︽ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠳᠠᠭᠠᠭᠠᠴᠢᠯᠠᠬᠤ ᠡᠷᠬᠡ ᠡᠵᠡᠩᠨᠡᠬᠦ ᠡᠷᠬᠡ ᠶᠢ ᠰᠠᠯᠭᠠᠬᠤ ᠠᠷᠭ᠎ᠠ ᠶᠢᠨ ᠬᠡᠷᠡᠭᠵᠢᠭᠦᠯᠬᠦ ᠲᠥᠰᠦᠯ︾᠎ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠨᠠᠮ ᠤᠨ ᠬᠤᠷᠢᠶᠠᠨ ᠤ ᠠᠯᠪᠠᠨ ᠬᠡᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ                                  ᠤᠷᠳᠤᠰ ᠨᠠᠮ ᠠᠯᠪᠠᠨ ᠲᠠᠷᠬᠠᠭᠠᠭᠰᠠᠨ ﹇2020﹈ 9 ᠳ᠋ᠤᠭᠡᠷ ᠲᠤᠭᠠᠳᠤ
ᠨᠡᠶᠢᠲᠡᠯᠡᠭᠰᠡᠨ ᠴᠠᠭ᠄
2020/10/19
ᠬᠤᠰᠢᠭᠤ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠠᠷᠠᠳ ᠤᠨ ᠪᠦᠯᠬᠦᠮ ᠳᠤ᠄      ︽ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠳᠠᠭᠠᠭᠠᠴᠢᠯᠠᠨ ᠡᠵᠡᠩᠨᠡᠬᠦ ᠡᠷᠬᠡ ᠶᠢ ᠰᠠᠯᠭᠠᠬᠤ ᠠᠷᠭ᠎ᠠ ᠶᠢᠨ ᠬᠡᠷᠡᠭᠵᠢᠭᠦᠯᠬᠦ ᠲᠥᠰᠦᠯ︾᠎ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                     ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶᠠᠨ ᠤ ᠠᠯᠪᠠᠨ ᠭᠡᠷ             ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2020 ᠣᠨ ᠤ 10 ᠰᠠᠷ᠎ᠠ ᠶᠢᠨ 19᠎ ᠤ ᠡᠳᠦᠷ              ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ            ᠨᠤᠲᠤᠭ ᠪᠡᠯᠴᠢᠭᠡᠷ ᠤᠨ ᠥᠮᠴᠢᠯᠡᠬᠦ ᠡᠷᠬᠡ ᠳᠠᠭᠠᠭᠠᠴᠢᠯᠠᠬᠤ ᠡᠷᠬᠡ            ᠡᠵᠡᠩᠨᠡᠬᠦ ᠡᠷᠬᠡ ᠶᠢ ᠰᠠᠯᠭᠠᠬᠤ ᠠᠷᠭ᠎ᠠ ᠶᠢᠨ ᠬᠡᠷᠡᠭᠵᠢᠭᠦᠯᠬᠦ ᠲᠥᠰᠦᠯ          ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠵᠣ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ ᠠᠬᠢᠭᠤᠯᠵᠤ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠲᠤᠭᠳᠠᠯᠴᠠᠭ᠎ᠠ ᠶᠢ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︿ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠳᠠᠭᠠᠭᠠᠴᠢᠯᠠᠨ ᠡᠵᠡᠩᠨᠡᠬᠦ ᠡᠷᠬᠡ ᠶᠢ ᠰᠠᠯᠭᠠᠬᠤ ᠠᠷᠭ᠎ᠠ ᠶᠢ ᠲᠡᠭᠦᠯᠳᠡᠷᠵᠢᠭᠦᠯᠬᠦ ᠲᠤᠬᠠᠶ ᠰᠠᠨᠠᠯ﹀᠎ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹2017 ︺ 5 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠷᠳᠣᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠵᠤ᠂ ᠮᠠᠯᠴᠢᠨ ᠲᠠᠷᠢᠶᠠᠴᠢᠨ ᠪᠣᠯᠤᠨ ᠭᠠᠵᠠᠷ ᠰᠢᠷᠣᠶ ᠨᠤᠲᠤᠭ ᠪᠡᠯᠴᠢᠭᠡᠷ ᠤᠨ ᠬᠠᠷᠢᠴᠠᠭ᠎ᠠ ᠶᠢ ᠵᠥᠪ ᠰᠢᠢᠳᠪᠦᠷᠢᠯᠡᠬᠦ ᠡᠨᠡ ᠬᠦ ᠥᠭᠡᠷᠡᠴᠢᠯᠡᠯᠲᠡ ᠶᠢᠨ ᠭᠤᠤᠯ ᠰᠢᠵᠢᠮ ᠤᠨ ᠲᠣᠭᠤᠷᠢᠨ ᠳᠤ᠂ ︽ᠭᠤᠷᠪᠠᠨ ᠡᠷᠬᠡ︾᠎ ᠶᠢᠨ ᠠᠭᠤᠯᠤᠭᠳᠠᠬᠤᠨ᠂ ᠡᠷᠬᠡ ᠶᠢᠨ ᠵᠠᠭᠠᠭ ᠵᠢᠴᠢ ᠬᠤᠭᠤᠷᠣᠨᠳᠣᠬᠢ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠵᠢᠷᠤᠮᠵᠢᠭᠰᠠᠨ ᠥᠨᠳᠥᠷ ᠪᠦᠲᠦᠮᠵᠢᠲᠡᠶ ︽ᠭᠤᠷᠪᠠᠨ ᠡᠷᠬᠡ︾᠎ ᠶᠢᠨ ᠠᠵᠢᠯᠯᠠᠭᠠᠨ ᠤ ᠲᠣᠭᠲᠠᠴᠠ ᠶᠢ ᠠᠭᠠᠵᠢᠮ ᠢᠶᠠᠷ ᠪᠠᠶᠢᠭᠤᠯᠵᠤ᠂ ᠬᠠᠷᠢᠶᠠᠯᠠᠯ ᠨᠢ ᠲᠣᠳᠣᠷᠬᠠᠶ᠂ ᠡᠷᠬᠡ ᠴᠢᠳᠠᠮᠵᠢ ᠨᠢ ᠪᠦᠷᠢᠨ ᠲᠡᠭᠦᠯᠳᠡᠷ᠂ ᠰᠢᠯᠵᠢᠭᠦᠯᠦᠨ ᠦᠭᠬᠦ ᠨᠢ ᠤᠷᠤᠭᠰᠢᠲᠠᠢ᠂ ᠬᠠᠮᠠᠭᠠᠯᠠᠯᠲᠠ ᠨᠢ ᠴᠢᠩᠭ᠎ᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠳᠦᠷᠢᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠵᠤ᠂ ᠣᠯᠠᠨ ᠵᠣᠶᠢᠯ ᠤᠨ ᠬᠡᠯᠪᠡᠷᠢ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠵᠣᠬᠢᠬᠤ ᠬᠡᠮᠵᠢᠶᠡᠨ ᠤ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠴᠢᠨᠠᠭᠰᠢᠳᠠ ᠪᠠᠬᠢᠵᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠲᠡᠭᠡᠭᠰᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃      ᠬᠤᠶᠠᠷ᠂ ᠦᠨᠳᠦᠰᠦᠨ ᠵᠠᠷᠴᠢᠮ      — ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠨ᠎ᠡ᠃ ᠮᠠᠯᠴᠢᠨ ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠰᠣᠩᠭᠤᠬᠤ ᠡᠷᠬᠡ ᠶᠢ ᠮᠠᠯᠴᠢᠨ ᠲᠠᠷᠢᠶᠠᠴᠢᠳ ᠳᠤ ᠥᠭᠴᠦ᠂ ᠲᠠᠳᠠᠨᠠᠷ ᠤᠨ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠪᠠᠳᠠᠷᠠᠭᠤᠯᠵᠤ᠂ ᠵᠢᠱᠢᠶ᠎ᠡ ᠦᠵᠡᠭᠦᠯᠦᠨ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠠᠯᠪᠠᠳᠠᠨ ᠵᠠᠷᠯᠢᠭᠳᠠᠵᠤ ᠪᠣᠯᠬᠤ ᠦᠭᠡᠶ᠂ ᠨᠢᠭᠡ ᠯᠡ ᠠᠳᠠᠯᠢ ᠪᠠᠷ ᠱᠠᠭᠠᠷᠳᠠᠵᠣ ᠪᠣᠯᠬᠤ ᠦᠭᠡᠶ᠃      — ᠲᠥᠷᠥ ᠶᠢᠨ ᠪᠣᠳᠣᠯᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠯ ᠢ ᠪᠠᠷᠢᠮᠳᠠᠯᠠᠵᠣ᠂ ᠭᠡᠷ ᠪᠦᠯᠢ ᠶᠢᠨ ᠡᠵᠡᠩᠨᠡᠯᠲᠡ ᠶᠢᠨ ᠰᠠᠭᠤᠷᠢ ᠴᠢᠨᠠᠷᠲᠠᠶ ᠪᠠᠶᠢᠷᠢ ᠰᠠᠭᠤᠷᠢ ᠶᠢ ᠪᠠᠷᠢᠮᠲᠠᠯᠠᠨ᠂ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢ ᠪᠠᠷᠢᠮᠳᠠᠯᠠᠨ᠎ᠠ᠃      — ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠶᠢ ᠪᠠᠷᠢᠮᠲᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠳᠦᠷᠢᠮ ᠤᠨ ᠥᠭᠡᠷᠡᠴᠢᠯᠡᠯᠲᠡ ᠶᠢᠨ ᠤᠷᠲᠤ ᠬᠤᠭᠤᠴᠠᠭᠠᠲᠤ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠲᠠᠰᠪᠦᠷᠢᠲᠠᠢ ᠪᠠᠶᠢᠵᠣ᠂ ᠥᠭᠡᠷᠡᠴᠢᠯᠡᠯᠲᠡ ᠶᠢ ᠪᠣᠯᠭᠤᠮᠵᠢᠲᠠᠶ ᠪᠥᠭᠡᠳ ᠯᠠᠪᠳᠠᠭᠤᠨ ᠢᠶᠠᠷ ᠠᠬᠢᠭᠤᠯᠵᠤ᠂ ᠴᠡᠭ ᠠᠴᠠ ᠪᠦᠬᠦ ᠲᠠᠯ᠎ᠠ ᠳᠤ ᠬᠦᠷᠲᠡᠯ᠎ᠡ ᠥᠷᠨᠢᠭᠦᠯᠦᠨ᠎ᠡ᠃      — ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠎ᠠ᠃ ᠡᠯ᠎ᠡ ᠭᠠᠵᠠᠷ ᠤᠨ ᠡᠬᠢ ᠪᠠᠶᠠᠯᠢᠭ ᠤᠨ ᠲᠥᠷᠥᠯᠬᠢ ᠲᠠᠪᠠᠭᠤᠯᠢᠭ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠦᠷᠢᠶ᠎ᠡ ᠶᠢ ᠭᠦᠢᠴᠡᠳ ᠪᠣᠳᠣᠯᠬᠢᠯᠠᠵᠤ᠂ ᠪᠤᠳᠠᠳᠤ ᠪᠠᠶᠢᠳᠠᠯ ᠳᠤ ᠨᠡᠶᠢᠴᠡᠭᠰᠡᠨ ᠣᠶᠢᠯᠡᠳᠦᠯᠬᠡ ᠶᠢᠨ ᠰᠦᠪᠡᠭᠴᠢᠯᠡᠯᠲᠡ ᠪᠠ ᠳᠦᠷᠢᠮ ᠤᠨ ᠰᠢᠨ᠎ᠡ ᠶᠢ ᠡᠭᠦᠳᠬᠦ ᠶᠢ ᠵᠤᠷᠢᠭᠵᠢᠭᠤᠯᠵᠤ᠂ ᠠᠳᠠᠯᠢ ᠪᠤᠰᠤ ᠭᠠᠵᠠᠷ ᠣᠷᠣᠨ ᠳᠤ ᠳᠣᠭᠢᠷᠬᠠᠰᠠᠨ ︽ᠭᠤᠷᠪᠠᠨ ᠡᠷᠬᠡ ᠶᠢ ᠰᠠᠯᠭᠠᠬᠤ︾ ᠪᠣᠳᠠᠲᠠᠶ ᠠᠷᠭ᠎ᠠ ᠵᠠᠮ ᠢ ᠳ᠋ᠦᠩᠨᠡᠨ ᠪᠦᠷᠢᠯᠳᠦᠭᠦᠯᠦᠨ᠎ᠡ᠃      — ᠵᠠᠬ᠎ᠠ ᠳᠡᠯᠭᠡᠭᠦᠷ ᠤᠨ ᠬᠠᠨᠳᠤᠰᠢ ᠶᠢ ᠪᠠᠷᠢᠮᠲᠠᠯᠠᠨ᠎ᠠ᠃ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠭᠦᠢᠴᠡᠳ ᠬᠦᠨᠳᠦᠳᠬᠡᠵᠦ᠂ ᠵᠠᠬ᠎ᠠ ᠲᠡᠯᠬᠡᠭᠦᠷ ᠤᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠲᠤᠮᠳᠠᠬᠢ ᠰᠢᠢᠳᠪᠦᠷᠢᠯᠡᠭᠴᠢ ᠴᠢᠨᠠᠷᠲᠠᠶ ᠣᠶᠢᠯᠡᠳᠤᠯ ᠢ ᠪᠠᠳᠠᠷᠠᠭᠤᠯᠵᠤ᠂ ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃      ᠭᠤᠷᠪᠠ᠂ ᠭᠤᠤᠯᠳᠠᠯᠭ᠎ᠠ ᠲᠠᠢ ᠡᠭᠦᠷᠭᠡ      ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠡᠷᠬᠡ ᠶᠢ ᠨᠤᠳᠠᠯᠠᠬᠤ ᠠᠵᠢᠯ ᠳᠠᠬᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠦᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠦᠮᠴᠢᠯᠡᠬᠦ ᠡᠷᠬᠡ ᠲᠠᠢ ᠭᠠᠴᠠᠭ᠎ᠠ ᠲᠣᠰᠬᠤᠨ᠂ ᠭᠠᠴᠠᠭ᠎ᠠ ᠲᠣᠰᠬᠤᠨ ᠤ ᠠᠷᠠᠳ ᠤᠨ ᠳᠤᠭᠤᠶᠢᠯᠠᠩ ᠨᠢᠭᠡᠪᠦᠷᠢ ᠳᠤ ᠬᠦᠷᠲᠡᠯ᠎ᠡ ᠨᠤᠳᠠᠯᠠᠨ᠎ᠠ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠰᠢᠯᠵᠢᠭᠦᠯᠦᠨ ᠦᠭᠬᠦ ᠭᠡᠷ᠎ᠡ ᠎ ᠶᠢᠨ ᠰᠢᠯᠭᠠᠨ ᠬᠡᠷᠡᠴᠢᠯᠡᠭᠡ᠂ ᠠᠷᠠᠯᠵᠢᠶᠠᠨ ᠤ ᠰᠢᠯᠭᠠᠨ ᠬᠡᠷᠡᠴᠢᠯᠡᠭᠡ ᠵᠡᠷᠭᠡ ᠣᠯᠠᠨ ᠵᠤᠶᠢᠯ ᠤᠨ ᠠᠷᠭ᠎ᠠ ᠮᠠᠶ᠋ᠢᠭ ᠢᠶᠠᠷ ᠲᠠᠮᠵᠢᠨ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠨᠤᠲᠠᠯᠠᠬᠤ ᠶᠢ ᠰᠠᠨᠠᠭᠠᠴᠢᠯᠠᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ  ᠎ ᠶᠢᠨ ᠴᠢᠳᠠᠮᠵᠢ ᠶᠢ ᠨᠡᠩ ᠰᠠᠶᠢᠲᠤᠷ ᠪᠡᠶᠡᠯᠡᠭᠦᠯᠬᠦ ᠶᠢ ᠠᠬᠢᠭᠤᠯᠤᠨ᠎ᠠ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠠᠩᠰᠠᠯᠠᠬᠤ ᠠᠵᠢᠯ ᠬᠢᠭᠡᠳ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠶ ᠲᠠᠩᠰᠠᠯᠠᠬᠤ ᠠᠵᠢᠯ ᠢ ᠪᠦᠲᠦᠮᠵᠢᠲᠡᠶ ᠵᠣᠯᠭᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠠᠩᠰᠠᠯᠠᠵᠣ ᠦᠨᠡᠮᠯᠡᠯ ᠣᠯᠭᠤᠭᠰᠠᠨ ᠦᠷ᠎ᠡ ᠪᠦᠲᠦᠮᠵᠢ ᠶᠢ 2020 ᠣᠨ ᠳᠤ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠶ ᠲᠠᠩᠰᠠᠯᠠᠬᠤ ᠲᠤᠭᠳᠠᠯᠴᠠᠭ᠎ᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠵᠡᠷᠭᠡ︶      ︵ᠬᠤᠶᠠᠷ︶ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠵᠢᠷᠤᠮᠵᠢᠭᠰᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠳᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠢᠩᠭᠠᠳᠬᠠᠵᠤ᠂ 2020 ᠤᠨ ᠤ ᠰᠡᠭᠦᠯᠴᠢ ᠠᠴᠠ ᠡᠮᠦᠨ᠎ᠡ᠂ ᠬᠤᠰᠢᠭᠤ ᠲᠤᠭᠤᠷᠢᠭ ᠤᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢ ᠰᠢᠯᠵᠢᠭᠦᠯᠦᠨ ᠦᠭᠬᠦ ᠠᠷᠠᠯᠵᠢᠶᠠᠨ ᠤ ᠵᠠᠬ᠎ᠠ ᠳᠡᠯᠭᠡᠭᠦᠷ ᠢ ᠪᠦᠬᠦᠨ ᠲᠠᠯ᠎ᠠ ᠪᠠᠷ ᠪᠦᠷᠬᠦᠬᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠨ ᠦᠭᠬᠦ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠷᠤᠮᠵᠢᠭᠰᠠᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠰᠢᠭᠤ ᠲᠤᠭᠤᠷᠢᠭ ᠢ ᠵᠢᠯᠣᠭᠤᠳᠤᠨ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠣᠶᠢᠯᠠ ᠠᠵᠢᠯᠯᠠᠭ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠷᠤᠮᠵᠢᠯ ᠢ ᠪᠦᠷᠢᠨᠰᠢᠭᠦᠯᠵᠣ᠂ ᠣᠶᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠯᠵᠢᠭᠦᠯᠦᠨ ᠦᠭᠬᠦ ᠬᠤᠶᠠᠷ ᠲᠠᠯ᠎ᠠ ᠳᠤ ᠮᠡᠳᠡᠭᠡ ᠵᠠᠩᠭᠢ ᠨᠡᠶᠢᠲᠡᠯᠡᠬᠦ᠂ ᠥᠮᠴᠢᠯᠡᠬᠦ ᠡᠷᠬᠡ ᠶᠢ ᠠᠷᠠᠯᠵᠢᠶᠠᠯᠠᠬᠤ᠂ ᠬᠠᠤᠯᠢ ᠴᠠᠭᠠᠵᠠ ᠶᠢᠨ ᠠᠰᠠᠭᠤᠨ ᠯᠠᠪᠯᠠᠬᠤ᠂ ᠡᠷᠬᠡ ᠠᠰᠢᠭ ᠢ ᠦᠨᠡᠯᠡᠨ ᠵᠢᠱᠢᠬᠦ ᠵᠡᠷᠭᠡ ᠣᠶᠢᠯᠡᠴᠢᠯᠡᠭᠡ ᠬᠠᠩᠭᠠᠨ᠎ᠠ᠃ ᠭᠠᠴᠠᠭ᠎ᠠ ᠲᠣᠰᠬᠤᠨ᠂ ᠰᠤᠮᠤ ᠰᠢᠶᠠᠩ ᠪᠠᠯᠭᠠᠰᠤ᠂ ᠬᠤᠰᠢᠭᠤ ᠲᠣᠭᠤᠷᠢᠭ ᠤᠨ ᠭᠤᠷᠪᠠᠨ ᠱᠠᠲᠤᠨ ᠤ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ  ᠪᠦᠷᠢᠨᠰᠢᠭᠦᠯᠵᠣ᠂ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠰᠢᠯᠵᠢᠭᠦᠯᠦᠨ ᠦᠭᠬᠦ ᠬᠤᠶᠠᠷ ᠲᠠᠯ᠎ᠠ ᠶᠢ ᠬᠦᠳᠦᠯᠦᠨ ᠵᠢᠯᠤᠭᠤᠳᠴᠣ ᠵᠢᠷᠤᠮᠵᠢᠭᠰᠠᠨ ᠪᠢᠴᠢᠭ ᠤᠨ ᠰᠢᠯᠵᠢᠭᠦᠯᠦᠨ ᠦᠭᠬᠦ ᠬᠡᠷ᠎ᠡ ᠲᠤᠭᠳᠠᠭᠠᠵᠣ᠂ ᠰᠢᠯᠵᠢᠭᠦᠯᠦᠨ ᠦᠭᠬᠦ ᠭᠡᠷ᠎ᠡ ᠶᠢ ᠬᠤᠰᠢᠭᠤ ᠲᠣᠭᠤᠷᠢᠭ ᠤᠨ ᠠᠷᠠᠯᠵᠢᠶᠠᠨ ᠤ ᠲᠥᠪ ᠠᠴᠠ ᠳᠠᠩᠰᠠᠯᠠᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠲᠠᠷᠢᠶᠠᠨ ᠭᠠᠵᠠᠷ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠪᠠ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠵᠤ ᠣᠶᠢᠯᠡᠳᠪᠦᠷᠢ ᠬᠤᠳᠠᠯᠳᠤᠭᠠᠨ ᠤ ᠬᠥᠷᠥᠩᠭᠡ ᠲᠠᠷᠢᠶᠠᠨ ᠭᠠᠵᠠᠷ ᠨᠤᠳᠤᠭ ᠪᠡᠯᠴᠢᠬᠡᠷ ᠢ ᠲᠦᠷᠢᠶᠡᠰᠦᠯᠡᠬᠦ ᠬᠢᠷᠢ ᠭᠡᠮ ᠢ ᠬᠢᠨᠠᠨ ᠪᠠᠶᠢᠴᠠᠭᠠᠬᠤ ᠪᠠ ᠲᠥᠷᠥᠯ ᠵᠤᠶᠢᠯ ᠢ ᠬᠢᠨᠠᠨ ᠪᠠᠶᠢᠴᠠᠭᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭᠠᠷᠠᠭᠤᠯᠤᠨ᠎ᠠ᠃ ᠠᠵᠤ ᠣᠶᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠲᠠᠷᠢᠶᠠᠨ ᠭᠠᠵᠠᠷ ᠨᠤᠲᠤᠭ ᠪᠡᠯᠴᠢᠭᠡᠷ ᠢ ᠱᠠᠲᠤ ᠬᠤᠪᠢᠶᠠᠨ ᠳᠠᠩᠰᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠣᠶᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠭᠠᠵᠠᠷ ᠰᠢᠷᠣᠶ ᠶᠢᠨ ᠲᠠᠯᠠᠪᠠᠶ ᠨᠢ 1 ᠲᠦᠮᠡᠨ ᠮᠦ ᠠᠴᠠ ᠳᠡᠭᠡᠭᠰᠢ ︵1 ᠲᠦᠮᠡᠨ ᠮᠦ ᠪᠠᠭᠲᠠᠨ᠎ᠠ︶᠂ ᠲᠦᠷᠢᠶᠡᠰᠦᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠨᠢ 10 ᠲᠦᠮᠡᠨ ᠮᠦ ᠠᠴᠠ ᠳᠡᠭᠡᠭᠰᠢ ︵10 ᠲᠦᠮᠡᠨ ᠮᠦ ᠪᠠᠭᠳᠠᠨ᠎ᠠ︶ ᠬᠦᠷᠬᠦ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ︔ ᠠᠵᠤ ᠣᠶᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠭᠠᠵᠠᠷ ᠰᠢᠷᠣᠶ ᠶᠢᠨ ᠲᠠᠯᠠᠪᠠᠶ ᠨᠢ 5 000᠎ ᠠᠴᠠ 1 ᠲᠦᠮᠡᠨ ᠮᠦ ︵5000 ᠮᠦ ᠪᠠᠭᠲᠠᠨ᠎ᠠ︶᠂ ᠲᠦᠷᠢᠶᠡᠰᠦᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠨᠢ 5 ᠲᠦᠮᠡ ᠠᠴᠠ 10 ᠲᠦᠮᠡᠨ ᠮᠦ ︵5 ᠲᠦᠮᠡᠨ ᠮᠦ ᠪᠠᠭᠲᠠᠨ᠎ᠠ︶ ᠬᠦᠷᠬᠦ ᠳᠤ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠡᠯ᠎ᠡ ᠬᠤᠰᠢᠭᠤ ᠲᠣᠭᠤᠷᠢᠭ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠤᠬᠢᠴᠠᠯᠳᠤᠭᠰᠠᠨ ᠳᠠᠩᠰᠠᠯᠠᠭᠤᠯᠬᠤ ᠲᠤᠭᠳᠠᠴᠠ ᠶᠢ ᠪᠠᠶᠢᠭᠤᠯᠤᠨ᠎ᠠ᠃ ᠠᠵᠤ ᠣᠶᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠭᠠᠵᠠᠷ ᠰᠢᠷᠣᠶ ᠨᠤᠲᠤᠭ ᠪᠡᠯᠴᠢᠭᠡᠷ ᠤᠨ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠴᠢᠩᠭᠠᠷᠠᠭᠤᠯᠵᠤ᠂ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠭᠦᠭᠰᠡᠨ ᠤ ᠳᠠᠷᠠᠭ᠎ᠠ ᠲᠠᠷᠢᠶᠠᠯᠠᠩ ᠮᠠᠯ ᠠᠵᠤ ᠠᠬᠤᠶ ᠶᠢᠨ ᠪᠤᠰᠤ ᠪᠦᠲᠦᠭᠡᠨ ᠪᠠᠶᠢᠭᠤᠯᠤᠯᠲᠠ ᠥᠷᠨᠢᠭᠦᠯᠬᠦ ᠵᠡᠷᠭᠡ ᠠᠰᠠᠭᠤᠳᠠᠯ ᠡᠭᠦᠰᠬᠦ ᠶᠢ ᠡᠷᠡᠰ ᠰᠡᠷᠭᠡᠶᠢᠯᠡᠨ᠎ᠡ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠦᠭᠬᠦ ᠪᠠ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠬᠤᠲᠠ ᠪᠠᠯᠭᠠᠰᠤᠵᠢᠭᠤᠯᠬᠤ ᠠᠬᠢᠴᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠲᠤᠬᠢᠷᠠᠯᠴᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠣᠶᠢᠯᠡᠳᠪᠦᠷᠢᠯᠠᠯ ᠤᠨ ᠠᠷᠭ᠎ᠠ ᠪᠠᠷᠢᠯ ᠢ ᠦᠬᠡᠷᠡᠴᠢᠯᠠᠨ ᠰᠠᠶᠢᠵᠢᠷᠠᠭᠤᠯᠬᠤ ᠬᠡᠮᠵᠢᠶ᠎ᠡ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠣᠶᠢᠯᠡᠴᠢᠯᠡᠬᠡᠨ ᠤ ᠬᠢᠷᠢ ᠬᠡᠮᠵᠢᠶ᠎ᠡ ᠯᠦᠭᠡ ᠲᠤᠬᠢᠷᠠᠯᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ︶     ︵ᠭᠤᠷᠪᠠ︶ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠡᠯᠡᠪᠡᠢ᠂ ᠮᠠᠯᠴᠢᠨ ᠲᠠᠷᠢᠶᠠᠴᠢᠳ ᠤᠨ ᠵᠢᠱᠢᠶ᠎ᠡ ᠦᠵᠡᠭᠦᠯᠬᠦ ᠲᠤᠰᠬᠠᠢ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰᠵᠢᠯᠳᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠶᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠦᠷᠬᠡᠨ ᠢᠶᠠᠷ ᠪᠤᠶᠢᠵᠢᠭᠤᠯᠤᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠥᠨ ᠵᠢᠯᠤᠭᠤᠳᠴᠣ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠯᠦᠭᠡ ᠠᠰᠢᠭ ᠲᠤᠰᠠ ᠶᠢ ᠨᠢᠭᠳᠠ ᠬᠤᠯᠪᠤᠭᠳᠠᠭᠤᠯᠬᠤ ᠲᠣᠭᠲᠠᠴᠠ ᠶᠢ ᠪᠠᠶᠢᠭᠤᠯᠵᠤ᠂ ᠡᠩ ᠤᠨ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ ᠡᠵᠡᠩᠨᠡᠯᠲᠡ ᠶᠢᠨ ᠠᠰᠢᠭ ᠣᠯᠵᠠᠪᠤᠷᠢ ᠶᠢ ᠬᠤᠪᠢᠶᠠᠨ ᠡᠳ᠋ᠯᠡᠭᠦᠯᠦᠨ᠎ᠡ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠷ ᠢᠶᠠᠨ ᠬᠤᠪᠢ ᠤᠷᠤᠭᠤᠯᠤᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰᠵᠢᠭᠰᠡᠨ ᠡᠵᠡᠩᠨᠡᠯᠲᠡ ᠶᠢᠨ ᠲᠤᠷᠰᠢᠯᠲᠠ ᠶᠢ ᠢᠳᠡᠪᠬᠢᠲᠡᠶ ᠥᠷᠨᠢᠭᠦᠯᠦᠨ᠎ᠡ᠃ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠬᠠᠷᠢᠯᠴᠠᠨ ᠠᠭᠤᠰᠤᠯᠴᠠᠭᠤᠯᠬᠤ ᠶᠢ ᠳᠠᠮᠵᠢᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠡᠯᠡᠪᠡᠢ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠣᠶᠢᠯᠡᠰᠵᠢᠯᠳᠡ ᠶᠢᠨ ᠬᠥᠲᠥᠴᠢ ᠠᠵᠤ ᠠᠬᠤᠶᠢᠯᠠᠯ ᠵᠡᠷᠭᠡ ᠬᠠᠮᠳᠤᠷᠠᠯᠴᠠᠭ᠎ᠠ ᠶᠢ ᠵᠣᠷᠢᠭᠵᠢᠭᠤᠯᠵᠤ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠤᠶᠤ ᠬᠤᠯᠪᠤᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠬᠦ ᠲᠥᠷᠥ  ᠎ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠠᠴᠠ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠤᠭᠴᠠ ᠶᠢ ᠳᠡᠮᠵᠢᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠤᠯᠪᠤᠭᠳᠠᠯ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠯᠬᠤ᠂ ᠵᠢᠱᠢᠶ᠎ᠡ ᠦᠵᠡᠭᠦᠯᠬᠦ ᠴᠢᠨᠠᠷᠲᠠᠶ ᠮᠠᠯᠴᠢᠨ ᠲᠠᠷᠢᠶᠠᠴᠢᠳ ᠤᠨ ᠬᠤᠷᠰᠢᠶ᠎ᠠ ᠪᠣᠯᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠲᠡᠰᠢ ᠬᠡᠯᠪᠡᠶᠢᠯᠬᠡᠵᠣ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠣᠶᠢᠯᠡᠴᠢᠯᠡᠬᠡᠨ ᠤ ᠵᠣᠬᠢᠶᠠᠨ ᠪᠠᠶᠢᠭᠤᠯᠤᠯᠳᠠ ᠶᠢ ᠲᠦᠷᠬᠡᠨ ᠢᠶᠠᠷ ᠬᠦᠭᠵᠢᠭᠦᠯᠬᠦ ᠶᠢ ᠳᠠᠮᠵᠢᠵᠤ᠂ ᠣᠶᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠦᠨ᠎ᠡ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ  ᠬᠦᠳᠦᠴᠢ ᠠᠵᠤ ᠠᠬᠤᠶᠢᠯᠠᠯ ᠳᠤ ᠳᠥᠭᠦᠮ ᠳᠥᠲᠡ ᠥᠨᠳᠥᠷ ᠪᠦᠲᠦᠮᠵᠢᠲᠡᠶ ᠣᠶᠢᠯᠡᠳᠪᠦᠷᠢ ᠬᠤᠳᠠᠯᠳᠤᠭᠠᠨ ᠤ ᠲᠠᠩᠰᠠᠯᠠᠵᠣ ᠲᠡᠮᠳᠡᠭᠯᠡᠬᠦ ᠣᠶᠢᠯᠡᠴᠢᠯᠡᠭᠡ ᠬᠠᠩᠭᠠᠵᠣ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠵᠤᠷᠢᠭᠵᠢᠭᠤᠯᠤᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠎ ᠤᠨ ᠭᠡᠷᠡᠴᠢᠯᠡᠯ ᠥᠷᠨᠢᠭᠦᠯᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠡᠮᠵᠢᠯᠬᠡ ᠦᠵᠡᠭᠦᠯᠦᠨ᠎ᠡ᠃ ᠬᠥᠮᠦᠵᠢᠯ ᠪᠣᠯᠪᠠᠰᠤᠷᠠᠭᠤᠯᠤᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠤᠰᠬᠠᠶ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠳᠠᠭᠠᠭᠤᠯᠤᠭᠴᠢ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠡᠵᠡᠩᠨᠡᠯᠳᠡ ᠬᠠᠮᠢᠶᠠᠷᠤᠯᠲᠠ ᠶᠢᠨ ᠠᠵᠢᠯᠲᠠᠨ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠣᠶᠢᠯᠡᠴᠢᠯᠡᠬᠡᠨ ᠤ ᠠᠵᠢᠯᠲᠠᠨ ᠪᠣᠯᠤᠨ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠨᠳᠦᠷ ᠬᠡᠪ ᠴᠢᠨᠠᠷ ᠲᠠᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠨ ᠡᠵᠡᠩᠨᠡᠭᠴᠢ ᠶᠢᠨ ᠡᠩᠨᠡᠭᠡ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠬᠡᠬᠡᠨ ᠤ ᠠᠵᠢᠯ ᠎ ᠤᠨ ᠠᠯᠪᠠᠨ ᠭᠡᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠭᠤᠤᠯᠳᠠᠯᠭᠠᠳᠤ ᠰᠠᠯᠪᠤᠷᠢ ᠪᠠᠩᠬᠢ᠂ ᠣᠷᠳᠣᠰ ᠤᠨ ᠪᠠᠩᠬᠢ ᠪᠠ ᠳᠠᠭᠠᠳᠬᠠᠯ ᠤᠨ ᠣᠶᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶      ︵ᠲᠦᠷᠪᠡ︶ ︽ᠭᠤᠷᠪᠠᠨ ᠡᠷᠬᠡ ᠶᠢ ᠰᠠᠯᠭᠠᠬᠤ︾ ᠣᠯᠠᠨ ᠵᠤᠶᠢᠯ ᠤᠨ ᠪᠡᠶᠡᠯᠡᠭᠳᠡᠬᠦ ᠬᠡᠯᠪᠡᠷᠢ ᠶᠢ ᠢᠳᠡᠪᠬᠢᠲᠡᠶ ᠰᠦᠪᠡᠭᠴᠢᠯᠡᠨ᠎ᠡ᠃ ᠡᠯ᠎ᠡ ᠬᠤᠰᠢᠭᠤ ᠲᠣᠭᠤᠷᠢᠭ ᠨᠢ ᠡᠬᠢ ᠪᠠᠶᠠᠯᠢᠭ ᠤᠨ ᠲᠦᠷᠦᠯᠬᠢ ᠲᠠᠪᠠᠭᠤᠯᠢᠭ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠬᠥᠮᠦᠨ ᠭᠠᠵᠠᠷ ᠤᠨ ᠬᠠᠷᠢᠴᠠᠭ᠎ᠠ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠬᠥᠭᠵᠢᠭᠰᠡᠨ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠰᠢᠩᠭᠡᠭᠡᠨ ᠠᠪᠴᠤ ᠯᠠᠪᠯᠠᠯᠲᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ ᠰᠢᠯᠵᠢᠯᠲᠡ ᠨᠡᠯᠢᠶᠡᠳ ᠣᠯᠠᠨ᠂ ᠮᠠᠯᠴᠢᠨ ᠲᠠᠷᠢᠶᠠᠴᠢᠳ ᠤᠨ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠬᠦᠰᠡᠯ ᠡᠷᠡᠮᠡᠯᠵᠡᠯ ᠢᠶᠠᠷ ᠴᠢᠩᠭ᠎ᠠ ᠭᠠᠵᠠᠷ ᠣᠷᠣᠨ ᠳᠤ᠂ ᠨᠢᠭᠡᠳᠤᠯᠲᠠᠢ ᠵᠠᠯᠭᠠᠯᠳᠤᠭᠤᠯᠤᠨ ᠰᠢᠯᠵᠢᠭᠦᠯᠦᠨ ᠦᠭᠬᠦ ᠪᠠ ᠡᠷᠦᠬᠡ ᠪᠠᠷ ᠵᠠᠯᠭᠠᠯᠳᠤᠭᠤᠯᠤᠨ ᠲᠠᠷᠢᠶᠠᠯᠠᠬᠤ ᠵᠡᠷᠭᠡ ᠭᠠᠵᠠᠷ ᠰᠢᠷᠣᠶ ᠨᠤᠲᠤᠭ ᠪᠡᠯᠴᠢᠭᠡᠷ ᠢ ᠲᠦᠪᠯᠡᠷᠡᠭᠦᠯᠬᠦ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠵᠢᠭᠦᠯᠵᠣ᠂ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠶᠢ ᠰᠢᠭᠤᠳ ᠰᠠᠯᠭᠠᠬᠤ ᠶᠢ ᠠᠬᠢᠭᠤᠯᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠴᠢᠬᠤᠯᠠ ᠬᠦᠴᠦᠨ ᠵᠤᠶᠢᠯ ᠢ ᠲᠥᠪᠯᠡᠷᠡᠭᠦᠯᠬᠦ ᠪᠠ ᠬᠡᠪᠴᠢᠶᠡᠵᠢᠭᠦᠯᠦᠨ ᠵᠠᠯᠭᠠᠯᠳᠤᠭᠤᠯᠤᠨ ᠡᠵᠡᠩᠨᠡᠬᠦ ᠶᠢ ᠪᠡᠶᠡᠯᠡᠭᠦᠯᠵᠦ᠂ ᠭᠠᠵᠠᠷ ᠰᠢᠷᠣᠶ ᠶᠢ ᠵᠢᠵᠢᠭ ᠬᠡᠰᠡᠭᠯᠡᠬᠦ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠵᠠᠯᠠᠭᠤ ᠢᠳᠡᠷ ᠨᠠᠰᠤᠨ ᠤ ᠬᠥᠳᠡᠯᠮᠦᠷᠢ ᠬᠦᠴᠦᠨ ᠭᠠᠳᠠᠭᠰᠢ ᠨᠡᠯᠢᠶᠡᠳ ᠣᠯᠠᠨ ᠭᠠᠷᠴᠤ᠂ ᠭᠡᠷ ᠲᠡᠭᠡᠨ ᠬᠤᠴᠣᠷᠤᠭᠰᠠᠨ ᠨᠠᠰᠤᠲᠠᠨ ᠪᠠ ᠡᠮᠡᠭᠲᠡᠶᠢᠴᠦᠳ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠨ ᠪᠦᠷᠢᠮᠦᠰᠦᠨ ᠬᠠᠶᠠᠬᠤ ᠳᠤᠷ᠎ᠠ ᠦᠭᠡᠶ ᠭᠠᠵᠠᠷ ᠣᠷᠣᠨ ᠳᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠬᠤᠪᠢ ᠣᠷᠣᠭᠤᠯᠵᠤ ᠬᠤᠷᠰᠢᠬᠤ᠂ ᠭᠠᠵᠠᠷ ᠰᠢᠷᠣᠶ ᠨᠤᠲᠤᠭ ᠪᠡᠯᠴᠢᠬᠡᠷ ᠢ ᠨᠠᠶᠢᠳᠠᠨ ᠬᠠᠮᠢᠶᠠᠷᠤᠭᠤᠯᠬᠤ ᠬᠠᠭᠠᠰ ᠨᠠᠶᠢᠳᠠᠨ ᠬᠠᠮᠢᠶᠠᠷᠤᠭᠤᠯᠬᠤ ᠵᠡᠷᠭᠡ ᠣᠶᠢᠯᠡᠴᠢᠯᠡᠭᠡ ᠶᠢ ᠲᠦᠪᠯᠡᠷᠡᠭᠦᠯᠬᠦ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠵᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠮᠠᠯᠴᠢᠨ ᠲᠠᠷᠢᠶᠠᠴᠢᠨ ᠡᠷᠦᠬᠡ ᠪᠠ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠤᠭᠤᠷᠣᠨᠳᠣ ᠬᠠᠮᠲᠤᠪᠠᠷ ᠡᠳ᠋ᠯᠡᠬᠦ ᠶᠢ ᠠᠬᠢᠭᠤᠯᠵᠤ᠂  ᠭᠠᠭᠴᠠ ᠡᠷᠦᠬᠡ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠬᠡᠷᠡᠭᠯᠡᠬᠦ ᠠᠷᠭ᠎ᠠ ᠦᠭᠡᠶ᠂ ᠵᠠᠬ᠎ᠠ ᠳᠡᠯᠭᠡᠭᠦᠷ ᠲᠠᠢ ᠵᠣᠯᠭᠠᠭᠤᠯᠬᠤ ᠳᠤ ᠬᠦᠴᠢᠷᠲᠡᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠨᠥᠬᠦᠴᠡᠯ ᠲᠠᠢ ᠭᠠᠵᠠᠷ ᠣᠷᠣᠨ ᠨᠢ ᠬᠤᠲᠠ ᠣᠷᠣᠵᠤ ᠠᠮᠢᠳᠤᠷᠠᠭᠰᠠᠨ ᠮᠠᠯᠴᠢᠨ ᠲᠠᠷᠢᠶᠠᠴᠢᠳ ᠤᠨ ᠭᠠᠵᠠᠷ ᠰᠢᠷᠤᠢ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠶᠢ ᠲᠥᠯᠥᠪᠦᠷᠢ ᠲᠠᠢ ᠪᠠᠷ ᠪᠤᠴᠠᠭᠠᠬᠤ ᠲᠤᠷᠰᠢᠯᠳᠠ ᠶᠢᠨ ᠴᠢᠭ ᠢ ᠯᠠᠪᠳᠠᠭᠤᠨ ᠢᠶᠠᠷ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠴᠢᠭᠯᠡᠯ ᠢ ᠠᠳᠬᠤᠬᠤ᠂ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠤᠷ᠎ᠠ᠂ ᠮᠠᠯᠴᠢᠨ ᠲᠠᠷᠢᠶᠠᠴᠢᠳ ᠤᠨ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠡᠮᠵᠢᠵᠣ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠩ ᠨᠡᠶᠢᠴᠡᠬᠦ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠭᠰᠠᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶ᠋ᠢᠭ ᠢ ᠰᠦᠪᠡᠭᠴᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂  ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ︶     ᠲᠦᠷᠪᠡ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ      ︵ᠨᠢᠭᠡ︶ ᠭᠠᠵᠠᠷ ᠰᠢᠷᠣᠶ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠡᠷᠡᠰ ᠬᠠᠮᠠᠭᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠯ ᠤᠨ ᠡᠷᠬᠡ ᠶᠢᠨ ᠦᠨᠳᠦᠰᠦᠨ ᠪᠠᠶᠢᠷᠢ ᠰᠠᠭᠤᠷᠢ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠨᠢ ᠮᠠᠯᠴᠢᠨ ᠲᠠᠷᠢᠶᠠᠴᠢᠳ ᠲᠤ ᠦᠮᠴᠢᠯᠡᠭᠳᠡᠬᠦ ᠢ ᠭᠦᠢᠴᠡᠳ ᠢᠯᠡᠷᠡᠭᠦᠯᠦᠨ ᠪᠠᠳᠤᠯᠠᠨ᠎ᠠ᠃ ᠭᠠᠵᠠᠷ ᠰᠢᠷᠣᠶ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠯ ᠤᠨ ᠡᠷᠬᠡᠳᠡᠨ ᠨᠢ ᠬᠠᠮᠲᠤ ᠶᠢᠨ ᠭᠠᠵᠠᠷ ᠰᠢᠷᠤᠢ ᠨᠤᠲᠤᠭ ᠪᠡᠯᠴᠢᠭᠡᠷ ᠲᠤ ᠬᠠᠤᠯᠢ ᠶᠤᠰᠤᠭᠠᠷ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠰᠢᠢᠳᠪᠦᠷᠢᠯᠡᠬᠦ ᠡᠷᠬᠡ ᠲᠠᠢ᠃ ︽ᠭᠤᠷᠪᠠᠨ ᠡᠷᠬᠡ ᠶᠢ ᠰᠠᠯᠭᠠᠬᠤ︾ ᠠᠷᠭ᠎ᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠤᠨ ᠬᠠᠮᠲᠤ ᠶᠢᠨ ᠳᠠᠭᠠᠭᠠᠴᠢᠯᠠᠭᠰᠠᠨ ᠭᠠᠵᠠᠷ ᠢ ᠳᠠᠭᠠᠭᠠᠴᠢᠯᠠᠭᠤᠯᠬᠤ᠂ ᠲᠣᠬᠢᠷᠠᠭᠤᠯᠬᠤ᠂ ᠬᠢᠨᠠᠯᠲᠠ ᠲᠠᠯᠪᠢᠬᠤ᠂ ᠬᠤᠷᠢᠶᠠᠨ ᠠᠪᠬᠤ ᠵᠡᠷᠭᠡ ᠡᠯ᠎ᠡ ᠵᠤᠶᠢᠯ ᠤᠨ ᠡᠷᠬᠡ ᠴᠢᠳᠠᠪᠤᠷᠢ ᠶᠢ ᠭᠦᠢᠴᠡᠳ ᠬᠠᠮᠠᠭᠠᠯᠠᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠯ ᠤᠨ ᠳᠠᠪᠠᠭᠤᠯᠢᠭ ᠪᠠ ᠣᠶᠢᠯᠡᠳᠤᠯ ᠢ ᠪᠠᠳᠠᠷᠠᠭᠤᠯᠤᠨ᠎ᠠ᠃ ᠮᠠᠯᠴᠢᠨ ᠲᠠᠷᠢᠶᠠᠴᠢᠳ ᠤᠨ ᠬᠠᠮᠲᠤ ᠭᠠᠵᠠᠷ ᠰᠢᠷᠣᠶ ᠨᠤᠲᠤᠭ ᠪᠡᠯᠴᠢᠭᠡᠷ ᠢ ᠬᠠᠤᠯᠢ ᠶᠣᠰᠣᠭᠠᠷ ᠲᠠᠭᠠᠭᠠᠴᠢᠯᠠᠭᠤᠯᠬᠤ ᠡᠷᠬᠡ ᠲᠠᠢ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠶ︔ ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠶᠢ ᠦᠨᠳᠦᠰᠦᠯᠡᠵᠦ᠂  ᠮᠠᠯᠴᠢᠨ ᠲᠠᠷᠢᠶᠠᠴᠢᠨ ᠡᠷᠦᠬᠡ ᠶᠢᠨ ᠪᠤᠴᠠᠭᠠᠭᠰᠠᠨ ᠪᠤᠶᠤ ᠮᠠᠯᠴᠢᠨ ᠲᠠᠷᠢᠶᠠᠴᠢᠳ ᠲᠤ ᠰᠢᠯᠵᠢᠭᠦᠯᠦᠨ ᠦᠭᠴᠣ ᠬᠠᠮᠲᠤ ᠪᠠᠷ ᠲᠠᠭᠠᠭᠠᠴᠢᠯᠠᠬᠤ ᠭᠠᠵᠠᠷ ᠰᠢᠷᠣᠶ ᠨᠤᠲᠤᠭ ᠪᠡᠯᠴᠢᠭᠡᠷ ᠵᠢᠴᠢ ᠬᠠᠮᠲᠤ ᠶᠢᠨ ᠪᠡᠯᠡᠳᠬᠡᠯ ᠭᠠᠵᠠᠷ ᠲᠤ ᠰᠢᠭᠤᠳ ᠣᠶᠢᠯᠡᠳᠪᠦᠷᠢᠯᠠᠯ ᠡᠵᠡᠩᠨᠡᠯᠲᠡ ᠶᠢ ᠵᠣᠬᠢᠶᠠᠨ ᠪᠠᠶᠢᠭᠤᠯᠵᠤ᠂ ᠬᠤᠪᠢ ᠣᠷᠣᠭᠤᠯᠤᠭᠰᠠᠨ ᠬᠤᠷᠰᠢᠶ᠎ᠠ ᠪᠠᠶᠢᠭᠤᠯᠤᠨ ᠦᠪᠡᠷᠳᠡᠬᠡᠨ ᠡᠵᠡᠩᠨᠡᠬᠦ ᠪᠤᠶᠤ ᠭᠠᠳᠠᠭᠰᠢ ᠲᠠᠭᠠᠭᠠᠴᠢᠯᠠᠭᠤᠯᠵᠤ᠂ ᠬᠤᠪᠢ ᠤᠷᠤᠭᠤᠯᠤᠨ᠎ᠠ︔ ᠪᠠᠶᠢᠭᠠᠯᠢ ᠶᠢᠨ ᠭᠠᠮᠰᠢᠭ ᠲᠤ ᠬᠦᠨᠳᠦ ᠨᠣᠴᠢᠲᠠᠶ ᠡᠪᠳᠡᠭᠳᠡᠭᠰᠡᠨ ᠵᠡᠷᠭᠡ ᠣᠨᠴᠠᠭᠠᠶ ᠪᠠᠶᠢᠳᠠᠯ ᠠᠴᠠ ᠪᠣᠯᠵᠤ ᠲᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠲᠤ ᠬᠠᠤᠯᠢ ᠶᠣᠰᠣᠭᠠᠷ ᠲᠣᠬᠢᠷᠠᠭᠤᠯᠤᠯᠲᠠ ᠬᠢᠬᠦ ᠡᠷᠬᠡ ᠲᠠᠢ︔ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠪᠣᠯᠤᠨ ᠡᠵᠡᠩᠨᠡᠯᠲᠡ ᠶᠢᠨ ᠭᠤᠤᠯ ᠴᠣᠭᠴᠠ ᠶᠢᠨ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠤᠨ ᠬᠡᠷᠡᠭᠯᠡᠯᠳᠡ ᠳᠤ ᠬᠢᠨᠠᠯᠲᠠ ᠲᠠᠯᠪᠢᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠤᠷᠲᠤ ᠬᠤᠭᠤᠴᠠᠭ᠎ᠠ ᠪᠠᠷ ᠭᠠᠵᠠᠷ ᠰᠢᠷᠣᠶ ᠶᠢ ᠪᠦᠷᠢᠯᠬᠡᠬᠦ ᠂ ᠭᠠᠵᠠᠷ ᠰᠢᠷᠣᠶ ᠨᠤᠲᠤᠭ ᠪᠡᠯᠴᠢᠬᠡᠷ ᠢ ᠡᠪᠳᠡᠵᠦ ᠰᠤᠶᠢᠳᠬᠡᠬᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠬᠡᠷᠡᠭᠴᠡᠭᠡ ᠶᠢ ᠬᠠᠤᠯᠢ ᠪᠤᠰᠤ ᠪᠠᠷ ᠬᠤᠪᠢᠷᠠᠭᠤᠯᠬᠤ ᠵᠡᠷᠭᠡ ᠦᠢᠯᠡ ᠠᠵᠢᠯᠯᠠᠭ᠎ᠠ ᠶᠢ ᠰᠡᠷᠭᠡᠶᠢᠯᠡᠨ ᠵᠠᠯᠠᠷᠠᠭᠤᠯᠬᠤ ᠡᠷᠬᠡ ᠲᠠᠢ᠃ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠪᠠᠨ ᠰᠢᠯᠵᠢᠭᠦᠯᠦᠨ ᠦᠭᠬᠦ ᠳᠤ᠂ ᠲᠣᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠣᠲᠣᠷ᠎ᠠ ᠬᠢᠬᠦ ᠶᠢᠨ ᠬᠠᠮᠲᠤ ᠮᠠᠯᠴᠢᠨ ᠲᠠᠷᠢᠶᠠᠴᠢᠳ ᠤᠨ ᠬᠠᠮᠲᠤ ᠶᠢᠨ ᠵᠥᠪᠰᠢᠶᠡᠷᠡᠯ ᠢ ᠣᠯᠬᠤ ᠬᠡᠷᠡᠭᠲᠡᠶ︔ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠦᠭᠬᠦ ᠳᠤ ᠮᠠᠯᠴᠢᠨ ᠲᠠᠷᠢᠶᠠᠴᠢᠳ ᠤᠨ ᠬᠠᠮᠲᠤ ᠳᠤ ᠪᠢᠴᠢᠭ ᠢᠶᠠᠷ ᠳᠠᠩᠰᠠᠯᠠᠭᠤᠯᠬᠤ ᠬᠡᠷᠡᠭᠲᠡᠶ᠃ ᠬᠠᠮᠲᠤ ᠶᠢᠨ ᠭᠠᠵᠠᠷ ᠰᠢᠷᠣᠶ ᠨᠤᠲᠤᠭ ᠪᠡᠯᠴᠢᠭᠡᠷ ᠲᠠᠲᠠᠪᠤᠷᠢᠯᠠᠭᠳᠠᠭᠰᠠᠨ ᠪᠤᠯ᠂ ᠮᠠᠯᠴᠢᠨ ᠲᠠᠷᠢᠶᠠᠴᠢᠳ ᠤᠨ ᠬᠠᠮᠳᠤ ᠭᠠᠵᠠᠷ ᠰᠢᠷᠣᠶ ᠲᠠᠳᠠᠪᠦᠷᠢᠯᠠᠭᠰᠠᠨ ᠨᠦᠬᠦᠪᠦᠷᠢ ᠤᠯᠭᠤᠵᠤ ᠲᠥᠪᠬᠢᠨᠡᠭᠦᠯᠬᠦ ᠲᠥᠰᠦᠯ ᠵᠡᠷᠬᠡ ᠳᠤ ᠰᠠᠨᠠᠯ ᠳᠤᠷᠠᠳᠬᠤ ᠶᠢᠨ ᠬᠠᠮᠲᠤ ᠬᠠᠤᠯᠢ ᠶᠣᠰᠣᠭᠠᠷ ᠨᠥᠬᠦᠪᠥᠷᠢ ᠤᠯᠬᠤ ᠡᠷᠬᠡ ᠲᠠᠢ᠃ ᠮᠠᠯᠴᠢᠨ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠡᠷᠬᠡ ᠪᠠᠨ ᠬᠠᠮᠲᠤ ᠪᠠᠷ ᠬᠡᠷᠡᠭᠵᠢᠭᠦᠯᠬᠦ ᠪᠣᠳᠠᠲᠠᠶ ᠠᠷᠭ᠎ᠠ ᠬᠡᠯᠪᠡᠷᠢ ᠶᠢ ᠢᠳᠡᠪᠬᠢᠲᠡᠶ ᠰᠦᠪᠡᠭᠴᠢᠯᠡᠵᠦ᠂ ᠬᠠᠮᠲᠤ ᠶᠢᠨ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠠᠷᠠᠳᠴᠢᠯᠠᠯ ᠢᠶᠠᠷ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠲᠠᠮᠵᠢᠨ᠂ ᠬᠠᠮᠲᠤ ᠶᠢᠨ ᠪᠦᠷᠢᠯᠳᠦᠬᠦᠨ ᠤ ᠪᠠᠶᠢᠳᠠᠯ ᠢ ᠮᠡᠳᠡᠬᠦ ᠡᠷᠬᠡ᠂ ᠰᠢᠢᠳᠪᠦᠷᠢᠳᠤ ᠪᠣᠳᠣᠯᠭ᠎ᠠ ᠲᠣᠭᠲᠠᠭᠠᠬᠤ ᠡᠷᠬᠡ᠂ ᠬᠢᠨᠠᠯᠳᠠ ᠲᠠᠯᠪᠢᠬᠤ ᠡᠷᠬᠡ ᠶᠢ ᠦᠨᠡᠨ ᠬᠦ ᠪᠠᠲᠤᠯᠠᠵᠤ᠂ ᠮᠠᠯᠴᠢᠨ ᠲᠠᠷᠢᠶᠠᠴᠢᠳ ᠤᠨ ᠬᠠᠮᠲᠤ ᠶᠢᠨ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠪᠠᠨ ᠪᠦᠲᠦᠮᠵᠢᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠴᠥᠭᠡᠨ ᠲᠣᠭᠠᠨ ᠤ ᠬᠥᠮᠦᠰ ᠤᠨ ᠢᠯᠠ ᠪᠤᠰᠤ ᠪᠠᠷ ᠦᠭᠴᠣ ᠠᠪᠬᠤ᠂ ᠬᠤᠪᠢ ᠶᠢᠨ ᠠᠰᠢᠭ ᠣᠯᠬᠤ ᠶᠢ ᠰᠡᠷᠭᠡᠶᠢᠯᠡᠨ᠎ᠡ᠃      ︵ᠬᠤᠶᠠᠷ︶ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠶᠢ ᠴᠢᠩᠭ᠎ᠠ ᠬᠠᠮᠠᠭᠠᠯᠠᠨ᠎ᠠ᠃ ᠣᠳᠣ ᠪᠠᠶᠢᠭ᠎ᠠ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠤᠭᠳᠠᠪᠦᠷᠢᠵᠢᠭᠤᠯᠬᠤ ᠶᠢᠨ ᠬᠠᠮᠲᠤ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠵᠤ᠂ ᠮᠠᠯᠴᠢᠨ ᠲᠠᠷᠢᠶᠠᠴᠢᠳ ᠤᠨ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠠᠰᠢᠭ ᠤᠨ ᠪᠣᠳᠠᠰ ᠤᠨ ᠡᠷᠬᠡ ᠶᠢᠨ ᠬᠠᠮᠠᠭᠠᠯᠠᠯᠲᠠ ᠶᠢ ᠴᠢᠩᠭᠠᠷᠠᠭᠤᠯᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠬᠡᠳᠡᠨ ᠨᠢ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠲᠤ ᠬᠠᠤᠯᠢ ᠶᠤᠰᠤᠭᠠᠷ ᠡᠵᠡᠯᠡᠬᠦ᠂ ᠬᠡᠷᠡᠭᠯᠡᠬᠦ ᠪᠠ ᠠᠰᠢᠭ ᠬᠦᠷᠲᠡᠬᠦ ᠡᠷᠬᠡ ᠲᠠᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠭᠠᠵᠠᠷ ᠰᠢᠷᠣᠶ ᠨᠤᠲᠤᠭ ᠪᠡᠯᠴᠢᠭᠡᠷ ᠢ ᠲᠣᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠣᠯᠤᠭᠰᠠᠨ ᠮᠠᠯᠴᠢᠨ ᠲᠠᠷᠢᠶᠠᠴᠢᠨ ᠡᠷᠦᠬᠡ ᠳᠤ  ᠲᠠᠭᠠᠭᠠᠴᠢᠯᠠᠭᠤᠯᠵᠤ᠂ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠮᠠᠯᠴᠢᠨ ᠲᠠᠷᠢᠶᠠᠴᠢᠳ ᠤᠨ ᠭᠡᠷ ᠪᠦᠯᠢ ᠪᠠᠷ ᠡᠵᠡᠩᠨᠡᠭᠦᠯᠵᠣ ᠪᠣᠯᠤᠨ᠎ᠠ᠂ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠦᠭᠬᠦ ᠪᠠᠷ ᠲᠠᠮᠵᠢᠨ ᠪᠤᠰᠤᠳ ᠭᠤᠤᠯ ᠴᠣᠭᠴᠠ ᠪᠠᠷ ᠡᠵᠡᠩᠨᠡᠭᠦᠯᠵᠣ ᠪᠣᠯᠤᠨ᠎ᠠ᠂ ᠡᠵᠡᠩᠨᠡᠯᠲᠡ ᠶᠢᠨ ᠡᠷᠬᠡ ᠶᠢ ᠬᠡᠷᠬᠢᠨ ᠰᠢᠯᠵᠢᠭᠦᠯᠦᠨ ᠦᠭᠭᠦᠭᠰᠡᠨ ᠴᠤ ᠬᠠᠮᠲᠤ ᠶᠢᠨ ᠭᠠᠵᠠᠷ ᠰᠢᠷᠣᠶ ᠨᠤᠲᠤᠭ ᠪᠡᠯᠴᠢᠬᠡᠷ ᠤᠨ ᠳᠠᠭᠠᠭᠠᠴᠢᠯᠠᠯᠲᠠ ᠶᠢᠨ ᠡᠷᠬᠡ ᠨᠢ ᠴᠥᠮ ᠮᠠᠯᠴᠢᠨ ᠲᠠᠷᠢᠶᠠᠴᠢᠨ ᠤ ᠭᠡᠷ ᠪᠦᠯᠢ ᠳᠤ ᠬᠠᠷᠢᠶᠠᠯᠠᠭᠳᠠᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠮᠠᠯᠴᠢᠨ ᠲᠠᠷᠢᠶᠠᠴᠢᠨ ᠤ ᠭᠡᠷ ᠪᠦᠯᠢ ᠶᠢᠨ ᠭᠠᠵᠠᠷ ᠰᠢᠷᠤᠢ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠪᠠᠶᠢᠷᠢ ᠰᠠᠭᠤᠷᠢ ᠶᠢ ᠣᠷᠣᠯᠠᠭᠤᠯᠵᠤ ᠪᠣᠯᠬᠤ ᠦᠭᠡᠶ᠂ ᠮᠠᠯᠵᠢᠬᠤ ᠲᠠᠷᠢᠶᠠᠯᠠᠬᠤ ᠡᠷᠦᠬᠡ ᠶᠢᠨ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠶᠢ ᠬᠠᠤᠯᠢ ᠪᠤᠰᠤ ᠪᠠᠷ ᠬᠠᠰᠤᠬᠤ ᠪᠠ ᠬᠢᠵᠠᠭᠠᠷᠯᠠᠵᠤ ᠪᠣᠯᠬᠤ ᠦᠭᠡᠶ᠃ ︽ᠭᠤᠷᠪᠠᠨ ᠡᠷᠬᠡ ᠶᠢ ᠰᠠᠯᠭᠠᠬᠤ︾ ᠠᠷᠭ᠎ᠠ ᠶᠢ ᠲᠡᠭᠦᠯᠳᠡᠷᠵᠢᠭᠦᠯᠵᠦ᠂ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠬᠡᠷᠡᠭᠯᠡᠬᠦ᠂ ᠰᠢᠯᠵᠢᠭᠦᠯᠦᠨ ᠦᠭᠬᠦ᠂ ᠪᠠᠷᠢᠴᠠᠭᠠᠯᠠᠬᠤ᠂ ᠦᠨ᠎ᠡ ᠲᠥᠯᠥᠪᠦᠷᠢ ᠲᠠᠢ ᠪᠠᠷ  ᠪᠤᠴᠠᠭᠠᠬᠤ ᠵᠡᠷᠭᠡ ᠡᠯ᠎ᠡ ᠵᠤᠶᠢᠯ ᠤᠨ ᠡᠷᠬᠡ ᠴᠢᠳᠠᠪᠤᠷᠢ ᠶᠢ ᠭᠦᠢᠴᠡᠳ ᠬᠠᠮᠠᠭᠠᠯᠠᠨ᠎ᠠ᠃ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠡᠷᠬᠡ ᠲᠠᠢ᠂ ᠴᠢᠬᠤᠯᠠ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠯ᠂ ᠳᠠᠭᠠᠯᠲᠠ ᠪᠤᠳᠠᠰ᠂ ᠢᠵᠢ ᠪᠦᠷᠢᠳᠦᠭᠦᠯᠬᠦ ᠲᠦᠭᠦᠭᠡᠷᠤᠮᠵᠢ ᠶᠢ ᠬᠠᠤᠯᠢ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠵᠤ᠂ ᠣᠶᠢᠯᠡᠳᠪᠦᠷᠢᠯᠠᠯ ᠡᠵᠡᠩᠨᠡᠯᠳᠡ ᠶᠢ ᠦᠪᠡᠷᠳᠡᠬᠡᠨ ᠵᠣᠬᠢᠶᠠᠨ ᠪᠠᠶᠢᠭᠤᠯᠬᠤ ᠪᠠ ᠪᠦᠲᠦᠭᠡᠭᠳᠡᠭᠦᠨ ᠢ ᠰᠢᠢᠳᠪᠦᠷᠢᠯᠡᠬᠦ ᠶᠢᠨ ᠬᠠᠮᠲᠤ ᠠᠰᠢᠭ ᠣᠯᠵᠠᠪᠤᠷᠢ ᠣᠯᠤᠨ᠎ᠠ︔ ᠰᠢᠯᠵᠢᠭᠦᠯᠦᠨ ᠥᠭᠬᠦ᠂ ᠬᠠᠷᠢᠯᠴᠠᠨ ᠰᠣᠯᠢᠬᠤ᠂ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠬᠤᠪᠢ ᠣᠷᠣᠭᠤᠯᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠲᠠᠮᠵᠢᠨ ᠲᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠬᠡᠷ ᠢ ᠰᠢᠯᠵᠢᠭᠦᠯᠦᠨ ᠦᠭᠬᠦ ᠡᠷᠬᠡ ᠲᠠᠢ᠂ ᠰᠢᠯᠵᠢᠭᠦᠯᠦᠨ ᠦᠭᠬᠦ ᠡᠷᠬᠡ ᠴᠢᠳᠠᠪᠤᠷᠢ᠂ ᠰᠢᠯᠵᠢᠭᠦᠯᠦᠨ ᠦᠭᠬᠦ ᠬᠤᠭᠤᠴᠠᠭ᠎ᠠ ᠶᠢ ᠰᠢᠯᠵᠢᠭᠦᠯᠦᠨ ᠦᠭᠬᠦ ᠬᠤᠶᠠᠷ ᠲᠠᠯ᠎ᠠ ᠶᠢᠨ ᠬᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠪᠴᠢᠶᠡᠨ ᠳᠣᠲᠣᠷ᠎ᠠ ᠵᠥᠪᠳᠡᠯᠴᠡᠨ ᠲᠣᠭᠲᠠᠭᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠲᠡᠭᠦᠨ ᠤ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠶᠢ ᠠᠯᠪᠠᠳᠠᠬᠤ ᠪᠤᠶᠤ ᠬᠢᠵᠠᠭᠠᠷᠯᠠᠵᠤ ᠪᠣᠯᠬᠤ ᠦᠭᠡᠶ︔ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠷ ᠬᠤᠪᠢ ᠤᠷᠤᠭᠤᠯᠵᠤ ᠭᠠᠵᠠᠷ ᠰᠢᠷᠣᠶ ᠨᠤᠲᠤᠭ ᠪᠡᠯᠴᠢᠭᠡᠷ ᠤᠨ ᠬᠤᠪᠢ ᠣᠷᠣᠭᠤᠯᠤᠭᠰᠠᠨ ᠬᠤᠷᠰᠢᠶ᠎ᠠ ᠪᠠᠶᠢᠭᠤᠯᠬᠤ ᠡᠷᠬᠡ ᠲᠠᠢ᠂ ᠲᠠᠷᠢᠶᠠᠯᠠᠩ ᠮᠠᠯ ᠠᠵᠤ ᠠᠬᠤᠶ ᠶᠢᠨ ᠵᠣᠬᠢᠬᠤ ᠬᠡᠮᠵᠢᠶᠡᠨ ᠤ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠬᠦ ᠶᠢᠨ ᠬᠠᠮᠲᠤ ᠲᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠤᠨ ᠬᠤᠪᠢ ᠣᠷᠣᠭᠤᠯᠤᠯᠲᠠ ᠪᠠᠷ ᠡᠵᠡᠩᠨᠡᠯᠲᠡ ᠶᠢᠨ ᠠᠰᠢᠭ ᠣᠯᠵᠠᠪᠤᠷᠢ ᠬᠦᠷᠳᠡᠨ᠎ᠡ︔ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠲᠤᠬᠠᠶ ᠪᠠᠷᠢᠴᠠᠭ᠎ᠠ ᠲᠣᠭᠲᠠᠭᠠᠵᠤ᠂ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠲᠠᠢ ᠪᠠᠷ ᠪᠤᠴᠠᠭᠠᠬᠤ ᠡᠷᠬᠡ ᠲᠠᠢ᠂ ᠨᠥᠬᠦᠴᠡᠯ ᠲᠠᠢ ᠪᠣᠯ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠬᠠᠮᠠᠭᠠᠯᠠᠭᠰᠠᠨ ᠠᠴᠠ ᠪᠣᠯᠵᠤ ᠬᠤᠯᠪᠤᠭᠳᠠᠯ ᠪᠦᠬᠦᠢ ᠨᠥᠬᠦᠪᠥᠷᠢ ᠣᠯᠵᠤ ᠪᠣᠯᠤᠨ᠎ᠠ᠃ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠲᠠᠲᠠᠪᠤᠷᠢᠯᠠᠭᠳᠠᠭᠰᠠᠨ ᠪᠣᠯ᠂ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠨᠢ ᠵᠣᠬᠢᠴᠠᠩᠭᠤᠶ ᠨᠥᠬᠦᠪᠥᠷᠢ ᠶᠢ ᠬᠠᠤᠯᠢ ᠶᠤᠰᠤᠭᠠᠷ ᠣᠯᠬᠤ ᠡᠷᠬᠡ ᠲᠠᠢ᠂ ᠨᠥᠬᠦᠴᠡᠯ ᠳᠤ ᠨᠡᠶᠢᠴᠡᠪᠡᠯ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠣᠯᠬᠤ ᠡᠷᠬᠡ ᠲᠠᠢ ᠵᠡᠷᠭᠡ᠃ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠬᠠᠤᠯᠢ ᠵᠦᠷᠢᠴᠡᠨ ᠲᠤᠬᠢᠷᠠᠭᠤᠯᠵᠤ ᠪᠣᠯᠬᠤ ᠦᠭᠡᠶ᠂ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠶᠢ ᠪᠤᠴᠠᠭᠠᠬᠤ ᠪᠠᠷ ᠮᠠᠯᠴᠢᠨ ᠲᠠᠷᠢᠶᠠᠴᠢᠳ ᠤᠨ ᠬᠤᠲᠠ ᠣᠷᠣᠵᠤ ᠠᠮᠢᠳᠤᠷᠠᠬᠤ ᠶᠢᠨ  ᠨᠦᠭᠦᠴᠡᠯ ᠪᠣᠯᠭᠠᠵᠤ ᠪᠣᠯᠬᠤ ᠦᠭᠡᠶ᠃     ︵ᠭᠤᠷᠪᠠ︶ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠲᠦᠷᠬᠡᠨ ᠢᠶᠠᠷ ᠴᠢᠯᠣᠬᠡᠲᠠᠢ ᠪᠤᠯᠭᠠᠨ᠎ᠠ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡᠳᠡᠨ ᠨᠢ ᠰᠢᠯᠵᠢᠭᠦᠯᠦᠨ ᠦᠭᠭᠦᠭᠰᠡᠨ ᠭᠠᠵᠠᠷ ᠰᠢᠷᠣᠶ ᠨᠤᠲᠤᠭ ᠪᠡᠯᠴᠢᠭᠡᠷ ᠲᠤ ᠬᠠᠤᠯᠢ ᠶᠣᠰᠣᠭᠠᠷ ᠵᠣᠬᠢᠬᠤ ᠬᠤᠭᠤᠴᠠᠭᠠᠨ ᠤ ᠳᠣᠲᠣᠷ᠎ᠠ ᠡᠵᠡᠯᠡᠬᠦ᠂ ᠬᠡᠷᠡᠭᠯᠡᠬᠦ ᠶᠢᠨ ᠬᠠᠮᠲᠤ ᠵᠣᠬᠢᠴᠠᠩᠭᠤᠶ ᠠᠰᠢᠭ ᠣᠯᠵᠠᠪᠤᠷᠢ ᠤᠯᠬᠤ ᠡᠷᠬᠡ ᠲᠠᠢ᠃ ᠬᠠᠮᠲᠤ ᠶᠢᠨ ᠥᠮᠴᠢᠯᠡᠯ ᠤᠨ ᠡᠷᠬᠡ ᠪᠣᠯᠤᠨ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠶᠢ ᠬᠠᠤᠯᠢ ᠶᠣᠰᠣᠭᠠᠷ ᠬᠠᠮᠠᠭᠠᠯᠠᠭᠰᠠᠨ ᠤᠷᠢᠲᠠᠯ ᠳᠣᠤᠷ᠎ᠠ᠂ ᠡᠵᠡᠩᠨᠡᠯᠲᠡ ᠶᠢᠨ ᠭᠤᠤᠯ ᠴᠣᠭᠴᠠ ᠶᠢᠨ ᠰᠢᠯᠵᠢᠭᠦᠯᠦᠨ ᠦᠭᠬᠦ ᠭᠡᠷ᠎ᠡ ᠶᠣᠰᠣᠭᠠᠷ ᠣᠯᠤᠭᠰᠠᠨ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠷᠬᠡ ᠲᠡᠭᠰᠢ ᠪᠠᠷ ᠬᠠᠮᠠᠭᠠᠯᠠᠨ᠎ᠠ᠃ ︽ᠭᠤᠷᠪᠠᠨ ᠡᠷᠬᠡ ᠶᠢ ᠰᠠᠯᠭᠠᠬᠤ︾ ᠠᠷᠭ᠎ᠠ ᠶᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠯ ᠬᠢᠬᠦ ᠳᠤ ᠬᠡᠷᠡᠭᠰᠡᠬᠦ ᠡᠯ᠎ᠡ ᠵᠤᠶᠢᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠪᠠᠶᠠᠯᠢᠭ ᠢ ᠨᠡᠩ ᠪᠦᠲᠦᠮᠵᠢᠲᠡᠶ ᠵᠦᠶ ᠵᠣᠬᠢᠰᠲᠠᠶ ᠠᠰᠢᠭᠯᠠᠨ᠎ᠠ᠃ ᠡᠵᠡᠩᠨᠡᠯᠲᠡ ᠶᠢᠨ ᠭᠤᠤᠯ ᠴᠣᠭᠴᠠ ᠨᠢ ᠰᠢᠯᠵᠢᠭᠦᠯᠦᠨ ᠦᠭᠭᠦᠭᠰᠡᠨ ᠭᠠᠵᠠᠷ ᠰᠢᠷᠣᠶ ᠨᠤᠲᠤᠭ ᠪᠡᠯᠴᠢᠭᠡᠷ ᠢ ᠬᠡᠷᠡᠭᠯᠡᠨ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠯ ᠡᠵᠡᠩᠨᠡᠯᠲᠡ ᠬᠢᠬᠦ ᠶᠢᠨ ᠬᠠᠮᠲᠤ ᠵᠣᠬᠢᠴᠠᠩᠭᠤᠶ ᠠᠰᠢᠭ ᠤᠯᠵᠠᠪᠤᠷᠢ ᠣᠯᠬᠤ ᠡᠷᠬᠡ ᠲᠠᠢ᠂ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠶᠢᠨ ᠵᠥᠪᠰᠢᠶᠡᠷᠡᠯ ᠢᠶᠠᠷ᠂ ᠬᠠᠤᠯᠢ ᠲᠣᠭᠲᠠᠭᠠᠯ ᠶᠣᠰᠣᠭᠠᠷ ᠬᠥᠷᠥᠰᠥ ᠰᠢᠷᠣᠶ ᠶᠢ ᠰᠠᠶᠢᠵᠢᠷᠠᠭᠤᠯᠵᠤ᠂ ᠭᠠᠵᠠᠷ ᠤᠨ ᠰᠢᠮ᠎ᠡ ᠎ ᠶᠢ ᠰᠠᠶᠢᠵᠢᠷᠠᠭᠤᠯᠵᠤ᠂ ᠨᠤᠲᠤᠭ ᠪᠡᠯᠴᠢᠭᠡᠷ ᠢ ᠰᠡᠷᠭᠦᠬᠡᠵᠣ᠂ ᠡᠪᠡᠰᠤᠨ ᠭᠠᠷᠤᠯᠳᠠ ᠶᠢ ᠨᠡᠮᠡᠭᠳᠡᠭᠦᠯᠵᠦ ᠪᠣᠯᠤᠨ᠎ᠠ᠂ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠯ᠂ ᠳᠠᠭᠠᠯᠲᠠ᠂ ᠢᠵᠢ ᠪᠦᠷᠢᠳᠦᠭᠦᠯᠬᠦ ᠲᠦᠭᠦᠭᠡᠷᠤᠮᠵᠢ ᠶᠢ ᠪᠦᠲᠦᠭᠡᠨ ᠪᠠᠶᠢᠭᠤᠯᠬᠤ ᠶᠢᠨ ᠬᠠᠮᠲᠤ᠂ ᠰᠢᠯᠵᠢᠭᠦᠯᠦᠨ ᠦᠭᠬᠦ ᠭᠡᠷ᠎ᠡ ᠶᠢᠨ ᠪᠣᠯᠵᠣᠯ ᠶᠣᠰᠣᠭᠠᠷ ᠵᠦᠶ ᠵᠣᠬᠢᠰᠲᠠᠶ ᠨᠥᠬᠦᠪᠥᠷᠢ ᠤᠯᠤᠨ᠎ᠠ︔ ᠰᠢᠯᠵᠢᠭᠦᠯᠦᠨ ᠦᠭᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠠᠳᠠᠯᠢ ᠨᠥᠬᠦᠴᠡᠯ ᠶᠣᠰᠣᠭᠠᠷ ᠭᠠᠵᠠᠷ ᠰᠢᠷᠤᠢ ᠨᠤᠲᠤᠭ ᠪᠡᠯᠴᠢᠭᠡᠷ ᠢ ᠤᠷᠢᠳᠠᠪᠠᠷ ᠦᠷᠭᠦᠯᠵᠢᠯᠡᠨ ᠲᠦᠷᠢᠶᠡᠰᠦᠯᠡᠬᠦ ᠡᠷᠬᠡ ᠲᠠᠢ᠃ ᠡᠵᠡᠩᠨᠡᠯᠲᠡ ᠶᠢᠨ ᠭᠤᠣᠯ ᠴᠣᠭᠴᠠ ᠨᠢ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠨ ᠳᠠᠬᠢᠨ ᠰᠢᠯᠵᠢᠭᠦᠯᠦᠨ ᠦᠭᠬᠦ ᠪᠤᠶᠤ ᠬᠠᠤᠯᠢ ᠲᠣᠭᠲᠠᠭᠠᠯ ᠶᠣᠰᠣᠭᠠᠷ ᠪᠠᠷᠢᠴᠠᠭ᠎ᠠ ᠲᠤᠭᠳᠠᠭᠠᠬᠤ ᠳᠤ᠂ ᠡᠷᠬᠡᠪᠰᠢ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ᠪᠠᠷ ᠪᠢᠴᠢᠭ ᠢᠶᠠᠷ ᠵᠥᠪᠰᠢᠶᠡᠷᠡᠭᠦᠯᠬᠦ ᠶᠢᠨ ᠬᠠᠮᠲᠤ ᠮᠠᠯᠴᠢᠨ ᠲᠠᠷᠢᠶᠠᠴᠢᠳ ᠤᠨ ᠬᠠᠮᠲᠤ ᠳᠤ ᠪᠢᠴᠢᠭ ᠢᠶᠠᠷ ᠲᠠᠩᠰᠠᠯᠠᠭᠤᠯᠤᠨ᠎ᠠ᠃ ᠰᠢᠯᠵᠢᠭᠦᠯᠦᠨ ᠦᠭᠭᠦᠭᠰᠡᠨ ᠭᠠᠵᠠᠷ ᠰᠢᠷᠣᠶ ᠨᠤᠲᠤᠭ ᠪᠡᠯᠴᠢᠭᠡᠷ ᠲᠠᠲᠠᠪᠤᠷᠢᠯᠠᠭᠳᠠᠭᠰᠠᠨ ᠪᠤᠯ᠂ ᠭᠠᠵᠠᠷ ᠲᠡᠬᠡᠷᠡᠬᠢ ᠳᠠᠭᠠᠯᠲᠠ ᠪᠣᠳᠠᠰ ᠵᠢᠴᠢ ᠬᠥᠬᠡ ᠴᠢᠬᠢ ᠶᠢᠨ ᠨᠥᠬᠦᠪᠥᠷᠢ ᠰᠤᠶᠢᠳᠬᠡᠯ ᠵᠡᠷᠭᠡ ᠶᠢ ᠰᠢᠯᠵᠢᠭᠦᠯᠦᠨ ᠦᠭᠭᠦ ᠭᠡᠷ᠎ᠡ ᠶᠢᠨ ᠪᠤᠯᠵᠤᠯ ᠶᠣᠰᠣᠭᠠᠷ ᠬᠠᠷᠢᠶᠠᠯᠠᠯ ᠢ ᠨᠢ ᠲᠤᠭᠳᠠᠭᠠᠨ᠎ᠠ᠃ ᠳᠠᠭᠠᠭᠠᠴᠢᠯᠠᠭᠰᠠᠨ ᠮᠠᠯᠴᠢᠨ ᠲᠠᠷᠢᠶᠠᠴᠢᠨ ᠡᠷᠦᠬᠡ ᠨᠢ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠨ ᠰᠢᠯᠵᠢᠭᠦᠯᠦᠨ ᠦᠭᠬᠦ ᠳᠤ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠪᠠᠨ ᠬᠡᠷᠡᠭᠵᠢᠭᠦᠯᠬᠦ ᠶᠢ ᠬᠠᠷᠰᠢᠯᠠᠵᠤ ᠪᠣᠯᠬᠤ ᠦᠭᠡᠶ᠃ ᠮᠠᠯᠴᠢᠨ ᠲᠠᠷᠢᠶᠠᠴᠢᠨ ᠡᠷᠦᠬᠡ ᠶᠢᠨ ᠬᠤᠪᠢ ᠬᠥᠮᠦᠨ ᠪᠤᠶᠤ ᠲᠥᠷᠥ ᠶᠢᠨ ᠪᠣᠳᠣᠯᠭ᠎ᠠ ᠶᠢᠨ ᠰᠢᠯᠲᠠᠭᠠᠨ ᠠᠴᠠ ᠪᠤᠯᠵᠤ ᠰᠢᠯᠵᠢᠭᠦᠯᠦᠨ ᠦᠭᠬᠦ ᠭᠡᠷ᠎ᠡ ᠶᠢ ᠤᠷᠢᠳᠴᠢᠯᠠᠨ ᠵᠣᠭᠰᠣᠭᠠᠭᠰᠠᠨ ᠪᠣᠯ ᠡᠵᠡᠩᠨᠡᠯᠲᠡ ᠶᠢᠨ ᠭᠤᠤᠯ ᠴᠣᠭᠴᠠ ᠨᠢ ᠬᠠᠤᠯᠢ ᠶᠣᠰᠣᠭᠠᠷ ᠵᠦᠶ ᠵᠣᠬᠢᠰᠲᠠᠶ ᠨᠥᠬᠦᠪᠥᠷᠢ ᠣᠯᠬᠤ ᠡᠷᠬᠡ ᠲᠠᠢ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠲᠠᠷᠢᠶ᠎ᠠ ᠲᠠᠷᠢᠬᠤ ᠴᠢᠳᠠᠪᠤᠷᠢᠲᠠᠨ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠢᠴᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠡᠯᠡᠪᠡᠢ᠂ ᠮᠠᠯᠴᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠪᠠ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠬᠥᠲᠥᠴᠢ ᠠᠵᠤ ᠠᠬᠤᠶᠢᠯᠠᠯ ᠳᠤ ᠰᠢᠯᠵᠢᠭᠦᠯᠦᠨ ᠦᠭᠬᠦ ᠶᠢ ᠬᠦᠳᠦᠯᠦᠨ ᠵᠢᠯᠤᠭᠤᠳᠤᠨ᠎ᠠ᠃ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢᠨ ᠭᠠᠵᠠᠷ ᠤᠨ ᠰᠢᠮ᠎ᠡ ᠶᠢ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠣᠶᠢᠯᠡᠳᠪᠦᠷᠢᠯᠠᠯ ᠤᠨ ᠨᠥᠬᠦᠴᠡᠯ ᠢ ᠰᠠᠶᠢᠵᠢᠷᠠᠭᠤᠯᠬᠤ ᠶᠢ ᠳᠠᠮᠵᠢᠵᠤ᠂ ᠬᠠᠤᠯᠢ ᠲᠤᠭᠳᠠᠭᠠᠯ ᠶᠣᠰᠣᠭᠠᠷ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠵᠤ ᠪᠠᠯᠠ ᠴᠤᠭᠯᠠᠭᠤᠯᠬᠤ ᠶᠢ ᠥᠷᠨᠢᠭᠦᠯᠦᠨ᠎ᠡ᠃ ᠡᠵᠡᠩᠨᠡᠯᠲᠡ ᠶᠢᠨ ᠡᠷᠬᠡ ᠶᠢ ᠴᠢᠯᠥᠭᠡᠲᠡᠶ ᠪᠣᠯᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠯ᠎ᠡ ᠬᠤᠰᠢᠭᠤ ᠲᠣᠭᠤᠷᠢᠭ ᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠠᠳᠠᠯᠢ ᠪᠤᠰᠤ ᠱᠠᠲᠤ ᠦᠶ᠎ᠡ ᠪᠣᠯᠤᠨ ᠬᠥᠳᠡᠯᠮᠦᠷᠢ ᠬᠦᠴᠦᠨ ᠤ ᠰᠢᠯᠵᠢᠯᠲᠡ ᠶᠢᠨ ᠬᠢᠷᠢ ᠲᠦᠪᠰᠢᠨ ᠢ ᠦᠨᠳᠦᠰᠦᠯᠡᠨ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠡᠮᠬᠢ ᠵᠢᠷᠤᠮ ᠲᠠᠢ ᠰᠢᠯᠵᠢᠭᠦᠯᠦᠨ ᠦᠭᠬᠦ ᠶᠢᠨ ᠬᠠᠮᠲᠤ᠂ ᠭᠠᠵᠠᠷ ᠰᠢᠷᠣᠶ ᠶᠢᠨ ᠬᠤᠪᠢ ᠣᠷᠣᠭᠤᠯᠵᠤ ᠬᠤᠷᠰᠢᠬᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠬᠠᠮᠲᠤᠷᠠᠨ ᠲᠠᠷᠢᠬᠤ᠂ ᠣᠷᠣᠯᠠᠨ ᠲᠠᠷᠢᠬᠤ ᠵᠡᠷᠭᠡ ᠣᠯᠠᠨ ᠵᠤᠶᠢᠯ ᠤᠨ ᠡᠵᠡᠩᠨᠡᠯᠳᠡ ᠶᠢᠨ ᠠᠷᠭ᠎ᠠ ᠮᠠᠶ᠋ᠢᠭ ᠢ ᠬᠡᠷᠡᠭᠯᠡᠬᠦ ᠶᠢ ᠵᠤᠷᠢᠭᠵᠢᠭᠤᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠴᠢᠯᠥᠭᠡᠲᠡᠶ ᠪᠣᠯᠭᠠᠬᠤ ᠨᠡᠩ ᠣᠯᠠᠨ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃      ︵ᠲᠦᠷᠪᠡ︶ ︽ᠭᠤᠷᠪᠠᠨ ᠡᠷᠬᠡ︾᠎ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠮ᠊‍ᠠᠯ᠊‍ᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠯ ᠤᠨ ᠡᠷᠬᠡ ᠪᠣᠯ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠶᠢᠨ ᠤᠷᠢᠲᠠᠯ ᠪᠣᠯᠤᠨ᠎ᠠ᠂ ᠮᠠᠯᠴᠢᠨ ᠲᠠᠷᠢᠶᠠᠴᠢᠨ ᠡᠷᠦᠬᠡ ᠳᠠᠭᠠᠭᠠᠴᠢᠯᠠᠨ ᠡᠵᠡᠩᠨᠡᠬᠦ ᠡᠷᠬᠡ ᠶᠢ ᠡᠳ᠋ᠯᠡᠬᠦ ᠪᠣᠯ ᠬᠠᠮᠲᠤ ᠶᠢᠨ ᠥᠮᠴᠢᠯᠡᠯ ᠤᠨ ᠪᠣᠳᠠᠲᠠᠶ ᠪᠡᠶᠡᠯᠡᠭᠳᠡᠬᠦ ᠬᠡᠯᠪᠡᠷᠢ ᠪᠣᠯᠤᠨ᠎ᠠ᠂ ᠭᠠᠵᠠᠷ ᠰᠢᠷᠣᠶ ᠨᠤᠲᠤᠭ ᠪᠡᠯᠴᠢᠭᠡᠷ ᠢ ᠰᠢᠯᠵᠢᠭᠦᠯᠦᠨ ᠦᠭᠬᠦ ᠳᠤ᠂ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠨ ᠡᠵᠡᠩᠨᠡᠬᠦ ᠡᠷᠬᠡ ᠨᠢ ᠭᠠᠵᠠᠷ ᠰᠢᠷᠣᠶ ᠨᠤᠲᠤᠭ ᠪᠡᠯᠴᠢᠬᠡᠷ ᠤᠨ ᠡᠵᠡᠩᠨᠡᠯᠳᠡ ᠡᠷᠬᠡ ᠠᠴᠠ ᠡᠭᠦᠰᠦᠨ᠎ᠡ᠃ ᠣᠶᠢᠯᠡᠳᠦᠯᠬᠡ ᠶᠢᠨ ᠳᠤᠮᠳᠠ ᠮᠠᠯᠴᠢᠨ ᠲᠠᠷᠢᠶᠠᠴᠢᠳ ᠤᠨ ᠬᠠᠮᠲᠤ ᠶᠢᠨ ᠬᠠᠤᠯᠢ ᠲᠣᠭᠲᠠᠭᠠᠯ ᠶᠣᠰᠣᠭᠠᠷ ᠬᠠᠮᠲᠤ ᠶᠢᠨ ᠦᠮᠴᠢᠯᠡᠯ ᠤᠨ ᠡᠷᠬᠡ ᠪᠠᠨ ᠬᠡᠷᠡᠭᠵᠢᠭᠦᠯᠬᠦ᠂ ᠳᠠᠭᠠᠭᠠᠴᠢᠯᠠᠭᠰᠠᠨ ᠮᠠᠯᠵᠢᠬᠤ ᠲᠠᠷᠢᠶᠠᠯᠠᠬᠤ ᠡᠷᠦᠬᠡ ᠪᠣᠯᠤᠨ ᠡᠵᠡᠩᠨᠡᠯᠲᠡ ᠶᠢᠨ ᠭᠤᠤᠯ ᠴᠣᠭᠴᠠ ᠶᠢᠨ ᠭᠠᠵᠠᠷ ᠰᠢᠷᠣᠶ ᠨᠤᠲᠤᠭ ᠪᠡᠯᠴᠢᠭᠡᠷ ᠢ ᠵᠢᠷᠤᠮᠵᠢᠭᠤᠯᠤᠨ ᠠᠰᠢᠭᠯᠠᠬᠤ ᠳᠤ ᠬᠢᠨᠠᠯᠲᠠ ᠲᠠᠯᠪᠢᠬᠤ ᠵᠡᠷᠭᠡ ᠪᠣᠳᠠᠲᠠᠶ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠶᠢ ᠳᠠᠮᠵᠢᠨ᠎ᠠ᠃ ︽ᠭᠤᠷᠪᠠᠨ ᠡᠷᠬᠡ︾᠎ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ︽ᠭᠤᠷᠪᠠᠨ ᠡᠷᠬᠡ︾᠎ ᠶᠢᠨ ᠲᠤᠰ ᠲᠤᠰ ᠤᠨ ᠴᠢᠳᠠᠮᠵᠢ ᠪᠣᠯᠤᠨ ᠪᠦᠬᠦᠯᠢ ᠴᠣᠭᠴᠠ ᠶᠢᠨ ᠣᠶᠢᠯᠡᠳᠤᠯ ᠢ ᠭᠦᠢᠴᠡᠳ ᠪᠠᠳᠠᠷᠠᠭᠤᠯᠵᠤ᠂ ᠳᠡᠰ ᠳᠠᠪᠬᠤᠷᠭ᠎ᠠ ᠨᠢ ᠲᠣᠳᠣᠷᠬᠠᠶ᠂ ᠪᠦᠲᠦᠴᠡ ᠨᠢ ᠵᠦᠶ ᠵᠣᠬᠢᠰᠲᠠᠶ᠂ ᠡᠷᠬᠡ ᠲᠡᠭᠰᠢ ᠬᠠᠮᠠᠭᠠᠯᠠᠬᠤ ᠪᠦᠲᠦᠴᠡ ᠶᠢ ᠪᠦᠷᠢᠯᠳᠦᠭᠦᠯᠵᠣ᠂ ︽ᠭᠤᠷᠪᠠᠨ ᠡᠷᠬᠡ ᠶᠢ ᠰᠠᠯᠭᠠᠬᠤ︾᠎ ᠶᠢ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃     ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ︽ᠭᠤᠷᠪᠠᠨ ᠡᠷᠬᠡ ᠶᠢ ᠰᠠᠯᠭᠠᠬᠤ︾᠎ ᠶᠢ ᠠᠬᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠤᠶᠢᠯ ᠳᠤ ᠣᠷᠣᠭᠤᠯᠵᠤ᠂ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ︽ᠭᠤᠷᠪᠠᠨ ᠡᠷᠬᠡ ᠶᠢ ᠰᠠᠯᠭᠠᠬᠤ︾ ᠠᠷᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠤᠭᠳᠠᠯᠴᠠᠭ᠎ᠠ ᠶᠢ ᠪᠦᠷᠢᠨᠰᠢᠭᠦᠯᠵᠣ᠂ ᠡᠭᠦᠷᠭᠡ ᠶᠢ ᠱᠠᠲᠤ ᠱᠠᠲᠤ ᠪᠠᠷ ᠵᠠᠳᠠᠯᠵᠤ᠂ ᠪᠠᠲᠤᠯᠠᠭ᠎ᠠ ᠶᠢᠨ ᠨᠥᠬᠦᠴᠡᠯ ᠢ ᠡᠭᠦᠳᠴᠦ᠂ ᠡᠯ᠎ᠡ ᠵᠤᠶᠢᠯ ᠤᠨ ᠡᠭᠦᠷᠬᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠤᠭᠰᠠᠨ᠂ ᠰᠠᠯᠠᠭ᠎ᠠ ᠮᠥᠴᠢᠷ ᠨᠢᠭᠲᠠ ᠬᠠᠮᠵᠢᠯᠴᠠᠭᠰᠠᠨ᠂ ᠣᠯᠠᠨ ᠲᠦᠮᠡᠨ ᠥᠷᠭᠡᠨ ᠢᠶᠠᠷ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠣᠶᠢᠯᠡᠳᠦᠯᠬᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠨᠢᠭᠲᠠ ᠠᠩᠬᠠᠷᠴᠤ᠂ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠲᠡᠭᠦᠯᠳᠡᠷᠵᠢᠭᠦᠯᠵᠣ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ ᠠᠬᠢᠯᠲᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠳᠠᠮᠵᠢᠨ ᠬᠠᠮᠵᠢᠯᠴᠠᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠭᠤᠷᠪᠠᠨ ᠡᠷᠬᠡ ᠶᠢ ᠰᠠᠯᠭᠠᠬᠤ︾᠎ ᠶᠢ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠤᠨ᠎ᠠ᠃ ᠪᠠᠶᠢᠴᠠᠭᠠᠯᠳᠠ ᠬᠢᠵᠣ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢᠴᠢ ᠮᠠᠯᠴᠢᠨ ᠲᠠᠷᠢᠶᠠᠴᠢᠳ ᠤᠨ ᠬᠠᠮᠲᠤ ᠨᠡᠶᠢᠲᠡ᠂ ᠳᠠᠭᠠᠭᠠᠴᠢᠯᠠᠭᠰᠠᠨ ᠮᠠᠯᠵᠢᠬᠤ ᠲᠠᠷᠢᠶᠠᠯᠠᠬᠤ ᠡᠷᠦᠬᠡ ᠪᠣᠯᠤᠨ ᠡᠵᠡᠩᠨᠡᠯᠲᠡ ᠶᠢᠨ ᠭᠤᠤᠯ ᠴᠣᠭᠴᠠ ᠶᠢᠨ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠠ ᠵᠠᠯᠠᠷᠠᠭᠤᠯᠤᠨ᠎ᠠ᠃     ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠡᠶ᠎ᠡ ᠵᠣᠬᠢᠴᠠᠯ ᠲᠠᠢ ᠠᠮᠦᠷ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ ︽ᠭᠤᠷᠪᠠᠨ ᠡᠷᠬᠡ ᠶᠢ ᠰᠠᠯᠭᠠᠬᠤ︾᠎ ᠶᠢ ᠠᠬᠢᠭᠤᠯᠬᠤ ᠨᠢ ᠣᠯᠠᠨ ᠲᠠᠯ᠎ᠠ ᠶᠢᠨ ᠠᠰᠢᠭ ᠲᠤᠰᠠ ᠳᠤ ᠬᠤᠯᠪᠣᠭᠳᠠᠵᠤ᠂ ᠡᠷᠲᠡᠬᠡᠨ ᠠᠴᠠ ᠠᠳᠬᠤᠬᠤ ᠶᠢ ᠪᠠᠷᠢᠮᠳᠠᠯᠠᠵᠣ᠂ ᠵᠥᠷᠢᠴᠡᠯ ᠵᠢᠭᠤᠷᠠᠯᠳᠤᠭᠠᠨ ᠢ ᠰᠠᠶ᠋ᠢ ᠡᠭᠦᠰᠦᠭᠰᠡᠨ ᠦᠶ᠎ᠡ ᠳᠤ ᠰᠢᠢᠳᠪᠦᠷᠢᠯᠡᠵᠣ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠨ᠎ᠡ᠃ ᠵᠢᠭᠤᠷᠠᠯᠳᠤᠭᠠᠨ ᠢ ᠡᠶᠡᠳᠡᠭᠦᠯᠬᠦ ᠣᠯᠠᠨ ᠡᠰᠢᠴᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠲᠠᠭᠠᠭᠠᠴᠢᠯᠠᠯᠳᠠ ᠡᠵᠡᠩᠨᠡᠯᠳᠡ ᠶᠢᠨ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠨ᠎ᠡ᠃ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠵᠠᠮ ᠢᠶᠠᠷ ᠵᠦᠷᠢᠴᠡᠯ ᠵᠢᠭᠤᠷᠠᠯᠳᠤᠭᠠᠨ ᠢ ᠰᠢᠢᠳᠪᠦᠷᠢᠯᠡᠵᠣ᠂ ᠭᠠᠴᠠᠭ᠎ᠠ ᠲᠣᠰᠬᠤᠨ᠂ ᠰᠤᠮᠤ ᠰᠢᠶᠠᠩ ᠪᠠᠯᠭᠠᠰᠤ ᠡᠶᠡᠳᠡᠭᠦᠯᠬᠦ᠂ ᠬᠤᠰᠢᠭᠤ ᠲᠣᠭᠤᠷᠢᠭ ᠬᠥᠨᠳᠡᠯᠡᠨ ᠠᠴᠠ ᠲᠠᠰᠤᠯᠬᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠠᠭᠠᠭᠠᠴᠢᠯᠠᠯᠳᠠ ᠡᠵᠡᠩᠨᠡᠯᠳᠡ ᠶᠢᠨ ᠵᠢᠭᠤᠷᠠᠯᠳᠤᠭᠠᠨ ᠢ ᠡᠶᠡᠳᠡᠭᠦᠯᠬᠦ ᠪᠠ ᠬᠦᠨᠳᠡᠯᠡᠨ ᠠᠴᠠ ᠲᠠᠰᠤᠯᠬᠤ ᠲᠤᠭᠳᠠᠯᠴᠠᠭ᠎ᠠ ᠶᠢ ᠪᠠᠶᠢᠭᠤᠯᠵᠤ᠂ ᠬᠠᠤᠯᠢ ᠶᠣᠰᠣᠭᠠᠷ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠵᠤ᠂ ᠡᠯ᠎ᠡ ᠡᠷᠬᠡ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠡᠶ᠎ᠡ ᠵᠣᠬᠢᠴᠠᠯ ᠲᠠᠢ ᠠᠮᠦᠷ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠨ᠎ᠠ᠃      ︵ᠭᠤᠷᠪᠠ︶ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠤᠷᠴᠢᠨ ᠠᠬᠤᠢ ᠶᠢ ᠪᠤᠶ ᠪᠣᠯᠭᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠭᠤᠷᠪᠠᠨ ᠡᠷᠬᠡ ᠶᠢ ᠰᠠᠯᠭᠠᠬᠤ︾᠎ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠤᠬᠠᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠳᠠ ᠶᠢ ᠪᠤᠢ ᠪᠤᠯᠭᠠᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠶᠢ ᠠᠭᠤᠰᠤᠯᠴᠠᠭᠤᠯᠵᠤ᠂ ᠠᠮᠢᠳᠤᠯᠢᠭ ᠳᠦᠷᠰᠦᠯᠢᠭ ᠢᠶᠠᠷ ᠤᠬᠠᠭᠤᠯᠭ᠎ᠠ ᠬᠢᠵᠦ᠂ ᠰᠠᠶᠢᠨ ᠲᠤᠷᠰᠢᠯᠭ᠎ᠠ᠂ ᠰᠠᠶᠢᠨ ᠬᠢᠬᠦ ᠠᠷᠭ᠎ᠠ ᠶᠢ ᠢᠳᠡᠪᠬᠢᠲᠡᠶ ᠳᠡᠯᠭᠡᠷᠡᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠶᠢ ᠴᠢᠬᠤᠯᠠᠴᠢᠯᠠᠵᠤ᠂ ︽ᠭᠤᠷᠪᠠᠨ ᠡᠷᠬᠡ ᠶᠢ ᠰᠠᠯᠭᠠᠬᠤ︾᠎ ᠶᠢ ᠯᠠᠪᠳᠠᠭᠤᠨ ᠢᠶᠠᠷ ᠠᠬᠢᠭᠤᠯᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠪᠣᠯᠤᠨ ᠠᠵᠢᠯ ᠤᠨ ᠣᠷᠴᠢᠨ ᠲᠣᠭᠤᠷᠢᠨ ᠢ ᠪᠤᠶ ᠪᠣᠯᠭᠠᠨ᠎ᠠ᠃ ᠺᠠᠳ᠋ᠷ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠶ ᠠᠵᠢᠯ ᠤᠨ ᠬᠡᠪ ᠴᠢᠨᠠᠷ ᠲᠠᠢ ᠲᠥᠷᠥ ᠶᠢᠨ ᠪᠤᠳᠤᠯᠭ᠎ᠠ ᠶᠢᠨ ᠵᠢᠯᠣᠭᠤᠳᠬᠤ ᠡᠩᠨᠡᠭᠡ ᠶᠢ ᠪᠣᠶ ᠪᠣᠯᠭᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ  ᠲᠡᠭᠡᠭᠰᠢᠯᠡᠭᠦᠯᠦᠨ᠎ᠡ᠃
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号