ᠣᠷᠳᠣᠰ ᠤᠨ ᠬᠡᠬᠡᠷ᠎ᠠ ᠶᠢᠨ ᠠᠮᠢᠲᠠᠨ ᠤ ᠬᠦᠷᠢᠶᠡᠯᠡᠩ᠂ ᠲᠡᠯᠡᠶ ᠶᠢᠨ ᠠᠮᠢᠳᠡᠨ ᠤ ᠣᠷᠳᠣᠨ ᠡᠭᠦᠳᠡ ᠪᠠᠨ ᠨᠡᠭᠡᠭᠡᠵᠦ ᠵᠣᠴᠢᠳ ᠢᠶᠠᠨ ᠤᠭᠲᠤᠪᠠ
ᠨᠡᠶᠢᠲᠡᠯᠡᠭᠰᠡᠨ ᠴᠠᠭ᠄
2020/3/18
     ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠪᠣᠯᠤᠨ ᠲᠡᠯᠡᠢ ᠶᠢᠨ ᠠᠮᠢᠳᠡᠨ ᠤ ᠣᠷᠳᠣᠨ᠂ ᠤᠷᠭᠤᠮᠠᠯ ᠤᠨ ᠬᠦᠷᠢᠶᠡᠯᠡᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠲᠤᠷ ᠬᠢᠬᠦ ᠶᠢᠨ ᠲᠠᠭᠠᠤ ᠦᠶ᠋ᠯᠡᠳᠪᠦᠷᠢᠯᠡᠯ ᠢᠶᠠᠨ ᠰᠡᠷᠭᠦᠭᠡᠬᠦ ᠪᠠᠷ ᠴᠢᠷᠮᠠᠶᠢᠵᠤ ᠪᠠᠶᠢᠨ᠎ᠠ᠃ 3 ᠰᠠᠷ᠎ᠠ ᠶᠢᠨ 17᠎ ᠤ ᠡᠳᠦᠷ ᠠᠴᠠ ᠡᠬᠢᠯᠡᠨ ᠡᠳᠡᠭᠡᠷ ᠵᠢᠭᠤᠯᠴᠢᠯᠠᠯ ᠤᠨ ᠦᠵᠡᠮᠵᠢ ᠶᠢᠨ ᠤᠷᠤᠨ ᠤᠳ ᠡᠭᠦᠳᠡ ᠪᠠᠨ ᠨᠡᠭᠡᠭᠡᠵᠦ ᠵᠣᠴᠢᠳ ᠢᠶᠠᠨ ᠤᠭᠲᠤᠵᠠᠶ᠃       ᠨᠡᠭᠡᠭᠡᠯᠳᠡ ᠬᠢᠬᠦ ᠴᠠᠭ ᠄ 8᠄ 30 — 17᠄ 30      ᠪᠢᠯᠧᠲ ᠤᠨ ᠦᠨ᠎ᠠ᠄      ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠪᠢᠯᠧᠲ ᠤᠨ ᠦᠨ᠎ᠠ ᠶᠢ ᠬᠠᠭᠠᠰ ᠢᠶᠠᠷ ᠬᠢᠮᠳᠠᠷᠠᠭᠤᠯᠤᠨ ᠬᠤᠳᠠᠯᠳᠤᠵᠤ ᠪᠠᠶᠢᠨ᠎ᠠ᠃      ᠠᠮᠢᠲᠠᠨ ᠤ ᠬᠦᠷᠢᠶᠡᠯᠡᠩ ᠤᠨ ᠪᠢᠯᠧᠲ ᠤᠨ ᠦᠨ᠎ᠠ 60 ᠲᠦᠭᠦᠷᠢᠭ      ᠲᠡᠯᠡᠢ ᠶᠢᠨ ᠠᠮᠢᠳᠡᠨ ᠤ ᠣᠷᠳᠣᠨ ᠤ ᠪᠢᠯᠧᠲ ᠤᠨ ᠦᠨ᠎ᠠ 40 ᠲᠦᠭᠦᠷᠢᠭ      ᠤᠷᠭᠤᠮᠠᠯ ᠤᠨ ᠬᠦᠷᠢᠶᠡᠯᠡᠩ ᠤᠨ ᠪᠢᠯᠧᠲ ᠤᠨ ᠦᠨ᠎ᠠ 10 ᠲᠦᠭᠦᠷᠢᠭ      ︵1.2 — 1.4 ᠮᠧᠲᠷ ᠤᠨ ᠦᠨᠳᠦᠷ ᠬᠡᠦᠭᠡᠳ ᠬᠠᠭᠠᠰ ᠦᠨ᠎ᠠ ︶     ᠬᠦᠷᠢᠶᠡᠯᠡᠩ ᠳᠤ ᠤᠷᠤᠬᠤ ᠳᠤ ᠠᠩᠬᠠᠷᠬᠤ ᠵᠦᠢᠯᠡᠰ᠄      ᠬᠦᠷᠢᠶᠡᠯᠡᠩ ᠢᠶᠠᠷ ᠵᠤᠭᠠᠴᠠᠬᠤ ᠳᠤ ᠦᠪᠡᠷ ᠢᠶᠠᠨ ᠲᠡᠷᠭᠡ ᠵᠢᠯᠤᠭᠤᠳᠴᠤ ᠤᠷᠤᠨ᠎ᠠ᠃      ᠵᠢᠭᠤᠯᠴᠢᠯᠠᠭᠴᠢᠳ ᠡᠷᠬᠡᠪᠰᠢ ᠠᠮᠠᠪᠴᠢ ᠵᠡᠭᠦᠬᠦ ᠬᠡᠷᠡᠭᠲᠡᠶ᠃      ᠬᠦᠷᠢᠶᠡᠯᠡᠩ ᠳᠤ ᠣᠷᠣᠬᠤ ᠬᠥᠮᠦᠨ ᠤ ᠲᠤᠭ᠎ᠠ ᠶᠢ 2000 ᠬᠥᠮᠦᠨ ᠢᠶᠠᠷ ᠬᠢᠵᠡᠭᠠᠷᠯᠠᠵᠤ᠂ ᠲᠡᠷᠡ ᠮᠦᠷᠳᠡᠭᠡᠨ ᠦᠨᠡᠨ ᠨᠡᠷ᠎ᠡ ᠪᠠᠷ ᠲᠠᠩᠰᠠᠯᠠᠨ᠎ᠠ᠃      ᠪᠢᠯᠧᠲ ᠢ ᠰᠦᠯᠵᠢᠶᠡᠨ ᠳᠡᠭᠡᠷ᠎ᠡ ᠬᠤᠳᠠᠯᠳᠤᠨ᠎ᠠ᠃      ᠲᠣᠭᠤᠷᠢᠨ ᠦᠵᠡᠬᠦ ᠦᠶ᠎ᠡ ᠳᠤ ᠡᠷᠬᠢᠨ ᠲᠣᠭᠤᠷᠢᠨ ᠤ ᠵᠤᠭᠠᠴᠠᠭᠰᠠᠳ ᠯᠤᠭ᠎ᠠ 1.5 ᠮᠧᠲᠷ ᠠᠴᠠ ᠳᠡᠭᠡᠭᠰᠢ ᠵᠠᠶᠢᠲᠠᠶ ᠪᠠᠶᠢᠬᠤ ᠶᠢ ᠠᠩᠬᠠᠷᠤᠨ᠎ᠠ᠃      ᠡᠩᠬᠦᠷᠡᠶ ᠠᠮᠢᠲᠠᠨ ᠢᠶᠠᠨ ᠠᠪᠴᠤ ᠬᠦᠷᠢᠶᠡᠯᠡᠩ ᠳᠤ ᠣᠷᠣᠵᠤ ᠪᠣᠯᠬᠤ ᠥᠬᠡᠶ᠃
ᠢᠷᠡᠯᠲᠡ᠄ ᠤᠷᠳᠤᠰ ᠮᠤᠩᠭᠤᠯ ᠰᠦᠯᠵᠢᠶ᠎ᠠ