ᠭᠠᠵᠠᠷ ᠰᠢᠷᠤᠢ ᠲᠠᠭᠠᠭᠠᠴᠢᠯᠠᠬᠰᠠᠨ ᠲᠤᠮᠤ ᠡᠷᠦᠭᠡ ᠭᠡᠷᠬᠢᠨ ᠨᠦᠭᠦᠪᠦᠷᠢ ᠤᠯᠬᠤ ᠪᠤᠢ︖
ᠨᠡᠶᠢᠲᠡᠯᠡᠭᠰᠡᠨ ᠴᠠᠭ᠄
2018/3/27
     ᠬᠦᠳᠡᠭᠡ ᠳᠤᠰᠬᠤᠨ ᠤ ᠭᠠᠵᠠᠷ ᠰᠢᠷᠤᠢ ᠶᠢ ᠳᠠᠭᠠᠭᠠᠴᠢᠯᠠᠭᠰᠠᠨ ᠤ ᠳᠠᠷᠠᠭ᠎ᠠ᠂ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢᠨ ᠰᠢᠨᠵᠢ ᠴᠢᠨᠠᠷ ᠨᠢ ᠬᠤᠪᠢᠷᠠᠬᠤ ᠦᠭᠡᠢ᠂ ᠳᠠᠭᠠᠭᠠᠴᠢᠯᠠᠭᠰᠠᠨ ᠭᠠᠵᠠᠷ ᠰᠢᠷᠤᠢ ᠪᠠᠨ ᠬᠤᠳᠠᠯᠳᠤᠵᠤ ᠪᠤᠯᠬᠤ ᠦᠭᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ ᠢᠶᠠᠷ᠂ ᠬᠤᠶᠠᠳᠠᠬᠴᠢ ᠡᠭᠡᠯᠵᠢᠨ ᠤ ᠭᠠᠵᠠᠷ ᠰᠢᠷᠤᠢ ᠶᠢ ᠳᠠᠭᠠᠭᠠᠴᠢᠯᠠᠭᠰᠠᠨ ᠬᠤᠭᠤᠴᠠᠭ᠎ᠠ ᠲᠦᠭᠦᠷᠡᠭᠰᠡᠨ ᠤ ᠳᠠᠷᠠᠭ᠎ᠠ ᠳᠠᠬᠢᠭᠠᠳ ᠭᠤᠴᠢᠨ ᠵᠢᠯ ᠤᠷᠳᠤᠳᠬᠠᠨ᠎ᠠ᠃ ᠲᠡᠭᠡᠪᠡᠯ᠂ ᠬᠦᠳᠡᠭᠡ ᠳᠤᠰᠬᠤᠨ ᠳᠤ ᠭᠡᠳᠦᠢ ᠮᠦ ᠭᠠᠵᠠᠷ ᠰᠢᠷᠤᠢ ᠳᠠᠭᠠᠭᠠᠴᠢᠯᠠᠪᠠᠯ ᠰᠠᠶ᠋ᠢ ᠨᠦᠬᠦᠪᠦᠷᠢ ᠲᠠᠢ ᠪᠤᠢ︖ ᠭᠡᠳᠦᠢ ᠮᠦ ᠭᠠᠵᠠᠷ ᠰᠢᠷᠤᠢ ᠳᠠᠭᠠᠭᠠᠴᠢᠯᠠᠪᠠᠯ ᠰᠠᠶ᠋ᠢ ᠳᠤᠮᠤ ᠡᠷᠦᠭᠡ ᠳᠤ ᠲᠤᠭᠠᠴᠠᠭᠳᠠᠬᠤ ᠪᠤᠢ︖ ᠤᠯᠤᠰ ᠠᠴᠠ ᠭᠡᠳᠦᠢ ᠨᠦᠬᠦᠪᠦᠷᠢ ᠤᠯᠭᠤᠳᠠᠭ ᠪᠤᠯ︖ ᠡᠨᠡ ᠳᠤᠬᠠᠢ ᠳᠤᠤᠷᠠᠬᠢ ᠡᠮᠬᠢᠯᠡᠯ ᠢ ᠬᠠᠷᠠᠵᠠᠭᠠᠶ᠎ᠠ᠄     ᠭᠡᠳᠦᠢ ᠮᠦ ᠭᠠᠵᠠᠷ ᠰᠢᠷᠤᠢ ᠶᠢ ᠲᠠᠭᠠᠭᠠᠴᠢᠯᠠᠪᠠᠯ ᠨᠦᠬᠦᠪᠦᠷᠢ ᠤᠯᠭᠤᠬᠤ ᠪᠤᠢ︖      ᠤᠳᠤᠬᠠᠨ ᠳᠤ᠂ ᠬᠦᠳᠡᠭᠡ ᠲᠤᠰᠬᠤᠨ ᠤ ᠭᠠᠵᠠᠷ ᠰᠢᠷᠤᠢ ᠶᠢ ᠲᠠᠭᠠᠭᠠᠴᠢᠯᠠᠬᠤ ᠳᠤ ᠲᠤᠬᠳᠠᠬᠰᠠᠨ ᠨᠦᠬᠦᠪᠤᠷᠢ ᠬᠡᠵᠤ ᠪᠠᠶᠢᠳᠠᠭ ᠦᠬᠡᠢ᠂ ᠬᠡᠬᠦ ᠳᠡᠭᠡᠨ ᠭᠠᠵᠠᠷ ᠰᠢᠷᠤᠢ ᠶᠢ ᠲᠠᠭᠠᠭᠠᠴᠢᠯᠠᠵᠤ ᠡᠵᠡᠩᠨᠡᠬᠦ ᠡᠷᠭᠡ ᠶᠢᠨ ᠠᠰᠢᠭ ᠲᠤᠰᠠ ᠶᠢ ᠡᠳ᠋ᠯᠠᠵᠤ ᠪᠤᠯᠤᠨ᠎ᠠ᠃ ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ︾᠎ ᠶᠢᠨ ᠠᠷᠪᠠᠨ ᠵᠢᠷᠭᠤᠳᠤᠭᠠᠷ ᠵᠤᠷᠪᠤᠰ ᠤᠨ ᠲᠤᠬᠳᠠᠭᠠᠯ ᠢ ᠦᠨᠳᠤᠰᠤᠯᠡᠪᠡᠯ᠂ ᠲᠠᠭᠠᠭᠠᠴᠢᠯᠠᠬᠰᠠᠨ ᠲᠠᠯ᠎ᠠ ᠨᠢ ᠲᠤᠤᠷᠠᠬᠢ ᠡᠷᠭᠡ ᠶᠢ ᠡᠳ᠋ᠯᠠᠵᠤ ᠪᠤᠯᠤᠨ᠎ᠠ᠄      ︵ᠨᠢᠭᠡ︶ ᠲᠠᠭᠠᠭᠠᠴᠢᠯᠠᠬᠰᠠᠨ ᠭᠠᠵᠠᠷ ᠰᠢᠷᠤᠢ ᠶᠢ ᠬᠠᠤᠯᠢ ᠶᠤᠰᠤᠭᠠᠷ ᠬᠡᠷᠡᠭᠯᠡᠬᠦ᠂ ᠠᠰᠢᠭ ᠬᠦᠷᠳᠡᠬᠦ ᠪᠠ ᠭᠠᠵᠠᠷ ᠰᠢᠷᠤᠢ ᠶᠢ ᠲᠠᠭᠠᠭᠠᠴᠢᠯᠠᠵᠤ ᠡᠵᠡᠩᠨᠡᠬᠦ ᠡᠷᠭᠡ ᠶᠢ ᠰᠢᠯᠵᠢᠬᠦᠯᠤᠨ ᠲᠠᠭᠠᠭᠠᠴᠢᠯᠠᠭᠤᠯᠬᠤ ᠡᠷᠭᠡ ᠲᠠᠢ᠂ ᠪᠠᠰᠠ ᠦᠪᠡᠰᠤᠪᠠᠨ ᠵᠤᠬᠢᠶᠠᠨ ᠪᠠᠶᠢᠭᠤᠯᠵᠤ ᠦᠢᠯᠡᠳᠪᠤᠷᠢᠯᠡᠨ ᠡᠵᠡᠩᠨᠡᠬᠦ ᠪᠠ ᠪᠦᠳᠤᠭᠡᠭᠳᠡᠬᠦᠨ ᠢ ᠰᠢᠢᠳᠪᠤᠷᠢᠯᠡᠬᠦ ᠡᠷᠭᠡ ᠲᠠᠢ︔      ︵ᠬᠤᠶᠠᠷ︶ ᠲᠠᠭᠠᠭᠠᠴᠢᠯᠠᠬᠰᠠᠨ ᠭᠠᠵᠠᠷ ᠰᠢᠷᠤᠢ ᠶᠢ ᠬᠠᠤᠯᠢ ᠶᠤᠰᠤᠭᠠᠷ ᠲᠠᠳᠠᠪᠤᠷᠢᠯᠠᠨ ᠬᠡᠷᠡᠭᠯᠡᠭᠰᠡᠨ ᠪᠠ ᠡᠵᠡᠮᠳᠡᠨ ᠬᠡᠷᠡᠭᠯᠡᠭᠰᠡᠨ ᠪᠠᠶᠢᠪᠠᠯ ᠵᠤᠬᠢᠬᠤ ᠨᠦᠬᠦᠪᠤᠷᠢ ᠤᠯᠬᠤ ᠡᠷᠭᠡ ᠲᠠᠢ︔      ︵ᠭᠤᠷᠪᠠ︶ ᠬᠠᠤᠯᠢ ᠲᠦᠷᠢᠮ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠬᠰᠠᠨ ᠪᠤᠰᠤᠳ ᠡᠷᠭᠡ ᠶᠢ ᠡᠳ᠋ᠯᠡᠵᠤ ᠪᠤᠯᠤᠨ᠎ᠠ᠃      ᠵᠠᠷᠴᠢᠮ ᠲᠡᠭᠡᠷ᠎ᠡ ᠪᠠᠨ ᠡᠩ ᠤᠨ ᠪᠠᠶᠢᠳᠠᠯ ᠳᠤ 100 ᠮᠦ ᠠᠴᠠ ᠲᠡᠭᠡᠭᠰᠢᠬᠢ ᠳᠠᠷᠢᠶᠠᠨ ᠭᠠᠵᠠᠷ ᠢ ᠳᠠᠭᠠᠭᠠᠴᠢᠯᠠᠨ ᠳᠠᠷᠢᠶᠠᠯᠠᠩ ᠦᠢᠯᠡᠳᠪᠦᠷᠢᠯᠡᠯ ᠳᠤ ᠭᠡᠷᠡᠭᠯᠡᠪᠡᠯ ᠵᠠᠰᠠᠭ ᠤᠨ ᠤᠷᠳᠤᠨ ᠠᠴᠠ ᠮᠦ ᠪᠦᠷᠢ ᠳᠤ 200 ᠲᠥᠭᠦᠷᠢᠭ ᠤᠷᠴᠢᠮ ᠤᠨ ᠨᠦᠬᠦᠪᠦᠷᠢ ᠤᠯᠭᠤᠨ᠎ᠠ᠃ ᠡᠯ᠎ᠡ ᠭᠠᠵᠠᠷ ᠤᠨ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠨᠢ ᠠᠳᠠᠯᠢ ᠪᠤᠰᠤ ᠳᠤᠯᠠ ᠪᠤᠳᠠᠳᠠᠢ ᠨᠦᠬᠦᠪᠦᠷᠢ ᠤᠯᠭᠤᠬᠤ ᠠᠷᠭ᠎ᠠ ᠪᠠ ᠪᠠᠷᠢᠮᠵᠢᠶ᠎ᠠ ᠶᠢ ᠰᠠᠭᠤᠭ᠎ᠠ ᠭᠠᠵᠠᠷ ᠤᠨ ᠢᠶᠠᠨ ᠳᠠᠷᠢᠶᠠᠯᠠᠩ ᠤᠨ ᠶᠠᠪᠤᠳᠠᠯ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠬᠦᠷᠴᠦ ᠨᠠᠷᠢᠨ ᠵᠦᠪᠯᠡᠬᠦ ᠴᠢᠬᠤᠯᠠᠳᠠᠢ᠃ ᠤᠯᠤᠰ ᠤᠨ ᠤᠳᠤ ᠶᠢᠨ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠳᠠᠷᠢᠶᠠᠯᠠᠩ ᠤᠨ ᠨᠡᠶᠢᠳᠡᠮ ᠤᠨ ᠪᠠᠶᠢᠴᠠᠭᠠᠯᠳᠠ ᠶᠢᠨ ᠲᠦᠰᠦᠯ︾ ᠳᠤᠮᠳᠠ ᠭᠡᠪᠴᠢᠶᠡᠵᠢᠭᠰᠡᠨ ᠳᠠᠷᠢᠶᠠᠯᠠᠩ ᠤᠨ ᠡᠵᠡᠩᠨᠡᠯᠳᠡ ᠶᠢᠨ ᠡᠷᠦᠭᠡ ᠶᠢ ᠳᠤᠭᠳᠠᠭᠠᠬᠤ ᠪᠠᠷᠢᠮᠵᠢᠶ᠎ᠠ ᠪᠤᠯ᠄      ᠳᠠᠷᠢᠵᠤ ᠤᠷᠭᠤᠭᠤᠯᠬᠤ ᠦᠢᠯᠡᠰ᠄ ᠳᠠᠸᠠᠷᠴᠢᠯᠠᠬᠰᠠᠨ ᠡᠵᠡᠩᠨᠡᠯᠳᠡ ᠪᠠᠷ ᠭᠤᠤᠯᠳᠠᠭᠤᠯᠤᠭᠰᠠᠨ ᠪᠠᠶᠢᠬᠤ ᠭᠡᠷᠡᠭᠳᠡᠢ ᠮᠦᠷᠲᠡᠭᠡᠨ ᠭᠡᠪᠴᠢᠶᠡᠵᠢᠯ ᠨᠢ ᠨᠢᠭᠡ ᠵᠢᠯ ᠳᠤ ᠨᠢᠭᠡ ᠪᠤᠯᠪᠠᠰᠤᠷᠠᠳᠠᠭ ᠭᠠᠵᠠᠷ ᠤᠷᠤᠨ ᠤ 100 ᠮᠦ ᠵᠢᠴᠢ ᠡᠬᠦᠨ ᠠᠴᠠ ᠲᠡᠭᠡᠭᠰᠢᠬᠢ ᠵᠠᠳᠠᠭᠠᠢ ᠳᠠᠷᠢᠶᠠᠨ ᠭᠠᠵᠠᠷ᠂ ᠨᠢᠭᠡ ᠵᠢᠯ ᠳᠤ ᠬᠤᠶᠠᠷ ᠠᠴᠠ ᠲᠡᠭᠡᠭᠰᠢ ᠪᠤᠯᠪᠠᠰᠤᠷᠠᠳᠠᠭ ᠭᠠᠵᠠᠷ ᠤᠷᠤᠨ ᠤ 50 ᠮᠦ ᠵᠢᠴᠢ ᠡᠬᠦᠨ ᠠᠴᠠ ᠲᠡᠭᠡᠭᠰᠢᠬᠢ ᠵᠠᠳᠠᠭᠠᠢ ᠳᠠᠷᠢᠶᠠᠨ ᠭᠠᠵᠠᠷ᠂ ᠲᠦᠬᠦᠭᠡᠷᠦᠮᠵᠢᠳᠦ ᠳᠠᠷᠢᠶᠠᠯᠠᠩ ᠤᠨ ᠲᠦᠬᠦᠭᠡᠷᠦᠮᠵᠢ ᠨᠢ 25 ᠮᠦ ᠵᠢᠴᠢ ᠡᠬᠦᠨ ᠠᠴᠠ ᠲᠡᠭᠡᠭᠰᠢᠬᠢ ᠶᠢ ᠡᠵᠡᠯᠡᠭᠰᠡᠨ ᠪᠠᠶᠢᠬᠤ ᠭᠡᠷᠡᠭᠳᠡᠢ᠃ ᠪᠠᠰᠠ ᠮᠠᠯ ᠠᠵᠤ ᠠᠬᠤᠢ᠂ ᠤᠢ ᠰᠢᠭᠤᠢ᠂ ᠵᠢᠭᠠᠰᠤᠨ ᠤ ᠦᠢᠯᠡᠰ᠂ ᠳᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠤᠨ ᠦᠢᠯᠡᠴᠢᠯᠡᠭᠡ ᠭᠡᠵᠦ ᠦᠪᠡᠷ ᠦᠪᠡᠷᠰᠡᠳ ᠤᠨ ᠪᠠᠷᠢᠮᠵᠢᠶ᠎ᠠ ᠪᠠᠶᠢᠳᠠᠭ᠃      ᠳᠠᠭᠠᠭᠠᠴᠢᠯᠠᠭᠰᠠᠨ ᠭᠠᠵᠠᠷ ᠰᠢᠷᠤᠢ ᠳᠤ ᠤᠯᠤᠰ ᠠᠴᠠ ᠭᠡᠳᠦᠢ ᠮᠦᠩᠬᠦ ᠨᠦᠬᠦᠪᠦᠷᠢᠯᠡᠳᠡᠭ ᠪᠤᠯ︖      ᠭᠠᠵᠠᠷ ᠰᠢᠷᠤᠢ ᠶᠢ ᠳᠠᠭᠠᠭᠠᠴᠢᠯᠠᠭᠰᠠᠨ ᠦᠨ᠎ᠡ ᠬᠠᠩᠰᠢ ᠶᠢ ᠡᠯ᠎ᠡ ᠭᠠᠵᠠᠷ ᠤᠨ ᠪᠤᠳᠠᠳᠠᠢ ᠪᠠᠶᠢᠳᠠᠯ ᠢ ᠦᠨᠳᠦᠰᠦᠯᠡᠨ ᠳᠤᠭᠳᠠᠭᠠᠳᠠᠭ ᠳᠤᠯᠠ ᠨᠢᠭᠡᠳᠦᠯᠳᠡᠢ ᠪᠠᠷᠢᠮᠵᠢᠶ᠎ᠠ ᠪᠠᠶᠢᠬᠤ ᠦᠭᠡᠢ᠃ ᠤᠯᠤᠰ ᠤᠨ ᠬᠠᠮᠢᠶ᠎ᠠ ᠪᠦᠬᠦᠢ ᠠᠮᠤ ᠪᠤᠳᠠᠭ᠎ᠠ ᠳᠠᠷᠢᠬᠤ ᠳᠠᠷᠢᠶᠠᠯᠠᠩ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠦᠨᠳᠦᠰᠦᠯᠡᠪᠠᠯ ᠳᠤᠤᠷᠠᠬᠢ ᠮᠡᠳᠦ ᠬᠤᠶᠠᠷ ᠲᠦᠷᠦᠯ ᠪᠤᠢ᠄     ᠨᠢᠭᠡ᠂ ᠠᠮᠤ ᠪᠤᠳᠠᠭ᠎ᠠ ︵ᠤᠰᠤᠨ ᠳᠤᠳᠤᠷᠭ᠎ᠠ︶᠎ ᠳᠤ ᠰᠢᠭᠤᠳ ᠨᠦᠬᠦᠪᠦᠷᠢᠯᠡᠬᠦ ᠪᠠ ᠳᠠᠷᠢᠶᠠᠯᠠᠩ ᠤᠨ ᠮᠠᠲ᠋ᠧᠷᠢᠶᠠᠯ ᠳᠤ ᠶᠡᠷᠦᠩᠭᠡᠶᠢᠯᠡᠨ ᠨᠦᠬᠦᠪᠦᠷᠢᠯᠡᠬᠦ      1. ᠠᠮᠤ ᠪᠤᠳᠠᠭ᠎ᠠ ᠳᠤ ᠰᠢᠭᠤᠳ ᠨᠦᠬᠦᠪᠦᠷᠢᠯᠡᠬᠦ ᠪᠠ ᠳᠠᠷᠢᠶᠠᠯᠠᠩ ᠤᠨ ᠮᠠᠲ᠋ᠧᠷᠢᠶᠠᠯ ᠳᠤ ᠶᠡᠷᠦᠩᠭᠡᠶᠢᠯᠡᠨ ᠨᠦᠬᠦᠪᠦᠷᠢᠯᠡᠬᠦ ᠪᠠᠷᠢᠮᠵᠢᠶ᠎ᠠ ᠨᠢ ᠤᠰᠤᠨ ᠳᠤᠳᠤᠷᠭ᠎ᠠ ᠶᠢ ᠮᠦ ᠪᠦᠷᠢ ᠳᠤ 20 ᠲᠥᠭᠦᠷᠢᠭ ᠰᠢᠭᠤᠳ ᠨᠦᠬᠦᠪᠦᠷᠢᠯᠡᠵᠦ᠂ ᠳᠠᠷᠢᠶᠠᠯᠠᠩ ᠤᠨ ᠮᠠᠲ᠋ᠧᠷᠢᠶᠠᠯ ᠤᠨ ᠶᠡᠷᠦᠩᠭᠡᠶᠢᠯᠡᠨ ᠨᠦᠬᠦᠪᠦᠷᠢᠯᠡᠬᠦ ᠪᠠᠷᠢᠮᠵᠢᠶ᠎ᠠ ᠨᠢ ᠮᠦ ᠪᠦᠷᠢ ᠳᠤ ᠭᠠᠶᠢᠯᠢ ᠲᠡᠮᠳᠡᠭᠯᠡᠬᠦ ᠳᠠᠯᠠᠪᠠᠢ ᠨᠢ 81.5 ᠲᠥᠭᠦᠷᠢᠭ︔      2. ᠤᠰᠤᠨ ᠳᠤᠳᠤᠷᠭ᠎ᠠ ᠳᠤ ᠰᠢᠭᠤᠳ ᠨᠦᠬᠦᠪᠦᠷᠢᠯᠡᠬᠦ ᠨᠢᠭᠤᠷᠯᠠᠯ ᠢ ᠤᠰᠤᠨ ᠳᠤᠳᠤᠷᠭ᠎ᠠ ᠳᠠᠷᠢᠵᠤ ᠤᠷᠭᠤᠭᠤᠯᠬᠤ ᠪᠠᠷ ᠲᠦᠯᠦᠪᠯᠡᠭᠰᠡᠨ ᠲᠡᠯᠡᠪᠡᠢ ᠪᠠᠷ ᠬᠢᠨᠠᠨ ᠳᠤᠭᠳᠠᠭᠠᠨ᠎ᠠ︔ ᠳᠠᠷᠢᠶᠠᠯᠠᠩ ᠤᠨ ᠮᠠᠲ᠋ᠧᠷᠢᠶᠠᠯ ᠤᠨ ᠶᠡᠷᠦᠩᠭᠡᠶᠢᠯᠡᠨ ᠨᠦᠬᠦᠪᠦᠷᠢᠯᠡᠬᠦ ᠨᠢᠭᠤᠷᠯᠠᠯ ᠪᠤᠯ ᠤᠰᠤᠨ ᠳᠤᠳᠤᠷᠭ᠎ᠠ᠂ ᠡᠷᠳᠡᠨᠢ ᠰᠢᠰᠢ᠂ ᠪᠤᠭᠤᠳᠠᠢ ᠵᠡᠷᠭᠡ ᠪᠠᠷ ᠭᠤᠤᠯᠳᠠᠭᠤᠯᠤᠭᠰᠠᠨ ᠠᠮᠤ ᠪᠤᠳᠠᠭᠠᠨ ᠤ ᠳᠠᠷᠢᠮᠠᠯ ᠤᠨ ᠲᠠᠯᠠᠪᠠᠢ ᠪᠠᠷ ᠬᠢᠨᠠᠨ ᠳᠤᠭᠳᠠᠭᠠᠨ᠎ᠠ︔      3. ᠭᠡᠨ ᠳᠠᠷᠢᠶ᠎ᠠ ᠳᠠᠷᠢᠪᠠᠯ ᠲᠡᠬᠦᠨ ᠳᠤ ᠨᠦᠬᠦᠪᠦᠷᠢ ᠤᠯᠭᠤᠬᠤ ᠵᠠᠷᠴᠢᠮ ᠢ ᠦᠷᠬᠦᠯᠵᠢᠯᠡᠨ ᠪᠠᠷᠢᠮᠳᠠᠯᠠᠬᠤ ᠭᠡᠷᠡᠭᠳᠡᠢ᠃ ᠵᠠᠷᠴᠢᠮ ᠲᠡᠭᠡᠷ᠎ᠡ ᠪᠠᠨ ᠭᠡᠨ ᠳᠠᠷᠢᠶ᠎ᠠ ᠳᠠᠷᠢᠪᠠᠯ ᠲᠡᠷᠡ ᠨᠦᠬᠦᠪᠦᠷᠢ ᠤᠯᠬᠤ ᠪᠤᠯᠪᠠᠴᠤ ᠳᠠᠭᠠᠭᠠᠴᠢᠯᠠᠭᠰᠠᠨ ᠭᠠᠵᠠᠷ ᠢᠶᠠᠨ ᠪᠤᠰᠤᠳ ᠲᠤ ᠰᠢᠯᠵᠢᠬᠦᠯᠦᠨ ᠳᠠᠭᠠᠭᠠᠴᠢᠯᠠᠭᠤᠯᠤᠭᠰᠠᠨ ᠪᠠ ᠪᠤᠰᠤᠳ ᠲᠤ ᠲᠦᠷᠢᠶᠡᠰᠦᠯᠡᠬᠦᠯᠦᠭᠰᠡᠳ ᠳᠠᠭᠠᠭᠠᠴᠢᠯᠠᠭᠰᠠᠨ ᠪᠤᠶᠤ ᠲᠦᠷᠢᠶᠡᠰᠦᠯᠡᠭᠰᠡᠨ ᠵᠦᠪᠳᠡᠯᠴᠡᠭᠡᠷ ᠢᠶᠠᠨ ᠦᠨᠳᠦᠰᠦᠯᠡᠨ ᠰᠢᠢᠳᠪᠦᠷᠢᠯᠡᠨ᠎ᠡ︔      4. ᠡᠵᠡᠬᠦᠢ ᠬᠠᠶᠠᠵᠤ ᠠᠳᠠᠷᠰᠢᠭᠰᠠᠨ ᠭᠠᠵᠠᠷ ᠪᠤᠶᠤ ᠳᠠᠷᠢᠶᠠᠯᠠᠩ ᠳᠤ ᠡᠯᠰᠡᠭᠰᠡᠨ ︵ᠡᠵᠡᠯᠡᠭᠰᠡᠨ︶ ᠪᠤᠰᠤ ᠭᠠᠵᠠᠷ᠂ ᠵᠠᠭᠠᠬ ᠰᠦᠪᠡᠷᠭᠡ ᠶᠢᠨ ᠭᠠᠵᠠᠷ᠂ ᠦᠪᠡᠰᠤᠪᠡᠨ ᠦᠯᠡᠳᠡᠭᠡᠭᠰᠡᠨ ᠭᠠᠵᠠᠷ ᠵᠡᠷᠭᠡ ᠳᠤ ᠨᠦᠬᠦᠪᠦᠷᠢ ᠤᠯᠭᠤᠬᠤ ᠦᠭᠡᠢ︔ ᠡᠨᠡ ᠵᠢᠯ ᠳᠠᠷᠢᠶᠠᠯᠠᠩ ᠳᠤ ᠭᠡᠷᠡᠭᠯᠡᠬᠦ ᠭᠠᠵᠠᠷ ᠢᠶᠠᠷ ᠡᠯᠰᠡᠭᠳᠡᠭᠰᠡᠨ ᠦᠭᠡᠢ ᠭᠠᠵᠠᠷ ᠤᠨ ᠳᠠᠯᠠᠪᠠᠢ ᠶᠢ ᠪᠠᠰᠠ ᠨᠦᠬᠦᠪᠦᠷᠢ ᠤᠯᠭᠤᠬᠤ ᠨᠢᠭᠤᠷᠯᠠᠯ ᠪᠤᠯᠭᠠᠵᠤ ᠪᠤᠯᠬᠤ ᠦᠭᠡᠢ ᠭᠡᠵᠦ ᠳᠤᠳᠤᠷᠬᠠᠢ ᠳᠤᠭᠳᠠᠭᠠᠪᠠ︔ ᠦᠨᠳᠦᠷ ᠦᠷ᠎ᠡ ᠠᠰᠢᠬᠳᠤ ᠳᠠᠷᠢᠶᠠᠯᠠᠩ ᠴᠦᠮ ᠨᠦᠬᠦᠪᠦᠷᠢ ᠤᠯᠭᠤᠬᠤ ᠭᠡᠪᠴᠢᠶᠡᠨ ᠳᠤ ᠪᠠᠭᠳᠠᠬᠤ ᠦᠭᠡᠢ᠂ ᠵᠠᠯᠭᠠᠯᠳᠤᠭᠰᠠᠨ ᠳᠠᠷᠢᠶᠠᠨ ᠭᠠᠵᠠᠷ ᠢ ᠲᠦᠬᠦᠭᠡᠷᠦᠮᠵᠢᠳᠦ ᠳᠠᠷᠢᠶᠠᠯᠠᠩ ᠳᠤ ᠭᠡᠷᠡᠭᠯᠡᠬᠦ ᠭᠠᠵᠠᠷ ᠪᠤᠯᠭᠠᠨ ᠬᠤᠪᠢᠷᠠᠭᠤᠯᠤᠭᠠᠳ ᠤᠳᠠᠭᠠᠨ ᠵᠢᠯ ᠳᠠᠷᠢᠶ᠎ᠠ ᠳᠠᠷᠢᠭᠰᠠᠨ ᠦᠭᠡᠢ ᠪᠤᠯ ᠨᠦᠬᠦᠪᠦᠷᠢ ᠤᠯᠭᠤᠬᠤ ᠦᠭᠡᠢ᠃      ᠬᠤᠶᠠᠷ᠂ ᠰᠢᠯᠢᠳᠡᠭ ᠳᠠᠷᠢᠶᠠᠨ ᠦᠷ᠎ᠡ ᠶᠢᠨ ᠨᠦᠬᠦᠪᠦᠷᠢ      ᠰᠢᠯᠢᠳᠡᠭ ᠳᠠᠷᠢᠶᠠᠨ ᠦᠷ᠎ᠡ ᠳᠤ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠳᠤ ᠢᠯᠡ᠂ ᠪᠦᠬᠦ ᠳᠠᠯ᠎ᠠ ᠪᠠᠷ ᠪᠦᠷᠬᠦᠬᠦᠯᠬᠦ᠂ ᠳᠠᠷᠢᠶᠠᠯᠠᠬᠤ ᠡᠷᠦᠭᠡ ᠳᠤ ᠰᠢᠭᠤᠳ ᠨᠦᠬᠦᠪᠦᠷᠢᠯᠡᠬᠦ ᠵᠠᠷᠴᠢᠮ ᠢ ᠪᠠᠷᠢᠮᠳᠠᠯᠠᠬᠤ ᠭᠡᠷᠡᠭᠳᠡᠢ᠃ ᠨᠦᠬᠦᠪᠦᠷᠢᠯᠡᠬᠦ ᠪᠠᠷᠢᠮᠵᠢᠶ᠎ᠠ᠄ ᠤᠰᠤᠨ ᠳᠤᠳᠤᠷᠭ᠎ᠠ ᠶᠢ ᠮᠦ ᠪᠦᠷᠢ ᠳᠤ 15 ᠲᠥᠭᠦᠷᠢᠭ᠂ ᠪᠤᠭᠤᠳᠠᠢ᠂ ᠡᠷᠳᠡᠨᠢ ᠰᠢᠰᠢ ᠂ ᠯᠤᠬᠠᠱᠧᠩ ᠵᠡᠷᠭᠡ ᠶᠢ ᠮᠦ ᠪᠦᠷᠢ ᠳᠤ 10 ᠲᠥᠭᠦᠷᠢᠭ ᠨᠦᠬᠦᠪᠤᠷᠢᠯᠡᠨ᠎ᠠ᠃ ᠭᠡᠬᠦ ᠳᠡᠭᠡᠨ ᠪᠦᠬᠦ ᠰᠢᠶᠠᠨ ᠤ ᠳᠤᠳᠤᠷᠭ᠎ᠠ ᠪᠠ ᠡᠷᠳᠡᠨᠢ ᠰᠢᠰᠢ᠂ ᠪᠤᠭᠤᠳᠠᠢ᠂ ᠯᠤᠬᠠᠱᠧᠩ ᠳᠠᠷᠢᠵᠤ ᠤᠷᠭᠤᠭᠤᠯᠬᠤ ᠡᠷᠦᠭᠡ ᠶᠢ ᠪᠦᠬᠦᠨ ᠢ ᠪᠦᠷᠬᠦᠬᠦᠯᠬᠦ ᠭᠡᠷᠡᠭᠳᠡᠢ᠃      ᠨᠦᠬᠦᠪᠦᠷᠢᠯᠡᠬᠦ ᠲᠡᠰ ᠲᠠᠷᠠᠭ᠎ᠠ᠄ ᠨᠦᠬᠦᠪᠦᠷᠢ ᠨᠢ ᠳᠤᠤᠷ᠎ᠠ ᠠᠴᠠ ᠲᠡᠭᠡᠭᠰᠢ ᠪᠠᠶᠢᠬᠤ ᠠᠷᠭ᠎ᠠ ᠶᠢ ᠠᠪᠴᠤ᠂ ᠨᠦᠬᠦᠪᠦᠷᠢᠯᠡᠬᠦ ᠳᠠᠯᠠᠪᠠᠢ ᠶᠢ ᠳᠤᠰᠬᠤᠨ ᠤ ᠠᠷᠠᠳ ᠤᠨ ᠵᠦᠪᠯᠡᠯ ᠠᠴᠠ ᠳᠠᠷᠢᠶᠠᠴᠢᠨ ᠡᠷᠦᠭᠡ ᠶᠢ ᠵᠤᠬᠢᠶᠠᠨ ᠪᠠᠶᠢᠭᠤᠯᠤᠨ ᠂ ᠦᠨᠡᠨ ᠪᠤᠳᠠᠳᠠᠢ ᠪᠠᠷ ᠭᠤᠶᠤᠴᠢᠯᠠᠨ ᠮᠡᠳᠡᠬᠦᠯᠬᠦ ᠶᠢᠨ ᠬᠠᠮᠳᠤ ᠳᠠᠩᠰᠠᠯᠠᠨ᠂ ᠳᠠᠩᠰᠠᠯᠠᠬᠰᠠᠨ ᠤ ᠳᠠᠷᠠᠭ᠎ᠠ ᠳᠤᠰᠬᠤᠨ ᠤ ᠠᠷᠠᠳ ᠤᠨ ᠵᠦᠪᠯᠡᠯ ᠠᠴᠠ ᠨᠦᠬᠦᠪᠦᠷᠢᠯᠡᠬᠦ ᠱᠠᠭᠠᠷᠳᠠᠯᠭ᠎ᠠ ᠪᠠᠷ ᠬᠢᠨᠠᠨ ᠬᠠᠷᠭᠤᠭᠤᠯᠬᠤ ᠶᠢᠨ ᠬᠠᠮᠳᠤ ᠳᠤᠰᠬᠤᠨ ᠤ ᠠᠷᠠᠳ ᠤᠨ ᠳᠤᠭᠤᠢᠢᠯᠠᠩ ᠢᠶᠠᠷ ᠨᠢᠬᠡᠴᠢ ᠪᠤᠯᠭᠠᠨ ᠡᠷᠦᠭᠡ ᠳᠠᠷᠠᠭᠠᠯᠠᠨ ᠰᠠᠮᠪᠠᠷ᠎ᠠ ᠳᠤ ᠢᠯᠡ ᠪᠠᠷ ᠵᠠᠷᠯᠠᠵᠤ᠂ ᠳᠤᠰᠬᠤᠨ ᠤ ᠳᠤᠭᠤᠢᠢᠯᠠᠩ ᠤᠨ ᠺᠠᠳ᠋ᠷ ᠪᠤᠯ ᠳᠤᠰᠠᠭᠠᠷ ᠢᠯᠠ ᠪᠠᠷ ᠵᠠᠷᠯᠠᠨ᠂ ᠢᠯᠡ ᠪᠠᠷ ᠵᠠᠷᠯᠠᠬᠤ ᠬᠤᠭᠤᠴᠠᠭ᠎ᠠ ᠨᠢ 7 ᠡᠳᠦᠷ ᠠᠴᠠ ᠤᠬᠤᠷ ᠪᠠᠶᠢᠵᠤ ᠪᠤᠯᠬᠤ ᠦᠭᠡᠢ᠃ ᠢᠯᠡ ᠪᠠᠷ ᠵᠠᠷᠯᠠᠬᠰᠠᠨ ᠵᠦᠢᠯ ᠳᠤ ᠤᠨᠳᠤᠤ ᠰᠠᠨᠠᠯ ᠪᠠᠶᠢᠪᠠᠯ ᠴᠠᠭ ᠳᠠᠷᠤᠢ ᠳᠤᠨᠢ ᠪᠠᠶᠢᠴᠠᠭᠠᠨ ᠬᠠᠷᠭᠤᠭᠤᠯᠵᠤ ᠵᠠᠯᠠᠷᠠᠭᠤᠯᠬᠤ ᠶᠢᠨ ᠬᠠᠮᠳᠤ ᠳᠠᠬᠢᠨᠳᠠ ᠰᠠᠮᠪᠠᠷ᠎ᠠ ᠳᠤ ᠢᠯᠠ ᠪᠠᠷ ᠵᠠᠷᠯᠠᠬᠤ ᠭᠡᠷᠡᠭᠳᠡᠢ᠃ ᠢᠯᠡ ᠵᠠᠷᠯᠠᠯ ᠲᠡᠬᠦᠰᠦᠭᠰᠡᠨ ᠤ ᠳᠠᠷᠠᠭ᠎ᠠ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠨᠡᠶᠢᠯᠡᠬᠦᠯᠦᠨ ᠬᠢᠨᠠᠨ ᠪᠠᠶᠢᠴᠠᠭᠠᠬᠤ ᠶᠢᠨ ᠬᠠᠮᠳᠤ ᠰᠢᠶᠠᠨ ᠤ ᠳᠠᠷᠢᠶᠠᠯᠠᠩ᠂ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠬᠦᠯᠦᠨ᠂ ᠰᠢᠶᠠᠨ ᠤ ᠳᠠᠷᠢᠶᠠᠯᠠᠩ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠭᠰᠠᠨ ᠤ ᠳᠠᠷᠠᠭ᠎ᠠ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠬᠢᠨᠠᠨ ᠳᠤᠭᠳᠠᠭᠠᠵᠤ᠂ ᠪᠡᠯᠡ ᠮᠦᠩᠬᠦ ᠶᠢ ᠳᠠᠷᠬᠠᠭᠠᠬᠤ ᠠᠵᠢᠯ ᠢ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠨ᠎ᠠ᠃      ︵ᠲᠤᠰ ᠡᠭᠡ ᠪᠢᠴᠢᠭ ᠢ ︽ᠦᠪᠦᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ︾᠎ ᠠᠴᠠ ᠰᠢᠯᠵᠢᠬᠦᠯᠦᠨ ᠨᠠᠶᠢᠷᠠᠭᠤᠯᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号