︽ᠡᠷᠳᠡᠨᠢ ᠶᠢᠨ ᠲᠤᠪᠴᠢ︾ ᠮᠥᠽᠸᠢ ᠶᠢᠨ ᠰᠤᠶᠤᠯ ᠤᠷᠠᠯᠢᠭ ᠤᠨ ᠥᠵᠡᠬᠦᠯᠬᠡ ᠶᠢᠨ ᠲᠥᠪ ᠡᠬᠦᠳᠡ ᠪᠠᠨ ᠰᠡᠭᠦᠯ᠎ᠠ
ᠨᠡᠶᠢᠲᠡᠯᠡᠭᠰᠡᠨ ᠴᠠᠭ᠄
2020/11/12
     ᠤᠢᠢᠷ᠎ᠠ ᠶᠢᠨ ᠡᠳᠤᠷ᠂ ︽ᠡᠷᠳᠡᠨᠢ ᠶᠢᠨ ᠲᠤᠪᠴᠢ︾ ᠰᠤᠶᠤᠯ ᠤᠨ ᠠᠵᠤ ᠤᠢᠢᠯᠡᠰ ᠤᠨ ᠬᠥᠷᠢᠶᠡᠯᠡᠩ ᠲᠤᠭᠤᠷᠢᠭ ᠲᠤ ᠪᠠᠶᠢᠷᠢᠰᠢᠵᠥ ᠪᠠᠶᠢᠭ᠎ᠠ ︽ᠡᠷᠳᠡᠨᠢ ᠶᠢᠨ ᠲᠤᠪᠴᠢ︾ ᠮᠥᠽᠸᠢ ᠶᠢᠨ ᠰᠤᠶᠤᠯ ᠤᠷᠠᠯᠢᠭ ᠤᠨ ᠥᠵᠡᠬᠦᠯᠬᠡ ᠶᠢᠨ ᠲᠥᠪ ᠤᠨ ᠡᠬᠦᠳᠡ ᠪᠠᠨ ᠰᠡᠭᠦᠬᠦ ᠶᠤᠰᠤᠯᠠᠯ ᠶᠠᠪᠤᠭᠳᠠᠪᠠ᠃      ᠶᠤᠰᠤᠯᠠᠯ ᠳᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠬᠠᠢ ᠶᠢᠨ ᠭᠠᠵᠠᠷ ᠤᠨ ᠬᠢᠴᠢᠶᠡᠯ ᠬᠥᠮᠥᠵᠢᠯ ᠤᠨ ᠰᠠᠭᠤᠷᠢᠨ ᠭᠠᠵᠠᠷ︾᠂ ︽ᠤᠷᠳᠤᠰ ᠬᠤᠳᠠ ᠶᠢᠨ ᠴᠥᠬᠡᠨ ᠲᠤᠭᠠᠳᠤ ᠥᠨᠳᠤᠰᠤᠳᠡᠨ ᠤ ᠰᠤᠶᠤᠯ ᠤᠨ ᠰᠤᠯᠢᠯᠴᠠᠭᠠᠨ ᠤ ᠲᠥᠪ ᠤᠨ ᠲᠤᠬᠠᠢ ᠶᠢᠨ ᠭᠠᠵᠠᠷ ᠲᠠᠬᠢ ᠬᠢᠴᠢᠶᠡᠯ ᠬᠥᠮᠥᠵᠢᠯ ᠤᠨ ᠴᠡᠭ︾᠂ ︽ᠡᠵᠡᠨ ᠬᠤᠷᠤᠭ᠎ᠠ ᠬᠤᠰᠢᠭᠤᠨ ᠤ ᠤᠯᠤᠰ ᠢᠶᠠᠨ ᠬᠠᠶᠢᠷᠠᠯᠠᠬᠤ ᠰᠤᠷᠭᠠᠨ ᠬᠥᠮᠥᠵᠢᠯ ᠤᠨ ᠲᠠᠭᠤᠷᠢᠶᠠᠯ ᠥᠵᠡᠬᠦᠯᠬᠦ ᠰᠠᠭᠤᠷᠢᠨ ᠭᠠᠵᠠᠷ︾ ᠵᠡᠷᠬᠡ ᠫᠠᠶᠢᠰᠠ ᠰᠡᠬᠦᠬᠦ ᠠᠵᠢᠯᠯᠠᠭ᠎ᠠ ᠶᠢ ᠶᠠᠪᠤᠭᠳᠠᠭᠤᠯᠵᠠᠢ᠃      ᠲᠤᠰ ᠥᠵᠡᠬᠦᠯᠬᠡ ᠶᠢᠨ ᠲᠥᠪ ᠤᠨ ᠶᠡᠷᠤᠩᠬᠡᠢ ᠲᠠᠯᠠᠪᠠᠢ ᠨᠢ 28000 ᠲᠡᠭᠰᠢ ᠲᠥᠷᠪᠡᠯᠵᠢᠨ ᠮᠧᠲᠷ ᠪᠠᠶᠢᠵᠥ᠂ ᠥᠵᠡᠬᠦᠯᠬᠡ ᠶᠢᠨ ᠬᠡᠰᠡᠭ ᠤᠨ ᠲᠠᠯᠠᠪᠠᠢ ᠨᠢ 19000 ᠲᠡᠭᠰᠢ ᠲᠥᠷᠪᠡᠯᠵᠢᠨ ᠮᠧᠲᠷ ᠪᠤᠢ᠃ ᠥᠵᠡᠬᠦᠯᠬᠡ ᠶᠢᠨ ᠲᠥᠪ ᠨᠢ ᠮᠤᠩᠭᠤᠯ ᠥᠨᠳᠤᠰᠤᠳᠡᠨ ᠤ ᠡᠬᠦᠰᠥᠯ ᠭᠠᠷᠤᠯ ᠠᠴᠠ ᠡᠬᠢᠯᠡᠬᠡᠳ ᠥᠪᠥᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠪᠠᠶᠢᠭᠤᠯᠤᠭᠳᠠᠬᠤ ᠬᠥᠷᠳᠡᠯᠡᠬᠢ ᠡᠯ᠎ᠡ ᠴᠠᠭ ᠬᠤᠭᠤᠴᠠᠭᠠᠨ ᠤ ᠲᠡᠤᠬᠡᠨ ᠤᠯᠠᠷᠢᠯ ᠬᠤᠪᠢᠰᠥᠯ᠂ ᠰᠤᠶᠤᠯ ᠰᠢᠨᠵᠢᠯᠡᠬᠦ ᠤᠬᠠᠭᠠᠨ ᠮᠡᠷᠬᠡᠵᠢᠯ ᠤᠨ ᠥᠷ᠎ᠡ ᠪᠥᠳᠥᠬᠡᠯ ᠪᠤᠯᠤᠨ ᠥᠨᠳᠤᠰᠤᠳᠡᠨ ᠤ ᠰᠤᠶᠤᠯ ᠵᠠᠩᠰᠢᠯ ᠢ ᠲᠥᠪᠯᠡᠷᠡᠬᠦᠯᠤᠨ ᠬᠠᠷᠠᠭᠤᠯᠤᠭᠰᠠᠨ ᠪᠠᠶᠢᠨ᠎ᠠ᠃      ︽ᠡᠷᠳᠡᠨᠢ ᠶᠢᠨ ᠲᠤᠪᠴᠢ︾ ᠮᠥᠽᠸᠢ ᠶᠢᠨ ᠰᠤᠶᠤᠯ ᠤᠷᠠᠯᠢᠭ ᠤᠨ ᠥᠵᠡᠬᠦᠯᠬᠡ ᠶᠢᠨ ᠲᠥᠪ ᠨᠢ ᠮᠤᠩᠭᠤᠯ ᠥᠨᠳᠤᠰᠤᠳᠡᠨ ᠤ ᠲᠡᠤᠬᠡ ᠪᠠᠷ ᠭᠤᠤᠯ ᠪᠤᠯᠭᠠᠭᠰᠠᠨ ᠲᠤᠮᠤ ᠬᠡᠯᠪᠡᠷᠢ ᠶᠢᠨ ᠥᠵᠡᠬᠦᠯᠬᠡ ᠶᠢᠨ ᠤᠷᠳᠤᠨ ᠪᠤᠯᠬᠤ ᠮᠥᠷᠳᠡᠬᠡᠨ ᠮᠤᠩᠭᠤᠯ ᠶᠤᠸᠠᠨ ᠤ ᠰᠤᠶᠤᠯ ᠢ ᠤᠯᠠᠮᠵᠢᠯᠠᠨ ᠲᠡᠯᠬᠡᠷᠡᠬᠦᠯᠥᠭᠰᠡᠨ ᠨᠡᠪᠳᠡᠷᠬᠡᠢ ᠲᠤᠯᠢ ᠪᠤᠯᠬᠤ ᠶᠤᠮ᠃ ᠲᠤᠰ ᠲᠥᠪ ᠨᠢ ᠤᠷᠤᠰᠢᠯ ᠤᠨ ᠲᠢᠩᠬᠢᠮ᠂ ᠮᠤᠩᠭᠤᠯ ᠤᠨ ᠡᠬᠦᠰᠥᠯ᠂ ᠮᠤᠩᠭᠤᠯ ᠤᠨ ᠮᠠᠨᠳᠤᠯ᠂ ᠶᠤᠸᠠᠨ ᠬᠥᠷᠥᠨ ᠤ ᠨᠢᠬᠡᠳᠬᠡᠯ ᠵᠡᠷᠬᠡ 9 ᠥᠵᠡᠬᠦᠯᠬᠡ ᠶᠢᠨ ᠲᠢᠩᠬᠢᠮ ᠢᠶᠠᠷ ᠪᠥᠷᠢᠯᠳᠥᠵᠥ᠂ ᠰᠤᠶᠤᠯ ᠤᠷᠠᠯᠢᠭ᠂ ᠤᠯᠠᠨ ᠵᠠᠭᠤᠴᠢᠯᠠᠭᠤᠷ ᠪᠠ ᠲᠡᠤᠬᠡᠨ ᠪᠤᠳᠠᠰ ᠤᠨ ᠥᠵᠡᠬᠦᠯᠬᠡ ᠶᠢᠨ ᠭᠤᠤᠯ ᠱᠤᠭᠤᠮ ᠢ ᠤᠶᠠᠯᠳᠤᠭᠤᠯᠤᠨ᠂ ᠮᠤᠩᠭᠤᠯ ᠥᠨᠳᠤᠰᠤᠳᠡᠨ ᠤ ᠡᠬᠢ ᠡᠬᠦᠰᠥᠯ᠂ ᠬᠥᠮᠤᠨ ᠲᠥᠷᠥᠯᠬᠢᠳᠠᠨ ᠤ ᠬᠤᠪᠢᠰᠤᠯ ᠠᠴᠠ ᠨᠡᠬᠦᠳᠡᠯ ᠮᠠᠯᠵᠢᠯ ᠤᠨ ᠰᠤᠶᠤᠯ ᠪᠤᠯᠪᠠᠰᠤᠨ ᠬᠥᠷᠳᠡᠯ᠎ᠠ ᠥᠨᠳᠤᠰᠤᠳᠡᠨ ᠤ ᠰᠤᠶᠤᠯ ᠢᠶᠠᠨ ᠤᠯᠠᠮᠵᠢᠯᠠᠨ ᠳᠡᠭᠡᠳᠤᠯᠡᠵᠤ᠂ ᠲᠤᠮᠳᠠᠳᠤ ᠶᠢᠨ ᠥᠨᠳᠤᠰᠤᠳᠡᠨ ᠤ ᠪᠤᠯᠪᠠᠰᠤᠨ ᠢ ᠬᠠᠮᠳᠤ ᠪᠠᠷ ᠪᠠᠶᠢᠭᠤᠯᠤᠭᠰᠡᠨ ᠢ ᠲᠤᠰᠬᠠᠨ ᠬᠠᠷᠠᠭᠤᠯᠤᠭᠰᠠᠨ ᠪᠠᠶᠢᠨ᠎ᠠ᠃      ᠲᠤᠰ ᠥᠵᠡᠬᠦᠯᠬᠡ ᠶᠢᠨ ᠲᠥᠪ ᠨᠢ ︽ᠡᠷᠳᠡᠨᠢ ᠶᠢᠨ ᠲᠤᠪᠴᠢ︾ ᠰᠤᠶᠤᠯ ᠤᠨ ᠠᠵᠤ ᠤᠢᠢᠯᠡᠰ ᠤᠨ ᠬᠥᠷᠢᠶᠡᠯᠡᠩ ᠤᠨ ᠴᠢᠬᠤᠯᠠ ᠪᠥᠷᠢᠯᠳᠥᠬᠦᠨ ᠬᠡᠰᠡᠭ ᠪᠤᠯᠬᠤ ᠪᠠᠷ ᠪᠠᠷᠠᠬᠤ ᠥᠬᠡᠢ᠂ ᠨᠡᠩ ᠴᠤ ᠰᠤᠶᠤᠯ ᠤᠨ ᠰᠤᠯᠢᠯᠴᠠᠭ᠎ᠠ ᠬᠢᠵᠥ᠂ ᠥᠨᠳᠤᠰᠤᠳᠡᠨ ᠤ ᠪᠥᠯᠬᠦᠮᠳᠡᠯ ᠢ ᠠᠬᠢᠭᠤᠯᠤᠨ᠂ ᠭᠠᠵᠠᠷ ᠤᠷᠤᠨ ᠤ ᠲᠥᠷᠢ ᠲᠥᠷᠬᠦ ᠶᠢ ᠬᠠᠷᠠᠭᠤᠯᠬᠤ ᠴᠢᠬᠤᠯᠠ ᠴᠤᠩᠬᠤᠪᠴᠢ ᠪᠤᠯᠬᠤ ᠶᠤᠮ᠃ ᠲᠡᠬᠦᠨ ᠤ ᠪᠠᠶᠢᠭᠤᠯᠤᠭᠳᠠᠬᠰᠠᠨ ᠨᠢ ᠮᠤᠩᠭᠤᠯ ᠥᠨᠳᠤᠰᠤᠳᠡᠨ ᠤ ᠰᠤᠶᠤᠯ ᠲᠡᠤᠬᠡ ᠶᠢ ᠨᠡᠩ ᠤᠯᠠᠨ ᠬᠥᠮᠥᠰ ᠲᠤ ᠬᠠᠷᠠᠭᠤᠯᠵᠥ᠂ ᠥᠨᠳᠤᠰᠤᠳᠡᠨ ᠤ ᠵᠤᠷᠢᠭ ᠰᠠᠨᠠᠭ᠎ᠠ ᠶᠢ ᠤᠯᠠᠮᠵᠢᠯᠠᠨ᠂ ᠥᠨᠳᠤᠰᠤᠳᠡᠨ ᠤ ᠥᠪᠡᠷᠮᠢᠴᠡ ᠤᠨᠴᠠᠯᠢᠭ ᠢ ᠢᠯᠡᠷᠡᠬᠦᠯᠵᠥ᠂ ᠵᠤᠭᠠᠴᠠᠯ ᠤᠨ ᠤᠢᠢᠯᠡᠰ ᠢ ᠬᠥᠭᠵᠢᠬᠦᠯᠤᠨ᠂ ᠲᠡᠤᠬᠡ ᠰᠤᠶᠤᠯ ᠢ ᠰᠤᠷᠳᠠᠯᠴᠢᠯᠠᠨ ᠤᠬᠠᠭᠤᠯᠵᠥ᠂ ᠥᠨᠳᠤᠰᠤᠳᠡᠨ ᠤ ᠪᠥᠯᠬᠦᠮᠳᠡᠯ ᠲᠠᠪᠰᠢᠯᠳᠡ ᠶᠢ ᠠᠬᠢᠭᠤᠯᠬᠤ ᠪᠤᠯᠤᠨ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠠ