ᠮᠠᠨ ᠤ ᠬᠤᠲᠠ ᠶᠢᠨ ᠢᠶᠠᠨ ᠠᠨᠤᠮᠠᠢ ᠶᠢᠨ ᠬᠦᠮᠦᠵᠢᠯ ᠤᠨ ᠳᠤᠰᠬᠠᠶᠢᠯᠠᠭᠰᠠᠨ ᠠᠵᠢᠯ ᠤᠨ ᠬᠢᠷᠢ ᠳᠥᠪᠰᠢᠨ ᠢ ᠳᠡᠭᠡᠭᠰᠢᠯᠡᠭᠦᠯᠵᠦ᠂ ᠠᠨᠤᠮᠤᠢ ᠶᠢᠨ ᠪᠦᠲᠦᠭᠡᠯ ᠤᠨ | ᠰᠤᠷᠭᠠᠨ ᠬᠦᠮᠦᠵᠢᠯ ᠢᠶᠠᠨ ᠲᠡᠩᠴᠡᠭᠦᠷᠢᠲᠡᠢ ᠬᠥᠭᠵᠢᠭᠦᠯᠦᠨ᠂ ᠬᠢᠴᠢᠶᠡᠯ ᠲᠥᠷᠥᠯ ᠳᠤ ᠠᠭᠤᠰᠤᠯᠴᠠᠭᠤᠯᠵᠤ᠂ ᠰᠢᠨ᠎ᠡ ᠶᠢ ᠡᠭᠦᠳᠬᠦ ᠢ ᠠᠬᠢᠭᠤᠯᠤᠨ᠂ ᠠᠨᠤᠮᠣᠢ ᠶᠢᠨ | ᠰᠢᠨ᠎ᠡ ᠵᠢᠭᠠᠬᠤ ᠪᠢᠴᠢᠭ ᠢ ᠨᠠᠶᠢᠷᠠᠭᠤᠯᠤᠨ ᠪᠢᠴᠢᠭᠰᠡᠨ ᠰᠢᠰᠲ᠋ᠧᠮᠵᠢᠯ ᠂ ᠨᠠᠶᠢᠷᠠᠭᠤᠯᠤᠨ ᠪᠢᠴᠢᠭᠰᠡᠨ ᠰᠡᠳᠬᠢᠴᠡ ᠪᠠ ᠪᠦᠲᠦᠴᠡ ᠶᠢᠨ ᠣᠨᠴᠠᠯᠢᠭ ᠢ ᠪᠠᠭᠰᠢ | ᠨᠠᠷ ᠲᠤ ᠪᠠᠨ ᠪᠦᠬᠦ ᠲᠠᠯ᠎ᠠ ᠪᠠᠷ ᠣᠶᠢᠯᠠᠭᠤᠯᠵᠤ᠂ ᠰᠢᠨ᠎ᠡ ᠵᠢᠭᠠᠬᠤ ᠪᠢᠴᠢᠭ ᠢ ᠬᠡᠷᠡᠭᠯᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠰᠢᠢᠳᠪᠤᠷᠢᠯᠡᠬᠦ ᠶᠢᠨ ᠲᠥᠯᠥᠭᠡ᠂ ᠬᠤᠲᠠ ᠶᠢᠨ ᠴᠠᠬᠢᠯᠭᠠᠨᠵᠢᠯ ᠰᠤᠷᠭᠠᠨ ᠬᠦᠮᠦᠵᠢᠯ ᠤᠨ ᠤᠷᠳᠤᠨ ᠤ ᠬᠢᠨ 10 ᠰᠠᠷᠠᠶᠢᠨ 12 ᠠᠴᠠ 16 ᠤ ᠡᠳᠦᠷ ᠬᠦᠷᠲᠡᠯ᠎ᠡ | ᠬᠢᠶ᠎ᠠ ᠪᠠᠭᠰᠢ ᠲᠣᠭᠤᠷᠢᠭ ᠲᠤ᠂ ᠠᠨᠤᠮᠤᠢ ᠶᠢᠨ ᠪᠠᠭᠰᠢ ᠶᠢᠨ ᠬᠦᠮᠦᠵᠢᠯ ᠤᠨ ᠪᠠᠭᠰᠢ ᠨᠠᠷ ᠤᠨ ᠪᠣᠯᠪᠠᠰᠤᠷᠠᠯ ᠵᠢᠴᠢ ᠠᠨᠤᠮᠤᠢ ᠶᠢᠨ ᠰᠢᠨ᠎ᠡ ᠵᠢᠭᠠᠬᠤ ᠪᠢᠴᠢᠭ ᠤᠨ | ᠪᠣᠯᠪᠠᠰᠤᠷᠠᠯ ᠢ ᠡᠷᠬᠢᠯᠡᠨ ᠬᠢᠭᠰᠡᠨ ᠪᠠᠶᠢᠨ᠎ᠠ᠃ ᠪᠦᠬᠦ ᠬᠤᠲᠠ ᠶᠢᠨ ᠲᠠᠪᠢᠭᠠᠳ ᠪᠠᠭᠰᠢ ᠨᠠᠷ ᠪᠣᠯᠪᠠᠰᠤᠷᠠᠯ ᠳᠤ ᠣᠷᠣᠯᠴᠠᠵᠠᠢ᠃ | | | | | | 10 ᠰᠠᠷᠠᠶᠢᠨ 12 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠴᠠᠬᠢᠯᠭᠠᠨᠵᠢᠯ ᠰᠤᠷᠭᠠᠨ ᠬᠦᠮᠦᠵᠢᠯ ᠤᠨ ᠤᠷᠳᠤᠨ ᠤ ᠳᠡᠳ᠋ ᠳᠠᠷᠤᠭ᠎ᠠ ᠵᠤᠤ ᠶᠠᠨ | ᠵᠢᠶᠦ᠋ᠨ ᠪᠣᠯᠪᠠᠰᠤᠷᠠᠯ ᠢ ᠡᠬᠢᠯᠡᠬᠦ ᠶᠣᠰᠤᠯᠠᠯ ᠳᠡᠭᠡᠷ᠎ᠡ ᠢᠯᠡᠳᠬᠡᠯ ᠬᠢᠵᠦ᠂ ᠲᠤᠰ ᠤᠳᠠᠭᠠᠨ ᠤ ᠰᠢᠰᠲ᠋ᠧᠮ ᠲᠠᠢ ᠪᠦᠭᠡᠳ ᠬᠠᠨᠳᠤᠯᠭᠠᠲᠤ ᠳᠤᠰᠬᠠᠢ ᠪᠣᠯᠪᠠᠰᠤᠷᠠᠯ ᠤᠨ | ᠳᠣᠬᠢᠶᠠᠯ ᠢᠶᠠᠷ ᠪᠠᠭᠰᠢ ᠨᠠᠷ ᠤᠨ ᠡᠳᠦᠷ ᠲᠣᠳᠤᠮ ᠤᠨ ᠵᠢᠭᠠᠨ ᠰᠤᠷᠭᠠᠯᠲᠠ ᠳᠤᠮᠳᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯᠭᠡ ᠪᠠ ᠠᠰᠠᠭᠤᠳᠠᠯ ᠢ ᠦᠨᠡᠨ ᠬᠦ | ᠰᠢᠢᠳᠪᠤᠷᠢᠯᠠᠨ᠂ ᠠᠨᠤᠮᠤᠢ ᠶᠢᠨ ᠰᠠᠷ᠎ᠠ ᠶᠢᠨ ᠬᠥᠳᠡᠯᠭᠡᠭᠡᠨ ᠤ ᠠᠰᠢᠭᠲᠠᠢ ᠴᠠᠭ ᠳᠣᠬᠢᠶᠠᠯ ᠢ ᠡᠵᠡᠮᠳᠡᠵᠤ᠂ ᠢᠯᠡᠭᠦᠬᠡᠨ ᠰᠤᠷᠤᠯᠴᠠᠵᠤ᠂ ᠢᠯᠡᠭᠦᠭᠡᠨ ᠶᠠᠷᠢᠯᠴᠠᠨ | ᠰᠤᠳᠤᠯᠵᠤ᠂ ᠨᠡᠩ ᠢᠯᠡᠭᠦᠦ ᠡᠭᠦᠳᠦᠯᠲᠡ ᠪᠦᠲᠦᠭᠡᠯ ᠢ ᠭᠠᠷᠭᠠᠵᠤ᠂ ᠮᠠᠨ ᠤ ᠬᠤᠲᠠ ᠶᠢᠨ ᠢᠶᠠᠨ ᠠᠨᠤᠮᠤᠢ ᠶᠢᠨ ᠬᠦᠮᠦᠵᠢᠯ ᠤᠨ ᠦᠢᠯᠡᠰ ᠢ ᠤᠯᠠᠮ ᠥᠨᠳᠥᠷ | ᠳᠥᠪᠰᠢᠨ ᠳᠤ ᠬᠦᠷᠭᠡᠬᠦ ᠪᠠᠷ ᠴᠢᠷᠮᠠᠶᠢᠵᠠᠭᠠᠶ᠎ᠠ ᠭᠡᠯᠡ᠃ | ᠪᠣᠯᠪᠠᠰᠤᠷᠠᠯ ᠨᠢ᠂ ᠰᠤᠹᠲ ᠤᠨ ᠬᠡᠷᠡᠭᠯᠡᠭᠡ ᠳᠤ ᠪᠣᠯᠪᠠᠰᠤᠷᠠᠭᠤᠯᠬᠤ᠂ ᠤᠷᠳᠤᠰ ᠬᠤᠲᠠ ᠶᠢᠨ ᠠᠨᠤᠮᠤᠢ ᠶᠢᠨ ᠰᠢᠨ᠎ᠡ ᠵᠢᠭᠠᠬᠤ ᠪᠢᠴᠢᠭ ᠢ ᠨᠠᠶᠢᠷᠠᠭᠤᠯᠤᠨ | ᠪᠢᠴᠢᠬᠦ ᠳᠤ ᠣᠷᠣᠯᠴᠠᠭᠰᠠᠨ ᠪᠠᠭᠰᠢ ᠠᠴᠠ ᠵᠢᠭᠠᠬᠤ ᠪᠢᠴᠢᠭ ᠳᠠᠬᠢ ᠵᠦᠴᠦᠭᠡ ᠶᠢᠨ ᠳᠡᠪᠲᠡᠷ ᠤᠨ ᠪᠦᠲᠦᠭᠡᠯᠲᠡ᠂ ᠳᠥᠷᠢ ᠶᠢᠨ ᠳᠥᠰᠥᠪᠵᠢᠭᠦᠯᠬᠡ᠂ flash | ᠺᠠᠷᠲ᠋ᠣᠨ ᠵᠢᠴᠢ ᠬᠠᠷᠠᠭᠠᠰᠤ ᠰᠣᠩᠭᠤᠬᠤ ᠪᠠ ᠲᠠᠯᠠᠪᠠᠢ ᠰᠣᠩᠭᠤᠬᠤ ᠶᠠᠪᠤᠴᠠ ᠶᠢ ᠨᠠᠷᠢᠯᠢᠭᠵᠢᠭᠤᠯᠤᠨ ᠲᠠᠶᠢᠯᠪᠤᠷᠢᠯᠠᠭᠰᠠᠨ ᠪᠠ ᠬᠢᠴᠢᠶᠡᠯ ᠰᠣᠨᠣᠰᠴᠤ ᠦᠨᠡᠯᠡᠨ | ᠶᠠᠷᠢᠯᠴᠡᠵᠤ᠂ ᠠᠷᠪᠠᠨ ᠨᠢᠭᠡᠳᠡᠬᠢ ᠬᠤᠭᠤᠴᠠᠭᠠᠨ ᠤ ᠰᠢᠨᠵᠢᠯᠡᠭᠡ ᠮᠡᠷᠭᠡᠵᠢᠯ ᠤᠨ ᠪᠠᠶᠠᠷ ᠵᠢᠴᠢ ᠨᠠᠢᠮᠠᠳᠤᠭᠠᠷ ᠬᠤᠭᠤᠴᠠᠭᠠᠨ ᠤ ᠠᠨᠤᠮᠣᠢ ᠶᠢᠨ ᠪᠠᠶᠠᠷ ᠤᠨ ᠡᠬᠢᠯᠡᠬᠦ | ᠶᠣᠰᠤᠯᠠᠯ ᠳᠤ ᠣᠷᠣᠯᠴᠠᠭᠤᠯᠬᠤ ᠵᠡᠷᠭᠡ ᠭᠤᠷᠪᠠᠨ ᠬᠡᠰᠡᠭ ᠠᠭᠤᠯᠭ᠎ᠠ ᠶᠢ ᠬᠠᠮᠤᠷᠴᠠᠢ᠃ | | | | | ᠲᠤᠰ ᠤᠳᠠᠭᠠᠨ ᠤ ᠣᠯᠠᠨ ᠲᠠᠯᠠᠴᠢ ᠪᠦᠭᠡᠳ ᠦᠷᠭᠡᠴᠡ ᠬᠦᠨᠴᠡ ᠲᠠᠢ ᠣᠷᠣᠯᠳᠤᠯᠭᠠᠲᠤ ᠰᠢᠨᠵᠢ ᠶᠢᠨ ᠪᠣᠯᠪᠠᠰᠤᠷᠠᠯ ᠢᠶᠠᠷ ᠳᠠᠮᠵᠢᠭᠤᠯᠤᠨ᠂ ᠪᠠᠭᠰᠢ ᠨᠠᠷ ᠢ | ᠣᠨᠣᠯ ᠪᠠ ᠣᠷᠣᠯᠳᠤᠯᠭ᠎ᠠ ᠶᠢᠨ ᠳᠤᠷᠰᠢᠯᠭ᠎ᠠ ᠳᠤ ᠤᠯᠠᠮ ᠴᠠᠭᠠᠷᠠᠭᠤᠯᠵᠤ᠂ ᠳᠠᠷᠠᠭᠠᠴᠢ ᠶᠢᠨ ᠠᠵᠢᠯ ᠦᠢᠯᠡᠳᠦᠯᠭᠡ ᠳᠤ ᠨᠢ ᠵᠢᠯᠣᠭᠤᠳᠤᠯᠭ᠎ᠠ ᠪᠣᠯᠭᠠᠵᠤ᠂ | ᠬᠤᠶᠢᠰᠢᠲᠠ ᠶᠢᠨ ᠠᠨᠤᠮᠤᠢ ᠶᠢᠨ ᠵᠢᠭᠠᠬᠤ ᠪᠢᠴᠢᠭ ᠤᠨ ᠬᠡᠷᠡᠭᠯᠡᠯᠲᠡ ᠪᠠ ᠲᠥᠭᠡᠮᠡᠯᠵᠢᠭᠦᠯᠦᠯᠲᠡ ᠳᠤ ᠰᠠᠭᠤᠷᠢ ᠲᠠᠯᠪᠢᠵᠤ ᠴᠢᠳᠠᠵᠠᠢ᠃ | ᠤᠷᠴᠢᠭᠤᠯᠤᠭᠰᠠᠨ ᠨᠢ ᠲᠤᠭᠴᠢ ᠤᠯᠠᠭᠠᠨ | | |