ᠮᠠᠨ ᠤ ᠤᠷᠤᠨ ᠤ 2018 ᠤᠨ ᠤ ᠰᠦᠢᠳᠭᠡᠯ ᠬᠤᠷᠢᠶᠠᠬᠤ ᠦᠭᠡᠢ ᠪᠠᠷ ᠪᠠᠭᠰᠢ ᠪᠠ ᠡᠮᠴᠢ ᠬᠦᠮᠦᠵᠢᠬᠦᠯᠬᠦ ᠲᠦᠯᠦᠪᠯᠡᠭᠡ
ᠨᠡᠶᠢᠲᠡᠯᠡᠭᠰᠡᠨ ᠴᠠᠭ᠄
2018/7/8
     ᠰᠦᠢᠳᠭᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠳᠤ  ᠤᠯᠤᠰ ᠤᠨ ᠪᠠ ᠤᠷᠤᠨ ᠨᠤᠳᠤᠭ ᠤᠨ ᠲᠦᠯᠦᠪᠯᠡᠭᠡ ᠪᠠᠶᠢᠳᠠᠭ᠃ ᠦᠪᠡᠷᠳᠡᠭᠡᠨ ᠵᠠᠰᠠᠬᠤ ᠤᠷᠤᠨ ᠤ ᠰᠤᠷᠭᠠᠨ  ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠤᠨ ᠬᠢᠨ ᠡᠨᠡ ᠵᠢᠯ ᠤᠨ ᠰᠤᠷᠤᠭᠴᠢ ᠡᠯᠰᠡᠬᠦ  ᠲᠦᠯᠦᠪᠯᠡᠭᠡ ᠶᠢ ᠨᠡᠶᠢᠳᠡᠯᠡᠭᠰᠡᠨ ᠪᠠᠶᠢᠨ᠎ᠠ᠃              ᠤᠯᠤᠰ ᠤᠨ ᠰᠦᠢᠳᠭᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ  ᠲᠦᠯᠦᠪᠯᠡᠭᠡ ᠶᠢ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦ A ᠪᠦᠯᠦᠭ ᠲᠤ ᠲᠤᠬᠢᠷᠠᠭᠤᠯᠵᠤ᠂ 2018 ᠤᠨ ᠳᠤ  6 ᠶᠡᠭᠡ ᠰᠤᠷᠭᠠᠭᠤᠯᠢ 271 ᠰᠤᠷᠤᠭᠴᠢ ᠡᠯᠰᠡᠨ᠎ᠠ᠃            ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠡᠭ ᠤᠨ ᠪᠠᠭᠰᠢ ᠶᠢᠨ ᠶᠡᠭᠡ ᠰᠤᠷᠭᠠᠭᠤᠯᠢ᠂  ᠵᠡᠬᠦᠨ ᠬᠤᠶᠢᠳᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠ ᠵᠦᠡᠭ ᠪᠠᠭᠰᠢ ᠶᠢᠨ ᠶᠡᠭᠡ ᠰᠤᠷᠭᠠᠭᠤᠯᠢ᠂  ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠪᠠ ᠪᠠᠷᠠᠭᠤᠨ ᠡᠮᠤᠨᠡᠳᠤ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ  ᠪᠤᠯ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠠᠶᠢᠵᠤ᠂ 2007 ᠤᠨ ᠠᠴᠠ ᠡᠬᠢᠯᠡᠵᠤ᠂ ᠰᠦᠢᠳᠭᠡᠯ ᠬᠤᠷᠢᠶᠠᠬᠤ ᠦᠭᠡᠢ ᠪᠠᠷ ᠰᠤᠷᠤᠭᠴᠢ ᠬᠦᠮᠦᠵᠢᠬᠦᠯᠵᠤ ᠡᠬᠢᠯᠡᠵᠠᠢ᠃  ᠰᠤᠷᠤᠯᠭ᠎ᠠ ᠶᠢᠨ ᠰᠦᠢᠳᠭᠡᠯ᠂ ᠪᠠᠶᠢᠷᠢ ᠶᠢᠨ ᠰᠦᠢᠳᠭᠡᠯ᠂ ᠰᠤᠷᠤᠭᠴᠢ ᠶᠢᠨ ᠠᠮᠢᠳᠤᠷᠠᠯ ᠤᠨ ᠨᠦᠬᠦᠪᠤᠷᠢ ᠶᠢ  ᠲᠦᠪ ᠤᠨ ᠡᠳ᠋ ᠤᠨ ᠵᠠᠰᠠᠭ ᠠᠴᠠ ᠲᠤᠬᠢᠷᠠᠭᠤᠯᠳᠠᠭ᠃              ᠤᠷᠤᠨ ᠨᠤᠳᠤᠭ ᠤᠨ ᠰᠦᠢᠳᠭᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ  ᠲᠦᠯᠦᠪᠯᠡᠭᠡ            2018 ᠤᠨ ᠳᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠ ᠦᠪᠤᠷ ᠮᠤᠩᠭᠤᠯ ᠤᠨ ᠦᠨᠳᠤᠰᠤᠳᠡᠨ ᠤ ᠶᠡᠭᠡ ᠰᠤᠷᠭᠠᠭᠤᠯᠢ ᠨᠢ ᠤᠷᠤᠨ ᠨᠤᠳᠤᠭ ᠤᠨ ᠰᠦᠢᠳᠭᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠪᠠᠷ 405 ᠰᠤᠷᠤᠭᠴᠢ ᠡᠯᠰᠡᠨ᠎ᠠ᠃ ᠰᠤᠷᠤᠭᠴᠢ ᠡᠯᠰᠡᠬᠦ  ᠲᠦᠯᠦᠪᠯᠡᠭᠡ ᠶᠢ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦ A ᠪᠦᠯᠦᠭ ᠲᠤ ᠲᠤᠬᠢᠷᠠᠭᠤᠯᠪᠠ᠂ ᠡᠬᠦᠨ ᠳᠤ ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠯᠡᠭᠰᠡᠨ ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠯᠡᠭᠰᠡᠨ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠢᠳᠠᠳ ᠢᠶᠠᠷ ᠬᠢᠴᠢᠶᠡᠯᠯᠡᠭᠰᠡᠨ ᠤᠷᠠᠨ ᠵᠢᠷᠤᠭ᠂ ᠬᠢᠳᠠᠳ ᠢᠶᠠᠷ ᠬᠢᠴᠢᠶᠡᠯᠯᠡᠭᠰᠡᠨ ᠲᠠᠭᠤᠤ  ᠬᠦᠭᠵᠢᠮ᠂ ᠬᠢᠳᠠᠳ ᠢᠶᠠᠷ ᠬᠢᠴᠢᠶᠡᠯᠯᠡᠭᠰᠡᠨ ᠲᠠᠮᠢᠷ ᠵᠡᠷᠭᠡ 7 ᠲᠦᠷᠦᠯ ᠢᠶᠠᠷ ᠰᠤᠷᠤᠭᠴᠢ  ᠡᠯᠰᠡᠨ᠎ᠠ᠃            ᠤᠯᠤᠰ ᠤᠨ ᠰᠦᠢᠳᠭᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠰᠤᠷᠤᠭᠴᠢ ᠬᠦᠮᠦᠵᠢᠬᠦᠯᠬᠦ  ᠲᠦᠯᠦᠪᠯᠡᠭᠡ            2018 ᠤᠨ ᠤ ᠤᠯᠤᠰ ᠤᠨ ᠰᠦᠢᠳᠭᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠰᠤᠷᠤᠭᠴᠢ  ᠬᠦᠮᠦᠵᠢᠬᠦᠯᠬᠦ ᠲᠦᠯᠦᠪᠯᠡᠭᠡ ᠪᠠᠷ 180 ᠰᠤᠷᠤᠭᠴᠢ ᠡᠯᠰᠡᠨ᠎ᠠ᠃            ᠦᠪᠤᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 70 ᠰᠤᠷᠤᠭᠴᠢ᠂ ᠮᠤᠩᠭᠤᠯ ᠢᠶᠠᠷ ᠬᠢᠴᠢᠶᠡᠯᠯᠡᠭᠰᠡᠨ ᠡᠩ ᠤᠨ ᠪᠠᠶᠢᠭᠠᠯᠢ ᠶᠢᠨ ᠰᠢᠨᠵᠢᠯᠡᠬᠦ  ᠤᠬᠠᠭᠠᠨ ᠤ ᠲᠦᠷᠦᠯ ᠠᠴᠠ 30 ᠰᠤᠷᠤᠭᠴᠢ ᠡᠯᠰᠡᠨ᠎ᠠ᠃            ᠦᠪᠤᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠳᠤ ᠶᠢᠨ  ᠡᠮᠨᠡᠯᠭᠡ ᠶᠢᠨ ᠲᠡᠭᠡᠳᠤ ᠰᠤᠷᠭᠠᠭᠤᠯᠢ ᠡᠩ ᠤᠨ ᠪᠠᠶᠢᠷᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 30 ᠰᠤᠷᠤᠭᠴᠢ ᠡᠯᠰᠡᠨ᠎ᠠ᠃ ᠦᠪᠤᠷ ᠮᠤᠩᠭᠤᠯ ᠤᠨ ᠦᠨᠳᠤᠰᠤᠳᠡᠨ ᠤ ᠶᠡᠭᠡ ᠰᠤᠷᠭᠠᠭᠤᠯᠢ ᠮᠤᠩᠭᠤᠯ ᠢᠶᠠᠷ ᠬᠢᠴᠢᠶᠡᠯᠯᠡᠭᠰᠡᠨ ᠡᠩ ᠤᠨ  ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 30 ᠰᠤᠷᠤᠭᠴᠢ ᠡᠯᠰᠡᠨ᠎ᠠ᠃ ᠤᠯᠠᠭᠠᠨᠬᠠᠳᠠ ᠶᠢᠨ ᠲᠡᠭᠡᠳᠤ  ᠰᠤᠷᠭᠠᠭᠤᠯᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 20 ᠰᠤᠷᠤᠭᠴᠢ ᠡᠯᠰᠡᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号