ᠲᠠᠪᠤᠨᠲᠤᠯᠤᠭᠠᠢ ᠶᠢᠨ ᠲᠠᠯ᠎ᠠ ᠳᠤ ᠴᠤᠭᠴᠠᠯᠠᠭᠰᠠᠨ ᠳᠠᠪᠠᠳᠠᠢ ᠰᠠᠶᠢᠬᠠᠨ ᠦᠢᠯᠡᠰ
ᠨᠡᠶᠢᠲᠡᠯᠡᠭᠰᠡᠨ ᠴᠠᠭ᠄
2020/11/16
   ᠣᠲᠤᠭ ᠤᠨ ᠡᠮᠦᠨᠡᠲᠦ ᠬᠤᠰᠢᠭᠤᠨ ᠤ ᠦᠵᠡᠰᠬᠦᠯᠡᠩᠲᠦ ᠰᠠᠶᠢᠬᠠᠨ ᠲᠠᠪᠤᠨᠲᠣᠯᠣᠭᠠᠢ ᠶᠢᠨ ᠲᠠᠯ᠎ᠠ ᠨᠤᠲᠤᠭ ᠲᠤ ᠪᠠᠶᠢᠷᠢᠯᠠᠭ᠎ᠠ ︽ᠨᠠᠢᠮᠠᠨ ᠰᠢᠷᠭ᠎ᠠ︾ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠤᠢᠢᠯᠠᠭᠠᠬᠤ ᠬᠦᠷᠢᠶᠡᠯᠡᠩ ᠳᠤ ᠲᠦᠷᠪᠡᠨ ᠵᠦᠭ ᠨᠠᠢᠮᠡᠠ ᠵᠤᠪᠭᠢᠰ ᠤᠨ ᠬᠡᠶᠢᠴᠢᠨ ᠵᠤᠴᠢᠳ ᠴᠤᠬᠯᠠᠷᠠᠵᠤ ᠬᠦᠷ ᠨᠠᠷᠬᠢᠶᠠᠨ ᠢᠶᠠᠷ ᠪᠢᠯᠬᠠᠵᠤ ᠪᠠᠶᠢᠯ᠎ᠠ᠃ ᠡ᠊ᠨᠳᠡ ᠢᠷᠡᠭᠰᠡᠨ ᠬᠦᠮᠦᠰ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠵᠤ᠂ ︽ᠨᠠᠢᠮᠠᠨ ᠰᠢᠷᠭ᠎ᠠ︾᠎ ᠶᠢᠨ ᠲᠤᠮᠤᠬᠲᠦ ᠦᠯᠢᠬᠡᠷ ᠢ ᠪᠠᠭ᠋ᠠᠷᠬᠠᠨ ᠰᠤᠨᠤᠰᠳᠠᠭ᠃ ᠲᠤᠰ ᠬᠦᠷᠢᠶᠡᠯᠡᠩ ᠢ ᠡᠭᠦᠰᠭᠡᠨ ᠪᠠᠶᠢᠭᠤᠯᠤᠭᠴᠢ ᠪᠤᠯ ᠴᠡᠷᠢᠭ ᠠᠴᠠ ᠬᠠᠯᠠᠬᠳᠠᠬᠰᠠᠨ ᠵᠠᠯᠠᠭᠤ ᠮᠠᠯᠴᠢᠨ ᠠᠶᠤᠩᠭ᠎ᠠ ᠪᠤᠯᠤᠨ᠎ᠠ᠃    ᠠᠶᠤᠩᠭ᠎ᠠ 1994 ᠣᠨ ᠳᠤ ᠲᠦᠷᠦᠵᠦ᠂ 2012 ᠣᠨ ᠳᠤ ᠬᠥᠬᠡᠨᠠᠭᠤᠷ ᠮᠤᠵᠢ ᠶᠢᠨ ᠢᠦ᠋ᠢᠱᠦ ᠬᠤᠳᠠ ᠳᠤ ᠴᠡᠷᠢᠭ ᠤᠨ ᠠᠯᠪᠠᠨ ᠳᠤ ᠶᠠᠪᠤᠪᠠ᠃ ᠴᠡᠷᠢᠭ ᠠᠴᠠ ᠬᠠᠯᠠᠬᠳᠠᠬᠰᠠᠨ ᠤ ᠲᠠᠷᠠᠭ᠎ᠠ ᠠᠶᠤᠩᠭ᠎ᠠ ᠲᠥᠷᠥᠯ ᠰᠠᠳᠤᠨ ᠨᠠᠶᠢᠵᠠ ᠨᠥᠬᠦᠳ ᠤᠨ ᠢᠶᠠᠨ ︽ᠬᠤᠲᠠ ᠤᠷᠤᠵᠤ ᠨᠡᠷ᠎ᠡ ᠲᠥᠷᠥ ᠲᠠᠢ ᠲᠤᠬᠳᠠᠭᠤᠨ ᠠᠵᠢᠯ ᠤᠯᠤᠭᠠᠷᠠᠢ︾ ᠭᠡᠬᠦ ᠰᠠᠨᠠᠭᠤᠯᠭ᠎ᠠ ᠶᠢ ᠲᠡᠪᠴᠢᠵᠦ᠂ ᠬᠦᠳᠡᠭᠡ ᠳᠡᠭᠡᠨ ᠬᠠᠷᠢᠵᠤ ᠦᠢᠯᠡᠰ ᠪᠣᠰᠬᠠᠵᠤ᠂ ᠵᠠᠯᠠᠭᠤ ᠨᠠᠰᠤ ᠪᠠᠨ ᠦᠰᠴᠦ ᠲᠦᠷᠦᠭᠰᠡᠨ ᠤᠤᠭᠠᠯ ᠨᠤᠳᠤᠭ ᠲᠠᠭᠠᠨ ᠵᠤᠷᠢᠭᠤᠯᠬᠤ ᠪᠠᠷ ᠵᠤᠷᠢᠭ ᠰᠢᠢᠳᠴᠦ ᠪᠢᠯᠡ᠃ 2018 ᠣᠨ ᠤ ᠡᠬᠢ ᠪᠠᠷ᠂ ᠠᠶᠤᠩᠭ᠎ᠠ ᠠᠪᠠᠢ ᠮᠦᠮᠦ ᠲᠠᠢ ᠪᠠᠨ ᠵᠥᠪᠳᠡᠯᠴᠡᠭᠰᠡᠨ ᠤ ᠳᠠᠷᠠᠭ᠎ᠠ ᠥᠪᠡᠷ ᠤᠨ ᠮᠠᠯᠵᠢᠯ ᠤᠨ ᠲᠠᠯᠠᠪᠠᠢ ᠳᠠᠭᠠᠨ ︽ᠨᠠᠢᠮᠠᠨ ᠰᠢᠷᠭ᠎ᠠ︾ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠢ ᠪᠠᠶᠢᠭᠤᠯᠪᠠ᠃ 2019 ᠤᠨ ᠳᠤ ᠠᠶᠤᠩᠭ᠎ᠠ ᠤᠲᠤᠭ ᠤᠨ ᠡᠮᠦᠨᠡᠲᠦ ᠬᠤᠰᠢᠭᠤᠨ ᠤ ︽ᠬᠤᠪᠢᠰᠬᠠᠯᠳᠤ + ᠪᠣᠬᠢᠷᠲᠤᠯ ᠦᠭᠡᠢ︾ ᠠᠵᠤ ᠦᠢᠯᠡᠰ ᠤᠨ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠴᠤᠤᠷᠢᠶᠠᠲᠤᠨ ᠳᠠᠭᠠᠵᠤ᠂ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠭᠦᠶ᠋ᠴᠡᠳ ᠠᠭᠤᠳᠠᠯᠵᠤ᠂ ︽ᠠᠳᠤᠭᠤᠨ ᠰᠣᠶᠣᠯ︾᠎ ᠢᠶᠠᠷ ᠰᠤᠳᠤᠯᠤᠨ ᠰᠤᠷᠤᠯᠴᠠᠬᠤ ᠭᠤᠣᠯᠳᠠᠯᠭ᠎ᠠ ᠪᠣᠯᠭᠠᠵᠤ᠂ ︽ᠨᠠᠢᠮᠠᠨ ᠰᠢᠷᠭ᠎ᠠ︾ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠢ ᠦᠨᠳᠦᠰᠦᠲᠡᠨ ᠤ ᠰᠣᠶᠣᠯ ᠤᠨ ᠣᠨᠴᠠᠯᠢᠭ ᠲᠠᠢ ᠬᠤᠪᠢᠰᠬᠠᠯᠲᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠴᠡᠭ ᠪᠣᠯᠭᠠᠪᠠ᠃ ᠰᠤᠷᠤᠭᠴᠢᠳ ᠡ᠊ᠨᠳᠡ ᠤᠯᠠᠮᠵᠢᠯᠠᠯᠲᠤ ᠦᠨᠳᠦᠰᠦᠲᠡᠨ ᠤ ᠰᠣᠶᠣᠯ ᠢ ᠣᠶᠢᠯᠠᠭᠠᠵᠤ᠂ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠮᠠᠯᠴᠢᠳ ᠲᠤ ᠠᠪᠴᠢᠷᠠᠭᠰᠠᠨ ᠴᠣ᠋ ᠰᠢᠨ᠎ᠡ ᠬᠤᠪᠢᠷᠠᠯᠲᠠ ᠶᠢ ᠤᠯᠵᠤ ᠬᠠᠷᠠᠬᠤ ᠪᠤᠯᠤᠭᠰᠠᠨ ᠪᠠᠶᠢᠨ᠎ᠠ᠃ ︽ᠨᠠᠢᠮᠠᠨ ᠰᠢᠷᠭ᠎ᠠ︾ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠪᠠᠶᠢᠭᠤᠯᠤᠭᠳᠠᠭᠰᠠᠨ ᠤ ᠳᠠᠷᠠᠭ᠎ᠠ᠂ ᠠᠶᠤᠩᠭ᠎ᠠ ᠪᠠᠰᠠ ᠲᠠᠯ᠎ᠠ ᠨᠤᠲᠤᠭ ᠤᠨ ᠵᠤᠭᠠᠴᠠᠯ᠂ ᠮᠣᠷᠢ ᠤᠨᠤᠬᠤ᠂ ᠰᠤᠷ ᠬᠠᠷᠪᠤᠬᠤ ᠵᠡᠷᠭᠡ ᠤᠯᠠᠨ ᠵᠦᠢᠯ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠤᠷᠤᠭᠤᠯᠤᠨ ᠠᠪᠴᠢᠷᠠᠪᠠ᠃ ︽ᠨᠠᠢᠮᠠᠨ ᠰᠢᠷᠭ᠎ᠠ︾ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠪᠠᠶᠢᠭᠤᠯᠤᠬᠳᠠᠬᠰᠠᠨ ᠠᠴᠠ ᠨᠠᠭᠠᠰᠢ ᠨᠡᠶᠢᠲᠡ 3000 ᠭᠠᠷᠤᠶ ᠵᠤᠭᠠᠴᠠᠬᠰᠠᠳ ᠪᠠ ᠰᠤᠷᠤᠭᠴᠢᠳ ᠢ ᠬᠦᠯᠢᠶᠡᠨ ᠠᠪᠴᠤ᠂ 10 ᠭᠠᠷᠤᠶ ᠲᠦᠮᠡᠨ ᠲᠥᠭᠦᠷᠢᠭ ᠤᠨ ᠠᠰᠢᠭ ᠬᠤᠨᠵᠢᠪᠣᠷᠢ ᠶᠢ ᠡᠬᠦᠳᠪᠡ᠃ ︽ᠨᠠᠢᠮᠠᠨ ᠰᠢᠷᠭ᠎ᠠ︾ ᠮᠠᠯᠴᠢᠨ ᠠᠶᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠥᠷᠥᠯ ᠵᠦᠢᠯ ᠢ ᠬᠥᠭᠵᠢᠭᠦᠯᠬᠦ ᠶᠢᠨ ᠬᠠᠮᠲᠤ ᠠᠶᠤᠩᠭ᠎ᠠ ᠪᠠᠰᠠ ᠲᠡᠵᠢᠭᠡᠨ ᠦᠷᠡᠵᠢᠭᠦᠯᠬᠦ ᠦᠢᠯᠡᠰ ᠲᠤ ᠰᠣᠨᠢᠷᠬᠠᠯ ᠲᠠᠢ ᠪᠣᠯᠵᠤ᠂ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠷᠴᠤ ᠡᠬᠢᠯᠡᠪᠡ᠃ ᠬᠠᠰᠢᠶᠠᠯᠠᠨ ᠪᠣᠷᠳᠣᠵᠤ ᠲᠠᠷᠭᠤᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠭᠰᠡᠨ ᠪᠥᠭᠡᠳ ᠤᠳᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤᠨ ᠤ ᠬᠦᠷᠢᠶ᠎ᠡ ᠬᠡᠪᠴᠢᠶᠡᠨ ᠳᠤ ︽ᠬᠤᠨᠢᠨ ᠤ ᠬᠠᠮᠢᠶᠠᠷᠤᠭᠴᠢ︾᠎ ᠶᠢᠨ ᠨᠡᠷᠡᠲᠦ ᠲᠡᠮᠳᠡᠭᠲᠦ ᠪᠣᠷᠳᠤᠭ᠎ᠠ ᠶᠢ ᠤᠷᠤᠯᠠᠨ ᠪᠤᠷᠤᠯᠠᠭᠤᠯᠪᠠ᠃ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠲᠡᠷᠡ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠡᠷᠦᠬᠡ ᠳᠤ ᠦᠬᠡᠷ ᠬᠤᠨᠢᠨ ᠮᠢᠬ᠎ᠠ ᠪᠣᠷᠣᠯᠠᠭᠤᠯᠬᠤ ᠠᠷᠭ᠎ᠠ ᠵᠠᠮ ᠢ ᠬᠠᠩᠭᠠᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢ ᠪᠦᠲᠦᠮᠵᠢᠲᠠᠢ ᠨᠡᠮᠡᠭᠳᠡᠭᠦᠯᠦᠭᠰᠡᠨ ᠪᠠᠶᠢᠨ᠎ᠠ᠃     ︽ᠮᠠᠨ ᠤ ᠮᠣᠩᠭᠤᠯᠴᠤᠳ ᠮᠣᠷᠢᠨ ᠳᠤ ᠣᠨᠴᠠᠭᠠᠢ ᠬᠠᠶᠢᠷ᠎ᠠ ᠰᠡᠳᠬᠢᠯᠭᠡ ᠲᠠᠢ ᠪᠠᠶᠢᠳᠠᠭ᠃ ᠶᠡᠷᠦᠩᠬᠡᠶ ᠱᠦᠵᠢ ᠰᠢ ᠶᠢᠨ ᠫᠢᠩ ᠮᠣᠩᠭᠤᠯ ᠮᠣᠷᠢ ᠬᠡᠳᠦ᠋ᠢᠪᠡᠷ ᠤᠯᠤᠰ ᠤᠨ ᠭᠠᠳᠠᠭᠠᠳᠤ ᠶᠢᠨ ᠨᠠᠷᠠᠲᠤ ᠮᠣᠷᠢ ᠰᠢᠭ᠋ ᠥᠨᠳᠥᠷ ᠲᠣᠮᠣ ᠪᠡᠶ᠎ᠡ ᠲᠠᠢ ᠪᠢᠰᠢ ᠪᠣᠯᠪᠠᠴᠤ ᠠᠮᠢᠵᠢᠷᠠᠯ ᠤᠨ ᠬᠦᠴᠦᠨ ᠢᠶᠠᠷ ᠴᠢᠩᠭ᠎ᠠ᠂ ᠲᠡᠰᠪᠦᠷᠢ ᠪᠠᠷ ᠴᠢᠩᠭ᠎ᠠ᠂ ᠪᠡᠶ᠎ᠠ ᠪᠢᠯᠳᠠᠷ ᠭᠡᠵᠦ ᠬᠡᠯᠡᠵᠦ ᠥᠩᠭᠡᠷᠡᠭᠰᠡᠨ ᠶᠤᠮ᠃ ᠪᠢᠳᠡ ᠠᠵᠢᠯ ᠬᠢᠵᠦ ᠦᠢᠯᠡᠰ ᠪᠤᠰᠬᠠᠬᠤ ᠳᠤ ᠮᠣᠩᠭᠤᠯ ᠮᠣᠷᠢ ᠲᠠᠢ ᠠᠳᠠᠯᠢ ᠪᠠᠷ ᠵᠣᠪᠠᠭᠤᠷᠢ ᠵᠦᠳᠡᠭᠦᠷᠢ ᠶᠢ ᠳᠠᠭᠠᠭᠠᠵᠤ᠂ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ︾ ᠭᠡᠵᠦ ᠠᠶᠤᠩᠭ᠎ᠠ ᠶᠠᠷᠢᠨ᠎ᠠ᠃ ᠠᠯᠤᠰ ᠤᠨ ᠵᠤᠷᠢᠯᠲᠠ ᠪᠠᠨ ᠶᠠᠷᠢᠬᠤ ᠳᠠᠭᠠᠨ ᠲᠡᠷᠡ ᠬᠤᠶᠢᠰᠢᠳᠠ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠬᠢᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠣᠯᠠᠨ ᠲᠠᠢ ᠬᠠᠮᠲᠤ ᠪᠠᠷ ᠪᠠᠶᠠᠵᠢᠯ ᠤᠨ ᠵᠠᠮ ᠢᠶᠠᠷ ᠵᠠᠮᠨᠠᠨ᠎ᠠ ᠭᠡᠵᠦ ᠵᠤᠷᠢᠭ ᠢᠶᠠᠨ ᠢᠯᠡᠳᠭᠡᠵᠦ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号