ᠵᠢᠯᠤᠭᠤᠴᠢ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠪᠠᠨ  APP᠎ ᠢᠶᠠᠷ ᠲᠤᠰᠢᠶᠠᠵᠤ ᠪᠤᠯᠤᠨ᠎ᠠ
ᠨᠡᠶᠢᠲᠡᠯᠡᠭᠰᠡᠨ ᠴᠠᠭ᠄
2018/9/17
      ᠤᠢᠢᠷ᠎ᠠ ᠳᠤ᠂ ᠲᠤᠳᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠤᠪᠴᠢᠶ᠎ᠠ ︽ ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾ ᠲᠠᠪᠴᠠᠩ ᠢ ᠰᠢᠯᠢᠳᠡᠭᠵᠢᠬᠦᠯᠵᠤ᠂ ᠵᠢᠯᠤᠭᠤᠴᠢᠳ ᠵᠠᠮ  ᠬᠠᠷᠢᠯᠴᠠᠭᠠᠨ ᠤ ᠲᠦᠷᠢᠮ ᠢ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠪᠠᠨ ᠭᠠᠷ ᠤᠳᠠᠰᠤᠨ APP᠎ ᠢᠶᠠᠷ  ᠲᠤᠰᠢᠶᠠᠵᠤ ᠪᠤᠯᠬᠤ ᠪᠤᠯᠭᠠᠪᠠ᠂ ᠭᠡᠪᠡᠴᠤ ᠵᠦᠪᠭᠡᠨ ᠲᠤᠰ ᠬᠦᠮᠤᠨ ᠤ ᠨᠡᠷ᠎ᠠ ᠲᠡᠭᠡᠷ᠎ᠠ ᠲᠠᠩᠰᠠᠯᠠᠬᠰᠠᠨ ᠮᠠᠰᠢᠨᠳᠤ  ᠲᠡᠷᠭᠡᠨ ᠤ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠶᠢ ᠲᠤᠰᠢᠶᠠᠵᠤ  ᠲᠡᠶᠢᠯᠤᠨ᠎ᠠ᠃          ᠤᠢᠢᠯᠠᠭᠠᠬᠰᠠᠨ ᠢᠶᠠᠷ᠂ ᠲᠤᠰ ᠲᠠᠪᠴᠠᠩ ᠢ ᠰᠢᠯᠢᠳᠡᠭᠵᠢᠬᠦᠯᠦᠭᠰᠡᠨ ᠢᠶᠠᠷ ᠵᠢᠯᠤᠭᠤᠴᠢ ︽ᠵᠠᠮ ᠬᠠᠷᠢᠯᠴᠠᠭᠠᠨ ᠤ  ᠬᠠᠮᠢᠶᠠᠷᠤᠯᠳᠠ ᠶᠢᠨ 12123︾᠎ ᠶᠢᠨ ᠭᠠᠷ ᠤᠳᠠᠰᠤᠨ APP᠎ ᠢᠶᠠᠷ ᠦᠭᠡᠷ᠎ᠠ ᠬᠦᠮᠤᠨ ᠤ ᠨᠡᠷ᠎ᠠ ᠲᠡᠭᠡᠷ᠎ᠠ  ᠲᠠᠩᠰᠠᠯᠠᠬᠰᠠᠨ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠲᠠᠩᠰᠠᠯᠠᠭᠤᠯᠬᠤ ᠪᠤᠶᠤ ᠰᠢᠭᠤᠳ ᠲᠤᠳᠤᠭᠠᠳᠤ ᠶᠢ  ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠬᠠᠢᠢᠯᠠᠬᠰᠠᠨ  ᠠᠵᠢᠯ ᠤᠨ ᠴᠤᠩᠬᠤᠨ ᠲᠡᠭᠡᠷ᠎ᠠ ᠤᠴᠢᠵᠤ ᠦᠭᠡᠷ᠎ᠠ ᠬᠦᠮᠤᠨ ᠤ ᠮᠠᠰᠢᠨ ᠲᠡᠷᠭᠡ ᠶᠢ ᠲᠠᠩᠰᠠᠯᠠᠭᠤᠯᠵᠤ ᠪᠤᠯᠤᠨ᠎ᠠ᠃ ︽ ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾᠎ ᠶᠢᠨ ᠭᠠᠷ ᠤᠳᠠᠰᠤᠨ APP᠎ ᠢᠶᠠᠷ ᠲᠡᠮᠵᠢᠨ ᠦᠭᠡᠷ᠎ᠠ  ᠬᠦᠮᠤᠨ ᠤ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠦᠪᠡᠷ ᠢᠶᠠᠨ ᠲᠠᠩᠰᠠᠯᠠᠭᠤᠯᠬᠤ ᠳᠤ ᠵᠡᠷᠭᠡ ᠪᠠᠷ 3 ᠦᠭᠡᠷ᠎ᠠ  ᠬᠦᠮᠤᠨ ᠤ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠲᠠᠩᠰᠠᠯᠠᠭᠤᠯᠵᠤ ᠪᠤᠯᠤᠨ᠎ᠠ᠃ ᠲᠠᠩᠰᠠᠯᠠᠭᠤᠯᠬᠤ ᠦᠶᠡᠰ ᠵᠦᠪᠭᠡᠨ  ᠲᠡᠷᠭᠡᠨ ᠤ ᠨᠤᠮᠧᠷ᠂ ᠬᠦᠳᠡᠯᠭᠡᠬᠦᠷ ᠮᠠᠰᠢᠨ ᠤ ᠨᠤᠮᠧᠷ ᠤᠨ ᠰᠡᠬᠦᠯ ᠤᠨ 6 ᠤᠷᠤᠨᠳᠤ ᠲᠤᠭ᠎ᠠ ᠪᠤᠯᠤᠨ ᠲᠡᠷᠭᠡᠨ  ᠡᠵᠡᠨ ᠤ ᠬᠠᠷᠢᠴᠠᠭ᠎ᠠ ᠵᠢᠴᠢ ᠰᠢᠰᠲ᠋ᠧᠮ ᠤᠨ ᠲᠠᠩᠰᠠᠯᠠᠭᠤᠯᠬᠤ ᠪᠠᠷ ᠪᠠᠶᠢᠬᠤ ᠮᠠᠰᠢᠨ ᠲᠡᠷᠭᠡᠨ ᠤ ᠡᠵᠡᠨ ᠤ ᠭᠠᠷ  ᠤᠳᠠᠰᠤᠨ ᠳᠤ ᠲᠠᠮᠵᠢᠭᠤᠯᠤᠬᠰᠠᠨ ᠰᠢᠯᠭᠠᠨ ᠪᠠᠶᠢᠴᠠᠭᠠᠬᠤ ᠨᠤᠮᠧᠷ ᠢ ᠪᠢᠴᠢᠨ᠎ᠠ᠃ ᠮᠠᠰᠢᠨ ᠲᠡᠷᠭᠡᠨ ᠤ ᠦᠮᠴᠢᠯᠡᠭᠴᠢ  ᠭᠡᠵᠢᠶ᠎ᠠ ᠴᠤ ᠭᠡᠰᠡᠨ ᠠᠰᠠᠭᠤᠨ ᠯᠠᠪᠯᠠᠵᠤ ᠪᠤᠯᠬᠤ ᠪᠦᠭᠡᠳ ᠲᠠᠩᠰᠠᠯᠠᠭᠤᠯᠤᠬᠰᠠᠨ ᠬᠠᠷᠢᠴᠠᠭ᠎ᠠ ᠪᠠᠨ ᠲᠠᠰᠤᠯᠵᠤ  ᠪᠤᠯᠤᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号