ᠣᠷᠳᠣᠰ ᠵᠠᠰᠠᠭ ᠲᠠᠷᠬᠠᠭᠠᠭᠰᠠᠨ ﹇2016﹈ 72 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                                                                  ᠣᠷᠳᠣᠰ ᠵᠠᠰᠠᠭ ᠲᠠᠷᠬᠠᠭᠠᠬᠤ ﹇2020﹈ 62 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2020/10/15
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠥᠪᠡᠷᠲᠡᠭᠡᠨ ᠵᠠᠰᠠᠬᠤ ᠣᠷᠣᠨ ᠤ ᠨᠡᠬᠦᠷᠡᠰᠦᠨ ᠳᠤ ᠬᠤᠯᠪᠤᠭᠳᠠᠬᠤ ᠬᠦᠷᠢᠶ᠎ᠡ ᠬᠡᠪᠴᠢᠶᠡᠨ ᠤ ᠲᠥᠷᠥ ᠶᠢᠨ ᠪᠤᠳᠤᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠴᠡᠭᠴᠡᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 11 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ︽ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠠᠬᠢᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠤᠷᠳᠤᠰ ᠵᠠᠰᠠᠭ ᠲᠠᠷᠬᠠᠭᠠᠬᠤ ﹇2016﹈ 72 ᠳ᠋ᠤᠭᠠᠷ ᠲᠣᠭᠠᠲᠤ᠂ ᠲᠤᠤᠷ᠎ᠠ ︽ᠰᠠᠨᠠᠯ︾ ᠭᠡᠨ᠎ᠡ︶ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠤᠷᠤᠭᠤᠯᠵᠤ  ᠲᠡᠷᠡᠴᠢᠯᠡᠨ ᠳᠠᠬᠢᠨ ᠨᠡᠶᠢᠲᠡᠯᠡᠬᠦ ᠎ ᠪᠠᠷ ᠲᠤᠭᠳᠠᠪᠠ᠂ ᠬᠤᠯᠪᠣᠭᠳᠠᠯ ᠪᠦᠬᠦᠢ ᠤᠴᠢᠷ ᠢ ᠡᠳᠦᠬᠡ ᠳᠣᠤᠷᠠᠬᠢ ᠮᠡᠲᠦ ᠮᠡᠳᠡᠭᠳᠡᠶ᠎ᠡ᠃      ᠨᠢᠭᠡ ᠂ ︽ᠰᠠᠨᠠᠯ︾᠎ ᠤᠨ ︽ᠨᠢᠭᠡ᠂ ᠵᠢᠯᠣᠭᠤᠳᠬᠤ ᠦᠵᠡᠯ ᠰᠠᠨᠠᠭ᠎ᠠ︾᠎ ᠳᠠᠬᠢ ︽ᠠᠯᠳᠠᠷᠲᠤ᠂ ᠨᠡᠷᠡᠲᠦ︾ ᠭᠡᠰᠡᠨ ᠠᠭᠤᠯᠭ᠎ᠠ ᠶᠢ ᠬᠠᠰᠤᠪᠠ᠃     ᠬᠤᠶᠠᠷ ᠂ ︽ᠰᠠᠨᠠᠯ︾᠎ ᠤᠨ ︽ᠬᠤᠶᠠᠷ᠂ ᠬᠦᠭᠵᠢᠬᠦᠯᠬᠦ ᠬᠠᠷᠠᠯᠲᠠ︾᠎ ᠳᠠᠬᠢ ︽ᠥᠪᠡᠷᠲᠡᠭᠡᠨ ᠵᠠᠰᠠᠬᠤ ᠣᠷᠣᠨ ᠤ ᠨᠡᠷᠡᠲᠦ ᠲᠠᠸᠠᠷ ᠤᠨ ᠲᠡᠮᠳᠡᠭ 90 ᠵᠦᠢᠯ᠂ ᠮᠠᠨ ᠤ ᠬᠤᠲᠠ ᠶᠢᠨ ᠨᠡᠷᠡᠲᠦ ᠲᠠᠸᠠᠷ ᠤᠨ ᠲᠡᠮᠳᠡᠭ ᠢ 200 ᠵᠦᠢᠯ ᠠᠴᠠ ᠳᠡᠭᠡᠭᠰᠢ ᠰᠢᠪᠲᠤᠯᠬᠤ︾ ᠭᠡᠬᠦ ᠥᠭᠦᠯᠡᠯᠲᠡ ᠶᠢ ᠬᠠᠰᠤᠪᠠ᠃     ᠭᠤᠷᠪᠠ᠂ ︽ᠰᠠᠨᠠᠯ︾᠎ ᠤᠨ ︽ᠭᠤᠷᠪᠠ᠂ ᠭᠤᠣᠯ ᠡᠭᠦᠷᠭᠡ︾᠎ ᠶᠢᠨ ︵ᠨᠢᠭᠡ︶ ᠳ᠋ᠣᠭᠡᠷ ᠬᠡᠰᠡᠭ ᠎ ᠲᠠᠬᠢ ︽ᠨᠡᠷᠡᠲᠦ᠂ ᠨᠡᠷ᠎ᠡ ᠠᠯᠳᠠᠷᠲᠤ᠂ ᠨᠡᠷᠡᠲᠦ ᠲᠠᠸᠠᠷ ᠤᠨ ᠲᠡᠮᠲᠡᠭ ᠎ ᠶᠢ ᠴᠢᠷᠮᠠᠶᠢᠨ ᠡᠭᠦᠳᠬᠦ︾᠎ ᠶᠢ ︽ᠨᠡᠷᠡᠲᠦ ᠲᠠᠸᠠᠷ ᠤᠨ ᠲᠡᠮᠳᠡᠭ ᠢ ᠴᠢᠷᠮᠠᠶᠢᠨ ᠡᠭᠦᠳᠴᠦ᠂ ᠭᠠᠵᠠᠷ ᠵᠦᠶ ᠶᠢᠨ ᠪᠡᠯᠭᠡ ᠲᠡᠮᠳᠡᠭᠲᠦ ᠲᠠᠸᠠᠷ ᠤᠨ ᠲᠡᠮᠲᠡᠭ ᠪᠠ ᠬᠠᠮᠲᠤ ᠶᠢᠨ ᠲᠠᠸᠠᠷ ᠤᠨ ᠲᠡᠮᠲᠡᠭ ᠢ ᠪᠤᠶᠢᠵᠢᠭᠤᠯᠬᠤ ᠬᠡᠷᠡᠭᠲᠠᠢ︾ ᠪᠤᠯᠭᠠᠨ ᠵᠠᠰᠠᠪᠠ᠃     ᠲᠥᠷᠪᠡ ᠂ ︽ᠰᠠᠨᠠᠯ︾᠎ ᠤᠨ ︽ᠭᠤᠷᠪᠠ᠂ ᠭᠤᠤᠯ ᠡᠭᠦᠷᠭᠡ︾᠎ ᠶᠢᠨ ︵ᠬᠤᠶᠠᠷ︶ ᠳ᠋ᠤᠭᠠᠷ ᠬᠡᠰᠡᠭ ᠎ ᠲᠠᠬᠢ ︽ᠨᠡᠷᠡᠲᠦ᠂ ᠠᠯᠳᠠᠷᠲᠤ᠂ ᠨᠡᠷᠡᠲᠦ ᠲᠠᠸᠠᠷ ᠤᠨ ᠲᠡᠮᠲᠡᠭ︾᠎ ᠢ ︽ᠤᠷᠤᠨ ᠪᠦᠰᠡ ᠶᠢᠨ ᠨᠡᠷᠡᠲᠦ ᠲᠡᠮᠲᠡᠭᠲᠦ᠂ ᠠᠵᠤ ᠠᠬᠤᠶᠢᠯᠠᠯ ᠤᠨ ᠨᠡᠷᠡᠲᠦ ᠲᠡᠮᠲᠡᠭᠲᠦ᠂ ᠦᠢᠯᠡᠳᠬᠦᠨ ᠤ ᠨᠡᠷᠡᠲᠦ ᠲᠡᠮᠲᠡᠭᠲᠦ︾ ᠪᠤᠯᠭᠠᠨ ᠵᠠᠰᠠᠪᠠ᠃      ᠲᠠᠪᠤ ᠂ ︽ᠰᠠᠨᠠᠯ︾᠎ ᠤᠨ ︽ᠭᠤᠷᠪᠠ᠂ ᠭᠤᠤᠯ ᠡᠭᠦᠷᠭᠡ︾᠎ ᠶᠢᠨ ︵ᠭᠤᠷᠪᠠ︶ ᠳ᠋ᠤᠭᠠᠷ ᠬᠡᠰᠡᠭ ᠎ ᠲᠠᠬᠢ ︽ᠨᠡᠷᠡᠲᠦ᠂ ᠨᠡᠷ᠎ᠡ ᠠᠯᠳᠠᠷᠲᠤ᠂ ᠨᠡᠷᠡᠲᠦ ᠲᠠᠸᠠᠷ ᠤᠨ ᠲᠡᠮᠲᠡᠭᠲᠦ ︾᠎ ᠶᠢ ︽ᠤᠷᠤᠨ ᠪᠦᠰᠡ ᠶᠢᠨ ᠤᠯᠠᠨ ᠨᠡᠶᠢᠲᠡ ᠶᠢᠨ ᠨᠡᠷᠡᠲᠦ ᠲᠦᠷᠦᠯ ᠲᠡᠮᠲᠡᠭᠲᠦ ᠵᠢᠨ‌‍ᠲ᠋ᠠᠸᠠᠷ ᠤᠨ ᠲᠡᠮᠲᠡᠭ︾ ᠪᠤᠯᠭᠠᠨ ᠵᠠᠰᠠᠪᠠ᠃     ᠵᠢᠷᠭᠤᠭ᠎ᠠ᠂ ︽ᠰᠠᠨᠠᠯ︾᠎ ᠤᠨ ︽ᠭᠤᠷᠪᠠ᠂ ᠭᠤᠣᠯ ᠡᠭᠦᠷᠭᠡ︾᠎ ᠶᠢᠨ ︵ᠲᠠᠪᠤ︶ ᠳ᠋ᠤᠭᠠᠷ ᠬᠡᠰᠡᠭ ᠎ ᠲᠠᠬᠢ ︽ᠪᠠᠯᠭᠠᠰᠤ᠂ ᠲᠣᠰᠬᠤᠨ ᠢᠶᠠᠷ ᠰᠠᠭᠤᠷᠢ ᠪᠣᠯᠭᠠᠭᠰᠠᠨ ︿ᠨᠢᠭᠡ ᠪᠠᠯᠭᠠᠰᠤ ᠨᠢᠭᠡ ᠦᠢᠯᠡᠳᠬᠦᠨ﹀᠂ ︿ᠨᠢᠭᠡ ᠲᠤᠰᠬᠤᠨ ᠣᠯᠠᠨ ᠲᠡᠮᠲᠡᠭᠲᠦ ᠲᠠᠢ﹀ ᠠᠵᠤ ᠦᠢᠯᠡᠰ ᠤᠨ ᠲᠤᠭᠳᠠᠯᠴᠠᠭ᠎ᠠ᠂ ᠤᠷᠤᠨ ᠪᠦᠰᠡ ᠶᠢᠨ ᠤᠨᠴᠠᠯᠢᠭ ᠲᠠᠢ ᠨᠡᠷᠡᠲᠦ ᠲᠡᠮᠲᠡᠭᠲᠦ ᠶᠢ ᠡᠬᠦᠳᠬᠦ ᠶᠢ ︽ᠪᠠᠯᠭᠠᠰᠤ᠂ ᠲᠣᠰᠬᠤᠨ ᠢᠶᠠᠷ ᠰᠠᠭᠤᠷᠢ ᠪᠣᠯᠭᠠᠭᠰᠠᠨ ᠣᠷᠤᠨ ᠪᠦᠰᠡ ᠶᠢᠨ ᠣᠨᠴᠠᠯᠢᠭ ᠎ ᠲᠠᠢ ᠨᠡᠷᠡᠲᠦ ᠲᠡᠮᠲᠡᠭᠲᠦ︾ ᠪᠤᠯᠭᠠᠨ ᠵᠠᠰᠠᠪᠠ᠃     ᠳᠣᠯᠤᠭ᠎ᠠ ᠂ ︽ᠰᠠᠨᠠᠯ︾᠎ ᠤᠨ ︽ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︾᠎ ᠶᠢᠨ ︵ᠲᠦᠷᠪᠡ︶ ᠳ᠋ᠣᠭᠡᠷ ᠬᠡᠰᠡᠭ ᠲᠠᠬᠢ ︽ᠠᠯᠲᠠᠷᠲᠤ᠂ ᠨᠡᠷᠡᠲᠦ︶︾᠎ ᠶᠢᠨ ᠠᠭᠤᠯᠭ᠎ᠠ ᠶᠢ ᠬᠠᠰᠤᠨ᠎ᠠ᠃      ᠨᠠᠢᠮᠠ᠂ ︽ᠰᠠᠨᠠᠯ︾᠎ ᠤᠨ ︽ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︾᠎ ᠶᠢᠨ ︵ᠳᠥᠷᠪᠡ︶ ᠳ᠋ᠣᠭᠡᠷ ᠭᠡᠰᠡᠭ ᠲᠠᠬᠢ ︽ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ ᠢ ᠰᠢᠨ᠎ᠡ ᠪᠠᠷ ᠣᠯᠤᠭᠰᠠᠨ ᠠᠵᠤ ᠠᠬᠤᠶᠢᠯᠠᠯ  ᠎ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠬᠤ ︵ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠱᠠᠩᠨᠠᠨ ᠬᠦᠬᠢᠬᠦᠯᠦᠭᠰᠡᠨ ᠪᠤᠯ ᠬᠤᠲᠠ ᠶᠢᠨ ᠠᠷᠠᠳ ᠤᠨ ᠵᠠᠰᠠᠭ ᠤᠨ ᠣᠷᠳᠤᠨ ᠠᠴᠠ ᠳᠠᠭᠢᠵᠤ ᠱᠠᠩᠨᠠᠨ ᠬᠦᠬᠢᠬᠦᠯᠬᠦ ᠦᠬᠡᠢ︶ ᠱᠠᠩᠨᠠᠬᠤ ᠬᠡᠷᠡᠭᠲᠠᠢ︔ ᠥᠪᠥᠷ ᠮᠣᠩᠭᠤᠯ ᠤᠨ ᠨᠡᠷᠡᠲᠦ ᠲᠠᠸᠠᠷ ᠤᠨ ᠲᠡᠮᠳᠡᠭ ᠢ ᠰᠢᠨ᠎ᠡ ᠪᠠᠷ ᠣᠯᠤᠭᠰᠠᠨ ᠠᠵᠤ ᠠᠬᠤᠶᠢᠯᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ 50 ᠲᠦᠮᠡᠨ ᠲᠥᠭᠦᠷᠢᠭ ᠢᠶᠠᠷ ᠱᠠᠩᠨᠠᠬᠤ ᠬᠡᠷᠡᠭᠲᠠᠢ︔ ᠣᠷᠳᠣᠰ ᠤᠨ ᠨᠡᠷᠡᠲᠦ ᠲᠠᠸᠠᠷ ᠤᠨ ᠲᠡᠮᠳᠡᠭ ᠢ ᠰᠢᠨ᠎ᠡ ᠪᠠᠷ ᠣᠯᠤᠭᠰᠠᠨ ᠠᠵᠤ ᠠᠬᠤᠶᠢᠯᠠᠯ ᠢ ᠬᠤᠯᠪᠣᠭᠳᠠᠯ ᠪᠦᠬᠦᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠎ ᠠᠴᠠ 20 ᠲᠦᠮᠡᠨ ᠲᠥᠭᠦᠷᠢᠭ ᠢᠶᠠᠷ ᠱᠠᠩᠨᠠᠨ᠎ᠠ︾ ᠭᠡᠳᠡᠭ ᠢ ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ ᠎ ᠤᠨ 100 ᠲᠦᠮᠡᠨ ᠲᠥᠭᠦᠷᠢᠭ ᠤᠨ ᠱᠠᠩᠨᠠᠯ ᠢ ᠰᠢᠨ᠎ᠡ ᠪᠠᠷ ᠤᠯᠤᠭᠰᠠᠨ ᠪᠤᠯ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠎ ᠠᠴᠠ ᠱᠠᠩᠨᠠᠨ ᠬᠦᠬᠢᠬᠦᠯᠦᠭᠰᠡᠨ ᠢ ᠬᠤᠲᠠ ᠶᠢᠨ ᠵᠠᠰᠠᠭ ᠤᠨ ᠣᠷᠳᠣᠨ ᠳᠠᠬᠢᠵᠤ ᠱᠠᠩᠨᠠᠨ ᠬᠦᠬᠢᠬᠦᠯᠬᠦ ᠦᠭᠡᠶ︶ ᠭᠡᠵᠤ ᠵᠠᠰᠠᠪᠠ᠃      ᠶᠢᠰᠦ᠂ ︽ᠰᠠᠨᠠᠯ︾᠎ ᠤᠨ ︽ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︾᠎ ᠶᠢᠨ ︵ᠵᠢᠷᠭᠤᠭ᠎ᠠ︶ ︵ᠳᠣᠯᠤᠭ᠎ᠠ︶ ︵ᠨᠠᠢᠮᠠ︶ ᠳ᠋ᠤᠭᠠᠷ ᠬᠡᠰᠡᠭ ᠤᠨ ᠠᠭᠤᠯᠭ᠎ᠠ ᠶᠢ ᠬᠠᠰᠤᠨ᠎ᠠ᠃      ᠠᠷᠪᠠ ᠂ ︽ᠰᠠᠨᠠᠯ︾᠎ ᠤᠨ ︽ᠳᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︾᠎ ᠳᠤ ᠨᠢᠭᠡ ᠵᠤᠷᠪᠤᠰ ︽︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠬᠡᠨ ᠤ ᠪᠠᠶᠢᠭᠤᠯᠤᠮᠵᠢ ᠶᠢ ᠪᠠᠶᠢᠭᠤᠯᠬᠤ ᠬᠡᠷᠡᠭᠲᠠᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠮᠦᠨᠡᠬᠢ ᠬᠤᠭᠤᠴᠠᠭᠠᠨ ᠤ ᠬᠠᠪᠰᠤᠷᠤᠨ ᠵᠢᠯᠣᠭᠤᠳᠬᠤ᠂ ᠲᠠᠩᠰᠠᠯᠠᠬᠤ ᠦᠢᠯᠡᠴᠢᠯᠡᠭᠡ᠂ ᠦᠷ᠎ᠡ ᠪᠦᠲᠦᠭᠡᠯ ᠢ ᠲᠠᠨᠢᠯᠴᠠᠭᠤᠯᠬᠤ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ᠂ ᠦᠷ᠎ᠡ ᠪᠦᠲᠦᠭᠡᠯ ᠢ ᠠᠷᠠᠯᠵᠢᠶᠠᠯᠠᠨ ᠡᠵᠡᠩᠨᠡᠬᠦ᠂ ᠱᠠᠩᠨᠠᠨ ᠲᠡᠳᠬᠦᠬᠦ᠂ ᠲᠦᠷᠭᠡᠨ ᠬᠢᠨᠠᠨ ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ᠂ ᠡᠷᠬᠡ ᠶᠢ ᠲᠦᠷᠭᠡᠨ ᠬᠠᠮᠠᠭᠠᠯᠠᠬᠤ ᠶᠢ ᠨᠢᠭᠡ ᠴᠤᠭᠴᠠᠵᠢᠭᠤᠯᠤᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠬᠡ ᠶᠢ ᠬᠠᠮᠠᠭᠠᠯᠠᠬᠤ ᠲᠤᠰᠠᠯᠠᠮᠵᠢ᠂ ᠡᠶᠡᠳᠡᠬᠦᠯᠦᠨ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠵᠠᠷᠭᠤᠯᠳᠤᠭ᠎ᠠ ᠶᠢ ᠬᠠᠷᠢᠯᠴᠠᠨ ᠵᠣᠯᠭᠠᠯᠳᠤᠭᠤᠯᠤᠨ ᠬᠥᠳᠡᠯᠦᠯᠴᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠠᠮᠵᠢᠯᠴᠠᠨ ᠬᠠᠮᠠᠭᠠᠯᠠᠬᠤ ᠠᠵᠢᠯ ᠤᠨ ᠲᠤᠭᠳᠠᠯᠴᠠᠭ᠎ᠠ ᠶᠢ ᠪᠦᠷᠢᠯᠳᠦᠬᠦᠯᠬᠦ ᠬᠡᠷᠡᠭᠲᠠᠢ᠃ ᠣᠷᠣᠨ ᠪᠦᠰᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠎ ᠶᠢ ᠬᠠᠮᠠᠭᠠᠯᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠴᠢᠨᠠᠷ ᠰᠠᠶᠢᠲᠠᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ  ᠡᠷᠬᠡ ᠶᠢ ᠬᠠᠮᠠᠭᠠᠯᠠᠬᠤ ᠦᠢᠯᠡᠴᠢᠯᠡᠭᠡ ᠶᠢ ᠬᠠᠩᠭᠠᠬᠤ ᠬᠡᠷᠡᠭᠲᠠᠢ᠃︾᠎ ᠶᠢ ᠨᠡᠮᠡᠵᠤ ᠤᠷᠤᠭᠤᠯᠪᠠ᠃      ᠠᠷᠪᠠᠨ ᠨᠢᠭᠡ ᠂ ︽ᠰᠠᠨᠠᠯ︾᠎ ᠤᠨ ︽ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︾᠎ ᠶᠢᠨ ︵ᠶᠢᠰᠦ︶ ᠳ᠋ᠣᠭᠡᠷ ᠭᠡᠰᠡᠭ ᠲᠠᠬᠢ ︽ᠠᠯᠲᠠᠷᠲᠤ᠂ ᠨᠡᠷᠡᠲᠦ︾ ᠠᠭᠤᠯᠭ᠎ᠠ ᠶᠢ ᠬᠠᠰᠤᠨ᠎ᠠ᠃      ᠠᠷᠪᠠᠨ ᠬᠤᠶᠠᠷ᠂ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠠᠢ ᠪᠣᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃                                     ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                             2020 ᠣᠨ ᠤ 10 ᠰᠠᠷ᠎ᠠ ᠶᠢᠨ 15᠎ ᠤ ᠡᠳᠦᠷ               ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ              ᠬᠡᠷᠡᠭᠵᠢᠭᠦᠯᠬᠦ ᠶᠢ ᠶᠡᠬᠡᠪᠡᠷ ᠠᠬᠢᠭᠤᠯᠬᠤ ᠲᠤᠬᠠᠶ ᠣᠷᠳᠣᠰ ᠬᠤᠲᠠ ᠶᠢᠨ              ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠶ᠎ᠡ ᠪᠠᠭᠰᠢ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢ ᠪᠤᠶᠢᠵᠢᠭᠤᠯᠬᠤ ᠪᠠ ᠬᠠᠮᠠᠭᠠᠯᠠᠬᠤ ᠡᠷᠴᠢᠮ ᠢ ᠴᠢᠨᠠᠭᠰᠢᠳᠠ ᠴᠢᠩᠭᠠᠳᠬᠠᠵᠤ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠬᠦ ᠶᠢ ᠠᠬᠢᠭᠤᠯᠵᠤ᠂ ᠪᠦᠬᠦ ᠬᠤᠲᠠ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠬᠦᠯᠬᠦ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ  ᠲᠤᠭᠤᠶᠢᠯᠠᠩ ᠤᠨ 14 ᠳ᠋ᠣᠭᠡᠷ ᠤᠳᠠᠭ᠎ᠠ ᠶᠢᠨ ᠬᠤᠷᠠᠯ ᠪᠣᠯᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2016᠎ ᠤᠨ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠠᠬᠢᠭᠤᠯᠬᠤ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠵᠠᠰᠠᠭ ᠤᠨ ᠣᠷᠳᠣᠨ ᠢᠶᠠᠷ ᠬᠥᠲᠥᠯᠥᠨ ᠵᠢᠯᠤᠭᠤᠳᠤᠭᠤᠯᠬᠤ᠂ ᠠᠵᠤ ᠠᠬᠤᠶᠢᠯᠠᠯ ᠎ ᠢᠶᠠᠷ ᠭᠤᠣᠯ ᠴᠣᠭᠴᠠ ᠪᠣᠯᠭᠠᠬᠤ᠂ ᠵᠠᠬ᠎ᠠ ᠲᠡᠯᠬᠡᠬᠦᠷ ᠢᠶᠠᠷ ᠲᠠᠰᠤᠯᠤᠨ ᠲᠤᠭᠳᠠᠭᠠᠯᠭᠠᠬᠤ᠂ ᠨᠡᠶᠢᠭᠡᠮ ᠤᠨ ᠬᠢᠨ ᠢᠶᠠᠷ ᠤᠷᠤᠯᠴᠠᠭᠤᠯᠬᠤ ᠶᠢ ᠪᠠᠷᠢᠮᠲᠠᠯᠠᠵᠤ᠂ ᠠᠵᠤ ᠠᠬᠤᠶ᠂ ᠬᠠᠤᠯᠢ ᠴᠠᠭᠠᠵᠠ᠂ ᠵᠠᠰᠠᠭ ᠵᠠᠬᠢᠷᠭ᠎ᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠮᠠᠨ ᠤ ᠬᠤᠲᠠ ᠶᠢᠨ ᠲᠠᠸᠠᠷ ᠤᠨ ᠲᠡᠮᠳᠡᠭ ᠤᠨ ᠤᠯᠤᠰ ᠤᠨ ᠳᠣᠲᠣᠭᠠᠳᠤ ᠭᠠᠳᠠᠭᠠᠳᠤ ᠳᠤ ᠳᠠᠩᠰᠠᠯᠠᠭᠤᠯᠤᠭᠰᠠᠨ ᠬᠡᠮᠵᠢᠶ ᠎ᠡ ᠶᠢ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠨᠢᠭᠡ ᠪᠦᠯᠦᠭ ᠨᠡᠷᠡᠲᠦ ᠲᠡᠮᠳᠡᠭᠲᠦ ᠦᠢᠯᠡᠳᠬᠦᠨ ᠪᠠ ᠠᠵᠤ ᠦᠢᠯᠡᠰ ᠢ ᠪᠤᠶᠢᠵᠢᠭᠤᠯᠤᠨ᠂ ᠬᠠᠮᠠᠭᠠᠯᠠᠨ ᠬᠥᠭᠵᠢᠭᠦᠯᠵᠦ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠠᠰᠢᠭᠲᠠᠢ ᠬᠠᠤᠯᠢ ᠳᠦᠷᠢᠮ᠂ ᠲᠥᠷᠥ ᠶᠢᠨ ᠪᠣᠳᠣᠯᠭ᠎ᠠ  ᠪᠣᠯᠤᠨ ᠵᠠᠬ᠎ᠠ ᠳᠡᠯᠬᠡᠬᠦᠷ ᠤᠨ ᠣᠷᠴᠢᠨ ᠲᠣᠭᠤᠷᠢᠨ ᠢ ᠪᠤᠢ ᠪᠤᠯᠭᠠᠵᠤ᠂ ᠮᠠᠨ ᠤ ᠬᠤᠲᠠ ᠪᠠᠨ ᠲᠠᠸᠠᠷ ᠤᠨ ᠲᠡᠮᠳᠡᠭ ᠤᠨ ᠨᠡᠷᠡᠲᠦ ᠲᠡᠮᠲᠡᠭᠲᠦ ᠶᠢᠨ ᠲᠣᠮᠣ ᠬᠤᠲᠠ᠂ ᠬᠦᠴᠦᠷᠬᠡᠭ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃      ᠬᠤᠶᠠᠷ᠂ ᠬᠥᠭᠵᠢᠭᠦᠯᠬᠦ ᠬᠠᠷᠠᠯᠲᠠ      ︽13 · 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠬᠤᠲᠠ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ᠂ ᠠᠵᠢᠯ ᠢ ᠠᠬᠢᠭᠤᠯᠬᠤ ᠲᠣᠭᠲᠠᠴᠠ᠂ ᠣᠯᠠᠨ ᠨᠡᠶᠢᠲᠡ ᠶᠢᠨ ᠦᠢᠯᠡᠴᠢᠯᠡᠬᠡᠨ ᠤ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠦᠨ᠎ᠡ︔ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠶᠡᠷᠦᠩᠬᠡᠶ ᠬᠡᠮᠵᠢᠶ᠎ᠡ ᠶᠢ ᠢᠯᠡᠳᠲᠡ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠠᠸᠠᠷ ᠤᠨ ᠲᠡᠮᠲᠡᠭ ᠎ ᠢ ᠳᠠᠩᠰᠠᠯᠠᠬᠤ᠂ ᠬᠡᠷᠡᠭᠯᠡᠬᠦ᠂ ᠬᠠᠮᠢᠶᠠᠷᠬᠤ ᠴᠢᠳᠠᠪᠤᠷᠢ ᠶᠢ ᠢᠯᠡᠳᠲᠡ ᠴᠢᠩᠭᠠᠳᠬᠠᠨ᠎ᠠ︔ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠲᠠᠸᠠᠷ ᠤᠨ ᠲᠡᠮᠳᠡᠭ ᠤᠨ ᠡᠷᠬᠡ ᠶᠢ ᠳᠠᠨᠵᠢᠯᠠᠬᠤ᠂ ᠦᠢᠯᠡᠳᠬᠦᠨ ᠤ ᠬᠡᠯᠬᠢᠶ᠎ᠡ ᠶᠢ ᠤᠷᠲᠤᠳᠬᠠᠬᠤ᠂ ᠨᠡᠷᠡᠲᠦ ᠲᠡᠮᠳᠡᠭᠲᠦ ᠶᠢ ᠱᠤᠭᠤᠬᠤ ᠵᠡᠷᠭᠡ ᠲᠠᠯ᠎ᠠ ᠪᠠᠷ ᠬᠢ ᠰᠢᠭᠤᠳ ᠦᠢᠯᠡᠳᠦᠯ ᠢ ᠪᠦᠬᠦ ᠲᠠᠯ᠎ᠠ ᠪᠠᠷ ᠢᠯᠡᠷᠡᠬᠦᠯᠦᠨ᠎ᠡ︔ ᠲᠠᠸᠠᠷ ᠤᠨ ᠲᠡᠮᠲᠡᠭ ᠎ ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠬᠡ ᠲᠡᠭᠰᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠳᠠᠯ ᠬᠠᠭᠤᠷᠮᠠᠭ᠂ ᠲᠠᠸᠠᠷ ᠤᠨ ᠲᠡᠮᠳᠡᠭᠲᠦ ᠶᠢᠨ ᠲᠤᠰᠬᠠᠶ ᠬᠡᠷᠡᠭᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠳᠲᠡ ᠪᠠᠭᠤᠷᠠᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠲᠠᠸᠠᠷ ᠤᠨ ᠲᠡᠮᠲᠡᠭ ᠤᠨ ᠪᠠᠶᠢᠯᠳᠤᠬᠤ ᠪᠣᠳᠣᠯᠭ᠎ᠠ ᠶᠢᠨ ᠦᠢᠯᠡᠳᠦᠯ ᠢ ᠨᠡᠩ ᠳᠣᠪᠤᠶᠢᠮ᠎ᠠ ᠪᠤᠯᠭᠠᠨ᠎ᠠ︔ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠠᠵᠤ ᠠᠬᠤᠶ ᠶᠢᠨ ᠬᠥᠭᠵᠢᠯᠲᠡ᠂ ᠰᠣᠶᠣᠯ ᠤᠨ ᠰᠢᠨ᠎ᠡ ᠡᠬᠦᠳᠦᠯᠲᠡ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠠᠬᠢᠭᠤᠯᠬᠤ ᠦᠢᠯᠡᠳᠦᠯ ᠢ ᠬᠦᠢᠴᠡᠳ ᠢᠯᠡᠷᠡᠬᠦᠯᠦᠨ᠎ᠡ᠃ 2020᠎  ᠤᠨ ᠪᠣᠯᠬᠤ ᠳᠤ᠂ ᠪᠦᠬᠦ ᠬᠤᠲᠠ ᠶᠢᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠶᠡᠷᠦᠩᠬᠡᠶ ᠬᠡᠮᠵᠢᠶ᠎ᠡ ᠶᠢ 2 ᠲᠦᠮᠡᠨ ᠵᠦᠢᠯ ᠎ ᠢ ᠰᠢᠪᠲᠤᠯᠵᠤ᠂ ᠵᠢᠯ ᠪᠦᠷᠢ ᠶᠢᠨ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠲᠡᠭ ᠤᠨ ᠨᠡᠮᠡᠭᠳᠡᠯ ᠤᠨ ᠬᠡᠮᠵᠢᠶ᠎ᠡ ᠶᠢ 8 %᠎ ᠳᠤ ᠬᠦᠷᠭᠡᠵᠤ᠂ ᠡᠭᠦᠨ ᠳᠤ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ  7 ᠵᠦᠢᠯ᠂ ᠳᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ  10 ᠵᠦᠢᠯ᠂ ᠮᠠᠳ᠋ᠷᠢᠳ᠋ ᠤᠨ ᠰᠢᠰᠲ᠋ᠧᠮ ᠤᠨ ᠣᠯᠠᠨ ᠤᠯᠤᠰ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ  8 ᠵᠦᠢᠯ ᠪᠤᠯᠤᠨ᠎ᠠ᠃      ᠭᠤᠷᠪᠠ᠂ ᠭᠤᠤᠯ ᠡᠭᠦᠷᠭᠡ      ︵ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ᠃ ᠡᠯ᠎ᠡ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠬᠤᠷᠰᠢᠶ᠎ᠠ᠂ ᠲᠠᠷᠢᠶᠠᠴᠢᠨ ᠡᠷᠦᠬᠡ ᠵᠡᠷᠭᠡ ᠶᠢᠨ ᠲᠠᠸᠠᠷ ᠤᠨ ᠲᠡᠮᠲᠡᠭ ᠢ ᠢᠳᠡᠪᠬᠢᠲᠡᠶ ᠪᠠᠷ ᠭᠤᠶᠤᠴᠢᠯᠠᠨ ᠲᠠᠩᠰᠠᠯᠠᠭᠤᠯᠬᠤ ᠶᠢ ᠳᠠᠮᠵᠢᠵᠤ᠂ ᠨᠡᠷᠡᠲᠦ ᠲᠠᠸᠠᠷ ᠤᠨ ᠲᠡᠮᠳᠡᠭ ᠢ ᠴᠢᠷᠮᠠᠶᠢᠨ ᠡᠭᠦᠳᠴᠦ᠂ ᠭᠠᠵᠠᠷ ᠵᠦᠶ ᠶᠢᠨ ᠲᠡᠮᠳᠡᠭᠲᠦ ᠲᠠᠸᠠᠷ ᠤᠨ ᠲᠡᠮᠳᠡᠭ ᠪᠣᠯᠤᠨ ᠬᠠᠮᠲᠤ ᠶᠢᠨ ᠲᠠᠸᠠᠷ ᠤᠨ ᠲᠡᠮᠳᠡᠭ ᠢ ᠪᠤᠶᠢᠵᠢᠭᠤᠯᠬᠤ ᠬᠡᠷᠡᠭᠲᠠᠢ᠃ ᠮᠧᠩ ᠰᠢᠶᠠᠩ ᠬᠤᠨᠢᠨ ᠮᠢᠬ᠎ᠠ᠂ ᠪᠦᠦ ᠱᠠᠨ ᠳᠠᠩ ᠢᠳᠡᠰᠢᠨ ᠨᠣᠭᠤᠭ᠎ᠠ᠂ ᠰᠢᠷᠠᠡᠰᠣᠨ ᠭᠤᠣᠯ ᠤᠨ ᠲᠤᠲᠤᠷᠭ᠎ᠠ ᠵᠡᠷᠭᠡ ᠨᠡᠷᠡᠲᠦ ᠲᠡᠮᠳᠡᠭᠲᠦ ᠶᠢ ᠴᠢᠷᠮᠠᠶᠢᠨ ᠡᠭᠦᠳᠴᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠪᠠ ᠣᠨᠴᠠᠯᠢᠭᠲᠤ ᠠᠵᠤ ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠬᠤ ᠪᠠ ᠬᠠᠪᠰᠤᠷᠴᠤ ᠪᠠᠶᠢᠭᠠᠳ ᠬᠠᠮᠢᠶ᠎ᠠ ᠪᠦᠬᠦᠢ ᠪᠦᠲᠦᠭᠡᠭᠳᠡᠬᠦᠨ ᠤ ᠭᠡᠷᠡᠴᠢᠯᠡᠭᠡ ᠶᠢ ᠣᠯᠵᠤ᠂ ᠨᠢᠭᠡ ᠪᠦᠯᠦᠭ ᠠᠮᠤ ᠪᠤᠳᠠᠭᠠᠨ ᠤ ᠰᠢᠷᠢᠰ ᠳᠠᠪᠠᠭᠤᠯᠢᠭ ᠲᠠᠸᠠᠷ ᠤᠨ ᠲᠡᠮᠳᠡᠭ ᠪᠠ ᠤᠯᠤᠰ ᠎ ᠤᠨ ᠲᠠᠰ᠂ ᠥᠪᠡᠷᠲᠡᠭᠡᠨ ᠵᠠᠰᠠᠬᠤ ᠣᠷᠣᠨ ᠤ ᠳᠡᠰ᠂ ᠬᠤᠲᠠ ᠶᠢᠨ ᠲᠠᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠨᠡᠷᠡᠲᠦ ᠲᠦᠷᠦᠯ ᠲᠡᠮᠳᠡᠭ ᠢ ᠭᠤᠤᠯᠳᠠᠯᠭ᠎ᠠ ᠲᠠᠢ ᠪᠤᠶ ᠪᠤᠯᠭᠠᠵᠤ᠂ ᠳᠠᠪᠠᠭᠤᠯᠢᠭ ᠨᠡᠷᠡᠲᠦ ᠲᠡᠮᠳᠡᠭᠲᠦ ᠶᠢᠨ ᠲᠥᠪᠯᠡᠷᠡᠨ ᠬᠥᠭᠵᠢᠭᠰᠡᠨ ᠨᠡᠷᠡᠲᠦ ᠲᠡᠮᠳᠡᠭᠲᠦ ᠶᠢᠨ ᠲᠤᠭᠳᠠᠯᠴᠠᠭ᠎ᠠ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠦᠷᠭᠡᠨ ᠬᠥᠭᠵᠢᠯᠲᠡ ᠶᠢ ᠲᠠᠶᠢᠴᠢᠯᠠᠬᠤ ᠬᠡᠷᠡᠭᠲᠠᠢ᠃      ︵ᠬᠤᠶᠠᠷ︶ ᠭᠠᠵᠠᠷ ᠣᠷᠣᠨ ᠤ ᠠᠵᠤ ᠦᠢᠯᠡᠳᠪᠦᠷᠢ ᠶᠢᠨ ᠨᠡᠷᠡᠲᠦ ᠲᠡᠮᠳᠡᠭ ᠢ ᠲᠦᠷᠭᠡᠳᠬᠡᠨ ᠳᠡᠭᠡᠭᠰᠢᠯᠡᠬᠦᠯᠬᠦ ᠬᠡᠷᠡᠭᠲᠠᠢ᠃ ᠲᠤᠬᠠᠶ ᠶᠢᠨ ᠭᠠᠵᠠᠷ ᠤᠨ ︽ᠢᠮᠠᠭᠠᠨ ᠨᠣᠣᠯᠤᠷ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠪᠠᠶᠢᠭᠠᠯᠢ ᠶᠢᠨ ᠰᠢᠲᠠᠮᠠᠬᠠᠶ ᠬᠡᠢ︾ ᠵᠡᠷᠭᠡ ᠳᠥᠷᠪᠡᠨ ᠶᠡᠭᠡ ᠡᠬᠢ ᠪᠠᠶᠠᠯᠢᠭ ᠤᠨ ᠳᠠᠪᠠᠭᠤᠯᠢᠭ ᠢ ᠦᠨᠳᠦᠰᠦᠯᠡᠨ᠂ ᠣᠷᠳᠣᠰ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯᠲᠦ ᠬᠢᠵᠠᠭᠠᠷᠲᠤ ᠺᠣᠮᠫᠠᠨᠢ᠂ ᠢ ᠲᠠᠢ ᠪᠦᠯᠦᠭᠯᠡᠯᠲᠦ ᠬᠢᠵᠠᠭᠠᠷᠲᠤ ᠺᠣᠮᠫᠠᠨᠢ᠂ ᠢ ᠯᠢ ᠡᠬᠢ ᠪᠠᠶᠠᠯᠢᠭ ᠤᠨ ᠪᠦᠯᠦᠭᠯᠡᠯᠲᠦ ᠺᠣᠮᠫᠠᠨᠢ᠂ ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠭᠤᠤᠯ ᠪᠣᠯᠭᠠᠵᠤ᠂ ᠲᠠᠸᠠᠷ ᠤᠨ ᠲᠡᠮᠳᠡᠭ ᠳᠠᠩᠰᠠᠯᠠᠭᠤᠯᠬᠤ᠂ ᠬᠡᠷᠡᠭᠯᠡᠬᠦ᠂ ᠬᠠᠮᠠᠭᠠᠯᠠᠬᠤ ᠪᠠ ᠬᠠᠮᠢᠶᠠᠷᠬᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠬᠦᠯᠵᠤ᠂ ᠭᠤᠤᠯᠳᠠᠯᠭ᠎ᠠ ᠲᠠᠢ ᠠᠵᠤ ᠦᠢᠯᠡᠰ᠂ ᠠᠵᠤ ᠠᠬᠤᠶᠢᠯᠠᠯ᠂ ᠦᠢᠯᠡᠳᠬᠦᠨ ᠨᠢᠬᠡᠪᠦᠷᠢ ᠳᠤ ᠴᠥᠮ ᠣᠷᠣᠨ ᠪᠦᠰᠡ ᠶᠢᠨ᠂ ᠠᠵᠤ ᠠᠬᠤᠶᠢᠯᠠᠯ ᠤᠨ᠂ ᠦᠢᠯᠡᠳᠬᠦᠨ ᠤ ᠨᠡᠷᠡᠲᠦ ᠲᠡᠮᠳᠡᠭ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠠᠢ᠃ ︽ᠨᠢᠭᠡ ᠪᠦᠯᠦᠭ ᠢ ᠪᠤᠵᠠᠭᠠᠶᠢᠷᠠᠭᠤᠯᠬᠤ᠂ ᠪᠤᠶᠢᠵᠢᠭᠤᠯᠬᠤ᠂ ᠨᠥᠭᠡᠴᠡᠯᠡᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠶᠠᠰᠤ ᠴᠢᠨᠠᠷ ᠤᠨ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠡᠨᠧᠷᠭᠢ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠲᠣᠨᠤᠭ ᠲᠥᠬᠦᠭᠡᠷᠦᠮᠵᠢ ᠦᠢᠯᠡᠳᠬᠦ᠂ ᠨᠡᠭᠦᠷᠡᠰᠦᠨ ᠤ ᠪᠤᠰᠤ ᠦᠢᠯᠡᠳᠪᠦᠷᠢ ᠠᠭᠤᠷᠬᠠᠶ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠲᠠᠸᠠᠷ ᠤᠨ ᠲᠡᠮᠳᠡᠭ ᠳᠠᠩᠰᠠᠯᠠᠭᠤᠯᠬᠤ ᠪᠠ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠠᠢ᠃ ᠮᠠᠨ ᠤ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠨᠡᠷᠡᠲᠦ ᠲᠡᠮᠳᠡᠭᠲᠦ ᠶᠢᠨ ᠳᠠᠪᠠᠭᠤᠯᠢᠭ ᠢ ᠪᠠᠳᠠᠷᠠᠭᠤᠯᠵᠤ᠂ ︽ᠣᠷᠳᠣᠰ ᠤᠨ ᠨᠡᠭᠦᠷᠡᠰᠦ︾᠎ ᠶᠢᠨ ᠲᠠᠸᠠᠷ ᠤᠨ ᠲᠡᠮᠳᠡᠭ ᠳᠠᠩᠰᠠᠯᠠᠭᠤᠯᠬᠤ ᠠᠬᠢᠴᠠ ᠶᠢ ᠲᠦᠷᠭᠡᠳᠭᠡᠭᠦ ᠬᠡᠷᠡᠭᠲᠠᠢ᠃ ᠨᠡᠭᠦᠷᠡᠰᠦᠨ ᠤ ᠪᠤᠰᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠬᠦᠨ ᠤ ᠡᠬᠢ ᠪᠠᠶᠠᠯᠢᠭ ᠤᠨ ᠳᠠᠪᠠᠭᠤᠯᠢᠭ ᠢ ᠠᠭᠤᠳᠠᠯᠵᠤ᠂ ᠬᠠᠳᠠᠭᠠᠯᠠᠭᠳᠠᠴᠠ ᠨᠢ ᠶᠡᠭᠡ᠂ ᠴᠢᠨᠠᠷ ᠨᠢ ᠰᠠᠶᠢᠨ᠂ ᠦᠨ᠎ᠡ ᠬᠠᠩᠰᠢ ᠨᠢ ᠳᠣᠤᠷ᠎ᠠ ᠵᠡᠷᠭᠡ ᠳᠠᠪᠠᠭᠤᠯᠢᠭ ᠢᠶᠠᠷ ᠠᠵᠤ ᠦᠢᠯᠡᠰ ᠤᠨ ᠲᠥᠪᠯᠡᠷᠡᠯ ᠤᠨ ᠪᠠᠶᠢᠭᠤᠯᠤᠯᠲᠠ ᠶᠢ ᠳᠠᠶᠢᠴᠢᠯᠠᠵᠤ᠂ ︽ᠨᠢᠭᠡ ᠬᠦᠷᠢᠶᠡᠯᠡᠩ ᠨᠢᠭᠡ ᠪᠦᠲᠦᠭᠡᠭᠳᠡᠬᠦᠨ︾ ︽ᠨᠢᠭᠡ ᠠᠵᠤ ᠠᠬᠤᠶᠢᠯᠠᠯ ᠨᠢᠭᠡ ᠲᠡᠮᠲᠡᠭᠲᠦ︾᠎ ᠤᠨ ᠨᠡᠷᠡᠲᠦ ᠲᠡᠮᠲᠡᠭᠲᠦ ᠠᠵᠤ ᠦᠢᠯᠡᠰ ᠤᠨ ᠲᠥᠪᠯᠡᠷᠡᠯ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠷᠢᠯᠳᠦᠭᠦᠯᠵᠦ᠂ ᠪᠦᠬᠦ ᠬᠤᠲᠠ ᠶᠢᠨ ᠠᠵᠤ ᠠᠬᠤᠶᠢᠯᠠᠯ ᠤᠨ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠬᠦᠯᠬᠦ ᠬᠡᠷᠡᠭᠲᠠᠢ᠃      ︵ᠭᠤᠷᠪᠠ︶ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢ ᠢᠳᠡᠪᠬᠢᠲᠡᠶ ᠪᠤᠶᠢᠵᠢᠭᠤᠯᠬᠤ ᠬᠡᠷᠡᠭᠲᠠᠢ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠳᠣ ᠦᠶ᠎ᠡ ᠶᠢᠨ ᠪᠤᠳᠠᠰ ᠤᠨ ᠬᠦᠢᠯᠬᠡᠬᠡ᠂ ᠰᠣᠶᠣᠯ ᠢᠳᠡᠭᠡᠨ ᠤᠮᠳᠠᠭᠠᠨ᠂ ᠰᠤᠷᠭᠠᠨ ᠬᠥᠮᠦᠵᠢᠯ ᠪᠤᠯᠪᠠᠰᠣᠷᠠᠭᠤᠯᠤᠯ ᠵᠡᠷᠭᠡ ᠦᠢᠯᠡᠴᠢᠯᠡᠬᠡᠨ ᠤ ᠴᠢᠨᠠᠷᠲᠠᠶ ᠲᠠᠸᠠᠷ ᠤᠨ ᠲᠡᠮᠳᠡᠭ ᠢ ᠪᠤᠶᠢᠵᠢᠭᠤᠯᠬᠤ ᠪᠠ ᠳᠠᠩᠰᠠᠯᠠᠭᠤᠯᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠮᠠᠨ ᠤ ᠬᠤᠲᠠ ᠶᠢᠨ ᠣᠳᠣ ᠦᠶ᠎ᠡ ᠶᠢᠨ ᠦᠢᠯᠡᠴᠢᠯᠡᠬᠡᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ᠂ ᠲᠡᠷᠢᠬᠦᠨ ᠤ ᠬᠠᠮᠢᠶᠠᠷᠤᠯᠲᠠ ᠶᠢᠨ ᠬᠡᠪ ᠵᠠᠭᠪᠤᠷ ᠢ ᠣᠷᠣᠭᠤᠯᠤᠨ ᠠᠪᠴᠢᠷᠠᠬᠤ᠂ ᠲᠡᠷᠢᠭᠦᠨ ᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠨ ᠬᠠᠮᠢᠶᠠᠷᠤᠯᠲᠠ ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠳᠡᠮᠵᠢᠨ ᠵᠣᠷᠢᠭᠵᠢᠭᠤᠯᠬᠤ ᠬᠡᠷᠡᠭᠲᠠᠢ᠃ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠣᠷᠣᠨ ᠪᠦᠰᠡ ᠶᠢᠨ ᠣᠯᠠᠨ ᠨᠡᠢᠲᠡ ᠶᠢᠨ ᠨᠡᠷᠡᠲᠦ ᠲᠠᠸᠠᠷ ᠤᠨ ᠲᠡᠮᠳᠡᠭ ᠢ ᠪᠦᠷᠢᠯᠳᠦᠭᠦᠯᠵᠦ᠂ ᠮᠠᠨ ᠤ ᠬᠤᠲᠠ ᠶᠢ ᠪᠦᠬᠦ ᠤᠯᠤᠰ ᠤᠨ ᠣᠷᠣᠨ ᠪᠦᠰᠡ ᠶᠢᠨ ᠴᠢᠨᠠᠷᠲᠠᠶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠷᠡᠲᠦ ᠲᠡᠮᠳᠡᠭᠲᠦ ᠶᠢᠨ ᠲᠥᠪ ᠪᠣᠯᠭᠠᠨ ᠪᠠᠶᠢᠭᠤᠯᠬᠤ ᠬᠡᠷᠡᠭᠲᠠᠢ᠃      ︵ᠳᠥᠷᠪᠡ︶ ︽ᠣᠷᠳᠣᠰ︾᠎ ᠤᠨ ᠣᠨᠴᠠᠯᠢᠭᠲᠦ ᠰᠣᠶᠣᠯ ᠤᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢ ᠪᠤᠶ ᠪᠤᠯᠭᠠᠬᠤ ᠬᠡᠷᠡᠭᠲᠠᠢ᠃ ︽ᠣᠷᠳᠣᠰ︾᠎ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠲᠡᠮᠳᠡᠭ ᠪᠠ ᠭᠤᠣᠯᠳᠠᠯᠭ᠎ᠠ ᠲᠠᠢ ᠨᠡᠷᠡᠲᠦ ᠲᠡᠮᠲᠡᠭᠲᠦ ᠶᠢᠨ ᠲᠣᠭᠤᠷᠢᠨ ᠳᠤ᠂ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠠᠭᠤᠯᠤᠭᠳᠠᠬᠤᠨ ᠪᠠ ᠨᠡᠷᠡᠲᠦ ᠲᠡᠮᠳᠡᠭᠲᠦ ᠶᠢᠨ ᠳᠠᠪᠠᠭᠤᠯᠢᠭ ᠢ ᠲᠠᠰᠤᠷᠠᠯᠲᠠ ᠤᠢᠭᠡᠢ ᠳᠡᠭᠡᠭᠰᠢᠯᠡᠬᠦᠯᠬᠦ ᠬᠡᠷᠡᠭᠲᠠᠢ᠃ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠪᠣᠯᠤᠨ ᠰᠣᠶᠣᠯ ᠢᠷᠭᠡᠨᠰᠢᠯ ᠤᠨ ᠵᠢᠭᠤᠯᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠴᠢᠬᠤᠯᠠᠴᠢᠯᠠᠵᠤ᠂ ᠬᠢᠶ᠎ᠠ ᠪᠠᠭᠰᠢ ᠰᠢᠨ᠎ᠡ ᠲᠣᠭᠤᠷᠢᠭ ᠤᠨ ᠵᠢᠭᠤᠯᠴᠢᠯᠠᠯ ᠤᠨ ᠬᠤᠲᠠ ᠶᠢᠨ ᠨᠡᠷᠡᠲᠦ ᠳᠡᠮᠳᠡᠭ ᠪᠣᠯᠤᠨ ᠡᠷᠳᠡᠨᠢ ᠶᠢᠨ ᠲᠤᠪᠴᠢ᠂ ᠵᠢᠦ ᠴᠧᠩ ᠬᠦᠩ ᠤᠨ ᠵᠢᠭᠤᠯᠴᠢᠯᠠᠯ᠂ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ  ᠰᠣᠶᠣᠯ᠂ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠰᠣᠶᠣᠯ᠂ ᠰᠢᠷᠬᠤᠰᠤᠨ ᠭᠤᠤᠯ ᠠᠷᠠᠳ ᠤᠨ ᠤᠷᠠᠯᠢᠭ᠂ ᠮᠣᠷᠢᠨ ᠬᠤᠭᠤᠷ ᠤᠨ ᠰᠣᠶᠣᠯ᠂ ᠰᠦᠯᠲᠡ ᠶᠢᠨ ᠰᠣᠶᠣᠯ᠂ ᠮᠣᠩᠭᠤᠯ ᠦᠨᠳᠦᠰᠦᠲᠡᠨ ᠤ ᠣᠪᠣᠭᠠᠨ ᠤ ᠰᠣᠶᠣᠯ᠂ ᠬᠦᠷᠡᠯ ᠰᠣᠶᠣᠯ᠂ ᠬᠤᠷᠢᠮ ᠤᠨ ᠰᠣᠶᠣᠯ᠂ ᠳᠠᠭᠤᠤ ᠪᠥᠵᠢᠭ ᠤᠨ ᠰᠣᠶᠣᠯ᠂ ᠮᠠᠩᠬᠠᠨ ᠠᠶᠠᠯᠭᠤ ᠶᠢᠨ ᠰᠣᠶᠣᠯ ᠵᠡᠷᠭᠡ ᠵᠢᠭᠤᠯᠴᠢᠯᠠᠯ ᠤᠨ ᠰᠣᠶᠣᠯ ᠤᠨ ᠨᠡᠷᠡᠲᠦ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠦᠨ᠂ ᠲᠡᠤᠬᠡ ᠰᠣᠶᠣᠯ᠂ ᠱᠠᠰᠢᠨ ᠰᠤᠷᠲᠠᠬᠤᠨ ᠤ ᠰᠣᠶᠣᠯ᠂ ᠵᠠᠩ ᠦᠢᠯᠡ ᠶᠢᠨ ᠰᠣᠶᠣᠯ᠂ ᠲᠠᠬᠢᠯᠭ᠎ᠠ ᠶᠢᠨ ᠰᠣᠶᠣᠯ᠂ ᠠᠮᠢ ᠠᠬᠤᠶ ᠶᠢᠨ ᠰᠣᠶᠣᠯ᠂ ᠡᠨᠧᠷᠭᠢ ᠶᠢᠨ ᠰᠣᠶᠣᠯ ᠵᠡᠷᠭᠡ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠤᠨ ᠨᠡᠷᠡᠲᠦ ᠲᠡᠮᠲᠡᠭᠲᠦ ᠶᠢ ᠡᠬᠦᠳᠴᠦ᠂ ᠡᠯ᠎ᠡ ᠲᠥᠷᠥᠯ ᠤᠨ ᠰᠣᠶᠣᠯ ᠤᠨ ᠠᠵᠤ ᠦᠢᠯᠡᠰ ᠤᠨ ᠨᠡᠷᠡᠲᠦ ᠲᠡᠮᠳᠡᠭᠲᠦ ᠶᠢᠨ ᠥᠷᠲᠡᠭ ᠢ ᠲᠠᠰᠤᠷᠠᠯᠲᠠ ᠤᠢᠭᠡᠢ ᠳᠡᠭᠡᠭᠰᠢᠯᠡᠬᠦᠯᠵᠤ᠂ ᠪᠦᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠨᠡᠷᠡᠲᠦ ᠲᠡᠮᠳᠡᠭᠲᠦ ᠶᠢᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠠᠢ᠃      ︵ᠲᠠᠪᠤ︶ ︽ᠨᠢᠭᠡ ᠪᠠᠯᠭᠠᠰᠤ ᠳᠤ ᠨᠢᠭᠡ ᠨᠡᠷᠡᠲᠦ ᠲᠡᠮᠲᠡᠭᠲᠦ︾᠂ ︽ᠨᠢᠭᠡ ᠲᠣᠰᠬᠤᠨ ᠣᠯᠠᠨ ᠲᠠᠸᠠᠷ ᠤᠨ ᠲᠡᠮᠲᠡᠭᠲᠦ ᠲᠠᠢ ᠪᠠᠶᠢᠬᠤ︾ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠬᠡᠷᠡᠭᠲᠠᠢ᠃ ︽ᠺᠣᠮᠫᠠᠨᠢ ︵ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ︶ + ᠲᠠᠸᠠᠷ ᠤᠨ ᠲᠡᠮᠳᠡᠭ ︵ᠭᠠᠵᠠᠷ ᠵᠦᠶ ᠶᠢᠨ ᠲᠡᠮᠲᠡᠭ︶ + ᠲᠠᠷᠢᠶᠠᠴᠢᠨ ᠡᠷᠦᠬᠡ︾᠎ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠵᠦ᠂ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠠᠵᠢᠯᠯᠠᠭ᠎ᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠥᠷᠲᠡᠭ ᠤᠨ ᠬᠡᠯᠬᠢᠶ᠎ᠡ ᠶᠢ ᠳᠡᠭᠡᠭᠰᠢᠯᠡᠬᠦᠯᠬᠦ ᠬᠡᠷᠡᠭᠲᠠᠢ᠃ ᠳᠠᠯᠠᠳ ᠬᠤᠰᠢᠭᠤᠨ ᠤ ︽ᠳ᠋ᠠ ᠱᠣ᠋ ᠸᠠᠨ︾ ᠬᠠᠲᠤᠨ ᠭᠤᠤᠯ ᠤᠨ ᠵᠢᠭᠠᠰᠤ᠂ ᠬᠠᠩᠭᠢᠨ ᠬᠤᠰᠢᠭᠤᠨ ᠤ ︽ᠬᠥᠪᠴᠢ︾᠎ ᠶᠢᠨ ᠡᠯᠡᠰᠦᠨ ᠠᠵᠤ ᠦᠢᠯᠡᠰ᠂ ᠵᠡᠭᠦᠨᠭᠠᠷ ᠬᠤᠰᠢᠭᠤᠨ ᠤ ︽ᠠᠭᠤᠯᠠᠨ ᠭᠦᠢᠯᠡᠰᠦ︾᠎ ᠶᠢᠨ ᠲᠠᠷᠢᠮᠠᠯ ᠤᠨ ᠦᠢᠯᠡᠰ᠂ ᠦᠤᠰᠢᠨ ᠬᠤᠰᠢᠭᠤᠨ ᠤ ︽ᠬᠤᠸᠠᠩ ᠰᠢᠶᠠᠩ︾ ᠢᠳᠡᠰᠢᠨ ᠭᠠᠭ᠋ᠠᠶ ᠲᠡᠵᠢᠭᠡᠨ ᠦᠷᠡᠵᠢᠭᠦᠯᠬᠦ ᠵᠡᠷᠭᠡ ᠲᠠᠸᠠᠷ ᠤᠨ ᠲᠡᠮᠳᠡᠭ ᠤᠨ ᠨᠡᠷᠡᠲᠦ ᠲᠡᠮᠲᠡᠭᠲᠦ ᠢᠶᠠᠷ ᠮᠢᠬ᠎ᠠ ︵ᠰᠢᠨ᠎ᠡ ᠮᠢᠬ᠎ᠠ ᠪᠠ ᠬᠠᠲᠠᠭᠠᠭᠰᠠᠨ ᠮᠢᠬ᠎ᠠ︶᠂ ᠲᠤᠲᠤᠷᠭ᠎ᠠ᠂ ᠵᠥᠭᠡᠶ ᠶᠢᠨ ᠪᠠᠯ᠂ ᠱᠤᠷᠠᠭ ᠵᠠᠮᠠᠭ᠂ ᠲᠠᠷᠪᠤᠰ᠂ ᠲᠥᠮᠥᠰᠥ᠂ ᠴᠠᠭᠠᠨ ᠢᠳᠡᠭᠡᠨ ᠵᠡᠷᠭᠡ ᠣᠷᠳᠣᠰ ᠤᠨ ᠣᠨᠴᠠᠯᠢᠭ ᠪᠦᠬᠦᠢ ᠪᠣᠬᠢᠷᠲᠤᠯ ᠦᠭᠡᠶ ᠣᠷᠭᠠᠨᠢᠭ ᠲᠠᠷᠢᠶᠠᠯᠠᠩ ᠎ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠠᠵᠤ ᠠᠬᠤᠶᠢᠯᠠᠯ ᠤᠨ ᠲᠠᠸᠠᠷ ᠤᠨ ᠲᠡᠮᠲᠡᠭ ᠢ ᠲᠠᠩᠰᠠᠯᠠᠭᠤᠯᠬᠤ ᠶᠢ ᠲᠠᠶᠢᠴᠢᠯᠠᠨ᠎ᠠ᠃ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠨᠡᠷᠡᠲᠦ ᠲᠡᠮᠳᠡᠭᠲᠦ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠎ ᠤᠨ ᠦᠢᠯᠡᠳᠬᠦᠨ ᠢ ᠨᠡᠷᠡᠲᠦ ᠲᠡᠮᠳᠡᠭᠴᠢᠯᠡᠭᠰᠡᠨ ᠠᠵᠤ ᠦᠶᠢᠯᠡᠰᠵᠢᠭᠰᠡᠨ ᠡᠵᠡᠩᠨᠡᠯᠲᠡ ᠶᠢ ᠠᠬᠢᠭᠤᠯᠵᠤ᠂ ᠪᠠᠯᠭᠠᠰᠤ᠂ ᠲᠣᠰᠬᠤᠨ ᠢᠶᠠᠷ ᠰᠠᠭᠤᠷᠢ ᠪᠣᠯᠭᠠᠭᠰᠠᠨ ᠣᠷᠣᠨ ᠪᠦᠰᠡ ᠶᠢᠨ ᠤᠨᠴᠠᠯᠢᠭᠲᠦ ᠨᠡᠷᠡᠲᠦ ᠲᠡᠮᠳᠡᠭᠲᠦ ᠶᠢ ᠲᠦᠷᠭᠡᠨ ᠪᠣᠶ ᠪᠣᠯᠭᠠᠵᠤ᠂ ᠨᠡᠶᠢᠭᠡᠮ ᠵᠢᠷᠤᠮ ᠤᠨ ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠬᠤ ᠬᠡᠷᠡᠭᠲᠠᠢ᠃      ︵ᠵᠢᠷᠭᠤᠭ᠎ᠠ︶ ᠭᠠᠵᠠᠷ ᠵᠦᠶ ᠶᠢᠨ ᠲᠡᠮᠳᠡᠭ ᠎ ᠢ ᠭᠡᠷᠡᠴᠢᠯᠡᠬᠦ ᠲᠠᠸᠠᠷ ᠤᠨ ᠲᠡᠮᠳᠡᠭ ᠢ ᠢᠳᠡᠪᠬᠢᠲᠡᠶ ᠪᠠᠷ ᠪᠤᠶᠢᠵᠢᠭᠤᠯᠤᠨ ᠬᠥᠲᠥᠯᠥᠨ ᠵᠢᠯᠣᠭᠤᠳᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ ᠳᠠᠭᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢ ᠲᠦᠷᠭᠡᠳᠬᠡᠬᠦ ᠲᠠᠯ᠎ᠠ ᠪᠠᠷ ᠬᠢ ᠭᠠᠵᠠᠷ ᠵᠦᠢ ᠶᠢᠨ ᠲᠡᠮᠳᠡᠭ ᠎ ᠢ ᠭᠡᠷᠡᠴᠢᠯᠡᠬᠦ ᠶᠢᠨ ᠲᠠᠸᠠᠷ ᠤᠨ ᠲᠡᠮᠳᠡᠭ ᠤᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠲᠠᠢ᠃ ᠡᠯ᠎ᠡ ᠬᠤᠯᠪᠣᠭᠳᠠᠯ ᠪᠦᠬᠦᠢ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠠᠯᠠᠳ ᠬᠤᠰᠢᠭᠤᠨ ᠤ ︽ᠹᠧᠩ ᠱᠦᠶ ᠯᠢᠶᠠᠩ ᠲᠠᠷᠪᠠᠭ᠎ᠠ ᠲᠠᠤᠯᠠᠶ︾᠂ ᠦᠤᠰᠢᠨ ᠬᠤᠰᠢᠭᠤᠨ ᠤ ︽ᠰᠢᠷᠠᠣᠡᠰᠣᠨ ᠭᠤᠤᠯ ᠤᠨ ᠲᠤᠲᠤᠷᠭ᠎ᠠ︾᠂ ᠵᠡᠭᠦᠨᠭᠠᠷ ᠤᠨ ︽ᠠᠭᠤᠯᠠᠨ ᠬᠦᠢᠯᠡᠰᠦ︾ ᠵᠡᠷᠭᠡ ᠭᠠᠵᠠᠷ ᠵᠦᠶ ᠶᠢᠨ ᠪᠡᠯᠭᠡ ᠲᠡᠮᠳᠡᠭ ᠢ ᠭᠡᠷᠡᠴᠢᠯᠡᠬᠦ ᠲᠠᠸᠠᠷ ᠤᠨ ᠲᠡᠮᠳᠡᠭ ᠢ ᠪᠤᠶᠢᠵᠢᠭᠤᠯᠤᠨ ᠳᠠᠩᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠨᠡᠷᠡᠲᠦ ᠲᠡᠮᠳᠡᠭᠲᠦ ᠲᠠᠷᠢᠶᠠᠯᠠᠩ ᠤᠨ ᠪᠦᠲᠦᠬᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠭᠰᠢᠳᠠ ᠰᠢᠯᠢᠳᠡᠭᠵᠢᠭᠦᠯᠵᠦ᠂ ᠪᠤᠵᠠᠭᠠᠶᠢᠷᠠᠭᠤᠯᠵᠤ᠂ ᠬᠦᠴᠦᠷᠬᠡᠭᠵᠢᠭᠦᠯᠬᠦ ᠶᠢ ᠵᠣᠷᠢᠭᠵᠢᠭᠤᠯᠬᠤ ᠬᠡᠷᠡᠭᠲᠠᠢ᠃      ︵ᠳᠣᠯᠤᠭ᠎ᠠ︶ ᠣᠯᠠᠨ ᠤᠯᠤᠰ ᠤᠨ ᠲᠠᠸᠠᠷ ᠤᠨ ᠲᠡᠮᠳᠡᠭ ᠢ ᠶᠡᠬᠡᠪᠡᠷ ᠪᠤᠶᠢᠵᠢᠭᠤᠯᠬᠤ ᠬᠡᠷᠡᠭᠲᠠᠢ᠃ ᠠᠵᠤ ᠠᠬᠤᠶᠢᠯᠠᠯ ᠤᠨ ︽ᠭᠠᠳᠠᠭᠰᠢ ᠭᠠᠷᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠤᠲᠠ ᠶᠢᠨ ᠳᠣᠲᠣᠷᠠᠬᠢ ᠠᠵᠤ ᠠᠬᠤᠶᠢᠯᠠᠯ ᠤᠨ ᠣᠯᠠᠨ ᠤᠯᠤᠰ ᠤᠨ ᠠᠷᠠᠯᠵᠢᠶᠠᠨ ᠳᠤ ᠡᠵᠡᠨ ᠮᠡᠳᠡᠭᠰᠡᠨ ᠲᠠᠸᠠᠷ ᠤᠨ ᠲᠡᠮᠳᠡᠭ ᠢ ᠬᠡᠷᠡᠭᠯᠡᠬᠦ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠠᠵᠤ ᠠᠬᠤᠶᠢᠯᠠᠯ ᠤᠨ ᠮᠠᠳ᠋ᠷᠢᠳ᠋ ᠤᠨ ᠰᠢᠰᠲ᠋ᠧᠮ ᠢᠶᠠᠷ ᠳᠠᠮᠵᠢᠨ ᠣᠯᠠᠨ ᠤᠯᠤᠰ ᠤᠨ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢ ᠶᠡᠬᠡᠪᠡᠷ ᠠᠬᠢᠭᠤᠯᠵᠤ᠂ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ ᠠᠯᠬᠤᠴᠠ ᠶᠢ ᠲᠦᠷᠭᠡᠳᠬᠡᠵᠦ᠂ ᠪᠦᠬᠦ ᠬᠤᠲᠠ ᠶᠢᠨ ᠡᠵᠡᠨ ᠮᠡᠳᠡᠭᠰᠡᠨ ᠲᠠᠸᠠᠷ ᠤᠨ ᠲᠡᠮᠳᠡᠭ ᠤᠨ ᠪᠦᠲᠦᠭᠡᠭᠳᠡᠬᠦᠨ ᠎ ᠢ ᠭᠠᠳᠠᠭᠠᠲᠤ ᠳᠤ ᠭᠠᠷᠭᠠᠬᠤ ᠬᠠᠷᠢᠴᠠᠯ ᠪᠠ ᠨᠦᠯᠦᠬᠡᠯᠡᠬᠦ ᠬᠦᠴᠦᠨ ᠢ ᠲᠠᠰᠤᠷᠠᠯᠲᠠ ᠤᠢᠭᠡᠢ ᠳᠡᠭᠡᠭᠰᠢᠯᠡᠬᠦᠯᠬᠦ ᠭᠡᠷᠡᠭᠲᠠᠢ᠃      ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠶᠠᠨ ᠬᠠᠮᠢᠶᠠᠷᠴᠤ ᠪᠠᠶᠢᠭ᠎ᠠ ᠬᠤᠲᠠ ᠶᠢᠨ ᠲᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠬᠢᠲᠦ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠲᠣᠭᠤᠷᠢᠭ ᠤᠨ ᠵᠠᠰᠠᠭ ᠵᠠᠬᠢᠷᠭᠠᠨ ᠤ ᠭᠤᠣᠯ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠬᠤᠲᠠ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠨ ᠠᠬᠢᠭᠤᠯᠬᠤ ᠬᠡᠷᠡᠭᠲᠠᠢ᠃ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠬᠤ ᠬᠡᠷᠡᠭᠲᠠᠢ᠃ ᠠᠯᠪᠠᠨ ᠭᠡᠷ ᠢ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠎ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠵᠠᠰᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠬᠠᠪᠰᠤᠷᠭᠠᠨ ᠡᠭᠦᠷᠭᠡᠯᠡᠨ᠎ᠡ᠃ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠦᠷᠦᠬᠦᠯᠡᠭᠰᠡᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠪᠦᠬᠦ ᠬᠤᠲᠠ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠬᠤ ᠪᠠ ᠱᠠᠭᠠᠷᠳᠠᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠣᠰᠣᠭᠠᠷ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠤ᠂ ᠲᠡᠭᠡᠳᠦ ᠲᠤᠤᠷᠠᠲᠤ ᠱᠠᠲᠤ ᠬᠤᠯᠪᠣᠭᠠᠯᠠᠨ ᠬᠥᠳᠡᠯᠦᠯᠴᠡᠵᠦ᠂ ᠵᠢᠯᠣᠭᠤᠳᠬᠤ᠂ ᠵᠣᠬᠢᠴᠠᠭᠤᠯᠬᠤ᠂ ᠱᠠᠯᠠᠪᠳᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠬᠤ ᠤᠳᠤᠷᠢᠳᠤᠯᠭ᠎ᠠ ᠎ ᠪᠠᠷ ᠬᠤᠷᠠᠯᠳᠤᠭᠤᠯᠤᠭᠴᠢ ᠪᠣᠯᠵᠣ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠱᠠᠭᠠᠷᠳᠠᠭᠤᠯᠬᠤ᠂ ᠵᠢᠯᠣᠭᠤᠳᠬᠤ ᠶᠢ ᠬᠠᠷᠢᠭᠤᠴᠠᠵᠤ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠣᠳᠣᠯᠣᠨ ᠰᠢᠢᠳᠪᠦᠷᠢᠯᠡᠬᠦ ᠬᠡᠷᠡᠭᠲᠠᠢ᠃      ︵ᠬᠤᠶᠠᠷ︶ ᠰᠢᠯᠭᠠᠨ ᠬᠢᠨᠠᠵᠤ ᠦᠨᠡᠯᠡᠬᠦ ᠳᠦᠷᠢᠮ ᠢ ᠪᠦᠷᠢᠨᠰᠢᠬᠦᠯᠬᠦ ᠬᠡᠷᠡᠭᠲᠠᠢ᠃ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠳᠠᠯ ᠢ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠣᠳᠠᠲᠤ ᠠᠮᠵᠢᠯᠲᠠ ᠶᠢ ᠦᠨᠡᠯᠡᠬᠦ ᠪᠠ ᠰᠢᠯᠭᠠᠨ ᠬᠢᠨᠠᠬᠤ ᠲᠤᠭᠳᠠᠯᠴᠠᠭ᠎ᠠ ᠳᠤ ᠤᠷᠤᠭᠤᠯᠬᠤ ᠬᠡᠷᠡᠭᠲᠠᠢ᠃ ᠮᠡᠳᠡᠬᠦᠯᠦᠨ ᠭᠤᠶᠤᠴᠢᠯᠠᠭᠰᠠᠨ ᠪᠠ ᠲᠠᠸᠠᠷ ᠤᠨ ᠲᠡᠮᠳᠡᠭ ᠳᠠᠩᠰᠠᠯᠠᠭᠤᠯᠤᠭᠰᠠᠨ ᠲᠤᠭ᠎ᠠ ᠬᠡᠮᠵᠢᠶ᠎ᠡ᠂ ᠲᠠᠸᠠᠷ ᠤᠨ ᠲᠡᠮᠳᠡᠭ ‍ᠤᠨ‌‍ᠲ᠋ᠡᠮᠲᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠭᠰᠡᠨ ᠪᠠᠶᠢᠳᠠᠯ ᠢ ᠦᠨᠳᠦᠰᠦᠯᠡᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠸᠠᠷ ᠤᠨ ᠲᠡᠮᠳᠡᠭ ᠤᠨ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠬᠢᠷᠢ ᠪᠦᠲᠦᠮᠵᠢ ᠪᠠᠷ ᠰᠢᠯᠢᠳᠡᠭ ᠬᠤᠰᠢᠭᠤ ᠲᠣᠭᠤᠷᠢᠭ ᠪᠠ ᠰᠠᠯᠠᠭ᠎ᠠ ᠮᠥᠴᠢᠷ ᠢ ᠬᠥᠬᠢᠭᠦᠯᠦᠨ ᠱᠠᠩᠨᠠᠬᠤ ᠬᠡᠷᠡᠭᠲᠠᠢ᠃ ᠲᠡᠷᠡᠴᠢᠯᠡᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠮᠦᠷᠳᠡᠨ ᠦᠨᠡᠯᠡᠵᠤ ᠰᠢᠯᠭᠠᠨ ᠬᠢᠨᠠᠬᠤ ᠲᠣᠭᠲᠠᠴᠠ ᠶᠢ ᠬᠡᠷᠡᠭᠵᠢᠭᠦᠯᠵᠦ᠂ ᠬᠤᠰᠢᠭᠤ ᠲᠣᠭᠤᠷᠢᠭ ᠤᠨ ᠱᠠᠲᠤᠨ ᠤ ᠬᠠᠷᠠᠯᠲᠠ ᠶᠢ ᠬᠢᠨᠠᠨ ᠡᠵᠡᠮᠳᠡᠬᠦ ᠠᠵᠢᠯ ᠢ ᠲᠦᠷᠢᠮᠵᠢᠬᠦᠯᠬᠦ ᠬᠡᠷᠡᠭᠲᠠᠢ᠃      ︵ᠭᠤᠷᠪᠠ︶ ᠮᠥᠩᠭᠦᠨ ᠬᠦᠢᠯᠬᠡᠬᠡᠨ ᠤ ᠳᠡᠮᠵᠢᠯᠭᠡ ᠶᠢᠨ ᠡᠷᠴᠢᠮ ᠢ ᠴᠢᠩᠭᠠᠳᠬᠠᠬᠤ ᠬᠡᠷᠡᠭᠲᠠᠢ᠃ ᠲᠠᠸᠠᠷ ᠤᠨ ᠲᠡᠮᠲᠡᠭ ᠤᠨ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ ᠠᠬᠢᠭᠤᠯᠵᠤ᠂ ᠠᠵᠤ ᠠᠬᠤᠶᠢᠯᠠᠯ ᠥᠪᠡᠷ ᠤᠨ ᠲᠠᠸᠠᠷ ᠤᠨ ᠲᠡᠮᠳᠡᠭ ᠤᠨ ᠡᠷᠬᠡ ᠪᠠᠨ ᠠᠰᠢᠭᠯᠠᠨ ᠳᠠᠨᠵᠢᠯᠠᠵᠤ ᠪᠠᠯᠠ ᠲᠣᠬᠢᠷᠠᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠦᠷᠭᠡᠳᠬᠡᠬᠦ ᠬᠡᠷᠡᠭᠲᠠᠢ᠃ ︽ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠪᠠᠨ ᠲᠠᠨᠵᠢᠯᠠᠵᠤ ᠵᠢᠭᠡᠯᠡᠯᠭᠡ ᠠᠪᠬᠤ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤᠮᠳᠠᠳᠤ ᠤᠯᠤᠰ ᠎ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ ᠭᠤᠤᠯᠳᠠᠯᠭᠠᠲᠤ ᠰᠠᠯᠪᠤᠷᠢ ᠪᠠᠩᠬᠢ᠂ ᠳᠤᠮᠳᠠᠳᠤ ᠤᠯᠤᠰ ᠎ ᠤᠨ ᠪᠠᠩᠬᠢ ᠶᠢᠨ ᠦᠢᠯᠡᠰ ᠎ ᠤᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠶ ᠮᠡᠳᠡᠭᠳᠡᠯ︾ ︵ᠥᠪᠥᠷ ᠦᠢᠯᠡᠳᠪᠦᠷᠢ ᠬᠤᠳᠠᠯᠳᠤᠭ᠎ᠠ ᠦᠰᠦᠭᠲᠦ ﹇2012﹈ 38 ᠳ᠋ᠤᠭᠠᠷ ᠲᠣᠭᠠᠲᠤ︶ ᠶᠣᠰᠣᠭᠠᠷ᠂ ᠮᠠᠨ ᠤ ᠬᠤᠲᠠ ᠶᠢᠨ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠎ ᠪᠠᠨ ᠲᠠᠨᠵᠢᠯᠠᠵᠤ ᠵᠢᠭᠡᠯᠡᠯᠭᠡ ᠠᠪᠬᠤ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠤᠷᠰᠢᠯᠲᠠ ᠶᠢᠨ ᠴᠢᠭ ᠲᠤ ᠲᠡᠯᠬᠡᠷᠡᠬᠦᠯᠵᠤ᠂ ᠳ᠋ᠦᠩᠨᠡᠨ ᠳᠡᠯᠭᠡᠷᠡᠭᠦᠯᠬᠦ ᠠᠵᠢᠯ ᠤᠨ ᠰᠡᠳᠬᠢᠮᠵᠢ ᠶᠣᠰᠣᠭᠠᠷ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠬᠡᠷᠡᠭᠲᠡᠶ᠃ ᠭᠤᠣᠯᠳᠠᠯᠭ᠎ᠠ ᠲᠠᠢ ᠠᠵᠢᠯ ᠲᠥᠷᠥᠯ ᠪᠠ ᠨᠡᠷᠡᠲᠦ ᠲᠡᠮᠲᠡᠭᠲᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠪᠠᠩᠬᠢ ᠶᠢᠨ ᠦᠢᠯᠡᠰ ᠪᠣᠯᠤᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠨᠤᠭᠤᠳ ᠪᠦᠬᠦ ᠬᠤᠲᠠ ᠶᠢᠨ ᠬᠡᠪᠴᠢᠶᠡᠨ ᠳᠤ ᠲᠠᠸᠠᠷ ᠤᠨ ᠲᠡᠮᠳᠡᠭ ᠤᠨ ᠡᠷᠬᠡ ᠲᠠᠢ ᠬᠤᠯᠪᠣᠭᠳᠠᠬᠤ ᠮᠥᠩᠭᠦᠨ ᠬᠦᠢᠯᠬᠡᠬᠡᠨ ᠤ ᠦᠢᠯᠡᠳᠬᠦᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠶᠢ ᠳᠠᠨᠵᠢᠯᠠᠵᠤ ᠪᠡᠯᠡ ᠲᠣᠬᠢᠷᠠᠭᠤᠯᠬᠤ ᠶᠠᠪᠤᠴᠠ ᠶᠢ ᠲᠦᠬᠦᠮᠴᠢᠯᠡᠵᠤ᠂ ᠲᠠᠸᠠᠷ ᠤᠨ ᠲᠡᠮᠲᠡᠭ ᠢ ᠦᠨᠡᠯᠡᠨ ᠵᠢᠱᠢᠬᠦ ᠵᠡᠷᠭᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠬᠦ ᠬᠡᠷᠡᠭᠲᠠᠢ᠃      ︵ᠳᠥᠷᠪᠡ︶ ᠲᠥᠷᠥ ᠶᠢᠨ ᠪᠣᠳᠣᠯᠭ᠎ᠠ ᠪᠠᠷ ᠲᠡᠮᠵᠢᠯᠬᠡ ᠶᠢᠨ ᠡᠷᠴᠢᠮ ᠢ ᠴᠢᠩᠭᠠᠳᠬᠠᠬᠤ ᠬᠡᠷᠡᠭᠲᠠᠢ᠃ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠤᠷᠳᠤᠰ ᠵᠠᠰᠠᠭ ᠲᠠᠷᠬᠠᠭᠠᠬᠤ ﹇2015﹈ 32 ᠳ᠋ᠤᠭᠠᠷ ᠲᠣᠭᠠᠲᠤ︶᠎ ᠢ ᠦᠨᠳᠦᠰᠦᠯᠡᠨ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠵᠠᠰᠠᠭ ᠤᠨ ᠣᠷᠳᠣᠨ ᠤ ᠲᠤᠰᠬᠠᠶ ᠱᠠᠩᠨᠠᠯ ᠤᠨ ᠮᠥᠩᠭᠦ ᠶᠢ ᠪᠠᠶᠢᠭᠤᠯᠬᠤ ᠬᠡᠷᠡᠭᠲᠠᠢ᠃ ᠡᠯ᠎ᠡ ᠬᠤᠰᠢᠭᠤ ᠲᠣᠭᠤᠷᠢᠭ ᠎ ᠤᠨ ᠬᠢᠨ ᠲᠠᠸᠠᠷ ᠤᠨ ᠲᠡᠮᠳᠡᠭ ᠢ ᠬᠥᠭᠵᠢᠭᠦᠯᠬᠦ ᠲᠤᠰᠬᠠᠶ ᠮᠥᠩᠭᠦ ᠶᠢ ᠲᠤᠰ ᠱᠠᠲᠤᠨ ᠤ ᠡᠳ᠋ ᠤᠨ ᠵᠠᠰᠠᠭ ᠤᠨ ᠣᠨ ᠤ ᠲᠥᠰᠦᠪ ᠎ ᠲᠤ ᠣᠷᠣᠭᠤᠯᠵᠤ᠂ ᠵᠢᠯ ᠪᠦᠷᠢ ᠵᠣᠬᠢᠬᠤ ᠬᠠᠷᠢᠴᠠᠯ ᠤᠨ ᠲᠤᠰᠬᠠᠢ ᠵᠠᠷᠤᠳᠠᠯ ᠲᠣᠬᠢᠷᠠᠭᠤᠯᠵᠤ ᠲᠠᠸᠠᠷ ᠤᠨ ᠲᠡᠮᠳᠡᠭ ᠤᠨ ᠨᠡᠷᠡᠲᠦ ᠲᠡᠮᠲᠡᠭᠲᠦ ᠶᠢᠨ ᠪᠠᠶᠢᠯᠳᠤᠬᠤ ᠪᠤᠳᠤᠯᠭ᠎ᠠ᠂ ᠨᠡᠷᠡᠲᠦ ᠲᠠᠸᠠᠷ ᠤᠨ ᠲᠡᠮᠳᠡᠭ ᠤᠨ ᠠᠵᠤ ᠠᠬᠤᠶᠢᠯᠠᠯ ᠎ ᠢ ᠱᠠᠩᠨᠠᠨ ᠬᠦᠬᠢᠬᠦᠯᠬᠦ ᠪᠠ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠎ ᠶᠢ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ ᠰᠢᠨ᠎ᠡ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠳᠠᠩᠰᠠᠯᠠᠭᠤᠯᠬᠤ ᠵᠠᠷᠤᠳᠠᠯ ︵800 ᠲᠥᠭᠦᠷᠢᠭ / ᠵᠦᠢᠯ︶᠎ ᠢ ᠡᠯ᠎ᠡ ᠬᠤᠰᠢᠭᠤ ᠲᠣᠭᠤᠷᠢᠭ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠨᠥᠬᠦᠪᠥᠷᠢᠯᠡᠬᠦ ᠬᠡᠷᠡᠭᠲᠡᠶ︔ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠣᠯᠤᠭᠰᠠᠨ ᠲᠠᠸᠠᠷ ᠤᠨ ᠲᠡᠮᠳᠡᠭ ᠤᠨ ᠨᠡᠶᠢᠭᠡᠮᠯᠢᠭ ᠵᠣᠬᠢᠶᠠᠨ ᠪᠠᠶᠢᠭᠤᠯᠤᠯᠲᠠ ᠪᠠ ᠮᠠᠳ᠋ᠷᠢᠳ᠋ ᠤᠨ ᠰᠢᠰᠲ᠋ᠧᠮ ᠤᠨ ᠣᠯᠠᠨ ᠤᠯᠤᠰ ᠎ ᠤᠨ ᠲᠠᠸᠠᠷ ᠤᠨ ᠲᠡᠮᠳᠡᠭ ᠢ ᠰᠢᠨ᠎ᠡ ᠪᠠᠷ ᠣᠯᠤᠭᠰᠠᠨ ᠠᠵᠤ ᠠᠬᠤᠶᠢᠯᠠᠯ ᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠸᠠᠷ ᠤᠨ ᠲᠡᠮᠲᠡᠭ ᠳᠠᠩᠰᠠᠯᠠᠭᠤᠯᠬᠤ ᠵᠠᠷᠤᠳᠠᠯ ︵ᠲᠤᠰᠬᠠᠶ ᠠᠰᠢᠭ ᠤᠨ ᠠᠯᠪᠠᠨ ᠵᠠᠷᠤᠳᠠᠯ︶᠎ ᠢ ᠳᠠᠩᠰᠠᠨ ᠠᠴᠠ ᠲᠠᠶᠢᠯᠵᠤ ᠦᠭᠬᠦ ᠬᠡᠷᠡᠭᠲᠠᠢ︔ ᠳᠤᠮᠳᠠᠳᠤ ᠤᠯᠤᠰ ᠎ ᠤᠨ ᠨᠡᠷᠡᠲᠦ ᠲᠠᠸᠠᠷ ᠤᠨ ᠲᠡᠮᠳᠡᠭ ᠎ ᠤᠨ100 ᠲᠦᠮᠡᠨ ᠲᠥᠭᠦᠷᠢᠭ ᠤᠨ ᠱᠠᠩᠨᠠᠯ ᠢ ᠰᠢᠨ᠎ᠡ ᠪᠠᠷ ᠤᠯᠤᠭᠰᠠᠨ ᠪᠤᠯ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠎ ᠠᠴᠠ ᠱᠠᠩᠨᠠᠨ ᠬᠦᠬᠢᠬᠦᠯᠦᠭᠰᠡᠨ ᠢ ᠬᠤᠲᠠ ᠶᠢᠨ ᠵᠠᠰᠠᠭ ᠤᠨ ᠣᠷᠳᠣᠨ ᠳᠠᠬᠢᠵᠤ ᠱᠠᠩᠨᠠᠨ ᠬᠦᠬᠢᠬᠦᠯᠬᠦ ᠦᠭᠡᠶ︶᠃      ︵ᠲᠠᠪᠤ︶ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠠᠢ᠃ ᠥᠷᠭᠡᠨ ᠣᠯᠠᠨ ᠰᠣᠨᠢᠨ ᠮᠡᠳᠡᠭᠡᠨ ᠤ ᠵᠠᠭᠤᠴᠢᠯᠠᠭᠤᠷ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠠᠵᠤ ᠠᠬᠤᠶᠢᠯᠠᠯ ᠤᠨ ᠣᠯᠠᠨ ᠠᠷᠭ᠎ᠠ ᠵᠠᠮ ᠢᠶᠠᠷ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠳᠦᠷᠢ ᠲᠥᠷᠬᠦ ᠶᠢᠨ ᠵᠠᠷ ᠮᠡᠳᠡᠭᠡ ᠳᠠᠮᠵᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠤᠬᠠᠭᠠᠯᠠᠭ᠎ᠠ ᠲᠥᠯᠦᠪᠯᠡᠭᠡ ᠶᠢ ᠰᠠᠶᠢᠲᠤᠷ ᠬᠢᠵᠦ᠂ ᠬᠡᠷᠡᠭᠯᠡᠭᠴᠢᠳ ᠢ ᠵᠥᠪ ᠢᠶᠠᠷ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠬᠡᠷᠡᠭᠯᠡᠭᠡᠨ ᠤ ᠣᠶᠢᠯᠠᠭᠠᠭᠳᠠᠬᠤᠨ ᠢ ᠪᠣᠶ ᠪᠣᠯᠭᠠᠵᠤ᠂ ᠲᠠᠸᠠᠷ ᠤᠨ ᠲᠡᠮᠳᠡᠭ ᠤᠨ ᠨᠡᠷᠡᠲᠦ ᠲᠡᠮᠲᠡᠭᠲᠦ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ ᠬᠡᠷᠡᠭᠵᠢᠭᠦᠯᠬᠦ ᠳᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ ᠲᠠᠸᠠᠷ ᠤᠨ ᠲᠡᠮᠳᠡᠭ ᠤᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠲᠠᠸᠠᠷ ᠤᠨ ᠲᠡᠮᠳᠡᠭ ᠢ ᠤᠬᠠᠭᠤᠯᠬᠤ᠂ ᠪᠤᠶᠢᠵᠢᠭᠤᠯᠬᠤ᠂ ᠦᠢᠯᠡᠴᠢᠯᠡᠬᠦ᠂ ᠬᠠᠮᠠᠭᠠᠯᠠᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠸᠠᠷ ᠤᠨ ᠲᠡᠮᠳᠡᠭ ᠤᠨ ᠰᠤᠳᠤᠯᠤᠨ ᠶᠠᠷᠢᠯᠴᠠᠬᠤ ᠬᠤᠷᠠᠯ᠂ ᠤᠯᠤᠰ ᠎ ᠤᠨ ᠳᠣᠲᠣᠭᠠᠳᠤ ᠭᠠᠳᠠᠭᠠᠳᠤ ᠶᠢᠨ ᠳᠡᠯᠭᠡᠨ ᠪᠤᠷᠤᠯᠠᠭᠤᠯᠬᠤ ᠴᠤᠭᠯᠠᠭᠠᠨ᠂ ᠵᠥᠪᠳᠡᠨ ᠶᠠᠷᠢᠯᠴᠠᠬᠤ ᠬᠤᠷᠠᠯ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠠᠷ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠵᠦ᠂ ᠮᠠᠨ ᠤ ᠬᠤᠲᠠ ᠶᠢᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠬᠦᠯᠬᠦ ᠬᠡᠷᠡᠭᠲᠠᠢ᠃      ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠬᠡᠨ ᠤ ᠪᠠᠶᠢᠭᠤᠯᠤᠮᠵᠢ ᠶᠢ ᠪᠠᠶᠢᠭᠤᠯᠬᠤ ᠬᠡᠷᠡᠭᠲᠠᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠮᠦᠨᠡᠬᠢ ᠬᠤᠭᠤᠴᠠᠭᠠᠨ ᠤ ᠬᠠᠪᠰᠤᠷᠤᠨ ᠵᠢᠯᠣᠭᠤᠳᠬᠤ᠂ ᠲᠠᠩᠰᠠᠯᠠᠭᠤᠯᠬᠤ ᠦᠢᠯᠡᠴᠢᠯᠡᠭᠡ᠂ ᠦᠷ᠎ᠡ ᠪᠦᠲᠦᠭᠡᠯ ᠢ ᠲᠠᠨᠢᠯᠴᠠᠭᠤᠯᠬᠤ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ᠂ ᠦᠷ᠎ᠡ ᠪᠦᠲᠦᠭᠡᠯ ᠢ ᠠᠷᠠᠯᠵᠢᠶᠠᠯᠠᠨ ᠡᠵᠡᠩᠨᠡᠬᠦ᠂ ᠱᠠᠩᠨᠠᠨ ᠲᠡᠳᠬᠦᠬᠦ᠂ ᠲᠦᠷᠭᠡᠨ ᠬᠢᠨᠠᠨ ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ᠂ ᠡᠷᠬᠡ ᠶᠢ ᠲᠦᠷᠭᠡᠨ ᠬᠠᠮᠠᠭᠠᠯᠠᠬᠤ ᠶᠢ ᠨᠢᠭᠡ ᠴᠤᠭᠴᠠᠵᠢᠭᠤᠯᠤᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠬᠡ ᠶᠢ ᠬᠠᠮᠠᠭᠠᠯᠠᠬᠤ ᠲᠤᠰᠠᠯᠠᠮᠵᠢ᠂ ᠡᠶᠡᠳᠡᠬᠦᠯᠦᠨ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠵᠠᠷᠭᠤᠯᠳᠤᠭ᠎ᠠ ᠶᠢ ᠬᠠᠷᠢᠯᠴᠠᠨ ᠵᠣᠯᠭᠠᠯᠳᠣᠭᠤᠯᠣᠨ ᠬᠦᠳᠡᠯᠦᠯᠴᠡᠬᠦᠯᠦᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠠᠮᠵᠢᠯᠴᠠᠨ ᠬᠠᠮᠠᠭᠠᠯᠠᠬᠤ ᠠᠵᠢᠯ ᠤᠨ ᠲᠤᠭᠳᠠᠯᠴᠠᠭ᠎ᠠ  ᠶᠢ ᠪᠦᠷᠢᠯᠳᠦᠬᠦᠯᠵᠤ᠂ ᠣᠷᠣᠨ ᠪᠦᠰᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠳᠤ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠴᠢᠨ ᠲᠣᠭᠤᠷᠢᠨ ᠢ ᠡᠬᠦᠳᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠴᠢᠨᠠᠷ ᠰᠠᠶᠢᠲᠠᠶ ᠦᠢᠯᠡᠴᠢᠯᠡᠭᠡ ᠶᠢ ᠬᠠᠩᠭᠠᠬᠤ ᠬᠡᠷᠡᠭᠲᠠᠢ᠃      ︵ᠳᠣᠯᠤᠭ᠎ᠠ︶ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠶᠢ ᠬᠠᠮᠠᠭᠠᠯᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠬᠡᠷᠡᠭᠲᠠᠢ᠃ ᠡ᠊‍ᠯ᠎ᠡ ᠱᠠᠲᠤᠨ ᠤ ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠠᠸᠠᠷ ᠤᠨ ᠲᠡᠮᠳᠡᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢ ᠴᠢᠨᠠᠭᠰᠢᠳᠠ ᠲᠡᠬᠦᠯᠳᠡᠷᠵᠢᠬᠦᠯᠵᠤ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠢᠯᠡᠴᠢᠯᠡᠨ ᠮᠡᠳᠡᠭᠦᠯᠬᠦ ᠳᠡᠰ ᠳᠠᠷᠠᠭᠠᠯᠠᠯ ᠢ ᠲᠦᠬᠦᠮᠴᠢᠯᠡᠵᠤ᠂ ᠲᠠᠸᠠᠷ ᠤᠨ ᠲᠡᠮᠳᠡᠭ ᠤᠨ ᠡᠷᠭᠡᠳᠡᠨ ᠤ ᠵᠠᠭᠠᠯᠳᠣᠯᠭ᠎ᠠ ᠬᠢᠬᠦ ᠳᠤ ᠳᠥᠭᠦᠮ ᠦᠵᠡᠬᠦᠯᠬᠦ ᠬᠡᠷᠡᠭᠲᠠᠢ᠃ ᠪᠦᠬᠦ ᠲᠠᠯ᠎ᠠ ᠶᠢᠨ ᠲᠠᠸᠠᠷ ᠤᠨ ᠲᠡᠮᠳᠡᠭ ᠤᠨ ᠲᠤᠰᠬᠠᠶ ᠡᠷᠬᠡ ᠶᠢ ᠬᠠᠮᠠᠭᠠᠯᠠᠬᠤ ᠲᠤᠭᠳᠠᠯᠴᠠᠭ᠎ᠠ ᠶᠢ ᠪᠠᠶᠢᠭᠤᠯᠵᠤ᠂ ᠨᠡᠷᠡᠲᠦ ᠲᠠᠸᠠᠷ ᠤᠨ ᠲᠡᠮᠳᠡᠭ ᠢ ᠬᠠᠮᠠᠭᠠᠯᠠᠬᠤ ᠡᠷᠴᠢᠮ ᠢ ᠨᠡᠮᠡᠭᠳᠡᠭᠦᠯᠵᠦ᠂ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠲᠥᠯᠥᠪᠯᠡᠭᠡ ᠲᠠᠢ᠂ ᠭᠤᠣᠯᠳᠠᠯᠭ᠎ᠠ ᠲᠠᠢ ᠥᠷᠨᠢᠭᠦᠯᠵᠦ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠡᠷᠡᠭ ᠣᠯᠠᠨ ᠡᠭᠦᠰᠬᠦ ᠭᠤᠤᠯᠳᠠᠯᠭ᠎ᠠ ᠲᠠᠢ ᠠᠵᠢᠯ ᠲᠥᠷᠥᠯ᠂ ᠬᠦᠷᠢᠶ᠎ᠡ ᠭᠡᠪᠴᠢᠶ᠎ᠡ ᠪᠣᠯᠤᠨ ᠭᠠᠵᠠᠷ ᠣᠷᠣᠨ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠮᠠᠭᠤ ᠰᠠᠨᠠᠭ᠎ᠠ ᠲᠠᠢ ᠪᠠᠷ ᠡᠷᠬᠡ  ᠳᠤ ᠬᠠᠯᠳᠠᠭᠰᠠᠨ᠂ ᠳᠠᠬᠢᠨ ᠳᠠᠪᠲᠠᠨ ᠡᠷᠬᠡ ᠳᠤ ᠬᠠᠯᠳᠠᠭᠰᠠᠨ ᠵᠢᠴᠢ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠪᠠᠷ ᠮᠠᠭᠤ ᠡᠷᠬᠡ ᠳᠤ ᠬᠠᠯᠳᠠᠭᠰᠠᠨ ᠬᠡᠷᠡᠭ ᠢ ᠢᠯᠡᠴᠢᠯᠡᠬᠦ ᠪᠠ ᠰᠢᠳᠬᠡᠬᠦ ᠡᠷᠴᠢᠮ ᠢ ᠴᠢᠩᠭᠠᠷᠠᠭᠤᠯᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠬᠡᠷᠡᠭᠲᠡᠶ᠃ ᠲᠠᠸᠠᠷ ᠤᠨ ᠲᠡᠮᠳᠡᠭ ᠤᠨ ᠡᠷᠭᠡᠲᠡᠨ  ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠬᠡᠷᠡᠭ ᠤᠨ ᠰᠦᠪᠡᠭᠴᠢ ᠶᠢ ᠥᠷᠭᠡᠳᠬᠡᠵᠦ᠂ ᠬᠤᠳᠠᠯ ᠵᠣᠬᠢᠶᠠᠵᠤ ᠡᠷᠬᠡ ᠳᠤ ᠬᠠᠯᠳᠠᠭᠰᠠᠨ ᠡᠬᠢ ᠢᠷᠡᠯᠲᠡ ᠶᠢ ᠨᠡᠬᠡᠮᠵᠢᠯᠡᠨ ᠪᠠᠶᠢᠴᠠᠭᠠᠨ᠎ᠠ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠮᠵᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠳᠠᠯ ᠵᠣᠬᠢᠶᠠᠵᠤ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠨᠢᠭᠡᠳᠦᠯᠲᠡᠶ ᠵᠣᠬᠢᠴᠠᠩᠭᠤᠶ ᠲᠠᠸᠠᠷ ᠤᠨ ᠲᠡᠮᠳᠡᠭ ᠤᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠪᠠᠶᠢᠭᠤᠯᠤᠯ ᠢ ᠪᠦᠷᠢᠯᠳᠦᠬᠦᠯᠵᠤ᠂ ᠳᠠᠩᠰᠠᠯᠠᠭᠤᠯᠤᠭᠰᠠᠨ ᠲᠠᠸᠠᠷ ᠤᠨ ᠲᠡᠮᠲᠡᠭ ᠢ ᠬᠡᠷᠡᠭᠯᠡᠬᠦ ᠲᠤᠰᠬᠠᠶ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠬᠤ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号