ᠵᠠᠰᠠᠭ  ᠤᠨ ᠤᠷᠳᠤᠨ  ᠤ ᠠᠵᠢᠯ  ᠤᠨ ᠢᠯᠡᠳᠭᠡᠯ
ᠨᠡᠶᠢᠲᠡᠯᠡᠭᠰᠡᠨ ᠴᠠᠭ᠄
2018/6/19
      — 2014 ᠤᠨ  ᠤ 1 ᠳ᠋ᠤᠭᠡᠷ ᠰᠠᠷ᠎ᠠ ᠶᠢᠨ 4  ᠤ ᠡᠳᠦᠷ ᠤᠷᠳᠤᠰ ᠬᠤᠳᠠ ᠶᠢᠨ               ᠭᠤᠷᠪᠠᠳᠤᠭᠠᠷ ᠬᠤᠭᠤᠴᠠᠭᠠᠨ  ᠤ ᠠᠷᠠᠳ  ᠤᠨ  ᠲᠦᠯᠦᠭᠡᠯᠡᠭᠴᠢᠳ   ᠤᠨ                 ᠶᠡᠭᠡ  ᠬᠤᠷᠠᠯ  ᠤᠨ  ᠬᠤᠶᠠᠳᠤᠭᠠᠷ  ᠤᠳᠠᠭᠠᠨ   ᠤ  ᠬᠤᠷᠠᠯᠳᠤᠭᠠᠨ ᠲᠡᠭᠡᠷ᠎ᠠ                            ᠤᠷᠳᠤᠰ  ᠬᠤᠳᠠ   ᠶᠢᠨ  ᠲᠠᠷᠤᠭ᠎ᠠ      ᠯᠢᠶᠠᠨ ᠰᠤ᠋ᠲᠦᠯᠦᠭᠡᠯᠡᠭᠴᠢᠳ ᠡ᠄      ᠤᠳᠤ᠂ ᠪᠢ ᠬᠤᠳᠠ ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠭᠡᠯᠡᠨ ᠶᠡᠭᠡ ᠬᠤᠷᠠᠯ  ᠳᠤ ᠠᠵᠢᠯ  ᠤᠨ ᠢᠯᠡᠳᠭᠡᠯ ᠬᠢᠶ᠎ᠠ᠂ ᠬᠢᠨᠠᠨ ᠵᠦᠪᠯᠡᠬᠦ ᠪᠤᠯᠪᠠᠤ᠂ ᠲᠠᠷᠡᠴᠢᠯᠠᠨ ᠬᠤᠳᠠ  ᠶᠢᠨ ᠤᠯᠤᠰ ᠲᠦᠷᠦ ᠶᠢᠨ ᠵᠦᠪᠯᠡᠯᠭᠡᠨ  ᠤ ᠬᠡᠰᠢᠬᠦᠳ ᠪᠠ ᠬᠤᠷᠠᠯ  ᠳᠤ ᠰᠤᠯᠠ ᠤᠷᠤᠯᠴᠠᠭᠰᠠᠳ ᠰᠠᠨᠠᠯ  ᠢᠶᠠᠨ ᠲᠤᠷᠠᠳᠬᠤ ᠪᠤᠯᠪᠠᠤ      ᠨᠢᠭᠡ᠂ 2013 ᠤᠨ  ᠤ ᠠᠵᠢᠯ  ᠤᠨ ᠡᠷᠬᠢᠴᠡᠬᠦᠯᠤᠯ      ᠦᠡᠭᠭᠡᠷᠡᠭᠰᠡᠨ ᠨᠢᠭᠡ ᠵᠢᠯ  ᠳᠤ᠂ ᠠᠵᠤ ᠠᠬᠤᠢ ᠤᠷᠤᠭᠤᠳᠠᠵᠤ ᠪᠠᠶᠢᠭ᠎ᠠ ᠲᠦᠪᠡᠭ ᠪᠤᠳᠤᠯᠢᠶᠠᠨᠳᠠᠢ ᠬᠠᠳᠠᠭᠤ ᠪᠡᠷᠭᠡ ᠪᠠᠶᠢᠳᠠᠯ  ᠤᠨ ᠡᠮᠤᠨ᠎ᠠ᠂ ᠬᠤᠳᠠ ᠶᠢᠨ ᠠᠷᠠᠳ  ᠤᠨ ᠵᠠᠰᠠᠭ  ᠤᠨ ᠤᠷᠳᠤᠨ ᠲᠦᠪ  ᠤᠨ ᠴᠢᠭᠯᠡᠯᠳᠠ ᠲᠦᠷᠦ ᠶᠢᠨ ᠪᠤᠳᠤᠯᠭ᠎ᠠ ᠪᠠ ᠦᠪᠡᠷᠳᠡᠭᠡᠨ ᠵᠠᠰᠠᠬᠤ ᠤᠷᠤᠨ  ᠤ ︽8337︾ ᠬᠦᠭᠵᠢᠯᠳᠠ ᠶᠢᠨ ᠰᠡᠳᠬᠢᠴᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠤᠳᠠ ᠶᠢᠨ ᠨᠠᠮ ᠤᠨ ᠬᠤᠷᠢᠶ᠎ᠠ ᠶᠢᠨ ᠵᠦᠪ ᠤᠳᠤᠷᠢᠳᠤᠯᠭ᠎ᠠ᠂ ᠬᠤᠳᠠ ᠶᠢᠨ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠪᠠᠶᠢᠡᠭᠭᠤ ᠶᠢᠨ ᠬᠤᠷᠢᠶ᠎ᠠ ᠪᠠ ᠬᠤᠳᠠ ᠶᠢᠨ ᠤᠯᠤᠰ ᠲᠦᠷᠦ ᠶᠢᠨ ᠵᠦᠪᠯᠡᠯᠭᠡᠨ  ᠤ ᠶᠡᠭᠡ ᠲᠡᠮᠵᠢᠯᠭᠡ ᠲᠤᠤᠷ᠎ᠠ  ᠂ ᠲᠤᠭᠳᠠᠭᠤᠨ  ᠤ ᠲᠤᠮᠳᠠ ᠤᠷᠤᠭᠰᠢᠯᠠᠬᠤ ᠠᠵᠢᠯ  ᠤᠨ ᠶᠡᠷᠦᠩᠭᠡᠢ ᠭᠤᠤᠯ ᠰᠠᠨᠠᠭ᠎ᠠ ᠶᠢ ᠪᠠᠳᠤ ᠡᠵᠡᠮᠳᠠᠵᠤ᠂ ᠪᠦᠬᠦ ᠬᠤᠳᠠ ᠶᠢᠨ ᠦᠨᠳᠤᠰᠤᠳᠠᠨ ᠨᠦᠭᠦᠳ  ᠤᠨ ᠺᠠᠳ᠋ᠷ ᠤᠯᠠᠨ ᠲᠦᠮᠠᠨ ᠲᠠᠢ ᠪᠦᠯᠬᠦᠮᠳᠠᠨ ᠲᠡᠳᠡᠨ  ᠢ ᠲᠠᠶᠢᠴᠢᠯᠠᠵᠤ᠂ ᠪᠠᠭᠢᠯᠡᠯᠳᠠ ᠡᠪᠳᠠᠨ ᠬᠦᠴᠢᠷ ᠪᠡᠷᠭᠡᠰᠢᠶᠡᠯ  ᠢ ᠢᠯᠠᠨ ᠲᠠᠪᠠᠵᠤ᠂ ᠯᠠᠪᠳᠠᠭᠤᠨ ᠪᠠᠳᠤᠳᠠᠢ ᠠᠵᠢᠯᠯᠠᠭᠠᠳ᠂ ᠡᠯ᠎ᠡ ᠲᠦᠷᠦᠯ  ᠤᠨ ᠬᠠᠷᠠᠯᠳᠠ ᠡᠭᠦᠷᠬᠡ  ᠶᠢ ᠪᠦᠬᠦ ᠲᠠᠯ᠎ᠠ  ᠪᠠᠷ ᠪᠡᠶᠡᠯᠡᠭᠦᠯᠵᠣ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠲᠤᠭᠳᠠᠭᠤᠨ  ᠤ ᠲᠤᠮᠳᠠ ᠠᠬᠢᠯᠳᠠ  ᠲᠠᠢ᠂ ᠰᠠᠶᠢᠨ ᠲᠡᠰᠢ ᠬᠠᠨᠳᠤᠬᠤ ᠶᠢ ᠪᠡᠶᠡᠯᠡᠬᠦᠯᠪᠠ᠃      ︵ᠨᠢᠭᠡ︶ ᠪᠦᠬᠦᠯᠢ ᠴᠤᠭᠴᠠ ᠶᠢᠨ ᠠᠵᠤ ᠠᠬᠤᠢ ᠲᠤᠭᠳᠠᠭᠤᠨ  ᠢᠶᠠᠷ ᠨᠡᠮᠡᠭᠳᠡᠬᠦ ᠶᠢ ᠪᠠᠳᠤᠯᠠᠪᠠ᠃  ᠪᠦᠬᠦ ᠬᠤᠳᠠ ᠪᠠᠷ  ᠢᠶᠠᠷ ᠭᠠᠵᠠᠷ ᠤᠷᠤᠨ  ᠤ ᠦᠢᠯᠡᠳᠪᠤᠷᠢᠯᠠᠯ  ᠤᠨ ᠶᠡᠷᠦᠩᠭᠡᠢ ᠦᠷᠳᠡᠭ  ᠢ 3965 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 9.5% ᠪᠠᠷ  ᠨᠡᠮᠡᠭᠳᠡᠪᠠ︔ ᠤᠯᠠᠨ ᠨᠠᠶᠢᠳᠠ ᠶᠢᠨ ᠡᠳ᠋  ᠤᠨ ᠵᠠᠰᠠᠭ  ᠤᠨ ᠲᠦᠰᠦᠪ  ᠤᠨ ᠤᠷᠤᠯᠭ᠎ᠠ ᠶᠢ 440 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 17.2%  ᠢᠶᠠᠷ ᠨᠡᠮᠡᠭᠳᠡᠵᠠᠢ︔ ᠲᠤᠭᠳᠠᠮᠠᠯ  ᠬᠦᠷᠦᠩᠭᠡ ᠶᠢᠨ ᠪᠠᠯᠠ ᠤᠷᠤᠭᠤᠯᠤᠯᠳᠠ ᠶᠢ 2996 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 16.5% ᠪᠠᠷ ᠨᠡᠮᠡᠭᠳᠡᠵᠡᠢ︔ ᠨᠡᠶᠢᠭᠡᠮ  ᠤᠨ ᠬᠡᠷᠡᠭᠯᠡᠭᠡᠨ  ᠤ ᠵᠦᠢᠯ  ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠲᠤᠭ᠎ᠠ 551.5 ᠳ᠋ᠦᠡᠭᠰᠢᠭᠤᠷ ᠲᠦᠬᠦᠷᠢᠭ ᠲᠤ ᠬᠦᠷᠴᠤ᠂ 10% ᠪᠠᠷ ᠨᠡᠮᠡᠭᠳᠡᠪᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠠᠯ ᠲᠡᠬᠢᠨ ᠡᠯᠪᠡᠭ ᠬᠤᠷᠢᠶᠠᠯᠳᠠ ᠤᠯᠵᠤ᠂ ᠠᠮᠤ ᠪᠤᠳᠠᠭᠠᠨ  ᠤ ᠬᠤᠷᠢᠶᠠᠯᠳᠠ 31 ᠳ᠋ᠦᠡᠭᠰᠢᠭᠤᠷ ᠵᠢᠩ ᠬᠦᠷᠴᠤ᠂ ᠮᠠᠯᠵᠢᠯ  ᠤᠨ ᠤᠨ  ᠤ ᠮᠠᠯ ᠰᠦᠷᠦᠭ  ᠤᠨ ᠶᠡᠷᠦᠩᠭᠡᠢ ᠲᠤᠭ᠎ᠠ 1223 ᠲᠦᠮᠠ ᠬᠦᠷᠴᠤ᠂ ᠨᠢᠭᠡᠳᠤᠭᠡᠷ ᠠᠵᠤ ᠦᠢᠯᠡᠰ 95 ᠳ᠋ᠦᠡᠭᠰᠢᠭᠤᠷ ᠲᠦᠬᠦᠷᠢᠭ ᠤᠨ  ᠨᠡᠮᠡᠭᠳᠡᠯ ᠦᠷᠳᠡᠭ  ᠢ ᠪᠠᠶᠡᠯᠡᠬᠦᠯᠵᠤ᠂ 3% ᠪᠠᠷ ᠨᠡᠮᠡᠭᠳᠡᠵᠠᠢ᠃ ᠠᠵᠤ ᠦᠢᠯᠡᠳᠪᠤᠷᠢ ᠶᠢᠨ ᠠᠵᠤ ᠠᠬᠤᠢ ᠨᠡᠯᠢᠶᠡᠳ ᠲᠦᠷᠭᠡᠨ ᠨᠡᠮᠡᠭᠳᠡᠵᠤ᠂ 2122 ᠳ᠋ᠦᠡᠭᠰᠢᠭᠤᠷ ᠲᠦᠬᠦᠷᠢᠭ  ᠤᠨ ᠪᠠᠯᠠ ᠤᠷᠤᠭᠤᠯᠤᠯᠳᠠ ᠶᠢ ᠪᠡᠶᠡᠯᠡᠬᠦᠯᠵᠤ᠂ 38% ᠪᠠᠷ ᠨᠡᠮᠡᠭᠳᠡᠵᠠᠢ︔ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ  ᠨᠡᠮᠡᠭᠳᠡᠯ ᠦᠷᠳᠡᠭ 1897 ᠳ᠋ᠦᠡᠭᠰᠢᠭᠤᠷ ᠲᠦᠬᠦᠷᠢᠭ ᠲᠤ ᠬᠦᠷᠴᠤ᠂ 12.7% ᠪᠠᠷ ᠨᠡᠮᠡᠭᠳᠡᠵᠠᠢ︔ ᠠᠵᠤ ᠦᠢᠯᠡᠳᠪᠤᠷᠢ ᠶᠢᠨ ᠴᠠᠬᠢᠯᠭᠠᠨ ᠬᠡᠷᠡᠭᠯᠡᠯᠳᠠ ᠶᠢᠨ ᠬᠡᠮᠵᠢᠶ᠎ᠠ 11.4% ᠪᠠᠷ ᠨᠡᠮᠡᠭᠳᠡᠵᠠᠢ᠃ ᠰᠢᠨ᠎ᠠ ᠪᠠᠷ ᠨᠡᠮᠡᠭᠳᠡᠭᠰᠡᠨ ᠵᠠᠭᠤᠨ ᠳ᠋ᠦᠡᠭᠰᠢᠭᠤᠷ ᠲᠦᠬᠦᠷᠢᠭ  ᠢ ᠲᠠᠪᠠᠭᠰᠠᠨ ᠬᠦᠷᠢᠶᠠᠯᠠᠩ 2᠂ ᠠᠵᠤ ᠠᠬᠤᠶᠢᠯᠠᠯ 1 ᠪᠠᠶᠢᠨ᠎ᠠ᠃  ᠬᠦᠷᠢᠶᠡᠯᠡᠩ ᠲᠤᠭᠤᠷᠢᠭ 2100 ᠳ᠋ᠦᠡᠭᠰᠢᠭᠤᠷ ᠲᠦᠬᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠶᠢ ᠪᠡᠶᠡᠯᠡᠬᠦᠯᠵᠤ᠂ 27.9% ᠪᠠᠷ  ᠨᠡᠮᠡᠭᠳᠡᠵᠠᠢ᠃ ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ ᠲᠤᠭᠳᠠᠭᠤᠨ  ᠢᠶᠠᠷ ᠬᠦᠭᠵᠢᠵᠤ᠂ ᠮᠦᠡᠭᠬᠦᠨ ᠬᠦᠢᠯᠭᠡᠭᠡᠨ  ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠤᠷᠢ ᠲᠤᠭ᠎ᠠ 2239 ᠳ᠋ᠦᠩᠰᠢᠭᠤᠷ ᠲᠦᠭᠦᠷᠢᠭ ᠪᠠ 2362 ᠳ᠋ᠦᠩᠰᠢᠭᠤᠷ ᠲᠦᠭᠦᠷᠢᠭ ᠬᠦᠷᠴᠣ᠂ ᠲᠤᠰᠪᠤᠷᠢ 5.5% ᠪᠠ 7.3% ᠪᠠᠷ ᠨᠡᠮᠡᠭᠳᠡᠵᠤ᠂ ᠵᠠᠰᠠᠮᠠᠯ ᠵᠠᠮ᠂ ᠲᠡᠮᠤᠷ ᠵᠠᠮ  ᠤᠨ ᠪᠠᠷᠠᠭ᠎ᠠ ᠲᠡᠭᠡᠭᠡᠪᠤᠷᠢ ᠶᠢᠨ ᠬᠡᠮᠵᠢᠶ᠎ᠠ 14% ᠪᠠ 12%  ᠢᠶᠠᠷ ᠨᠡᠮᠡᠭᠳᠡᠨ᠂ ᠭᠠᠳᠠᠭᠠᠳᠤ ᠠᠷᠠᠯᠵᠢᠶᠠᠨ  ᠤ ᠭᠠᠳᠠᠭᠠᠳᠤ ᠠᠴᠠ ᠤᠷᠤᠭᠤᠯᠵᠤ ᠭᠠᠳᠠᠭᠠᠳᠤ  ᠳᠤ ᠭᠠᠷᠭᠠᠭᠰᠠᠨ ᠶᠡᠷᠦᠩᠭᠡᠢ ᠲᠤᠭ᠎ᠠ 1.6 ᠲᠡᠬᠢᠨ  ᠢᠶᠠᠷ ᠨᠡᠮᠡᠭᠳᠡᠵᠤ᠂ ᠬᠦᠯᠢᠶᠠᠨ ᠵᠤᠴᠢᠯᠠᠭᠰᠠᠨ ᠵᠤᠭᠠᠴᠠᠭᠰᠠᠳ  ᠤᠨ ᠲᠤᠭ᠎ᠠ ᠪᠠ ᠵᠤᠭᠠᠴᠠᠯ  ᠤᠨ ᠤᠷᠤᠯᠭ᠎ᠠ ᠲᠤᠰᠪᠤᠷᠢ 12.2% ᠪᠠ 22.1% ᠪᠠᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ 1488 ᠳ᠋ᠦᠡᠭᠰᠢᠭᠤᠷ ᠲᠦᠬᠦᠷᠢᠭ  ᠤᠨ ᠨᠡᠮᠡᠭᠳᠡᠯ ᠦᠷᠳᠡᠭ ᠢ ᠪᠡᠶᠡᠯᠡᠬᠦᠯᠵᠤ᠂ 7% ᠪᠠᠷ ᠨᠡᠮᠡᠭᠳᠡᠵᠠᠢ᠃ ᠰᠢᠶᠠᠨ ᠪᠦᠰᠠ ᠶᠢᠨ ᠠᠵᠤ ᠠᠬᠤᠢ ᠪᠠ ᠨᠠᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢᠨ ᠪᠤᠳᠠᠳᠤ ᠬᠦᠴᠦᠨ ᠬᠦᠴᠦᠷᠭᠡᠭᠵᠢᠵᠤ᠂ ᠲᠤᠰᠪᠤᠷᠢ ᠪᠦᠬᠦ ᠬᠤᠳᠠ ᠶᠢᠨ ᠠᠵᠤ ᠠᠬᠤᠢ ᠶᠢᠨ ᠶᠡᠷᠦᠩᠭᠡᠢ ᠬᠡᠮᠵᠢᠶ᠎ᠠ ᠶᠢᠨ 78% ᠪᠠ 70% ᠶᠢ ᠡᠵᠡᠯᠡᠪᠠ᠃      ︵ᠬᠤᠶᠠᠷ︶ ᠠᠵᠤ ᠦᠢᠯᠡᠰ  ᠤᠨ ᠪᠦᠳᠤᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠦᠭᠰᠡᠨ ᠦᠷ᠎ᠠ ᠪᠦᠳᠦᠮᠵᠢ ᠢᠯᠡᠳᠳᠠ ᠪᠠᠶᠢᠨ᠎ᠠ᠃ ᠴᠡᠪᠠᠷ ᠡᠨᠧᠷᠬᠢ᠂ ᠤᠳᠤ ᠦᠶ᠎ᠠ ᠶᠢᠨ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ᠂ ᠲᠤᠨᠤᠭᠯᠠᠯ ᠦᠢᠯᠡᠳᠬᠦ᠂ ᠬᠦᠡᠭᠭᠡᠨ ᠴᠠᠭᠠᠨ  ᠤ  ᠡᠷᠬᠢᠯᠳᠠᠳᠤ ᠠᠵᠤ ᠦᠢᠯᠡᠰ ᠵᠡᠷᠭᠡ ᠭᠤᠤᠯᠳᠠᠯᠭ᠎ᠠ ᠲᠠᠢ ᠠᠵᠤ ᠦᠢᠯᠡᠰ  ᠤᠨ ᠬᠦᠭᠵᠢᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠪᠠ᠃ ᠪᠠᠷᠢᠯᠭ᠎ᠠ ᠪᠠᠨ ᠡᠬᠢᠯᠡᠬᠦᠯᠦᠭᠰᠡᠨ ᠪᠠ ᠰᠡᠷᠭᠦᠭᠡᠭᠰᠡᠨ ᠳ᠋ᠦᠡᠭᠰᠢᠭᠤᠷ ᠲᠦᠬᠦᠷᠢᠭ  ᠢ ᠲᠠᠪᠠᠭᠰᠠᠨ ᠴᠢᠬᠤᠯᠠ ᠲᠤᠮᠤ ᠲᠦᠷᠦᠯ ᠵᠦᠢᠯ 168 ᠪᠠᠶᠢᠵᠣ᠂ ᠡᠬᠦᠨ  ᠳᠤ ᠨᠡᠬᠦᠷᠡᠰᠤᠨ  ᠤ ᠪᠤᠰᠤ ᠠᠵᠤ ᠦᠢᠯᠡᠰ  ᠤᠨ ᠲᠦᠷᠦᠯ ᠵᠦᠢᠯ 108 ᠪᠠᠶᠢᠨ᠎ᠠ᠃ ᠲᠤᠮᠳᠠᠳᠤ ᠤᠯᠤᠰ  ᠤᠨ ᠲᠠᠯᠠᠢ ᠶᠢᠨ ᠴᠢᠯᠠᠭᠤᠨ ᠲᠤᠰᠤ᠂ ᠪᠡᠭᠡᠵᠢᠩ  ᠤᠨ ᠬᠤᠪᠢ ᠤᠷᠤᠭᠤᠯᠤᠯᠳᠠ ᠶᠢ ᠡᠷᠭᠡᠰᠢᠶᠡᠬᠦ ᠪᠦᠯᠦᠭᠯᠡᠯ᠂ ᠡᠾᠧᠪᠸᠢ ᠶᠢᠨ ᠪᠦᠳᠦᠭᠡᠨ ᠪᠠᠶᠢᠭᠤᠯᠤᠯᠳᠠ ᠪᠠᠯᠠ ᠤᠷᠤᠭᠤᠯᠤᠯᠳᠠ ᠶᠢᠨ ᠪᠦᠯᠦᠭᠯᠡᠯ᠂ ᠰᠢᠨ ᠮᠸᠡᠭ  ᠤᠨ 200 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ  ᠤᠨ ᠨᠡᠬᠦᠷᠡᠰᠤ ᠪᠠᠷ ᠬᠡᠢ ᠦᠢᠯᠡᠳᠬᠦ ᠪᠠ ᠲᠤᠮᠳᠠᠳᠤ ᠤᠯᠤᠰ  ᠤᠨ ᠴᠠᠬᠢᠯᠭᠠᠨ ᠬᠦᠴᠤᠨ  ᠤ ᠪᠠᠯᠠ ᠤᠷᠤᠭᠤᠯᠤᠯᠳᠠ ᠶᠢᠨ 80 ᠲᠦᠮᠠᠨ ᠲᠤᠨ  ᠤ ᠠᠯᠺᠧᠨ᠂ ᠢ ᠲᠠᠢ   ᠶᠢᠨ 200 ᠲᠦᠮᠠᠨ ᠲᠤᠨ  ᠤ ᠨᠡᠬᠦᠷᠡᠰᠤ   ᠶᠢ ᠰᠢᠩᠭᠡᠵᠢᠬᠦᠯᠬᠦ ᠵᠡᠷᠭᠡ 24 ᠴᠢᠬᠤᠯᠠ ᠲᠤᠮᠤ ᠲᠦᠷᠦᠯ ᠵᠦᠢᠯ  ᠢ ᠤᠯᠤᠰ ᠠᠴᠠ ᠨᠢᠭᠡᠨᠳᠠ ᠴᠤᠬᠤᠯᠠᠪᠤᠷᠢᠯᠠᠭᠰᠡᠨ ᠪᠤᠶᠤ ᠡᠮᠤᠨ᠎ᠠ ᠬᠤᠭᠤᠴᠠᠭᠠᠨ  ᠤ ᠠᠵᠢᠯ  ᠢ ᠦᠷᠨᠢᠬᠦᠯᠬᠦ ᠶᠢ ᠵᠦᠪᠰᠢᠶᠡᠷᠡᠵᠤ᠂ ᠵᠦᠡᠭ ᠲᠢᠶᠠᠨ ᠡᠾᠧ ᠴᠤᠸᠠᠩ  ᠤᠨ ᠨᠡᠬᠦᠷᠡᠰᠤ ᠪᠠᠷ ᠮᠧᠲ᠋ᠢᠯ ᠠᠯᠺᠤᠤᠯ ᠦᠢᠯᠡᠳᠬᠦ᠂ ᠢ ᠲᠠᠢ ᠶᠢᠨ ᠨᠠᠷᠢᠯᠢᠭ ᠬᠢᠮᠢ ᠶᠢᠨ ᠦᠢᠯᠡᠳᠬᠦᠨ᠂ ᠮᠠᠨ ᠱᠢ ᠶᠢᠨ ᠲᠤᠮᠤ ᠬᠢᠮᠢ ᠶᠢᠨ ᠪᠤᠷᠳᠤᠭᠤᠷ ᠵᠡᠷᠭᠡ 51 ᠴᠢᠬᠤᠯᠠ ᠲᠤᠮᠤ ᠲᠦᠷᠦᠯ ᠵᠦᠢᠯ  ᠤᠨ ᠪᠠᠷᠢᠯᠭ᠎ᠠ ᠶᠢ ᠡᠬᠢᠯᠡᠬᠦᠯᠦᠨ ᠪᠦᠳᠦᠭᠡᠨ ᠪᠠᠶᠢᠭᠤᠯᠵᠤ᠂ ᠲᠤᠮᠳᠠᠳᠤ ᠤᠯᠤᠰ  ᠤᠨ ᠨᠡᠬᠦᠷᠡᠰᠤᠨ  ᠤ ᠲᠤᠮᠤ ᠬᠢᠮᠢ ᠶᠢᠨ ᠪᠤᠷᠳᠤᠭᠤᠷ᠂ ᠴᠢ ᠷᠦᠢ ᠮᠠᠰᠢᠨ ᠲᠡᠷᠭᠡ᠂ ᠵᠢᠩ ᠳ᠋ᠦᠡᠭ ᠹᠠᠨᠭ᠌  ᠤᠨ  ᠬᠠᠭᠠᠰ ᠲᠠᠮᠵᠢᠭᠤᠯᠤᠭᠴᠢ ᠦᠵᠡᠬᠦᠯᠦᠬᠦᠷ᠂ ᠰᠢᠨ ᠰᠢᠩ ᠬᠦᠨᠳᠤ ᠠᠵᠤ ᠦᠢᠯᠡᠳᠪᠤᠷᠢ ᠶᠢᠨ ᠲᠠᠷᠤᠯᠳᠠᠳᠤ ᠰᠠᠪᠠ ᠵᠡᠷᠭᠡ 30 ᠭᠤᠤᠯᠳᠠᠯᠭ᠎ᠠ ᠲᠠᠢ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠰᠢᠨ᠎ᠠ ᠪᠠᠷ ᠨᠡᠮᠡᠭᠳᠡᠭᠰᠡᠨ ᠴᠠᠬᠢᠯᠭᠠᠨ ᠬᠦᠴᠦᠨ  ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ 202 ᠲᠦᠮᠠᠨ ᠺᠢᠯᠤᠸᠠᠲ᠂ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠠᠯ  ᠤᠨ ᠴᠢᠳᠠᠪᠤᠷᠢ 390 ᠲᠦᠮᠠᠨ ᠲᠤᠨ᠂ ᠮᠠᠰᠢᠨ ᠲᠡᠷᠭᠡᠨ  ᠤ ᠦᠢᠯᠡᠳᠪᠤᠷᠢᠯᠠᠯ  ᠤᠨ ᠬᠡᠮᠵᠢᠶ᠎ᠠ 6.9 ᠲᠦᠮᠠᠨ ᠲᠡᠷᠭᠡ  ᠳᠤ ᠬᠦᠷᠪᠠ᠃ ᠨᠡᠬᠦᠷᠡᠰᠤᠨ  ᠤ ᠪᠤᠰᠤ ᠠᠵᠤ ᠦᠢᠯᠡᠰ 1700 ᠳ᠋ᠦᠡᠭᠰᠢᠭᠤᠷ ᠲᠦᠬᠦᠷᠢᠭ  ᠤᠨ ᠪᠠᠯᠠ ᠤᠷᠤᠭᠤᠯᠤᠯᠳᠠ ᠶᠢ ᠪᠡᠶᠡᠯᠡᠬᠦᠯᠵᠤ᠂ ᠠᠵᠤ ᠦᠢᠯᠡᠳᠪᠤᠷᠢ ᠶᠢᠨ ᠶᠡᠷᠦᠩᠭᠡᠢ ᠪᠠᠯᠠ ᠤᠷᠤᠭᠤᠯᠤᠯᠳᠠ ᠶᠢᠨ 80% ᠶᠢ ᠡᠵᠡᠯᠡᠪᠠ︔ 652 ᠳ᠋ᠦᠡᠭᠰᠢᠭᠤᠷ ᠲᠦᠬᠦᠷᠢᠭ ᠤᠨ ᠨᠡᠮᠡᠭᠳᠡᠯ ᠦᠷᠳᠡᠭ  ᠢ ᠪᠡᠶᠡᠯᠡᠬᠦᠯᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ  ᠤᠨ 34.4% ᠶᠢ ᠡᠵᠡᠯᠡᠵᠣ᠂ ᠲᠡᠬᠡᠷ᠎ᠡ ᠵᠢᠯ  ᠤᠨ ᠬᠢᠨ  ᠠᠴᠠ ᠵᠠᠭᠤᠨ  ᠤ ᠬᠤᠪᠢ ᠶᠢᠨ ᠬᠠᠷᠢᠴᠠᠯ ᠢᠶᠠᠷ 4 ᠲᠡᠬᠡᠭᠰᠢᠯᠡᠪᠡ᠃      ︵ᠭᠤᠷᠪᠠ︶ ᠠᠷᠠᠳ  ᠤᠨ ᠠᠮᠢᠳᠤᠷᠠᠯ  ᠤᠨ ᠪᠠᠳᠤᠯᠠᠭ᠎ᠠ ᠶᠢᠨ ᠬᠢᠷᠢ ᠲᠦᠪᠰᠢᠨ ᠦᠷᠬᠦᠯᠵᠢᠯᠠᠨ ᠲᠡᠭᠡᠭᠰᠢᠯᠡᠪᠠ᠃ ᠪᠦᠬᠦ ᠵᠢᠯ  ᠳᠤ ᠠᠷᠠᠳ  ᠤᠨ ᠠᠮᠢᠳᠤᠷᠠᠯ  ᠤᠨ ᠪᠠᠯᠠ ᠤᠷᠤᠭᠤᠯᠤᠯᠳᠠ ᠶᠢ 422.7 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ ᠤᠯᠠᠨ ᠨᠠᠶᠢᠳᠠ ᠶᠢᠨ ᠡᠳ᠋  ᠤᠨ ᠵᠠᠰᠠᠭ  ᠤᠨ ᠲᠦᠰᠦᠪ  ᠤᠨ ᠵᠠᠷᠤᠯᠭ᠎ᠠ ᠶᠢᠨ 81.5% ᠶᠢ ᠡᠵᠡᠯᠡᠪᠡ᠃ ᠬᠤᠳᠠ  ᠶᠢᠨ ᠨᠠᠮ  ᠤᠨ ᠬᠤᠷᠢᠶ᠎ᠠ᠂ ᠬᠤᠳᠠ  ᠶᠢᠨ ᠵᠠᠰᠠᠭ  ᠤᠨ ᠣᠷᠳᠣᠨ  ᠤ ᠵᠢᠯ ᠤᠨ ᠡᠬᠢᠨ  ᠳᠤ ᠠᠮᠠᠯᠠᠭᠰᠠᠨ 9 ᠲᠠᠯ᠎ᠠ ᠶᠢᠨ ᠠᠷᠠᠳ  ᠢ ᠬᠠᠷᠠᠭᠠᠯᠵᠠᠬᠤ ᠪᠤᠳᠠᠳᠤ ᠶᠠᠪᠤᠳᠠᠯ  ᠢ ᠴᠦᠮ ᠨᠠᠶᠢᠳᠠᠪᠤᠷᠢᠵᠢᠭᠤᠯᠪᠠ᠃ ᠰᠢᠨ᠎ᠠ ᠪᠠᠷ ᠨᠡᠮᠡᠭᠳᠡᠭᠰᠡᠨ ᠬᠤᠳᠠ ᠪᠠᠯᠭᠠᠰᠤ ᠶᠢᠨ ᠠᠵᠢᠯ ᠤᠯᠤᠭᠰᠠᠳ 3.3 ᠲᠦᠮᠠᠨ ᠬᠦᠮᠦᠨ  ᠳᠤ ᠬᠦᠷᠴᠤ᠂ ᠬᠤᠳᠠ ᠪᠠᠯᠭᠠᠰᠤ ᠶᠢᠨ ᠲᠡᠩᠰᠡᠯᠡᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 2.7% ᠶᠢᠨ ᠲᠤᠳᠤᠷ᠎ᠠ ᠬᠢᠵᠠᠭᠠᠷᠯᠠᠪᠠ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠳ ᠤᠨ ᠨᠠᠰᠤᠵᠢᠯ  ᠤᠨ ᠮᠦᠡᠭᠬᠦ ᠶᠢ ᠬᠦᠮᠦᠨ ᠪᠦᠷᠢ ᠰᠠᠷ᠎ᠠ ᠶᠢᠨ 2265 ᠲᠦᠬᠦᠷᠢᠭ ᠠᠴᠠ ᠲᠡᠭᠡᠭᠰᠢᠯᠡᠬᠦᠯᠦᠭᠡᠳ 2433 ᠲᠦᠬᠦᠷᠢᠭ ᠲᠤ ᠬᠦᠷᠭᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠨᠠᠰᠤᠵᠢᠯ  ᠤᠨ ᠮᠦᠡᠭᠬᠦ ᠶᠢ ᠲᠤᠰᠪᠤᠷᠢ ᠬᠦᠮᠦᠨ ᠪᠦᠷᠢ ᠰᠠᠷ᠎ᠠ ᠶᠢᠨ 550 ᠲᠦᠬᠦᠷᠢᠭ ᠪᠠ 310 ᠲᠦᠬᠦᠷᠢᠭ ᠲᠤ  ᠬᠦᠷᠭᠡᠨ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠰᠠᠷ᠎ᠠ ᠶᠢᠨ 460 ᠲᠦᠬᠦᠷᠢᠭ ᠪᠠ 340 ᠲᠦᠬᠦᠷᠢᠭ ᠠᠴᠠ ᠲᠡᠭᠡᠭᠰᠢᠯᠡᠬᠦᠯᠦᠭᠡᠳ 480 ᠲᠦᠬᠦᠷᠢᠭ ᠪᠠ 390 ᠲᠦᠬᠦᠷᠢᠭ ᠲᠤ ᠬᠦᠷᠭᠡᠪᠠ᠃ 20 ᠲᠦᠷᠦᠯ  ᠤᠨ ᠬᠦᠨᠳᠤ ᠶᠡᠭᠡ ᠡᠪᠡᠳᠴᠢᠨ  ᠢ ᠮᠠᠯᠵᠢᠬᠤ ᠲᠠᠷᠢᠶᠠᠯᠠᠬᠤ ᠤᠷᠤᠨ  ᠤ ᠰᠢᠨ᠎ᠠ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠪᠠᠳᠤᠯᠠᠭ᠎ᠠ ᠶᠢᠨ ᠬᠦᠷᠢᠶ᠎ᠠ ᠬᠡᠪᠴᠢᠶᠠᠠ  ᠳᠤ ᠤᠷᠤᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠡᠮᠨᠡᠯᠭᠡ ᠶᠢᠨ ᠲᠠᠭᠠᠳᠬᠠᠯ  ᠤᠨ ᠬᠦᠮᠦᠨ ᠲᠤᠮᠳᠠᠴᠢ ᠴᠤᠭᠯᠠᠭᠤᠯᠬᠤ ᠪᠠᠯᠠ ᠮᠦᠡᠭᠬᠦ ᠶᠢᠨ ᠪᠠᠷᠢᠮᠵᠢᠶ᠎ᠠ ᠶᠢ ᠲᠤᠰᠪᠤᠷᠢ 563 ᠲᠦᠬᠦᠷᠢᠭ ᠪᠠ 574 ᠲᠦᠬᠦᠷᠢᠭ ᠲᠤ ᠬᠦᠷᠭᠡᠵᠤ᠂ ᠲᠡᠩᠰᠡ ᠲᠠᠶᠢᠯᠬᠤ ᠬᠠᠮᠤᠭ ᠦᠨᠳᠤᠷ ᠬᠢᠵᠠᠭᠠᠷ ᠱᠤᠭᠤᠮ  ᠢ ᠲᠡᠭᠡᠭᠰᠢᠯᠡᠬᠦᠯᠦᠭᠡᠳ 20 ᠲᠦᠮᠠᠨ ᠲᠦᠬᠦᠷᠢᠭ ᠲᠤ ᠬᠦᠷᠭᠡᠪᠠ᠃ ᠪᠦᠬᠦ ᠬᠤᠳᠠ  ᠶᠢ ᠪᠦᠷᠬᠦᠭᠰᠡᠨ ᠨᠡᠶᠢᠬᠡᠮ  ᠤᠨ ᠪᠠᠳᠣᠯᠠᠭ᠎ᠠ ᠶᠢᠨ ᠰᠢᠰᠲ᠋ᠧᠮᠵᠢ  ᠶᠢ ᠦᠨᠳᠦᠰᠦᠨ  ᠳᠡᠭᠡᠨ ᠪᠠᠶᠢᠭᠤᠯᠪᠠ᠃ ᠰᠢᠮ᠎ᠠ ᠲᠡᠵᠢᠭᠡᠯᠳᠤ ᠦᠷᠯᠦᠭᠡ ᠶᠢᠨ ᠬᠤᠭᠤᠯᠠ ᠶᠢᠨ ᠢᠨᠵᠧᠨᠧᠷᠢᠩ  ᠢ ᠪᠦᠬᠦ ᠲᠠᠯ᠎ᠠ ᠪᠠᠷ ᠬᠡᠷᠡᠭᠵᠢᠬᠦᠯᠵᠤ᠂ 14.5 ᠲᠦᠮᠠᠨ ᠪᠠᠭ᠎ᠠ ᠰᠤᠷᠭᠠᠭᠤᠯᠢ ᠶᠢᠨ ᠰᠤᠷᠤᠭᠴᠢ ᠪᠠ ᠬᠡᠦᠭᠡᠳ ᠠᠰᠢᠭ ᠬᠦᠷᠳᠡᠪᠠ᠃ ᠮᠠᠯᠵᠢᠬᠤ ᠲᠠᠷᠢᠶᠠᠯᠠᠬᠤ ᠤᠷᠤᠨ  ᠤ ᠪᠠᠭᠰᠢ ᠨᠠᠷ ᠲᠤ ᠬᠦᠮᠦᠨ ᠪᠦᠷᠢ ᠵᠢᠯ  ᠪᠤᠯᠭᠠᠨ ᠳᠤ ᠲᠦᠮᠠᠨ ᠲᠦᠬᠦᠷᠢᠭ  ᠤᠨ ᠨᠦᠬᠦᠪᠦᠷᠢ  ᠦᠭᠪᠠ᠃ ᠪᠤᠴᠠᠭᠠᠨ ᠬᠤᠳᠠᠯᠳᠤᠨ ᠠᠪᠤᠭᠰᠠᠨ ᠪᠠ ᠰᠢᠨ᠎ᠠ ᠪᠠᠷ ᠪᠠᠶᠢᠭᠤᠯᠤᠭᠰᠠᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ 10770 ᠬᠦᠷᠴᠤ᠂ ᠬᠠᠳᠤᠨ ᠭᠤᠤᠯ  ᠤᠨ ᠨᠠᠪᠴᠢᠬᠦ ᠤᠷᠤᠨ ᠵᠡᠷᠭᠡ ᠮᠠᠯᠵᠢᠬᠤ ᠲᠠᠷᠢᠶᠠᠯᠠᠬᠤ ᠤᠷᠤᠨ  ᠤ 4750 ᠡᠷᠦᠭᠡ ᠶᠢᠨ ᠨᠤᠷᠠᠬᠤ ᠠᠶᠤᠯ ᠲᠠᠢ ᠬᠠᠭᠤᠴᠢᠨ ᠬᠡᠷ ᠪᠠᠶᠢᠰᠢᠩ  ᠢ ᠦᠭᠡᠷᠡᠴᠢᠯᠡᠵᠠᠢ᠃ 612  ᠺᠢᠯᠤᠮᠧᠲᠷ  ᠤᠨ ᠭᠠᠴᠠᠭ᠎ᠠ ᠲᠤᠰᠬᠤᠨ ᠳᠤ ᠨᠠᠪᠳᠠᠷᠡᠬᠦ ᠵᠠᠰᠠᠮᠠᠯ ᠵᠠᠮ  ᠢ ᠦᠭᠡᠷᠡᠴᠢᠯᠠᠨ ᠪᠠᠶᠢᠭᠤᠯᠵᠤ᠂ 8000 ᠮᠠᠯᠴᠢᠨ ᠲᠠᠷᠢᠶᠠᠴᠢᠨ  ᠤ ᠴᠠᠬᠢᠯᠭᠠᠨ ᠬᠡᠷᠡᠭᠯᠡᠬᠦ ᠪᠠ 5.8 ᠲᠦᠮᠠᠨ ᠬᠦᠮᠦᠨ  ᠤ ᠤᠤᠭᠤᠬᠤ ᠤᠰᠤᠨ  ᠤ ᠠᠶᠤᠯ ᠦᠭᠡᠢ ᠶᠢᠨ ᠠᠰᠠᠭᠤᠳᠠᠯ  ᠢ ᠰᠢᠢᠳᠪᠦᠷᠢᠯᠡᠵᠡᠢ᠃ 2.6 ᠲᠦᠮᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠲᠤᠭᠳᠠᠭᠤᠨ  ᠢᠶᠠᠷ ᠶᠠᠳᠠᠭᠤ ᠠᠴᠠ ᠠᠩᠬᠢᠵᠢᠷᠠᠭᠤᠯᠪᠠ᠃ ᠠᠮᠢ ᠠᠬᠤᠢ  ᠶᠢᠨ ᠨᠡᠭᠦᠳᠡᠯ ᠠᠷᠠᠳ  ᠲᠤ ᠠᠮᠢᠳᠣᠷᠠᠯ  ᠤᠨ ᠨᠦᠬᠦᠪᠦᠷᠢ ᠣᠯᠭᠤᠬᠤ ᠵᠢᠯ  ᠤᠨ ᠬᠢᠵᠠᠭᠠᠷ  ᠢ 5 ᠵᠢᠯ  ᠠᠴᠠ ᠣᠷᠳᠣᠳᠬᠠᠨ 8 ᠵᠢᠯ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠲᠤᠰᠪᠤᠷᠢ 9% ᠪᠠ 11% ᠪᠠᠷ ᠨᠡᠮᠡᠭᠳᠡᠵᠤ᠂ 36123 ᠲᠦᠬᠦᠷᠢᠭ ᠪᠠ 12672 ᠲᠦᠬᠦᠷᠢᠭ ᠲᠤ ᠬᠦᠷᠪᠠ᠃      ︵ᠲᠦᠷᠪᠠ︶ ᠬᠤᠳᠠ ᠬᠦᠳᠡᠭᠡ ᠶᠢ ᠨᠢᠭᠡᠳᠤᠯᠳᠡᠢ ᠲᠦᠯᠦᠪᠵᠢᠬᠦᠯᠦᠨ ᠬᠦᠭᠵᠢᠬᠦᠯᠬᠦ ᠠᠯᠬᠤᠴᠠ ᠲᠦᠷᠭᠡᠳᠪᠡ᠃ ᠬᠤᠳᠠ ᠶᠢᠨ ᠦᠢᠯᠡᠴᠢᠯᠡᠭᠡᠨ  ᠤ ᠴᠢᠳᠠᠪᠬᠢ ᠴᠢᠨᠠᠭᠰᠢᠳᠠ ᠲᠡᠬᠦᠯᠳᠡᠷᠵᠢᠵᠤ᠂ ᠭᠤᠤᠯᠳᠠᠯᠭᠠᠳᠤ ᠬᠤᠳᠠ ᠶᠢᠨ ᠲᠤᠭᠤᠷᠢᠭ  ᠤᠨ ᠰᠠᠭᠤᠷᠢ ᠲᠦᠬᠦᠭᠡᠷᠦᠮᠵᠢ ᠲᠦᠷᠭᠡᠨ  ᠢᠶᠠᠷ ᠨᠡᠶᠢᠯᠡᠨ ᠠᠪᠤᠴᠠᠯᠳᠤᠵᠤ᠂ ᠳ᠋ᠦᠡᠭᠱᠸᠡᠭ  ᠠᠴᠠ ᠬᠢᠶ᠎ᠠ ᠪᠠᠭᠰᠢ ᠬᠦᠷᠭᠦ ᠲᠦᠷᠭᠡᠨ ᠬᠤᠷᠳᠤᠴᠠᠳᠤ ᠵᠠᠰᠠᠮᠠᠯ ᠵᠠᠮ  ᠢ ᠦᠭᠡᠷᠡᠴᠢᠯᠡᠨ ᠦᠷᠭᠡᠳᠭᠡᠬᠦ ᠭᠤᠤᠯ ᠴᠤᠭᠴᠠ ᠶᠢᠨ ᠪᠠᠷᠢᠯᠭ᠎ᠠ ᠲᠠᠭᠤᠰᠴᠤ᠂ ᠨᠢᠰᠭᠡᠯ  ᠤᠨ ᠪᠠᠭᠤᠳᠠᠯ  ᠤᠨ ᠲᠡᠭᠡᠳᠤ ᠬᠤᠷᠳᠤᠴᠠᠳᠤ ᠵᠠᠰᠠᠮᠠᠯ ᠵᠠᠮ᠂ ᠬᠤᠳᠠ ᠶᠢᠨ ᠪᠠᠶ᠎ᠠ ᠶᠢᠨ ᠲᠠᠮᠢᠷ  ᠤᠨ ᠲᠦᠪ ᠵᠡᠷᠭᠡ ᠭᠤᠤᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ  ᠤᠨ ᠠᠬᠢᠴᠠ ᠢᠯᠭᠤᠮ ᠪᠠᠶᠢᠨ᠎ᠠ᠃ ᠪᠦᠬᠦ ᠬᠤᠳᠠ ᠪᠠᠷ  ᠢᠶᠠᠨ ᠬᠤᠳᠠ ᠶᠢᠨ ᠶᠠᠪᠤᠳᠠᠯ  ᠤᠨ ᠰᠠᠭᠤᠷᠢ ᠲᠦᠬᠦᠭᠡᠷᠦᠮᠵᠢ ᠪᠠ ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢᠨ ᠪᠠᠯᠠ ᠤᠷᠤᠭᠤᠯᠤᠯᠳᠠ ᠶᠢ 106 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ ᠰᠢᠨ᠎ᠠ ᠪᠠᠷ ᠨᠡᠮᠡᠭᠳᠡᠭᠰᠡᠨ ᠬᠤᠳᠠ ᠶᠢᠨ ᠨᠤᠭᠤᠭᠠᠨ ᠭᠠᠵᠠᠷ  ᠤᠨ ᠲᠠᠯᠠᠪᠠᠢ 2600 ᠲᠦᠮᠠᠨ ᠲᠡᠭᠰᠢ ᠲᠦᠷᠪᠡᠯᠵᠢᠨ ᠮᠧᠲᠷ ᠲᠤ ᠬᠦᠷᠪᠠ᠃ ᠬᠤᠰᠢᠭᠤᠨ  ᠤ ᠵᠠᠰᠠᠭ  ᠤᠨ ᠣᠷᠳᠣᠨ  ᠤ ᠪᠠᠶᠢᠭ᠎ᠠ ᠭᠠᠵᠠᠷ ᠤᠨ ᠬᠤᠳᠠ ᠪᠠᠯᠭᠠᠰᠣᠵᠢᠯᠳᠠ  ᠶᠢᠨ ᠪᠦᠲᠦᠬᠡᠨ ᠪᠠᠶᠢᠭᠤᠯᠣᠯᠳᠠ  ᠶᠢ ᠡᠮᠬᠢ ᠵᠢᠷᠣᠮ ᠲᠠᠢ ᠠᠬᠢᠭᠤᠯᠵᠣ᠂ 7 ᠭᠤᠣᠯᠳᠠᠯᠭ᠎ᠠ ᠲᠠᠢ ᠰᠤᠮᠤ ᠰᠢᠶᠠᠩ ᠪᠠᠯᠭᠠᠰᠤᠨ  ᠤ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢ ᠡᠬᠢᠯᠡᠬᠦᠯᠪᠠ᠃ ᠰᠢᠨ᠎ᠠ ᠮᠠᠯᠵᠢᠬᠤ ᠲᠠᠷᠢᠢᠶᠠᠯᠠᠬᠤ ᠤᠷᠤᠨ  ᠤ ᠪᠦᠳᠦᠭᠡᠨ ᠪᠠᠶᠢᠭᠤᠯᠤᠯᠳᠠ  ᠶᠢᠨ ᠭᠦᠴᠦᠯᠡᠴᠡ ᠶᠢ ᠨᠡᠮᠡᠭᠳᠡᠭᠦᠯᠵᠣ᠂ 9 ᠭᠤᠤᠯᠳᠠᠯᠭᠠᠳᠤ ᠰᠠᠭᠤᠭᠠᠯᠢ ᠠᠷᠠᠳ  ᠤᠨ ᠴᠡᠭ  ᠢ ᠪᠠᠶᠢᠭᠤᠯᠤᠨ ᠪᠦᠳᠦᠭᠡᠵᠤ᠂ ᠤᠳᠤᠭ  ᠤᠨ ᠡᠮᠤᠨᠡᠳᠤ ᠬᠤᠰᠢᠭᠤᠨ  ᠤ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠬᠦ᠂ ᠬᠠᠨᠭ᠍ᠬᠢᠨ ᠬᠤᠰᠢᠭᠤᠨ  ᠤ ᠶᠡᠳᠡᠭᠤ  ᠶᠢ ᠲᠡᠳᠬᠦᠨ ᠨᠡᠭᠡᠭᠡᠯᠳᠠ ᠬᠢᠬᠦ᠂ ᠲᠠᠯᠠᠳ ᠬᠤᠰᠢᠭᠤᠨ ᠤ ᠰᠢᠶᠠᠨ ᠪᠦᠰᠠ ᠶᠢᠨ ᠠᠵᠤ ᠠᠬᠤᠢ ᠶᠢᠨ ᠬᠦᠭᠵᠢᠯᠳᠠ ᠶᠢᠨ ᠵᠢᠱᠢᠶ᠎ᠠ ᠦᠵᠡᠬᠦᠯᠬᠦ ᠤᠷᠤᠨ ᠤ ᠪᠦᠳᠦᠭᠡᠨ ᠪᠠᠶᠢᠭᠤᠯᠤᠯᠳᠠ ᠶᠢᠨ ᠠᠯᠬᠤᠴᠠ ᠲᠦᠷᠭᠡᠳᠪᠠ᠃      ︵ᠲᠠᠪᠤ︶ ᠠᠮᠢ ᠠᠬᠤᠢ ᠪᠠ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠠ ᠨᠡᠮᠡᠭᠳᠡᠪᠠ᠃ ᠦᠷᠭᠡᠨ ᠬᠡᠪᠴᠢᠶᠡᠨ  ᠤ ᠭᠤᠤᠯᠳᠠᠯᠭ᠎ᠠ ᠲᠠᠢ ᠤᠷᠤᠨ ᠪᠦᠰᠠ ᠶᠢᠨ ᠨᠤᠭᠤᠭᠠᠷᠠᠭᠤᠯᠤᠯᠳᠠ ᠪᠠ ᠠᠯᠪᠠᠨ ᠵᠢᠷᠤᠮ  ᠢᠶᠠᠷ ᠮᠤᠳᠤ ᠲᠠᠷᠢᠬᠤ ᠠᠵᠢᠯᠯᠠᠭ᠎ᠠ ᠶᠢ  ᠦᠷᠨᠢᠬᠦᠯᠵᠤ᠂ ᠤᠢ ᠰᠢᠭᠤᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 166.2 ᠲᠦᠮᠠᠨ ᠮᠤ᠋ ᠪᠡᠶᠡᠯᠡᠬᠦᠯᠵᠤ᠂ 370 ᠲᠦᠮᠠᠨ ᠮᠣ᠋ ᠪᠠᠯᠴᠢᠭᠡᠷ ᠲᠤ ᠮᠠᠯ ᠪᠡᠯᠴᠢᠭᠡᠷᠯᠡᠬᠦᠯᠬᠦ ᠶᠢ ᠵᠤᠭᠰᠤᠭᠠᠨ ᠡᠪᠡᠰᠤ ᠲᠠᠷᠢᠵᠤ᠂ 180.9 ᠲᠦᠮᠠᠨ ᠮᠤ᠋ ᠶᠢᠨ ᠬᠦᠷᠦᠰᠤ ᠰᠢᠷᠤᠢ ᠶᠢᠨ ᠢᠳᠡᠭᠳᠡᠯ  ᠳᠤ ᠵᠠᠰᠠᠯᠳᠠ ᠬᠢᠪᠠ᠃ ᠮᠠᠨ  ᠤ ᠬᠤᠳᠠ     ︽ᠪᠦᠬᠦ ᠤᠯᠤᠰ  ᠤᠨ ᠨᠤᠭᠤᠭᠤᠷᠠᠭᠤᠯᠤᠯᠳᠠ ᠶᠢᠨ ᠵᠢᠱᠢᠶᠠᠴᠢ ᠬᠤᠳᠠ︾ ᠪᠠᠷ ᠦᠨᠡᠯᠡᠭᠳᠡᠪᠠ᠃ ᠡᠨᠧᠷᠬᠢ ᠠᠷᠪᠢᠯᠠᠨ ᠭᠠᠳᠠᠭᠰᠢᠯᠠᠭᠤᠯᠤᠯ  ᠢ ᠪᠠᠭᠠᠰᠬᠠᠬᠤ ᠬᠦᠴᠦᠯᠡᠴᠠ ᠶᠢ ᠨᠡᠮᠡᠭᠳᠡᠬᠦᠯᠵᠤ᠂ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠭᠠᠳᠠᠭᠰᠢᠯᠠᠭᠤᠯᠤᠯ  ᠢ ᠪᠠᠭᠠᠰᠬᠠᠬᠤ ᠡᠬᠦᠷᠭᠡ ᠶᠢ ᠪᠡᠶᠡᠯᠡᠬᠦᠯᠵᠤ᠂ ᠲᠦᠮᠠᠨ ᠲᠦᠬᠦᠷᠢᠭ  ᠤᠨ GDP ᠤᠨ ᠡᠨᠧᠷᠬᠢ ᠶᠢᠨ ᠬᠤᠷᠤᠭᠳᠠᠯ 3.43% ᠪᠠᠷ  ᠪᠠᠭᠤᠷᠠᠪᠠ᠃  ᠵᠠᠮ ᠬᠠᠷᠢᠯᠴᠠᠭ᠎ᠠ ᠶᠢᠨ 33 ᠴᠢᠬᠤᠯᠠ ᠲᠤᠮᠤ ᠲᠦᠷᠦᠯ ᠵᠦᠢᠯ  ᠢ ᠬᠡᠷᠡᠭᠵᠢᠬᠦᠯᠵᠤ᠂ ᠵᠡᠬᠦᠨᠭᠠᠷ ᠠᠴᠠ ᠰᠢᠩ ᠡᠾᠧ ᠬᠦᠷᠭᠦ ᠬᠦᠨᠳᠤ ᠠᠴᠢᠶ᠎ᠠ ᠲᠡᠭᠡᠭᠡᠪᠦᠷᠢ ᠶᠢᠨ ᠲᠡᠭᠡᠳᠤ ᠬᠤᠷᠲᠤᠴᠠᠳᠤ ᠵᠠᠰᠠᠮᠠᠯ ᠵᠠᠮ᠂ ᠴᠠᠭᠠᠠᠨᠠᠭᠤᠷ ᠠᠴᠠ ᠤᠯᠵᠠᠴᠢ ᠪᠠᠯᠭᠠᠰᠤ ᠬᠦᠷᠬᠦ ᠨᠢᠭᠡᠳᠦᠭᠡᠷ ᠲᠠᠰ  ᠤᠨ ᠵᠠᠰᠠᠮᠠᠯ ᠵᠠᠮ ᠪᠠ ᠡᠮᠤᠨᠡᠳᠤ ᠬᠡᠰᠡᠭ᠂ ᠪᠠᠷᠳᠣ  ᠶᠢᠨ ᠲᠣᠬᠤᠢ ᠠᠴᠠ ᠵᠡᠬᠦᠨᠭᠠᠷ ᠬᠦᠷᠭᠦ ᠲᠠᠮᠤᠷ ᠵᠠᠮ   ᠤᠨ ᠲᠦᠷᠦᠯ ᠵᠦᠢᠯ ᠪᠠᠶᠢᠭᠤᠯᠤᠭᠳᠠᠨ ᠲᠠᠷᠭᠡ ᠨᠠᠪᠳᠠᠷᠠᠵᠤ᠂ ᠨᠢᠰᠭᠡᠯ  ᠤᠨ ᠪᠠᠭᠤᠳᠠᠯ  ᠤᠨ ᠨᠢᠰᠭᠡᠯ ᠬᠦᠯᠢᠶᠡᠬᠦ ᠰᠢᠨ᠎ᠠ ᠠᠰᠠᠷ ᠪᠠ ᠪᠤᠭᠤᠳᠤ ᠠᠴᠠ ᠰᠢ ᠠᠨ ᠬᠦᠷᠭᠦ ᠲᠠᠮᠤᠷ ᠵᠠᠮ ᠤᠨ ᠳ᠋ᠦᠡᠭᠱᠸᠡᠭ  ᠤᠨ ᠪᠠᠷᠠᠭᠤᠨ ᠦᠷᠳᠡᠭᠡ ᠡᠷᠬᠢᠯᠳᠠ ᠡᠵᠡᠩᠨᠡᠯᠳᠠ ᠳᠤ ᠤᠷᠤᠵᠤ᠂ ᠰᠢᠨ᠎ᠠ   ᠪᠠᠷ ᠨᠡᠮᠡᠭᠳᠡᠭᠰᠡᠨ ᠲᠡᠬᠡᠳᠣ ᠵᠡᠷᠭᠡ ᠲᠡᠰ  ᠤᠨ ᠵᠠᠰᠠᠮᠠᠯ ᠵᠠᠮ 370 ᠺᠢᠯᠤᠮᠧᠲᠷ᠂ ᠲᠠᠮᠤᠷ ᠵᠠᠮ 296 ᠺᠢᠯᠤᠮᠧᠲᠷ  ᠲᠤ ᠬᠦᠷᠪᠠ᠃ ᠬᠠᠳᠤᠨ ᠭᠤᠤᠯ  ᠤᠨ ᠦᠨᠳᠤᠷ ᠪᠠᠷᠢᠮᠵᠢᠶᠠᠳᠤ ᠲᠠᠯᠠᠩ ᠬᠠᠰᠢᠯᠭ᠎ᠠ ᠶᠢ ᠰᠢᠨ᠎ᠠ ᠪᠠᠷ 115 ᠺᠢᠯᠤᠮᠧᠲᠷ ᠪᠦᠳᠦᠭᠡᠨ ᠪᠠᠶᠢᠭᠤᠯᠵᠤ᠂ ᠬᠠᠳᠠᠭᠤ ᠴᠠᠶᠢᠳᠠᠮ᠂ ᠮᠸᠡᠭ ᠰᠢ ᠵᠡᠷᠭᠡ ᠤᠰᠤ ᠬᠠᠨᠭ᠍ᠭᠠᠬᠤ ᠪᠠᠷᠢᠯᠭ᠎ᠠ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂  ᠬᠤᠳᠠ ᠪᠠ ᠠᠵᠤ ᠦᠢᠯᠡᠳᠪᠤᠷᠢ ᠶᠢᠨ ᠤᠰᠤ  ᠬᠠᠨᠭ᠍ᠭᠠᠯᠭ᠎ᠠ ᠶᠢᠨ ᠬᠡᠮᠵᠢᠶ᠎ᠠ ᠰᠢᠨ᠎ᠠ ᠪᠠᠷ 3000 ᠲᠦᠮᠠᠨ ᠪᠤᠰᠤᠭ᠎ᠠ ᠲᠦᠷᠪᠠᠯᠵᠢᠨ ᠮᠧᠲᠷ ᠨᠡᠮᠡᠭᠳᠡᠪᠠ᠃ 110 ᠺᠢᠯᠤᠸᠤᠯᠲ ᠠᠴᠠ ᠲᠡᠭᠡᠭᠰᠢᠬᠢ ᠴᠠᠬᠢᠯᠭᠠᠨ ᠬᠤᠪᠢᠰᠬᠠᠨ ᠲᠠᠮᠵᠢᠭᠤᠯᠬᠤ ᠤᠳᠠᠰᠤ ᠶᠢ ᠰᠢᠨ᠎ᠠ ᠪᠠᠷ 169 ᠺᠢᠯᠤᠮᠧᠲᠷ ᠪᠠᠶᠢᠭᠤᠯᠵᠤ᠂1.2 ᠲᠦᠮᠡᠨ ᠺᠢᠯᠤᠮᠧᠲᠷ  ᠤᠨ ᠲᠠᠷᠢᠶᠠᠯᠠᠩ  ᠤᠨ ᠴᠠᠬᠢᠯᠭᠠᠨ ᠲᠤᠤᠷ ᠢ ᠦᠭᠡᠷᠡᠴᠢᠯᠡᠵᠤ᠂ ᠮᠠᠯᠵᠢᠬᠤ ᠲᠠᠷᠢᠶᠠᠯᠠᠬᠤ ᠤᠷᠤᠨ  ᠤ ᠡᠷᠦᠭᠡ ᠪᠦᠷᠢ ᠳᠤ ᠴᠠᠬᠢᠯᠭᠠᠨ ᠨᠠᠪᠳᠡᠷᠡᠬᠦᠯᠬᠦ ᠶᠢ ᠪᠡᠶᠡᠯᠡᠬᠦᠯᠪᠠ᠃      ︵ᠵᠢᠷᠭᠤᠭ᠎ᠠ︶ ᠨᠡᠶᠢᠭᠡᠮ  ᠤᠨ ᠠᠵᠢᠯ ᠦᠢᠯᠡᠰ  ᠤᠨ ᠬᠦᠭᠵᠢᠯᠳᠠ ᠲᠦᠷᠭᠡᠨ ᠲᠠᠪᠰᠢᠯᠳᠠ ᠲᠠᠢ ᠪᠤᠯᠪᠠ᠃ ᠪᠠᠭᠰᠢ ᠶᠢᠨ ᠡᠩᠨᠡᠭᠡᠨ  ᠪᠠᠶᠢᠭᠤᠯᠤᠯᠳᠠ ᠶᠢ ᠴᠢᠩᠭᠠᠳᠬᠠᠵᠤ᠂ ᠰᠠᠭᠤᠷᠢ ᠰᠤᠷᠭᠠᠨ ᠬᠦᠮᠦᠵᠢᠯ ᠤᠨ ᠪᠦᠬᠦᠯᠢ ᠴᠤᠭᠴᠠ ᠶᠢᠨ ᠬᠦᠭᠵᠢᠯᠳᠠ ᠶᠢᠨ ᠬᠢᠷᠢ ᠲᠦᠪᠰᠢᠨ ᠪᠦᠬᠦ ᠤᠷᠤᠨ  ᠤ ᠲᠡᠷᠢᠬᠦᠨ ᠡᠩᠨᠡᠭᠡᠨ  ᠳᠤ ᠤᠷᠤᠪᠠ᠃ ᠰᠢᠨ᠎ᠠ ᠪᠠᠷ ᠪᠤᠶᠤ ᠦᠬᠡᠷᠡᠴᠢᠯᠡᠨ ᠦᠷᠭᠡᠳᠭᠡᠨ ᠪᠠᠶᠢᠭᠤᠯᠤᠭᠰᠠᠨ ᠬᠡᠦᠭᠡᠳ  ᠤᠨ ᠴᠡᠴᠡᠷᠯᠢᠭ 40᠂ ᠲᠤᠮᠳᠠᠳᠤ ᠪᠠᠭ᠎ᠠ ᠰᠤᠷᠭᠠᠭᠤᠯᠢ 9 ᠪᠠᠶᠢᠨ᠎ᠠ᠃ ᠦᠪᠦᠷ ᠮᠤᠩᠭᠤᠯ  ᠤᠨ ᠶᠡᠭᠡ ᠰᠤᠷᠭᠠᠭᠤᠯᠢ ᠶᠢᠨ ᠤᠷᠳᠤᠰ ᠲᠡᠭᠡᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠠᠮᠢ ᠠᠬᠤᠢ ᠶᠢᠨ ᠤᠷᠴᠢᠨ ᠲᠤᠭᠤᠷᠢᠨ  ᠤ ᠠᠵᠢᠯ ᠮᠡᠷᠭᠡᠵᠢᠯ  ᠤᠨ ᠲᠡᠭᠡᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠲᠤᠭᠤᠷᠢᠭ ᠪᠠᠶᠢᠭᠤᠯᠤᠭᠳᠠᠨ ᠠᠰᠢᠭᠯᠠᠯᠳᠠ  ᠳᠤ ᠤᠷᠤᠪᠠ᠃ ᠰᠢᠨ᠎ᠠ  ᠪᠠᠷ ᠪᠠᠶᠢᠭᠤᠯᠤᠭᠰᠠᠨ ᠤᠯᠤᠰ ᠪᠠ ᠦᠪᠡᠷᠳᠡᠭᠡᠨ ᠵᠠᠰᠠᠬᠤ ᠤᠷᠤᠨ  ᠤ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ 2᠂ ᠠᠺᠠᠳᠧᠮᠢᠴᠢ ᠶᠢᠨ ᠠᠵᠢᠯᠯᠠᠬᠤ ᠦᠷᠳᠡᠭᠡ 3᠂ ᠪᠠᠷᠢᠯᠭ᠎ᠠ ᠶᠢᠨ ᠮᠡᠷᠭᠡᠵᠢᠯ  ᠤᠨ ᠰᠤᠳᠤᠯᠭᠠᠨ  ᠤ ᠲᠦᠪ 2 ᠪᠠᠶᠢᠨ᠎ᠠ᠃ ᠬᠤᠳᠠ ᠶᠢᠨ ᠲᠡᠭᠡᠳᠤ ᠰᠢᠨ᠎ᠠ ᠮᠡᠷᠭᠡᠵᠢᠯ  ᠤᠨ ᠠᠵᠤ ᠦᠢᠯᠡᠰ ᠤᠨ ᠬᠦᠷᠢᠶᠡᠯᠡᠩ ᠨᠢ ᠤᠯᠤᠰ  ᠤᠨ ᠴᠡᠪᠠᠷ ᠡᠨᠧᠷᠬᠢ ᠶᠢᠨ ᠤᠯᠠᠨ ᠤᠯᠤᠰ  ᠤᠨ ᠰᠢᠨ᠎ᠠ ᠶᠢ ᠡᠬᠦᠳᠬᠦ ᠬᠦᠷᠢᠶᠡᠯᠡᠩ  ᠢᠶᠠᠷ ᠵᠢᠬᠰᠠᠭᠠᠭᠳᠠᠪᠠ᠃ ᠦᠪᠦᠷ ᠮᠤᠩᠭᠤᠯ  ᠤᠨ ︽ᠲᠠᠯ᠎ᠠ ᠨᠤᠳᠤᠭ  ᠤᠨ ᠰᠤᠳᠤᠨ ᠴᠢᠳᠠᠪᠤᠷᠢᠳᠠᠨ︾  ᠤ ᠲᠡᠭᠡᠳᠤ ᠲᠠᠪᠬᠤᠷᠭᠠᠨ ᠤ ᠴᠢᠳᠠᠪᠤᠷᠢᠳᠠᠨ ᠤ ᠬᠠᠮᠳᠤᠷᠠᠯᠴᠠᠭ᠎ᠠ ᠰᠤᠯᠢᠯᠴᠠᠭᠠᠨ  ᠤ ᠬᠤᠷᠠᠯ  ᠢ ᠡᠷᠬᠢᠯᠡᠵᠤ᠂ 35 ᠬᠠᠮᠳᠤᠷᠠᠨ ᠠᠵᠢᠯᠯᠠᠬᠤ ᠪᠠᠶᠢᠭᠤᠯᠤᠮᠵᠢ ᠪᠠ ᠤᠯᠤᠰ  ᠤᠨ ᠲᠤᠳᠤᠭᠠᠳᠤ ᠭᠠᠳᠠᠭᠠᠳᠤ ᠠᠴᠠ 162 ᠨᠠᠷ᠎ᠠ ᠲᠡᠭᠡᠳᠤ ᠲᠠᠪᠬᠤᠷᠭᠠᠨ ᠤ ᠴᠢᠳᠠᠪᠤᠷᠢᠳᠠᠨ ᠤᠷᠤᠭᠤᠯᠪᠠ᠃ ᠰᠤᠶᠤᠯ  ᠢᠶᠠᠷ ᠠᠷᠠᠳ  ᠢ ᠬᠠᠷᠠᠭᠠᠯᠵᠠᠬᠤ ᠢᠨᠵᠧᠨᠧᠷᠢᠩ ᠢ ᠬᠦᠨᠵᠡᠭᠡᠢ ᠠᠬᠢᠭᠤᠯᠵᠤ᠂ ᠮᠠᠨ  ᠤ ᠬᠤᠳᠠ ᠪᠦᠬᠦ ᠤᠯᠤᠰ  ᠤᠨ ᠠᠩᠬᠠᠳᠠᠭᠴᠢ ᠪᠦᠯᠦᠭ ᠤᠯᠤᠰ  ᠤᠨ ᠤᠯᠠᠨ ᠨᠠᠶᠢᠳᠠ  ᠶᠢᠨ ᠰᠤᠶᠤᠯ  ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠠ ᠦᠵᠡᠬᠦᠯᠬᠦ ᠤᠷᠤᠨ ᠪᠤᠯᠪᠠ᠃ ᠪᠦᠬᠦ ᠠᠷᠠᠳ  ᠢᠶᠠᠷ  ᠢᠶᠠᠨ ᠪᠡᠶ᠎ᠡ ᠪᠣᠯᠪᠠᠰᠣᠷᠠᠭᠤᠯᠬᠤ ᠲᠠᠮᠢᠷ  ᠤᠨ ᠬᠦᠳᠡᠯᠬᠡᠬᠡᠨ  ᠢ ᠶᠡᠬᠡᠪᠡᠷ ᠦᠷᠨᠢᠭᠦᠯᠵᠣ᠂ ᠨᠡᠶᠢᠬᠡᠮ ᠲᠣᠭᠤᠷᠢᠭ  ᠤᠨ ᠪᠡᠶ᠎ᠡ ᠪᠣᠯᠪᠠᠰᠣᠷᠠᠭᠤᠯᠬᠤ ᠠᠵᠢᠯᠯᠠᠭᠠᠨ  ᠤ ᠲᠦᠪ  ᠢ ᠰᠢᠨ᠎ᠡ ᠪᠠᠷ 12 ᠪᠠᠶᠢᠭᠤᠯᠪᠠ᠃ ᠡᠮᠨᠡᠯᠭᠡ  ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠤ᠂ ᠬᠤᠰᠢᠭᠤ ᠰᠢᠶᠠᠩ ᠲᠤᠰᠬᠤᠨ ᠤ ᠡᠷᠡᠬᠦᠯ ᠬᠠᠮᠠᠭᠠᠯᠠᠯ  ᠤᠨ ᠦᠢᠯᠡᠴᠢᠯᠡᠭᠡ ᠶᠢ ᠨᠢᠭᠡ ᠴᠤᠭᠴᠠᠵᠢᠭᠤᠯᠬᠤ ᠬᠠᠮᠢᠶᠠᠷᠤᠯᠳᠠ ᠶᠢᠨ ᠵᠠᠭᠪᠤᠷ  ᠢ ᠬᠡᠷᠡᠭᠵᠢᠬᠦᠯᠵᠤ᠂ ᠬᠤᠳᠠ ᠶᠢᠨ ᠠᠷᠠᠳ  ᠤᠨ ᠡᠮᠨᠡᠯᠭᠡ ᠶᠢᠨ ᠬᠤᠷᠢᠶ᠎ᠠ᠂ ᠠᠷᠠᠳ ᠤᠨ ᠭᠤᠷᠪᠠᠳᠤᠭᠠᠷ ᠡᠮᠨᠡᠯᠭᠡ  ᠶᠢᠨ ᠬᠤᠷᠢᠶ᠎ᠠ᠂ ᠡᠮᠡᠭᠳᠡᠶᠢᠴᠤᠳ ᠨᠢᠯᠬᠠᠰ ᠤᠨ  ᠡᠷᠡᠬᠦᠯᠵᠢᠯ  ᠤᠨ ᠬᠤᠷᠢᠶ᠎ᠠ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠬᠤᠳᠠ ᠶᠢᠨ ᠠᠷᠠᠳ  ᠤᠨ ᠡᠮᠨᠡᠯᠭᠡ  ᠶᠢᠨ ᠬᠤᠷᠢᠶ᠎ᠠ ᠪᠠ ᠬᠤᠳᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ᠂ ᠬᠤᠳᠠ ᠶᠢᠨ ᠬᠢᠳᠠᠳ ᠡᠮᠨᠡᠯᠭᠡ ᠶᠢᠨ ᠬᠤᠷᠢᠶ᠎ᠠ ᠪᠠ ᠬᠢᠶ᠎ᠠ ᠪᠠᠭᠰᠢ ᠶᠢᠨ ᠡᠮᠨᠡᠯᠭᠡ ᠶᠢᠨ ᠬᠤᠷᠢᠶ᠎ᠠ ᠨᠢᠭᠡ ᠴᠤᠭᠴᠠᠵᠢᠭᠰᠠᠨ ᠡᠷᠬᠢᠯᠳᠠ ᠡᠵᠡᠩᠨᠡᠯᠳᠠ ᠶᠢ ᠪᠠᠶᠠᠯᠠᠬᠦᠯᠵᠤ᠂ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ  ᠤᠨ ᠲᠡᠰᠤᠭ  ᠢ 380 ᠪᠠᠶᠢᠭᠤᠯᠪᠠ᠃ ᠬᠦᠮᠦᠨ ᠠᠮᠠ ᠪᠠ ᠲᠦᠯᠦᠪᠯᠡᠭᠡᠳᠡᠢ ᠪᠠᠷ ᠬᠡᠦᠭᠡᠳ ᠠᠪᠬᠤ ᠠᠵᠢᠯ  ᠢ ᠴᠢᠩᠭᠠᠳᠬᠠᠵᠤ᠂ ᠬᠦᠮᠦᠨ ᠠᠮᠠ ᠶᠢᠨ ᠲᠦᠷᠦᠯᠳᠠ ᠶᠢᠨ ᠨᠤᠷᠮ᠎ᠠ ᠶᠢ 10.35‰ ᠲᠤᠳᠤᠷ᠎ᠠ ᠬᠢᠵᠠᠭᠠᠷᠯᠠᠪᠠ᠃      ︵ᠲᠤᠯᠤᠭ᠎ᠠ︶ ᠨᠡᠶᠢᠭᠡᠮ  ᠤᠨ ᠬᠠᠮᠢᠶᠠᠷᠤᠯᠳᠠ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠪᠠ᠃ ᠠᠷᠠᠳ  ᠤᠨ ᠵᠢᠭᠡᠯᠡᠯᠭᠡ᠂ ᠬᠡᠷ ᠪᠠᠶᠢᠰᠢᠩ ᠭᠠᠵᠠᠷ ᠬᠦᠷᠦᠩᠭᠡ ᠪᠠ ᠵᠠᠰᠠᠭ  ᠤᠨ ᠤᠷᠳᠤᠨ  ᠤ ᠴᠢᠨᠠᠷᠳᠠᠢ ᠦᠷᠢ ᠰᠢᠷᠢ ᠶᠢᠨ ᠬᠦᠷᠢᠶ᠎ᠠ ᠬᠡᠪᠴᠢᠶᠠᠨ  ᠤ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠰᠢᠬᠦ ᠶᠢ ᠴᠢᠩᠭᠠᠳᠬᠠᠵᠤ᠂ ᠵᠠᠰᠠᠭ  ᠤᠨ ᠤᠷᠳᠤᠨ  ᠤ ᠴᠢᠨᠠᠷᠳᠠᠢ ᠦᠷᠢ ᠰᠢᠷᠢ ᠶᠢ ᠠᠷᠢᠯᠭᠠᠬᠤ᠂ ᠬᠠᠤᠯᠢ ᠪᠤᠰᠤ ᠪᠠᠷ ᠪᠠᠯᠠ ᠮᠦᠡᠭᠬᠦ ᠴᠤᠭᠯᠠᠭᠤᠯᠬᠤ  ᠳᠤ ᠴᠤᠬᠢᠯᠳᠠ ᠦᠭᠬᠦ᠂ ᠠᠪᠴᠠᠭ᠎ᠠ ᠦᠭᠴᠡᠭᠡ ᠶᠢ ᠲᠤᠯᠭᠠᠨ ᠤᠷᠤᠯᠠᠭᠤᠯᠬᠤ᠂ ᠲᠡᠸᠠᠷ ᠤᠨ ᠬᠡᠷ ᠪᠠᠶᠢᠰᠢᠩ  ᠢ ᠪᠤᠴᠠᠭᠠᠨ ᠬᠤᠳᠠᠯᠳᠤᠨ ᠠᠪᠬᠤ ᠪᠤᠶᠤ ᠪᠦᠯᠬᠦᠮ ᠢᠶᠠᠷ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ  ᠪᠠᠷ ᠲᠠᠮᠵᠢᠨ ᠨᠢᠭᠡ ᠪᠦᠯᠦᠭ ᠠᠷᠠᠳ  ᠤᠨ ᠵᠢᠭᠡᠯᠡᠯᠭᠡ ᠶᠢᠨ ᠬᠡᠷᠡᠭ  ᠢ ᠰᠠᠶᠢᠳᠤᠷ ᠰᠢᠢᠳᠪᠤᠷᠢᠯᠡᠵᠤ᠂ ᠬᠡᠷ ᠪᠠᠶᠢᠰᠢᠩ ᠭᠠᠵᠠᠷ ᠬᠦᠷᠦᠩᠭᠡ  ᠶᠢᠨ ᠵᠠᠬ᠎ᠠ ᠲᠡᠯᠭᠡᠬᠦᠷ ᠶᠡᠷᠦᠩᠭᠡᠢ ᠳᠡᠭᠡᠨ ᠲᠤᠭᠳᠠᠭᠤᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ᠂ ᠠᠮᠤᠷ ᠲᠤᠭᠳᠠᠭᠤᠨ  ᠢ ᠬᠠᠮᠠᠭᠠᠯᠠᠬᠤ ᠪᠠ ᠠᠶᠤᠯ ᠦᠭᠡᠢ ᠦᠢᠯᠡᠳᠪᠤᠷᠢᠯᠠᠯ  ᠤᠨ ᠪᠠᠶᠢᠳᠠᠯ ᠲᠤᠭᠳᠠᠭᠤᠨ ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠭᠡᠢ ᠬᠡᠮᠵᠢᠶ᠎ᠠ 20% ᠪᠠᠷ ᠪᠠᠭᠤᠷᠠᠵᠤ᠂ ᠡᠷᠡᠭᠦᠣ  ᠶᠢᠨ ᠬᠡᠷᠡᠭ ᠪᠠ ᠠᠮᠣᠷ  ᠢ ᠬᠠᠮᠠᠭᠠᠯᠠᠬᠤ ᠬᠡᠷᠡᠭ 9.5% ᠪᠠ 11.6%  ᠪᠠᠷ ᠪᠠᠭᠤᠷᠠᠵᠣ᠂ ᠠᠶᠤᠯ ᠦᠭᠡᠢ ᠦᠢᠯᠡᠳᠪᠤᠷᠢᠯᠠᠯ ᠤᠨ ᠠᠳᠠᠯ ᠡᠬᠦᠰᠤᠯᠳᠠ ᠶᠢᠨ ᠲᠤᠭ᠎ᠠ ᠪᠠ ᠦᠬᠦᠭᠰᠡᠨ ᠬᠦᠮᠦᠨ  ᠤ ᠲᠤᠭ᠎ᠠ 4.3% ᠪᠠ 8.5% ᠪᠠᠷ ᠪᠠᠭᠤᠷᠠᠵᠤ᠂ ᠮᠠᠨ  ᠤ ᠬᠤᠳᠠ ︽ᠪᠦᠬᠦ ᠤᠯᠤᠰ  ᠤᠨ ᠨᠡᠶᠢᠭᠡᠮ ᠤᠨ ᠬᠠᠮᠢᠶᠠᠷᠤᠯᠳᠠ ᠶᠢᠨ ᠶᠡᠷᠦᠩᠭᠡᠶᠢᠯᠠᠨ ᠵᠠᠰᠠᠭᠰᠠᠨ ᠰᠢᠯᠢᠳᠡᠭ ᠬᠤᠳᠠ︾ ᠪᠠᠷ ᠦᠨᠡᠯᠡᠭᠳᠡᠪᠠ᠃ ᠢᠳᠡᠭᠡᠨ  ᠤ ᠠᠶᠤᠯ ᠦᠭᠡᠢ ᠶᠢᠨ ᠬᠢᠨᠠᠨ ᠬᠠᠮᠢᠶᠠᠷᠤᠯᠳᠠ ᠶᠢᠨ ᠰᠢᠰᠲ᠋ᠧᠮᠵᠢ ᠴᠢᠨᠠᠭᠰᠢᠳᠠ ᠲᠡᠬᠦᠯᠳᠡᠷᠵᠢᠵᠤ᠂ ᠤᠯᠤᠰ ᠤᠨ ᠢᠳᠡᠭᠡᠨ  ᠤ ᠦᠢᠯᠡᠳᠪᠤᠷᠢᠯᠠᠯ  ᠤᠨ ᠶᠠᠰᠤ ᠴᠢᠨᠠᠷ  ᠤᠨ ᠠᠶᠤᠯ ᠦᠭᠡᠢ ᠶᠢᠨ ᠵᠢᠱᠢᠶ᠎ᠠ ᠦᠵᠡᠬᠦᠯᠬᠦ ᠬᠤᠳᠠ ᠶᠢᠨ ᠲᠤᠷᠰᠢᠯᠳᠠ ᠶᠢᠨ ᠴᠡᠭ ᠪᠤᠯᠪᠠ᠃ ᠤᠶᠤᠨ ᠤ ᠪᠤᠯᠪᠠᠰᠤᠨ ᠪᠠ ᠠᠷᠠᠳᠴᠢᠯᠠᠯ ᠬᠠᠤᠯᠢ ᠲᠦᠷᠢᠮ  ᠤᠨ ᠪᠠᠶᠢᠭᠤᠯᠤᠯᠳᠠ ᠬᠦᠨᠵᠡᠭᠡᠢ ᠠᠬᠢᠭᠤᠯᠤᠭᠳᠠᠵᠤ᠂ ᠮᠠᠨ  ᠤ ᠬᠤᠳᠠ ᠬᠤᠳᠠ ᠶᠢᠨ ᠪᠤᠯᠪᠠᠰᠤᠨ  ᠤ ᠬᠡᠮᠵᠢᠶ᠎ᠠ ᠶᠢᠨ ᠵᠢᠭᠠᠯᠳᠠ ᠲᠤᠭ᠎ᠠ ᠶᠢᠨ ᠬᠡᠮᠵᠢᠨ ᠲᠤᠭᠳᠠᠭᠠᠯᠳᠠ  ᠳᠤ ᠪᠦᠬᠦ ᠤᠯᠤᠰ ᠤᠨ ᠲᠤᠰᠬᠠᠢ ᠤᠷᠤᠨ ᠤ ᠪᠤᠯᠪᠠᠰᠤᠨ ᠬᠤᠳᠠ ᠶᠢᠨ ᠲᠠᠪᠤᠳᠤᠭᠠᠷ ᠲᠤ ᠤᠷᠤᠪᠠ᠃ ᠴᠡᠷᠢᠭ ᠠᠩᠬᠢ ᠶᠢᠨ ᠤᠳᠤᠬᠢᠴᠢᠯᠠᠯᠳᠠ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠡᠯᠡᠳᠭᠡᠯ ᠠᠯᠪᠠ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠲᠠᠰᠤᠷᠠᠯᠳᠠ ᠦᠭᠡᠢ ᠴᠢᠩᠭᠠᠳᠬᠠᠭᠳᠠᠪᠠ᠃ ᠦᠨᠳᠤᠰᠤᠳᠠᠨ ᠱᠠᠰᠢᠨ ᠰᠤᠷᠳᠠᠬᠤᠨ ᠤ ᠠᠵᠢᠯ  ᠳᠤ ᠰᠢᠨ᠎ᠠ ᠦᠷ᠎ᠠ ᠪᠦᠳᠦᠮᠵᠢ ᠤᠯᠪᠠ᠃     ︵ᠨᠠᠢᠮᠠ︶ ᠵᠠᠰᠠᠭ  ᠤᠨ ᠤᠷᠳᠤᠨ  ᠤ ᠲᠤᠰ ᠪᠠᠶ᠎ᠠ ᠶᠢᠨ ᠪᠠᠶᠢᠭᠤᠯᠤᠯᠳᠠ ᠴᠢᠨᠠᠭᠰᠢᠳᠠ ᠴᠢᠩᠭᠠᠳᠬᠠᠭᠳᠠᠪᠠ᠃ ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ  ᠤᠨ ᠡᠯ᠎ᠠ ᠲᠠᠯ᠎ᠠ ᠶᠢᠨ ᠬᠢᠨ  ᠤ ᠬᠢᠨᠠᠯᠳᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠵᠤ᠂ ᠠᠷᠠᠳ  ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ  ᠤ ᠬᠡᠰᠢᠬᠦᠳ  ᠤᠨ ᠰᠠᠨᠠᠯ ᠲᠤᠷᠠᠳᠤᠯᠭ᠎ᠠ ᠶᠢ ᠴᠦᠮ ᠬᠦᠢᠴᠡᠳᠭᠡᠨ ᠲᠠᠭᠤᠰᠬᠠᠪᠠ᠃ 104 ᠲᠦᠷᠦᠯ  ᠤᠨ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠡᠷᠭᠡ᠂ 28 ᠲᠦᠷᠦᠯ  ᠤᠨ ᠬᠠᠤᠯᠢ ᠶᠢ ᠬᠡᠷᠡᠭᠵᠢᠬᠦᠯᠬᠦ ᠡᠷᠭᠡ᠂ 7 ᠲᠦᠷᠦᠯ  ᠤᠨ ᠰᠦᠢᠳᠭᠡᠯ ᠬᠤᠷᠢᠶᠠᠬᠤ ᠲᠦᠷᠦᠯ ᠵᠦᠢᠯ ᠢ ᠦᠭᠡᠶᠢᠰᠭᠡᠭᠰᠡᠨ ᠪᠠ  ᠲᠤᠷᠤᠭᠰᠢ ᠪᠠᠭᠤᠯᠭᠠᠪᠠ᠃ ᠲᠦᠪ  ᠤᠨ ︽ᠨᠠᠢᠮᠠᠨ ᠵᠦᠢᠯ  ᠤᠨ ᠲᠤᠭᠳᠠᠭᠠᠯ︾  ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ  ᠤᠨ ᠰᠤᠷᠳᠠᠯ  ᠢᠶᠠᠨ ᠦᠨᠡᠨᠬᠦ ᠬᠤᠪᠢᠷᠠᠭᠤᠯᠵᠤ᠂ ᠵᠠᠰᠠᠭ ᠤᠨ ᠤᠷᠳᠤᠨ  ᠤ ᠬᠤᠷᠠᠯ ᠴᠤᠭᠯᠠᠭᠠᠨ᠂ ᠪᠢᠴᠢᠭ ᠮᠠᠲ᠋ᠧᠷᠢᠶᠠᠯ ᠪᠠ ᠠᠯᠪᠠᠨ ᠶᠠᠪᠤᠳᠠᠯ  ᠤᠨ ᠵᠤᠴᠢᠯᠠᠭ᠎ᠠ ᠶᠢᠨ ᠠᠵᠢᠯᠯᠠᠭ᠎ᠠ ᠶᠢ ᠲᠤᠰᠪᠤᠷᠢ 24%᠂ 36% ᠪᠠ 48% ᠪᠠᠷ ᠬᠠᠰᠤᠭᠳᠠᠭᠤᠯᠪᠠ᠃ ᠨᠠᠮ ᠵᠠᠰᠠᠭ  ᠤᠨ ᠪᠠᠶᠢᠭᠤᠯᠭ᠎ᠠ  ᠶᠢᠨ ᠠᠯᠪᠠᠨ ᠬᠡᠷᠡᠭᠯᠡᠭᠡᠨ  ᠤ ᠲᠡᠷᠭᠡ ᠪᠠ ᠬᠡᠷ ᠪᠠᠶᠢᠰᠢᠩ  ᠳᠤ ᠲᠤᠰᠬᠠᠢ ᠵᠠᠰᠠᠯᠳᠠ  ᠬᠢᠬᠦ ᠠᠵᠢᠯᠯᠠᠭ᠎ᠠ ᠶᠢ ᠲᠦᠪᠯᠡᠷᠡᠬᠦᠯᠦᠨ ᠦᠷᠨᠢᠭᠦᠯᠵᠣ᠂ ᠪᠠᠷᠢᠮᠵᠢᠶ᠎ᠠ ᠠᠴᠠ  ᠪᠠᠨ ᠲᠠᠪᠠᠭᠤᠯᠣᠭᠰᠠᠨ 2000 ᠭᠠᠷᠣᠢ ᠠᠯᠪᠠᠨ ᠬᠡᠷᠡᠭᠯᠡᠬᠡᠨ ᠤ ᠲᠡᠷᠬᠡ᠂ 10 ᠲᠦᠮᠡᠨ ᠲᠡᠭᠰᠢ ᠲᠦᠷᠪᠡᠯᠵᠢᠨ ᠮᠧᠲᠷ  ᠤᠨ ᠠᠯᠪᠠᠨ ᠬᠡᠷᠡᠭᠯᠡᠬᠡᠨ  ᠤ ᠬᠡᠷ ᠪᠠᠶᠢᠰᠢᠩ  ᠢ ᠴᠡᠪᠡᠷᠯᠡᠪᠡ᠃ ᠡᠩ ᠤᠨ ᠴᠢᠨᠠᠷᠳᠠᠢ ᠵᠠᠷᠤᠯᠭ᠎ᠠ ᠶᠢ ᠶᠡᠭᠡᠪᠡᠷ ᠪᠠᠭᠠᠰᠬᠠᠵᠤ᠂ ᠠᠯᠪᠠᠨ ᠵᠠᠷᠤᠳᠠᠯ ᠪᠠ ᠡᠩ ᠤᠨ ᠴᠢᠨᠠᠷᠳᠠᠢ ᠵᠠᠷᠤᠯᠭ᠎ᠠ ᠶᠢ 20% ᠪᠠ 50% ᠪᠠᠷ ᠬᠠᠰᠣᠭᠳᠠᠭᠤᠯᠪᠠ᠃ ᠵᠠᠰᠠᠭ  ᠤᠨ ᠶᠠᠪᠤᠳᠠᠯ ᠢ ᠢᠯᠠ ᠪᠤᠯᠭᠠᠬᠤ ᠶᠢ ᠢᠳᠡᠪᠬᠢᠳᠠᠢ ᠠᠬᠢᠭᠤᠯᠵᠤ᠂ ᠵᠠᠰᠠᠭ ᠵᠠᠬᠢᠷᠭᠠᠨ  ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠴᠢᠬᠤᠯᠠ ᠲᠦᠷᠦᠯ ᠵᠦᠢᠯ ᠢ ᠪᠠᠶᠢᠴᠠᠭᠠᠬᠤ᠂ ᠵᠠᠰᠠᠭ  ᠤᠨ ᠤᠷᠳᠤᠨ  ᠤ ᠪᠠᠯᠠ ᠤᠷᠤᠭᠤᠯᠤᠯᠳᠠ ᠶᠢᠨ ᠲᠦᠷᠦᠯ ᠵᠦᠢᠯ  ᠢ ᠬᠢᠨᠠᠨ ᠪᠤᠳᠤᠵᠤ ᠬᠢᠨᠠᠯᠳᠠ ᠲᠠᠯᠪᠢᠬᠤ᠂ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ  ᠢ ᠠᠷᠠᠯᠵᠢᠶᠠᠯᠠᠬᠤ ᠵᠡᠷᠭᠡ ᠠᠯᠢ ᠤᠯᠠᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠵᠤ᠂ ᠤᠯᠠᠨ ᠨᠠᠶᠢᠳᠠ ᠶᠢᠨ ᠡᠬᠢ ᠪᠠᠶᠠᠯᠢᠭ  ᠢ ᠠᠷᠠᠯᠵᠢᠶᠠᠯᠠᠬᠤ ᠡᠷᠬᠢᠯᠳᠡ  ᠶᠢᠨ ᠲᠣᠭᠳᠠᠴᠠ  ᠶᠢ ᠲᠡᠭᠦᠯᠳᠡᠷᠵᠢᠭᠦᠯᠵᠣ᠂ ᠴᠢᠬᠡᠴᠢ ᠵᠠᠰᠠᠭ  ᠤᠨ ᠪᠠᠶᠢᠭᠤᠯᠤᠯᠳᠠ ᠪᠠ ᠢᠯᠵᠠᠷᠠᠮᠠᠯ  ᠢ ᠡᠰᠡᠷᠬᠦᠴᠡᠬᠦ ᠠᠵᠢᠯ ᠳᠤ ᠰᠢᠨ᠎ᠠ ᠦᠷ᠎ᠠ ᠪᠦᠳᠦᠮᠵᠢ ᠤᠯᠪᠠ᠃      ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠳᠤ ᠤᠯᠤᠭᠰᠠᠨ ᠬᠢᠷᠢ ᠪᠦᠳᠦᠮᠵᠢ ᠪᠤᠯ ᠬᠢᠯᠪᠠᠷ ᠪᠤᠰᠤ ᠶᠤᠮ᠃ ᠡᠨᠠ ᠨᠢ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ᠂ ᠵᠠᠰᠠᠭ  ᠤᠨ ᠤᠷᠳᠤᠨ ᠪᠠ ᠬᠤᠳᠠ ᠶᠢᠨ ᠨᠠᠮ  ᠤᠨ ᠬᠤᠷᠢᠶ᠎ᠠ ᠶᠢᠨ ᠵᠦᠪ ᠤᠳᠤᠷᠢᠳᠤᠯᠭ᠎ᠠ ᠶᠢᠨ ᠦᠷ᠎ᠠ ᠳ᠋ᠦᠡᠭ ᠪᠤᠯᠬᠤ ᠶᠤᠮ᠂ ᠬᠤᠳᠠ  ᠶᠢᠨ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ᠂ ᠬᠤᠳᠠ  ᠶᠢᠨ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠠ  ᠲᠠᠯ᠎ᠠ ᠶᠢᠨ ᠬᠢᠨ  ᠤ ᠲᠠᠮᠵᠢᠯᠭᠡ ᠬᠢᠨᠠᠯᠳᠠ ᠲᠠᠯᠪᠢᠯᠳᠠ  ᠂ ᠬᠠᠮᠳᠤ ᠶᠢᠨ ᠴᠢᠷᠮᠠᠶᠢᠯᠭ᠎ᠠ ᠶᠢᠨ ᠦᠷ᠎ᠠ ᠳ᠋ᠦᠡᠭ ᠪᠤᠯᠬᠤ ᠶᠤᠮ᠂ ᠮᠦᠨ ᠴᠤ ᠪᠦᠬᠦ ᠬᠤᠳᠠ ᠶᠢᠨ ᠠᠷᠠᠳ ᠲᠦᠮᠠᠨ ᠰᠡᠳᠭᠢᠯ ᠨᠢᠭᠡᠳᠤᠨ ᠬᠦᠴᠦᠨ  ᠢᠶᠠᠨ ᠬᠠᠮᠳᠤᠳᠬᠠᠵᠤ᠂ ᠪᠦᠯᠬᠦᠮᠳᠠᠨ ᠲᠡᠮᠡᠴᠡᠭᠰᠡᠨ  ᠤ ᠦᠷ᠎ᠠ ᠳ᠋ᠦᠡᠭ ᠪᠤᠯᠬᠤ ᠶᠤᠮ᠃ ᠠᠳᠠ᠂ ᠪᠢ ᠬᠤᠳᠠ ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠭᠡᠯᠡᠨ᠂ ᠪᠦᠬᠦ ᠬᠤᠳᠠ ᠶᠢᠨ ᠦᠨᠳᠤᠰᠤᠳᠠᠨ ᠨᠦᠭᠦᠳ  ᠤᠨ ᠺᠠᠳ᠋ᠷ ᠤᠯᠠᠨ ᠲᠦᠮᠠᠨ ᠪᠠ ᠤᠷᠳᠤᠰ  ᠤᠨ ᠪᠦᠳᠦᠭᠡᠨ ᠪᠠᠶᠢᠭᠤᠯᠤᠯᠳᠠ ᠬᠦᠭᠵᠢᠯᠳᠠ  ᠶᠢ ᠬᠠᠯᠠᠮᠵᠢᠯᠠᠵᠤ᠂ ᠲᠡᠮᠵᠢᠵᠤ᠂ ᠤᠷᠤᠯᠴᠠᠭᠰᠠᠨ ᠨᠡᠶᠢᠭᠡᠮ  ᠤᠨ ᠡᠯ᠎ᠠ  ᠲᠠᠯ᠎ᠠ ᠶᠢᠨ ᠬᠢᠨ  ᠳᠤ ᠴᠢᠩ ᠰᠡᠳᠭᠢᠯ  ᠤᠨ ᠲᠠᠯᠠᠷᠬᠠᠯ  ᠢᠶᠠᠨ ᠢᠯᠡᠳᠭᠡᠬᠦ   ᠶᠢᠨ ᠬᠠᠮᠳᠤ ᠡᠷᠬᠢᠮ ᠲᠡᠭᠡᠳᠤ ᠬᠦᠨᠳᠤᠴᠢᠯᠠᠯ  ᠢᠶᠠᠨ ᠲᠡᠪᠰᠢᠬᠦᠯᠦᠶ᠎ᠠ︕      ᠬᠤᠷᠸ᠎ᠠ ᠠᠵᠤ ᠠᠬᠤᠢ ᠶᠢᠨ ᠪᠠᠶᠢᠳᠠᠯ  ᠤᠨ ᠨᠦᠯᠦᠭᠡᠯᠡᠯ ᠠᠴᠠ ᠪᠤᠯᠵᠤ᠂ ᠮᠠᠨ  ᠤ ᠬᠤᠳᠠ ᠶᠢᠨ ᠠᠵᠤ ᠠᠬᠤᠢ ᠨᠡᠶᠢᠭᠡᠮ  ᠤᠨ ᠬᠦᠭᠵᠢᠯᠳᠠ ᠲᠤᠮᠳᠠ ᠴᠤ ᠪᠠᠭ᠎ᠠ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠪᠠ᠃ ᠭᠤᠤᠯ ᠢᠯᠠᠷᠠᠯ ᠨᠢ᠄ ᠠᠵᠤ ᠠᠬᠤᠢ ᠶᠢᠨ ᠭᠤᠤᠯ ᠬᠦᠢᠴᠡᠳᠭᠡᠬᠦ ᠲᠤᠭ᠎ᠠ ᠶᠢᠨ ᠨᠡᠮᠡᠭᠳᠡᠯ  ᠤᠨ ᠬᠤᠷᠳᠤᠴᠠ ᠤᠳᠠᠭᠠᠰᠢᠷᠠᠵᠤ᠂ ᠵᠠᠷᠢᠮ ᠠᠵᠤ ᠠᠬᠤᠶᠢᠯᠠᠯ  ᠤᠨ ᠦᠢᠯᠡᠳᠪᠦᠷᠢᠯᠡᠯ ᠡᠵᠡᠩᠨᠡᠯᠳᠠ ᠬᠦᠴᠢᠷᠳᠡᠯᠳᠡᠢ ᠪᠤᠯᠵᠤ᠂ ᠡᠳ᠋  ᠤᠨ ᠵᠠᠰᠠᠭ ᠤᠨ ᠤᠷᠤᠯᠭ᠎ᠠ ᠵᠠᠷᠤᠯᠭ᠎ᠠ  ᠶᠢᠨ ᠵᠦᠷᠢᠴᠡᠯ ᠲᠤᠪᠤᠶᠢᠮ᠎ᠠ ᠪᠠᠶᠢᠨ᠎ᠠ︔ ᠭᠤᠤᠯᠯᠠᠬᠤ ᠠᠵᠤ ᠦᠢᠯᠡᠰ ᠤᠨ ᠲᠠᠩ ᠴᠤᠯᠭᠤᠶᠢᠵᠢᠭᠰᠠᠨ ᠠᠰᠠᠭᠤᠳᠠᠯ ᠲᠤᠪᠦᠶᠢᠮ᠎ᠠ ᠪᠠᠶᠢᠵᠤ᠂ ᠠᠵᠣ ᠠᠬᠤᠶᠢᠯᠠᠯ  ᠤᠨ ᠰᠢᠨ᠎ᠡ  ᠶᠢ ᠡᠭᠦᠳᠬᠦ ᠴᠢᠳᠠᠪᠦᠷᠢ ᠪᠠᠭᠤᠷᠠᠢ᠂ ᠡᠬᠢ ᠪᠠᠶᠠᠯᠢᠭ  ᠤᠨ ᠤᠷᠴᠢᠨ ᠲᠤᠭᠤᠷᠢᠨ ᠪᠠ ᠬᠦᠴᠦᠨ ᠵᠦᠢᠯ  ᠤᠨ ᠬᠢᠵᠠᠭᠠᠷᠯᠠᠯ ᠴᠢᠨᠠᠭᠰᠢᠳᠠ ᠨᠡᠮᠡᠭᠳᠡᠵᠤ᠂ ᠬᠦᠭᠵᠢᠯᠳᠠ ᠶᠢᠨ ᠶᠠᠰᠤ ᠴᠢᠨᠠᠷ ᠪᠠ ᠦᠷ᠎ᠠ ᠠᠰᠢᠭ  ᠢ ᠲᠡᠭᠡᠭᠰᠢᠯᠡᠬᠦᠯᠬᠦ ᠴᠢᠬᠤᠯᠠ ᠲᠠᠢ ᠪᠠᠶᠢᠨ᠎ᠠ︔ ᠬᠤᠳᠠ ᠬᠦᠳᠡᠭᠡ᠂ ᠤᠷᠤᠨ ᠪᠦᠰᠠ᠂ ᠠᠵᠤ ᠠᠬᠤᠢ ᠪᠠ ᠨᠡᠶᠢᠭᠡᠮ  ᠤᠨ ᠬᠤᠭᠤᠷᠤᠨᠳᠤᠬᠢ ᠬᠦᠭᠵᠢᠯᠳᠠ ᠵᠤᠬᠢᠴᠠᠯᠳᠤᠯ ᠢᠶᠠᠷ ᠬᠦᠷᠦᠯᠴᠡᠬᠦ ᠦᠭᠡᠢ ᠪᠠᠶᠢᠵᠤ᠂ ᠮᠠᠯᠵᠢᠬᠤ ᠲᠠᠷᠢᠶᠠᠯᠠᠬᠤ ᠤᠷᠤᠨ  ᠤ ᠦᠢᠯᠡᠳᠪᠤᠷᠢᠯᠠᠯ ᠠᠮᠢᠳᠤᠷᠠᠯ  ᠤᠨ ᠨᠦᠬᠦᠴᠡᠯ ᠪᠠᠰᠠ ᠨᠡᠯᠢᠶᠡᠳ ᠬᠤᠴᠤᠷᠤᠭᠳᠡᠩᠭᠤᠢ  ᠪᠠᠶᠢᠨ᠎ᠠ︔ ᠵᠠᠰᠠᠭ  ᠤᠨ ᠤᠷᠳᠤᠨ  ᠤ ᠴᠢᠨᠠᠷᠳᠠᠢ ᠦᠷᠢ ᠰᠢᠷᠢ ᠶᠢᠨ ᠬᠦᠷᠢᠶ᠎ᠠ ᠬᠡᠪᠴᠢᠶ᠎ᠠ ᠨᠡᠯᠢᠶᠡᠳ ᠶᠡᠭᠡ ᠪᠠᠶᠢᠵᠤ᠂ ᠠᠷᠠᠳ  ᠤᠨ ᠵᠢᠭᠡᠯᠡᠯᠭᠡ ᠪᠠ ᠬᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶ᠎ᠠ ᠬᠡᠪᠴᠢᠶᠠᠨ ᠳᠤ ᠪᠠᠰᠠ ᠲᠠᠯᠳᠠ ᠠᠶᠤᠯ ᠲᠦᠭᠰᠢᠬᠦᠷᠢ ᠤᠷᠤᠰᠢᠵᠤ᠂ ᠡᠬᠢ ᠪᠠᠶᠠᠯᠢᠭ ᠤᠨ ᠨᠡᠭᠡᠭᠡᠯᠳᠠ᠂ ᠭᠠᠵᠠᠷ ᠲᠠᠳᠠᠪᠤᠷᠢᠯᠠᠨ ᠨᠤᠷᠠᠭᠠᠨ ᠰᠢᠯᠵᠢᠬᠦᠯᠬᠦ᠂ ᠪᠤᠴᠠᠭᠠᠨ ᠰᠢᠯᠵᠢᠬᠦᠯᠵᠤ ᠲᠤᠬᠢᠷᠠᠭᠤᠯᠬᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ  ᠤ ᠴᠠᠯᠢᠩ  ᠢ ᠦᠷᠢᠳᠦᠬᠦ ᠵᠡᠷᠭᠡ ᠠᠴᠠ ᠡᠬᠦᠰᠦᠭᠰᠡᠨ ᠵᠦᠷᠢᠴᠠᠯ ᠵᠢᠭᠤᠷᠠᠯᠳᠤᠭᠠᠨ ᠨᠡᠮᠡᠭᠳᠡᠵᠤ᠂ ᠨᠡᠶᠢᠭᠡᠮ  ᠤᠨ ᠬᠠᠮᠢᠶᠠᠷᠤᠯᠳᠠ  ᠳᠤ ᠪᠠᠰᠠ ᠪᠠᠭᠤᠷᠠᠢ ᠭᠤᠭᠴᠤᠭ᠎ᠠ ᠤᠷᠤᠰᠢᠵᠤ ᠪᠠᠶᠢᠨ᠎ᠠ︔ ᠵᠠᠰᠠᠭ ᠤᠨ ᠣᠷᠳᠣᠨ  ᠤ  ᠴᠢᠳᠠᠪᠬᠢ  ᠪᠠᠨ ᠬᠤᠪᠢᠷᠠᠭᠤᠯᠣᠭᠰᠠᠨ ᠨᠢ ᠣᠷᠣᠨᠵᠢᠭᠰᠠᠨ ᠦᠬᠡᠢ᠂ ᠠᠵᠢᠯ  ᠤᠨ ᠰᠣᠷᠳᠠᠯ ᠪᠠ ᠠᠵᠢᠯ ᠡᠷᠬᠢᠯᠡᠬᠦ ᠦᠷ᠎ᠡ ᠪᠦᠲᠦᠮᠵᠢ  ᠶᠢ ᠦᠷᠭᠦᠯᠵᠢᠯᠡᠨ ᠲᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ︔ ᠪᠦᠷᠢᠯᠭᠡᠨ ᠰᠦᠢᠳᠭᠡᠬᠦ᠂ ᠢᠳᠡᠬᠦ ᠠᠪᠬᠤ ᠬᠤᠷᠢᠭᠯᠠᠬᠤ ᠨᠡᠭᠡᠵᠤ ᠠᠪᠬᠤ᠂ ᠬᠠᠤᠯᠢ ᠴᠠᠭᠠᠵᠠ ᠰᠠᠬᠢᠯᠭ᠎ᠠ ᠪᠠᠳᠤ ᠶᠢ ᠵᠦᠷᠢᠴᠡᠬᠦ ᠵᠡᠷᠭᠡ ᠦᠵᠡᠭᠳᠡᠯ ᠵᠠᠷᠢᠮ ᠭᠠᠵᠠᠷ ᠤᠷᠤᠨ᠂ ᠰᠠᠯᠠᠭ᠎ᠠ ᠮᠦᠴᠢᠷ ᠪᠠ ᠨᠢᠭᠡᠴᠢ ᠳᠤ ᠮᠦᠨ ᠯᠠ ᠤᠷᠤᠰᠢᠵᠤ ᠪᠠᠶᠢᠨ᠎ᠠ᠃ ᠡᠶᠢᠮᠤ ᠶᠢᠨ ᠲᠤᠯᠠᠳᠠ᠂  ᠪᠢᠳᠠ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠦᠨᠡᠨᠬᠦ ᠴᠢᠩᠭᠠᠳᠬᠠᠨ ᠰᠢᠢᠳᠪᠤᠷᠢᠯᠡᠬᠦ ᠴᠢᠬᠤᠯᠠ ᠲᠠᠢ ᠪᠠᠶᠢᠨ᠎ᠠ᠃      ᠬᠤᠶᠠᠷ᠂ 2014 ᠤᠨ  ᠤ ᠭᠤᠤᠯ ᠠᠵᠢᠯ  ᠤᠨ ᠡᠬᠦᠷᠭᠡ      2014 ᠤᠨ ᠪᠤᠯ᠂ ᠨᠠᠮ  ᠤᠨ ᠠᠷᠪᠠᠨ ᠨᠠᠢᠮᠠᠳᠤᠭᠠᠷ ᠬᠤᠭᠤᠴᠠᠭᠠᠨ  ᠤ ᠭᠤᠷᠪᠠᠳᠤᠭᠠᠷ ᠪᠦᠬᠦᠳᠠ ᠬᠤᠷᠠᠯ  ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠩᠬᠠᠨ ᠤ ᠵᠢᠯ ᠪᠤᠯᠤᠨ᠎ᠠ᠂ ᠮᠦᠨ ᠴᠤ ᠦᠪᠡᠷᠳᠡᠭᠡᠨ  ᠵᠠᠰᠠᠬᠤ  ᠤᠷᠤᠨ  ᠤ  ︽8337︾  ᠬᠦᠭᠵᠢᠯᠳᠠ   ᠶᠢᠨ ᠰᠡᠳᠬᠢᠴᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾  ᠤᠨ ᠲᠦᠯᠦᠪᠵᠢᠬᠦᠯᠭᠡ ᠶᠢᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ  ᠵᠠᠩᠬᠢᠯᠠᠭ᠎ᠠ ᠶᠢᠨ ᠨᠢᠭᠡ ᠵᠢᠯ ᠪᠤᠯᠬᠤ ᠶᠤᠮ᠃ ᠶᠡᠷᠦᠩᠭᠡᠢ ᠳᠡᠭᠡᠨ ᠦᠵᠡᠪᠡᠯ᠂ ᠡᠨᠡ ᠵᠢᠯ ᠮᠠᠨ  ᠤ ᠬᠤᠳᠠ ᠶᠢᠨ ᠬᠦᠭᠵᠢᠯᠳᠠ ᠳᠤ ᠠᠯᠢ ᠤᠯᠠᠨ ᠠᠰᠢᠭ ᠲᠠᠢ ᠨᠦᠬᠦᠴᠡᠯ ᠪᠠ ᠤᠯᠳᠠᠰᠢ ᠦᠭᠡᠢ ᠠᠵᠨ ᠲᠤᠬᠢᠶᠠᠯ ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠮᠦᠨ ᠴᠤ ᠠᠯᠢ ᠤᠯᠠᠨ ᠲᠠᠷᠤᠯᠳᠠ ᠪᠠ ᠲᠠᠶᠢᠨ ᠵᠠᠷᠯᠠᠯ ᠳᠤ ᠲᠤᠯᠭᠠᠷᠠᠵᠤ ᠪᠠᠶᠢᠨ᠎ᠠ᠃ ᠲᠡᠯᠡᠭᠡᠢ ᠶᠢᠨ ᠠᠵᠤ ᠠᠬᠤᠢ ᠤᠳᠠᠭᠠᠨ  ᠢᠶᠠᠷ ᠰᠡᠷᠭᠦᠬᠦ ᠪᠠᠶᠢᠳᠠᠯ ᠮᠦᠨ ᠯᠠ ᠦᠷᠬᠦᠯᠵᠢᠯᠡᠵᠤ᠂ ᠤᠯᠤᠰ  ᠤᠨ ᠲᠤᠳᠤᠭᠠᠳᠤ ᠶᠢᠨ ᠠᠵᠤ ᠠᠬᠤᠢ ᠨᠠᠮᠤᠭᠤᠨ  ᠢᠶᠠᠷ ᠲᠡᠭᠡᠭᠰᠢᠯᠡᠵᠤ᠂ ᠵᠠᠬ᠎ᠠ ᠲᠡᠯᠭᠡᠬᠦᠷ  ᠤᠨ ᠵᠢᠱᠢᠯᠳᠠ ᠵᠢᠭᠠᠬᠠᠨ ᠰᠠᠶᠢᠵᠢᠷᠠᠵᠤ᠂ ᠢᠯᠠᠩᠭᠤᠶ᠎ᠠ ᠤᠯᠤᠰ ᠠᠴᠠ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠪᠠ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠨᠢ ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠲᠤᠳᠤᠷ᠎ᠠ ᠠᠴᠠ ᠡᠬᠦᠰᠬᠦ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠤᠨ  ᠢ ᠴᠢᠨᠠᠭᠰᠢᠳᠠ ᠬᠦᠭᠵᠢᠬᠡᠬᠦ ᠶᠤᠮ᠃ ᠤᠯᠤᠰ ᠠᠴᠠ ᠠᠭᠠᠷ ᠮᠡᠨᠳᠡᠯ  ᠤᠨ ᠪᠤᠬᠢᠷᠳᠤᠯ  ᠳᠤ ᠵᠠᠰᠠᠯᠳᠠ ᠬᠢᠬᠦ᠂ ᠬᠦᠭᠵᠢᠭᠰᠡᠨ ᠭᠠᠵᠠᠷ ᠤᠷᠤᠨ ᠠᠵᠤ ᠦᠢᠯᠡᠰ  ᠢᠶᠠᠨ ᠰᠢᠯᠵᠢᠬᠦᠯᠬᠦ ᠶᠢ  ᠲᠦᠷᠭᠡᠳᠭᠡᠵᠤ ᠪᠠᠶᠢᠬᠤ᠂ ᠦᠪᠡᠷᠳᠡᠭᠡᠨ ᠵᠠᠰᠠᠬᠤ ᠤᠷᠤᠨ ︽ᠲᠠᠪᠤᠨ ᠲᠣᠮᠣ ᠰᠠᠭᠤᠷᠢᠨ ᠭᠠᠵᠠᠷ︾  ᠢ ᠪᠦᠳᠦᠭᠡᠨ ᠪᠠᠶᠢᠭᠤᠯᠬᠤ ᠵᠡᠷᠭᠡ ᠠᠵᠨ ᠲᠤᠬᠢᠶᠠᠯ ᠨᠢ ᠮᠠᠨ  ᠤ ᠬᠤᠳᠠ ᠶᠢᠨ ᠴᠡᠪᠡᠷ ᠡᠨᠧᠷᠬᠢ ᠪᠠ ᠤᠳᠤ ᠦᠶ᠎ᠠ ᠶᠢᠨ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ ᠵᠡᠷᠭᠡ ᠲᠠᠪᠠᠭᠤᠯᠢᠭ ᠠᠵᠤ ᠦᠢᠯᠡᠰ  ᠤᠨ ᠬᠦᠭᠵᠢᠯᠳᠠ  ᠳᠤ ᠦᠷᠭᠡᠨ ᠠᠭᠤᠳᠠᠮ ᠤᠷᠤᠨ ᠵᠠᠢ ᠬᠠᠨᠭ᠍ᠭᠠᠪᠠ᠃ ᠡᠬᠦᠨ  ᠤ ᠵᠡᠷᠭᠡᠪᠡᠷ ᠪᠠᠰᠠ ᠪᠢᠳᠠᠨ ᠤ ᠲᠤᠯᠭᠠᠷᠠᠵᠤ ᠪᠠᠶᠢᠭ᠎ᠠ ᠤᠯᠤᠰ  ᠤᠨ ᠲᠤᠳᠤᠭᠠᠳᠤ ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠮᠦᠨ ᠯᠠ ᠲᠦᠪᠡᠭ ᠪᠤᠳᠤᠯᠢᠶᠠᠨᠳᠠᠢ ᠬᠠᠳᠠᠭᠤ  ᠪᠡᠷᠭᠡ ᠪᠠᠶᠢᠵᠤ᠂ ᠮᠠᠨ  ᠤ ᠬᠤᠳᠠ ᠨᠢᠬᠡᠨᠳᠡ ᠠᠵᠣ ᠠᠬᠤᠢ ᠶᠢᠨ ᠨᠡᠮᠡᠭᠳᠡᠯ  ᠤᠨ ᠣᠳᠠᠭᠠᠰᠢᠷᠠᠯ  ᠤᠨ ᠬᠤᠭᠤᠴᠠᠭ᠎ᠠ᠂ ᠪᠦᠲᠦᠴᠡ  ᠶᠢᠨ ᠲᠣᠬᠢᠷᠠᠭᠤᠯᠣᠯᠳᠠ  ᠶᠢᠨ ᠭᠦᠴᠢᠷᠳᠡᠯᠲᠠᠢ ᠬᠤᠭᠤᠴᠠᠭ᠎ᠠ ᠪᠠ ᠡᠳ᠋  ᠤᠨ ᠵᠠᠰᠠᠭ  ᠤᠨ ᠣᠷᠣᠯᠭ᠎ᠠ ᠵᠠᠷᠣᠯᠭ᠎ᠠ  ᠶᠢᠨ ᠵᠦᠷᠢᠴᠡᠯ ᠲᠣᠪᠣᠶᠢᠨ  ᠢᠯᠡᠷᠡᠭᠰᠡᠨ ᠬᠤᠭᠤᠴᠠᠭ᠎ᠠ ᠬᠠᠷᠢᠯᠴᠠᠨ ᠲᠠᠪᠬᠤᠴᠠᠭᠰᠠᠨ ᠱᠠᠳᠣ ᠦᠶ᠎ᠡ  ᠳᠤ ᠣᠷᠣᠪᠠ᠃᠃ ᠪᠢᠳᠠ ᠠᠰᠢᠭ ᠲᠠᠢ ᠨᠦᠬᠦᠴᠡᠯ ᠪᠠ ᠢᠳᠡᠪᠬᠢ ᠬᠦᠴᠦᠨ ᠵᠦᠢᠯ ᠢ ᠦᠵᠡᠵᠤ ᠭᠠᠷᠬᠤ ᠪᠠᠷ ᠪᠠᠷᠠᠬᠤ ᠦᠭᠡᠢ᠂ ᠪᠠᠰᠠ  ᠠᠵᠤ ᠠᠬᠤᠢ ᠶᠢᠨ ᠪᠠᠶᠢᠳᠠᠯ  ᠤᠨ ᠲᠣᠭᠳᠠᠩᠭᠤᠢ ᠪᠤᠰᠤ ᠴᠢᠨᠠᠷ ᠪᠠ ᠭᠦᠷᠴᠢᠷᠳᠡᠯᠲᠠᠢ ᠪᠠᠶᠢᠳᠠᠯ ᠢ ᠬᠦᠢᠴᠡᠳ ᠪᠤᠳᠤᠯᠬᠢᠯᠠᠵᠤ᠂ ᠢᠳᠡᠭᠡᠯ ᠵᠤᠷᠢᠭ  ᠢᠶᠠᠨ ᠪᠠᠳᠤᠳᠬᠠᠵᠤ᠂ ᠴᠤᠭ ᠰᠦᠯᠳᠠ ᠪᠠᠨ ᠪᠠᠳᠠᠷᠠᠭᠤᠯᠤᠨ᠂ ᠬᠦᠴᠢᠷ  ᠢ ᠰᠦᠷᠤᠨ ᠤᠷᠤᠭᠰᠢᠯᠠᠵᠤ᠂ ᠠᠵᠤ ᠠᠬᠤᠢ ᠨᠡᠶᠢᠭᠡᠮ  ᠤᠨ ᠦᠷᠬᠦᠯᠵᠢᠯᠠᠨ ᠲᠤᠭᠳᠠᠭᠤᠨ ᠡᠷᠡᠬᠦᠯ  ᠢᠶᠠᠷ ᠬᠦᠭᠵᠢᠬᠦ ᠶᠢ ᠪᠦᠬᠦ ᠬᠦᠴᠦᠨ  ᠢᠶᠠᠷ  ᠢᠶᠠᠨ ᠠᠬᠢᠭᠤᠯᠬᠤ ᠬᠡᠷᠡᠭᠳᠡᠢ᠃      ᠡᠨᠠ ᠵᠢᠯ  ᠤᠨ ᠵᠠᠰᠠᠭ  ᠤᠨ ᠤᠷᠳᠤᠨ  ᠤ ᠠᠵᠢᠯ  ᠤᠨ ᠶᠡᠷᠦᠩᠭᠡᠢ ᠰᠡᠳᠭᠢᠴᠠ ᠪᠤᠯ᠄ ᠨᠠᠮ  ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ  ᠤ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ  ᠤ ︽8337︾ ᠬᠦᠭᠵᠢᠯᠳᠠ ᠶᠢᠨ ᠰᠠᠳᠬᠢᠴᠠ ᠶᠢ ᠬᠦᠨᠵᠡᠭᠡᠢ ᠲᠤᠤᠱᠯᠠᠭᠤᠯᠵᠤ᠂ ᠲᠦᠪ ᠪᠠ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯ  ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠭᠳᠠᠭᠤᠨ  ᠤ ᠲᠤᠮᠳᠠ ᠤᠷᠤᠭᠰᠢᠯᠠᠬᠤ ᠠᠵᠢᠯ  ᠤᠨ ᠶᠡᠷᠦᠩᠭᠡᠢ ᠭᠤᠤᠯ ᠰᠠᠨᠠᠭ᠎ᠠ ᠶᠢ ᠪᠠᠷᠢᠮᠳᠠᠯᠠᠵᠤ᠂ ᠦᠭᠡᠷᠡᠴᠢᠯᠡᠯᠳᠠ ᠬᠢᠵᠣ ᠰᠢᠨ᠎ᠡ  ᠶᠢ ᠡᠭᠦᠳᠬᠦ  ᠶᠢ ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠡᠯ᠎ᠠ ᠬᠦᠷᠢᠶ᠎ᠠ ᠬᠡᠪᠴᠢᠶ᠎ᠠ ᠪᠠ ᠭᠤᠭᠴᠤᠭ᠎ᠠ  ᠳᠤ ᠠᠭᠤᠰᠬᠠᠨ᠂ ᠠᠵᠤ ᠠᠬᠤᠢ ᠶᠢᠨ ᠲᠤᠭᠳᠠᠭᠤᠨ  ᠢᠶᠠᠷ ᠨᠡᠮᠡᠭᠳᠡᠬᠦ ᠶᠢ ᠴᠢᠷᠮᠠᠶᠢᠨ ᠪᠠᠳᠤᠯᠠᠵᠤ᠂ ᠠᠵᠤ ᠦᠢᠯᠡᠰ  ᠤᠨ ᠪᠦᠳᠦᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ  ᠶᠢ ᠴᠢᠷᠮᠠᠶᠢᠨ ᠲᠦᠷᠬᠡᠳᠬᠡᠵᠣ᠂ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠬᠦᠭᠵᠢᠬᠦᠯᠬᠦ ᠶᠢ ᠴᠢᠷᠮᠠᠶᠢᠨ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ  ᠤ ᠦᠭᠡᠷᠡᠴᠢᠯᠡᠯᠳᠠ ᠶᠢ ᠬᠦᠴᠦᠯᠠᠨ ᠠᠬᠢᠭᠤᠯᠤᠨ᠂ ᠠᠷᠠᠳ  ᠤᠨ ᠠᠮᠢᠳᠤᠷᠠᠯ ᠢ ᠴᠢᠷᠮᠠᠶᠢᠨ ᠪᠠᠳᠣᠯᠠᠬᠤ ᠪᠠ ᠰᠠᠶᠢᠵᠢᠷᠠᠭᠤᠯᠵᠤ᠂ ᠠᠵᠤ ᠠᠬᠤᠢ ᠶᠢᠨ ᠨᠡᠮᠡᠭᠳᠡᠯ  ᠤᠨ ᠶᠠᠰᠤ ᠴᠢᠨᠠᠷ ᠪᠠ ᠦᠷ᠎ᠠ ᠠᠰᠢᠭ  ᠢ ᠦᠨᠡᠨᠬᠦ ᠲᠡᠭᠡᠭᠰᠢᠯᠡᠬᠦᠯᠵᠤ᠂ ᠠᠷᠠᠳ ᠲᠦᠮᠠᠨ ᠤ ᠠᠮᠢᠳᠣᠷᠠᠯ  ᠤᠨ  ᠶᠠᠰᠤ ᠴᠢᠨᠠᠷ ᠪᠠ ᠬᠢᠷᠢ ᠲᠦᠪᠰᠢᠨ  ᠢ ᠲᠡᠭᠡᠭᠰᠢᠯᠡᠬᠦᠯᠦᠨ᠂ ᠠᠵᠤ ᠠᠬᠤᠢ ᠶᠢᠨ ᠦᠷᠬᠦᠯᠵᠢᠯᠠᠨ ᠡᠷᠡᠬᠦᠯ ᠢᠶᠠᠷ ᠬᠦᠭᠵᠢᠬᠦ ᠪᠠ ᠨᠡᠶᠢᠭᠡᠮ  ᠤᠨ ᠡᠶ᠎ᠡ ᠵᠤᠬᠢᠴᠠᠯ ᠠᠮᠤᠷ ᠲᠤᠭᠳᠠᠭᠤᠨ ᠢ ᠪᠠᠶᠠᠯᠠᠬᠦᠯᠦᠨ᠎ᠠ᠃      ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ  ᠤ ᠦᠢᠯᠡᠳᠪᠤᠷᠢᠯᠠᠯ  ᠤᠨ ᠶᠡᠷᠦᠩᠭᠡᠢ ᠦᠷᠳᠡᠭ  ᠢ 9% ᠣᠷᠴᠢᠮ  ᠢᠶᠠᠷ ᠨᠡᠮᠡᠭᠳᠡᠬᠦᠯᠵᠤ᠂ 4000 ᠳ᠋ᠦᠩᠰᠢᠭᠤᠷ ᠲᠦᠭᠦᠷᠢᠭ  ᠢ ᠰᠢᠪᠳᠣᠯᠣᠨ᠂ 4300 ᠳ᠋ᠦᠡᠭᠰᠢᠭᠤᠷ ᠲᠦᠬᠦᠷᠢᠭ ᠲᠤ ᠬᠦᠷᠭᠡᠨ᠎ᠠ︔ ᠤᠯᠠᠨ ᠨᠠᠶᠢᠳᠠ ᠶᠢᠨ ᠡᠳ᠋  ᠤᠨ ᠵᠠᠰᠠᠭ  ᠤᠨ ᠲᠦᠰᠦᠪ  ᠤᠨ ᠤᠷᠤᠯᠭ᠎ᠠ ᠶᠢ 2%  ᠢᠶᠠᠷ ᠨᠡᠮᠡᠭᠳᠡᠬᠦᠯᠵᠤ᠂ 450 ᠳ᠋ᠦᠡᠭᠰᠢᠭᠤᠷ ᠲᠦᠬᠦᠷᠢᠭ ᠪᠡᠶᠡᠯᠡᠬᠦᠯᠦᠨ᠎ᠠ︔ ᠪᠦᠬᠦ ᠨᠡᠶᠢᠭᠡᠮ  ᠤᠨ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ 13% ᠪᠠᠷ ᠨᠡᠮᠡᠭᠳᠡᠬᠦᠯᠵᠤ᠂ 3000 ᠳ᠋ᠦᠩᠰᠢᠭᠤᠷ ᠲᠦᠭᠦᠷᠢᠭ ᠢ ᠰᠢᠪᠳᠣᠯᠵᠣ᠂ 3390 ᠳ᠋ᠦᠡᠭᠰᠢᠭᠤᠷ ᠲᠦᠬᠦᠷᠢᠭ ᠪᠡᠶᠡᠯᠡᠬᠦᠯᠦᠨ᠎ᠠ︔ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ  ᠢ 12% ᠢᠶᠠᠷ ᠨᠡᠮᠡᠭᠳᠡᠬᠦᠯᠵᠤ᠂ 2000 ᠳ᠋ᠦᠩᠰᠢᠭᠤᠷ ᠲᠦᠭᠦᠷᠢᠭ  ᠢ ᠰᠢᠪᠳᠣᠯᠵᠣ᠂ 2100 ᠳ᠋ᠦᠡᠭᠰᠢᠭᠤᠷ ᠲᠦᠬᠦᠷᠢᠭ ᠲᠤ ᠬᠦᠷᠭᠡᠨ᠎ᠠ︔ ᠨᠡᠶᠢᠭᠡᠮ  ᠤᠨ ᠬᠡᠷᠡᠭᠯᠡᠭᠡᠨ  ᠤ ᠵᠦᠢᠯ  ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠲᠤᠭ᠎ᠠ ᠶᠢ 9.5% ᠪᠠᠷ ᠨᠡᠮᠡᠭᠳᠡᠬᠦᠯᠵᠤ᠂ 600 ᠳ᠋ᠦᠡᠭᠰᠢᠭᠤᠷ ᠲᠦᠬᠦᠷᠢᠭ ᠲᠤ ᠬᠦᠷᠭᠡᠨ᠎ᠠ︔ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠳ  ᠤᠨ ᠬᠦᠮᠦᠨ ᠲᠤᠮᠳᠠᠴᠢ ᠴᠠᠪᠠᠷ ᠤᠷᠤᠯᠭ᠎ᠠ ᠶᠢ ᠲᠤᠰᠪᠤᠷᠢ 9% ᠪᠠ 10% ᠪᠠᠷ ᠨᠡᠮᠡᠭᠳᠡᠬᠦᠯᠵᠤ᠂ 39370 ᠲᠦᠬᠦᠷᠢᠭ ᠪᠠ 13940 ᠲᠦᠬᠦᠷᠢᠭ ᠲᠤ ᠬᠦᠷᠭᠡᠨ᠎ᠠ᠃ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠡᠨᠧᠷᠬᠢ ᠠᠷᠪᠢᠯᠠᠨ ᠭᠠᠳᠠᠭᠰᠢᠯᠠᠭᠤᠯᠤᠯ  ᠢ ᠪᠠᠭᠠᠰᠬᠠᠬᠤ ᠡᠬᠦᠷᠭᠡ ᠶᠢ ᠪᠡᠶᠡᠯᠡᠬᠦᠯᠦᠨ᠎ᠠ᠃ ᠰᠠᠭᠤᠭᠠᠯᠢ ᠠᠷᠠᠳ  ᠤᠨ ᠬᠡᠷᠡᠭᠯᠡᠭᠡ ᠶᠢᠨ ᠦᠨ᠎ᠠ ᠬᠠᠨᠭ᠍ᠰᠢ ᠶᠢᠨ ᠵᠢᠭᠠᠯᠳᠠ ᠲᠤᠭ᠎ᠠ ᠶᠢᠨ ᠨᠡᠮᠡᠭᠳᠡᠯ  ᠢ 3% ᠲᠤᠳᠤᠷ᠎ᠠ ᠬᠢᠵᠠᠭᠠᠷᠯᠠᠨ᠎ᠠ᠃      ᠡᠨᠠ ᠵᠢᠯ᠂ ᠬᠤᠳᠠ ᠶᠢᠨ ᠵᠠᠰᠠᠭ  ᠤᠨ ᠤᠷᠳᠤᠨ ᠵᠢᠷᠭᠤᠭᠠᠨ ᠲᠠᠯ᠎ᠠ ᠶᠢᠨ ᠠᠵᠢᠯ  ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄      ︵ᠨᠢᠭᠡ︶ ᠠᠵᠤ ᠦᠢᠯᠡᠰ  ᠤᠨ ᠪᠦᠳᠦᠴᠠ ᠶᠢ ᠲᠤᠬᠢᠷᠠᠭᠤᠯᠤᠨ ᠰᠢᠯᠢᠳᠡᠭᠵᠢᠬᠦᠯᠵᠤ᠂ ︽ᠲᠠᠪᠤᠨ ᠲᠤᠮᠤ ᠰᠠᠭᠤᠷᠢᠨ ᠭᠠᠵᠠᠷ︾  ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠠᠵᠤ ᠠᠬᠤᠢ ᠶᠢᠨ ᠦᠷᠬᠦᠯᠵᠢᠯᠠᠨ ᠡᠷᠡᠬᠦᠯ  ᠢᠶᠠᠷ ᠬᠦᠭᠵᠢᠬᠦ ᠶᠢ ᠠᠬᠢᠭᠤᠯᠤᠨ᠎ᠠ᠃ ᠮᠠᠨ  ᠤ ᠬᠤᠳᠠ  ᠶᠢᠨ  ᠠᠵᠣ  ᠣᠶᠢᠯᠡᠰ  ᠤᠨ  ᠬᠦᠭᠵᠢᠯᠳᠡ   ᠶᠢᠨ  ᠪᠣᠳᠠᠳᠣ  ᠪᠠᠶᠢᠳᠠᠯ   ᠠᠴᠠ  ᠡᠭᠦᠰᠴᠣ᠂  ᠦᠪᠡᠷᠳᠡᠬᠡᠨ  ᠵᠠᠰᠠᠬᠤ ᠣᠷᠣᠨ  ᠤ ︽8337︾ ᠬᠦᠭᠵᠢᠯᠳᠡ  ᠶᠢᠨ ᠰᠡᠳᠬᠢᠴᠡ  ᠶᠢᠨ ᠱᠠᠭᠠᠷᠳᠠᠯᠭ᠎ᠠ ᠶᠣᠰᠣᠭᠠᠷ᠂ ᠣᠯᠣᠰ ᠤᠨ ᠴᠡᠪᠡᠷ ᠡᠨᠧᠷᠬᠢ  ᠶᠢ ᠭᠠᠷᠭᠠᠬᠤ ᠰᠠᠭᠤᠷᠢᠨ ᠭᠠᠵᠠᠷ᠂ ᠣᠯᠣᠰ  ᠤᠨ ᠰᠢᠨ᠎ᠡ ᠬᠡᠯᠪᠡᠷᠢ  ᠶᠢᠨ ᠨᠡᠭᠦᠷᠡᠰᠦᠨ  ᠤ ᠬᠢᠮᠢ  ᠶᠢᠨ ᠠᠵᠣ ᠣᠶᠢᠯᠡᠳᠪᠦᠷᠢ  ᠶᠢᠨ ᠣᠶᠢᠯᠡᠳᠪᠦᠷᠢᠯᠡᠯ  ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠣᠷᠣᠨ  ᠤ ᠬᠦᠩᠬᠡᠨ ᠴᠠᠭᠠᠨ  ᠤ  ᠡᠷᠬᠢᠯᠳᠠᠳᠤ ᠠᠵᠤ ᠦᠢᠯᠡᠰ ᠪᠠ ᠲᠣᠨᠣᠭᠯᠠᠯ ᠣᠶᠢᠯᠡᠳᠬᠦ ᠣᠶᠢᠯᠡᠰ  ᠤᠨ ᠰᠠᠭᠤᠷᠢᠨ ᠭᠠᠵᠠᠷ᠂ ᠪᠦᠬᠦ ᠣᠷᠣᠨ  ᠤ ᠪᠣᠬᠢᠷᠳᠣᠯ ᠦᠬᠡᠢ ᠲᠠᠷᠢᠶᠠᠯᠠᠩ  ᠤᠨ ᠪᠦᠲᠦᠭᠡᠭᠳᠡᠭᠦᠨ ᠮᠠᠯ  ᠤᠨ ᠠᠰᠢᠭ ᠰᠢᠮ᠎ᠡ  ᠶᠢ ᠣᠶᠢᠯᠡᠳᠪᠦᠷᠢᠯᠡᠨ ᠪᠣᠯᠪᠠᠰᠣᠷᠠᠭᠤᠯᠬᠤ ᠰᠠᠭᠤᠷᠢᠨ ᠭᠠᠵᠠᠷ ᠪᠠ ᠵᠣᠭᠠᠴᠠᠨ ᠲᠣᠭᠤᠷᠢᠵᠣ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠢ ᠪᠦᠬᠦ ᠭᠦᠴᠦᠨ  ᠢᠶᠠᠷ ᠪᠠᠶᠢᠭᠤᠯᠵᠣ᠂ ᠠᠵᠣ ᠣᠶᠢᠯᠡᠰ  ᠤᠨ ᠪᠦᠲᠦᠴᠡ  ᠶᠢᠨ ᠬᠡᠯᠪᠡᠷᠢ  ᠶᠢ ᠬᠤᠪᠢᠷᠠᠭᠤᠯᠣᠨ ᠲᠡᠰ ᠲᠡᠪᠰᠢᠭᠦᠯᠬᠦ  ᠶᠢ ᠠᠬᠢᠭᠤᠯᠵᠣ᠂ ᠠᠵᠣ ᠠᠬᠤᠢ  ᠶᠢᠨ ᠦᠷᠭᠦᠯᠵᠢᠯᠡᠨ ᠡᠷᠡᠭᠦᠯ  ᠢᠶᠠᠷ  ᠬᠦᠭᠵᠢᠬᠦ  ᠶᠢ ᠠᠬᠢᠭᠤᠯᠣᠨ᠎ᠠ᠃      ᠴᠡᠪᠠᠷ ᠡᠨᠧᠷᠬᠢ ᠪᠠ ᠤᠳᠤ ᠦᠶ᠎ᠠ ᠶᠢᠨ ᠨᠡᠬᠦᠷᠡᠰᠤᠨ  ᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ  ᠢ ᠭᠤᠣᠯᠳᠠᠯᠭ᠎ᠠ ᠲᠠᠢ ᠬᠦᠭᠵᠢᠬᠦᠯᠦᠨ᠎ᠠ᠃ ᠨᠡᠭᠦᠷᠡᠰᠦᠨ  ᠤ ᠣᠶᠢᠯᠡᠳᠪᠦᠷᠢᠯᠡᠯ  ᠢ ᠲᠣᠭᠳᠠᠭᠤᠨ ᠪᠠᠶᠢᠯᠭᠠᠵᠣ᠂ ᠨᠡᠬᠦᠷᠡᠰᠤ ᠶᠢ ᠴᠠᠪᠠᠷ  ᠢᠶᠠᠷ ᠠᠰᠢᠭᠯᠠᠬᠤ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠵᠤ᠂ ᠨᠡᠬᠦᠷᠡᠰᠤ ᠶᠢ ᠤᠬᠢᠶᠠᠨ ᠰᠢᠯᠢᠬᠦ᠂ ᠲᠤᠤᠷ᠎ᠠ ᠲᠤᠯᠠᠭᠠᠨ  ᠢᠶᠠᠷ ᠤᠰᠤ ᠦᠭᠡᠶᠢᠳᠡᠬᠦᠯᠬᠦ ᠵᠡᠷᠭᠡ ᠴᠡᠪᠠᠷ  ᠢᠶᠠᠷ ᠠᠰᠢᠭᠯᠠᠬᠤ ᠮᠡᠷᠭᠡᠵᠢᠯ  ᠢ ᠪᠦᠬᠦ ᠲᠠᠯ᠎ᠠ ᠪᠠᠷ ᠲᠡᠯᠭᠡᠷᠡᠬᠦᠯᠵᠤ᠂ ᠨᠡᠬᠦᠷᠡᠰᠤ ᠶᠢ ᠤᠬᠢᠶᠠᠨ ᠰᠢᠯᠢᠬᠦ ᠨᠤᠷᠮ᠎ᠠ ᠶᠢ ᠲᠡᠭᠡᠭᠰᠢᠯᠡᠬᠦᠯᠦᠨ 85% ᠶᠢ ᠲᠡᠪᠠᠭᠤᠯᠤᠨ᠎ᠠ᠃ ᠨᠡᠬᠦᠷᠡᠰᠤ ᠴᠠᠬᠢᠯᠭᠠᠨ  ᠤ ᠰᠠᠭᠤᠷᠢᠨ ᠭᠠᠵᠠᠷ ᠤᠨ ᠨᠡᠭᠡᠭᠡᠯᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠤ᠂ ᠮᠸᠡᠭ ᠲᠠᠢ᠂ ᠵᠢᠶᠦ᠋ᠨ ᠵᠸᠡᠭ᠂ ᠸᠧᠢ ᠵᠢᠶᠠ ᠮᠤᠤ ᠵᠡᠷᠭᠡ ᠴᠠᠬᠢᠯᠭᠠᠨ ᠦᠢᠯᠡᠳᠪᠤᠷᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ ᠰᠢᠨ᠎ᠠ ᠪᠠᠷ 120 ᠲᠦᠮᠠᠨ ᠺᠢᠯᠤᠸᠠᠲ ᠨᠡᠮᠡᠭᠳᠡᠬᠦᠯᠦᠨ᠎ᠠ᠃ ᠪᠠᠶᠢᠭᠠᠯᠢ ᠶᠢᠨ ᠰᠢᠳᠠᠮᠠᠬᠠᠢ ᠬᠡᠢ ᠶᠢ ᠬᠠᠶᠢᠨ ᠬᠡᠮᠵᠢᠵᠤ ᠨᠡᠭᠡᠭᠡᠯᠳᠠ ᠬᠢᠬᠦ ᠬᠦᠴᠦᠯᠡᠴᠠ ᠶᠢ ᠨᠡᠮᠡᠭᠳᠡᠬᠦᠯᠵᠤ᠂ ᠪᠠᠶᠢᠭᠠᠯᠢ  ᠶᠢᠨ ᠰᠢᠳᠠᠮᠠᠬᠠᠢ ᠬᠡᠢ  ᠶᠢᠨ ᠣᠶᠢᠯᠡᠳᠪᠦᠷᠢᠯᠡᠯ  ᠤᠨ ᠬᠡᠮᠵᠢᠶ᠎ᠡ ᠶᠢ 280 ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ  ᠲᠤ ᠬᠦᠷᠬᠡᠨ᠎ᠡ᠃ ᠰᠡᠯᠭᠢᠨ ᠡᠨᠧᠷᠬᠢ᠂ ᠨᠠᠷᠠᠨ ᠡᠨᠧᠷᠬᠢ ᠵᠡᠷᠭᠡ ᠰᠢᠨ᠎ᠠ ᠡᠨᠧᠷᠬᠢ ᠶᠢᠨ ᠠᠵᠤ ᠦᠢᠯᠡᠰ  ᠢ ᠢᠳᠡᠪᠬᠢᠳᠠᠢ ᠬᠦᠭᠵᠢᠬᠦᠯᠦᠨ᠎ᠠ᠃ ᠨᠡᠬᠦᠷᠡᠰᠤ ᠪᠠᠷ ᠰᠠᠭᠤᠷᠢᠯᠠᠭᠰᠠᠨ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠠᠵᠤ ᠦᠢᠯᠡᠰ  ᠢ ᠶᠡᠭᠡᠪᠡᠷ ᠬᠦᠭᠵᠢᠬᠦᠯᠵᠤ᠂ ᠨᠡᠬᠦᠷᠡᠰᠤ ᠪᠠᠷ ᠲᠤᠰᠤ᠂ ᠬᠡᠢ ᠦᠢᠯᠡᠳᠬᠦ ᠵᠡᠷᠭᠡ ᠴᠡᠪᠠᠷ ᠡᠨᠧᠷᠬᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠨᠡᠬᠦᠷᠡᠰᠤ ᠪᠠᠷ ᠮᠧᠲ᠋ᠢᠯ ᠠᠯᠺᠤᠤᠯ᠂ ᠠᠯᠺᠧᠨ ᠦᠢᠯᠡᠳᠬᠦ ᠵᠡᠷᠭᠡ ᠠᠵᠤ ᠦᠢᠯᠡᠰ  ᠤᠨ ᠬᠡᠯᠬᠢᠶ᠎ᠠ ᠶᠢ ᠤᠷᠳᠤᠳᠬᠠᠵᠤ᠂ ᠱᠧᠨ ᠬᠤᠸᠠ ᠶᠢᠨ ᠨᠡᠬᠦᠷᠡᠰᠤ ᠪᠠᠷ ᠲᠤᠰᠤ ᠦᠢᠯᠡᠳᠬᠦ ᠬᠤᠶᠠᠳᠤᠭᠠᠷ᠂ ᠭᠤᠷᠪᠠᠳᠤᠭᠠᠷ ᠵᠤᠷᠪᠤᠰ ᠦᠢᠯᠡᠳᠪᠦᠷᠢᠯᠡᠯ  ᠤᠨ ᠱᠤᠭᠤᠮ᠂ ᠢ ᠲᠠᠢ ᠶᠢᠨ 200 ᠲᠦᠮᠠᠨ ᠲᠤᠨ  ᠤ ᠨᠡᠬᠦᠷᠡᠰᠤ   ᠶᠢ ᠰᠢᠩᠭᠡᠵᠢᠬᠦᠯᠬᠦ᠂ ᠵᠦᠡᠭ ᠲᠢᠶᠠᠨ ᠡᠾᠧ ᠴᠤᠸᠡᠩ  ᠤᠨ ᠨᠡᠬᠦᠷᠡᠰᠤ ᠪᠠᠷ  ᠮᠧᠲ᠋ᠢᠯ ᠠᠯᠺᠤᠤᠯ ᠦᠢᠯᠡᠳᠬᠦ᠂ ᠲᠤᠮᠳᠠᠳᠤ ᠤᠯᠤᠰ  ᠤᠨ ᠴᠠᠬᠢᠯᠭᠠᠨ ᠬᠦᠴᠦᠨ  ᠤ ᠪᠠᠯᠠ ᠤᠷᠤᠭᠤᠯᠤᠯᠳᠠ ᠶᠢᠨ ᠠᠯᠺᠧᠨ᠂ ᠮᠠᠨ ᠱᠢ  ᠶᠢᠨ ᠲᠤᠮᠤ ᠬᠢᠮᠢ ᠶᠢᠨ ᠪᠤᠷᠳᠤᠭᠤᠷ ᠪᠠ ᠪᠡᠭᠡᠵᠢᠩ  ᠤᠨ ᠬᠤᠪᠢ ᠤᠷᠤᠭᠤᠯᠤᠯᠳᠠ ᠶᠢ ᠡᠷᠭᠡᠰᠢᠶᠡᠬᠦ ᠪᠦᠯᠦᠭᠯᠡᠯ᠂ ᠲᠤᠮᠳᠠᠳᠤ ᠤᠯᠤᠰ ᠤᠨ ᠲᠠᠯᠠᠢ ᠶᠢᠨ ᠴᠢᠯᠠᠭᠤᠨ ᠲᠤᠰᠤ᠂ ᠡᠾᠧᠪᠸᠢ ᠶᠢᠨ ᠪᠦᠳᠦᠭᠡᠨ ᠪᠠᠶᠢᠭᠤᠯᠤᠯᠳᠠ ᠪᠠᠯᠠ ᠤᠷᠤᠭᠤᠯᠤᠯᠳᠠ ᠶᠢᠨ ᠪᠦᠯᠦᠭᠯᠡᠯ᠂ ᠰᠢᠨ ᠮᠸᠡᠭ  ᠤᠨ ᠨᠡᠬᠦᠷᠡᠰᠤ ᠪᠠᠷ ᠬᠡᠢ ᠦᠢᠯᠡᠳᠬᠦ ᠵᠡᠷᠭᠡ ᠴᠢᠬᠤᠯᠠ ᠲᠤᠮᠤ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠵᠢᠤ ᠲᠠᠢ ᠶᠢᠨ ᠠᠯᠺᠧᠨ᠂ ᠬᠤᠢ ᠨᠸᠡᠭ  ᠤᠨ ᠨᠡᠬᠦᠷᠡᠰᠤ ᠪᠠᠷ ᠬᠡᠢ ᠦᠢᠯᠡᠳᠬᠦ ᠵᠡᠷᠭᠡ ᠲᠦᠷᠦᠯ ᠵᠦᠢᠯ  ᠢ ᠪᠠᠶᠢᠭᠤᠯᠤᠨ ᠪᠦᠳᠦᠭᠡᠵᠤ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠤ᠂ ᠨᠡᠬᠦᠷᠡᠰᠤᠨ  ᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ  ᠢ ᠬᠡᠪᠴᠢᠶᠡᠵᠢᠭᠰᠡᠨ᠂ ᠰᠠᠭᠤᠷᠢᠨ ᠭᠠᠵᠠᠷᠴᠢᠯᠠᠭᠰᠠᠨ᠂ ᠰᠦᠷᠦᠭᠵᠢᠬᠦᠯᠦᠭᠰᠡᠨ ᠴᠢᠭᠯᠡᠯ ᠲᠠᠰᠢ  ᠬᠦᠭᠵᠢᠬᠦᠯᠬᠦ ᠶᠢ ᠠᠬᠢᠭᠤᠯᠵᠤ᠂ ᠨᠡᠬᠦᠷᠡᠰᠤᠨ  ᠤ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠠᠯ  ᠤᠨ ᠴᠢᠳᠠᠪᠤᠷᠢ ᠶᠢ ᠰᠢᠨ᠎ᠠ ᠪᠠᠷ 390 ᠲᠦᠮᠨᠨ ᠲᠤᠨ ᠨᠡᠮᠡᠭᠳᠡᠬᠦᠯᠦᠨ᠎ᠠ᠃ ᠴᠠᠬᠢᠯᠭᠠᠨ ᠬᠦᠴᠤ᠂ ᠬᠢᠮᠢ ᠶᠢᠨ ᠠᠵᠤ ᠦᠢᠯᠡᠳᠪᠤᠷᠢ ᠶᠢᠨ ᠦᠢᠯᠡᠳᠬᠦᠨ  ᠢ ᠭᠠᠳᠠᠭᠰᠢ ᠬᠦᠷᠭᠡᠬᠦ ᠵᠠᠮ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠸᠡᠭ ᠰᠢ ᠠᠴᠠ ᠲᠢᠶᠠᠨᠵᠢᠨ  ᠤ ᠡᠮᠤᠨ᠎ᠠ ᠬᠡᠰᠡᠭ᠂ ᠱᠠᠩᠬᠠᠢ ᠶᠢᠨ ᠰᠦᠮ᠎ᠠ ᠠᠴᠠ ᠱᠠᠨᠳᠦ᠋ᠡᠭ ᠬᠦᠷᠬᠦ ᠤᠨᠴᠠ ᠦᠨᠳᠤᠷ ᠬᠦᠴᠤᠳᠠᠯᠳᠤ ᠴᠠᠬᠢᠯᠭᠠᠨ ᠲᠠᠮᠵᠢᠭᠤᠯᠬᠤ ᠤᠳᠠᠰᠤ ᠶᠢᠨ ᠡᠮᠤᠨ᠎ᠠ ᠬᠤᠭᠤᠴᠠᠭᠠᠨ  ᠤ ᠠᠵᠢᠯ  ᠢ ᠠᠬᠢᠭᠤᠯᠵᠤ᠂ ᠱᠠᠨᠰᠢ ᠪᠡᠭᠡᠵᠢᠩ  ᠤᠨ ᠲᠦᠷᠪᠠᠨ ᠱᠤᠭᠤᠮ ᠪᠠᠶᠢᠭᠠᠯᠢ ᠶᠢᠨ ᠰᠢᠳᠠᠮᠠᠬᠠᠢ ᠬᠡᠢ ᠶᠢ ᠲᠠᠮᠵᠢᠭᠤᠯᠬᠤ ᠬᠤᠭᠤᠯᠠᠢ ᠶᠢᠨ ᠪᠠᠷᠢᠯᠭ᠎ᠠ ᠶᠢ ᠡᠬᠢᠯᠡᠬᠦᠯᠦᠨ ᠪᠦᠳᠦᠭᠡᠨ ᠪᠠᠶᠢᠭᠤᠯᠤᠨ᠎ᠠ᠃      ᠰᠢᠨ᠎ᠠ ᠪᠠᠷ ᠬᠦᠭᠵᠢᠭᠰᠡᠨ ᠠᠵᠤ ᠦᠢᠯᠡᠰ  ᠢ ᠪᠤᠶᠢᠵᠢᠭᠤᠯᠤᠨ ᠬᠦᠭᠵᠢᠬᠦᠯᠦᠨ᠎ᠠ᠃ ᠬᠦᠡᠭᠬᠡᠨ ᠴᠠᠭᠠᠨ  ᠤ ᠠᠭᠤᠯᠤᠭᠳᠠᠴᠠ ᠪᠠᠷ ᠪᠠᠶᠠᠯᠢᠭ ᠨᠡᠬᠦᠷᠡᠰᠤᠨ  ᠤ ᠡᠬᠢ ᠪᠠᠶᠠᠯᠢᠭ  ᠢ ᠶᠡᠷᠦᠩᠭᠡᠶᠢᠯᠠᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠬᠦᠯᠵᠤ᠂ ᠨᠤᠨᠳᠠᠭ ᠨᠡᠬᠦᠷᠡᠰᠤᠨ ᠦᠨᠡᠰᠤ ᠠᠴᠠ ᠢᠰᠤᠯᠳᠦᠭᠰᠡᠨ ᠬᠦᠡᠭᠭᠡᠨ ᠴᠠᠭᠠᠨ ᠭᠠᠷᠭᠠᠨ ᠠᠪᠬᠤ ᠵᠢᠴᠢ ᠬᠦᠡᠭᠭᠡᠨ ᠴᠠᠭᠠᠨ  ᠤ ᠦᠢᠯᠡᠳᠬᠦᠨ  ᠢ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠦᠢᠯᠡᠰ  ᠢ ᠢᠳᠡᠪᠬᠢᠳᠠᠢ ᠬᠦᠭᠵᠢᠬᠦᠯᠵᠤ᠂ ᠰᠢᠨ ᠡᠾᠸᠡᠭ᠂ ᠮᠸᠡᠭ ᠰᠢ᠂ ᠱᠧᠨ ᠬᠤᠸᠠ᠂ ᠳ᠋ᠠ ᠲᠠᠩ᠂ ᠲᠤᠮᠳᠠᠳᠤ ᠤᠯᠤᠰ  ᠤᠨ ᠬᠦᠡᠭᠭᠡᠨ ᠴᠠᠭᠠᠨ ᠵᠡᠷᠭᠡ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠵᠤ᠂ ᠨᠡᠬᠦᠷᠡᠰᠤ ᠴᠠᠬᠢᠯᠭᠠᠨ ᠬᠦᠡᠭᠭᠡᠨ ᠴᠠᠭᠠᠨ ᠢ ᠨᠢᠭᠡ ᠴᠤᠭᠴᠠᠵᠢᠭᠤᠯᠤᠭᠰᠠᠨ ᠡᠷᠭᠢᠯᠳᠡᠳᠤ ᠠᠵᠤ ᠦᠢᠯᠡᠰ  ᠤᠨ ᠬᠡᠯᠬᠢᠶ᠎ᠠ ᠶᠢ ᠪᠠᠶᠢᠭᠤᠯᠤᠨ᠎ᠠ᠃ ᠮᠠᠰᠢᠨ ᠲᠡᠷᠭᠡ ᠪᠠᠷ ᠭᠤᠤᠯ ᠪᠤᠯᠭᠠᠭᠰᠠᠨ ᠲᠤᠨᠤᠭᠯᠠᠯ ᠦᠢᠯᠡᠳᠬᠦ ᠦᠢᠯᠡᠰ  ᠢ ᠶᠡᠭᠡᠪᠡᠷ ᠬᠦᠭᠵᠢᠬᠦᠯᠵᠤ᠂ ᠴᠢ ᠷᠦᠢ᠂ ᠬᠤᠸᠠ ᠲᠠᠢ᠂ ᠵᠢᠩ ᠬᠦᠡᠭ ᠾᠸᠡᠭ ᠰᠢᠨ ᠵᠡᠷᠭᠡ ᠠᠵᠤ ᠠᠬᠤᠶᠢᠯᠠᠯ  ᠢ ᠪᠤᠵᠠᠭᠠᠶᠢᠷᠠᠭᠤᠯᠤᠨ ᠬᠦᠴᠦᠷᠭᠡᠭᠵᠢᠬᠦᠯᠬᠦ ᠶᠢ ᠲᠡᠮᠵᠢᠵᠤ᠂ ᠰᠡᠯᠪᠢᠭ ᠲᠤᠨᠤᠭ  ᠢ ᠢᠵᠢ ᠪᠦᠷᠢᠳᠤᠬᠦᠯᠦᠨ ᠣᠶᠢᠯᠡᠳᠪᠦᠷᠢᠯᠡᠬᠦ ᠠᠵᠤ ᠠᠬᠤᠶᠢᠯᠠᠯ  ᠢ ᠦᠷᠬᠦᠯᠵᠢᠯᠠᠨ ᠤᠷᠤᠭᠤᠯᠵᠤ᠂ ᠵᠢᠯ  ᠤᠨ ᠲᠤᠳᠤᠷ᠎ᠠ 15 ᠲᠦᠮᠠᠨ ᠲᠡᠷᠭᠡ᠂ 35 ᠲᠦᠮᠠᠨ ᠰᠠᠭᠤᠷᠢ ᠬᠦᠳᠡᠯᠭᠡᠬᠦᠷ᠂ 15 ᠲᠦᠮᠠᠨ ᠰᠠᠭᠤᠷᠢ ᠬᠤᠷᠳᠤᠴᠠ ᠦᠭᠡᠷᠡᠴᠢᠯᠡᠬᠦᠷ ᠦᠢᠯᠡᠳᠪᠤᠷᠢᠯᠡᠨ ᠪᠤᠷᠤᠯᠠᠭᠤᠯᠵᠤ᠂ ᠰᠡᠯᠪᠢᠭ ᠲᠤᠨᠤᠭ  ᠢ ᠢᠵᠢ ᠪᠦᠷᠢᠳᠦᠬᠦᠯᠦᠨ ᠦᠢᠯᠡᠳᠪᠤᠷᠢᠯᠡᠬᠦ ᠠᠵᠤ ᠠᠬᠤᠶᠢᠯᠠᠯ  ᠢ 40 ᠪᠤᠯᠭᠠᠨ᠎ᠠ᠃ ᠨᠡᠬᠦᠷᠡᠰᠤᠨ ᠤ ᠮᠧᠬᠠᠨᠢᠭ᠂ ᠬᠢᠮᠢ ᠶᠢᠨ ᠠᠵᠤ ᠦᠢᠯᠡᠳᠪᠤᠷᠢ ᠶᠢᠨ ᠲᠤᠨᠤᠭ ᠲᠦᠬᠦᠭᠡᠷᠦᠮᠵᠢ ᠵᠡᠷᠭᠡ ᠦᠢᠯᠡᠳᠬᠦ ᠣᠶᠢᠯᠡᠰ  ᠢ ᠲᠦᠷᠭᠡᠨ  ᠢᠶᠠᠷ ᠬᠦᠭᠵᠢᠬᠦᠯᠵᠤ᠂ ᠰᠢᠨ᠎ᠠ ᠠᠵᠤ ᠦᠢᠯᠡᠰ  ᠤᠨ ᠲᠠᠪᠠᠭᠤᠯᠢᠭ  ᠢ ᠪᠤᠶᠢᠵᠢᠭᠤᠯᠤᠨ᠎ᠠ᠃ ᠡᠯᠧᠺᠲᠷᠤᠨ ᠴᠢᠮᠡᠭᠡ ᠵᠠᠩᠬᠢ ᠶᠢᠨ ᠠᠵᠤ ᠦᠢᠯᠡᠰ  ᠢ ᠢᠳᠡᠪᠬᠢᠳᠠᠢ ᠬᠦᠭᠵᠢᠬᠦᠯᠵᠤ᠂ ᠵᠢᠩ ᠳ᠋ᠦᠡᠭ ᠹᠠᠨᠭ᠌  ᠤᠨ ᠬᠠᠭᠠᠰ ᠲᠠᠮᠵᠢᠭᠤᠯᠤᠭᠴᠢ ᠦᠵᠡᠬᠦᠯᠦᠬᠦᠷ  ᠤᠨ ᠲᠦᠷᠦᠯ ᠵᠦᠢᠯ  ᠢ ᠪᠦᠭᠡᠮ  ᠢᠶᠠᠷ ᠦᠢᠯᠡᠳᠪᠤᠷᠢᠯᠡᠬᠦ  ᠶᠢ ᠪᠡᠶᠡᠯᠡᠭᠦᠯᠬᠦ  ᠪᠠᠷ ᠴᠢᠷᠮᠠᠶᠢᠵᠤ᠂ ᠯᠦᠸᠧ ᠺᠧ ᠵᠢᠶᠠ ᠬᠤᠸᠠ ᠶᠢᠨ ᠪᠤᠳᠠᠰ  ᠤᠨ ᠢᠨᠲ᠋ᠧᠷᠨᠧᠲ ᠰᠦᠯᠵᠢᠶ᠎ᠠ ᠶᠢᠨ ᠬᠡᠷᠡᠭᠯᠡᠭᠡᠨ  ᠤ ᠰᠠᠭᠤᠷᠢᠨ ᠭᠠᠵᠠᠷ᠂ ᠹᠦ᠋ ᠱᠢ ᠺᠠᠨᠭ᠌  ᠤᠨ ᠨᠠᠷᠢᠯᠢᠭ ᠬᠡᠮᠵᠢᠬᠦᠷᠯᠢᠭ᠂ ᠡᠬᠦᠯᠡᠨ ᠪᠤᠳᠤᠯᠭ᠎ᠠ  ᠶᠢᠨ ᠠᠵᠤ ᠦᠢᠯᠡᠰ ᠤᠨ ᠬᠦᠷᠢᠶᠡᠯᠡᠩ  ᠤᠨ ᠳ᠋ᠠᠶᠢᠲ᠋ᠠ ᠶᠢᠨ ᠲᠦᠪ ᠵᠡᠷᠭᠡ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠪᠠᠷᠢᠯᠭ᠎ᠠ ᠶᠢᠨ ᠮᠠᠲ᠋ᠧᠷᠢᠶᠠᠯ᠂ ᠸᠠᠭᠠᠷ ᠱᠠᠭᠠᠵᠢᠩ ᠵᠡᠷᠭᠡ ᠤᠯᠠᠮᠵᠢᠯᠠᠯᠳᠤ ᠠᠵᠤ ᠦᠢᠯᠡᠰ  ᠢ ᠦᠭᠡᠷᠡᠴᠢᠯᠡᠨ ᠲᠡᠭᠡᠭᠰᠢᠯᠡᠬᠦᠯᠵᠤ᠂ ᠦᠢᠯᠡᠳᠬᠦᠨ  ᠢ ᠦᠵᠦᠬᠦᠷ ᠲᠡᠰᠵᠢᠬᠦᠯᠵᠤ᠂ ᠨᠠᠷᠠᠳᠤ ᠲᠡᠮᠳᠡᠭᠵᠢᠬᠦᠯᠵᠤ᠂ ᠰᠢᠷᠢᠰᠵᠢᠬᠦᠯᠦᠨ ᠬᠦᠭᠵᠢᠬᠦᠯᠬᠦ ᠶᠢ ᠠᠬᠢᠭᠤᠯᠤᠨ᠎ᠠ᠃      ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ ᠣᠶᠢᠯᠡᠰ ᠢ ᠪᠤᠵᠠᠭᠠᠶᠢᠷᠠᠭᠤᠯᠤᠨ ᠭᠦᠴᠦᠷᠬᠡᠭᠵᠢᠭᠦᠯᠦᠨ᠎ᠡ᠃ ᠪᠣᠬᠢᠷᠳᠣᠯ ᠦᠬᠡᠢ ᠲᠠᠷᠢᠶᠠᠯᠠᠩ  ᠤᠨ ᠪᠦᠲᠦᠭᠡᠭᠳᠡᠭᠦᠨ ᠮᠠᠯ  ᠤᠨ ᠠᠰᠢᠭ ᠰᠢᠮ᠎ᠡ  ᠶᠢ ᠣᠶᠢᠯᠡᠳᠪᠦᠷᠢᠯᠡᠨ ᠪᠣᠯᠪᠠᠰᠣᠷᠠᠭᠤᠯᠵᠣ ᠭᠠᠷᠭᠠᠬᠤ ᠰᠠᠭᠤᠷᠢᠨ ᠭᠠᠵᠠᠷ  ᠢ ᠲᠦᠷᠭᠡᠨ  ᠢᠶᠠᠷ ᠪᠦᠲᠦᠬᠡᠨ ᠪᠠᠶᠢᠭᠤᠯᠵᠣ᠂ ᠢᠳᠡᠰᠢᠨ ᠬᠤᠨᠢ ᠢᠮᠠᠭ᠎ᠠ᠂ ᠦᠬᠡᠷ᠂ ᠠᠮᠢᠳᠣ ᠭᠠᠭ᠋ᠠᠢ᠂ ᠬᠡᠷ ᠤᠨ ᠵᠢᠭᠦᠷᠳᠡᠨ᠂ ᠭᠤᠸᠠ ᠵᠢᠮᠢᠰ ᠨᠣᠭᠤᠭ᠎ᠠ ᠴᠠᠭ᠎ᠠ ᠪᠠ ᠤᠢ ᠡᠯᠡᠰᠤᠨ  ᠤ ᠠᠵᠣ ᠣᠶᠢᠯᠡᠰ  ᠢ ᠪᠣᠶᠢᠵᠢᠭᠤᠯᠣᠨ ᠬᠦᠭᠵᠢᠭᠦᠯᠵᠣ᠂ 27 ᠡᠷᠴᠢᠮᠵᠢᠬᠦᠯᠦᠭᠰᠡᠠ ᠲᠠᠵᠢᠬᠡᠪᠤᠷᠢ ᠶᠢᠨ ᠬᠦᠷᠢᠶᠡᠯᠡᠩ  ᠢ ᠰᠢᠨ᠎ᠠ ᠪᠠᠷ ᠪᠤᠶᠤ  ᠦᠭᠡᠷᠡᠴᠢᠯᠠᠨ ᠦᠷᠭᠡᠳᠭᠡᠨ ᠪᠠᠶᠢᠭᠤᠯᠵᠤ᠂ ᠣᠳᠣ ᠦᠶ᠎ᠡ  ᠶᠢᠨ ᠲᠠᠷᠢᠶᠠᠯᠠᠩ  ᠤᠨ ᠰᠠᠭᠤᠷᠢᠨ ᠭᠠᠵᠠᠷ  ᠢ ᠰᠢᠨ᠎ᠠ ᠪᠠᠷ 25 ᠲᠦᠮᠡᠨ ᠮᠣ᠋ ᠪᠠᠶᠢᠭᠤᠯᠤᠨ᠂ ᠭᠤᠸᠠ ᠵᠢᠮᠢᠰ ᠨᠣᠭᠤᠭ᠎ᠠ ᠴᠠᠭ᠎ᠠ  ᠶᠢᠨ ᠰᠠᠭᠤᠷᠢᠨ ᠭᠠᠵᠠᠷ  ᠢ 31 ᠲᠦᠮᠡᠨ ᠮᠣ᠋ ᠬᠦᠭᠵᠢᠬᠦᠯᠦᠨ᠎ᠠ᠃ ᠨᠤᠯᠤᠤᠷ  ᠤᠨ ᠨᠡᠬᠡᠮᠡᠯ  ᠤᠨ ᠠᠵᠤ ᠦᠢᠯᠡᠰ  ᠢ ᠶᠡᠭᠡᠪᠡᠷ ᠲᠠᠮᠵᠢᠨ ᠬᠦᠭᠵᠢᠬᠦᠯᠵᠤ᠂ ᠰᠢᠯᠢᠳᠡᠭ ᠴᠢᠨᠠᠷ  ᠤᠨ ᠨᠤᠯᠤᠤᠷ  ᠤᠨ ᠢᠮᠠᠭ᠎ᠠ  ᠶᠢ ᠬᠠᠮᠠᠭᠠᠯᠠᠵᠣ ᠦᠷᠡᠵᠢᠭᠦᠯᠦᠨ ᠪᠣᠶᠢᠵᠢᠭᠤᠯᠬᠤ ᠢᠨᠵᠧᠨᠧᠷᠢᠩ  ᠢ ᠬᠡᠷᠡᠭᠵᠢᠭᠦᠯᠵᠣ᠂ ᠨᠣᠯᠣᠣᠷ  ᠤᠨ ᠠᠵᠣ ᠣᠶᠢᠯᠡᠰ  ᠤᠨ ᠰᠢᠨ᠎ᠡ ᠶᠢ ᠡᠭᠦᠳᠬᠦ ᠴᠢᠳᠠᠪᠦᠷᠢ  ᠶᠢ ᠲᠡᠭᠡᠰᠢᠯᠡᠬᠦᠯᠵᠤ᠂ ᠬᠦᠩᠬᠡᠨ ᠨᠡᠬᠡᠮᠡᠯ ᠤᠨ ᠠᠵᠣ ᠣᠶᠢᠯᠡᠳᠪᠦᠷᠢ ᠶᠢᠨ ᠬᠦᠷᠢᠶᠡᠯᠡᠩ ᠢ ᠨᠡᠭᠦᠯᠬᠡᠨ ᠰᠢᠯᠵᠢᠭᠦᠯᠬᠦ ᠠᠵᠢᠯ  ᠢ ᠪᠡᠶᠡᠯᠡᠭᠦᠯᠦᠨ᠎ᠡ᠃ ᠱᠧᠨᠵᠧᠨ  ᠤ ᠬᠠᠢ ᠸᠠᠩ᠂ ᠲᠠᠶᠢᠸᠠᠨ  ᠤ ᠴᠢᠩ ᠰᠢ ᠽᠦᠩ ᠬᠤᠢ ᠵᠡᠷᠬᠡ ᠠᠵᠤ ᠠᠬᠤᠶᠢᠯᠠᠯ ᠯᠤᠭ᠎ᠠ  ᠶᠢᠨ  ᠬᠠᠮᠳᠣᠷᠠᠯᠴᠠᠭ᠎ᠠ ᠶᠢ ᠴᠢᠩᠭᠠᠳᠬᠠᠵᠣ᠂ ᠴᠢᠴᠠᠷᠭᠠᠨ᠎ᠠ᠂ ᠤᠷᠢᠶᠠᠮᠠᠭ ᠵᠠᠮᠠᠭ ᠵᠡᠷᠬᠡ ᠬᠦᠨᠵᠡᠬᠡᠢ ᠪᠣᠯᠪᠠᠰᠣᠷᠠᠭᠤᠯᠬᠤ ᠲᠦᠷᠦᠯ ᠵᠣᠶᠢᠯ  ᠢ ᠪᠦᠲᠦᠬᠡᠨ ᠪᠠᠶᠢᠭᠤᠯᠣᠨ᠎ᠠ᠃ ᠲᠠᠷᠢᠶᠠᠯᠠᠩ  ᠤᠨ ᠪᠦᠲᠦᠭᠡᠭᠳᠡᠭᠦᠨ ᠮᠠᠯ  ᠤᠨ ᠠᠰᠢᠭ ᠰᠢᠮ᠎ᠡ ᠶᠢᠨ ᠭᠦᠢᠯᠬᠡᠬᠡ ᠪᠠ ᠨᠡᠶᠢᠬᠡᠮᠴᠢᠯᠡᠭᠰᠡᠨ ᠣᠶᠢᠯᠡᠴᠢᠯᠡᠬᠡᠨ  ᠤ ᠰᠢᠰᠲ᠋ᠧᠮᠵᠢ  ᠶᠢ ᠴᠢᠨᠠᠭᠰᠢᠳᠠ ᠲᠡᠭᠦᠯᠳᠡᠷᠵᠢᠭᠦᠯᠵᠣ᠂ ᠰᠢᠨ᠎ᠡ ᠬᠡᠯᠪᠡᠷᠢ  ᠶᠢᠨ ᠲᠠᠷᠢᠶᠠᠯᠠᠩ ᠮᠠᠯ ᠠᠵᠣ ᠠᠬᠤᠢ  ᠶᠢᠨ ᠡᠵᠡᠩᠨᠡᠯᠳᠡ  ᠶᠢᠨ ᠪᠠᠶᠢᠭᠤᠯᠤᠯ ᠪᠠ ᠬᠡᠯᠪᠡᠷᠢ ᠶᠢᠨ ᠦᠭᠡᠷᠡᠴᠢᠯᠡᠯᠳᠠ ᠶᠢ ᠲᠦᠷᠭᠡᠳᠭᠡᠵᠤ᠂ ᠬᠡᠷ ᠪᠦᠯᠢ  ᠶᠢᠨ ᠲᠠᠷᠢᠶᠠᠯᠠᠩ ᠮᠠᠯᠵᠢᠯ  ᠤᠨ ᠲᠠᠯᠠᠪᠠᠢ ᠂ ᠲᠣᠰᠬᠠᠢ ᠲᠣᠮᠣ ᠡᠷᠦᠬᠡ᠂ ᠮᠠᠯᠴᠢᠨ ᠲᠠᠷᠢᠶᠠᠴᠢᠳ  ᠤᠨ ᠬᠤᠷᠰᠢᠶ᠎ᠠ᠂ ᠠᠵᠣ ᠦᠢᠯᠡᠰᠵᠢᠯᠳᠠ ᠶᠢᠨ ᠲᠠᠭᠠᠭᠤᠯᠬᠤ ᠠᠵᠣ ᠠᠬᠤᠶᠢᠯᠠᠯ ᠵᠡᠷᠬᠡ ᠰᠢᠨ᠎ᠡ ᠬᠡᠯᠪᠡᠷᠢ  ᠶᠢᠨ ᠭᠤᠣᠯ ᠴᠣᠭᠴᠠ  ᠶᠢ ᠵᠤᠷᠢᠭᠵᠢᠭᠤᠯᠤᠨ ᠬᠦᠭᠵᠢᠬᠦᠯᠵᠤ᠂ ᠮᠠᠯᠴᠢᠨ ᠲᠠᠷᠢᠶᠠᠴᠢᠳ  ᠤᠨ ᠲᠣᠰᠬᠠᠢ ᠬᠤᠷᠰᠢᠶ᠎ᠠ ᠶᠢ ᠰᠢᠨ᠎ᠠ ᠪᠠᠷ 40  ᠪᠠᠶᠢᠭᠤᠯᠵᠤ  ᠂ ᠬᠤᠳᠠ  ᠶᠢᠨ ᠲᠡᠰ  ᠠᠴᠠ ᠲᠡᠭᠡᠭᠰᠢᠬᠢ ᠲᠠᠭᠠᠭᠤᠯᠬᠤ ᠠᠵᠣ ᠠᠬᠤᠶᠢᠯᠠᠯ  ᠢ ᠰᠢᠨ᠎ᠠ ᠪᠠᠷ 34 ᠨᠡᠮᠡᠭᠳᠡᠭᠦᠯᠵᠣ᠂ 3 ᠲᠣᠮᠣ ᠬᠡᠯᠪᠡᠷᠢ  ᠶᠢᠨ ᠲᠠᠷᠢᠶᠠᠯᠠᠩ  ᠤᠨ ᠪᠦᠲᠦᠭᠡᠭᠳᠡᠭᠦᠨ ᠮᠠᠯ  ᠤᠨ ᠠᠰᠢᠭ ᠰᠢᠮ᠎ᠡ  ᠶᠢ ᠬᠠᠳᠠᠭᠠᠯᠠᠬᠤ ᠪᠠᠷᠠᠭᠠᠨ  ᠤ ᠭᠦᠢᠯᠬᠡᠬᠡᠨ  ᠤ ᠬᠦᠷᠢᠶᠡᠯᠡᠩ  ᠢ ᠡᠬᠢᠯᠡᠭᠦᠯᠦᠨ ᠪᠦᠲᠦᠬᠡᠨ ᠪᠠᠶᠢᠭᠤᠯᠵᠣ᠂ 37 ᠦᠨᠳᠦᠰᠦᠨ ᠱᠠᠳᠣᠨ  ᠤ ᠲᠠᠷᠢᠶᠠᠯᠠᠩ ᠮᠠᠯ ᠠᠵᠣ ᠠᠬᠤᠢ  ᠶᠢᠨ ᠣᠯᠠᠨ ᠨᠡᠶᠢᠳᠡ  ᠶᠢᠨ ᠣᠶᠢᠯᠡᠴᠢᠯᠡᠬᠡᠨ  ᠤ ᠶᠡᠷᠦᠩᠬᠡᠶᠢᠯᠡᠭᠰᠡᠨ ᠦᠷᠳᠡᠭᠡ ᠶᠢ ᠪᠦᠳᠦᠭᠡᠨ ᠪᠠᠶᠢᠭᠤᠯᠬᠤ ᠡᠭᠦᠷᠬᠡ  ᠶᠢ ᠪᠡᠶᠡᠯᠡᠭᠦᠯᠦᠨ᠎ᠡ᠃      ᠣᠳᠣ ᠦᠶ᠎ᠡ  ᠶᠢᠨ ᠣᠶᠢᠯᠡᠴᠢᠯᠡᠬᠡᠨ  ᠤ ᠣᠶᠢᠯᠡᠰ  ᠢ ᠲᠦᠷᠭᠡᠨ  ᠢᠶᠠᠷ ᠬᠦᠭᠵᠢᠭᠦᠯᠦᠨ᠎ᠡ᠃ ᠠᠭᠠᠷ  ᠤᠨ ᠭᠠᠷᠠᠮ  ᠤᠨ ᠬᠦᠷᠢᠶᠡᠯᠡᠩ ᠢ ᠲᠦᠪᠯᠡᠷᠡᠭᠦᠯᠦᠨ ᠪᠠᠶᠢᠭᠤᠯᠵᠣ᠂ ᠨᠢᠭᠡ ᠪᠦᠯᠦᠭ ᠣᠳᠣ ᠦᠶ᠎ᠡ ᠶᠢᠨ ᠪᠠᠷᠠᠭᠠᠨ  ᠤ ᠭᠦᠢᠯᠬᠡᠬᠡ᠂ ᠡᠯᠧᠺᠲᠷᠣᠨ ᠴᠢᠮᠡᠭᠡ ᠵᠠᠩᠬᠢ᠂ ᠶᠡᠷᠦᠩᠬᠡᠢ  ᠭᠠᠵᠠᠷ ᠤᠨ ᠠᠵᠣ ᠠᠬᠤᠢ ᠪᠠ ᠠᠭᠠᠷ  ᠤᠨ ᠠᠶᠠᠯᠠᠯ  ᠤᠨ ᠬᠤᠳᠠᠯᠳᠣᠭᠠᠨ  ᠤ ᠶᠠᠪᠣᠳᠠᠯ  ᠤᠨ ᠲᠦᠷᠦᠯ ᠵᠣᠶᠢᠯ  ᠢ ᠲᠦᠷᠬᠡᠨ ᠢᠶᠠᠷ ᠣᠷᠣᠭᠤᠯᠵᠣ᠂ ᠶᠡᠷᠦᠩᠬᠡᠶᠢᠯᠡᠭᠰᠡᠨ ᠭᠠᠶᠢᠯᠢ ᠪᠠᠳᠣᠯᠠᠬᠤ ᠣᠷᠣᠨ  ᠤ ᠪᠦᠲᠦᠬᠡᠨ ᠪᠠᠶᠢᠭᠤᠯᠣᠯᠳᠠ  ᠶᠢ ᠠᠬᠢᠭᠤᠯᠣᠨ᠎ᠠ᠃ ᠲᠢᠶᠠᠨᠵᠢᠨ᠂ ᠴᠢᠨ ᠬᠤᠸᠠᠩ ᠳ᠋ᠣᠣ ᠵᠡᠷᠬᠡ ᠭᠠᠷᠠᠮ ᠲᠠᠢ ᠢᠳᠠᠪᠬᠢᠳᠠᠢ ᠪᠠᠷ ᠰᠠᠨᠠᠭᠠᠴᠢᠯᠠᠭ᠎ᠠ ᠠᠴᠠ ᠪᠠᠨ ᠠᠪᠤᠴᠠᠯᠳᠤᠵᠤ᠂  ᠨᠤᠳᠤᠭ  ᠤᠨ ᠠᠵᠤ ᠠᠬᠤᠶᠢᠯᠠᠯ ᠪᠠ ᠣᠯᠣᠰ  ᠤᠨ ᠲᠤᠳᠤᠭᠠᠳᠤ ᠶᠢᠨ ᠲᠣᠮᠣ ᠬᠡᠯᠪᠡᠷᠢ  ᠶᠢᠨ ᠪᠠᠷᠠᠭᠠᠨ  ᠤ ᠭᠦᠢᠯᠬᠡᠬᠡᠨ  ᠤ ᠪᠦᠯᠦᠭᠯᠡᠯ ᠯᠦᠭᠡ ᠶᠢᠨ ᠬᠠᠮᠳᠤᠷᠠᠯᠴᠠᠭ᠎ᠠ  ᠶᠢ ᠲᠡᠮᠵᠢᠵᠤ᠂ ᠵᠠᠰᠠᠭ᠂ ᠳ᠋ᠠ ᠲᠠ ᠵᠡᠷᠬᠡ 4 ᠲᠣᠮᠣ ᠬᠡᠯᠪᠡᠷᠢ  ᠶᠢᠨ ᠨᠡᠭᠦᠷᠡᠰᠦᠨ  ᠤ ᠪᠠᠷᠠᠭᠠᠨ  ᠤ ᠭᠦᠢᠯᠬᠡᠬᠡᠨ  ᠤ ᠬᠦᠷᠢᠶᠡᠯᠡᠩ  ᠤᠨ ᠪᠦᠲᠦᠬᠡᠨ ᠪᠠᠶᠢᠭᠤᠯᠣᠯᠳᠠ  ᠶᠢ ᠲᠦᠷᠬᠡᠳᠬᠡᠨ᠎ᠡ᠃ ᠪᠠᠩᠬᠢ᠂ ᠲᠡᠮᠳᠡᠭᠳᠣ᠂ ᠲᠠᠭᠠᠳᠬᠠᠯ ᠵᠡᠷᠬᠡ ᠮᠦᠩᠭᠦᠨ ᠭᠦᠢᠯᠬᠡᠬᠡᠨ  ᠤ ᠪᠠᠶᠢᠭᠤᠯᠣᠮᠵᠢ  ᠶᠢ ᠦᠷᠭᠦᠯᠵᠢᠯᠡᠨ ᠣᠷᠣᠭᠤᠯᠵᠣ᠂ ᠢᠨᠲ᠋ᠧᠷᠨᠧᠲ ᠰᠦᠯᠵᠢᠶᠡᠨ  ᠤ ᠮᠦᠩᠭᠦᠨ ᠭᠦᠢᠯᠬᠡᠬᠡ   ᠶᠢ ᠢᠳᠡᠪᠬᠢᠲᠠᠢ ᠬᠦᠭᠵᠢᠭᠦᠯᠵᠣ᠂ ᠬᠤᠭᠤᠴᠠᠭᠠᠳᠣ ᠪᠠᠷᠠᠭᠠᠨ  ᠤ ᠲᠠᠰᠣᠯᠣᠨ ᠪᠣᠳᠣᠬᠤ ᠬᠦᠮᠦᠷᠬᠡ  ᠶᠢ ᠨᠡᠮᠡᠨ ᠪᠠᠶᠢᠭᠤᠯᠵᠣ᠂ ᠭᠤᠸᠠᠩ ᠳ᠋ᠠ᠂ ᠦᠬᠠᠢ ᠪᠠᠩᠬᠢ  ᠶᠢ ᠫᠠᠶᠢᠰᠠ ᠡᠯᠭᠦᠨ  ᠡᠷᠬᠢᠯᠳᠠ ᠡᠵᠡᠩᠨᠡᠯᠳᠠ ᠬᠢᠯᠬᠡᠬᠦ  ᠪᠠᠷ ᠴᠢᠷᠮᠠᠶᠢᠨ᠎ᠠ᠃  ᠪᠠᠩᠬᠢ  ᠶᠢᠨ ᠢᠳᠡᠬᠡᠮᠵᠢᠳᠣ ᠵᠢᠬᠡᠯᠡᠯᠬᠡ ᠲᠠᠯᠪᠢᠬᠤ ᠬᠦᠷᠢᠶ᠎ᠡ ᠬᠡᠪᠴᠢᠶ᠎ᠡ ᠶᠢ ᠦᠷᠬᠡᠳᠬᠡᠵᠣ᠂ ᠲᠣᠮᠳᠠ ᠵᠢᠵᠢᠭ ᠠᠵᠣ ᠠᠬᠤᠶᠢᠯᠠᠯ   ᠢ ᠴᠤᠭᠯᠠᠷᠠᠭᠤᠯᠤᠨ ᠵᠢᠬᠡᠯᠡᠯᠬᠡ  ᠶᠢᠨ ᠲᠡᠮᠳᠡᠭ᠂ ᠬᠤᠳᠠ  ᠶᠢᠨ ᠶᠠᠪᠣᠳᠠᠯ  ᠤᠨ ᠵᠢᠬᠡᠯᠡᠯᠬᠡ ᠶᠢᠨ ᠲᠡᠮᠳᠡᠭ ᠲᠠᠷᠬᠠᠭᠠᠬᠤ ᠭᠦᠴᠦᠯᠡᠴᠡ  ᠶᠢ ᠨᠡᠮᠡᠭᠳᠡᠭᠦᠯᠵᠣ᠂ ᠮᠠᠨ  ᠤ ᠬᠤᠳᠠ  ᠶᠢᠨ ᠠᠵᠣ ᠠᠬᠤᠶᠢᠯᠠᠯ ᠪᠦᠬᠦ ᠣᠯᠣᠰ  ᠤᠨ ᠲᠣᠮᠳᠠ ᠵᠢᠵᠢᠭ ᠠᠵᠣ ᠠᠬᠤᠶᠢᠯᠠᠯ  ᠤᠨ ᠬᠤᠪᠢ ᠤᠷᠤᠭᠤᠯᠤᠯᠳᠠ ᠪᠠᠨ  ᠰᠢᠯᠵᠢᠬᠦᠯᠦᠨ ᠦᠭᠬᠦ ᠰᠢᠰᠲ᠋ᠧᠮ  ᠳᠤ ᠤᠷᠤᠵᠤ ᠫᠠᠶᠢᠰᠠ ᠡᠯᠬᠦᠬᠦ ᠶᠢ ᠲᠠᠮᠵᠢᠵᠤ᠂ ᠮᠠᠨ ᠱᠢ᠂ ᠵᠢᠶᠠᠨ ᠶᠣᠸᠠᠨ᠂ ᠴᠢ ᠫᠠᠨ ᠵᠢᠩ ᠤᠨ ᠠᠭᠤᠷᠬᠠᠢ  ᠶᠢᠨ ᠣᠶᠢᠯᠡᠰ ᠵᠡᠷᠬᠡ ᠠᠵᠣ ᠠᠬᠤᠶᠢᠯᠠᠯ   ᠤᠨ ᠰᠲ᠋ᠣᠺ  ᠢ  ᠵᠠᠬ᠎ᠠ ᠲᠡᠯᠭᠡᠬᠦᠷ ᠲᠤ ᠭᠠᠷᠭᠠᠬᠤ ᠪᠠᠷ  ᠲᠡᠮᠡᠴᠠᠵᠤ᠂ ᠵᠢᠯ  ᠤᠨ  ᠲᠤᠳᠤᠷ᠎ᠠ ᠪᠡᠯᠡ ᠴᠤᠭᠯᠠᠭᠤᠯᠬᠤ ᠬᠦᠷᠢᠶ᠎ᠡ ᠬᠡᠪᠴᠢᠶ᠎ᠡ  ᠶᠢ 500 ᠳ᠋ᠦᠩᠰᠢᠭᠤᠷ ᠲᠦᠭᠦᠷᠢᠭ ᠠᠴᠠ ᠲᠠᠪᠠᠭᠤᠯᠣᠨ᠎ᠠ᠃ ᠰᠣᠶᠣᠯ ᠵᠤᠭᠠᠴᠠᠯ᠂ ᠰᠡᠯᠡᠬᠦᠴᠠᠯ ᠵᠤᠭ᠎ᠠ ᠴᠠᠩᠭᠡᠯ  ᠤᠨ ᠠᠵᠣ ᠣᠶᠢᠯᠡᠰ  ᠢ ᠶᠡᠬᠡᠪᠡᠷ ᠬᠦᠭᠵᠢᠭᠦᠯᠵᠣ᠂ ᠮᠤᠩᠭᠤᠯ  ᠤᠨ ᠡᠬᠦᠰᠦᠯ ᠬᠦᠭᠵᠢᠯ᠂ ᠦᠤᠰᠢᠨ ᠬᠤᠰᠢᠭᠤᠨ  ᠤ ︽ᠨᠢᠭᠡ ᠭᠤᠤᠯ ᠭᠤᠷᠪᠠᠨ ᠬᠦᠷᠢᠶᠡᠯᠡᠩ︾ ᠵᠡᠷᠭᠡ ᠰᠤᠶᠤᠯ ᠵᠤᠭᠠᠴᠠᠯ  ᠤᠨ ᠦᠵᠡᠮᠵᠢ ᠶᠢᠨ ᠣᠷᠣᠨ  ᠤ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠰᠤᠳᠤᠨ ᠵᠤᠭᠠᠴᠠᠯ  ᠤᠨ ᠱᠤᠭᠤᠮ  ᠢ ᠲᠦᠯᠦᠪᠵᠢᠬᠦᠯᠦᠨ ᠲᠡᠭᠦᠯᠳᠡᠷᠵᠢᠬᠦᠯᠵᠤ᠂ ᠲᠠᠯ᠎ᠠ ᠨᠣᠳᠤᠭ  ᠤᠨ ᠰᠣᠶᠣᠯ  ᠢ ᠢᠯᠡᠷᠡᠬᠦᠯᠦᠭᠰᠡᠨ᠂ ᠭᠠᠵᠠᠷ ᠤᠷᠤᠨ  ᠤ ᠦᠪᠡᠷᠮᠢᠴᠡ ᠣᠨᠴᠠᠯᠢᠭ ᠲᠠᠢ ᠵᠤᠭᠠᠴᠠᠨ ᠲᠤᠭᠤᠷᠢᠬᠤ ᠪᠠ ᠰᠡᠯᠡᠭᠦᠴᠡᠨ ᠠᠮᠠᠷᠠᠬᠤ ᠰᠠᠭᠤᠷᠢᠨ ᠭᠠᠵᠠᠷ  ᠢ ᠪᠠᠶᠢᠭᠤᠯᠣᠨ᠎ᠠ᠃ ᠡᠯᠧᠺᠲᠷᠣᠨ ᠬᠤᠳᠠᠯᠳᠣᠭᠠᠨ  ᠤ ᠶᠠᠪᠣᠳᠠᠯ᠂ ᠬᠡᠷ  ᠤᠨ ᠶᠠᠪᠣᠳᠠᠯ  ᠤᠨ ᠣᠶᠢᠯᠡᠴᠢᠯᠡᠭᠡ᠂ ᠡᠷᠡᠬᠦᠯ  ᠢᠶᠠᠷ ᠪᠡᠶ᠎ᠡ  ᠪᠠᠨ ᠰᠣᠪᠢᠯᠠᠬᠤ ᠵᠡᠷᠬᠡ ᠰᠢᠨ᠎ᠡ ᠬᠡᠯᠪᠡᠷᠢ  ᠶᠢᠨ ᠦᠢᠯᠡᠴᠢᠯᠡᠭᠡᠨ  ᠤ ᠦᠢᠯᠡᠰ  ᠢ ᠢᠳᠡᠪᠬᠢᠲᠠᠢ ᠬᠦᠭᠵᠢᠭᠦᠯᠦᠨ᠎ᠡ᠃ ᠭᠤᠷᠪᠠᠳᠣᠭᠠᠷ ᠠᠵᠣ ᠣᠶᠢᠯᠡᠰ  ᠤᠨ ᠨᠡᠮᠡᠭᠳᠡᠯ ᠦᠷᠳᠡᠭ  ᠢ 1575 ᠳ᠋ᠦᠩᠰᠢᠭᠤᠷ ᠲᠦᠭᠦᠷᠢᠭ ᠪᠡᠶᠡᠯᠡᠬᠦᠯᠵᠤ᠂ 6.5% ᠪᠠᠷ ᠨᠡᠮᠡᠭᠳᠡᠭᠦᠯᠦᠨ᠎ᠡ᠃      ︵ᠬᠤᠶᠠᠷ︶ ᠬᠦᠮᠦᠨ  ᠢᠶᠠᠷ ᠭᠤᠤᠯ ᠪᠣᠯᠭᠠᠭᠰᠠᠨ ᠬᠤᠳᠠ ᠪᠠᠯᠭᠠᠰᠣᠵᠢᠯᠳᠠ  ᠶᠢᠨ ᠪᠦᠲᠦᠬᠡᠨ ᠪᠠᠶᠢᠭᠤᠯᠣᠯᠳᠠ  ᠶᠢ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ  ᠤ ᠰᠠᠭᠤᠷᠢ ᠨᠦᠭᠦᠴᠡᠯ  ᠢ ᠰᠠᠶᠢᠵᠢᠷᠠᠭᠤᠯᠵᠣ᠂ ᠬᠤᠳᠠ ᠬᠦᠳᠡᠭᠡ  ᠶᠢ ᠨᠢᠭᠡᠳᠣᠯᠲᠠᠢ ᠲᠦᠯᠦᠪᠵᠢᠬᠦᠯᠦᠨ ᠬᠦᠭᠵᠢᠭᠦᠯᠬᠦ ᠬᠢᠷᠢ ᠲᠦᠪᠰᠢᠨ  ᠢ ᠲᠡᠭᠡᠭᠰᠢᠯᠡᠭᠦᠯᠦᠨ᠎ᠡ᠃      ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠢᠳᠡᠪᠬᠢᠳᠠᠢ ᠲᠤᠭᠳᠠᠭᠤᠨ  ᠢᠶᠠᠷ ᠠᠬᠢᠭᠤᠯᠤᠨ᠎ᠠ᠃ ᠬᠦᠷᠰᠢ ᠵᠡᠷᠬᠡᠯᠡᠳᠡᠭᠡ ᠬᠤᠳᠠ ᠲᠠᠢ ᠨᠡᠶᠢᠯᠠᠨ ᠠᠪᠤᠴᠠᠯᠳᠤᠬᠤ ᠶᠢ ᠴᠢᠩᠭᠠᠳᠬᠠᠵᠣ᠂ ᠬᠦᠬᠡᠬᠤᠳᠠ ᠪᠣᠭᠤᠳᠣ ᠣᠷᠳᠣᠰ  ᠤᠨ ᠬᠤᠳᠠ  ᠶᠢᠨ ᠰᠦᠷᠦᠭᠵᠢᠯ  ᠤᠨ ᠪᠦᠲᠦᠭᠡᠨ ᠪᠠᠶᠢᠭᠤᠯᠣᠯᠳᠠ  ᠶᠢ ᠠᠬᠢᠭᠤᠯᠣᠨ᠎ᠠ᠃ ᠭᠤᠤᠯᠳᠠᠯᠭᠠᠳᠤ ᠬᠤᠳᠠ ᠲᠤᠭᠤᠷᠢᠭ  ᠢ ᠨᠡᠭᠡᠭᠡᠨ ᠬᠦᠭᠵᠢᠬᠦᠯᠬᠦ ᠡᠷᠴᠢᠮ  ᠢ ᠰᠢᠨᠵᠢᠯᠡᠬᠦ ᠣᠬᠠᠭᠠᠨᠴᠢ  ᠪᠠᠷ ᠲᠣᠭᠳᠠᠭᠠᠵᠣ᠂  ᠪᠦᠲᠦᠬᠡᠨ ᠪᠠᠶᠢᠭᠤᠯᠣᠯᠳᠠ ᠶᠢᠨ ᠬᠦᠷᠢᠶ᠎ᠡ ᠬᠡᠪᠴᠢᠶ᠎ᠡ  ᠶᠢ ᠵᠣᠬᠢᠰᠲᠠᠢ ᠬᠢᠵᠠᠭᠠᠷᠯᠠᠵᠣ᠂ ᠵᠢᠯ  ᠤᠨ ᠲᠣᠳᠣᠷ᠎ᠠ ᠲᠠᠩ ᠲᠠᠸᠠᠷ  ᠤᠨ ᠬᠡᠷ ᠪᠠᠶᠢᠰᠢᠩ ᠤᠨ ᠲᠦᠷᠦᠯ ᠵᠣᠶᠢᠯ ᠢ ᠰᠢᠨ᠎ᠡ  ᠪᠠᠷ ᠪᠦᠳᠦᠭᠡᠨ ᠪᠠᠶᠢᠭᠤᠯᠬᠤ ᠦᠬᠡᠢ᠂ ᠦᠯᠡᠳᠡᠵᠤ ᠪᠠᠶᠢᠭ᠎ᠠ ᠲᠠᠸᠠᠷ  ᠤᠨ ᠬᠡᠷ ᠪᠠᠶᠢᠰᠢᠩ  ᠢ ᠲᠦᠷᠬᠡᠨ  ᠢᠶᠠᠷ ᠰᠢᠩᠬᠡᠬᠡᠨ᠎ᠡ᠃ ᠬᠤᠳᠠ  ᠶᠢᠨ ᠰᠠᠭᠤᠷᠢ ᠲᠦᠭᠦᠭᠡᠷᠣᠮᠵᠢ᠂ ᠬᠤᠳᠠᠯᠳᠣᠭᠠᠨ  ᠤ ᠲᠦᠭᠦᠭᠡᠷᠣᠮᠵᠢ ᠪᠠ ᠣᠯᠠᠨ ᠨᠡᠶᠢᠳᠡ  ᠶᠢᠨ ᠣᠶᠢᠯᠡᠴᠢᠯᠡᠬᠡᠨ  ᠤ ᠰᠢᠰᠲ᠋ᠧᠮᠵᠢ ᠶᠢ ᠴᠢᠨᠠᠭᠰᠢᠳᠠ ᠲᠡᠬᠦᠯᠳᠡᠷᠵᠢᠬᠦᠯᠵᠤ᠂ ᠣᠶᠣᠨ  ᠤ ᠬᠤᠳᠠ  ᠶᠢᠨ ᠪᠦᠲᠦᠬᠡᠨ ᠪᠠᠶᠢᠭᠤᠯᠣᠯᠳᠠ  ᠶᠢ ᠠᠬᠢᠭᠤᠯᠵᠣ᠂ ᠤᠷᠤᠰᠢᠨ ᠰᠠᠭᠤᠵᠤ ᠠᠵᠢᠯᠯᠠᠬᠤ  ᠳᠤ ᠲᠣᠬᠢᠷᠠᠮᠵᠢᠲᠠᠢ ᠬᠤᠳᠠ  ᠶᠢᠨ ᠣᠷᠴᠢᠨ ᠲᠣᠭᠤᠷᠢᠨ  ᠢ ᠪᠣᠢ ᠪᠣᠯᠭᠠᠵᠣ᠂ ᠬᠦᠮᠦᠨ ᠠᠮᠠ ᠠᠷᠠᠯᠵᠢᠶ᠎ᠠ  ᠬᠤᠳᠠᠯᠳᠤᠭ᠎ᠠ  ᠶᠢ ᠲᠦᠷᠬᠡᠨ  ᠢᠶᠠᠷ ᠴᠣᠭᠯᠠᠷᠠᠭᠤᠯᠣᠨ᠎ᠠ᠃ ᠡᠯ᠎ᠡ ᠪᠦᠯᠬᠦᠮᠵᠢᠯ ᠤᠨ ᠰᠠᠭᠤᠷᠢ ᠲᠦᠭᠦᠭᠡᠷᠣᠮᠵᠢ  ᠶᠢ ᠢᠵᠢ ᠪᠦᠷᠢᠳᠦᠭᠦᠯᠦᠨ ᠠᠪᠣᠴᠠᠯᠳᠣᠭᠤᠯᠬᠤ  ᠶᠢ ᠠᠬᠢᠭᠤᠯᠵᠣ᠂  ᠬᠤᠳᠠ  ᠶᠢᠨ ᠨᠡᠶᠢᠳᠡ ᠶᠢᠨ ᠵᠠᠮ ᠬᠠᠷᠢᠯᠴᠠᠭ᠎ᠠ᠂ ᠣᠰᠣ᠂ ᠬᠡᠢ᠂ ᠢᠯᠴᠢ ᠬᠠᠩᠭᠠᠬᠤ ᠵᠢᠴᠢ ᠤᠯᠠᠨ ᠨᠠᠶᠢᠳᠠ ᠶᠢᠨ ᠰᠤᠶᠤᠯ ᠵᠡᠷᠭᠡ ᠲᠦᠬᠦᠭᠡᠷᠦᠮᠵᠢ ᠶᠢ ᠬᠠᠮᠳᠣᠪᠠᠷ ᠪᠠᠶᠢᠭᠤᠯᠣᠨ ᠬᠠᠮᠳᠣᠪᠠᠷ ᠡᠳ᠋ᠯᠡᠵᠣ᠂ ᠨᠢᠭᠡ ᠴᠣᠭᠴᠠᠵᠢᠭᠰᠠᠨ ᠡᠷᠬᠢᠯᠳᠡ ᠡᠵᠡᠩᠨᠡᠯᠳᠡ  ᠶᠢ ᠪᠡᠶᠡᠯᠡᠭᠦᠯᠦᠨ᠎ᠡ᠃ ᠳ᠋ᠦᠩᠱᠧᠩ  ᠠᠴᠠ ᠬᠢᠶ᠎ᠡ ᠪᠠᠭᠰᠢ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ ᠲᠠᠭᠠᠣ᠂ ᠠᠪᠠᠭ᠋ᠠᠢ ᠭᠤᠤᠯ᠂ ᠣᠯᠠᠭᠠᠨ ᠨᠠᠭᠤᠷ  ᠤᠨ ᠨᠣᠶᠢᠳᠠᠨ ᠭᠠᠵᠠᠷ ᠵᠡᠷᠬᠡ ᠭᠤᠣᠯᠳᠠᠯᠭ᠎ᠠ  ᠲᠠᠢ ᠨᠣᠭᠤᠭᠠᠷᠠᠭᠤᠯᠬᠤ ᠪᠠᠷᠢᠯᠭ᠎ᠠ ᠶᠢ ᠬᠡᠷᠡᠭᠵᠢᠭᠦᠯᠵᠣ᠂ ᠣᠯᠣᠰ  ᠤᠨ ᠠᠮᠢ ᠠᠬᠤᠢ  ᠶᠢᠨ ᠴᠡᠴᠡᠷᠯᠢᠭᠵᠢᠭᠰᠡᠨ ᠬᠤᠳᠠ  ᠶᠢ ᠪᠦᠲᠦᠬᠡᠨ ᠪᠠᠶᠢᠭᠤᠯᠣᠨ᠎ᠠ᠃ ᠲᠣᠮᠳᠠ ᠵᠢᠵᠢᠭ ᠬᠤᠳᠠ ᠪᠠᠯᠭᠠᠰᠣᠨ  ᠤ ᠲᠦᠯᠦᠪᠵᠢᠭᠦᠯᠬᠡ᠂ ᠪᠦᠲᠦᠬᠡᠨ ᠪᠠᠶᠢᠭᠤᠯᠣᠯᠳᠠ ᠪᠠ ᠬᠠᠮᠢᠶᠠᠷᠣᠯᠳᠠ  ᠶᠢ ᠨᠢᠭᠡᠳᠣᠯᠲᠠᠢ ᠲᠦᠯᠦᠪᠵᠢᠬᠦᠯᠦᠨ ᠰᠠᠶᠢᠳᠣᠷ ᠠᠳᠬᠤᠵᠣ᠂ ᠬᠤᠳᠠ ᠪᠠᠯᠭᠠᠰᠤᠨ  ᠤ ᠤᠷᠤᠨ ᠵᠠᠢ ᠶᠢᠨ ᠪᠠᠶᠢᠷᠢᠯᠠᠭᠤᠯᠤᠯᠳᠠ ᠶᠢ ᠴᠢᠨᠠᠭᠰᠢᠳᠠ ᠰᠢᠯᠢᠳᠡᠭᠵᠢᠬᠦᠯᠵᠤ᠂ ᠭᠤᠤᠯᠳᠠᠯᠭ᠎ᠠ ᠲᠠᠢ ᠵᠢᠵᠢᠭ ᠬᠤᠳᠠ ᠪᠠᠯᠭᠠᠰᠣᠨ  ᠤ ᠰᠠᠭᠤᠷᠢ ᠲᠦᠬᠦᠭᠡᠷᠦᠮᠵᠢ ᠶᠢᠨ ᠪᠦᠲᠦᠬᠡᠨ ᠪᠠᠶᠢᠭᠤᠯᠣᠯᠳᠠ ᠪᠠ ᠤᠯᠠᠨ ᠨᠠᠶᠢᠳᠠ ᠶᠢᠨ ᠦᠢᠯᠡᠴᠢᠯᠡᠭᠡᠨ  ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠠᠨ ᠠᠬᠢᠭᠤᠯᠵᠤ᠂ ᠬᠦᠷᠢᠶ᠎ᠡ ᠬᠡᠪᠴᠢᠶ᠎ᠡ ᠨᠢ ᠵᠣᠬᠢᠰᠲᠠᠢ᠂ ᠴᠢᠳᠠᠮᠵᠢ ᠨᠢ ᠲᠡᠭᠦᠯᠳᠡᠷᠵᠢᠭᠰᠡᠨ᠂ ᠣᠷᠴᠢᠨ ᠲᠣᠭᠤᠷᠢᠨ ᠨᠢ ᠭᠤᠶᠣ ᠰᠠᠶᠢᠬᠠᠨ᠂ ᠤᠷᠤᠰᠢᠨ ᠰᠠᠭᠤᠵᠤ ᠠᠵᠢᠯᠯᠠᠬᠤ  ᠳᠤ ᠲᠣᠬᠢᠷᠠᠮᠵᠢᠲᠠᠢ ᠣᠨᠴᠠᠯᠢᠭᠳᠣ ᠬᠤᠳᠠ ᠪᠠᠯᠭᠠᠰᠣ  ᠶᠢ ᠪᠠᠶᠢᠭᠤᠯᠣᠨ᠎ᠠ᠃ ᠬᠤᠳᠠ ᠪᠠᠯᠭᠠᠰᠣ ᠪᠠ ᠬᠦᠷᠢᠶᠡᠯᠡᠩ ᠨᠡᠶᠢᠯᠡᠵᠣ ᠬᠠᠷᠢᠯᠴᠠᠨ ᠣᠶᠢᠯᠡᠳᠣᠯᠴᠠᠨ ᠬᠦᠭᠵᠢᠬᠦ  ᠶᠢ ᠠᠬᠢᠭᠤᠯᠵᠣ᠂ ᠲᠣᠰ ᠲᠣᠰ  ᠤᠨ ᠣᠨᠴᠠᠯᠢᠭ ᠲᠠᠢ ᠠᠵᠣ ᠣᠶᠢᠯᠡᠰ  ᠤᠨ ᠰᠢᠰᠲ᠋ᠧᠮᠵᠢ  ᠶᠢ ᠪᠣᠶᠢᠵᠢᠭᠤᠯᠵᠣ᠂ ᠬᠤᠳᠠ ᠪᠠᠯᠭᠠᠰᠣᠨ  ᠤ ᠠᠵᠣ ᠣᠶᠢᠯᠡᠰ  ᠤᠨ ᠲᠤᠯᠭᠠᠭᠤᠷᠢᠯᠠᠯ  ᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠲᠤᠭᠳᠠᠭᠰᠠᠨ ᠠᠵᠢᠯ ᠮᠡᠷᠭᠡᠵᠢᠯ ᠪᠠ ᠲᠤᠭᠳᠠᠭᠰᠠᠨ ᠤᠷᠤᠨ ᠰᠠᠭᠤᠴᠠ ᠪᠠᠷ ᠦᠨᠳᠤᠰᠤᠨ ᠨᠦᠬᠦᠴᠡᠯ ᠪᠤᠯᠭᠠᠵᠤ᠂ ᠭᠠᠳᠠᠨ᠎ᠠ ᠠᠴᠠ ᠢᠷᠡᠭᠰᠡᠨ ᠬᠦᠮᠦᠨ ᠠᠮᠠ ᠶᠢᠨ ᠡᠷᠦᠭᠡ ᠠᠮᠠ ᠶᠢ ᠤᠷᠤᠭᠤᠯᠬᠤ ᠨᠦᠬᠦᠴᠡᠯ  ᠢ ᠠᠭᠤᠵᠢᠭᠤ ᠲᠠᠯᠪᠢᠵᠤ᠂ ᠬᠤᠳᠠ ᠬᠦᠳᠡᠭᠡ ᠶᠢ ᠨᠢᠭᠡ ᠴᠤᠭᠴᠠᠵᠢᠭᠤᠯᠤᠭᠰᠠᠨ᠂ ᠴᠢᠯᠦᠭᠡᠳᠠᠢ ᠪᠠᠷ ᠨᠡᠬᠦᠳᠡᠯᠯᠡᠬᠦ ᠡᠷᠦᠭᠡ ᠠᠮᠠ ᠶᠢᠨ ᠬᠠᠮᠢᠶᠠᠷᠤᠯᠳᠠ ᠶᠢᠨ ᠲᠦᠷᠢᠮ  ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ  ᠶᠢᠨ ᠰᠢᠯᠵᠢᠬᠦᠯᠦᠭᠰᠡᠨ ᠬᠦᠮᠦᠨ ᠠᠮᠠ ᠶᠢ ᠬᠤᠳᠠ ᠶᠢᠨ ᠠᠷᠠᠳᠴᠢᠯᠠᠬᠤ ᠶᠢ ᠡᠮᠬᠢ ᠲᠢᠭᠯᠢᠮ ᠲᠠᠢ ᠪᠠᠷ ᠠᠬᠢᠭᠤᠯᠵᠤ᠂ ᠬᠤᠳᠠ ᠶᠢᠨ ᠤᠯᠠᠨ ᠨᠠᠶᠢᠳᠠ ᠶᠢᠨ ᠦᠢᠯᠡᠴᠢᠯᠡᠭᠡ ᠪᠠ ᠨᠡᠶᠢᠭᠡᠮ  ᠤᠨ ᠪᠠᠳᠤᠯᠠᠭ᠎ᠠ ᠶᠢ ᠬᠦᠷᠳᠡᠬᠡᠨ᠎ᠡ᠃ ᠣᠳᠤᠭ  ᠤᠨ ᠡᠮᠦᠨᠡᠳᠣ ᠬᠤᠰᠢᠭᠤᠨ  ᠤ ᠬᠤᠳᠠ ᠬᠦᠳᠡᠭᠡ  ᠶᠢ ᠨᠢᠭᠡᠳᠣᠯᠲᠠᠢ  ᠲᠦᠯᠦᠪᠵᠢᠬᠦᠯᠬᠦ᠂ ᠬᠠᠩᠬᠢᠨ ᠬᠤᠰᠢᠭᠤᠨ  ᠤ ᠶᠠᠳᠠᠭᠤ  ᠶᠢ ᠲᠡᠳᠬᠦᠵᠣ ᠨᠡᠬᠡᠬᠡᠯᠳᠡ ᠬᠢᠬᠦ᠂ ᠲᠠᠯᠠᠳ ᠬᠤᠰᠢᠭᠤᠨ ᠤ ᠰᠢᠶᠠᠨ  ᠪᠦᠰᠠ ᠶᠢᠨ ᠠᠵᠣ ᠠᠬᠤᠢ  ᠶᠢᠨ ᠬᠦᠭᠵᠢᠯᠳᠡ  ᠶᠢᠨ ᠵᠢᠱᠢᠶ᠎ᠡ ᠦᠵᠡᠭᠦᠯᠬᠦ ᠣᠷᠣᠨ  ᠤ ᠪᠦᠲᠦᠬᠡᠨ ᠪᠠᠶᠢᠭᠤᠯᠣᠯᠳᠠ  ᠶᠢ ᠦᠷᠭᠦᠯᠵᠢᠯᠡᠨ ᠠᠬᠢᠭᠤᠯᠣᠨ᠎ᠠ᠃      ᠮᠠᠯᠵᠢᠬᠤ ᠲᠠᠷᠢᠶᠠᠯᠠᠬᠤ ᠣᠷᠣᠨ  ᠤ ᠣᠶᠢᠯᠡᠳᠪᠦᠷᠢᠯᠡᠯ ᠠᠮᠢᠳᠣᠷᠠᠯ  ᠤᠨ ᠨᠦᠭᠦᠴᠡᠯ  ᠢ ᠰᠠᠶᠢᠵᠢᠷᠠᠭᠤᠯᠣᠨ᠎ᠠ᠃ ᠭᠠᠴᠠᠭ᠎ᠠ ᠲᠣᠰᠬᠤᠨ  ᠤ ᠪᠠᠶᠢᠷᠢᠯᠠᠭᠤᠯᠣᠯᠳᠠ  ᠶᠢ ᠴᠢᠨᠠᠭᠰᠢᠳᠠ ᠰᠢᠯᠢᠳᠡᠭᠵᠢᠭᠦᠯᠵᠣ᠂ ᠭᠤᠣᠯᠳᠠᠯᠭᠠᠳᠣ ᠰᠠᠭᠤᠭᠠᠯᠢ ᠠᠷᠠᠳ  ᠤᠨ ᠴᠡᠭ  ᠤᠨ ᠢᠵᠢ ᠪᠦᠷᠢᠳᠦᠭᠦᠯᠦᠭᠰᠡᠨ ᠲᠦᠭᠦᠭᠡᠷᠣᠮᠵᠢ  ᠶᠢ ᠲᠡᠭᠦᠯᠳᠡᠷᠵᠢᠭᠦᠯᠵᠣ᠂ ᠲᠦᠭᠡᠭᠡᠯ ᠣᠰᠣ᠂ ᠨᠠᠷᠠᠨ ᠡᠨᠧᠷᠬᠢ᠂ ᠨᠠᠮᠤᠭ ᠤᠨ ᠬᠡᠢ᠂ ᠴᠢᠮᠡᠭᠡ ᠬᠤᠯᠪᠤᠭ᠎ᠠ ᠶᠢᠨ ᠲᠣᠣᠷ ᠰᠦᠯᠵᠢᠶ᠎ᠡ  ᠶᠢᠨ ᠲᠦᠭᠡᠮᠡᠯᠵᠢᠯᠳᠠ ᠶᠢᠨ ᠨᠣᠷᠮ᠎ᠠ  ᠶᠢ ᠲᠡᠭᠡᠭᠰᠢᠯᠡᠭᠦᠯᠵᠣ᠂ ᠣᠳᠣᠬᠢᠴᠢᠯᠠᠭᠰᠠᠨ ᠰᠢᠨ᠎ᠡ ᠬᠡᠯᠪᠡᠷᠢ  ᠶᠢᠨ ᠭᠠᠴᠠᠭ᠎ᠠ ᠲᠣᠰᠬᠤᠨ  ᠢ  ᠪᠠᠶᠢᠭᠤᠯᠣᠨ᠎ᠠ᠃ ᠬᠤᠳᠠ ᠬᠦᠳᠡᠭᠡ  ᠶᠢᠨ ᠠᠭᠤᠯᠵᠠᠷ ᠭᠠᠵᠠᠷ᠂ ᠵᠠᠮ ᠬᠠᠷᠢᠯᠴᠠᠭᠠᠨ  ᠤ ᠱᠣᠭᠤᠮ ᠲᠠᠭᠠᠣ ᠪᠠ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠪᠣᠵᠠᠷ ᠰᠠᠮᠠᠭᠤᠨ ᠮᠠᠭᠤ ᠪᠠᠶᠢᠬᠤ ᠠᠰᠠᠭᠤᠳᠠᠯ  ᠢ ᠲᠦᠪᠯᠡᠷᠡᠭᠦᠯᠦᠨ ᠴᠡᠭᠴᠡᠯᠡᠨ ᠵᠠᠰᠠᠵᠣ᠂ ᠭᠤᠶᠣ ᠰᠠᠶᠢᠬᠠᠨ ᠭᠠᠴᠠᠭ᠎ᠠ ᠲᠣᠰᠬᠤᠨ  ᠢ ᠪᠦᠲᠦᠬᠡᠨ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ  ᠤ ᠲᠠᠷᠢᠶᠠᠨ ᠭᠠᠵᠠᠷ  ᠤᠨ ᠣᠰᠣᠨ ᠠᠰᠢᠭᠯᠠᠯᠳᠠ᠂ ᠵᠠᠮ ᠬᠠᠷᠢᠯᠴᠠᠭ᠎ᠠ᠂ ᠴᠠᠬᠢᠯᠭᠠᠨ ᠲᠣᠣᠷ ᠴᠢᠮᠡᠭᠡ ᠬᠤᠯᠪᠤᠭ᠎ᠠ ᠵᠡᠷᠬᠡ ᠰᠠᠭᠤᠷᠢ ᠲᠦᠭᠦᠭᠡᠷᠣᠮᠵᠢ  ᠶᠢᠨ ᠪᠦᠲᠦᠬᠡᠨ ᠪᠠᠶᠢᠭᠤᠯᠣᠯᠳᠠ ᠶᠢ ᠨᠢᠭᠡᠳᠣᠯᠲᠠᠢ ᠲᠦᠯᠦᠪᠵᠢᠬᠦᠯᠦᠨ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ  ᠤ ᠨᠣᠷᠠᠬᠤ ᠠᠶᠣᠯ ᠲᠠᠢ ᠬᠠᠭᠤᠴᠢᠨ ᠬᠡᠷ ᠪᠠᠶᠢᠰᠢᠩ  ᠢ ᠦᠭᠡᠷᠡᠴᠢᠯᠡᠬᠦ ᠬᠦᠴᠦᠯᠡᠴᠠ ᠶᠢ ᠨᠡᠮᠡᠭᠳᠡᠬᠦᠯᠵᠤ᠂ ᠬᠦᠭᠵᠢᠬᠦᠯᠬᠦ ᠶᠢ ᠴᠠᠭᠠᠵᠠᠯᠠᠬᠤ ᠣᠷᠣᠨ  ᠤ ᠨᠡᠭᠦᠯᠬᠡᠨ ᠰᠢᠯᠵᠢᠭᠦᠯᠬᠦ ᠨᠦᠭᠦᠴᠡᠯ ᠪᠦᠷᠢᠯᠳᠦᠭᠡᠳᠦᠢ ᠮᠠᠯᠴᠢᠨ ᠲᠠᠷᠢᠶᠠᠴᠢᠳ  ᠤᠨ ᠣᠶᠢᠯᠡᠳᠪᠦᠷᠢᠯᠡᠯ ᠠᠮᠢᠳᠣᠷᠠᠯ ᠤᠨ ᠭᠦᠴᠢᠷᠳᠡᠯ  ᠢ ᠨᠠᠷᠢᠨ ᠬᠢᠨᠠᠮᠠᠭᠠᠢ ᠰᠤᠳᠤᠯᠤᠨ ᠰᠢᠢᠳᠪᠤᠷᠢᠯᠡᠨ᠎ᠠ᠃ ᠶᠠᠳᠠᠭᠤ ᠶᠢ ᠲᠡᠳᠬᠦᠬᠦ ᠶᠢ ᠬᠠᠷᠢᠯᠴᠠᠵᠣ ᠲᠠᠭᠠᠭᠠᠴᠢᠯᠠᠨ ᠲᠡᠳᠬᠦᠬᠦ ᠲᠣᠭᠳᠠᠴᠠ  ᠶᠢ ᠲᠡᠭᠦᠯᠳᠡᠷᠵᠢᠭᠦᠯᠵᠣ᠂ ᠮᠦᠩᠭᠦᠨ ᠭᠦᠢᠯᠬᠡᠬᠡᠨ ᠤ ᠶᠠᠳᠠᠭᠤ  ᠶᠢ ᠲᠡᠳᠬᠦᠬᠦ ᠭᠦᠴᠦᠯᠡᠴᠡ  ᠶᠢ ᠨᠡᠮᠡᠭᠳᠡᠭᠦᠯᠵᠣ᠂ ᠶᠠᠳᠠᠭᠤ  ᠶᠢ ᠲᠡᠳᠬᠦᠵᠣ ᠨᠡᠬᠡᠬᠡᠯᠳᠡ ᠬᠢᠬᠦ ᠲᠦᠷᠦᠯ ᠵᠣᠶᠢᠯ ᠪᠠ ᠪᠡᠯᠡ ᠮᠦᠩᠭᠦ ᠶᠢ ᠨᠢᠭᠡᠳᠬᠡᠵᠣ᠂ ᠨᠠᠷᠢᠯᠢᠭ ᠮᠦᠷᠳᠡᠬᠡᠨ ᠣᠨᠣᠪᠴᠢᠲᠠᠢ ᠪᠠᠷ ᠶᠠᠳᠠᠭᠤ ᠶᠢ ᠲᠡᠳᠬᠦᠬᠦ  ᠶᠢ ᠬᠡᠷᠡᠭᠵᠢᠭᠦᠯᠵᠣ᠂ 2.6 ᠲᠦᠮᠡᠨ ᠶᠠᠳᠠᠭᠤ ᠭᠦᠴᠢᠷᠳᠡᠯᠲᠠᠢ ᠬᠦᠮᠦᠨ ᠠᠮᠠ  ᠶᠢ ᠯᠠᠪᠳᠠᠭᠤᠨ ᠢᠶᠠᠷ ᠶᠠᠳᠠᠭᠤ  ᠠᠴᠠ ᠠᠩᠬᠢᠵᠢᠷᠠᠭᠤᠯᠬᠤ  ᠶᠢ ᠪᠡᠶᠡᠯᠡᠭᠦᠯᠦᠨ᠎ᠡ᠃     ᠠᠮᠢ ᠠᠬᠤᠢ  ᠶᠢᠨ ᠪᠣᠯᠪᠠᠰᠣᠨ  ᠤ ᠪᠠᠶᠢᠭᠤᠯᠣᠯᠳᠠ  ᠶᠢ ᠲᠦᠷᠭᠡᠳᠭᠡᠨ᠎ᠠ᠃ ᠮᠠᠯᠵᠢᠬᠤ ᠲᠠᠷᠢᠶᠠᠯᠠᠬᠤ ᠣᠷᠣᠨ  ᠤ ︽ᠭᠤᠷᠪᠠᠨ ᠣᠷᠣᠨ︾ ᠤ ᠬᠦᠭᠵᠢᠯᠳᠡ  ᠶᠢᠨ ᠲᠦᠯᠦᠪᠵᠢᠭᠦᠯᠬᠡ ᠪᠠ  ᠮᠠᠯ ᠪᠡᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠬᠦᠨ ᠮᠠᠯᠵᠢᠬᠤ᠂ ᠬᠡᠰᠡᠭ ᠬᠤᠪᠢᠶᠠᠨ ᠡᠭᠡᠯᠵᠢᠯᠡᠨ  ᠮᠠᠯᠵᠢᠬᠤ ᠲᠦᠷᠦ  ᠶᠢᠨ ᠪᠣᠳᠣᠯᠭ᠎ᠠ  ᠶᠢ ᠴᠢᠩᠭ᠎ᠠ ᠨᠠᠶᠢᠳᠠᠪᠦᠷᠢᠵᠢᠭᠤᠯᠵᠣ᠂ ᠣᠢ ᠮᠣᠳᠣ  ᠶᠢ ᠬᠠᠮᠢᠶᠠᠷᠣᠨ ᠬᠠᠮᠠᠭᠠᠯᠠᠬᠤ ᠪᠠ ᠣᠢ ᠰᠢᠭᠤᠢ᠂  ᠲᠠᠯ᠎ᠠ ᠨᠤᠳᠤᠭ  ᠤᠨ ᠭᠠᠯ  ᠢ ᠰᠡᠷᠭᠡᠶᠢᠯᠡᠬᠦ ᠠᠵᠢᠯ  ᠢ ᠴᠢᠩᠭᠠᠳᠬᠠᠵᠣ᠂ ᠠᠮᠢ ᠠᠬᠤᠢ ᠶᠢᠨ ᠪᠦᠲᠦᠬᠡᠨ ᠪᠠᠶᠢᠭᠤᠯᠣᠯᠳᠠ  ᠶᠢᠨ ᠦᠷ᠎ᠡ ᠪᠦᠲᠦᠬᠡᠯ ᠢ ᠪᠠᠳᠤᠳᠬᠠᠨ᠎ᠠ᠃ ᠪᠡᠬᠡᠵᠢᠩ ᠲᠢᠶᠠᠨᠵᠢᠨ ᠤ ᠰᠠᠯᠬᠢ ᠲᠣᠭᠤᠰᠣᠨ  ᠤ ᠢᠷᠡᠯᠳᠡ  ᠳᠤ ᠵᠠᠰᠠᠯᠳᠠ ᠬᠢᠬᠦ ᠬᠤᠶᠠᠳᠤᠭᠠᠷ ᠬᠤᠭᠤᠴᠠᠭ᠎ᠠ᠂ ᠠᠷᠪᠠᠨ ᠶᠡᠭᠡ ᠬᠦᠨᠳᠡᠢ  ᠳᠤ ᠶᠡᠷᠦᠩᠬᠡᠶᠢᠯᠡᠨ ᠵᠠᠰᠠᠯᠳᠠ ᠬᠢᠬᠦ ᠵᠡᠷᠬᠡ  ᠠᠮᠢ ᠠᠬᠤᠢ  ᠶᠢᠨ ᠭᠤᠣᠯᠳᠠᠯᠭ᠎ᠠ  ᠲᠠᠢ ᠪᠠᠷᠢᠯᠭ᠎ᠠ ᠶᠢ ᠰᠠᠶᠢᠳᠣᠷ ᠬᠡᠷᠡᠭᠵᠢᠭᠦᠯᠵᠣ᠂ ᠭᠤᠣᠯᠳᠠᠯᠭ᠎ᠠ ᠲᠠᠢ ᠣᠷᠣᠨ ᠪᠦᠰᠠ ᠶᠢᠨ ᠨᠣᠭᠤᠭᠠᠷᠠᠭᠤᠯᠣᠯᠳᠠ  ᠶᠢ ᠲᠦᠷᠬᠡᠳᠬᠡᠵᠣ᠂ 130 ᠲᠦᠮᠡᠨ ᠮᠣ᠋ ᠮᠤᠳᠤ ᠲᠠᠷᠢᠬᠤ᠂ 610 ᠲᠦᠮᠠᠨ ᠮᠤ᠋ ᠨᠤᠳᠤᠭ ᠪᠡᠯᠴᠢᠬᠡᠷ  ᠢ ᠪᠦᠳᠦᠭᠡᠨ ᠪᠠᠶᠢᠭᠤᠯᠬᠤ ᠪᠠ 180 ᠲᠦᠮᠡᠨ ᠮᠣ᠋ ᠶᠢᠨ ᠬᠦᠷᠤᠰᠤ ᠶᠢᠨ ᠢᠳᠡᠭᠳᠡᠯ  ᠳᠤ ᠵᠠᠰᠠᠯᠳᠠ ᠬᠢᠬᠦ   ᠶᠢ ᠪᠡᠶᠡᠯᠡᠬᠦᠯᠦᠨ᠎ᠠ᠃ ᠣᠯᠣᠰ  ᠤᠨ ᠣᠢ ᠰᠢᠭᠤᠢ ᠶᠢᠨ ᠬᠤᠳᠠ  ᠶᠢᠨ ᠪᠦᠲᠦᠬᠡᠨ ᠪᠠᠶᠢᠭᠤᠯᠣᠯᠳᠠ  ᠶᠢ ᠠᠬᠢᠭᠤᠯᠣᠨ᠎ᠠ᠃ ᠣᠰᠣᠨ  ᠤ  ᠰᠤᠷᠪᠤᠯᠵᠢ ᠶᠢᠨ ᠭᠠᠵᠠᠷ  ᠤᠨ ᠬᠠᠮᠠᠭᠠᠯᠠᠯᠳᠠ  ᠶᠢ ᠴᠢᠩᠭᠠᠳᠬᠠᠵᠣ᠂ ᠣᠰᠣᠨ  ᠤ  ᠰᠤᠷᠪᠤᠯᠵᠢ  ᠶᠢᠨ ᠬᠠᠩᠭᠠᠯᠭ᠎ᠠ ᠪᠠ ᠣᠣᠭᠤᠬᠤ ᠣᠰᠣᠨ  ᠤ ᠠᠶᠣᠯ ᠦᠬᠡᠢ  ᠶᠢ ᠪᠠᠳᠣᠯᠠᠨ᠎ᠠ᠃ ᠣᠯᠣᠰ  ᠤᠨ ᠣᠷᠴᠢᠨ ᠲᠣᠭᠤᠷᠢᠨ  ᠤ ᠬᠠᠮᠠᠭᠠᠯᠠᠯᠳᠠ  ᠶᠢᠨ ᠵᠢᠱᠢᠶᠡᠴᠢ ᠬᠤᠳᠠ  ᠶᠢ ᠡᠭᠦᠳᠦᠨ ᠪᠠᠶᠢᠭᠤᠯᠵᠣ᠂ ᠣᠷᠴᠢᠨ ᠲᠣᠭᠤᠷᠢᠨ  ᠤ ᠬᠠᠮᠠᠭᠠᠯᠠᠯᠳᠠ ᠶᠢᠨ ︽ᠭᠤᠷᠪᠠᠨ ᠵᠡᠷᠬᠡᠪᠡᠷ ᠪᠠᠶᠢᠬᠤ︾ ᠲᠦᠷᠢᠮ  ᠢ ᠴᠢᠩᠭ᠎ᠠ ᠬᠡᠷᠡᠭᠵᠢᠭᠦᠯᠵᠣ᠂ ᠬᠤᠳᠠ᠂ ᠬᠤᠰᠢᠭᠤ᠂ ᠬᠦᠷᠢᠶᠡᠯᠡᠩ ᠪᠠ ᠠᠵᠣ ᠠᠬᠤᠶᠢᠯᠠᠯ  ᠤᠨ ᠰᠦᠯᠵᠢᠶᠡᠨ ᠲᠡᠭᠡᠷ᠎ᠠ ᠬᠢᠨᠠᠨ ᠬᠠᠮᠢᠶᠠᠷᠬᠤ ᠰᠢᠰᠲ᠋ᠧᠮᠵᠢ ᠶᠢ ᠪᠦᠬᠦ ᠲᠠᠯ᠎ᠠ  ᠪᠠᠷ ᠪᠦᠷᠭᠦᠭᠦᠯᠬᠦ  ᠶᠢ ᠪᠡᠶᠡᠯᠡᠭᠦᠯᠦᠨ᠎ᠡ᠃ ᠦᠨᠳᠦᠰᠦᠨ ᠱᠠᠳᠣᠨ  ᠤ ᠣᠷᠴᠢᠨ ᠲᠣᠭᠤᠷᠢᠨ  ᠤ ᠬᠠᠮᠠᠭᠠᠯᠠᠯᠳᠠ  ᠶᠢᠨ ᠬᠠᠣᠯᠢ ᠬᠡᠷᠡᠭᠵᠢᠬᠦᠯᠬᠦ ᠭᠦᠴᠦᠨ  ᠢ  ᠨᠡᠮᠡᠭᠳᠡᠬᠦᠯᠵᠤ᠂ ᠣᠷᠴᠢᠨ ᠲᠣᠭᠤᠷᠢᠨ  ᠤ ᠬᠠᠮᠠᠭᠠᠯᠠᠯᠳᠠ ᠶᠢᠨ ᠬᠠᠣᠯᠢ ᠬᠡᠷᠡᠭᠵᠢᠬᠦᠯᠬᠦ ᠬᠤᠯᠪᠤᠭᠠᠳᠤ ᠬᠤᠷᠠᠯ ᠪᠠ ᠨᠡᠶᠢᠬᠡᠮ  ᠠᠴᠠ ᠬᠢᠨᠠᠯᠳᠠ ᠲᠠᠯᠪᠢᠬᠤ ᠲᠦᠷᠢᠮ  ᠢ ᠪᠠᠶᠢᠭᠤᠯᠣᠨ᠎ᠠ᠃ ᠠᠭᠠᠷ ᠮᠡᠨᠳᠡᠯ ᠤᠨ ᠪᠣᠬᠢᠷᠳᠣᠯ  ᠢ ᠰᠡᠷᠭᠡᠶᠢᠯᠡᠨ ᠵᠠᠰᠠᠬᠤ ᠪᠠ ᠭᠤᠣᠯ ᠪᠣᠬᠢᠷᠳᠣᠯ ᠪᠣᠳᠠᠰ  ᠤᠨ ᠭᠠᠳᠠᠭᠰᠢᠯᠠᠭᠤᠯᠣᠯ  ᠢ ᠪᠠᠭᠠᠰᠬᠠᠬᠤ ᠠᠷᠭ᠎ᠠ ᠬᠡᠮᠵᠢᠶ᠎ᠡ  ᠶᠢ ᠨᠠᠶᠢᠳᠠᠪᠦᠷᠢᠵᠢᠭᠤᠯᠵᠣ᠂ ᠬᠠᠶᠠᠭᠳᠠᠯ ᠣᠰᠣ᠂ ᠬᠡᠢ᠂ ᠰᠢᠭᠠᠷᠣ  ᠶᠢ ᠡᠷᠬᠢᠯᠳᠤᠬᠦᠯᠦᠨ ᠠᠰᠢᠭᠯᠠᠵᠣ᠂ ᠵᠢᠯ  ᠤᠨ ᠲᠣᠳᠣᠷ᠎ᠠ ᠠᠯᠢᠪᠠ ᠬᠢᠮᠢ  ᠶᠢᠨ ᠠᠵᠣ ᠣᠶᠢᠯᠡᠳᠪᠦᠷᠢ  ᠶᠢᠨ ᠲᠦᠷᠦᠯ  ᠤᠨ ᠬᠦᠷᠢᠶᠡᠯᠡᠩ  ᠳᠤ ᠪᠤᠵᠠᠷ ᠣᠰᠣ ᠪᠠ ᠬᠠᠶᠠᠭᠳᠠᠯ ᠰᠢᠭᠠᠷᠣ  ᠶᠢ ᠰᠢᠢᠳᠪᠦᠷᠢᠯᠡᠬᠦ ᠲᠦᠭᠦᠭᠡᠷᠣᠮᠵᠢ  ᠶᠢ ᠪᠠᠶᠢᠭᠤᠯᠣᠨ ᠲᠠᠭᠤᠰᠬᠠᠨ᠎ᠠ᠃ ᠭᠠᠵᠠᠷ ᠰᠢᠷᠣᠢ  ᠶᠢ ᠲᠠᠬᠢᠨ ᠬᠠᠭᠠᠯᠪᠣᠷᠢᠯᠠᠬᠤ  ᠪᠠᠷ ᠭᠤᠣᠯᠳᠠᠯᠭ᠎ᠠ ᠪᠣᠯᠭᠠᠭᠰᠠᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ  ᠢ ᠶᠡᠷᠦᠩᠬᠡᠶᠢᠯᠡᠨ ᠵᠠᠰᠠᠬᠤ  ᠶᠢ ᠲᠣᠪᠣᠶᠢᠯᠭᠠᠨ ᠰᠠᠶᠢᠳᠣᠷ ᠠᠳᠬᠤᠵᠣ᠂ ᠡᠶ᠎ᠡ ᠵᠣᠬᠢᠴᠠᠯᠲᠠᠢ ᠠᠭᠤᠷᠬᠠᠢ ᠶᠢᠨ ᠣᠷᠣᠨ  ᠢ ᠪᠦᠲᠦᠬᠡᠨ ᠪᠠᠶᠢᠭᠤᠯᠣᠨ᠎ᠠ᠃      ᠰᠠᠭᠤᠷᠢ ᠲᠦᠭᠦᠭᠡᠷᠣᠮᠵᠢ  ᠶᠢᠨ ᠲᠠᠭᠠᠭᠠᠴᠠ ᠶᠢᠨ ᠴᠢᠳᠠᠪᠤᠷᠢ  ᠶᠢ ᠲᠡᠭᠡᠭᠰᠢᠯᠡᠭᠦᠯᠦᠨ᠎ᠡ᠃ ᠷᠦᠡᠭ ᠴᠸᠡᠭ ᠠᠴᠠ ᠦᠬᠠᠢ ᠬᠦᠷᠬᠦ ᠲᠡᠭᠡᠳᠤ ᠬᠤᠷᠳᠤᠴᠠᠳᠤ ᠵᠠᠰᠠᠮᠠᠯ ᠵᠠᠮ  ᠤᠨ ᠴᠢ ᠫᠠᠨ ᠵᠢᠩ ᠠᠴᠠ ᠦᠬᠠᠢ ᠬᠦᠷᠬᠦ᠂ ᠬᠤᠨᠴᠢᠠᠭᠤᠤᠯ  ᠤᠨ ᠨᠡᠬᠦᠷᠡᠰᠤᠨ ᠠᠭᠤᠷᠬᠠᠢ ᠠᠴᠠ ᠬᠠᠨᠭ᠍ᠬᠢᠨ ᠬᠤᠰᠢᠭᠤᠨ  ᠤ ᠶᠢᠨ ᠲᠠᠢ ᠬᠢᠮᠢ ᠶᠢᠨ ᠠᠵᠤ ᠦᠢᠯᠡᠳᠪᠤᠷᠢ ᠶᠢᠨ ᠬᠦᠷᠢᠶᠠᠯᠡᠩ ᠬᠦᠷᠬᠦ᠂ ᠠᠮᠠᠨᠴᠢᠷᠭ᠎ᠠ ᠠᠴᠠ ᠰᠢᠶᠤᠤ ᠬᠤᠤ ᠲᠤ ᠬᠦᠷᠬᠦ᠂ ᠲᠦᠡᠭᠱᠢ ᠠᠴᠠ ᠵᠢᠩ ᠪᠢᠶᠠᠨ ᠬᠦᠷᠬᠦ ᠵᠡᠷᠭᠡ ᠵᠠᠰᠠᠮᠠᠯ ᠵᠠᠮ ᠪᠠ ᠬᠦᠬᠡᠬᠤᠳᠠ ᠠᠴᠠ ᠵᠡᠭᠦᠨᠭᠠᠷ ᠣᠷᠳᠣᠰ ᠬᠦᠷᠬᠦ᠂ ᠵᠡᠭᠦᠨᠭᠠᠷ ᠠᠴᠠ  ᠱᠦᠸᠧᠵᠸᠤ ᠬᠦᠷᠬᠦ᠂ ᠮᠧᠩ ᠰᠢ  ᠠᠴᠠ ᠲᠣᠮᠳᠠᠳᠣ ᠣᠷᠣᠨ ᠬᠦᠷᠬᠦ ᠵᠡᠷᠬᠡ ᠭᠤᠣᠯᠳᠠᠯᠭ᠎ᠠ ᠲᠠᠢ ᠲᠡᠮᠣᠷ ᠵᠠᠮ  ᠤᠨ ᠲᠦᠷᠦᠯ ᠵᠣᠶᠢᠯ  ᠤᠨ ᠪᠦᠲᠦᠬᠡᠨ ᠪᠠᠶᠢᠭᠤᠯᠣᠯᠳᠠ ᠶᠢ ᠠᠬᠢᠭᠤᠯᠵᠣ᠂ ᠲᠡᠬᠡᠳᠣ ᠵᠡᠷᠬᠡ ᠲᠡᠰ  ᠤᠨ ᠵᠠᠰᠠᠮᠠᠯ ᠵᠠᠮ  ᠢ ᠰᠢᠨ᠎ᠠ ᠪᠠᠷ 325 ᠺᠢᠯᠣᠮᠧᠲᠷ ᠨᠡᠮᠡᠭᠳᠡᠬᠦᠯᠵᠤ᠂ 500 ᠺᠢᠯᠣᠮᠧᠲᠷ  ᠤᠨ  ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ  ᠢ ᠰᠢᠨ᠎ᠠ ᠪᠠᠷ ᠪᠤᠶᠤ ᠦᠭᠡᠷᠡᠴᠢᠯᠠᠨ ᠪᠠᠶᠢᠭᠤᠯᠵᠤ᠂ ᠲᠡᠮᠣᠷ ᠵᠠᠮ ᠤᠨ ᠠᠶᠠᠯᠠᠯ ᠤᠨ ᠵᠠᠢ ᠶᠢ ᠰᠢᠨ᠎ᠠ ᠪᠠᠷ 200 ᠺᠢᠯᠣᠮᠧᠲᠷ ᠨᠡᠮᠡᠭᠳᠡᠬᠦᠯᠦᠨ᠎ᠠ᠃ ᠨᠢᠰᠬᠡᠯ  ᠤᠨ ᠪᠠᠭᠤᠳᠠᠯ  ᠤᠨ ᠡᠷᠬᠢᠯᠳᠡ ᠡᠵᠡᠩᠨᠡᠯᠳᠡ ᠶᠢᠨ ᠬᠠᠮᠢᠶᠠᠷᠣᠯᠳᠠ  ᠶᠢᠨ ᠬᠢᠷᠢ ᠲᠦᠪᠰᠢᠨ ᠪᠠ ᠣᠶᠢᠯᠡᠴᠢᠯᠡᠬᠡᠨ  ᠤ ᠶᠠᠰᠣ ᠴᠢᠨᠠᠷ  ᠢ ᠲᠡᠬᠡᠭᠰᠢᠯᠡᠭᠦᠯᠵᠣ᠂ ᠣᠯᠣᠰ  ᠤᠨ  ᠲᠤᠳᠤᠭᠠᠳᠤ ᠶᠢᠨ ᠠᠶᠠᠯᠠᠯ  ᠤᠨ ᠱᠤᠭᠤᠮ ᠡᠬᠡᠯᠵᠢᠨ ᠨᠢᠰᠭᠡᠯ  ᠢ ᠰᠢᠯᠢᠳᠡᠭᠵᠢᠭᠦᠯᠵᠣ᠂ ᠣᠯᠠᠨ ᠣᠯᠣᠰ  ᠤᠨ ᠠᠶᠠᠯᠠᠯ  ᠤᠨ ᠱᠤᠭᠤᠮ  ᠢ ᠵᠣᠬᠢᠰᠲᠠᠢ ᠨᠠᠪᠳᠡᠷᠡᠬᠦᠯᠵᠤ᠂ ᠠᠵᠢᠯ  ᠤᠨ ᠬᠡᠷᠡᠭᠯᠡᠭᠡᠨ  ᠤ ᠨᠢᠰᠭᠡᠯ  ᠤᠨ ᠪᠠᠭᠤᠳᠠᠯ  ᠤᠨ ᠡᠮᠤᠨ᠎ᠠ ᠬᠤᠭᠤᠴᠠᠭᠠᠨ  ᠤ ᠠᠵᠢᠯ  ᠢ ᠢᠳᠠᠪᠬᠢᠳᠠᠢ ᠰᠠᠶᠢᠳᠤᠷ ᠬᠢᠨ᠎ᠠ᠃ ᠭᠤᠣᠯᠳᠠᠯᠭ᠎ᠠ ᠲᠠᠢ ᠬᠤᠳᠠ ᠪᠠᠯᠭᠠᠰᠣ᠂ ᠬᠦᠷᠢᠶᠡᠯᠡᠩ  ᠤᠨ ᠣᠰᠣ ᠬᠠᠩᠭᠠᠬᠤ ᠪᠠᠷᠢᠯᠭ᠎ᠠ  ᠶᠢᠨ ᠪᠦᠲᠦᠬᠡᠨ ᠪᠠᠶᠢᠭᠤᠯᠣᠯᠳᠠ ᠶᠢ ᠲᠦᠷᠬᠡᠳᠬᠡᠵᠣ᠂ ᠣᠰᠣᠨ  ᠤ ᠡᠷᠬᠡ  ᠶᠢ ᠰᠣᠯᠢᠯᠴᠠᠬᠤ ᠬᠤᠶᠠᠳᠣᠭᠠᠷ ᠬᠤᠭᠤᠴᠠᠭᠠᠨ  ᠤ ᠪᠠᠷᠢᠯᠭ᠎ᠠ  ᠶᠢ ᠪᠡᠶᠡᠯᠡᠭᠦᠯᠵᠣ᠂ ᠣᠰᠣ ᠬᠠᠩᠭᠠᠬᠤ ᠴᠢᠳᠠᠪᠦᠷᠢ ᠶᠢ ᠰᠢᠨ᠎ᠠ ᠪᠠᠷ 6000 ᠲᠦᠮᠡᠨ ᠪᠣᠰᠤᠭ᠎ᠠ ᠲᠦᠷᠪᠡᠯᠵᠢᠨ ᠮᠧᠲᠷ ᠨᠡᠮᠡᠭᠳᠡᠬᠦᠯᠦᠨ᠎ᠠ᠃ ᠴᠠᠬᠢᠯᠭᠠᠨ ᠲᠣᠣᠷ  ᠢ ᠦᠬᠡᠷᠡᠴᠢᠯᠡᠨ ᠲᠡᠰ ᠲᠡᠪᠰᠢᠭᠦᠯᠬᠦ ᠠᠯᠬᠤᠴᠠ  ᠶᠢ ᠲᠦᠷᠬᠡᠳᠬᠡᠵᠣ᠂ 110 ᠺᠢᠯᠣᠸᠠᠲ ᠤᠨ ᠴᠠᠬᠢᠯᠭᠠᠨ ᠬᠤᠪᠢᠰᠬᠠᠨ ᠲᠠᠮᠵᠢᠭᠤᠯᠬᠤ ᠤᠳᠠᠰᠤ ᠶᠢ ᠰᠢᠨ᠎ᠡ ᠪᠠᠷ 720 ᠺᠢᠯᠣᠮᠧᠲᠷ᠂ 220 ᠺᠢᠯᠣᠸᠠᠲ  ᠤᠨ ᠴᠠᠬᠢᠯᠭᠠᠨ ᠬᠤᠪᠢᠰᠬᠠᠨ  ᠲᠠᠮᠵᠢᠭᠤᠯᠬᠤ  ᠤᠳᠠᠰᠤ ᠶᠢ ᠰᠢᠨ᠎ᠠ ᠪᠠᠷ 630 ᠺᠢᠯᠣᠮᠧᠲᠷ ᠪᠠᠶᠢᠭᠤᠯᠤᠨ᠎ᠠ᠃      ︵ᠭᠤᠷᠪᠠ︶ ᠠᠷᠠᠳ  ᠤᠨ ᠠᠮᠢᠳᠣᠷᠠᠯ  ᠢ ᠭᠦᠴᠦᠯᠡᠨ ᠪᠠᠳᠣᠯᠠᠬᠤ ᠪᠠ ᠰᠠᠶᠢᠵᠢᠷᠠᠭᠤᠯᠵᠣ᠂ ᠨᠡᠶᠢᠬᠡᠮ  ᠤᠨ ᠠᠵᠢᠯ ᠣᠶᠢᠯᠡᠰ  ᠤᠨ ᠬᠦᠭᠵᠢᠯᠳᠡ  ᠶᠢ ᠨᠢᠭᠡᠳᠣᠯᠲᠠᠢ ᠲᠦᠯᠦᠪᠵᠢᠬᠦᠯᠦᠨ ᠠᠬᠢᠭᠤᠯᠵᠣ᠂ ᠠᠷᠠᠳ ᠲᠦᠮᠡᠨ ᠤ ᠪᠣᠶᠠᠨ ᠬᠡᠰᠢᠭ  ᠢ ᠲᠠᠰᠣᠷᠠᠯᠳᠠ ᠦᠬᠡᠢ ᠨᠡᠮᠡᠭᠳᠡᠭᠦᠯᠦᠨ᠎ᠡ᠃      ᠠᠷᠠᠳ  ᠤᠨ ᠠᠮᠢᠳᠣᠷᠠᠯ  ᠢ ᠰᠠᠶᠢᠵᠢᠷᠠᠭᠤᠯᠬᠤ ᠭᠦᠴᠦᠯᠡᠴᠡ  ᠶᠢ ᠦᠷᠬᠦᠯᠵᠢᠯᠠᠨ ᠨᠡᠮᠡᠭᠳᠡᠭᠦᠯᠦᠨ᠎ᠡ᠃ ᠶᠠᠳᠠᠭᠤ ᠶᠢ ᠲᠡᠳᠬᠦᠨ ᠪᠠᠬᠢᠯᠡᠯᠳᠠ ᠲᠠᠭᠠᠷᠢᠬᠤ᠂ ᠦᠢᠯᠡᠰ ᠪᠤᠰᠬᠠᠨ ᠠᠵᠢᠯ ᠤᠯᠭᠤᠬᠤ᠂ᠠᠷᠠᠳ ᠲᠦᠮᠠᠨ  ᠤ ᠠᠮᠤᠭᠤᠯᠠᠩ ᠤᠷᠤᠨ ᠰᠠᠭᠤᠴᠠ᠂ ᠠᠮᠤᠭᠤᠯᠠᠩ  ᠢ ᠡᠬᠦᠳᠤᠨ ᠪᠠᠶᠢᠭᠤᠯᠬᠤ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠣᠳᠣ ᠬᠡᠷᠡᠭᠵᠢᠭᠦᠯᠵᠣ ᠪᠠᠶᠢᠭ᠎ᠠ ᠠᠷᠠᠳ  ᠢ ᠬᠠᠷᠠᠭᠠᠯᠵᠠᠬᠤ ᠲᠦᠷᠦ ᠶᠢᠨ ᠪᠣᠳᠣᠯᠭ᠎ᠠ  ᠶᠢ ᠴᠢᠨᠠᠭᠰᠢᠳᠠ ᠲᠡᠬᠦᠯᠳᠡᠷᠵᠢᠬᠦᠯᠦᠨ᠂ ᠠᠷᠠᠳ  ᠤᠨ ᠠᠮᠢᠳᠤᠷᠠᠯ  ᠤᠨ ᠦᠷ᠎ᠠ ᠪᠦᠳᠦᠭᠡᠯ  ᠢ ᠪᠠᠳᠤᠳᠬᠠᠨ᠎ᠠ᠃ ᠡᠨᠡ ᠵᠢᠯ  ᠤᠨ ᠠᠷᠠᠳ  ᠤᠨ ᠠᠮᠢᠳᠤᠷᠠᠯ  ᠤᠨ ᠠᠵᠢᠯ ᠨᠢ ︽ᠭᠠᠴᠢᠭᠳᠠᠯ ᠳᠤ ᠲᠤᠰᠠᠯᠠᠬᠤ︾ ᠶᠢ ᠪᠠᠷᠢᠮᠳᠠᠯᠠᠵᠤ᠂ ᠪᠠᠭᠤᠷᠠᠶᠢᠴᠤᠳ ᠪᠠ ᠮᠠᠯᠵᠢᠬᠤ ᠲᠠᠷᠢᠶᠠᠯᠠᠬᠤ ᠣᠷᠣᠨ ᠲᠡᠰᠢ ᠭᠤᠣᠯᠳᠠᠯᠭ᠎ᠠ ᠲᠠᠢ ᠬᠡᠯᠪᠡᠶᠢᠯᠭᠡᠵᠤ᠂ ᠠᠷᠪᠠᠨ ᠵᠦᠢᠯ  ᠤᠨ ᠠᠷᠠᠳ  ᠢ ᠬᠠᠷᠠᠭᠠᠯᠵᠠᠬᠤ ᠪᠣᠳᠠᠳᠣ ᠶᠠᠪᠤᠳᠠᠯ  ᠢ ᠲᠦᠪᠯᠡᠷᠡᠭᠦᠯᠦᠨ ᠰᠠᠶᠢᠳᠣᠷ ᠬᠢᠨ᠎ᠡ᠃ ᠨᠢᠭᠡ  ᠳᠤ  ᠬᠤᠳᠠ ᠪᠠᠯᠭᠠᠰᠣᠨ  ᠤ 3.1 ᠲᠦᠮᠡᠨ ᠬᠦᠮᠦᠨ  ᠳᠤ ᠰᠢᠨ᠎ᠠ ᠪᠠᠷ ᠠᠵᠢᠯ ᠤᠯᠭᠤᠨ᠎ᠠ᠂ ᠡᠭᠦᠨ  ᠳᠤ ᠣᠷᠳᠣᠰ  ᠤᠨ ᠡᠷᠦᠬᠡ ᠠᠮᠠ ᠲᠠᠢ ᠲᠡᠬᠡᠳᠣ ᠰᠣᠷᠭᠠᠭᠤᠯᠢ  ᠲᠡᠬᠦᠰᠦᠭᠰᠡᠨ ᠲᠦᠮᠡᠨ  ᠤᠶᠤᠳᠠᠨ  ᠢ ᠲᠤᠬᠢᠷᠠᠭᠤᠯᠵᠤ᠂ ᠬᠤᠳᠠ ᠪᠠᠯᠭᠠᠰᠣᠨ  ᠤ ᠲᠡᠩᠰᠠᠯᠠᠭᠤᠯᠤᠭᠰᠠᠨ ᠠᠵᠢᠯ  ᠠᠯᠳᠠᠯᠳᠠ ᠶᠢᠨ ᠨᠣᠷᠮ᠎ᠠ  ᠶᠢ 3.5% ᠶᠢᠨ ᠲᠣᠳᠣᠷ᠎ᠠ ᠬᠢᠵᠠᠭᠠᠷᠯᠠᠨ᠎ᠠ︔ ᠪᠠᠭ᠎ᠠ ᠲᠣᠭᠠᠨ  ᠤ ᠵᠢᠬᠡᠯᠡᠯᠬᠡ ᠶᠢ 2.5 ᠳ᠋ᠦᠩᠰᠢᠭᠤᠷ ᠲᠦᠭᠦᠷᠢᠭ ᠲᠠᠯᠪᠢᠵᠤ᠂ 6000 ᠬᠦᠮᠦᠨ  ᠢ  ᠲᠠᠮᠵᠢᠨ ᠪᠡᠶ᠎ᠡ  ᠪᠠᠨ ᠲᠠᠭᠠᠭᠠᠨ ᠣᠶᠢᠯᠡᠰ ᠪᠣᠰᠬᠠᠨ᠎ᠠ︔ ᠬᠤᠳᠠ  ᠶᠢᠨ ᠤᠯᠠᠨ ᠨᠡᠶᠢᠳᠡ  ᠶᠢᠨ ᠪᠣᠳᠠᠳᠣ ᠪᠣᠯᠪᠠᠰᠣᠷᠠᠯ  ᠤᠨ ᠰᠠᠭᠤᠷᠢᠨ ᠭᠠᠵᠠᠷ  ᠢ ᠪᠦᠲᠦᠬᠡᠨ ᠪᠠᠶᠢᠭᠤᠯᠣᠨ᠎ᠠ︔ 3.2 ᠲᠦᠮᠠᠨ ᠬᠦᠮᠦᠨ ᠤᠳᠠᠭ᠎ᠠ ᠶᠢᠨ ᠠᠵᠢᠯ ᠤᠯᠭᠤᠬᠤ ᠪᠣᠯᠪᠠᠰᠣᠷᠠᠯ  ᠢ ᠪᠡᠶᠡᠯᠡᠬᠦᠯᠦᠨ᠎ᠠ︔ ᠣᠷᠳᠣᠰ ᠬᠤᠳᠠ  ᠶᠢᠨ ᠬᠡᠷ ᠤᠨ ᠶᠠᠪᠣᠳᠠᠯ  ᠤᠨ ᠣᠶᠢᠯᠡᠴᠢᠯᠡᠬᠡᠨ  ᠤ ᠰᠦᠯᠵᠢᠶ᠎ᠡ ᠶᠢ  ᠨᠠᠪᠳᠡᠷᠡᠬᠦᠯᠵᠤ᠂ 1500 ᠨᠠᠷ᠎ᠠ ᠬᠡᠷ  ᠤᠨ ᠶᠠᠪᠤᠳᠠᠯ  ᠤᠨ ᠦᠢᠯᠡᠴᠢᠯᠡᠭᠡᠨ  ᠤ ᠠᠵᠢᠯᠴᠢᠨ  ᠢ ᠦᠨ᠎ᠡ ᠲᠦᠯᠦᠪᠣᠷᠢ ᠦᠬᠡᠢ ᠪᠠᠷ ᠪᠤᠯᠪᠠᠰᠤᠷᠠᠭᠤᠯᠤᠨ᠎ᠠ︔ ᠮᠠᠯᠴᠢᠨ ᠲᠠᠷᠢᠶᠠᠴᠢᠨ ᠬᠦᠯᠦᠰᠤᠨ ᠠᠵᠢᠯᠴᠢᠳ  ᠤᠨ ᠡᠷᠬᠡ ᠠᠰᠢᠭ  ᠢ ᠭᠦᠢᠴᠡᠳ ᠪᠠᠳᠣᠯᠠᠨ᠎ᠠ︔ ᠣᠶᠣᠳᠠᠳ ᠤᠨ ᠣᠶᠢᠯᠡᠰ ᠪᠣᠰᠬᠠᠬᠤ ᠬᠦᠷᠢᠶᠡᠯᠡᠩ  ᠢ ᠪᠦᠲᠦᠬᠡᠨ ᠪᠠᠶᠢᠭᠤᠯᠣᠨ᠎ᠠ᠃ ᠬᠤᠶᠠᠷ   ᠲᠤ ᠰᠢᠨ᠎ᠡ ᠪᠠᠷ ᠪᠠᠶᠢᠭᠤᠯᠬᠤ᠂ ᠪᠣᠴᠠᠭᠠᠨ ᠬᠤᠳᠠᠯᠳᠣᠨ ᠠᠪᠬᠤ᠂ ᠦᠬᠡᠷᠡᠴᠢᠯᠡᠬᠦ ᠵᠡᠷᠬᠡ ᠬᠡᠯᠪᠡᠷᠢ  ᠶᠢ ᠠᠪᠴᠣ᠂ 11 ᠬᠡᠣᠬᠡᠳ ᠤᠨ  ᠴᠡᠴᠡᠷᠯᠢᠭ  ᠢ ᠰᠢᠨ᠎ᠠ ᠪᠠᠷ ᠨᠡᠮᠡᠭᠳᠡᠬᠦᠯᠵᠤ᠂ ᠠᠯᠪᠠᠨ ᠠᠴᠠ  ᠡᠷᠬᠢᠯᠡᠭᠰᠡᠨ  ᠬᠡᠣᠬᠡᠳ  ᠤᠨ  ᠴᠡᠴᠡᠷᠯᠢᠭ  ᠤᠨ ︽ᠴᠡᠴᠡᠷᠯᠢᠭ  ᠲᠤ ᠣᠷᠣᠬᠤ ᠳᠤ ᠭᠦᠴᠢᠷᠲᠠᠢ ᠪᠠᠶᠢᠬᠤ︾ ᠠᠰᠠᠭᠤᠳᠠᠯ  ᠢ ᠲᠦᠪᠯᠡᠷᠡᠭᠦᠯᠦᠨ ᠰᠢᠢᠳᠪᠦᠷᠢᠯᠡᠨ᠎ᠡ᠃ ᠭᠤᠷᠪᠠ  ᠳᠤ ᠮᠠᠯᠵᠢᠬᠤ ᠲᠠᠷᠢᠶᠠᠯᠠᠬᠤ ᠣᠷᠣᠨ  ᠤ ᠲᠦᠮᠠᠨ ᠡᠷᠦᠭᠡ ᠶᠢᠨ ᠨᠣᠷᠠᠬᠤ ᠠᠶᠣᠯ ᠲᠠᠢ ᠬᠠᠭᠤᠴᠢᠨ ᠬᠡᠷ ᠪᠠᠶᠢᠰᠢᠩ ᠢ ᠦᠭᠡᠷᠡᠴᠢᠯᠠᠨ᠎ᠠ᠂ ᠡᠭᠦᠨ  ᠳᠤ ᠬᠠᠳᠣᠨ ᠭᠤᠣᠯ ᠲᠠᠭᠠᠣ ᠨᠡᠪᠴᠢᠬᠦ ᠣᠷᠣᠨ  ᠤ 2800 ᠡᠷᠦᠬᠡ ᠶᠢᠨ ᠨᠤᠷᠠᠬᠤ ᠠᠶᠤᠯ ᠲᠠᠢ ᠬᠡᠷ ᠪᠠᠶᠢᠰᠢᠩ  ᠪᠠᠭᠳᠠᠵᠤ ᠪᠠᠶᠢᠨ᠎ᠠ︔ ᠬᠤᠳᠠ  ᠶᠢᠨ ᠪᠣᠷᠣ ᠬᠡᠷ ᠤᠨ ᠲᠤᠭᠤᠷᠢᠭ ᠤᠨ 8000 ᠡᠷᠦᠬᠡ ᠶᠢ ᠦᠭᠡᠷᠡᠴᠢᠯᠠᠨ᠎ᠠ᠃ ᠲᠦᠷᠪᠡ  ᠳᠤ  3.5 ᠲᠦᠮᠡᠨ ᠬᠦᠮᠦᠨ  ᠤ ᠣᠣᠭᠤᠬᠤ ᠤᠰᠤᠨ ᠤ  ᠠᠶᠣᠯ ᠦᠬᠡᠢ ᠶᠢᠨ ᠠᠰᠠᠭᠤᠳᠠᠯ  ᠢ ᠰᠢᠢᠳᠪᠦᠷᠢᠯᠡᠨ᠎ᠡ᠃ ᠲᠠᠪᠤ  ᠳᠤ ᠨᠡᠶᠢᠳᠡ  ᠶᠢᠨ ᠵᠠᠮ ᠬᠠᠷᠢᠯᠴᠠᠭᠠᠨ  ᠤ ᠱᠣᠭᠤᠮ ᠪᠠ ᠦᠷᠳᠡᠭᠡ ᠴᠡᠭ  ᠤᠨ ᠲᠣᠬᠢᠷᠠᠭᠤᠯᠣᠯᠳᠠ  ᠶᠢ ᠰᠢᠯᠢᠳᠡᠭᠵᠢᠭᠦᠯᠵᠣ᠂ ᠭᠤᠣᠯᠳᠠᠯᠭᠠᠳᠣ ᠬᠤᠳᠠ ᠲᠣᠭᠤᠷᠢᠭ  ᠤᠨ ᠨᠡᠶᠢᠳᠡ  ᠶᠢᠨ ᠵᠠᠮ ᠬᠠᠷᠢᠯᠴᠠᠭᠠᠨ  ᠤ ᠨᠢᠭᠡ ᠴᠤᠭᠴᠠᠵᠢᠭᠰᠠᠨ ᠡᠷᠬᠢᠯᠳᠡ ᠡᠵᠡᠩᠨᠡᠯᠳᠡ  ᠶᠢ ᠪᠡᠶᠡᠯᠡᠭᠦᠯᠦᠨ᠎ᠡ᠃ ᠵᠢᠷᠭᠤᠭ᠎ᠠ  ᠳᠤ ᠡᠮᠨᠡᠯᠬᠡ ᠶᠢᠨ ᠲᠠᠭᠠᠳᠬᠠᠯ  ᠳᠤ ᠣᠷᠣᠭᠰᠠᠨ ᠡᠪᠡᠳᠴᠢᠳᠠᠳ ᠪᠦᠬᠦ ᠬᠤᠳᠠ ᠶᠢᠨ ᠲᠣᠭᠳᠠᠭᠰᠠᠨ ᠡᠮᠨᠡᠯᠬᠡ  ᠶᠢᠨ ᠪᠠᠶᠢᠭᠤᠯᠣᠮᠵᠢ  ᠳᠤ ᠡᠮᠨᠡᠭᠦᠯᠬᠦ ᠳᠤ ᠡᠮᠨᠡᠯᠬᠡ ᠶᠢᠨ ᠲᠠᠭᠠᠳᠬᠠᠯ  ᠤᠨ ᠵᠠᠷᠣᠳᠠᠯ  ᠢ ᠴᠠᠭ ᠲᠣᠬᠠᠢ ᠳᠤᠨᠢ ᠲᠠᠶᠢᠯᠬᠤ  ᠶᠢ ᠪᠡᠶᠡᠯᠡᠭᠦᠯᠦᠨ᠎ᠡ᠃ ᠲᠣᠯᠤᠭ᠎ᠠ ᠳᠤ ᠣᠯᠣᠰ ᠪᠠ ᠦᠪᠡᠷᠳᠡᠬᠡᠨ ᠵᠠᠰᠠᠬᠤ ᠣᠷᠣᠨ  ᠤ ᠪᠠᠷᠢᠮᠵᠢᠶ᠎ᠠ  ᠶᠢ ᠲᠡᠭᠡᠭᠰᠢᠯᠡᠭᠦᠯᠬᠦ ᠲᠦᠷᠦ  ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠲᠡᠬᠡᠷ᠎ᠡ᠂  ᠭᠠᠭᠴᠠ ᠬᠡᠣᠬᠡᠳ ᠨᠢ ᠰᠢᠷᠬᠠᠳᠣᠨ ᠵᠡᠮᠳᠡᠭ ᠪᠣᠯᠣᠭᠰᠠᠨ᠂ ᠦᠭᠦᠭᠰᠡᠨ ᠬᠡᠷ ᠪᠦᠯᠢ ᠶᠢ ᠲᠡᠳᠭᠦᠨ ᠲᠣᠰᠠᠯᠠᠬᠤ ᠪᠠᠷᠢᠮᠵᠢᠶ᠎ᠠ  ᠶᠢ ᠬᠦᠮᠦᠨ ᠪᠦᠷᠢ ᠰᠠᠷ᠎ᠠ ᠪᠣᠯᠭᠠᠨ100 ᠲᠡᠭᠡᠭᠰᠢᠯᠡᠭᠦᠯᠦᠨ᠎ᠡ︔ ᠶᠠᠳᠠᠭᠤ ᠭᠦᠴᠢᠷᠳᠡᠯᠲᠠᠢ ᠡᠮᠡᠭᠳᠡᠶᠢᠴᠣᠳ ᠤᠨ ᠬᠦᠬᠦᠨ ᠪᠣᠯᠴᠢᠷᠬᠠᠢ ᠶᠢᠨ ᠦᠮᠡᠨ᠂ ᠰᠠᠪᠠ  ᠶᠢᠨ ᠬᠦᠵᠦᠭᠦᠣ ᠶᠢᠨ ᠦᠮᠡᠨ  ᠤ ᠡᠪᠡᠳᠴᠢᠳᠡᠳ  ᠲᠤ ᠨᠢᠭᠡᠯᠠ ᠤᠳᠠᠭ᠎ᠠ   ᠳᠤ ᠲᠦᠮᠡᠨ ᠲᠦᠭᠦᠷᠢᠭ  ᠤᠨ ᠠᠪᠣᠷᠠᠨ ᠲᠣᠰᠠᠯᠠᠬᠤ ᠪᠡᠯᠡ ᠮᠦᠩᠭᠦ ᠬᠠᠩᠭᠠᠨ᠎ᠠ᠃ ᠨᠠᠢᠮᠠ  ᠳᠤ ᠨᠡᠶᠢᠬᠡᠮ ᠠᠴᠠ ᠪᠡᠯᠡ ᠣᠷᠣᠭᠤᠯᠣᠨ ᠰᠢᠨ᠎ᠡ  ᠪᠠᠷ ᠪᠤᠶᠤ ᠦᠬᠡᠷᠡᠴᠢᠯᠡᠨ ᠦᠷᠬᠡᠳᠬᠡᠨ ᠪᠠᠶᠢᠭᠤᠯᠤᠭᠰᠠᠨ ᠨᠠᠰᠣᠳᠠᠨ ᠢ ᠠᠰᠠᠷᠠᠬᠤ ᠪᠠᠶᠢᠭᠤᠯᠣᠮᠵᠢ  ᠳᠤ ᠪᠦᠲᠦᠬᠡᠨ ᠪᠠᠶᠢᠭᠤᠯᠣᠯᠳᠠ  ᠶᠢᠨ ᠨᠦᠬᠦᠪᠦᠷᠢ ᠪᠠ ᠤᠷᠤ ᠶᠢᠨ ᠨᠦᠬᠦᠪᠦᠷᠢ ᠦᠭᠴᠣ᠂ 60 ᠪᠦᠬᠦᠯᠢ ᠨᠠᠰᠣ  ᠬᠦᠷᠦᠭᠰᠡᠨ ᠬᠤᠳᠠ ᠬᠦᠳᠡᠭᠡ  ᠶᠢᠨ ᠨᠠᠭᠠᠳᠣ ᠵᠠᠬ᠎ᠠ ᠶᠢᠨ ᠪᠠᠳᠣᠯᠠᠭ᠎ᠠ  ᠶᠢᠨ ᠡᠷᠦᠬᠡ᠂  ︽ᠭᠤᠷᠪᠠ ᠦᠬᠡᠢ ᠬᠦᠮᠦᠰ︾᠂ ᠬᠠᠷᠠᠭᠠᠯᠵᠠᠬᠤ ᠳ᠋ᠣᠶᠢᠰᠢᠶᠠᠩ ᠵᠡᠷᠬᠡ ᠭᠤᠣᠯᠳᠠᠯᠭ᠎ᠠ ᠲᠠᠢ ᠪᠠᠳᠤᠯᠠᠭ᠎ᠠ ᠬᠦᠷᠳᠡᠭᠰᠡᠳ ᠲᠤ ᠬᠦᠮᠦᠨ ᠪᠦᠷᠢ ᠰᠠᠷ᠎ᠠ ᠪᠣᠯᠭᠠᠨ ᠳᠤ 600 ᠲᠦᠭᠦᠷᠢᠭ  ᠤᠨ ᠬᠡᠷ ᠲᠡᠭᠡᠨ ᠰᠠᠭᠤᠵᠣ ᠪᠡᠶ᠎ᠡ  ᠪᠠᠨ ᠰᠣᠪᠢᠯᠠᠬᠤ ᠨᠠᠰᠤᠵᠢᠯ ᠤᠨ ᠨᠦᠬᠦᠪᠦᠷᠢ ᠦᠭᠭᠦᠨ᠎ᠡ᠃ ᠶᠢᠰᠣ ᠳᠤ ᠬᠤᠳᠠ ᠬᠦᠳᠡᠭᠡ  ᠶᠢᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠪᠠᠷᠢᠮᠵᠢᠶ᠎ᠠ  ᠶᠢ ᠬᠦᠮᠦᠨ ᠪᠦᠷᠢ ᠰᠠᠷ᠎ᠠ   ᠶᠢᠨ 480 ᠲᠦᠭᠦᠷᠢᠭ ᠪᠠ 390 ᠲᠦᠭᠦᠷᠢᠭ  ᠠᠴᠠ ᠲᠡᠭᠡᠭᠰᠢᠯᠡᠭᠦᠯᠦᠬᠡᠳ 495 ᠲᠦᠭᠦᠷᠢᠭ ᠪᠠ 402 ᠲᠦᠭᠦᠷᠢᠭ  ᠲᠤ ᠬᠦᠷᠬᠡᠵᠣ᠂ ᠲᠠᠪᠣᠨ ᠪᠠᠳᠣᠯᠠᠭᠠᠳᠣ ᠡᠷᠦᠭᠡ  ᠶᠢᠨ ᠲᠦᠪᠯᠡᠷᠡᠭᠦᠯᠦᠨ ᠠᠰᠠᠷᠠᠬᠤ ᠪᠠᠷᠢᠮᠵᠢᠶ᠎ᠠ  ᠶᠢ ᠬᠦᠮᠦᠨ ᠪᠦᠷᠢ ᠵᠢᠯ  ᠤᠨ 7840 ᠲᠦᠭᠦᠷᠢᠭ  ᠠᠴᠠ ᠲᠡᠭᠡᠭᠰᠢᠯᠡᠭᠦᠯᠦᠬᠡᠳ 8000 ᠲᠦᠭᠦᠷᠢᠭ  ᠲᠤ ᠬᠦᠷᠬᠡᠨ᠎ᠡ︔ ᠮᠦᠴᠢ ᠨᠢ ᠭᠤᠷᠪᠠᠳᠣᠭᠠᠷ ᠲᠡᠰ  ᠤᠨ ᠵᠡᠮᠳᠡᠭ  ᠬᠦᠮᠦᠰ  ᠲᠤ ᠬᠦᠮᠦᠨ ᠪᠦᠷᠢ ᠳᠤ ᠵᠢᠯ ᠪᠣᠯᠭᠠᠨ 2000 ᠲᠦᠭᠦᠷᠢᠭ  ᠤᠨ ᠠᠮᠢᠳᠣᠷᠠᠯ  ᠤᠨ ᠨᠦᠬᠦᠪᠦᠷᠢ ᠦᠭᠭᠦᠨ᠎ᠡ︔ ᠬᠤᠳᠠ  ᠶᠢᠨ ᠵᠡᠮᠳᠡᠭᠴᠣᠳ  ᠤᠨ ᠣᠶᠢᠯᠡᠰ ᠪᠣᠰᠬᠠᠬᠤ ᠬᠦᠷᠢᠶᠡᠯᠡᠩ  ᠢ ᠪᠦᠲᠦᠬᠡᠨ ᠪᠠᠶᠢᠭᠤᠯᠣᠨ᠎ᠠ᠃ ᠠᠷᠪᠠ  ᠳᠤ ᠢᠳᠡᠬᠡᠨ ᠤ ᠶᠠᠰᠣ ᠴᠢᠨᠠᠷ  ᠤᠨ ᠠᠶᠣᠯ ᠦᠬᠡᠢ ᠶᠢ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠬᠤ ᠢᠨᠵᠧᠨᠧᠷᠢᠩ  ᠢ ᠬᠡᠷᠡᠭᠵᠢᠭᠦᠯᠦᠨ᠎ᠡ᠃      ᠨᠡᠶᠢᠬᠡᠮ  ᠤᠨ ᠠᠵᠢᠯ ᠣᠶᠢᠯᠡᠰ  ᠤᠨ ᠦᠬᠡᠷᠡᠴᠢᠯᠡᠯᠳᠡ ᠬᠦᠭᠵᠢᠯᠳᠠ ᠶᠢ ᠠᠬᠢᠭᠤᠯᠣᠨ᠎ᠠ᠃ ᠰᠢᠯᠭᠠᠯᠳᠠ ᠰᠣᠷᠣᠭᠴᠢ ᠡᠯᠰᠡᠬᠦ ᠦᠭᠡᠷᠡᠴᠢᠯᠡᠯᠳᠠ ᠶᠢᠨ ᠲᠦᠷᠢᠮ  ᠢ ᠨᠠᠶᠢᠳᠠᠪᠦᠷᠢᠵᠢᠭᠤᠯᠵᠣ᠂ ᠠᠯᠪᠠᠨ ᠠᠴᠠ ᠡᠷᠬᠢᠯᠡᠭᠰᠡᠨ ᠰᠣᠷᠭᠠᠭᠤᠯᠢ  ᠶᠢᠨ ᠵᠠᠬᠢᠷᠤᠯ᠂ ᠪᠠᠭᠰᠢ ᠨᠠᠷ  ᠢ ᠰᠣᠯᠢᠯᠴᠠᠨ ᠠᠵᠢᠯ  ᠤᠨ ᠪᠠᠶᠢᠷᠢ  ᠶᠢ ᠡᠬᠡᠯᠵᠢᠯᠡᠬᠦ ᠲᠦᠷᠢᠮ  ᠢ ᠲᠣᠷᠰᠢᠨ ᠬᠡᠷᠡᠭᠵᠢᠭᠦᠯᠵᠣ᠂ ᠭᠤᠣᠯᠳᠠᠯᠭ᠎ᠠ ᠲᠠᠢ ᠰᠤᠷᠭᠠᠭᠤᠯᠢ᠂ ᠠᠩᠬᠢ ᠲᠣᠬᠢᠷᠠᠭᠤᠯᠬᠤ ᠦᠬᠡᠢ᠂ ᠰᠣᠷᠭᠠᠭᠤᠯᠢ ᠰᠣᠩᠭᠤᠬᠤ ᠪᠡᠷᠬᠡ ᠠᠰᠠᠭᠤᠳᠠᠯ  ᠢ ᠰᠢᠢᠳᠪᠦᠷᠢᠯᠡᠵᠣ᠂ ᠠᠯᠪᠠᠨ ᠵᠢᠷᠣᠮ  ᠤᠨ ᠰᠣᠷᠭᠠᠨ ᠬᠦᠮᠦᠵᠢᠯ  ᠢ ᠲᠡᠩᠴᠡᠭᠦᠷᠢᠲᠠᠢ ᠬᠦᠭᠵᠢᠭᠦᠯᠬᠦ ᠲᠦᠷᠦ  ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠰᠦᠪᠡᠭᠴᠢᠯᠡᠨ ᠪᠠᠶᠢᠭᠤᠯᠣᠨ᠎ᠠ᠃ ᠰᠠᠭᠤᠷᠢ ᠰᠤᠷᠭᠠᠨ ᠬᠦᠮᠦᠵᠢᠯ  ᠤᠨ  ᠪᠠᠷᠢᠮᠵᠢᠶᠠᠵᠢᠭᠤᠯᠤᠨ ᠪᠦᠲᠦᠬᠡᠨ ᠪᠠᠶᠢᠭᠤᠯᠬᠤ ᠪᠠᠷᠢᠯᠭ᠎ᠠ ᠶᠢ ᠬᠡᠷᠡᠭᠵᠢᠭᠦᠯᠵᠣ᠂ ᠲᠣᠮᠳᠠᠳᠣ ᠪᠠᠭ᠎ᠠ ᠰᠣᠷᠭᠠᠭᠤᠯᠢ ᠪᠠ ᠬᠡᠣᠬᠡᠳ ᠤᠨ ᠴᠡᠴᠡᠷᠯᠢᠭ  ᠢ ᠦᠷᠭᠦᠯᠵᠢᠯᠡᠨ ᠪᠠᠶᠢᠭᠤᠯᠬᠤ ᠡᠭᠦᠷᠬᠡ  ᠶᠢ ᠪᠦᠬᠦ ᠲᠠᠯ᠎ᠠ  ᠪᠠᠷ ᠪᠡᠶᠡᠯᠡᠭᠦᠯᠦᠨ᠎ᠡ᠃ ᠨᠢᠯᠬ᠎ᠠ ᠬᠡᠦᠭᠡᠳ ᠤᠨ ᠡᠷᠳᠡ ᠬᠤᠭᠤᠴᠠᠭᠠᠨ ᠤ ᠰᠤᠷᠭᠠᠨ ᠬᠦᠮᠦᠵᠢᠯ  ᠤᠨ ᠲᠣᠷᠰᠢᠯᠳᠠ  ᠶᠢᠨ ᠴᠡᠭ  ᠤᠨ ᠠᠵᠢᠯ  ᠢ ᠦᠷᠨᠢᠭᠦᠯᠦᠨ᠎ᠡ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ  ᠶᠢ ᠠᠬᠢᠭᠤᠯᠵᠣ᠂ ᠨᠡᠶᠢᠬᠡᠮ  ᠤᠨ ᠬᠦᠷᠦᠩᠬᠡ   ᠠᠴᠠ ᠡᠮᠨᠡᠯᠬᠡ ᠶᠢᠨ ᠬᠤᠷᠢᠶ᠎ᠠ ᠡᠷᠬᠢᠯᠡᠬᠦ ᠪᠠ ᠡᠮᠴᠢ ᠨᠠᠷ ᠢ ᠣᠯᠠᠨ ᠭᠠᠵᠠᠷ ᠴᠡᠭ  ᠲᠤ ᠠᠵᠢᠯ  ᠡᠷᠬᠢᠯᠡᠬᠦ ᠶᠢ ᠵᠤᠷᠢᠭᠵᠢᠭᠤᠯᠤᠨ᠎ᠠ᠃ ᠴᠢᠮᠡᠭᠡ ᠵᠠᠩᠬᠢᠴᠢᠯᠠᠯᠳᠠ ᠶᠢᠨ ᠠᠷᠭ᠎ᠠ ᠪᠠᠷᠢᠯ  ᠢ ᠠᠰᠢᠭᠯᠠᠨ᠂ ᠰᠢᠯᠢᠳᠡᠭ ᠴᠢᠨᠠᠷ  ᠤᠨ ᠡᠮᠨᠡᠯᠬᠡ  ᠶᠢᠨ ᠡᠬᠢ ᠪᠠᠶᠠᠯᠢᠭ  ᠢ ᠬᠠᠮᠳᠣᠪᠠᠷ ᠡᠳ᠋ᠯᠡᠬᠦ  ᠶᠢ ᠪᠡᠶᠡᠯᠡᠬᠦᠯᠦᠨ᠎ᠠ᠃ ᠬᠦᠨᠳᠣ ᠣᠨᠴᠠ ᠶᠡᠭᠡ ᠡᠪᠡᠳᠴᠢᠨ ᠡᠮᠬᠡᠭ  ᠤᠨ ᠡᠮᠨᠡᠯᠬᠡ  ᠶᠢᠨ ᠲᠠᠭᠠᠳᠬᠠᠯ ᠪᠠ ᠠᠪᠣᠷᠠᠨ ᠲᠣᠰᠠᠯᠠᠬᠤ ᠲᠦᠷᠢᠮ  ᠢ ᠲᠡᠭᠦᠯᠳᠡᠷᠵᠢᠭᠦᠯᠵᠣ᠂ ᠤᠯᠠᠨ ᠨᠡᠶᠢᠳᠡ  ᠶᠢᠨ ᠡᠷᠡᠭᠦᠯ ᠬᠠᠮᠠᠭᠠᠯᠠᠯ ᠤᠨ ᠬᠡᠨᠡᠳᠳᠡ  ᠶᠢᠨ ᠬᠡᠷᠡᠭ  ᠢ ᠪᠠᠴᠢᠮ ᠠᠷᠭᠠᠴᠠᠭᠠᠨ ᠰᠢᠢᠳᠪᠦᠷᠢᠯᠡᠬᠦ᠂ ᠡᠪᠡᠳᠴᠢᠨ ᠡᠮᠬᠡᠭ  ᠢ  ᠰᠡᠷᠭᠡᠶᠢᠯᠠᠨ ᠡᠵᠡᠮᠰᠢᠬᠦ ᠰᠢᠰᠲ᠋ᠧᠮᠵᠢ  ᠶᠢ ᠪᠠᠶᠢᠭᠤᠯᠤᠨ ᠲᠦᠭᠦᠷᠴᠢᠯᠡᠨ᠎ᠡ᠃ ᠮᠣᠩᠭᠤᠯ ᠬᠢᠳᠠᠳ ᠡᠮ ᠡᠮᠨᠡᠯᠬᠡ  ᠶᠢᠨ ᠣᠶᠢᠯᠡᠰ  ᠤᠨ ᠬᠦᠭᠵᠢᠯᠳᠡ  ᠶᠢ ᠲᠦᠷᠬᠡᠳᠬᠡᠨ᠎ᠡ᠃ ᠨᠡᠶᠢᠬᠡᠮ  ᠤᠨ ᠲᠠᠭᠠᠳᠬᠠᠯ  ᠤᠨ ᠪᠦᠷᠭᠦᠯᠳᠡ  ᠶᠢᠨ ᠬᠡᠪᠴᠢᠶ᠎ᠡ  ᠶᠢ ᠯᠠᠪᠳᠠᠭᠤᠨ  ᠢᠶᠠᠷ ᠦᠷᠬᠡᠳᠬᠡᠵᠣ᠂ ᠣᠯᠣᠰ  ᠤᠨ ᠨᠡᠶᠢᠬᠡᠮ  ᠤᠨ ᠲᠠᠭᠠᠳᠬᠠᠯ ᠢ  ᠪᠠᠷᠢᠮᠵᠢᠶᠠᠴᠢᠯᠠᠭᠰᠠᠨ ᠲᠣᠷᠰᠢᠯᠳᠠ ᠶᠢᠨ ᠴᠡᠭ  ᠤᠨ ᠪᠦᠲᠦᠬᠡᠨ ᠪᠠᠶᠢᠭᠤᠯᠣᠯᠳᠠ  ᠶᠢᠨ ᠡᠭᠦᠷᠬᠡ  ᠶᠢ ᠪᠡᠶᠡᠯᠡᠭᠦᠯᠦᠨ᠎ᠡ᠃ ᠤᠯᠠᠨ ᠨᠡᠶᠢᠳᠡ  ᠶᠢᠨ ᠰᠣᠶᠣᠯ ᠤᠨ ᠣᠶᠢᠯᠡᠴᠢᠯᠡᠬᠡᠨ  ᠤ ᠲᠦᠭᠦᠭᠡᠷᠣᠮᠵᠢ ᠶᠢᠨ ᠪᠦᠲᠦᠬᠡᠨ ᠪᠠᠶᠢᠭᠤᠯᠣᠯᠳᠠ  ᠶᠢ ᠴᠢᠩᠭᠠᠳᠬᠠᠵᠣ᠂ ᠣᠯᠠᠨ ᠲᠦᠮᠠᠨᠴᠢ ᠴᠢᠨᠠᠷᠲᠠᠢ  ᠰᠤᠶᠤᠯ ᠪᠡᠶ᠎ᠡ ᠲᠠᠮᠢᠷ  ᠤᠨ ᠠᠵᠢᠯᠯᠠᠭ᠎ᠠ ᠶᠢ ᠶᠡᠬᠡᠪᠡᠷ ᠦᠷᠨᠢᠭᠦᠯᠵᠣ᠂ ᠣᠯᠣᠰ  ᠤᠨ ᠤᠯᠠᠨ ᠨᠡᠶᠢᠳᠡ ᠶᠢᠨ ᠰᠣᠶᠣᠯ ᠤᠨ ᠣᠶᠢᠯᠡᠴᠢᠯᠡᠬᠡᠨ  ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ  ᠢ ᠡᠭᠦᠳᠦᠨ ᠪᠠᠶᠢᠭᠤᠯᠣᠭᠰᠠᠨ ᠦᠷ᠎ᠡ ᠪᠦᠲᠦᠬᠡᠯ  ᠢ ᠪᠠᠳᠤᠳᠬᠠᠨ᠎ᠠ᠃ ᠠᠷᠪᠠᠳᠣᠭᠠᠷ ᠬᠤᠭᠤᠴᠠᠭᠠᠨ  ᠤ ᠪᠦᠬᠦ ᠣᠯᠣᠰ  ᠤᠨ ᠴᠦᠬᠡᠨ ᠲᠣᠭᠠᠳᠣ ᠦᠨᠳᠦᠰᠦᠳᠡᠨ  ᠤ ᠣᠯᠠᠮᠵᠢᠯᠠᠯᠳᠣ ᠪᠡᠶ᠎ᠡ  ᠶᠢᠨ ᠲᠠᠮᠢᠷ  ᠤᠨ ᠴᠣᠭᠯᠠᠭᠠᠨ  ᠤ ᠪᠡᠯᠡᠳᠬᠡᠯ ᠠᠵᠢᠯ  ᠢ ᠰᠠᠶᠢᠳᠣᠷ ᠬᠢᠨ᠎ᠡ᠃ ᠬᠦᠮᠦᠨ ᠠᠮᠠ ᠪᠠ ᠲᠦᠯᠦᠪᠯᠡᠬᠡᠲᠠᠢ  ᠪᠠᠷ ᠬᠡᠣᠬᠡᠳ ᠠᠪᠬᠤ ᠠᠵᠢᠯ ᠢ ᠴᠢᠩᠭᠠᠳᠬᠠᠵᠣ᠂ ᠲᠦᠷᠦᠭᠰᠡᠨ ᠬᠦᠮᠦᠨ ᠠᠮᠠ ᠶᠢᠨ ᠬᠡᠪ ᠴᠢᠨᠠᠷ  ᠢ ᠲᠡᠭᠡᠭᠰᠢᠯᠡᠬᠦᠯᠵᠤ᠂ ᠨᠢᠭᠡ ᠲᠠᠯ᠎ᠠ ᠨᠢ ᠭᠠᠭᠴᠠ ᠬᠡᠦᠭᠡᠳ ᠪᠤᠯᠬᠤ ᠡᠷ᠎ᠡ ᠡᠮ᠎ᠡ ᠬᠤᠶᠠᠷ ᠬᠡᠦᠭᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠡᠬᠢᠯᠡᠬᠦᠯᠦᠨ ᠬᠡᠷᠡᠭᠵᠢᠬᠦᠯᠦᠨ᠎ᠠ᠃ ᠡᠮᠡᠭᠳᠡᠶᠢᠴᠣᠳ ᠬᠡᠦᠭᠡᠳ ᠤᠨ ᠡᠷᠬᠡ ᠠᠰᠢᠭ  ᠢ ᠪᠠᠳᠣᠯᠠᠵᠣ᠂ ᠬᠤᠳᠠ ᠬᠦᠳᠡᠭᠡ ᠶᠢᠨ ᠦᠳᠡᠭᠦᠰ  ᠤᠨ ᠣᠶᠢᠯᠡᠰ  ᠤᠨ ᠬᠦᠭᠵᠢᠯᠳᠡ  ᠶᠢ ᠰᠠᠶᠢᠳᠣᠷ ᠠᠳᠬᠤᠨ᠎ᠠ᠃︵ᠲᠦᠷᠪᠡ︶ ᠦᠬᠡᠷᠡᠴᠢᠯᠡᠯᠳᠡ ᠬᠢᠵᠣ ᠰᠢᠨ᠎ᠡ  ᠶᠢ ᠡᠭᠦᠳᠬᠦ  ᠶᠢ ᠪᠦᠬᠦ ᠲᠠᠯ᠎ᠠ  ᠪᠠᠷ ᠠᠬᠢᠭᠤᠯᠵᠣ᠂ ᠪᠠᠶᠢᠭᠤᠯᠣᠯ ᠲᠣᠭᠳᠠᠴᠠ ᠶᠢᠨ ᠬᠢᠵᠠᠭᠠᠷᠯᠠᠯ   ᠢ ᠰᠢᠪᠳᠣᠯᠵᠣ᠂ ᠭᠠᠵᠠᠷ ᠣᠷᠣᠨ  ᠤ ᠠᠵᠣ ᠠᠬᠤᠢ  ᠶᠢ ᠨᠡᠩ ᠪᠦᠲᠦᠮᠵᠢᠲᠠᠢ᠂ ᠡᠷᠬᠡ ᠲᠡᠭᠰᠢ᠂  ᠦᠷᠭᠦᠯᠵᠢᠯᠡᠭᠦᠯᠣᠨ ᠬᠦᠭᠵᠢᠭᠦᠯᠬᠦ  ᠶᠢ ᠠᠬᠢᠭᠤᠯᠣᠨ᠎ᠠ᠃      ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ   ᠤ ᠦᠬᠡᠷᠡᠴᠢᠯᠡᠯᠳᠡ ᠶᠢᠨ ᠠᠯᠬᠤᠴᠠ  ᠶᠢ ᠲᠦᠷᠬᠡᠳᠬᠡᠨ᠎ᠡ᠃ ᠲᠦᠪ᠂ ᠦᠪᠡᠷᠳᠡᠬᠡᠨ ᠵᠠᠰᠠᠬᠤ ᠣᠷᠣᠨ  ᠤ ᠦᠬᠡᠷᠡᠴᠢᠯᠡᠯᠳᠡ  ᠶᠢ ᠪᠦᠬᠦ ᠲᠠᠯ᠎ᠠ  ᠪᠠᠷ ᠬᠦᠨᠵᠡᠬᠡᠶᠢᠷᠡᠭᠦᠯᠬᠦ ᠡᠯ᠎ᠡ ᠲᠦᠷᠦᠯ  ᠤᠨ ᠲᠦᠷᠦ  ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠣ᠂ ᠡᠬᠢ ᠪᠠᠶᠠᠯᠢᠭ  ᠤᠨ ᠬᠡᠯᠪᠡᠷᠢ ᠶᠢᠨ ᠬᠤᠳᠠ  ᠶᠢᠨ ᠰᠢᠨ᠎ᠡ  ᠶᠢ  ᠡᠬᠦᠳᠴᠤ ᠬᠦᠭᠵᠢᠬᠦᠯᠬᠦ ᠲᠣᠷᠰᠢᠯᠳᠠ ᠶᠢᠨ ᠴᠡᠭ  ᠤᠨ ᠪᠦᠲᠦᠬᠡᠨ ᠪᠠᠶᠢᠭᠤᠯᠣᠯᠳᠠ  ᠶᠢ ᠲᠦᠷᠬᠡᠳᠬᠡᠨ᠎ᠡ᠃ ᠲᠦᠰᠦᠪ  ᠤᠨ ᠬᠠᠮᠢᠶᠠᠷᠣᠯᠳᠠ  ᠶᠢ ᠴᠢᠩᠭᠠᠳᠬᠠᠨ ᠰᠠᠶᠢᠵᠢᠷᠠᠭᠤᠯᠵᠣ᠂ ᠣᠨ ᠠᠯᠤᠰᠯᠠᠭᠰᠠᠨ ᠲᠦᠰᠦᠪ  ᠢ ᠲᠡᠩᠴᠡᠭᠦᠷᠢᠰᠢᠭᠦᠯᠬᠦ ᠲᠣᠭᠳᠠᠴᠠ  ᠶᠢ ᠪᠠᠶᠢᠭᠤᠯᠵᠣ᠂ ᠬᠤᠳᠠ ᠬᠤᠰᠢᠭᠤ ᠬᠤᠶᠠᠷ ᠱᠠᠳᠣᠨ  ᠤ ᠡᠷᠬᠡ ᠲᠤᠰᠢᠶᠠᠯ  ᠤᠨ ᠬᠤᠪᠢᠶᠠᠷᠢᠯᠠᠯ ᠪᠠ ᠡᠳ᠋  ᠤᠨ ᠵᠠᠰᠠᠭ  ᠤᠨ ᠵᠠᠷᠣᠯᠭ᠎ᠠ  ᠶᠢᠨ ᠬᠠᠷᠢᠭᠤᠴᠠᠯᠭ᠎ᠠ  ᠶᠢᠨ ᠵᠠᠭᠠᠭ  ᠢ ᠵᠣᠬᠢᠰᠲᠠᠢ ᠲᠣᠭᠳᠠᠭᠠᠵᠣ᠂ ᠪᠦᠬᠦ ᠨᠡᠬᠡᠬᠡᠴᠡ  ᠶᠢᠨ ᠲᠦᠰᠦᠪ  ᠤᠨ ᠬᠠᠮᠢᠶᠠᠷᠣᠯᠳᠠ  ᠶᠢ ᠬᠡᠷᠡᠭᠵᠢᠭᠦᠯᠵᠣ᠂ ᠡᠳ᠋  ᠤᠨ ᠵᠠᠰᠠᠭ  ᠤᠨ ᠲᠦᠰᠦᠪ ᠪᠠ ᠲᠦᠰᠦᠪ  ᠤᠨ ᠭᠦᠢᠴᠡᠳᠬᠡᠯ᠂ ᠰᠠᠯᠠᠭ᠎ᠠ ᠮᠦᠴᠢᠷ ᠤᠨ ᠲᠦᠰᠦᠪ ᠪᠠ ᠲᠦᠰᠦᠪ  ᠤᠨ ᠭᠦᠢᠴᠡᠳᠬᠡᠯ᠂ ︽ᠭᠤᠷᠪᠠᠨ ᠠᠯᠪᠠᠨ︾  ᠤ ᠵᠠᠷᠣᠳᠠᠯ  ᠢ ᠢᠯᠠ ᠪᠣᠯᠭᠠᠬᠤ  ᠶᠢ ᠯᠠᠪᠳᠠᠭᠤᠨ  ᠢᠶᠠᠷ ᠠᠬᠢᠭᠤᠯᠣᠨ᠎ᠠ᠃ ᠤᠯᠠᠨ ᠨᠠᠶᠢᠳᠠ ᠶᠢᠨ ᠠᠵᠢᠯ  ᠤᠨ ᠴᠢᠨᠠᠷᠳᠠᠢ ᠬᠦᠷᠢᠶ᠎ᠠ ᠬᠡᠪᠴᠢᠶᠠᠨ  ᠳᠤ ᠵᠠᠰᠠᠭ  ᠤᠨ ᠤᠷᠳᠤᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠶᠢ ᠬᠡᠷᠡᠭᠵᠢᠬᠦᠯᠦᠨ᠎ᠠ᠃ᠭᠠᠶᠢᠯᠢ ᠶᠢ ᠲᠠᠳᠠᠪᠤᠷᠢᠯᠠᠨ ᠬᠠᠮᠢᠶᠠᠷᠬᠤ ᠶᠢ ᠴᠢᠩᠭᠠᠳᠬᠠᠵᠣ᠂ ᠭᠠᠶᠢᠯᠢ ᠶᠢᠨ ᠲᠠᠯᠳᠠ ᠭᠦᠴᠦᠨ ᠢ  ᠠᠭᠤᠳᠠᠯᠯᠠᠵᠤ᠂ ᠭᠠᠶᠢᠯᠢ  ᠶᠢᠨ ᠬᠠᠷᠠᠭᠠᠯᠵᠠᠯ  ᠤᠨ ᠲᠦᠷᠦ  ᠶᠢᠨ ᠪᠣᠳᠣᠯᠭ᠎ᠠ  ᠶᠢ ᠴᠡᠪᠡᠷᠯᠠᠨ ᠲᠦᠷᠢᠮᠵᠢᠭᠦᠯᠵᠣ᠂ ᠭᠠᠶᠢᠯᠢ  ᠶᠢ ᠬᠠᠣᠯᠢ ᠪᠠᠷ ᠵᠠᠰᠠᠬᠤ  ᠶᠢ ᠠᠬᠢᠭᠤᠯᠣᠨ᠎ᠠ᠃ ᠬᠤᠳᠠ ᠶᠢᠨ ᠰᠢᠭᠤᠳ ᠬᠠᠷᠢᠶ᠎ᠠ ᠤᠯᠤᠰ  ᠤᠨ ᠦᠮᠴᠢᠯᠠᠯ  ᠤᠨ ᠠᠵᠤ ᠠᠬᠤᠶᠢᠯᠠᠯ  ᠢ ᠨᠢᠭᠡᠳᠭᠡᠨ ᠲᠠᠬᠢᠨ ᠵᠤᠬᠢᠶᠠᠨ ᠪᠠᠶᠢᠭᠤᠯᠬᠤ ᠶᠢ  ᠲᠦᠷᠬᠡᠳᠬᠡᠵᠣ᠂ ᠤᠷᠤᠨ ᠨᠤᠳᠤᠭ  ᠤᠨ ᠠᠷᠠᠳ  ᠤᠨ ᠡᠵᠡᠩᠨᠡᠯ  ᠤᠨ ᠠᠵᠤ ᠠᠬᠤᠶᠢᠯᠠᠯ  ᠠᠴᠠ ᠤᠯᠤᠰ ᠤᠨ ᠦᠮᠴᠢᠯᠠᠯ  ᠤᠨ ᠠᠵᠤ ᠠᠬᠤᠶᠢᠯᠠᠯ  ᠳᠤ ᠬᠤᠪᠢ ᠣᠷᠣᠭᠤᠯᠬᠤ  ᠶᠢ ᠵᠣᠷᠢᠭᠵᠢᠭᠤᠯᠵᠣ᠂ ᠤᠯᠤᠰ  ᠤᠨ ᠦᠮᠴᠢᠯᠠᠯ  ᠤᠨ ᠠᠵᠤ ᠠᠬᠤᠶᠢᠯᠠᠯ  ᠤᠨ ᠠᠮᠢᠵᠢᠷᠠᠯ  ᠤᠨ ᠬᠦᠴᠦᠨ  ᠢ ᠴᠢᠨᠠᠭᠰᠢᠳᠠ ᠨᠡᠮᠡᠭᠳᠡᠬᠦᠯᠵᠤ᠂ ᠤᠯᠤᠰ  ᠤᠨ ᠦᠮᠴᠢᠯᠠᠯ  ᠤᠨ ᠬᠦᠷᠦᠩᠭᠡ ᠶᠢᠨ ᠦᠷ᠎ᠠ ᠠᠰᠢᠭ  ᠢ ᠲᠡᠭᠡᠭᠰᠢᠯᠡᠬᠦᠯᠦᠨ᠎ᠠ᠃ ᠡᠬᠢ ᠪᠠᠶᠠᠯᠢᠭ ᠲᠣᠬᠢᠷᠠᠭᠤᠯᠬᠤ ᠲᠦᠷᠦ ᠶᠢᠨ ᠪᠣᠳᠣᠯᠭ᠎ᠠ  ᠶᠢ ᠲᠡᠭᠦᠯᠳᠡᠷᠵᠢᠭᠦᠯᠵᠣ᠂ ᠬᠤᠪᠢᠷᠠᠭᠤᠯᠬᠤ ᠲᠦᠷᠦᠯ ᠵᠣᠶᠢᠯ᠂ ᠵᠠᠬ᠎ᠠ ᠲᠡᠯᠬᠡᠭᠦᠷ ᠤᠨ ᠦᠨ᠎ᠡ ᠬᠠᠩᠰᠢ  ᠪᠠᠷ ᠨᠡᠭᠦᠷᠡᠰᠦᠨ  ᠤ ᠡᠬᠢ ᠪᠠᠶᠠᠯᠢᠭ  ᠲᠤᠬᠢᠷᠠᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠨᠢᠭᠡᠨᠳᠡ ᠲᠤᠬᠢᠷᠠᠭᠤᠯᠵᠤ ᠦᠭᠬᠦᠭᠰᠡᠨ ᠪᠤᠯᠪᠠᠴᠤ ᠬᠤᠪᠢᠷᠠᠭᠤᠯᠬᠤ ᠲᠦᠷᠦᠯ ᠵᠦᠢᠯ ᠢ ᠪᠡᠶᠡᠯᠡᠭᠦᠯᠦᠭᠰᠡᠨ ᠦᠬᠡᠢ ᠪᠣᠯ ᠣᠬᠤᠷᠢᠭᠤᠯᠣᠨ ᠭᠠᠷᠭᠠᠬᠤ ᠲᠣᠭᠳᠠᠴᠠ  ᠶᠢ ᠰᠦᠪᠡᠭᠴᠢᠯᠡᠨ ᠪᠠᠶᠢᠭᠤᠯᠣᠨ᠎ᠠ᠃ ᠡᠬᠢ ᠪᠠᠶᠠᠯᠢᠭ  ᠢ  ᠬᠦᠷᠦᠩᠭᠡᠵᠢᠬᠦᠯᠬᠦ ᠦᠬᠡᠷᠡᠴᠢᠯᠡᠯᠳᠡ ᠶᠢ ᠲᠦᠷᠭᠡᠨ  ᠢᠶᠠᠷ ᠠᠬᠢᠭᠤᠯᠵᠣ᠂ ᠠᠭᠤᠷᠬᠠᠢ ᠶᠢᠨ ᠭᠠᠷᠣᠯᠳᠠ  ᠶᠢᠨ ᠡᠬᠢ ᠪᠠᠶᠠᠯᠢᠭ  ᠢ ᠠᠰᠢᠭᠯᠠᠨ ᠬᠦᠷᠦᠩᠬᠡ  ᠶᠢᠨ ᠵᠠᠬ᠎ᠠ ᠲᠡᠯᠬᠡᠭᠦᠷ  ᠢᠶᠠᠷ ᠲᠠᠮᠵᠢᠨ ᠰᠢᠭᠤᠳ ᠪᠡᠯᠡ ᠴᠤᠭᠯᠠᠭᠤᠯᠤᠨ᠎ᠠ᠃ ᠬᠤᠳᠠ ᠬᠦᠳᠡᠭᠡ ᠨᠢᠭᠡᠳᠣᠯᠲᠠᠢ ᠪᠦᠲᠦᠬᠡᠨ ᠪᠠᠶᠢᠭᠤᠯᠣᠯᠳᠠ  ᠳᠤ ᠬᠡᠷᠡᠭᠯᠡᠬᠦ ᠭᠠᠵᠠᠷ  ᠤᠨ ᠵᠠᠬ᠎ᠠ ᠲᠡᠯᠬᠡᠭᠦᠷ  ᠢ ᠪᠠᠶᠢᠭᠤᠯᠵᠣ᠂ ᠬᠤᠳᠠ ᠬᠤᠰᠢᠭᠤ ᠰᠢᠶᠠᠩ ᠭᠤᠷᠪᠠᠨ ᠱᠠᠳᠣᠨ  ᠤ ᠭᠠᠵᠠᠷ ᠰᠢᠷᠣᠢ  ᠶᠢᠨ ᠡᠷᠬᠢᠯᠳᠡ  ᠶᠢᠨ ᠲᠠᠪᠴᠠᠩ ᠢ ᠵᠤᠬᠢᠶᠠᠨ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ  ᠤ ᠬᠠᠮᠳᠣ  ᠶᠢᠨ ᠡᠵᠡᠩᠨᠡᠯᠳᠡ  ᠶᠢᠨ ᠴᠢᠨᠠᠷᠲᠠᠢ ᠪᠦᠲᠦᠬᠡᠨ ᠪᠠᠶᠢᠭᠤᠯᠣᠯᠳᠠ  ᠳᠤ ᠬᠡᠷᠡᠭᠯᠡᠬᠦ ᠭᠠᠵᠠᠷ  ᠢ ᠬᠤᠳᠠᠯᠳᠣᠬᠤ᠂ ᠲᠦᠷᠢᠶᠡᠰᠦᠯᠡᠬᠦ᠂ ᠬᠤᠪᠢ ᠣᠷᠣᠭᠤᠯᠬᠤ  ᠶᠢ ᠵᠦᠪᠰᠢᠶᠡᠷᠡᠵᠣ᠂ ᠮᠠᠯᠴᠢᠨ ᠲᠠᠷᠢᠶᠠᠴᠢᠳ  ᠤᠨ ᠡᠳ᠋ ᠬᠦᠷᠦᠩᠬᠡ   ᠶᠢᠨ ᠴᠢᠨᠠᠷᠲᠠᠢ ᠣᠷᠣᠯᠭ᠎ᠠ  ᠶᠢ ᠨᠡᠮᠡᠭᠳᠡᠭᠦᠯᠦᠨ᠎ᠡ᠃ ᠮᠦᠩᠭᠦᠨ ᠬᠦᠢᠯᠭᠡᠭᠡᠨ  ᠤ ᠦᠬᠡᠷᠡᠴᠢᠯᠡᠯᠳᠡ ᠬᠢᠵᠣ ᠰᠢᠨ᠎ᠡ  ᠶᠢ ᠡᠭᠦᠳᠬᠦ ᠭᠦᠴᠦᠯᠡᠴᠡ  ᠶᠢ ᠨᠡᠮᠡᠭᠳᠡᠭᠦᠯᠵᠣ᠂ ᠭᠠᠵᠠᠷ ᠰᠢᠷᠣᠢ ᠶᠢ ᠨᠠᠶᠢᠳᠠᠨ ᠡᠷᠬᠢᠯᠳᠦᠭᠦᠯᠬᠦ ᠲᠣᠷᠰᠢᠯᠳᠠ  ᠶᠢᠨ ᠴᠡᠭ  ᠤᠨ ᠠᠵᠢᠯ  ᠢ ᠦᠷᠨᠢᠭᠦᠯᠵᠣ᠂ ᠠᠷᠠᠳ  ᠤᠨ ᠬᠦᠷᠦᠩᠬᠡ  ᠶᠢ ᠣᠷᠣᠨ ᠨᠣᠳᠤᠭ  ᠤᠨ ᠮᠦᠩᠭᠦᠨ ᠭᠦᠢᠯᠬᠡᠬᠡᠨ  ᠤ ᠠᠵᠣ ᠠᠬᠤᠶᠢᠯᠠᠯ  ᠤᠨ ᠪᠡᠯᠡ ᠮᠦᠩᠭᠦ ᠪᠠᠨ ᠨᠡᠮᠡᠭᠳᠡᠭᠦᠯᠵᠣ ᠬᠤᠪᠢ ᠣᠷᠣᠭᠤᠯᠣᠯᠳᠠ  ᠪᠠᠨ  ᠦᠷᠭᠡᠳᠭᠡᠬᠦ  ᠳᠤ ᠣᠷᠣᠯᠴᠠᠭᠤᠯᠬᠤ  ᠶᠢ ᠵᠣᠷᠢᠭᠵᠢᠭᠤᠯᠵᠣ᠂ ᠨᠦᠭᠦᠴᠡᠯ  ᠲᠠᠢ ᠨᠤᠳᠤᠭ ᠤᠨ ᠠᠵᠣ ᠠᠬᠤᠶᠢᠯᠠᠯ   ᠠᠴᠠ ᠠᠷᠠᠳ  ᠤᠨ ᠡᠵᠡᠩᠨᠡᠯ  ᠤᠨ ᠪᠠᠩᠬᠢ ᠪᠠᠶᠢᠭᠤᠯᠬᠤ ᠶᠢ ᠲᠡᠮᠵᠢᠨ᠎ᠠ᠃ ᠣᠷᠣᠨ ᠠᠯᠣᠰᠯᠠᠨ ᠣᠰᠣᠨ  ᠤ ᠡᠷᠬᠡ  ᠶᠢ ᠰᠣᠯᠢᠯᠴᠠᠬᠤ ᠪᠠ ᠣᠰᠣ ᠡᠯᠡᠰᠤ  ᠶᠢ ᠰᠣᠯᠢᠯᠴᠠᠬᠤ ᠢᠨᠵᠧᠨᠧᠷᠢᠩ  ᠢ ᠬᠡᠷᠡᠭᠵᠢᠭᠦᠯᠦᠨ᠎ᠡ᠃ ᠡᠨᠧᠷᠬᠢ ᠣᠷᠣᠭᠤᠯᠬᠤ ᠭᠠᠵᠠᠷ ᠤᠷᠤᠨ ᠲᠠᠢ ᠣᠷᠴᠢᠨ ᠲᠣᠭᠤᠷᠢᠨ  ᠤ ᠪᠠᠭᠳᠠᠭᠠᠮᠵᠢ  ᠶᠢᠨ ᠭᠦᠢᠴᠡᠳᠬᠡᠯ ᠲᠤᠭ᠎ᠠ  ᠶᠢ ᠰᠣᠯᠢᠯᠴᠠᠬᠤ  ᠪᠠᠷ ᠢᠳᠡᠪᠬᠢᠲᠠᠢ ᠴᠢᠷᠮᠠᠶᠢᠵᠣ᠂ ᠠᠵᠣ ᠠᠬᠤᠶᠢᠯᠠᠯ  ᠢ ᠵᠣᠷᠢᠭᠵᠢᠭᠤᠯᠣᠨ  ᠭᠠᠳᠠᠭᠰᠢᠯᠠᠭᠤᠯᠬᠤ  ᠡᠷᠬᠡ  ᠶᠢᠨ ᠠᠷᠠᠯᠵᠢᠶ᠎ᠠ  ᠳᠤ ᠣᠷᠣᠯᠴᠠᠭᠤᠯᠵᠣ᠂ ᠣᠷᠴᠢᠨ ᠲᠣᠭᠤᠷᠢᠨ  ᠤ ᠪᠣᠬᠢᠷᠳᠣᠯ  ᠢ ᠭᠤᠷᠪᠠᠳᠣᠭᠠᠷ ᠲᠠᠯ᠎ᠠ  ᠠᠴᠠ ᠵᠠᠰᠠᠯᠳᠠ ᠬᠢᠬᠦ ᠶᠢ ᠬᠡᠷᠡᠭᠵᠢᠭᠦᠯᠦᠨ᠎ᠡ᠃ ᠴᠠᠬᠢᠯᠭᠠᠨ ᠭᠦᠴᠦᠨ  ᠤ ᠣᠯᠠᠨ ᠲᠠᠯ᠎ᠠ᠂ ᠬᠤᠶᠠᠷ ᠲᠠᠯ᠎ᠠ  ᠶᠢᠨ ᠠᠷᠠᠯᠵᠢᠶ᠎ᠠ  ᠶᠢ ᠦᠷᠬᠡᠳᠬᠡᠵᠣ᠂ ᠬᠤᠳᠠ  ᠶᠢᠨ ᠬᠡᠪᠴᠢᠶᠡᠨ ᠳᠠᠬᠢ ᠴᠠᠬᠢᠯᠭᠠᠨ ᠭᠦᠴᠦᠨ  ᠤ ᠡᠬᠢ ᠪᠠᠶᠠᠯᠢᠭ  ᠢ ᠰᠢᠯᠢᠳᠡᠭᠵᠢᠭᠦᠯᠦᠨ ᠲᠣᠬᠢᠷᠠᠭᠤᠯᠬᠤ  ᠶᠢ ᠠᠬᠢᠭᠤᠯᠣᠨ᠎ᠠ᠃      ᠨᠡᠶᠢᠳᠡ  ᠶᠢᠨ ᠦᠮᠴᠢᠯᠡᠯ  ᠤᠨ ᠪᠣᠰᠣ ᠠᠵᠣ ᠠᠬᠤᠢ  ᠶᠢ ᠬᠦᠭᠵᠢᠭᠦᠯᠦᠨ ᠪᠣᠵᠠᠭᠠᠶᠢᠷᠠᠭᠤᠯᠣᠨ᠎ᠠ᠃ ᠡᠷᠬᠡ ᠠᠰᠢᠭ᠂ ᠠᠵᠠ ᠲᠤᠬᠢᠶᠠᠯ᠂  ᠵᠢᠮ᠎ᠠ ᠬᠠᠤᠯᠢ ᠶᠢ ᠡᠷᠬᠡ ᠲᠡᠭᠰᠢ ᠪᠠᠶᠢᠯᠭᠠᠬᠤ  ᠶᠢ ᠪᠠᠷᠢᠮᠳᠠᠯᠠᠵᠣ᠂ ︽ᠴᠠᠭᠠᠵᠠ ᠦᠭᠡᠢ ᠪᠤᠯ ᠤᠷᠤᠭᠤᠯᠬᠤ︾ ᠵᠠᠷᠴᠢᠮ ᠶᠤᠰᠤᠭᠠᠷ᠂ ︽ᠨᠠᠵᠠᠭᠠᠢ ᠲᠠᠯ᠎ᠠ  ᠶᠢᠨ ᠨᠠᠷᠢᠨ ᠲᠠᠩᠰᠠ︾ ᠶᠢᠨ ᠬᠠᠮᠢᠶᠠᠷᠤᠯᠳᠠ ᠶᠢᠨ ᠵᠠᠭᠪᠣᠷ  ᠢ ᠬᠡᠷᠡᠭᠵᠢᠭᠦᠯᠵᠣ᠂ ᠡᠮᠤᠨᠡᠭᠢ ᠬᠢᠨᠠᠨ ᠵᠦᠪᠰᠢᠶᠡᠷᠡᠬᠦ ᠵᠣᠶᠢᠯᠡᠰ  ᠢ ᠴᠡᠪᠡᠷᠯᠡᠨ  ᠲᠣᠬᠢᠷᠠᠭᠤᠯᠵᠣ᠂ ᠲᠠᠩᠰᠠᠯᠠᠭᠤᠯᠬᠤ ᠬᠠᠮᠤᠭ ᠲᠤᠤᠷ᠎ᠠ  ᠬᠦᠷᠦᠩᠭᠡ ᠶᠢᠨ ᠬᠢᠵᠠᠭᠠᠷᠯᠠᠯ  ᠢ ᠦᠭᠡᠶᠢᠰᠭᠡᠵᠤ᠂ ᠨᠡᠶᠢᠳᠡ  ᠶᠢᠨ ᠦᠮᠴᠢᠯᠡᠯ  ᠤᠨ ᠪᠣᠰᠣ ᠠᠵᠣ ᠠᠬᠤᠶᠢᠯᠠᠯ  ᠢ ᠰᠠᠭᠤᠷᠢ ᠲᠦᠭᠦᠭᠡᠷᠣᠮᠵᠢ᠂ ᠬᠤᠳᠠ  ᠶᠢᠨ ᠶᠠᠪᠣᠳᠠᠯ  ᠤᠨ ᠨᠡᠶᠢᠳᠡ  ᠶᠢᠨ ᠬᠡᠷᠡᠭᠯᠡᠬᠡᠨ  ᠤ ᠠᠵᠢᠯ ᠣᠶᠢᠯᠡᠰ᠂ ᠨᠡᠶᠢᠬᠡᠮ  ᠤᠨ ᠠᠵᠢᠯ ᠣᠶᠢᠯᠡᠰ ᠪᠠ ᠮᠦᠩᠭᠦᠨ ᠭᠦᠢᠯᠬᠡᠬᠡᠨ ᠤ ᠣᠶᠢᠯᠡᠴᠢᠯᠡᠭᠡ ᠵᠡᠷᠬᠡ ᠬᠦᠷᠢᠶ᠎ᠡ ᠬᠡᠪᠴᠢᠶᠡᠨ  ᠳᠤ ᠡᠷᠬᠡ ᠲᠡᠭᠰᠢ  ᠪᠠᠷ ᠣᠷᠣᠭᠤᠯᠬᠤ  ᠶᠢ ᠠᠬᠢᠭᠤᠯᠣᠨ᠎ᠠ᠃ ᠨᠣᠳᠤᠭ  ᠤᠨ ᠠᠷᠠᠳ  ᠤᠨ ᠡᠵᠡᠩᠨᠡᠯ  ᠤᠨ ᠠᠵᠣ ᠠᠬᠤᠶᠢᠯᠠᠯ  ᠢ ᠲᠡᠮᠵᠢᠨ ᠪᠣᠵᠠᠭᠠᠶᠢᠷᠠᠭᠤᠯᠣᠨ ᠭᠦᠴᠦᠷᠬᠡᠭᠵᠢᠭᠦᠯᠵᠣ᠂ ᠨᠤᠳᠤᠭ  ᠤᠨ ᠠᠷᠠᠳ  ᠤᠨ ᠡᠵᠡᠩᠨᠡᠯ  ᠤᠨ ᠠᠵᠣ ᠠᠬᠤᠶᠢᠯᠠᠯ ᠢ ᠣᠷᠣᠭᠤᠯᠣᠭᠰᠠᠨ ᠠᠵᠣ ᠠᠬᠤᠶᠢᠯᠠᠯ ᠲᠠᠢ ᠬᠠᠷᠢᠯᠴᠠᠨ ᠬᠤᠪᠢ ᠣᠷᠣᠭᠤᠯᠵᠣ᠂ ᠠᠪᠤᠴᠠᠯᠳᠤᠨ ᠬᠠᠮᠳᠣᠷᠠᠨ  ᠠᠵᠢᠯᠯᠠᠬᠤ ᠶᠢ ᠵᠤᠷᠢᠭᠵᠢᠭᠤᠯᠵᠤ᠂ ᠡᠬᠢ ᠪᠠᠶᠠᠯᠢᠭ᠂ ᠬᠦᠷᠦᠩᠬᠡ᠂ ᠮᠡᠷᠭᠡᠵᠢᠯ᠂ ᠴᠢᠳᠠᠪᠦᠷᠢᠳᠠᠨ᠂ ᠬᠠᠮᠢᠶᠠᠷᠣᠯᠳᠠ  ᠶᠢᠨ ᠲᠠᠪᠠᠭᠤᠯᠢᠭ  ᠢᠶᠠᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠬᠦᠯᠦᠨ᠎ᠠ᠃ ᠨᠡᠶᠢᠳᠡ  ᠶᠢᠨ ᠦᠮᠴᠢᠯᠡᠯ ᠤᠨ ᠪᠣᠰᠣ ᠠᠵᠣ ᠠᠬᠤᠶᠢᠯᠠᠯ  ᠢ ᠲᠠᠭᠠᠭᠤᠯᠣᠨ ᠲᠡᠬᠡᠳᠣ ᠰᠢᠨ᠎ᠡ ᠮᠡᠷᠭᠡᠵᠢᠯ  ᠢ ᠬᠡᠷᠡᠭᠯᠡᠨ ᠣᠯᠠᠮᠵᠢᠯᠠᠯᠳᠣ ᠠᠵᠣ ᠣᠶᠢᠯᠡᠰ  ᠢ ᠦᠬᠡᠷᠡᠴᠢᠯᠡᠨ ᠲᠡᠭᠡᠭᠰᠢᠯᠡᠭᠦᠯᠵᠣ᠂ ᠡᠬᠢ ᠪᠠᠶᠠᠯᠢᠭ  ᠤᠨ ᠪᠣᠰᠣ ᠬᠡᠯᠪᠡᠷᠢ ᠶᠢᠨ ᠠᠵᠣ ᠣᠶᠢᠯᠡᠰ  ᠢ ᠬᠦᠭᠵᠢᠭᠦᠯᠦᠨ᠎ᠡ᠃ ᠣᠯᠣᠰ  ᠤᠨ ᠦᠮᠴᠢᠯᠡᠯᠳᠤ ᠬᠦᠷᠦᠩᠬᠡ᠂ ᠬᠠᠮᠳᠣ ᠶᠢᠨ ᠬᠦᠷᠦᠩᠬᠡ᠂ ᠨᠡᠶᠢᠳᠡ  ᠶᠢᠨ ᠦᠮᠴᠢᠯᠡᠯ  ᠤᠨ ᠪᠣᠰᠣ ᠬᠦᠷᠦᠩᠬᠡ   ᠶᠢᠨ ᠰᠤᠯᠪᠢᠴᠠᠨ ᠰᠲ᠋ᠤᠺ  ᠡᠵᠡᠮᠰᠢᠬᠦ᠂ ᠬᠠᠷᠢᠯᠴᠠᠨ ᠨᠡᠶᠢᠯᠡᠬᠦ ᠶᠢ ᠲᠠᠮᠵᠢᠵᠤ᠂ ᠬᠤᠯᠢᠮᠠᠭ ᠦᠮᠴᠢᠯᠡᠯ  ᠤᠨ ᠠᠵᠣ ᠠᠬᠤᠢ  ᠶᠢ ᠬᠦᠭᠵᠢᠭᠦᠯᠦᠨ᠎ᠡ᠃ ᠠᠵᠤ ᠠᠬᠤᠶᠢᠯᠠᠯ  ᠳᠤ ᠦᠢᠯᠡᠴᠢᠯᠡᠬᠦ ᠢᠨᠵᠧᠨᠧᠷᠢᠩ  ᠢ ᠶᠡᠭᠡᠪᠡᠷ ᠬᠡᠷᠡᠭᠵᠢᠬᠦᠯᠵᠤ᠂ ᠠᠵᠤ ᠠᠬᠤᠶᠢᠯᠠᠯ  ᠤᠨ ᠬᠦᠭᠵᠢᠯᠳᠠ ᠶᠢ ᠲᠡᠮᠵᠢᠬᠦ ᠡᠯ᠎ᠠ ᠲᠦᠷᠦᠯ  ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ  ᠢ ᠦᠨᠡᠨᠬᠦ ᠬᠠᠪᠰᠤᠷᠤᠨ ᠢᠳᠡᠭᠡᠮᠵᠢᠳᠤ ᠵᠢᠭᠡᠯᠡᠯᠭᠡ ᠠᠪᠴᠤ ᠪᠠᠯᠠ ᠴᠤᠭᠯᠠᠭᠤᠯᠬᠤ᠂ ᠵᠠᠬ᠎ᠠ ᠲᠡᠯᠭᠡᠬᠦᠷ  ᠤᠨ ᠨᠡᠭᠡᠭᠡᠯᠳᠠ ᠬᠢᠬᠦ᠂ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢᠨ ᠬᠦᠴᠦᠨ ᠵᠦᠢᠯ  ᠤᠨ ᠬᠢᠵᠠᠭᠠᠷᠯᠠᠯ ᠵᠡᠷᠭᠡ ᠬᠦᠴᠢᠷᠳᠡᠯ ᠪᠠ ᠠᠰᠠᠭᠤᠳᠠᠯ  ᠢ  ᠰᠢᠢᠳᠪᠦᠷᠢᠯᠠᠨ ᠦᠭᠴᠤ᠂ ᠠᠵᠤ ᠠᠬᠤᠶᠢᠯᠠᠯ  ᠤᠨ ᠲᠤᠭᠳᠠᠭᠤᠨ  ᠢᠶᠠᠷ ᠦᠢᠯᠡᠳᠪᠦᠷᠢᠯᠡᠬᠦ   ᠶᠢ ᠠᠬᠢᠭᠤᠯᠵᠤ᠂ ᠬᠦᠴᠢᠷᠳᠡᠯᠳᠡᠢ ᠠᠵᠤ ᠠᠬᠤᠶᠢᠯᠠᠯ  ᠢ ᠪᠦᠬᠦ ᠬᠦᠴᠦᠨ  ᠢᠶᠠᠷ  ᠢᠶᠠᠨ ᠲᠠᠮᠵᠢᠨ ᠬᠦᠴᠢᠷᠳᠡᠯ  ᠢ ᠲᠤᠭᠤᠯᠤᠨ᠎ᠠ᠃      ᠭᠠᠳᠠᠨᠡᠬᠢ ᠲᠠᠢ ᠴᠢᠯᠣᠬᠡᠲᠠᠢ ᠶᠠᠪᠣᠯᠴᠠᠬᠤ ᠪᠠ ᠰᠢᠨᠵᠢᠯᠡᠬᠦ ᠣᠬᠠᠭᠠᠨ ᠮᠡᠷᠭᠡᠵᠢᠯ  ᠤᠨ ᠰᠢᠨ᠎ᠡ  ᠶᠢ ᠡᠭᠦᠳᠬᠦ ᠬᠢᠷᠢ ᠲᠦᠪᠰᠢᠨ  ᠢ ᠲᠡᠭᠡᠭᠰᠢᠯᠡᠭᠦᠯᠦᠨ᠎ᠡ᠃ ᠬᠦᠷᠢᠶᠡᠯᠡᠩ  ᠤᠨ ᠬᠤᠳᠠᠯᠳᠣᠭᠠᠴᠢᠨ ᠣᠷᠢᠬᠤ ᠪᠠ ᠠᠵᠣ ᠣᠶᠢᠯᠡᠰ ᠤᠨ ᠬᠡᠯᠬᠢᠶ᠎ᠡ  ᠪᠠᠷ ᠬᠤᠳᠠᠯᠳᠣᠭᠠᠴᠢᠨ ᠣᠷᠢᠬᠤ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ ᠣᠯᠣᠰ  ᠤᠨ ᠲᠣᠳᠣᠭᠠᠳᠣ ᠭᠠᠳᠠᠭᠠᠳᠣ  ᠶᠢᠨ ᠦᠵᠦᠭᠦᠷ ᠲᠡᠰ  ᠤᠨ ᠠᠵᠣ ᠣᠶᠢᠯᠡᠰ᠂ ᠲᠡᠷᠢᠭᠦᠨ ᠤ ᠮᠡᠷᠭᠡᠵᠢᠯ ᠪᠠ ᠪᠡᠯᠡ ᠮᠦᠩᠭᠦ  ᠶᠢ  ᠢᠳᠡᠪᠬᠢᠲᠠᠢ  ᠣᠷᠣᠭᠤᠯᠵᠣ ᠂ ᠬᠦᠭᠵᠢᠭᠰᠡᠨ ᠭᠠᠵᠠᠷ  ᠣᠷᠣᠨ   ᠤ ᠠᠵᠣ ᠣᠶᠢᠯᠡᠰ  ᠤᠨ ᠰᠢᠯᠵᠢᠯᠳᠡ ᠶᠢ  ᠰᠠᠨᠠᠭᠠᠴᠢᠯᠠᠭ᠎ᠠ   ᠠᠴᠠ  ᠪᠠᠨ  ᠲᠣᠰᠣᠨ  ᠠᠪᠴᠣ᠂ ᠤᠯᠤᠰ  ᠤᠨ ᠲᠤᠳᠤᠭᠠᠳᠤ ︵ᠣᠷᠣᠨ  ᠤ ᠭᠠᠳᠠᠨᠠᠬᠢ︶ ᠶᠢᠨ ᠪᠡᠯᠡ ᠮᠦᠩᠭᠦ ᠶᠢ 640 ᠳ᠋ᠦᠩᠰᠢᠭᠤᠷ ᠲᠦᠭᠦᠷᠢᠭ  ᠤᠷᠤᠭᠤᠯᠤᠨ᠎ᠠ᠃ ᠣᠷᠣᠨ ᠪᠦᠰᠠ ᠶᠢᠨ ᠬᠠᠮᠳᠣᠷᠠᠯᠴᠠᠭ᠎ᠠ ᠶᠢ ᠴᠢᠩᠭᠠᠳᠬᠠᠵᠣ᠂  ᠴᠡᠪᠡᠷ ᠡᠨᠧᠷᠬᠢ   ᠶᠢᠨ ᠬᠠᠩᠭᠠᠯᠭ᠎ᠠ ᠬᠡᠷᠡᠭᠴᠡᠭᠡ ᠶᠢᠨ ᠬᠦᠷᠢᠶ᠎ᠡ ᠬᠡᠪᠴᠢᠶᠡᠨ  ᠳᠤ ᠡᠨᠧᠷᠬᠢ ᠶᠢᠨ ᠭᠤᠣᠯ ᠬᠡᠷᠡᠭᠯᠡᠬᠡᠨ  ᠤ ᠭᠠᠵᠠᠷ ᠣᠷᠣᠨ ᠲᠠᠢ ᠬᠠᠷᠢᠯᠴᠠᠨ ᠠᠰᠢᠭ  ᠲᠠᠢ ᠬᠠᠮᠳᠤ ᠪᠠᠷ ᠠᠰᠢᠭ ᠬᠤᠨᠵᠢᠪᠤᠷᠢ ᠤᠯᠬᠤ ᠬᠠᠮᠳᠤᠷᠠᠯᠴᠠᠭ᠎ᠠ ᠶᠢᠨ ᠬᠠᠷᠢᠴᠠᠭ᠎ᠠ ᠶᠢ ᠪᠠᠶᠢᠭᠤᠯᠣᠨ᠎ᠠ᠃ ᠰᠢᠨᠵᠢᠯᠡᠬᠦ ᠣᠬᠠᠭᠠᠨ ᠮᠡᠷᠭᠡᠵᠢᠯ  ᠤᠨ ᠣᠷᠣᠭᠤᠯᠣᠯᠳᠠ  ᠶᠢᠨ ᠭᠦᠴᠦᠯᠡᠴᠡ  ᠶᠢ ᠨᠡᠮᠡᠭᠳᠡᠭᠦᠯᠵᠣ᠂ ᠲᠣᠮᠳᠠᠳᠣ ᠤᠯᠤᠰ  ᠤᠨ  ᠰᠢᠨᠵᠢᠯᠡᠬᠦ ᠣᠬᠠᠭᠠᠨ  ᠤ ᠬᠦᠷᠢᠶᠡᠯᠡᠩ᠂ ᠴᠢᠩᠬᠤᠸᠠ ᠶᠡᠭᠡ ᠰᠣᠷᠭᠠᠭᠤᠯᠢ ᠵᠡᠷᠬᠡ ᠡᠷᠳᠡᠮ ᠰᠢᠨᠵᠢᠯᠡᠬᠡᠨ  ᠤ ᠬᠦᠷᠢᠶᠡᠯᠡᠩ ᠲᠠᠢ ᠬᠠᠮᠳᠣᠷᠠᠨ ᠠᠵᠢᠯᠯᠠᠬᠤ  ᠶᠢ ᠴᠢᠩᠭᠠᠳᠬᠠᠵᠣ᠂ ᠴᠢᠩᠬᠤᠸᠠ ᠶᠢᠨ ᠲᠣᠣᠷ᠎ᠠ ᠨᠡᠭᠦᠷᠡᠰᠦᠳᠦ᠋ᠷᠦᠭᠴᠢ  ᠶᠢᠨ ᠲᠠᠪᠬᠤᠷ ᠢᠰᠣᠯ ᠤᠨ ᠬᠦᠨᠳᠡᠢ  ᠶᠢᠨ ᠨᠢᠭᠡᠳᠣᠬᠡᠷ ᠬᠤᠭᠤᠴᠠᠭᠠᠨ  ᠤ ᠪᠦᠲᠦᠬᠡᠨ ᠪᠠᠶᠢᠭᠤᠯᠣᠯᠳᠠ ᠶᠢᠨ ᠡᠭᠦᠷᠬᠡ  ᠶᠢ ᠪᠡᠶᠡᠯᠡᠭᠦᠯᠦᠨ᠎ᠡ᠃ ᠣᠯᠣᠰ  ᠤᠨ ᠲᠡᠰ  ᠤᠨ ᠲᠡᠬᠡᠳᠣ ᠰᠢᠨ᠎ᠡ ᠮᠡᠷᠭᠡᠵᠢᠯ  ᠤᠨ ᠠᠵᠣ ᠣᠶᠢᠯᠡᠰ  ᠤᠨ ᠬᠦᠷᠢᠶᠡᠯᠡᠩ ᠢ ᠭᠤᠶᠣᠴᠢᠯᠠᠨ ᠮᠡᠳᠡᠭᠦᠯᠬᠦ ᠠᠵᠢᠯ  ᠢ ᠰᠠᠶᠢᠳᠣᠷ ᠬᠢᠵᠣ᠂ ᠵᠦᠬᠡᠯᠡᠨ ᠬᠡᠷᠡᠭᠰᠡᠯ  ᠤᠨ ᠬᠦᠷᠢᠶᠡᠯᠡᠩ᠂ ᠨᠡᠪᠴᠢᠭᠦᠯᠬᠦ ᠰᠠᠪᠠ  ᠶᠢᠨ ᠪᠦᠲᠦᠬᠡᠨ ᠪᠠᠶᠢᠭᠤᠯᠣᠯᠳᠠ ᠶᠢ ᠲᠦᠷᠬᠡᠳᠬᠡᠨ᠎ᠡ᠃ ︽ᠴᠢᠳᠠᠪᠦᠷᠢᠳᠠᠨ  ᠤ ᠣᠷᠳᠣᠰ︾  ᠤᠨ ᠪᠠᠶᠢᠯᠳᠣᠬᠤ ᠪᠣᠳᠣᠯᠭ᠎ᠠ  ᠶᠢ ᠬᠦᠨᠵᠡᠬᠡᠢ  ᠬᠡᠷᠡᠭᠵᠢᠬᠦᠯᠵᠤ᠂ ᠡᠯ᠎ᠠ ᠲᠦᠷᠦᠯ  ᠤᠨ ᠴᠢᠳᠠᠪᠤᠷᠢᠳᠠᠳ  ᠢ ᠨᠢᠭᠡᠳᠦᠯᠳᠠᠢ ᠲᠦᠯᠦᠪᠵᠢᠬᠦᠯᠦᠨ  ᠬᠦᠮᠦᠵᠢᠬᠦᠯᠬᠦ ᠪᠠ ᠤᠷᠤᠭᠤᠯᠵᠤ᠂ ᠴᠢᠳᠠᠪᠤᠷᠢᠳᠠᠨ  ᠤ ᠠᠵᠢᠯ  ᠤᠨ ᠬᠢᠷᠢ ᠲᠦᠪᠰᠢᠨ  ᠢ ᠲᠡᠭᠡᠭᠰᠢᠯᠡᠬᠦᠯᠦᠨ᠎ᠠ᠃      ︵ᠲᠠᠪᠤ︶ ᠨᠡᠶᠢᠬᠡᠮ  ᠤᠨ ᠬᠠᠮᠢᠶᠠᠷᠣᠯᠳᠠ  ᠶᠢ ᠴᠢᠩᠭᠠᠳᠬᠠᠬᠤ ᠪᠠ ᠰᠢᠨ᠎ᠡ  ᠶᠢ ᠡᠭᠦᠳᠴᠣ᠂ ᠠᠶᠣᠯ ᠲᠦᠭᠰᠢᠭᠦᠷᠢ  ᠶᠢ ᠰᠡᠷᠭᠡᠶᠢᠯᠡᠨ ᠡᠵᠡᠮᠰᠢᠬᠦ ᠠᠷᠭ᠎ᠠ ᠬᠡᠮᠵᠢᠶ᠎ᠡ  ᠶᠢ ᠨᠠᠶᠢᠳᠠᠪᠦᠷᠢᠵᠢᠭᠤᠯᠵᠣ᠂ ᠨᠡᠶᠢᠬᠡᠮ ᠤᠨ ᠡᠶ᠎ᠡ ᠵᠤᠬᠢᠴᠠᠯ ᠠᠮᠣᠷ ᠲᠣᠭᠳᠠᠭᠤᠨ  ᠢ ᠪᠠᠳᠣᠯᠠᠨ᠎ᠠ᠃      ᠨᠡᠶᠢᠬᠡᠮ  ᠤᠨ ᠬᠠᠮᠢᠶᠠᠷᠣᠯᠳᠠ  ᠶᠢᠨ ᠲᠣᠭᠳᠠᠴᠠ  ᠶᠢᠨ ᠰᠢᠨ᠎ᠡ  ᠶᠢ ᠡᠭᠦᠳᠦᠨ᠎ᠡ᠃ ᠣᠯᠣᠰ  ᠤᠨ ᠨᠡᠶᠢᠬᠡᠮ  ᠤᠨ ᠬᠠᠮᠢᠶᠠᠷᠣᠯᠳᠠ ᠶᠢᠨ ᠰᠢᠨ᠎ᠡ  ᠶᠢ ᠡᠭᠦᠳᠬᠦ ᠲᠣᠷᠰᠢᠯᠳᠠ  ᠶᠢᠨ ᠴᠡᠭ  ᠤᠨ ᠬᠤᠳᠠ ᠶᠢᠨ ᠪᠦᠲᠦᠬᠡᠨ ᠪᠠᠶᠢᠭᠤᠯᠣᠯᠳᠠ  ᠶᠢ ᠠᠬᠢᠭᠤᠯᠵᠣ᠂ ᠨᠡᠶᠢᠬᠡᠮ  ᠤᠨ ᠬᠠᠮᠢᠶᠠᠷᠣᠯᠳᠠ  ᠶᠢᠨ ᠭᠤᠣᠯ ᠴᠣᠭᠴᠠ  ᠶᠢᠨ ᠣᠯᠠᠨ ᠡᠰᠢᠵᠢᠭᠰᠡᠨ ᠪᠦᠲᠦᠴᠡ  ᠶᠢ ᠲᠦᠷᠬᠡᠳᠬᠡᠨ ᠪᠠᠶᠢᠭᠤᠯᠣᠨ᠎ᠠ᠃ ᠵᠠᠬᠢᠳᠠᠯ ᠰᠣᠷᠪᠣᠯᠵᠢᠯᠠᠭ᠎ᠠ ᠤᠨ ᠵᠣᠶᠢᠯᠡᠰ  ᠢ ᠰᠦᠯᠵᠢᠶᠡᠨ ᠲᠡᠬᠡᠷ᠎ᠡ ᠬᠦᠯᠢᠶᠡᠨ ᠠᠪᠴᠣ ᠰᠢᠢᠳᠪᠦᠷᠢᠯᠡᠬᠦ  ᠶᠢ ᠬᠡᠷᠡᠭᠵᠢᠭᠦᠯᠵᠣ᠂ ᠬᠠᠣᠯᠢ᠂ ᠵᠠᠷᠭᠤ  ᠳᠤ ᠬᠤᠯᠪᠣᠭᠳᠠᠬᠤ ᠵᠠᠬᠢᠳᠠᠯ ᠰᠣᠷᠪᠣᠯᠵᠢᠯᠠᠭ᠎ᠠ  ᠶᠢᠨ ᠬᠡᠷᠡᠭ  ᠢ ᠬᠠᠣᠯᠢ ᠶᠣᠰᠣᠭᠠᠷ ᠲᠠᠭᠤᠰᠬᠠᠬᠤ ᠲᠦᠷᠢᠮ  ᠢ ᠨᠠᠶᠢᠳᠠᠪᠦᠷᠢᠵᠢᠭᠤᠯᠣᠨ᠎ᠠ᠃ ᠡᠬᠢ ᠪᠠᠶᠠᠯᠢᠭ ᠤᠨ ᠨᠡᠭᠡᠭᠡᠯᠳᠠ᠂ ᠣᠷᠴᠢᠨ ᠲᠣᠭᠤᠷᠢᠨ  ᠤ ᠪᠣᠬᠢᠷᠳᠣᠯ᠂ ᠪᠤᠴᠠᠭᠠᠨ ᠨᠡᠬᠦᠯᠭᠡᠵᠤ ᠲᠣᠬᠢᠷᠠᠭᠤᠯᠬᠤ᠂ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ  ᠤ ᠴᠠᠯᠢᠩ  ᠢ ᠰᠣᠯᠢᠨ ᠦᠭᠬᠦ ᠵᠡᠷᠬᠡ ᠬᠦᠷᠢᠶ᠎ᠡ ᠬᠡᠪᠴᠢᠶᠡᠨ  ᠤ ᠵᠦᠷᠢᠴᠡᠯ ᠵᠢᠭᠤᠷᠠᠯᠳᠣᠭᠠᠨ  ᠢ ᠵᠢᠬᠰᠠᠭᠠᠨ ᠪᠠᠶᠢᠴᠠᠭᠠᠵᠤ ᠡᠶᠡᠳᠡᠬᠦᠯᠦᠨ ᠰᠢᠢᠳᠪᠦᠷᠢᠯᠡᠬᠦ ᠭᠦᠴᠦᠯᠡᠴᠡ  ᠶᠢ ᠨᠡᠮᠡᠭᠳᠡᠭᠦᠯᠵᠣ᠂ ᠵᠠᠬᠢᠳᠠᠯ ᠰᠣᠷᠪᠣᠯᠵᠢᠯᠠᠭ᠎ᠠ ᠶᠢᠨ ᠲᠠᠷᠣᠭᠳᠠᠮᠠᠯ ᠬᠡᠷᠡᠭ  ᠢ ᠢᠳᠡᠪᠬᠢᠲᠠᠢ ᠰᠢᠢᠳᠪᠦᠷᠢᠯᠡᠨ᠎ᠡ᠃ ᠠᠮᠤᠭᠤᠯᠠᠩ ᠣᠷᠳᠣᠰ  ᠤᠨ ᠪᠦᠳᠦᠭᠡᠨ ᠪᠠᠶᠢᠭᠤᠯᠣᠯᠳᠠ  ᠶᠢ ᠬᠦᠨᠵᠡᠬᠡᠢ ᠠᠬᠢᠭᠤᠯᠵᠣ᠂  ᠵᠦᠷᠢᠯᠢᠭᠵᠢᠭᠰᠡᠨ ᠠᠮᠣᠷ ᠲᠦᠪᠰᠢᠨ  ᠢ  ᠬᠠᠮᠠᠭᠠᠯᠠᠬᠤ ᠰᠡᠷᠭᠡᠶᠢᠯᠡᠨ ᠡᠵᠡᠮᠰᠢᠬᠦ ᠰᠢᠰᠲ᠋ᠧᠮᠵᠢ  ᠶᠢ ᠲᠡᠭᠦᠯᠳᠡᠷᠵᠢᠭᠦᠯᠵᠣ᠂ ᠠᠮᠣᠷ ᠲᠦᠪᠰᠢᠨ ᠢ ᠬᠠᠮᠠᠭᠠᠯᠠᠬᠤ ᠰᠡᠷᠭᠡᠶᠢᠯᠡᠨ ᠡᠵᠡᠮᠰᠢᠬᠦ ᠶᠢ ᠴᠢᠮᠡᠭᠡ ᠵᠠᠩᠬᠢᠴᠢᠯᠠᠬᠤ ᠪᠠ  ᠨᠡᠶᠢᠭᠡᠮᠴᠢᠯᠡᠬᠦ ᠬᠢᠷᠢ ᠲᠦᠪᠰᠢᠨ  ᠢ ᠲᠡᠭᠡᠭᠰᠢᠯᠡᠭᠦᠯᠦᠨ᠎ᠡ᠃ ᠡᠯ᠎ᠡ ᠲᠦᠷᠦᠯ  ᠤᠨ ᠡᠷᠡᠭᠦᠣ  ᠶᠢᠨ ᠬᠡᠷᠡᠭ ᠤᠨ ᠶᠠᠯᠡᠳᠤ ᠠᠵᠢᠯᠯᠠᠭ᠎ᠠ  ᠳᠤ ᠴᠢᠩᠭ᠎ᠠ ᠴᠣᠬᠢᠯᠳᠠ ᠦᠭᠴᠣ᠂ ᠬᠠᠮᠳᠣᠷᠠᠨ ᠪᠠᠶᠢᠯᠳᠣᠬᠤ ᠴᠢᠳᠠᠪᠦᠷᠢ  ᠶᠢ ᠦᠨᠡᠨᠬᠦ ᠲᠡᠭᠡᠭᠰᠢᠯᠡᠭᠦᠯᠦᠨ᠎ᠡ᠃ ᠢᠳᠡᠬᠡᠨ ᠡᠮ ᠤᠨ ᠵᠣᠶᠢᠯ  ᠤᠨ ᠠᠶᠣᠯ ᠦᠬᠡᠢ ᠶᠢᠨ ᠬᠢᠨᠠᠨ ᠬᠠᠮᠢᠶᠠᠷᠣᠯᠳᠠ ᠶᠢ ᠴᠢᠩᠭᠠᠳᠬᠠᠵᠣ᠂ ᠪᠠᠷᠢᠮᠵᠢᠶ᠎ᠠ  ᠶᠢ ᠴᠢᠩᠭᠠᠷᠠᠭᠤᠯᠵᠣ᠂ ᠴᠢᠩᠭ᠎ᠠ ᠰᠢᠳᠬᠡᠵᠣ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠣ᠂ ᠠᠷᠠᠳ ᠲᠦᠮᠡᠨ  ᠤ ᠢᠳᠡᠬᠡᠨ ᠤᠮᠳᠠᠭᠠᠨ ᠬᠡᠷᠡᠭᠯᠡᠬᠦ ᠡᠮ  ᠤᠨ ᠠᠶᠣᠯ ᠦᠬᠡᠢ  ᠶᠢ ᠪᠠᠳᠣᠯᠠᠨ᠎ᠠ᠃ ᠨᠡᠶᠢᠬᠡᠮ ᠤᠨ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠢᠳᠡᠬᠡᠮᠵᠢ ᠶᠢᠨ ︽ᠬᠠᠷ᠎ᠠ ᠲᠠᠩᠰᠠ︾ ᠪᠠ ᠢᠳᠡᠬᠡᠯ  ᠢᠶᠠᠨ ᠠᠯᠳᠠᠪᠠᠯ ᠶᠠᠯᠠᠯᠠᠨ ᠰᠢᠳᠬᠡᠬᠦ ᠲᠦᠷᠢᠮ ᠢ ᠪᠠᠶᠢᠭᠤᠯᠵᠣ᠂ ᠡᠳ᠋ ᠬᠦᠷᠦᠩᠬᠡ  ᠪᠠᠨ ᠨᠢᠭᠤᠵᠣ ᠲᠠᠯᠳᠠᠯᠠᠬᠤ᠂ ᠮᠠᠭᠤ ᠰᠠᠨᠠᠭ᠎ᠠ ᠪᠠᠷ ᠦᠷᠢ  ᠠᠴᠠ ᠵᠠᠶᠢᠯᠠᠬᠤ᠂ ᠵᠣᠭᠤᠰ ᠪᠠᠶᠢᠭᠠᠳ ᠬᠤᠯᠠᠬᠤ ᠦᠬᠡᠢ ᠵᠡᠷᠬᠡ ᠦᠷᠢ  ᠪᠠᠨ ᠮᠡᠯᠵᠢᠬᠦ ᠣᠶᠢᠯᠠ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠣ᠂ ᠦᠨᠡᠨᠴᠢ ᠢᠳᠡᠭᠡᠮᠵᠢᠳᠠᠢ ᠣᠷᠳᠣᠰ ᠤᠨ ᠲᠦᠷᠢ ᠲᠦᠷᠬᠦ ᠶᠢ ᠱᠤᠭᠤᠨ᠎ᠠ᠃ ᠪᠠᠴᠢᠮ ᠪᠠᠶᠢᠳᠠᠯ  ᠢ ᠠᠷᠭᠠᠴᠠᠭᠠᠬᠤ ᠰᠢᠰᠲ᠋ᠧᠮᠵᠢ  ᠶᠢ ᠲᠡᠭᠦᠯᠳᠡᠷᠵᠢᠭᠦᠯᠵᠣ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ  ᠶᠢᠨ ᠪᠠᠶᠢᠭᠤᠯᠤᠯᠳᠠ ᠪᠠ ᠠᠪᠣᠷᠠᠨ ᠲᠣᠰᠠᠯᠠᠬᠤ ᠰᠣᠷᠢᠯᠳᠠ ᠶᠢ ᠴᠢᠩᠭᠠᠳᠬᠠᠵᠣ᠂ ᠬᠡᠨᠡᠳᠳᠡ  ᠶᠢᠨ ᠬᠡᠷᠡᠭ ᠪᠠ ᠪᠠᠶᠢᠭᠠᠯᠢ  ᠶᠢᠨ ᠭᠠᠢ ᠭᠠᠮᠰᠢᠭ  ᠢ ᠰᠢᠢᠳᠪᠦᠷᠢᠯᠡᠬᠦ ᠴᠢᠳᠠᠪᠦᠷᠢ  ᠶᠢ ᠲᠡᠭᠡᠭᠰᠢᠯᠡᠭᠦᠯᠦᠨ᠎ᠡ᠃ ᠠᠷᠠᠳ  ᠤᠨ ᠵᠢᠬᠡᠯᠡᠯᠬᠡ  ᠶᠢᠨ ᠵᠢᠭᠤᠷᠠᠯᠳᠣᠭᠠᠨ  ᠢ ᠢᠳᠡᠪᠬᠢᠲᠠᠢ ᠰᠠᠶᠢᠳᠤᠷ ᠰᠢᠢᠳᠪᠦᠷᠢᠯᠡᠵᠣ᠂ ᠠᠪᠴᠠᠭᠠᠨ  ᠤ ᠬᠦᠮᠦᠨ  ᠤ ᠬᠠᠣᠯᠢ ᠶᠣᠰᠣᠨ ᠤ ᠡᠷᠬᠡ ᠠᠰᠢᠭ  ᠢ ᠬᠠᠮᠤᠭ ᠶᠡᠭᠡ ᠬᠡᠮᠵᠢᠶ᠎ᠡ  ᠪᠠᠷ ᠪᠠᠳᠣᠯᠠᠨ᠎ᠠ᠃ ᠲᠣᠣᠷ ᠰᠦᠯᠵᠢᠶᠡᠨ  ᠤ ᠶᠠᠷᠢᠶ᠎ᠠ ᠬᠡᠯᠡᠯᠴᠡᠬᠡᠨ  ᠤ ᠪᠠᠶᠢᠳᠠᠯ  ᠢ ᠲᠡᠬᠡᠳᠣ ᠬᠡᠮᠵᠢᠶ᠎ᠡ ᠪᠠᠷ ᠴᠢᠬᠤᠯᠠᠴᠢᠯᠠᠵᠣ᠂ ᠨᠡᠶᠢᠬᠡᠮ  ᠤᠨ ᠶᠠᠷᠢᠶ᠎ᠠ ᠬᠡᠯᠡᠯᠴᠡᠭᠡ ᠶᠢ ᠵᠦᠪ  ᠲᠠᠯ᠎ᠠ ᠪᠠᠷ ᠲᠠᠭᠠᠭᠤᠯᠣᠨ᠎ᠠ᠃      ᠵᠠᠰᠠᠭ  ᠤᠨ ᠣᠷᠳᠣᠨ  ᠤ ᠴᠢᠨᠠᠷᠳᠠᠢ ᠦᠷᠢ ᠰᠢᠷᠢ  ᠶᠢᠨ ᠠᠶᠣᠯ ᠲᠦᠭᠰᠢᠭᠦᠷᠢ  ᠶᠢ ᠴᠢᠩᠭ᠎ᠠ ᠰᠡᠷᠭᠡᠶᠢᠯᠡᠨ᠎ᠡ᠃ ᠵᠠᠰᠠᠭ  ᠤᠨ ᠣᠷᠳᠣᠨ  ᠤ ᠴᠢᠨᠠᠷᠲᠠᠢ ᠦᠷᠢ ᠰᠢᠷᠢ  ᠶᠢᠨ ᠠᠶᠣᠯ ᠲᠦᠭᠰᠢᠭᠦᠷᠢ  ᠶᠢ ᠰᠡᠷᠭᠡᠶᠢᠯᠡᠨ ᠡᠵᠡᠮᠰᠢᠬᠦ ᠦᠵᠡᠯ ᠣᠬᠠᠮᠰᠠᠷ ᠪᠠ ᠴᠢᠳᠠᠪᠦᠷᠢ  ᠶᠢ ᠦᠨᠡᠨᠬᠦ ᠲᠡᠭᠡᠭᠰᠢᠯᠡᠭᠦᠯᠵᠣ᠂ ᠰᠠᠭᠤᠷᠢ ᠲᠤᠭ᠎ᠠ ᠶᠢ ᠴᠢᠨᠠᠭᠰᠢᠳᠠ ᠣᠶᠢᠯᠠᠭᠠᠵᠣ᠂ ᠰᠢᠨᠵᠢ ᠴᠢᠨᠠᠷ  ᠢ ᠢᠯᠭᠠᠨ ᠲᠣᠭᠳᠠᠭᠠᠵᠣ᠂ ᠬᠦᠷᠢᠶ᠎ᠡ ᠬᠡᠪᠴᠢᠶ᠎ᠡ ᠶᠢ ᠪᠠᠶᠢᠴᠠᠭᠠᠨ ᠲᠣᠳᠣᠯᠠᠵᠣ᠂ ᠲᠦᠰᠦᠪ  ᠢ ᠲᠣᠬᠢᠷᠠᠭᠤᠯᠬᠤ᠂ ᠵᠠᠷᠣᠯᠭ᠎ᠠ  ᠶᠢ ᠪᠠᠭᠠᠰᠬᠠᠬᠤ᠂ ᠬᠦᠷᠦᠩᠬᠡ  ᠶᠢ ᠦᠨ᠎ᠠ ᠬᠠᠶᠠᠨ ᠬᠤᠳᠠᠯᠳᠣᠬᠤ᠂ ᠠᠪᠴᠠᠭ᠎ᠠ ᠦᠭᠴᠡᠭᠡ  ᠶᠢ ᠬᠠᠷᠢᠯᠴᠠᠨ ᠲᠣᠯᠭᠠᠨ ᠣᠷᠣᠯᠠᠭᠤᠯᠬᠤ ᠵᠡᠷᠬᠡ ᠠᠷᠭ᠎ᠠ ᠬᠡᠮᠵᠢᠶ᠎ᠡ  ᠪᠠᠷ ᠲᠠᠮᠵᠢᠨ᠂ ᠪᠡᠯᠡ ᠮᠦᠩᠭᠦ  ᠶᠢ ᠢᠳᠡᠪᠬᠢᠲᠠᠢ ᠴᠣᠭᠯᠠᠭᠤᠯᠵᠣ᠂ ᠵᠠᠰᠠᠭ ᠤᠨ ᠣᠷᠳᠣᠨ  ᠤ ᠴᠢᠨᠠᠷᠳᠠᠢ ᠦᠷᠢ ᠰᠢᠷᠢ  ᠶᠢ ᠴᠡᠪᠡᠷᠯᠡᠨ ᠠᠷᠢᠯᠭᠠᠬᠤ ᠠᠵᠢᠯ  ᠢ ᠪᠦᠬᠦ ᠭᠦᠴᠦᠨ  ᠢᠶᠠᠷ ᠰᠠᠶᠢᠳᠣᠷ ᠬᠢᠵᠣ᠂ ᠦᠷᠢ ᠰᠢᠷᠢ ᠶᠢ ᠠᠷᠢᠯᠭᠠᠬᠤ ᠭᠤᠷᠪᠠᠨ ᠵᠢᠯ ᠤᠨ ᠡᠭᠦᠷᠬᠡ  ᠶᠢ ᠪᠡᠶᠡᠯᠡᠭᠦᠯᠬᠦ  ᠶᠢ ᠪᠠᠳᠣᠯᠠᠨ᠎ᠠ᠃ ᠵᠠᠰᠠᠭ  ᠤᠨ ᠣᠷᠳᠣᠨ ᠠᠴᠠ ᠲᠦᠯᠦᠭᠰᠡᠨ ᠦᠷᠢ ᠶᠢᠨ ᠪᠡᠯᠡ ᠮᠦᠩᠭᠦ  ᠶᠢ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ  ᠤᠨ ᠴᠠᠯᠢᠩ  ᠢ ᠦᠭᠬᠦ ᠪᠠ ᠠᠷᠠᠳ  ᠤᠨ ᠵᠢᠬᠡᠯᠡᠯᠬᠡ  ᠶᠢᠨ ᠬᠡᠷᠡᠭ  ᠢ ᠰᠢᠢᠳᠪᠦᠷᠢᠯᠡᠬᠦ ᠲᠡᠬᠡᠷ᠎ᠡ ᠤᠷᠢᠳᠠᠪᠠᠷ ᠬᠡᠷᠡᠭᠯᠡᠨ᠎ᠡ᠃ ︽ᠬᠠᠭᠤᠴᠢᠨ  ᠢ ᠠᠷᠢᠯᠭᠠᠬᠤ︾ ᠪᠠ     ︽ᠰᠢᠨ᠎ᠡ  ᠶᠢ ᠬᠢᠵᠠᠭᠠᠷᠯᠠᠬᠤ︾  ᠶᠢ ᠵᠡᠷᠬᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠵᠠᠰᠠᠭ  ᠤᠨ ᠣᠷᠳᠣᠨ  ᠤ ᠴᠢᠨᠠᠷᠳᠠᠢ ᠦᠷᠢ ᠰᠢᠷᠢ  ᠶᠢᠨ ᠬᠠᠮᠢᠶᠠᠷᠣᠯᠳᠠ  ᠶᠢᠨ ᠲᠦᠷᠢᠮ  ᠢ ᠪᠠᠶᠢᠭᠤᠯᠤᠨ ᠲᠦᠭᠦᠷᠴᠢᠯᠡᠵᠣ᠂ ᠵᠢᠭᠡᠯᠡᠯᠭᠡ ᠠᠪᠬᠤ  ᠶᠢ ᠬᠢᠨᠠᠨ ᠵᠦᠪᠰᠢᠶᠡᠷᠡᠬᠦ ᠲᠡᠰ ᠲᠠᠷᠠᠭᠠᠯᠠᠯ  ᠢ ᠴᠢᠩᠭᠠᠷᠠᠭᠤᠯᠵᠣ᠂ ᠦᠷᠢ ᠰᠢᠷᠢ ᠶᠢ ᠲᠦᠯᠦᠬᠦ ᠬᠠᠷᠢᠭᠤᠴᠠᠯᠭ᠎ᠠ  ᠶᠢ ᠨᠠᠶᠢᠳᠠᠪᠦᠷᠢᠵᠢᠭᠤᠯᠵᠣ᠂ ᠦᠷᠢ ᠰᠢᠷᠢ ᠶᠢ ᠲᠦᠯᠦᠬᠦ ᠪᠡᠯᠡᠳᠬᠡᠯ ᠮᠦᠩᠭᠦᠨ  ᠤ ᠲᠦᠷᠢᠮ  ᠢ ᠪᠠᠶᠢᠭᠤᠯᠵᠣ᠂ ᠵᠠᠰᠠᠭ ᠤᠨ ᠣᠷᠳᠣᠨ  ᠤ ᠴᠢᠨᠠᠷᠲᠠᠢ ᠦᠷᠢ ᠰᠢᠷᠢ  ᠶᠢ  ᠲᠦᠷᠦᠯ ᠵᠦᠢᠯ ᠢᠯᠭᠠᠨ ᠪᠦᠬᠦ ᠨᠡᠬᠡᠬᠡᠴᠡ ᠶᠢᠨ ᠲᠦᠰᠦᠪ  ᠤᠨ ᠬᠠᠮᠢᠶᠠᠷᠣᠯᠳᠠ  ᠳᠤ ᠣᠷᠣᠭᠤᠯᠣᠨ᠎ᠠ᠃ ᠵᠠᠰᠠᠭ  ᠤᠨ ᠣᠷᠳᠣᠨ ᠤ ᠪᠠᠯᠠ ᠴᠣᠭᠯᠠᠭᠤᠯᠬᠤ ᠠᠵᠢᠯᠯᠠᠭ᠎ᠠ  ᠶᠢ ᠲᠦᠷᠢᠮᠵᠢᠭᠦᠯᠵᠣ᠂ ᠵᠠᠰᠠᠭ  ᠤᠨ ᠣᠷᠳᠣᠨ  ᠤ ᠴᠢᠨᠠᠷᠲᠠᠢ ᠪᠡᠯᠡ ᠤᠷᠤᠭᠤᠯᠵᠤ ᠴᠣᠭᠯᠠᠭᠤᠯᠬᠤ ᠲᠠᠪᠴᠠᠩ  ᠢ ᠴᠡᠪᠡᠷᠯᠡᠨ ᠨᠢᠭᠡᠳᠬᠡᠨ᠎ᠡ᠃ ᠰᠢᠯᠭᠠᠨ ᠬᠢᠨᠠᠵᠣ ᠬᠠᠷᠢᠭᠤᠴᠠᠯᠭ᠎ᠠ ᠠᠰᠠᠭᠤᠬᠤ ᠭᠦᠴᠦᠯᠡᠴᠡ  ᠶᠢ ᠨᠡᠮᠡᠭᠳᠡᠭᠦᠯᠵᠣ᠂ ︽ᠦᠷᠢ ᠰᠢᠷᠢ ᠶᠢ ᠪᠤᠴᠠᠭᠠᠨ ᠲᠦᠯᠦᠬᠦ ᠨᠢ ᠴᠤ ᠵᠠᠰᠠᠭ  ᠤᠨ ᠠᠵᠢᠯ  ᠤᠨ ᠪᠦᠲᠦᠮᠵᠢ ᠪᠣᠯᠣᠨ᠎ᠠ︾ ᠬᠡᠳᠡᠭ  ᠤᠨᠤᠯᠵᠢᠭᠤᠨ ᠢ ᠪᠣᠢ ᠪᠣᠯᠭᠠᠵᠣ᠂ ᠵᠠᠰᠠᠭ  ᠤᠨ ᠣᠷᠳᠣᠨ  ᠤ ᠴᠢᠨᠠᠷᠳᠠᠢ ᠦᠷᠢ ᠰᠢᠷᠢ  ᠶᠢ  ᠠᠷᠢᠯᠭᠠᠬᠤ ᠠᠵᠢᠯ  ᠢ ᠪᠣᠳᠠᠳᠣ ᠬᠢᠷᠢ ᠪᠦᠲᠦᠮᠵᠢ  ᠶᠢ ᠰᠢᠯᠭᠠᠨ ᠬᠢᠨᠠᠬᠤ ᠭᠤᠣᠯᠳᠠᠯᠭ᠎ᠠ  ᠳᠤ ᠣᠷᠣᠭᠤᠯᠵᠣ᠂ ᠲᠣᠭᠳᠠᠭᠠᠯ ᠵᠦᠷᠢᠴᠡᠨ ᠵᠢᠭᠡᠯᠡᠯᠭᠡ ᠠᠪᠬᠤ ᠪᠠ ᠦᠷᠢ ᠰᠢᠷᠢ  ᠶᠢ  ᠠᠷᠢᠯᠭᠠᠭᠰᠠᠨ  ᠢᠶᠠᠷ ᠭᠦᠴᠦᠨ ᠦᠬᠡᠢ  ᠬᠠᠷᠢᠭᠤᠴᠠᠯᠭ᠎ᠠ ᠶᠢᠨ ᠬᠦᠮᠦᠨ  ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠠᠶᠣᠯ ᠦᠬᠡᠢ ᠣᠶᠢᠯᠡᠳᠪᠦᠷᠢᠯᠡᠯ   ᠤᠨ ᠬᠢᠨᠠᠨ ᠬᠠᠮᠢᠶᠠᠷᠣᠯᠳᠠ  ᠶᠢ ᠴᠢᠩᠭᠠᠳᠬᠠᠨ᠎ᠠ᠃ ᠠᠶᠣᠯ ᠦᠬᠡᠢ ᠣᠶᠢᠯᠡᠳᠪᠦᠷᠢᠯᠡᠯ  ᠤᠨ ᠬᠠᠷᠢᠭᠤᠴᠠᠯᠭ᠎ᠠ  ᠶᠢᠨ ᠰᠢᠰᠲ᠋ᠧᠮᠵᠢ  ᠶᠢ ᠪᠠᠶᠢᠭᠤᠯᠣᠨ  ᠲᠡᠬᠦᠯᠳᠡᠷᠵᠢᠬᠦᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ  ᠤᠨ ᠪᠠᠶᠢᠷᠢᠨ  ᠳᠤ ᠬᠤᠶᠠᠷ ᠬᠠᠷᠢᠭᠤᠴᠠᠯᠭ᠎ᠠ  ᠲᠠᠢ ᠪᠠᠶᠢᠬᠤ︾ ᠲᠦᠷᠢᠮ  ᠢ ᠨᠠᠶᠢᠳᠠᠪᠦᠷᠢᠵᠢᠭᠤᠯᠵᠣ᠂ ᠠᠵᠣ ᠠᠬᠤᠶᠢᠯᠠᠯ ᠤᠨ ᠭᠤᠣᠯ ᠴᠣᠭᠴᠠ  ᠶᠢᠨ ᠬᠠᠷᠢᠭᠤᠴᠠᠯᠭ᠎ᠠ  ᠶᠢ ᠴᠢᠩᠭᠠᠳᠬᠠᠨ᠎ᠠ᠃ ᠠᠶᠣᠯ ᠦᠬᠡᠢ ᠣᠶᠢᠯᠡᠳᠪᠦᠷᠢᠯᠡᠯ ᠤᠨ ᠣᠷᠣᠭᠤᠯᠣᠯᠳᠠ ᠶᠢᠨ ᠭᠦᠴᠦᠯᠡᠴᠡ  ᠶᠢ ᠨᠡᠮᠡᠭᠳᠡᠭᠦᠯᠵᠣ᠂  ᠠᠵᠣ ᠠᠬᠤᠶᠢᠯᠠᠯ  ᠤᠨ ᠠᠵᠢᠯᠴᠢᠳ  ᠤᠨ ᠠᠶᠣᠯ ᠦᠬᠡᠢ  ᠶᠢᠨ ᠪᠣᠯᠪᠠᠰᠣᠷᠠᠯ  ᠢ ᠴᠢᠩᠭᠠᠳᠬᠠᠵᠣ᠂ ᠠᠶᠣᠯ ᠦᠬᠡᠢ ᠣᠶᠢᠯᠡᠳᠪᠦᠷᠢᠯᠡᠯ ᠤᠨ ᠠᠳᠡᠯ ᠡᠬᠦᠰᠦᠯᠳᠠ ᠶᠢ ᠡᠬᠢ ᠢᠷᠡᠯᠳᠡ ᠠᠴᠠ ᠨᠢ  ᠲᠠᠪᠴᠢᠨ᠎ᠠ᠃ ᠬᠠᠣᠯᠢ ᠬᠡᠷᠡᠭᠵᠢᠬᠦᠯᠦᠨ ᠪᠠᠶᠢᠴᠠᠭᠠᠯᠳᠠ ᠬᠢᠬᠦ ᠭᠦᠴᠦᠯᠡᠴᠡ  ᠶᠢ ᠨᠡᠮᠡᠭᠳᠡᠭᠦᠯᠵᠣ᠂ ᠠᠶᠣᠯ ᠦᠬᠡᠢ ᠣᠶᠢᠯᠡᠳᠪᠦᠷᠢᠯᠡᠯ  ᠤᠨ ᠲᠣᠰᠬᠠᠢ ᠬᠢᠨᠠᠨ ᠬᠠᠮᠢᠶᠠᠷᠤᠯᠳᠠ ᠶᠢᠨ ᠭᠦᠴᠦᠨ  ᠢ ᠲᠡᠭᠦᠯᠳᠡᠷᠵᠢᠭᠦᠯᠵᠣ᠂ ᠨᠡᠭᠦᠷᠡᠰᠦᠨ ᠠᠭᠤᠷᠬᠠᠢ᠂ ᠠᠶᠣᠯ ᠲᠠᠢ ᠬᠢᠮᠢ  ᠶᠢᠨ ᠪᠣᠳᠠᠰ ᠤᠨ ᠠᠵᠣ ᠠᠬᠤᠶᠢᠯᠠᠯ᠂ ᠪᠠᠷᠢᠯᠭ᠎ᠠ᠂ ᠭᠠᠯ ᠣᠨᠳᠠᠷᠠᠭᠠᠬᠤ᠂ ᠵᠠᠮ ᠬᠠᠷᠢᠯᠴᠠᠭ᠎ᠠ᠂ ᠲᠣᠰᠣ ᠬᠡᠢ ᠲᠠᠮᠵᠢᠭᠤᠯᠬᠤ ᠬᠤᠭᠤᠯᠠᠢ᠂ ᠠᠷᠠᠳ  ᠤᠨ ᠬᠡᠷᠡᠭᠯᠡᠬᠡᠨ  ᠤ  ᠲᠠᠯᠪᠡᠴᠢᠬᠦ ᠠᠵᠢᠯ ᠲᠦᠷᠦᠯ ᠵᠡᠷᠬᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠶᠣᠯ ᠦᠬᠡᠢ ᠶᠢᠨ ᠬᠢᠨᠠᠨ ᠬᠠᠮᠢᠶᠠᠷᠣᠯᠳᠠ ᠶᠢ ᠴᠢᠩᠭᠠᠳᠬᠠᠨ᠎ᠠ᠃ ᠠᠳᠡᠯ  ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠣ᠂ ᠠᠶᠣᠯ ᠦᠬᠡᠢ ᠣᠶᠢᠯᠡᠳᠪᠦᠷᠢᠯᠡᠯ  ᠤᠨ ᠪᠠᠶᠢᠴᠠᠭᠠᠯᠳᠠ  ᠶᠢᠨ ᠬᠤᠯᠪᠣᠭᠳᠠᠭᠰᠠᠨ ᠬᠠᠷᠢᠭᠤᠴᠠᠯᠭ᠎ᠠ  ᠶᠢ ᠨᠡᠬᠡᠮᠵᠢᠯᠡᠬᠦ ᠲᠦᠷᠢᠮ ᠢ ᠪᠠᠶᠢᠭᠤᠯᠣᠨ᠎ᠠ᠃ ᠭᠠᠯ ᠤᠨᠳᠠᠷᠠᠭᠠᠬᠤ ᠠᠶᠣᠯ ᠦᠬᠡᠢ  ᠶᠢ ᠲᠡᠬᠡᠳᠣ ᠬᠡᠮᠵᠢᠶ᠎ᠡ  ᠪᠠᠷ ᠴᠢᠬᠤᠯᠠᠴᠢᠯᠠᠵᠣ᠂ ᠭᠠᠯ ᠣᠨᠲᠠᠷᠠᠭᠠᠬᠤ ᠲᠣᠨᠤᠭ ᠲᠦᠭᠦᠭᠡᠷᠣᠮᠵᠢ  ᠶᠢᠨ ᠬᠢᠷᠢ ᠲᠦᠪᠰᠢᠨ  ᠢ ᠲᠡᠭᠡᠭᠰᠢᠯᠡᠭᠦᠯᠵᠣ᠂ ᠵᠢᠯ  ᠤᠨ ᠲᠣᠳᠣᠷ᠎ᠠ ᠠᠯᠢᠪᠠ ᠬᠦᠷᠢᠶᠡᠯᠡᠩ  ᠳᠤ ᠭᠠᠯ ᠣᠨᠲᠠᠷᠠᠭᠠᠬᠤ ᠠᠩᠬᠢ ᠦᠷᠳᠡᠭᠡ ᠪᠠᠶᠢᠭᠤᠯᠣᠨ᠎ᠠ᠃ ᠰᠦᠩ ᠬᠠᠯᠢᠶ᠎ᠠ ᠦᠶᠡᠷ  ᠢ ᠰᠡᠷᠭᠡᠶᠢᠯᠡᠬᠦ᠂ ᠬᠤᠳᠠ ᠪᠠᠯᠭᠠᠰᠣᠨ  ᠤ ᠦᠶᠡᠷ  ᠣᠰᠣᠳᠣᠯ  ᠢ ᠰᠡᠷᠭᠡᠶᠢᠯᠡᠬᠦ ᠠᠵᠢᠯ  ᠢ ᠰᠠᠶᠢᠳᠣᠷ ᠬᠢᠵᠣ᠂ ᠠᠷᠠᠳ ᠤᠯᠠᠨ  ᠤ ᠠᠮᠢ ᠨᠠᠰᠣ ᠡᠳ᠋ ᠬᠦᠷᠦᠩᠬᠡ ᠶᠢᠨ ᠠᠮᠣᠷ ᠲᠦᠪᠰᠢᠨ  ᠢ  ᠪᠠᠳᠤᠯᠠᠨ᠎ᠠ᠃      ︵ᠵᠢᠷᠭᠤᠭ᠎ᠠ︶ ᠵᠠᠰᠠᠭ  ᠤᠨ ᠣᠷᠳᠣᠨ  ᠤ ᠴᠢᠳᠠᠪᠬᠢ ᠶᠢ ᠬᠤᠪᠢᠷᠠᠭᠤᠯᠵᠣ᠂ ᠠᠵᠢᠯ  ᠤᠨ ᠰᠣᠷᠳᠠᠯ  ᠢ ᠰᠠᠶᠢᠵᠢᠷᠠᠭᠤᠯᠵᠣ᠂ ᠬᠠᠣᠯᠢ ᠪᠠᠷ ᠵᠠᠰᠠᠭᠰᠠᠨ ᠵᠠᠰᠠᠭ  ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ  ᠤᠨ ᠣᠷᠳᠣᠨ  ᠢ ᠴᠢᠷᠮᠠᠶᠢᠨ ᠪᠠᠶᠢᠭᠤᠯᠣᠨ᠎ᠠ᠃      ᠬᠦᠭᠵᠢᠯᠳᠡ  ᠶᠢᠨ ᠣᠷᠴᠢᠨ ᠲᠣᠭᠤᠷᠢᠨ  ᠢ ᠰᠢᠯᠢᠳᠡᠭᠵᠢᠭᠦᠯᠦᠨ᠎ᠡ᠃ ᠦᠷᠭᠦᠯᠵᠢᠯᠡᠨ ᠵᠠᠰᠠᠭ  ᠢ ᠴᠣᠮᠬᠠᠳᠬᠠᠨ ᠡᠷᠬᠡ  ᠶᠢ ᠲᠠᠯᠪᠢᠵᠣ᠂ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠵᠣᠶᠢᠯᠡᠰ ᠪᠠ ᠵᠠᠷᠣᠳᠠᠯ ᠬᠤᠷᠢᠶᠠᠬᠤ ᠲᠦᠷᠦᠯ ᠵᠣᠶᠢᠯ  ᠢ ᠬᠠᠰᠣᠨ ᠲᠣᠷᠣᠭᠰᠢ  ᠪᠠᠭᠤᠯᠭᠠᠨ᠎ᠠ᠃ ᠦᠪᠡᠷᠳᠡᠭᠡᠨ ᠵᠠᠰᠠᠬᠤ ᠤᠷᠤᠨ  ᠤ ︽8337 ︾ ᠬᠦᠭᠵᠢᠯᠳᠠ ᠶᠢᠨ ᠰᠠᠳᠬᠢᠴᠠ  ᠳᠤ ᠤᠷᠤᠭᠰᠠᠨ ᠭᠤᠤᠯᠳᠠᠯᠭ᠎ᠠ ᠲᠠᠢ ᠲᠦᠯᠦᠪᠵᠢᠬᠦᠯᠭᠡ ᠶᠢᠨ ᠲᠦᠷᠦᠯ ᠵᠦᠢᠯ  ᠢ ᠤᠯᠤᠰ  ᠤᠨ ᠬᠢᠨᠠᠨ ᠵᠦᠪᠰᠢᠶᠡᠷᠡᠯ  ᠢ ᠵᠠᠪᠠᠯ ᠲᠠᠮᠵᠢᠬᠤ ᠠᠴᠠ ᠪᠤᠰᠤᠳ  ᠢ ᠴᠦᠮ ᠦᠭᠡᠷᠡᠴᠢᠯᠠᠨ ᠲᠡᠭᠡᠭᠰᠢ ᠮᠡᠳᠡᠬᠦᠯᠬᠦ ᠪᠤᠯᠭᠠᠨ᠎ᠠ᠃ ᠲᠦᠪᠯᠡᠷᠡᠭᠦᠯᠦᠨ ᠭᠦᠢᠴᠡᠳᠬᠡᠬᠦ᠂ ᠰᠦᠯᠵᠢᠶᠡᠨ ᠲᠡᠬᠡᠷ᠎ᠡ ᠬᠢᠨᠠᠨ ᠵᠦᠪᠰᠢᠶᠡᠷᠡᠬᠦ ᠪᠠ ᠬᠠᠨᠤᠮᠵᠢᠳᠠᠢ ᠬᠡᠮᠵᠢᠶ᠎ᠡ  ᠶᠢ ᠬᠡᠮᠵᠢᠨ ᠲᠤᠭᠳᠠᠭᠠᠬᠤ ᠲᠦᠷᠢᠮ  ᠢ ᠪᠦᠬᠦ ᠲᠠᠯ᠎ᠠ  ᠪᠠᠷ ᠬᠡᠷᠡᠭᠵᠢᠭᠦᠯᠵᠣ᠂ ᠬᠢᠨᠠᠨ ᠵᠦᠪᠰᠢᠶᠡᠷᠡᠬᠦ ᠴᠤᠪᠤᠷᠠᠯ  ᠢ ᠰᠢᠯᠢᠳᠡᠭᠵᠢᠬᠦᠯᠵᠤ᠂ ᠬᠢᠨᠠᠨ ᠵᠦᠪᠰᠢᠶᠡᠷᠡᠬᠦ ᠭᠤᠭᠴᠤᠭ᠎ᠠ  ᠶᠢ ᠴᠦᠬᠡᠳᠬᠡᠵᠣ᠂ ᠬᠢᠨᠠᠨ ᠵᠦᠪᠰᠢᠶᠡᠷᠡᠬᠦ ᠦᠷ᠎ᠡ ᠪᠦᠲᠦᠮᠵᠢ  ᠶᠢ ᠲᠡᠭᠡᠭᠰᠢᠯᠡᠭᠦᠯᠦᠨ᠎ᠡ᠃ ᠬᠠᠣᠯᠢ   ᠪᠠᠷ ᠵᠠᠰᠠᠭ ᠶᠠᠪᠣᠭᠤᠯᠬᠤ  ᠶᠢ ᠪᠠᠷᠢᠮᠳᠠᠯᠠᠵᠣ᠂ ᠬᠠᠣᠯᠢ   ᠪᠠᠷ  ᠵᠠᠰᠠᠭᠰᠠᠨ ᠵᠠᠰᠠᠭ ᠤᠨ ᠣᠷᠳᠣᠨ  ᠤ ᠪᠠᠶᠢᠭᠤᠯᠣᠯᠳᠠ  ᠶᠢ ᠴᠢᠩᠭᠠᠳᠬᠠᠵᠣ᠂ ᠠᠷᠠᠳ  ᠤᠨ ᠲᠦᠯᠦᠬᠡᠯᠡᠭᠴᠢᠳ  ᠤᠨ ᠶᠡᠭᠡ ᠬᠤᠷᠠᠯ᠂ ᠣᠯᠣᠰ ᠲᠦᠷᠦ  ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠲᠠᠯ᠎ᠠ  ᠶᠢᠨ ᠬᠢᠨ  ᠤ ᠬᠢᠨᠠᠯᠳᠠ ᠲᠠᠯᠪᠢᠯᠳᠠ  ᠶᠢ ᠰᠠᠨᠠᠭᠠᠴᠢᠯᠠᠭ᠎ᠠ ᠠᠴᠠ  ᠪᠠᠨ ᠬᠦᠯᠢᠶᠡᠵᠣ᠂ ᠬᠠᠣᠯᠢ   ᠪᠠᠷ ᠵᠠᠰᠠᠭᠰᠠᠨ ᠣᠷᠳᠣᠰ ᠤᠨ ᠪᠠᠶᠢᠭᠤᠯᠣᠯᠳᠠ  ᠶᠢᠨ ᠬᠡᠷᠡᠭᠵᠢᠭᠦᠯᠬᠦ ᠬᠦᠳᠦᠯᠪᠣᠷᠢ  ᠶᠢᠨ ᠲᠣᠪᠴᠢ ᠶᠢ ᠲᠣᠭᠳᠠᠭᠠᠵᠣ᠂ ᠬᠠᠣᠯᠢ ᠲᠦᠷᠢᠮ  ᠤᠨ ᠣᠬᠠᠭᠤᠯᠭ᠎ᠠ ᠬᠦᠮᠦᠵᠢᠯ  ᠢ ᠴᠢᠩᠭᠠᠳᠬᠠᠵᠣ᠂ ᠭᠠᠵᠠᠷ ᠣᠷᠣᠨ  ᠤ ᠬᠠᠣᠯᠢ   ᠪᠠᠷ  ᠵᠠᠰᠠᠬᠤ ᠣᠷᠴᠢᠨ ᠲᠣᠭᠤᠷᠢᠨ  ᠢ ᠰᠠᠶᠢᠵᠢᠷᠠᠭᠤᠯᠣᠨ᠎ᠠ᠃  ᠵᠠᠰᠠᠭ ᠵᠠᠬᠢᠷᠭᠠᠨ  ᠤ ᠬᠠᠣᠯᠢ ᠬᠡᠷᠡᠭᠵᠢᠭᠦᠯᠦᠯᠳᠡ  ᠶᠢᠨ ᠡᠬᠢ ᠪᠠᠶᠠᠯᠢᠭ  ᠢ ᠨᠢᠭᠡᠳᠬᠡᠵᠣ᠂ ᠵᠠᠰᠠᠭ ᠵᠠᠬᠢᠷᠭᠠᠨ  ᠤ ᠬᠠᠣᠯᠢ ᠬᠡᠷᠡᠭᠵᠢᠭᠦᠯᠦᠯᠳᠡ ᠶᠢᠨ ᠣᠶᠢᠯᠠ ᠠᠵᠢᠯᠯᠠᠭ᠎ᠠ  ᠶᠢ ᠲᠦᠷᠢᠮᠵᠢᠭᠦᠯᠦᠨ᠎ᠡ᠃ ᠵᠠᠰᠠᠭ  ᠤᠨ ᠣᠷᠳᠣᠨ  ᠤ ᠪᠠᠶᠢᠭᠤᠯᠣᠮᠵᠢ ᠶᠢᠨ ᠦᠬᠡᠷᠡᠴᠢᠯᠡᠯᠳᠡ ᠪᠠ ᠠᠵᠢᠯ ᠣᠶᠢᠯᠡᠰ ᠤᠨ ᠨᠢᠭᠡᠴᠢ  ᠶᠢᠨ ᠲᠦᠷᠦᠯ ᠬᠤᠪᠢᠶᠠᠬᠤ ᠦᠬᠡᠷᠡᠴᠢᠯᠡᠯᠳᠡ  ᠶᠢ ᠠᠬᠢᠭᠤᠯᠣᠨ᠎ᠠ᠃      ᠠᠵᠢᠯ  ᠤᠨ ᠰᠣᠷᠳᠠᠯ  ᠢ ᠰᠠᠶᠢᠵᠢᠷᠠᠭᠤᠯᠣᠨ᠎ᠠ᠃ ᠲᠦᠪ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠨᠠᠮ  ᠤᠨ ᠬᠤᠷᠢᠶ᠎ᠠ ᠶᠢᠨ ᠠᠵᠢᠯ  ᠤᠨ ᠰᠣᠷᠳᠠᠯ  ᠢ ᠰᠠᠶᠢᠵᠢᠷᠠᠭᠤᠯᠵᠣ᠂ ᠣᠯᠠᠨ ᠲᠦᠮᠡᠨ ᠲᠠᠢ ᠨᠢᠭᠳᠠ ᠬᠠᠷᠢᠯᠴᠠᠬᠤ ᠲᠣᠬᠠᠢ ᠡᠯ᠎ᠡ ᠵᠣᠶᠢᠯ  ᠤᠨ ᠲᠣᠭᠳᠠᠭᠠᠯ  ᠢ ᠴᠢᠩᠭ᠎ᠠ ᠨᠠᠶᠢᠳᠠᠪᠦᠷᠢᠵᠢᠭᠤᠯᠵᠣ᠂ ᠨᠠᠮ  ᠤᠨ ᠣᠯᠠᠨ  ᠲᠦᠮᠠᠨᠴᠢ ᠱᠣᠭᠤᠮ  ᠤᠨ  ᠬᠦᠮᠦᠵᠢᠯ ᠦᠢᠯᠡᠳᠦᠯᠭᠡ ᠶᠢᠨ ᠠᠵᠢᠯᠯᠠᠭ᠎ᠠ  ᠶᠢ ᠯᠠᠪᠳᠠᠭᠤᠨ ᠪᠠᠳᠤᠳᠠᠢ ᠦᠷᠨᠢᠭᠦᠯᠵᠣ᠂ ︽ᠲᠦᠷᠪᠡᠨ ᠰᠣᠷᠳᠠᠯ︾  ᠤᠨ ᠠᠰᠠᠭᠤᠳᠠᠯ  ᠢ ᠲᠣᠪᠣᠶᠢᠯᠭᠠᠨ ᠴᠡᠭᠴᠡᠯᠡᠨ ᠵᠠᠰᠠᠨ᠎ᠠ᠃ ᠬᠤᠷᠠᠯ ᠴᠤᠭᠯᠠᠭᠠᠨ ᠪᠠ ᠪᠢᠴᠢᠭ ᠮᠠᠲ᠋ᠧᠷᠢᠶᠠᠯ  ᠢ ᠦᠷᠭᠦᠯᠵᠢᠯᠡᠨ ᠴᠣᠮᠬᠠᠳᠬᠠᠵᠣ᠂ ᠡᠯ᠎ᠡ ᠲᠦᠷᠦᠯ  ᠤᠨ ᠬᠤᠷᠠᠯ ᠦᠵᠡᠰᠭᠦᠯᠡᠩ ᠂ ᠦᠭᠦᠯᠡᠯ  ᠤᠨ ᠲᠠᠪᠴᠠᠩ᠂ ᠪᠠᠶᠠᠷ ᠲᠣᠷᠠᠰᠬᠠᠯ ᠪᠠ ᠪᠠᠶᠢᠴᠠᠭᠠᠨ ᠰᠢᠯᠭᠠᠷᠠᠭᠤᠯᠬᠤ ᠠᠵᠢᠯᠯᠠᠭ᠎ᠠ  ᠶᠢ ᠴᠢᠩᠭ᠎ᠠ ᠬᠢᠵᠠᠭᠠᠷᠯᠠᠵᠣ᠂ ᠭᠤᠶᠤ ᠰᠠᠶᠢᠬᠠᠨ ᠪᠤᠯᠪᠠᠴᠤ ᠪᠤᠳᠠᠳᠤ ᠠᠭᠤᠯᠭ᠎ᠠ ᠦᠭᠡᠢ᠂ ᠠᠷᠠᠳ  ᠢ ᠵᠦᠳᠡᠬᠡᠵᠣ ᠡᠳ᠋  ᠢ  ᠰᠦᠢᠳᠭᠡᠭᠰᠡᠨ᠂ ᠭᠠᠪᠢᠶᠠᠨ  ᠳᠤ ᠶᠠᠭᠠᠷᠠᠵᠣ ᠠᠰᠢᠭ ᠲᠤ  ᠰᠢᠨᠤᠭᠰᠠᠨ ᠲᠦᠷᠢ ᠲᠦᠷᠬᠦ  ᠶᠢᠨ ᠢᠨᠵᠧᠨᠧᠷᠢᠩ  ᠢ ᠡᠷᠡᠰ ᠬᠢᠬᠦ ᠦᠬᠡᠢ᠃ ᠵᠠᠰᠠᠭ ᠵᠠᠬᠢᠷᠭᠠᠨ  ᠤ ᠬᠢᠨᠠᠨ ᠪᠠᠶᠢᠴᠠᠭᠠᠬᠤ ᠪᠠ ᠵᠠᠰᠠᠭ  ᠤᠨ ᠶᠠᠪᠣᠳᠠᠯ  ᠤᠨ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠣ᠂ ᠵᠠᠰᠠᠭ ᠵᠠᠬᠢᠷᠭᠠᠨ  ᠤ ᠬᠠᠷᠢᠭᠤᠴᠠᠯᠭ᠎ᠠ ᠠᠰᠠᠭᠤᠬᠤ ᠭᠦᠴᠦᠯᠡᠴᠡ  ᠶᠢ ᠨᠡᠮᠡᠭᠳᠡᠭᠦᠯᠵᠣ᠂ ᠴᠢᠷᠮᠠᠶᠢᠬᠤ ᠦᠬᠡᠢ ᠠᠯᠵᠠᠭᠤ ᠵᠠᠯᠬᠠᠭᠤ ᠠᠯᠠᠩ ᠰᠠᠯᠠᠩ ᠪᠦᠷᠢᠯᠬᠡᠮᠡᠳᠡᠬᠡᠢ᠂ ᠢᠳᠡᠬᠦ ᠠᠪᠬᠤ ᠬᠤᠷᠢᠭᠯᠠᠬᠤ ᠨᠡᠭᠡᠵᠤ ᠠᠪᠬᠤ᠂ ᠦᠷ᠎ᠠ ᠪᠦᠳᠦᠮᠵᠢ ᠨᠢ  ᠲᠤᠤᠷ᠎ᠠ᠂ ᠬᠠᠷᠢᠭᠤᠴᠠᠯᠭ᠎ᠠ ᠦᠭᠡᠢ᠂ ᠬᠡᠷᠡᠭᠵᠢᠭᠦᠯᠦᠯᠳᠡ ᠨᠢ ᠭᠦᠴᠦᠨ ᠦᠬᠡᠢ᠂ ᠣᠪ ᠮᠡᠭᠡ ᠭᠠᠷᠭᠠᠬᠤ ᠵᠡᠷᠬᠡ ᠣᠶᠢᠯᠠ ᠠᠵᠢᠯᠯᠠᠭ᠎ᠠ  ᠶᠢ ᠡᠷᠡᠰ ᠪᠠᠶᠢᠴᠠᠭᠠᠨ ᠰᠢᠢᠳᠪᠦᠷᠢᠯᠡᠵᠣ᠂ ᠵᠠᠰᠠᠭ  ᠤᠨ ᠵᠠᠷᠯᠢᠭ  ᠤᠨ ᠰᠠᠭᠠᠳ ᠦᠬᠡᠢ ᠶᠠᠪᠤᠭᠳᠠᠬᠤ ᠶᠢ ᠪᠠᠳᠣᠯᠠᠨ᠎ᠠ᠃ ᠠᠵᠢᠯ ᠲᠦᠷᠦᠯ  ᠤᠨ ᠰᠣᠷᠳᠠᠯ  ᠳᠤ ᠵᠠᠰᠠᠯᠳᠠ ᠬᠢᠬᠦ  ᠶᠢ ᠬᠦᠨᠵᠡᠬᠡᠢ ᠦᠷᠨᠢᠭᠦᠯᠵᠣ᠂ ᠰᠣᠷᠭᠠᠭᠤᠯᠢ᠂ ᠡᠮᠡᠨᠡᠯᠬᠡ  ᠶᠢᠨ ᠪᠠᠶᠢᠭᠤᠯᠣᠮᠵᠢ᠂ ᠵᠠᠮ ᠬᠠᠷᠢᠯᠴᠠᠭᠠᠨ  ᠤ ᠴᠠᠭᠳᠠᠭ᠎ᠠ᠂ ᠲᠡᠬᠡᠬᠡᠪᠣᠷᠢ  ᠶᠢᠨ ᠬᠠᠮᠢᠶᠠᠷᠣᠯᠳᠠ᠂ ᠲᠡᠷᠭᠡᠨ  ᠤ ᠬᠠᠮᠢᠶᠠᠷᠣᠯᠳᠠ᠂ ᠨᠡᠭᠦᠷᠡᠰᠦᠨ  ᠤ ᠪᠠᠶᠢᠴᠠᠭᠠᠯᠳᠠ ᠵᠡᠷᠬᠡ ᠬᠦᠷᠢᠶ᠎ᠡ ᠬᠡᠪᠴᠢᠶᠡᠨ  ᠤ ᠲᠣᠷ᠎ᠠ  ᠪᠠᠷ ᠵᠠᠷᠣᠳᠠᠯ ᠬᠤᠷᠢᠶᠠᠬᠤ᠂ ᠲᠣᠷ᠎ᠠ  ᠪᠠᠷ ᠵᠣᠭᠤᠰ ᠲᠣᠷᠭᠠᠬᠤ ᠵᠡᠷᠬᠡ ᠣᠯᠠᠨ ᠲᠦᠮᠡᠨ ᠤ ᠠᠰᠢᠭ ᠲᠣᠰᠠ  ᠶᠢ ᠬᠤᠬᠢᠷᠠᠭᠤᠯᠣᠭᠰᠠᠨ ᠣᠶᠢᠯᠠ ᠠᠵᠢᠯᠯᠠᠭ᠎ᠠ  ᠶᠢ ᠲᠦᠪᠯᠡᠷᠡᠭᠦᠯᠦᠨ ᠴᠡᠭᠴᠡᠯᠡᠨ ᠵᠠᠰᠠᠨ᠎ᠠ᠃ ᠠᠯᠪᠠᠳᠠᠨ  ᠤ ᠡᠩᠨᠡᠭᠡ ᠶᠢᠨ ᠪᠠᠶᠢᠭᠤᠯᠤᠯᠳᠠ ᠶᠢ  ᠴᠢᠩᠭᠠᠷᠠᠭᠤᠯᠵᠤ᠂ ᠠᠯᠪᠠᠨ ᠵᠠᠷᠤᠴᠠ ᠶᠢᠨ ᠦᠵᠡᠯ ᠤᠬᠠᠮᠰᠠᠷ᠂ ᠦᠢᠯᠡᠴᠢᠯᠡᠬᠦ ᠦᠵᠠᠯ ᠤᠬᠠᠮᠰᠠᠷ᠂ ᠬᠠᠷᠢᠭᠤᠴᠠᠯᠭ᠎ᠠ ᠶᠢᠨ ᠦᠵᠠᠯ ᠤᠬᠠᠮᠰᠠᠷ  ᠢ ᠴᠢᠩᠭᠠᠳᠬᠠᠵᠤ᠂ ᠰᠤᠷᠳᠠᠯ  ᠢᠶᠠᠷ ᠰᠢᠯᠢᠳᠡᠭ ᠰᠠᠶᠢᠨ᠂ ᠰᠠᠬᠢᠯᠭ᠎ᠠ ᠪᠠᠳᠤ ᠪᠠᠷ ᠴᠢᠩᠭ᠎ᠠ ᠠᠯᠪᠠᠳᠠᠨ  ᠤ ᠡᠩᠨᠡᠭᠡ ᠶᠢ ᠪᠠᠶᠢᠭᠤᠯᠤᠨ᠎ᠠ᠃     ᠠᠵᠢᠯᠴᠢ ᠠᠷᠪᠢᠴᠢ  ᠪᠠᠷ ᠠᠷᠪᠢᠯᠠᠨ ᠭᠠᠮᠨᠠᠬᠤ ᠶᠢ ᠨᠠᠷᠢᠨ ᠬᠢᠨᠠᠮᠠᠭᠠᠢ ᠬᠡᠷᠡᠭᠵᠢᠬᠦᠯᠦᠨ᠎ᠠ᠃ ︽ᠨᠠᠮ ᠵᠠᠰᠠᠭ  ᠤᠨ ᠪᠠᠶᠢᠭᠤᠯᠭ᠎ᠠ  ᠶᠢᠨ  ᠠᠷᠪᠢᠯᠠᠨ ᠭᠠᠮᠨᠠᠬᠤ ᠶᠢ ᠨᠠᠷᠢᠨ ᠬᠢᠨᠠᠮᠠᠭᠠᠢ ᠬᠡᠷᠡᠭᠵᠢᠬᠦᠯᠵᠤ ᠪᠦᠷᠢᠯᠬᠡᠬᠦ ᠶᠢ ᠡᠰᠡᠷᠭᠦᠴᠡᠬᠦ ᠲᠦᠷᠢᠮ︾  ᠢ ᠪᠦᠬᠦ ᠲᠠᠯ᠎ᠠ  ᠪᠠᠷ ᠨᠠᠶᠢᠳᠠᠪᠦᠷᠢᠵᠢᠭᠤᠯᠵᠣ᠂ ᠭᠦᠴᠢᠷᠳᠡᠯᠲᠠᠢ ᠪᠠᠷ ᠠᠮᠢᠳᠣᠷᠠᠬᠤ ᠦᠵᠡᠯ ᠰᠠᠨᠠᠭ᠎ᠠ  ᠶᠢ ᠪᠠᠳᠣ ᠪᠣᠢ ᠪᠣᠯᠭᠠᠵᠣ᠂ ᠲᠡᠩᠳᠡᠭᠦᠣ  ᠦᠷᠡᠯᠭᠡᠬᠦ᠂ ᠪᠦᠷᠢᠯᠬᠡᠨ ᠰᠣᠶᠢᠳᠬᠡᠬᠦ ᠶᠢ ᠡᠷᠡᠰ ᠲᠡᠪᠴᠢᠨ᠎ᠠ᠃ ᠡᠳ᠋ ᠤᠨ ᠵᠠᠰᠠᠭ ᠤᠨ ᠵᠠᠷᠣᠯᠭ᠎ᠠ  ᠶᠢᠨ ᠪᠦᠲᠦᠴᠡ  ᠶᠢ ᠲᠣᠬᠢᠷᠠᠭᠤᠯᠣᠨ ᠰᠢᠯᠢᠳᠡᠭᠵᠢᠭᠦᠯᠵᠣ᠂  ︽ᠲᠦᠷᠪᠡ  ᠶᠢ ᠪᠠᠳᠣᠯᠠᠵᠣ᠂ ᠬᠤᠶᠠᠷ  ᠢ  ᠪᠠᠭᠠᠰᠬᠠᠬᠤ︾ ᠵᠠᠷᠴᠢᠮ ᠶᠣᠰᠣᠭᠠᠷ᠂ ᠡᠷᠬᠢᠯᠳᠡ ᠬᠢᠬᠦ᠂ ᠠᠷᠠᠳ  ᠤᠨ ᠠᠮᠢᠳᠣᠷᠠᠯ᠂ ᠦᠷᠢ ᠰᠢᠷᠢ   ᠶᠢ ᠠᠷᠢᠯᠭᠠᠬᠤ᠂ ᠦᠷᠭᠦᠯᠵᠢᠯᠡᠨ ᠪᠦᠳᠦᠭᠡᠨ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠦᠷᠦᠯ ᠵᠣᠶᠢᠯ  ᠢ ᠤᠷᠢᠳᠠᠪᠠᠷ ᠪᠠᠳᠣᠯᠠᠵᠣ᠂ ︽ᠭᠤᠷᠪᠠᠨ ᠠᠯᠪᠠᠨ︾  ᠤ ᠵᠠᠷᠣᠳᠠᠯ ᠪᠠ ᠵᠠᠰᠠᠭ  ᠤᠨ ᠣᠷᠳᠣᠨ ᠠᠴᠠ ᠪᠡᠯᠡ ᠣᠷᠣᠭᠤᠯᠣᠭᠰᠠᠨ ᠲᠦᠷᠦᠯ ᠵᠣᠶᠢᠯ  ᠤᠨ ᠵᠠᠷᠣᠯᠭ᠎ᠠ  ᠶᠢᠨ ᠬᠡᠪᠴᠢᠶ᠎ᠡ  ᠶᠢ ᠴᠢᠨᠠᠭᠰᠢᠳᠠ ᠪᠠᠭᠠᠰᠬᠠᠵᠣ᠂ ᠦᠬᠡᠷᠡᠭᠰᠡᠨ ᠵᠢᠯ  ᠳᠤ ᠲᠣᠬᠢᠷᠠᠭᠤᠯᠣᠭᠰᠠᠨ ᠡᠩ  ᠤᠨ ᠴᠢᠨᠠᠷᠳᠠᠢ ᠵᠠᠷᠣᠯᠭ᠎ᠠ  ᠶᠢ ᠶᠡᠬᠡᠪᠡᠷ ᠪᠠᠭᠠᠰᠬᠠᠬᠤ ᠪᠤᠶᠤ  ᠦᠭᠡᠶᠢᠰᠭᠡᠨ᠎ᠠ᠃ ᠠᠷᠠᠳ  ᠤᠨ ᠠᠮᠢᠳᠣᠷᠠᠯ  ᠤᠨ ᠲᠦᠷᠦᠯ ᠵᠣᠶᠢᠯ  ᠠᠴᠠ ᠭᠠᠳᠠᠨ᠎ᠠ᠂ ᠵᠠᠷᠴᠢᠮ ᠲᠡᠬᠡᠷ᠎ᠡ ᠪᠠᠨ ᠵᠠᠰᠠᠭ ᠤᠨ ᠣᠷᠳᠣᠨ  ᠠᠴᠠ ᠪᠡᠯᠡ ᠣᠷᠣᠭᠤᠯᠣᠭᠰᠠᠨ ᠲᠦᠷᠦᠯ ᠵᠣᠶᠢᠯ ᠤᠨ ᠪᠠᠷᠢᠯᠭ᠎ᠠ  ᠶᠢ ᠰᠢᠨ᠎ᠡ  ᠪᠠᠷ ᠡᠬᠢᠯᠡᠬᠦᠯᠦᠨ ᠪᠦᠳᠦᠭᠡᠨ ᠪᠠᠶᠢᠭᠤᠯᠬᠤ ᠦᠬᠡᠢ᠃ ᠵᠠᠮ  ᠤᠨ ᠵᠠᠷᠣᠳᠠᠯ ᠵᠡᠷᠬᠡ ᠵᠠᠰᠠᠭ ᠵᠠᠬᠢᠷᠭᠠᠨ  ᠤ ᠵᠠᠷᠣᠳᠠᠯ ᠤᠨ ᠵᠠᠷᠣᠯᠭ᠎ᠠ  ᠶᠢ ᠴᠢᠩᠭ᠎ᠠ ᠬᠢᠵᠠᠭᠠᠷᠯᠠᠵᠣ᠂ ᠪᠣᠳᠠᠳᠣ ᠠᠭᠤᠯᠭ᠎ᠠ ᠦᠬᠡᠢ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠪᠠ ᠭᠠᠳᠠᠭᠰᠢ ᠭᠠᠷᠴᠤ ᠰᠢᠯᠭᠠᠨ ᠪᠠᠶᠢᠴᠠᠭᠠᠬᠤ ᠪᠣᠯᠪᠠᠰᠣᠷᠠᠬᠤ ᠵᠡᠷᠬᠡ ᠠᠵᠢᠯᠯᠠᠭ᠎ᠠ ᠳᠤ ᠴᠦᠮ ᠣᠷᠣᠯᠴᠠᠬᠤ ᠦᠬᠡᠢ᠃ ᠲᠦᠷᠦ ᠶᠢᠨ ᠶᠠᠪᠤᠳᠠᠯ  ᠤᠨ ᠬᠤᠷᠢᠶᠠᠨ  ᠤ ︽ᠲᠦᠷᠢᠮ ᠰᠠᠬᠢᠯᠭ᠎ᠠ ᠲᠤᠳᠠᠭᠠᠬᠤ︾ ᠱᠠᠭᠠᠷᠳᠠᠯᠭ᠎ᠠ ᠶᠢ ᠲᠤᠶᠢᠯᠪᠤᠷᠢᠳᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠴᠢᠨᠠᠷᠳᠠᠢ ᠠᠰᠠᠷ ᠲᠠᠭᠳᠤ ᠶᠢ ᠴᠦᠮ ᠰᠢᠨ᠎ᠠ ᠪᠠᠷ ᠪᠦᠳᠦᠭᠡᠨ ᠪᠠᠶᠢᠭᠤᠯᠵᠤ ᠪᠤᠯᠬᠤ ᠦᠭᠡᠢ᠂ ᠡᠳ᠋  ᠤᠨ ᠵᠠᠰᠠᠭ ᠠᠴᠠ ᠲᠡᠵᠢᠭᠡᠵᠤ ᠪᠠᠶᠢᠭ᠎ᠠ ᠬᠦᠮᠦᠰ  ᠢ ᠬᠠᠰᠤᠭᠳᠠᠭᠤᠯᠬᠤ ᠠᠴᠠ ᠪᠢᠰᠢ ᠨᠡᠮᠡᠭᠳᠡᠬᠦᠯᠬᠦ ᠦᠭᠡᠢ᠂ ᠠᠯᠪᠠᠨ ᠵᠠᠷᠤᠳᠠᠯ  ᠢᠶᠠᠷ ᠵᠤᠴᠢᠯᠠᠬᠤ᠂ ᠭᠠᠳᠠᠭᠠᠳᠤ  ᠳᠤ ᠭᠠᠷᠬᠤ᠂ ᠲᠡᠷᠭᠡ ᠬᠤᠳᠠᠯᠳᠤᠨ ᠠᠪᠬᠤ ᠶᠢ ᠬᠠᠰᠤᠭᠳᠠᠭᠤᠯᠬᠤ ᠠᠴᠠ ᠪᠢᠰᠢ ᠨᠡᠮᠡᠭᠳᠡᠬᠦᠯᠬᠦ ᠦᠭᠡᠢ᠃ ᠠᠯᠪᠠᠳᠠᠨ  ᠤ ᠡᠩᠨᠡᠭᠡ ᠶᠢᠨ ᠠᠵᠢᠯᠴᠢ ᠠᠷᠪᠢᠴᠢ ᠠᠷᠪᠢᠯᠠᠨ ᠭᠠᠮᠨᠠᠬᠤ  ᠳᠤ ᠬᠢᠨᠠᠯᠳᠠ ᠲᠠᠯᠪᠢᠨ ᠬᠦᠯᠢᠶᠡᠰᠦᠯᠡᠬᠦ ᠶᠢ ᠴᠢᠩᠭᠠᠳᠬᠠᠵᠤ᠂ ᠪᠦᠬᠦ ᠨᠡᠶᠢᠭᠡᠮ  ᠢ ᠲᠠᠶᠢᠴᠢᠯᠠᠨ ᠠᠷᠪᠢᠯᠠᠨ ᠭᠠᠮᠨᠠᠬᠤ ᠰᠤᠷᠳᠠᠯ  ᠢ ᠪᠦᠷᠢᠯᠳᠤᠬᠦᠯᠦᠨ᠎ᠠ᠃      ᠴᠢᠬᠡᠴᠢ ᠵᠠᠰᠠᠭ  ᠤᠨ ᠪᠠᠶᠢᠭᠤᠯᠣᠯᠳᠠ  ᠶᠢ ᠴᠢᠩᠭᠠᠳᠬᠠᠨ᠎ᠠ᠃ ᠬᠤᠳᠠ ᠬᠤᠰᠢᠭᠤ ᠬᠤᠶᠠᠷ ᠱᠠᠳᠣᠨ  ᠤ ᠤᠯᠠᠨ ᠨᠡᠶᠢᠳᠡ  ᠶᠢᠨ ᠡᠬᠢ ᠪᠠᠶᠠᠯᠢᠭ  ᠢ ᠠᠷᠠᠯᠵᠢᠶᠠᠯᠠᠬᠤ ᠲᠠᠪᠴᠠᠩ  ᠤᠨ ᠪᠠᠶᠢᠭᠤᠯᠣᠯᠳᠠ  ᠶᠢ ᠲᠡᠭᠦᠯᠳᠡᠷᠵᠢᠭᠦᠯᠵᠣ᠂ ᠵᠠᠰᠠᠭ  ᠤᠨ ᠣᠷᠳᠣᠨ  ᠠᠴᠠ ᠪᠡᠯᠡ ᠣᠷᠣᠭᠤᠯᠣᠭᠰᠠᠨ ᠲᠦᠷᠦᠯ ᠵᠣᠶᠢᠯ  ᠢ ᠨᠡᠶᠢᠬᠡᠮ  ᠳᠤ ᠢᠯᠠ ᠪᠣᠯᠭᠠᠬᠤ ᠪᠠ ᠲᠠᠭᠠᠭᠠᠴᠢᠯᠠᠯᠳᠠ ᠵᠠᠷᠯᠠᠬᠤ ᠬᠦᠯᠢᠶᠡᠬᠦ ᠲᠦᠷᠢᠮ  ᠢ ᠴᠢᠩᠭ᠎ᠠ ᠬᠡᠷᠡᠭᠵᠢᠭᠦᠯᠵᠣ᠂ ᠠᠯᠢᠪᠠ ᠤᠯᠠᠨ ᠨᠡᠶᠢᠳᠡ  ᠶᠢᠨ ᠡᠬᠢ ᠪᠠᠶᠠᠯᠢᠭ   ᠢ ᠲᠠᠪᠴᠠᠩ  ᠳᠤ ᠣᠷᠣᠭᠤᠯᠣᠨ ᠲᠦᠪᠯᠡᠷᠡᠭᠦᠯᠦᠨ  ᠠᠷᠠᠯᠵᠢᠶᠠᠯᠠᠨ᠎ᠠ᠃ ᠪᠠᠷᠢᠯᠭ᠎ᠠ  ᠶᠢᠨ ᠪᠦᠲᠦᠬᠡᠨ ᠪᠠᠶᠢᠭᠤᠯᠣᠯᠳᠠ  ᠶᠢᠨ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ  ᠶᠢ ᠴᠢᠩᠭ᠎ᠠ ᠬᠢᠵᠠᠭᠠᠷᠯᠠᠵᠣ᠂ ᠲᠦᠰᠦᠪ᠂ ᠪᠠᠷᠢᠮᠵᠢᠶ᠎ᠠ ᠠᠴᠠ ᠲᠠᠪᠠᠭᠤᠯᠣᠨ ᠪᠦᠲᠦᠬᠡᠨ ᠪᠠᠶᠢᠭᠤᠯᠬᠤ ᠣᠶᠢᠯᠠ ᠠᠵᠢᠯᠯᠠᠭ᠎ᠠ  ᠶᠢ  ᠡᠷᠡᠰ ᠲᠡᠪᠴᠢᠵᠤ᠂ ᠲᠦᠷᠦᠯ ᠵᠣᠶᠢᠯ  ᠤᠨ ᠪᠦᠲᠦᠬᠡᠨ ᠪᠠᠶᠢᠭᠤᠯᠣᠯᠳᠠ ᠶᠢ ᠨᠠᠰᠣᠨ ᠲᠣᠷᠰᠢ ᠬᠠᠷᠢᠭᠤᠴᠠᠬᠤ ᠲᠦᠷᠢᠮ  ᠢ ᠬᠡᠷᠡᠭᠵᠢᠭᠦᠯᠦᠨ᠎ᠡ᠃ ᠺᠡᠳ᠋ᠷᠴᠣᠳ ᠤᠨ ᠠᠵᠢᠯ ᠠᠮᠢᠳᠣᠷᠠᠯ ᠤᠨ ᠲᠠᠯ᠎ᠠ  ᠪᠠᠷ ᠬᠢ ᠬᠦᠷᠳᠡᠬᠡᠮᠵᠢ ᠶᠢᠨ ᠲᠣᠬᠠᠢ ᠲᠦᠪ ᠬᠤᠷᠢᠶ᠎ᠠ  ᠶᠢᠨ ᠲᠣᠭᠳᠠᠭᠠᠯ ᠢ ᠴᠢᠩᠭ᠎ᠠ ᠬᠡᠷᠡᠭᠵᠢᠭᠦᠯᠵᠣ᠂ ᠠᠯᠪᠠᠨ ᠬᠡᠷᠡᠭᠯᠡᠭᠡᠨ  ᠤ ᠲᠡᠷᠬᠡ ᠪᠠ ᠬᠡᠷ ᠪᠠᠶᠢᠰᠢᠩ  ᠤᠨ ᠬᠠᠮᠢᠶᠠᠷᠣᠯᠳᠠ  ᠶᠢᠨ ᠣᠷᠳᠣ ᠬᠤᠭᠤᠴᠠᠭᠠᠨ  ᠤ ᠪᠦᠲᠦᠮᠵᠢᠲᠠᠢ ᠲᠣᠭᠳᠠᠴᠠ  ᠶᠢ ᠪᠠᠶᠢᠭᠤᠯᠣᠨ᠎ᠠ᠃ ᠡᠳ᠋ ᠤᠨ ᠵᠠᠰᠠᠭ ᠤᠨ ᠪᠡᠯᠡ ᠮᠦᠡᠭᠬᠦᠨ  ᠤ ᠲᠦᠰᠦᠪ᠂ ᠰᠠᠯᠭᠠᠨ ᠦᠭᠬᠦ᠂ ᠬᠡᠷᠡᠭᠯᠡᠬᠦ᠂ ᠬᠢᠷᠢ ᠪᠦᠲᠦᠮᠵᠢ ᠶᠢ ᠦᠨᠡᠯᠡᠬᠦ᠂ ᠪᠡᠯᠡ ᠣᠷᠣᠭᠤᠯᠣᠯᠳᠠ ᠶᠢ ᠬᠢᠨᠠᠨ ᠲᠤᠭᠳᠠᠭᠠᠬᠤ ᠬᠠᠮᠢᠶᠠᠷᠣᠯᠳᠠ  ᠶᠢᠨ ᠲᠦᠷᠢᠮ  ᠢ ᠲᠡᠭᠦᠯᠳᠡᠷᠵᠢᠭᠦᠯᠵᠣ᠂ ᠡᠳ᠋  ᠤᠨ ᠵᠠᠰᠠᠭ ᠤᠨ ᠪᠡᠯᠡ ᠮᠦᠩᠭᠦᠨ  ᠤ  ᠬᠡᠷᠡᠭᠯᠡᠯᠳᠠ ᠶᠢᠨ ᠬᠢᠨᠠᠨ ᠬᠠᠮᠢᠶᠠᠷᠣᠯᠳᠠ ᠶᠢ ᠴᠢᠩᠭᠠᠳᠬᠠᠨ᠎ᠠ᠃ ᠣᠯᠣᠰ ᠤᠨ ᠦᠮᠴᠢᠯᠡᠯ  ᠤᠨ ᠡᠳ᠋ ᠬᠦᠷᠦᠩᠬᠡ ᠶᠢ ᠬᠢᠨᠠᠨ ᠬᠠᠮᠢᠶᠠᠷᠬᠤ ᠪᠠᠶᠢᠭᠤᠯᠣᠯ ᠪᠠ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠣ᠂ ᠣᠯᠣᠰ ᠤᠨ ᠦᠮᠴᠢᠯᠡᠯ ᠤᠨ ᠡᠳ᠋ ᠬᠦᠷᠦᠩᠬᠡ ᠶᠢ ᠰᠢᠢᠳᠪᠦᠷᠢᠯᠡᠬᠦ᠂ ᠦᠮᠴᠢᠯᠡᠬᠦ ᠡᠷᠬᠡ  ᠶᠢ  ᠬᠤᠪᠢᠷᠠᠭᠠᠬᠤ ᠵᠡᠷᠬᠡ ᠲᠡᠰ ᠲᠠᠷᠠᠭᠠᠯᠠᠯ  ᠢ ᠴᠢᠨᠠᠭᠰᠢᠳᠠ ᠲᠦᠷᠢᠮᠵᠢᠬᠦᠯᠦᠨ᠎ᠠ᠃  ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ  ᠶᠢ ᠴᠢᠩᠭᠠᠳᠬᠠᠵᠤ᠂ ᠬᠠᠣᠯᠢ ᠴᠠᠭᠠᠵᠠ᠂ ᠲᠦᠷᠢᠮ ᠲᠣᠭᠳᠠᠭᠠᠯ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ  ᠰᠢᠢᠳᠪᠤᠷᠢᠯᠠᠨ᠎ᠠ᠃ ᠠᠯᠪᠠᠳᠠᠨ  ᠤ ᠠᠷᠢᠭᠤᠨ ᠴᠢᠭᠡᠴᠢ ᠪᠠᠷ ᠵᠠᠰᠠᠭ  ᠤᠨ ᠠᠵᠢᠯ ᠬᠢᠬᠦ  ᠳᠤ ᠬᠢᠨᠠᠯᠳᠠ ᠲᠠᠯᠪᠢᠬᠤ ᠪᠠ ᠬᠠᠮᠢᠶᠠᠷᠤᠯᠳᠠ ᠬᠢᠬᠦ ᠶᠢ ᠴᠢᠩᠭᠠᠳᠬᠠᠵᠤ᠂ ᠡᠷᠭᠡ ᠪᠠᠨ ᠠᠰᠢᠭᠯᠠᠨ ᠬᠤᠪᠢ ᠪᠠᠨ ᠪᠤᠷᠳᠤᠬᠤ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ  ᠢᠶᠠᠨ ᠭᠤᠳᠤᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠠᠵᠤ᠂ ᠠᠷᠢᠭᠤᠨ ᠴᠢᠬᠡᠴᠢ ᠰᠢᠨ᠎ᠡ ᠲᠦᠷᠢ  ᠲᠦᠷᠬᠦ ᠶᠢ ᠪᠣᠢ ᠪᠣᠯᠭᠠᠨ᠎ᠠ᠃      ᠲᠦᠯᠦᠬᠡᠯᠡᠭᠴᠢᠳ ᠡ᠂ ᠰᠢᠨ᠎ᠠ ᠨᠢᠭᠡᠨ ᠵᠢᠯ ᠡᠬᠢᠯᠡᠬᠦᠶ᠎ᠠ᠂ ᠲᠦᠮᠠᠨ ᠪᠤᠳᠠᠰ ᠰᠢᠨᠠᠳᠴᠤ᠂ ᠢᠷᠡᠭᠡᠳᠤᠢ ᠪᠠᠨ ᠪᠠᠷᠠᠭᠠᠯᠠᠬᠤᠶ᠎ᠠ᠂ ᠢᠳᠡᠭᠡᠯ ᠵᠤᠷᠢᠭ  ᠲᠡᠬᠦᠯᠳᠡᠷᠵᠢᠨᠠᠮ᠃ ᠤᠷᠤᠭᠰᠢᠯᠠᠯᠳᠠ ᠶᠢᠨ ᠵᠠᠮ ᠲᠡᠭᠡᠷ᠎ᠠ ᠬᠡᠳᠦᠶᠢᠪᠠᠷ ᠬᠦᠴᠢᠷ ᠪᠡᠷᠭᠡᠰᠢᠶᠠᠯ ᠪᠠ ᠠᠶᠤᠯ ᠲᠦᠭᠰᠢᠬᠦᠷᠢ ᠪᠠᠶᠢᠪᠠᠴᠤ᠂ ᠬᠡᠷᠪᠠ ᠪᠦᠬᠦ ᠬᠤᠳᠠ ᠶᠢᠨ ᠤᠯᠠᠨ ᠲᠦᠮᠠᠨ ᠨᠢᠭᠡ ᠰᠡᠳᠬᠢᠯ ᠨᠢᠭᠡ ᠵᠤᠷᠢᠭ  ᠢᠶᠠᠷ ᠵᠠᠮ ᠨᠡᠭᠡᠭᠡᠨ ᠤᠷᠤᠭᠰᠢᠯᠠᠬᠤ  ᠳᠤ ᠬᠦᠷᠪᠠᠯ᠂ ᠪᠢᠳᠠᠨ  ᠳᠤ ᠢᠯᠠᠨ ᠲᠠᠪᠠᠰᠢ ᠦᠭᠡᠢ ᠬᠦᠴᠢᠷ ᠪᠡᠷᠭᠡᠰᠢᠶᠡᠯ ᠪᠠ ᠠᠶᠤᠯ ᠲᠦᠭᠰᠢᠬᠦᠷᠢ ᠬᠡᠵᠤ ᠪᠠᠶᠢᠬᠤ ᠦᠭᠡᠢ ᠶᠤᠮ᠃ ᠤᠷᠳᠤᠰ  ᠤᠨ ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠢᠷᠡᠭᠡᠳᠤᠢ  ᠰᠠᠷᠠᠭᠤᠯ ᠠᠭᠤᠳᠠᠮ᠂ ᠲᠠᠯᠳᠠ ᠬᠦᠴᠦᠨ ᠯᠤᠳᠤ ᠶᠡᠭᠡ ᠪᠠᠶᠢᠵᠤ᠂ ᠤᠷᠳᠤᠰ  ᠤᠨ ᠮᠠᠷᠭᠠᠰᠢ ᠯᠠᠪᠳᠠᠶᠢᠶ᠎ᠠ ᠨᠠᠩ ᠭᠤᠶᠤ ᠰᠠᠶᠢᠬᠠᠨ ᠪᠤᠯᠬᠤ ᠰᠠᠨ ᠬᠡᠰᠡᠨ  ᠢ ᠪᠢᠳᠠ ᠪᠠᠳᠤ ᠢᠳᠡᠭᠡᠵᠤ ᠪᠠᠶᠢᠨ᠎ᠠ᠃  ᠪᠢᠳᠠ ᠬᠤᠳᠠ  ᠶᠢᠨ ᠨᠠᠮ  ᠤᠨ ᠬᠤᠷᠢᠶ᠎ᠠ ᠶᠢᠨ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠡᠳᠬᠢᠯ  ᠢᠶᠠᠨ ᠨᠢᠬᠡᠳᠬᠡᠨ ᠭᠦᠴᠦ  ᠪᠠᠨ ᠬᠠᠮᠳᠣᠳᠬᠠᠵᠣ᠂ ᠴᠠᠭ  ᠤᠨ ᠭᠠᠴᠢᠭ  ᠢ ᠬᠠᠮᠳᠣᠪᠠᠷ ᠢᠯᠠᠨ ᠲᠠᠪᠠᠵᠣ᠂ ᠦᠬᠡᠷᠡᠴᠢᠯᠡᠯᠳᠡ ᠬᠦᠭᠵᠢᠯᠳᠡ  ᠶᠢᠨ ᠡᠯ᠎ᠡ ᠲᠦᠷᠦᠯ  ᠤᠨ ᠠᠵᠢᠯ  ᠢ ᠯᠠᠪᠳᠠᠭᠤᠨ ᠪᠠᠳᠤᠳᠠᠢ ᠪᠠᠷ ᠰᠠᠶᠢᠳᠣᠷ ᠬᠢᠵᠣ᠂ ᠨᠡᠩ ᠪᠣᠳᠠᠳᠣ ᠭᠦᠴᠦᠨ ᠲᠠᠢ᠂ ᠭᠤᠶᠣ ᠰᠠᠶᠢᠬᠠᠨ᠂ ᠠᠮᠢᠵᠢᠷᠠᠯ  ᠤᠨ ᠭᠦᠴᠦᠨ ᠲᠠᠢ᠂ ᠵᠣᠯ ᠵᠢᠷᠭᠠᠯᠳᠠᠢ ᠣᠷᠳᠣᠰ  ᠢ ᠪᠦᠳᠦᠭᠡᠨ ᠪᠠᠶᠢᠭᠤᠯᠬᠤ ᠶᠢᠨ ᠲᠦᠯᠦᠬᠡ ᠴᠢᠷᠮᠠᠶᠢᠨ  ᠲᠡᠮᠡᠴᠡᠵᠡᠬᠡᠶ᠎ᠠ︕      ᠵᠠᠰᠠᠭ  ᠤᠨ ᠣᠷᠳᠣᠨ  ᠤ ᠠᠵᠢᠯ  ᠤᠨ ᠢᠯᠡᠳᠬᠡᠯ  ᠤᠨ ᠨᠡᠷᠡᠰ  ᠤᠨ ᠲᠠᠶᠢᠯᠪᠣᠷᠢ      ᠱᠠᠨ ᠰᠢ ᠪᠡᠬᠡᠵᠢᠩ  ᠤᠨ ᠲᠦᠷᠪᠡᠨ ᠱᠣᠭᠤᠮ ᠪᠠᠶᠢᠭᠠᠯᠢ  ᠶᠢᠨ ᠰᠢᠳᠠᠮᠠᠬᠠᠢ ᠬᠡᠢ  ᠶᠢ ᠲᠠᠮᠵᠢᠭᠤᠯᠣᠨ ᠬᠦᠷᠬᠡᠬᠦ ᠬᠤᠭᠤᠯᠠᠢ᠄ ᠲᠣᠰ ᠬᠡᠢ ᠲᠠᠮᠵᠢᠭᠤᠯᠬᠤ ᠬᠤᠭᠤᠯᠠᠢ ᠱᠣᠭᠤᠮ ᠨᠢ ᠱᠠᠨᠰᠢ ᠮᠣᠵᠢ  ᠶᠢᠨ ᠵᠢᠩ ᠪᠢᠶᠠᠨ ᠰᠢᠶᠠᠨ ᠠᠴᠠ ᠡᠬᠢᠯᠡᠵᠣ ᠪᠡᠬᠡᠵᠢᠩ  ᠳᠤ ᠬᠦᠷᠦᠨ᠎ᠡ᠂ ᠪᠦᠬᠦ ᠣᠷᠳᠣ ᠨᠢ 1063 ᠺᠢᠯᠣᠮᠧᠲᠷ᠂ ᠬᠡᠢ  ᠶᠢᠨ ᠢᠷᠡᠯᠳᠡ ᠨᠢ ᠲᠣᠮᠳᠠᠳᠣ ᠣᠯᠣᠰ  ᠤᠨ ᠴᠢᠯᠠᠭᠤᠨ ᠲᠣᠰᠣᠨ  ᠤ ᠴᠠᠩ ᠴᠢᠩ  ᠤᠨ ᠴᠢᠯᠠᠭᠤᠨ ᠲᠣᠰᠣᠨ ᠤ ᠠᠢ ᠰᠠᠪᠠ  ᠶᠢᠨ ᠺᠣᠮᠫᠠᠨᠢ  ᠶᠢᠨ ᠱᠦᠷᠭᠡᠢ  ᠶᠢᠨ ᠰᠢᠳᠠᠮᠠᠬᠠᠢ ᠬᠡᠢ  ᠶᠢᠨ ᠠᠭᠤᠷᠬᠠᠢ ᠪᠣᠯᠣᠨ᠎ᠠ᠃ ᠣᠷᠳᠣᠰ  ᠤᠨ ᠬᠢᠵᠠᠭᠠᠷ ᠲᠠᠬᠢ ᠬᠤᠭᠤᠯᠠᠢ  ᠶᠢᠨ ᠣᠷᠳᠣ ᠨᠢ 282.2 ᠺᠢᠯᠣᠮᠧᠲᠷ ᠪᠣᠯᠣᠨ᠎ᠠ᠃     ᠪᠣᠳᠠᠰ  ᠤᠨ ᠢᠨᠲ᠋ᠧᠷᠨᠧᠲ ᠰᠦᠯᠵᠢᠶ᠎ᠡ ᠬᠡᠳᠡᠭ ᠨᠢ ᠡᠯ᠎ᠡ ᠲᠦᠷᠦᠯ  ᠤᠨ ᠪᠣᠳᠠᠰ ᠲᠡᠬᠡᠷ᠎ᠡ ᠣᠭᠰᠠᠷᠠᠭᠤᠯᠣᠭᠰᠠᠨ ᠰᠠᠴᠣᠷᠠᠯ ᠲᠠᠪᠳᠠᠮᠵᠢ  ᠪᠠᠷ ᠢᠯᠭᠠᠨ ᠲᠠᠨᠢᠬᠤ ᠂ ᠰᠡᠷᠡᠯ ᠲᠠᠮᠵᠢᠭᠤᠯᠣᠭᠴᠢ᠂ ᠬᠤᠶᠠᠷ ᠬᠡᠮᠵᠢᠯ  ᠤᠨ ᠲᠤᠭ᠎ᠠ ᠪᠠᠷ ᠲᠠᠮᠵᠢᠨ᠂ ᠵᠠᠯᠭᠠᠳᠠᠰᠣ  ᠪᠠᠷ ᠲᠠᠮᠵᠢᠵᠣ ᠣᠳᠠᠰᠣ ᠦᠬᠡᠢ ᠰᠦᠯᠵᠢᠶ᠎ᠡ ᠲᠠᠢ ᠵᠠᠯᠭᠠᠯᠳᠣᠵᠣ ᠬᠦᠮᠦᠨ ᠪᠠ ᠪᠣᠳᠠᠰ᠂ ᠪᠣᠳᠠᠰ ᠪᠠ ᠪᠣᠳᠠᠰ  ᠤᠨ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ  ᠶᠢ ᠪᠡᠶᠡᠯᠡᠭᠦᠯᠬᠦ  ᠶᠢ ᠵᠢᠭᠠᠵᠣ ᠪᠠᠶᠢᠨ᠎ᠠ᠂ ᠡᠨᠡ ᠨᠢ ᠰᠢᠨ᠎ᠡ ᠦᠶ᠎ᠡ  ᠶᠢᠨ ᠴᠢᠮᠡᠭᠡ ᠵᠠᠩᠬᠢ  ᠶᠢᠨ ᠮᠡᠷᠭᠡᠵᠢᠯ  ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃      ᠬᠤᠭᠤᠴᠠᠭᠠᠳᠣ ᠪᠠᠷᠠᠭ᠎ᠠ  ᠶᠢ ᠲᠠᠰᠣᠯᠣᠨ ᠪᠣᠳᠣᠬᠤ ᠬᠦᠮᠦᠷᠬᠡ ᠬᠡᠳᠡᠭ ᠨᠢ ᠬᠤᠭᠤᠴᠠᠭᠠᠳᠣ ᠪᠠᠷᠠᠭᠠᠨ  ᠤ ᠠᠷᠠᠯᠵᠢᠶᠠᠨ  ᠤ ᠭᠠᠵᠠᠷ ᠨᠢ ᠲᠠᠰᠣᠯᠣᠨ ᠪᠣᠳᠣᠬᠤ ᠬᠤᠭᠤᠴᠠᠭ᠎ᠠ  ᠳᠤ ᠣᠷᠣᠭᠰᠠᠨ ᠬᠡᠷ᠎ᠡ  ᠶᠢ ᠪᠣᠳᠠᠳᠣ ᠪᠣᠳᠠᠰ ᠢᠶᠠᠷ ᠲᠠᠰᠣᠯᠣᠨ ᠪᠣᠳᠣᠬᠤ  ᠶᠢ ᠪᠡᠶᠡᠯᠡᠭᠦᠯᠬᠦ  ᠶᠢᠨ ᠲᠦᠯᠦᠬᠡ ᠲᠠᠸᠠᠷ  ᠤᠨ ᠭᠤᠣᠯ ᠣᠶᠢᠯᠡᠳᠪᠦᠷᠢᠯᠡᠯ  ᠤᠨ ᠣᠷᠣᠨ ᠪᠣᠶᠣ ᠭᠤᠣᠯ ᠬᠡᠷᠡᠭᠯᠡᠬᠡᠨ  ᠤ ᠣᠷᠣᠨ  ᠳᠤ ᠲᠣᠰᠬᠠᠢ ᠲᠠᠸᠠᠷ  ᠢ ᠬᠠᠳᠠᠭᠠᠯᠠᠨ ᠨᠦᠬᠡᠴᠡᠯᠡᠬᠦ ᠣᠷᠣᠨ ᠪᠦᠰᠡ ᠪᠠᠶᠢᠭᠤᠯᠵᠣ᠂ ᠬᠡᠷ᠎ᠡ ᠶᠢᠨ ᠬᠤᠳᠠᠯᠳᠤᠭ᠎ᠠ  ᠶᠢᠨ ᠬᠤᠶᠠᠷ ᠲᠠᠯ᠎ᠠ  ᠶᠢᠨ ᠬᠢᠨ  ᠳᠤ ᠪᠡᠯᠡᠨ ᠵᠣᠭᠤᠰ  ᠢᠶᠠᠷ ᠠᠷᠭᠠᠴᠠᠬᠤ  ᠶᠢ ᠪᠡᠶᠡᠯᠡᠭᠦᠯᠬᠦ  ᠳᠤ ᠲᠦᠭᠦᠮ ᠦᠵᠡᠭᠦᠯᠵᠣ᠂ ᠠᠷᠠᠯᠵᠢᠶ᠎ᠠ  ᠶᠢ ᠪᠡᠶᠡᠯᠡᠭᠦᠯᠬᠦ  ᠶᠢ ᠵᠢᠭᠠᠵᠣ ᠪᠠᠶᠢᠨ᠎ᠠ᠃      ᠡᠯᠧᠺᠲᠷᠣᠨ ᠬᠤᠳᠠᠯᠳᠣᠭᠠᠨ  ᠤ ᠶᠠᠪᠣᠳᠠᠯ ᠬᠡᠳᠡᠭ ᠨᠢ ᠢᠨᠲ᠋ᠧᠷᠨᠧᠲ ᠰᠦᠯᠵᠢᠶᠠᠨ ᠲᠡᠬᠡᠷ᠎ᠡ ᠡᠯᠧᠺᠲᠷᠣᠨ ᠠᠷᠠᠯᠵᠢᠶᠠᠨ  ᠤ ᠬᠡᠯᠪᠡᠷᠢ  ᠪᠠᠷ ᠠᠷᠠᠯᠵᠢᠶᠠᠯᠠᠬᠤ ᠵᠢᠴᠢ ᠬᠤᠯᠪᠣᠭᠳᠠᠯ ᠪᠦᠬᠦᠢ ᠣᠶᠢᠯᠡᠴᠢᠯᠡᠭᠡ ᠬᠠᠩᠭᠠᠬᠤ ᠣᠶᠢᠯᠠ ᠠᠵᠢᠯᠯᠠᠭ᠎ᠠ  ᠶᠢ ᠵᠢᠭᠠᠵᠣ ᠪᠠᠶᠢᠨ᠎ᠠ᠃     ᠬᠦᠬᠡᠬᠤᠳᠠ ᠪᠣᠭᠤᠳᠣ ᠣᠷᠳᠣᠰ  ᠤᠨ ᠬᠤᠳᠠ  ᠶᠢᠨ ᠰᠦᠷᠦᠭᠵᠢᠯ ᠬᠡᠳᠡᠭ ᠨᠢ ᠲᠦᠪ  ᠤᠨ ᠬᠤᠳᠠ ᠪᠠᠯᠭᠠᠰᠣᠵᠢᠯᠳᠠ  ᠶᠢᠨ ᠠᠵᠢᠯ  ᠤᠨ ᠬᠤᠷᠠᠯ ᠲᠡᠬᠡᠷ᠎ᠡ ᠲᠣᠷᠠᠳᠣᠨ ᠭᠠᠷᠭᠠᠭᠰᠠᠨ 17 ᠣᠷᠣᠨ ᠪᠦᠰᠡ  ᠶᠢᠨ ᠴᠢᠨᠠᠷᠲᠠᠢ ᠬᠤᠳᠠ  ᠶᠢᠨ ᠰᠦᠷᠦᠭᠵᠢᠯ  ᠤᠨ ᠨᠢᠭᠡ  ᠶᠢ ᠵᠢᠭᠠᠵᠣ ᠪᠠᠶᠢᠨ᠎ᠠ᠂ ᠬᠦᠬᠡᠬᠤᠳᠠ᠂ ᠪᠣᠭᠤᠳᠣ᠂ ᠣᠷᠳᠣᠰ ᠬᠤᠳᠠ  ᠪᠠᠷ ᠪᠦᠷᠢᠯᠳᠦᠨ᠎ᠡ᠃      ᠰᠠᠭᠤᠭᠠᠯᠢ ᠠᠷᠠᠳ  ᠤᠨ ᠬᠡᠷᠡᠭᠯᠡᠬᠡᠨ  ᠤ ᠦᠨ᠎ᠡ ᠬᠠᠩᠰᠢ  ᠶᠢᠨ ᠵᠢᠭᠠᠯᠳᠠ ᠲᠤᠭ᠋᠎ᠠ ᠲᠣᠪᠴᠢ ᠲᠠᠭᠤᠳᠠᠯᠭ᠎ᠠ ᠨᠢ CPI ᠬᠡᠳᠡᠭ᠂ ᠰᠠᠭᠤᠭᠠᠯᠢ ᠠᠷᠠᠳ  ᠤᠨ ᠬᠡᠷ ᠪᠦᠯᠢ  ᠶᠢᠨ ᠶᠡᠷᠦ  ᠶᠢᠨ ᠬᠤᠳᠠᠯᠳᠣᠵᠣ ᠠᠪᠣᠭᠰᠠᠨ ᠬᠡᠷᠡᠭᠯᠡᠬᠡᠨ  ᠤ ᠲᠠᠸᠠᠷ ᠪᠠ ᠣᠶᠢᠯᠡᠴᠢᠯᠡᠬᠡᠨ  ᠤ ᠦᠨ᠎ᠡ ᠬᠠᠩᠰᠢ  ᠶᠢᠨ ᠬᠢᠷᠢ ᠲᠦᠪᠰᠢᠨ  ᠤ ᠬᠤᠪᠢᠷᠠᠯᠳᠠ  ᠶᠢᠨ ᠪᠠᠶᠢᠳᠠᠯ  ᠢ ᠲᠣᠰᠬᠠᠬᠤ ᠬᠤᠷᠸ᠎ᠠ ᠠᠵᠣ ᠠᠬᠤᠢ  ᠶᠢᠨ ᠭᠦᠢᠴᠡᠳᠬᠡᠯ ᠲᠤᠭ᠎ᠠ ᠪᠣᠯᠣᠨ᠎ᠠ᠃ᠣᠷᠴᠢᠨ ᠲᠣᠭᠤᠷᠢᠨ  ᠤ ᠬᠠᠮᠠᠭᠠᠯᠠᠯᠳᠠ  ᠶᠢᠨ ︽ᠭᠤᠷᠪᠠᠨ ᠵᠡᠷᠬᠡᠪᠡᠷ ᠪᠠᠶᠢᠬᠤ︾ ᠲᠦᠷᠢᠮ ᠬᠡᠳᠡᠭ ᠨᠢ ᠪᠦᠲᠦᠬᠡᠨ ᠪᠠᠶᠢᠭᠤᠯᠣᠯᠳᠠ  ᠶᠢᠨ ᠲᠦᠷᠦᠯ ᠵᠣᠶᠢᠯ ᠲᠣᠮᠳᠠ ᠪᠣᠬᠢᠷᠳᠣᠯ  ᠢ ᠰᠡᠷᠭᠡᠶᠢᠯᠡᠬᠦ ᠲᠦᠭᠦᠭᠡᠷᠣᠮᠵᠢ  ᠶᠢ ᠡᠷᠬᠡᠪᠰᠢ ᠭᠤᠣᠯ ᠴᠣᠭᠴᠠ  ᠶᠢᠨ ᠪᠠᠷᠢᠯᠭ᠎ᠠ ᠲᠠᠢ ᠵᠡᠷᠬᠡᠪᠡᠷ ᠵᠢᠷᠣᠭᠯᠠᠨ ᠲᠦᠯᠦᠪᠯᠡᠵᠣ᠂ ᠵᠡᠷᠬᠡᠪᠡᠷ ᠪᠠᠷᠢᠯᠭ᠎ᠠ ᠬᠢᠵᠣ᠂ ᠵᠡᠷᠬᠡᠪᠡᠷ ᠠᠰᠢᠭᠯᠠᠯᠳᠠ  ᠳᠤ ᠣᠷᠣᠭᠤᠯᠣᠨ ᠬᠡᠷᠡᠭᠯᠡᠬᠦ  ᠶᠢ ᠵᠢᠭᠠᠵᠣ ᠪᠠᠶᠢᠨ᠎ᠠ᠃      ᠣᠯᠠᠨ ᠨᠡᠶᠢᠳᠡ  ᠶᠢᠨ ᠪᠣᠳᠠᠳᠣ ᠪᠣᠯᠪᠠᠰᠣᠷᠠᠯ  ᠤᠨ ᠰᠠᠭᠤᠷᠢᠨ ᠭᠠᠵᠠᠷ ᠬᠡᠳᠡᠭ ᠨᠢ ᠵᠠᠰᠠᠭ  ᠤᠨ ᠣᠷᠳᠣᠨ  ᠠᠴᠠ ᠲᠦᠪᠯᠡᠷᠡᠭᠦᠯᠦᠨ ᠪᠡᠯᠡ ᠣᠷᠣᠭᠤᠯᠬᠤ  ᠪᠠᠷ ᠲᠠᠮᠵᠢᠨ ᠪᠠᠶᠢᠭᠤᠯᠣᠭᠰᠠᠨ ᠨᠡᠶᠢᠬᠡᠮ  ᠤᠨ ᠪᠣᠯᠪᠠᠰᠣᠷᠠᠯ  ᠤᠨ ᠪᠠᠶᠢᠭᠤᠯᠣᠮᠵᠢ  ᠳᠤ ᠬᠠᠨᠳᠣᠭᠤᠯᠣᠭᠰᠠᠨ ᠵᠠᠷᠣᠳᠠᠯ ᠬᠤᠷᠢᠶᠠᠬᠤ ᠦᠬᠡᠢ  ᠪᠠᠷ ᠨᠡᠬᠡᠬᠡᠬᠦ᠂ ᠦᠨ᠎ᠡ ᠲᠦᠯᠦᠪᠣᠷᠢ ᠦᠬᠡᠢ  ᠪᠠᠷ ᠬᠡᠷᠡᠭᠯᠡᠬᠦ᠂ ᠴᠢᠳᠠᠪᠬᠢ ᠨᠢ ᠪᠦᠷᠢᠨ ᠲᠡᠭᠦᠯᠳᠡᠷ᠂ ᠮᠡᠷᠭᠡᠵᠢᠯ ᠨᠢ ᠲᠡᠷᠢᠭᠦᠨ  ᠤ᠂ ᠮᠡᠷᠭᠡᠵᠢᠯ ᠴᠢᠳᠠᠪᠦᠷᠢ ᠶᠢ ᠰᠣᠷᠣᠯᠴᠠᠨ ᠣᠶᠢᠯᠡᠳᠣᠯᠬᠡᠵᠢᠭᠦᠯᠬᠦ ᠭᠠᠵᠠᠷ  ᠢ ᠵᠢᠭᠠᠵᠣ ᠪᠠᠶᠢᠨ᠎ᠠ᠃      ᠵᠠᠷᠣᠳᠠᠯ  ᠢ ᠲᠠᠷᠣᠢ ᠳᠤᠨᠢ ᠨᠢ ᠲᠠᠶᠢᠯᠬᠤ ᠬᠡᠳᠡᠭ ᠨᠢ ᠠᠯᠢᠪᠠ ᠣᠷᠳᠣᠰ  ᠤᠨ ᠡᠷᠦᠬᠡ ᠠᠮᠠ ᠲᠠᠢ ᠮᠦᠷᠳᠡᠬᠡᠨ ᠠᠵᠢᠯᠳᠠᠨ ᠠᠵᠢᠯᠴᠢᠳ  ᠤᠨ ᠡᠮᠨᠡᠯᠬᠡ  ᠶᠢᠨ ᠲᠠᠭᠠᠳᠬᠠᠯ᠂ ᠬᠤᠳᠠ ᠪᠠᠯᠭᠠᠰᠣᠨ  ᠤ ᠰᠠᠭᠤᠭᠠᠯᠢ ᠠᠷᠠᠳ ᠤᠨ ᠡᠮᠨᠡᠯᠬᠡ  ᠶᠢᠨ ᠲᠠᠭᠠᠳᠬᠠᠯ ᠪᠠ ᠮᠠᠯᠵᠢᠬᠤ ᠲᠠᠷᠢᠶᠠᠯᠠᠬᠤ ᠣᠷᠣᠨ  ᠤ ᠰᠢᠨ᠎ᠡ ᠬᠡᠯᠪᠡᠷᠢ  ᠶᠢᠨ ᠬᠤᠷᠰᠢᠭᠰᠠᠨ ᠡᠮᠨᠡᠯᠬᠡ  ᠶᠢᠨ ᠲᠠᠭᠠᠳᠬᠠᠯ  ᠳᠤ ᠣᠷᠣᠭᠰᠠᠨ ᠡᠪᠡᠳᠴᠢᠳᠡᠨ ᠡᠮᠨᠡᠯᠬᠡ  ᠳᠤ ᠰᠠᠭᠤᠵᠣ ᠡᠮᠨᠡᠭᠦᠯᠬᠦ  ᠳᠤ᠂ ᠵᠠᠷᠣᠳᠠᠯ   ᠤᠨ ᠲᠣᠭᠳᠠᠭᠠᠯ ᠶᠣᠰᠣᠭᠠᠷ ᠬᠤᠪᠢ ᠬᠦᠮᠦᠨ  ᠠᠴᠠ ᠡᠭᠦᠷᠬᠡᠯᠡᠬᠦ ᠬᠡᠰᠡᠭ  ᠢ ᠲᠠᠷᠣᠢ ᠳᠤᠨᠢ ᠲᠠᠶᠢᠯᠵᠣ᠂ ᠡᠮᠨᠡᠯᠬᠡ  ᠶᠢᠨ ᠲᠠᠭᠠᠳᠬᠠᠯ  ᠤᠨ ᠡᠭᠦᠷᠬᠡᠯᠡᠬᠦ ᠬᠡᠰᠡᠭ  ᠢ ᠡᠮᠨᠡᠯᠬᠡ ᠶᠢᠨ ᠬᠤᠷᠢᠶ᠎ᠠ ᠪᠠ ᠡᠮᠨᠡᠯᠬᠡ  ᠶᠢᠨ ᠲᠠᠭᠠᠳᠬᠠᠯ ᠤᠨ ᠬᠠᠮᠢᠶᠠᠷᠣᠯᠳᠠ  ᠶᠢᠨ ᠲᠣᠪᠴᠢᠶ᠎ᠠ  ᠠᠴᠠ ᠲᠠᠷᠣᠢ ᠳᠤᠨᠢ ᠲᠠᠶᠢᠯᠬᠤ  ᠶᠢ ᠬᠡᠯᠡᠵᠣ ᠪᠠᠶᠢᠨ᠎ᠠ᠃     ︽ᠭᠤᠷᠪᠠ ᠦᠬᠡᠢ ᠬᠦᠮᠦᠰ︾ ᠬᠡᠳᠡᠭ ᠨᠢ ᠬᠦᠳᠡᠯᠮᠦᠷᠢ  ᠶᠢᠨ ᠭᠦᠴᠦᠨ ᠦᠬᠡᠢ᠂ ᠣᠷᠣᠯᠭ᠎ᠠ  ᠶᠢᠨ ᠢᠷᠡᠯᠳᠡ ᠦᠬᠡᠢ᠂ ᠬᠠᠣᠯᠢ  ᠪᠠᠷ ᠲᠣᠭᠳᠠᠭᠠᠭᠰᠠᠨ ᠠᠰᠠᠷᠠᠨ ᠲᠡᠵᠢᠬᠡᠬᠦ ᠬᠦᠮᠦᠨ ᠦᠬᠡᠢ ᠬᠦᠮᠦᠰ ᠢ ᠵᠢᠭᠠᠵᠣ ᠪᠠᠶᠢᠨ᠎ᠠ᠃      ᠢᠳᠡᠬᠡᠨ  ᠤ ᠶᠠᠰᠣ ᠴᠢᠨᠠᠷ  ᠤᠨ ᠠᠶᠣᠯ ᠦᠬᠡᠢ  ᠶᠢᠨ ᠨᠡᠬᠡᠮᠵᠢᠯᠡᠬᠦ ᠰᠢᠰᠲ᠋ᠧᠮᠵᠢ ᠬᠡᠳᠡᠭ ᠨᠢ ᠣᠶᠢᠯᠡᠳᠪᠦᠷᠢᠯᠡᠯ᠂ ᠰᠢᠯᠭᠠᠨ ᠪᠠᠶᠢᠴᠠᠭᠠᠬᠤ᠂ ᠬᠢᠨᠠᠨ ᠬᠠᠮᠢᠶᠠᠷᠬᠤ ᠪᠠ ᠬᠡᠷᠡᠭᠯᠡᠬᠡᠨ  ᠤ ᠡᠯ᠎ᠡ ᠭᠤᠭᠴᠤᠭ᠎ᠠ ᠶᠢ ᠬᠤᠯᠪᠣᠵᠣ᠂ ᠬᠡᠷᠡᠭᠯᠡᠭᠴᠢᠳ  ᠤᠨ ᠰᠠᠨᠠᠭ᠎ᠠ ᠠᠮᠣᠷ ᠬᠡᠮᠵᠢᠶ᠎ᠡ  ᠶᠢ ᠲᠡᠭᠡᠭᠰᠢᠯᠡᠭᠦᠯᠬᠦ ᠴᠢᠮᠡᠭᠡ ᠵᠠᠩᠬᠢ  ᠶᠢᠨ ᠬᠠᠮᠢᠶᠠᠷᠣᠯᠳᠠ  ᠶᠢᠨ ᠰᠢᠰᠲ᠋ᠧᠮ  ᠢ ᠵᠢᠭᠠᠵᠣ ᠪᠠᠶᠢᠨ᠎ᠠ᠃      ᠴᠠᠬᠢᠯᠭᠠᠨ ᠭᠦᠴᠦᠨ  ᠤ ᠬᠤᠶᠠᠷ ᠲᠠᠯ᠎ᠠ᠂ ᠣᠯᠠᠨ ᠲᠠᠯ᠎ᠠ  ᠶᠢᠨ ᠠᠷᠠᠯᠵᠢᠶ᠎ᠠ᠄ ᠬᠤᠶᠠᠷ ᠲᠠᠯ᠎ᠠ  ᠶᠢᠨ ᠠᠷᠠᠯᠵᠢᠶ᠎ᠠ ᠬᠡᠳᠡᠭ ᠨᠢ ᠴᠠᠬᠢᠯᠭᠠᠨ  ᠭᠦᠴᠦᠨ  ᠢ  ᠬᠤᠳᠠᠯᠳᠣᠨ ᠠᠪᠬᠤ  ᠪᠠ ᠬᠤᠳᠠᠯᠳᠣᠬᠤ ᠬᠤᠶᠠᠷ ᠲᠠᠯ᠎ᠠ  ᠶᠢᠨ ᠬᠢᠨ ︵ᠡᠰᠡᠭᠦᠯ᠎ᠡ  ᠲᠡᠭᠦᠨ   ᠤ  ᠨᠠᠶᠢᠳᠠᠬᠤ ᠪᠠᠶᠢᠭᠤᠯᠣᠮᠵᠢ︶ ᠰᠠᠶᠢᠨ ᠲᠣᠷ᠎ᠠ  ᠠᠴᠠ  ᠪᠠᠨ ᠪᠠᠶᠢᠬᠤ ᠂ ᠬᠠᠷᠢᠯᠴᠠᠨ ᠠᠰᠢᠭᠲᠠᠢ ᠪᠠᠶᠢᠬᠤ ᠵᠠᠷᠴᠢᠮ ᠠᠴᠠ ᠡᠭᠦᠰᠴᠣ᠂ ᠬᠤᠶᠠᠷ  ᠲᠠᠯ᠎ᠠ   ᠪᠠᠷ   ᠢᠶᠠᠨ  ᠵᠦᠪᠳᠡᠯᠴᠡᠬᠦ  ᠪᠠᠷ ᠲᠠᠮᠵᠢᠨ᠂ ᠬᠡᠷ᠎ᠡ︵ᠠᠷᠠᠯᠵᠢᠶᠠᠯᠠᠬᠤ ᠬᠡᠮᠵᠢᠶ᠎ᠡ ᠵᠢᠴᠢ ᠦᠨ᠎ᠡ ᠬᠠᠩᠰᠢ ᠵᠡᠷᠬᠡ  ᠶᠢ ᠪᠠᠭᠳᠠᠭᠠᠨ᠎ᠠ︶ ᠲᠣᠭᠳᠠᠭᠠᠬᠤ ᠠᠷᠠᠯᠵᠢᠶᠠᠨ  ᠤ ᠬᠡᠯᠪᠡᠷᠢ  ᠶᠢ ᠵᠢᠭᠠᠵᠣ ᠪᠠᠶᠢᠨ᠎ᠠ᠃ ᠣᠯᠠᠨ ᠲᠠᠯ᠎ᠠ  ᠶᠢᠨ ᠠᠷᠠᠯᠵᠢᠶ᠎ᠠ ᠬᠡᠳᠡᠭ ᠨᠢ ᠣᠯᠠᠨ ᠬᠤᠳᠠᠯᠳᠣᠨ ᠠᠪᠬᠤ ᠲᠠᠯ᠎ᠠ ᠪᠠ ᠣᠯᠠᠨ ᠬᠤᠳᠠᠯᠳᠣᠬᠤ ᠲᠠᠯ᠎ᠠ ︵ᠲᠣᠣᠷ  ᠤᠨ ᠲᠣᠳᠣᠷᠠᠬᠢ ᠲᠣᠮᠣ ᠬᠡᠷᠡᠭᠯᠡᠭᠴᠢᠳ ᠪᠠ ᠴᠠᠬᠢᠯᠭᠠᠨ ᠭᠠᠷᠭᠠᠬᠤ ᠠᠵᠣ ᠠᠬᠤᠶᠢᠯᠠᠯ︶ ᠬᠠᠮᠳᠣᠪᠠᠷ ᠣᠷᠣᠯᠴᠠᠭᠰᠠᠨ ᠨᠢᠭᠡᠨ ᠵᠣᠶᠢᠯ  ᠤᠨ ᠦᠷᠬᠡᠨ ᠲᠡᠯᠬᠡᠷᠡᠩᠭᠦᠢ ᠴᠠᠬᠢᠯᠭᠠᠨ ᠭᠦᠴᠦᠨ  ᠤ ᠠᠷᠠᠯᠵᠢᠶᠠᠨ  ᠤ ᠵᠠᠬ᠎ᠠ ᠲᠡᠯᠬᠡᠭᠦᠷ  ᠤᠨ ᠵᠠᠭᠪᠣᠷ  ᠢ ᠵᠢᠭᠠᠵᠣ ᠪᠠᠶᠢᠨ᠎ᠠ᠃     ︽ᠨᠠᠵᠠᠭᠠᠢ ᠲᠠᠯ᠎ᠠ  ᠶᠢᠨ ᠨᠠᠷᠢᠨ ᠲᠠᠩᠰᠠ︾  ᠶᠢᠨ ᠬᠠᠮᠢᠶᠠᠷᠣᠯᠳᠠ  ᠶᠢᠨ ᠵᠠᠭᠪᠣᠷ ᠬᠡᠳᠡᠭ ᠨᠢ ᠵᠠᠰᠠᠭ  ᠤᠨ ᠣᠷᠳᠣᠨ ᠭᠠᠵᠠᠷ ᠣᠷᠣᠨ  ᠤ ᠬᠦᠭᠵᠢᠯᠳᠡ  ᠶᠢ ᠦᠨᠳᠦᠰᠦᠯᠡᠨ ᠠᠵᠣ ᠣᠶᠢᠯᠡᠰ᠂ ᠲᠦᠷᠦᠯ ᠵᠣᠶᠢᠯ  ᠤᠨ ᠣᠷᠣᠵᠣ ᠪᠣᠯᠬᠤ ᠦᠬᠡᠢ ᠬᠦᠷᠢᠶ᠎ᠡ ᠬᠡᠪᠴᠢᠶᠡᠨ  ᠤ ᠨᠠᠷᠢᠨ ᠲᠠᠩᠰᠠ  ᠶᠢ ᠲᠣᠭᠳᠠᠭᠠᠵᠣ᠂ ᠨᠠᠷᠢᠨ ᠲᠠᠩᠰᠠᠨ ᠲᠡᠬᠡᠷᠡᠬᠢ ᠴᠠᠭᠠᠵᠠ ᠲᠠᠢ ᠣᠷᠣᠨ  ᠠᠴᠠ ᠭᠠᠳᠠᠨ᠎ᠠ᠂ ᠪᠣᠰᠣᠳ ᠠᠵᠢᠯ ᠲᠦᠷᠦᠯ᠂ ᠬᠦᠷᠢᠶ᠎ᠡ ᠬᠡᠪᠴᠢᠶ᠎ᠡ ᠪᠠ ᠠᠵᠣ ᠠᠬᠤᠢ ᠶᠢᠨ ᠠᠵᠢᠯᠯᠠᠭ᠎ᠠ  ᠳᠤ ᠴᠦᠮ ᠣᠷᠣᠵᠣ ᠪᠣᠯᠬᠤ ᠬᠠᠮᠢᠶᠠᠷᠣᠯᠳᠠ  ᠶᠢᠨ ᠵᠠᠭᠪᠣᠷ  ᠢ ᠵᠢᠭᠠᠵᠣ ᠪᠠᠶᠢᠨ᠎ᠠ᠃      ︽ᠭᠤᠷᠪᠠᠨ ᠠᠯᠪᠠᠨ︾  ᠤ ᠵᠠᠷᠣᠳᠠᠯ ᠬᠡᠳᠡᠭ ᠨᠢ ᠡᠳ᠋  ᠤᠨ ᠵᠠᠰᠠᠭ  ᠠᠴᠠ ᠵᠣᠭᠤᠰ ᠰᠠᠯᠭᠠᠨ ᠦᠭᠴᠣ ᠵᠠᠷᠣᠯᠭ᠎ᠠ  ᠶᠢ ᠲᠣᠬᠢᠷᠠᠭᠤᠯᠣᠭᠰᠠᠨ ᠭᠠᠳᠠᠭᠠᠳᠣ ︵ᠬᠢᠯᠢ︶  ᠳᠤ ᠭᠠᠷᠬᠤ ᠵᠠᠷᠣᠳᠠᠯ᠂ ᠲᠡᠷᠬᠡ ᠬᠦᠰᠬᠡ ᠬᠤᠳᠠᠯᠳᠣᠨ ᠠᠪᠬᠤ ᠵᠢᠴᠢ ᠡᠷᠬᠢᠯᠳᠡ ᠬᠢᠬᠦ ᠵᠠᠷᠣᠳᠠᠯ᠂ ᠠᠯᠪᠠᠨ ᠶᠠᠪᠣᠳᠠᠯ  ᠤᠨ ᠵᠣᠴᠢᠯᠠᠬᠤ ᠵᠠᠷᠣᠳᠠᠯ  ᠢ ᠵᠢᠭᠠᠵᠣ ᠪᠠᠶᠢᠨ᠎ᠠ᠃
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ