ᠭᠠᠷ ᠤᠳᠠᠰᠤ ᠪᠠᠷ ᠲᠤᠷᠭᠠᠭᠤᠯᠢ ᠶᠢᠨ ᠮᠦᠡᠭᠭᠦ ᠲᠤᠰᠢᠶᠠᠵᠤ ᠪᠤᠯᠬᠤ ᠪᠤᠯᠤᠯ᠎ᠠ
ᠨᠡᠶᠢᠲᠡᠯᠡᠭᠰᠡᠨ ᠴᠠᠭ᠄
2018/12/17
     ᠤᠯᠠᠨ ᠲᠦᠮᠡᠨ ᠤ ᠵᠠᠮ ᠬᠠᠷᠢᠯᠴᠠᠭᠠᠨ ᠤ ᠬᠠᠤᠯᠢ ᠵᠦᠷᠢᠴᠡᠭᠰᠡᠨ ᠲᠤᠷᠭᠠᠭᠤᠯᠢ ᠶᠢᠨ ᠮᠦᠡᠭᠭᠦ ᠲᠤᠰᠢᠶᠠᠬᠤ ᠳᠤ  ᠲᠦᠭᠦᠮ ᠦᠵᠡᠭᠦᠯᠭᠦ ᠶᠢᠨ ᠲᠤᠰᠠᠳᠠ᠂ ᠤᠷᠳᠤᠰ ᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠤᠪᠴᠢᠶ᠎ᠠ  12123APP ᠲᠡᠭᠡᠷ᠎ᠠ ᠭᠠᠶᠢᠯᠢ ᠶᠢᠨ ᠪᠤᠰᠤ ᠤᠷᠤᠯᠭ᠎ᠠ ᠶᠢ ᠬᠤᠷᠢᠶᠠᠨ ᠠᠪᠬᠤ ᠠᠷᠠᠳ ᠲᠤ ᠲᠦᠭᠦᠮ ᠦᠵᠡᠭᠦᠯᠭᠦ  ᠠᠵᠢᠯ ᠢ ᠦᠷᠨᠢᠭᠦᠯᠪᠡ᠃ ᠨᠢᠭᠡ ᠰᠠᠷ᠎ᠠ ᠶᠢᠨ ᠲᠤᠷᠰᠢᠨ ᠭᠡᠷᠡᠭᠯᠡᠯᠳᠡ ᠪᠠᠷ ᠲᠡᠮᠵᠢᠭᠠᠳ ᠤᠳᠤᠬᠠᠨ ᠳᠤ ᠪᠦᠬᠦ  ᠬᠤᠳᠠ ᠶᠢᠨ ᠦᠷᠭᠡᠨ ᠤᠯᠠᠨ ᠵᠢᠯᠤᠭᠤᠴᠢ ᠨᠠᠷ ᠲᠤ ᠵᠢᠩᠬᠢᠨᠢ ᠪᠠᠷ ᠮᠡᠳᠡᠭᠳᠡᠵᠤ ᠪᠤᠢ᠃ ᠵᠠᠮ ᠬᠠᠷᠢᠯᠴᠠᠭᠠᠨ ᠤ  ᠬᠠᠮᠢᠶᠠᠷᠤᠯᠳᠠ 12123 APP᠎ ᠪᠠᠷ ᠲᠡᠮᠵᠢᠨ ᠵᠢᠷᠬᠢᠶ ᠎ᠠ᠂ ᡁᠢ ᠹᠦ᠋ ᠪᠤᠤ ᠪᠠᠷ ᠬᠠᠮᠢᠶ᠎ᠠ ᠪᠦᠬᠦᠢ ᠰᠦᠢᠳᠭᠡᠯ  ᠲᠤᠰᠢᠶᠠᠵᠤ ᠲᠡᠶᠢᠯᠭᠦ ᠪᠤᠯᠤᠯ᠎ᠠ᠃  
ᠰᠦᠢᠳᠭᠡᠯ ᠲᠤᠰᠢᠶᠠᠬᠤ ᠠᠯᠬᠤᠮ ᠲᠠᠷᠠᠭ᠎ᠠ            ᠨᠢᠭᠡ ᠳᠤ᠂ ︽ᠵᠠᠮ ᠬᠠᠷᠢᠯᠴᠠᠭᠠᠨ ᠤ ᠬᠠᠮᠢᠶᠠᠷᠤᠯᠳᠠ 12123︾            ᠬᠤᠶᠠᠷ ᠲᠤ᠂ ᠦᠨᠡᠨ ᠨᠠᠷ᠎ᠠ ᠪᠠᠷ ᠲᠠᠩᠰᠠᠯᠠᠵᠤ᠂ ᠵᠢᠯᠤᠭᠤᠴᠢ ᠶᠢᠨ ᠦᠨᠡᠮᠯᠡᠯ ᠪᠠ ᠲᠡᠷᠭᠡ ᠮᠠᠰᠢᠨ ᠤ ᠴᠢᠮᠡᠭᠡ  ᠵᠠᠩᠬᠢ ᠪᠠᠨ ᠬᠤᠯᠪᠤᠵᠤ᠂ ᠲᠠᠭᠠᠤ ᠳᠤᠨᠢ ᠲᠤᠰ ᠬᠦᠮᠤᠨ ᠤ ᠨᠠᠷ᠎ᠠ ᠶᠢᠨ ᠲᠤᠤᠷ᠎ᠠ ᠪᠢᠰᠢ ᠪᠠᠶᠢᠭ᠎ᠠ 3 ᠲᠡᠷᠭᠡᠨ ᠤ  ᠴᠢᠮᠡᠭᠡ ᠵᠠᠩᠬᠢ ᠶᠢ ᠲᠠᠩᠰᠠᠨ ᠳᠤ ᠲᠡᠮᠳᠡᠭᠯᠡᠵᠤ ᠪᠤᠯᠤᠨ᠎ᠠ᠃            ᠭᠤᠷᠪᠠ᠂ ︽ᠵᠠᠮ ᠬᠠᠷᠢᠯᠴᠠᠭᠠᠨ ᠤ ᠬᠠᠮᠢᠶᠠᠷᠤᠯᠳᠠ 12123︾ APP᠎ ᠶᠢ ᠨᠡᠭᠡᠭᠡᠵᠤ᠂ ︽ᠮᠢᠨᠤ ᠮᠠᠰᠢᠨ  ᠲᠡᠷᠭᠡ︾᠎ ᠶᠢ ᠲᠤᠪᠴᠢᠳᠠᠵᠤ᠂ ᠲᠠᠬᠢᠨ ︽ᠬᠠᠤᠯᠢ ᠵᠦ᠋ᠷᠢᠴᠡᠭᠰᠡᠨ ᠢ ᠰᠢᠢᠳᠪᠤᠷᠢᠯᠡᠭᠦ︾᠎ ᠶᠢ ᠲᠤᠪᠴᠢᠳᠠᠨ᠂  ᠰᠠᠨᠠᠭᠤᠯᠤᠮᠵᠢ ᠶᠤᠰᠤᠭᠠᠷ ᠦᠷᠭᠦᠯᠵᠢᠯᠡᠨ ᠲᠤᠪᠴᠢᠳᠠᠪᠠᠯ ᠪᠤᠯᠴᠢᠬᠠᠨ᠎ᠠ᠃            ᠲᠦᠷᠪᠡ᠂ ︽ᠬᠠᠤᠯᠢ ᠵᠦᠷᠢᠴᠡᠭᠰᠡᠨ ᠲᠡᠮᠳᠡᠭᠯᠡᠯ︾᠎ ᠢ ᠰᠤᠩᠭᠤᠨ᠎ᠠ ︵ᠡᠬᠢᠯᠡᠭᠡᠳ ᠰᠢᠢᠳᠪᠤᠷᠢᠯᠡᠪᠡᠯ  ᠪᠤᠯᠴᠢᠬᠠᠨ᠎ᠠ︶᠃            ᠲᠠᠪᠤ᠂ ︽ᠵᠢᠷᠬᠢᠶ᠎ᠠ᠂ ᡁᠢ ᠹᠦ᠋ ᠪᠤᠤ ᠪᠠᠷ ᠲᠤᠷᠭᠠᠭᠤᠯᠢ ᠶᠢᠨ ᠮᠦᠡᠭᠭᠦ ᠲᠤᠰᠢᠶᠠᠬᠤ︾᠎ ᠶᠢ ᠰᠤᠩᠭᠤᠵᠤ᠂ ︽ ᠪᠠᠳᠤᠯᠠᠨ ᠵᠦᠪᠰᠢᠶᠡᠷᠡᠭᠦ ᠨᠤᠮᠧᠷ︾᠎ ᠢ ᠲᠠᠭᠯᠠᠨ᠎ᠠ᠃              ᠵᠢᠷᠭᠤᠭ᠎ᠠ᠂ ᠲᠤᠰᠢᠶᠠᠬᠤ ᠮᠦᠡᠭᠭᠦ ᠪᠠᠨ ᠬᠠᠷᠭᠤᠭᠤᠯᠵᠤ᠂ ︽ᠵᠢᠷᠬᠢᠶ ᠎ᠠ︾ ᠪᠤᠶᠤ ︽ᡁᠢ ᠹᠦ᠋ ᠪᠤᠤ︾᠎ ᠪᠠᠷ  ᠵᠤᠭᠤᠰ ᠲᠤᠰᠢᠶᠠᠬᠤ ᠶᠢ ᠰᠤᠩᠭᠤᠨ᠎ᠠ᠃            ᠲᠤᠯᠤᠭ᠎ᠠ᠂ ︽ᠵᠢᠷᠬᠢᠶ᠎ᠠ︾ ᠪᠤᠶᠤ ︽ᡁᠢ ᠹᠦ᠋ ᠪᠤᠤ︾᠎ ᠪᠠᠷ ᠲᠤᠷᠭᠠᠭᠤᠯᠢ ᠶᠢᠨ ᠮᠦᠡᠭᠭᠦ ᠪᠠᠨ ᠲᠤᠰᠢᠶᠠᠨ᠎ᠠ᠃            ᠨᠠᠢᠮᠠ᠂ ᠮᠦᠡᠭᠭᠦ ᠪᠠᠨ ᠲᠤᠰᠢᠶᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号