ᠲᠠᠪᠤᠨ ᠬᠤᠰᠢᠭᠤ ᠮᠠᠯ ᠤᠨ ᠲᠤᠬᠠᠢ ᠮᠦᠷᠳᠠᠯᠳᠠ
ᠨᠡᠶᠢᠲᠡᠯᠡᠭᠰᠡᠨ ᠴᠠᠭ᠄
2019/8/9
     ᠮᠤᠩᠭᠤᠯ ᠨᠤᠳᠤᠭ ᠲᠤ ᠮᠠᠯ ᠭᠡᠪᠡᠯ ᠶᠠᠷᠤᠩᠬᠡᠢ ᠳᠤ ᠪᠠᠨ ᠠᠳᠤᠭᠤ᠂ ᠦᠭᠡᠷ᠂ ᠲᠡᠮᠡᠭᠡ᠂ ᠬᠤᠨᠢ᠂ ᠢᠮᠠᠭ᠎ᠠ ᠶᠢ ᠵᠢᠭᠠᠵᠤ᠂ ᠲᠡᠳᠡᠭᠡᠷ ᠢ ᠶᠠᠷᠤᠩᠬᠡᠶᠢᠯᠡᠨ ︽ᠲᠠᠪᠤᠨ ᠬᠤᠰᠢᠭᠤ ᠮᠠᠯ︾ ᠭᠡᠵᠤ ᠨᠠᠷᠡᠯᠡᠳᠡᠭ᠃ ᠡᠭᠦᠨ ᠤ ᠲᠤᠳᠤᠷ᠎ᠠ ᠠᠳᠤᠭᠤ᠂ ᠦᠭᠡᠷ᠂ ᠲᠡᠮᠡᠭᠡ ᠶᠢ ᠪᠤᠳᠠ ᠮᠠᠯ ᠭᠡᠵᠤ᠂ ᠬᠤᠨᠢ ᠢᠮᠠᠭ᠎ᠠ ᠶᠢ ᠪᠤᠭ ᠮᠠᠯ ᠭᠡᠳᠡᠭ᠃ ᠤᠳᠤᠬᠠᠨ ᠤ ᠢᠯᠡᠷᠡᠭᠦᠯᠵᠤ ᠪᠠᠶᠢᠭ᠎ᠠ ᠲᠡᠯᠡᠭᠡᠢ ᠶᠢᠨ ᠤᠯᠡᠨ ᠭᠠᠵᠡᠷ ᠤᠷᠤᠨ ᠠᠴᠠ ᠤᠯᠳᠠᠭᠰᠡᠨ ᠴᠢᠯᠠᠭᠤᠵᠢᠮᠡᠯ᠂ ᠬᠠᠭᠤᠴᠢ ᠪᠠᠭᠤᠷᠢ ᠶᠢ ᠮᠦᠷᠳᠡᠪᠠᠯ᠂ ᠭᠦᠮᠤᠨ ᠲᠦᠷᠤᠯᠬᠢᠳᠡᠨ ᠤ ᠭᠡᠷ ᠤᠨ ᠲᠡᠵᠢᠭᠡᠪᠤᠷᠢ — ᠮᠠᠯ ᠠᠵᠤ ᠠᠬᠤᠢ ᠨᠢ ᠬᠠᠭᠤᠴᠢᠨ ᠴᠢᠯᠠᠭᠤᠨ ᠵᠠᠪᠰᠡᠭ ᠤᠨ ᠲᠤᠮᠳᠠᠴᠢ ᠪᠠ ᠰᠡᠭᠦᠯᠴᠢ ᠦᠶ᠎ᠠ ᠪᠤᠯᠬᠤ ᠳᠤ ᠪᠤᠢ ᠪᠤᠯᠵᠡᠢ ᠃ ᠲᠠᠷᠤᠢ᠂ ᠭᠦᠮᠤᠨ ᠲᠦᠷᠤᠯᠬᠢᠳᠠᠨ ᠠᠪᠠ ᠠᠩᠨᠠᠯ ᠠᠴᠠ ᠤᠯᠵᠠᠯᠠᠭᠰᠡᠨ ︵ᠢᠯᠡᠭᠦᠴᠠ ᠲᠠᠢ ᠠᠩᠨᠠᠭᠰᠡᠨ︶ ᠵᠡᠷᠯᠢᠭ ᠠᠮᠢᠳᠠᠨ ᠠᠷᠢᠶᠠᠳᠠᠨ ᠢᠶᠠᠨ ᠪᠠᠷᠢᠵᠤ ᠬᠤᠷᠢᠵᠤ᠂ ᠭᠦᠴᠤ ᠲᠠᠯᠪᠢᠨ ᠠᠰᠠᠷᠠᠨ ᠲᠡᠵᠢᠭᠡᠵᠤ᠂ ᠦᠪᠡᠷ ᠤᠨ ᠢᠶᠠᠨ ᠢᠳᠠᠰᠢ ᠤᠤᠭᠤᠰᠢ ᠶᠢᠨ ᠨᠦᠭᠦᠪᠤᠷᠢ ᠪᠤᠯᠭᠠᠵᠤ ᠪᠠᠶᠢᠭᠠᠳ ᠠᠭᠠᠵᠢᠮ ᠠᠭᠠᠵᠢᠮ ᠳᠤ ᠪᠠᠨ ᠲᠤᠭ᠎ᠠ ᠲᠤᠯᠤᠭᠠᠢ ᠶᠢ ᠨᠢ ᠨᠡᠮᠡᠭᠳᠡᠭᠦᠯᠵᠤ ᠭᠡᠷ ᠤᠨ ᠲᠡᠵᠢᠭᠡᠪᠤᠷᠢ ᠪᠤᠯᠭᠠᠵᠡᠢ᠃ ᠢᠩᠬᠢᠭᠡᠳ ᠮᠠᠯ ᠠᠵᠤ ᠠᠬᠤᠢ ᠪᠤᠢ ᠪᠤᠯᠵᠤ᠂ ᠮᠠᠯᠵᠢᠬᠤ ᠰᠤᠶᠤᠯ ᠡᠭᠦᠰᠴᠡᠢ᠃ ᠭᠡᠷ ᠤᠨ ᠲᠡᠵᠢᠭᠡᠪᠤᠷᠢ ᠶᠢᠨ ᠬᠤᠪᠢ ᠳᠤ ᠬᠤᠳᠠᠯᠡᠨ ᠲᠡᠵᠢᠭᠡᠵᠤ ᠪᠦᠬᠦᠢ ᠪᠦᠭᠦᠶᠢᠯᠡ ᠮᠠᠯ ᠠᠳᠤᠭᠤᠰᠤᠨ ᠳᠤ ᠮᠤᠷᠢ᠂ ᠦᠭᠡᠷ᠂ ᠲᠡᠮᠡᠭᠡ᠂ ᠡᠯᠵᠢᠭᠡ᠂ ᠯᠠᠭᠤᠰᠠ᠂ ᠬᠤᠨᠢ᠂ ᠢᠮᠠᠭ᠎ᠠ᠂ ᠭᠠᠭ᠋ᠠᠢ᠂ ᠲᠡᠬᠢᠶ᠎ᠠ᠂ ᠭᠠᠯᠠᠭᠤ ᠨᠤᠭᠤᠰᠤ ᠵᠡᠷᠭᠡ ᠵᠢᠭᠦᠷᠳᠡᠨ ᠠᠮᠢᠳᠠᠨ ᠢ ᠪᠠᠰᠠ ᠪᠠᠭᠳᠠᠭᠠᠳᠠᠭ᠃                               ︽ᠤᠷᠳᠤᠰ ᠰᠤᠶᠤᠯ ᠵᠠᠩ ᠦᠢᠯᠡ︾᠎ ᠠᠴᠠ ᠪᠠᠭᠤᠯᠭᠠᠪᠠ
ᠢᠷᠡᠯᠲᠡ᠄ ᠲᠣᠰ ᠰᠥᠯᠵᠢᠶ᠎ᠠ