᠢᠰᠲᠠᠢ ᠪᠠᠷ ᠵᠤᠬᠢᠬᠤ ᠬᠠᠷᠠᠭᠠᠯᠵᠠᠯ ᠦᠵᠡᠬᠦᠯᠬᠦ ᠪᠠᠷ ᠪᠤᠢ᠃ ᠲᠡᠭᠡᠪᠡᠯ ᠲᠠᠷᠢᠶᠠᠯᠠᠩ ᠤᠨ ᠲᠠᠷᠢᠮᠠᠯ ᠤᠨ ᠳᠤᠰᠬᠠᠢ ᠬᠤᠷᠰᠢᠶ᠎ᠠ ᠪᠤᠯᠤᠨ ᠬᠦᠳᠡᠭᠡ ᠳᠤᠰᠬᠤᠨ ᠤ ᠬᠤᠷᠰᠢᠶ᠎ᠠ ᠳᠤ ᠶᠠᠮᠠᠷ ᠶᠠᠮᠠᠷ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠪᠠᠶᠢᠬᠤ ᠪᠤᠢ︖      ᠨᠢᠭᠡ᠄ ᠬᠠᠷᠠᠭᠠᠯᠵᠠᠯ ᠤᠨ ᠲᠦᠷᠦ ᠶᠢᠨ ᠪᠤᠳᠤᠯᠭ᠎ᠠ      ᠭᠠᠶᠢᠯᠢ ᠶᠢᠨ ᠬᠠᠷᠠᠭᠠᠯᠵᠠᠯ      1. ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠭᠦᠨ ᠢᠶᠠᠨ ᠪᠤᠷᠤᠯᠠᠭᠤᠯᠵᠤ ᠪᠠᠶᠢᠭ᠎ᠠ ᠶᠢ ᠲᠠᠷᠢᠶᠠᠴᠢᠨ ᠬᠤᠪᠢ ᠶᠢᠨ ᠦᠢᠯᠡᠳᠪᠦᠷᠢᠯᠡᠭᠰᠡᠨ ᠲᠠᠷᠢᠶᠠᠯᠠᠩ ᠤᠨ ᠪᠦᠲᠦᠭᠡᠭᠳᠡᠭᠦᠨ ᠢᠶᠠᠨ ᠪᠤᠷᠤᠯᠠᠭᠤᠯᠵᠦ ᠪᠠᠶᠢᠬᠤ ᠪᠠᠷ ᠦᠵᠡᠵᠤ᠂ ᠨᠡᠮᠡᠭᠳᠡᠯ ᠦᠷᠲᠡᠭ ᠤᠨ ᠭᠠᠶᠢᠯᠢ ᠠᠴᠠ ᠬᠡᠯᠲᠦᠷᠢᠭᠦᠯᠦᠨ᠎ᠠ᠃      2. ᠡᠩ ᠤᠨ ᠭᠠᠶᠢᠯᠢ ᠲᠤᠰᠢᠶᠠᠭᠴᠢ ᠲᠠᠷᠢᠶᠠᠴᠢᠨ ᠤ ᠲᠤᠰᠬᠠᠢ ᠬᠤᠷᠰᠢᠶ᠎ᠠ ᠠᠴᠠ ᠭᠠᠶᠢᠯᠢ ᠬᠡᠯᠲᠦᠷᠢᠭᠦᠯᠦᠭᠰᠡᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠳᠤᠨ ᠠᠪᠤᠪᠠᠯ᠂ ᠨᠡᠮᠡᠭᠳᠡᠯ ᠦᠷᠳᠡᠭ ᠤᠨ ᠭᠠᠶᠢᠯᠢ ᠶᠢᠨ 13%᠎ ᠢᠶᠠᠷ ᠬᠡᠯᠳᠦᠷᠢᠬᠦᠯᠦᠨ᠎ᠡ᠃      3. ᠲᠠᠷᠢᠶᠠᠴᠢᠨ ᠤ ᠲᠤᠰᠬᠠᠢ ᠬᠤᠷᠰᠢᠶ᠎ᠠ ᠨᠢ ᠲᠤᠰ ᠬᠤᠷᠰᠢᠶ᠎ᠠ ᠶᠢᠨ ᠭᠡᠰᠢᠭᠦᠳ ᠲᠡᠭᠡᠨ ᠪᠤᠷᠤᠯᠠᠭᠤᠯᠬᠤ ᠰᠦᠯᠢᠶᠤᠤ ᠪᠦᠷᠬᠦᠪᠴᠢ᠂ ᠲᠠᠷᠢᠶᠠᠨ ᠦᠷ᠎ᠠ᠂ ᠲᠠᠷᠢᠶᠠᠨ ᠴᠢᠬᠢ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠮᠠᠰᠢᠨ ᠵᠡᠷᠭᠡ ᠶᠢᠨ ᠨᠡᠮᠡᠭᠳᠡᠯ ᠦᠷᠲᠡᠭ ᠤᠨ ᠭᠠᠶᠢᠯᠢ ᠶᠢ ᠬᠡᠯᠲᠦᠷᠢᠭᠦᠯᠦᠨ᠎ᠠ᠃      ᠤᠰᠤ ᠴᠠᠬᠢᠯᠭᠠᠨ ᠬᠡᠷᠡᠭᠯᠡᠬᠦ ᠬᠠᠷᠠᠭᠠᠯᠵᠠᠯ      1. ᠬᠡᠪᠴᠢᠶᠡᠵᠢᠭᠦᠯᠦᠨ ᠭᠠᠭ᠋ᠠᠢ ᠲᠡᠵᠢᠭᠡᠬᠦ᠂ ᠢᠳᠡᠰᠢᠨ ᠨᠤᠭᠤᠭ᠎ᠠ ᠳᠠᠷᠢᠬᠤ ᠵᠡᠷᠭᠡ ᠳᠤ ᠬᠡᠷᠡᠭᠯᠡᠬᠦ ᠤᠰᠤ᠂ ᠴᠠᠬᠢᠯᠭᠠᠨ ᠢ ᠲᠠᠷᠢᠶᠠᠯᠠᠩ ᠳᠤ ᠬᠡᠷᠡᠭᠯᠡᠬᠦ ᠤᠰᠤ ᠴᠠᠬᠢᠯᠭᠠᠨ ᠤ ᠰᠦᠢᠳᠭᠡᠯ ᠲᠠᠢ ᠠᠳᠠᠯᠢ ᠦᠨ᠎ᠠ ᠪᠠᠷ ᠪᠤᠳᠤᠨ᠎ᠠ᠃             2. ᠴᠠᠬᠢᠯᠭᠠᠨ ᠬᠦᠴᠦᠨ ᠤ ᠰᠠᠯᠠᠭ᠎ᠠ ᠮᠦᠴᠢᠷ ᠤᠨ ᠠᠮᠦ ᠪᠤᠳᠠᠭ᠎ᠠ ᠬᠠᠲᠠᠭᠠᠵᠤ ᠡᠳ᠋ᠰᠢᠬᠦᠯᠬᠦ ᠮᠠᠰᠢᠨ ᠲᠦᠭᠦᠭᠡᠷᠦᠮᠵᠢ ᠳᠤ ᠬᠡᠷᠡᠭᠯᠡᠬᠦ ᠴᠠᠬᠢᠯᠭᠠᠨ ᠢ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠠ ᠠᠴᠠ ᠳᠤᠤᠷ᠎ᠠ ᠪᠠᠶᠢᠯᠭᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠠ᠃     ᠬᠤᠶᠠᠷ᠄ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ      ᠤᠯᠤᠰ ᠠᠴᠠ ᠤᠯᠭᠤᠬᠤ ᠲᠠᠷᠢᠶᠠᠯᠠᠩ ᠤᠨ ᠬᠤᠷᠰᠢᠶ᠎ᠠ ᠶᠢᠨ ᠨᠦᠬᠦᠪᠦᠷᠢ ᠳᠤ᠂ ᠭᠠᠵᠠᠷ ᠰᠢᠷᠤᠢ ᠪᠠᠨ ᠰᠢᠯᠵᠢᠭᠦᠯᠦᠨ ᠦᠭᠬᠦ ᠨᠦᠬᠦᠪᠦᠷᠢ᠂ ᠵᠢᠭᠡᠯᠡᠯᠭᠡ ᠶᠢᠨ ᠨᠦᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠤᠬᠰᠠᠨ ᠨᠦᠬᠦᠪᠦᠷᠢ᠂ ᠠᠮᠤ ᠪᠤᠳᠠᠭ᠎ᠠ ᠳᠠᠷᠢᠬᠰᠠᠨ ᠨᠦᠬᠦᠪᠦᠷᠢ᠂ ᠲᠠᠷᠢᠶᠠᠯᠠᠩ ᠤᠨ ᠬᠡᠷᠡᠭᠰᠡᠯ ᠤᠨ ᠶᠠᠷᠦᠩᠬᠡᠶᠢᠯᠡᠭᠰᠡᠨ ᠨᠦᠬᠦᠪᠦᠷᠢ ᠂ ᠬᠡᠪᠴᠢᠶᠡᠵᠢᠬᠦᠯᠦᠨ ᠭᠠᠭ᠋ᠠᠢ ᠳᠠᠵᠢᠬᠡᠬᠦ ᠪᠠᠷᠢᠮᠵᠢᠶᠠᠵᠢᠭᠰᠠᠨ ᠲᠠᠯᠠᠪᠠᠢ ᠪᠠᠶᠢᠭᠤᠯᠤᠬᠰᠠᠨ ᠨᠦᠬᠦᠪᠦᠷᠢ᠂ ᠲᠠᠷᠢᠶᠠᠯᠠᠩ ᠤᠨ ᠳᠠᠭᠠᠳᠬᠠᠯ ᠤᠨ ᠨᠦᠬᠦᠪᠦᠷᠢ᠂ ᠬᠠᠮᠤᠭ ᠳᠤᠤᠷ᠎ᠠ ᠦᠨ᠎ᠠ ᠪᠠᠷ ᠠᠮᠤ ᠪᠤᠳᠠᠭ᠎ᠠ ᠬᠤᠳᠠᠯᠳᠤᠨ ᠠᠪᠬᠤ ᠨᠦᠬᠦᠪᠦᠷᠢ᠂ ᠲᠠᠷᠢᠶᠠᠯᠠᠬᠤ ᠶᠢ ᠵᠤᠭᠰᠤᠭᠠᠵᠦ ᠤᠢ ᠮᠤᠳᠤ ᠲᠠᠷᠢᠬᠰᠠᠨ ᠨᠦᠬᠦᠪᠦᠷᠢ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠭᠰᠠᠨ ᠨᠦᠬᠦᠪᠦᠷᠢ ᠵᠡᠷᠭᠡ ᠪᠤᠢ᠃ ᠪᠤᠲᠠᠲᠠᠢ ᠲᠦᠷᠦᠯ ᠵᠦᠢᠯ ᠢ ᠭᠤᠶᠤᠴᠢᠯᠡᠨ ᠮᠡᠳᠡᠭᠦᠯᠬᠦ ᠳᠡᠭᠡᠨ ᠡᠯ᠎ᠠ ᠮᠤᠵᠢ ᠬᠤᠲᠠ ᠶᠢᠨ ᠠᠳᠠᠯᠢ ᠪᠤᠰᠤ ᠪᠠᠶᠢᠳᠠᠯ ᠢᠶᠠᠨ ᠦᠨᠳᠦᠰᠦᠯᠡᠨ ᠮᠡᠳᠡᠬᠦᠯᠦᠨ᠎ᠠ᠃     ᠭᠤᠷᠪᠠ᠄ ᠲᠠᠷᠢᠶᠠᠯᠠᠩ ᠲᠠᠢ ᠬᠤᠯᠪᠤᠭᠳᠠᠭᠰᠠᠠ ᠲᠦᠷᠦᠯ ᠵᠦᠢᠯ ᠢᠶᠠᠷ ᠳᠡᠮᠵᠢᠬᠦ ᠲᠦᠷᠦ ᠶᠢᠨ ᠪᠤᠳᠤᠯᠭ᠎ᠠ      ᠲᠤᠰᠬᠠᠢ ᠲᠦᠷᠦᠯ ᠢᠶᠠᠷ ᠳᠡᠮᠵᠢᠬᠦ ᠲᠠᠯ᠎ᠠ ᠪᠠᠷ ᠤᠯᠤᠰ ᠠᠴᠠ ᠲᠠᠷᠢᠶᠠᠴᠢᠨ ᠤ ᠲᠤᠰᠬᠠᠢ ᠬᠤᠷᠰᠢᠶ᠎ᠠ ᠳᠤ ᠳᠡᠮᠵᠢᠯᠭᠡ ᠦᠵᠡᠬᠦᠯᠳᠡᠭ᠃ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠠᠯᠪᠠᠨ ᠭᠡᠷ ᠤᠨ ︽ᠰᠢᠨ᠎ᠠ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠠᠴᠠ ᠦᠨᠳᠦᠷ ᠪᠠᠷᠢᠮᠵᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠶᠢᠨ ᠲᠤᠷᠰᠢᠯᠲᠠ ᠶᠢᠨ ᠴᠢᠬ ᠢ ᠮᠡᠳᠡᠬᠦᠯᠦᠨ ᠬᠡᠷᠡᠭᠵᠢᠬᠦᠯᠬᠦ ᠲᠤᠬᠠᠢ ᠰᠠᠨᠠᠯ︾᠎ ᠳᠤ ᠲᠤᠭᠲᠠᠭᠠᠭᠰᠠᠨ ᠢᠶᠠᠷ᠂ ᠰᠢᠨ᠎ᠠ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠦᠨᠳᠦᠷ ᠪᠠᠷᠢᠮᠵᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠮᠡᠳᠡᠬᠦᠯᠦᠨ ᠬᠡᠷᠡᠭᠵᠢᠬᠦᠯᠬᠦ ᠶᠢ ᠢᠳᠡᠪᠬᠢᠲᠠᠢ ᠳᠡᠮᠵᠢᠨ᠎ᠠ ᠭᠡᠵᠡᠢ᠃ ᠳᠠᠩ ᠭᠠᠭᠴᠠ ᠲᠦᠷᠦᠯ ᠵᠦᠢᠯ ᠤᠨ ᠮᠡᠳᠡᠭᠦᠯᠦᠠ ᠬᠡᠷᠡᠭᠵᠢᠬᠦᠯᠬᠦ ᠪᠤᠲᠠᠲᠠᠢ ᠲᠠᠯᠠᠪᠠᠢ᠂ ᠵᠠᠷᠴᠢᠮ ᠳᠡᠭᠡᠷ᠎ᠠ ᠪᠠᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠲᠤᠷᠰᠢᠯᠲᠠ ᠶᠢᠨ ᠲᠦᠷᠦᠯ ᠵᠦᠢᠯ ᠨᠢ ᠲᠠᠯ᠎ᠠ ᠭᠠᠵᠠᠷ ᠪᠠᠶᠢᠪᠠᠯ 500 ᠮᠦ ᠠᠴᠠ ᠳᠤᠷᠤᠭᠰᠢ ᠪᠠᠶᠢᠵᠤ ᠪᠤᠯᠬᠤ ᠦᠭᠡᠢ᠂ ᠳᠤᠪᠤᠷᠬᠠᠭ ᠠᠭᠤᠯᠠᠷᠬᠠᠭ ᠭᠠᠵᠠᠷ ᠪᠤᠯ 300 ᠮᠦ ᠠᠴᠠ ᠳᠤᠷᠤᠭᠰᠢ ᠪᠠᠶᠢᠵᠤ ᠪᠤᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠨ ᠨᠡᠬᠡᠬᠡᠠ ᠬᠦᠭᠵᠢᠬᠦᠯᠬᠦ ᠭᠠᠵᠠᠷ ᠰᠢᠷᠤᠢ ᠶᠢᠨ ᠵᠠᠰᠠᠯᠲᠠ ᠶᠢᠨ ᠲᠦᠷᠦᠯ ᠵᠦᠢᠯ ᠳᠤ ᠤᠯᠭᠤᠬᠤ ᠡᠳ᠋ ᠶᠢᠨ ᠵᠠᠰᠠᠭ ᠤᠨ ᠨᠦᠬᠦᠪᠦᠷᠢ ᠶᠢ ᠮᠦ ᠪᠦᠷᠢ ᠶᠢ 1500 ᠲᠦᠭᠦᠷᠢᠭ ᠠᠴᠠ ᠲᠠᠪᠠᠭᠤᠯᠵᠤ ᠪᠤᠯᠬᠤ ᠦᠭᠡᠢ ᠭᠡᠵᠠᠢ᠃      ᠠᠵᠦ ᠦᠢᠯᠡᠰᠵᠢᠬᠦᠯᠬᠦ ᠲᠦᠷᠦᠯ ᠵᠦᠢᠯ ᠤᠨ ᠳᠡᠮᠵᠢᠯᠭᠡ ᠶᠢᠨ ᠲᠠᠯ᠎ᠠ ᠪᠠᠷ᠂ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠠᠯᠪᠠᠨ ᠭᠡᠷ ᠤᠨ 68 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠳᠤ᠂ ᠲᠦᠷᠦᠯ ᠵᠦᠢᠯ ᠤᠨ ᠠᠭᠤᠯᠭ᠎ᠠ ᠶᠢ ᠲᠤᠳᠤᠷᠬᠠᠢ ᠲᠤᠭᠲᠠᠭᠠᠪᠠ᠃ 2016 ᠤᠨ ᠤ ᠤᠯᠤᠰ ᠤᠨ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ ᠨᠢ ᠵᠠᠷᠴᠢᠮ ᠳᠡᠭᠡᠷ᠎ᠠ ᠪᠠᠨ ︽ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠲᠠ ᠶᠢ ᠳᠡᠮᠵᠢᠬᠦ ᠲᠠᠷᠢᠶᠠᠯᠠᠩ ᠤᠨ ᠳᠠᠪᠠᠭᠤᠯᠢᠭ ᠤᠨᠴᠠᠯᠢᠭᠲᠤ ᠠᠵᠦ ᠦᠢᠯᠡᠰ ᠤᠨ ᠲᠦᠯᠦᠪᠯᠡᠭᠡ ︵2016 — 2018 ᠤᠨ︶︾᠎ ᠲᠠᠢ ᠨᠡᠶᠢᠴᠡᠬᠦ ᠬᠡᠷᠡᠭᠳᠠᠢ ᠬᠡᠵᠤ ᠱᠠᠭᠠᠷᠳᠠᠪᠠ᠃ ᠡᠭᠦᠨ ᠳᠤ ᠭᠤᠤᠯᠳᠠᠭᠤ ᠠᠵᠦ ᠠᠬᠤᠢ ᠶᠢᠨ ᠤᠢ ᠵᠢᠴᠢ ᠲᠦᠬᠦᠭᠡᠷᠦᠮᠵᠢᠲᠦ ᠲᠠᠷᠢᠶᠠᠯᠠᠩ᠂ ᠮᠠᠯ ᠵᠢᠭᠦᠷᠲᠡᠨ᠂ ᠤᠰᠤᠨ ᠤ ᠭᠠᠷᠤᠯᠲᠠ ᠶᠢ ᠲᠡᠵᠢᠭᠡᠨ ᠦᠷᠡᠵᠢᠭᠦᠯᠬᠦ ᠰᠠᠭᠤᠷᠢᠨ ᠤ ᠲᠦᠷᠦᠯ ᠵᠦᠢᠯ︔ ᠠᠮᠤ ᠲᠤᠰᠤ᠂ ᠵᠢᠮᠢᠰ ᠨᠤᠭᠤᠭ᠎ᠠ᠂ ᠮᠠᠯ ᠵᠢᠭᠦᠷᠲᠡᠨ ᠵᠡᠷᠭᠡ ᠲᠠᠷᠢᠵᠦ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠬᠦᠯᠦᠨ ᠪᠤᠯᠪᠠᠰᠤᠷᠠᠭᠤᠯᠬᠤ ᠲᠦᠷᠦᠯ ᠵᠦᠢᠯ︔ ᠲᠠᠷᠢᠶᠠᠯᠠᠩ ᠤᠨ ᠪᠦᠲᠦᠭᠡᠭᠳᠡᠭᠦᠨ ᠢ ᠰᠢᠨ᠎ᠠ ᠰᠤᠷᠭᠤᠭ ᠢᠶᠠᠷ ᠬᠠᠳᠠᠭᠠᠯᠠᠬᠤ᠂ ᠭᠠᠷᠤᠯᠲᠠ ᠶᠢᠨ ᠤᠷᠤᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠵᠡᠷᠭᠡ ᠪᠠᠷᠠᠭᠠᠨ ᠤ ᠭᠦᠢᠯᠭᠡᠭᠡᠨ ᠤ ᠳᠤᠨᠤᠭ ᠲᠦᠬᠦᠭᠡᠷᠦᠮᠵᠢ ᠶᠢᠨ ᠲᠦᠷᠦᠯ ᠵᠦᠢᠯ ᠪᠠᠭᠲᠠᠭᠠᠨ᠎ᠠ᠃      ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠵᠦ ᠠᠵᠦ ᠦᠢᠯᠡᠰᠵᠢᠬᠦᠯᠦᠨ ᠡᠵᠡᠩᠨᠡᠬᠦ ᠲᠦᠷᠦᠯ ᠵᠦᠢᠯ ᠳᠤ᠂ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ ᠪᠤᠯᠤᠨ ᠵᠢᠭᠡᠯᠡᠯᠭᠡ ᠶᠢᠨ ᠬᠦᠦ ᠮᠦᠡᠭᠭᠦ ᠶᠢ ᠤᠷᠤᠯᠠᠨ ᠦᠭᠬᠦ ᠲᠦᠷᠦᠯ ᠵᠦᠢᠯ ᠪᠠᠭᠲᠠᠨ᠎ᠠ᠃ ᠡᠳ᠋ ᠤᠨ ᠵᠠᠰᠠᠭ ᠤᠨ ᠨᠦᠬᠦᠪᠦᠷᠢ ᠮᠦᠡᠭᠭᠦ ᠶᠢ ᠬᠡᠷᠡᠭᠯᠡᠬᠦ ᠬᠡᠪᠴᠢᠶ᠎ᠠ ᠨᠢ ︽ᠤᠯᠤᠰ ᠤᠨ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠪᠡᠯᠨ ᠮᠦᠡᠭᠭᠦ ᠪᠤᠯᠤᠨ ᠲᠦᠷᠦᠯ ᠵᠦᠢᠯ ᠢ ᠬᠠᠮᠢᠶᠠᠷᠬᠤ ᠠᠷᠭ᠎ᠠ︾ ︵ᠡᠳ᠋ ᠤᠨ ᠵᠠᠰᠭ ᠤᠨ ᠶᠠᠮᠤᠨ ᠤ 60 ᠳ᠋ᠤᠭᠠᠷ ᠲᠤᠭᠠᠲᠤ ᠪᠢᠴᠢᠭ ᠮᠠᠲ᠋ᠧᠷᠢᠶᠠᠯ︶᠎ ᠶᠢᠨ ᠬᠠᠮᠢᠶ᠎ᠠ ᠪᠦᠬᠦᠢ ᠲᠤᠭᠲᠠᠭᠠᠯ ᠢᠶᠠᠷ ᠬᠡᠷᠡᠭᠵᠢᠭᠦᠯᠦᠨ᠎ᠠ᠃ ᠡᠯ᠎ᠠ ᠭᠠᠵᠠᠷ ᠤᠷᠤᠨ ︽ᠤᠷᠢᠳᠠᠪᠠᠷ ᠪᠠᠶᠢᠭᠤᠯᠵᠦ ᠳᠠᠷᠠᠭ᠎ᠠ ᠨᠢ ᠨᠦᠬᠦᠪᠦᠷᠢᠯᠡᠬᠦ︾ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠬᠦ ᠶᠢ ᠵᠤᠷᠢᠭᠵᠢᠭᠤᠯᠤᠨ᠎ᠠ᠃      ᠳᠦᠷᠦᠯ ᠵᠦᠢᠯ ᠮᠡᠳᠡᠭᠦᠯᠬᠦ ᠬᠤᠷᠰᠢᠶ᠎ᠠ ᠳᠤ ᠪᠠᠰᠠ ᠵᠤᠬᠢᠬᠤ ᠱᠠᠭᠠᠷᠳᠠᠯᠭ᠎ᠠ ᠲᠠᠯᠪᠢᠪᠠ᠄ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠬᠡᠷᠡᠭᠳᠠᠢ︔ ᠦᠨᠡᠨᠴᠢ ᠢᠲᠡᠭᠡᠮᠵᠢ ᠶᠢᠨ ᠲᠡᠮᠳᠡᠭᠯᠡᠯ ᠲᠠᠢ ᠪᠠᠶᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠳᠠᠪᠦᠷᠢ ᠶᠢ ᠪᠦᠷᠢᠯᠳᠦᠬᠦᠯᠦᠭᠰᠡᠨ ᠪᠠᠶᠢᠬᠤ ᠬᠡᠷᠡᠭᠳᠠᠢ ︔ ︽ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠤᠯᠢ︾᠎ ᠶᠢᠨ ᠬᠠᠮᠢᠶ᠎ᠠ ᠪᠦᠬᠦᠢ ᠳᠦᠷᠢᠮ‌‍ᠲ᠋ᠤᠭᠲᠠᠭᠠᠯ ᠲᠠᠢ ᠨᠠᠶᠢᠴᠡᠵᠦ᠂ ᠡᠷᠬᠡ ᠲᠤᠳᠤᠷᠬᠠᠢ᠂ ᠲᠤᠭᠲᠠᠭᠠᠯ ᠳᠦᠷᠢᠮᠵᠢᠭᠰᠡᠨ᠂ ᠡᠵᠡᠩᠨᠡᠯᠲᠡ ᠶᠢᠨ ᠳᠤᠭᠳᠠᠴᠠ ᠵᠤᠬᠢᠰᠲᠠᠢ ᠪᠠᠶᠢᠬᠤ ᠬᠡᠷᠡᠭᠳᠠᠢ︔ ᠦᠷᠬᠦᠯᠵᠢᠯᠡᠨ 1 ᠵᠢᠯ ᠠᠴᠠ ᠳᠡᠭᠡᠭᠰᠢ ᠡᠵᠡᠩᠨᠡᠭᠰᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠨᠡᠯᠢᠶᠡᠳ ᠳᠦᠷᠢᠮᠵᠢᠭᠰᠡᠨ᠂ ᠵᠢᠱᠢᠶᠡᠴᠢ ᠳᠠᠭᠠᠭᠤᠯᠤᠭᠴᠢ ᠦᠢᠯᠡᠳᠦᠯ ᠨᠢ ᠴᠢᠩᠭ᠎ᠠ ᠪᠠᠶᠢᠬᠤ ᠬᠡᠷᠡᠭᠲᠠᠢ᠃      ᠬᠦᠳᠡᠭᠡ ᠠᠵᠦ ᠠᠬᠤᠢ ᠶᠢᠨ ᠶᠠᠮᠤᠨ ᠵᠡᠷᠭᠡ 7 ᠶᠠᠮᠤᠨ ᠵᠦᠪᠯᠡᠯ ᠠᠴᠠ᠂ ᠲᠠᠷᠢᠶᠠᠯᠠᠩ ᠳᠤ ᠬᠤᠯᠪᠤᠭᠳᠠᠬᠤ ᠲᠦᠷᠦᠯ ᠵᠦᠢᠯ ᠢ ᠳᠠᠭᠠᠭᠠᠴᠢᠯᠠᠨ ᠬᠢᠬᠦ ᠳᠤ ᠳᠤᠬᠢᠷᠠᠬᠤ ᠲᠠᠷᠢᠶᠠᠴᠢᠨ ᠤ ᠲᠤᠰᠬᠠᠢ ᠬᠤᠷᠰᠢᠶ᠎ᠠ ᠶᠢ ᠭᠤᠶᠤᠴᠢᠯᠠᠨ ᠮᠡᠳᠡᠭᠦᠯᠬᠦ ᠬᠦᠷᠢᠶ᠎ᠠ ᠬᠡᠪᠴᠢᠶᠡᠨ ᠳᠤ ᠤᠷᠤᠭᠤᠯᠤᠨ᠎ᠠ ᠭᠡᠵᠦ ᠳᠤᠭᠳᠠᠭᠠᠪᠠ᠃      ᠮᠠᠨ ᠤ ᠤᠯᠤᠰ ᠤᠨ ᠲᠤᠰᠬᠠᠢ ᠲᠦᠷᠦᠯ ᠵᠦᠢᠯ ᠤᠨ ᠳᠡᠮᠵᠢᠯᠭᠡ ᠳᠤ ᠲᠠᠷᠢᠶᠠᠯᠠᠩ ᠳᠤ ᠬᠤᠯᠪᠤᠭᠳᠠᠬᠤ ᠲᠦᠷᠦᠯ ᠵᠦᠢᠯ ᠨᠡᠯᠢᠶᠡᠳ ᠤᠯᠠᠨ ᠪᠤᠢ᠂ ᠳᠠᠷᠢᠶᠠᠯᠠᠩ ᠤᠨ ᠶᠡᠷᠦᠩᠬᠡᠶᠢᠯᠡᠨ ᠨᠡᠬᠡᠬᠡᠨ ᠬᠦᠭᠵᠢᠬᠦᠯᠦᠯᠳᠠ ᠶᠢᠨ ᠵᠢᠬᠡᠯᠡᠯᠬᠡ ᠶᠢᠨ ᠬᠦᠦ ᠮᠦᠩᠬᠦ ᠶᠢ ᠨᠢ ᠨᠦᠬᠦᠪᠦᠷᠢᠯᠡᠬᠦ ᠳᠦᠷᠦᠯ ᠵᠦᠢᠯ ᠳᠤ᠂ ᠬᠠᠮᠤᠭ ᠳᠣᠣᠷ᠎ᠠ 100 ᠲᠦᠮᠡᠨ ᠲᠦᠭᠦᠷᠢᠭ᠂ ᠬᠠᠮᠤᠭ ᠦᠨᠳᠦᠷ 6000 ᠲᠦᠮᠡᠨ ᠲᠦᠭᠦᠷᠢᠭ ᠨᠦᠬᠦᠪᠦᠷᠢᠯᠡᠨ᠎ᠡ ᠭᠡᠵᠠᠢ᠃      ᠲᠠᠷᠢᠶᠠᠯᠠᠩ ᠤᠨ ᠶᠡᠷᠦᠩᠬᠡᠶᠢᠯᠡᠨ ᠨᠡᠬᠡᠬᠡᠨ ᠬᠦᠭᠵᠢᠬᠦᠯᠵᠦ ᠠᠵᠦ ᠦᠢᠯᠡᠰᠵᠢᠬᠦᠯᠦᠨ ᠡᠵᠡᠩᠨᠡᠬᠦ ᠲᠦᠷᠦᠯ ᠵᠦᠢᠯ᠂ ᠭᠠᠵᠠᠷ ᠰᠢᠷᠤᠢ ᠶᠢ ᠴᠡᠭᠴᠡᠯᠡᠨ ᠵᠠᠰᠠᠬᠤ ᠲᠦᠷᠦᠯ ᠵᠦᠢᠯ ᠤᠨ ᠳᠡᠮᠵᠢᠯᠬᠡ ᠶᠢᠨ ᠮᠦᠡᠭᠭᠦ ᠨᠢ 80 — 160 ᠲᠦᠮᠡᠨ ᠲᠦᠭᠦᠷᠢᠭ᠃ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ᠂ ᠲᠦᠪᠯᠡᠷᠡᠭᠦᠯᠦᠨ ᠬᠡᠢ ᠬᠠᠨᠭ᠍ᠭᠠᠬᠤ ᠵᠡᠷᠭᠡ ᠨᠠᠮᠤᠭ ᠤᠨ ᠬᠡᠢ ᠶᠢᠨ ᠢᠨᠵᠧᠨᠧᠷᠢᠩ ᠤᠨ ᠲᠦᠷᠦᠯ ᠵᠦᠢᠯ ᠢ 20 — 80 ᠲᠦᠮᠡᠨ ᠲᠦᠭᠦᠷᠢᠭ ᠢᠶᠠᠷ ᠳᠡᠮᠵᠢᠨ᠎ᠠ᠃ ︽ᠢᠳᠡᠰᠢᠨ ᠨᠤᠭᠤᠭ᠎ᠠ︾᠎ ᠶᠢᠨ ᠪᠦᠲᠦᠭᠡᠭᠳᠡᠭᠦᠨ ᠦᠢᠯᠡᠳᠪᠦᠷᠢᠯᠡᠬᠦ ᠶᠢ ᠳᠡᠮᠵᠢᠬᠦ ᠲᠦᠷᠦᠯ ᠵᠦᠢᠯ ᠢ 100 ᠲᠦᠮᠡᠨ ᠲᠦᠭᠦᠷᠢᠭ ᠢᠶᠠᠷ ᠳᠡᠮᠵᠢᠨ᠎ᠠ᠃ ᠲᠠᠷᠢᠶᠠᠯᠠᠩ ᠤᠨ ᠶᠡᠷᠦᠩᠬᠡᠶᠢᠯᠡᠠ ᠨᠡᠬᠡᠬᠡᠨ ᠬᠦᠭᠵᠢᠬᠦᠯᠦᠯᠳᠠ ᠶᠢᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠷᠦᠯ ᠵᠦᠢᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ᠂ ᠳᠠᠭᠠᠭᠤᠯᠤᠭᠴᠢ ᠠᠵᠦ ᠠᠬᠤᠢᠢᠯᠠᠯ ᠤᠨ ᠳᠠᠶᠢᠴᠢᠯᠠᠭᠰᠠᠨ ᠠᠵᠦ ᠦᠢᠯᠡᠰ ᠤᠨ ᠬᠦᠭᠵᠢᠯᠲᠡ ᠪᠤᠯᠤᠨ ︽ᠨᠢᠭᠡ ᠰᠢᠶᠠᠨ ᠳᠤ ᠨᠢᠭᠡ ᠤᠨᠴᠠᠯᠢᠭ ᠲᠠᠢ ᠪᠠᠶᠢᠬᠤ︾ ᠠᠵᠦ ᠦᠢᠯᠡᠰ ᠤᠨ ᠬᠦᠭᠵᠢᠯᠳᠠ ᠶᠢᠨ ᠲᠤᠷᠰᠢᠯᠲᠠ ᠶᠢᠨ ᠴᠢᠬ ᠤᠨ ᠲᠦᠷᠦᠯ ᠵᠦᠢᠯ ᠳᠤ᠂ ᠳᠠᠭᠠᠭᠤᠯᠤᠭᠴᠢ ᠠᠵᠦ ᠠᠬᠤᠢᠢᠯᠡᠯ ᠢ 100 — 300 ᠲᠦᠮᠡᠨ ᠲᠦᠭᠦᠷᠢᠭ ᠢᠶᠠᠷ ᠳᠤᠰᠬᠠᠢ ᠬᠤᠷᠰᠢᠶ᠎ᠠ ᠶᠢ 50 — 150 ᠲᠦᠮᠡᠨ ᠲᠦᠭᠦᠷᠢᠭ ᠢᠶᠠᠷ ᠳᠡᠮᠵᠢᠨ᠎ᠠ᠃     ᠳᠦᠷᠪᠡ᠄ ᠲᠠᠷᠢᠶᠠᠯᠠᠩ ᠤᠨ ᠪᠦᠲᠦᠭᠡᠭᠳᠡᠭᠦᠨ ᠤ ᠨᠡᠪᠳᠡᠷᠡᠯᠴᠡᠨ ᠬᠤᠯᠪᠤᠭᠠᠯᠠᠬᠤ ᠲᠦᠷᠦ ᠶᠢᠨ ᠪᠤᠳᠤᠯᠭ᠎ᠠ      ᠬᠤᠷᠰᠢᠶ᠎ᠠ ᠶᠢᠨ ᠬᠢᠨ ᠬᠤᠲᠠ ᠶᠢᠨ ᠲᠤᠮᠤ ᠬᠡᠯᠪᠡᠷᠢ ᠶᠢᠨ ᠬᠡᠯᠬᠢᠶᠡᠵᠢᠭᠰᠡᠨ ᠬᠠᠮ ᠳᠡᠯᠭᠡᠭᠦᠷ᠂ ᠶᠡᠭᠡ ᠳᠡᠭᠡᠳᠦ ᠰᠤᠷᠭᠠᠭᠤᠯᠢ ᠶᠢᠨ ᠬᠤᠭᠤᠯᠠᠨ ᠭᠡᠷ᠂ ᠲᠠᠷᠢᠶᠠᠯᠠᠩ ᠤᠨ ᠬᠡᠷᠡᠭᠰᠡᠯ ᠤᠨ ᠦᠢᠯᠡᠳᠪᠦᠷᠢᠯᠡᠯ ᠤᠨ ᠠᠵᠦ ᠠᠬᠤᠢᠢᠯᠠᠯ ᠵᠡᠷᠭᠡ ᠡᠯ᠎ᠠ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠲᠠᠢ ᠲᠠᠷᠢᠶᠠᠯᠠᠩ ᠤᠨ ᠪᠦᠲᠦᠭᠡᠭᠳᠡᠭᠦᠨ ᠦᠢᠯᠡᠳᠪᠦᠷᠢᠯᠡᠬᠦ ᠬᠠᠨᠭ᠍ᠭᠠᠬᠤ ᠪᠤᠷᠤᠯᠠᠭᠤᠯᠬᠤ ᠶᠢ ᠵᠤᠯᠭᠠᠭᠤᠯᠬᠤ ᠶᠢ ᠬᠦᠬᠢᠭᠦᠯᠤᠠ ᠵᠤᠷᠢᠭᠵᠢᠭᠤᠯᠤᠨ᠎ᠠ᠃     ᠲᠠᠪᠤ᠄ ᠴᠢᠳᠠᠪᠦᠷᠢᠲᠠᠨ ᠢᠶᠠᠷ ᠳᠡᠮᠵᠢᠬᠦ ᠲᠦᠷᠦ ᠶᠢᠨ ᠪᠤᠳᠤᠯᠭ᠎ᠠ      2011 ᠤᠨ ᠠᠴᠠ ᠡᠬᠢᠯᠡᠨ ᠵᠤᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠤᠳᠤ ᠦᠶ᠎ᠠ ᠶᠢᠨ ᠲᠠᠷᠢᠶᠠᠯᠠᠩ ᠤᠨ ᠴᠢᠳᠠᠪᠦᠷᠢᠲᠠᠨ ᠢᠶᠠᠷ ᠲᠤᠯᠭᠠᠭᠤᠷᠢᠯᠠᠬᠤ ᠲᠦᠯᠦᠪᠯᠡᠭᠡ ᠪᠠᠷ ᠵᠢᠯ ᠪᠦᠷᠢ 1500 ᠳᠤᠰᠬᠠᠢ ᠬᠤᠷᠰᠢᠶ᠎ᠠ ᠶᠢᠨ ᠳᠠᠭᠠᠭᠤᠯᠤᠭᠴᠢ ᠶᠢ ᠬᠦᠮᠦᠵᠢᠭᠦᠯᠵᠦ ᠪᠤᠢ᠃ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠴᠢᠳᠠᠪᠦᠷᠢᠲᠠᠨ ᠤ ᠪᠤᠯᠪᠠᠰᠤᠷᠠᠯ ᠢ ︽ᠨᠠᠷᠠᠨ ᠭᠡᠷᠡᠯᠲᠦ ᠢᠨᠵᠧᠨᠧᠷᠢᠩ︾᠎ ᠳᠤ ᠤᠷᠤᠭᠤᠯᠵᠦ᠂ ᠬᠤᠷᠰᠢᠶ᠎ᠠ ᠶᠢᠨ ᠳᠠᠭᠠᠭᠤᠯᠤᠭᠴᠢ᠂ ᠡᠳ᠋ ᠤᠨ ᠶᠠᠪᠤᠳᠠᠯ ᠤᠨ ᠬᠠᠮᠢᠶᠠᠷᠤᠭᠴᠢ ᠪᠤᠯᠤᠨ ᠦᠨᠳᠦᠰᠦᠨ ᠱᠠᠲᠤᠨ ᠤ ᠬᠤᠷᠰᠢᠶ᠎ᠠ ᠶᠢᠨ ᠪᠤᠯᠪᠠᠰᠤᠷᠠᠭᠤᠯᠤᠭᠴᠢ ᠶᠢ ᠭᠤᠤᠯᠴᠢᠯᠠᠨ ᠳᠠᠪᠲᠠᠨ ᠪᠤᠯᠪᠠᠰᠤᠷᠠᠭᠤᠯᠵᠦ᠂ ᠤᠶᠤᠲᠠᠨ ᠭᠠᠴᠠᠭᠠᠨ ᠳᠠᠷᠤᠭ᠎ᠠ ᠶᠢᠨ ᠤᠷᠤᠯᠴᠠᠬᠤ ᠪᠡ ᠬᠤᠷᠰᠢᠶ᠎ᠠ ᠪᠠᠶᠢᠭᠤᠯᠬᠤ ᠶᠢ ᠵᠤᠷᠢᠭᠵᠢᠭᠤᠯᠤᠨ᠎ᠠ᠃      ︵︽ᠳᠤᠮᠳᠠᠳᠤ ᠤᠯᠤᠰ ᠤᠨ ᠲᠠᠷᠢᠶᠠᠯᠠᠩ ᠤᠢ ᠰᠢᠭᠤᠢ ᠶᠢᠨ ᠮᠡᠷᠭᠡᠵᠢᠯ ᠤᠨ ᠰᠦᠯᠵᠢᠶ᠎ᠠ︾᠎ ᠠᠴᠠ ᠤᠷᠴᠢᠭᠤᠯᠤᠨ ᠠᠪᠤᠪᠠ︶
 
ᠢᠷᠡᠯᠲᠡ᠄ ᠲᠣᠰ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号