ᠲᠦᠷᠭᠡᠨ ᠤ ᠭᠠᠯᠳᠤ ᠲᠡᠷᠭᠡᠨ ᠳᠤ ᠰᠠᠭᠤᠬᠤ ᠳᠤ ᠪᠢᠯᠧᠲ ᠬᠡᠷᠡᠭᠯᠡᠬᠦ ᠦᠭᠡᠢ ᠪᠤᠯᠤᠨ᠎ᠠ
ᠨᠡᠶᠢᠲᠡᠯᠡᠭᠰᠡᠨ ᠴᠠᠭ᠄
2018/7/18
     ᠲᠦᠷᠦᠬᠦᠭᠡᠨ ᠲᠤᠮᠳᠠᠳᠤ ᠤᠯᠤᠰ ᠤᠨ ᠲᠡᠮᠦᠷ ᠵᠠᠮ ᠤᠨ ᠶᠡᠷᠦᠩᠭᠡᠢ ᠺᠤᠮᠫᠠᠨᠢ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠶᠡᠷᠦᠩᠭᠡᠢ ᠲᠠᠭᠠᠭᠠᠮᠠᠯ ᠯᠤ᠋ ᠳ᠋ᠦᠡᠭ ᠹᠦ᠋᠂ ᠡᠯᠧᠺᠲᠷᠤᠨ ᠪᠢᠯᠧᠲ ᠢ ᠲᠠᠷᠠᠭ᠎ᠠ ᠵᠢᠯ ᠠᠴᠠ  ᠪᠦᠬᠦ ᠤᠯᠤᠰ ᠲᠤ ᠲᠦᠭᠡᠮᠡᠯᠵᠢᠬᠦᠯᠦᠨ᠎ᠠ ᠬᠡᠪᠡ᠃
         ᠲᠤᠬᠠᠢ ᠶᠢᠨ ᠦᠶ᠎ᠠ ᠳᠤ ᠠᠶᠠᠨᠴᠢᠳ ᠭᠠᠷ ᠤᠳᠠᠰᠤ ᠪᠤᠶᠤ ᠪᠡᠶ᠎ᠠ ᠶᠢᠨ ᠦᠨᠡᠮᠯᠡᠯ ᠢᠶᠠᠷ ᠰᠢᠭᠤᠳ ᠦᠷᠳᠡᠭᠡᠨ ᠳᠤ ᠤᠷᠤᠵᠤ ᠭᠠᠯᠳᠤ ᠲᠡᠷᠭᠡᠨ ᠳᠤ ᠰᠠᠭᠤᠵᠤ ᠪᠤᠯᠤᠨ᠎ᠠ᠃ ᠭᠠᠯᠳᠤ ᠲᠡᠷᠭᠡᠨ ᠳᠤ ᠰᠠᠭᠤᠬᠤ ᠶᠢᠨ ᠡᠮᠤᠨ᠎ᠠ ᠲᠤᠰᠬᠠᠢ  ᠪᠢᠯᠧᠲ ᠰᠤᠯᠢᠬᠤ ᠬᠡᠷᠡᠭ ᠦᠭᠡᠢ ᠪᠤᠯᠵᠠᠢ᠃          ᠰᠦᠯᠵᠢᠶ᠎ᠠ ᠪᠠᠷ ᠲᠠᠮᠵᠢᠨ ᠡᠯᠧᠺᠲᠷᠤᠨ ᠭᠠᠯᠳᠤ ᠲᠡᠷᠭᠡᠨ ᠤ ᠪᠢᠯᠧᠲ ᠢ ᠬᠤᠳᠠᠯᠳᠤᠨ ᠠᠪᠤᠭᠰᠠᠨ ᠤ ᠲᠠᠷᠠᠭ᠎ᠠ ᠴᠠᠭᠠᠰᠤᠨ ᠪᠢᠯᠧᠲ ᠰᠤᠯᠢᠨ ᠠᠪᠬᠤ ᠬᠡᠷᠡᠭ ᠦᠭᠡᠢ ᠪᠠᠷ ᠪᠡᠶ᠎ᠠ ᠶᠢᠨ ᠦᠨᠡᠮᠯᠡᠯ ᠵᠡᠷᠭᠡ ᠬᠦᠴᠦᠨ ᠲᠠᠢ ᠦᠨᠡᠮᠯᠡᠯ ᠢᠶᠠᠷ  ᠲᠡᠮᠵᠢᠨ ᠭᠠᠯᠳᠤ ᠲᠡᠷᠭᠡᠨ ᠳᠤ ᠰᠠᠭᠤᠵᠤ ᠪᠤᠯᠤᠨ᠎ᠠ᠃          ᠤᠳᠤᠬᠠᠨ ᠳᠤ ᠪᠡᠭᠡᠵᠢᠩ᠂ ᠱᠠᠩᠬᠠᠢ᠂ ᠱᠧᠨᠵᠧᠨ ᠵᠢᠴᠢ ᠤᠯᠤᠰ ᠤᠨ ᠲᠤᠳᠤᠭᠠᠳᠤᠬᠢ ᠭᠤᠤᠯ ᠪᠤᠯᠬᠤ  ᠬᠤᠶᠠᠳᠤᠭᠠᠷ ᠲᠡᠰ ᠤᠨ ᠬᠤᠳᠠ ᠶᠢᠨ ᠬᠤᠭᠤᠷᠤᠨᠳᠤᠬᠢ ᠲᠦᠷᠭᠡᠨ ᠤ ᠭᠠᠯᠳᠤ ᠲᠡᠷᠭᠡᠨ ᠳᠤ ᠪᠡᠶ᠎ᠠ ᠶᠢᠨ ᠦᠨᠡᠮᠯᠡᠯ ᠢᠶᠠᠷ  ᠦᠷᠳᠡᠭᠡᠨ ᠳᠤ ᠤᠷᠤᠵᠤ ᠭᠠᠯᠳᠤ ᠲᠡᠷᠭᠡᠨ ᠳᠤ ᠰᠠᠭᠤᠬᠤ ᠶᠢ ᠦᠨᠳᠤᠰᠤᠨ ᠳᠤ ᠪᠠᠨ ᠪᠡᠶᠡᠯᠡᠬᠦᠯᠪᠡ᠃            ᠵᠠᠷᠢᠮ ᠭᠠᠯᠳᠤ ᠲᠡᠷᠭᠡᠨ ᠳᠤ ᠶᠠᠭᠠᠬᠢᠭᠠᠳ ᠡᠯᠧᠺᠲᠷᠤᠨ ᠪᠢᠯᠧᠲ ᠬᠡᠷᠡᠭᠯᠡᠵᠤ ᠪᠤᠯᠬᠤ ᠦᠭᠡᠢ ᠪᠤᠢ︖          ᠲᠡᠮᠦᠷ ᠵᠠᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠠᠷ᠄          ᠨᠢᠭᠡ ᠳᠤ ᠭᠠᠯᠳᠤ ᠲᠡᠷᠭᠡᠨ ᠤ ᠦᠷᠳᠡᠭᠡᠨ ᠳᠤ ᠪᠡᠶ᠎ᠠ ᠶᠢᠨ ᠦᠨᠡᠮᠯᠡᠯ ᠢ ᠰᠢᠯᠭᠠᠨ ᠪᠠᠶᠢᠴᠠᠭᠠᠬᠤ ᠠᠦ᠋ᠲ᠋ᠣ᠋ ᠮᠠᠰᠢᠨ  ᠪᠠᠶᠢᠬᠤ ᠦᠭᠡᠢ︔          ᠬᠤᠶᠠᠷ ᠲᠤ ᠭᠠᠯᠳᠤ ᠲᠡᠷᠭᠡᠨ ᠲᠡᠭᠡᠷ᠎ᠠ ᠪᠡᠶ᠎ᠠ ᠶᠢᠨ ᠦᠨᠡᠮᠯᠡᠯ ᠢ ᠰᠢᠯᠭᠠᠨ ᠪᠠᠶᠢᠴᠠᠭᠠᠬᠤ ᠲᠦᠬᠦᠬᠡᠷᠦᠮᠵᠢ ᠲᠤᠬᠢᠷᠠᠭᠤᠯᠤᠭᠰᠠᠨ ᠦᠭᠡᠢ ᠲᠤᠯᠠ ᠭᠠᠯᠳᠤ ᠲᠡᠷᠭᠡᠨ ᠤ ᠠᠶᠠᠯᠠᠯ ᠤᠨ ᠲᠤᠮᠳᠠ ᠪᠢᠯᠧᠲ ᠪᠠᠶᠢᠴᠠᠭᠠᠬᠤ ᠠᠷᠭ᠎ᠠ ᠦᠭᠡᠢ᠃          ᠪᠡᠶ᠎ᠠ ᠶᠢᠨ ᠦᠨᠡᠮᠯᠡᠯ ᠢᠶᠠᠷ ᠭᠠᠯᠳᠤ ᠲᠡᠷᠭᠡᠨ ᠳᠤ ᠰᠠᠭᠤᠵᠤ ᠪᠤᠯᠬᠤ ᠮᠦᠷᠳᠡᠭᠡᠨ ᠵᠠᠷᠢᠮ ᠭᠠᠵᠠᠷ ᠤᠨ ᠭᠠᠯᠳᠤ ᠲᠡᠷᠭᠡᠨ ᠤ ᠦᠷᠳᠡᠭᠡ ᠳᠤ ᠪᠠᠰᠠ ︽ᠨᠢᠭᠤᠷ ᠢ ᠢᠯᠭᠠᠨ ᠲᠠᠨᠢᠬᠤ︾ ᠴᠢᠳᠠᠪᠬᠢ ᠲᠠᠢ ᠪᠤᠯᠤᠭᠰᠠᠨ ᠪᠠᠶᠢᠨ᠎ᠠ᠃ ᠭᠡᠪᠡᠴᠤ  ︽ᠨᠢᠭᠤᠷ ᠢ ᠢᠯᠭᠠᠨ ᠲᠠᠨᠢᠬᠤ︾ ᠴᠢᠳᠠᠪᠬᠢ ᠶᠢ ᠵᠠᠪᠠᠯ ᠴᠠᠭᠠᠰᠤᠨ ᠪᠢᠯᠧᠲ ᠲᠠᠢ ᠵᠡᠷᠭᠡ ᠪᠠᠷ ᠬᠡᠷᠡᠭᠯᠡᠪᠡᠯ ᠰᠠᠶ᠋ᠢ  ᠭᠠᠯᠳᠤ ᠲᠡᠷᠭᠡᠨ ᠤ ᠦᠷᠳᠡᠭᠡᠨ ᠳᠤ ᠤᠷᠤᠵᠤ ᠪᠤᠯᠤᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号