︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠭᠤᠷᠪᠠᠨ ᠴᠢᠬᠤᠯᠠ ᠨᠢᠭᠡ ᠶᠡᠭᠡ﹀ ᠵᠣᠶᠢᠯᠡᠰ ᠲᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠠᠵᠢᠯ ᠤᠨ ᠨᠠᠷᠢᠨ ᠳᠦᠷᠢᠮ︾᠎ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ                                              ᠤᠷᠳᠤᠰ ᠵᠠᠰᠠᠭ ᠲᠠᠷᠬᠠᠭᠠᠭᠰᠠᠨ ﹇2020﹈ 69 ᠳ᠋ᠤᠬᠡᠷ ᠲᠤᠭᠠᠳᠤ
ᠨᠡᠶᠢᠲᠡᠯᠡᠭᠰᠡᠨ ᠴᠠᠭ᠄
2020/10/23
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠭᠤᠷᠪᠠᠨ ᠴᠢᠬᠤᠯᠠ ᠨᠢᠭᠡ ᠶᠡᠭᠡ﹀ ᠵᠤᠶᠢᠯᠡᠰ ᠲᠤ ᠬᠠᠮᠳᠤ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠨᠠᠷᠢᠨ ᠳᠦᠷᠢᠮ︾᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠤᠨ ᠤ 11 ᠳ᠋ᠤᠬᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                    ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                          2020 ᠣᠨ ᠤ 10 ᠰᠠᠷ᠎ᠠ ᠶᠢᠨ 23᠎ ᠤ ᠡᠳᠦᠷ          ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ           ᠨᠢᠭᠡ ᠶᠡᠭᠡ︾ ᠵᠤᠶᠢᠯᠡᠰ ᠲᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ           ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠠᠵᠢᠯ ᠤᠨ ᠨᠠᠷᠢᠨ ᠳᠦᠷᠢᠮ             ᠨᠢᠭᠡᠳᠦᠭᠡᠷ ᠪᠦᠯᠦᠭ ᠶᠡᠷᠦᠩᠬᠡᠶ ᠲᠦᠷᠢᠮ      ᠨᠢᠭᠡᠳᠦᠭᠡᠷ ᠵᠦᠢᠯ   ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠢᠳᠪᠦᠷᠢᠳᠤ ᠪᠤᠳᠤᠯᠭ᠎ᠠ ᠲᠣᠭᠲᠠᠭᠠᠬᠤ ᠲᠣᠭᠲᠠᠴᠠ ᠶᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠣᠯᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠬᠡᠷᠡᠭ ᠵᠥᠪᠯᠡᠵᠦ ᠰᠢᠢᠳᠪᠦᠷᠢᠳᠤ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠲᠡᠭᠡᠭᠰᠢᠯᠡᠭᠦᠯᠬᠦ ᠎ ᠶᠢᠨ ᠲᠤᠰᠠᠳᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠳᠤᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 713 ᠳ᠋ᠤᠭᠠᠷ ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠢᠷᠤᠮ ᠤᠨ ᠲᠣᠭᠲᠠᠭᠠᠯ︾ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 209 ᠳ᠋ᠤᠬᠡᠷ ᠵᠠᠷᠯᠢᠭ︶᠂ ︽ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︿ᠭᠤᠷᠪᠠᠨ ᠴᠢᠬᠤᠯᠠ ᠨᠢᠭᠡ ᠶᠡᠭᠡ﹀ ᠵᠤᠶᠢᠯᠡᠰ ᠲᠤ ᠬᠠᠮᠳᠤ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠲᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ︵ᠤᠷᠳᠤᠰ ᠨᠠᠮ ᠠᠯᠪᠠᠨ ᠲᠠᠷᠬᠠᠭᠠᠭᠰᠠᠨ ﹇2020﹈ 6 ᠳ᠋ᠤᠭᠠᠷ ᠲᠤᠭᠠᠳᠤ︶᠂ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ︵ᠤᠷᠳᠤᠰ ᠵᠠᠰᠠᠭ ᠲᠠᠷᠬᠠᠭᠠᠭᠰᠠᠨ ︹2013 ︺ 43 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠬᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠬᠤ ᠪᠠ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠬᠤ ᠪᠠ ᠶᠡᠭᠡ ᠬᠡᠮᠵᠢᠶᠡᠨ ᠤ ᠪᠡᠯᠡ ᠮᠥᠩᠭᠦ ᠶᠢ ᠬᠡᠷᠡᠭᠯᠡᠬᠦ ︵ᠲᠤᠤᠷ᠎ᠠ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠬᠡᠨ᠎ᠡ︶᠎ ᠳᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠲᠤᠬᠠᠢ ᠲᠤᠰ ᠠᠵᠢᠯ ᠤᠨ ᠨᠠᠷᠢᠨ ᠳᠦᠷᠢᠮ ᠢ ᠲᠣᠭᠲᠠᠭᠠᠪᠠ᠃     ᠬᠤᠶᠠᠳᠤᠭᠠᠷ ᠵᠤᠶᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠬᠠᠮᠳᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠵᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠨ ᠵᠠᠷᠴᠢᠮ ᠢ ᠪᠠᠷᠢᠮᠲᠠᠯᠠᠵᠤ᠂ ᠡᠷᠬᠡ ᠶᠢᠨ ᠠᠵᠢᠯᠯᠠᠭᠠᠨ ᠤ ᠬᠢᠵᠠᠭᠠᠷᠯᠠᠯ ᠬᠢᠨᠠᠯᠲᠠ ᠶᠢ ᠵᠢᠷᠤᠮᠵᠢᠭᠤᠯᠬᠤ ᠪᠠ  ᠴᠢᠩᠭᠠᠷᠠᠭᠤᠯᠬᠤ ᠪᠠᠷ ᠭᠤᠤᠯᠳᠠᠯᠭ᠎ᠠ ᠪᠤᠯᠭᠠᠵᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤ ᠶᠢᠨ ᠰᠢᠢᠳᠪᠦᠷᠢᠳᠤ ᠪᠣᠳᠣᠯᠭ᠎ᠠ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃     ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠬᠠᠮᠳᠤ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠲᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠳᠤ ᠡᠷᠬᠡᠪᠰᠢ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠤᠳᠤᠷᠢᠳᠬᠤ ᠪᠠᠭ ᠤᠨ ᠬᠠᠮᠲᠤ ᠶᠢᠨ ᠣᠶᠤᠨ ᠤᠬᠠᠭᠠᠨ ᠪᠠ ᠪᠦᠬᠦᠯᠢ ᠴᠣᠭᠴᠠ ᠶᠢᠨ ᠣᠶᠢᠯᠡᠳᠤᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠶᠢ ᠪᠡᠶᠡᠯᠡᠭᠦᠯᠦᠨ᠎ᠡ᠃ ᠬᠠᠮᠲᠤ ᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠂ ᠲᠤᠰᠬᠠᠶ ᠶᠠᠷᠢᠯᠴᠠᠬᠤ᠂ ᠬᠤᠷᠠᠯ ᠢᠶᠠᠷ ᠲᠣᠭᠲᠠᠭᠠᠬᠤ ᠵᠠᠷᠴᠢᠮ ᠢ ᠪᠠᠷᠢᠮᠲᠠᠯᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠢ ᠡᠷᠬᠡᠪᠰᠢ ᠬᠠᠮᠲᠤ ᠪᠠᠷ ᠶᠠᠷᠢᠯᠴᠠᠨ ᠲᠤᠭᠳᠠᠭᠠᠵᠣ᠂ ᠶᠠᠮᠠᠷᠪᠠ ᠤᠳᠤᠷᠢᠳᠤᠯᠭ᠎ᠠ ᠭᠡᠳ ᠣᠨᠴᠠ ᠵᠠᠷᠢᠮ ᠵᠥᠪᠳᠡᠯᠴᠡᠭᠡ ᠪᠠᠷ ᠬᠤᠷᠠᠯ ᠢᠶᠠᠷ ᠶᠠᠷᠢᠯᠴᠠᠬᠤ ᠶᠢ ᠤᠷᠤᠯᠠᠭᠤᠯᠵᠤ ᠪᠣᠯᠬᠤ ᠦᠭᠡᠶ᠂ ᠬᠤᠷᠠᠯ ᠠᠴᠠ ᠡᠮᠦᠨ᠎ᠡ ᠨᠡᠪᠲᠡᠷᠡᠯᠴᠡᠬᠦ᠂ ᠤᠳᠤᠷᠢᠳᠤᠯᠭ᠎ᠠ ᠲᠠᠮᠵᠢᠭᠤᠯᠤᠨ ᠦᠵᠡᠬᠦ ᠵᠡᠷᠭᠡ ᠬᠡᠯᠪᠡᠷᠢ ᠪᠠᠷ ᠬᠠᠮᠲᠤ ᠶᠢᠨ ᠰᠢᠢᠳᠪᠦᠷᠢᠳᠤ ᠪᠣᠳᠣᠯᠭ᠎ᠠ ᠶᠢ ᠣᠷᠣᠯᠠᠭᠤᠯᠵᠤ ᠪᠣᠯᠬᠤ ᠦᠭᠡᠶ᠃      ᠳᠥᠷᠪᠡᠳᠦᠭᠡᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠳᠦᠷᠢᠮ ᠪᠣᠯᠵᠣ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠲᠦᠷᠢᠮ ᠢ ᠲᠦᠷᠦᠭᠦᠯᠡᠨ ᠵᠢᠷᠤᠮᠯᠠᠵᠤ᠂ ᠰᠢᠢᠳᠪᠦᠷᠢ ᠶᠢ ᠲᠦᠷᠦᠭᠦᠯᠡᠨ ᠬᠡᠷᠡᠭᠵᠢᠭᠦᠯᠵᠦ᠂ ᠬᠢᠨᠠᠯᠲᠠ ᠲᠠᠯᠪᠢᠯᠳᠠ ᠶᠢ ᠲᠦᠷᠦᠭᠦᠯᠡᠨ ᠬᠦᠯᠢᠶᠡᠵᠦ᠂ ᠲᠦᠷᠦᠭᠦᠯᠡᠨ ᠦᠯᠢᠬᠡᠷ ᠲᠠᠭᠤᠷᠢᠶᠠᠯ ᠪᠤᠯᠤᠨ᠎ᠠ᠃     ᠬᠤᠶᠠᠳᠤᠭᠠᠷ ᠪᠦᠯᠦᠭ     ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ                          ᠰᠢᠢᠳᠪᠦᠷᠢᠳᠤ ᠪᠣᠳᠣᠯᠭ᠎ᠠ ᠲᠣᠭᠲᠠᠭᠠᠬᠤ ᠠᠭᠤᠯᠭ᠎ᠠ      ᠲᠠᠪᠤᠳᠤᠭᠠᠷ ᠵᠤᠶᠢᠯ    ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠲᠤᠭᠳᠠᠭᠠᠬᠤ ᠵᠤᠶᠢᠯᠡᠰ ᠲᠤ ᠪᠠᠭᠳᠠᠬᠤ ᠎ ᠨᠢ᠄      ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ  ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠰᠤᠳᠤᠯᠵᠤ ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ︔      ︵ᠬᠤᠶᠠᠷ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ᠂ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠰᠤᠳᠤᠯᠵᠤ ᠲᠣᠣᠱᠯᠠᠭᠤᠯᠤᠨ ᠨᠠᠶᠢᠳᠠᠪᠦᠷᠢᠵᠢᠭᠤᠯᠤᠨ᠎ᠠ︔      ︵ᠭᠤᠷᠪᠠ︶ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠵᠡᠷᠬᠡ ᠵᠤᠶᠢᠯᠡᠰ ᠢ ᠰᠤᠳᠤᠯᠤᠨ᠎ᠠ︔      ︵ᠲᠦᠷᠪᠡ︶ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠦᠬᠡᠷᠡᠴᠢᠯᠡᠯᠳᠡ ᠶᠢᠨ ᠡᠭᠦᠷᠭᠡ ᠶᠢ ᠰᠤᠳᠤᠯᠵᠤ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠦᠬᠦ ᠬᠤᠲᠠ ᠶᠢᠨ ᠠᠵᠤ ᠠᠬᠤᠶ᠂ ᠨᠡᠶᠢᠬᠡᠮ᠂ ᠠᠮᠢ ᠠᠬᠤᠶ ᠶᠢᠨ ᠪᠣᠯᠪᠠᠰᠤᠨ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠵᠡᠷᠭᠡ ᠶᠢ ᠰᠤᠳᠤᠯᠤᠨ᠎ᠠ︔      ︵ᠲᠠᠪᠤ︶ ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠦᠭᠵᠢᠯᠳᠡ ᠶᠢ ᠭᠦᠢᠴᠡᠳᠭᠡᠭᠰᠡᠨ ᠪᠠᠶᠢᠳᠠᠯ ᠬᠢᠭᠡᠳ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ︵ᠲᠥᠰᠦᠯ︶᠎ ᠶᠢᠨ ᠢᠯᠡᠳᠬᠡᠯ᠂ ᠬᠤᠲᠠ ᠶᠢᠨ ᠲᠤᠰ ᠱᠠᠲᠤᠨ ᠤ ᠲᠥᠰᠦᠪ ᠢ ᠭᠦᠢᠴᠡᠳᠭᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠤᠳᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠨᠡᠶᠢᠲᠡᠯᠡᠭᠰᠡᠨ ᠪᠦᠬᠦ ᠲᠠᠯ᠎ᠠ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠴᠢᠨᠠᠷᠲᠠᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠤᠳᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠴᠢᠬᠤᠯᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠤᠳᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠡᠪᠰᠢᠭᠦᠯᠦᠨ ᠮᠡᠳᠡᠭᠦᠯᠦᠭᠰᠡᠨ ᠴᠢᠬᠤᠯᠠ ᠶᠡᠭᠡ ᠠᠰᠠᠭᠤᠳᠠᠯ ᠤᠨ ᠲᠤᠬᠠᠶ ᠵᠢᠭᠠᠪᠤᠷᠢ᠂ ᠴᠢᠬᠤᠯᠠ ᠠᠵᠢᠯ ᠤᠨ ᠢᠯᠡᠳᠬᠡᠯ ᠵᠡᠷᠭᠡ ᠶᠢ ᠰᠤᠳᠤᠯᠤᠨ᠎ᠠ︔      ︵ᠵᠢᠷᠭᠤᠭ᠎ᠠ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠰᠠᠭᠤᠷᠢ ᠲᠦᠭᠦᠭᠡᠷᠤᠮᠵᠢ ᠶᠢᠨ  ᠲᠦᠯᠦᠪᠵᠢᠭᠦᠯᠬᠡ᠂ ᠠᠵᠤ ᠣᠶᠢᠯᠡᠰ ᠤᠨ ᠪᠠᠶᠢᠷᠢᠯᠠᠭᠤᠯᠤᠯᠳᠠ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠶ ᠲᠥᠯᠥᠪᠵᠢᠭᠦᠯᠭᠡ ᠵᠢᠴᠢ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ  ᠎ ᠶᠢᠨ ᠲᠥᠯᠥᠪᠵᠢᠭᠦᠯᠭᠡ ︵︽ᠭᠤᠷᠪᠠᠨ ᠣᠷᠣᠨ ᠪᠦᠰᠡ ᠭᠤᠷᠪᠠᠨ ᠱᠤᠭᠤᠮ︾᠎ ᠢ ᠢᠯᠭᠠᠨ ᠲᠣᠭᠲᠠᠭᠠᠬᠤ ᠪᠠᠭᠲᠠᠨ᠎ᠠ︶᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠯᠪᠤᠭᠳᠠᠯ ᠪᠦᠬᠦᠢ ᠲᠥᠯᠥᠪᠵᠢᠭᠦᠯᠭᠡ᠂ ᠬᠤᠰᠢᠭᠤ ᠲᠣᠭᠤᠷᠢᠭ ︵ᠬᠦᠷᠢᠶᠡᠯᠡᠩ ᠲᠣᠭᠤᠷᠢᠭ︶᠎ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠵᠡᠷᠭᠡ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠭᠰᠠᠨ ᠴᠢᠬᠤᠯᠠ ᠲᠥᠯᠥᠪᠵᠢᠭᠦᠯᠭᠡ ᠶᠢ ᠰᠤᠳᠤᠯᠤᠨ᠎ᠠ︔      ︵ᠳᠣᠯᠤᠭ᠎ᠠ︶ ᠬᠤᠲᠠ ᠶᠢᠨ ᠲᠣᠰ ᠱᠠᠲᠤ ᠬᠢᠭᠡᠳ ᠬᠤᠰᠢᠭᠤ ᠲᠣᠭᠤᠷᠢᠭ ᠤᠨ ᠴᠢᠬᠤᠯᠠ ᠶᠡᠭᠡ ᠡᠳ᠋ ᠤᠨ ᠡᠷᠬᠡ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠵᠡᠷᠭᠡ ᠶᠢ ᠰᠤᠳᠤᠯᠤᠨ᠎ᠠ︔      ︵ᠨᠠᠢᠮᠠ︶ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠳᠠᠮᠫᠤᠷᠠᠭᠤᠯᠤᠨ ᠳᠠᠬᠢᠨ ᠵᠣᠬᠢᠶᠠᠨ ᠪᠠᠶᠢᠭᠤᠯᠬᠤ᠂ ᠳᠦᠷᠢᠮ ᠤᠨ ᠥᠭᠡᠷᠡᠴᠢᠯᠡᠯᠲᠡ ᠬᠢᠬᠦ᠂ ᠨᠡᠶᠢᠯᠡᠭᠦᠯᠵᠦ ᠬᠤᠳᠠᠯᠳᠤᠨ ᠠᠪᠬᠤ᠂ ᠥᠮᠴᠢᠯᠡᠬᠦ ᠡᠷᠬᠡ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠬᠡᠷᠡᠴᠢᠯᠡᠯᠳᠡ ᠵᠡᠷᠭᠡ ᠴᠢᠬᠤᠯᠠ ᠶᠡᠭᠡ ᠵᠤᠶᠢᠯᠡᠰ ᠢ ᠰᠤᠳᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠶᠢᠨ ᠵᠤᠶᠢᠯᠡᠰ ᠢ ᠰᠤᠳᠤᠯᠤᠨ᠎ᠠ︔      ︵ᠶᠢᠰᠦ︶ ᠣᠯᠠᠨ ᠨᠡᠶᠢᠲᠡ ᠶᠢᠨ ᠠᠮᠤᠷ ᠲᠦᠪᠰᠢᠨ ᠤ ᠴᠢᠬᠤᠯᠠ ᠶᠡᠭᠡ ᠬᠡᠷᠡᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ᠂ ᠠᠶᠤᠯ ᠦᠭᠡᠶ ᠣᠶᠢᠯᠡᠳᠪᠦᠷᠢᠯᠠᠯ ᠤᠨ ᠬᠦᠨᠳᠦ ᠶᠡᠭᠡ ᠠᠳᠡᠯ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠵᠡᠷᠭᠡ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠨᠥᠯᠥᠭᠡᠯᠡᠬᠦ ᠭᠡᠨᠡᠳᠲᠡ ᠶᠢᠨ ᠴᠢᠨᠠᠷᠲᠠᠶ ᠬᠡᠷᠡᠭ ᠢ ᠠᠷᠭᠠᠴᠠᠨ ᠰᠢᠢᠳᠪᠦᠷᠢᠯᠡᠬᠦ ᠵᠡᠷᠭᠡ ᠵᠤᠶᠢᠯᠡᠰ ᠢ ᠰᠤᠳᠤᠯᠤᠨ᠎ᠠ︔      ︵ᠠᠷᠪᠠ︶ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠯᠪᠣᠭᠳᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠰᠤᠳᠤᠯᠵᠤ᠂ ᠴᠢᠬᠤᠯᠠ ᠶᠡᠭᠡ ᠠᠵᠤ ᠣᠶᠢᠯᠡᠰ ᠤᠨ ᠬᠥᠭᠵᠢᠯᠲᠡ ᠶᠢᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠤᠭᠳᠠᠭᠠᠬᠤ ᠵᠡᠷᠭᠡ ᠵᠤᠶᠢᠯᠡᠰ ᠢ ᠰᠤᠳᠤᠯᠤᠨ᠎ᠠ︔      ︵ᠠᠷᠪᠠᠨ ᠨᠢᠭᠡ︶ ᠴᠢᠬᠤᠯᠠ ᠶᠡᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠭᠤᠤᠯᠳᠠᠯᠭᠠᠳᠤ ᠬᠤᠲᠠ ᠲᠤᠭᠤᠷᠢᠭ ᠤᠨ ᠴᠢᠬᠤᠯᠠ ᠶᠡᠭᠡ ᠤᠯᠤᠰ ᠤᠨ ᠦᠮᠴᠢᠯᠡᠯᠳᠤ ᠭᠠᠵᠠᠷ ᠰᠢᠷᠣᠶ ᠶᠢ ᠬᠤᠳᠠᠯᠳᠤᠬᠤ ᠪᠠ ᠨᠡᠭᠦᠷᠡᠰᠦᠨ ᠤ ᠡᠬᠢ ᠪᠠᠶᠠᠯᠢᠭ ᠢ ᠬᠢᠨᠠᠨ ᠵᠥᠪᠰᠢᠶᠡᠷᠡᠬᠦ᠂ ᠡᠮᠬᠢᠯᠡᠨ ᠨᠡᠶᠢᠯᠡᠭᠦᠯᠬᠦ᠂ ᠬᠤᠳᠠᠯᠳᠤᠬᠤ ᠵᠡᠷᠭᠡ ᠵᠤᠶᠢᠯᠡᠰ ᠢ ᠰᠤᠳᠤᠯᠵᠤ᠂ ᠴᠢᠬᠤᠯᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠵᠡᠷᠭᠡ ᠲᠠᠯ᠎ᠠ ᠶᠢᠨ ᠵᠤᠶᠢᠯᠡᠰ ᠢ ᠰᠤᠳᠤᠯᠤᠨ᠎ᠠ︔      ︵ᠠᠷᠪᠠᠨ ᠬᠤᠶᠠᠷ︶ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ ᠵᠤᠶᠢᠯᠡᠰ ᠢ ᠰᠤᠳᠤᠯᠵᠤ᠂ ᠵᠠᠰᠠᠭ ᠵᠠᠬᠢᠷᠭᠠᠨ ᠠᠵᠢᠯ ᠣᠶᠢᠯᠡᠰ ᠤᠨ ᠴᠢᠨᠠᠷᠲᠠᠶ ᠴᠢᠬᠤᠯᠠ ᠰᠤᠶᠢᠳᠬᠡᠯ ᠬᠤᠷᠢᠶᠠᠬᠤ ᠵᠢᠴᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠬᠦ ᠴᠢᠬᠤᠯᠠ ᠨᠡᠶᠢᠲᠡ ᠶᠢᠨ ᠬᠡᠷᠡᠭᠯᠡᠭᠡᠨ ᠤ ᠣᠶᠢᠯᠡᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠶᠢᠯᠡᠴᠢᠯᠡᠬᠡᠨ ᠤ ᠦᠨ᠎ᠡ ᠬᠠᠩᠰᠢ ᠶᠢ ᠲᠣᠭᠲᠠᠭᠠᠬᠤ ᠪᠠ ᠲᠣᠬᠢᠷᠠᠭᠤᠯᠬᠤ ᠵᠡᠷᠭᠡ ᠵᠤᠶᠢᠯᠡᠰ ᠢ ᠰᠤᠳᠤᠯᠤᠨ᠎ᠠ︔      ︵ᠠᠷᠪᠠᠨ ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠵᠤᠶᠢᠯᠡᠰ ᠢ ᠰᠤᠳᠤᠯᠤᠨ᠎ᠠ︔      ︵ᠠᠷᠪᠠᠨ ᠲᠦᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠤᠰᠤᠳ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠᠲᠠᠢ ᠪᠤᠰᠤᠳ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠶᠢᠨ ᠵᠤᠶᠢᠯᠡᠰ᠃     ᠵᠢᠷᠭᠤᠳᠤᠭᠠᠷ ᠵᠤᠶᠢᠯ    ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ ᠵᠤᠶᠢᠯᠡᠰ ᠲᠤ ᠪᠠᠭᠳᠠᠬᠤ ᠨᠢ᠄      ︵ᠨᠢᠭᠡ︶ ᠺᠠᠳ᠋ᠷ ᠢ ᠬᠠᠮᠢᠶᠠᠷᠬᠤ ᠡᠷᠬᠡ ᠮᠡᠳᠡᠯ ᠪᠠ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠰᠤᠩᠭᠤᠵᠤ ᠲᠣᠮᠢᠯᠠᠨ ᠬᠡᠷᠡᠭᠯᠡᠬᠦ ᠠᠵᠢᠯ ᠤᠨ ᠳᠦᠷᠢᠮ︾ ᠵᠡᠷᠭᠡ ᠲᠣᠭᠲᠠᠭᠠᠯ ᠢ ᠦᠨᠳᠦᠰᠦᠯᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠬᠦ ᠴᠢᠬᠤᠯᠠᠲᠠᠶ ᠺᠠᠳ᠋ᠷ ᠢ ᠲᠣᠮᠢᠯᠠᠵᠤ ᠪᠠᠭᠤᠯᠭᠠᠬᠤ ᠶᠠᠪᠤᠳᠠᠯ ᠢ ᠰᠤᠳᠤᠯᠤᠨ᠎ᠠ︔      ︵ᠬᠤᠶᠠᠷ︶ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠺᠠᠳ᠋ᠷ ᠢ ᠲᠤᠮᠢᠯᠠᠵᠣ ᠪᠠᠭᠤᠯᠭᠠᠬᠤ ᠪᠠ ᠨᠡᠷ᠎ᠡ ᠳᠤᠷᠠᠳᠬᠤ ᠴᠢᠬᠤᠯᠠᠲᠠᠶ ᠵᠤᠶᠢᠯᠡᠰ ᠢ ᠰᠤᠳᠤᠯᠤᠨ᠎ᠠ︔      ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠥᠬᠢᠭᠦᠯᠦᠨ ᠱᠠᠩᠨᠠᠬᠤ ᠪᠤᠶᠤ ᠬᠤᠲᠠ ᠶᠢᠨ ᠨᠠᠮ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠯ᠎ᠡ ᠲᠥᠷᠥᠯ ᠤᠨ ᠲᠡᠷᠢᠭᠦᠨ ᠤ ᠬᠠᠮᠲᠤ ᠨᠡᠶᠢᠲᠡ᠂ ᠬᠤᠪᠢ ᠬᠥᠮᠦᠨ ᠢ ᠲᠡᠭᠡᠭᠰᠢ ᠮᠡᠳᠡᠭᠦᠯᠵᠣ ᠬᠥᠬᠢᠭᠦᠯᠦᠨ ᠱᠠᠩᠨᠠᠬᠤ ᠵᠡᠷᠭᠡ ᠵᠤᠶᠢᠯᠡᠰ ᠢ ᠰᠤᠳᠤᠯᠤᠨ᠎ᠠ︔      ︵ᠲᠦᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠰᠢᠳᠬᠡᠯ ᠥᠭᠬᠦ ᠪᠤᠶᠤ ᠬᠤᠲᠠ ᠶᠢᠨ ᠨᠠᠮ ᠤᠨ ᠬᠤᠷᠢᠶ᠎ᠠ᠂ ᠲᠡᠬᠡᠳᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ  ᠰᠢᠢᠳᠪᠦᠷᠢᠯᠡᠭᠦᠯᠬᠦ ᠬᠡᠷᠡᠭ᠂ ᠠᠵᠢᠯᠲᠠᠨ ᠵᠡᠷᠭᠡ ᠵᠦᠢᠯᠡᠰ ᠢ ᠰᠤᠳᠤᠯᠤᠨ᠎ᠠ︔      ︵ᠲᠠᠪᠤ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠᠲᠠᠶ ᠪᠤᠰᠤᠳ ᠴᠢᠬᠤᠯᠠ ᠺᠠᠳ᠋ᠷ ᠢ ᠲᠤᠰᠢᠶᠠᠯ ᠳᠤ ᠲᠣᠮᠢᠯᠠᠵᠤ ᠪᠠᠭᠤᠯᠭᠠᠬᠤ ᠪᠠ ᠠᠵᠢᠯᠲᠠᠨ ᠤ ᠶᠠᠪᠤᠳᠠᠯ ᠳᠤ ᠬᠤᠯᠪᠤᠭᠳᠠᠬᠤ ᠵᠡᠷᠭᠡ ᠵᠤᠶᠢᠯᠡᠰ᠃     ᠳᠣᠯᠣᠳᠤᠭᠠᠷ ᠵᠤᠶᠢᠯ    ᠴᠢᠬᠤᠯᠠ ᠶᠡᠭᠡ ᠲᠦᠷᠦᠯ ᠵᠣᠶᠢᠯ ᠳᠤ ᠲᠤᠬᠢᠷᠠᠭᠤᠯᠤᠯᠳᠠ ᠬᠢᠬᠦ ᠵᠤᠶᠢᠯᠡᠰ ᠲᠤ ᠪᠠᠭᠲᠠᠬᠤ ᠨᠢ᠄      ︵ᠨᠢᠭᠡ︶ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠵᠢᠴᠢ ᠲᠥᠰᠦᠪ ᠢ ᠲᠣᠬᠢᠷᠠᠭᠤᠯᠬᠤ᠂ ᠪᠠᠷᠢᠯᠭ᠎ᠠ ᠶᠢ ᠬᠤᠪᠢᠷᠠᠭᠤᠯᠬᠤ᠂ ᠪᠠᠷᠢᠯᠭ᠎ᠠ ᠲᠠᠭᠤᠰᠴᠣ ᠰᠢᠯᠭᠠᠨ ᠬᠤᠷᠢᠶᠠᠬᠤ ᠵᠡᠷᠭᠡ ᠶᠢ ᠰᠤᠳᠤᠯᠤᠨ᠎ᠠ︔      ︵ᠬᠤᠶᠠᠷ︶ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠎ ᠶᠢᠨ ᠮᠠᠨ ᠤ ᠬᠤᠲᠠ ᠳᠤ ᠪᠡᠯᠡ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ᠬᠤᠯᠪᠣᠭᠳᠠᠯ ᠪᠦᠬᠦᠢ ᠵᠤᠶᠢᠯᠡᠰ ᠢ ᠰᠤᠳᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠮᠠᠨ ᠤ ᠬᠤᠲᠠ ᠳᠤ ᠪᠡᠯᠡ ᠣᠷᠣᠭᠤᠯᠬᠤ ᠲᠥᠷᠥᠯ ᠵᠦᠢᠯ ᠤᠨ ᠬᠤᠲᠠ ᠶᠢᠨ ᠲᠤᠰ ᠱᠠᠲᠤᠨ ᠳᠤ ᠬᠡᠷᠡᠭᠵᠢᠭᠦᠯᠬᠦ ᠴᠢᠬᠤᠯᠠᠲᠠᠶ ᠪᠥᠭᠡᠳ ᠪᠡᠯᠡ ᠮᠥᠩᠭᠦ ᠶᠢ ᠢᠵᠢ ᠪᠦᠷᠢᠳᠦᠭᠦᠯᠬᠦ ᠴᠢᠬᠤᠯᠠ ᠶᠡᠭᠡ ᠲᠥᠷᠥᠯ ᠵᠦᠢᠯ ᠢ ᠰᠤᠳᠤᠯᠤᠨ᠎ᠠ︔      ︵ᠭᠤᠷᠪᠠ︶ ᠴᠢᠬᠤᠯᠠ ᠶᠡᠭᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠤᠶᠢᠯ ᠤᠨ ᠲᠣᠬᠢᠷᠠᠭᠤᠯᠤᠯᠲᠠ ᠶᠢ ᠰᠤᠳᠤᠯᠤᠨ᠎ᠠ︔      ︵ᠳᠦᠷᠪᠡ︶ ᠪᠦᠬᠦ ᠬᠤᠲᠠ ᠶᠢᠨ ᠴᠢᠨᠠᠷᠲᠠᠶ ᠴᠢᠬᠤᠯᠠ ᠶᠡᠭᠡ ᠠᠵᠢᠯᠯᠠᠭ᠎ᠠ ᠶᠢ ᠪᠡᠯᠡᠳᠬᠡᠵᠦ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠶᠢ ᠰᠤᠳᠤᠯᠤᠨ᠎ᠠ︔      ︵ᠲᠠᠪᠤ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠᠲᠠᠶ ᠪᠤᠰᠤᠳ ᠴᠢᠬᠤᠯᠠ ᠶᠡᠭᠡ ᠲᠦᠷᠦᠯ ᠵᠣᠶᠢᠯ ᠤᠨ ᠲᠤᠬᠢᠷᠠᠭᠤᠯᠤᠯᠳᠠ ᠶᠢᠨ ᠵᠤᠶᠢᠯᠡᠰ ᠢ ᠰᠤᠳᠤᠯᠤᠨ᠎ᠠ᠃     ᠨᠠᠢᠮᠠᠳᠤᠭᠠᠷ ᠵᠤᠶᠢᠯ    ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠵᠤᠶᠢᠯᠡᠰ ᠲᠤ ᠪᠠᠭᠲᠠᠬᠤ ᠨᠢ᠄       ︵ᠨᠢᠭᠡ︶ ᠬᠤᠲᠠ ᠶᠢᠨ ᠲᠤᠰ ᠱᠠᠲᠤᠨ ᠤ ᠵᠢᠯ ᠤᠨ ᠡᠬᠢᠨ ᠤ ᠲᠥᠰᠦᠪ ︵ᠲᠥᠰᠦᠯ︶᠂ ᠵᠢᠯ ᠤᠨ ᠳᠤᠮᠳᠠ ᠬᠤᠭᠤᠴᠠᠭᠠᠨ ᠤ ᠲᠦᠰᠦᠪ ᠲᠤ ᠲᠣᠬᠢᠷᠠᠭᠤᠯᠤᠯᠲᠠ ᠬᠢᠬᠦ ᠲᠥᠰᠦᠯ ︵ᠲᠥᠰᠦᠯ︶᠎ ᠢ ᠰᠤᠳᠤᠯᠤᠨ᠎ᠠ︔       ︵ᠬᠤᠶᠠᠷ︶ ᠲᠥᠰᠦᠪ ᠲᠤ ᠣᠷᠣᠭᠤᠯᠤᠭᠰᠠᠨ ᠦᠭᠡᠶ 2000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠰᠤᠳᠤᠯᠤᠨ᠎ᠠ︔       ︵ᠭᠤᠷᠪᠠ︶ 2000 ᠲᠦᠮᠡᠨ ᠲᠥᠭᠦᠷᠢᠭ ᠠᠴᠠ ᠲᠡᠭᠡᠭᠰᠢᠬᠢ ᠪᠡᠯᠡᠳᠬᠡᠯ ᠵᠠᠷᠤᠳᠠᠯ ᠤᠨ ᠬᠡᠷᠡᠭᠯᠡᠯᠲᠡ ᠶᠢ ᠰᠤᠳᠤᠯᠤᠨ᠎ᠠ︔       ︵ᠲᠦᠷᠪᠡ︶ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠦᠷ ᠣᠯᠭᠤᠬᠤ ᠴᠢᠨᠠᠷᠲᠠᠶ ᠵᠣᠭᠤᠰ ᠢ ᠰᠤᠳᠤᠯᠤᠨ᠎ᠠ︔       ︵ᠲᠠᠪᠤ︶ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠲᠤᠮᠦ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠶᠢᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠵᠢᠭᠡᠯᠡᠬᠦ ᠭᠤᠶᠤᠴᠢᠯᠠᠯ ᠢ ᠰᠤᠳᠤᠯᠤᠨ᠎ᠠ︔       ︵ᠵᠢᠷᠭᠤᠭ᠎ᠠ︶ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠢᠯ ᠤᠨ ᠪᠠᠯᠠ ᠲᠤᠬᠢᠷᠠᠭᠤᠯᠭ᠎ᠠ᠂ ᠵᠢᠭᠡᠯᠡᠯᠭᠡ ᠲᠠᠯᠪᠢᠬᠤ ᠲᠥᠯᠥᠪᠯᠡᠭᠡ ᠵᠢᠴᠢ ᠤᠯᠤᠰ ᠤᠨ ᠲᠣᠭᠲᠠᠭᠠᠯ ᠳᠤ ᠨᠡᠶᠢᠴᠡᠭᠰᠡᠨ ᠵᠠᠰᠠᠭ ᠤᠨ ᠤᠷᠳᠤᠨ ᠤ ᠪᠡᠯᠡ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠴᠢᠬᠤᠯᠠ ᠶᠡᠭᠡ ᠵᠤᠶᠢᠯᠡᠰ ᠢ ᠰᠤᠳᠤᠯᠤᠨ᠎ᠠ︔       ︵ᠳᠣᠯᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤ ᠪᠠᠷ ᠰᠤᠳᠤᠯᠬᠤ ᠪᠠ ᠲᠣᠭᠲᠠᠭᠠᠬᠤ ᠴᠢᠬᠤᠯᠠᠲᠠᠶ ᠪᠤᠰᠣᠳ ᠶᠡᠭᠡ ᠲᠤᠭᠠᠨ ᠤ ᠪᠡᠯᠡ ᠮᠥᠩᠭᠦ ᠶᠢ ᠬᠡᠷᠡᠭᠯᠡᠬᠦ ᠵᠦᠢᠯᠡᠰ᠃      ᠭᠤᠷᠪᠠᠳᠤᠭᠠᠷ ᠪᠦᠯᠦᠭ    ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ                          ᠰᠢᠢᠳᠪᠦᠷᠢᠳᠤ ᠪᠣᠳᠣᠯᠭ᠎ᠠ ᠲᠣᠭᠲᠠᠭᠠᠬᠤ ᠲᠡᠰ ᠲᠠᠷᠠᠭᠠᠯᠠᠯ     ᠶᠢᠰᠦᠳᠦᠭᠡᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠤ ᠬᠠᠷᠢᠶᠠᠯᠠᠭᠳᠠᠬᠤ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠪᠦᠬᠦᠨ ᠢ ᠶᠡᠷᠦ ᠳᠡᠭᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠨ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠨ᠎ᠠ᠂ ᠴᠢᠬᠤᠯᠠ ᠲᠠᠢ ᠦᠶ᠎ᠡ ᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠪᠥᠬᠦᠳᠡ ᠬᠤᠷᠠᠯ ᠢ ᠬᠤᠷᠠᠯᠳᠤᠭᠤᠯᠵᠤ ᠶᠠᠷᠢᠯᠴᠠᠨ ᠲᠣᠭᠲᠠᠭᠠᠵᠤ ᠪᠣᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠳᠤ ᠪᠣᠳᠣᠯᠭ᠎ᠠ ᠲᠤᠭᠳᠠᠭᠠᠬᠤ ᠬᠡᠪᠴᠢᠶᠡᠨ ᠳᠤ ᠬᠠᠷᠢᠶᠠᠯᠠᠭᠳᠠᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠢᠢᠳᠪᠦᠷᠢᠳᠤ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠴᠠᠭ ᠲᠤᠬᠠᠶ ᠳᠤᠨᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠰᠤᠳᠤᠯᠤᠭᠤᠯᠤᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠢᠩᠭᠤ ᠶᠢᠨ ᠬᠤᠷᠢᠶ᠎ᠠ ᠳᠤ ᠮᠡᠳᠡᠭᠦᠯᠬᠦ ᠴᠢᠬᠤᠯᠠᠲᠠᠶ ᠪᠤᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠳᠤ ᠪᠣᠳᠣᠯᠭ᠎ᠠ ᠲᠤᠭᠳᠠᠭᠠᠭᠰᠠᠨ ᠤ ᠳᠠᠷᠠᠭ᠎ᠠ ᠴᠠᠭ ᠲᠤᠬᠠᠶ ᠳᠤᠨᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠰᠤᠳᠤᠯᠤᠭᠤᠯᠤᠨ᠎ᠠ᠃ ᠬᠦᠨᠳᠦ ᠶᠡᠭᠡ ᠭᠡᠨᠡᠳᠲᠡ ᠶᠢᠨ ᠬᠡᠷᠡᠭ ᠪᠤᠶᠤ ᠪᠠᠴᠢᠮ ᠪᠠᠶᠢᠳᠠᠯ ᠭᠠᠷᠴᠤ᠂ ᠬᠤᠷᠠᠯ ᠬᠤᠷᠠᠯᠳᠤᠭᠤᠯᠵᠤ ᠰᠢᠢᠳᠪᠦᠷᠢᠳᠤ ᠪᠣᠳᠣᠯᠭ᠎ᠠ ᠲᠣᠭᠲᠠᠭᠠᠵᠤ ᠠᠮᠵᠢᠬᠤ ᠦᠭᠡᠶ ᠪᠤᠯ᠂ ᠤᠷᠢᠳᠠᠪᠠᠷ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠯᠲᠠ ᠬᠢᠵᠦ ᠪᠣᠯᠤᠨ᠎ᠠ᠂ ᠬᠡᠷᠡᠭ ᠤᠨ ᠳᠠᠷᠠᠭ᠎ᠠ ᠭᠤᠣᠯ ᠬᠠᠷᠢᠭᠤᠴᠠᠯᠭᠠᠳᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ ᠰᠢᠢᠳᠪᠦᠷᠢᠳᠤ ᠪᠣᠳᠣᠯᠭ᠎ᠠ ᠲᠤᠭᠳᠠᠭᠠᠭᠰᠠᠨ ᠪᠠᠶᠢᠳᠠᠯ ᠢᠶᠠᠨ ᠲᠤᠳᠤᠷᠬᠠᠶᠢᠯᠠᠨ᠎ᠠ᠃     ᠠᠷᠪᠠᠳᠤᠭᠠᠷ ᠵᠦᠢᠯ  ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠳᠤ ᠪᠣᠳᠣᠯᠭ᠎ᠠ ᠲᠤᠭᠳᠠᠭᠠᠬᠤ ᠵᠦᠢᠯᠡᠰ ᠢ ᠲᠤᠷᠠᠳᠬᠤ ᠳᠤ᠂ ᠡᠬᠢᠨ ᠤ ᠦᠶ᠎ᠡ ᠳᠤ ᠥᠷᠭᠡᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠵᠥᠪᠯᠡᠬᠦ ᠵᠤᠶᠢᠯ ᠤᠨ ᠬᠡᠷᠡᠭᠴᠡᠭᠡ ᠪᠠ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠦᠨᠳᠦᠰᠦᠯᠡᠨ᠂ ᠰᠠᠨᠠᠯ ᠬᠤᠷᠢᠶᠠᠬᠤ᠂ ᠪᠣᠯᠤᠮᠵᠢᠲᠤ ᠴᠢᠨᠠᠷ ᠢ ᠨᠤᠳᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠨᠡᠶᠢᠭᠡᠮ ᠤᠨ ᠰᠠᠨᠠᠯ ᠰᠣᠨᠣᠰᠬᠤ᠂ ᠲᠤᠰᠬᠠᠶ ᠮᠡᠷᠭᠡᠵᠢᠯᠳᠡᠨ ᠠᠴᠠ ᠠᠰᠠᠭᠤᠨ ᠯᠠᠪᠯᠠᠬᠤ ᠵᠡᠷᠭᠡ ᠲᠡᠰ ᠲᠠᠷᠠᠭᠠᠯᠠᠯ ᠢ ᠭᠦᠢᠴᠡᠳᠬᠡᠵᠣ᠂ ᠬᠠᠮᠲᠤ ᠪᠠᠷ ᠶᠠᠷᠢᠯᠴᠠᠨ ᠲᠣᠭᠲᠠᠭᠠᠭᠰᠠᠨ ᠤ ᠳᠠᠷᠠᠭ᠎ᠠ ᠪᠢᠴᠢᠭ ᠤᠨ ᠬᠡᠯᠪᠡᠷᠢ ᠪᠠᠷ ᠲᠤᠷᠠᠳᠤᠨ᠎ᠠ᠃ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠤᠶᠢᠯᠡᠰ ᠢ ᠶᠠᠷᠢᠯᠴᠠᠨ ᠲᠣᠭᠲᠠᠭᠠᠬᠤ ᠳᠤ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠰᠤᠩᠭᠤᠵᠤ ᠲᠣᠮᠢᠯᠠᠨ ᠬᠡᠷᠡᠭᠯᠡᠬᠦ ᠠᠵᠢᠯ ᠤᠨ ᠳᠦᠷᠢᠮ︾ ᠶᠤᠰᠤᠭᠠᠷ ᠬᠡᠷᠡᠭᠵᠢᠭᠦᠯᠦᠨ᠎ᠡ      ᠠᠷᠪᠠᠨ ᠨᠢᠭᠡᠳᠦᠭᠡᠷ ᠵᠤᠶᠢᠯ   ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠤᠶᠢᠯᠡᠰ ᠢ ᠳᠤᠷᠠᠳᠤᠭᠰᠠᠨ ᠰᠠᠯᠠᠭ᠎ᠠ ᠮᠥᠴᠢᠷ ᠪᠤᠶᠤ  ᠲᠠᠭᠠᠭᠠᠴᠢᠯᠠᠨ ᠬᠢᠬᠦ ᠨᠢᠭᠡᠴᠡ ᠶᠢᠨ ᠰᠢᠢᠳᠪᠦᠷᠢᠳᠤ ᠪᠣᠳᠣᠯᠭ᠎ᠠ ᠲᠣᠭᠲᠠᠭᠠᠬᠤ ᠲᠥᠰᠦᠯ ᠪᠣᠯᠤᠨ ᠲᠣᠳᠣᠷᠬᠠᠶᠢᠯᠠᠯᠲᠠ ᠲᠤ ᠠᠩᠬᠠᠨ ᠤ ᠬᠢᠨᠠᠯᠲᠠ ᠬᠢᠨ᠎ᠡ᠃ ᠶᠠᠷᠢᠯᠴᠠᠬᠤ ᠪᠠᠷ ᠳᠡᠪᠰᠢᠭᠦᠯᠦᠭᠰᠡᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠤ ᠪᠠᠶᠢᠭ᠎ᠠ ᠬᠤᠲᠠ ᠶᠢᠨ ᠲᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠪᠤᠶᠤ ᠳᠡᠳ᠋ ᠨᠠᠷᠢᠨ ᠪᠢᠴᠢᠭ ᠤᠨ ᠳᠠᠷᠤᠭ᠎ᠠ ᠬᠤᠷᠠᠯ ᠠᠴᠠ ᠡᠮᠦᠨ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ ᠭᠦᠢᠴᠡᠳ ᠰᠤᠳᠤᠯᠤᠨ ᠶᠠᠷᠢᠯᠴᠠᠵᠤ᠂ ᠨᠥᠬᠦᠴᠡᠯ ᠲᠠᠢ ᠪᠤᠯᠤᠭᠰᠠᠨ ᠤ ᠲᠠᠷᠠᠭ᠎ᠠ ᠬᠤᠷᠠᠯ ᠳᠤ ᠭᠠᠷᠭᠠᠬᠤ ᠪᠠᠷ ᠲᠤᠷᠠᠳᠴᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠷᠠᠯ ᠤᠨ ᠵᠥᠪᠯᠡᠬᠦ ᠵᠤᠶᠢᠯ ᠳᠤ ᠣᠷᠣᠭᠤᠯᠤᠨ᠎ᠠ᠃      ᠬᠦᠨᠳᠦ ᠶᠡᠭᠡ ᠭᠡᠨᠡᠳᠲᠡ ᠶᠢᠨ ᠬᠡᠷᠡᠭ ᠪᠣᠯᠤᠨ ᠪᠠᠴᠢᠮ ᠪᠠᠶᠢᠳᠠᠯ ᠲᠤᠯᠭᠠᠷᠠᠬᠤ ᠵᠡᠷᠭᠡ ᠤᠨᠴᠠᠭᠠᠢ ᠰᠢᠯᠳᠠᠭᠠᠨ ᠎ ᠠᠴᠠ ᠭᠠᠳᠠᠨ᠎ᠠ᠂ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠢ ᠲᠦᠷ ᠴᠠᠭ ᠰᠠᠨᠠᠭᠠᠴᠢᠯᠠᠵᠤ ᠪᠣᠯᠬᠤ ᠦᠭᠡᠶ᠃      ᠠᠷᠪᠠᠨ ᠬᠤᠶᠠᠳᠤᠭᠠᠷ ᠵᠦᠢᠯ   ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠲᠤᠰᠢᠶᠠᠵᠤ ᠰᠢᠢᠳᠪᠦᠷᠢᠳᠤ ᠪᠣᠳᠣᠯᠭ᠎ᠠ ᠲᠣᠭᠲᠠᠭᠠᠯᠭᠠᠬᠤ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠢ ᠬᠤᠯᠪᠤᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠢᠢᠳᠪᠦᠷᠢᠳᠤ ᠪᠣᠳᠣᠯᠭ᠎ᠠ ᠲᠤᠭᠳᠠᠭᠠᠬᠤ ᠵᠤᠶᠢᠯᠡᠰ ᠤᠨ ᠮᠡᠳᠡᠭᠦᠯᠦᠯᠲᠡ᠂ ᠲᠦᠰᠦᠯ ᠪᠠ ᠲᠣᠳᠣᠷᠬᠠᠶᠢᠯᠠᠯᠲᠠ᠂ ᠰᠠᠨᠠᠯ ᠬᠤᠷᠢᠶᠠᠬᠤ ᠮᠠᠲ᠋ᠧᠷᠢᠶᠠᠯ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠵᠣ ᠨᠤᠲᠠᠯᠠᠯᠲᠠ ᠬᠢᠬᠦ ᠪᠤᠶᠤ ᠭᠡᠷᠡᠴᠢᠯᠡᠭᠡ ᠰᠣᠨᠣᠰᠬᠤ ᠬᠤᠷᠠᠯ ᠤᠨ ᠰᠠᠨᠠᠯ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠨ᠎ᠠ᠃      ᠠᠷᠪᠠᠨ ᠭᠤᠷᠪᠠᠳᠤᠭᠠᠷ ᠵᠦᠢᠯ   ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠤ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠬᠤᠲᠠ ᠶᠢᠨ ᠠᠷᠠᠳ ᠤᠨ ᠲᠥᠯᠥᠭᠡᠯᠡᠭᠴᠢ ᠵᠡᠷᠭᠡ ᠶᠢ ᠬᠤᠷᠠᠯ ᠳᠤ ᠰᠤᠯᠠ ᠣᠷᠣᠯᠴᠠᠭᠤᠯᠵᠤ ᠪᠣᠯᠤᠨ᠎ᠠ᠂ ᠲᠠᠳᠠᠨᠠᠷ ᠤᠨ ᠰᠠᠨᠠᠯ ᠰᠠᠨᠠᠭᠤᠯᠭ᠎ᠠ ᠶᠢ ᠰᠣᠨᠣᠰᠤᠨ᠎ᠠ᠃ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠤᠶᠢᠯᠡᠰ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠰᠢᠢᠳᠪᠦᠷᠢᠳᠤ ᠪᠣᠳᠣᠯᠭ᠎ᠠ ᠲᠣᠭᠲᠠᠭᠠᠬᠤ ᠎ ᠳᠤ ᠠᠰᠠᠭᠤᠨ ᠯᠠᠪᠯᠠᠬᠤ ᠺᠣᠮᠢᠰ ᠤᠨ ᠲᠤᠰᠬᠠᠶ ᠮᠡᠷᠭᠡᠵᠢᠯᠲᠡᠨ ᠪᠤᠶᠤ ᠠᠵᠢᠯ ᠲᠥᠷᠥᠯ ᠤᠨ ᠨᠡᠶᠢᠬᠡᠮᠯᠢᠭ᠂ ᠵᠠᠭᠤᠴᠢᠯᠠᠭᠤᠷ ᠪᠠᠶᠢᠭᠤᠯᠤᠮᠵᠢ᠂ ᠠᠰᠢᠭ ᠲᠤᠰᠠ ᠳᠤ ᠬᠤᠯᠪᠣᠭᠳᠠᠬᠤ ᠬᠥᠮᠦᠨ᠂ ᠠᠷᠠᠳ ᠤᠨ ᠪᠦᠯᠬᠦᠮ ᠵᠡᠷᠭᠡ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠶᠢ ᠤᠷᠢᠵᠤ ᠬᠤᠷᠠᠯ ᠳᠤ ᠰᠤᠯᠠ ᠣᠷᠣᠯᠴᠠᠭᠤᠯᠵᠤ ᠪᠣᠯᠤᠨ᠎ᠠ᠃     ᠠᠷᠪᠠᠨ ᠳᠥᠷᠪᠡᠳᠦᠭᠡᠷ ᠵᠦᠢᠯ    ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠦᠶᠡᠰ᠂ ᠬᠤᠷᠠᠯ ᠳᠤ ᠣᠷᠣᠯᠴᠠᠭᠰᠠᠳ ᠰᠠᠨᠠᠯ ᠢᠶᠠᠨ ᠭᠦᠢᠴᠡᠳ ᠢᠯᠡᠳᠬᠡᠵᠦ᠂ ᠵᠦᠪᠰᠢᠶᠡᠷᠡᠬᠦ᠂ ᠵᠥᠪᠰᠢᠶᠡᠷᠡᠬᠦ ᠦᠭᠡᠶ ᠪᠤᠶᠤ ᠬᠤᠶᠢᠰᠢᠯᠠᠭᠤᠯᠤᠨ ᠶᠠᠷᠢᠯᠴᠠᠬᠤ ᠰᠠᠨᠠᠯ ᠢᠶᠠᠨ ᠨᠢᠭᠡ ᠨᠢᠭᠡ ᠪᠠᠷ ᠲᠣᠳᠣᠷᠬᠠᠶ ᠢᠯᠡᠳᠬᠡᠵᠦ᠂ ᠪᠠᠰᠠ ᠤᠴᠢᠷ ᠰᠢᠯᠲᠠᠭᠠᠨ ᠢᠶᠠᠨ ᠲᠤᠳᠤᠷᠬᠠᠶᠢᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤᠴᠢᠷ ᠲᠠᠢ ᠠᠴᠠ ᠪᠣᠯᠵᠤ ᠬᠤᠷᠠᠯ ᠳᠤ ᠣᠷᠣᠯᠴᠠᠵᠤ ᠲᠡᠶᠢᠯᠬᠦ ᠦᠭᠡᠶ ᠪᠣᠯ ᠰᠠᠨᠠᠯ ᠢᠶᠠᠨ ᠪᠢᠴᠢᠭ ᠢᠶᠠᠷ ᠢᠯᠡᠳᠬᠡᠵᠦ ᠪᠣᠯᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠢ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠰᠠᠨᠠᠯ ᠢᠶᠠᠨ ᠭᠦᠢᠴᠡᠳ ᠢᠯᠡᠳᠭᠡᠭᠰᠡᠨ ᠤ ᠳᠠᠷᠠᠭ᠎ᠠ᠂ ᠳ᠋ᠦᠩᠨᠡᠯᠲᠡ ᠶᠢᠨ ᠴᠢᠨᠠᠷᠲᠠᠶ ᠰᠠᠨᠠᠯ ᠢᠯᠡᠳᠬᠡᠵᠣ᠂ ᠬᠢᠨᠠᠨ ᠵᠥᠪᠯᠡᠭᠰᠡᠨ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠤᠶᠢᠯᠡᠰ ᠢ ᠪᠠᠲᠤᠯᠠᠬᠤ᠂ ᠪᠠᠲᠤᠯᠠᠬᠤ ᠦᠭᠡᠶ ᠪᠤᠶᠤ ᠲᠦᠷ ᠬᠤᠶᠢᠰᠢᠯᠠᠭᠤᠯᠵᠤ ᠲᠠᠬᠢᠨ ᠵᠦᠪᠯᠡᠬᠦ ᠰᠢᠢᠳᠪᠦᠷᠢ ᠭᠠᠷᠭᠠᠨ᠎ᠠ᠃     ᠠᠷᠪᠠᠨ ᠲᠠᠪᠤᠳᠤᠭᠠᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠰᠢᠢᠳᠪᠦᠷᠢᠳᠤ ᠪᠣᠳᠣᠯᠭ᠎ᠠ ᠲᠤᠭᠳᠠᠭᠠᠭᠰᠠᠨ ᠳᠠᠩᠰᠠ ᠡᠪᠬᠡᠮᠡᠯ ᠢ ᠳᠠᠩᠰᠠ ᠡᠪᠬᠡᠮᠡᠯ ᠳᠤ ᠣᠷᠣᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤᠰᠬᠠᠶ ᠬᠥᠮᠦᠨ ᠲᠣᠬᠢᠷᠠᠭᠤᠯᠤᠨ ᠰᠢᠢᠳᠪᠦᠷᠢᠳᠤ ᠪᠤᠳᠤᠯᠭ᠎ᠠ ᠲᠣᠭᠲᠠᠭᠠᠬᠤ ᠶᠠᠪᠤᠴᠠ ᠳᠠᠬᠢ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠭᠡᠷᠡᠯ ᠵᠢᠷᠤᠭ ᠤᠨ ᠮᠠᠲ᠋ᠧᠷᠢᠶᠠᠯ᠂ ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠲᠡᠮᠳᠡᠭᠯᠡᠯ ᠵᠢᠴᠢ ᠪᠤᠰᠤᠳ ᠴᠢᠬᠤᠯᠠ ᠮᠠᠲ᠋ᠧᠷᠢᠶᠠᠯ ᠢ ᠪᠦᠬᠦᠨ ᠢ ᠴᠤᠭᠯᠠᠭᠤᠯᠤᠨ ᠡᠮᠬᠢᠳᠬᠡᠬᠦ ᠶᠢ ᠬᠠᠷᠢᠭᠤᠴᠠᠵᠣ᠂ ᠴᠢᠬᠤᠯᠠ ᠶᠡᠭᠡ ᠵᠤᠶᠢᠯᠡᠰ ᠲᠤ ᠰᠢᠢᠳᠪᠦᠷᠢᠳᠤ ᠪᠣᠳᠣᠯᠭ᠎ᠠ ᠲᠤᠭᠳᠠᠭᠠᠭᠰᠠᠨ ᠬᠡᠷᠡᠭ ᠤᠨ ᠡᠪᠬᠡᠮᠡᠯ ᠳᠤ ᠣᠷᠣᠭᠤᠯᠵᠤ᠂ ᠲᠤᠭᠳᠠᠮᠠᠯ ᠬᠤᠭᠤᠴᠠᠭ᠎ᠠ ᠲᠠᠢ ᠪᠠᠷ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠲᠣᠬᠢᠲᠠᠶ ᠬᠠᠳᠠᠭᠠᠯᠠᠭᠤᠯᠤᠨ᠎ᠠ᠃             ᠳᠥᠷᠪᠡᠳᠦᠭᠡᠷ ᠪᠦᠯᠦᠭ     ︽ᠭᠤᠷᠪᠠᠨ ᠴᠢᠬᠤᠯᠠ ᠨᠢᠭᠡ ᠶᠡᠭᠡ︾᠎ ᠶᠢᠨ ᠵᠤᠶᠢᠯᠡᠰ ᠲᠤ                        ᠰᠢᠢᠳᠪᠦᠷᠢᠳᠤ ᠪᠣᠳᠣᠯᠭ᠎ᠠ ᠲᠤᠭᠳᠠᠭᠠᠬᠤ ᠪᠠᠳᠤᠯᠠᠭ᠎ᠠ ᠶᠢᠨ ᠲᠣᠭᠲᠠᠴᠠ     ᠠᠷᠪᠠᠨ ᠵᠢᠷᠭᠤᠳᠤᠭᠠᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠤᠭᠳᠠᠭᠠᠭᠰᠠᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠵᠢᠯ ᠤᠨ ᠬᠤᠪᠢᠶᠠᠷᠢᠯᠠᠯ ᠪᠠ ᠡᠭᠦᠷᠭᠡ ᠬᠠᠷᠢᠭᠤᠴᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠤᠨ ᠬᠤᠪᠢᠶᠠᠷᠢᠯᠠᠯ ᠪᠠ ᠡᠭᠦᠷᠬᠡ ᠬᠠᠷᠢᠭᠤᠴᠠᠯᠭ᠎ᠠ ᠰᠣᠯᠪᠢᠴᠠᠭᠰᠠᠨ ᠪᠠᠶᠢᠳᠠᠯ ᠲᠣᠬᠢᠶᠠᠯᠳᠤᠪᠠᠯ᠂ ᠬᠤᠲᠠ ᠶᠢᠨ ᠳᠠᠷᠤᠭ᠎ᠠ ︵ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ︶᠎ ᠠᠴᠠ ᠨᠢᠭᠡ ᠤᠳᠤᠷᠢᠳᠤᠯᠭ᠎ᠠ ᠲᠦᠷᠦᠭᠦᠯᠡᠨ ᠬᠠᠷᠢᠭᠤᠴᠠᠬᠤ ᠶᠢ ᠲᠣᠳᠣᠷᠬᠠᠶᠢᠯᠠᠵᠤ᠂ ᠪᠤᠰᠤᠳ ᠤᠳᠤᠷᠢᠳᠤᠯᠭ᠎ᠠ ᠪᠦᠬᠦ ᠬᠦᠴᠦᠨ ᠢᠶᠠᠷ ᠢᠶᠠᠨ ᠳᠠᠮᠵᠢᠨ ᠬᠠᠮᠵᠢᠯᠴᠠᠬᠤ ᠬᠡᠷᠡᠭᠲᠡᠶ᠃     ᠠᠷᠪᠠᠨ ᠳᠣᠯᠣᠳᠤᠭᠠᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠠᠮᠲᠤ ᠪᠠᠷ ᠭᠠᠷᠭᠠᠭᠰᠠᠨ ᠰᠢᠢᠳᠪᠦᠷᠢᠳᠤ ᠪᠣᠳᠣᠯᠭ᠎ᠠ ᠳᠤ ᠠᠳᠠᠯᠢ ᠪᠤᠰᠤ ᠰᠠᠨᠠᠯ ᠲᠠᠢ ᠪᠤᠯ ᠰᠠᠨᠠᠯ ᠢᠶᠠᠨ ᠦᠯᠡᠳᠡᠭᠡᠵᠦ ᠪᠣᠯᠤᠨ᠎ᠠ᠂ ᠵᠣᠬᠢᠶᠠᠨ ᠪᠠᠶᠢᠭᠤᠯᠤᠯᠲᠠ ᠶᠢᠨ ᠳᠡᠰ ᠳᠠᠷᠠᠭᠠᠯᠠᠯ ᠶᠣᠰᠣᠭᠠᠷ ᠬᠤᠲᠠ ᠶᠢᠨ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠤᠰᠬᠠᠭᠰᠠᠨ ᠴᠤ ᠪᠣᠯᠤᠨ᠎ᠠ᠂ ᠭᠡᠪᠡᠴᠦ ᠰᠢᠨ᠎ᠡ ᠰᠢᠢᠳᠪᠦᠷᠢᠳᠤ ᠪᠣᠳᠣᠯᠭ᠎ᠠ ᠭᠠᠷᠭᠠᠬᠤ ᠠᠴᠠ ᠡᠮᠦᠨ᠎ᠡ᠂ ᠡᠷᠬᠡᠪᠰᠢ ᠡᠷᠡᠰ ᠬᠡᠷᠡᠭᠵᠢᠭᠦᠯᠵᠦ᠂ ᠬᠠᠮᠲᠤ ᠶᠢᠨ ᠰᠢᠢᠳᠪᠦᠷᠢᠳᠤ ᠪᠣᠳᠣᠯᠭ᠎ᠠ ᠲᠠᠢ ᠨᠢᠭᠡᠳᠦᠯ ᠦᠭᠡᠶ ᠰᠠᠨᠠᠯ ᠢᠶᠠᠨ ᠢᠯᠡ ᠪᠠᠷ ᠨᠡᠶᠢᠲᠡᠯᠡᠵᠦ ᠪᠣᠯᠬᠤ ᠦᠭᠡᠶ᠂ ᠬᠡᠷᠡᠭᠵᠢᠭᠦᠯᠬᠦ ᠲᠠᠯ᠎ᠠ ᠪᠠᠷ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠣᠷᠢᠭ ᠰᠠᠨᠠᠭ᠎ᠠ ᠶᠢ ᠵᠥᠷᠢᠴᠡᠵᠦ ᠪᠣᠯᠬᠤ ᠦᠭᠡᠶ᠃      ᠠᠷᠪᠠᠨ ᠨᠠᠢᠮᠠᠳᠤᠭᠠᠷ ᠵᠤᠶᠢᠯ  ᠰᠢᠢᠳᠪᠦᠷᠢᠳᠤ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠲᠠᠭᠠᠭᠠᠴᠢᠯᠠᠨ ᠭᠦᠢᠴᠡᠳᠬᠡᠬᠦ ᠨᠢᠭᠡᠴᠡ ᠪᠤᠶᠤ ᠬᠤᠪᠢᠶᠠᠨ ᠬᠠᠮᠢᠶᠠᠷᠴᠤ ᠪᠠᠶᠢᠭ᠎ᠠ᠂ ᠬᠠᠷᠢᠯᠴᠠᠵᠤ ᠪᠠᠶᠢᠭ᠎ᠠ ᠤᠳᠤᠷᠢᠳᠬᠤ ᠨᠦᠭᠦᠳ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠦᠷᠦᠭᠦᠯᠡᠨ ᠮᠥᠷᠳᠡᠨ ᠰᠢᠮᠳᠠᠭᠤᠯᠤᠨ ᠪᠠᠶᠢᠴᠠᠭᠠᠵᠣ᠂ ᠲᠡᠷᠡᠴᠢᠯᠡᠨ ᠰᠢᠢᠳᠪᠦᠷᠢᠳᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠦᠨ᠎ᠡ︔ ᠬᠡᠷᠡᠭᠵᠢᠭᠦᠯᠬᠦ ᠪᠠ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠣ ᠪᠠᠶᠢᠭ᠎ᠠ ᠪᠤᠶᠤ ᠬᠠᠷᠢᠯᠴᠠᠵᠣ ᠪᠠᠶᠢᠭ᠎ᠠ ᠤᠳᠤᠷᠢᠳᠤᠯᠭ᠎ᠠ ᠳᠤ ᠮᠡᠳᠡᠭᠦᠯᠵᠦ᠂ ᠮᠦᠨ ᠴᠣ᠋ ᠵᠠᠭᠤᠴᠢᠯᠠᠭᠤᠷ ᠦᠨᠡᠯᠡᠨ ᠵᠢᠱᠢᠬᠦ ᠣᠶᠢᠯᠡᠴᠢᠯᠡᠬᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠰᠢᠢᠳᠪᠦᠷᠢᠳᠤ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠰᠢᠢᠳᠪᠦᠷᠢᠳᠤ ᠪᠣᠳᠣᠯᠭ᠎ᠠ ᠶᠢ ᠦᠷᠭᠦᠯᠵᠢᠯᠡᠭᠦᠯᠬᠦ᠂ ᠲᠣᠬᠢᠷᠠᠭᠤᠯᠬᠤ ᠪᠠ ᠬᠡᠷᠡᠭᠵᠢᠭᠦᠯᠬᠦ ᠶᠢ ᠵᠣᠭᠰᠣᠭᠠᠬᠤ ᠰᠠᠨᠠᠯ ᠢ ᠲᠤᠷᠠᠳᠴᠣ ᠪᠣᠯᠤᠨ᠎ᠠ᠃      ᠰᠢᠢᠳᠪᠦᠷᠢᠳᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠡᠷᠪᠡ ᠰᠢᠢᠳᠪᠦᠷᠢᠳᠤ ᠪᠣᠳᠣᠯᠭ᠎ᠠ ᠲᠣᠭᠲᠠᠭᠠᠬᠤ ᠠᠯᠳᠠᠰᠢ ᠭᠠᠷᠭᠠᠭᠰᠠᠨ᠂ ᠪᠣᠳᠠᠲᠤ ᠪᠠᠶᠢᠳᠠᠯ ᠠᠴᠠ ᠢᠯᠡᠳᠲᠡ ᠰᠠᠯᠤᠭᠰᠠᠨ ᠪᠤᠶᠤ ᠴᠢᠨᠠᠭᠰᠢᠯᠠᠪᠠᠯ ᠰᠢᠢᠳᠪᠦᠷᠢᠳᠤ ᠪᠣᠳᠣᠯᠭ᠎ᠠ  ᠎ ᠶᠢᠨ ᠬᠠᠷᠠᠯᠲᠠ ᠶᠢᠨ ᠪᠡᠶᠡᠯᠡᠭᠳᠡᠬᠦ ᠶᠢ ᠨᠦᠯᠦᠬᠡᠯᠡᠭᠰᠡᠨ ᠪᠤᠯ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ᠂ ᠲᠡᠷᠡᠴᠢᠯᠡᠨ ᠲᠡᠰ ᠲᠠᠷᠠᠭᠠᠯᠠᠯ ᠶᠣᠰᠣᠭᠠᠷ ᠳᠠᠬᠢᠨ ᠰᠢᠢᠳᠪᠦᠷᠢᠳᠤ ᠪᠣᠳᠣᠯᠭ᠎ᠠ ᠲᠣᠭᠲᠠᠭᠠᠬᠤ ᠰᠠᠨᠠᠭᠤᠯᠭ᠎ᠠ ᠲᠤᠷᠠᠳᠤᠨ᠎ᠠ᠃     ᠠᠷᠪᠠ ᠶᠢᠰᠦᠳᠦᠭᠡᠷ ᠵᠦᠢᠯ   ᠬᠤᠲᠠ ᠶᠢᠨ ᠠᠷᠠᠳ ᠤᠨ ᠵᠠᠰᠠᠭ ᠤᠨ ᠣᠷᠳᠣᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠤᠨ ᠬᠠᠮᠲᠤ ᠪᠠᠷ ᠰᠢᠢᠳᠪᠦᠷᠢᠳᠤ ᠪᠣᠳᠣᠯᠭ᠎ᠠ ᠲᠤᠭᠳᠠᠭᠠᠭᠰᠠᠨ ᠵᠢᠴᠢ ᠬᠡᠷᠡᠭᠵᠢᠭᠦᠯᠦᠭᠰᠡᠨ ᠪᠠᠶᠢᠳᠠᠯ ᠎ ᠤᠨ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠪᠤᠶᠤ ᠢᠯᠡ ᠪᠣᠯᠭᠠᠬᠤ ᠳᠤ ᠵᠣᠬᠢᠰ ᠦᠭᠡᠶ ᠪᠠᠶᠢᠬᠤ ᠎ ᠶᠢ ᠭᠠᠷᠭᠠᠪᠠᠯ ᠵᠣᠬᠢᠬᠤ ᠬᠡᠪᠴᠢᠶᠡᠨ ᠳᠣᠲᠣᠷ᠎ᠠ ᠢᠯᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠯᠳᠠ ᠎ ᠶᠢ ᠬᠦᠯᠢᠶᠡᠨ᠎ᠡ᠃      ᠬᠤᠷᠢᠳᠤᠭᠠᠷ ᠵᠤᠶᠢᠯ   ᠬᠤᠲᠠ ᠶᠢᠨ ᠠᠷᠠᠳ ᠤᠨ ᠵᠠᠰᠠᠭ ᠤᠨ ᠣᠷᠳᠣᠨ ︽ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠭᠤᠷᠪᠠᠨ ᠴᠢᠬᠤᠯᠠ ᠨᠢᠭᠡ ᠶᠡᠭᠡ﹀᠎ ᠶᠢᠨ ᠵᠤᠶᠢᠯᠡᠰ ᠲᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠣᠷᠳᠣᠰ ᠨᠠᠮ ᠠᠯᠪᠠᠨ ᠲᠠᠷᠬᠠᠭᠠᠭᠰᠠᠨ ︹2020 ︺ 6 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠠᠮᠳᠤ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠭᠰᠠᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠢ ᠬᠤᠲᠠ ᠶᠢᠨ ᠨᠠᠮ ᠤᠨ ᠬᠤᠷᠢᠶᠠᠨ ᠳᠤ ᠴᠠᠭ ᠲᠤᠬᠠᠶ ᠳᠤᠨᠢ ᠮᠡᠳᠡᠭᠦᠯᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠯᠳᠠ ᠶᠢ ᠬᠦᠯᠢᠶᠡᠵᠦ᠂ ᠰᠠᠨᠠᠯ ᠰᠠᠨᠠᠭᠤᠯᠭ᠎ᠠ ᠶᠢ ᠰᠤᠨᠤᠰᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ᠃ ᠰᠠᠭᠤᠭ᠎ᠠ ᠴᠡᠷᠢᠭ ᠠᠩᠭᠢ᠂ ᠲᠡᠬᠡᠳᠤ ᠰᠤᠷᠭᠠᠭᠤᠯᠢ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠭᠤᠯᠭ᠎ᠠ᠂ ᠬᠤᠲᠠ ᠶᠢᠨ ᠠᠷᠠᠳ ᠤᠨ ᠲᠤᠮᠳᠠᠳᠤ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠣᠯᠠᠨ ᠲᠦᠮᠡᠨ ᠤ ᠪᠦᠯᠬᠦᠮ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠪᠤᠰᠤᠳ ᠨᠢᠭᠡᠴᠡ ᠵᠡᠷᠭᠡ ᠬᠤᠯᠪᠣᠭᠳᠠᠯ ᠪᠦᠬᠦᠢ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠨᠡᠪᠲᠡᠷᠡᠭᠦᠯᠦᠨ᠎ᠡ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠤᠮᠦ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠨᠦᠭᠦᠳ ᠲᠤᠰ ᠨᠢᠭᠡᠴᠡ ᠶᠢᠨ ᠢᠶᠠᠨ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠭᠰᠠᠨ ︽ᠭᠤᠷᠪᠠᠨ ᠴᠢᠬᠤᠯᠠ ᠨᠢᠭᠡ ᠶᠡᠭᠡ︾᠎ ᠶᠢᠨ ᠵᠣᠶᠢᠯᠡᠰ ᠤᠨ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃     ᠬᠤᠷᠢᠨ ᠨᠢᠭᠡᠳᠦᠭᠡᠷ ᠵᠦᠢᠯ   ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠱᠠᠭᠠᠷᠳᠠᠨ ᠪᠠᠶᠢᠴᠠᠭᠠᠬᠤ ᠲᠠᠰᠤᠭ ᠪᠠ ᠬᠢᠨᠠᠨ ᠪᠣᠳᠣᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠵᠣ᠂ ᠣᠯᠵᠤ ᠮᠡᠳᠡᠭᠰᠡᠨ ᠠᠰᠠᠭᠤᠳᠠᠯ ᠢ ᠵᠠᠷᠯᠠᠵᠣ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃     ᠬᠤᠷᠢᠨ ᠬᠤᠶᠠᠳᠤᠭᠠᠷ ᠵᠦᠢᠯ    ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠪᠣᠯᠤᠨ ︽ᠪᠥᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠳᠬᠡᠯ ᠥᠭᠬᠦ ᠬᠠᠤᠯᠢ︾ ᠵᠡᠷᠭᠡ ᠬᠤᠯᠪᠤᠭᠳᠠᠯ ᠪᠦᠬᠦᠢ ᠨᠠᠮ ᠤᠨ ᠰᠠᠬᠢᠯᠭ᠎ᠠ ᠪᠠᠳᠤ ᠵᠠᠰᠠᠭ ᠤᠨ ᠰᠠᠬᠢᠯᠭ᠎ᠠ ᠪᠠᠲᠤ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃      ︵ᠨᠢᠭᠡ︶ ᠬᠤᠪᠢ ᠬᠥᠮᠦᠨ ᠪᠤᠶᠤ ᠴᠥᠭᠡᠨ ᠲᠣᠭᠠᠨ ᠤ ᠬᠥᠮᠦᠨ ᠬᠠᠮᠳᠤ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠵᠢᠷᠤᠮ ᠢ ᠵᠥᠷᠢᠴᠡᠵᠦ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠵᠤᠶᠢᠯᠡᠰ ᠢ ᠳᠤᠷ᠎ᠠ ᠪᠠᠷ ᠢᠶᠠᠨ ᠲᠣᠭᠲᠠᠭᠠᠭᠰᠠᠨ︔      ︵ᠬᠤᠶᠠᠷ︶ ︽ᠭᠤᠷᠪᠠᠨ ᠴᠢᠬᠤᠯᠠ ᠨᠢᠭᠡ ᠶᠡᠭᠡ︾᠎ ᠶᠢᠨ ᠵᠤᠶᠢᠯᠡᠰ ᠢ ᠬᠡᠷᠡᠭᠵᠢᠭᠦᠯᠵᠣ ᠨᠠᠶᠢᠳᠠᠪᠦᠷᠢᠵᠢᠭᠤᠯᠬᠤ ᠳᠤ ᠬᠦᠨᠳᠦ ᠨᠣᠴᠢᠲᠠᠶ ᠠᠯᠳᠠᠰᠢ ᠭᠠᠷᠭᠠᠵᠣ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠤᠶᠤ ᠮᠠᠭᠤ ᠨᠥᠯᠥᠭᠡ ᠭᠠᠷᠭᠠᠭᠰᠠᠨ︔      ︵ᠭᠤᠷᠪᠠ︶ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠳᠤ ᠪᠣᠳᠣᠯᠭ᠎ᠠ ᠶᠢᠨ ᠵᠤᠶᠢᠯᠡᠰ ᠢ ᠲᠤᠷ᠎ᠠ ᠪᠠᠷ ᠬᠤᠪᠢᠷᠠᠭᠤᠯᠤᠭᠰᠠᠨ᠂ ᠪᠤᠷᠤᠭᠤ ᠪᠠᠷ ᠬᠡᠷᠡᠭᠵᠢᠭᠦᠯᠦᠭᠰᠡᠨ ᠪᠤᠶᠤ ᠬᠡᠷᠡᠭᠵᠢᠭᠦᠯᠬᠦ ᠶᠢ ᠲᠡᠪᠴᠢᠭᠰᠡᠨ︔      ︵ᠳᠥᠷᠪᠡ︶ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠦᠷᠢᠮ ᠢ ᠵᠥᠷᠢᠴᠡᠭᠰᠡᠨ ᠪᠤᠰᠤᠳ ᠪᠠᠶᠢᠳᠠᠯ᠃      ᠳᠡᠭᠡᠷ᠎ᠡ ᠳᠤᠷᠠᠳᠤᠭᠰᠠᠨ ᠪᠠᠶᠢᠳᠠᠯ ᠭᠠᠷᠤᠭᠰᠠᠨ ᠤᠳᠤᠷᠢᠳᠬᠤ ᠺᠠᠳ᠋ᠷ ᠬᠤᠲᠠ ᠶᠢᠨ ᠨᠠᠮ ᠤᠨ ᠬᠤᠷᠢᠶ᠎ᠠ ᠵᠢᠴᠢ ᠨᠡᠩ ᠲᠡᠬᠡᠳᠤ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠬᠠᠷᠢᠶᠠᠯᠠᠭᠳᠠᠪᠠᠯ᠂ ᠬᠤᠲᠠ ᠶᠢᠨ ᠨᠠᠮ ᠤᠨ ᠬᠤᠷᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠰᠢᠢᠳᠪᠦᠷᠢᠯᠡᠭᠦᠯᠦᠨ᠎ᠡ᠃ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠲᠠᠪᠤᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ     ᠬᠤᠷᠢᠨ ᠭᠤᠷᠪᠠᠳᠤᠭᠠᠷ ᠵᠤᠶᠢᠯ  ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠤᠰ ᠠᠵᠢᠯ ᠤᠨ ᠨᠠᠷᠢᠨ ᠳᠦᠷᠢᠮ ᠢᠶᠠᠷ ᠯᠠᠪᠯᠠᠯᠲᠠ ᠪᠣᠯᠭᠠᠵᠤ ᠵᠣᠬᠢᠴᠠᠩᠭᠤᠶ ᠠᠵᠢᠯ ᠤᠨ ᠲᠣᠭᠲᠠᠴᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠣ ᠪᠣᠯᠤᠨ᠎ᠠ᠃     ᠬᠤᠷᠢᠨ ᠳᠥᠷᠪᠡᠳᠦᠭᠡᠷ ᠵᠦᠢᠯ ᠲᠤᠰ ᠠᠵᠢᠯ ᠤᠨ ᠨᠠᠷᠢᠨ ᠳᠦᠷᠢᠮ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ ᠡᠮᠦᠨ᠎ᠡ ᠨᠡᠶᠢᠲᠡᠯᠡᠭᠰᠡᠨ ︽ᠭᠤᠷᠪᠠᠨ ᠴᠢᠬᠤᠯᠠ ᠨᠢᠭᠡ ᠶᠡᠭᠡ︾ ᠵᠤᠶᠢᠯᠡᠰ ᠲᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠦᠷᠢᠮ ᠤᠨ ᠲᠣᠭᠲᠠᠭᠠᠯ ᠨᠢ ᠲᠤᠰ ᠠᠵᠢᠯ ᠤᠨ ᠨᠠᠷᠢᠨ ᠳᠦᠷᠢᠮ ᠯᠦᠭᠡ ᠨᠢᠭᠡᠳᠦᠯ ᠦᠭᠡᠶ ᠪᠣᠯ ᠲᠤᠰ ᠠᠵᠢᠯ ᠤᠨ ᠨᠠᠷᠢᠨ ᠳᠦᠷᠢᠮ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃  
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号