ᠣᠷᠳᠣᠰ ᠬᠤᠲᠠ ᠶᠢᠨ ᠤᠰᠤᠨ ᠤ ᠣᠷᠴᠢᠨ ᠲᠣᠭᠤᠷᠢᠨ ᠠᠮᠢ ᠠᠬᠤᠶ ᠶᠢ ᠰᠢᠯᠭᠠᠨ‌‍ᠬᠢᠨᠠᠵᠤ ᠨᠦᠬᠦᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶᠎ ᠶᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠎ ᠤᠨ ᠵᠠᠰᠠᠭ ᠤᠨ ᠤᠷᠳᠤᠨ ᠤ ᠮᠡᠳᠡᠭᠳᠡᠯ                                                                  ᠤᠷᠳᠤᠰ ᠵᠠᠰᠠᠭ ᠲᠠᠷᠬᠠᠭᠠᠬᠤ ﹇2020﹈ 44 ᠳ᠋ᠤᠬᠡᠷ ᠲᠤᠭᠠᠳᠤ
ᠨᠡᠶᠢᠲᠡᠯᠡᠭᠰᠡᠨ ᠴᠠᠭ᠄
2020/6/22
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠣᠷᠳᠣᠰ ᠬᠤᠲᠠ ᠶᠢᠨ ᠤᠰᠤᠨ ᠤ ᠣᠷᠴᠢᠨ ᠲᠣᠭᠤᠷᠢᠨ ᠤ ᠠᠮᠢ ᠠᠬᠤᠶ ᠶᠢ ᠰᠢᠯᠭᠠᠨ ᠬᠢᠨᠠᠵᠤ ᠨᠥᠬᠦᠪᠥᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠳᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                              ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                  2020 ᠣᠨ ᠤ 6 ᠰᠠᠷ᠎ᠠ ᠶᠢᠨ 22᠎ ᠤᠨ ᠡᠳᠦᠷ  ᠣᠷᠳᠣᠰ ᠬᠤᠲᠠ ᠶᠢᠨ ᠤᠰᠤᠨ ᠤ ᠣᠷᠴᠢᠨ ᠲᠣᠭᠤᠷᠢᠨ ᠠᠮᠢ ᠠᠬᠤᠶ ᠶᠢ ᠰᠢᠯᠭᠠᠨ ᠬᠢᠨᠠᠵᠤ ᠨᠥᠬᠦᠪᠥᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ   ᠶᠡᠷᠦᠩᠬᠡᠶ ᠲᠦᠷᠢᠮ      ᠨᠢᠭᠡᠳᠦᠭᠡᠷ ᠵᠦᠢᠯ  ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠢᠶ᠎ᠠ ᠤᠷᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠤᠰᠠᠳᠠ᠂ ᠣᠷᠳᠣᠰ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠠᠯᠲᠠᠲᠤ ᠬᠠᠮᠢᠶᠠᠷᠤᠯᠳᠠ ᠶᠢ ᠴᠢᠩᠭᠠᠳᠬᠠᠵᠤ ᠂ ᠬᠠᠷᠢᠭᠤᠴᠠᠯᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠰᠢᠬᠠᠵᠣ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠤᠰᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ ᠂ ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠬᠦᠯᠬᠦ ᠲᠤᠬᠠᠶ ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2016 ︺ 183 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠠᠪᠠ ᠭᠠᠵᠠᠷ ᠤᠨ ᠣᠭᠲᠣᠯᠤᠭᠠᠰᠤ ᠶᠢᠨ ᠤᠰᠤᠨ ᠤ ᠪᠣᠬᠢᠷᠲᠤᠯ ᠤᠨ ᠨᠥᠬᠦᠪᠥᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠣᠷᠴᠢᠨ ᠲᠠᠷᠬᠠᠭᠠᠭᠰᠠᠨ ︹2019 ︺ 72 ᠳ᠋ᠤᠭᠠᠷ ᠲᠣᠭᠠᠲᠤ︶᠎ ᠪᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠲᠤᠰ ᠠᠷᠭ᠎ᠠ ᠨᠢ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠠᠵᠤ ᠠᠬᠤᠶ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ ᠳᠡᠭᠡᠳᠦ ᠳᠤᠮᠳᠠᠳᠤ ᠳᠣᠣᠷᠠᠳᠤ ᠤᠷᠤᠰᠬᠠᠯ ᠤᠨ ᠬᠤᠭᠤᠷᠣᠨᠳᠣ᠂ ᠤᠰᠤᠨ ᠤ ᠣᠷᠴᠢᠨ ᠲᠣᠭᠤᠷᠢᠨ ᠢ ᠡᠪᠳᠡᠭᠴᠢ ᠪᠣᠯᠤᠨ ᠬᠤᠤᠷᠯᠠᠭᠳᠠᠭᠰᠠᠳ ᠵᠢᠴᠢ ᠬᠠᠮᠠᠭᠠᠯᠠᠭᠴᠢᠳ ᠤᠨ ᠬᠤᠭᠤᠷᠣᠨᠳᠣᠬᠢ ᠠᠵᠤ ᠠᠬᠤᠶ ᠶᠢᠨ ᠠᠰᠢᠭ ᠲᠤᠰᠠ ᠶᠢᠨ ᠬᠠᠷᠢᠴᠠᠭ᠎ᠠ ᠶᠢ ᠵᠤᠬᠢᠴᠠᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠶᠢ ᠠᠬᠢᠭᠤᠯᠤᠨ᠎ᠠ᠃      ᠭᠤᠷᠪᠠᠳᠤᠭᠠᠷ ᠵᠤᠶᠢᠯ   ᠲᠤᠰ ᠠᠷᠭ᠎ᠠ ᠨᠢ ᠣᠷᠳᠣᠰ ᠬᠤᠲᠠ ᠶᠢᠨ ᠬᠢᠯᠢ ᠶᠢᠨ ᠳᠣᠲᠣᠷᠠᠬᠢ ᠭᠤᠤᠯ ᠮᠥᠷᠡᠨ᠂ ᠨᠠᠭᠤᠷ ᠴᠥᠭᠦᠷᠥᠮ ᠵᠡᠷᠭᠡ ᠭᠠᠵᠠᠷ ᠲᠡᠬᠡᠷᠡᠬᠢ ᠤᠰᠤᠨ ᠴᠣᠭᠴᠠ ᠵᠢᠴᠢ ᠳᠠᠪᠤᠰᠤ ᠶᠡᠬᠡᠲᠠᠢ ᠤᠰᠤᠨ ᠳᠤ ᠬᠠᠳᠠᠭᠠᠬᠤ ᠴᠥᠭᠦᠷᠥᠮ᠂ ᠵᠠᠪᠰᠠᠷ ᠤᠨ ᠤᠰᠤ᠂ ᠠᠭᠤᠷᠬᠠᠶ ᠶᠢᠨ ᠬᠤᠳᠳᠤᠭ ᠤᠨ ᠤᠰᠤ ᠶᠢ ᠲᠦᠷ ᠬᠠᠳᠠᠭᠠᠯᠠᠬᠤ ᠴᠥᠭᠦᠷᠥᠮ ᠵᠡᠷᠭᠡ ᠤᠰᠤᠨ ᠤ ᠣᠷᠴᠢᠨ ᠲᠣᠭᠤᠷᠢᠨ ᠤ ᠤᠰᠤᠨ ᠴᠣᠭᠴᠠ ᠶᠢ ᠰᠠᠶᠢᠵᠢᠷᠠᠭᠤᠯᠬᠤ ᠶᠢ ᠰᠢᠯᠭᠠᠨ ᠬᠢᠨᠠᠵᠤ ᠨᠥᠬᠦᠪᠥᠷᠢᠯᠡᠬᠦ  ᠎ ᠳᠤ ᠲᠤᠬᠢᠷᠠᠨ᠎ᠠ᠃      ᠬᠤᠶᠠᠳᠤᠭᠠᠷ ᠪᠦᠯᠦᠭ    ᠤᠰᠤᠨ ᠤ ᠣᠷᠴᠢᠨ ᠲᠣᠭᠤᠷᠢᠨ ᠠᠮᠢ ᠠᠬᠤᠶ ᠶᠢ ᠰᠢᠯᠭᠠᠨ ᠬᠢᠨᠠᠬᠤ ᠠᠷᠭ᠎ᠠ      ᠳᠥᠷᠪᠡᠳᠦᠭᠡᠷ ᠵᠤᠶᠢᠯ 2018 — 2020 ᠤᠨ ᠤ ᠤᠰᠤᠨ ᠤ ᠣᠷᠴᠢᠨ ᠲᠣᠭᠤᠷᠢᠨ ᠠᠮᠢ ᠠᠬᠤᠶ ᠶᠢ ᠰᠢᠯᠭᠠᠨ ᠬᠢᠨᠠᠬᠤ ᠳᠤ ᠣᠷᠳᠣᠰ ᠬᠤᠲᠠ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠤᠰᠤᠨ ᠤ ᠴᠢᠨᠠᠷ ᠤᠨ ᠬᠠᠷᠠᠯᠳᠠ ᠪᠠᠷ ᠪᠠᠷᠢᠮᠵᠢᠶ᠎ᠠ ᠪᠣᠯᠭᠠᠨ᠎ᠠ᠃ ᠬᠡᠷᠪᠡ ᠲᠡᠬᠡᠳᠤ ᠤᠷᠤᠰᠬᠠᠯ ᠤᠨ ᠬᠢᠯᠢ ᠳᠤ ᠣᠷᠣᠵᠤ ᠢᠷᠡᠭᠰᠡᠨ ᠬᠤᠰᠢᠭᠤ ᠲᠤᠭᠤᠷᠢᠭ ᠤᠨ ᠵᠠᠭᠠᠭ ᠤᠨ ᠣᠭᠲᠣᠯᠤᠭᠠᠰᠤ ᠵᠢᠴᠢ ᠳᠣᠣᠷᠠᠳᠤ ᠤᠷᠤᠰᠬᠠᠯ ᠤᠨ ᠬᠦᠷᠰᠢ ᠵᠡᠷᠭᠡᠯᠡᠳᠡᠭᠡ ᠬᠤᠰᠢᠭᠤ ᠲᠣᠭᠤᠷᠢᠭ ᠤᠨ ᠰᠢᠯᠭᠠᠨ ᠬᠢᠨᠠᠬᠤ ᠣᠭᠲᠣᠯᠤᠭᠠᠰᠤ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠬᠦᠷᠬᠦ ᠦᠭᠡᠶ ᠪᠣᠯ ᠳᠣᠣᠷᠠᠳᠤ ᠤᠷᠤᠰᠬᠠᠯ ᠤᠨ ᠬᠥᠷᠰᠢ ᠵᠡᠷᠭᠡᠯᠡᠳᠡᠭᠡ ᠬᠤᠰᠢᠭᠤ ᠲᠤᠭᠤᠷᠢᠭ ᠤᠨ ᠣᠭᠲᠣᠯᠤᠭᠠᠰᠤ ᠶᠢ ᠰᠢᠯᠭᠠᠨ ᠬᠢᠨᠠᠬᠤ ᠳᠤ ᠲᠡᠬᠡᠳᠤ ᠤᠷᠤᠰᠬᠠᠯ ᠤᠨ ᠬᠤᠰᠢᠭᠤ ᠲᠣᠭᠤᠷᠢᠭ ᠤᠨ ᠬᠢᠯᠢ ᠳᠤ ᠤᠷᠤᠵᠤ ᠢᠷᠡᠭᠰᠡᠨ ᠣᠭᠲᠣᠯᠤᠭᠠᠰᠤ ᠶᠢᠨ ᠤᠰᠤᠨ ᠤ ᠴᠢᠨᠠᠷ ᠤᠨ ᠨᠥᠯᠥᠭᠡ ᠶᠢ ᠬᠠᠰᠤᠭᠰᠠᠨ ᠤ ᠳᠠᠷᠠᠭ᠎ᠠ ᠳᠠᠬᠢᠨ ᠦᠨᠡᠯᠡᠯᠲᠡ ᠬᠢᠵᠤ᠂ ᠬᠤᠰᠢᠭᠤ ᠲᠤᠭᠤᠷᠢᠭ ᠳᠣᠲᠣᠷᠠᠬᠢ ᠠᠳᠠᠯᠢ ᠨᠢᠭᠡᠨ ᠭᠤᠤᠯ ᠮᠥᠷᠡᠨ ᠤ ᠪᠤᠰᠤᠳ ᠣᠭᠲᠣᠯᠤᠭᠠᠰᠤ ᠨᠢ ᠳᠡᠭᠡᠳᠦ ᠤᠷᠤᠰᠬᠠᠯ ᠤᠨ ᠬᠢᠯᠢ ᠳᠤ ᠣᠷᠣᠵᠤ ᠢᠷᠡᠭᠰᠡᠨ ᠣᠭᠲᠣᠯᠤᠭᠠᠰᠤ ᠶᠢᠨ ᠨᠥᠯᠥᠭᠡ ᠶᠢ ᠬᠠᠰᠤᠵᠤ ᠦᠭᠡᠶ᠃      ᠲᠠᠪᠤᠳᠤᠭᠠᠷ ᠵᠦᠢᠯ   ᠤᠰᠤᠨ ᠤ ᠣᠷᠴᠢᠨ ᠲᠣᠭᠤᠷᠢᠨ ᠠᠮᠢ ᠠᠬᠤᠶ ᠶᠢᠨ ᠰᠢᠯᠭᠠᠨ ᠬᠢᠨᠠᠯᠳᠠ ᠳᠤ ᠳᠥᠷᠪᠡᠨ ᠵᠦᠢᠯ ᠤᠨ ᠭᠦᠢᠴᠡᠳᠬᠡᠯ ᠲᠤᠭ᠎ᠠ ᠭᠠᠷᠭᠠᠨ᠎ᠠ᠂ ᠲᠤᠬᠠᠶᠢᠯᠠᠪᠠᠯ ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠠᠴᠠ ᠬᠡᠳᠦᠷᠡᠪᠡᠯ ᠬᠤᠪᠢ ᠬᠠᠰᠤᠬᠤ ︵ᠰᠠᠷ᠎ᠠ ᠪᠠᠷ ᠪᠤᠳᠤᠬᠤ︶᠂ ᠨᠠᠭᠤᠷ ᠤᠨ ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠠᠴᠠ ᠬᠡᠳᠦᠷᠡᠪᠡᠯ ᠬᠤᠪᠢ ᠬᠠᠰᠤᠬᠤ ︵ᠤᠯᠠᠷᠢᠯ ᠢᠶᠠᠷ ᠪᠤᠳᠤᠬᠤ︶᠂ ᠲᠠᠪᠤᠰᠤ ᠶᠡᠬᠡᠲᠠᠢ ᠤᠰᠤ ᠶᠢ ᠬᠠᠳᠠᠭᠠᠬᠤ ᠴᠥᠭᠦᠷᠥᠮ ᠢ  ᠴᠠᠭᠠᠵᠠᠯᠠᠭᠰᠠᠨ ᠬᠠᠷᠢᠴᠠᠯ ᠢᠶᠠᠷ ᠬᠤᠪᠢ ᠬᠠᠰᠤᠬᠤ ︵ᠬᠠᠭᠠᠰ ᠵᠢᠯ ᠢᠶᠠᠷ ᠪᠣᠳᠣᠨ᠎ᠠ︶᠂ ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠶᠢ ᠲᠦᠷ ᠬᠠᠳᠠᠭᠠᠯᠠᠬᠤ ᠴᠥᠭᠦᠷᠥᠮ ᠪᠠᠷᠢᠮᠵᠢᠶ᠎ᠠ ᠠᠴᠠ ᠬᠡᠲᠦᠷᠡᠭᠦᠯᠦᠨ ᠬᠤᠪᠢ ᠬᠠᠰᠤᠨ᠎ᠠ ︵ᠬᠠᠭᠠᠰ ᠵᠢᠯ ᠢᠶᠠᠷ ᠪᠤᠳᠤᠨ᠎ᠠ︶᠃ ᠳᠥᠷᠪᠡᠨ ᠵᠤᠶᠢᠯ ᠤᠨ ᠭᠦᠢᠴᠡᠳᠬᠡᠯ ᠲᠤᠭ᠎ᠠ ᠶᠢᠨ ᠡᠵᠡᠯᠡᠬᠦᠨ ᠨᠢ ᠲᠤᠰᠪᠤᠷᠢ ᠤᠰᠤᠨ ᠤ ᠣᠷᠴᠢᠨ ᠲᠣᠭᠤᠷᠢᠨ ᠤ ᠪᠠᠷᠢᠮᠵᠢᠶ᠎ᠠ ᠳᠤ ᠬᠦᠷᠦᠭᠰᠡᠨ  ᠵᠢᠭᠠᠯᠳᠠ ᠲᠤᠭ᠎ᠠ ᠶᠢᠨ 0.5᠂ 0.2᠂ 0.2 ᠪᠠ 0.1᠎ ᠶᠢ ᠡᠵᠡᠯᠡᠨ᠎ᠡ᠃      ᠣᠷᠴᠢᠨ ᠲᠣᠭᠤᠷᠢᠨ ᠤ ᠪᠠᠷᠢᠮᠵᠢᠶ᠎ᠠ ᠳᠤ ᠬᠦᠷᠦᠭᠰᠡᠨ ᠵᠢᠭᠠᠯᠳᠠ ᠲᠤᠭ᠎ᠠ = ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠠᠴᠠ ᠬᠡᠲᠦᠷᠡᠭᠰᠡᠨ ᠬᠠᠰᠤᠭᠰᠠᠨ ᠬᠤᠪᠢ × 0.5 + ᠨᠠᠭᠤᠷ ᠤᠨ ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠠᠴᠠ ᠬᠡᠲᠦᠷᠡᠭᠰᠡᠨ ᠬᠠᠰᠤᠭᠰᠠᠨ ᠬᠤᠪᠢ × 0.2 + ᠳᠠᠪᠤᠰᠤ ᠶᠡᠬᠡᠲᠠᠢ ᠤᠰᠤ ᠶᠢ ᠬᠠᠳᠠᠭᠠᠬᠤ ᠴᠦᠭᠦᠷᠤᠮ ᠢ ᠴᠠᠭᠠᠵᠠᠯᠠᠭᠰᠠᠨ ᠬᠠᠷᠢᠴᠠᠯ ᠢᠶᠠᠷ ᠬᠠᠰᠤᠭᠰᠠᠨ ᠬᠤᠪᠢ × 0.2+  ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠢ ᠲᠦᠷ ᠬᠠᠳᠠᠭᠠᠯᠠᠬᠤ ᠴᠥᠭᠦᠷᠥᠮ ᠤᠨ ᠪᠠᠷᠢᠮᠵᠢᠶ᠎ᠠ ᠠᠴᠠ ᠬᠡᠲᠦᠷᠡᠭᠰᠡᠨ ᠬᠠᠰᠤᠭᠰᠠᠨ ᠬᠤᠪᠢ × 0.1      ᠵᠢᠷᠭᠤᠳᠤᠭᠠᠷ ᠵᠤᠶᠢᠯ   ᠤᠰᠤᠨ ᠤ ᠣᠷᠴᠢᠨ ᠲᠣᠭᠤᠷᠢᠨ ᠤ ᠪᠠᠷᠢᠮᠵᠢᠶ᠎ᠠ ᠳᠤ ᠬᠦᠷᠦᠭᠰᠡᠨ ᠵᠢᠭᠠᠯᠳᠠ ᠲᠤᠭ᠎ᠠ ᠶᠢᠨ ᠡᠳᠦᠷ ᠲᠤᠲᠤᠮ ᠤᠨ ᠪᠣᠳᠣᠬᠤ ᠠᠷᠭ᠎ᠠ᠄ ᠭᠤᠤᠯ ᠮᠥᠷᠡᠨ ᠤ ᠣᠭᠲᠣᠯᠤᠭᠠᠰᠤ ᠶᠢᠨ ᠲᠤᠬᠠᠢ ᠶᠢᠨ ᠰᠠᠷ᠎ᠠ ᠶᠢᠨ ᠤᠰᠤᠨ ᠤ ᠴᠢᠨᠠᠷ ᠨᠢ ᠰᠢᠯᠭᠠᠨ ᠬᠢᠨᠠᠬᠤ ᠬᠠᠷᠠᠯᠲᠠ ᠠᠴᠠ ᠬᠡᠲᠦᠷᠡᠪᠡᠯ 1 ᠬᠤᠪᠢ ᠬᠠᠰᠤᠵᠤ᠂ ᠤᠰᠤᠨ ᠤ ᠴᠢᠨᠠᠷ ᠤᠨ ᠲᠥᠷᠥᠯ ᠢᠯᠭᠠᠯ ᠨᠢᠭᠡ ᠪᠠᠷᠢᠮᠵᠢᠶ᠎ᠠ ᠠᠴᠠ ᠨᠡᠮᠡᠭᠳᠡᠬᠦ ᠪᠦᠷᠢ 1 ᠬᠤᠪᠢ ᠨᠡᠮᠡᠵᠦ ᠬᠠᠰᠤᠨ᠎ᠠ᠃      ᠬᠡᠷᠪᠡ ᠣᠭᠲᠣᠯᠤᠭᠠᠰᠤ ᠶᠢᠨ ᠲᠤᠬᠠᠢ ᠶᠢᠨ ᠰᠠᠷ᠎ᠠ ᠶᠢᠨ ᠤᠰᠤᠨ ᠤ ᠴᠢᠨᠠᠷ ᠨᠢ ᠮᠠᠭᠤ V ᠲᠥᠷᠥᠯ ᠪᠣᠯ᠂ ᠪᠠᠰᠠ ᠡᠨᠡ ᠬᠦ ᠰᠠᠭᠤᠷᠢᠨ ᠳᠡᠭᠡᠷ᠎ᠡ ᠬᠤᠪᠢ ᠬᠠᠰᠤᠬᠤ ᠴᠢᠬᠤᠯᠠᠲᠠᠶ᠂ ᠪᠣᠳᠣᠬᠤ ᠠᠷᠭ᠎ᠠ ᠨᠢ᠄ ᠰᠠᠭᠤᠷᠢ ᠪᠠᠷᠢᠮᠵᠢᠶ᠎ᠠ ᠵᠢᠯ ︵ᠭᠤᠷᠪᠠᠨ ᠵᠢᠯ ᠢᠶᠠᠷ ᠨᠢᠭᠡ ᠲᠥᠯᠥᠪᠵᠢᠭᠦᠯᠭᠡ ᠶᠢᠨ ᠬᠤᠭᠤᠴᠠᠭ᠎ᠠ ᠪᠤᠯᠭᠠᠵᠣ᠂ ᠲᠤᠰ ᠬᠤᠭᠤᠴᠠᠭ᠎ᠠ ᠨᠢ 2018 ᠣᠨ ᠢᠶᠠᠷ ᠰᠠᠭᠤᠷᠢ ᠪᠠᠷᠢᠮᠵᠢᠶ᠎ᠠ ᠪᠣᠯᠭᠠᠨ᠎ᠠ︶᠎ ᠤᠨ ᠡᠯ᠎ᠡ ᠭᠦᠢᠴᠡᠳᠬᠡᠯ ᠲᠤᠭ᠎ᠠ ᠶᠢᠨ ᠵᠢᠯ ᠤᠨ ᠳᠤᠮᠳᠠᠴᠢ ᠥᠷᠲᠡᠭ ᠢᠶᠠᠷ ᠪᠠᠷᠢᠮᠵᠢᠶ᠎ᠠ ᠪᠣᠯᠭᠠᠵᠤ᠂ ᠡᠯ᠎ᠡ ᠪᠠᠷᠢᠮᠵᠢᠶ᠎ᠠ ᠠᠴᠠ ᠬᠡᠲᠦᠷᠡᠭᠰᠡᠨ ᠹᠠᠺᠲ᠋ᠤᠷ ᠤᠨ ᠪᠠᠷᠢᠮᠵᠢᠶ᠎ᠠ ᠠᠴᠠ ᠬᠡᠲᠦᠷᠡᠭᠰᠡᠨ ᠳᠠᠬᠢᠨ ᠲᠤᠭ᠎ᠠ ᠶᠢ ᠪᠤᠳᠤᠵᠤ᠂ ᠲᠤᠬᠠᠢ ᠶᠢᠨ ᠰᠠᠷ᠎ᠠ ᠶᠢᠨ ᠡᠯ᠎ᠡ ᠪᠠᠷᠢᠮᠵᠢᠶ᠎ᠠ ᠠᠴᠠ ᠬᠡᠲᠦᠷᠡᠭᠰᠡᠨ ᠹᠠᠺᠲ᠋ᠤᠷ ᠤᠨ ᠪᠠᠷᠢᠮᠵᠢᠶ᠎ᠠ ᠠᠴᠠ ᠬᠡᠲᠦᠷᠡᠭᠰᠡᠨ ᠲᠠᠬᠢᠨ ᠲᠤᠭ᠎ᠠ ᠶᠢᠨ ᠨᠡᠶᠢᠯᠡᠪᠦᠷᠢ ᠶᠢ 0.5᠎ ᠪᠠᠷ ᠦᠷᠡᠵᠢᠭᠦᠯᠦᠭᠡᠳ ᠨᠡᠮᠡᠭᠳᠡᠭᠰᠡᠨ ᠬᠤᠪᠢ ᠶᠢ ᠪᠤᠳᠤᠵᠤ ᠤᠯᠤᠨ᠎ᠠ᠃      ᠨᠠᠭᠤᠷ ᠤᠨ ᠤᠰᠤᠨ ᠤ ᠴᠢᠨᠠᠷ ᠢ ᠤᠯᠠᠷᠢᠯ ᠤᠨ ᠰᠢᠯᠭᠠᠨ ᠬᠢᠨᠠᠯᠳᠠ ᠪᠠᠷ ᠬᠤᠪᠢ ᠬᠠᠰᠤᠨ᠎ᠠ᠂ ᠤᠰᠤᠨ ᠤ ᠴᠢᠨᠠᠷ ᠨᠢ ᠰᠢᠯᠭᠠᠨ ᠬᠢᠨᠠᠬᠤ ᠬᠠᠷᠠᠯᠲᠠ ᠠᠴᠠ ᠬᠡᠲᠦᠷᠡᠪᠡᠯ 1 ᠬᠤᠪᠢ ᠬᠠᠰᠤᠨ᠎ᠠ᠂ ᠤᠰᠤᠨ ᠤ ᠴᠢᠨᠠᠷ ᠤᠨ ᠲᠥᠷᠥᠯ ᠢᠯᠭᠠᠯ ᠨᠢᠭᠡ ᠪᠠᠷᠢᠮᠵᠢᠶ᠎ᠠ ᠠᠴᠠ ᠨᠡᠮᠡᠭᠳᠡᠬᠦ ᠪᠦᠷᠢ 0.5 ᠬᠤᠪᠢ ᠬᠠᠰᠤᠨ᠎ᠠ᠃      ᠡᠯ᠎ᠡ ᠬᠤᠰᠢᠭᠤ ᠲᠣᠭᠤᠷᠢᠭ ᠤᠨ ᠬᠢᠯᠢ ᠳᠣᠲᠣᠷᠠᠬᠢ ᠳᠠᠪᠤᠰᠤ ᠶᠡᠬᠡᠲᠠᠢ ᠤᠰᠤ ᠶᠢ ᠬᠠᠳᠠᠭᠠᠬᠤ ᠴᠥᠭᠦᠷᠥᠮ ᠤᠨ ᠤᠷᠤᠰᠢᠬᠤ ᠬᠠᠷᠢᠴᠠᠯ ᠨᠢ ᠡᠯ᠎ᠡ ᠬᠤᠰᠢᠭᠤ ᠲᠣᠭᠤᠷᠢᠭ ᠤᠨ ᠣᠳᠣᠬᠢ ᠪᠠᠶᠢᠳᠠᠯ ᠤᠨ ᠶᠡᠷᠦᠩᠬᠡᠶ ᠲᠣᠭᠠᠨ ᠤ 20%᠎ ᠠᠴᠠ ᠳᠡᠭᠡᠭᠰᠢᠬᠢ ᠶᠢ ᠡᠵᠡᠯᠡᠪᠡᠯ᠂ 1 ᠬᠤᠪᠢ ᠬᠠᠰᠤᠨ᠎ᠠ︔ ᠣᠳᠣᠬᠢ ᠪᠠᠶᠢᠳᠠᠯ ᠤᠨ ᠶᠡᠷᠦᠩᠬᠡᠶ ᠲᠣᠭᠠᠨ ᠤ 50% ︵ᠪᠠᠭᠲᠠᠨ᠎ᠠ︶᠎ ᠠᠴᠠ ᠲᠡᠭᠡᠭᠰᠢᠬᠢ ᠶᠢ ᠡᠵᠡᠯᠡᠪᠡᠯ 2 ᠬᠤᠪᠢ ᠬᠠᠰᠤᠨ᠎ᠠ︔ ᠤᠳᠤᠬᠢ ᠪᠠᠶᠢᠳᠠᠯ ᠤᠨ ᠶᠡᠷᠦᠩᠬᠡᠶ ᠲᠣᠭᠠᠨ ᠤ 100%᠎ ᠶᠢ ᠡᠵᠡᠯᠡᠪᠡᠯ᠂ 3 ᠬᠤᠪᠢ ᠬᠠᠰᠤᠨ᠎ᠠ᠃      ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠶᠢ ᠲᠦᠷ ᠬᠠᠳᠠᠭᠠᠯᠠᠬᠤ ᠴᠦᠭᠦᠷᠤᠮ ᠢ ᠬᠠᠭᠠᠰ ᠵᠢᠯ ᠪᠦᠷᠢ ᠰᠢᠯᠭᠠᠨ ᠬᠢᠨᠠᠵᠣ ᠬᠤᠪᠢ ᠬᠠᠰᠤᠨ᠎ᠠ᠂ ᠤᠰᠤᠨ ᠤ ᠴᠢᠨᠠᠷ ᠨᠢ ᠰᠢᠯᠭᠠᠨ ᠬᠢᠨᠠᠬᠤ ᠬᠠᠷᠠᠯᠲᠠ ᠠᠴᠠ ᠬᠡᠳᠦᠷᠡᠪᠡᠯ 1 ᠬᠤᠪᠢ ᠬᠠᠰᠤᠨ᠎ᠠ᠃      ᠳᠣᠯᠣᠳᠤᠭᠠᠷ ᠵᠤᠶᠢᠯ   ᠤᠰᠤᠨ ᠤ ᠣᠷᠴᠢᠨ ᠲᠣᠭᠤᠷᠢᠨ ᠤ ᠪᠠᠷᠢᠮᠵᠢᠶ᠎ᠠ ᠳᠤ ᠬᠦᠷᠦᠭᠰᠡᠨ ᠵᠢᠭᠠᠯᠳᠠ ᠲᠤᠭ᠎ᠠ ᠶᠢᠨ ᠵᠢᠯ ᠤᠨ ᠡᠴᠦᠰ ᠤᠨ ᠲᠣᠭᠠᠴᠠᠭ᠎ᠠ ᠬᠢᠬᠦ ᠠᠷᠭ᠎ᠠ᠄ ᠬᠡᠷᠪᠡ ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠨᠢ ᠰᠠᠷ᠎ᠠ ᠳᠤ ᠪᠠᠷᠢᠮᠵᠢᠶ᠎ᠠ ᠠᠴᠠ ᠬᠡᠲᠦᠷᠡᠭᠰᠡᠨ ᠪᠠᠶᠢᠳᠠᠯ ᠣᠷᠣᠰᠢᠵᠤ᠂ ᠭᠡᠪᠡᠴᠦ ᠵᠢᠯ ᠤᠨ ᠰᠢᠯᠭᠠᠨ ᠬᠢᠨᠠᠯᠳᠠ ᠳᠤ ᠪᠠᠷᠢᠮᠵᠢᠶ᠎ᠠ ᠳᠤ ᠬᠦᠷᠦᠭᠰᠡᠨ ᠭᠡᠵᠦ ᠮᠠᠭᠠᠳᠯᠠᠨ ᠲᠣᠭᠲᠠᠭᠠᠭᠰᠠᠨ ᠪᠤᠯ᠂ ᠣᠭᠲᠣᠯᠤᠭᠠᠰᠤ ᠶᠢᠨ ᠲᠤᠬᠠᠶ ᠶᠢᠨ ᠵᠢᠯ ᠤᠨ ᠤᠰᠤᠨ ᠤ ᠴᠢᠨᠠᠷ ᠤᠨ ᠶᠡᠷᠦᠩᠬᠡᠶ ᠬᠠᠰᠤᠬᠤ ᠬᠤᠪᠢ ᠶᠢ ᠬᠠᠭᠠᠰ ᠢᠶᠠᠷ ᠪᠠᠭᠤᠷᠠᠭᠤᠯᠤᠨ᠎ᠠ︔ ᠵᠢᠯ ᠤᠨ ᠰᠢᠯᠭᠠᠨ ᠬᠢᠨᠠᠯᠳᠠ ᠳᠤ ᠪᠠᠷᠢᠮᠵᠢᠶ᠎ᠠ ᠠᠴᠠ ᠬᠡᠲᠦᠷᠡᠭᠰᠡᠨ ᠢᠶᠠᠷ ᠮᠠᠭᠠᠳᠯᠠᠨ ᠲᠣᠭᠲᠠᠭᠠᠭᠰᠠᠨ ᠪᠤᠯ᠂ ᠵᠢᠯ ᠤᠨ ᠲᠤᠳᠤᠷ᠎ᠠ ᠪᠠᠷᠢᠮᠵᠢᠶ᠎ᠠ ᠠᠴᠠ ᠬᠡᠲᠦᠷᠡᠭᠰᠡᠨ ᠰᠠᠷ᠎ᠠ ᠨᠢ ᠵᠢᠷᠭᠤᠭᠠᠨ ᠰᠠᠷ᠎ᠠ ᠬᠦᠷᠬᠦ ᠦᠭᠡᠶ ᠪᠤᠯ᠂ ᠪᠠᠷᠢᠮᠵᠢᠶ᠎ᠠ ᠠᠴᠠ ᠬᠡᠲᠦᠷᠡᠭᠰᠡᠨ ᠡᠯ᠎ᠡ ᠰᠠᠷ᠎ᠠ ᠶᠢᠨ ᠳᠤᠮᠳᠠᠴᠢ ᠥᠷᠲᠡᠭ ᠤᠨ 6 ᠳᠠᠬᠢᠨ ᠢᠶᠠᠷ ᠤᠭᠳᠤᠯᠤᠭᠠᠰᠤ ᠶᠢᠨ ᠵᠢᠯ ᠤᠨ ᠤᠰᠤᠨ ᠤ ᠴᠢᠨᠠᠷ ᠪᠤᠯᠭᠠᠵᠣ ᠬᠤᠪᠢ ᠬᠠᠰᠤᠨ᠎ᠠ︔ ᠵᠢᠯ ᠤᠨ ᠰᠢᠯᠭᠠᠨ ᠬᠢᠨᠠᠯᠳᠠ ᠳᠤ ᠪᠠᠷᠢᠮᠵᠢᠶ᠎ᠠ ᠠᠴᠠ ᠬᠡᠲᠦᠷᠡᠭᠰᠡᠨ ᠢᠶᠠᠷ ᠮᠠᠭᠠᠳᠯᠠᠨ ᠲᠣᠭᠲᠠᠭᠠᠭᠰᠠᠨ ᠪᠣᠯ᠂ ᠪᠠᠷᠢᠮᠵᠢᠶ᠎ᠠ ᠠᠴᠠ ᠬᠡᠳᠦᠷᠡᠭᠰᠡᠨ ᠰᠠᠷ᠎ᠠ ᠨᠢ ᠵᠢᠷᠭᠤᠭᠠᠨ ᠰᠠᠷ᠎ᠠ ᠠᠴᠠ ᠢᠯᠡᠭᠦᠣ ᠪᠤᠶᠤ ᠲᠡᠩᠴᠡᠭᠦᠦ ᠪᠤᠯ᠂ ᠤᠭᠳᠤᠯᠤᠭᠠᠰᠤ ᠶᠢᠨ ᠵᠢᠯ ᠤᠨ ᠬᠠᠰᠤᠬᠤ ᠬᠤᠪᠢ ᠶᠢ ᠰᠠᠷ᠎ᠠ ᠳᠠᠷᠠᠭᠠᠯᠠᠨ ᠨᠡᠶᠢᠯᠡᠭᠦᠯᠦᠨ ᠪᠤᠳᠤᠨ᠎ᠠ᠃      ᠤᠷᠤᠰᠬᠠᠯ ᠲᠠᠰᠤᠷᠠᠭᠰᠠᠨ ᠣᠭᠲᠣᠯᠤᠭᠠᠰᠤ ᠨᠢ ᠵᠢᠯ ᠤᠨ ᠰᠢᠯᠭᠠᠨ ᠬᠢᠨᠠᠯᠳᠠ ᠳᠤ᠂ ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︾ ︵ᠣᠷᠴᠢᠨ ᠤᠰᠤᠨ ᠴᠤᠭᠴᠠ︹2016 ︺ 179 ᠳ᠋ᠤᠬᠡᠷ ᠲᠣᠭᠠᠲᠤ ︶᠎ ᠢᠶᠠᠷ ᠵᠦᠶ ᠵᠣᠬᠢᠰᠲᠠᠶ ᠪᠠᠷ ᠤᠷᠤᠰᠬᠠᠯ ᠲᠠᠰᠤᠯᠤᠭᠰᠠᠨ ᠢᠶᠠᠷ ᠮᠠᠭᠠᠳᠯᠠᠨ ᠲᠣᠭᠲᠠᠭᠠᠭᠰᠠᠨ ᠪᠤᠯ᠂ ᠬᠤᠪᠢ ᠬᠠᠰᠤᠬᠤ ᠥᠬᠡᠶ︔ ᠵᠦᠶ ᠪᠤᠰᠤ ᠪᠠᠷ ᠤᠷᠤᠰᠬᠠᠯ ᠲᠠᠰᠤᠯᠤᠭᠰᠠᠨ ᠢᠶᠠᠷ ᠮᠠᠭᠠᠳᠯᠠᠨ ᠲᠣᠭᠲᠠᠭᠠᠭᠰᠠᠨ ᠪᠤᠯ᠂ ᠤᠷᠤᠰᠬᠠᠯ ᠲᠠᠰᠤᠷᠠᠭᠰᠠᠨ ᠰᠠᠷ᠎ᠠ ᠪᠠᠷ ᠬᠤᠪᠢ ᠬᠠᠰᠤᠵᠤ᠂ ᠰᠠᠷ᠎ᠠ ᠪᠦᠷᠢ 1 ᠬᠤᠪᠢ ᠬᠠᠰᠤᠨ᠎ᠠ᠃ ᠳᠤᠲᠠᠭᠤ ᠬᠡᠮᠵᠢᠭᠰᠡᠨ ᠣᠭᠲᠣᠯᠤᠭᠠᠰᠤ ᠶᠢ ᠰᠠᠷ᠎ᠠ ᠪᠠᠷ ᠬᠤᠪᠢ ᠬᠠᠰᠤᠵᠤ᠂ ᠰᠠᠷ᠎ᠠ ᠪᠦᠷᠢ 3 ᠬᠤᠪᠢ ᠬᠠᠰᠤᠨ᠎ᠠ᠃      ᠬᠡᠷᠪᠡ ᠨᠠᠭᠤᠷ ᠤᠨ ᠣᠭᠲᠣᠯᠤᠭᠠᠰᠤ ᠶᠢᠨ ᠤᠰᠤᠨ ᠤ ᠴᠢᠨᠠᠷ ᠨᠢ ᠤᠯᠠᠷᠢᠯ ᠳᠤ ᠪᠠᠷᠢᠮᠵᠢᠶ᠎ᠠ ᠠᠴᠠ  ᠬᠡᠳᠦᠷᠡᠵᠣ᠂ ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠶᠢ ᠲᠦᠷ ᠬᠠᠳᠠᠭᠠᠯᠠᠬᠤ ᠴᠥᠭᠦᠷᠥᠮ ᠤᠨ ᠤᠰᠤᠨ ᠤ ᠴᠢᠨᠠᠷ ᠨᠢ ᠬᠠᠭᠠᠰ ᠵᠢᠯ ᠪᠠᠷᠢᠮᠵᠢᠶ᠎ᠠ ᠠᠴᠠ ᠬᠡᠲᠦᠷᠡᠭᠰᠡᠨ ᠪᠠᠶᠢᠳᠠᠯ ᠤᠷᠤᠰᠢᠵᠤ ᠬᠡᠶ᠎ᠡ ᠵᠢᠯ ᠤᠨ ᠰᠢᠯᠭᠠᠨ ᠬᠢᠨᠠᠯᠳᠠ ᠳᠤ ᠪᠠᠷᠢᠮᠵᠢᠶ᠎ᠠ ᠳᠤ ᠬᠦᠷᠦᠭᠰᠡᠨ ᠢᠶᠠᠷ ᠮᠠᠭᠠᠳᠯᠠᠨ ᠲᠣᠭᠲᠠᠭᠠᠭᠰᠠᠨ ᠪᠤᠯ᠂ ᠣᠭᠲᠣᠯᠤᠭᠠᠰᠤ ᠶᠢᠨ ᠲᠤᠬᠠᠶ ᠶᠢᠨ ᠵᠢᠯ ᠤᠨ ᠶᠡᠷᠦᠩᠬᠡᠶ ᠬᠠᠰᠤᠬᠤ ᠬᠤᠪᠢ ᠶᠢ  ᠬᠠᠭᠠᠰ ᠢᠶᠠᠷ ᠪᠠᠭᠤᠷᠠᠭᠤᠯᠤᠨ᠎ᠠ᠃      ᠬᠡᠷᠪᠡ ᠭᠠᠵᠠᠷ ᠳᠡᠭᠡᠷᠡᠬᠢ ᠤᠰᠤᠨ ᠴᠤᠭᠴᠠ ᠳᠤ ᠬᠤᠯᠠᠭᠠᠶᠢᠯᠠᠨ ᠭᠠᠳᠠᠭᠰᠢᠯᠠᠭᠤᠯᠤᠭᠰᠠᠨ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠵᠡᠷᠭᠡ ᠪᠠᠶᠢᠳᠠᠯ ᠭᠠᠷᠤᠭᠰᠠᠨ ᠪᠣᠯ᠂ ᠨᠢᠭᠡ ᠤᠳᠠᠭ᠎ᠠ ᠣᠯᠵᠤ ᠮᠡᠳᠡᠬᠦ ᠪᠦᠷᠢ 3 ᠬᠤᠪᠢ ᠬᠠᠰᠤᠨ᠎ᠠ᠃ ᠬᠡᠷᠪᠡ ᠣᠷᠴᠢᠨ ᠲᠣᠭᠤᠷᠢᠨ ᠤ ᠠᠰᠠᠭᠤᠳᠠᠯ ᠠᠴᠠ ᠪᠣᠯᠵᠤ ᠲᠡᠬᠡᠳᠤ ᠱᠠᠲᠤᠨ ᠤ ᠰᠠᠯᠠᠭ᠎ᠠ ᠮᠥᠴᠢᠷ ᠢᠶᠠᠷ ᠵᠠᠷᠯᠠᠨ ᠨᠡᠶᠢᠳᠡᠯᠡᠭᠰᠡᠨ᠂ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠪᠤᠶᠤ ᠵᠠᠭᠤᠴᠢᠯᠠᠭᠤᠷ ᠤᠨ ᠬᠢᠨ ᠢᠶᠠᠷ  ᠢᠯᠡᠴᠢᠯᠡᠭᠰᠡᠨ ᠪᠤᠯ᠂ ᠨᠢᠭᠡ ᠤᠳᠠᠭ᠎ᠠ ᠡᠭᠦᠰᠬᠦ ᠪᠦᠷᠢ 3 ᠬᠤᠪᠢ ᠬᠠᠰᠤᠨ᠎ᠠ᠃      ᠨᠠᠢᠮᠠᠳᠤᠭᠠᠷ ᠵᠤᠶᠢᠯ   ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠠᠦ᠋ᠲ᠋ᠤᠴᠢᠯᠠᠨ ᠬᠢᠨᠠᠨ ᠬᠡᠮᠵᠢᠬᠦ ᠥᠷᠲᠡᠭᠡ ᠶᠢᠨ ᠲᠤᠭ᠎ᠠ ᠪᠠᠷᠢᠮᠲᠠ ᠲᠠᠢ ᠪᠤᠯ᠂ ᠠᠦ᠋ᠲ᠋ᠤᠴᠢᠯᠠᠨ ᠬᠢᠨᠠᠨ ᠬᠡᠮᠵᠢᠬᠦ ᠥᠷᠲᠡᠭᠡ ᠶᠢᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︔ ᠠᠦ᠋ᠲ᠋ᠤᠴᠢᠯᠠᠨ ᠬᠢᠨᠠᠨ ᠬᠡᠮᠵᠢᠬᠦ ᠥᠷᠲᠡᠭᠡ ᠤᠭᠰᠠᠷᠠᠭᠠᠳᠤᠶ ᠬᠤᠰᠢᠭᠤ ᠲᠣᠭᠤᠷᠢᠭ ᠨᠢ ᠭᠠᠷ ᠎ ᠢᠶᠠᠷ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠲᠣᠭᠠᠴᠠᠭ᠎ᠠ ᠬᠢᠨ᠎ᠡ᠃      ᠶᠢᠰᠦᠳᠦᠭᠡᠷ ᠵᠦᠢᠯ   ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠢᠯ ᠤᠨ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠯᠠᠪᠯᠠᠯᠲᠠ ᠪᠣᠯᠭᠠᠵᠤ᠂ ᠵᠢᠯ ᠤᠨ ᠪᠣᠳᠠᠲᠠᠶ ᠬᠤᠷᠢᠶᠠᠪᠠᠰᠤ ᠵᠣᠬᠢᠬᠤ ᠨᠥᠬᠦᠪᠥᠷᠢ ᠮᠥᠩᠭᠦ ᠪᠣᠯᠤᠨ ᠨᠥᠬᠦᠪᠥᠷᠢ ᠮᠥᠩᠭᠦ ᠶᠢ ᠬᠤᠪᠢᠶᠠᠷᠢᠯᠠᠭᠰᠠᠨ ᠦᠷ᠎ᠡ ᠳ᠋ᠦᠩ ᠢ ᠲᠣᠭᠲᠠᠭᠠᠵᠤ᠂ ᠮᠡᠳᠡᠭᠳᠡᠯ ᠤᠨ ᠬᠠᠭᠤᠳᠠᠰᠤ ᠶᠢ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠦᠷᠬᠡᠨ᠎ᠡ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠯ ᠤᠨ ᠲᠣᠭᠠᠴᠠᠭ᠎ᠠ ᠬᠢᠬᠦ ᠮᠡᠳᠡᠭᠳᠡᠯ ᠤᠨ ᠬᠠᠭᠤᠳᠠᠰᠤ ᠶᠢ ᠣᠯᠤᠭᠰᠠᠨ ᠤ ᠲᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ  ᠪᠤᠴᠠᠭᠠᠯ ᠪᠠᠷᠢᠮᠲᠠ ᠶᠢ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠳᠤ ᠬᠠᠷᠢᠭᠤ ᠲᠤᠰᠬᠠᠵᠤ᠂ ᠬᠤᠭᠤᠴᠠᠭ᠎ᠠ ᠠᠴᠠ ᠬᠡᠳᠦᠷᠡᠬᠡᠳ ᠬᠠᠷᠢᠭᠤ ᠲᠤᠰᠬᠠᠭᠰᠠᠨ ᠦᠭᠡᠢ ᠪᠤᠯ ᠲᠣᠭᠠᠴᠠᠭ᠎ᠠ ᠬᠢᠬᠦ ᠮᠡᠳᠡᠭᠳᠡᠯ ᠤᠨ ᠬᠠᠭᠤᠳᠠᠰᠤ ᠶᠢ ᠮᠡᠳᠡᠷᠡᠨ ᠵᠥᠪᠰᠢᠶᠡᠷᠡᠭᠰᠡᠨ ᠢᠶᠠᠷ ᠦᠵᠡᠨ᠎ᠡ᠃      ᠭᠤᠷᠪᠠᠳᠤᠭᠠᠷ ᠪᠦᠯᠦᠭ   ᠤᠰᠤᠨ ᠤ ᠣᠷᠴᠢᠨ ᠲᠣᠭᠤᠷᠢᠨ ᠠᠮᠢ ᠠᠬᠤᠶ ᠶᠢᠨ ᠨᠥᠬᠦᠪᠥᠷᠢᠯᠡᠬᠦ ᠠᠷᠭ᠎ᠠ      ᠠᠷᠪᠠᠳᠤᠭᠠᠷ ᠵᠤᠶᠢᠯ   ᠡᠯ᠎ᠡ ᠬᠤᠰᠢᠭᠤ ᠲᠣᠭᠤᠷᠢᠭ ᠤᠨ ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ᠂ ᠨᠠᠭᠤᠷ ᠴᠦᠭᠦᠷᠤᠮ ᠤᠨ ᠤᠰᠤᠨ ᠤ ᠴᠢᠨᠠᠷ᠂ ᠵᠠᠪᠰᠠᠷ ᠤᠨ ᠤᠰᠤ᠂ ᠠᠭᠤᠷᠬᠠᠶ ᠶᠢᠨ ᠬᠤᠳᠳᠤᠭ ᠤᠨ  ᠤᠰᠤ ᠶᠢ ᠲᠦᠷ ᠬᠠᠳᠠᠭᠠᠯᠠᠬᠤ ᠴᠦᠭᠦᠷᠤᠮ ᠤᠨ ᠤᠰᠤᠨ ᠤ ᠴᠢᠨᠠᠷ ᠵᠢᠴᠢ ᠲᠠᠪᠤᠰᠤ ᠶᠡᠬᠡᠲᠠᠢ ᠤᠰᠤ ᠶᠢ ᠬᠠᠳᠠᠭᠠᠬᠤ ᠴᠥᠭᠦᠷᠥᠮ ᠢ ᠴᠠᠭᠠᠵᠠᠯᠠᠭᠰᠠᠨ ᠬᠠᠷᠢᠴᠠᠯ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠰᠢᠯᠭᠠᠨ ᠬᠢᠨᠠᠬᠤ ᠬᠠᠷᠠᠯᠲᠠ ᠳᠤ ᠬᠥᠷᠥᠭᠰᠡᠨ ᠦᠭᠡᠶ ᠪᠤᠯ᠂ ᠲᠤᠰ ᠠᠷᠭ᠎ᠠ ᠶᠢᠨ ᠶᠣᠰᠣᠭᠠᠷ ᠨᠥᠬᠦᠪᠥᠷᠢ ᠮᠥᠩᠭᠦ ᠥᠭᠬᠦ ᠬᠡᠷᠡᠭᠲᠡᠶ᠃      ᠠᠷᠪᠠᠨ ᠨᠢᠭᠡᠳᠦᠭᠡᠷ ᠵᠤᠶᠢᠯ   ᠨᠥᠬᠦᠪᠥᠷᠢᠯᠡᠬᠦ ᠵᠣᠭᠤᠰᠣᠨ ᠲᠤᠭ᠎ᠠ ᠶᠢ ᠭᠤᠤᠯ ᠮᠥᠷᠡᠨ ᠤ ᠤᠭᠳᠤᠯᠤᠭᠠᠰᠤ ᠎ ᠶᠢᠨ ᠤᠰᠤᠨ ᠤ ᠴᠢᠨᠠᠷ᠂ ᠨᠠᠭᠤᠷ ᠴᠦᠭᠦᠷᠤᠮ ᠤᠨ ᠤᠰᠤᠨ ᠤ ᠴᠢᠨᠠᠷ᠂ ᠵᠠᠪᠰᠠᠷ ᠤᠨ ᠤᠰᠤ᠂ ᠠᠭᠤᠷᠬᠠᠶ ᠶᠢᠨ ᠬᠤᠳᠳᠤᠭ ᠤᠨ ᠤᠰᠤ ᠶᠢ ᠲᠦᠷ ᠬᠠᠳᠠᠭᠠᠯᠠᠬᠤ ᠴᠥᠭᠦᠷᠥᠮ ᠤᠨ ᠤᠰᠤᠨ ᠤ ᠴᠢᠨᠠᠷ ᠪᠠ ᠲᠠᠪᠤᠰᠤ ᠶᠡᠬᠡᠲᠠᠢ ᠤᠰᠤ ᠶᠢ ᠬᠠᠳᠠᠭᠠᠬᠤ ᠴᠥᠭᠦᠷᠥᠮ ᠢ ᠴᠠᠭᠠᠵᠠᠯᠠᠭᠰᠠᠨ ᠪᠠᠶᠢᠳᠠᠯ ᠢ ᠶᠡᠷᠦᠩᠬᠡᠶᠢᠯᠡᠬᠡᠳ ᠬᠢᠨᠠᠨ ᠲᠣᠭᠲᠠᠭᠠᠨ᠎ᠠ᠃      ᠠᠷᠪᠠᠨ ᠬᠤᠶᠠᠳᠤᠭᠠᠷ ᠵᠤᠶᠢᠯ    ᠤᠰᠤᠨ ᠤ ᠣᠷᠴᠢᠨ ᠲᠣᠭᠤᠷᠢᠨ ᠤ ᠪᠠᠷᠢᠮᠵᠢᠶ᠎ᠠ ᠳᠤ ᠬᠦᠷᠦᠭᠰᠡᠨ ᠵᠢᠭᠠᠯᠳᠠ ᠲᠤᠭ᠎ᠠ ᠶᠢᠨ ᠰᠢᠯᠭᠠᠨ ᠬᠢᠨᠠᠯᠳᠠ ᠳᠤ 1 ᠬᠤᠪᠢ ᠤᠯᠬᠤ ᠪᠦᠷᠢ ᠨᠢ 25 ᠲᠦᠮᠡᠨ ᠲᠦᠭᠦᠷᠢᠭ ᠤᠨ ᠨᠦᠬᠦᠪᠦᠷᠢ ᠮᠦᠩᠭᠦ ᠦᠭᠭᠦᠨ᠎ᠡ᠃      ᠠᠷᠪᠠᠨ ᠭᠤᠷᠪᠠᠳᠤᠭᠠᠷ ᠵᠤᠶᠢᠯ   ᠨᠥᠬᠦᠪᠥᠷᠢ ᠮᠥᠩᠭᠦ ᠬᠤᠪᠢᠶᠠᠷᠢᠯᠠᠬᠤ ᠠᠷᠭ᠎ᠠ ᠮᠠᠶ᠋ᠢᠭ᠃ ᠨᠥᠬᠦᠪᠥᠷᠢ ᠮᠥᠩᠭᠦ ᠶᠢ ᠬᠦᠴᠦᠨ ᠵᠤᠶᠢᠯ ᠤᠨ ᠠᠷᠭ᠎ᠠ ᠪᠠᠷ ᠬᠤᠪᠢᠶᠠᠷᠢᠯᠠᠵᠤ᠂ ᠨᠡᠶᠢᠲᠡ 5 ᠲᠦᠷᠦᠯ ᠤᠨ ᠬᠦᠴᠦᠨ ᠵᠤᠶᠢᠯ ᠳᠤ ᠬᠤᠯᠪᠤᠭᠳᠠᠨ᠎ᠠ᠃ ᠡᠯ᠎ᠡ ᠬᠤᠰᠢᠭᠤ ᠲᠣᠭᠤᠷᠢᠭ ᠤᠨ ᠣᠯᠤᠭᠰᠠᠨ ᠨᠥᠬᠦᠪᠥᠷᠢ ᠮᠦᠩᠭᠦᠨ ᠤ ᠲᠤᠭ᠎ᠠ ᠬᠡᠮᠵᠢᠶ᠎ᠡ ᠨᠢ ᠡᠯ᠎ᠡ ᠬᠤᠰᠢᠭᠤ ᠲᠤᠭᠤᠷᠢᠭ ᠤᠨ ᠲᠠᠪᠤᠨ ᠲᠦᠷᠦᠯ ᠤᠨ ᠵᠦᠢᠯ ᠤᠨ ᠬᠦᠴᠦᠨ ᠵᠦᠢᠯ ᠤᠨ ᠬᠤᠪᠢ ᠶᠢᠨ ᠥᠷᠲᠡᠭ ᠤᠨ ᠨᠡᠶᠢᠯᠡᠪᠦᠷᠢ ᠶᠢ ᠪᠦᠬᠦ ᠬᠤᠲᠠ ᠶᠢᠨ ᠬᠦᠴᠦᠨ ᠵᠦᠢᠯ ᠤᠨ ᠬᠤᠪᠢ ᠶᠢᠨ ᠥᠷᠲᠡᠭ ᠤᠨ ᠨᠡᠶᠢᠯᠡᠪᠦᠷᠢ ᠪᠠᠷ ᠬᠤᠪᠢᠶᠠᠭᠰᠠᠨ ᠤ ᠳᠠᠷᠠᠭ᠎ᠠ ᠪᠦᠬᠦ ᠬᠤᠲᠠ ᠶᠢᠨ ᠶᠡᠷᠦᠩᠬᠡᠶ ᠨᠦᠬᠦᠪᠦᠷᠢ ᠮᠦᠩᠭᠦᠨ ᠤ ᠲᠤᠭ᠎ᠠ ᠬᠡᠮᠵᠢᠶ᠎ᠡ ᠪᠠᠷ ᠦᠷᠡᠵᠢᠭᠦᠯᠦᠨ᠎ᠡ᠃      ᠬᠦᠴᠦᠨ ᠵᠤᠶᠢᠯ 1    ᠳᠣᠣᠷᠠᠳᠤ ᠤᠷᠤᠰᠬᠠᠯ ᠤᠨ ᠬᠤᠰᠢᠭᠤ ᠲᠣᠭᠤᠷᠢᠭ ᠤᠨ ᠪᠣᠬᠢᠷᠲᠤᠯ ᠤᠨ ᠨᠥᠬᠦᠪᠥᠷᠢ᠄ ᠬᠢᠯᠢ ᠳᠤ ᠤᠷᠤᠵᠤ ᠢᠷᠡᠭᠰᠡᠨ ᠪᠠᠷᠢᠮᠵᠢᠶ᠎ᠠ ᠳᠤ ᠬᠦᠷᠬᠦ ᠦᠭᠡᠢ ᠣᠭᠲᠣᠯᠤᠭᠠᠰᠤ ᠨᠢ ᠪᠠᠷᠢᠮᠵᠢᠶ᠎ᠠ ᠬᠡᠮᠵᠢᠭᠳᠡᠯ ᠠᠴᠠ ᠨᠢᠭᠡ ᠲᠥᠷᠥᠯ ᠢᠯᠭᠠᠯ ᠬᠡᠲᠦᠷᠡᠬᠦ ᠪᠦᠷᠢ 5 ᠬᠤᠪᠢ ᠪᠤᠳᠤᠨ᠎ᠠ᠃ ᠬᠢᠯᠢ ᠪᠠᠷ ᠣᠷᠣᠵᠤ ᠢᠷᠡᠭᠰᠡᠨ ᠮᠤᠵᠢ ᠶᠢᠨ ᠵᠠᠭᠠᠭ᠂ ᠬᠤᠲᠠ ᠶᠢᠨ ᠡᠵᠡᠮᠰᠢᠬᠦ ᠪᠤᠶᠤ ᠬᠤᠰᠢᠭᠤ ᠲᠤᠭᠤᠷᠢᠭ ᠤᠨ ᠵᠠᠭᠠᠭ ᠤᠨ ᠣᠭᠲᠣᠯᠤᠭᠠᠰᠤ ᠨᠢ ᠵᠢᠯ ᠤᠨ ᠰᠢᠯᠭᠠᠨ ᠬᠢᠨᠠᠯᠳᠠ ᠳᠤ ᠪᠠᠷᠢᠮᠵᠢᠶ᠎ᠠ ᠳᠤ ᠬᠦᠷᠦᠭᠰᠡᠨ ᠢᠶᠠᠷ ᠮᠠᠭᠠᠳᠯᠠᠨ ᠲᠤᠭᠳᠠᠭᠠᠭᠰᠠᠨ ᠪᠤᠯ᠂ ᠲᠣᠰ ᠣᠭᠲᠣᠯᠤᠭᠠᠰᠤ ᠶᠢᠨ ᠡᠴᠦᠰ ᠤᠨ ᠣᠯᠤᠭᠰᠠᠨ ᠬᠤᠪᠢ ᠶᠢ  ᠬᠠᠭᠠᠰ ᠢᠶᠠᠷ ᠪᠠᠭᠤᠷᠠᠭᠤᠯᠤᠨ᠎ᠠ᠃      ᠬᠦᠴᠦᠨ ᠵᠦᠢᠯ 2   ᠪᠦᠬᠦ ᠬᠢᠯᠢ ᠶᠢᠨ ᠲᠣᠳᠣᠷᠠᠬᠢ ᠤᠰᠤᠨ ᠤ ᠴᠢᠨᠠᠷ ᠪᠠᠷᠢᠮᠵᠢᠶ᠎ᠠ ᠳᠤ ᠬᠦᠷᠦᠭᠰᠡᠨ᠄ ᠪᠦᠬᠦ ᠬᠢᠯᠢ ᠶᠢᠨ ᠲᠤᠳᠤᠷᠠᠬᠢ ᠭᠤᠣᠯ ᠮᠥᠷᠡᠨ ᠤ ᠤᠭᠳᠤᠯᠤᠭᠠᠰᠤ ᠨᠢ ᠪᠠᠷᠢᠮᠵᠢᠶ᠎ᠠ ᠳᠤ ᠬᠦᠷᠦᠭᠰᠡᠨ᠂ ᠣᠭᠲᠣᠯᠤᠭᠠᠰᠤ ᠶᠢᠨ ᠲᠤᠭ᠎ᠠ ᠨᠢ 5 ᠵᠢᠴᠢ ᠲᠡᠭᠦᠨ ᠠᠴᠠ ᠳᠣᠷᠣᠭᠰᠢ ᠪᠤᠯ 5 ᠬᠤᠪᠢ ᠣᠯᠵᠤ᠂ 5᠎ ᠠᠴᠠ ᠳᠡᠭᠡᠭᠰᠢ ᠪᠠᠶᠢᠪᠠᠯ ᠪᠤᠳᠠᠳᠠᠢ 5 ᠬᠤᠪᠢ ᠶᠢᠨ ᠰᠠᠭᠤᠷᠢᠨ ᠳᠡᠭᠡᠷ᠎ᠡ ᠨᠢᠭᠡ ᠲᠤᠭ᠎ᠠ ᠨᠡᠮᠡᠭᠳᠡᠬᠦ ᠪᠦᠷᠢ 0.25 ᠬᠤᠪᠢ ᠨᠡᠮᠡᠨ᠎ᠡ︔ ᠨᠠᠭᠤᠷ ᠤᠨ ᠣᠭᠲᠣᠯᠤᠭᠠᠰᠤ ᠨᠢ ᠪᠥᠬᠦ ᠬᠢᠯᠢ ᠪᠠᠷ ᠪᠠᠷᠢᠮᠵᠢᠶ᠎ᠠ ᠳᠤ ᠬᠦᠷᠪᠡᠯ᠂ 3 ᠬᠤᠪᠢ ᠣᠯᠤᠨ᠎ᠠ᠂ 2 ︵ᠪᠠᠭᠳᠠᠨ᠎ᠠ︶᠎ ᠠᠴᠠ ᠲᠡᠭᠡᠭᠰᠢ ᠪᠠᠶᠢᠪᠠᠯ 3 ᠬᠤᠪᠢ ᠶᠢᠨ ᠰᠠᠭᠤᠷᠢᠨ ᠳᠡᠭᠡᠷ᠎ᠡ ᠨᠢᠭᠡ ᠲᠤᠭ᠎ᠠ ᠨᠡᠮᠡᠭᠳᠡᠬᠦ ᠪᠦᠷᠢ 0.5 ᠬᠤᠪᠢ ᠨᠡᠮᠡᠨ᠎ᠡ︔ ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠶᠢ ᠲᠦᠷ ᠬᠠᠳᠠᠭᠠᠯᠠᠬᠤ ᠴᠦᠭᠦᠷᠤᠮ ᠤᠨ ᠤᠰᠤᠨ ᠤ ᠴᠢᠨᠠᠷ ᠪᠦᠬᠦ ᠬᠢᠯᠢ ᠪᠠᠷ ᠪᠠᠷᠢᠮᠵᠢᠶ᠎ᠠ ᠳᠤ ᠬᠦᠷᠪᠡᠯ᠂ 2 ᠬᠤᠪᠢ ᠣᠯᠤᠨ᠎ᠠ᠂ 1᠎ ᠠᠴᠠ ᠳᠡᠭᠡᠭᠰᠢ ᠪᠠᠶᠢᠪᠠᠯ  ᠨᠢᠭᠡ ᠲᠤᠭ᠎ᠠ ᠨᠡᠮᠡᠭᠳᠡᠬᠦ ᠪᠦᠷᠢ 0.5 ᠬᠤᠪᠢ ᠤᠯᠤᠨ᠎ᠠ᠃ ᠬᠤᠰᠢᠭᠤ ᠲᠣᠭᠤᠷᠢᠭ ᠤᠰᠤᠨ ᠤ ᠴᠢᠨᠠᠷ ᠢ ᠠᠦ᠋ᠲ᠋ᠣᠴᠢᠯᠠᠨ ᠬᠢᠨᠠᠨ ᠬᠡᠮᠵᠢᠬᠦ ᠥᠷᠲᠡᠭᠡ ᠶᠢ ᠨᠡᠮᠡᠵᠦ ᠪᠠᠶᠢᠭᠤᠯᠬᠤ ᠪᠦᠷᠢ 0.5 ᠬᠤᠪᠢ ᠤᠯᠤᠨ᠎ᠠ᠃      ᠬᠦᠴᠦᠨ ᠵᠤᠶᠢᠯ 3   ᠤᠰᠤᠨ ᠤ ᠴᠢᠨᠠᠷ 2018 ᠣᠨ ᠤ ᠬᠢ ᠠᠴᠠ ᠰᠠᠶᠢᠵᠢᠷᠠᠭᠰᠠᠨ᠄ ᠲᠤᠬᠠᠢ ᠶᠢᠨ ᠰᠠᠷ᠎ᠠ ᠎ ᠶᠢᠨ ᠤᠰᠤᠨ ᠤ ᠴᠢᠨᠠᠷ ᠨᠢ 2018 ᠣᠨ ᠤ ᠵᠢᠯ ᠤᠨ ᠳᠤᠮᠳᠠᠴᠢ ᠤᠰᠤᠨ ᠤ ᠴᠢᠨᠠᠷ ᠠᠴᠠ ᠨᠢᠭᠡ ᠲᠦᠷᠦᠯ ᠢᠯᠭᠠᠯ ᠰᠠᠶᠢᠵᠢᠷᠠᠭᠰᠠᠨ ᠪᠤᠯ 1 ᠬᠤᠪᠢ ᠣᠯᠤᠨ᠎ᠠ︔ ᠣᠭᠲᠣᠯᠤᠭᠠᠰᠤ ᠶᠢᠨ ᠵᠢᠯ ᠤᠨ ᠰᠢᠯᠭᠠᠨ ᠬᠢᠨᠠᠯᠳᠠ ᠶᠢᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ 2018 ᠣᠨ ᠲᠠᠢ ᠬᠠᠷᠢᠴᠠᠭᠤᠯᠤᠭᠠᠳ ᠠᠳᠠᠯᠢ ᠪᠤᠯ᠂ ᠲᠤᠰ ᠬᠦᠴᠦᠨ ᠵᠤᠶᠢᠯ ᠤᠨ ᠨᠥᠬᠦᠪᠥᠷᠢ ᠮᠥᠩᠭᠦ ᠶᠢᠨ ᠬᠤᠪᠢ ᠶᠢ  ᠬᠠᠭᠠᠰ ᠢᠶᠠᠷ ᠪᠠᠭᠤᠷᠠᠭᠤᠯᠤᠨ᠎ᠠ︔ ᠵᠢᠯ ᠤᠨ ᠰᠢᠯᠭᠠᠨ ᠬᠢᠨᠠᠯᠳᠠ ᠎ ᠶᠢᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ 2018 ᠣᠨ ᠲᠠᠢ ᠬᠠᠷᠢᠴᠠᠭᠤᠯᠤᠭᠠᠳ ᠮᠠᠭᠤ ᠪᠤᠯᠤᠭᠰᠠᠨ ᠪᠤᠯ᠂ ᠲᠤᠰ ᠬᠦᠴᠦᠨ ᠵᠤᠶᠢᠯ ᠤᠨ ᠨᠥᠬᠦᠪᠥᠷᠢ ᠮᠥᠩᠭᠦ ᠶᠢᠨ ᠬᠤᠪᠢ ᠨᠢ 0 ᠪᠤᠯᠤᠨ᠎ᠠ᠃      ᠬᠦᠴᠦᠨ ᠵᠤᠶᠢᠯ 4  ᠤᠰᠤᠨ ᠤ ᠴᠢᠨᠠᠷ ᠨᠢ ᠲᠦᠷᠦᠭᠦᠤ ᠵᠢᠯ ᠤᠨ ᠬᠢ ᠠᠴᠠ ᠰᠠᠶᠢᠵᠢᠷᠠᠭᠰᠠᠨ᠄ ᠣᠭᠲᠣᠯᠤᠭᠠᠰᠤ ᠶᠢᠨ ᠲᠤᠬᠠᠢ ᠶᠢᠨ ᠰᠠᠷ᠎ᠠ ᠶᠢᠨ ᠤᠰᠤᠨ ᠤ ᠴᠢᠨᠠᠷ ᠨᠢ ᠲᠦᠷᠦᠭᠦᠤ ᠵᠢᠯ ᠤᠨ ᠳᠤᠮᠳᠠᠴᠢ ᠤᠰᠤᠨ ᠤ ᠴᠢᠨᠠᠷ ᠠᠴᠠ  ᠨᠢᠭᠡ ᠲᠦᠷᠦᠯ ᠢᠯᠭᠠᠯ ᠰᠠᠶᠢᠵᠢᠷᠠᠭᠰᠠᠨ ᠪᠤᠯ 1 ᠬᠤᠪᠢ ᠣᠯᠤᠨ᠎ᠠ︔ ᠣᠭᠲᠣᠯᠤᠭᠠᠰᠤ ᠶᠢᠨ ᠵᠢᠯ ᠤᠨ ᠰᠢᠯᠭᠠᠨ ᠬᠢᠨᠠᠯᠳᠠ ᠶᠢᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠳᠡᠭᠡᠷ᠎ᠡ ᠨᠢᠭᠡ ᠵᠢᠯ ᠤᠨ ᠬᠢ ᠲᠠᠢ ᠬᠠᠷᠢᠴᠠᠭᠤᠯᠤᠭᠠᠳ ᠠᠳᠠᠯᠢ ᠪᠤᠯ᠂ ᠲᠤᠰ ᠬᠦᠴᠦᠨ ᠵᠤᠶᠢᠯ ᠤᠨ ᠨᠥᠬᠦᠪᠥᠷᠢ ᠮᠥᠩᠭᠦ ᠶᠢᠨ ᠬᠤᠪᠢ ᠶᠢ ᠬᠠᠭᠠᠰ ᠢᠶᠠᠷ ᠪᠠᠭᠤᠷᠠᠭᠤᠯᠤᠨ᠎ᠠ︔ ᠵᠢᠯ ᠤᠨ ᠰᠢᠯᠭᠠᠨ ᠬᠢᠨᠠᠯᠳᠠ ᠶᠢᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠳᠡᠭᠡᠷ᠎ᠡ ᠨᠢᠭᠡ ᠵᠢᠯ ᠤᠨ ᠬᠢ ᠲᠠᠢ ᠬᠠᠷᠢᠴᠠᠭᠤᠯᠤᠭᠠᠳ ᠮᠠᠭᠤ ᠪᠤᠯᠤᠭᠰᠠᠨ ᠪᠤᠯ᠂ ᠲᠤᠰ ᠬᠦᠴᠦᠨ ᠵᠤᠶᠢᠯ ᠤᠨ ᠨᠥᠬᠦᠪᠥᠷᠢ ᠮᠥᠩᠭᠦ ᠎ ᠶᠢᠨ ᠬᠤᠪᠢ ᠨᠢ 0 ᠪᠤᠯᠤᠨ᠎ᠠ᠃      ᠭᠦᠴᠦᠨ ᠵᠤᠶᠢᠯ 5   ᠲᠠᠪᠤᠰᠤ ᠶᠡᠬᠡᠲᠠᠢ ᠤᠰᠤ ᠶᠢ ᠬᠠᠳᠠᠭᠠᠬᠤ ᠴᠥᠭᠦᠷᠥᠮ ᠪᠠ ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠶᠢ ᠲᠦᠷ ᠬᠠᠳᠠᠭᠠᠯᠠᠬᠤ ᠴᠥᠭᠦᠷᠥᠮ ᠳᠤ ᠨᠥᠬᠦᠪᠥᠷᠢ ᠥᠭᠬᠦ ᠶᠢ ᠦᠭᠡᠢᠰᠬᠡᠨ᠎ᠡ᠄ ᠲᠠᠪᠤᠰᠤ ᠶᠡᠬᠡᠲᠠᠢ ᠤᠰᠤ ᠬᠠᠳᠠᠭᠠᠬᠤ ᠴᠥᠭᠦᠷᠥᠮ ᠨᠢ ᠨᠢᠭᠡ ᠬᠠᠰᠤᠭᠳᠠᠬᠤ ᠪᠤᠯᠭᠠᠨ 1 ᠬᠤᠪᠢ ᠤᠯᠤᠨ᠎ᠠ︔ ᠵᠠᠪᠰᠠᠷ ᠤᠨ ᠤᠰᠤ ︵ᠠᠭᠤᠷᠬᠠᠶ ᠶᠢᠨ ᠬᠤᠳᠳᠤᠭ ᠤᠨ ᠤᠰᠤ︶᠎ ᠶᠢ ᠲᠦᠷ ᠬᠠᠳᠠᠭᠠᠯᠠᠬᠤ ᠴᠥᠭᠦᠷᠥᠮ ᠤᠨ ᠲᠤᠭ᠎ᠠ ᠶᠢ ᠨᠢᠭᠡ  ᠬᠠᠰᠤᠭᠳᠠᠬᠤ ᠪᠤᠯᠭᠠᠨ 1 ᠬᠤᠪᠢ ᠤᠯᠤᠨ᠎ᠠ᠃      ᠲᠠᠪᠤᠨ ᠬᠦᠴᠦᠨ ᠵᠦᠢᠯ ᠤᠨ ᠳᠣᠲᠣᠷᠠᠬᠢ ᠬᠦᠴᠦᠨ ᠵᠦᠢᠯ 1᠂ 3᠂ 4᠎ ᠶᠢᠨ ᠬᠤᠪᠢ ᠶᠢ ᠰᠠᠷ᠎ᠠ ᠪᠠᠷ ᠪᠤᠳᠤᠵᠤ᠂ ᠡᠯ᠎ᠡ ᠰᠠᠷ᠎ᠠ ᠶᠢᠨ ᠬᠤᠪᠢ ᠶᠢᠨ ᠥᠷᠲᠡᠭ ᠤᠨ ᠨᠡᠶᠢᠯᠡᠪᠦᠷᠢ ᠨᠢ ᠵᠢᠯ ᠤᠨ ᠬᠤᠪᠢ ᠶᠢᠨ ᠥᠷᠲᠡᠭ ᠪᠣᠯᠤᠨ᠎ᠠ︔ ᠬᠦᠴᠦᠨ ᠵᠦᠢᠯ 2 ᠪᠠ 5᠎ ᠶᠢᠨ ᠬᠤᠪᠢ ᠶᠢ ᠵᠢᠯ ᠢᠶᠠᠷ ᠪᠤᠳᠤᠨ᠎ᠠ᠃      ᠨᠦᠬᠦᠪᠦᠷᠢ ᠮᠦᠩᠭᠦ  = ᠡᠯ᠎ᠡ ᠬᠤᠰᠢᠭᠤ ᠲᠣᠭᠤᠷᠢᠭ ᠤᠨ ᠭᠦᠴᠦᠨ ᠵᠤᠶᠢᠯ ᠤᠨ ᠬᠤᠪᠢ ᠶᠢᠨ ᠥᠷᠲᠡᠭ ᠤᠨ ᠨᠡᠶᠢᠯᠡᠪᠦᠷᠢ ᠶᠢ ᠪᠦᠬᠦ ᠬᠤᠲᠠ ᠶᠢᠨ ᠭᠦᠴᠦᠨ ᠵᠤᠶᠢᠯ ᠤᠨ ᠬᠤᠪᠢ ᠶᠢᠨ ᠥᠷᠲᠡᠭ ᠤᠨ ᠨᠡᠶᠢᠯᠡᠪᠦᠷᠢ ᠪᠠᠷ ᠬᠤᠪᠢᠶᠠᠭᠠᠳ ᠪᠦᠬᠦ ᠬᠤᠲᠠ ᠶᠢᠨ ᠶᠡᠷᠦᠩᠬᠡᠶ ᠨᠥᠬᠦᠪᠥᠷᠢ ᠮᠦᠩᠭᠦᠨ ᠤ ᠲᠤᠭ᠎ᠠ ᠬᠡᠮᠵᠢᠶ᠎ᠡ ᠪᠠᠷ ᠦᠷᠡᠵᠢᠭᠦᠯᠦᠨ᠎ᠡ᠃      ᠠᠷᠪᠠᠨ ᠳᠥᠷᠪᠡᠳᠦᠭᠡᠷ ᠵᠦᠢᠯ   ᠲᠤᠬᠠᠢ ᠶᠢᠨ ᠰᠠᠷ᠎ᠠ ᠳᠤ ᠵᠠᠰᠠᠭ ᠵᠠᠬᠢᠷᠭᠠᠨ ᠤ ᠣᠷᠣᠨ ᠤ ᠳᠠᠩ ᠭᠠᠭᠴᠠ ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠳᠤ ᠬᠥᠷᠥᠭᠰᠡᠨ ᠦᠭᠡᠶ ᠪᠤᠯ᠂ ᠲᠤᠰ ᠬᠤᠰᠢᠭᠤ ᠲᠣᠭᠤᠷᠢᠭ ᠨᠢ ᠪᠠᠷᠢᠮᠵᠢᠶ᠎ᠠ ᠠᠴᠠ ᠬᠡᠲᠦᠷᠡᠭᠰᠡᠨ ᠣᠭᠲᠣᠯᠤᠭᠠᠰᠤ ᠶᠢᠨ ᠨᠥᠬᠦᠪᠥᠷᠢ ᠮᠥᠩᠭᠦ ᠶᠢ ᠡᠭᠦᠷᠭᠡᠯᠡᠨ᠎ᠡ︔ ᠣᠯᠠᠨ ᠵᠠᠰᠠᠭ ᠵᠠᠬᠢᠷᠭᠠᠨ ᠤ ᠣᠷᠣᠨ ᠳᠤ ᠬᠤᠯᠪᠣᠭᠳᠠᠬᠤ ᠵᠡᠭᠦᠨ ᠪᠠᠷᠠᠭᠤᠨ ᠡᠷᠭᠢ ᠶᠢᠨ ᠬᠠᠷᠢᠴᠠᠭᠠᠨ ᠤ ᠣᠭᠲᠣᠯᠤᠭᠠᠰᠤ ᠨᠢ ᠪᠠᠷᠢᠮᠵᠢᠶ᠎ᠠ ᠳᠤ ᠬᠥᠷᠥᠭᠰᠡᠨ ᠦᠭᠡᠶ ᠪᠣᠯ ᠬᠠᠷᠢᠭᠤᠴᠠᠯᠭ᠎ᠠ ᠡᠷᠬᠡ ᠶᠢᠨ ᠶᠣᠰᠣᠭᠠᠷ ᠨᠥᠬᠦᠪᠥᠷᠢ ᠮᠦᠩᠭᠦ ᠶᠢ ᠬᠤᠪᠢᠶᠠᠨ ᠡᠭᠦᠷᠭᠡᠯᠡᠨ᠎ᠡ᠃ ᠨᠥᠬᠦᠪᠥᠷᠢ ᠮᠦᠩᠭᠦᠨ ᠤ ᠬᠤᠪᠢᠶᠠᠷᠢᠯᠠᠯᠲᠠ ᠳᠤ ᠬᠤᠯᠪᠣᠭᠳᠠᠭᠰᠠᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠣᠭᠲᠣᠯᠤᠭᠠᠰᠤ᠂ ᠤᠰᠤᠨ ᠤ ᠴᠢᠨᠠᠷ ᠨᠢ 2018 ᠤᠨ ᠪᠤᠶᠤ ᠳᠡᠭᠡᠷ᠎ᠡ ᠵᠢᠯ ᠤᠨ ᠬᠢ ᠲᠠᠢ ᠬᠠᠷᠢᠴᠠᠭᠤᠯᠪᠠᠯ ᠰᠠᠶᠢᠵᠢᠷᠠᠭᠤᠯᠤᠭᠰᠠᠨ ᠤᠭᠳᠤᠯᠤᠭᠠᠰᠤ ᠨᠢ ᠳᠠᠩ ᠭᠠᠭᠴᠠ ᠵᠠᠰᠠᠭ ᠵᠠᠬᠢᠷᠭᠠᠨ ᠤ ᠣᠷᠣᠨ ᠪᠤᠯ ᠨᠥᠬᠦᠪᠥᠷᠢ ᠮᠦᠩᠭᠦᠨ ᠤ ᠬᠦᠴᠦᠨ ᠵᠤᠶᠢᠯ ᠤᠨ ᠬᠤᠪᠢ ᠶᠢᠨ ᠥᠷᠲᠡᠭ ᠤᠨ ᠪᠦᠬᠦᠨ ᠢ ᠲᠤᠰ ᠬᠤᠰᠢᠭᠤ ᠲᠤᠭᠤᠷᠢᠭ ᠤᠨ ᠬᠦᠴᠦᠨ ᠵᠤᠶᠢᠯ ᠤᠨ ᠬᠤᠪᠢ ᠶᠢᠨ ᠥᠷᠲᠡᠭ ᠲᠤ ᠣᠷᠣᠭᠤᠯᠤᠨ᠎ᠠ︔ ᠣᠯᠠᠨ ᠵᠠᠰᠠᠭ ᠵᠠᠬᠢᠷᠭᠠᠨ ᠤ ᠣᠷᠣᠨ ᠤ ᠵᠡᠭᠦᠨ ᠪᠠᠷᠠᠭᠤᠨ ᠡᠷᠭᠢ ᠶᠢᠨ ᠬᠠᠷᠢᠴᠠᠭᠠᠨ ᠤ ᠣᠭᠲᠣᠯᠤᠭᠠᠰᠤ ᠳᠤ ᠬᠤᠯᠪᠤᠭᠳᠠᠪᠠᠯ᠂ ᠬᠠᠷᠢᠭᠤᠴᠠᠯᠭ᠎ᠠ ᠡᠷᠬᠡ ᠶᠢᠨ ᠶᠣᠰᠣᠭᠠᠷ ᠨᠥᠬᠦᠪᠥᠷᠢ ᠮᠦᠩᠭᠦᠨ ᠤ ᠬᠦᠴᠦᠨ ᠵᠤᠶᠢᠯ ᠤᠨ ᠬᠤᠪᠢ ᠶᠢᠨ ᠦᠷᠳᠡᠭ ᠢ ᠬᠤᠪᠢᠶᠠᠷᠢᠯᠠᠨ᠎ᠠ᠃ ᠬᠢᠯᠢ ᠳᠤ ᠤᠷᠤᠵᠤ ᠢᠷᠡᠭᠰᠡᠨ ᠪᠠᠷᠢᠮᠵᠢᠶ᠎ᠠ ᠳᠤ  ᠬᠦᠷᠦᠭᠰᠡᠨ ᠦᠬᠡᠢ ᠣᠭᠲᠣᠯᠤᠭᠠᠰᠤ ᠨᠢ ᠣᠯᠠᠨ ᠵᠠᠰᠠᠭ ᠵᠠᠬᠢᠷᠭᠠᠨ ᠤ ᠣᠷᠣᠨ ᠤ ᠵᠡᠭᠦᠨ ᠪᠠᠷᠠᠭᠤᠨ ᠡᠷᠭᠢ ᠶᠢᠨ ᠬᠠᠷᠢᠴᠠᠭ᠎ᠠ ᠳᠤ ᠬᠤᠯᠪᠤᠭᠳᠠᠪᠠᠯ᠂ ᠬᠦᠴᠦᠨ ᠵᠤᠶᠢᠯ ᠤᠨ ᠬᠤᠪᠢ ᠶᠢᠨ ᠥᠷᠲᠡᠭ ᠲᠤ ᠬᠤᠯᠪᠤᠭᠳᠠᠬᠤ ᠡᠯ᠎ᠡ ᠬᠤᠰᠢᠭᠤ ᠲᠣᠭᠤᠷᠢᠭ ᠠᠳᠠᠯᠢ ᠪᠠᠷ ᠬᠤᠪᠢᠶᠠᠷᠢᠯᠠᠨ᠎ᠠ᠃      ᠠᠷᠪᠠᠨ ᠲᠠᠪᠤᠳᠤᠭᠠᠷ ᠵᠦᠢᠯ   ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠡᠯ᠎ᠡ ᠬᠤᠰᠢᠭᠤ ᠲᠣᠭᠤᠷᠢᠭ ᠤᠨ ᠨᠤᠲᠠᠯᠠᠭᠰᠠᠨ ᠵᠢᠯ ᠤᠨ ᠪᠣᠳᠠᠲᠠᠶ ᠨᠥᠬᠦᠪᠥᠷᠢ ᠮᠥᠩᠭᠦ ᠪᠠ ᠨᠥᠬᠦᠪᠥᠷᠢ ᠮᠥᠩᠭᠦ ᠶᠢ ᠬᠤᠪᠢᠶᠠᠷᠢᠯᠠᠭᠰᠠᠨ ᠦᠷ᠎ᠡ ᠳ᠋ᠦᠩ ᠢ ᠦᠨᠳᠦᠰᠦᠯᠡᠨ᠂ ᠮᠡᠳᠡᠭᠳᠡᠯ ᠤᠨ ᠬᠠᠭᠤᠳᠠᠰᠤ ᠶᠢ ᠵᠢᠯ ᠤᠨ ᠡᠴᠦᠰ ᠤᠨ ᠳ᠋ᠦᠩᠨᠡᠨ ᠪᠣᠳᠣᠯᠲᠠ ᠠᠴᠠ ᠡᠮᠦᠨ᠎ᠡ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠰᠢᠭᠤ ᠲᠤᠭᠤᠷᠢᠭ ᠲᠠᠢ ᠵᠢᠯ ᠤᠨ ᠡᠴᠦᠰ ᠤᠨ ᠳ᠋ᠦᠩᠨᠡᠨ ᠪᠣᠳᠣᠯᠲᠠ ᠬᠢᠬᠦ ᠪᠠᠷ ᠳᠠᠮᠵᠢᠨ ᠬᠤᠷᠢᠶᠠᠨ ᠠᠪᠬᠤ ᠪᠠ ᠬᠤᠪᠢᠶᠠᠷᠢᠯᠠᠪᠠᠯ ᠵᠣᠬᠢᠬᠤ ᠨᠥᠬᠦᠪᠥᠷᠢ ᠮᠥᠩᠭᠦ ᠶᠢ ᠡᠯ᠎ᠡ ᠬᠤᠯᠪᠤᠭᠳᠠᠯ ᠪᠦᠬᠦᠢ ᠬᠤᠰᠢᠭᠤ ᠲᠣᠭᠤᠷᠢᠭ ᠲᠤ ᠪᠠᠭᠤᠯᠭᠠᠨ᠎ᠠ᠃ ᠨᠥᠬᠦᠪᠥᠷᠢ ᠮᠥᠩᠭᠦ ᠶᠢ ᠡᠷᠬᠡᠪᠰᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠡᠷᠡᠭᠯᠡᠨ᠎ᠡ᠃        ᠳᠥᠷᠪᠡᠳᠦᠭᠡᠷ ᠪᠦᠯᠦᠭ    ᠪᠠᠲᠤᠯᠠᠭ᠎ᠠ ᠶᠢᠨ ᠠᠷᠭ᠎ᠠ ᠬᠡᠮᠵᠢᠶ᠎ᠡ      ᠠᠷᠪᠠᠨ ᠵᠢᠷᠭᠤᠳᠤᠭᠠᠷ ᠵᠤᠶᠢᠯ   ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ︹2016 ︺ 25 ᠳ᠋ᠤᠭᠠᠷ ᠲᠣᠭᠠᠲᠤ︶᠎ ᠳᠤ ᠲᠣᠭᠲᠠᠭᠠᠭᠰᠠᠨ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠠᠷᠠᠯᠲᠠ ᠪᠠ ᠵᠢᠯ ᠤᠨ ᠲᠥᠯᠥᠪᠯᠡᠭᠡ ᠶᠢ ᠦᠨᠳᠦᠰᠦᠯᠡᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠦᠷᠢᠵᠢᠭᠤᠯᠵᠤ᠂ ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠎ ᠢ ᠦᠨᠡᠨᠬᠦ  ᠰᠠᠶᠢᠵᠢᠷᠠᠭᠤᠯᠤᠨ᠎ᠠ᠃ ᠰᠠᠷ᠎ᠠ ᠶᠢᠨ ᠨᠠᠷ᠎ᠠ ᠶᠢᠨ ᠵᠢᠭᠰᠠᠭᠠᠯᠳᠠ ᠶᠢᠨ ᠰᠡᠭᠦᠯ ᠤᠨ 3 ᠬᠤᠰᠢᠭᠤ ᠲᠣᠭᠤᠷᠢᠭ ᠎ ᠢ ᠤᠷᠢᠳᠴᠢᠯᠠᠨ ᠰᠡᠷᠡᠮᠵᠢᠯᠡᠭᠦᠯᠵᠣ ᠰᠠᠨᠠᠭᠤᠯᠤᠨ᠎ᠠ︔ ᠬᠤᠶᠠᠷ ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠤᠰᠢᠭᠤ ᠲᠣᠭᠤᠷᠢᠭ ᠢ  ᠵᠠᠷᠯᠠᠨ ᠰᠢᠭᠦᠮᠵᠢᠯᠡᠨ᠎ᠡ︔ ᠰᠠᠷ᠎ᠠ ᠶᠢᠨ ᠨᠡᠷ᠎ᠡ ᠶᠢᠨ ᠵᠢᠭᠰᠠᠭᠠᠯᠳᠠ ᠳᠤ ᠠᠷᠤ ᠎ ᠠᠴᠠ ᠨᠢ 1 ᠳ᠋ᠤᠬᠡᠷ ᠲᠤ 3 ᠤᠳᠠᠭ᠎ᠠ ᠪᠤᠶᠤ 3 ᠰᠠᠷ᠎ᠠ ᠳᠠᠷᠠᠭᠠᠯᠠᠨ ᠪᠠᠭᠤᠷᠠᠭᠰᠠᠨ ᠬᠤᠰᠢᠭᠤ ᠲᠣᠭᠤᠷᠢᠭ ᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠰᠢᠭᠤ ᠲᠣᠭᠤᠷᠢᠭ ᠤᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ  ᠶᠢᠨ ᠬᠠᠮᠲᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠤᠷᠢᠵᠤ ᠬᠥᠮᠦᠨ ᠲᠣᠮᠢᠯᠠᠨ ᠤᠷᠤᠯᠴᠠᠭᠤᠯᠤᠨ᠎ᠠ᠃ ᠴᠢᠬᠤᠯᠠ ᠲᠠᠢ ᠦᠶ᠎ᠡ ᠳᠤ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠲᠠᠮᠵᠢᠨ ᠢᠯᠡ ᠪᠠᠷ ᠨᠡᠶᠢᠳᠡᠯᠡᠵᠣ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠳᠤ ᠴᠡᠭᠴᠡᠯᠡᠨ ᠰᠠᠶᠢᠵᠢᠷᠠᠭᠤᠯᠬᠤ ᠠᠮᠠᠯᠠᠯᠲᠠ  ᠬᠢᠯᠬᠡᠨ᠎ᠡ᠃      ᠠᠷᠪᠠᠨ ᠳᠣᠯᠣᠳᠤᠭᠠᠷ ᠵᠦᠢᠯ   ᠵᠠᠯᠭᠠᠭ᠎ᠠ ᠪᠠᠷ ᠬᠤᠶᠠᠷ ᠤᠳᠠᠭ᠎ᠠ ᠪᠣᠯᠵᠣᠨ ᠶᠠᠷᠢᠯᠴᠠᠭᠰᠠᠨ ᠪᠤᠶᠤ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠨᠢ ᠬᠦᠨᠳᠦ ᠨᠣᠴᠢᠲᠠᠶ ᠮᠠᠭᠤᠳᠠᠭᠰᠠᠨ ᠡᠰᠡᠬᠦᠯ᠎ᠡ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠠᠷᠠᠯᠲᠠ ᠪᠠᠨ ᠪᠡᠶᠡᠯᠡᠭᠦᠯᠦᠭᠰᠡᠨ ᠦᠬᠡᠢ ᠬᠤᠰᠢᠭᠤ ᠲᠣᠭᠤᠷᠢᠭ ᠲᠤ᠂ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠳᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠪᠣᠳᠠᠲᠤ ᠶᠠᠪᠤᠳᠠᠯ ᠢ ᠪᠠᠶᠢᠴᠠᠭᠠᠨ ᠲᠣᠳᠣᠯᠠᠵᠤ᠂ ᠬᠠᠷᠢᠭᠤᠴᠠᠯᠭ᠎ᠠ ᠶᠢ ᠢᠯᠭᠠᠬᠤ ᠰᠠᠭᠤᠷᠢᠨ ᠳᠡᠭᠡᠷ᠎ᠡ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠰᠠᠶᠢᠨ ᠪᠢᠰᠢ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠡᠵᠡᠮᠳᠡᠬᠦ ᠨᠢᠭᠡᠴᠡ ᠶᠢᠨ ᠪᠠᠶᠢᠭ᠎ᠠ ᠬᠤᠰᠢᠭᠤ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠤᠳᠤᠷᠢᠳᠬᠤ ᠺᠠᠳ᠋ᠷ ᠲᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠴᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠠᠳᠠᠯ ᠶᠣᠰᠣᠭᠠᠷ ᠬᠤᠯᠪᠣᠭᠳᠠᠯ ᠪᠦᠬᠦᠢ ᠨᠠᠮ ᠤᠨ ᠬᠤᠷᠢᠶ᠎ᠠ ᠳᠤ ᠰᠢᠯᠵᠢᠭᠦᠯᠦᠨ ᠲᠤᠰᠢᠶᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠨᠠᠮ ᠤᠨ ᠠᠵᠢᠯᠯᠠᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠨᠠᠢᠮᠠᠳᠤᠭᠠᠷ ᠵᠦᠢᠯ  3 ᠰᠠᠷ᠎ᠠ ᠳᠠᠷᠠᠭᠠᠯᠠᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠪᠠᠨ ᠪᠡᠶᠡᠯᠡᠭᠦᠯᠦᠭᠰᠡᠨ ᠦᠬᠡᠢ᠂ ᠡᠰᠡᠬᠦᠯ᠎ᠡ 3 ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠤᠰᠢᠭᠤ ᠲᠣᠭᠤᠷᠢᠭ ᠲᠤ᠂ ᠬᠤᠳᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠤᠰ ᠬᠤᠰᠢᠭᠤ ᠲᠣᠭᠤᠷᠢᠭ ᠤᠨ ᠪᠠᠷᠢᠮᠵᠢᠶ᠎ᠠ ᠠᠴᠠ ᠬᠡᠲᠦᠷᠡᠭᠰᠡᠨ ᠣᠭᠲᠣᠯᠤᠭᠠᠰᠤ ᠶᠢᠨ ᠬᠠᠷᠢᠭᠤᠴᠠᠯᠭ᠎ᠠ ᠶᠢ ᠡᠵᠡᠮᠳᠡᠬᠦ ᠨᠢᠭᠡᠴᠡ ᠶᠢᠨ ᠰᠢᠨ᠎ᠡ ᠪᠠᠷ ᠨᠡᠮᠡᠭᠳᠡᠭᠰᠡᠨ ᠭᠤᠤᠯᠳᠠᠯᠭ᠎ᠠ ᠲᠠᠢ ᠤᠰᠤᠨ ᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠪᠦᠲᠦᠭᠡᠨ ᠪᠠᠶᠢᠭᠤᠯᠤᠯᠳᠠ ᠶᠢᠨ ᠲᠥᠷᠥᠯ ᠵᠤᠶᠢᠯ ︵ᠠᠷᠠᠳ ᠤᠨ ᠠᠮᠢᠳᠤᠷᠠᠯ ᠬᠢᠭᠡᠳ ᠡᠨᠧᠷᠭᠢ ᠠᠷᠪᠢᠯᠠᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠤᠶᠢᠯ ᠪᠠᠭᠲᠠᠬᠤ ᠦᠭᠡᠶ︶᠎ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠲᠦᠷ  ᠵᠤᠭᠰᠤᠭᠠᠵᠣ᠂ ᠭᠤᠷᠪᠠᠨ ᠰᠠᠷ᠎ᠠ ᠳᠠᠷᠠᠭᠠᠯᠠᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠭᠰᠡᠨ ᠤ ᠳᠠᠷᠠᠭ᠎ᠠ ᠰᠠᠶ᠋ᠢ ᠬᠦᠴᠦᠨ ᠦᠭᠡᠶ ᠪᠣᠯᠭᠠᠵᠤ ᠪᠣᠯᠤᠨ᠎ᠠ᠃      ᠠᠷᠪᠠ ᠶᠢᠰᠦᠳᠦᠭᠡᠷ ᠵᠦᠢᠯ   ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号