ᠤᠷᠳᠤᠰ ᠵᠠᠰᠠᠭ ᠲᠠᠷᠬᠠᠭᠠᠬᠤ ﹇2011﹈ 41 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠣᠷᠳᠣᠰ ᠬᠤᠲᠠ ᠎ ᠶᠢᠨ ᠠᠷᠠᠳ ᠤᠨ ᠵᠠᠰᠠᠭ  ᠤᠨ ᠣᠷᠳᠣᠨ ᠤ ᠮᠡᠳᠡᠭᠳᠡᠯ                                                                            ᠣᠷᠳᠣᠰ ᠵᠠᠰᠠᠭ ᠲᠠᠷᠬᠠᠭᠠᠬᠤ ﹇2020﹈ 65 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2020/10/14

ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ

ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ

ᠨᠢᠭᠡᠴᠡ ᠳᠤ᠄

     ᠥᠪᠡᠷᠲᠡᠭᠡᠨ ᠵᠠᠰᠠᠬᠤ ᠣᠷᠣᠨ ᠤ ᠨᠡᠬᠦᠷᠡᠰᠦᠨ ᠳᠤ ᠬᠤᠯᠪᠣᠭᠳᠠᠬᠤ ᠬᠦᠷᠢᠶᠡᠨ ᠳᠠᠬᠢ ᠲᠥᠷᠥ ᠶᠢᠨ

ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠴᠡᠭᠴᠡᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ

ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ

ᠬᠤᠷᠠᠯ ᠢᠶᠠᠷ ᠰᠣᠳᠣᠯᠵᠣ᠂ ︽︿ᠣᠷᠳᠣᠰ ᠤᠨ ᠲᠣᠭᠠᠴᠢᠯᠠᠭᠰᠠᠨ ᠨᠡᠭᠦᠷᠡᠰᠦᠨ ᠤ ᠶᠡᠷᠦᠩᠬᠡᠶᠢᠯᠡᠭᠰᠡᠨ ᠲᠠᠪᠴᠠᠩ ᠤᠨ

ᠠᠵᠢᠯᠯᠠᠭᠠᠨ ᠢ ᠬᠠᠮᠠᠭᠠᠯᠠᠬᠤ ᠪᠠ ᠨᠡᠭᠦᠷᠡᠰᠦᠨ ᠤ ᠠᠵᠤ ᠦᠢᠯᠡᠳᠪᠦᠷᠢ ᠶᠢᠨ ᠮᠡᠳᠡᠭᠡ ᠵᠠᠩᠬᠢᠴᠢᠯᠠᠯᠲᠠ ᠶᠢᠨ

ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀᠎ ᠶᠢ ᠨᠡᠶᠢᠲᠡᠯᠡᠬᠦ ᠲᠤᠬᠠᠶ ᠣᠷᠳᠣᠰ

ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠷᠳᠤᠰ ᠵᠠᠰᠠᠭ ᠲᠠᠷᠬᠠᠭᠠᠬᠤ ﹇2011﹈ 41

ᠳ᠋ᠣᠭᠡᠷ ᠲᠣᠭᠠᠲᠤ︶ ᠲᠤᠤᠷ᠎ᠠ ︽ᠮᠡᠳᠡᠭᠳᠡᠯ︾ ᠭᠡᠨ᠎ᠡ︶᠎ ᠳᠤ ᠵᠠᠰᠠᠪᠤᠷᠢ ᠤᠷᠤᠭᠤᠯᠵᠤ ᠬᠠᠮᠢᠶ᠎ᠠ ᠪᠦᠬᠦᠢ ᠠᠭᠤᠯᠭ᠎ᠠ ᠶᠢ

ᠳᠠᠬᠢᠨ ᠨᠡᠶᠢᠲᠡᠯᠡᠬᠦ ᠪᠠᠷ ᠲᠤᠭᠳᠠᠪᠠ᠂ ᠬᠤᠯᠪᠣᠭᠳᠠᠯ ᠪᠦᠬᠦᠢ ᠤᠴᠢᠷ ᠢ ᠡᠳᠦᠭᠡ ᠳᠣᠤᠷᠠᠬᠢ ᠮᠡᠲᠦ ᠮᠡᠳᠡᠭᠳᠡᠶ᠎ᠡ᠃

    ᠨᠢᠭᠡ ᠂ ︽ᠮᠡᠳᠡᠭᠳᠡᠯ︾᠎ ᠤᠨ ︽ᠳᠥᠷᠪᠡᠳᠦᠭᠡᠷ ᠪᠦᠯᠦᠭ᠂ ᠲᠣᠷᠭᠠᠬᠤ ᠳᠦᠷᠢᠮ︾᠎ ᠳᠠᠬᠢ ᠬᠤᠷᠢᠨ

ᠳᠥᠷᠪᠡᠳᠦᠭᠡᠷ ᠵᠦᠢᠯ  ᠤᠨ ︽ᠬᠤᠳᠳᠤᠭ ᠤᠨ

ᠨᠡᠭᠦᠷᠡᠰᠦᠨ ᠠᠭᠤᠷᠬᠠᠶ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠣᠭᠲᠠᠭᠠᠯ

ᠶᠣᠰᠣᠭᠠᠷ ᠬᠢᠨᠠᠨ ᠬᠡᠮᠵᠢᠵᠦ ᠬᠢᠨᠠᠨ ᠡᠵᠡᠮᠳᠡᠭᠰᠡᠨ ᠦᠭᠡᠶ᠂ ᠬᠤᠳᠳᠤᠭ ᠳᠣᠤᠷᠠᠬᠢ ᠬᠥᠮᠦᠰ ᠤᠨ ᠪᠠᠶᠢᠷᠢ

ᠲᠣᠭᠲᠠᠭᠠᠯᠲᠠ᠂ ᠠᠶᠤᠯ ᠠᠴᠠ ᠪᠠᠴᠢᠮ ᠵᠠᠶᠢᠯᠠᠭᠤᠯᠬᠤ᠂ ᠰᠠᠯᠬᠢ ᠠᠪᠴᠢᠭᠤᠯᠵᠤ ᠥᠪᠡᠷ ᠢ ᠪᠠᠨ ᠠᠪᠤᠷᠠᠬᠤ᠂ ᠤᠰᠤ

ᠬᠠᠩᠭᠠᠵᠤ ᠠᠪᠤᠷᠠᠬᠤ᠂ ᠴᠢᠮᠡᠭᠡ ᠬᠤᠯᠪᠣᠭ᠎ᠠ ᠠᠪᠬᠤ ᠰᠢᠰᠲ᠋ᠧᠮ ᠪᠣᠯᠤᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ

ᠪᠠᠶᠢᠭᠤᠯᠬᠤ ᠮᠡᠳᠡᠭᠡ ᠵᠠᠩᠬᠢᠴᠢᠯᠠᠯᠲᠠ ᠶᠢᠨ ᠰᠢᠰᠲ᠋ᠧᠮ ᠢ ᠲᠣᠭᠲᠠᠭᠠᠯ ᠢᠶᠠᠷ ᠲᠠᠪᠴᠠᠩ ᠤᠨ ᠮᠡᠷᠭᠡᠵᠢᠯ ᠤᠨ ᠲᠦᠷᠢᠮᠵᠢᠯ

᠎ ᠤᠨ ᠱᠠᠭᠠᠷᠳᠠᠯᠭ᠎ᠠ ᠶᠣᠰᠣᠭᠠᠷ ᠲᠠᠪᠴᠠᠩ ᠳᠤ ᠵᠠᠯᠭᠠᠨ ᠣᠷᠣᠭᠤᠯᠵᠤ ᠨᠢᠭᠡᠳᠦᠯᠲᠡᠶ ᠬᠠᠮᠢᠶᠠᠷᠤᠭᠰᠠᠨ ᠦᠭᠡᠶ ᠪᠤᠯ

ᠬᠠᠮᠲᠤᠷᠠᠨ ᠲᠤᠷᠰᠢᠨ ᠠᠵᠢᠯᠯᠠᠭᠤᠯᠬᠤ ᠶᠢ ᠦᠯᠦ ᠵᠥᠪᠰᠢᠶᠡᠷᠡᠬᠦ︾ ᠲᠤᠬᠠᠶ ᠥᠭᠦᠯᠡᠭᠰᠡᠨ ᠠᠭᠤᠯᠭ᠎ᠠ ᠶᠢ ᠬᠠᠰᠣᠨ᠎ᠠ᠃

    ᠬᠤᠶᠠᠷ ᠂ ︽ᠮᠡᠳᠡᠭᠳᠡᠯ︾᠎ ᠤᠨ ︽ᠳᠥᠷᠪᠡᠳᠦᠭᠡᠷ ᠪᠦᠯᠦᠭ᠂ ᠲᠣᠷᠭᠠᠬᠤ ᠳᠦᠷᠢᠮ︾᠎ ᠤᠨ ᠬᠤᠷᠢᠨ

ᠲᠠᠪᠤᠳᠤᠭᠠᠷ ᠵᠦᠢᠯ ᠤᠨ ︽ᠨᠡᠬᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠱᠠᠭᠠᠷᠳᠠᠯᠭ᠎ᠠ

ᠶᠣᠰᠣᠭᠠᠷ ᠰᠢᠨᠡᠳᠭᠡᠭᠰᠡᠨ‌‍ᠲ᠋ᠠᠪᠴᠠᠩ ᠤᠨ ᠲᠤᠭ᠎ᠠ ᠪᠠᠷᠢᠮᠲᠠ ᠶᠢ ᠲᠠᠭᠯᠠᠭᠰᠠᠨ ᠦᠭᠡᠶ ᠪᠤᠶᠤ ᠴᠠᠭ ᠲᠤᠬᠠᠢ ᠳᠤᠨᠢ

ᠲᠠᠭᠯᠠᠨ ᠮᠡᠳᠡᠭᠦᠯᠵᠦ ᠰᠢᠨᠡᠳᠬᠡᠭᠰᠡᠨ ᠦᠭᠡᠶ ᠪᠤᠶᠤ ᠣᠨᠣᠪᠴᠢ ᠦᠭᠡᠶ ᠪᠠᠶᠢᠪᠠᠯ᠂ ᠪᠢᠯᠧᠲ ᠲᠡᠮᠳᠡᠭ ᠤᠨ

ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠭᠦᠨ ᠤ ᠨᠡᠭᠦᠷᠡᠰᠦ ᠪᠣᠷᠣᠯᠠᠭᠤᠯᠬᠤ ᠫᠢᠶᠣᠣ ᠲᠡᠮᠲᠡᠭ ᠤᠨ ᠬᠠᠩᠭᠠᠯᠭ᠎ᠠ ᠶᠢ

ᠵᠣᠭᠰᠣᠭᠠᠬᠤ ᠬᠡᠷᠡᠭᠲᠠᠢ︔ ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠠᠴᠠ ᠨᠡᠭᠦᠷᠡᠰᠦ ᠲᠡᠭᠡᠭᠡᠪᠦᠷᠢᠯᠡᠬᠦ ᠲᠡᠷᠭᠡ

ᠬᠥᠰᠬᠡ ᠎ ᠨᠢ ᠨᠡᠬᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ

ᠺᠠᠷᠲ᠂ ᠺᠠᠷᠲ ᠤᠨ ᠲᠤᠭ᠎ᠠ ᠪᠠᠷᠢᠮᠲᠠ ᠨᠢ ᠦᠨᠡᠨ ᠪᠣᠳᠠᠲᠠᠶ ᠪᠤᠰᠤ ᠪᠤᠶᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ

ᠠᠴᠢᠶᠠᠯᠠᠭᠰᠠᠨ ᠢ ᠣᠯᠵᠤ ᠮᠡᠳᠡᠪᠡᠯ ᠬᠠᠮᠢᠶ᠎ᠠ ᠪᠦᠬᠦᠢ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠥᠷᠲᠡᠭᠡ ᠪᠠᠷ

ᠥᠩᠭᠡᠷᠡᠬᠦ ᠶᠢ ᠴᠢᠩᠭ᠎ᠠ ᠴᠠᠭᠠᠵᠠᠯᠠᠨ᠎ᠠ᠃ ᠬᠤᠳᠳᠤᠭ ᠤᠨ ᠨᠡᠭᠦᠷᠡᠰᠦᠨ ᠠᠭᠤᠷᠬᠠᠶ ᠶᠢ ᠰᠠᠷ᠎ᠠ ᠪᠦᠷᠢ ᠲᠣᠭᠲᠠᠭᠰᠠᠨ

ᠴᠠᠭ ᠢᠶᠠᠷ ᠣᠨᠣᠪᠴᠢᠲᠠᠶ ᠪᠠᠷ ᠬᠤᠳᠳᠤᠭ ᠤᠨ ᠳᠡᠭᠡᠷᠡᠬᠢ ᠲᠤᠤᠷᠠᠬᠢ ᠪᠠᠷᠢᠯᠭ᠎ᠠ ᠶᠢᠨ ᠬᠠᠷᠢᠴᠠᠭᠤᠯᠤᠯ ᠤᠨ ᠵᠢᠷᠤᠭ᠂

ᠮᠠᠯᠲᠠᠬᠤ ᠪᠠᠷᠢᠯᠭ᠎ᠠ ᠶᠢᠨ ᠬᠠᠪᠲᠠᠭᠠᠶ ᠵᠢᠷᠤᠭ ᠪᠣᠯᠤᠨ ᠰᠠᠯᠬᠢ ᠨᠡᠪᠲᠡᠷᠡᠭᠦᠯᠬᠦ ᠰᠢᠰᠲ᠋ᠧᠮ ᠤᠨ ᠵᠢᠷᠤᠭ ᠢ ᠲᠠᠪᠴᠠᠩ ᠳᠤ

ᠣᠷᠣᠭᠤᠯᠵᠤ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠶ ᠪᠤᠯ ᠬᠤᠲᠠ᠂ ᠬᠤᠰᠢᠭᠤ ᠲᠣᠭᠤᠷᠢᠭ ᠤᠨ

ᠨᠡᠭᠦᠷᠡᠰᠦᠨ ᠤ ᠲᠣᠪᠴᠢᠶ᠎ᠠ ︽ᠰᠢᠶᠠᠩ ᠪᠠᠯᠭᠠᠰᠤᠨ ᠤ ᠨᠡᠭᠦᠷᠡᠰᠦᠨ ᠠᠭᠤᠷᠬᠠᠶ ᠶᠢᠨ ᠬᠠᠮᠢᠶᠠᠷᠤᠯᠲᠠ ᠶᠢᠨ ᠳᠦᠷᠢᠮ︾

᠎ ᠤᠨ ᠲᠠᠪᠤᠳᠤᠭᠠᠷ ᠪᠦᠯᠦᠭ ᠤᠨ ᠬᠤᠷᠢᠨ ᠵᠢᠷᠭᠤᠳᠤᠭᠠᠷ ᠵᠦᠢᠯ ᠢ ᠦᠨᠳᠦᠰᠦᠯᠡᠨ᠂ ᠦᠢᠯᠡ ᠪᠠᠶᠢᠳᠠᠯ ᠤᠨ ᠬᠢᠨᠢ

ᠬᠦᠨᠳᠦ ᠬᠥᠩᠭᠡᠨ ᠢ ᠦᠵᠡᠵᠦ ᠪᠠᠶᠢᠭᠠᠳ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠎ ᠳᠤ ᠰᠡᠷᠡᠮᠵᠢᠯᠡᠬᠦᠯᠬᠦ᠂ 5

ᠲᠦᠮᠡᠨ ᠲᠥᠭᠦᠷᠢᠭ ᠠᠴᠠ ᠲᠤᠷᠤᠭᠰᠢᠬᠢ ᠵᠣᠭᠤᠰ ᠢᠶᠠᠷ ᠲᠣᠷᠭᠠᠬᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ

ᠠᠰᠢᠭ ᠢ ᠨᠢ ᠬᠤᠷᠢᠶᠠᠨ ᠠᠪᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦᠯᠬᠦ

ᠰᠢᠳᠬᠡᠯ ᠦᠭᠬᠦ︾ ᠲᠤᠬᠠᠶ ᠥᠭᠦᠯᠡᠭᠰᠡᠨ ᠠᠭᠤᠯᠭ᠎ᠠ ᠶᠢ ᠬᠠᠰᠣᠨ᠎ᠠ᠃

     ᠭᠤᠷᠪᠠ ᠂ ︽ᠮᠡᠳᠡᠭᠳᠡᠯ︾᠎ ᠤᠨ ︽ᠳᠥᠷᠪᠡᠳᠦᠭᠡᠷ ᠪᠦᠯᠦᠭ᠂ ᠲᠣᠷᠭᠠᠬᠤ ᠳᠦᠷᠢᠮ︾᠎ ᠤᠨ ᠬᠤᠷᠢᠨ

ᠵᠢᠷᠭᠤᠳᠤᠭᠠᠷ ᠵᠦᠢᠯ ᠤᠨ ︽ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠪᠠ

ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠶᠢ ᠱᠠᠭᠠᠷᠳᠠᠯᠭ᠎ᠠ ᠶᠣᠰᠣᠭᠠᠷ ᠲᠤᠰᠬᠠᠶ ᠬᠥᠮᠦᠨ ᠲᠣᠬᠢᠷᠠᠭᠤᠯᠵᠤ

ᠲᠠᠪᠴᠠᠩ ᠤᠨ ᠰᠦᠯᠵᠢᠶ᠎ᠡ ᠪᠠ ᠲᠥᠬᠦᠭᠡᠷᠦᠮᠵᠢ ᠶᠢᠨ ᠬᠠᠮᠢᠶᠠᠷᠤᠯᠲᠠ ᠵᠢᠴᠢ ᠠᠵᠢᠯᠯᠠᠭᠠᠨ ᠤ ᠬᠠᠮᠠᠭᠠᠯᠠᠯᠲᠠ ᠶᠢ

ᠬᠠᠷᠢᠭᠤᠴᠠᠭᠤᠯᠤᠭᠰᠠᠨ ᠦᠭᠡᠢ ᠪᠤᠶᠤ ᠡᠰᠡᠬᠦᠯ᠎ᠡ ᠲᠠᠪᠴᠠᠩ ᠤᠨ ᠰᠦᠯᠵᠢᠶ᠎ᠡ ᠪᠣᠯᠤᠨ ᠲᠥᠬᠦᠭᠡᠷᠦᠮᠵᠢ ᠡᠪᠳᠡᠭᠳᠡᠭᠰᠡᠨ ᠤ

ᠳᠠᠷᠠᠭ᠎ᠠ ᠴᠠᠭ ᠲᠤᠬᠠᠶ ᠲᠤᠨᠢ ᠳᠡᠭᠡᠭᠰᠢ ᠮᠡᠳᠡᠭᠦᠯᠬᠦ ᠶᠢᠨ ᠬᠠᠮᠲᠤ ᠠᠵᠢᠯᠯᠠᠭᠠᠨ ᠤ ᠬᠠᠮᠠᠭᠠᠯᠠᠯᠲᠠ ᠶᠢᠨ ᠨᠢᠭᠡᠴᠡ ᠶᠢ

ᠬᠠᠮᠵᠢᠨ ᠰᠡᠯᠪᠢᠨ ᠵᠠᠰᠠᠵᠤ ᠬᠡᠪ ᠤᠨ ᠠᠵᠢᠯᠯᠠᠭᠠᠨ ᠢ ᠨᠢ ᠰᠡᠷᠭᠦᠭᠡᠭᠰᠡᠨ ᠦᠭᠡᠶ ᠪᠤᠯ ᠨᠡᠭᠦᠷᠡᠰᠦᠨ ᠤ ᠦᠢᠯᠡᠳᠪᠦᠷᠢᠯᠡᠯ᠂

ᠡᠵᠡᠩᠨᠡᠯᠲᠡ ᠶᠢᠨ ᠠᠵᠤ ᠠᠬᠤᠶᠢᠯᠠᠯ ᠎ ᠢ ᠨᠡᠭᠦᠷᠡᠰᠦᠨ ᠤ ᠴᠠᠭᠳᠠᠨ ᠪᠠᠶᠢᠴᠠᠭᠠᠬᠤ ᠰᠠᠯᠠᠭ᠎ᠠ ᠮᠥᠴᠢᠷ ᠠᠴᠠ

ᠨᠡᠭᠦᠷᠡᠰᠦᠨ ᠤ ᠦᠢᠯᠡᠳᠬᠦᠨ ᠤ ᠪᠣᠷᠣᠯᠠᠭᠤᠯᠭ᠎ᠠ ᠪᠠᠨ ᠵᠣᠭᠰᠣᠭᠠᠵᠤ᠂ ᠨᠡᠭᠦᠷᠡᠰᠦᠨ ᠤ ᠬᠠᠮᠢᠶᠠᠷᠤᠯᠲᠠ ᠶᠢᠨ

ᠥᠷᠲᠡᠭᠡ ᠶᠢᠨ ᠭᠤᠤᠯ ᠬᠠᠷᠢᠭᠤᠴᠠᠯᠭᠠᠲᠠᠨ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ

ᠮᠥᠴᠢᠷ ᠠᠴᠠ ᠦᠢᠯᠡ ᠪᠠᠶᠢᠳᠠᠯ ᠢ ᠨᠢ ᠦᠵᠡᠵᠦ ᠰᠡᠷᠡᠮᠵᠢᠯᠡᠬᠦᠯᠬᠦ᠂ ᠴᠢᠩᠭ᠎ᠠ ᠰᠡᠷᠡᠮᠵᠢᠯᠡᠬᠦᠯᠬᠦ᠂ ᠣᠰᠣᠯ ᠲᠡᠮᠳᠡᠭᠯᠡᠬᠦ᠂

ᠶᠡᠭᠡ ᠣᠰᠣᠯ ᠲᠡᠮᠳᠡᠭᠯᠡᠬᠦ᠂ ᠵᠡᠷᠭᠡ ᠳᠡᠰ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠵᠠᠰᠠᠭ

ᠵᠠᠬᠢᠷᠭᠠᠨ ᠤ ᠰᠢᠳᠬᠡᠯ ᠦᠭᠴᠦ᠂ ᠬᠤᠯᠪᠣᠭᠳᠠᠯ ᠪᠦᠬᠦᠢ ᠬᠥᠮᠦᠰ ᠲᠤ ᠠᠵᠢᠯ ᠤᠨ ᠪᠠᠶᠢᠷᠢ ᠬᠦᠯᠢᠶᠡᠬᠦ᠂

ᠢᠯᠭᠠᠷᠠᠭᠤᠯᠤᠨ ᠪᠤᠴᠠᠭᠠᠬᠤ ᠵᠡᠷᠭᠡ ᠰᠢᠳᠭᠡᠯ ᠦᠭᠬᠦ︾ ᠪᠠ ︽ᠲᠠᠪᠴᠠᠩ ᠤᠨ ᠰᠦᠯᠵᠢᠶ᠎ᠡ ᠪᠠ ᠲᠥᠬᠦᠭᠡᠷᠦᠮᠵᠢ ᠶᠢ

ᠵᠣᠷᠢᠭᠤᠳᠠ ᠡᠪᠳᠡᠪᠡᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠤᠯᠤᠰ ᠤᠨ ᠮᠡᠳᠡᠭᠡ

ᠬᠤᠯᠪᠣᠭᠠᠨ ᠤ ᠲᠢᠬᠦᠬᠡᠷᠦᠮᠵᠢ ᠶᠢ ᠡᠪᠳᠡᠭᠰᠡᠨ ᠢᠶᠠᠷ ᠰᠢᠢᠳᠪᠦᠷᠢᠯᠡᠬᠦ︾ ᠲᠤᠬᠠᠶ ᠥᠭᠦᠯᠡᠭᠰᠡᠨ ᠠᠭᠤᠯᠭ᠎ᠠ ᠶᠢ ᠬᠠᠰᠣᠨ᠎ᠠ

     ᠲᠦᠷᠪᠡ᠂ ︽ᠮᠡᠳᠡᠭᠳᠡᠯ︾᠎ ᠤᠨ ︽ᠳᠥᠷᠪᠡᠳᠦᠭᠡᠷ ᠪᠦᠯᠦᠭ᠂ ᠲᠣᠷᠭᠠᠬᠤ ᠳᠦᠷᠢᠮ︾᠎ ᠤᠨ ᠬᠤᠷᠢᠨ

ᠳᠣᠯᠣᠳᠤᠭᠠᠷ ᠵᠦᠢᠯ ᠤᠨ ︽ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ ᠨᠡᠭᠦᠷᠡᠰᠦᠨ ᠤ

ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠱᠠᠭᠠᠷᠳᠠᠯᠭ᠎ᠠ ᠶᠣᠰᠣᠭᠠᠷ ᠲᠠᠪᠴᠠᠩ ᠤᠨ ᠠᠵᠢᠯᠯᠠᠭᠠᠨ ᠢ

ᠬᠠᠮᠠᠭᠠᠯᠠᠬᠤ ᠲᠤᠰᠬᠠᠶ ᠲᠤᠰᠢᠶᠠᠯᠲᠤ ᠠᠵᠢᠯ ᠤᠨ ᠪᠠᠶᠢᠭᠤᠯᠤᠮᠵᠢ᠂ ᠲᠤᠰᠬᠠᠶ ᠲᠤᠰᠢᠶᠠᠯᠲᠤ ᠠᠵᠢᠯᠲᠠᠨ᠂ ᠲᠤᠰᠬᠠᠶ

ᠠᠵᠢᠯ ᠤᠨ ᠵᠠᠷᠤᠳᠠᠯ ᠢ ᠲᠣᠭᠢᠷᠠᠭᠤᠯᠤᠭᠰᠠᠨ ᠦᠭᠡᠢ ᠪᠤᠯ᠂ ᠪᠢᠯᠧᠲ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ

ᠮᠥᠴᠢᠷ ᠤᠨ ᠬᠢᠨ ᠲᠡᠳᠡᠨ ᠤ ᠱᠠᠭᠠᠷᠳᠠᠯᠭ᠎ᠠ ᠶᠣᠰᠣᠭᠠᠷ ᠨᠠᠶᠢᠲᠠᠪᠤᠷᠢᠵᠢᠭᠤᠯᠤᠭᠰᠠᠨ ᠤ ᠳᠠᠷᠠᠭ᠎ᠠ ᠨᠡᠭᠦᠷᠡᠰᠦᠨ ᠤ

ᠪᠣᠷᠣᠯᠠᠭᠤᠯᠭ᠎ᠠ ᠶᠢᠨ ᠪᠢᠯᠧᠲ ᠲᠡᠮᠳᠡᠭ ᠤᠨ ᠬᠠᠩᠭᠠᠯᠭ᠎ᠠ ᠶᠢ ᠰᠡᠷᠬᠦᠬᠡᠬᠦ︾ ᠪᠠ ︽ᠨᠡᠭᠦᠷᠡᠰᠦᠨ ᠤ ᠦᠢᠯᠡᠳᠪᠦᠷᠢᠯᠡᠯ

ᠡᠵᠡᠩᠨᠡᠯᠲᠡ ᠶᠢᠨ ᠠᠵᠤ ᠠᠬᠤᠶᠢᠯᠠᠯ ᠤᠨ ᠲᠠᠪᠴᠠᠩ ᠤᠨ ᠠᠵᠢᠯᠯᠠᠭᠠᠨ ᠤ ᠬᠠᠮᠠᠭᠠᠯᠠᠯᠲᠠ ᠶᠢᠨ ᠠᠵᠢᠯᠲᠠᠨ ᠣᠨᠴᠠ

ᠲᠥᠷᠥᠯ ᠤᠨ ᠠᠵᠢᠯ ᠬᠢᠭᠰᠡᠳ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠪᠣᠯᠪᠠᠰᠤᠷᠠᠯ ᠬᠢᠭᠰᠡᠨ ᠤ ᠲᠠᠷᠠᠭ᠎ᠠ

ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ ᠭᠠᠷᠤᠭᠰᠠᠨ ᠦᠬᠡᠢ ᠪᠤᠯ᠂ ︽ᠨᠡᠭᠦᠷᠡᠰᠦᠨ ᠠᠭᠤᠷᠬᠠᠶ ᠶᠢᠨ

ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ

ᠣᠨᠴᠠᠭᠠᠶ ᠲᠣᠭᠲᠠᠭᠠᠯ︾᠎ ᠤᠨ ᠠᠷᠪᠠᠨ ᠵᠢᠷᠭᠤᠳᠤᠭᠠᠷ ᠵᠦᠢᠯ ᠶᠣᠰᠣᠭᠠᠷ᠂ ᠲᠠᠪᠴᠠᠩ ᠤᠨ ᠬᠠᠮᠢᠶᠠᠷᠤᠯᠲᠠ ᠶᠢᠨ

ᠰᠠᠯᠠᠭ᠎ᠠ ᠮᠥᠴᠢᠷ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂

10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠲᠤᠷᠤᠭᠰᠢᠬᠢ ᠵᠣᠭᠤᠰ ᠢᠶᠠᠷ

ᠲᠣᠷᠭᠠᠬᠤ ᠪᠠᠷ ᠰᠢᠳᠭᠡᠵᠤ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠶ ᠪᠠᠶᠢᠪᠠᠯ᠂ ᠵᠠᠷᠯᠢᠭᠳᠠᠵᠤ

ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦᠯᠬᠦ︾ ᠲᠤᠬᠠᠶ ᠥᠭᠦᠯᠡᠭᠰᠡᠨ ᠠᠭᠤᠯᠭ᠎ᠠ ᠶᠢ ᠬᠠᠰᠣᠨ᠎ᠠ᠃

    ᠲᠠᠪᠤ ᠂ ︽ᠮᠡᠳᠡᠭᠳᠡᠯ︾᠎ ᠤᠨ ︽ᠳᠥᠷᠪᠡᠳᠦᠭᠡᠷ ᠪᠦᠯᠦᠭ᠂ ᠲᠣᠷᠭᠠᠬᠤ ᠳᠦᠷᠢᠮ︾᠎ ᠤᠨ ᠬᠤᠷᠢᠨ ᠨᠠᠢᠮᠠᠳᠣᠭᠠᠷ

ᠵᠦᠢᠯ ᠤᠨ ︽ᠲᠠᠪᠴᠠᠩ ᠬᠡᠷᠡᠭᠯᠡᠭᠴᠢᠳ ᠬᠠᠤᠯᠢ ᠪᠤᠰᠤ ᠠᠷᠭ᠎ᠠ ᠪᠠᠷᠢᠯ ᠢᠶᠠᠷ ᠤᠯᠤᠰ᠂ ᠨᠡᠶᠢᠭᠡᠮ᠂ ᠬᠠᠮᠲᠤ ᠨᠡᠶᠢᠲᠡ᠂

ᠠᠵᠤ ᠠᠬᠤᠶᠢᠯᠠᠯ ᠪᠠ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ᠂ ᠡᠰᠡᠬᠦᠯ᠎ᠡ ᠵᠣᠷᠢᠭᠤᠳᠠ

ᠲᠠᠪᠴᠠᠩ ᠤᠨ ᠮᠡᠳᠡᠭᠡ ᠵᠠᠩᠭᠢ ᠶᠢ ᠵᠠᠳᠠᠷᠠᠭᠤᠯᠤᠭᠰᠠᠨ ᠪᠤᠯ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠪᠠ

ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠦᠯᠵᠢᠶ᠎ᠡ ᠶᠢ ᠣᠯᠠᠨ ᠤᠯᠤᠰ ᠲᠤ ᠰᠦᠯᠵᠢᠶᠡᠵᠢᠭᠦᠯᠦᠨ ᠬᠠᠮᠢᠶᠠᠷᠬᠤ ᠲᠤᠬᠠᠶ

ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ

ᠰᠢᠯᠵᠢᠭᠦᠯᠦᠨ ᠲᠤᠰᠢᠶᠠᠵᠤ ᠰᠢᠢᠳᠪᠦᠷᠢᠯᠡᠬᠦᠯᠬᠦ︾ ᠲᠤᠬᠠᠶ ᠥᠭᠦᠯᠡᠭᠰᠡᠨ ᠠᠭᠤᠯᠭ᠎ᠠ ᠶᠢ ᠬᠠᠰᠣᠨ᠎ᠠ᠃

    ᠵᠢᠷᠭᠤᠭ᠎ᠠ ᠂ ︽ᠮᠡᠳᠡᠭᠳᠡᠯ︾᠎ ᠤᠨ ︽ᠳᠥᠷᠪᠡᠳᠦᠭᠡᠷ ᠪᠦᠯᠦᠭ᠂ ᠲᠣᠷᠭᠠᠬᠤ ᠳᠦᠷᠢᠮ︾᠎ ᠳᠠᠬᠢ ᠬᠤᠷᠢ

ᠶᠢᠰᠦᠳᠦᠭᠡᠷ ᠵᠦᠢᠯ ᠤᠨ ︽ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠳᠤ ᠨᠡᠭᠦᠷᠡᠰᠦ ᠲᠡᠭᠡᠭᠡᠪᠦᠷᠢᠯᠡᠬᠦ ᠲᠡᠷᠭᠡ

ᠬᠥᠰᠬᠡ ᠶᠢᠨ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠠᠪᠤᠭᠰᠠᠨ ᠦᠭᠡᠶ ᠪᠤᠶᠤ ᠬᠠᠭᠤᠷᠮᠠᠭ

ᠺᠠᠷᠲ᠂ ᠪᠤᠰᠤᠳ ᠲᠡᠷᠭᠡ ᠬᠥᠰᠬᠡ ᠶᠢᠨ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠢ ᠬᠡᠷᠡᠭᠯᠡᠭᠰᠡᠨ

ᠵᠢᠴᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠨ ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠪᠠᠷ

ᠥᠩᠭᠡᠷᠡᠭᠰᠡᠨ ᠪᠤᠯ ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠨᠢ ᠪᠢᠯᠧᠲ ᠦᠭᠡᠶ᠂ ᠬᠠᠭᠤᠷᠮᠠᠭ ᠪᠢᠯᠧᠲ᠂

ᠰᠣᠯᠪᠢᠴᠠᠮᠠᠯ ᠪᠢᠯᠧᠲ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠬᠠᠮᠢᠶᠠᠷᠤᠯᠲᠠ ᠶᠢᠨ

ᠲᠣᠭᠲᠠᠭᠠᠯ ᠢᠶᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠪᠣᠯᠤᠨ ᠨᠡᠭᠦᠷᠡᠰᠦ

ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠢ ᠰᠢᠳᠬᠡᠨ ᠲᠣᠷᠭᠠᠵᠤ ᠪᠣᠯᠤᠨ᠎ᠠ᠃ ᠨᠡᠭᠦᠷᠡᠰᠦᠨ ᠤ ᠬᠠᠮᠢᠶᠠᠷᠤᠯᠲᠠ

᠎ ᠶᠢᠨ ᠥᠷᠲᠡᠭᠡᠨ ᠤ ᠵᠢᠵᠢᠭᠦᠷᠯᠡᠬᠦ ᠠᠵᠢᠯᠲᠠᠨ᠂ ᠺᠠᠷᠲ ᠦᠭᠡᠶ᠂ ᠬᠠᠭᠤᠷᠮᠠᠭ ᠺᠠᠷᠲ᠂ ᠺᠠᠷᠲ ᠰᠣᠯᠪᠢᠴᠠᠭᠰᠠᠨ

ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢ ᠦᠷᠲᠡᠭᠡ ᠠᠴᠠ ᠦᠩᠬᠡᠷᠡᠬᠦᠯᠦᠨ ᠲᠠᠯᠪᠢᠵᠤ ᠶᠠᠪᠤᠭᠤᠯᠤᠭᠰᠠᠨ ᠪᠣᠯ᠂

ᠨᠡᠭᠦᠷᠡᠰᠦ ᠶᠢ ᠴᠠᠭᠳᠠᠨ ᠪᠠᠶᠢᠴᠠᠭᠠᠬᠤ ᠰᠠᠯᠠᠭ᠎ᠠ ᠮᠥᠴᠢᠷ ᠪᠤᠶᠤ ᠲᠠᠪᠴᠠᠩ ᠤᠨ ᠬᠠᠮᠢᠶᠠᠷᠤᠯᠲᠠ ᠶᠢᠨ ᠰᠠᠯᠠᠭ᠎ᠠ

ᠮᠥᠴᠢᠷ ᠠᠴᠠ ᠪᠢᠯᠧᠲ ᠦᠭᠡᠶ᠂ ᠬᠠᠭᠤᠷᠮᠠᠭ ᠪᠢᠯᠧᠲ᠂ ᠰᠣᠯᠪᠢᠴᠠᠮᠠᠯ ᠪᠢᠯᠧᠲ ᠪᠦᠬᠦᠢ ᠨᠡᠭᠦᠷᠡᠰᠦᠨ ᠲᠡᠷᠭᠡ ᠶᠢᠨ

ᠥᠷᠲᠡᠭᠡ ᠥᠩᠭᠡᠷᠡᠬᠦ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ ᠢ ᠰᠢᠢᠳᠪᠦᠷᠢᠯᠡᠬᠦ︾

ᠲᠤᠬᠠᠶ ᠥᠭᠦᠯᠡᠭᠰᠡᠨ ᠠᠭᠤᠯᠭ᠎ᠠ ᠶᠢ ᠬᠠᠰᠣᠨ᠎ᠠ᠃

     ᠳᠣᠯᠤᠭ᠎ᠠ ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠎ ᠠᠴᠠ ᠡᠬᠢᠯᠡᠨ ᠬᠡᠷᠡᠭᠵᠢᠬᠦᠯᠵᠤ᠂

ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠭᠠᠷᠪᠠᠯ᠂ ᠬᠤᠲᠠ ᠶᠢᠨ ᠡᠨᠧᠷᠭᠢ ᠶᠢᠨ ᠲᠣᠪᠴᠢᠶ᠎ᠠ ᠬᠠᠷᠢᠭᠤᠴᠠᠨ

ᠲᠠᠶᠢᠯᠪᠤᠷᠢᠯᠠᠨ᠎ᠠ᠃

                                   ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ

                                          2020 ᠣᠨ ᠤ 10 ᠰᠠᠷ᠎ᠠ ᠶᠢᠨ 14᠎ ᠤ ᠡᠳᠦᠷ

            ᠣᠷᠳᠣᠰ ᠤᠨ ᠲᠣᠭᠠᠴᠢᠯᠠᠭᠰᠠᠨ ᠨᠡᠭᠦᠷᠡᠰᠦᠨ ᠤ ᠶᠡᠷᠦᠩᠬᠡᠶᠢᠯᠡᠭᠰᠡᠨ ᠲᠠᠪᠴᠠᠩ ᠤᠨ

            ᠠᠵᠢᠯᠯᠠᠭᠠᠨ ᠢ ᠬᠠᠮᠠᠭᠠᠯᠠᠬᠤ ᠪᠠ ᠨᠡᠭᠦᠷᠡᠰᠦᠨ ᠤ ᠠᠵᠤ ᠦᠢᠯᠡᠳᠪᠦᠷᠢ ᠶᠢᠨ ᠮᠡᠳᠡᠭᠡ

            ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ

     ᠨᠢᠭᠡᠳᠦᠭᠡᠷ ᠪᠦᠯᠦᠭ     ᠶᠡᠷᠦᠩᠬᠡᠶ ᠲᠦᠷᠢᠮ

     ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠭᠦᠷᠡᠰᠦᠨ ᠤ ᠬᠠᠤᠯᠢ︾᠂

︽ᠲᠥᠷᠦ ᠶᠢᠨ ᠶᠠᠪᠤᠳᠠᠯ ᠤᠨ ᠬᠤᠷᠢᠶᠠᠨ ᠤ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠠᠶᠤᠯᠬᠦᠢ ᠶᠢᠨ

ᠠᠳᠡᠯ ᠢ ᠰᠡᠷᠭᠡᠶᠢᠯᠡᠬᠦ ᠲᠤᠰᠬᠠᠶ ᠲᠣᠭᠲᠠᠭᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 446 ᠳ᠋ᠤᠭᠠᠷ

ᠲᠣᠭᠠᠲᠤ︶᠂ ︽ᠰᠢᠶᠠᠩ ᠪᠠᠯᠭᠠᠰᠤ ᠶᠢᠨ ᠨᠡᠭᠦᠷᠡᠰᠦᠨ ᠠᠭᠤᠷᠬᠠᠶ ᠶᠢᠨ ᠬᠠᠮᠢᠶᠠᠷᠤᠯᠲᠠ ᠶᠢᠨ ᠳᠦᠷᠢᠮ︾ ︵

ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 169 ᠳ᠋ᠣᠭᠡᠷ ᠲᠣᠭᠠᠲᠤ︶᠂ ︽ᠨᠡᠭᠦᠷᠡᠰᠦᠨ ᠠᠭᠤᠷᠬᠠᠶ ᠶᠢᠨ

ᠠᠶᠤᠯᠬᠦᠢ ᠶᠢ ᠬᠢᠨᠠᠨ ᠡᠵᠡᠮᠳᠡᠬᠦ ᠰᠢᠰᠲ᠋ᠧᠮ ᠤᠨ ᠲᠣᠨᠣᠭᠯᠠᠯ ᠢ ᠲᠣᠤᠷ ᠬᠤᠯᠪᠣᠬᠤ ᠪᠠ ᠬᠠᠮᠠᠭᠠᠯᠠᠨ ᠬᠡᠷᠡᠭᠯᠡᠬᠦ ᠠᠵᠢᠯ ᠢ

ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠶᠢᠨ ᠵᠥᠪᠯᠡᠯ ᠤᠨ ᠠᠯᠪᠠᠨ ᠭᠡᠷ ᠤᠨ

ᠵᠢᠯᠣᠭᠤᠳᠬᠤ ᠰᠠᠨᠠᠯ︾ ︵ᠠᠶᠤᠯᠬᠦᠢ ᠵᠦᠪᠯᠡᠯ ᠠᠯᠪᠠᠨ ﹇2006﹈ 21 ᠳ᠋ᠤᠭᠡᠷ ᠲᠤᠭᠠᠲᠤ︶᠂ ︽ᠨᠡᠬᠦᠷᠡᠰᠦᠨ

ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠤᠨ ᠠᠯᠤᠰ ᠡᠵᠡᠮᠰᠢᠯ ᠤᠨ ᠰᠢᠰᠲ᠋ᠧᠮ ᠤᠨ ᠪᠠᠶᠢᠭᠤᠯᠤᠯᠲᠠ ᠶᠢᠨ

ᠲᠥᠯᠦᠪᠵᠢᠬᠦᠯᠬᠡ ᠶᠢ ᠲᠠᠷᠤᠮᠠᠯᠯᠠᠨ ᠶᠠᠪᠤᠭᠤᠯᠬᠤ ᠲᠤᠬᠠᠢ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ

ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ︵ᠥᠪᠥᠷ ᠵᠠᠰᠠᠭ ᠦᠰᠦᠭᠲᠦ ﹇2006﹈ 130 ᠳ᠋ᠤᠭᠠᠷ

ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠷᠳᠣᠰ ᠤᠨ ᠲᠣᠭᠠᠴᠢᠯᠠᠭᠰᠠᠨ ᠨᠡᠭᠦᠷᠡᠰᠦᠨ ᠤ

ᠶᠡᠷᠦᠩᠬᠡᠶᠢᠯᠡᠭᠰᠡᠨ ᠲᠠᠪᠴᠠᠩ ︵ᠲᠤᠤᠷ᠎ᠠ ᠲᠠᠪᠴᠠᠩ ᠭᠡᠨ᠎ᠡ︶᠎ ᠎ ᠤᠨ ᠠᠵᠢᠯᠯᠠᠭᠠᠨ ᠤ ᠬᠠᠮᠠᠭᠠᠯᠠᠯᠲᠠ ᠪᠠ ᠨᠡᠭᠦᠷᠡᠰᠦᠨ ᠤ

ᠠᠵᠤ ᠦᠢᠯᠡᠳᠪᠦᠷᠢ ᠶᠢᠨ ᠮᠡᠳᠡᠭᠡ ᠵᠠᠩᠬᠢᠴᠢᠯᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ

ᠠᠷᠭ᠎ᠠ ᠶᠢ ᠲᠣᠭᠲᠠᠭᠠᠪᠠ᠃

     ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠨᠡᠭᠦᠷᠡᠰᠦᠨ ᠤ

ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ ᠬᠢᠵᠦ ᠪᠠᠶᠢᠭ᠎ᠠ ᠨᠡᠭᠦᠷᠡᠰᠦᠨ ᠤ ᠠᠵᠢᠯᠲᠠᠨ ᠪᠣᠯᠤᠨ ᠨᠡᠭᠦᠷᠡᠰᠦ

ᠲᠡᠭᠡᠭᠡᠪᠦᠷᠢᠯᠡᠬᠦ ᠲᠡᠷᠭᠡ ᠬᠥᠰᠬᠡ ᠳᠤ ᠡᠷᠬᠡᠪᠰᠢ ᠨᠢᠭᠡᠳᠦᠯᠲᠡᠶ ᠬᠢᠨᠠᠨ ᠦᠢᠯᠡᠳᠦᠭᠰᠡᠨ ᠨᠡᠭᠦᠷᠡᠰᠦᠨ ᠤ ᠡᠯᠧᠺᠲᠷᠣᠨ

ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠢ ᠲᠣᠬᠢᠷᠠᠭᠤᠯᠤᠨ ᠬᠢᠵᠤ᠂ ᠨᠡᠭᠦᠷᠡᠰᠦᠨ ᠤ ᠦᠢᠯᠡᠳᠪᠦᠷᠢᠯᠡᠯ ᠤᠨ

ᠠᠵᠢᠯ᠂ ᠡᠵᠡᠩᠨᠡᠯᠲᠡ᠂ ᠬᠠᠮᠢᠶᠠᠷᠤᠯᠲᠠ ᠶᠢᠨ ᠠᠵᠢᠯᠲᠠᠨ ᠠᠵᠢᠯ ᠤᠨ ᠪᠠᠶᠢᠷᠢ ᠳᠤ ᠭᠠᠷᠬᠤ ᠳᠤ ᠡᠷᠬᠡᠪᠰᠢ ᠨᠢᠭᠡ

ᠬᠥᠮᠦᠨ ᠨᠢᠭᠡ ᠺᠠᠷᠲ ᠲᠠᠢ ᠪᠠᠶᠢᠵᠤ᠂ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠡᠷᠬᠡᠪᠰᠢ ᠨᠢᠭᠡ ᠲᠡᠷᠭᠡ ᠨᠢᠭᠡ

ᠺᠠᠷᠲ ᠲᠠᠢ ᠪᠠᠶᠢᠬᠤ ᠬᠡᠷᠡᠭᠲᠡᠶ᠃

     ᠭᠤᠷᠪᠠᠳᠤᠭᠠᠷ ᠵᠦᠢᠯ ᠲᠤᠰ ᠠᠷᠭ᠎ᠠ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ

ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ

ᠠᠵᠤ ᠠᠬᠤᠶᠢᠯᠠᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ

ᠪᠣᠯᠤᠨ ᠲᠠᠪᠴᠠᠩ ᠤᠨ ᠠᠵᠢᠯᠯᠠᠭᠠᠨ ᠢ ᠬᠠᠮᠠᠭᠠᠯᠠᠵᠤ ᠬᠠᠮᠢᠶᠠᠷᠬᠤ ᠠᠵᠢᠯ ᠳᠤ ᠲᠣᠬᠢᠷᠠᠨ᠎ᠠ᠃

              ᠬᠤᠶᠠᠳᠤᠭᠠᠷ ᠪᠦᠯᠦᠭ     ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ

    ᠳᠥᠷᠪᠡᠳᠦᠭᠡᠷ ᠵᠦᠢᠯ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠡᠷᠬᠡᠪᠰᠢ

ᠲᠤᠰᠬᠠᠶ ᠬᠦᠮᠦᠨ ᠢ ᠵᠢᠭᠠᠨ ᠲᠣᠭᠲᠠᠭᠠᠵᠤ᠂ ᠲᠠᠪᠴᠠᠩ ᠤᠨ ᠲᠠᠭᠯᠠᠨ ᠮᠡᠳᠡᠭᠦᠯᠬᠦ ᠪᠠᠷ ᠱᠠᠭᠠᠷᠳᠠᠭᠰᠠᠨ ᠮᠡᠳᠡᠭᠡ

ᠵᠠᠩᠭᠢ ᠶᠢ ᠡᠳᠦᠷ ᠪᠦᠷᠢ ᠣᠨᠣᠪᠴᠢᠲᠠᠶ ᠲᠠᠭᠯᠠᠨ ᠮᠡᠳᠡᠭᠦᠯᠬᠦ ᠪᠠ ᠰᠢᠨᠡᠳᠬᠡᠬᠦ ᠬᠡᠷᠡᠭᠲᠡᠶ᠃

     ᠲᠠᠪᠤᠳᠤᠭᠠᠷ ᠵᠦᠢᠯ ᠨᠡᠭᠦᠷᠡᠰᠦᠨ ᠠᠭᠤᠷᠬᠠᠶ ᠶᠢᠨ ᠬᠢᠨᠠᠨ ᠬᠡᠮᠵᠢᠵᠦ ᠬᠢᠨᠠᠨ ᠡᠵᠡᠮᠳᠡᠬᠦ᠂ ᠬᠤᠳᠳᠤᠭ

ᠳᠣᠲᠣᠷᠠᠬᠢ ᠬᠦᠮᠦᠰ ᠤᠨ ᠪᠠᠶᠢᠷᠢ ᠲᠣᠭᠲᠠᠭᠠᠬᠤ᠂ ᠠᠶᠤᠯ ᠠᠴᠠ ᠪᠠᠴᠢᠮ ᠵᠠᠶᠢᠯᠠᠬᠤ᠂ ᠰᠠᠯᠬᠢ ᠠᠪᠴᠢᠭᠤᠯᠵᠤ

ᠥᠪᠡᠷ ᠢ ᠪᠠᠨ ᠠᠪᠤᠷᠠᠬᠤ᠂ ᠤᠰᠤ ᠬᠠᠩᠭᠠᠵᠤ ᠠᠪᠤᠷᠠᠯᠳᠠ ᠬᠢᠬᠦ ᠪᠠ ᠴᠢᠮᠡᠭᠡ ᠬᠤᠯᠪᠣᠭ᠎ᠠ ᠠᠪᠬᠤ ᠵᠢᠷᠭᠤᠭᠠᠨ ᠶᠡᠭᠡ

ᠰᠢᠰᠲ᠋ᠧᠮ ᠢ ᠡᠷᠬᠡᠪᠰᠢ ᠳᠠᠪᠴᠠᠩ ᠳᠤ ᠵᠠᠯᠭᠠᠨ ᠣᠷᠣᠭᠤᠯᠵᠤ ᠨᠢᠭᠡᠳᠦᠯᠲᠡᠶ ᠬᠠᠮᠢᠶᠠᠷᠴᠤ᠂ ᠲᠡᠷᠡᠴᠢᠯᠡᠨ ᠲᠠᠪᠴᠠᠩ ᠤᠨ

ᠮᠡᠷᠭᠡᠵᠢᠯ ᠤᠨ ᠳᠦᠷᠢᠮᠵᠢᠯ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠲᠤᠭ᠎ᠠ ᠪᠠᠷᠢᠮᠲᠠ ᠰᠣᠯᠢᠯᠴᠠᠬᠤ ᠵᠠᠯᠭᠠᠭᠠᠰᠤ 

᠎ ᠶᠢ ᠬᠡᠷᠡᠭᠯᠡᠨ ᠲᠠᠪᠴᠠᠩ ᠳᠤ ᠵᠠᠯᠭᠠᠨ ᠤᠷᠤᠭᠤᠯᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠢ ᠴᠠᠭ ᠲᠤᠬᠠᠶ ᠳᠤᠨᠢ᠂

ᠣᠨᠣᠪᠴᠢᠲᠠᠶ ᠪᠠᠷ ᠲᠠᠪᠴᠠᠩ ᠤᠨ ᠳ᠋ᠠᠶᠢᠲ᠋ᠠ ᠬᠥᠮᠥᠷᠭᠡ ᠲᠤ ᠲᠠᠮᠵᠢᠭᠤᠯᠤᠨ ᠭᠠᠷᠭᠠᠬᠤ ᠬᠡᠷᠡᠭᠲᠡᠶ᠃

    ᠵᠢᠷᠭᠤᠳᠤᠭᠠᠷ ᠵᠦᠢᠯ ᠬᠤᠳᠳᠤᠭ ᠤᠨ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠬᠤᠳᠳᠤᠭ ᠤᠨ ᠭᠠᠵᠠᠷ

ᠰᠢᠨᠵᠢᠯᠡᠭᠡ ᠪᠠ ᠤᠰᠤᠨ ᠤ ᠭᠠᠵᠠᠷ ᠰᠢᠨᠵᠢᠯᠡᠭᠡᠨ ᠤ ᠵᠢᠷᠤᠭ᠂ ᠬᠤᠳᠳᠤᠭ ᠤᠨ ᠲᠡᠭᠡᠷᠡᠬᠢ ᠲᠤᠤᠷᠠᠬᠢ ᠲᠠᠯ᠎ᠠ ᠶᠢᠨ

ᠬᠠᠷᠢᠴᠠᠭᠤᠯᠤᠭᠰᠠᠨ ᠵᠢᠷᠤᠭ᠂ ᠨᠦᠬᠡᠨ ᠵᠠᠮ ᠤᠨ ᠪᠠᠶᠢᠷᠢᠯᠠᠭᠤᠯᠤᠯᠲᠠ ᠶᠢᠨ ᠵᠢᠷᠤᠭ᠂ ᠮᠠᠯᠲᠠᠬᠤ ᠪᠠᠷᠢᠯᠭ᠎ᠠ ᠶᠢᠨ

ᠬᠠᠪᠲᠠᠭᠠᠶ ᠵᠢᠷᠤᠭ᠂ ᠰᠠᠯᠬᠢ ᠨᠡᠪᠲᠡᠷᠡᠭᠦᠯᠬᠦ ᠰᠢᠰᠲ᠋ᠧᠮ ᠤᠨ ᠵᠢᠷᠤᠭ᠂ ᠬᠤᠳᠳᠤᠭ ᠳᠣᠲᠣᠷᠠᠬᠢ ᠲᠡᠭᠡᠭᠡᠪᠦᠷᠢ ᠶᠢᠨ

ᠰᠢᠰᠲ᠋ᠧᠮ ᠤᠨ ᠵᠢᠷᠤᠭ᠂ ᠠᠶᠤᠯᠬᠦᠢ ᠶᠢ ᠬᠢᠨᠠᠨ ᠬᠡᠮᠵᠢᠬᠦ ᠲᠣᠨᠣᠭᠯᠠᠯ ᠤᠨ ᠪᠠᠶᠢᠷᠢᠯᠠᠭᠤᠯᠤᠯᠲᠠ ᠶᠢᠨ ᠵᠢᠷᠤᠭ᠂ ᠤᠰᠤ

ᠵᠠᠯᠠᠬᠤ᠂ ᠲᠣᠭᠤᠰᠣ ᠰᠡᠷᠭᠡᠶᠢᠯᠡᠬᠦ᠂ ᠭᠠᠯ ᠰᠡᠷᠭᠡᠶᠢᠯᠡᠬᠦ ᠰᠢᠩᠬᠡᠨ ᠴᠢᠳᠬᠤᠬᠤ᠂ ᠰᠠᠯᠬᠢ ᠠᠪᠴᠢᠭᠤᠯᠬᠤ᠂ ᠤᠦᠭᠯᠡᠬᠦ᠂

ᠭᠠᠰ ᠲᠠᠲᠠᠬᠤ ᠵᠡᠷᠭᠡ ᠬᠤᠭᠤᠯᠠᠶ ᠶᠢᠨ ᠰᠢᠰᠲ᠋ᠧᠮ ᠤᠨ ᠵᠢᠷᠤᠭ᠂ ᠬᠤᠳᠳᠤᠭ ᠳᠣᠤᠷᠠᠬᠢ ᠬᠤᠯᠪᠣᠭᠠᠨ ᠤ

ᠰᠢᠰᠲ᠋ᠧᠮ ᠤᠨ ᠵᠢᠷᠤᠭ᠂ ᠬᠤᠳᠳᠤᠭ ᠤᠨ ᠲᠡᠭᠡᠷᠡᠬᠢ ᠲᠤᠤᠷᠠᠬᠢ ᠴᠠᠬᠢᠯᠭᠠᠨ ᠲᠦᠭᠡᠭᠡᠬᠦ ᠰᠢᠰᠲ᠋ᠧᠮ ᠤᠨ ᠵᠢᠷᠤᠭ ᠪᠠ

ᠬᠤᠳᠳᠤᠭ ᠤᠨ ᠳᠣᠣᠷᠠᠬᠢ ᠴᠠᠬᠢᠯᠭᠠᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠵᠢᠷᠤᠭ᠂ ᠬᠤᠳᠳᠤᠭ

ᠳᠣᠣᠷᠠᠬᠢ ᠭᠠᠮᠰᠢᠭ ᠠᠴᠠ ᠵᠠᠶᠢᠯᠠᠬᠤ ᠵᠠᠮ ᠤᠨ ᠵᠢᠷᠤᠭ ᠪᠣᠯᠤᠨ ᠵᠠᠳᠠᠭᠠᠶ ᠨᠡᠭᠦᠷᠡᠰᠦᠨ ᠠᠭᠤᠷᠬᠠᠶ ᠶᠢᠨ ᠭᠠᠵᠠᠷ ᠤᠨ

ᠪᠠᠶᠢᠴᠠ ᠭᠠᠵᠠᠷ ᠰᠢᠨᠵᠢᠯᠡᠭᠡᠨ ᠤ ᠵᠢᠷᠤᠭ᠂ ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠬᠠᠪᠲᠠᠭᠠᠶ ᠵᠢᠷᠤᠭ᠂

ᠣᠭᠲᠣᠯᠤᠭᠠᠰᠤ ᠵᠢᠷᠤᠭ᠂ ᠶᠡᠷᠦᠩᠬᠡᠶᠢᠯᠡᠭᠰᠡᠨ ᠣᠰᠣᠨ ᠵᠦᠶ ᠶᠢᠨ ᠭᠠᠵᠠᠷ ᠰᠢᠨᠵᠢᠯᠡᠭᠡᠨ ᠤ ᠬᠠᠪᠲᠠᠭᠠᠶ ᠵᠢᠷᠤᠭ᠂

ᠮᠠᠯᠲᠠᠨ ᠠᠷᠢᠯᠭᠠᠬᠤ ᠪᠠᠷᠢᠯᠭ᠎ᠠ ᠶᠢᠨ ᠬᠠᠪᠲᠠᠭᠠᠶ ᠵᠢᠷᠤᠭ᠂ ᠣᠭᠲᠣᠯᠤᠭᠠᠰᠤ ᠵᠢᠷᠤᠭ᠂ ᠰᠢᠷᠣᠶ ᠭᠠᠳᠠᠭᠰᠢᠯᠠᠭᠤᠯᠬᠤ

ᠪᠠᠷᠢᠯᠭ᠎ᠠ ᠶᠢᠨ ᠬᠠᠪᠲᠠᠭᠠᠶ ᠵᠢᠷᠤᠭ᠂ ᠲᠡᠭᠡᠭᠡᠪᠦᠷᠢ ᠶᠢᠨ ᠰᠢᠰᠲ᠋ᠧᠮ ᠤᠨ ᠵᠢᠷᠤᠭ᠂ ᠴᠠᠬᠢᠯᠭᠠᠨ ᠳᠠᠮᠵᠢᠭᠤᠯᠵᠤ ᠲᠦᠭᠡᠭᠡᠬᠦ

ᠰᠢᠰᠲ᠋ᠧᠮ ᠤᠨ ᠵᠢᠷᠤᠭ᠂ ᠬᠤᠯᠪᠣᠭᠠᠨ ᠤ ᠰᠢᠰᠲ᠋ᠧᠮ ᠤᠨ ᠵᠢᠷᠤᠭ᠂ ᠤᠰᠤ ᠰᠡᠷᠬᠡᠶᠢᠯᠡᠬᠦ ᠤᠰᠤ ᠲᠠᠲᠠᠷᠠᠭᠤᠯᠬᠤ

ᠰᠢᠰᠲ᠋ᠧᠮ ᠵᠢᠴᠢ ᠤᠰᠤ ᠲᠠᠲᠠᠷᠠᠭᠤᠯᠬᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠵᠢᠷᠤᠭ᠂ ᠬᠠᠵᠠᠭᠤ ᠶᠢᠨ

ᠬᠢᠨᠠᠨ ᠬᠡᠮᠵᠢᠯᠲᠡ ᠶᠢᠨ ᠰᠢᠰᠲ᠋ᠧᠮ ᠤᠨ ᠬᠠᠪᠲᠠᠭᠠᠶ ᠵᠢᠷᠤᠭ᠂ ᠣᠭᠲᠣᠯᠤᠭᠠᠰᠤ ᠵᠢᠷᠤᠭ᠂ ᠠᠭᠤᠷᠬᠠᠶ ᠶᠢᠨ

ᠬᠤᠳᠳᠤᠭ ᠤᠨ ᠣᠣᠯ ᠤᠨ ᠮᠠᠯᠲᠠᠵᠤ ᠬᠤᠭᠤᠰᠤᠷᠠᠭᠤᠯᠤᠭᠰᠠᠨ ᠭᠡᠰᠡᠭ ᠬᠢᠭᠡᠳ ᠵᠠᠳᠠᠭᠠᠶ ᠠᠭᠤᠷᠬᠠᠶ ᠶᠢᠨ ᠬᠠᠪᠲᠠᠭᠠᠶ

ᠵᠢᠷᠤᠭ ᠎ ᠤᠨ ᠬᠠᠷᠢᠴᠠᠭᠤᠯᠤᠭᠰᠠᠨ ᠵᠢᠷᠤᠭ ᠢ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠡᠷᠬᠡᠪᠰᠢ ᠴᠠᠭ

ᠲᠤᠬᠠᠶ ᠳᠤᠨᠢ ᠲᠠᠭᠯᠠᠨ ᠵᠢᠷᠤᠬᠤ ᠶᠢᠨ ᠬᠠᠮᠲᠤ ᠲᠠᠪᠴᠠᠩ ᠤᠨ ᠳ᠋ᠠᠶᠢᠲ᠋ᠠ ᠬᠥᠮᠥᠷᠭᠡ ᠳᠤ ᠣᠷᠣᠭᠤᠯᠬᠤ ᠬᠡᠷᠡᠭᠲᠡᠶ᠃

     ᠳᠣᠯᠣᠳᠤᠭᠠᠷ ᠵᠦᠢᠯ ᠬᠤᠳᠳᠤᠭ ᠤᠨ ᠨᠡᠭᠦᠷᠡᠰᠦᠨ ᠠᠭᠤᠷᠬᠠᠶ ᠶᠢᠨ ᠬᠤᠳᠳᠤᠭ ᠤᠨ ᠳᠡᠭᠡᠷᠡᠬᠢ ᠲᠤᠤᠷᠠᠬᠢ ᠶᠢ

ᠬᠠᠷᠢᠴᠠᠭᠤᠯᠬᠤ ᠵᠢᠷᠤᠭ᠂ ᠮᠠᠯᠲᠠᠬᠤ ᠪᠠᠷᠢᠯᠭ᠎ᠠ ᠶᠢᠨ ᠬᠠᠪᠲᠠᠭᠠᠶ ᠵᠢᠷᠤᠭ ᠪᠣᠯᠤᠨ ᠰᠠᠯᠬᠢ ᠨᠡᠪᠲᠡᠷᠡᠭᠦᠯᠬᠦ ᠰᠢᠰᠲ᠋ᠧᠮ ᠤᠨ

ᠵᠢᠷᠤᠭ ᠢ ᠨᠡᠭᠦᠷᠡᠰᠦᠨ ᠠᠭᠤᠷᠬᠠᠶ ᠶᠢᠨ ᠬᠢᠨ ᠡᠷᠬᠡᠪᠰᠢ ᠲᠤᠰᠬᠠᠶ ᠬᠥᠮᠦᠨ ᠵᠢᠭᠠᠨ ᠲᠣᠭᠲᠠᠭᠠᠵᠤ ᠴᠠᠭ ᠲᠤᠬᠠᠶ ᠳᠤᠨᠢ

ᠬᠡᠮᠵᠢᠨ ᠵᠢᠷᠤᠵᠤ᠂ ᠬᠡᠮᠵᠢᠨ ᠵᠢᠷᠤᠭᠰᠠᠨ ᠲᠤᠭ᠎ᠠ ᠪᠠᠷᠢᠮᠲᠠ ᠶᠢ ᠰᠠᠷ᠎ᠠ ᠪᠦᠷᠢ ᠶᠢᠨ ᠰᠡᠭᠦᠯᠴᠢ ᠠᠴᠠ ᠡᠮᠦᠨ᠎ᠡ

ᠲᠠᠪᠴᠠᠩ ᠳᠤ ᠤᠷᠤᠭᠤᠯᠵᠤ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶᠠᠨ ᠤ ᠠᠭᠤᠷᠬᠠᠶ ᠳᠤ ᠰᠠᠭᠤᠭ᠎ᠠ

ᠠᠶᠤᠯ ᠦᠭᠡᠶ ᠶᠢᠨ ᠪᠠᠶᠢᠴᠠᠭᠠᠭᠴᠢ ᠨᠡᠭᠦᠷᠡᠰᠦᠨ ᠠᠭᠤᠷᠬᠠᠶ ᠶᠢᠨ ᠳᠠᠮᠵᠢᠭᠤᠯᠬᠤ ᠵᠢᠷᠤᠭ ᠤᠨ ᠮᠡᠳᠡᠭᠡ ᠵᠠᠩᠭᠢ ᠶᠢ ᠬᠢᠨᠠᠨ

ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠠᠮᠤᠷ

ᠲᠦᠪᠰᠢᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠬᠦᠯᠬᠦ ᠬᠡᠷᠡᠭᠲᠡᠶ᠃

     ᠨᠠᠢᠮᠠᠳᠤᠭᠠᠷ ᠵᠦᠢᠯ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠮᠠᠯᠲᠠᠬᠤ

ᠵᠥᠪᠰᠢᠶᠡᠷᠡᠯ ᠤᠨ ᠦᠨᠡᠮᠯᠡᠯ᠂ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠨᠡᠭᠦᠷᠡᠰᠦᠨ ᠤ

ᠦᠢᠯᠡᠳᠪᠦᠷᠢᠯᠡᠯ ᠤᠨ ᠵᠦᠪᠰᠢᠶᠡᠷᠡᠯ ᠤᠨ ᠦᠨᠡᠮᠯᠡᠯ᠂ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂

ᠠᠭᠤᠷᠬᠠᠶ ᠶᠢᠨ ᠳᠠᠷᠤᠭ᠎ᠠ ᠶᠢᠨ ᠬᠢᠷᠢ ᠭᠡᠮ ᠤᠨ ᠦᠨᠡᠮᠯᠡᠯ᠂ ᠠᠭᠤᠷᠬᠠᠶ ᠶᠢᠨ ᠳᠠᠷᠤᠭ᠎ᠠ ᠶᠢᠨ ᠠᠶᠤᠯᠭᠦᠶ ᠶᠢᠨ ᠬᠢᠷᠢ

ᠭᠡᠮ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ

ᠪᠠᠶᠢᠭᠤᠯᠤᠮᠵᠢ ᠶᠢᠨ ᠤᠷᠤᠯᠠᠬᠤ ᠨᠣᠮᠧᠷ ᠤᠨ ᠦᠨᠡᠮᠯᠡᠯ ᠪᠠ ᠨᠡᠭᠦᠷᠡᠰᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ

ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠨᠡᠭᠦᠷᠡᠰᠦᠨ ᠤ ᠡᠵᠡᠩᠨᠡᠯᠲᠡ ᠶᠢᠨ ᠬᠢᠷᠢ ᠭᠡᠮ ᠤᠨ

ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ

ᠪᠠᠶᠢᠭᠤᠯᠤᠮᠵᠢ ᠶᠢᠨ ᠤᠷᠤᠯᠠᠬᠤ ᠨᠣᠮᠧᠷ ᠤᠨ ᠦᠨᠡᠮᠯᠡᠯ ᠵᠡᠷᠭᠡ ᠦᠨᠡᠮᠯᠡᠯ ᠢ ᠵᠢᠷᠤᠮᠯᠠᠨ ᠬᠦᠢᠴᠡᠳᠭᠡᠭᠰᠡᠨ ᠤ ᠳᠠᠷᠠᠭ᠎ᠠ᠂

ᠠᠵᠤ ᠠᠬᠤᠶᠢᠯᠠᠯ ᠨᠢ ᠡᠷᠬᠡᠪᠰᠢ ᠭᠡᠷᠡᠴᠢ ᠦᠨᠡᠮᠯᠡᠯ ᠤᠨ ᠤᠭ ᠮᠠᠲ᠋ᠧᠷᠢᠶᠠᠯ ᠵᠢᠴᠢ ᠡᠯ᠎ᠡ ᠲᠥᠷᠥᠯ ᠤᠨ

ᠴᠤᠬᠤᠯᠠᠪᠤᠷᠢᠯᠠᠯᠲᠠ ᠶᠢᠨ ᠴᠢᠨᠠᠷᠲᠠᠶ ᠪᠢᠴᠢᠭ ᠮᠠᠲ᠋ᠧᠷᠢᠶᠠᠯ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ

ᠲᠥᠰᠦᠯ ᠵᠡᠷᠭᠡ ᠶᠢ ᠴᠠᠭ ᠲᠤᠬᠠᠶ ᠳᠤᠨᠢ ᠲᠠᠪᠴᠠᠩ ᠤᠨ ᠳ᠋ᠠᠶᠢᠲ᠋ᠠ ᠬᠥᠮᠥᠷᠭᠡ ᠳᠤ ᠰᠢᠷᠪᠢᠨ ᠤᠷᠤᠭᠤᠯᠵᠤ᠂ ᠭᠡᠷᠡᠴᠢ

ᠦᠨᠡᠮᠯᠡᠯ ᠤᠨ ᠣᠨ ᠤ ᠪᠠᠶᠢᠴᠠᠭᠠᠯᠲᠠ᠂ ᠬᠤᠪᠢᠷᠠᠯᠲᠠ᠂ ᠬᠦᠴᠦᠨ ᠦᠭᠡᠶ ᠪᠣᠯᠭᠠᠭᠰᠠᠨ ᠵᠡᠷᠭᠡ ᠪᠠᠶᠢᠳᠠᠯ ᠢ

ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠵᠦ᠂

ᠲᠡᠷᠡᠴᠢᠯᠡᠨ ᠲᠠᠪᠴᠠᠩ ᠤᠨ ᠳ᠋ᠠᠶᠢᠲ᠋ᠠ ᠬᠥᠮᠥᠷᠭᠡ ᠳᠠᠬᠢ ᠦᠨᠡᠮᠯᠡᠯ ᠤᠨ ᠮᠡᠳᠡᠭᠡ ᠵᠠᠩᠭᠢ ᠶᠢ ᠰᠢᠨᠡᠳᠬᠡᠨ᠎ᠡ᠃ ᠬᠤᠲᠠ᠂

ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ

ᠦᠨᠳᠦᠰᠦᠯᠡᠨ ᠰᠠᠷ᠎ᠠ ᠪᠦᠷᠢ ᠠᠵᠤ ᠠᠬᠤᠶᠢᠯᠠᠯ ᠤᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ

᠂ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠪᠠᠶᠢᠳᠠᠯ ᠢ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ

ᠰᠠᠯᠠᠭ᠎ᠠ ᠮᠥᠴᠢᠷ ᠲᠤ ᠮᠡᠳᠡᠬᠦᠯᠬᠦ ᠬᠡᠷᠡᠭᠲᠠᠢ᠃

     ᠶᠢᠰᠦᠳᠦᠭᠡᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠪᠢᠯᠧᠲ ᠢ ᠭᠤᠶᠤᠴᠢᠯᠠᠨ ᠠᠪᠬᠤ᠂

ᠬᠢᠨᠠᠨ ᠬᠠᠷᠭᠤᠭᠤᠯᠬᠤ᠂ ᠣᠯᠭᠤᠬᠤ ᠪᠠ ᠬᠡᠷᠡᠭᠯᠡᠬᠦ ᠳᠡᠭᠡᠨ ᠡᠷᠬᠡᠪᠰᠢ ᠲᠠᠪᠴᠠᠩ ᠢᠶᠠᠷ ᠳᠠᠮᠵᠢᠭᠤᠯᠤᠨ ᠬᠢᠬᠦ ᠬᠡᠷᠡᠭᠲᠡᠶ᠃

ᠠᠮᠤᠷ ᠲᠦᠪᠰᠢᠨ ᠤ ᠬᠢᠨᠠᠨ ᠬᠠᠮᠢᠶᠠᠷᠤᠯᠲᠠ᠂ ᠮᠡᠷᠭᠡᠵᠢᠯ ᠲᠣᠨᠣᠭᠯᠠᠯ᠂ ᠨᠡᠬᠦᠷᠡᠰᠦᠨ ᠤ ᠴᠠᠭᠳᠠᠨ ᠪᠠᠶᠢᠴᠠᠭᠠᠬᠤ᠂

ᠵᠠᠳᠠᠭᠠᠢ ᠮᠠᠯᠲᠠᠯᠲᠠ ᠶᠢ ᠬᠢᠨᠠᠨ ᠬᠠᠮᠢᠶᠠᠷᠬᠤ᠂ ᠭᠠᠯ ᠤᠨᠲᠠᠷᠠᠭᠠᠬᠤ ᠶᠢ ᠬᠢᠨᠠᠨ ᠬᠠᠮᠢᠶᠠᠷᠬᠤ ᠵᠡᠷᠭᠡ ᠰᠠᠯᠠᠭ᠎ᠠ ᠮᠥᠴᠢᠷ

ᠰᠠᠷ᠎ᠠ ᠪᠦᠷᠢ ᠶᠢᠨ ᠰᠡᠭᠦᠯᠴᠢ ᠠᠴᠠ ᠡᠮᠦᠨ᠎ᠡ ᠨᠡᠭᠦᠷᠡᠰᠦᠨ ᠤ ᠪᠢᠯᠧᠲ ᠥᠭᠬᠦ ᠨᠥᠬᠦᠴᠡᠯ ᠳᠤ ᠨᠡᠶᠢᠴᠡᠬᠦ ᠨᠡᠬᠦᠷᠡᠰᠦᠨ ᠤ

ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ ᠢ ᠲᠠᠪᠴᠠᠩ ᠢᠶᠠᠷ ᠪᠢᠯᠧᠲ ᠲᠡᠮᠲᠡᠭ ᠤᠨ

ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠬᠦᠯᠵᠤ᠂ ᠪᠢᠯᠧᠲ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ

ᠮᠥᠴᠢᠷ ᠲᠠᠪᠴᠠᠩ ᠳᠡᠭᠡᠷ᠎ᠡ ᠨᠡᠭᠦᠷᠡᠰᠦᠨ ᠪᠢᠯᠧᠲ ᠣᠯᠭᠤᠬᠤ ᠠᠵᠤ ᠠᠬᠤᠶᠢᠯᠠᠯ᠂ ᠲᠠᠷᠬᠠᠭᠠᠬᠤ ᠬᠡᠮᠵᠢᠶ᠎ᠡ᠂ ᠪᠢᠯᠧᠲ

ᠪᠠᠷᠢᠮᠲᠠ ᠶᠢᠨ ᠨᠣᠮᠧᠷ ᠢ ᠣᠨᠣᠪᠴᠢᠲᠠᠶ ᠲᠡᠮᠲᠡᠭᠯᠡᠬᠦ ᠬᠡᠷᠡᠭᠲᠠᠢ᠃

     ᠠᠷᠪᠠᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠨᠡᠭᠦᠷᠡᠰᠦᠨ ᠤ

ᠦᠢᠯᠡᠳᠬᠦᠨ ᠢᠶᠠᠨ ᠪᠣᠷᠣᠯᠠᠭᠤᠯᠬᠤ ᠦᠶ᠎ᠡ ᠳᠤ᠂ ᠡᠷᠬᠡᠪᠰᠢ ᠲᠤᠰᠬᠠᠶ ᠬᠥᠮᠦᠨ ᠵᠢᠭᠠᠨ ᠲᠣᠭᠲᠠᠭᠠᠵᠤ ᠠᠭᠤᠷᠬᠠᠶ ︵

ᠠᠵᠤ ᠠᠬᠤᠶᠢᠯᠠᠯ︶᠎ ᠎ ᠠᠴᠠ ᠭᠠᠷᠴᠤ ᠤᠷᠤᠬᠤ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠎ ᠳᠤ ᠡᠯᠧᠺᠲᠷᠣᠨ

ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠤᠨ ᠲᠤᠭ᠎ᠠ ᠪᠠᠷᠢᠮᠲᠠ ᠶᠢ ᠪᠢᠴᠢᠨ ᠤᠷᠤᠭᠤᠯᠵᠤ᠂ ᠨᠡᠭᠦᠷᠡᠰᠦ

ᠲᠡᠭᠡᠭᠡᠪᠦᠷᠢᠯᠡᠬᠦ ᠲᠡᠷᠭᠡ ᠬᠥᠰᠬᠡ ᠶᠢᠨ ᠪᠠᠭᠯᠠᠭ᠎ᠠ ᠶᠢᠨ ᠬᠦᠨᠳᠦ᠂ ᠪᠦᠬᠦᠯᠢ ᠬᠦᠨᠲᠦ᠂ ᠬᠢᠨᠠᠨ ᠲᠣᠭᠲᠠᠭᠠᠭᠰᠠᠨ

ᠳᠠᠭᠠᠭᠠᠴᠠ ᠶᠢᠨ ᠬᠡᠮᠵᠢᠶ᠎ᠡ ᠪᠣᠯᠤᠨ ᠲᠡᠷᠭᠡᠨ ᠳᠤ ᠠᠴᠢᠶᠠᠯᠠᠭᠰᠠᠨ ᠲᠣᠨ ᠨᠡᠭᠦᠷᠡᠰᠦᠨ ᠤ ᠦᠨ᠎ᠡ᠂ ᠲᠡᠭᠡᠭᠡᠪᠦᠷᠢᠯᠡᠨ

ᠬᠦᠷᠭᠡᠬᠦ ᠭᠠᠵᠠᠷ᠂ ᠠᠴᠢᠶᠠᠯᠠᠨ ᠲᠡᠭᠡᠭᠡᠪᠦᠷᠢᠯᠡᠬᠦ ᠲᠤᠭ᠎ᠠ ᠬᠡᠮᠵᠢᠶ᠎ᠡ ᠵᠡᠷᠭᠡ ᠶᠢ ᠣᠨᠣᠪᠴᠢᠲᠠᠶ ᠲᠡᠮᠲᠡᠭᠯᠡᠬᠦ ᠬᠡᠷᠡᠭᠲᠠᠢ︔

ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠡᠷᠬᠡᠪᠰᠢ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠡᠯᠧᠺᠲᠷᠤᠨ

ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠢᠶᠠᠨ ᠲᠡᠷᠭᠡᠨ ᠤ ᠡᠮᠦᠨᠡᠬᠢ ᠰᠠᠯᠬᠢᠨ ᠤ ᠬᠠᠯᠬᠠᠪᠴᠢ ᠰᠢᠯ ᠤᠨ ᠳᠤᠮᠳᠠ

ᠬᠡᠰᠡᠭ ᠲᠤ ᠪᠠᠶᠢᠷᠢᠯᠠᠭᠤᠯᠤᠨ ᠲᠣᠭᠲᠠᠭᠠᠬᠤ ᠬᠡᠷᠡᠭᠲᠡᠶ︔ ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠨᠢ ᠥᠷᠲᠡᠭᠡ

ᠥᠩᠭᠡᠷᠡᠬᠦ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠳᠤ ᠬᠢᠨᠠᠨ

ᠪᠠᠶᠢᠴᠠᠭᠠᠯᠲᠠ ᠬᠢᠬᠦ ᠶᠢ ᠬᠠᠷᠢᠭᠤᠴᠠᠬᠤ ᠬᠡᠷᠡᠭᠲᠠᠢ᠃

     ᠠᠷᠪᠠᠨ ᠨᠢᠭᠡᠳᠦᠭᠡᠷ ᠵᠦᠢᠯ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠡᠷᠬᠡᠪᠰᠢ

ᠨᠡᠬᠦᠷᠡᠰᠦᠨ ᠤ ᠠᠵᠢᠯᠲᠠᠨ ᠤ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠤᠨ ᠬᠠᠮᠢᠶ᠎ᠠ ᠪᠦᠬᠦᠢ

ᠱᠠᠭᠠᠷᠳᠠᠯᠭ᠎ᠠ ᠶᠣᠰᠣᠭᠠᠷ ᠬᠠᠷᠢᠶᠠᠯᠠᠭᠳᠠᠬᠤ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠭᠯᠠᠬᠤ ᠪᠠ ᠵᠥᠪ

ᠣᠨᠣᠪᠴᠢᠲᠠᠶ ᠰᠢᠨᠡᠳᠭᠡᠵᠤ᠂ ᠬᠤᠳᠳᠤᠭ ᠲᠤ ᠣᠷᠣᠬᠤ᠂ ᠨᠦᠬᠡᠨ ᠳᠤ ᠣᠷᠣᠬᠤ ᠦᠶᠡᠰ ᠡᠷᠬᠡᠪᠰᠢ ᠨᠡᠭᠦᠷᠡᠰᠦᠨ ᠤ

ᠠᠵᠢᠯᠲᠠᠨ ᠤ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠲᠠᠢ ᠪᠠᠶᠢᠵᠤ᠂ ᠬᠤᠳᠳᠤᠭ ᠲᠤ ᠣᠷᠣᠬᠤ᠂

ᠨᠦᠬᠡᠨ ᠳᠤ ᠣᠷᠣᠬᠤ᠂ ᠬᠤᠳᠳᠤᠭ ᠠᠴᠠ ᠭᠠᠷᠬᠤ᠂ ᠨᠦᠬᠡᠨ ᠠᠴᠠ ᠭᠠᠷᠬᠤ ᠳᠠᠭᠠᠨ ᠡᠷᠬᠡᠪᠰᠢ ᠺᠠᠷᠲ ᠬᠡᠷᠡᠭᠯᠡᠬᠦ

ᠬᠡᠷᠡᠭᠲᠡᠶ᠃

     ᠠᠷᠪᠠᠨ ᠬᠤᠶᠠᠳᠤᠭᠠᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ

ᠨᠡᠭᠦᠷᠡᠰᠦᠨ ᠠᠭᠤᠷᠬᠠᠶ ᠶᠢᠨ ᠠᠶᠤᠯᠬᠦᠢ ᠶᠢᠨ ᠬᠢᠨᠠᠨ ᠬᠠᠮᠢᠶᠠᠷᠤᠯᠲᠠ ᠶᠢᠨ ᠠᠵᠢᠯᠲᠠᠳ ᠨᠡᠭᠦᠷᠡᠰᠦᠨ ᠠᠭᠤᠷᠬᠠᠶ ᠶᠢᠨ

ᠠᠵᠤ ᠠᠬᠤᠶᠢᠯᠠᠯ ᠤᠨ ᠲᠠᠪᠴᠠᠩ ᠤᠨ ᠳ᠋ᠠᠶᠢᠲ᠋ᠠ ᠬᠥᠮᠥᠷᠭᠡ ᠳᠤ ᠣᠷᠣᠬᠤ ᠮᠧᠲ᠋ᠠᠨ᠂ ᠨᠡᠭᠦᠷᠡᠰᠦᠲᠥ᠋ᠷᠥᠭᠴᠢ ᠶᠢᠨ ᠳᠠᠩ

ᠢᠰᠦᠯ᠂ ᠴᠠᠬᠢᠯᠭᠠᠨ ᠬᠦᠷᠭᠡᠬᠦ᠂ ᠲᠥᠬᠦᠭᠡᠷᠦᠮᠵᠢ ᠶᠢ ᠨᠡᠭᠡᠭᠡᠵᠦ ᠵᠣᠭᠰᠣᠭᠠᠬᠤ᠂ ᠰᠠᠯᠬᠢᠨ ᠤ ᠳᠠᠷᠤᠯᠲᠠ᠂ ᠰᠠᠯᠬᠢᠨ ᠤ

ᠬᠤᠷᠳᠤᠴᠠ᠂ ᠤᠲᠤᠭ᠎ᠠ ᠮᠠᠨᠠᠨ᠂ ᠳᠤᠯᠠᠭᠠᠨ ᠤ ᠬᠡᠮᠵᠢᠶ᠎ᠡ᠂ ᠰᠠᠯᠬᠢᠨ ᠤ ᠬᠠᠯᠬᠠᠪᠴᠢ᠂ ᠰᠠᠯᠬᠢᠨ ᠲᠦᠩᠰᠡ ᠵᠡᠷᠭᠡ

ᠰᠡᠷᠡᠭᠳᠡᠭᠦᠷ ᠤᠨ ᠬᠢᠨᠠᠨ ᠬᠡᠮᠵᠢᠬᠦ ᠲᠤᠭ᠎ᠠ ᠬᠡᠮᠵᠢᠭᠳᠡᠯ ᠢ ᠭᠤᠤᠯᠳᠠᠯᠭ᠎ᠠ ᠲᠠᠢ ᠠᠩᠬᠠᠷᠬᠤ ᠬᠡᠷᠡᠭᠲᠡᠶ᠃ ︽ᠨᠡᠭᠦᠷᠡᠰᠦᠨ

ᠠᠭᠤᠷᠬᠠᠶ ᠶᠢᠨ ᠠᠶᠤᠯᠭᠦᠶ ᠶᠢᠨ ᠲᠦᠷᠢᠮ︾᠎ ᠳᠤ ᠨᠡᠶᠢᠴᠡᠬᠦ ᠦᠭᠡᠶ ᠪᠤᠯ᠂ ᠡ᠊ᠩ ᠤᠨ ᠪᠠᠶᠢᠳᠠᠯ ᠪᠠ ᠪᠠᠴᠢᠮ ᠪᠠᠶᠢᠳᠠᠯ ᠢ

ᠠᠵᠤ ᠠᠬᠤᠶᠢᠯᠠᠯ ᠥᠪᠡᠷ ᠢᠶᠠᠨ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠠᠢ︔ ᠠᠶᠤᠯᠬᠦᠢ ᠦᠢᠯᠡᠳᠪᠦᠷᠢᠯᠡᠯ ᠤᠨ

ᠳᠠᠯᠳᠠ ᠭᠡᠮ ᠪᠣᠯᠵᠤ ᠪᠦᠷᠢᠯᠳᠦᠭᠡᠳ ᠴᠠᠭ ᠲᠤᠬᠠᠶ ᠳᠤᠨᠢ ᠰᠢᠢᠳᠪᠦᠷᠢᠯᠡᠵᠤ ᠴᠢᠳᠠᠬᠤ ᠦᠭᠡᠶ ᠪᠣᠯ ᠬᠤᠰᠢᠭᠤ

ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠨᠢ ᠨᠡᠭᠦᠷᠡᠰᠦᠨ ᠠᠭᠤᠷᠬᠠᠶ ᠳᠤ ᠴᠠᠭ ᠲᠤᠬᠠᠶ ᠳᠤᠨᠢ ᠴᠠᠭ ᠬᠢᠵᠠᠭᠠᠷᠯᠠᠨ

ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠭᠡᠮ ᠢ ᠵᠠᠰᠠᠬᠤ ᠬᠡᠷᠡᠭᠲᠡᠶ︔

ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠪᠣᠯᠤᠭᠰᠠᠨ ᠪᠣᠯ᠂ ᠬᠤᠲᠠ ᠶᠢᠨ ᠨᠡᠭᠦᠷᠡᠰᠦᠨ ᠤ ᠲᠣᠪᠴᠢᠶ᠎ᠠ ᠨᠢ

ᠲᠤᠰᠬᠠᠶ ᠬᠥᠮᠦᠨ ᠵᠢᠭᠠᠨ ᠲᠣᠭᠲᠠᠭᠠᠵᠤ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ ᠨᠡᠭᠦᠷᠡᠰᠦᠨ

ᠠᠭᠤᠷᠬᠠᠶ ᠳᠤ ᠬᠢᠨᠠᠯᠲᠠ ᠲᠠᠯᠪᠢᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃

     ᠠᠷᠪᠠᠨ ᠭᠤᠷᠪᠠᠳᠤᠭᠠᠷ ᠵᠦᠢᠯ ᠬᠤᠲᠠ ᠶᠢᠨ ᠨᠡᠭᠦᠷᠡᠰᠦᠨ ᠤ ᠲᠣᠪᠴᠢᠶ᠎ᠠ ᠬᠤᠯᠪᠣᠭᠳᠠᠯ ᠪᠦᠬᠦᠢ ᠳᠡᠰ

ᠳᠠᠷᠠᠭᠠᠯᠠᠯ ᠶᠤᠰᠤᠭᠠᠷ᠂ ᠨᠢᠭᠡᠨ ᠥᠨᠳᠥᠷ ᠬᠢᠷᠢ ᠬᠡᠮ ᠲᠠᠢ ᠵᠠᠭᠤᠴᠢ ᠡᠯᠧᠺᠲᠷᠣᠨ ᠰᠢᠨᠵᠢᠯᠡᠬᠦ ᠮᠡᠷᠭᠡᠵᠢᠯ ᠤᠨ

ᠺᠣᠮᠫᠠᠨᠢ ᠶᠢ ᠵᠣᠬᠢᠶᠠᠨ ᠪᠠᠶᠢᠭᠤᠯᠵᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠱᠠᠭᠠᠷᠳᠠᠯᠭ᠎ᠠ ᠶᠣᠰᠣᠭᠠᠷ

ᠨᠡᠭᠦᠷᠡᠰᠦᠨ ᠤ ᠡᠯᠧᠺᠲᠷᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠢ ᠲᠠᠷᠬᠠᠭᠠᠬᠤ ᠪᠠ ᠬᠤᠷᠢᠶᠠᠨ ᠠᠪᠬᠤ

ᠠᠵᠢᠯ ᠢ ᠬᠠᠷᠢᠭᠤᠴᠠᠵᠤ᠂ ᠲᠡᠷᠡᠴᠢᠯᠡᠨ ᠨᠡᠭᠦᠷᠡᠰᠦᠨ ᠤ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ

ᠺᠠᠷᠲ ᠤᠨ ᠳᠠᠨᠵᠢᠯᠠᠭ᠎ᠠ ᠶᠢᠨ ᠮᠥᠩᠭᠦ ᠶᠢᠨ ᠪᠠᠩᠬᠢ ᠶᠢᠨ ᠬᠠᠳᠠᠭᠠᠯᠠᠮᠵᠢ ᠶᠢᠨ ᠲᠤᠰᠬᠠᠶ ᠳᠠᠩᠰᠠᠨ ᠡᠷᠦᠬᠡ ᠪᠠᠶᠢᠭᠤᠯᠵᠤ᠂

ᠪᠠᠷᠢᠴᠠᠭᠠᠨ ᠤ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠤᠲᠠ᠂ ᠬᠤᠰᠢᠭᠤ ᠲᠣᠭᠤᠷᠢᠭ ᠤᠨ

ᠨᠡᠭᠦᠷᠡᠰᠦᠨ ᠤ ᠲᠣᠪᠴᠢᠶ᠎ᠠ ᠪᠠ ᠬᠢᠨᠠᠨ ᠪᠣᠳᠣᠬᠤ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠵᠤ᠂ ᠺᠠᠷᠲ ᠤᠨ

ᠪᠠᠷᠢᠴᠠᠭᠠᠨ ᠤ ᠮᠥᠩᠭᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃

     ᠠᠷᠪᠠᠨ ᠳᠥᠷᠪᠡᠳᠦᠭᠡᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠠ

ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ᠂ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ

ᠠᠬᠤᠶᠢᠯᠠᠯ ᠡᠷᠬᠡᠪᠰᠢ ᠲᠤᠰᠬᠠᠶ ᠬᠥᠮᠦᠨ ᠲᠣᠬᠢᠷᠠᠭᠤᠯᠵᠤ 24 ᠴᠠᠭ ᠤᠨ ᠲᠠᠪᠴᠠᠩ ᠤᠨ ᠵᠢᠵᠢᠭᠦᠷᠯᠡᠨ ᠰᠠᠬᠢᠬᠤ ᠪᠠ

ᠪᠠᠴᠢᠮ ᠪᠠᠶᠢᠳᠠᠯ ᠢ ᠠᠷᠭᠠᠴᠠᠵᠤ ᠲᠣᠬᠢᠷᠠᠭᠤᠯᠬᠤ ᠠᠵᠢᠯ ᠢ ᠬᠠᠷᠢᠭᠤᠴᠠᠭᠤᠯᠬᠤ ᠶᠢᠨ ᠬᠠᠮᠲᠤ ᠵᠢᠵᠢᠭᠦᠷᠯᠡᠭᠰᠡᠨ ᠲᠡᠮᠳᠡᠭᠯᠡᠯ

᠎ ᠢ ᠰᠠᠶᠢᠲᠤᠷ ᠬᠢᠬᠦ ᠬᠡᠷᠡᠭᠲᠡᠶ᠃ ᠲᠠᠪᠴᠠᠩ ᠤᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠵᠢᠴᠢ ᠬᠢᠨᠠᠨ ᠬᠠᠷᠭᠤᠭᠤᠯᠬᠤ

ᠳᠦᠷᠢᠮ᠂ ᠵᠢᠵᠢᠭᠦᠷᠯᠡᠬᠦ ᠬᠠᠮᠢᠶᠠᠷᠤᠯᠲᠠ ᠶᠢᠨ ᠳᠦᠷᠢᠮ᠂ ᠡᠭᠡᠯᠵᠢ ᠲᠤᠰᠢᠶᠠᠬᠤ ᠪᠠ ᠬᠦᠯᠢᠶᠡᠨ ᠠᠪᠬᠤ ᠳᠦᠷᠢᠮ᠂

ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠳᠠᠯᠳᠠ ᠭᠡᠮ ᠢ ᠪᠠᠶᠢᠴᠠᠭᠠᠵᠤ ᠴᠡᠭᠴᠡᠯᠡᠨ

ᠰᠠᠶᠢᠵᠢᠷᠠᠭᠤᠯᠬᠤ ᠳᠦᠷᠢᠮ ᠪᠠ ᠳᠠᠯᠳᠠ ᠭᠡᠮ ᠢ ᠲᠦᠭᠰᠢᠭᠦᠷᠢ ᠮᠡᠳᠡᠭᠦᠯᠦᠨ ᠰᠢᠢᠳᠪᠦᠷᠢᠯᠡᠬᠦ ᠠᠵᠢᠯ ᠤᠨ ᠴᠤᠪᠤᠷᠠᠯ ᠢ

ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃

     ᠠᠷᠪᠠᠨ ᠲᠠᠪᠤᠳᠤᠭᠠᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ

ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠂ ᠨᠡᠬᠦᠷᠡᠰᠦᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ

ᠠᠬᠤᠶᠢᠯᠠᠯ ᠡᠷᠬᠡᠪᠰᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠠᠪᠴᠠᠩ ᠢ 24 ᠴᠠᠭ ᠲᠠᠰᠤᠯᠳᠠᠭᠤᠯᠬᠤ

ᠦᠭᠡᠶ ᠪᠠᠷ ᠠᠵᠢᠯᠯᠠᠭᠤᠯᠬᠤ ᠶᠢ ᠪᠠᠲᠤᠯᠠᠨ᠎ᠠ᠃ ᠲᠣᠣᠷ ᠰᠦᠯᠵᠢᠶ᠎ᠡ ᠲᠠᠰᠤᠷᠠᠬᠤ ᠪᠤᠶᠤ ᠲᠣᠨᠤᠭ ᠲᠥᠬᠦᠭᠡᠷᠦᠮᠵᠢ

ᠡᠪᠳᠡᠷᠡᠬᠦ ᠪᠠᠶᠢᠳᠠᠯ ᠭᠠᠷᠪᠠᠯ᠂ ᠰᠦᠯᠵᠢᠶᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠲᠥᠬᠦᠭᠡᠷᠦᠮᠵᠢ ᠶᠢ

ᠬᠠᠮᠠᠭᠠᠯᠠᠬᠤ ᠪᠠᠶᠢᠭᠤᠯᠤᠮᠵᠢ ᠳᠤ ᠳᠠᠷᠦ᠋ᠢᠬᠠᠨ ᠮᠡᠳᠡᠭᠳᠡᠬᠦ ᠶᠢᠨ ᠬᠠᠮᠲᠤ ᠲᠤᠰ ᠨᠢᠭᠡᠴᠡ ᠶᠢᠨ ᠢᠶᠠᠨ ᠤᠳᠤᠷᠢᠳᠤᠯᠭ᠎ᠠ ᠳᠤ

ᠬᠠᠷᠢᠭᠤ ᠮᠡᠳᠡᠭᠦᠯᠵᠦ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠶ᠃

     ᠠᠷᠪᠠᠨ ᠵᠢᠷᠭᠤᠳᠤᠭᠠᠷ ᠵᠦᠢᠯ ᠰᠠᠨᠠᠭᠠᠨ ᠳᠤ ᠦᠭᠡᠶ ᠪᠠᠶᠢᠳᠠᠯ ᠢᠶᠠᠷ ᠰᠦᠯᠵᠢᠶ᠎ᠡ ᠲᠠᠰᠤᠷᠠᠭᠰᠠᠨ ᠪᠤᠶᠤ

ᠲᠥᠬᠦᠬᠡᠷᠦᠮᠵᠢ ᠨᠢ ᠡᠪᠳᠡᠭᠳᠡᠭᠰᠡᠨ ᠠᠴᠠ ᠪᠣᠯᠵᠤ ᠲᠠᠪᠴᠠᠩ ᠨᠢ ᠬᠤᠶᠠᠷ ᠴᠠᠭ ᠠᠴᠠ ᠳᠡᠭᠡᠭᠰᠢ ᠬᠡᠪ ᠤᠨ ᠶᠣᠰᠣᠭᠠᠷ

ᠠᠵᠢᠯᠯᠠᠵᠤ ᠴᠢᠳᠠᠬᠤ ᠦᠭᠡᠶ ᠪᠣᠯᠤᠭᠰᠠᠨ ᠦᠶ᠎ᠡ ᠳᠤ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ᠂

ᠨᠡᠭᠦᠷᠡᠰᠦᠨ ᠤ ᠬᠠᠮᠢᠶᠠᠷᠤᠯᠲᠠ ᠶᠢᠨ ᠥᠷᠲᠡᠭᠡ ᠪᠣᠯᠤᠨ ᠨᠡᠬᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ

ᠠᠬᠤᠶᠢᠯᠠᠯ ᠡᠷᠬᠡᠪᠰᠢ ᠳᠠᠷᠦ᠋ᠢᠬᠠᠨ ᠳᠡᠭᠡᠷ᠎ᠡ ᠨᠢᠭᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ

ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠶ︔ ᠬᠤᠲᠠ ᠶᠢᠨ

ᠨᠡᠭᠦᠷᠡᠰᠦᠨ ᠤ ᠲᠣᠪᠴᠢᠶ᠎ᠠ ᠶᠢᠨ ᠲᠠᠪᠴᠠᠩ ᠤᠨ ᠬᠠᠮᠢᠶᠠᠷᠤᠯᠲᠠ ᠶᠢᠨ ᠠᠵᠢᠯᠲᠠᠨ ᠳᠠᠷᠦ᠋ᠢᠬᠠᠨ ᠬᠤᠪᠢᠶᠠᠨ ᠬᠠᠮᠢᠶᠠᠷᠬᠤ

ᠲᠣᠪᠴᠢᠶ᠎ᠠ ᠶᠢᠨ ᠤᠳᠤᠷᠢᠳᠤᠯᠭ᠎ᠠ ᠳᠤ ᠬᠠᠷᠢᠭᠤ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠰᠢᠢᠳᠪᠦᠷᠢᠯᠡᠬᠦ

ᠬᠡᠷᠡᠭᠲᠡᠶ᠃

     ᠠᠷᠪᠠᠨ ᠳᠣᠯᠣᠳᠤᠭᠠᠷ ᠵᠦᠢᠯ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ᠂

ᠦᠬᠡᠷᠡᠴᠢᠯᠡᠨ ᠪᠠᠶᠢᠭᠤᠯᠬᠤ ᠪᠠ ᠬᠢᠨᠠᠨ ᠬᠡᠮᠵᠢᠵᠦ ᠬᠢᠨᠠᠨ ᠡᠵᠡᠮᠳᠡᠬᠦ᠂ ᠬᠤᠳᠳᠤᠭ ᠲᠤᠤᠷᠠᠬᠢ ᠬᠥᠮᠦᠰ ᠤᠨ ᠪᠠᠶᠢᠷᠢ

ᠲᠤᠭᠳᠠᠭᠠᠯᠲᠠ᠂ ᠪᠠᠴᠢᠮ ᠲᠦᠭᠰᠢᠭᠦᠷᠢ ᠠᠴᠠ ᠵᠠᠶᠢᠯᠠᠬᠤ᠂ ᠰᠠᠯᠬᠢ ᠠᠪᠴᠢᠭᠤᠯᠵᠤ ᠥᠪᠡᠷ ᠢ ᠪᠠᠨ ᠠᠪᠤᠷᠠᠬᠤ᠂ ᠤᠰᠤ

ᠬᠠᠩᠭᠠᠵᠤ ᠠᠪᠤᠷᠠᠬᠤ ᠪᠠ ᠴᠢᠮᠡᠭᠡ ᠬᠤᠯᠪᠣᠭ᠎ᠠ ᠠᠪᠬᠤ ᠰᠢᠰᠲ᠋ᠧᠮ ᠨᠢ ᠨᠢᠭᠡᠳᠦᠯᠲᠡᠶ ᠲᠤᠭ᠎ᠠ ᠪᠠᠷᠢᠮᠲᠠ ᠰᠣᠯᠢᠯᠴᠠᠬᠤ

ᠵᠠᠯᠭᠠᠭᠠᠰᠤ ᠶᠢ ᠬᠡᠷᠡᠭᠯᠡᠨ ᠲᠠᠪᠴᠠᠩ ᠳᠤ ᠵᠠᠯᠭᠠᠨ ᠤᠷᠤᠭᠤᠯᠵᠤ᠂ ᠨᠡᠭᠦᠷᠡᠰᠦᠨ ᠠᠭᠤᠷᠬᠠᠶ ᠶᠢᠨ ᠠᠩᠬ᠎ᠠ ᠠᠯᠬᠤᠮ ᠤᠨ

ᠵᠢᠷᠤᠭ ᠲᠥᠯᠥᠪᠯᠡᠭᠡ᠂ ᠠᠶᠤᠯᠬᠦᠢ ᠶᠢᠨ ᠲᠤᠰᠬᠠᠶ ᠮᠡᠳᠡᠭᠡ᠂ ᠠᠶᠤᠯᠬᠦᠢ ᠦᠢᠯᠡᠳᠪᠦᠷᠢᠯᠡᠯ ᠤᠨ ᠶᠠᠰᠤ ᠴᠢᠨᠠᠷ ᠤᠨ

ᠪᠠᠷᠢᠮᠵᠢᠶᠠᠵᠢᠭᠤᠯᠤᠭᠰᠠᠨ ᠪᠠᠷᠢᠮᠵᠢᠶ᠎ᠠ ᠳᠤ ᠬᠦᠷᠦᠭᠦᠯᠬᠦ ᠵᠡᠷᠭᠡ ᠲᠠᠢ ᠵᠡᠷᠭᠡ ᠳᠤᠨᠢ ᠵᠢᠷᠤᠭᠯᠠᠨ ᠲᠥᠯᠥᠪᠯᠡᠵᠦ᠂ ᠬᠢᠨᠠᠨ

ᠵᠥᠪᠰᠢᠶᠡᠷᠡᠵᠦ᠂ ᠪᠠᠷᠢᠯᠭ᠎ᠠ ᠪᠠᠷᠢᠵᠤ᠂ ᠰᠢᠯᠭᠠᠨ ᠬᠤᠷᠢᠶᠠᠬᠤ ᠬᠡᠷᠡᠭᠲᠡᠶ᠃

     ᠠᠷᠪᠠᠨ ᠨᠠᠢᠮᠠᠳᠤᠭᠠᠷ ᠵᠦᠢᠯ ᠲᠠᠪᠴᠠᠩ ᠳᠤ ᠬᠤᠶᠠᠳᠤᠭᠠᠷ ᠳᠡᠰ ᠠᠴᠠ ᠡᠷᠬᠡ ᠣᠯᠭᠤᠭᠰᠠᠨ ᠠᠵᠢᠯ ᠤᠨ ᠨᠣᠮᠧᠷ

ᠪᠠ ᠡᠷᠬᠡ ᠮᠡᠳᠡᠯ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ ᠬᠤᠲᠠ ᠶᠢᠨ ᠨᠡᠭᠦᠷᠡᠰᠦᠨ ᠤ

ᠲᠣᠪᠴᠢᠶ᠎ᠠ ᠶᠢᠨ ᠲᠠᠪᠴᠠᠩ ᠬᠠᠮᠢᠶᠠᠷᠤᠭᠴᠢ ᠨᠢ ᠲᠤᠰ ᠨᠢᠭᠡᠴᠡ ᠵᠢᠴᠢ ᠬᠤᠰᠢᠭᠤ ᠲᠣᠭᠤᠷᠢᠭ ᠤᠨ ᠨᠡᠭᠦᠷᠡᠰᠦᠨ ᠤ

ᠲᠣᠪᠴᠢᠶ᠎ᠠ ᠪᠣᠯᠤᠨ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠨᠢᠭᠡᠴᠡ ᠶᠢᠨ

ᠲᠠᠪᠴᠠᠩ ᠤᠨ ᠬᠠᠮᠢᠶᠠᠷᠤᠭᠴᠢ ᠶᠢᠨ ᠠᠵᠢᠯ ᠤᠨ ᠨᠣᠮᠧᠷ ᠪᠠ ᠡᠷᠬᠡ  ᠮᠡᠳᠡᠯ ᠤᠨ ᠬᠤᠪᠢᠶᠠᠷᠢᠯᠠᠯᠲᠠ ᠶᠢ ᠬᠠᠷᠢᠭᠤᠴᠠᠬᠤ

ᠬᠡᠷᠡᠭᠲᠠᠢ︔ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ ᠨᠡᠭᠦᠷᠡᠰᠦᠨ ᠤ ᠦᠢᠯᠡᠳᠪᠦᠷᠢᠯᠡᠯ᠂

ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠨᠢᠭᠡᠴᠡ ᠲᠤᠰᠬᠠᠶ ᠬᠥᠮᠦᠨ ᠵᠢᠭᠠᠨ ᠲᠣᠭᠲᠠᠭᠠᠵᠤ ᠲᠤᠰ

ᠨᠢᠭᠡᠴᠡ ᠶᠢᠨ ᠢᠶᠠᠨ ᠲᠠᠪᠴᠠᠩ ᠤᠨ ᠠᠵᠢᠯ ᠤᠨ ᠨᠤᠮᠧᠷ ᠤᠨ ᠬᠤᠪᠢᠶᠠᠷᠢᠯᠠᠯᠲᠠ ᠪᠠ ᠡᠷᠬᠡ ᠮᠡᠳᠡᠯ ᠤᠨ

ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠶ᠃

     ᠠᠷᠪᠠ ᠶᠢᠰᠦᠳᠦᠭᠡᠷ ᠵᠦᠢᠯ ᠲᠠᠪᠴᠠᠩ ᠤᠨ ᠭᠡᠷᠡᠭᠯᠡᠭᠴᠢ ᠲᠤᠰ ᠨᠢᠭᠡᠴᠡ ᠶᠢᠨ ᠪᠢᠴᠢᠭ ᠤᠨ ᠵᠦᠪᠰᠢᠶ᠋ᠷᠡᠯ ᠦᠭᠡᠶ

ᠪᠣᠯ ᠲᠠᠪᠴᠠᠩ ᠤᠨ ᠮᠡᠳᠡᠭᠡ ᠵᠠᠩᠭᠢ ᠪᠠ ᠠᠵᠢᠯ ᠤᠨ ᠨᠤᠮᠧᠷ ᠤᠨ ᠮᠡᠳᠡᠭᠡ ᠵᠠᠩᠭᠢ ᠶᠢ ᠪᠤᠰᠤᠳ ᠲᠤ ᠵᠠᠳᠠᠷᠠᠭᠤᠯᠵᠤ

ᠪᠣᠯᠬᠤ ᠦᠭᠡᠶ︔ ᠲᠠᠪᠴᠠᠩ ᠤᠨ ᠬᠡᠷᠡᠭᠯᠡᠭᠴᠢ ᠶᠢᠨ ᠬᠤᠪᠢ ᠬᠥᠮᠦᠨ ᠤ ᠠᠵᠢᠯᠯᠠᠬᠤ ᠮᠠᠰᠢᠨ ᠨᠢ ᠡᠷᠬᠡᠪᠰᠢ

ᠤᠯᠤᠰ ᠠᠴᠠ ᠵᠢᠩᠬᠢᠨᠢ ᠵᠦᠪᠰᠢᠶᠡᠷᠡᠭᠰᠡᠨ ᠸᠢᠷᠦ᠋ᠰ ᠢ ᠰᠡᠷᠭᠡᠶᠢᠯᠡᠬᠦ ᠵᠥᠭᠡᠯᠡᠨ ᠲᠣᠨᠤᠭ ᠢ ᠤᠭᠰᠠᠷᠠᠭᠰᠠᠨ ᠤ ᠳᠠᠷᠠᠭ᠎ᠠ

ᠰᠠᠶ᠋ᠢ ᠬᠡᠷᠡᠭᠯᠡᠬᠦ ᠲᠠᠪᠴᠠᠩ ᠢ ᠬᠡᠷᠡᠭᠯᠡᠵᠦ ᠪᠣᠯᠤᠨ᠎ᠠ᠃ ᠲᠠᠪᠴᠠᠩ ᠤᠨ ᠬᠡᠷᠡᠭᠯᠡᠭᠴᠢ ᠮᠠᠭᠤ ᠰᠠᠨᠠᠭᠠᠲᠤ ᠲᠠᠭᠠᠷᠢᠯᠲᠠ ᠶᠢ

ᠣᠯᠵᠤ ᠮᠡᠳᠡᠪᠡᠯ᠂ ᠲᠤᠰ ᠨᠢᠭᠡᠴᠡ ᠶᠢᠨ ᠬᠠᠷᠢᠭᠤᠴᠠᠯᠭᠠᠲᠠᠨ ᠪᠣᠯᠤᠨ ᠬᠤᠲᠠ ᠶᠢᠨ ᠨᠡᠭᠦᠷᠡᠰᠦᠨ ᠤ ᠲᠣᠪᠴᠢᠶ᠎ᠠ ᠶᠢᠨ

ᠲᠠᠪᠴᠠᠩ ᠤᠨ ᠬᠠᠮᠢᠶᠠᠷᠤᠭᠴᠢ ᠳᠤ ᠳᠠᠷᠤᠶ ᠲᠦᠷᠭᠡᠨ ᠮᠡᠳᠡᠬᠦᠯᠬᠦ ᠬᠡᠷᠡᠭᠲᠡᠶ︔ ᠲᠠᠪᠴᠠᠩ ᠢ ᠬᠡᠷᠡᠭᠯᠡᠬᠦ ᠨᠢᠭᠡᠴᠡ ᠪᠣᠯᠤᠨ

ᠬᠤᠪᠢ ᠬᠥᠮᠦᠨ ᠲᠠᠪᠴᠠᠩ ᠢ ᠠᠰᠢᠭᠯᠠᠨ ᠲᠠᠪᠴᠠᠩ ᠤᠨ ᠠᠵᠢᠯᠯᠠᠭᠠᠨ ᠯᠤᠭ᠎ᠠ ᠬᠠᠮᠢᠶ᠎ᠠ ᠦᠭᠡᠢ ᠮᠡᠳᠡᠭᠡ ᠵᠠᠩᠭᠢ ᠶᠢ

ᠨᠡᠶᠢᠲᠡᠯᠡᠬᠦ᠂ ᠳᠠᠮᠵᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃

    ᠭᠤᠷᠪᠠᠳᠤᠭᠠᠷ ᠪᠦᠯᠦᠭ     ᠪᠠᠶᠢᠭᠤᠯᠤᠮᠵᠢ᠂ ᠠᠵᠢᠯᠲᠠᠨ᠂ ᠵᠠᠷᠤᠳᠠᠯ ᠤᠨ ᠪᠠᠲᠤᠯᠠᠭ᠎ᠠ

                          ᠪᠣᠯᠤᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ

     ᠬᠤᠷᠢᠳᠤᠭᠠᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠠ ᠨᠡᠭᠦᠷᠡᠰᠦᠨ ᠤ

ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ᠂ ᠪᠠᠶᠢᠭᠤᠯᠤᠮᠵᠢ ᠶᠢ ᠴᠣᠮᠬᠠᠳᠬᠠᠬᠤ᠂ ᠲᠤᠰᠢᠶᠠᠯ ᠴᠢᠳᠠᠪᠤᠷᠢ

᠎ ᠶᠢ ᠨᠢᠭᠡᠳᠬᠡᠬᠦ ᠵᠠᠷᠴᠢᠮ ᠶᠣᠰᠣᠭᠠᠷ ᠮᠡᠳᠡᠭᠡ ᠵᠠᠩᠭᠢ ᠶᠢᠨ ᠲᠥᠪ ᠢ ᠨᠢᠭᠡᠳᠦᠯᠲᠡᠶ ᠲᠣᠬᠢᠷᠠᠭᠤᠯᠬᠤ ᠬᠡᠷᠡᠭᠲᠡᠶ︔

ᠲᠠᠪᠴᠠᠩ ᠢ 24 ᠴᠠᠭ ᠢᠶᠠᠷ ᠠᠵᠢᠯᠯᠠᠭᠤᠯᠵᠤ ᠵᠢᠵᠢᠭᠦᠷᠯᠡᠬᠦ ᠶᠢ ᠬᠠᠩᠭᠠᠵᠤ ᠲᠡᠶᠢᠯᠬᠦ ᠠᠵᠢᠯᠲᠠᠨ ᠤ ᠲᠤᠭ᠎ᠠ ᠶᠢ

ᠲᠤᠬᠢᠷᠠᠭᠤᠯᠵᠤ᠂ ᠲᠠᠪᠴᠠᠩ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠠᠯᠤᠰ ᠠᠴᠠ ᠬᠢᠨᠠᠨ ᠬᠡᠮᠵᠢᠵᠦ

ᠬᠢᠨᠠᠨ ᠡᠵᠡᠮᠳᠡᠬᠦ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠬᠤ ᠪᠠ ᠲᠣᠬᠢᠷᠠᠭᠤᠯᠤᠨ ᠬᠠᠮᠢᠶᠠᠷᠬᠤ ᠵᠡᠷᠭᠡ ᠠᠵᠢᠯ ᠢ

ᠨᠢᠭᠡᠳᠦᠯᠲᠠᠢ ᠬᠠᠷᠢᠭᠤᠴᠠᠬᠤ ᠬᠡᠷᠡᠭᠲᠡᠶ᠃

     ᠬᠤᠲᠠ ᠶᠢᠨ ᠨᠡᠭᠦᠷᠡᠰᠦᠨ ᠤ ᠲᠣᠪᠴᠢᠶ᠎ᠠ ᠶᠢᠨ ᠲᠠᠪᠴᠠᠩ ᠤᠨ ᠠᠵᠢᠯᠯᠠᠭᠠᠨ ᠢ ᠬᠠᠮᠠᠭᠠᠯᠠᠬᠤ ᠪᠠ ᠪᠠᠴᠢᠮ

ᠪᠠᠶᠢᠳᠠᠯ ᠢ ᠠᠷᠭᠠᠴᠠᠬᠤ ᠲᠣᠬᠢᠷᠠᠭᠤᠯᠤᠯᠲᠠ ᠶᠢᠨ ᠠᠵᠢᠯ ᠢ ᠬᠠᠷᠢᠭᠤᠴᠠᠭᠤᠯᠬᠤ ᠪᠠᠷ 20 ᠬᠥᠮᠦᠨ ᠲᠣᠬᠢᠷᠠᠭᠤᠯᠤᠨ᠎ᠠ︔

ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠣᠲᠤᠭ ᠬᠤᠰᠢᠭᠤᠨ ᠤ ᠨᠡᠭᠦᠷᠡᠰᠦᠨ ᠤ ᠲᠣᠪᠴᠢᠶ᠎ᠠ ᠶᠢᠨ

ᠠᠵᠢᠯᠯᠠᠭᠠᠨ ᠤ ᠬᠠᠮᠠᠭᠠᠯᠠᠯᠲᠠ ᠪᠠ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠭ᠎ᠠ ᠶᠢ ᠬᠠᠷᠢᠭᠤᠴᠠᠭᠤᠯᠬᠤ ᠪᠠᠷ 15

ᠬᠥᠮᠦᠨ ᠲᠣᠬᠢᠷᠠᠭᠤᠯᠵᠤ᠂ ᠪᠤᠰᠤᠳ ᠬᠤᠰᠢᠭᠤ ᠲᠣᠭᠤᠷᠢᠭ ᠲᠤ 9 ᠬᠥᠮᠦᠨ ᠲᠤᠬᠢᠷᠠᠭᠤᠯᠬᠤ ᠬᠡᠷᠡᠭᠲᠠᠢ︔

ᠦᠢᠯᠡᠳᠪᠦᠷᠢᠯᠡᠬᠦ ᠴᠢᠳᠠᠪᠤᠷᠢ ᠨᠢ 120 ᠲᠦᠮᠡᠨ ᠲᠣᠨ ᠠᠴᠠ ᠳᠣᠷᠣᠭᠰᠢᠬᠢ ᠬᠤᠳᠳᠤᠭ ᠤᠨ ᠨᠡᠬᠦᠷᠡᠰᠦᠨ ᠠᠭᠤᠷᠬᠠᠶ

᠂ 300 ᠲᠦᠮᠡᠨ ᠲᠣᠨ ᠠᠴᠠ ᠳᠣᠷᠣᠭᠰᠢᠬᠢ ᠵᠠᠳᠠᠭᠠᠶ ᠨᠡᠭᠦᠷᠡᠰᠦᠨ ᠠᠭᠤᠷᠬᠠᠶ ᠶᠢᠨ ᠮᠡᠳᠡᠭᠡ ᠵᠠᠩᠬᠢᠴᠢᠯᠠᠯᠲᠠ ᠶᠢᠨ

ᠲᠤᠰᠬᠠᠶ ᠠᠵᠢᠯᠲᠠᠨ ᠢ 5 ᠬᠥᠮᠦᠨ ᠠᠴᠠ ᠴᠦᠬᠡᠨ ᠪᠠᠶᠢᠯᠭᠠᠵᠤ ᠪᠤᠯᠬᠤ ᠦᠬᠡᠢ︔ ᠦᠢᠯᠡᠳᠪᠦᠷᠢᠯᠡᠬᠦ ᠴᠢᠳᠠᠪᠤᠷᠢ ᠨᠢ

120 ᠲᠦᠮᠡᠨ ᠲᠣᠨ ᠠᠴᠠ 300 ᠲᠦᠮᠡᠨ ᠲᠣᠨ ᠤ ᠬᠤᠳᠳᠤᠭ ᠮᠠᠯᠲᠠᠬᠤ ᠠᠭᠤᠷᠬᠠᠶ᠂ 300 ᠲᠦᠮᠡᠨ

ᠲᠣᠨ ᠠᠴᠠ 600 ᠲᠦᠮᠡᠨ ᠲᠣᠨ ᠤ ᠵᠠᠳᠠᠭᠠᠶ ᠨᠡᠭᠦᠷᠡᠰᠦᠨ ᠠᠭᠤᠷᠬᠠᠶ ᠶᠢᠨ ᠮᠡᠳᠡᠭᠡ ᠵᠠᠩᠬᠢᠴᠢᠯᠠᠯᠲᠠ ᠶᠢᠨ  ᠲᠤᠰᠬᠠᠢ

ᠠᠵᠢᠯᠲᠠᠨ ᠢ 9 ᠬᠥᠮᠦᠨ ᠠᠴᠠ ᠴᠦᠬᠡᠨ ᠪᠠᠶᠢᠯᠭᠠᠵᠤ ᠪᠣᠯᠬᠤ ᠦᠭᠡᠶ︔ ᠦᠢᠯᠡᠳᠪᠦᠷᠢᠯᠡᠬᠦ ᠴᠢᠳᠠᠪᠤᠷᠢ ᠨᠢ 300

ᠲᠦᠮᠡᠨ ᠲᠣᠨ ᠠᠴᠠ ᠳᠡᠭᠡᠭᠰᠢᠬᠢ ᠬᠤᠳᠳᠤᠭ ᠮᠠᠯᠲᠠᠬᠤ ᠠᠭᠤᠷᠬᠠᠶ᠂ 600 ᠲᠦᠮᠡᠨ ᠲᠣᠨ ᠠᠴᠠ ᠳᠡᠭᠡᠭᠰᠢᠬᠢ

ᠵᠠᠳᠠᠭᠠᠶ ᠨᠡᠭᠦᠷᠡᠰᠦᠨ ᠠᠭᠤᠷᠬᠠᠶ ᠶᠢᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠠᠵᠢᠯᠲᠠᠨ ᠢ 15 ᠬᠥᠮᠦᠨ ᠠᠴᠠ

ᠴᠦᠬᠡᠨ ᠪᠠᠶᠢᠯᠭᠠᠵᠤ ᠪᠣᠯᠬᠤ ᠦᠭᠡᠶ᠂ ᠨᠡᠭᠦᠷᠡᠰᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠮᠡᠳᠡᠭᠡ

ᠵᠠᠩᠬᠢᠴᠢᠯᠠᠯᠲᠠ ᠶᠢᠨ ᠲᠤᠰᠬᠠᠶ ᠠᠵᠢᠯᠲᠠᠨ ᠢ 3 ᠬᠦᠮᠦᠨ ᠠᠴᠠ ᠴᠦᠬᠡᠨ ᠪᠠᠶᠢᠯᠭᠠᠵᠤ ᠪᠤᠯᠬᠤ ᠦᠬᠡᠢ᠃

     ᠬᠤᠷᠢᠨ ᠨᠢᠭᠡᠳᠦᠭᠡᠷ ᠵᠦᠢᠯ ᠲᠠᠪᠴᠠᠩ ᠤᠨ ᠠᠵᠢᠯᠲᠠᠨ ᠡᠷᠬᠡᠪᠰᠢ ᠨᠡᠭᠦᠷᠡᠰᠦᠨ ᠠᠭᠤᠷᠬᠠᠶ ᠶᠢᠨ ᠠᠯᠤᠰ ᠠᠴᠠ

ᠬᠢᠨᠠᠨ ᠡᠵᠡᠮᠳᠡᠵᠤ ᠬᠢᠨᠠᠨ ᠬᠡᠮᠵᠢᠬᠦ ᠰᠢᠰᠲ᠋ᠧᠮ ᠤᠨ ᠲᠤᠰᠬᠠᠶ ᠠᠵᠢᠯᠲᠠᠨ ᠤ ᠪᠠᠷᠢᠮᠵᠢᠶ᠎ᠠ ᠶᠣᠰᠣᠭᠠᠷ ᠲᠤᠬᠢᠷᠠᠭᠤᠯᠵᠤ᠂

ᠣᠨᠴᠠ ᠲᠥᠷᠥᠯ ᠤᠨ ᠠᠵᠢᠯ ᠡᠷᠬᠢᠯᠡᠭᠰᠡᠳ ᠤᠨ ᠠᠵᠢᠯ ᠤᠨ ᠪᠠᠶᠢᠷᠢ ᠳᠤ ᠭᠠᠷᠬᠤ ᠱᠠᠭᠠᠷᠳᠠᠯᠭ᠎ᠠ ᠶᠣᠰᠣᠭᠠᠷ

ᠪᠣᠯᠪᠠᠰᠤᠷᠠᠯ ᠬᠢᠵᠤ᠂ ᠦᠨᠡᠮᠯᠡᠯ ᠲᠠᠢ ᠪᠣᠯ ᠰᠠᠶ᠋ᠢ ᠠᠵᠢᠯ ᠤᠨ ᠪᠠᠶᠢᠷᠢᠨ ᠳᠤ ᠭᠠᠷᠴᠤ ᠪᠣᠯᠤᠨ᠎ᠠ᠂ ᠠᠵᠢᠯ ᠤᠨ

ᠪᠠᠶᠢᠷᠢᠨ ᠳᠤ ᠭᠠᠷᠬᠤ ᠦᠶ᠎ᠡ ᠳᠤ ᠨᠢᠭᠡᠳᠦᠯᠲᠡᠶ ᠬᠤᠪᠴᠠᠰᠣᠯᠠᠵᠤ᠂ ᠡᠩᠭᠡᠷ ᠤᠨ ᠺᠠᠷᠲ ᠵᠡᠭᠦᠵᠦ᠂ ᠲᠠᠪᠴᠠᠩ ᠤᠨ

ᠠᠵᠢᠯᠲᠠᠨ ᠤ ᠴᠠᠯᠢᠩ ᠬᠥᠯᠥᠰᠥ ᠶᠢ ᠲᠤᠰ ᠨᠢᠭᠡᠴᠡ ᠶᠢᠨ ᠠᠳᠠᠯᠢ ᠲᠠᠰ ᠤᠨ ᠲᠤᠰᠬᠠᠶ ᠮᠡᠷᠭᠡᠵᠢᠯ ᠤᠨ ᠠᠵᠢᠯ ᠤᠨ

ᠪᠠᠶᠢᠷᠢ ᠶᠢᠨ ᠬᠥᠮᠦᠰ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃

     ᠬᠤᠷᠢᠨ ᠬᠤᠶᠠᠳᠤᠭᠠᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠪᠣᠯᠤᠨ

ᠨᠡᠬᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠤᠨ ᠭᠠᠷᠭᠠᠨ ᠠᠪᠤᠭᠰᠠᠨ ᠨᠡᠭᠦᠷᠡᠰᠦᠨ ᠤ

ᠦᠢᠯᠡᠳᠪᠦᠷᠢᠯᠡᠯ ᠤᠨ ᠠᠶᠤᠯᠬᠦᠢ ᠶᠢᠨ ᠰᠦᠢᠳᠬᠡᠯ ᠤᠨ ᠳᠤᠮᠳᠠ ᠨᠡᠭᠦᠷᠡᠰᠦᠨ ᠤ ᠠᠵᠤ ᠦᠢᠯᠡᠳᠪᠦᠷᠢ ᠶᠢᠨ ᠮᠡᠳᠡᠭᠡ

ᠵᠠᠩᠬᠢᠴᠢᠯᠠᠯᠲᠠ ᠶᠢᠨ ᠪᠠᠶᠢᠭᠤᠯᠤᠯᠲᠠ ᠪᠣᠯᠤᠨ ᠲᠠᠪᠴᠠᠩ ᠤᠨ ᠬᠠᠮᠠᠭᠠᠯᠠᠯᠲᠠ ᠶᠢᠨ ᠲᠤᠰᠬᠠᠶ ᠪᠡᠯᠡ ᠮᠥᠩᠭᠦ ᠶᠢ

ᠲᠣᠬᠢᠷᠠᠭᠤᠯᠵᠤ᠂ ᠪᠡᠯᠡᠳᠬᠡᠯ ᠰᠦᠯᠵᠢᠶᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ

ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠨᠡᠭᠦᠷᠡᠰᠦᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ

ᠠᠬᠢᠭᠤᠯᠬᠤ ᠬᠡᠷᠡᠭᠲᠠᠢ᠃

     ᠬᠤᠷᠢᠨ ᠭᠤᠷᠪᠠᠳᠤᠭᠠᠷ ᠵᠦᠢᠯ ᠬᠤᠲᠠ᠂ ᠬᠤᠰᠢᠭᠤ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠨᠢ

ᠨᠡᠭᠦᠷᠡᠰᠦᠨ ᠤ ᠠᠵᠢᠯ ᠡᠷᠬᠢᠯᠡᠭᠰᠡᠳ ᠤᠨ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠵᠡᠬᠦᠬᠦ ᠪᠠ

ᠬᠡᠷᠡᠭᠯᠡᠬᠦ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠠᠢ︔ ᠨᠡᠭᠦᠷᠡᠰᠦ ᠲᠡᠭᠡᠭᠡᠪᠦᠷᠢᠯᠡᠬᠦ

ᠲᠡᠷᠭᠡ ᠬᠥᠰᠬᠡ ᠶᠢᠨ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠺᠠᠷᠲ ᠬᠡᠷᠡᠭᠯᠡᠬᠦ ᠡᠳᠦᠷ ᠲᠤᠲᠤᠮ ᠤᠨ

ᠬᠢᠨᠠᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠠᠢ︔ ᠨᠡᠭᠦᠷᠡᠰᠦᠨ ᠤ ᠡᠯᠧᠺᠲᠷᠣᠨ ᠪᠡᠶ᠎ᠡ ᠶᠢᠨ ᠭᠠᠷᠤᠯ ᠢ ᠢᠯᠭᠠᠨ

ᠲᠠᠨᠢᠬᠤ ᠺᠠᠷᠲ ᠣᠯᠭᠤᠬᠤ᠂ ᠲᠣᠬᠢᠷᠠᠭᠤᠯᠤᠨ ᠠᠪᠬᠤ᠂ ᠬᠡᠷᠡᠭᠯᠡᠬᠦ᠂ ᠡᠭᠡᠭᠦᠯᠦᠨ ᠬᠤᠷᠢᠶᠠᠬᠤ ᠶᠢᠨ ᠶᠡᠷᠦᠩᠬᠡᠶᠢᠯᠡᠨ

ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠠᠵᠢᠯ ᠡᠷᠬᠢᠯᠡᠭᠰᠡᠳ ᠤᠨ ᠺᠠᠷᠲ ᠦᠭᠡᠶ ᠪᠠᠷ

ᠬᠤᠳᠳᠤᠭ ︵ᠨᠦᠬᠡ︶᠎ ᠳᠤ ᠣᠷᠣᠬᠤ ᠶᠢ ᠴᠢᠩᠭ᠎ᠠ ᠴᠠᠭᠠᠵᠠᠯᠠᠵᠤ᠂ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ

ᠺᠠᠷᠲ ᠦᠭᠡᠶ᠂ ᠬᠡᠮᠵᠢᠶ᠎ᠡ ᠳᠠᠭᠠᠭᠠᠴᠠ ᠠᠴᠠ ᠭᠡᠳᠦᠷᠡᠲᠡᠯ᠎ᠡ ᠠᠴᠢᠶᠠᠯᠠᠵᠤ ᠠᠭᠤᠷᠬᠠᠶ ᠠᠴᠠ ᠭᠠᠷᠬᠤ ᠪᠠ ᠨᠡᠭᠦᠷᠡᠰᠦᠨ ᠤ

ᠬᠤᠭᠤᠯᠠᠶ ᠶᠢᠨ ᠥᠷᠲᠡᠭᠡ ᠪᠠᠷ ᠥᠩᠭᠡᠷᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃

     ᠳᠥᠷᠪᠡᠳᠦᠭᠡᠷ ᠪᠦᠯᠦᠭ    ᠳᠠᠭᠠᠯᠳᠤᠭᠤᠯᠤᠭᠰᠠᠨ ᠲᠦᠷᠢᠮ

     ᠬᠤᠷᠢᠨ ᠳᠥᠷᠪᠡᠳᠦᠭᠡᠷ ᠵᠦᠢᠯ ᠲᠤᠰ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ

ᠬᠡᠷᠡᠭᠵᠢᠬᠦᠯᠵᠤ᠂ ᠣᠷᠳᠣᠰ ᠬᠤᠲᠠ ᠶᠢᠨ ᠨᠡᠭᠦᠷᠡᠰᠦᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃

 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号