ᠡᠵᠡᠨ ᠬᠤᠷᠤᠭ᠎ᠠ ᠬᠤᠰᠢᠭᠤ ᠰᠤᠶᠤᠯ ᠵᠤᠭᠠᠴᠠᠯ ᠤᠨ ᠵᠠᠬ᠎ᠠ ᠲᠡᠯᠬᠡᠬᠦᠷ ᠤᠨ ᠬᠢᠵᠢᠭ ᠤᠨ ᠪᠠᠶᠢᠳᠠᠯ ᠢ ᠪᠠᠶᠢᠴᠠᠭᠠᠵᠤ ᠠᠵᠢᠯ ᠢᠶᠠᠨ ᠰᠡᠷᠬᠦᠬᠡᠨ ᠤᠢᠢᠯᠡᠳᠪᠤᠷᠢᠯᠡᠯ ᠢᠶᠠᠨ ᠰᠡᠷᠬᠦᠬᠡᠬᠦ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/3/25
     ᠡᠵᠡᠨ ᠬᠤᠷᠤᠭ᠎ᠠ ᠬᠤᠰᠢᠭᠤᠨ ᠤ ᠰᠤᠶᠤᠯ ᠵᠤᠭᠠᠴᠠᠯ ᠤᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠤᠳᠤᠬᠠᠨ ᠤ ᠬᠠᠮᠤᠭ ᠴᠢᠬᠤᠯᠠ ᠠᠵᠢᠯ ᠢᠶᠠᠨ ᠪᠤᠯᠭᠠᠨ ᠠᠳᠬᠤᠵᠥ᠂ ᠠᠵᠢᠯ ᠤᠨ ᠲᠥᠰᠥᠯ ᠢ ᠲᠤᠭᠳᠠᠭᠠᠬᠤ ᠪᠠᠷ ᠲᠠᠮᠵᠢᠨ᠂ ᠰᠡᠷᠬᠡᠶᠢᠯᠡᠨ ᠡᠵᠡᠮᠳᠡᠬᠦ ᠬᠠᠷᠠᠯᠳᠡ ᠵᠢᠴᠢ ᠬᠠᠷᠢᠭᠤᠴᠠᠯᠭ᠎ᠠ ᠶᠢ ᠲᠤᠳᠤᠷᠬᠠᠢᠢᠯᠠᠵᠥ᠂ ᠬᠠᠤᠯᠢ ᠬᠡᠷᠡᠭᠵᠢᠬᠦᠯᠥᠭᠴᠢ ᠶᠢ ᠵᠤᠬᠢᠶᠠᠨ ᠪᠠᠶᠢᠭᠤᠯᠤᠨ ᠬᠠᠷᠢᠶ᠎ᠠ ᠲᠤᠭᠤᠷᠢᠭ ᠤᠨ ᠰᠤᠶᠤᠯ ᠵᠤᠭᠠᠴᠠᠯ ᠤᠨ ᠵᠠᠬ᠎ᠠ ᠲᠡᠯᠬᠡᠬᠦᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠥᠷᠥᠯ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠥ ᠪᠠᠶᠢᠨ᠎ᠠ᠃      ᠳᠡᠳᠡ ᠭᠤᠤᠯᠳᠠᠭᠤ ᠺᠢᠨᠣ᠋ ᠵᠥᠴᠥᠬᠡ ᠶᠢᠨ ᠲᠢᠶᠠᠲᠷ᠂ ᠪᠠᠭᠤᠳᠠᠯ᠂ ᠵᠤᠭᠠᠴᠠᠯ ᠤᠨ ᠤᠷᠤᠨ ᠵᠢᠴᠢ ᠬᠥᠮᠤᠨ ᠠᠮᠨ ᠲᠥᠪᠯᠡᠷᠡᠩᠬᠦᠢ ᠡᠯ᠎ᠡ ᠲᠥᠷᠥᠯ ᠤᠨ ᠰᠤᠶᠤᠯ ᠴᠡᠩᠬᠡᠬᠦᠨ ᠤ ᠡᠵᠡᠩᠨᠡᠯᠳᠡ ᠶᠢᠨ ᠭᠠᠵᠠᠷ ᠵᠡᠷᠬᠡ ᠶᠢᠨ ᠠᠵᠢᠯ ᠢᠶᠠᠨ ᠵᠤᠭᠰᠤᠭᠠᠭᠰᠠᠨ ᠪᠠ ᠠᠵᠢᠯ ᠢᠶᠠᠨ ᠰᠡᠷᠬᠦᠬᠡᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠠᠢ᠃ ᠤᠳᠤᠬᠠᠨ ᠳᠤ᠂ ᠡᠯ᠎ᠡ ᠲᠥᠷᠥᠯ ᠤᠨ ᠰᠤᠶᠤᠯ ᠵᠤᠭᠠᠴᠠᠯ ᠤᠨ ᠡᠵᠡᠩᠨᠡᠯᠳᠡ ᠶᠢᠨ ᠪᠠᠶᠢᠭᠤᠯᠭ᠎ᠠ ᠨᠢᠬᠡᠴᠢ ᠪᠥᠬᠦᠨ ᠢᠶᠠᠷ ᠢᠶᠠᠨ ᠠᠵᠢᠯ ᠢᠶᠠᠨ ᠰᠡᠷᠬᠦᠬᠡᠨ ᠤᠢᠢᠯᠡᠳᠪᠤᠷᠢᠯᠡᠯ ᠢᠶᠠᠨ ᠰᠡᠷᠬᠦᠬᠡᠵᠥ ᠡᠬᠢᠯᠡᠨ᠂ ᠡᠵᠡᠨ ᠬᠤᠷᠤᠭ᠎ᠠ ᠬᠤᠰᠢᠭᠤᠨ ᠤ ᠰᠤᠶᠤᠯ ᠵᠤᠭᠠᠴᠠᠯ ᠤᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠡᠯ᠎ᠡ ᠰᠤᠶᠤᠯ ᠵᠤᠭᠠᠴᠠᠯ ᠤᠨ ᠡᠵᠡᠩᠨᠡᠯᠳᠡ ᠶᠢᠨ ᠠᠵᠢᠯ ᠲᠥᠷᠥᠯ ᠤᠨ ᠬᠥᠷᠢᠶᠡᠨ ᠳᠠᠬᠢ ᠬᠠᠤᠯᠢ ᠲᠤᠭᠳᠠᠭᠠᠯ ᠢ ᠵᠢᠷᠤᠮᠯᠠᠬᠤ ᠶᠢᠨ ᠬᠠᠮᠳᠤ ᠠᠵᠢᠯᠳᠠᠨ ᠠᠵᠢᠯᠴᠢᠨ ᠢ ᠲᠠᠩᠰᠠᠯᠠᠬᠤ᠂ ᠠᠷᠢᠭᠤᠳᠬᠠᠯ ᠬᠢᠬᠦ ᠠᠵᠢᠯ ᠢ ᠰᠠᠶᠢᠳᠤᠷ ᠬᠢᠵᠥ᠂ ᠬᠠᠤᠯᠢ ᠶᠢ ᠰᠠᠬᠢᠭᠰᠠᠨ ᠡᠵᠡᠩᠨᠡᠯᠳᠡ᠂ ᠲᠥᠷᠢᠮᠵᠢᠭᠰᠡᠨ ᠡᠵᠡᠩᠨᠡᠯᠳᠡ ᠶᠢ ᠥᠨᠡᠨ ᠬᠦ ᠪᠡᠶᠡᠯᠡᠬᠦᠯᠬᠦ ᠶᠢ ᠱᠠᠭᠠᠷᠳᠠᠵᠠᠢ᠃      ᠤᠳᠤᠬᠠᠨ ᠬᠥᠷᠳᠡᠯ᠎ᠠ᠂ ᠬᠠᠤᠯᠢ ᠶᠢ ᠬᠡᠷᠡᠭᠵᠢᠬᠦᠯᠥᠭᠴᠢ ᠶᠢ 319 ᠬᠥᠮᠤᠨ ᠤᠳᠠᠭ᠎ᠠ᠂ ᠬᠠᠤᠯᠢ ᠬᠡᠷᠡᠭᠵᠢᠬᠦᠯᠬᠦ ᠲᠡᠷᠬᠡ ᠮᠠᠰᠢᠨ ᠢ 77 ᠤᠳᠠᠭ᠎ᠠ ᠲᠤᠮᠢᠯᠠᠵᠥ᠂ ᠰᠥᠯᠵᠢᠶᠠᠨ ᠪᠠᠭᠠᠷ ᠢ 582 ᠤᠳᠠᠭ᠎ᠠ᠂ ᠲᠠᠭᠤᠤ ᠪᠥᠵᠢᠭ ᠴᠡᠩᠬᠡᠬᠦᠨ ᠤ ᠭᠠᠵᠠᠷ ᠢ 720 ᠤᠳᠠᠭ᠎ᠠ᠂ ᠨᠤᠮ ᠤᠨ ᠲᠡᠯᠬᠡᠬᠦᠷ ᠢ 684 ᠤᠳᠠᠭ᠎ᠠ᠂ ᠵᠤᠭᠠᠴᠠᠯ ᠤᠨ ᠤᠷᠤᠨ ᠢ 372 ᠤᠳᠠᠭ᠎ᠠ᠂ ᠵᠤᠭᠠᠴᠠᠭᠰᠠᠳ ᠲᠤ ᠤᠢᠢᠯᠡᠴᠢᠯᠡᠬᠦ ᠭᠠᠵᠠᠷ ᠢ 271 ᠤᠳᠠᠭ᠎ᠠ ᠪᠠᠶᠢᠴᠠᠭᠠᠵᠥ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠰᠤᠶᠤᠯ ᠤᠨ ᠵᠠᠬ᠎ᠠ ᠲᠡᠯᠬᠡᠬᠦᠷ ᠤᠨ ᠠᠮᠤᠷ ᠲᠥᠪᠰᠢᠨ ᠠᠮᠤᠷ ᠲᠤᠭᠳᠠᠭᠤᠨ᠂ ᠡᠮᠬᠢ ᠲᠢᠭᠯᠢᠮ ᠲᠠᠢ ᠪᠠᠶᠢᠬᠤ ᠶᠢ ᠪᠠᠳᠤᠯᠠᠵᠠᠢ᠃
ᠢᠷᠡᠯᠲᠡ᠄ ᠤᠷᠳᠤᠰ ᠮᠤᠩᠭᠤᠯ ᠰᠦᠯᠵᠢᠶ᠎ᠠ