ᠤᠷᠠᠨ ᠵᠤᠬᠢᠶᠠᠯ ᠤᠨ ᠵᠢᠳᠬᠦᠯᠳᠡᠨ — ᠠᠶᠤᠩᠭ᠎ᠠ
ᠨᠡᠶᠢᠲᠡᠯᠡᠭᠰᠡᠨ ᠴᠠᠭ᠄
2018/2/7
ᠠᠶᠤᠩᠭ᠎ᠠ ︵1947 ~  ︶ ᠵᠤᠬᠢᠶᠠᠯᠴᠢ᠃ ᠦᠪᠤᠷ ᠮᠤᠩᠭᠤᠯ ᠤᠨ ᠤᠷᠳᠤᠰ                        ᠬᠤᠳᠠ ᠶᠢᠨ ᠤᠳᠤᠭ ᠬᠤᠰᠢᠭᠤᠨ ᠤ ᠭᠦᠮᠤᠨ      1968 ᠤᠨ ᠳᠤ ᠦᠪᠤᠷ ᠮᠤᠩᠭᠤᠯ ᠤᠨ ᠮᠤᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠴᠤ᠂ ︽ᠤᠷᠳᠤᠰ ᠰᠤᠨᠢᠨ︾ ᠎ ᠤ ᠨᠠᠶᠢᠷᠠᠭᠤᠯᠤᠭᠴᠢ᠂ ᠤᠷᠳᠤᠰ ᠬᠤᠳᠠ ᠶᠢᠨ ᠷᠠᠳᠢᠤ᠋ ᠨᠡᠪᠳᠠᠷᠡᠭᠦᠯᠭᠡ ᠶᠢᠨ ᠲᠤᠪᠴᠢᠶᠠᠨ ᠤ ᠲᠡᠳ᠋ ᠲᠠᠷᠤᠭ᠎ᠠ᠂ ᠶᠡᠭᠡ ᠵᠤᠤ ᠠᠶᠢᠮᠠᠭ ᠤᠨ ᠨᠠᠮ ᠤᠨ ᠬᠤᠷᠢᠶᠠᠨ ᠤ ᠲᠡᠳ᠋ ᠨᠠᠷᠢᠨ ᠪᠢᠴᠢᠭ ᠤᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠡᠷᠭᠡ ᠲᠤᠰᠢᠶᠠᠯ ᠢ ᠬᠠᠷᠢᠭᠤᠴᠠᠵᠤ ᠪᠠᠶᠢᠪᠠ᠃ ᠤᠳᠤ ᠦᠪᠤᠷ ᠮᠤᠩᠭᠤᠯ ᠤᠨ ᠤᠳᠬ᠎ᠠ ᠤᠷᠠᠯᠢᠭ ᠤᠨ ᠬᠤᠯᠪᠤᠭᠠᠨ ᠤ ᠭᠡᠰᠢᠭᠦᠨ᠂ ᠲᠤᠮᠳᠠᠳᠤ ᠤᠯᠤᠰ ᠤᠨ ᠵᠤᠬᠢᠶᠠᠯᠴᠢᠳ ᠤᠨ ᠨᠡᠶᠢᠬᠡᠮᠯᠢᠭ ᠤᠨ ᠭᠡᠰᠢᠭᠦᠨ᠃      1976 ᠤᠨ ᠠᠴᠠ ᠡᠬᠢᠯᠡᠨ᠂ ᠦᠭᠦᠯᠡᠯᠭᠡ ᠪᠢᠴᠢᠵᠤ᠂ ︽ᠵᠢᠩ ᠤᠨ ᠬᠤᠩᠬᠤᠨ ᠤ ᠲᠤᠤᠨᠢᠯ︾᠂ ︽ᠭᠡᠤᠭᠡᠳ ᠤᠨ ᠲᠤᠭᠤᠵᠢ ︽ᠠᠵᠠ ᠲᠠᠢ ᠲᠠᠪᠤᠨ ᠶᠠᠩᠬᠢᠷ ᠢᠮᠠᠭ᠎ᠠ︾᠂  ᠷᠤᠮᠠᠨ ︽ᠨᠠᠶᠢᠵᠠ ᠬᠤᠭᠤᠷᠤᠨᠳᠤ ᠪᠠᠨ︾᠂ ︽ᠲᠠᠭᠤᠳᠤ ᠭᠤᠪᠢ︾ ᠵᠡᠷᠭᠡ ᠶᠢ ᠬᠡᠪᠯᠡᠭᠦᠯᠵᠡᠢ᠃      ︽ᠵᠢᠷᠭᠠᠯ ᠪᠠ ᠲᠡᠭᠦᠨ ᠤ ᠠᠪᠠᠭ᠎ᠠ︾ ᠭᠡᠭᠦ ᠦᠭᠦᠯᠡᠯᠭᠡ ᠨᠢ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠤᠨ ᠦᠭᠦᠯᠡᠯᠭᠡ ᠶᠢᠨ ᠨᠢᠭᠡᠳᠤᠭᠡᠷ ᠲᠡᠰ ᠤᠨ ᠱᠠᠩᠨᠠᠯ ᠢ ᠭᠦᠷᠳᠡᠵᠤ᠂ ︽ᠵᠢᠩ ᠤᠨ ᠬᠤᠩᠬᠤᠨ ᠤ ᠲᠤᠤᠨᠢᠯ︾ ᠭᠡᠭᠦ ᠦᠭᠦᠯᠡᠯᠭᠡ ᠨᠢ ᠬᠤᠶᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠎ ᠤᠨ ᠦᠭᠦᠯᠡᠯᠭᠡ ᠶᠢᠨ ᠨᠢᠭᠡᠳᠤᠭᠡᠷ ᠲᠡᠰ ᠤᠨ ᠱᠠᠩᠨᠠᠯ ᠢ ᠭᠦᠷᠳᠡᠨ᠂ ᠭᠡᠤᠭᠡᠳ ᠤᠨ ᠤᠷᠠᠨ ᠵᠤᠬᠢᠶᠠᠯ ︽ᠬᠤᠨᠢ ᠬᠤᠵᠢᠷᠯᠠᠬᠤ ᠵᠠᠮ ᠳᠠᠭᠠᠨ︾᠎ ᠨᠢ ᠭᠤᠷᠪᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠤᠨ ᠬᠡᠤᠭᠡᠳ ᠤᠨ ᠤᠷᠠᠨ ᠵᠤᠬᠢᠶᠠᠯ ᠎ ᠤᠨ ᠨᠢᠭᠡᠳᠤᠭᠡᠷ ᠲᠡᠰ ᠤᠨ ᠱᠠᠩᠨᠠᠯ ᠢ ᠭᠦᠷᠳᠡᠪᠠ᠃ ︽ᠵᠢᠩ ᠤᠨ ᠬᠤᠩᠬᠤᠨ ᠤ ᠲᠤᠤᠨᠢᠯ︾ ᠭᠡᠭᠦ ᠲᠡᠭᠦᠪᠤᠷᠢ ᠨᠢ ᠪᠦᠬᠦ ᠤᠯᠤᠰ ᠤᠨ ᠵᠢᠷᠭᠤᠳᠤᠭᠠᠷ ᠬᠤᠭᠤᠴᠠᠭᠠᠨ ᠎ ᠤ ᠴᠦᠭᠡᠨ ᠲᠤᠭᠠᠳᠤ ᠦᠨᠳᠤᠰᠤᠳᠠᠡ ᠤ ᠤᠷᠠᠨ ᠵᠤᠬᠢᠶᠠᠯ ᠤᠨ ︽ᠠᠵᠢᠨᠠᠢ ᠭᠦᠯᠤᠭ᠌︾ ᠱᠠᠩᠨᠠᠯ ᠢ ᠭᠦᠷᠳᠡᠵᠡᠢ᠃
ᠢᠷᠡᠯᠲᠡ᠄ ᠲᠣᠰ ᠰᠥᠯᠵᠢᠶ᠎ᠠ