2020 ᠣᠨ ᠤ ᠪᠦᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠢ ᠣᠷᠳᠣᠰ ᠬᠤᠳᠠ ᠎ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠎ ᠤᠨ ᠮᠡᠳᠡᠭᠳᠡᠯ                          ᠣᠷᠳᠣᠰ ᠵᠠᠰᠠᠭ ᠠᠯᠪᠠᠨ  ᠲᠠᠷᠬᠠᠭᠠᠬᠤ ︹2020 ︺ 36 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2020/5/23
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ‌‍ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ᠂ ᠲᠤᠮᠦ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠳᠤ᠄      2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠵᠢᠯ ᠮᠥᠨ᠂ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠬᠦᠯ ᠬᠤᠷᠢᠶᠠᠬᠤ ᠵᠢᠯ ᠪᠤᠯᠤᠨ᠎ᠠ᠃ ᠪᠦᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠶᠠᠳᠠᠭᠤ ᠠᠴᠠ  ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠬᠦᠴᠦᠨ ᠨᠡᠮᠡᠷᠢᠯᠡᠬᠦ  ᠎ ᠶᠢᠨ ᠲᠤᠰᠠᠳᠠ᠂ ︽2020 ᠣᠨ ᠤ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠦᠰᠦᠭᠲᠦ ︹2020 ︺ 33 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠬᠤᠲᠠ  ᠶᠢᠨ  ᠠᠷᠠᠳ  ᠤᠨ  ᠵᠠᠰᠠᠭ ᠎ ᠤᠨ  ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2020 ᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠶ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ      ᠡᠯ᠎ᠡ ᠬᠤᠰᠢᠭᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠲᠣᠭᠲᠠᠭᠠᠭᠰᠠᠨ 2020 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ  ᠬᠡᠷᠡᠭᠵᠢᠬᠦᠯᠬᠦ ᠬᠡᠷᠡᠭᠲᠠᠢ᠃ ᠰᠢᠨ᠎ᠡ ᠪᠠᠷᠢᠮᠵᠢᠶ᠎ᠠ ᠶᠢ 2020 ᠤᠨ ᠤ 1 ᠰᠠᠷ᠎ᠠ ᠠᠴᠠ ᠡᠬᠢᠯᠡᠨ ᠬᠡᠷᠡᠭᠵᠢᠭᠦᠯᠵᠦ᠂  ᠲᠡᠷᠡᠴᠢᠯᠡᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠯᠡ ᠮᠥᠩᠭᠦ ᠨᠥᠬᠦᠪᠥᠷᠢᠯᠡᠨ ᠤᠯᠭᠤᠬᠤ ᠶᠢ ᠳᠠᠭᠤᠰᠬᠠᠵᠤ᠂ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶ᠎ᠡ ᠠᠴᠠ ᠤᠬᠤᠷᠢᠨ ᠭᠠᠷᠤᠭᠰᠠᠨ ᠪᠣᠯ ᠲᠠᠬᠢᠨ ᠨᠥᠬᠦᠵᠦ ᠤᠯᠭᠤᠬᠤ ᠦᠭᠡᠶ᠃ ᠡᠯ᠎ᠡ ᠬᠤᠰᠢᠭᠤ ᠲᠣᠭᠤᠷᠢᠭ ᠨᠢ 6 ᠰᠠᠷ᠎ᠠ ᠶᠢᠨ ᠳᠤᠮᠳᠠᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠢ  ᠬᠡᠷᠡᠭᠵᠢᠬᠦᠯᠦᠭᠰᠡᠨ ᠪᠠ ᠪᠡᠯᠡ ᠮᠥᠩᠭᠦ ᠲᠠᠷᠬᠠᠭᠠᠭᠰᠠᠨ ᠪᠠᠶᠢᠳᠠᠯ ᠢ ᠪᠠᠶᠢᠴᠠᠭᠠᠵᠤ᠂ ᠥᠪᠡᠷᠲᠡᠭᠡᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ ᠎ᠠ ᠳᠤ ᠮᠡᠳᠡᠭᠦᠯᠦᠨ ᠬᠦᠷᠭᠡᠭᠦ ᠬᠡᠷᠡᠭᠲᠠᠢ᠃ ᠲᠤᠰ ᠵᠢᠯ ᠤᠨ ᠳᠣᠲᠣᠷ᠎ᠠ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠎ ᠳᠤ ᠳᠠᠬᠢᠨᠲᠠ ᠲᠤᠬᠢᠷᠠᠭᠤᠯᠤᠯᠲᠠ ᠬᠢᠬᠦ ᠳᠤ ᠡᠷᠭᠡᠪᠰᠢ ᠬᠤᠯᠪᠣᠭᠳᠠᠯ ᠪᠦᠬᠦᠢ ᠳᠡᠰ ᠳᠠᠷᠠᠭᠠᠯᠠᠯ ᠤᠨ ᠶᠣᠰᠣᠭᠠᠷ ᠳᠡᠭᠡᠭᠰᠢ ᠮᠡᠳᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠠᠮᠵᠢᠭᠤᠯᠤᠨ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ   ᠬᠡᠷᠡᠭᠵᠢᠬᠦᠯᠬᠦ ᠬᠡᠷᠡᠭᠲᠠᠢ᠃      ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠠᠵᠢᠯ ᠢ ᠦᠨᠡᠨᠬᠦ ᠰᠠᠶᠢᠲᠤᠷ  ᠬᠢᠬᠦ ᠬᠡᠷᠡᠭᠲᠡᠶ      ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠮᠠᠭᠠᠳᠯᠠᠨ ᠲᠣᠭᠲᠠᠭᠠᠬᠤ ᠶᠠᠪᠤᠴᠠ ᠎ ᠳᠤ᠂ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠪᠦᠷᠢᠯᠳᠦᠬᠦᠨ ᠤ ᠬᠢᠵᠢᠭ ᠠᠴᠠ ᠪᠣᠯᠤᠭᠰᠠᠨ᠂ ᠡᠪᠡᠳᠴᠢᠨ ᠠᠴᠠ ᠪᠤᠯᠤᠭᠰᠠᠨ᠂ ᠵᠡᠮᠳᠡᠭ ᠠᠴᠠ ᠪᠣᠯᠤᠭᠰᠠᠨ ᠵᠡᠷᠭᠡ ᠨᠡᠮᠡᠭᠳᠡᠭᠰᠡᠨ ᠵᠠᠷᠤᠯᠭ᠎ᠠ ᠶᠢ ᠭᠡᠷ ᠪᠦᠯᠢ ᠶᠢᠨ ᠤᠷᠤᠯᠭ᠎ᠠ ᠳᠤ ᠲᠣᠭᠠᠴᠠᠭ᠎ᠠ ᠬᠢᠬᠦ ᠦᠶ᠎ᠡ ᠳᠤ ᠰᠠᠭᠤᠯᠭᠠᠨ ᠬᠠᠰᠣᠨ᠎ᠠ᠃ ᠬᠥᠳᠡᠯᠮᠦᠷᠢᠯᠡᠬᠦ ᠴᠢᠳᠠᠪᠤᠷᠢ ᠦᠭᠡᠶ ᠳᠠᠩᠰᠠ ᠡᠪᠬᠡᠮᠡᠯ ᠪᠠᠶᠢᠭᠤᠯᠤᠨ ᠺᠠᠷᠲ  ᠭᠠᠷᠭᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠶᠠᠳᠠᠭᠤᠷᠠᠬᠤ ᠳᠠᠬᠢᠨ ᠶᠠᠳᠠᠭᠤᠷᠠᠬᠤ ᠲᠦᠭᠰᠢᠭᠦᠷᠢ ᠶᠡᠬᠡᠲᠡᠶ ᠬᠥᠮᠦᠨ ᠠᠮᠠ ᠵᠡᠷᠭᠡ ᠭᠤᠤᠯᠳᠠᠯᠭ᠎ᠠ ᠲᠠᠢ ᠡᠲᠡᠭᠡᠳ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠶᠠᠳᠠᠭᠤ ᠠᠴᠠ ᠠᠩᠭᠢᠵᠢᠷᠠᠭᠤᠯᠬᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠬᠥᠳᠡᠯᠮᠦᠷᠢᠯᠡᠬᠦ ᠴᠢᠳᠠᠪᠤᠷᠢ ᠦᠭᠡᠶ ᠲᠠᠩᠰᠠ ᠪᠠ ᠺᠠᠷᠲ  ᠭᠠᠷᠭᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠫᠠᠶᠢᠰᠠ ᠡᠯᠬᠦᠨ ᠪᠠᠶᠢᠯᠳᠤᠭᠠᠨ ᠬᠢᠬᠦ ᠶᠢ ᠥᠷᠨᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠶ ᠪᠠᠷ  ᠨᠠᠶᠢᠲᠠᠪᠤᠷᠢᠵᠢᠭᠤᠯᠬᠤ ᠬᠡᠷᠡᠭᠲᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠳᠠᠩᠰᠠ ᠡᠪᠬᠡᠮᠡᠯ ᠪᠠᠶᠢᠭᠤᠯᠤᠨ ᠺᠠᠷᠲ  ᠭᠠᠷᠭᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ  ᠎ ᠠᠴᠠ ᠬᠡᠲᠦᠷᠡᠭᠰᠡᠨ ᠪᠤᠯ᠂ ᠵᠣᠬᠢᠬᠤ ᠴᠠᠭ ᠬᠤᠭᠤᠴᠠᠭᠠᠨ ᠤ ︽ᠠᠭᠠᠵᠢᠮ ᠢᠶᠠᠷ ᠤᠬᠤᠷᠢᠨ ᠭᠠᠷᠬᠤ ᠬᠤᠭᠤᠴᠠᠭ᠎ᠠ︾ ᠣᠯᠭᠤᠵᠤ ᠪᠣᠯᠤᠨ᠎ᠠ᠃ ᠬᠤᠰᠢᠭᠤ ᠲᠣᠭᠤᠷᠢᠭ ᠤᠨ ᠶᠠᠳᠠᠭᠤ ᠶᠢ ᠲᠡᠳᠬᠦᠵᠦ  ᠨᠡᠭᠡᠭᠡᠯᠲᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠲᠡᠭᠦᠨ ᠤ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠰᠠᠨ ᠢ ᠮᠠᠭᠠᠳᠯᠠᠨ ᠲᠤᠭᠳᠠᠭᠠᠭᠰᠠᠨ ᠤ ᠳᠠᠷᠠᠭ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠳᠠᠬᠢᠨ ᠤᠬᠤᠷᠢᠨ  ᠭᠠᠷᠭᠠᠬᠤ ᠬᠡᠷᠡᠭᠲᠠᠢ᠃ ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ  ᠤᠷᠤᠭᠤᠯᠬᠤ ᠬᠡᠷᠡᠭᠲᠠᠢ᠃      ᠭᠤᠷᠪᠠ᠂ ᠨᠡᠶᠢᠭᠡᠮ ᠤᠨ ᠠᠪᠤᠷᠠᠨ ᠲᠤᠰᠠᠯᠠᠬᠤ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠠᠢ      ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ  ᠬᠢᠨᠵᠡᠬᠡᠶᠢᠷᠡᠬᠦᠯᠬᠦ ᠬᠡᠷᠡᠭᠲᠠᠢ᠃ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ  ᠵᠠᠰᠠᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ  ᠲᠡᠬᠦᠯᠳᠡᠷᠵᠢᠬᠦᠯᠬᠦ ᠬᠡᠷᠡᠭᠲᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ  ᠠᠵᠢᠯ ᠤᠨ ᠵᠢᠷᠤᠮᠵᠢᠭᠰᠠᠨ ᠠᠵᠢᠯᠯᠠᠭᠠᠨ ᠤ ᠵᠢᠯᠣᠭᠤᠳᠤᠮᠵᠢ︾᠎ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ  ᠬᠠᠷᠭᠤᠭᠤᠯᠵᠤ ᠬᠢᠨᠠᠨ ᠵᠥᠪᠰᠢᠶᠡᠷᠡᠬᠦ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠵᠡᠷᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠨᠠᠷᠢᠯᠢᠭ ᠣᠨᠣᠴᠠᠲᠠᠶ ᠪᠠᠷ ᠮᠠᠭᠠᠳᠯᠠᠨ  ᠲᠤᠭᠳᠠᠭᠠᠬᠤ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠠᠢ᠃ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ᠂ ᠵᠡᠮᠳᠡᠭᠴᠦᠳ᠂ ᠬᠦᠨᠳᠦ ᠡᠪᠡᠳᠴᠢᠲᠡᠨ᠂  ᠤᠵᠢᠭ  ᠡᠪᠡᠳᠴᠢᠲᠡᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠵᠦᠶ ᠵᠣᠬᠢᠰᠲᠠᠶ ᠲᠣᠬᠢᠷᠠᠭᠤᠯᠵᠤ᠂ ᠣᠷᠣᠯᠭ᠎ᠠ ᠶᠢᠨ ᠲᠣᠭᠠᠴᠠᠭ᠎ᠠ ᠬᠢᠬᠦ  ᠦᠶ᠎ᠡ ᠳᠤ ᠲᠣᠭᠲᠠᠭᠠᠯ ᠳᠤ ᠨᠡᠶᠢᠴᠡᠭᠰᠡᠨ ᠡᠮᠨᠡᠯᠭᠡ ᠳᠤ  ᠰᠠᠭᠤᠭᠰᠠᠨ ᠵᠠᠷᠤᠳᠠᠯ  ᠎ ᠢ ᠬᠠᠰᠤᠬᠤ ᠶᠢᠨ ᠬᠠᠮᠲᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠰᠠᠭᠤᠯᠭᠠᠨ ᠠᠪᠬᠤ ᠠᠷᠭ᠎ᠠ ᠶᠢ  ᠰᠦᠪᠡᠭᠴᠢᠯᠡᠬᠦ ᠬᠡᠷᠡᠭᠲᠠᠢ᠃ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠢᠨᠠᠨ ᠬᠠᠷᠭᠤᠭᠤᠯᠬᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠨᠠᠭᠰᠢᠳᠠ ᠲᠦᠬᠦᠮᠴᠢᠯᠡᠨ ᠰᠢᠯᠢᠳᠡᠭᠵᠢᠬᠦᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠴᠠᠭ ᠲᠤᠬᠠᠶ ᠳᠤᠨᠢ  ᠬᠦᠯᠢᠶᠡᠨ ᠠᠪᠴᠤ  ᠰᠢᠢᠳᠪᠦᠷᠢᠯᠡᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ  ᠵᠦᠢᠯᠡᠰ  ᠎ ᠢ ᠰᠦᠯᠵᠢᠶᠡᠨ ᠳᠡᠭᠡᠷ᠎ᠡ  ᠬᠦᠢᠴᠡᠳᠬᠡᠬᠦ ᠶᠢ ᠢᠳᠡᠪᠬᠢᠲᠡᠶ  ᠬᠡᠷᠡᠭᠵᠢᠬᠦᠯᠬᠦ ᠬᠡᠷᠡᠭᠲᠠᠢ᠃  ᠬᠦᠢᠴᠡᠳᠬᠡᠬᠦ ᠴᠠᠭ ᠤᠨ ᠬᠢᠵᠠᠭᠠᠷ ᠢ ᠤᠬᠤᠷᠰᠬᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠢ ᠴᠥᠮ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠪᠴᠢᠶᠡᠨ ᠳᠤ ᠣᠷᠣᠭᠤᠯᠬᠤ ᠶᠢ ᠦᠨᠡᠨᠬᠦ  ᠪᠠᠲᠤᠯᠠᠬᠤ ᠬᠡᠷᠡᠭᠲᠠᠢ᠃      ︵ᠬᠤᠶᠠᠷ︶ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠦᠨᠡᠨᠬᠦ ᠰᠠᠶᠢᠲᠤᠷ  ᠬᠢᠬᠦ ᠬᠡᠷᠡᠭᠲᠠᠢ᠃ ᠡᠯ᠎ᠡ ᠬᠤᠰᠢᠭᠤ ᠲᠣᠭᠤᠷᠢᠭ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ  ᠠᠵᠢᠯ ᠢ  ᠵᠢᠷᠤᠮᠵᠢᠭᠤᠯᠵᠤ᠂ ︽ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠵᠤ᠂ ᠲᠡᠵᠢᠭᠡᠪᠡᠰᠦ ᠵᠣᠬᠢᠬᠤ ᠶᠢ ᠨᠢ ᠪᠦᠬᠦᠨ ᠢ ᠲᠡᠵᠢᠭᠡᠬᠦ︾᠎ ᠶᠢ ᠦᠨᠡᠨᠬᠦ  ᠪᠡᠶᠡᠯᠡᠬᠦᠯᠬᠦ ᠬᠡᠷᠡᠭᠲᠠᠢ᠃ ᠲᠠᠷᠠᠬᠠᠶ ᠪᠠᠷ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠬᠥᠮᠦᠰ ᠤᠨ ᠨᠠᠶᠢᠳᠠᠵᠤ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠠᠬᠠᠶ ᠪᠠᠷ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠬᠥᠮᠦᠰ ᠤᠨ ︽ᠡᠩ ᠤᠨ ᠴᠠᠭ ᠲᠤ ᠬᠠᠷᠠᠭᠠᠯᠵᠠᠬᠤ ᠬᠥᠮᠦᠨ ᠲᠠᠢ᠂ ᠡᠪᠡᠳᠴᠢᠯᠡᠪᠡᠯ ᠠᠰᠠᠷᠠᠬᠤ ᠬᠥᠮᠦᠨ ᠲᠠᠢ︾ ᠪᠠᠶᠢᠬᠤ ᠶᠢ ᠦᠨᠡᠨᠬᠦ  ᠪᠠᠲᠤᠯᠠᠬᠤ ᠬᠡᠷᠡᠭᠲᠠᠢ᠃ ᠲᠦᠷ ᠴᠠᠭ ᠠᠪᠤᠷᠠᠨ ᠲᠤᠰᠠᠯᠠᠬᠤ ︽ᠤᠷᠢᠳᠠᠪᠠᠷ ᠠᠪᠤᠷᠠᠨ ᠲᠤᠰᠠᠯᠠᠬᠤ ︾ ᠪᠠ ︽ᠱᠠᠲᠤ ᠬᠤᠪᠢᠶᠠᠨ ᠬᠢᠨᠠᠨ ᠵᠦᠪᠰᠢᠶᠡᠷᠡᠬᠦ︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ  ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠲᠦᠷ ᠴᠠᠭ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠳᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠢᠵᠢᠭ᠂ ᠡᠪᠡᠳᠴᠢᠨ᠂ ᠵᠡᠮᠳᠡᠭ ᠠᠴᠠ ᠪᠣᠯᠵᠤ ᠲᠦᠷ ᠴᠠᠭ ᠠᠮᠢᠳᠤᠷᠠᠯ ᠨᠢ ᠬᠦᠴᠢᠷᠲᠡᠯᠲᠠᠢ ᠣᠯᠠᠨ ᠲᠦᠮᠡᠨ ᠢ ᠴᠠᠭ ᠲᠤᠬᠠᠢ ᠳᠤᠨᠢ ᠲᠦᠷ ᠴᠠᠭ ᠠᠪᠤᠷᠠᠨ ᠲᠤᠰᠠᠯᠠᠵᠤ᠂ ᠲᠦᠷ ᠴᠠᠭ ᠠᠪᠤᠷᠠᠨ ᠲᠤᠰᠠᠯᠠᠬᠤ ᠴᠠᠭ ᠬᠤᠭᠤᠴᠠᠭᠠᠲᠤ ᠴᠢᠨᠠᠷ ᠢ  ᠳᠡᠭᠡᠭᠰᠢᠯᠡᠬᠦᠯᠬᠦ ᠬᠡᠷᠡᠭᠲᠠᠢ᠃      ︵ᠭᠤᠷᠪᠠ︶ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠲᠡᠬᠦᠯᠳᠡᠷᠵᠢᠬᠦᠯᠬᠦ ᠬᠡᠷᠡᠭᠲᠠᠢ᠃ ᠡᠯ᠎ᠡ ᠬᠤᠰᠢᠭᠤ ᠲᠣᠭᠤᠷᠢᠭ ᠰᠢᠨ᠎ᠡ ᠪᠠᠷ ᠭᠤᠶᠤᠴᠢᠯᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ  ᠲᠤᠭᠳᠠᠭᠠᠯ ᠶᠣᠰᠣᠭᠠᠷ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠭᠤᠭᠴᠤᠭ᠎ᠠ ᠳᠤ ᠬᠢᠨᠠᠨ ᠬᠠᠷᠭᠤᠭᠤᠯᠬᠤ ᠬᠡᠷᠡᠭᠲᠠᠢ᠂ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ᠂ ᠪᠣᠭᠤᠮᠲᠠ ᠰᠢᠪᠲᠤᠯᠬᠤ ᠳᠤ ᠡᠷᠬᠡᠪᠰᠢ ᠬᠢᠨᠠᠯᠲᠠ ᠲᠠᠯᠪᠢᠬᠤ ᠶᠢ  ᠪᠠᠲᠤᠯᠠᠬᠤ ᠬᠡᠷᠡᠷᠭᠲᠠᠢ︔ ᠨᠢᠭᠡᠨᠲᠡ ᠨᠡᠶᠢᠭᠡᠮ ᠤᠨ ᠠᠪᠤᠷᠠᠨ ᠲᠤᠰᠠᠯᠠᠯᠲᠠ ᠶᠢ ᠬᠦᠷᠲᠡᠭᠰᠡᠨ ᠡᠲᠡᠭᠡᠳ ᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠦᠭᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠴᠠᠭ ᠲᠤᠬᠠᠶ ᠳᠤᠨᠢ ᠢᠯᠭᠠᠷᠠᠭᠤᠯᠤᠨ   ᠪᠤᠴᠠᠭᠠᠬᠤ ᠬᠡᠷᠡᠭᠲᠠᠢ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠭᠤᠤᠯᠳᠠᠯᠭ᠎ᠠ ᠲᠠᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠷ ᠪᠦᠲᠦᠮᠵᠢᠲᠡᠶ ᠰᠢᠢᠳᠪᠦᠷᠢᠯᠡᠬᠦ ᠶᠢᠨ ᠬᠠᠮᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠶ ᠳᠤᠨᠢ   ᠰᠢᠨᠡᠳᠭᠡᠭᠦ ᠬᠡᠷᠡᠭᠲᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠦᠨᠡᠨᠴᠢ ᠢᠲᠡᠭᠡᠮᠵᠢᠲᠡᠶ ᠪᠠᠶᠢᠬᠤ ᠶᠢ ᠮᠡᠳᠡᠭᠳᠡᠬᠦ ᠳᠦᠷᠢᠮ ᠢ ᠪᠠᠶᠢᠭᠤᠯᠬᠤ ᠶᠢᠨ ᠬᠠᠮᠲᠤ ᠨᠡᠶᠢᠭᠡᠮ  ᠎ ᠤᠨ ᠠᠪᠤᠷᠠᠨ ᠲᠤᠰᠠᠯᠠᠵᠤ ᠢᠲᠡᠭᠡᠮᠵᠢ ᠠᠯᠳᠠᠭᠰᠠᠨ ᠡᠲᠡᠭᠡᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠠᠷᠠᠳ ᠤᠨ ᠶᠠᠪᠤᠳᠠᠯ  ᠲᠠᠷᠬᠠᠭᠠᠬᠤ︹2020 6 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠨᠠᠶᠢᠲᠠᠪᠤᠷᠢᠵᠢᠭᠤᠯᠬᠤ ᠬᠡᠷᠡᠭᠲᠠᠢ᠃ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮ ᠢ  ᠴᠢᠨᠠᠭᠰᠢᠳᠠ  ᠲᠡᠬᠦᠯᠳᠡᠷᠵᠢᠬᠦᠯᠬᠦ ᠬᠡᠷᠡᠭᠲᠠᠢ᠃      ᠳᠥᠷᠪᠡ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠬᠢᠬᠦ ᠬᠡᠷᠡᠭᠲᠡᠶ      ᠡᠯ᠎ᠡ ᠬᠤᠰᠢᠭᠤ ᠲᠣᠭᠤᠷᠢᠭ ︽ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2017 ︺ 15 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ  ᠤᠷᠳᠤᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠵᠠᠰᠠᠭ ᠠᠯᠪᠠᠨ  ᠲᠠᠷᠬᠠᠭᠠᠬᠤ ︹2018 ︺ 2 ᠳ᠋ᠤᠭᠠᠷ ᠲᠣᠭᠠᠲᠤ︶ ᠪᠠ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠶᠠᠮᠤᠨ ᠤᠯᠤᠰ ᠤᠨ  ᠲᠤᠭ᠎ᠠ ᠪᠦᠷᠢᠳᠭᠡᠯ ᠤᠨ  ᠲᠣᠪᠴᠢᠶ᠎ᠠ ᠶᠢᠨ ᠱᠠᠲᠤ ᠦᠶᠡᠴᠢ ᠴᠢᠨᠠᠷᠲᠠᠢ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢᠨ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠮᠡᠳᠡᠭᠳᠡᠯ︾ ︵ ᠬᠦᠭᠵᠢᠬᠦᠯᠦᠯᠲᠡ ᠦᠬᠡᠷᠡᠴᠢᠯᠡᠯᠲᠡ ᠴᠠᠬᠢᠯᠭᠠᠨ ﹇2020﹈ 876 ᠳ᠋ᠣᠭᠠᠷ ᠲᠤᠭᠠᠲᠤ︶᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ  ᠡᠬᠢᠯᠡᠬᠦᠯᠦᠭᠰᠡᠨ ᠤ ᠳᠠᠷᠠᠭ᠎ᠠ᠂ ᠬᠦᠴᠢᠷᠳᠡᠯᠲᠡᠶ ᠣᠯᠠᠨ ᠲᠦᠮᠡᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ  ᠦᠷᠨᠢᠬᠦᠯᠬᠦ ᠬᠡᠷᠡᠭᠲᠠᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢᠨ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ  ᠬᠦᠢᠴᠡᠳ ᠣᠯᠭᠤᠵᠤ᠂ ᠬᠦᠴᠢᠷᠳᠡᠯᠲᠡᠶ  ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠥᠯᠥᠭᠡᠯᠡᠬᠦ ᠦᠭᠡᠶ ᠪᠠᠶᠢᠬᠤ ᠶᠢ ᠦᠨᠡᠨᠬᠦ  ᠪᠠᠲᠤᠯᠠᠬᠤ ᠬᠡᠷᠡᠭᠲᠠᠢ᠃
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号