2017 ᠤᠨ ᠠᠴᠠ ᠨᠠᠭᠠᠰᠢ ᠤᠳᠤᠭ ᠬᠤᠰᠢᠭᠤ ᠨᠢ ᠮᠠᠨ ᠤ ᠬᠤᠳᠠ ᠶᠢᠨ ᠪᠦᠬᠦ ᠤᠯᠤᠰ ᠤᠨ ᠪᠦᠬᠦ ᠤᠷᠤᠨ ᠲᠤᠭᠤᠷᠢᠭ ᠤᠨ ᠵᠢᠭᠤᠯᠴᠢᠯᠠᠯ ᠤᠨ ᠵᠢᠱᠢᠶ᠎ᠡ | ᠦᠵᠡᠬᠦᠯᠬᠦ ᠲᠤᠭᠤᠷᠢᠭ ᠢ ᠡᠭᠦᠳᠦᠨ ᠪᠠᠶᠢᠭᠤᠯᠬᠤ ᠵᠠᠪᠰᠢᠶᠠᠨ ᠢ ᠲᠤᠬᠢᠶᠠᠯᠳᠤᠭᠤᠯᠤᠨ ᠬᠤᠰᠢᠭᠤᠨ ᠤ ᠦᠪᠡᠷᠮᠢᠴᠡ ᠪᠠᠶᠢᠭᠠᠯᠢ ᠶᠢᠨ ᠤᠷᠴᠢᠨ ᠲᠤᠭᠤᠷᠢᠨ᠂ ᠦᠪ | ᠵᠤᠵᠠᠭᠠᠨ ᠬᠦᠮᠦᠨ ᠰᠤᠶᠤᠯ ᠤᠨ ᠡᠬᠢ ᠪᠠᠶᠠᠯᠢᠭ ᠪᠠ ᠦᠨᠳᠦᠰᠦᠳᠡᠨ ᠤ ᠵᠠᠩ ᠦᠢᠯᠡ ᠳᠤ ᠪᠠᠨ ᠲᠦᠰᠢᠭᠯᠡᠨ᠂ ︽ᠵᠢᠭᠤᠯᠴᠢᠯᠠᠯ +︾ ᠬᠡᠯᠪᠡᠷᠢ ᠶᠢᠨ | ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ ᠬᠢᠭᠡᠳ ᠪᠤᠰᠤᠳ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ | ᠠᠬᠢᠭᠤᠯᠤᠭᠰᠠᠨ ᠪᠠᠶᠢᠨ᠎ᠠ᠃ | ︽ᠵᠢᠭᠤᠯᠴᠢᠯᠠᠯ + ᠰᠤᠳᠤᠯᠭᠠᠨ︾ ᠨᠢ ᠤᠳᠤᠭ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠰᠢᠨ᠎ᠡ ᠬᠠᠭᠤᠳᠠᠰᠤ ᠶᠢ ᠰᠡᠭᠦᠪᠡ᠃ ᠤᠳᠤᠭ | ᠬᠤᠰᠢᠭᠤᠨ ᠤ ᠵᠢᠭᠤᠯᠴᠢᠯᠠᠯ ᠤᠨ ᠲᠤᠪᠴᠢᠶ᠎ᠠ ᠨᠢ ᠠᠪᠤᠷᠭᠤ ᠬᠦᠷᠪᠡᠯ ᠤᠨ ᠤᠯᠠ ᠮᠦᠷ᠂ ᠬᠤᠪᠢᠰᠬᠠᠯᠳᠤ ᠵᠢᠭᠤᠯᠴᠢᠯᠠᠯ ᠤᠨ ᠲᠤᠭᠤᠷᠢᠨ ᠳᠤ ᠰᠤᠳᠤᠯᠭᠠᠨ ᠤ | ᠬᠡᠯᠪᠡᠷᠢ ᠶᠢᠨ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠠᠰᠢᠭᠯᠠᠵᠤ᠂ ᠵᠤᠭᠠᠴᠠᠬᠤ ᠶᠢᠨ ᠲᠠᠭᠠᠤ ᠰᠤᠷᠴᠤ ᠰᠤᠳᠤᠯᠬᠤ ᠤᠷᠤᠰᠬᠠᠯ ᠢ ᠪᠤᠢ ᠪᠤᠯᠭᠠᠭᠰᠠᠨ ᠪᠠᠶᠢᠨ᠎ᠠ᠃ | ᠴᠢ ᠫᠠᠨ ᠵᠢᠩ ᠤᠨ ᠬᠤᠶᠠᠳᠤᠭᠠᠷ ᠬᠡᠤᠭᠡᠳ ᠤᠨ ᠴᠡᠴᠡᠷᠯᠢᠭ ᠨᠢ ᠪᠠᠭᠰᠢ ᠰᠤᠷᠤᠭᠴᠢᠳ ᠢᠶᠠᠨ ᠵᠤᠬᠢᠶᠠᠨ ᠪᠠᠶᠢᠭᠤᠯᠵᠤ ᠠᠪᠤᠷᠭᠤ ᠬᠦᠷᠪᠡᠯ ᠤᠨ ᠮᠦᠵᠡᠢ ᠪᠠᠷ | ᠲᠤᠭᠤᠷᠢᠨ ᠦᠵᠡᠵᠤ᠂ ᠠᠪᠤᠷᠭᠤ ᠬᠦᠷᠪᠡᠯ ᠤᠨ ᠤᠯᠠ ᠮᠦᠷ ᠵᠢᠴᠢ ᠠᠪᠤᠷᠭᠤ ᠬᠦᠷᠪᠡᠯ ᠤᠨ ᠤᠰᠠᠳᠤᠭᠰᠠᠨ ᠰᠢᠯᠳᠠᠭᠠᠨ ᠵᠡᠷᠭᠡ ᠲᠠᠯ᠎ᠠ ᠶᠢᠨ ᠮᠡᠳᠡᠯᠭᠡ ᠶᠢ | ᠡᠵᠡᠮᠰᠢᠭᠰᠡᠨ ᠪᠠᠶᠢᠨ᠎ᠠ︔ ︽ᠲᠤᠯᠤᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠲᠤᠷᠠᠰᠬᠠᠯ ᠤᠨ ᠡᠳᠦᠷ ᠦᠮᠡᠭᠡᠶᠢᠨᠠᠭᠤᠷ ᠪᠠᠯᠭᠠᠰᠤ ᠨᠢ ᠪᠠᠯᠭᠠᠰᠤᠨ ᠤ | ᠪᠦᠬᠦ ᠨᠠᠮ ᠤᠨ ᠬᠡᠰᠢᠬᠦᠨ ᠪᠠ ᠲᠤᠮᠳᠠᠳᠤ ᠪᠠᠭ᠎ᠠ ᠰᠤᠷᠭᠠᠭᠤᠯᠢ ᠶᠢᠨ 200 ᠰᠤᠷᠤᠭᠴᠢᠳ ᠢ ᠵᠤᠬᠢᠶᠠᠨ ᠪᠠᠶᠢᠭᠤᠯᠵᠤ᠂ ᠤᠯᠠᠭᠠᠨᠬᠦᠦ ᠶᠢᠨ ᠬᠠᠭᠤᠴᠢᠨ ᠠᠯᠪᠠᠨ ᠭᠠᠵᠠᠷ | ᠪᠠ ᠬᠤᠪᠢᠰᠬᠠᠯᠳᠤ ᠦᠵᠡᠬᠦᠯᠦᠯᠭᠡ ᠶᠢᠨ ᠤᠷᠳᠤᠨ ᠳᠤ ᠬᠦᠷᠴᠤ ᠲᠤᠭᠤᠷᠢᠨ ᠵᠤᠭᠠᠴᠠᠵᠤ᠂ ᠡᠨᠡ ᠨᠢ ᠬᠤᠪᠢᠰᠬᠠᠯᠳᠤ ᠰᠤᠳᠤᠯᠭᠠᠨ ᠬᠢᠵᠤ ᠠᠶᠠᠯᠠᠨ ᠵᠤᠭᠠᠴᠠᠬᠤ | ᠬᠦᠰᠢᠭᠡ ᠶᠢ ᠰᠡᠬᠦᠵᠤ᠂ ᠵᠤᠭᠠᠴᠠᠯ ᠢᠶᠠᠷ ᠲᠠᠮᠵᠢᠨ ᠨᠠᠮ ᠤᠨ ᠬᠡᠰᠢᠬᠦᠨ ᠪᠠ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠤᠢᠢᠯᠠᠭᠠᠭᠳᠠᠬᠤᠨ ᠢ ᠴᠢᠩᠭᠠᠳᠬᠠᠵᠤ᠂ | ᠲᠡᠳᠡᠨᠠᠷ ᠲᠤ ᠬᠤᠪᠢᠰᠬᠠᠯ ᠤᠨ ᠢᠷᠠᠭᠤ ᠠᠯᠳᠠᠷᠳᠤ ᠲᠡᠤᠭᠡ ᠪᠠ ᠲᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠰᠤᠷᠳᠠᠯ ᠢ ᠤᠢᠢᠯᠠᠭᠠᠭᠤᠯᠵᠠᠢ︔ ᠬᠠᠮᠳᠤ ᠳᠤ ᠨᠢ | ᠠᠪᠤᠷᠭᠤ ᠬᠦᠷᠪᠡᠯ ᠤᠨ ᠤᠯᠠ ᠮᠦᠷ ᠤᠨ ᠴᠢᠯᠠᠭᠤᠵᠢᠮᠠᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠨᠢ ᠪᠠᠰᠠ 6 | ᠬᠤᠭᠤᠴᠠᠭᠠᠨ ᠤ ᠰᠤᠳᠤᠯᠤᠨ ᠵᠤᠭᠠᠴᠠᠬᠤ ᠠᠵᠢᠯᠯᠠᠭ᠎ᠠ ᠦᠷᠨᠢᠬᠦᠯᠵᠤ᠂ ᠪᠡᠭᠡᠵᠢᠩ᠂ ᠤᠤᠮᠧᠨ ᠵᠢᠴᠢ ᠤᠢᠢᠷ᠎ᠠ ᠬᠠᠪᠢ ᠶᠢᠨ ᠬᠤᠳᠠ ᠪᠠᠯᠭᠠᠰᠤ ᠶᠢᠨ 1000 | ᠬᠦᠮᠦᠨ ᠤ ᠠᠩᠬᠠᠷᠤᠯ ᠢ ᠲᠠᠳᠠᠵᠤ ᠤᠷᠤᠯᠴᠠᠭᠤᠯᠤᠭᠰᠠᠨ ᠪᠠᠶᠢᠨ᠎ᠠ᠃ | | | | | | | | | ︽ᠵᠢᠭᠤᠯᠴᠢᠯᠠᠯ + ᠰᠤᠶᠤᠯ ᠪᠡᠶ᠎ᠡ ᠶᠢᠨ ᠲᠠᠮᠢᠷ︾ ᠨᠢ ᠤᠳᠤᠭ ᠬᠤᠰᠢᠭᠤᠨ ᠤ ᠵᠢᠭᠤᠯᠴᠢᠯᠠᠯ ᠤᠨ ᠰᠢᠨ᠎ᠡ ᠲᠦᠯᠦᠪ ᠪᠠᠶᠢᠳᠠᠯ ᠢ ᠪᠤᠢ ᠪᠤᠯᠭᠠᠪᠠ᠃ ᠬᠡᠳᠦᠨ | ᠵᠠᠭᠤᠨ ᠵᠢᠯ ᠤᠨ ᠲᠤᠷᠰᠢ ᠲᠠᠯ᠎ᠠ ᠨᠤᠳᠤᠭ ᠲᠤ ᠤᠪᠤᠭᠠᠨ ᠲᠠᠬᠢᠯᠭ᠎ᠠ ᠬᠢᠭᠰᠡᠭᠡᠷ ᠢᠷᠡᠵᠡᠢ᠃ ᠤᠪᠤᠭᠠᠨ ᠲᠠᠬᠢᠯᠭ᠎ᠠ ᠨᠢ ᠤᠯᠠᠮᠵᠢᠯᠠᠯᠳᠤ ᠲᠠᠬᠢᠯᠭ᠎ᠠ ᠲᠠᠶᠢᠯᠭ᠎ᠠ ᠶᠢ | ᠤᠯᠠᠮᠵᠢᠯᠠᠵᠤ᠂ ᠦᠨᠳᠦᠰᠦᠳᠡᠨ ᠤ ᠵᠠᠩ ᠦᠢᠯᠡ ᠪᠠ ᠰᠤᠶᠤᠯ ᠢ ᠪᠠᠳᠠᠷᠠᠭᠤᠯᠵᠤ ᠪᠠᠶᠢᠬᠤ ᠪᠦᠭᠡᠳ ᠵᠤᠭᠠᠴᠠᠭᠰᠠᠳ ᠲᠤ ᠤᠳᠤᠭ ᠬᠤᠰᠢᠭᠤᠨ ᠤ ᠤᠨᠴᠠᠯᠢᠭᠳᠤ | ᠰᠤᠶᠤᠯ ᠪᠠ ᠲᠠᠯ᠎ᠠ ᠨᠤᠳᠤᠭ ᠤᠨ ᠰᠤᠶᠤᠯ ᠢ ᠲᠠᠨᠢᠭᠤᠯᠵᠤ᠂ ᠵᠢᠭᠤᠯᠴᠢᠯᠠᠯ ᠪᠠ ᠲᠠᠬᠢᠯᠭ᠎ᠠ ᠶᠢᠨ ᠰᠤᠶᠤᠯ ᠤᠨ ᠠᠭᠤᠰᠤᠯᠴᠠᠯ ᠢ ᠠᠬᠢᠭᠤᠯᠵᠤ ᠪᠠᠶᠢᠭ᠎ᠠ ᠶᠤᠮ︔ | 2017 ᠤᠨ ᠳᠤ ᠤᠳᠤᠭ ᠬᠤᠰᠢᠭᠤ ᠤᠪᠤᠭᠠᠨ ᠲᠠᠬᠢᠯᠭ᠎ᠠ ᠲᠠᠢ ᠤᠶᠠᠯᠳᠤᠭᠤᠯᠤᠨ ︽ᠤᠳᠤᠭ ᠬᠤᠰᠢᠭᠤᠨ ᠤ ᠬᠤᠶᠠᠳᠤᠭᠠᠷ ᠬᠤᠭᠤᠴᠠᠭᠠᠨ ᠤ ᠤᠪᠤᠭᠠᠨ | ᠲᠡᠭᠡᠷᠡᠬᠢ ᠠᠭᠤᠯᠵᠠᠯᠳᠠ︾ ᠶᠢᠨ ᠵᠢᠭᠤᠯᠴᠢᠯᠠᠯ ᠤᠨ ᠠᠵᠢᠯᠯᠠᠭ᠎ᠠ ᠶᠢ ᠦᠷᠨᠢᠬᠦᠯᠵᠤ᠂ ᠪᠠᠶᠠᠷ ᠪᠠᠶᠠᠰᠬᠤᠯᠠᠩᠳᠤ ᠰᠤᠳᠤᠯᠭᠠᠨ ᠤ ᠵᠢᠭᠤᠯᠴᠢᠯᠠᠯ᠂ ᠬᠠᠳᠠᠨ ᠵᠢᠷᠤᠭ ᠤᠨ | ᠨᠢᠭᠤᠴᠠ ᠶᠢ ᠬᠠᠶᠢᠬᠤ ᠵᠢᠭᠤᠯᠴᠢᠯᠠᠯ᠂ ᠬᠤᠪᠢ ᠶᠢᠨ ᠮᠠᠰᠢᠨ ᠢᠶᠠᠷ ᠠᠶᠠᠯᠠᠬᠤ ᠵᠢᠭᠤᠯᠴᠢᠯᠠᠯ᠂ ᠬᠠᠯᠠᠭᠤᠨ ᠷᠠᠰᠢᠶᠠᠨ ᠤ ᠵᠢᠭᠤᠯᠴᠢᠯᠠᠯ᠂ ᠲᠠᠯ᠎ᠠ ᠨᠤᠳᠤᠭ ᠤᠨ | ᠵᠢᠭᠤᠯᠴᠢᠯᠠᠯ᠂ ᠡᠯᠡᠰᠦᠨ ᠴᠦᠯ ᠤᠨ ᠵᠢᠭᠤᠯᠴᠢᠯᠠᠯ ᠵᠡᠷᠭᠡ ᠵᠢᠷᠭᠤᠭᠠᠨ ᠲᠤᠮᠤ ᠭᠤᠤᠯ ᠰᠡᠳᠦᠪᠳᠤ ᠵᠢᠭᠤᠯᠴᠢᠯᠠᠯ ᠤᠨ ᠠᠵᠢᠯᠯᠠᠭ᠎ᠠ ᠶᠢ ᠦᠷᠨᠢᠬᠦᠯᠵᠤ᠂ | ᠵᠢᠭᠤᠯᠴᠢᠯᠠᠯ ᠤᠨ ᠵᠠᠬ᠎ᠠ ᠲᠡᠯᠭᠡᠭᠦᠷ ᠢ ᠬᠦᠭᠵᠢᠶᠡᠨ ᠲᠠᠢ ᠪᠤᠯᠭᠠᠭᠰᠠᠨ ᠪᠠᠶᠢᠨ᠎ᠠ︔ ᠠᠩᠬᠠᠳᠤᠭᠠᠷ ᠬᠤᠭᠤᠴᠠᠭᠠᠨ ᠤ ᠤᠷᠠᠨᠳᠦ᠋ᠰᠢ ᠵᠢᠭᠤᠯᠴᠢᠯᠠᠯ ᠤᠨ ᠰᠤᠶᠤᠯ ᠤᠨ | ᠠᠭᠤᠯᠠ ᠠᠪᠠᠷᠢᠬᠤ ᠨᠠᠶᠢᠷ ᠲᠤ ᠨᠡᠶᠢᠳᠡ 1000 ᠭᠠᠷᠤᠢ ᠬᠦᠮᠦᠨ ᠤᠷᠤᠯᠴᠠᠨ᠂ ︽ᠪᠤᠯᠦᠩ ᠨᠠᠭᠤᠷ︾ ᠬᠤᠨᠳᠠᠭᠠᠳᠤ ᠠᠩᠬᠠᠳᠤᠭᠠᠷ ᠬᠤᠭᠤᠴᠠᠭᠠᠨ ᠤ | ᠤᠮᠪᠠᠯᠳᠠ ᠶᠢᠨ ᠤᠷᠤᠯᠳᠤᠭᠠᠨ ᠳᠤ 100 ᠭᠠᠷᠤᠢ ᠬᠦᠮᠦᠨ ᠤᠷᠤᠯᠴᠠᠵᠤ᠂ ᠡᠳᠡᠭᠡᠷ ᠠᠵᠢᠯᠯᠠᠭ᠎ᠠ ᠨᠢ ᠵᠢᠭᠤᠯᠴᠢᠯᠠᠯ ᠬᠢᠭᠡᠳ ᠰᠤᠶᠤᠯ ᠪᠡᠶ᠎ᠡ ᠶᠢᠨ ᠲᠠᠮᠢᠷ ᠤᠨ | ᠠᠭᠤᠰᠤᠯᠴᠠᠭᠰᠠᠨ ᠨᠡᠶᠢᠳᠡᠯᠢᠭ ᠵᠢᠱᠢᠶ᠎ᠡ ᠪᠤᠯᠵᠤ᠂ ᠮᠦᠨ ᠴᠤ ᠤᠳᠤᠭ ᠬᠤᠰᠢᠭᠤᠨ ᠤ ᠤᠨᠴᠠᠭᠠᠢ ᠨᠢᠭᠡ ᠨᠡᠷ᠎ᠡ ᠶᠢᠨ ᠬᠠᠭᠤᠳᠠᠰᠤ ᠪᠤᠯᠤᠭᠰᠠᠨ ᠪᠠᠶᠢᠨ᠎ᠠ︔ ᠨᠠᠭᠠᠳᠤᠮ | ᠪᠤᠯ ᠮᠤᠩᠭᠤᠯᠴᠤᠳ ᠤᠨ ᠤᠯᠠᠮᠵᠢᠯᠠᠯᠳᠤ ᠰᠤᠶᠤᠯ ᠤᠨ ᠬᠦᠭᠵᠢᠯᠳᠡ ᠶᠢᠨ ᠲᠡᠤᠭᠡᠨ ᠳᠠᠬᠢ ᠦᠪᠡᠳᠡᠭᠰᠢ ᠶᠡᠭᠡ ᠴᠤᠭᠯᠠᠭᠠᠨ ᠪᠤᠯᠤᠨ᠎ᠠ᠃ 2017 ᠤᠨ ᠳᠤ ᠤᠳᠤᠭ | ᠬᠤᠰᠢᠭᠤ ᠨᠢ ᠦᠨᠳᠦᠰᠦᠳᠡᠨ ᠤ ᠰᠢᠯᠢᠳᠡᠭ ᠰᠤᠶᠤᠯ ᠢ ᠵᠠᠯᠭᠠᠮᠵᠢᠯᠠᠨ᠂ ᠤᠳᠤᠭ ᠬᠤᠰᠢᠭᠤᠨ ᠤ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ | ᠠᠬᠢᠭᠤᠯᠬᠤ ᠪᠠᠷ ᠬᠠᠷᠠᠯᠳᠠ ᠪᠤᠯᠭᠠᠨ᠂ ᠵᠢᠭᠤᠯᠴᠢᠯᠠᠯ ᠤᠨ ᠪᠠᠶᠢᠭᠠᠯᠢ ᠶᠢᠨ ᠰᠢᠨᠵᠢ᠂ ᠬᠦᠮᠦᠨ ᠵᠤᠨ ᠤ ᠰᠢᠨᠵᠢ᠂ ᠵᠤᠭ᠎ᠠ ᠴᠡᠩᠭᠡᠯ ᠤᠨ ᠰᠢᠨᠵᠢ ᠪᠠ ᠪᠦᠬᠦ ᠤᠷᠤᠨ | ᠲᠤᠭᠤᠷᠢᠭᠵᠢᠭᠰᠠᠨ᠂ ᠠᠷᠠᠳ ᠤᠯᠠᠨ ᠳᠤ ᠤᠢᠢᠷᠠᠳᠤᠭᠰᠠᠨ᠂ ᠠᠵᠤ ᠦᠢᠯᠡᠰᠵᠢᠭᠰᠡᠨ ᠤᠨᠴᠠᠯᠢᠭ ᠢ ᠲᠤᠪᠤᠶᠢᠯᠭᠠᠨ᠂ ᠠᠷᠪᠠᠰ ᠤᠨ ᠢᠮᠠᠭᠠᠨ ᠮᠢᠬ᠎ᠠ ᠶᠢᠨ ᠢᠳᠡᠭᠡᠨ | ᠤᠮᠳᠠᠭᠠᠨ ᠤ ᠨᠠᠶᠢᠷ ᠵᠢᠴᠢ ᠮᠠᠯᠴᠢᠳ ᠤᠨ ᠨᠠᠭᠠᠳᠤᠮ ᠤᠨ ᠶᠡᠭᠡ ᠬᠤᠷᠠᠯ ᠢ ᠡᠷᠬᠢᠯᠡᠵᠤ᠂ ︽ᠨᠡᠭᠦᠳᠡᠯ ᠰᠤᠶᠤᠯ︾ ᠤᠨ ᠭᠤᠤᠯᠯᠠᠭᠴᠢ ᠤᠢᠢᠯᠠᠭᠠᠭᠳᠠᠬᠤᠨ ᠢ | ᠲᠤᠪᠤᠶᠢᠯᠭᠠᠨ᠂ ᠵᠤᠭᠠᠴᠠᠭᠰᠠᠳ ᠲᠤ ᠤᠳᠤᠭ ᠬᠤᠰᠢᠭᠤᠨ ᠤ ᠬᠡᠷᠡᠯ ᠰᠠᠴᠤᠷᠠᠩᠭᠤᠢ ᠲᠡᠤᠭᠡ ᠰᠤᠶᠤᠯ ᠢ ᠪᠦᠬᠦ ᠲᠠᠯ᠎ᠠ ᠪᠠᠷ ᠲᠡᠯᠭᠡᠨ ᠦᠵᠡᠬᠦᠯᠵᠤ᠂ ᠤᠯᠠᠨ ᠠᠷᠭ᠎ᠠ | ᠵᠠᠮ ᠢᠶᠠᠷ ᠲᠠᠯ᠎ᠠ ᠨᠤᠳᠤᠭ ᠤᠨ ᠠᠷᠠᠳ ᠲᠦᠮᠡᠨ ᠤ ᠡᠭᠦᠳᠦᠨ ᠪᠦᠳᠦᠭᠡᠭᠰᠡᠨ ᠦᠪᠡᠷᠮᠢᠴᠡ ᠤᠨᠴᠠᠯᠢᠭ ᠲᠠᠢ ᠨᠡᠭᠦᠳᠡᠯ ᠠᠮᠢᠳᠤᠷᠠᠯ ᠢ ᠤᠢᠢᠯᠠᠭᠠᠭᠤᠯᠤᠭᠰᠠᠨ ᠪᠠᠶᠢᠨ᠎ᠠ︔ | ᠬᠤᠶᠠᠳᠤᠭᠠᠷ ᠬᠤᠭᠤᠴᠠᠭᠠᠨ ᠤ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ ᠢ ᠠᠮᠵᠢᠯᠳᠠ ᠲᠠᠢ ᠡᠷᠬᠢᠯᠡᠵᠤ᠂ ᠤᠳᠤᠭ ᠬᠤᠰᠢᠭᠤᠨ ᠤ ᠦᠪᠡᠷᠮᠢᠴᠡ | ᠤᠨᠴᠠᠯᠢᠭ ᠲᠠᠢ ᠵᠢᠭᠤᠯᠴᠢᠯᠠᠯ ᠤᠨ ᠰᠤᠶᠤᠯ ᠢ ᠢᠯᠡᠷᠡᠬᠦᠯᠵᠤ᠂ ᠬᠤᠰᠢᠭᠤᠨ ᠤ ᠨᠡᠷ᠎ᠡ ᠮᠡᠳᠡᠴᠡ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠪᠡ᠃ ᠡᠳᠡᠭᠡᠷ | ᠠᠵᠢᠯᠯᠠᠭ᠎ᠠ ᠨᠢ ︽ᠵᠢᠭᠤᠯᠴᠢᠯᠠᠯ + ᠰᠤᠶᠤᠯ ᠪᠡᠶ᠎ᠡ ᠶᠢᠨ ᠲᠠᠮᠢᠷ︾ ᠤᠨ ᠠᠭᠤᠰᠤᠯᠴᠠᠯ ᠢ ᠶᠡᠭᠡ ᠪᠠᠷ ᠠᠬᠢᠭᠤᠯᠵᠤ᠂ ᠤᠳᠤᠭ ᠬᠤᠰᠢᠭᠤᠨ ᠤ ᠪᠦᠬᠦ ᠤᠷᠤᠨ | ᠲᠤᠭᠤᠷᠢᠭ ᠤᠨ ᠵᠢᠭᠤᠯᠴᠢᠯᠠᠯ ᠤᠨ ᠬᠦᠭᠵᠢᠯᠳᠡ ᠳᠤ ᠰᠢᠨ᠎ᠡ ᠠᠮᠢᠵᠢᠷᠠᠯ ᠤᠯᠭᠤᠭᠰᠠᠨ ᠪᠠᠶᠢᠨ᠎ᠠ᠃ ︽ᠵᠢᠭᠤᠯᠴᠢᠯᠠᠯ + ᠮᠦᠡᠭᠭᠦᠨ ᠬᠦᠢᠯᠭᠡᠭᠡᠨ︾ ᠨᠢ ᠤᠳᠤᠭ | ᠬᠤᠰᠢᠭᠤᠨ ᠤ ᠵᠢᠭᠤᠯᠴᠢᠯᠠᠯ ᠤᠨ ᠰᠢᠨ᠎ᠡ ᠬᠡᠯᠪᠡᠷᠢ ᠶᠢ ᠨᠡᠭᠡᠭᠡᠭᠰᠡᠨ ᠪᠠᠶᠢᠨ᠎ᠠ᠃ ᠤᠳᠤᠭ ᠬᠤᠰᠢᠭᠤᠨ ᠤ ᠵᠢᠭᠤᠯᠴᠢᠯᠠᠯ ᠤᠨ ᠲᠤᠪᠴᠢᠶ᠎ᠠ ᠬᠢᠭᠡᠳ ᠤᠳᠤᠭ | ᠬᠤᠰᠢᠭᠤᠨ ᠤ ᠬᠦᠳᠡᠭᠡ ᠲᠤᠰᠬᠤᠨ ᠤ ᠠᠷᠠᠯᠵᠢᠶ᠎ᠠ ᠬᠤᠳᠠᠯᠳᠤᠭᠠᠨ ᠤ ᠪᠠᠩᠬᠢ ᠨᠢ ᠬᠠᠮᠳᠤᠷᠠᠵᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠰᠠᠭᠤᠷᠢ ᠮᠦᠡᠭᠭᠦ ᠶᠢ | ᠪᠠᠶᠢᠭᠤᠯᠵᠤ᠂ ᠨᠦᠬᠦᠴᠡᠯ ᠳᠤ ᠨᠡᠶᠢᠴᠡᠬᠦ ᠵᠢᠭᠤᠯᠴᠢᠯᠠᠯ ᠤᠨ ᠠᠵᠤ ᠠᠬᠤᠢᠢᠯᠠᠯ ᠳᠤ ᠵᠢᠭᠡᠯᠡᠯᠭᠡ ᠤᠯᠭᠤᠵᠠᠢ᠃ ᠡᠨᠡ ᠨᠢ ᠨᠢᠭᠡ ᠲᠠᠯ᠎ᠠ ᠪᠠᠷ ᠵᠢᠭᠤᠯᠴᠢᠯᠠᠯ ᠤᠨ ᠠᠵᠤ | ᠠᠬᠤᠢᠢᠯᠠᠯ ᠤᠨ ᠪᠡᠯᠡ ᠮᠦᠡᠭᠭᠦ ᠲᠤᠳᠠᠮᠠᠭ ᠲᠠᠷᠤᠯᠳᠠ ᠶᠢ ᠨᠠᠮᠳᠠᠭᠤᠯᠤᠭᠰᠠᠨ ᠪᠦᠭᠡᠳ ᠨᠦᠬᠦᠭᠡ ᠲᠠᠯ᠎ᠠ ᠪᠠᠷ ᠵᠢᠭᠤᠯᠴᠢᠯᠠᠯ ᠤᠨ ᠠᠵᠤ ᠦᠢᠯᠡᠰ ᠲᠤ ᠪᠡᠯᠡ | ᠤᠷᠤᠭᠤᠯᠵᠤ᠂ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠢᠳᠡᠭᠡᠯ ᠢ ᠨᠡᠮᠡᠭᠳᠡᠬᠦᠯᠵᠤ᠂ ᠤᠳᠤᠭ ᠬᠤᠰᠢᠭᠤᠨ ᠤ ᠪᠦᠬᠦ ᠤᠷᠤᠨ ᠲᠤᠭᠤᠷᠢᠭ ᠤᠨ ᠵᠢᠭᠤᠯᠴᠢᠯᠠᠯ ᠤᠨ | ᠬᠦᠭᠵᠢᠯᠳᠡ ᠶᠢ ᠠᠬᠢᠭᠤᠯᠵᠤ᠂ ᠬᠤᠰᠢᠭᠤᠨ ᠤ ︽ᠵᠢᠭᠤᠯᠴᠢᠯᠠᠯ + ᠮᠦᠡᠭᠭᠦᠨ ᠬᠦᠢᠯᠭᠡᠭᠡᠨ︾ ᠤ ᠬᠦᠭᠵᠢᠯᠳᠡ ᠶᠢᠨ ᠰᠢᠨ᠎ᠡ ᠬᠡᠯᠪᠡᠷᠢ ᠶᠢ ᠲᠤᠷᠰᠢᠨ ᠨᠡᠭᠡᠭᠡᠭᠰᠡᠨ | ᠪᠠᠶᠢᠨ᠎ᠠ᠃ | ︽ᠵᠢᠭᠤᠯᠴᠢᠯᠠᠯ +︾ ᠬᠡᠯᠪᠡᠷᠢ ᠶᠢᠨ ᠶᠡᠭᠡ ᠪᠠᠷ ᠠᠬᠢᠬᠤ ᠶᠢ ᠲᠠᠭᠠᠯᠳᠤᠨ᠂ ᠤᠳᠤᠭ ᠬᠤᠰᠢᠭᠤᠨ ᠤ ︽ ᠵᠢᠭᠤᠯᠴᠢᠯᠠᠯ +︾ ᠬᠦᠭᠵᠢᠯᠳᠡ ᠶᠢᠨ ᠲᠦᠯᠦᠪ | ᠪᠠᠶᠢᠳᠠᠯ ᠠᠩᠬ᠎ᠠ ᠠᠯᠬᠤᠮ ᠪᠦᠷᠢᠯᠳᠦᠵᠤ᠂ ᠡᠨᠡ ᠨᠢ ᠵᠢᠭᠤᠯᠴᠢᠯᠠᠯ ᠤᠨ ᠠᠵᠢᠯ ᠦᠢᠯᠡᠰ ᠪᠠ ᠵᠢᠭᠤᠯᠴᠢᠯᠠᠯ ᠤᠨ ᠦᠢᠯᠡᠳᠬᠦᠨ ᠢ ᠤᠯᠠᠮ ᠨᠢᠭᠡ ᠠᠯᠬᠤᠮ | ᠪᠠᠶᠠᠯᠢᠭᠵᠢᠭᠤᠯᠤᠨ᠂ ᠤᠳᠤᠭ ᠬᠤᠰᠢᠭᠤᠨ ᠤ ᠪᠦᠬᠦ ᠤᠷᠤᠨ ᠲᠤᠭᠤᠷᠢᠭ ᠤᠨ ᠵᠢᠭᠤᠯᠴᠢᠯᠠᠯ ᠤᠨ ᠬᠦᠭᠵᠢᠯᠳᠡ ᠶᠢ ᠨᠡᠩ ᠬᠦᠨ ᠲᠠᠪᠬᠤᠷᠭ᠎ᠠ ᠠᠴᠠ ᠠᠬᠢᠭᠤᠯᠬᠤ ᠨᠢ | ᠯᠠᠪᠳᠠᠢ᠃ | | | |