ᠭᠡᠷ ᠪᠠᠶᠢᠰᠢᠩ ᠲᠦᠷᠢᠶᠡᠰᠦᠯᠡᠬᠦ ᠲᠤᠬᠠᠶ ᠢᠷᠭᠡᠨ ᠤ ᠬᠠᠤᠯᠢ ᠶᠢᠨ ᠪᠢᠴᠢᠭ ᠤᠨ ᠬᠤᠯᠪᠣᠭᠳᠠᠯ ᠪᠦᠬᠦᠢ ᠲᠣᠭᠲᠠᠭᠠᠯ
ᠨᠡᠶᠢᠲᠡᠯᠡᠭᠰᠡᠨ ᠴᠠᠭ᠄
2020/11/6
   ᠢᠷᠭᠡᠨ ᠤ ᠬᠠᠤᠯᠢ ᠶᠢᠨ ᠪᠢᠴᠢᠭ ᠲᠤ ᠭᠡᠷ᠎ᠡ ᠶᠢᠨ ᠬᠠᠤᠯᠢ ᠶᠢᠨ ᠰᠠᠭᠤᠷᠢᠨ ᠳᠡᠭᠡᠷ᠎ᠡ ︽ᠠᠷᠠᠯᠵᠢᠶ᠎ᠠ ᠮᠠᠶᠢᠮᠠᠶ ᠬᠢᠬᠦ ᠳᠤ ᠲᠦᠷᠢᠶᠡᠰᠣᠯᠡᠬᠦ ᠶᠢ ᠡᠪᠳᠡᠬᠦ ᠦᠬᠡᠢ︾ ᠲᠦᠷᠢᠮ ᠪᠠ ᠲᠦᠷᠢᠶᠡᠰᠦᠯᠡᠭᠴᠢ ᠶᠢᠨ ︽ᠤᠷᠢᠳᠠᠪᠠᠷ ᠬᠤᠳᠠᠯᠳᠤᠨ ᠠᠪᠬᠤ ᠡᠷᠬᠡ︾᠎ ᠶᠢᠨ ᠲᠦᠷᠢᠮ ᠢ ᠪᠦᠷᠢᠨᠰᠢᠬᠦᠯᠦᠭᠰᠡᠨ ᠪᠦᠭᠡᠳ ᠪᠠᠰᠠ ︽ᠤᠷᠢᠳᠠᠪᠠᠷ ᠲᠦᠷᠢᠶᠡᠰᠦᠯᠡᠬᠦ ᠡᠷᠬᠡ︾᠎ ᠶᠢᠨ ᠲᠦᠷᠢᠮ ᠢ ᠰᠢᠨ᠎ᠡ ᠪᠠᠷ ᠨᠡᠮᠡᠵᠤ ᠤᠷᠤᠭᠤᠯᠤᠬᠰᠠᠨ ᠨᠢ ᠲᠦᠷᠢᠶᠡᠰᠦᠯᠡᠬᠦ ᠬᠠᠷᠢᠴᠠᠭ᠎ᠠ ᠶᠢ ᠲᠣᠭᠲᠠᠪᠤᠷᠢᠵᠢᠭᠤᠯᠬᠤ᠂ ᠲᠦᠷᠢᠶᠡᠰᠦᠯᠡᠭᠴᠢ ᠶᠢᠨ ᠠᠰᠢᠭ ᠲᠤᠰᠠ ᠶᠢ ᠬᠠᠮᠠᠭᠠᠯᠠᠬᠤ ᠳᠤ ᠠᠰᠢᠭᠳᠠᠢ ᠶᠤᠮ᠃    ᠭᠡᠷ ᠲᠦᠷᠢᠶᠡᠰᠦᠯᠡᠬᠦ ᠬᠤᠭᠤᠴᠠᠭᠠᠨ ᠳᠤ ᠭᠡᠷ ᠪᠠᠶᠢᠰᠢᠩ ᠢ ᠬᠤᠳᠠᠯᠳᠤᠪᠠᠯ ᠶᠠᠭᠠᠬᠢᠬᠤ ᠪᠣᠶ︖        ᠢᠷᠭᠡᠨ ᠤ ᠬᠠᠤᠯᠢ ᠶᠢᠨ ᠪᠢᠴᠢᠭ ᠤᠨ ᠳᠣᠯᠣᠭᠠᠨ ᠵᠠᠭᠤ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠲᠦᠰᠦᠯᠡᠪᠡᠯ᠂ ᠲᠦᠷᠢᠶᠡᠰᠦᠨ ᠡᠳ᠋ ᠨᠢ ᠲᠦᠷᠢᠶᠡᠰᠦᠯᠡᠭᠴᠢ ᠶᠢᠨ ᠲᠦᠷᠢᠶᠡᠰᠦᠯᠡᠬᠦ ᠭᠡᠷ᠎ᠡ ᠶᠢᠨ ᠬᠤᠭᠤᠴᠠᠭᠠᠨ ᠳᠤ ᠥᠮᠴᠢᠯᠡᠯ ᠤᠨ ᠡᠷᠬᠡ ᠶᠢᠨ ᠬᠤᠪᠢᠷᠠᠯᠲᠠ ᠭᠠᠷᠤᠭᠰᠠᠨ ᠪᠠᠶᠢᠪᠠᠯ᠂ ᠲᠦᠷᠢᠶᠡᠰᠦᠯᠡᠬᠦ ᠭᠡᠷ᠎ᠡ ᠶᠢᠨ ᠬᠦᠴᠦᠨ ᠢ ᠨᠦᠯᠣᠭᠡᠯᠡᠬᠦ ᠤᠶᠢᠭᠡᠢ᠃            ᠵᠢᠱᠢᠶᠡᠯᠡᠪᠡᠯ᠂ ᠯᠢ ᠣᠪᠣᠭᠳᠤ ᠪᠣᠯᠤᠨ ᠸᠠᠩ ᠣᠪᠣᠭᠳᠤ ᠭᠡᠷ ᠲᠦᠷᠢᠶᠡᠰᠦᠯᠡᠬᠦ ᠭᠡᠷ᠎ᠡ ᠳᠤ ᠭᠠᠷ ᠤᠨ ᠦᠰᠦᠭ ᠵᠢᠷᠤᠵᠤ᠂ ᠯᠢ ᠣᠪᠣᠭᠳᠤ ᠨᠢ ᠸᠠᠩ ᠣᠪᠣᠭᠳᠤ ᠶᠢᠨ ᠨᠢᠭᠡ ᠢᠵᠢ ᠭᠡᠷ ᠢ ᠲᠦᠷᠢᠶᠡᠰᠦᠯᠡᠨ ᠠᠪᠴᠤ᠂ ᠲᠦᠷᠢᠶᠡᠰᠦᠯᠡᠬᠦ ᠬᠤᠭᠤᠴᠠᠭ᠎ᠠ ᠨᠢ ᠡᠨᠡ ᠵᠢᠯ ᠤᠨ 8 ᠰᠠᠷ᠎ᠠ ᠠᠴᠠ ᠢᠷᠡᠬᠦ ᠵᠢᠯ ᠤᠨ 8 ᠰᠠᠷ᠎ᠠ ᠪᠣᠯᠤᠨ᠎ᠠ᠃ ᠬᠡᠷᠪᠡ 2021 ᠣᠨ ᠤ 3 ᠰᠠᠷ᠎ᠠ ᠳᠤ ᠸᠠᠩ ᠣᠪᠣᠭᠳᠤ ᠡᠨᠡ ᠭᠡᠷ ᠢ ᠵᠠᠩ ᠣᠪᠣᠭᠲᠤ ᠳᠤ ᠬᠤᠳᠠᠯᠳᠤᠵᠤ ᠥᠭᠭᠦᠭᠰᠡᠨ ᠳᠤ ᠵᠠᠩ ᠣᠪᠣᠭᠲᠤ ᠡᠨᠡ ᠭᠡᠷ ᠠᠴᠠ ᠨᠡᠭᠦᠵᠦ ᠭᠠᠷ ᠭᠡᠵᠦ ᠯᠢ ᠣᠪᠣᠭᠲᠤ ᠶᠢ ᠱᠠᠭᠠᠷᠳᠠᠪᠠ᠃ ᠲᠡᠭᠡᠪᠡᠯ ᠯᠢ ᠣᠪᠣᠭᠲᠤ ᠦᠷᠭᠦᠯᠵᠢᠯᠡᠨ ᠠᠳᠡ ᠰᠠᠭᠤᠬᠤ ᠡᠷᠬᠡ ᠲᠠᠢ ᠭᠡᠵᠦ ᠶᠤᠰᠤ ᠲᠠᠢ ᠪᠠᠷ ᠣᠮᠤᠭ ᠲᠡᠭᠦᠯᠳᠡᠷ ᠬᠡᠯᠡᠵᠦ ᠪᠣᠯᠤᠨ᠎ᠠ᠃ ᠤᠴᠢᠷ ᠨᠢ ᠡᠨᠡ ᠭᠡᠷ ‍ᠤᠨ‌ᠥᠮᠴᠢᠯᠡᠭᠴᠢ ᠨᠢ ᠸᠠᠩ ᠣᠪᠣᠭᠳᠤ ᠠᠴᠠ ᠵᠠᠩ ᠣᠪᠣᠭᠲᠤ ᠪᠣᠯᠵᠤ ᠬᠤᠪᠢᠷᠠᠭᠰᠠᠨ ᠴᠤ ᠯᠢ ᠣᠪᠣᠭᠲᠤ ᠪᠣᠯᠤᠨ ᠸᠠᠩ ᠣᠪᠣᠭᠳᠤ ᠶᠢᠨ ᠬᠤᠭᠤᠷᠣᠨᠳᠣᠬᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠮᠥᠨ ᠬᠦ ᠬᠦᠴᠦᠨ ᠲᠠᠢ ᠪᠠᠶᠢᠳᠠᠭ᠃ ᠡᠨᠡ ᠪᠣᠯ ᠳᠠᠷᠤᠶ ︽ᠠᠷᠠᠯᠵᠢᠶ᠎ᠠ ᠮᠠᠶᠢᠮᠠᠶ ᠬᠢᠬᠦ ᠳᠤ ᠲᠦᠷᠢᠶᠡᠰᠣᠯᠡᠬᠦ ᠶᠢ ᠡᠪᠳᠡᠬᠦ ᠦᠭᠡᠢ︾ ᠳᠦᠷᠢᠮ ᠪᠣᠯᠤᠨ᠎ᠠ᠃ ᠲᠦᠷᠢᠶᠡᠰᠦᠯᠡᠭᠴᠢ ᠶᠢᠨ ᠲᠦᠷᠢᠶᠡᠰᠦᠯᠡᠬᠦ ᠬᠤᠭᠤᠴᠠᠭᠠᠨ ᠳᠤ ᠲᠦᠷᠢᠶᠡᠰᠦᠯᠡᠭᠰᠡᠨ ᠭᠡᠷ ᠪᠠᠶᠢᠰᠢᠩ ᠵᠶᠠᠨ ᠰᠢᠯᠵᠢᠭᠦᠯᠦᠨ ᠬᠤᠳᠠᠯᠳᠤᠭᠰᠠᠨ ᠠᠴᠠ ᠪᠤᠯᠵᠤ ᠠᠷᠭ᠎ᠠ ᠪᠤᠰᠤ ᠨᠡᠭᠦᠵᠦ ᠶᠠᠪᠤᠬᠤ ᠪᠠᠶᠢᠳᠠᠯ ᠠᠴᠠ ᠵᠠᠶᠢᠯᠠᠰᠬᠢᠵᠦ᠂ ᠲᠦᠷᠢᠶᠡᠰᠦᠯᠡᠭᠴᠢ ᠶᠢᠨ ᠬᠠᠤᠯᠢ ᠶᠣᠰᠣᠨ ᠤ ᠡᠷᠬᠡ ᠶᠢ ᠪᠠᠲᠤᠯᠠᠪᠠ᠃     ᠭᠡᠷ ᠤᠨ ᠡᠵᠡᠨ ᠭᠡᠷ ᠬᠤᠳᠠᠯᠳᠣᠬᠤ ᠳᠤ ᠭᠡᠷ ᠲᠦᠷᠢᠶᠡᠰᠦᠯᠡᠭᠴᠢ ᠤᠷᠢᠳᠠᠪᠠᠷ ᠬᠤᠳᠠᠯᠳᠤᠨ ᠠᠪᠬᠤ ᠡᠷᠬᠡ ᠲᠠᠢ ᠤᠤ︖    ᠭᠡᠷ ᠤᠨ ᠡᠵᠡᠨ ᠬᠡᠷᠪᠡ ᠲᠦᠷᠢᠶᠡᠰᠦᠯᠡᠬᠦᠯᠦᠭᠰᠡᠨ ᠭᠡᠷ ᠪᠠᠶᠢᠰᠢᠩ ᠢᠶᠠᠨ ᠬᠤᠳᠠᠯᠳᠤᠬᠤ ᠭᠡᠪᠡᠯ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠢ ᠦᠨᠳᠦᠰᠦᠯᠡᠪᠡᠯ᠂ ᠠᠳᠠᠯᠢ ᠨᠥᠬᠦᠴᠡᠯ ᠳᠣᠤᠷ᠎ᠠ ᠭᠡᠷ ᠲᠦᠷᠢᠶᠡᠰᠦᠯᠡᠭᠴᠢ ᠨᠢ ᠤᠷᠢᠳᠠᠪᠠᠷ ᠬᠤᠳᠠᠯᠳᠤᠨ ᠠᠪᠬᠤ ᠡᠷᠬᠡ ᠲᠠᠢ᠃ ᠡ᠊ᠨᠳᠡ ᠬᠡᠯᠡᠵᠦ ᠪᠠᠶᠢᠭ᠎ᠠ ︽ᠠᠳᠠᠯᠢ ᠨᠥᠬᠦᠴᠡᠯ︾ ᠭᠡᠳᠡᠭ ᠲᠤ ᠭᠤᠤᠯᠳᠠᠭᠤ ᠭᠡᠷ ᠪᠠᠶᠢᠰᠢᠩ ᠬᠤᠳᠠᠯᠳᠤᠨ ᠠᠪᠬᠤ ᠦᠨ᠎ᠡ ᠬᠠᠩᠰᠢ᠂ ᠵᠣᠭᠤᠰ ᠥᠭᠬᠦ ᠠᠷᠭ᠎ᠠ ᠮᠠᠶ᠋ᠢᠭ ᠨᠢ ᠬᠤᠭᠤᠴᠠᠭ᠎ᠠ ᠬᠤᠪᠢᠶᠠᠨ ᠵᠣᠭᠤᠰ ᠥᠭᠬᠦ ᠶᠤᠮ ᠤᠤ ᠡᠰᠡᠬᠦᠯ᠎ᠡ ᠨᠢᠭᠡ ᠯᠡ ᠤᠳᠠᠭ᠎ᠠ ᠳᠤ ᠵᠣᠭᠤᠰ ᠥᠭᠬᠦ ᠶᠤᠮ ᠤᠤ ᠵᠡᠷᠭᠡ ᠪᠦᠷ ᠠᠳᠠᠯᠢᠬᠠᠨ ᠪᠠᠶᠢᠳᠠᠯ ᠳᠣᠤᠷ᠎ᠠ ᠪᠠᠭᠲᠠᠨ᠎ᠠ᠃ ᠵᠢᠱᠢᠶᠡᠯᠡᠪᠡᠯ᠂ ᠯᠢ ᠣᠪᠣᠭᠲᠤ ᠸᠠᠩ ᠣᠪᠣᠭᠲᠤ ᠶᠢᠨ ᠭᠡᠷ ᠢ ᠲᠦᠷᠢᠶᠡᠰᠦᠯᠡᠵᠦ᠂ ᠢᠷᠡᠬᠦ ᠵᠢᠯ ᠤᠨ 1 ᠰᠠᠷ᠎ᠠ ᠳᠤ ᠬᠤᠭᠤᠴᠠᠭ᠎ᠠ ᠨᠢ ᠲᠣᠯᠣᠨ᠎ᠠ᠃ ᠸᠠᠩ ᠣᠪᠣᠭᠲᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠡᠨᠡ ᠭᠡᠷ ᠢ ᠵᠠᠩ ᠣᠪᠣᠭᠲᠤ ᠳᠤ ᠬᠤᠳᠠᠯᠳᠤᠵᠤ ᠥᠭᠬᠦ ᠰᠠᠨᠠᠭ᠎ᠠ ᠲᠠᠢ᠃ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ᠂ ᠯᠢ ᠣᠪᠣᠭᠲᠤ ︽ᠠᠷᠠᠯᠵᠢᠶ᠎ᠠ ᠮᠠᠶᠢᠮᠠᠶ ᠬᠢᠬᠦ ᠳᠤ ᠲᠦᠷᠢᠶᠡᠰᠣᠯᠡᠬᠦ ᠶᠢ ᠡᠪᠳᠡᠬᠦ ᠦᠭᠡᠢ︾ ᠲᠦᠷᠢᠮ ᠢ ᠡᠰᠢ ᠲᠠᠲᠠᠵᠤ ᠦᠷᠭᠦᠯᠵᠢᠯᠡᠨ ᠭᠡᠷ ᠪᠠᠶᠢᠰᠢᠩ ᠢ ᠡᠵᠡᠯᠡᠵᠦ ᠪᠣᠯᠬᠤ ᠦᠭᠡᠢ᠂ ᠭᠡᠪᠡᠴᠦ ᠡᠨᠡ ᠦᠶ᠎ᠡ ᠳᠤ ᠯᠢ ᠣᠪᠣᠭᠲᠤ ᠡᠨᠡ ᠭᠡᠷ ᠢ ᠲᠤᠭᠤᠭᠠᠳ ᠬᠤᠳᠠᠯᠳᠤᠨ ᠠᠪᠬᠤ ᠰᠠᠨᠠᠭ᠎ᠠ ᠲᠠᠢ ᠪᠣᠯᠵᠠᠢ᠃ ᠯᠢ ᠣᠪᠣᠭᠲᠤ ᠶᠢᠨ ᠣᠷᠣᠨ ᠰᠠᠭᠤᠴᠠ ᠶᠢᠨ ᠲᠣᠭᠲᠠᠪᠤᠷᠢᠲᠤ ᠴᠢᠨᠠᠷ ᠢ ᠪᠠᠲᠤᠯᠠᠬᠤ ᠶᠢᠨ ᠲᠥᠯᠥᠭᠡ᠂ ᠢᠷᠭᠡᠨ ᠤ ᠬᠠᠤᠯᠢ ᠶᠢᠨ ᠪᠢᠴᠢᠭ ᠨᠢ ᠯᠢ ᠣᠪᠣᠭᠲᠤ ᠳᠤ ᠠᠳᠠᠯᠢ ᠨᠥᠬᠦᠴᠡᠯ ᠳᠣᠣᠷᠠᠬᠢ ︽ᠤᠷᠢᠳᠠᠪᠠᠷ ᠲᠦᠷᠢᠶᠡᠰᠦᠯᠡᠬᠦ ᠡᠷᠬᠡ︾᠎ ᠶᠢ ᠡᠳ᠋ᠯᠡᠬᠦᠯᠪᠡ᠃ ᠥᠭᠡᠷ᠎ᠡ ᠪᠠᠷ ᠬᠡᠯᠡᠪᠡᠯ᠂ ᠬᠡᠷᠪᠡ ᠵᠠᠩ ᠣᠪᠣᠭᠲᠤ ᠪᠣᠯᠤᠨ ᠯᠢ ᠣᠪᠣᠭᠲᠤ ᠪᠦᠷ 150 ᠲᠦᠮᠡᠨ ᠲᠥᠭᠦᠷᠢᠭ ᠭᠠᠷᠭᠠᠵᠤ ᠡᠨᠡ ᠭᠡᠷ ᠢ ᠬᠤᠳᠠᠯᠳᠤᠨ ᠠᠪᠬᠤ ᠮᠥᠷᠲᠡᠭᠡᠨ ᠲᠥᠯᠥᠬᠦ ᠠᠷᠭ᠎ᠠ ᠨᠢ ᠠᠳᠠᠯᠢᠬᠠᠨ ᠪᠣᠯ ᠯᠢ ᠣᠪᠣᠭᠲᠤ ᠲᠦᠷᠢᠶᠡᠰᠦᠯᠡᠭᠴᠢ ᠶᠢᠨ ᠬᠤᠪᠢ ᠪᠠᠷ ᠪᠤᠰᠤᠳ‌‍ᠬᠥ᠋ᠮᠦᠨ ᠠᠴᠠ ᠤᠷᠢᠳᠠᠪᠠᠷ ᠡᠨᠡ ᠭᠡᠷ ᠢ ᠬᠤᠳᠠᠯᠳᠤᠨ ᠠᠪᠬᠤ ᠡᠷᠬᠡ ᠲᠠᠢ᠃ ᠬᠡᠷᠪᠡ ᠵᠠᠩ ᠣᠪᠣᠭᠲᠤ 160 ᠲᠦᠮᠡᠨ‌‍ᠲ᠋ᠥ᠋ᠭᠦᠷᠢᠭ ᠭᠠᠷᠭᠠᠵᠤ᠂ ᠯᠢ ᠣᠪᠣᠭᠲᠤ 150 ᠲᠦᠮᠡᠨ ᠲᠥᠭᠦᠷᠢᠭ ᠭᠠᠷᠭᠠᠵᠤ ᠡᠨᠡ ᠭᠡᠷ ᠢ ᠬᠤᠳᠠᠯᠳᠤᠨ ᠠᠪᠤᠶ᠎ᠠ ᠭᠡᠬᠦ ᠳᠤ ᠬᠦᠷᠪᠡᠯ᠂ ᠯᠢ ᠣᠪᠣᠭᠲᠤ ᠳᠠᠷᠤᠢ ᠵᠠᠩ ᠣᠪᠣᠭᠲᠤ ᠠᠴᠠ ᠡᠨᠡ ᠭᠡᠷ ᠢ ᠣᠷᠢᠳᠠᠪᠠᠷ ᠬᠤᠳᠠᠯᠳᠤᠨ ᠠᠪᠬᠤ ᠡᠷᠬᠡ ᠦᠭᠡᠢ ᠪᠣᠯᠤᠨ᠎ᠠ᠃       ︽ᠠᠳᠠᠯᠢ ᠨᠥᠬᠦᠴᠡᠯ ᠳᠣᠤᠷᠠᠬᠢ ᠤᠷᠢᠳᠠᠪᠠᠷ ᠬᠤᠳᠠᠯᠳᠤᠨ ᠠᠪᠬᠤ ᠡᠷᠬᠡ︾᠎ ᠳᠤ ᠪᠠᠰᠠ ᠣᠨᠴᠣᠭᠤᠢ ᠪᠠᠶᠢᠳᠠᠯ ᠪᠠᠶᠢᠳᠠᠭ᠂ ᠲᠤᠬᠠᠶᠢᠯᠠᠪᠠᠯ ᠲᠦᠷᠢᠶᠡᠰᠦᠯᠡᠭᠴᠢ ᠨᠢ ᠭᠡᠷ ᠪᠠᠶᠢᠰᠢᠩ ᠤᠨ ᠬᠠᠮᠲᠤ ᠪᠠᠷ ᠥᠮᠴᠢᠯᠡᠬᠦ ᠡᠷᠬᠡᠲᠦ ᠬᠥᠮᠦᠨ ᠪᠠ ᠭᠡᠷ ᠪᠠᠶᠢᠰᠢᠩ ᠤᠨ ᠡᠵᠡᠨ ᠤ ᠤᠶᠢᠢᠷ᠎ᠠ ᠲᠦᠷᠦᠯ ᠰᠠᠳᠤᠨ ᠠᠴᠠ ᠤᠷᠢᠳᠠᠪᠠᠷ ᠬᠤᠳᠠᠯᠳᠤᠨ ᠠᠪᠬᠤ ᠡᠷᠬᠡ ᠦᠭᠡᠢ᠃ ᠳᠡᠭᠡᠷᠡᠬᠢ ᠵᠢᠱᠢᠶ᠎ᠡ ᠶᠢ ᠦᠷᠬᠦᠯᠵᠢᠯᠡᠪᠡᠯ᠂ ᠬᠡᠷᠪᠡ ᠸᠠᠩ ᠣᠪᠣᠭᠲᠤ ᠲᠦᠷᠢᠶᠡᠰᠦᠯᠡᠬᠦ ᠭᠡᠷ᠎ᠡ ᠵᠢᠨ‌ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠡᠨᠡ ᠭᠡᠷ ᠢ ᠸᠠᠩ ᠣᠪᠣᠭᠲᠤ ᠶᠢᠨ ᠡᠭᠡᠴᠢ ᠳᠤ ᠬᠤᠳᠠᠯᠳᠤᠨ ᠥᠭᠬᠦ ᠰᠠᠨᠠᠭ᠎ᠠ ᠲᠠᠢ ᠪᠣᠯ ᠸᠠᠩ ᠣᠪᠣᠭᠲᠤ ᠶᠢᠨ ᠡᠭᠡᠴᠢ ᠶᠢᠨ ᠭᠠᠷᠭᠠᠭᠰᠠᠨ ᠦᠨ᠎ᠡ ᠨᠢ ᠯᠢ ᠣᠪᠣᠭᠲᠤ ᠶᠢᠨ ᠭᠠᠷᠭᠠᠭᠰᠠᠨ ᠦᠨ᠎ᠡ ᠠᠴᠠ ᠳᠣᠣᠷ᠎ᠠ ᠪᠠᠶᠢᠭᠰᠠᠨ ᠴᠦ ᠯᠢ ᠣᠪᠣᠭᠲᠤ ᠸᠠᠩ ᠣᠪᠣᠭᠲᠤ ᠶᠢᠨ ᠡᠭᠡᠴᠢ ᠠᠴᠠ ᠡᠨᠡ ᠭᠡᠷ ᠢ ᠤᠷᠢᠳᠠᠪᠠᠷ ᠬᠤᠳᠠᠯᠳᠤᠨ ᠠᠪᠬᠤ ᠡᠷᠬᠡ ᠶᠢ ᠣᠯᠵᠤ ᠲᠡᠶᠢᠯᠬᠦ ᠦᠭᠡᠢ᠃ ᠡᠨᠡ ᠨᠢ ᠮᠥᠨ ᠴᠦ ᠢᠷᠭᠡᠨ ᠤ ᠬᠠᠤᠯᠢ ᠶᠢᠨ ᠪᠢᠴᠢᠭ ᠲᠤ ᠠᠷᠠᠳ ᠤᠯᠠᠨ ᠤ ᠬᠡᠷᠡᠭᠴᠡᠭᠡ ᠵᠢ‌‍ᠬᠦ᠋ᠢᠴᠡᠳ ᠪᠣᠳᠣᠯᠬᠢᠯᠠᠭᠠᠳ‌‍ᠲ᠋ᠣᠭᠳᠠᠭᠠᠭᠰᠠᠨ‌ᠮᠠᠰᠢ ᠶᠡᠭᠡ‌‍ᠬᠥ᠋ᠮᠦᠨᠴᠢ ᠴᠢᠨᠠᠷ ᠲᠠᠢ ᠬᠠᠤᠯᠢ ᠴᠠᠭᠠᠵᠠ ᠶᠢᠨ ᠵᠢᠷᠤᠭ ᠲᠥᠯᠥᠪᠯᠡᠭᠡ ᠪᠣᠯᠤᠨ᠎ᠠ᠃                          ᠲᠦᠷᠢᠶᠡᠰᠦᠯᠡᠭᠴᠢ ᠨᠢ ᠤᠷᠢᠳᠠᠪᠠᠷ ᠲᠦᠷᠢᠶᠡᠰᠦᠯᠡᠬᠦ ᠡᠷᠬᠡ ᠲᠠᠢ ᠤᠤ︖     ᠳᠡᠭᠡᠷ᠎ᠡ ᠶᠠᠷᠢᠭᠰᠠᠨ ᠤᠷᠢᠳᠠᠪᠠᠷ ᠬᠤᠳᠠᠯᠳᠤᠨ ᠠᠪᠬᠤ ᠡᠷᠬᠡ ᠨᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠭᠡᠷ ᠤᠨ ᠡᠵᠡᠨ ᠭᠡᠷ ᠪᠠᠶᠢᠰᠢᠩ ᠢᠶᠠᠨ ᠬᠤᠳᠠᠯᠳᠤᠬᠤ ᠭᠡᠵᠦ‌‍ᠪᠠᠶᠢᠭ᠎ᠠ ᠪᠠᠶᠢᠳᠠᠯ ᠳᠤ ᠲᠣᠬᠢᠷᠠᠨ᠎ᠠ᠃ ᠭᠡᠪᠡᠴᠦ ᠬᠡᠷᠪᠡ ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠭᠡᠷ ᠤᠨ ᠡᠵᠡᠨ ᠪᠠᠰᠠ ᠡᠨᠡᠬᠦ ᠭᠡᠷ ᠪᠠᠶᠢᠰᠢᠩ ᠢ ᠦᠷᠭᠦᠯᠵᠢᠯᠡᠨ ᠲᠦᠷᠢᠶᠡᠰᠦᠯᠡᠬᠦᠯᠬᠦ ᠰᠠᠨᠠᠭ᠎ᠠ ᠲᠠᠢ ᠪᠠᠶᠢᠳᠠᠯ ᠳᠣᠣᠷ᠎ᠠ᠂ ᠢᠷᠭᠡᠨ ᠤ ᠬᠠᠤᠯᠢ ᠶᠢᠨ ᠪᠢᠴᠢᠭ ᠨᠢ ᠲᠦᠷᠢᠶᠡᠰᠦᠯᠡᠭᠴᠢ ᠳᠤ ᠠᠳᠠᠯᠢᠬᠠᠨ ᠨᠥᠬᠦᠴᠡᠯ ᠳᠣᠣᠷᠠᠬᠢ ᠣᠷᠢᠳᠠᠪᠡᠷ ᠲᠦᠷᠢᠶᠡᠰᠦᠯᠡᠬᠦ ᠡᠷᠬᠡ ᠶᠢ ᠣᠯᠭᠤᠭᠰᠠᠨ ᠪᠠᠶᠢᠨ᠎ᠠ᠃     ᠢᠷᠭᠡᠨ ᠤ ᠬᠠᠤᠯᠢ ᠶᠢᠨ ᠪᠢᠴᠢᠭ ᠤᠨ ᠲᠤᠯᠤᠭᠠᠨ ᠵᠠᠭᠤ ᠭᠤᠴᠢᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ᠄ ︽ᠲᠦᠷᠢᠶᠡᠰᠦᠯᠡᠬᠦᠯᠬᠦ ᠬᠤᠭᠤᠴᠠᠭ᠎ᠠ ᠨᠢ ᠳᠣᠯᠵᠦ᠂ ᠭᠡᠷ ᠪᠠᠶᠢᠰᠢᠩ ᠲᠦᠷᠢᠶᠡᠰᠦᠯᠡᠭᠴᠢ ᠠᠳᠠᠯᠢ ᠨᠥᠬᠦᠴᠡᠯ ᠢᠶᠠᠷ ᠤᠷᠢᠳᠠᠪᠠᠷ ᠲᠦᠷᠢᠶᠡᠰᠦᠯᠡᠬᠦ ᠡᠷᠬᠡ ᠲᠠᠢ︾ ᠭᠡᠵᠦ ᠲᠤᠬᠲᠠᠵᠠᠢ᠃     ᠡᠨᠡᠬᠦ ᠬᠠᠤᠯᠢ ᠳᠤ ᠲᠣᠭᠲᠠᠭᠠᠭᠰᠠᠨ ᠨᠢ᠂ ᠯᠢ ᠣᠪᠣᠭᠲᠤ ᠪᠣᠯᠤᠨ ᠸᠠᠩ ᠣᠪᠣᠭᠲᠤ ᠶᠢᠨ ᠬᠤᠭᠤᠷᠣᠨᠳᠣᠬᠢ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠸᠠᠩ ᠣᠪᠣᠭᠲᠤ ᠰᠦᠯᠵᠢᠶᠡᠨ ᠳᠡᠭᠡᠷ᠎ᠡ ᠲᠦᠷᠢᠶᠡᠰᠣᠯᠡᠬᠦᠯᠬᠦ ᠮᠡᠳᠡᠭᠡ ᠵᠠᠩᠭᠢ ᠨᠡᠶᠢᠲᠡᠯᠡᠵᠦ᠂ ᠡᠨᠡ ᠭᠡᠷ ᠢ ᠦᠷᠭᠦᠯᠵᠢᠯᠡᠨ ᠲᠦᠷᠢᠶᠡᠰᠣᠯᠡᠬᠦᠯᠬᠦ ᠪᠠᠶᠢᠳᠠᠯ ᠤᠨ ᠳᠣᠤᠷ᠎ᠠ᠂ ᠯᠢ ᠣᠪᠣᠭᠲᠤ ᠬᠡᠷᠪᠡ ᠸᠠᠩ ᠣᠪᠣᠭᠲᠤ ᠶᠢᠨ ᠥᠭᠭᠦᠭᠰᠡᠨ ᠰᠢᠨ᠎ᠡ ᠲᠦᠷᠢᠶᠡᠰᠣᠯᠡᠬᠦᠯᠬᠦ ᠨᠥᠬᠦᠴᠡᠯ ᠢ ᠬᠦᠯᠢᠶᠡᠨ ᠠᠪᠣᠭᠰᠠᠨ ᠪᠠᠶᠢᠪᠠᠯ᠂ ᠯᠢ ᠣᠪᠣᠭᠲᠤ ᠪᠤᠰᠤᠳ ᠬᠥᠮᠦᠨ ᠠᠴᠠ ᠣᠷᠢᠳᠡᠪᠡᠷ ᠡᠨᠡ ᠭᠡᠷ ᠢ ᠠᠳᠠᠯᠢ ᠨᠥᠬᠦᠴᠡᠯ ᠢᠶᠠᠷ ᠲᠦᠷᠢᠶᠡᠰᠦᠯᠡᠬᠦ ᠡᠷᠬᠡ ᠲᠠᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号