ᠵᠢᠤ ᠴᠸᠡᠭ ᠬᠦᠡᠭ ᠵᠤᠭᠠᠴᠠᠯ ᠤᠨ ᠤᠷᠤᠨ ᠤ ︽ᠶᠡᠭᠡ ᠬᠠᠭᠠᠨ︾ ᠬᠤᠨᠳᠠᠭᠠᠳᠤ ᠵᠠᠯᠠᠭᠤᠴᠤᠳ ᠪᠠᠭᠠᠴᠤᠳ ᠤᠨ ᠨᠠᠭᠠᠳᠤᠮ ᠶᠠᠪᠤᠬᠳᠠᠯ᠎ᠠ
ᠨᠡᠶᠢᠲᠡᠯᠡᠭᠰᠡᠨ ᠴᠠᠭ᠄
2020/10/16
     ᠠᠮᠠᠷᠠᠯᠳᠠ ᠶᠢᠨ ᠴᠢᠯᠦᠬᠡᠨ ᠳᠤ ᠳ᠋ᠥᠡᠭᠱᠸᠡᠭ ᠲᠤᠭᠤᠷᠢᠭ ᠤᠨ ᠵᠢᠤ ᠴᠸᠡᠭ ᠬᠦᠡᠭ ᠵᠤᠭᠠᠴᠠᠯ ᠤᠨ ᠤᠷᠤᠨ ᠳᠤ ᠵᠠᠯᠠᠭᠤᠴᠤᠳ ᠪᠠᠭᠠᠴᠤᠳ ᠤᠨ ᠨᠠᠭᠠᠳᠤᠮ ᠢᠳᠡ ᠬᠦᠭ ᠲᠠᠢ ᠶᠠᠪᠤᠬᠳᠠᠵᠡᠢ᠃ ᠪᠦᠬᠡ᠂ ᠮᠤᠩᠭᠤᠯ ᠰᠢᠳᠠᠷ᠎ᠠ᠂ ᠨᠤᠮᠤ ᠬᠠᠷᠪᠤᠯᠳᠠ ᠶᠢᠨ ᠤᠷᠤᠯᠳᠤᠭᠠᠨ ᠡᠷᠴᠢᠮ ᠲᠠᠢ ᠰᠠᠶᠢᠬᠠᠨ ᠦᠷᠨᠢᠵᠦ᠂ ᠤᠷᠤᠯᠳᠤᠭᠠᠨ ᠳᠤ ᠤᠷᠤᠯᠴᠠᠬᠰᠠᠨ ᠰᠤᠷᠤᠬᠴᠢᠳ ᠨᠢᠬᠡ ᠪᠦᠷᠢ ᠳᠤ 268 ᠲᠦᠬᠦᠷᠢᠭ ᠤᠨ ᠨᠠᠭᠠᠳᠤᠮ ᠤᠨ ᠲᠡᠮᠳᠡᠭ ᠤᠯᠭᠤᠵᠦ ᠪᠠᠶᠠᠷ ᠴᠠᠩᠬᠡᠯ ᠲᠠᠢ ᠠᠮᠵᠢᠯᠳᠠ ᠲᠠᠢ ᠰᠠᠶᠢᠬᠠᠨ ᠨᠠᠷᠬᠢᠵᠦ ᠪᠢᠯᠡ᠃
ᠢᠷᠡᠯᠲᠡ᠄ ᠤᠷᠳᠤᠰ ᠮᠤᠩᠭᠤᠯ ᠰᠦᠯᠵᠢᠶ᠎ᠠ