ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 71 ᠵᠢᠯ ᠤᠨ ᠣᠶ ᠶᠢ ᠳᠤᠷᠠᠰᠬᠠᠬᠤ ᠣᠷᠳᠣᠰ ᠬᠤᠲᠠ ᠶᠢᠨ ᠭᠤᠤᠯ ᠰᠡᠳᠦᠪᠲᠦ ᠡᠳᠦᠷᠯᠢᠭ ᠤᠨ ᠠᠵᠢᠯᠯᠠᠭ᠎ᠠ ᠶᠠᠪᠤᠬᠳᠠᠵᠠᠢ
ᠨᠡᠶᠢᠲᠡᠯᠡᠭᠰᠡᠨ ᠴᠠᠭ᠄
2020/10/14
     ᠤᠢᠢᠷ᠎ᠡ ᠶᠢᠨ ᠡᠳᠤᠷ᠂ ︽ᠬᠤᠰᠢᠭᠤᠴᠢ ᠠᠩᠭᠢ ᠶᠢᠨ ᠲᠤᠭ ᠢᠶᠠᠨ ᠥᠨᠳᠥᠷ ᠮᠠᠨᠳᠤᠭᠤᠯᠤᠨ ᠨᠠᠮ ᠢᠶᠠᠨ ᠳᠠᠭᠠᠵᠤ ᠰᠢᠨ᠎ᠡ ᠴᠠᠭ ᠦᠶ᠎ᠡ ᠶᠢᠨ ᠰᠢᠯᠢᠳᠡᠭ ᠬᠤᠰᠢᠭᠤᠴᠢ ᠠᠩᠭᠢ ᠶᠢᠨ ᠭᠡᠰᠢᠭᠦᠨ ᠪᠣᠯᠬᠤ ᠪᠠᠷ ᠴᠢᠷᠮᠠᠶᠢᠬᠤ︾ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 71 ᠵᠢᠯ ᠤᠨ ᠣᠶ ᠶᠢ ᠳᠤᠷᠠᠰᠬᠠᠬᠤ ᠣᠷᠳᠣᠰ ᠬᠤᠲᠠ ᠶᠢᠨ ᠭᠤᠤᠯ ᠰᠡᠳᠦᠪᠲᠦ ᠡᠳᠦᠷᠯᠢᠭ ᠤᠨ ᠠᠵᠢᠯᠯᠠᠭ᠎ᠠ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃      ᠲᠤᠰ ᠤᠳᠠᠭᠠᠨ ᠤ ᠠᠵᠢᠯᠯᠠᠭ᠎ᠠ ᠶᠢ ᠬᠤᠳᠠ ᠶᠢᠨ ᠡᠪᠯᠡᠯ ᠤᠨ ᠬᠤᠷᠢᠶ᠎ᠠ᠂ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ᠂ ᠬᠤᠳᠠ ᠶᠢᠨ ᠪᠠᠭᠠᠴᠤᠳ ᠤᠨ ᠠᠵᠢᠯ ᠤᠨ ᠵᠥᠪᠯᠡᠯ ᠠᠴᠠ ᠭᠤᠣᠯᠯᠠᠨ ᠡᠷᠬᠢᠯᠡᠪᠡ᠃ ᠠᠵᠢᠯᠯᠠᠭ᠎ᠠ ᠳᠤ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠬᠤᠰᠢᠭᠤᠴᠢ ᠠᠩᠬᠢ ᠶᠢᠨ ᠲᠤᠭ ᠢᠶᠠᠨ ᠭᠠᠷᠭᠠᠨ᠂ ᠬᠤᠰᠢᠭᠤᠴᠢ ᠠᠩᠬᠢ ᠶᠢᠨ ᠳᠠᠭᠤᠤ ᠳᠠᠭᠤᠯᠠᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠰᠢᠨ᠎ᠡ ᠭᠡᠰᠢᠭᠦᠳ ᠲᠤ ᠤᠯᠠᠭᠠᠨ ᠪᠦᠴᠡ ᠵᠡᠭᠦᠯᠭᠡᠨ᠂ ᠬᠤᠰᠢᠭᠤᠴᠢ ᠠᠩᠬᠢ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠤᠡᠭᠰᠢᠵᠤ᠂ ᠮᠠᠨ ᠤ ᠬᠤᠲᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠠ᠃ ᠪᠠᠭᠠᠴᠤᠳ ᠤᠨ ᠬᠤᠰᠢᠭᠤᠴᠢ ᠠᠩᠭᠢ ᠶᠢᠨ ᠪᠦᠬᠦ ᠭᠡᠰᠢᠭᠦᠳ ᠨᠠᠮ ᠪᠠ ᠡᠬᠡ ᠣᠷᠣᠨ ᠢᠶᠠᠨ ᠬᠠᠶᠢᠷᠠᠯᠠᠬᠤ ᠤᠷᠬᠢᠯᠤᠮ᠎ᠠ ᠰᠡᠳᠬᠢᠯᠭᠡ ᠪᠠᠨ ᠢᠯᠡᠳᠬᠡᠵᠦ᠂ ᠬᠤᠰᠢᠭᠤᠴᠢ ᠠᠩᠭᠢ ᠳᠤ ᠣᠷᠣᠬᠤ ᠲᠠᠩᠭᠠᠷᠢᠭ ᠤᠨ ᠳᠠᠭᠤᠨ ᠰᠤᠷᠭᠠᠭᠤᠯᠢ ᠶᠢᠨ ᠬᠦᠷᠢᠶᠡᠨ᠎ᠠ ᠴᠤᠤᠷᠢᠶᠠᠲᠤᠯ᠎ᠠ᠃ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠴᠢᠷᠮᠠᠶᠢᠨ ᠰᠤᠷᠤᠯᠴᠠᠵᠤ᠂ ᠳᠠᠪᠲᠠᠨ ᠪᠣᠯᠪᠠᠰᠤᠷᠠᠵᠤ᠂ ᠬᠦᠰᠡᠯ ᠮᠦᠷᠦᠭᠡᠳᠦᠯ ᠢᠶᠠᠨ ᠴᠢᠷᠮᠠᠶᠢᠨ ᠪᠡᠶᠡᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠤᠯᠠᠭᠠᠨ ᠪᠦᠴᠡ ᠳᠤ ᠰᠢᠨ᠎ᠡ ᠢᠷᠠᠭᠤ ᠠᠯᠳᠠᠷ ᠢ ᠨᠡᠮᠡᠷᠢᠯᠡᠵᠦ᠂ ᠢᠷᠡᠭᠡᠳᠦᠢ ᠳᠤ ᠡᠬᠡ ᠣᠷᠣᠨ ᠳᠠᠭᠠᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠤ ᠢᠯᠡᠳᠬᠡᠵᠡᠭᠡᠪᠡ᠃
ᠢᠷᠡᠯᠲᠡ᠄ ᠤᠷᠳᠤᠰ ᠮᠤᠩᠭᠤᠯ ᠰᠦᠯᠵᠢᠶ᠎ᠠ