ᠪᠡᠬᠡᠵᠢᠩ ᠤᠨ ᠪᠦᠸᠧ ᠤᠤ ᠮᠦᠰᠦ ᠴᠠᠰᠤᠨ ᠤ ᠵᠢᠦ ᠴᠸᠡᠭ ᠬᠦᠡᠭ ᠳᠠᠬᠢ ᠳᠦᠷᠪᠡᠨ ᠤᠯᠠᠷᠢᠯ ᠤᠨ ᠮᠦᠰᠦ ᠴᠠᠰᠤᠨ ᠤ ᠪᠡᠶ᠎ᠡ ᠶᠢᠨ ᠳᠠᠮᠢᠷ ᠤᠨ ᠳᠠᠯᠠᠪᠤᠷ ᠤᠷᠳᠤᠨ ᠤ ᠳᠦᠷᠦᠯ ᠵᠦᠢᠯ ᠤᠨ ᠡᠬᠢᠯᠡᠯᠲᠡ ᠶᠢᠨ ᠶᠤᠰᠤᠯᠠᠯ  ᠶᠠᠪᠤᠬᠳᠠᠯ᠎ᠠ
ᠨᠡᠶᠢᠲᠡᠯᠡᠭᠰᠡᠨ ᠴᠠᠭ᠄
2019/6/19
     ᠤᠢᠢᠷ᠎ᠠ ᠶᠢᠨ ᠡᠳᠦᠷ᠂ ᠪᠡᠬᠡᠵᠢᠩ ᠤᠨ ᠪᠦᠸᠧ ᠤᠤ ᠮᠦᠰᠦ ᠴᠠᠰᠤᠨ ᠤ ᠵᠢᠦ ᠴᠸᠡᠭ ᠬᠦᠡᠭ ᠳᠠᠬᠢ ᠳᠦᠷᠪᠡᠨ  ᠤᠯᠠᠷᠢᠯ ᠤᠨ ᠮᠦᠰᠦ ᠴᠠᠰᠤᠨ ᠤ ᠪᠡᠶ᠎ᠡ ᠶᠢᠨ ᠳᠠᠮᠢᠷ ᠤᠨ ᠳᠠᠯᠠᠪᠤᠷ ᠤᠷᠳᠤᠨ ᠤ ᠳᠦᠷᠦᠯ ᠵᠦᠢᠯ ᠤᠨ ᠡᠬᠢᠯᠡᠯᠲᠡ ᠶᠢᠨ  ᠶᠤᠰᠤᠯᠠᠯ ᠶᠠᠪᠤᠬᠳᠠᠪᠠ᠃              ᠪᠡᠬᠡᠵᠢᠩ ᠤᠨ ᠪᠦᠸᠧ ᠤᠤ ᠮᠦᠰᠦ ᠴᠠᠰᠤᠨ ᠤ ᠵᠢᠦ ᠴᠸᠡᠭ ᠬᠦᠡᠭ ᠳᠠᠬᠢ ᠳᠦᠷᠪᠡᠨ ᠤᠯᠠᠷᠢᠯ ᠤᠨ ᠮᠦᠰᠦ  ᠴᠠᠰᠤᠨ ᠤ ᠪᠡᠶ᠎ᠡ ᠶᠢᠨ ᠳᠠᠮᠢᠷ ᠤᠨ ᠳᠠᠯᠠᠪᠤᠷ ᠤᠷᠳᠤᠨ ᠤ ᠳᠦᠷᠦᠯ ᠵᠦᠢᠯ ᠢ ᠪᠦ᠋ᠳᠦᠬᠡᠨ ᠪᠠᠶᠢᠭᠤᠯᠬᠤ ᠡᠳᠡᠭᠡᠳ ᠪᠤᠯᠬᠤ  ᠪᠡᠬᠡᠵᠢᠩ ᠤᠨ ᠪᠦᠸᠧ ᠤᠤ ᠮᠦᠰᠦ ᠴᠠᠰᠤᠨ ᠤ ᠰᠤᠶᠤᠯ ᠵᠠᠭᠤᠴᠢᠯᠠᠭᠤᠷ ᠤᠨ ᠬᠢᠵᠠᠭᠠᠷᠳᠤ ᠺᠤᠮᠫᠠᠨᠢ ᠪᠤᠯ ᠤᠯᠤᠰ ᠤᠨ  ᠳᠤᠳᠤᠭᠠᠳᠤ ᠳᠤ ᠨᠠᠯᠢᠶᠡᠳ ᠡᠷᠳᠡ ᠮᠦᠰᠦ ᠴᠠᠰᠤᠨ ᠤ ᠪᠠᠶ᠎ᠠ ᠶᠢᠨ ᠲᠠᠮᠢᠷ ᠤᠨ ᠳᠠᠯᠠᠪᠤᠷ ᠤᠷᠳᠤᠨ ᠤ ᠵᠢᠷᠤᠬ  ᠳᠦᠯᠦᠪᠯᠡᠭᠡ᠂ ᠪᠦᠳᠦᠬᠡᠨ ᠪᠠᠶᠢᠭᠤᠯᠤᠯᠳᠠ᠂ ᠡᠵᠡᠩᠨᠡᠯᠳᠡ ᠬᠠᠮᠢᠶᠠᠷᠤᠯᠳᠡ ᠶᠢ ᠬᠢᠭᠰᠡᠨ ᠠᠵᠤ ᠠᠬᠤᠢᠢᠯᠡᠯ ᠤᠨ ᠨᠢᠬᠡ  ᠪᠤᠯᠤᠨ᠎ᠡ᠃ ᠺᠤᠮᠫᠠᠨᠢ ᠨᠢ ᠬᠡᠳᠦ ᠦᠷᠬᠡᠨ ᠵᠠᠢ ᠪᠦᠬᠦᠢ ᠬᠡᠢ ᠪᠦᠷᠬᠦᠪᠴᠢᠳᠤ ᠪᠠᠷᠢᠯᠭ᠎ᠠ ᠶᠢᠨ ᠮᠡᠷᠬᠡᠵᠢᠯ ᠢ ᠤᠯᠤᠰ ᠤᠨ  ᠳᠤᠳᠤᠭᠠᠳᠤ ᠳᠤ ᠨᠠᠯᠢᠶᠠᠳ ᠡᠷᠳᠡ ᠡᠵᠡᠮᠰᠢᠭᠰᠡᠨ ᠳᠠᠪᠠᠭᠤᠯᠢᠬ ᠲᠠᠭᠠᠨ ᠳᠦᠰᠢᠭᠯᠡᠵᠤ ᠤᠯᠠᠨ ᠤᠯᠤᠰ ᠤᠨ ᠨᠡᠷᠡᠳᠦ  ᠺᠤᠮᠫᠠᠨᠢ ᠶᠢᠨ ᠬᠡᠷ ᠳᠤᠳᠤᠷᠡᠬᠢ ᠮᠦᠰᠦ ᠴᠠᠰᠤᠨ ᠤ ᠮᠡᠷᠬᠡᠵᠢᠯ ᠢ ᠶᠡᠷᠦᠩᠬᠡᠶᠢᠯᠡᠨ ᠠᠰᠢᠬᠯᠠᠵᠤ ᠬᠡᠢ ᠪᠦᠷᠬᠦᠪᠴᠢᠳᠤ  ᠮᠦᠰᠦ ᠴᠠᠰᠤᠨ ᠤ ᠪᠡᠶ᠎ᠡ ᠶᠢᠨ ᠳᠠᠮᠢᠷ ᠤᠨ ᠳᠠᠯᠠᠪᠤᠷ ᠤᠷᠳᠤᠨ ᠢ ᠰᠤᠳᠤᠯᠤᠨ ᠨᠡᠬᠡᠬᠡᠭᠰᠡᠨ ᠪᠠᠶᠢᠨ᠎ᠠ᠃ ᠳᠤᠰ ᠳᠠᠯᠠᠪᠤᠷ  ᠤᠷᠳᠤᠨ ᠨᠢ ︽ᠵᠤᠭᠠᠴᠠᠬᠤ᠂ ᠨᠠᠭᠠᠳᠬᠤ᠂ ᠪᠤᠯᠪᠠᠰᠤᠷᠠᠬᠤ᠂ ᠤᠷᠤᠯᠳᠤᠬᠤ︾᠎ ᠶᠢ ᠤᠷᠭᠠᠨᠢᠭ ᠢᠶᠠᠷ ᠤᠶᠠᠯᠳᠤᠭᠤᠯᠵᠤ᠂ ︽ᠪᠡᠶ᠎ᠡ ᠶᠢᠨ ᠳᠠᠮᠢᠷ + ᠨᠠᠭᠠᠳᠤᠮ ᠴᠡᠩᠬᠡᠬᠦᠨ + ᠰᠡᠯᠡᠬᠦᠴᠡᠯ ᠵᠤᠭᠠᠴᠠᠯ︾᠎ ᠤᠨ ᠰᠢᠨ᠎ᠡ ᠠᠭᠤᠰᠤᠯᠴᠠᠯ ᠢ  ᠪᠡᠶᠡᠯᠡᠬᠦᠯᠦᠭᠰᠡᠨ ᠪᠠᠶᠢᠨ᠎ᠠ᠃            ᠤᠮᠠᠷᠡᠳᠦ ᠤᠷᠤᠨ ᠤ ᠠᠩᠬᠠᠳᠠᠬᠴᠢ ᠳᠦᠷᠪᠡᠨ ᠤᠯᠠᠷᠢᠯ ᠤᠨ ᠬᠡᠢ ᠪᠦᠷᠬᠦᠪᠴᠢᠳᠤ ᠮᠦᠰᠦ ᠴᠠᠰᠤᠨ ᠤ  ᠪᠡᠶ᠎ᠡ ᠶᠢᠨ ᠳᠠᠮᠢᠷ ᠤᠨ ᠳᠠᠯᠠᠪᠤᠷ ᠤᠷᠳᠤᠨ ᠪᠤᠯᠤᠬᠰᠠᠨ ᠤ ᠬᠤᠪᠢ ᠳᠤ᠂ ᠳᠤᠰ ᠳᠦᠷᠦᠯ ᠵᠦᠢᠯ ᠤᠨ ᠪᠠᠷᠢᠯᠭ᠎ᠠ ᠶᠢᠨ  ᠶᠡᠷᠥᠩᠬᠡᠢ ᠳᠠᠯᠠᠪᠠᠢ ᠨᠢ 13000 ᠳᠡᠭᠰᠢ ᠳᠦᠷᠪᠡᠯᠵᠢᠨ ᠮᠧᠲᠷ ᠪᠠᠶᠢᠵᠤ᠂ ᠠᠰᠢᠬᠯᠠᠯᠳᠠ ᠳᠤ ᠤᠷᠤᠬᠰᠠᠨ ᠤ  ᠳᠠᠷᠠᠭ᠎ᠠ ᠤᠷᠳᠤᠰ ᠬᠤᠳᠠ᠂ ᠴᠢᠨᠠᠬᠰᠢᠯᠡᠨ ᠪᠦᠬᠦ᠋ᠢᠯᠡ ᠦᠪᠤᠷ ᠮᠤᠩᠭᠤᠯ ᠤᠨ ᠤᠯᠠᠨ ᠳᠦᠮᠡᠨ ᠤ ᠮᠦᠰᠦ ᠴᠠᠰᠤᠨ ᠤ  ᠪᠡᠶ᠎ᠡ ᠶᠢᠨ ᠳᠠᠮᠢᠷ ᠲᠤ ᠤᠷᠤᠯᠴᠠᠬᠤ ᠨᠦᠬᠦᠴᠡᠯ ᠪᠤᠯᠤᠮᠵᠢ ᠶᠢ ᠶᠡᠭᠡ ᠪᠠᠷ ᠳᠡᠭᠡᠭᠰᠢᠯᠡᠬᠦᠯᠦᠨ᠂ ᠤᠷᠳᠤᠰ ᠬᠤᠳᠠ ᠶᠢᠨ  21 ᠳᠦᠮᠡᠨ ᠰᠤᠷᠤᠬᠴᠢ ᠶᠢᠨ ᠮᠦᠰᠦ ᠴᠠᠰᠤᠨ ᠤ ᠬᠢᠴᠢᠶᠡᠯ ᠤᠨ ᠭᠠᠳᠠᠨᠠᠬᠢ ᠬᠦᠳᠡᠯᠭᠡᠭᠡᠨ ᠤ ᠰᠠᠭᠤᠷᠢᠨ ᠭᠠᠵᠠᠷ  ᠪᠤᠯᠵᠤ᠂ ᠮᠦᠰᠦ ᠴᠠᠰᠤᠨ ᠤ ᠪᠡᠶ᠎ᠡ ᠶᠢᠨ ᠳᠠᠮᠢᠷ ᠤᠨ ᠬᠦᠳᠡᠯᠭᠡᠭᠡᠨ ᠢ ᠴᠦᠮ ᠳᠠᠯᠠᠪᠤᠷ ᠤᠷᠳᠤᠨ ᠳᠤ  ᠶᠠᠪᠤᠬᠳᠠᠭᠤᠯᠬᠤ ᠶᠢ ᠪᠡᠶᠡᠯᠡᠬᠦᠯᠵᠤ᠂ ᠮᠦᠰᠦ ᠴᠠᠰᠤᠨ ᠤ ᠪᠡᠶ᠎ᠡ ᠶᠢᠨ ᠳᠠᠮᠢᠷ ᠤᠨ ᠬᠦᠳᠡᠯᠭᠡᠭᠡᠨ ᠢ ᠳᠦᠬᠡᠮᠡᠯᠵᠢᠬᠦᠯᠬᠦ ᠳᠤ  ᠴᠢᠬᠤᠯᠠ ᠦᠢᠯᠡᠳᠦᠯ ᠢ ᠪᠠᠳᠠᠷᠠᠭᠤᠯᠬᠤ ᠪᠤᠯᠤᠨ᠎ᠡ᠃
ᠢᠷᠡᠯᠲᠡ᠄ ᠤᠷᠳᠤᠰ ᠮᠤᠩᠭᠤᠯ ᠰᠦᠯᠵᠢᠶ᠎ᠠ