ᠦᠪᠤᠷ ᠮᠤᠩᠭᠤᠯ ᠤᠨ ᠠᠩᠬᠠᠳᠠᠬᠴᠢ ᠬᠤᠭᠤᠴᠠᠭᠠᠨ ᠤ ᠠᠷᠠᠳ ᠤᠨ ᠪᠦᠵᠢᠭ ᠤᠨ ᠤᠷᠤᠯᠳᠤᠭᠠᠨ ᠳᠤ ᠮᠠᠨ ᠤ ᠬᠤᠳᠠ ᠶᠢᠨ 13 ᠪᠦᠳᠦᠭᠡᠯ ᠱᠠᠩᠨᠠᠯ ᠲᠤᠰᠪᠠ
ᠨᠡᠶᠢᠲᠡᠯᠡᠭᠰᠡᠨ ᠴᠠᠭ᠄
2020/11/16
   ᠤᠢᠢᠷ᠎ᠠ ᠳᠤ᠂ ᠰᠤᠷᠪᠤᠯᠵᠢᠯᠠᠬᠴᠢ ᠬᠤᠳᠠ ᠶᠢᠨ ᠰᠤᠶᠤᠯ ᠪᠠ ᠵᠤᠭᠠᠴᠠᠯ ᠤᠨ ᠲᠤᠪᠴᠢᠶ᠎ᠠ ᠠᠴᠠ ᠤᠢᠢᠯᠠᠭᠠᠬᠰᠠᠨ ᠢᠶᠠᠷ᠂ ᠦᠪᠤᠷ ᠮᠤᠩᠭᠤᠯ ᠤᠨ ᠠᠩᠬᠠᠳᠠᠬᠴᠢ ᠬᠤᠭᠤᠴᠠᠭᠠᠨ ᠤ ᠠᠷᠠᠳ ᠤᠨ ᠪᠦᠵᠢᠭ ᠤᠨ ᠤᠷᠤᠯᠳᠤᠭᠠᠨ ᠳᠤ᠂ ᠤᠷᠳᠤᠰ ᠬᠤᠳᠠ ᠶᠢᠨ ᠵᠤᠭᠢᠶᠠᠨ ᠪᠠᠶᠢᠭᠤᠯᠵᠤ ᠡᠭᠦᠳᠦᠨ ᠪᠦᠳᠦᠭᠡᠵᠤ ᠲᠤᠬᠯᠠᠬᠰᠠᠨ ᠪᠦᠵᠢᠭ ︽ᠨᠠᠮᠪᠠᠳᠠᠢ︾᠂ ︽ᠭᠡᠤᠭᠡᠳ ᠨᠠᠰᠤ︾᠂ ︽ᠠᠶᠠᠭ᠎ᠠ · ᠰᠠᠪᠬ᠎ᠠ︾ ᠵᠡᠷᠭᠡ ᠪᠦᠳᠦᠭᠡᠯ ᠤᠷᠤᠯᠴᠠᠵᠤ᠂ ︽ᠤᠯᠠᠮᠵᠢᠯᠠᠬᠰᠠᠨ ᠱᠠᠩᠨᠠᠯ︾᠂ ︽ᠵᠤᠭᠢᠶᠠᠨ ᠪᠦᠳᠦᠭᠡᠯᠭᠡ ᠶᠢᠨ ᠱᠠᠩᠨᠠᠯ︾᠂ ︽ᠲᠤᠬᠯᠠᠯᠲᠠ ᠶᠢᠨ ᠱᠠᠩᠨᠠᠯ︾ ᠵᠡᠷᠭᠡ ᠶᠢ ᠪᠠᠭᠳᠠᠭᠠᠬᠰᠠᠨ 13 ᠱᠠᠩᠨᠠᠯ ᠢ ᠲᠤᠰᠤᠬᠰᠠᠨ ᠪᠠᠶᠢᠨ᠎ᠠ᠃    ᠲᠤᠰ ᠬᠤᠭᠤᠴᠠᠭᠠᠨ ᠤ ᠤᠷᠤᠯᠳᠤᠭᠠᠨ ᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠤᠭᠠᠴᠠᠯ ᠤᠨ ᠲᠢᠩᠭᠢᠮ ᠠᠴᠠ ᠭᠤᠤᠯᠯᠠᠨ ᠡᠷᠭᠢᠯᠠᠵᠤ᠂ ᠶᠡᠷᠦᠩᠭᠡᠢ ᠱᠦᠵᠢ ᠰᠢ ᠶᠢᠨ ᠫᠢᠡᠭ ᠤᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ᠂ ᠲᠤᠮᠳᠠᠳᠤ ᠶᠢᠨ ᠦᠨᠳᠦᠰᠦᠳᠠᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠭᠴᠠᠯᠠᠵᠤ᠂ ᠪᠦᠭᠦ ᠤᠷᠤᠨ ᠤ ᠠᠷᠠᠳ ᠤᠨ ᠲᠤᠮᠳᠡᠭᠢ ᠰᠢᠯᠢᠳᠡᠭ ᠪᠦᠵᠢᠭ ᠤᠨ ᠤᠷᠠᠯᠢᠭ ᠢ ᠵᠠᠯᠭᠠᠮᠵᠢᠯᠠᠨ ᠭᠦᠭᠵᠢᠭᠦᠯᠵᠤ᠂ ᠨᠡᠶᠢᠭᠡᠮ ᠤᠨ ᠠᠮᠢᠵᠢᠷᠠᠯ ᠤᠨ ᠭᠦᠴᠦᠨ ᠢ ᠪᠦᠭᠦ ᠲᠠᠯ᠎ᠠ ᠪᠠᠷ ᠭᠦᠭᠵᠢᠭᠡᠨ᠂ ᠨᠠᠩ ᠤᠯᠠᠨ ᠨᠠᠩ ᠰᠠᠶᠢᠨ ᠨᠠᠩ ᠰᠢᠯᠢᠳᠡᠭ ᠪᠦᠵᠢᠭ ᠤᠨ ᠪᠦᠳᠦᠭᠡᠯ ᠢ ᠵᠤᠭᠢᠶᠠᠨ ᠪᠦᠳᠦᠭᠡᠭᠦ ᠶᠢ ᠤᠷᠮᠠᠰᠢᠭᠤᠯᠤᠨ ᠵᠤᠷᠢᠬᠵᠢᠭᠤᠯᠵᠤ᠂ ᠵᠤᠭᠢᠶᠠᠨ ᠪᠦᠳᠦᠭᠡᠭᠦ᠂ ᠲᠤᠬᠯᠠᠬᠤ ᠴᠢᠳᠠᠪᠤᠷᠢᠳᠠᠨ ᠢ ᠭᠦᠮᠦᠵᠢᠭᠦᠯᠭᠦ ᠪᠠ ᠢᠯᠡᠷᠡᠭᠦᠯᠭᠦ ᠪᠠᠷ  ᠵᠤᠷᠢᠯᠭ᠎ᠠ ᠪᠠᠨ ᠪᠤᠯᠭᠠᠬᠰᠠᠨ ᠪᠠᠶᠢᠨ᠎ᠠ   ᠤᠢᠢᠯᠠᠭᠠᠬᠰᠠᠨ ᠢᠶᠠᠷ᠂ ᠤᠷᠤᠯᠳᠤᠭᠠᠨ ᠳᠤ ᠤᠷᠤᠯᠴᠠᠬᠰᠠᠨ ᠪᠦᠳᠦᠭᠡᠯ ᠤᠳ ᠴᠦᠮ ᠰᠢᠨ᠎ᠠ ᠲᠤᠮᠳᠠᠳᠤ ᠤᠯᠤᠰ ᠪᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ ᠠᠴᠠ ᠨᠠᠭᠠᠰᠢ ᠵᠤᠭᠢᠶᠠᠨ ᠪᠦᠳᠦᠭᠡᠭᠰᠡᠨ ᠦᠪᠤᠷ ᠮᠤᠩᠭᠤᠯ ᠤᠨ ᠪᠦᠵᠢᠭ ᠤᠨ ᠭᠡᠪ ᠨᠠᠮᠪᠠ᠂ ᠦᠪᠡᠷᠮᠢᠴᠠ ᠤᠨᠴᠠᠯᠢᠭ ᠪᠠ ᠦᠨᠦᠷ ᠠᠮᠳᠠ ᠶᠢ ᠲᠡᠷᠡ ᠭᠡᠪ ᠢᠶᠠᠷ ᠨᠢ ᠢᠯᠡᠷᠡᠭᠦᠯᠦᠭᠰᠡᠨ ᠪᠦᠳᠦᠭᠡᠯ ᠤᠳ ᠪᠤᠯᠤᠨ᠎ᠠ᠃ ᠤᠷᠳᠤᠰ ᠬᠤᠳᠠ ᠶᠢᠨ ᠡᠯ᠎ᠠ ᠤᠷᠠᠯᠢᠭ ᠤᠨ ᠪᠦᠯᠭᠦᠮ ᠨᠢ ︽ᠮᠤᠩᠭᠤᠯ ᠮᠤᠷᠢᠨ ᠤ ᠵᠤᠷᠢᠭ ᠰᠠᠨᠠᠭ᠎ᠠ︾᠎ ᠶᠢ ᠦᠷᠭᠦᠯᠵᠢᠯᠠᠨ ᠪᠠᠳᠠᠷᠠᠭᠤᠯᠵᠤ᠂ ︽ᠠᠷᠠᠳ ᠲᠦᠮᠠᠨ ᠠᠯᠢᠪᠠ ᠠᠴᠠ ᠡᠷᠬᠢᠮ ᠲᠡᠭᠡᠳᠤ︾ ᠬᠠᠶᠢᠷ᠎ᠠ ᠰᠡᠳᠭᠢᠯᠭᠡ ᠶᠢ ᠪᠠᠷᠢᠮᠳᠠᠯᠠᠨ᠂ ᠨᠠᠩ ᠤᠯᠠᠨ ᠰᠢᠯᠢᠳᠡᠭ ᠪᠦᠵᠢᠭ ᠤᠨ ᠪᠦᠳᠦᠭᠡᠯ ᠢ ᠵᠤᠭᠢᠶᠠᠨ ᠪᠦᠳᠦᠭᠡᠵᠤ᠂ ᠦᠪᠤᠷ ᠮᠤᠩᠭᠤᠯ ᠤᠨ ᠠᠷᠠᠳ ᠤᠨ ᠪᠦᠵᠢᠭ ᠤᠨ ᠤᠷᠠᠯᠢᠭ ᠤᠨ ᠡᠷᠡᠭᠦᠯ ᠭᠦᠭᠵᠢᠯᠳᠠ ᠶᠢ ᠠᠭᠢᠭᠤᠯᠵᠤ᠂ ᠲᠤᠮᠳᠠᠳᠤ ᠶᠢᠨ ᠦᠨᠳᠦᠰᠦᠳᠠᠨ ᠤ ᠬᠠᠮᠳᠤ ᠶᠢᠨ ᠴᠤᠬᠴᠠ ᠶᠢᠨ ᠤᠬᠠᠮᠰᠠᠷ ᠪᠠ ᠰᠤᠶᠤᠯ ᠤᠷᠠᠯᠢᠭ ᠤᠨ ᠦᠢᠯᠡᠰ ᠤᠨ ᠴᠡᠴᠡᠭᠯᠠᠯᠳᠠ ᠭᠦᠭᠵᠢᠯᠳᠠ ᠳᠤ ᠨᠠᠩ ᠶᠡᠭᠡ ᠬᠤᠪᠢ ᠨᠠᠮᠡᠷᠢ ᠪᠠᠨ ᠦᠵᠡᠭᠦᠯᠭᠦ ᠪᠤᠯᠤᠨ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠠ