ᠮᠢᠬᠠᠨ ᠤ ᠬᠤᠨᠢ ᠮᠢᠬᠠᠨ ᠤ ᠦᠭᠡᠷ ᠤᠨ ᠡᠭᠦᠯᠳᠡᠷ ᠢ ᠬᠡᠷᠬᠢᠨ ᠰᠢᠯᠢᠳᠡᠭᠵᠢᠭᠦᠯᠵᠦ ᠠᠵᠤ ᠦᠢᠯᠡᠰ ᠤᠨ ᠲᠡᠰ ᠲᠡᠪᠰᠢᠨ ᠬᠦᠭᠵᠢᠬᠦ ᠶᠢ ᠬᠡᠷᠬᠢᠨ ᠠᠬᠢᠭᠤᠯᠬᠤ ᠪᠤᠢ︖
ᠨᠡᠶᠢᠲᠡᠯᠡᠭᠰᠡᠨ ᠴᠠᠭ᠄
2018/9/1
     ᠶᠠᠷᠢᠯᠴᠠᠭ᠎ᠠ ᠬᠢᠭᠰᠡᠨ ᠴᠠᠭ᠄ 8 ᠰᠠᠷ᠎ᠠ ᠶᠢᠨ 2᠎ ᠤᠨ ᠦᠳᠡ ᠶᠢᠨ ᠬᠤᠶᠢᠨ᠎ᠠ      ᠶᠠᠷᠢᠯᠴᠠᠭ᠎ᠠ ᠬᠢᠭᠰᠡᠨ ᠭᠠᠵᠠᠷ᠄ ᠦᠪᠦᠷ ᠮᠤᠩᠭᠤᠯ ᠤᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠦᠪ      ᠶᠠᠷᠢᠯᠴᠠᠭ᠎ᠠ ᠳᠤ ᠤᠷᠤᠯᠴᠠᠭᠰᠠᠳ᠄          ᠤᠯᠤᠰ ᠤᠨ ᠮᠢᠬᠠᠨ ᠤ ᠬᠤᠨᠢᠨ ᠤ ᠠᠵᠤ ᠦᠢᠯᠡᠰ ᠤᠨ ᠰᠢᠰᠲ᠋ᠧᠮ ᠤᠨ ᠲᠡᠷᠢᠭᠦᠨ ᠰᠢᠨᠵᠢᠯᠡᠬᠦ ᠤᠬᠠᠭᠠᠨᠳᠠᠨ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠳ᠋ ᠲᠠᠷᠤᠭ᠎ᠠ ᠶᠢᠨ ᠬᠠᠢ᠂          ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠬᠤᠨᠢᠨ ᠤ ᠠᠵᠤ ᠦᠢᠯᠡᠰ ᠤᠨ ᠬᠤᠪᠢᠶᠠᠷᠢ ᠨᠡᠶᠢᠭᠡᠮᠯᠢᠭ ᠤᠨ ᠬᠦᠢᠴᠡᠳᠭᠡᠭᠴᠢ ᠲᠠᠷᠤᠭ᠎ᠠ᠂ ᠳᠤᠮᠳᠠᠳᠤ ᠤᠯᠤᠰ ᠤᠨ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠳ᠋ᠦ᠋ ᠯᠢ ᠰᠢᠨ᠂          ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠦᠭᠡᠷ ᠤᠨ ᠦᠢᠯᠡᠰ ᠤᠨ ᠬᠤᠪᠢᠶᠠᠷᠢ ᠨᠡᠶᠢᠭᠡᠮᠯᠢᠭ ᠤᠨ ᠲᠠᠷᠤᠭ᠎ᠠ᠂ ᠳᠤᠮᠳᠠᠳᠤ ᠤᠯᠤᠰ ᠤᠨ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠰᠢᠦᠢ ᠱᠠᠩ ᠵᠦᠩ᠂          ᠦᠪᠦᠷ ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠲᠠᠭᠠᠭᠤᠯᠤᠭᠴᠢ ᠠᠵᠤ ᠠᠬᠤᠢᠢᠯᠠᠯ ᠤᠨ ᠨᠡᠶᠢᠭᠡᠮᠯᠢᠭ ᠤᠨ ᠲᠠᠷᠤᠭ᠎ᠠ᠂ ᠮᠧᠩ ᠶᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠶᠢᠨ ᠲᠡᠳ᠋ ᠬᠡᠷᠡᠭ ᠮᠡᠳᠡᠭᠴᠢᠳ ᠤᠨ ᠲᠠᠷᠤᠭ᠎ᠠ ᠶᠠᠨ ᠱᠦ ᠴᠦᠨ
     ᠎ ᠶᠢᠨ ᠬᠠᠢ ︵ᠤᠯᠤᠰ ᠤᠨ ᠮᠢᠬᠠᠨ ᠤ ᠬᠤᠨᠢᠨ ᠤ ᠠᠵᠤ ᠦᠢᠯᠡᠰ ᠤᠨ ᠰᠢᠰᠲ᠋ᠧᠮ ᠤᠨ ᠲᠡᠷᠢᠭᠦᠨ ᠰᠢᠨᠵᠢᠯᠡᠬᠦ ᠤᠬᠠᠭᠠᠨᠳᠠᠨ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠳ᠋ ᠲᠠᠷᠤᠭ᠎ᠠ︶᠄      ᠮᠠᠨ ᠤ ᠤᠷᠤᠨ ᠤ ᠪᠡᠯᠴᠢᠭᠡᠷ ᠤᠨ ᠮᠢᠬᠠᠨ ᠤ ᠬᠤᠨᠢᠨ ᠤ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠬᠢᠭᠡᠳ ᠦᠪᠡᠷ ᠤᠨ ᠦᠷᠳᠡᠭ ᠢ ᠪᠠᠭᠤᠷᠠᠭᠤᠯᠤᠨ ᠦᠷ᠎ᠠ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠲᠤᠤᠷᠠᠬᠢ ᠬᠡᠳᠦᠨ ᠲᠠᠯ᠎ᠠ ᠱᠠᠭᠠᠷᠳᠠᠭᠳᠠᠨ᠎ᠠ᠃ ᠡᠭᠦᠯᠳᠡᠷ ᠰᠠᠶᠢᠵᠢᠷᠠᠭᠤᠯᠬᠤ᠂ ᠪᠡᠯᠴᠢᠭᠡᠷ ᠤᠨ ᠲᠠᠭᠠᠭᠠᠴᠠ ᠶᠢ ᠤᠨᠤᠪᠴᠢᠳᠠᠢ ᠵᠢᠱᠢᠬᠦ᠂ ᠤᠨᠤᠪᠴᠢᠳᠠᠢ ᠪᠤᠷᠳᠤᠭ᠎ᠠ ᠨᠦᠬᠦᠪᠦᠷᠢᠯᠡᠬᠦ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠬᠤ ᠪᠤᠯ ᠲᠤᠩ ᠴᠢᠬᠤᠯᠠ ᠶᠤᠮ᠃ 1996 ᠤᠨ ᠳᠤ ᠠᠮᠧᠷᠢᠺᠠ ᠶᠢᠨ ᠬᠦᠳᠡᠭᠡ ᠠᠵᠤ ᠠᠬᠤᠢ ᠶᠢᠨ ᠶᠠᠮᠤᠨ ᠤᠢᠢᠷ᠎ᠠ ᠶᠢᠨ 50 ᠵᠢᠯ ᠤᠨ ᠬᠤᠭᠤᠴᠠᠭᠠᠨ ᠳᠠᠬᠢ ᠡᠯ᠎ᠠ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠦᠵᠡᠭᠦᠯᠦᠭᠰᠡᠨ ᠬᠠᠷᠢᠴᠠᠩᠭᠤᠢ ᠬᠤᠪᠢ ᠨᠡᠮᠡᠷᠢ ᠶᠢᠨ ᠨᠤᠷᠮ᠎ᠠ ᠶᠢ ᠪᠦᠷᠢᠳᠭᠡᠭᠰᠡᠨ ᠤ ᠳ᠋ᠦᠩ ᠳᠤ ᠤᠳᠤᠮᠯᠠᠯ ᠢ ᠰᠠᠶᠢᠵᠢᠷᠠᠭᠤᠯᠬᠤ ᠨᠢ 40%᠎ ᠶᠢ ᠡᠵᠡᠯᠡᠭᠰᠡᠨ ᠪᠠᠶᠢᠨ᠎ᠠ᠃ ᠪᠢᠳᠡ ᠪᠡᠯᠴᠢᠭᠡᠷ ᠤᠨ ᠮᠢᠬᠠᠨ ᠤ ᠬᠤᠨᠢᠨ ᠤ ᠰᠢᠨ᠎ᠠ ᠡᠭᠦᠯᠳᠡᠷ ᠢ ᠪᠤᠶᠢᠵᠢᠭᠤᠯᠬᠤ ᠬᠢᠭᠡᠳ ᠡᠷᠯᠢᠰᠡᠵᠢᠭᠦᠯᠦᠨ ᠠᠰᠢᠠᠠᠯᠠᠬᠤ ᠲᠠᠯ᠎ᠠ ᠪᠠᠷ᠂ ᠮᠤᠩᠭᠤᠯ ᠬᠤᠨᠢᠨ ᠤ ᠤᠭ ᠡᠭᠦᠯᠳᠡᠷ ᠢ ᠰᠤᠩᠭᠤᠨ ᠪᠤᠶᠢᠵᠢᠭᠤᠯᠬᠤ ᠠᠰᠠᠭᠤᠳᠠᠯ ᠢ ᠠᠩᠬᠠᠷᠤᠭᠤᠰᠢᠳᠠᠢ᠂ ᠮᠤᠩᠭᠤᠯ ᠬᠤᠨᠢ ᠪᠤᠯ ᠮᠠᠨ ᠤ ᠤᠷᠤᠨ ᠤ ᠬᠠᠮᠤᠭ ᠤᠨ ᠬᠤᠪᠤᠷ ᠦᠨᠡᠳᠤ ᠬᠤᠨᠢᠨ ᠤ ᠡᠭᠦᠯᠳᠡᠷ ᠤᠨ ᠤᠳᠤᠮᠯᠠᠯ ᠤᠨ ᠡᠬᠢ ᠪᠠᠶᠠᠯᠢᠭ᠂ ᠮᠠᠨ ᠤ ᠤᠯᠤᠰ ᠤᠨ ᠬᠦᠢᠳᠡᠨ ᠤᠷᠤᠨ ᠤ ᠲᠡᠵᠢᠭᠡᠯ ᠪᠤᠷᠳᠤᠭ᠎ᠠ ᠶᠢᠨ ᠬᠠᠷᠢᠭᠤᠯᠤᠯᠳᠠ ᠬᠠᠮᠤᠭ ᠤᠨ ᠦᠨᠳᠦᠷ ᠡᠭᠦᠯᠳᠡᠷ ᠪᠤᠯᠤᠨ᠎ᠠ᠃ ᠮᠤᠩᠭᠤᠯ ᠬᠤᠨᠢ ᠶᠢ ᠰᠤᠩᠭᠤᠨ ᠪᠤᠶᠢᠵᠢᠭᠤᠯᠬᠤ ᠳᠠᠭᠠᠨ ᠤᠨᠴᠠᠯᠢᠭ ᠰᠢᠨᠵᠢ ᠪᠠᠷ ᠨᠢ ᠭᠤᠤᠯ ᠪᠤᠯᠭᠠᠵᠤ᠂ ᠵᠢᠱᠢᠶᠡᠯᠡᠪᠡᠯ᠄ ᠤᠯᠠᠨ ᠰᠡᠭᠡᠷ ᠨᠢᠷᠤᠭᠤ ᠲᠠᠢ ᠮᠤᠩᠭᠤᠯ ᠬᠤᠨᠢ᠂ ᠤᠬᠤᠷ ᠰᠡᠭᠦᠯᠳᠦ ᠬᠡᠯᠪᠡᠷᠢ ᠶᠢᠨ ᠮᠤᠩᠭᠤᠯ ᠬᠤᠨᠢ᠂ ᠤᠯᠠᠨ ᠬᠤᠷᠠᠭᠠᠳᠤ ᠬᠡᠯᠪᠡᠷᠢ ᠶᠢᠨ ᠮᠤᠩᠭᠤᠯ ᠬᠤᠨᠢ ᠵᠡᠷᠭᠡ ᠪᠠᠷ ᠪᠤᠶᠢᠵᠢᠭᠤᠯᠬᠤ ᠬᠠᠷᠠᠯᠳᠠ ᠪᠤᠯᠭᠠᠵᠤ ᠪᠤᠯᠤᠨ᠎ᠠ᠃ ᠡᠨᠡ ᠲᠤᠮᠳᠠ ᠤᠢᠢᠷ᠎ᠠ ᠲᠦᠷᠦᠯ ᠤᠨ ᠬᠤᠭᠤᠷᠤᠨᠳᠤ ᠦᠷᠡᠵᠢᠭᠦᠯᠬᠦ ᠠᠴᠠ ᠪᠤᠯᠤᠭᠰᠠᠨ ᠤᠬᠤᠷᠢᠯ ᠢ ᠰᠡᠷᠭᠡᠶᠢᠯᠡᠵᠦ᠂ ᠶᠡᠭᠡ ᠬᠡᠪᠴᠢᠶ᠎ᠠ ᠪᠠᠷ ᠡᠷᠯᠢᠰᠡᠵᠢᠭᠦᠯᠦᠨ ᠡᠭᠦᠯᠳᠡᠷ ᠰᠠᠶᠢᠵᠢᠷᠠᠭᠤᠯᠬᠤ ᠠᠴᠠ ᠪᠤᠯᠤᠭᠰᠠᠨ ᠭᠧᠨ ᠤ ᠭᠡᠭᠡᠭᠳᠡᠯ ᠢ ᠰᠡᠷᠭᠡᠶᠢᠯᠡᠨ ᠬᠤᠷᠢᠠᠠᠯᠠᠬᠤ ᠬᠡᠷᠡᠭᠳᠡᠢ᠃ ᠤᠳᠤ ᠮᠠᠨ ᠤ ᠤᠷᠤᠨ ᠮᠢᠬᠠᠨ ᠤ ᠬᠤᠨᠢᠨ ᠤ ᠡᠭᠦᠯᠳᠡᠷ ᠢ ᠰᠤᠩᠭᠤᠨ ᠪᠤᠶᠢᠵᠢᠭᠤᠯᠬᠤ ᠲᠠᠯ᠎ᠠ ᠪᠠᠷ ᠴᠠᠬᠠᠷ ᠬᠤᠨᠢ᠂ ᠵᠤᠤ ᠤᠳᠠ ᠬᠤᠨᠢ ᠵᠡᠷᠭᠡ ᠰᠢᠨ᠎ᠠ ᠬᠡᠯᠪᠡᠷᠢ ᠶᠢᠨ ᠰᠢᠯᠢᠳᠡᠭ ᠡᠭᠦᠯᠳᠡᠷ ᠢ ᠨᠢᠭᠡᠨᠳᠡ ᠪᠤᠶᠢᠵᠢᠭᠤᠯᠤᠭᠠᠳ ᠪᠤᠢ᠃      ᠭᠤᠪᠢ ᠶᠢᠨ ᠤᠬᠤᠷ ᠰᠡᠭᠦᠯᠳᠤ ᠬᠤᠨᠢ ᠪᠤᠯ ᠤᠷᠳᠤ ᠬᠤᠭᠤᠴᠠᠭᠠᠨ ᠤ ᠪᠠᠶᠢᠭᠠᠯᠢ ᠶᠢᠨ ᠰᠢᠯᠢᠯᠳᠡ ᠪᠤᠯᠤᠨ ᠦᠷᠭᠡᠨ ᠤᠯᠠᠨ ᠮᠠᠯᠴᠢᠳ ᠤᠨ ᠨᠠᠷᠢᠨ ᠨᠢᠭᠳᠠ ᠪᠤᠶᠢᠵᠢᠭᠤᠯᠤᠯᠳᠠ ᠪᠠᠷ ᠲᠠᠮᠵᠢᠨ ᠪᠦᠷᠢᠯᠳᠦᠭᠰᠡᠨ ᠮᠤᠩᠭᠤᠯ ᠬᠤᠨᠢᠨ ᠤ ᠰᠢᠯᠢᠳᠡᠭ ᠢᠵᠢᠯᠢᠰᠡᠭ ᠰᠦᠷᠦᠭ ᠪᠤᠯᠤᠨ᠎ᠠ᠂ ᠭᠤᠤᠯᠳᠠᠭᠤ ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠲᠦᠷᠪᠡᠳ ᠬᠤᠰᠢᠭᠤ᠂ ᠪᠤᠭᠤᠳᠤ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠵᠡᠷᠭᠡ ᠴᠦᠯᠯᠡᠷᠭᠡᠭᠵᠢᠭᠰᠡᠨ ᠲᠠᠯ᠎ᠠ ᠨᠤᠳᠤᠭ ᠢᠶᠠᠷ ᠲᠠᠷᠬᠠᠵᠤ ᠪᠠᠶᠢᠳᠠᠭ᠃ ᠲᠤᠰ ᠡᠭᠦᠯᠳᠡᠷ ᠤᠨ ᠬᠠᠮᠤᠭ ᠤᠨ ᠶᠡᠭᠡ ᠲᠠᠪᠠᠭᠤᠯᠢᠭ ᠪᠤᠯ ᠰᠡᠭᠦᠯ ᠤᠨ ᠬᠡᠯᠪᠡᠷᠢ ᠨᠢ ᠵᠢᠵᠢᠭ᠂ ᠤᠮᠠᠷᠠᠳᠤ ᠶᠢᠨ ᠴᠦᠯᠯᠡᠷᠭᠡᠭᠵᠢᠭᠰᠡᠨ ᠲᠠᠯ᠎ᠠ ᠨᠤᠳᠤᠭ ᠤᠨ ᠤᠷᠴᠢᠨ ᠲᠤᠭᠤᠷᠢᠨ ᠳᠤ ᠵᠤᠬᠢᠴᠠᠳᠠᠭ᠃ ᠲᠠᠯ᠎ᠠ ᠨᠤᠳᠤᠭ ᠤᠨ ᠭᠤᠪᠢ ᠶᠢᠨ ᠤᠬᠤᠷ ᠰᠡᠭᠦᠯᠳᠦ ᠬᠤᠨᠢ ᠶᠢ ᠡᠭᠦᠯᠳᠡᠷ ᠰᠠᠶᠢᠵᠢᠷᠠᠭᠤᠯᠵᠤ ᠪᠦᠳᠦᠭᠦᠨ ᠰᠡᠭᠦᠯᠳᠤ ᠮᠤᠩᠭᠤᠯ ᠬᠤᠨᠢ ᠪᠤᠯᠭᠠᠵᠤ ᠪᠤᠯᠤᠨ᠎ᠠ᠃ ᠪᠠᠰᠠ ᠠᠵᠤ ᠠᠬᠤᠢ ᠶᠢᠨ ᠡᠷᠯᠢᠰᠡᠵᠢᠭᠦᠯᠬᠦ ᠮᠡᠷᠭᠡᠵᠢᠯ ᠢᠶᠠᠷ ᠲᠠᠷᠭᠤᠨ ᠬᠤᠷᠠᠭᠠᠨ ᠮᠢᠬ᠎ᠠ ᠶᠢᠨ ᠪᠦᠳᠦᠭᠡᠭᠳᠡᠭᠦᠨ ᠢ ᠦᠢᠯᠡᠳᠪᠦᠷᠢᠯᠡᠵᠦ ᠪᠤᠯᠤᠨ᠎ᠠ᠃ ᠬᠤᠷᠠᠭᠠᠨ ᠮᠢᠬ᠎ᠠ ᠶᠢᠨ ᠴᠢᠨᠠᠷ ᠰᠠᠶᠢᠨ᠂ ᠠᠮᠳᠠᠳᠠᠢ᠂ ᠵᠠᠬ᠎ᠠ ᠲᠡᠯᠭᠡᠭᠦᠷ ᠤᠨ ᠬᠦᠷᠢᠶᠡᠯᠡᠯ ᠢ ᠭᠦᠨ᠎ᠠ ᠤᠯᠵᠤ᠂ ᠦᠨ᠎ᠠ ᠬᠠᠩᠰᠢ ᠨᠢ ᠴᠦ ᠪᠦᠳᠦᠭᠦᠨ ᠬᠤᠨᠢᠨ ᠤ ᠮᠢᠬ᠎ᠠ ᠠᠴᠠ 30%᠎ ᠠᠴᠠ ᠲᠡᠭᠡᠭᠰᠢ ᠦᠨᠡᠳᠡᠢ᠂ ᠭᠡᠬᠦ ᠳᠡᠭᠡᠨ ᠠᠳᠠᠯᠢ ᠬᠦᠨᠳᠦ ᠶᠢᠨ ᠵᠢᠩ ᠲᠠᠢ ᠬᠤᠷᠠᠭᠠᠨ ᠮᠢᠬ᠎ᠠ ᠶᠢ ᠦᠢᠯᠡᠳᠪᠦᠷᠢᠯᠡᠬᠦ ᠦᠪᠡᠷ ᠤᠨ ᠦᠷᠳᠡᠭ ᠨᠢ ᠪᠦᠳᠦᠭᠦᠨ ᠬᠤᠨᠢᠨ ᠮᠢᠬ᠎ᠠ ᠶᠢᠨ ᠬᠢ ᠠᠴᠠ ᠬᠢᠮᠳᠠ ᠪᠠᠶᠢᠳᠠᠭ᠃ ᠬᠤᠶᠠᠷ ᠵᠦᠢᠯ ᠢ ᠨᠤᠭᠤᠯᠤᠨ ᠪᠤᠳᠤᠪᠠᠯ᠂ ᠴᠢᠨᠠᠷ ᠰᠠᠶᠢᠳᠠᠢ ᠪᠦᠭᠡᠳ ᠦᠨ᠎ᠠ ᠬᠠᠩᠰᠢ ᠨᠢ ᠬᠢᠮᠳᠠ᠂ ᠦᠢᠯᠡᠳᠪᠦᠷᠢᠯᠡᠭᠴᠢ ᠠᠵᠤ ᠠᠬᠤᠢᠢᠯᠠᠯ ᠤᠨ ᠠᠰᠢᠭ ᠬᠤᠨᠵᠢᠪᠤᠷᠢ ᠶᠢ 20%᠎ ᠠᠴᠠ ᠲᠡᠭᠡᠭᠰᠢ ᠲᠡᠭᠡᠭᠰᠢᠯᠡᠭᠦᠯᠵᠦ ᠪᠤᠯᠤᠨ᠎ᠠ᠃      ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠤᠯ ᠪᠡᠯᠴᠢᠭᠡᠷ ᠤᠨ ᠮᠠᠯ ᠠᠵᠤ ᠠᠬᠤᠢ ᠶᠢᠨ ᠦᠷᠭᠦᠯᠵᠢᠯᠡᠬᠦ ᠬᠦᠭᠵᠢᠯᠳᠡ ᠶᠢᠨ ᠦᠨᠳᠦᠰᠤ ᠪᠤᠯᠤᠨ᠎ᠠ᠃ ᠡᠶᠢᠮᠦ ᠠᠴᠠ ᠨᠤᠳᠤᠭ ᠪᠡᠯᠴᠢᠭᠡᠷ ᠤᠨ ᠲᠠᠭᠠᠭᠠᠴᠠ ᠶᠢ ᠤᠨᠤᠪᠴᠢᠳᠠᠢ ᠵᠢᠱᠢᠬᠦ ᠨᠢ ᠲᠤᠩ ᠴᠢᠬᠤᠯᠠ ᠪᠠᠶᠢᠳᠠᠭ᠂ ᠤᠯᠠᠮᠵᠢᠯᠠᠯᠳᠤ ᠪᠡᠯᠴᠢᠭᠡᠷ ᠤᠨ ᠲᠠᠭᠠᠭᠠᠴᠠ ᠶᠢ ᠬᠡᠮᠵᠢᠬᠦ ᠠᠷᠭ᠎ᠠ ᠨᠢ ᠤᠷᠭᠤᠮᠠᠯ ᠤᠨ ᠲᠠᠬᠢᠨ ᠤᠷᠭᠤᠬᠤ ᠴᠢᠳᠠᠪᠤᠷᠢ᠂ ᠡᠪᠡᠰᠤ ᠬᠠᠳᠤᠯᠠᠩ ᠤᠨ ᠬᠡᠮᠵᠢᠶ᠎ᠠ ᠪᠤᠯᠤᠨ ᠮᠠᠯᠯᠠᠵᠤ ᠪᠠᠶᠢᠭ᠎ᠠ ᠭᠡᠷ ᠤᠨ ᠲᠡᠵᠢᠭᠡᠪᠤᠷᠢ ᠶᠢᠨ ᠢᠳᠡᠬᠦ ᠬᠡᠮᠵᠢᠶ᠎ᠠ ᠶᠢ ᠦᠨᠳᠦᠰᠦᠯᠡᠨ ᠵᠢᠱᠢᠳᠡᠭ᠃ ᠦᠨᠡᠨᠳᠡᠭᠡᠨ ᠤᠯᠠᠮᠵᠢᠯᠠᠯᠳᠤ ᠲᠤᠮᠢᠶᠠᠯᠠᠯ ᠢᠶᠠᠷ ᠪᠡᠯᠴᠢᠭᠡᠷ ᠤᠨ ᠲᠠᠭᠠᠭᠠᠴᠠ ᠶᠢ ᠵᠢᠱᠢᠬᠦ ᠠᠷᠭ᠎ᠠ ᠪᠤᠯ ᠮᠧᠬᠠᠨᠢᠭ᠂ ᠬᠦᠳᠡᠯᠦᠭᠳᠡᠩᠭᠦᠢ᠂ ᠬᠠᠷᠢᠴᠠᠯᠠᠰᠢᠭᠦᠢ ᠶᠤᠮ᠃ ᠮᠠᠯᠵᠢᠬᠤ ᠤᠷᠤᠨ ᠤ ︽ᠮᠠᠯ ᠪᠡᠯᠴᠢᠭᠡᠷ ᠤᠨ ᠬᠠᠩᠭᠠᠯᠭ᠎ᠠ ᠬᠡᠷᠡᠭᠴᠡᠭᠡ︾᠎ ᠶᠢᠨ ᠪᠤᠳᠠᠳᠠᠢ ᠪᠠᠶᠢᠳᠠᠯ ᠨᠢ ᠤᠷᠭᠤᠮᠠᠯ ᠤᠨ ᠲᠠᠬᠢᠨ ᠤᠷᠭᠤᠬᠤ ᠴᠢᠳᠠᠪᠤᠷᠢ᠂ ᠡᠪᠡᠰᠤ ᠬᠠᠳᠤᠯᠠᠩ ᠭᠠᠷᠬᠤ ᠬᠡᠮᠵᠢᠶ᠎ᠠ — ᠬᠠᠩᠭᠠᠵᠤ ᠲᠡᠶᠢᠯᠬᠦ ᠰᠢᠮ᠎ᠠ ᠲᠡᠵᠢᠭᠡᠯᠳᠤ ᠪᠤᠳᠠᠰ ᠤᠨ ᠬᠡᠮᠵᠢᠶ᠎ᠠ︔ ᠮᠠᠯᠯᠠᠵᠤ ᠪᠠᠶᠢᠭ᠎ᠠ ᠭᠡᠷ ᠤᠨ ᠲᠡᠵᠢᠭᠡᠪᠤᠷᠢ ᠶᠢᠨ ᠢᠳᠡᠬᠦ ᠬᠡᠮᠵᠢᠶ᠎ᠠ — ᠮᠠᠯᠯᠠᠵᠤ ᠪᠠᠶᠢᠭ᠎ᠠ ᠭᠡᠷ ᠤᠨ ᠲᠡᠵᠢᠭᠡᠪᠤᠷᠢ ᠶᠢᠨ ᠰᠢᠮ᠎ᠠ ᠲᠡᠵᠢᠭᠡᠯ ᠬᠡᠷᠡᠭᠰᠡᠬᠦ ᠬᠡᠮᠵᠢᠶ᠎ᠠ︔ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠮᠠᠯ ᠰᠦᠷᠦᠭ ᠤᠨ ᠪᠦᠳᠦᠴᠡ ᠪᠠᠨ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠯ ᠪᠤᠷᠳᠤᠭ᠎ᠠ ᠨᠦᠬᠦᠪᠦᠷᠢᠯᠡᠬᠦ ᠮᠡᠷᠭᠡᠵᠢᠯ ᠵᠡᠷᠭᠡ ᠤᠯᠠᠨ ᠲᠠᠯ᠎ᠠ ᠳᠤ ᠬᠤᠯᠪᠤᠭᠳᠠᠨ᠎ᠠ᠃ ᠤᠯᠠᠭᠠᠨ ᠤ ᠭᠠᠳᠠᠨᠠᠬᠢ ᠮᠡᠷᠭᠡᠵᠢᠯ ᠢ ᠠᠰᠢᠠᠠᠯᠠᠨ᠂ ᠪᠠᠶᠢᠭᠠᠯᠢ ᠶᠢᠨ ᠪᠡᠯᠴᠢᠭᠡᠷ ᠡᠪᠡᠰᠤᠨ ᠤ ᠰᠢᠮ᠎ᠠ ᠲᠡᠵᠢᠭᠡᠯ ᠤᠨ ᠪᠦᠷᠢᠯᠳᠦᠭᠦᠨ ᠵᠢᠴᠢ ᠦᠷᠳᠡᠭ ᠢ ᠵᠢᠱᠢᠵᠦ ᠪᠤᠯᠤᠨ᠎ᠠ᠂ ᠲᠤᠭᠠᠨ ᠤ ᠤᠬᠠᠭᠠᠨ ᠤ ᠵᠠᠭᠪᠤᠷ ᠢᠶᠠᠷ ᠮᠠᠯᠯᠠᠵᠤ ᠪᠠᠶᠢᠭ᠎ᠠ ᠭᠡᠷ ᠤᠨ ᠲᠡᠵᠢᠭᠡᠪᠤᠷᠢ ᠶᠢᠨ ᠢᠳᠡᠬᠦ ᠬᠡᠮᠵᠢᠶ᠎ᠠ ᠵᠢᠴᠢ ᠢᠳᠡᠬᠦ ᠡᠪᠡᠰᠤᠨ ᠤ ᠲᠦᠷᠦᠯ ᠢ ᠵᠢᠱᠢᠵᠦ ᠪᠤᠯᠤᠨ᠎ᠠ᠂ ᠪᠡᠯᠴᠢᠭᠡᠷ ᠤᠨ ᠮᠢᠬᠠᠨ ᠤ ᠬᠤᠨᠢᠨ ᠤ ᠰᠢᠮ᠎ᠠ ᠲᠡᠵᠢᠭᠡᠯ ᠢ ᠦᠨᠡᠯᠡᠨ ᠵᠢᠱᠢᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ ᠪᠤᠯᠤᠨ᠎ᠠ᠃ ᠢᠨᠲ᠋ᠧᠷ ᠰᠦᠯᠵᠢᠶ᠎ᠠ ᠲᠡᠭᠡᠷ᠎ᠠ ᠪᠡᠯᠴᠢᠭᠡᠷ ᠤᠨ ᠬᠤᠨᠢ ᠶᠢ ᠮᠠᠯᠯᠠᠬᠤ ᠪᠡᠯᠴᠢᠭᠡᠷ ᠤᠨ ᠲᠠᠭᠠᠭᠠᠴᠠ ᠵᠢᠴᠢ ᠰᠢᠮ᠎ᠠ ᠲᠡᠵᠢᠭᠡᠯ ᠤᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ᠎ᠠ᠃ ᠡᠭᠦᠨ ᠠᠴᠠ ᠭᠠᠳᠠᠨ᠎ᠠ᠂ ᠡᠪᠡᠰᠤ ᠬᠤᠪᠠᠭ᠋ᠠᠶᠢᠷᠠᠭᠰᠠᠨ ᠬᠤᠭᠤᠴᠠᠭᠠᠨ ᠳᠤ ᠪᠡᠯᠴᠢᠭᠡᠷᠯᠡᠭᠦᠯᠵᠦ ᠪᠠᠶᠢᠭ᠎ᠠ ᠮᠢᠬᠠᠨ ᠤ ᠬᠤᠨᠢᠨ ᠳᠤ ᠤᠨᠤᠪᠴᠢᠳᠠᠢ ᠪᠤᠷᠳᠤᠭ᠎ᠠ ᠨᠦᠬᠦᠪᠦᠷᠢᠯᠡᠬᠦ ᠮᠡᠷᠭᠡᠵᠢᠯ ᠢ ᠡᠵᠡᠮᠰᠢᠵᠦ ᠂ ᠡᠷᠦᠳᠡᠰᠤ ᠪᠤᠳᠠᠰ ᠵᠡᠷᠭᠡ ᠶᠢ ᠨᠦᠬᠦᠪᠦᠷᠢᠯᠡᠵᠦ ᠪᠤᠯᠤᠨ᠎ᠠ᠃ ᠪᠡᠯᠴᠢᠭᠡᠷ ᠤᠨ ᠬᠤᠨᠢ ᠶᠢᠨ ᠲᠡᠵᠢᠭᠡᠨ ᠠᠷᠠᠴᠢᠯᠠᠵᠤ ᠬᠠᠮᠢᠶᠠᠷᠬᠤ ᠠᠷᠭ᠎ᠠ ᠶᠢᠨ ᠬᠤᠪᠢᠷᠠᠯᠳᠠ ᠵᠡᠷᠭᠡ ᠶᠢ ᠨᠠᠷᠢᠨ ᠠᠵᠢᠠᠠᠯᠠᠵᠤ᠂ ︽ᠮᠡᠷᠭᠡᠵᠢᠯ᠂ ᠤᠷ᠎ᠠ ᠮᠡᠷᠭᠡᠰᠢᠯ᠂ ᠲᠦᠭᠦᠭᠡᠷᠦᠮᠵᠢ︾᠎ ᠪᠠᠷ ᠪᠡᠯᠴᠢᠭᠡᠷ ᠤᠨ ᠬᠤᠨᠢᠨ ᠤ ᠤᠯᠠᠮᠵᠢᠯᠠᠯᠳᠤ ᠦᠢᠯᠡᠳᠪᠦᠷᠢᠯᠡᠯ ᠤᠨ ᠵᠠᠭᠪᠤᠷ ᠢ ᠬᠤᠪᠢᠷᠠᠭᠤᠯᠵᠤ ᠦᠷ᠎ᠠ ᠠᠰᠢᠭ ᠢ ᠨᠡᠮᠡᠭᠳᠡᠭᠦᠯᠵᠦ ᠪᠤᠯᠤᠨ᠎ᠠ᠃ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠤᠨᠴᠠᠭᠠᠢᠢᠯᠠᠨ ᠡᠪᠤᠯ ᠤᠨ ᠤᠯᠠᠷᠢᠯ ᠳᠤ ᠪᠦᠬᠦ ᠲᠠᠯ᠎ᠠ ᠪᠠᠷ ᠬᠠᠰᠢᠶᠠᠯᠠᠨ ᠲᠡᠵᠢᠭᠡᠵᠤ ᠪᠡᠯᠴᠢᠭᠡᠷ ᠢ ᠠᠮᠠᠷᠠᠭᠤᠯᠬᠤ ᠵᠡᠷᠭᠡ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠴᠢᠬᠤᠯᠠᠳᠠᠢ᠂ ᠠᠷᠠᠴᠢᠯᠠᠨ ᠲᠡᠵᠢᠭᠡᠬᠦ ᠠᠷᠭ᠎ᠠ ᠬᠡᠯᠪᠡᠷᠢ ᠶᠢᠨ ᠲᠠᠯ᠎ᠠ ᠪᠠᠷ ᠬᠤᠪᠢᠷᠠᠯᠳᠠ ᠭᠠᠷᠭᠠᠵᠤ᠂ ᠵᠢᠱᠢᠶᠡᠯᠡᠬᠦ ᠳᠤ᠂ ᠮᠠᠯᠵᠢᠬᠤ ᠤᠷᠤᠨ ᠳᠤ ᠮᠠᠯ ᠮᠠᠯᠵᠢᠬᠤ ᠳᠠᠭᠠᠨ ᠲᠡᠵᠢᠭᠡᠯ ᠪᠤᠷᠳᠤᠭ᠎ᠠ ᠨᠦᠬᠦᠪᠦᠷᠢᠯᠡᠵᠦ ᠪᠤᠷᠳᠤᠨ ᠲᠠᠷᠭᠤᠯᠠᠭᠤᠯᠤᠭᠠᠳ ᠪᠤᠷᠤᠯᠠᠭᠤᠯᠬᠤ ᠴᠠᠭ ᠢ ᠨᠢ ᠠᠬᠢᠭᠤᠯᠵᠤ᠂ ᠲᠠᠷᠢᠶᠠᠯᠠᠬᠤ ᠤᠷᠤᠨ ᠳᠤ ᠪᠤᠯ ᠬᠤᠷᠠᠭ᠎ᠠ ᠶᠢ ᠭᠤᠤᠯᠳᠠᠯᠭ᠎ᠠ ᠲᠠᠢ ᠪᠤᠷᠳᠤᠵᠤ ᠪᠤᠷᠤᠯᠠᠭᠤᠯᠤᠨ᠂ ᠡᠷᠬᠢᠯᠳᠡ ᠶᠢ ᠨᠢ ᠲᠦᠷᠭᠡᠳᠭᠡᠨ ᠦᠷ᠎ᠠ ᠠᠰᠢᠭ ᠢ ᠨᠢ ᠨᠡᠮᠡᠭᠳᠡᠭᠦᠯᠵᠦ ᠪᠤᠯᠤᠨ᠎ᠠ᠃
    ᠳ᠋ᠦ᠋ ᠯᠢ ᠰᠢᠨ ︵ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠬᠤᠨᠢᠨ ᠤ ᠠᠵᠤ ᠦᠢᠯᠡᠰ ᠤᠨ ᠬᠤᠪᠢᠶᠠᠷᠢ ᠨᠡᠶᠢᠭᠡᠮᠯᠢᠭ ᠤᠨ ᠬᠦᠢᠴᠡᠳᠭᠡᠭᠴᠢ ᠲᠠᠷᠤᠭ᠎ᠠ᠂ ᠳᠤᠮᠳᠠᠳᠤ ᠤᠯᠤᠰ ᠤᠨ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ︶᠄      ᠬᠤᠨᠢ ᠮᠠᠯᠵᠢᠬᠤ ᠦᠢᠯᠡᠰ ᠪᠤᠯ ᠮᠠᠯ ᠠᠵᠤ ᠠᠬᠤᠢ ᠶᠢᠨ ᠦᠢᠯᠡᠳᠪᠤᠷᠢᠯᠡᠯ ᠳᠤᠮᠳᠠ ᠪᠠᠶᠢᠭᠠᠯᠢ ᠶᠢᠨ ᠠᠮᠢ ᠠᠬᠤᠢ ᠶᠢᠨ ᠨᠦᠬᠦᠴᠡᠯ ᠲᠠᠢ ᠨᠢᠭᠳᠠ ᠤᠶᠠᠯᠳᠤᠵᠤ ᠪᠠᠶᠢᠭ᠎ᠠ ᠠᠵᠤ ᠦᠢᠯᠡᠰ ᠪᠤᠯᠤᠨ᠎ᠠ᠃ ᠳᠤᠮᠳᠠᠳᠤ ᠤᠯᠤᠰ ᠪᠤᠯ ᠲᠡᠯᠡᠬᠡᠢ ᠲᠡᠭᠡᠷ᠎ᠠ ᠬᠠᠮᠤᠭ ᠤᠨ ᠤᠯᠠᠨ ᠪᠠᠭ᠎ᠠ ᠬᠡᠪᠢᠭᠴᠢ ᠠᠮᠢᠳᠠᠨ ︵ᠬᠤᠨᠢ᠂ ᠢᠮᠠᠭ᠎ᠠ︶᠎ ᠢ ᠠᠷᠠᠴᠢᠯᠠᠨ ᠲᠡᠵᠢᠭᠡᠵᠤ ᠪᠠᠶᠢᠭ᠎ᠠ ᠤᠯᠤᠰ᠃ 2017 ᠤᠨ ᠳᠤ ᠪᠦᠬᠦ ᠤᠯᠤᠰ ᠤᠨ ᠬᠤᠨᠢᠨ ᠤ ᠶᠠᠷᠤᠩᠬᠡᠢ ᠲᠤᠭ᠎ᠠ 29903.7 ᠲᠦᠮᠡᠨ ᠲᠤᠯᠤᠭᠠᠢ ᠳᠤ ᠬᠦ᠋ᠷᠴᠤ᠂ ᠪᠤᠷᠤᠯᠠᠭᠤᠯᠤᠭᠰᠠᠨ ᠶᠡᠷᠤᠩᠬᠡᠢ ᠲᠤᠭ᠎ᠠ ᠨᠢ 31218.4 ᠲᠦᠮᠡ᠂ ᠬᠤᠨᠢᠨ ᠮᠢᠬᠠᠨ ᠤ ᠭᠠᠷᠤᠯᠳᠠ 467.5 ᠲᠦᠮᠡᠨ ᠲᠤᠨ ᠳᠤ ᠬᠦᠷᠪᠠ᠃      ᠦᠵᠦᠮᠦᠴᠢᠨ ᠬᠤᠨᠢ᠂ ᠬᠦᠯᠦᠨ ᠪᠤᠶᠢᠷ ᠬᠤᠨᠢ᠂ ᠰᠦᠨᠢᠳ ᠬᠤᠨᠢ ᠪᠤᠯ ᠦᠪᠤᠷ ᠮᠤᠩᠭᠤᠯ ᠤᠨ ᠭᠤᠤᠯ ᠪᠤᠯᠬᠤ ᠤᠷᠤᠨ ᠨᠤᠳᠤᠭ ᠤᠨ ᠡᠬᠦᠯᠳᠡᠷ ᠤᠨ ᠬᠤᠨᠢ ᠮᠦᠨ᠃ ᠡᠳᠡᠭᠡᠷ ᠬᠤᠨᠢ ᠨᠢ ᠤᠷᠴᠢᠨ ᠲᠤᠭᠤᠷᠢᠨ ᠳᠤ ᠵᠤᠬᠢᠴᠠᠬᠤ ᠴᠢᠳᠠᠪᠤᠷᠢ ᠰᠠᠶᠢᠨ᠂ ᠬᠦᠢᠳᠡᠨ ᠳᠤ ᠲᠡᠰᠪᠤᠷᠢᠳᠡᠢ᠂ ᠲᠡᠵᠢᠭᠡᠯ ᠪᠤᠷᠳᠤᠭ᠎ᠠ ᠶᠢᠨ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠲᠤᠤᠷ᠎ᠠ᠂ ᠮᠢᠬ᠎ᠠ ᠨᠢ ᠠᠮᠳᠠᠳᠠᠢ ᠪᠠᠶᠢᠳᠠᠭ᠃ ᠤᠷᠤᠨ ᠨᠤᠳᠤᠭ ᠤᠨ ᠡᠬᠦᠯᠳᠡᠷ ᠢ ᠰᠤᠩᠭᠤᠨ ᠪᠤᠶᠢᠵᠢᠭᠤᠯᠬᠤ ᠲᠠᠯ᠎ᠠ ᠪᠠᠷ ᠮᠠᠨ ᠤ ᠤᠷᠤᠨ ᠳᠤ ᠦᠪᠤᠷ ᠮᠤᠩᠭᠤᠯ᠂ ᠤᠷᠳᠤᠰ᠂ ᠠᠤᠬᠠᠨ᠂ ᠬᠦᠯᠦᠨ ᠪᠤᠶᠢᠷ᠂ ᠬᠤᠷᠴᠢᠨ᠂ ᠤᠯᠠᠭᠠᠨᠴᠠᠪ᠂ ᠬᠢᠩᠭᠠᠨ ᠠᠶᠢᠮᠠᠭ ᠤᠨ ᠨᠠᠷᠢᠨ ᠨᠤᠤᠰᠤᠳᠤ ᠬᠤᠨᠢ᠂ ᠦᠪᠤᠷ ᠮᠤᠩᠭᠤᠯ ᠤᠨ ᠬᠠᠭᠠᠰ ᠨᠠᠷᠢᠨ ᠨᠤᠤᠰᠤᠳᠤ ᠬᠤᠨᠢ ᠪᠠᠶᠢᠳᠠᠭ ᠴᠦ ᠦᠢᠯᠡᠳᠦᠯ ᠴᠢᠳᠠᠪᠬᠢ ᠨᠢ ᠲᠤᠪᠤᠶᠢᠮ᠎ᠠ ᠪᠢᠰᠢ᠂ ︽ᠪᠠᠭᠤᠷᠠᠢ᠂ ᠪᠠᠭ᠎ᠠ᠂ ᠲᠠᠷᠠᠬᠠᠢ︾ ᠤᠨᠴᠠᠯᠢᠭ ᠢᠯᠡᠷᠭᠡᠢ ᠪᠠᠶᠢᠳᠠᠭ᠃ ᠡᠶᠢᠮᠦ ᠠᠴᠠ ᠡᠭᠦᠯᠳᠡᠷ ᠪᠤᠶᠢᠵᠢᠭᠤᠯᠬᠤ ᠴᠢᠭᠯᠡᠯ ᠤᠨ ᠲᠠᠯ᠎ᠠ ᠪᠠᠷ᠂ ᠤᠷᠳᠤᠰ ᠪᠤᠯᠤᠨ ᠠᠤᠬᠠᠨ ᠬᠤᠶᠠᠷ ᠡᠬᠦᠯᠳᠡᠷ ᠢ ᠤᠨᠴᠠ ᠨᠠᠷᠢᠨ ᠨᠤᠤᠰᠤᠳᠤ ᠬᠤᠨᠢ ᠪᠠᠷ ᠬᠦᠭᠵᠢᠬᠦᠯᠦᠨ᠂ ᠪᠤᠰᠤᠳ ᠢ ᠨᠢ ᠮᠢᠬ᠎ᠠ ᠨᠤᠤᠯᠤᠭᠤᠷ ᠬᠠᠪᠰᠤᠷᠭᠠᠭᠰᠠᠨ ᠬᠦᠭᠵᠢᠯᠳᠡ ᠶᠢᠨ ᠴᠢᠭᠯᠡᠯ ᠢᠶᠠᠷ ᠬᠦᠭᠵᠢᠬᠦᠯᠵᠦ ᠪᠤᠯᠤᠨ᠎ᠠ᠃      ᠮᠠᠨ ᠤ ᠤᠯᠤᠰ ᠤᠨ ᠮᠢᠬᠠᠨ ᠤ ᠬᠤᠨᠢᠨ ᠤ ᠤᠷᠤᠨ ᠨᠤᠳᠤᠭ ᠤᠨ ᠰᠢᠯᠢᠳᠡᠭ ᠡᠬᠦᠯᠳᠡᠷ ᠢ ᠰᠤᠩᠭᠤᠨ ᠪᠤᠶᠢᠵᠢᠭᠤᠯᠬᠤ ᠠᠬᠢᠴᠠ ᠤᠳᠠᠭᠠᠨ ᠪᠠᠶᠢᠵᠤ᠂ ᠬᠤᠳᠠᠯᠳᠤᠭᠠᠴᠢᠯᠠᠭᠰᠠᠨ ᠡᠬᠦᠯᠳᠡᠷ ᠪᠤᠶᠢᠵᠢᠭᠤᠯᠬᠤ ᠲᠤᠬᠳᠠᠴᠠ ᠲᠤᠳᠠᠬᠳᠠᠵᠤ᠂ ᠦᠷ᠎ᠡ ᠶᠢᠨ ᠬᠤᠨᠢᠨ ᠤ ᠠᠵᠤ ᠠᠬᠤᠢᠢᠯᠡᠯ ᠤᠨ ᠭᠤᠤᠯᠯᠠᠬᠤ ᠦᠷᠢᠰᠦᠯᠳᠦᠬᠦ ᠬᠦᠴᠦᠨ ᠴᠢᠩᠭ᠎ᠠ ᠪᠢᠰᠢ ᠪᠠᠶᠢᠨ᠎ᠠ᠃ ᠦᠷ᠎ᠡ ᠶᠢᠨ ᠬᠤᠨᠢᠨ ᠤ ᠠᠵᠤ ᠠᠬᠤᠢᠢᠯᠡᠯ ᠤᠨ ᠬᠦᠴᠢᠷᠳᠡᠯ ᠢ ᠦᠵᠡᠪᠡᠯ᠂ ᠨᠢᠭᠡ ᠳᠤ᠂ ᠡᠬᠦᠯᠳᠡᠷ ᠪᠤᠶᠢᠵᠢᠭᠤᠯᠬᠤ ᠲᠤᠷ᠎ᠡ ᠦᠭᠡᠢ᠂ ᠦᠶᠡᠯᠡᠯ ᠤᠨ ᠬᠤᠭᠤᠴᠠᠭ᠎ᠠ ᠤᠷᠳᠤ᠂ ᠪᠡᠯᠡ ᠤᠷᠤᠭᠤᠯᠤᠯᠳᠠ ᠦᠨᠳᠦᠷ᠂ ᠲᠦᠭᠰᠢᠬᠦᠷᠢ ᠶᠡᠭᠡ᠂ ᠬᠠᠭᠤᠯᠠᠪᠤᠷᠢᠯᠡᠨ ᠵᠤᠬᠢᠶᠠᠬᠤ ᠳᠤ ᠠᠮᠠᠷᠬᠠᠨ︔ ᠬᠤᠶᠠᠷ ᠲᠤ᠂ ᠡᠬᠦᠯᠳᠡᠷ ᠪᠤᠶᠢᠵᠢᠭᠤᠯᠬᠤ ᠪᠤᠳᠠᠳᠤ ᠬᠦᠴᠦᠨ ᠦᠭᠡᠢ᠂ ᠪᠡᠯᠡ ᠮᠦᠡᠭᠭᠦ᠂ ᠮᠡᠷᠭᠡᠵᠢᠯ᠂ ᠴᠢᠳᠠᠪᠤᠷᠢᠳᠠᠨ ᠵᠡᠷᠭᠡ ᠭᠤᠤᠯᠯᠠᠬᠤ ᠦᠷᠢᠰᠦᠯᠳᠦᠬᠦ ᠬᠦᠴᠦᠨ ᠨᠠᠶᠢᠳᠠᠮ ᠴᠢᠩᠭ᠎ᠠ ᠪᠢᠰᠢ︔ ᠭᠤᠷᠪᠠ ᠳᠤ᠂ ᠵᠠᠷᠢᠮ ᠠᠵᠤ ᠠᠬᠤᠢᠢᠯᠡᠯ ᠡᠬᠦᠯᠳᠡᠷ ᠪᠤᠶᠢᠵᠢᠭᠤᠯᠬᠤ ᠲᠦᠰᠤᠯ ᠲᠤᠬᠳᠠᠭᠠᠬᠤ ᠵᠢᠴᠢ ᠭᠡᠷᠡᠭᠵᠢᠬᠦᠯᠬᠦ ᠲᠤᠮᠳᠠ ᠪᠠᠨ ᠵᠤᠬᠢᠬᠤ ᠬᠡᠮᠵᠢᠶᠠᠨ ᠤ ᠰᠤᠬᠤᠷ ᠪᠠᠯᠠᠢ ᠴᠢᠨᠠᠷ ᠲᠠᠢ᠃ ᠡᠳᠡᠭᠡᠷ ᠪᠠᠶᠢᠳᠠᠯ ᠳᠤ ᠬᠠᠨᠳᠤᠭᠤᠯᠤᠨ᠂ ᠠᠵᠤ ᠠᠬᠤᠢᠢᠯᠡᠯ᠂ ᠶᠡᠭᠡ ᠲᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠤᠶᠠᠯᠳᠤᠯ ᠤᠨ ᠬᠦᠴᠦᠨ ᠴᠢᠳᠠᠯ ᠢ ᠪᠠᠳᠠᠷᠠᠭᠤᠯᠵᠤ᠂ ᠬᠤᠳᠠᠯᠳᠤᠭᠠᠴᠢᠯᠠᠬᠰᠡᠨ ᠡᠬᠦᠯᠳᠡᠷ ᠪᠤᠶᠢᠵᠢᠭᠤᠯᠬᠤ ᠲᠤᠬᠳᠠᠴᠠ ᠶᠢ ᠪᠠᠶᠢᠭᠤᠯᠬᠤ ᠶᠢᠨ ᠬᠠᠮᠳᠤ ᠡᠬᠦᠯᠳᠡᠷ ᠪᠤᠶᠢᠵᠢᠭᠤᠯᠬᠤ ᠰᠠᠭᠤᠷᠢᠨ ︵ᠭᠤᠤᠯᠯᠠᠬᠤ ᠡᠬᠦᠯᠳᠡᠷ ᠪᠤᠶᠢᠵᠢᠭᠤᠯᠬᠤ ᠲᠠᠯᠠᠪᠠᠢ︶ ᠪᠠᠶᠢᠭᠤᠯᠬᠤ ᠶᠢ ᠲᠠᠮᠵᠢᠵᠤ᠂ ᠴᠢᠨᠠᠷ ᠴᠢᠨᠰᠠᠭ᠎ᠠ ᠶᠢᠨ ᠬᠡᠮᠵᠢᠯᠳᠠ᠂ ᠤᠳᠤᠮᠯᠠᠯ ᠤᠨ ᠦᠨᠡᠯᠡᠨ ᠵᠢᠱᠢᠯᠳᠠ᠂ ᠬᠤᠯᠪᠤᠭᠠᠯᠠᠨ ᠡᠬᠦᠯᠳᠡᠷ ᠪᠤᠶᠢᠵᠢᠭᠤᠯᠬᠤ ᠪᠤᠯᠤᠨ ᠤᠷᠤᠨ ᠪᠦᠰᠡ ᠶᠢᠨ ᠡᠬᠦᠯᠳᠡᠷ ᠤᠨ ᠬᠤᠯᠪᠤᠭᠠᠯᠡᠯ ᠢ ᠪᠠᠶᠢᠭᠤᠯᠤᠨ᠂ ᠤᠳᠤ ᠦᠶ᠎ᠡ ᠶᠢᠨ ᠦᠷ ᠎ᠡ ᠶᠢᠨ ᠦᠢᠯᠡᠰ ᠤᠨ ᠰᠠᠭᠤᠷᠢ ᠮᠦᠡᠭᠭᠦ ᠶᠢ ᠪᠠᠶᠢᠭᠤᠯᠬᠤ᠂ ᠦᠷᠡᠵᠢᠬᠦᠯᠬᠦ ᠲᠠᠯᠭᠡᠷᠡᠬᠦᠯᠬᠦ ᠶᠢ ᠨᠢᠭᠡ ᠴᠤᠬᠴᠠᠵᠢᠭᠤᠯᠤᠬᠰᠡᠨ ᠠᠵᠤ ᠠᠬᠤᠢᠢᠯᠡᠯ ᠪᠠ ᠡᠬᠦᠯᠳᠡᠷ ᠪᠤᠶᠢᠵᠢᠭᠤᠯᠬᠤ ᠬᠤᠯᠪᠤᠭ᠎ᠠ ᠶᠢ ᠪᠤᠶᠢᠵᠢᠭᠤᠯᠬᠤ ᠵᠡᠷᠭᠡ ᠠᠵᠢᠯ ᠬᠢᠬᠦ ᠶᠢ ᠪᠤᠳᠤᠯᠬᠢᠯᠠᠬᠤ ᠴᠢᠬᠤᠯᠠᠳᠠᠢ ᠪᠤᠯᠤᠭᠰᠠᠨ ᠪᠠᠶᠢᠨ᠎ᠠ᠃      ᠢᠷᠡᠬᠡᠳᠦᠢ ᠶᠢᠨ ᠭᠤᠷᠪᠠ ᠲᠠᠪᠤᠨ ᠵᠢᠯ ᠳᠤ᠂ ᠮᠢᠬᠠᠨ ᠤ ᠬᠤᠨᠢ ᠲᠡᠵᠢᠭᠡᠨ ᠦᠷᠡᠵᠢᠬᠦᠯᠬᠦ ᠠᠵᠤ ᠠᠬᠤᠢᠢᠯᠡᠯ ᠤᠨ ᠠᠰᠢᠭ ᠬᠤᠨᠵᠢᠪᠤᠷᠢ ᠶᠢᠨ ᠦᠰᠦᠯᠳᠠ ᠨᠢ ᠭᠤᠤᠯᠳᠠᠭᠤ ᠬᠡᠪᠴᠢᠶᠡᠵᠢᠯ ᠤᠨ ᠦᠷᠭᠡᠵᠢᠯ ᠳᠤ ᠲᠦᠰᠢᠭᠯᠡᠵᠦ᠂ ᠢᠷᠡᠬᠡᠳᠦᠢ ᠶᠢᠨ ᠠᠷᠪᠡᠨ ᠵᠢᠯ ᠤᠨ ᠠᠰᠢᠭ ᠬᠤᠨᠵᠢᠪᠤᠷᠢ ᠶᠢᠨ ᠦᠰᠦᠯᠳᠠ ᠨᠢ ᠡᠬᠦᠯᠳᠡᠷ ᠪᠤᠶᠢᠵᠢᠭᠤᠯᠬᠤ᠂ ᠮᠢᠬᠠᠨ ᠤ ᠢᠳᠡᠭᠡᠨ ᠢ ᠰᠤᠳᠤᠯᠤᠨ ᠨᠡᠭᠡᠭᠡᠬᠦ ᠪᠠ ᠲᠦᠷᠦᠯ ᠲᠡᠮᠳᠡᠭᠳᠦ ᠶᠢ ᠴᠤᠭᠴᠠᠯᠠᠬᠤ ᠳᠤ ᠲᠦᠰᠢᠭᠯᠡᠨ᠎ᠡ᠃      2018 ᠤᠨ ᠤ ᠳᠤᠮᠳᠠᠳᠤ ᠤᠯᠤᠰ ᠤᠨ ᠬᠤᠨᠢᠨ ᠤ ᠠᠵᠤ ᠦᠢᠯᠡᠰ ᠤᠨ ᠬᠦᠭᠵᠢᠯᠳᠡ ᠶᠢᠨ ᠬᠠᠨᠳᠤᠰᠢ ᠪᠠᠷ ᠦᠵᠡᠪᠡᠯ᠂ ᠳᠤᠮᠳᠠᠳᠤ ᠤᠯᠤᠰ ᠤᠨ ᠮᠢᠬᠠᠨ ᠤ ᠬᠤᠨᠢᠨ ᠤ ᠠᠵᠤ ᠦᠢᠯᠡᠰ ᠨᠢᠭᠡᠨᠳᠡ ᠴᠢᠨᠠᠷ ᠴᠢᠨᠰᠠᠭ᠎ᠠ ᠶᠢᠨ ᠦᠷᠢᠰᠦᠯᠳᠤᠭᠡᠨ ᠤ ᠴᠠᠭ ᠦᠶ᠎ᠠ ᠳᠤ ᠤᠷᠤᠵᠤ᠂ ᠮᠢᠬᠠᠨ ᠤ ᠬᠤᠨᠢᠨ ᠤ ᠠᠵᠤ ᠦᠢᠯᠡᠰ ᠤᠨ ᠬᠡᠯᠬᠢᠶ᠎ᠠ ᠶᠠᠭ ᠪᠦᠷᠢᠯᠳᠤᠨ᠂ ᠬᠤᠷᠰᠢᠶ᠎ᠠ ᠪᠤᠯᠤᠨ ᠬᠡᠷ ᠪᠦᠯᠢ ᠶᠢᠨ ᠮᠠᠯᠵᠢᠯ ᠤᠨ ᠲᠠᠯᠠᠪᠡᠢ ᠬᠦᠭᠵᠢᠨ ᠪᠤᠵᠠᠭᠠᠢᠢᠷᠠᠵᠤ᠂ ᠦᠨᠳᠤᠷ ᠦᠷ᠎ᠠ ᠪᠦᠳᠦᠮᠵᠢᠳᠡᠢ᠂ ᠠᠮᠢ ᠠᠬᠤᠢᠢᠴᠢ᠂ ᠡᠷᠡᠬᠦᠯ ᠴᠢᠬᠢᠷᠠᠭ ᠠᠷᠠᠴᠢᠯᠠᠵᠤ ᠲᠡᠵᠢᠭᠡᠬᠦ ᠨᠢ ᠪᠠᠳᠤᠳᠠᠢ ᠰᠤᠩᠭᠤᠯᠳᠠ ᠪᠤᠯᠤᠭᠰᠠᠨ ᠪᠠᠶᠢᠨ᠎ᠠ᠃ ᠡᠬᠦᠨ ᠠᠴᠠ ᠦᠵᠡᠪᠡᠯ᠂ ᠦᠷᠬᠦᠯᠵᠢᠯᠡᠨ ᠡᠬᠦᠯᠳᠡᠷ ᠰᠤᠩᠭᠤᠨ ᠪᠤᠶᠢᠵᠢᠭᠤᠯᠬᠤ ᠪᠠ ᠰᠢᠨ᠎ᠡ ᠡᠬᠦᠯᠳᠡᠷ ᠢ ᠪᠤᠶᠢᠵᠢᠭᠤᠯᠬᠤ ᠪᠤᠯ ᠦᠪᠦᠷ ᠮᠤᠩᠭᠤᠯ ᠤᠨ ᠬᠤᠨᠢᠨ ᠤ ᠡᠬᠦᠯᠳᠡᠷ ᠪᠤᠶᠢᠵᠢᠭᠤᠯᠬᠤ ᠦᠨᠳᠦᠰᠦᠨ ᠴᠢᠭᠯᠡᠯ ᠪᠠᠶᠢᠵᠤ᠂ ᠰᠠᠶᠢᠨ ᠡᠬᠦᠯᠳᠡᠷ ᠤᠨ ᠪᠦᠷᠢᠳᠭᠡᠯ᠂ ᠴᠢᠨᠠᠷ ᠴᠢᠨᠰᠠᠭ᠎ᠠ ᠶᠢᠨ ᠬᠡᠮᠵᠢᠯᠳᠠ᠂ ᠤᠳᠤᠮᠯᠡᠯ ᠤᠨ ᠦᠨᠡᠯᠡᠨ ᠵᠢᠱᠢᠯᠳᠠ ᠪᠤᠯ ᠦᠪᠦᠷ ᠮᠤᠩᠭᠤᠯ ᠤᠨ ᠬᠤᠨᠢᠨ ᠤ ᠡᠬᠦᠯᠳᠡᠷ ᠪᠤᠶᠢᠵᠢᠭᠤᠯᠬᠤ ᠦᠷ᠎ᠡ ᠠᠰᠢᠭ ᠢ ᠲᠡᠭᠡᠭᠰᠢᠯᠡᠬᠦᠯᠬᠦ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠠ ᠪᠤᠯᠵᠤ᠂ ᠬᠤᠳᠠᠯᠳᠤᠭᠠᠴᠢᠯᠠᠬᠰᠡᠨ ᠡᠬᠦᠯᠳᠡᠷ ᠪᠤᠶᠢᠵᠢᠭᠤᠯᠬᠤ ᠲᠤᠬᠳᠠᠴᠠ ᠪᠠ ᠦᠷ᠎ᠡ ᠶᠢᠨ ᠦᠢᠯᠡᠰ ᠤᠨ ᠪᠤᠶᠢᠵᠢᠭᠤᠯᠬᠤ ᠰᠢᠰᠲ᠋ᠧᠮ ᠢ ᠪᠠᠶᠢᠭᠤᠯᠬᠤ ᠪᠤᠯ ᠦᠪᠦᠷ ᠮᠤᠩᠭᠤᠯ ᠤᠨ ᠬᠤᠨᠢᠨ ᠤ ᠤᠯᠤᠰ ᠤᠨ ᠲᠤᠳᠤᠭᠠᠳᠤ ᠶᠢᠨ ᠮᠢᠬᠠᠨ ᠬᠤᠨᠢᠨ ᠤ ᠤᠬᠢ ᠰᠢᠯᠢᠳᠡᠭ᠂ ᠠᠯᠳᠠᠷᠳᠤ ᠲᠦᠷᠦᠯ ᠲᠡᠮᠳᠡᠭᠳᠤ ᠪᠤᠯᠬᠤ ᠶᠢᠨ ᠴᠢᠬᠤᠯᠠ ᠪᠠᠳᠤᠯᠠᠭ᠎ᠠ ᠪᠤᠯᠤᠨ᠎ᠡ᠃
     ᠰᠢᠦᠢ ᠱᠠᠩ ᠵᠦᠩ ︵ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠦᠭᠡᠷ ᠤᠨ ᠦᠢᠯᠡᠰ ᠤᠨ ᠬᠤᠪᠢᠶᠠᠷᠢ ᠨᠡᠶᠢᠭᠡᠮᠯᠢᠭ ᠤᠨ ᠲᠠᠷᠤᠭ᠎ᠠ᠂ ᠳᠤᠮᠳᠠᠳᠤ ᠤᠯᠤᠰ ᠤᠨ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ︶᠄      ᠤᠳᠤᠬᠠᠨ ᠳᠤ᠂ ᠦᠪᠦᠷ ᠮᠤᠩᠭᠤᠯ ᠤᠨ ᠬᠤᠨᠢ 1 ᠳ᠋ᠦᠩᠰᠢᠭᠤᠷ ᠲᠤᠯᠤᠭᠠᠢ ᠶᠢ ᠲᠠᠪᠠᠵᠤ᠂ ᠬᠤᠨᠢᠨ ᠮᠢᠬᠠᠨ ᠤ ᠭᠠᠷᠤᠯᠳᠠ ᠪᠦᠬᠦ ᠤᠯᠤᠰ ᠲᠤ ᠲᠦᠷᠦᠭᠦᠯᠡᠨ᠂ ᠦᠭᠡᠷ ᠤᠨ ᠮᠢᠬᠠᠨ ᠤ ᠭᠠᠷᠤᠯᠳᠠ ᠪᠦᠬᠦ ᠤᠯᠤᠰ ᠲᠤ ᠭᠤᠷᠪᠠᠳᠤᠭᠠᠷ ᠲᠤ ᠤᠷᠤᠵᠤ᠂ ᠦᠭᠡᠷ ᠬᠤᠨᠢᠨ ᠤ ᠠᠵᠤ ᠦᠢᠯᠡᠰ ᠤᠨ ᠬᠦᠭᠵᠢᠯᠳᠡ ᠶᠠᠭ ᠰᠠᠶ᠋ᠢᠬᠠᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ᠂ ᠴᠢᠨᠠᠷ ᠴᠢᠨᠰᠠᠭ᠎ᠠ ᠲᠠᠢ ᠬᠦᠭᠵᠢᠯᠳᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠤᠢ᠂ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ ᠦᠷ᠎ᠠ ᠠᠰᠢᠭ ᠢ ᠨᠡᠮᠡᠭᠳᠡᠭᠦᠯᠬᠦ᠂ ᠲᠡᠵᠢᠭᠡᠨ ᠦᠷᠡᠵᠢᠭᠦᠯᠬᠦ ᠦᠪᠡᠷ ᠤᠨ ᠦᠷᠳᠡᠭ ᠢ ᠪᠠᠭᠤᠷᠠᠭᠤᠯᠬᠤ ᠶᠢ ᠪᠡᠶᠡᠯᠡᠭᠦᠯᠬᠦ ᠳᠤ ᠪᠠᠷᠢᠮᠵᠢᠶᠠᠵᠢᠭᠰᠠᠨ᠂ ᠤᠳᠤᠬᠢᠴᠢᠯᠠᠭᠰᠠᠨ ᠲᠡᠵᠢᠭᠡᠨ ᠦᠷᠡᠵᠢᠭᠦᠯᠬᠦ ᠠᠷᠭ᠎ᠠ ᠵᠠᠩᠭᠢᠯᠠᠭ᠎ᠠ ᠪᠤᠯᠵᠠᠢ᠃      ᠢᠷᠡᠬᠡᠳᠦᠢ ᠶᠢᠨ 10 ᠵᠢᠯ ᠳᠤ᠂ ᠲᠤᠮᠳᠠᠳᠤ ᠤᠯᠤᠰ ᠤᠨ ᠬᠤᠨᠢ ᠮᠠᠯᠵᠢᠬᠤ ᠲᠠᠯᠠᠪᠡᠢ ᠶᠢᠨ ᠲᠤᠭ᠎ᠠ ᠶᠡᠭᠡ ᠬᠡᠮᠵᠢᠶ᠎ᠡ ᠪᠠᠷ ᠪᠠᠭᠠᠰᠬᠤ ᠪᠤᠯᠤᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠡᠢ ︵ᠵᠢᠯ ᠤᠨ ᠪᠤᠷᠤᠯᠠᠭᠤᠯᠤᠯᠳᠠ 100 — 1000︶᠎ ᠪᠠᠷ ᠰᠠᠭᠤᠷᠢ ᠪᠤᠯᠭᠠᠭᠰᠠᠨ ᠬᠡᠪᠴᠢᠶᠡᠵᠢᠭᠰᠡᠨ ᠠᠷᠠᠴᠢᠯᠠᠵᠤ ᠲᠡᠵᠢᠭᠡᠬᠦ᠂ ᠲᠡᠷᠢᠵᠤ ᠲᠠᠵᠢᠭᠡᠬᠦ ᠶᠢ ᠨᠢᠭᠡ ᠴᠤᠬᠴᠠᠵᠢᠭᠤᠯᠬᠤ ᠪᠠᠷ ᠰᠠᠭᠤᠷᠢ ᠪᠤᠯᠭᠠᠭᠰᠠᠨ ᠤᠳᠤ ᠦᠶ᠎ᠡ ᠶᠢᠨ ᠮᠢᠬᠠᠨ ᠤ ᠬᠤᠨᠢᠨ ᠤ ᠠᠵᠤ ᠦᠢᠯᠡᠰ ᠢ ᠬᠦᠭᠵᠢᠬᠦᠯᠵᠤ᠂ ᠠᠭᠠᠵᠢᠮ ᠠᠬᠢᠬᠤ ᠬᠡᠯᠪᠡᠷᠢ ᠪᠠᠷ ᠬᠡᠪᠴᠢᠶᠠᠵᠢᠭᠦᠯᠦᠨ ᠲᠠᠵᠢᠭᠡᠬᠦ ᠪᠠᠷ ᠬᠡᠯᠪᠡᠷᠢ ᠪᠠᠨ ᠬᠤᠪᠢᠷᠠᠭᠤᠯᠵᠤ᠂ ᠲᠡᠰ ᠲᠡᠪᠰᠢᠬᠦ ᠶᠢ ᠠᠬᠢᠭᠤᠯᠤᠨ᠂ ᠬᠤᠷᠰᠢᠶ᠎ᠠ ᠪᠠᠷ ᠰᠠᠭᠤᠷᠢ ᠪᠤᠯᠭᠠᠭᠰᠠᠨ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠪᠠᠶᠢᠭᠤᠯᠬᠤ ᠪᠤᠯᠤᠨ᠎ᠠ᠃ ᠠᠵᠤ ᠦᠢᠯᠡᠰ ᠤᠨ ᠲᠠᠪᠠᠭᠤᠯᠢᠭ ᠪᠤᠯᠤᠨ ᠬᠦᠭᠵᠢᠯᠳᠡ ᠶᠢᠨ ᠠᠮᠵᠢᠯᠳᠠ ᠶᠢ ᠤᠯᠵᠤ ᠬᠠᠷᠠᠬᠤ ᠶᠢᠨ ᠬᠠᠮᠳᠤ ᠮᠠᠯ ᠠᠵᠤ ᠠᠬᠤᠢ ᠲᠠᠷᠢᠶᠠᠯᠠᠩ ᠤᠨ ᠤᠶᠠᠯᠳᠤᠯ ᠨᠢᠭᠳᠠ ᠪᠢᠰᠢ᠂ ᠮᠠᠯ ᠠᠵᠤ ᠠᠬᠤᠢ ᠶᠢᠨ ᠳᠤᠳᠤᠭᠠᠳᠤ ᠶᠢᠨ ᠪᠦᠳᠦᠴᠡ ᠲᠡᠶᠢᠮᠤ ᠵᠤᠬᠢᠰᠳᠠᠢ ᠪᠤᠰᠤ᠂ ᠲᠦᠷᠦᠯ ᠲᠡᠮᠳᠡᠭᠳᠤ ᠤᠯᠠᠨ ᠪᠠᠶᠢᠪᠠᠴᠤ ᠨᠡᠷᠡᠳᠤ ᠲᠦᠷᠦᠯ ᠲᠡᠮᠳᠡᠭᠳᠤ ᠴᠦᠭᠡᠨ᠂ ᠴᠢᠨᠠᠷ ᠴᠢᠨᠰᠠᠭ᠎ᠠ ᠠᠳᠠᠯᠢᠪᠳᠤᠷ᠂ ᠵᠦᠷᠢᠶᠡᠳᠤ ᠬᠡᠷᠡᠭᠯᠡᠭᠡ ᠶᠢᠨ ᠱᠠᠭᠠᠷᠳᠠᠯᠭ᠎ᠠ ᠶᠢ ᠬᠠᠩᠭᠠᠵᠤ ᠲᠡᠶᠢᠯᠬᠦ ᠦᠬᠡᠢ᠂ ᠵᠠᠬ᠎ᠠ ᠲᠡᠯᠭᠡᠬᠦᠷ ᠤᠨ ᠨᠦᠯᠦᠭᠡᠯᠡᠬᠦ ᠬᠦᠴᠦᠨ ᠴᠢᠩᠭ᠎ᠠ ᠪᠢᠰᠢ ᠵᠡᠷᠭᠡ ᠲᠤᠪᠤᠶᠢᠮ᠎ᠠ ᠠᠰᠠᠭᠤᠳᠠᠯ ᠨᠢ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠪᠠᠷᠢᠮᠵᠢᠶᠠᠵᠢᠭᠰᠠᠨ ᠬᠦᠭᠵᠢᠯᠳᠡ ᠶᠢ ᠬᠢᠵᠠᠭᠠᠷᠯᠠᠵᠤ ᠪᠠᠶᠢᠬᠤ ᠶᠢ ᠲᠠᠨᠢᠵᠤ᠂ ᠬᠠᠷᠢᠨ ᠰᠠᠶᠢᠨ ᠡᠬᠦᠯᠳᠡᠷ ᠢ ᠪᠤᠶᠢᠵᠢᠭᠤᠯᠬᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠲᠦᠷᠦᠯ ᠲᠡᠮᠳᠡᠭᠳᠤ ᠶᠢ ᠴᠤᠭᠴᠠᠯᠠᠬᠤ ᠵᠡᠷᠭᠡ ᠨᠢ ᠦᠪᠤᠷ ᠮᠤᠩᠭᠤᠯ ᠤᠷᠤᠨ ᠤ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠵᠤ ᠴᠢᠳᠠᠨ᠎ᠠ ᠭᠡᠳᠡᠭ ᠲᠤ ᠢᠳᠡᠭᠡᠵᠦ᠂ ᠬᠢᠵᠤ ᠪᠦᠳᠦᠭᠡᠬᠦ ᠬᠡᠷᠡᠭᠳᠡᠢ      ᠤᠯᠠᠨ ᠤ ᠮᠡᠳᠡᠭᠡᠵᠢ ᠪᠠᠷ᠂ ᠦᠪᠤᠷ ᠮᠤᠩᠭᠤᠯ ᠤᠨ ᠦᠨᠢᠶᠡᠨ ᠰᠦ᠂ ᠬᠤᠨᠢᠨ ᠮᠢᠬ᠎ᠠ᠂ ᠢᠮᠠᠭᠠᠨ ᠨᠤᠤᠯᠤᠭᠤᠷ ᠵᠡᠷᠭᠡ ᠠᠵᠢᠯ ᠲᠦᠷᠦᠯ ᠨᠢ ᠪᠦᠬᠦ ᠤᠯᠤᠰ ᠤᠨ ᠤᠷᠢᠳᠠᠭᠤᠷ ᠤᠷᠤᠵᠤ᠂ ᠢᠯᠢ᠂ ᠮᠧᠩ ᠨᠢᠤ᠂ ᠤᠷᠳᠤᠰ ᠵᠡᠷᠭᠡ ᠨᠢᠭᠡ ᠪᠦᠯᠦᠭ ᠪᠦᠬᠦ ᠤᠯᠤᠰ ᠲᠤ ᠠᠯᠳᠠᠷᠳᠠᠢ ᠲᠦᠷᠦᠯ ᠲᠡᠮᠳᠡᠭᠳᠤ ᠶᠢ ᠴᠤᠭᠴᠠᠯᠠᠵᠡᠢ᠃ ᠬᠡᠪᠡᠴᠤ ᠦᠪᠤᠷ ᠮᠤᠩᠭᠤᠯ ᠳᠤ ᠤᠬᠢ ᠰᠢᠯᠢᠳᠡᠭ ᠦᠭᠡᠷ ᠤᠨ ᠮᠢᠬᠠᠨ ᠤ ᠤᠳᠤᠷᠢᠳᠬᠤ ᠲᠦᠷᠦᠯ ᠲᠡᠮᠳᠡᠭᠳᠤ ᠳᠤᠳᠠᠭᠳᠠᠵᠤ᠂ ᠤᠬᠢ ᠰᠢᠯᠢᠳᠡᠭ ᠦᠭᠡᠷ ᠤᠨ ᠮᠢᠬᠠᠨ ᠤ ᠠᠵᠢᠯ ᠲᠦᠷᠦᠯ ᠠᠯᠭᠤᠷ ᠠᠭᠠᠵᠢᠮ ᠬᠦᠭᠵᠢᠵᠤ ᠪᠠᠶᠢᠨ᠎ᠠ᠃ ᠮᠢᠬᠠᠨ ᠤ ᠦᠭᠡᠷ ᠤᠨ ᠠᠵᠢᠯ ᠲᠦᠷᠦᠯ ᠢ ᠬᠦᠴᠦᠷᠭᠡᠭᠵᠢᠬᠦᠯᠵᠤ ᠪᠤᠵᠠᠭᠠᠢᠢᠷᠠᠭᠤᠯᠤᠶ᠎ᠠ ᠭᠡᠪᠡᠯ ᠪᠡᠯᠡ ᠮᠦᠩᠬᠦ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠬᠦᠷ ᠲᠤ ᠲᠦᠰᠢᠭᠯᠡᠵᠤ᠂ ᠪᠡᠯᠡ ᠮᠦᠩᠬᠦ ᠶᠢᠨ ᠬᠤᠷᠠᠮᠳᠤᠭᠤᠯᠭ᠎ᠠ ᠪᠠᠷ ᠲᠠᠮᠵᠢᠨ ᠠᠵᠤ ᠦᠢᠯᠡᠰ ᠤᠨ ᠲᠡᠭᠡᠭᠰᠢᠯᠡᠯᠳᠡ ᠶᠢ ᠠᠬᠢᠭᠤᠯᠤᠨ᠂ ᠪᠤᠷᠤᠯᠠᠭᠤᠯᠭ᠎ᠠ ᠲᠡᠭᠡᠷ᠎ᠠ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠵᠠᠬ᠎ᠠ ᠲᠡᠯᠭᠡᠬᠦᠷ ᠤᠨ ᠵᠦᠷᠢᠶ᠎ᠠ ᠶᠢ ᠪᠠᠭᠠᠰᠬᠠᠬᠤ ᠴᠢᠬᠤᠯᠠᠳᠠᠢ᠃ ᠡᠬᠦᠨ ᠤ ᠬᠠᠮᠳᠤ᠂ ᠦᠪᠤᠷ ᠮᠤᠩᠭᠤᠯ ᠤᠨ ᠦᠭᠡᠷ ᠤᠨ ᠮᠢᠬᠠᠨ ᠤ ᠶᠡᠭᠡ ᠬᠡᠮᠵᠢᠶᠡᠨ ᠤ ᠰᠤᠯᠢᠯᠴᠠᠭᠠᠨ ᠤ ᠲᠦᠪ᠂ ᠮᠡᠳᠡᠭᠡ ᠵᠠᠩᠬᠢ ᠶᠢᠨ ᠠᠰᠠᠭᠤᠨ ᠯᠠᠪᠯᠠᠭ᠎ᠠ᠂ ᠪᠡᠯᠡᠨ ᠪᠠᠷᠠᠭ᠎ᠠ ᠶᠢᠨ ᠡᠯᠧᠺᠳ᠋ᠷᠤᠨ ᠰᠤᠯᠢᠯᠴᠠᠭ᠎ᠠ᠂ ᠬᠦᠮᠦᠷᠭᠡ ᠶᠢᠨ ᠪᠠᠷᠠᠭᠠᠨ ᠤ ᠬᠦᠢᠯᠭᠡᠭᠡ᠂ ᠬᠠᠩᠭᠠᠯᠭ᠎ᠠ ᠶᠢᠨ ᠬᠡᠯᠬᠢᠶ᠎ᠠ ᠶᠢᠨ ᠮᠦᠩᠬᠦᠨ ᠬᠦᠢᠯᠭᠡᠭᠡᠨ ᠤ ᠴᠢᠳᠠᠪᠤᠷᠢ ᠶᠢ ᠪᠠᠶᠢᠭᠤᠯᠵᠤ᠂ ᠡᠬᠢ ᠪᠠᠶᠠᠯᠢᠭ ᠤᠨ ᠬᠦᠷᠦᠩᠬᠡᠴᠢᠯᠡᠯᠳᠡ᠂ ᠬᠦᠮᠦᠨ ᠤ ᠬᠠᠷᠢᠴᠠᠭᠠᠨ ᠤ ᠬᠦᠷᠦᠩᠭᠡᠴᠢᠯᠡᠯᠳᠡ ᠪᠠᠷ ᠲᠠᠮᠵᠢᠨ ᠮᠢᠬᠠᠨ ᠤ ᠦᠭᠡᠷ ᠤᠨ ᠠᠵᠤ ᠦᠢᠯᠡᠰ ᠤᠨ ᠦᠨ᠎ᠠ ᠳᠤᠭᠳᠠᠭᠠᠬᠤ ᠡᠷᠭᠡ ᠶᠢ ᠪᠡᠶᠡᠯᠡᠬᠦᠯᠦᠨ᠂ ᠮᠢᠬᠠᠨ ᠤ ᠦᠭᠡᠷ ᠤᠨ ᠠᠵᠤ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠪᠠᠯ ᠵᠤᠬᠢᠨ᠎ᠠ᠃
     ᠶᠠᠨ ᠱᠦ ᠴᠦᠨ ︵ᠦᠪᠦᠷ ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠲᠠᠭᠠᠭᠤᠯᠤᠭᠴᠢ ᠠᠵᠤ ᠠᠬᠤᠢᠢᠯᠠᠯ ᠤᠨ ᠨᠡᠶᠢᠭᠡᠮᠯᠢᠭ ᠤᠨ ᠲᠠᠷᠤᠭ᠎ᠠ᠂ ᠮᠧᠩ ᠶᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠶᠢᠨ ᠲᠡᠳ᠋ ᠬᠡᠷᠡᠭ ᠮᠡᠳᠡᠭᠴᠢᠳ ᠤᠨ ᠲᠠᠷᠤᠭ᠎ᠠ︶᠄      ᠲᠤᠮᠤ ᠡᠬᠢ ᠪᠠᠶᠠᠯᠢᠭ ᠲᠤᠮᠤ ᠠᠵᠤ ᠦᠢᠯᠡᠰ ᠢ ᠪᠤᠶᠢᠵᠢᠭᠤᠯᠵᠤ᠂ ᠲᠤᠮᠤ ᠵᠠᠬ᠎ᠠ ᠲᠡᠯᠭᠡᠭᠦᠷ ᠲᠤᠮᠤ ᠲᠦᠷᠦᠯ ᠲᠡᠮᠳᠡᠭᠳᠤ ᠶᠢ ᠴᠤᠭᠴᠠᠯᠠᠨ᠎ᠠ᠃ ᠪᠦᠬᠦ ᠪᠦᠮᠪᠦᠷᠴᠡᠭ ᠤᠨ ᠬᠤᠨᠢ 10 — 12 ᠳ᠋ᠦᠩᠰᠢᠭᠤᠷ ᠪᠤᠢ᠂ ᠡᠭᠦᠨ ᠳᠤ ᠲᠤᠮᠳᠠᠳᠤ ᠤᠯᠤᠰ ᠲᠤ 3 ᠳ᠋ᠦᠩᠰᠢᠭᠤᠷ ᠬᠤᠨᠢ ᠪᠠᠶᠢᠵᠤ᠂ ᠮᠠᠨ ᠤ ᠤᠯᠤᠰ ᠨᠢᠭᠡᠨᠳᠡ ᠬᠤᠨᠢᠨ ᠮᠢᠬ᠎ᠠ ᠦᠢᠯᠡᠳᠪᠦᠷᠢᠯᠡᠬᠦ ᠪᠠ ᠬᠡᠷᠡᠭᠯᠡᠬᠦ ᠬᠠᠮᠤᠭ ᠤᠨ ᠲᠤᠮᠤ ᠤᠯᠤᠰ ᠪᠤᠯᠵᠠᠢ᠃ ᠤᠮᠠᠷᠠᠳᠤ ᠦᠷᠭᠡᠷᠢᠭ ᠤᠨ 35 — 45 ᠭᠷᠠᠳᠦ᠋ᠰ ᠤᠨ ᠰᠢᠵᠢᠷ ᠠᠯᠳᠠᠨ ᠲᠡᠵᠢᠭᠡᠨ ᠦᠷᠡᠵᠢᠭᠦᠯᠬᠦ ᠪᠦᠰᠡ ᠳᠤ ᠪᠠᠶᠢᠷᠢᠰᠢᠵᠤ᠂ ᠪᠦᠬᠦ ᠤᠯᠤᠰ ᠤᠨ ᠬᠤᠨᠢᠨ ᠮᠢᠬᠠᠨ ᠤ ᠭᠠᠷᠤᠯᠳᠠ 420 ᠲᠦᠮᠡᠨ ᠲᠤᠨ ᠢ ᠲᠠᠪᠠᠵᠠᠢ᠃ ᠮᠠᠨ ᠤ ᠤᠯᠤᠰ ᠤᠨ ᠮᠢᠬᠠᠨ ᠤ ᠬᠤᠨᠢ ᠶᠢ ᠲᠡᠵᠢᠭᠡᠨ ᠦᠷᠡᠵᠢᠭᠦᠯᠵᠦ ᠪᠠᠶᠢᠭ᠎ᠠ ᠤᠳᠤ ᠶᠢᠨ ᠪᠠᠶᠢᠳᠠᠯ ᠢᠶᠠᠷ ᠦᠵᠡᠪᠡᠯ᠂ ᠮᠢᠩᠭ᠎ᠠ ᠲᠦᠮᠡᠨ ᠠᠶᠢᠯ ᠡᠷᠦᠭᠡ ᠲᠠᠷᠠᠬᠠᠢ ᠪᠤᠳᠠᠷᠬᠠᠢ ᠮᠠᠯᠵᠢᠵᠤ ᠪᠠᠶᠢᠭ᠎ᠠ ᠨᠢ ᠭᠤᠤᠯ ᠴᠤᠭᠴᠠ ᠶᠢ ᠡᠵᠡᠯᠡᠵᠦ᠂ ᠬᠡᠪᠴᠢᠶᠡᠵᠢᠭᠰᠡᠨ᠂ ᠡᠷᠴᠢᠮᠵᠢᠭᠰᠡᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠪᠠᠭ᠎ᠠ᠂ ᠲᠡᠵᠢᠭᠡᠪᠤᠷᠢ ᠶᠢᠨ ᠲᠠᠯᠠᠪᠠᠢ ᠶᠢᠨ ᠲᠤᠨᠤᠭ ᠲᠦᠭᠦᠭᠡᠷᠦᠮᠵᠢ ᠲᠦᠭᠦᠮ᠂ ᠲᠡᠵᠢᠭᠡᠨ ᠬᠠᠮᠢᠶᠠᠷᠬᠤ ᠨᠢ ᠪᠦᠳᠦᠭᠦᠯᠢᠭ᠂ ᠮᠠᠯ ᠰᠦᠷᠦᠭ ᠤᠨ ᠪᠦᠳᠦᠴᠡ ᠵᠤᠬᠢᠰ ᠦᠭᠡᠢ᠂ ᠡᠳᠦᠷ ᠤᠨ ᠪᠤᠷᠳᠤᠭ᠎ᠠ ᠦᠭᠬᠦ ᠨᠢ ᠰᠢᠨᠵᠢᠯᠡᠬᠦ ᠤᠬᠠᠭᠠᠨᠴᠢ ᠪᠤᠰᠤ᠂ ᠬᠤᠨᠢ ᠲᠡᠵᠢᠭᠡᠬᠦ ᠦᠶᠡᠯᠡᠯ ᠤᠨ ᠬᠤᠭᠤᠴᠠᠭ᠎ᠠ ᠨᠢ ᠤᠷᠳᠤ᠂ ᠭᠠᠷᠭᠠᠯᠳᠠ ᠶᠢᠨ ᠨᠤᠷᠮ᠎ᠠ ᠲᠤᠤᠷ᠎ᠠ᠂ ᠦᠪᠡᠷ ᠤᠨ ᠦᠷᠳᠡᠭ ᠦᠨᠳᠦᠷ᠂ ᠲᠦᠷᠰᠦ ᠶᠢᠨ ᠰᠦᠷᠦᠭ ᠤᠨ ᠴᠢᠨᠠᠷ ᠴᠢᠨᠰᠠᠭ᠎ᠠ ᠲᠤᠤᠷ᠎ᠠ᠂ ᠮᠢᠬᠠᠨ ᠤ ᠭᠠᠷᠤᠯᠳᠠ ᠪᠠᠭ᠎ᠠ᠂ ᠴᠢᠨᠠᠷ ᠰᠠᠶᠢᠳᠠᠢ ᠮᠢᠬᠠᠨ ᠤ ᠬᠤᠷᠠᠭ᠎ᠠ ᠶᠢᠨ ᠦᠢᠯᠡᠳᠪᠦᠷᠢᠯᠡᠯ ᠤᠨ ᠲᠤᠭ᠎ᠠ ᠬᠡᠮᠵᠢᠶ᠎ᠠ ᠪᠠᠭ᠎ᠠ᠃ ᠭᠡᠬᠦ ᠳᠤ᠂ ᠲᠤᠮᠤ ᠬᠡᠪᠴᠢᠶ᠎ᠠ ᠪᠠᠷ ᠲᠠᠷᠭᠤᠨ ᠬᠤᠷᠠᠭ᠎ᠠ ᠦᠢᠯᠡᠳᠪᠦᠷᠢᠯᠡᠬᠦ ᠨᠢ ᠨᠢᠭᠡᠨᠳᠡ ᠤᠯᠤᠰ ᠤᠨ ᠭᠠᠳᠠᠭᠠᠳᠤ ᠶᠢᠨ ᠮᠢᠬᠠᠨ ᠤ ᠬᠤᠨᠢᠨ ᠤ ᠦᠢᠯᠡᠳᠪᠦᠷᠢᠯᠡᠯ ᠤᠨ ᠭᠤᠤᠯ ᠡᠵᠡᠩᠨᠡᠯᠳᠡ ᠶᠢᠨ ᠵᠠᠭᠪᠤᠷ ᠪᠤᠯᠵᠠᠢ᠃      ᠪᠦᠬᠦ ᠤᠯᠤᠰ ᠤᠨ ᠬᠤᠨᠢᠨ ᠮᠢᠬᠠᠨ ᠤ ᠭᠤᠤᠯ ᠭᠠᠷᠤᠯᠳᠠ ᠶᠢᠨ ᠤᠷᠤᠨ ᠪᠤᠯᠤᠭᠰᠠᠨ ᠤ ᠬᠤᠪᠢ ᠳᠤ ᠮᠠᠨ ᠤ ᠤᠷᠤᠨ ᠤ ᠮᠢᠬᠠᠨ ᠤ ᠬᠤᠨᠢᠨ ᠤ ᠠᠵᠤ ᠦᠢᠯᠡᠰ ︽ᠠᠵᠤ ᠠᠬᠤᠢᠢᠯᠠᠯ ᠨᠢ ᠲᠤᠮᠤ ᠪᠤᠯᠪᠠᠴᠤ ᠬᠦᠴᠦᠷᠭᠡᠭ ᠪᠢᠰᠢ᠂ ᠠᠵᠤ ᠦᠢᠯᠡᠰ ᠨᠢ ᠲᠠᠷᠠᠬᠠᠢ ᠪᠦᠭᠡᠳ ᠰᠢᠯᠢᠳᠡᠭ ᠪᠢᠰᠢ᠂ ᠠᠵᠤ ᠦᠢᠯᠡᠰ ᠤᠨ ᠬᠡᠯᠬᠢᠶ᠎ᠠ ᠨᠢ ᠤᠬᠤᠷ ᠪᠦᠭᠡᠳ ᠤᠬᠢ ᠪᠢᠰᠢ︾᠎ ᠶᠢᠨ ᠠᠰᠠᠭᠤᠳᠠᠯ ᠲᠤᠪᠤᠶᠢᠮ᠎ᠠ ᠤᠷᠤᠰᠢᠵᠤ ᠪᠤᠢ᠃ ᠦᠪᠦᠷ ᠮᠤᠩᠭᠤᠯ ᠤᠨ ᠮᠢᠬᠠᠨ ᠤ ᠬᠤᠨᠢᠨ ᠤ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭᠳᠤ ᠨᠢ ᠰᠢᠵᠢᠷ ᠠᠯᠳᠠᠨ ᠪᠦᠰᠡ ᠶᠢᠨ ᠮᠠᠯ ᠠᠵᠤ ᠠᠬᠤᠢ ᠶᠢᠨ ᠪᠦᠰᠡ ᠪᠠᠷ ᠬᠦᠴᠦᠯᠡᠬᠦ ᠴᠡᠭ ᠪᠤᠯᠭᠠᠵᠤ᠂ ᠲᠦᠷᠦᠯ ᠲᠡᠮᠳᠡᠭᠳᠤ ᠶᠢᠨ ᠪᠠᠶᠢᠭᠤᠯᠤᠯᠳᠠ ᠶᠢᠨ ᠡᠨᠡᠬᠦ ᠲᠤᠮᠤ ᠰᠡᠳᠦᠪ ᠢ ᠪᠤᠳᠤᠯᠬᠢᠯᠠᠨ᠂ ︽ᠰᠢᠯᠢᠳᠡᠭ ᠢ ᠲᠠᠷᠢᠬᠤ᠂ ᠰᠢᠯᠢᠳᠡᠭ ᠡᠪᠡᠰᠤ᠂ ᠰᠢᠯᠢᠳᠡᠭ ᠢ ᠲᠦᠷᠦᠬᠦ᠂ ᠰᠢᠯᠢᠳᠡᠭ ᠲᠡᠵᠢᠭᠡᠬᠦ᠂ ᠰᠢᠯᠢᠳᠡᠭ ᠴᠢᠨᠠᠷ᠂ ᠰᠢᠯᠢᠳᠡᠭ ᠦᠨ᠎ᠠ᠂ ᠰᠢᠯᠢᠳᠡᠭ ᠪᠦᠳᠦᠭᠡᠭᠳᠡᠭᠦᠨ᠂ ᠰᠢᠯᠢᠳᠡᠭ ᠭᠠᠷᠤᠯᠳᠠ᠂ ᠰᠢᠯᠢᠳᠡᠭ ᠪᠦᠳᠦᠭᠡᠭᠳᠡᠭᠦᠨ᠂ ᠰᠢᠯᠢᠳᠡᠭ ᠦᠨ᠎ᠠ︾ ᠪᠦᠬᠦᠢ ᠮᠢᠬᠠᠨ ᠤ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠠ ᠶᠢ ᠪᠦᠷᠢᠯᠳᠦᠭᠦᠯᠵᠦ᠂ ᠴᠢᠨᠠᠷ ᠴᠢᠨᠰᠠᠭ᠎ᠠ ᠪᠠᠷ ᠲᠦᠷᠦᠯ ᠲᠡᠮᠳᠡᠭᠳᠤ ᠶᠢ ᠠᠴᠢᠶᠠᠯᠠᠵᠤ᠂ ᠰᠢᠯᠢᠳᠡᠭ ᠴᠢᠨᠠᠷ ᠰᠢᠯᠢᠳᠡᠭ ᠦᠨ᠎ᠠ ᠶᠢ ᠪᠡᠶᠡᠯᠡᠭᠦᠯᠪᠡᠯ ᠵᠤᠬᠢᠨ᠎ᠠ᠃      ᠬᠤᠨᠢᠨ ᠮᠢᠬᠠᠨ ᠤ ᠪᠦᠳᠦᠭᠡᠭᠳᠡᠭᠦᠨ ᠤ ᠤᠳᠤ ᠶᠢᠨ ᠪᠠᠶᠢᠳᠠᠯ ᠢᠶᠠᠷ ᠦᠵᠡᠪᠡᠯ᠂ ᠬᠠᠯᠠᠮᠰᠢᠯ ᠲᠠᠩ ᠲᠦᠷᠦᠯ ᠤᠨ ᠪᠦᠳᠦᠭᠡᠭᠳᠡᠭᠦᠨ ᠲᠤᠳᠠᠭᠳᠠᠵᠤ᠂ ᠬᠤᠷᠢᠶᠠᠩᠭᠤᠢᠢᠯᠠᠪᠠᠯ ︽ᠪᠦᠳᠦᠭᠡᠭᠳᠡᠭᠦᠨ ᠨᠢ ᠡᠯᠳᠡᠪ ᠶᠠᠩᠵᠤ ᠶᠢᠨ ᠪᠦᠭᠡᠳ ᠦᠪᠡᠷ ᠤᠨ ᠦᠷᠳᠡᠭ ᠦᠨᠳᠦᠷ᠂ ᠠᠰᠢᠭ ᠤᠯᠵᠠᠪᠤᠷᠢ ᠪᠠᠭ᠎ᠠ᠂ ᠴᠦᠬᠡᠨ ᠭᠦᠢᠯᠭᠡᠭᠡᠨ᠂ ᠲᠤᠤᠷ᠎ᠠ ᠬᠤᠪᠢᠷᠠᠭᠤᠯᠤᠯᠳᠠ᠂ ᠬᠡᠷᠡᠭᠯᠡᠭᠴᠢ ᠦᠭᠡᠢ᠂ ᠲᠦᠷᠦᠯ ᠲᠡᠮᠳᠡᠭᠳᠤ ᠦᠭᠡᠢ︾᠃ ᠮᠢᠬᠠᠨ ᠤ ᠬᠤᠨᠢᠨ ᠤ ᠠᠵᠤ ᠦᠢᠯᠡᠰ ᠢ ᠨᠠᠷᠢᠯᠢᠭ ᠪᠦᠭᠡᠳ ᠬᠦᠴᠦᠷᠭᠡᠭ ᠪᠤᠯᠭᠠᠬᠤ ᠳᠤ ᠡᠳ᠋ ᠬᠦᠷᠦᠩᠭᠡ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠦᠷ ᠢ ᠠᠰᠢᠠᠠᠯᠠᠵᠤ᠂ ᠡᠳ᠋ ᠬᠦᠷᠦᠩᠭᠡ ᠶᠢᠨ ᠬᠤᠷᠠᠮᠳᠤᠯ ᠢᠶᠠᠷ ᠠᠵᠤ ᠦᠢᠯᠡᠰ ᠤᠨ ᠲᠡᠭᠡᠭᠰᠢᠯᠡᠯᠳᠡ ᠶᠢ ᠠᠬᠢᠭᠤᠯᠤᠨ᠂ ᠪᠤᠷᠤᠯᠠᠭᠤᠯᠭ᠎ᠠ ᠶᠢᠨ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠠᠪᠴᠠᠯ ᠢᠶᠠᠷ ᠵᠠᠬ᠎ᠠ ᠲᠡᠯᠭᠡᠭᠦᠷ ᠤᠨ ᠬᠤᠭᠤᠷᠤᠨᠳᠤᠬᠢ ᠵᠠᠢ ᠶᠢ ᠪᠤᠭᠤᠨᠢᠰᠬᠠᠬᠤ ᠴᠢᠬᠤᠯᠠᠳᠠᠢ᠃ ᠦᠪᠦᠷ ᠮᠤᠩᠭᠤᠯ ᠤᠨ ᠦᠭᠡᠷ ᠬᠤᠨᠢᠨ ᠮᠢᠬᠠᠨ ᠤ ᠲᠤᠮᠤ ᠬᠡᠪᠴᠢᠶᠡᠨ ᠤ ᠰᠤᠯᠢᠯᠴᠠᠭᠠᠨ ᠤ ᠲᠦᠪ ᠢ ᠪᠠᠶᠢᠭᠤᠯᠵᠤ᠂ ᠮᠡᠳᠡᠭᠡ ᠵᠠᠩᠭᠢ᠂ ᠪᠡᠯᠡᠨ ᠪᠠᠷᠠᠭ᠎ᠠ ᠶᠢᠨ ᠡᠯᠧᠺᠳ᠋ᠷᠤᠨ ᠰᠤᠯᠢᠯᠴᠠᠭ᠎ᠠ᠂ ᠨᠦᠭᠡᠴᠡᠯᠡᠯᠳᠡ᠂ ᠡᠳ᠋ ᠪᠠᠷᠠᠭ᠎ᠠ ᠶᠢᠨ ᠭᠦᠢᠯᠭᠡᠭᠡᠨ᠂ ᠬᠠᠩᠭᠠᠯᠭ᠎ᠠ ᠶᠢᠨ ᠬᠡᠯᠬᠢᠶ᠎ᠠ ᠶᠢᠨ ᠮᠦᠩᠭᠦᠨ ᠭᠦᠢᠯᠭᠡᠭᠡᠨ ᠤ ᠴᠢᠳᠠᠮᠵᠢ ᠵᠡᠷᠭᠡ ᠶᠢ ᠨᠡᠶᠢᠳᠭᠡᠵᠦ᠂ ᠡᠬᠢ ᠪᠠᠶᠠᠯᠢᠭ ᠢ ᠡᠳ᠋ ᠬᠦᠷᠦᠩᠭᠡᠵᠢᠭᠦᠯᠬᠦ᠂ ᠭᠦᠢᠯᠭᠡᠭᠡ ᠶᠢ ᠡᠳ᠋ ᠬᠦᠷᠦᠩᠭᠡᠵᠢᠭᠦᠯᠬᠦ ᠂ ᠠᠬᠤᠢ ᠪᠠᠶᠢᠳᠠᠯ ᠢ ᠡᠳ᠋ ᠬᠦᠷᠦᠩᠭᠡᠵᠢᠭᠦᠯᠬᠦ᠂ ᠬᠦᠮᠦᠨ ᠤ ᠬᠠᠷᠢᠴᠠᠭ᠎ᠠ ᠶᠢ ᠡᠳ᠋ ᠬᠦᠷᠦᠩᠭᠡᠵᠢᠭᠦᠯᠬᠦ ᠪᠠᠷ ᠲᠠᠮᠵᠢᠨ᠂ ᠮᠢᠬᠠᠨ ᠤ ᠬᠤᠨᠢᠨ ᠤ ᠠᠵᠤ ᠦᠢᠯᠡᠰ ᠤᠨ ᠦᠨ᠎ᠠ ᠬᠠᠩᠰᠢ ᠲᠤᠭᠳᠠᠭᠠᠬᠤ ᠡᠷᠭᠡ ᠶᠢ ᠪᠡᠶᠡᠯᠡᠭᠦᠯᠦᠨ᠂ ᠡᠳᠡᠭᠡᠷ ᠡᠳ᠋ ᠬᠦᠷᠦᠩᠭᠡᠵᠢᠭᠦᠯᠬᠦ ᠠᠷᠭ᠎ᠠ ᠪᠠᠷ ᠲᠠᠮᠵᠢᠨ ᠮᠢᠬᠠᠨ ᠤ ᠬᠤᠨᠢᠨ ᠤ ᠠᠵᠤ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠪᠠᠯ ᠵᠤᠬᠢᠨ᠎ᠠ᠃ ᠲᠠᠷᠤᠢ ᠠᠵᠤ ᠦᠢᠯᠡᠰ ᠤᠨ ᠬᠡᠯᠬᠢᠶ᠎ᠠ ᠶᠢ ᠭᠦᠨᠵᠡᠭᠡᠶᠢᠷᠡᠭᠦᠯᠵᠦ ᠮᠢᠬᠠᠨ ᠤ ᠬᠤᠨᠢᠨ ᠤ ᠠᠵᠤ ᠦᠢᠯᠡᠰ ᠤᠨ ᠲᠦᠷᠦᠯ ᠲᠡᠮᠳᠡᠭᠳᠤ ᠶᠢ ᠬᠦᠴᠦᠷᠭᠡᠭᠵᠢᠭᠦᠯᠦᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号