ᠬᠠᠩᠭᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠭᠠᠴᠠᠯ ᠤᠨ ᠣᠷᠣᠨ ᠤ ᠠᠮᠤᠷ ᠲᠥᠪᠰᠢᠨ ᠤ ᠪᠠᠶᠢᠴᠠᠭᠠᠯᠲᠠ ᠶᠢᠨ ᠠᠵᠢᠯ ᠢ ᠰᠠᠶᠢᠳᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2020/4/16
     ᠵᠤᠭᠠᠴᠠᠯ ᠤᠨ ᠤᠷᠤᠨ ᠤ ᠠᠮᠤᠷ ᠲᠦᠪᠰᠢᠨ ᠤ ᠳᠠᠯᠳᠠ ᠬᠡᠮ ᠢ ᠲᠥᠢᠯᠪᠥᠷᠢᠲᠠᠢ ᠬᠤᠷᠢᠭᠯᠠᠬᠤ ᠶᠢᠨ ᠲᠥᠯᠥᠬᠡ ᠣᠶᠢᠷ᠎ᠠ ᠳᠤ ᠬᠠᠩᠭᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠶ᠎ᠠ ᠲᠤᠭᠤᠷᠢᠭ ᠤᠨ ᠦᠵᠡᠮᠵᠢ ᠶᠢᠨ ᠣᠷᠣᠨ ᠢᠶᠠᠷ ᠬᠥᠨᠵᠡᠬᠡᠶᠢᠷᠡᠨ ᠠᠶᠤᠯᠬᠦᠢ ᠶᠢᠨ ᠪᠠᠶᠢᠴᠠᠭᠠᠯᠳᠠ ᠬᠢᠪᠠ᠃      ᠺᠠᠳ᠋ᠷ ᠴᠠᠭᠳᠠᠭ᠎ᠠ ᠨᠠᠷ ᠤᠷᠢᠳ ᠬᠤᠵᠢᠳ ᠵᠤᠭᠠᠴᠠᠯ ᠤᠨ ᠣᠷᠣᠨ ᠤ ᠳᠤᠳᠤᠷᠠᠬᠢ ᠨᠠᠭᠠᠳᠤᠮ ᠤᠨ ᠭᠠᠵᠠᠷ᠂ ᠥᠵᠡᠮᠵᠢ ᠶᠢᠨ ᠤᠷᠤᠨ ᠢ ᠳᠤᠭᠤᠷᠢᠨ ᠥᠵᠡᠬᠦ ᠮᠠᠰᠢᠨ ᠳᠡᠷᠬᠡ᠂ ᠵᠤᠭᠠᠴᠠᠯ ᠤᠨ ᠵᠠᠮ ᠱᠤᠭᠤᠮ ᠤᠨ ᠬᠠᠮᠢᠶᠠᠷᠤᠯᠳᠠ ᠶᠢᠨ ᠪᠠᠶᠢᠳᠠᠯ ᠪᠠ ᠭᠠᠯ ᠤᠨ ᠠᠶᠤᠯ ᠠᠴᠠ ᠰᠡᠷᠬᠡᠶᠢᠯᠡᠬᠦ ᠳᠤᠨᠤᠭ ᠲᠥᠬᠦᠬᠡᠷᠤᠮᠵᠢ ᠶᠢ ᠨᠠᠷᠢᠨ ᠪᠠᠶᠢᠴᠠᠭᠠᠨ ᠥᠵᠡᠬᠦ ᠶᠢᠨ ᠬᠠᠮᠳᠤ ᠵᠤᠭᠠᠴᠠᠯ ᠤᠨ ᠤᠷᠤᠨ ᠤ ᠬᠠᠷᠢᠭᠤᠴᠠᠯᠭᠠᠲᠠᠨ ᠢ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠳᠤᠳᠤᠭᠠᠳᠤᠬᠢ ᠠᠮᠤᠷ ᠲᠦᠪᠰᠢᠨ ᠤ ᠬᠡᠮ ᠰᠣᠭᠤᠭ ᠢ ᠥᠪᠡᠰᠦᠪᠡᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠤᠨ᠂ ᠡᠯ᠎ᠡ ᠲᠥᠷᠥᠯ ᠤᠨ ᠠᠮᠤᠷ ᠲᠦᠪᠰᠢᠨ ᠤ ᠬᠡᠷᠡᠭ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃      ᠥᠢᠯᠠᠭᠠᠭᠰᠠᠨ ᠢᠶᠠᠷ᠂ ᠳᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ ᠵᠤᠭᠠᠴᠠᠯ ᠤᠨ ᠣᠷᠣᠨ ᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠥᠵᠡᠯ ᠤᠬᠠᠮᠰᠠᠷ ᠢ ᠳᠡᠭᠡᠭᠰᠢᠯᠡᠭᠦᠯᠤᠨ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠳᠤ ᠤᠯᠠᠮ ᠨᠢᠬᠡ ᠠᠯᠬᠤᠮ ᠤᠨ ᠪᠠᠳᠤᠯᠠᠭ᠎ᠠ ᠬᠠᠨᠭ᠍ᠭᠠᠨ ᠥᠭᠴᠠᠢ᠃
ᠢᠷᠡᠯᠲᠡ᠄ ᠤᠷᠳᠤᠰ ᠮᠤᠩᠭᠤᠯ ᠰᠦᠯᠵᠢᠶ᠎ᠠ