︽ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾᠎ ᠶᠢ ᠲᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠎ ᠤᠨ ᠣᠷᠳᠣᠨ ᠎ ᠤ ᠮᠡᠳᠡᠭᠳᠡᠯ                                                              ᠣᠷᠳᠣᠰ ᠵᠠᠰᠠᠭ ᠲᠠᠷᠬᠠᠭᠠᠬᠤ ﹇2020 ﹈ 43 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2020/6/22
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠳᠤ᠄      ︽ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾᠎ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020᠎  ᠤᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ  ᠭᠡᠷᠡᠭᠵᠢᠭᠦᠯᠰᠦᠬᠡᠢ᠃                        ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                             2020 ᠣᠨ ᠤ 6 ᠰᠠᠷ᠎ᠠ ᠶᠢᠨ 22᠎ ᠤᠨ ᠡᠳᠦᠷ                          ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ       ᠨᠢᠭᠡᠳᠦᠭᠡᠷ ᠪᠦᠯᠦᠭ     ᠶᠡᠷᠦᠩᠬᠡᠶ ᠲᠦᠷᠢᠮ       ᠨᠢᠭᠡᠳᠦᠭᠡᠷ ᠵᠦᠢᠯ   ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠵᠤ᠂ ᠲᠣᠭᠠᠴᠢᠯᠠᠭᠰᠠᠨ ᠣᠷᠳᠣᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ  ᠠᠬᠢᠭᠤᠯᠬᠤ ᠶᠢᠨ ᠲᠤᠰᠠᠳᠠ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠤᠰ ᠠᠷᠭ᠎ᠠ ᠳᠤ ᠲᠣᠬᠢᠷᠠᠬᠤ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ ᠭᠤᠤᠯᠳᠠᠭᠤ᠄ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠬᠡᠷᠡᠭᠵᠢᠭᠦᠯᠦᠭᠰᠡᠨ ᠡᠯᠧᠺᠲᠷᠣᠨ ᠵᠠᠰᠠᠭ ᠤᠨ ᠶᠠᠪᠤᠳᠠᠯ ᠤᠨ ᠰᠠᠭᠤᠷᠢ ᠲᠥᠬᠦᠬᠡᠷᠦᠮᠵᠢ᠂ ᠵᠥᠭᠡᠯᠡᠨ ᠲᠤᠨᠤᠭ ᠢ ᠨᠡᠭᠡᠭᠡᠨ ᠬᠥᠭᠵᠢᠭᠦᠯᠬᠦ ᠵᠢᠴᠢ ᠬᠤᠳᠠᠯᠳᠤᠨ ᠠᠪᠬᠤ᠂ ᠲᠡᠭᠡᠭᠡᠪᠦᠷᠢᠯᠡᠨ ᠬᠠᠮᠠᠭᠠᠯᠠᠬᠤ ᠡᠵᠡᠩᠨᠡᠯᠲᠡ ᠶᠢᠨ  ᠦᠢᠯᠡᠴᠢᠯᠡᠭᠡ᠂ ᠭᠤᠷᠪᠠᠳᠠᠬᠢ ᠡᠲᠡᠭᠡᠳ ᠤᠨ  ᠦᠢᠯᠡᠴᠢᠯᠡᠭᠡ ᠵᠡᠷᠭᠡ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠪᠠᠭᠲᠠᠨ᠎ᠠ᠃      ︵ᠨᠢᠭᠡ︶ ᠡᠯᠧᠺᠲᠷᠣᠨ ᠵᠠᠰᠠᠭ ᠤᠨ ᠶᠠᠪᠤᠳᠠᠯ ᠤᠨ ᠰᠠᠭᠤᠷᠢ ᠲᠥᠬᠦᠬᠡᠷᠦᠮᠵᠢ ᠭᠡᠳᠡᠭ ᠨᠢ ᠡᠯᠧᠺᠲᠷᠣᠨ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ᠂ ᠲᠤᠭ᠎ᠠ ᠪᠠᠷᠢᠮᠲᠠ ᠶᠢᠨ ᠲᠥᠪ᠂ ᠮᠠᠰᠢᠨ ᠤ  ᠬᠡᠷ᠂ ᠠᠮᠤᠷ ᠲᠥᠪᠰᠢᠨ ᠵᠡᠷᠭᠡ ᠮᠡᠳᠡᠭᠡ ᠵᠠᠩᠭᠢ ᠶᠢᠨ ᠰᠠᠭᠤᠷᠢ ᠲᠥᠬᠦᠬᠡᠷᠦᠮᠵᠢ ᠶᠢ ᠵᠢᠭᠠᠵᠤ ᠪᠤᠶ᠃      ︵ᠬᠤᠶᠠᠷ︶ ᠵᠥᠭᠡᠯᠡᠨ ᠲᠣᠨᠤᠭ ᠢ ᠨᠡᠬᠡᠬᠡᠬᠦ ᠵᠢᠴᠢ ᠬᠤᠳᠠᠯᠳᠤᠨ ᠠᠪᠬᠤ ᠭᠡᠳᠡᠭ ᠨᠢ ᠪᠦᠬᠦ ᠬᠤᠲᠠ ᠶᠢᠨ ᠭᠤᠤᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ᠂ ᠡᠯᠧᠺᠲᠷᠣᠨ ᠵᠠᠰᠠᠭ ᠤᠨ ᠶᠠᠪᠤᠳᠠᠯ ᠤᠨ ᠪᠠᠷᠢᠮᠵᠢᠶᠠᠵᠢᠭᠤᠯᠤᠯᠲᠠ ᠶᠢᠨ  ᠲᠤᠭᠳᠠᠯᠴᠠᠭ᠎ᠠ ᠵᠢᠴᠢ ᠬᠠᠮᠢᠶ᠎ᠠ ᠪᠦᠬᠦᠢ ᠲᠤᠯᠭᠠᠭᠤᠷᠢᠯᠠᠬᠤ ᠲᠤᠭᠳᠠᠯᠴᠠᠭ᠎ᠠ ᠵᠡᠷᠭᠡ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠣᠮᠢᠶᠠᠯᠠᠯ ᠪᠠ ᠬᠦᠷᠢᠶ᠎ᠡ ᠬᠡᠪᠴᠢᠶ᠎ᠡ︾᠎ ᠶᠢᠨ ᠲᠣᠭᠲᠠᠭᠠᠯ ᠳᠤ ᠨᠡᠶᠢᠴᠡᠭᠰᠡᠨ ᠰᠢᠰᠲ᠋ᠧᠮ ᠢ ᠵᠢᠭᠠᠵᠤ ᠪᠤᠶ      ︵ᠭᠤᠷᠪᠠ︶ ᠡᠷᠬᠢᠯᠲᠡ ᠡᠵᠡᠩᠨᠡᠯᠲᠡ ᠶᠢᠨ ᠦᠢᠯᠡᠴᠢᠯᠡᠭᠡ ᠭᠡᠳᠡᠭ ᠨᠢ ᠡᠯᠧᠺᠲᠷᠣᠨ ᠵᠠᠰᠠᠭ  ᠎ ᠤᠨ ᠶᠠᠪᠤᠳᠠᠯ ᠤᠨ ᠰᠠᠭᠤᠷᠢ ᠲᠥᠬᠦᠬᠡᠷᠦᠮᠵᠢ ᠶᠢᠨ  ᠡᠷᠬᠢᠯᠲᠡ ᠬᠢᠵᠤ ᠬᠠᠮᠠᠭᠠᠯᠠᠬᠤ ᠦᠢᠯᠡᠴᠢᠯᠡᠭᠡ᠂ ᠵᠥᠭᠡᠯᠡᠨ ᠲᠤᠨᠤᠭ ᠤᠨ ᠰᠢᠰᠲ᠋ᠧᠮ ᠤᠨ ᠡᠷᠬᠢᠯᠲᠡ ᠬᠢᠵᠤ ᠬᠠᠮᠠᠭᠠᠯᠠᠬᠤ ᠦᠢᠯᠡᠴᠢᠯᠡᠭᠡ ᠵᠢᠴᠢ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠦᠢᠯᠡᠴᠢᠯᠡᠭᠡ ᠶᠢ ᠵᠢᠭᠠᠵᠤ ᠪᠤᠶ᠃ ᠡᠭᠦᠨ ᠳᠤ᠄ ᠡᠯᠧᠺᠲᠷᠣᠨ ᠵᠠᠰᠠᠭ ᠤᠨ ᠶᠠᠪᠤᠳᠠᠯ ᠤᠨ ᠰᠠᠭᠤᠷᠢ ᠲᠥᠬᠦᠬᠡᠷᠦᠮᠵᠢ ᠶᠢᠨ ᠠᠵᠢᠯᠯᠠᠭᠤᠯᠵᠤ  ᠪᠠᠲᠤᠯᠠᠬᠤ  ᠦᠢᠯᠡᠴᠢᠯᠡᠭᠡ ᠭᠡᠳᠡᠭ ᠨᠢ ᠰᠠᠭᠤᠷᠢ ᠣᠷᠴᠢᠨ ᠲᠣᠭᠤᠷᠢᠨ᠂ ᠬᠠᠲᠠᠭᠤ ᠲᠣᠨᠤᠭ ᠤᠨ ᠬᠡᠪ ᠤᠨ ᠠᠵᠢᠯᠯᠠᠭᠠᠨ ᠳᠤ ᠬᠠᠩᠭᠠᠭᠰᠠᠨ ᠡᠯ᠎ᠡ ᠵᠦᠢᠯ ᠤᠨ ᠳᠡᠮᠵᠢᠬᠦ ᠦᠢᠯᠡᠴᠢᠯᠡᠭᠡ ᠶᠢ ᠵᠢᠭᠠᠵᠤ ᠪᠤᠶ︔ ᠵᠥᠭᠡᠯᠡᠨ ᠲᠤᠨᠤᠭ ᠤᠨ ᠰᠢᠰᠲ᠋ᠧᠮ ᠤᠨ  ᠡᠷᠬᠢᠯᠲᠡ ᠬᠠᠮᠠᠭᠠᠯᠠᠬᠤ ᠦᠢᠯᠡᠴᠢᠯᠡᠭᠡ ᠭᠡᠳᠡᠭ ᠨᠢ ᠵᠥᠭᠡᠯᠡᠨ ᠲᠤᠨᠤᠭ ᠎ ᠤᠨ ᠬᠡᠪ ᠤᠨ ᠡᠷᠬᠢᠯᠲᠡ ᠶᠢ ᠪᠠᠲᠤᠯᠠᠬᠤ ᠳᠤ ᠬᠠᠩᠭᠠᠭᠰᠠᠨ ᠡᠯ᠎ᠡ ᠵᠦᠢᠯ  ᠤᠨ ᠳᠡᠮᠵᠢᠯᠭᠡ ᠶᠢᠨ  ᠦᠢᠯᠡᠴᠢᠯᠡᠭᠡ ᠶᠢ ᠵᠢᠭᠠᠵᠤ ᠪᠠᠶᠢᠨ᠎ᠠ︔ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠦᠢᠯᠡᠴᠢᠯᠡᠭᠡ ᠭᠡᠳᠡᠭ ᠨᠢ ᠮᠡᠳᠡᠭᠡ ᠵᠠᠩᠭᠢ ᠶᠢᠨ ᠰᠢᠰᠲ᠋ᠧᠮ ᠳᠤ ᠰᠠᠭᠤᠷᠢᠯᠠᠨ ᠥᠷᠨᠢᠭᠦᠯᠦᠭᠰᠡᠨ ᠲᠤᠬᠠᠶᠢᠯᠠᠭᠰᠠᠨ ᠠᠵᠢᠯ ᠤᠨ ᠵᠠᠳᠠᠯᠤᠯᠲᠠ᠂ ᠲᠤᠭ᠎ᠠ ᠪᠠᠷᠢᠮᠲᠠ ᠶᠢ  ᠰᠢᠢᠳᠪᠦᠷᠢᠯᠡᠬᠦ᠂ ᠲᠤᠭ᠎ᠠ ᠪᠠᠷᠢᠮᠲᠠ ᠶᠢ ᠵᠠᠰᠠᠬᠤ ᠵᠡᠷᠭᠡ ᠡᠯ᠎ᠡ  ᠵᠦᠢᠯ ᠤᠨ ᠲᠤᠰᠠᠯᠠᠬᠤ  ᠦᠢᠯᠡᠴᠢᠯᠡᠭᠡ ᠶᠢ ᠵᠢᠭᠠᠵᠤ ᠪᠤᠶ᠃      ︵ᠲᠥᠷᠪᠡ︶ ᠭᠤᠷᠪᠠᠳᠠᠬᠢ ᠡᠲᠡᠭᠡᠳ ᠤᠨ ᠦᠢᠯᠡᠴᠢᠯᠡᠭᠡ ᠭᠡᠳᠡᠭ ᠨᠢ  ᠠᠰᠠᠭᠤᠨ ᠯᠠᠪᠯᠠᠬᠤ᠂ ᠬᠢᠨᠠᠨ ᠬᠠᠮᠢᠶᠠᠷᠬᠤ᠂ ᠬᠡᠮᠵᠢᠨ ᠲᠣᠭᠲᠠᠭᠠᠬᠤ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ  ᠲᠥᠬᠦᠷᠵᠢᠬᠦᠯᠦᠭᠰᠡᠨ ᠦᠢᠯᠡᠴᠢᠯᠡᠭᠡ ᠶᠢ ᠵᠢᠭᠠᠵᠤ ᠪᠤᠶ᠃      ᠭᠤᠷᠪᠠᠳᠤᠭᠠᠷ  ᠵᠦᠢᠯ    ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠎ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄      ︵ᠨᠢᠭᠡ︶ ᠬᠤᠲᠠ ᠶᠢᠨ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ︵ᠲᠤᠤᠷ᠎ᠠ ᠬᠤᠲᠠ ᠶᠢᠨ ᠤᠳᠤᠷᠢᠳᠬᠤ ᠳᠤᠭᠤᠶᠢᠯᠠᠩ ᠭᠡᠨ᠎ᠡ︶ ᠣᠷᠳᠣᠰ ᠤᠨ ᠪᠦᠲᠦᠭᠡᠨ ᠪᠠᠶᠢᠭᠤᠯᠤᠯᠲᠠ ᠲᠤᠮᠳᠠᠬᠢ ᠡᠯ᠎ᠡ  ᠵᠦᠢᠯ ᠤᠨ ᠴᠢᠬᠤᠯᠠ  ᠠᠵᠢᠯ ᠢ ᠰᠤᠳᠤᠯᠤᠨ ᠪᠠᠶᠢᠷᠢᠯᠠᠭᠤᠯᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃      ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠶᠢᠨ ᠲᠣᠪᠴᠢᠶ᠎ᠠ ᠳᠤ ᠪᠠᠶᠢᠭᠤᠯᠤᠨ᠎ᠠ︶᠎ ᠨᠢ ᠲᠥᠷᠥᠯ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ᠂ ᠬᠢᠨᠠᠨ ᠵᠥᠪᠰᠢᠶᠡᠷᠡᠬᠦ ᠰᠠᠨᠠᠭᠤᠯᠭ᠎ᠠ᠂ ᠪᠦᠲᠦᠭᠡᠨ  ᠪᠠᠶᠢᠭᠤᠯᠤᠯᠲᠠ ᠶᠢᠨ ᠬᠢᠨᠠᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃      ︵ᠭᠤᠷᠪᠠ︶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ ᠬᠠᠷᠢᠭᠤᠴᠠᠨ᠎ᠠ᠃      ︵ᠳᠥᠷᠪᠡ︶ ᠬᠤᠲᠠ ᠶᠢᠨ ᠬᠢᠨᠠᠨ ᠪᠤᠳᠤᠬᠤ ᠲᠣᠪᠴᠢᠶ᠎ᠠ ᠲᠥᠷᠥᠯ ᠵᠦᠢᠯ ᠤᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃      ︵ᠲᠠᠪᠤ︶ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂  ᠡᠷᠬᠢᠯᠲᠡ ᠪᠠ ᠠᠮᠤᠷ ᠲᠦᠪᠰᠢᠨ ᠤ ᠬᠢᠨᠠᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠬᠤ ᠶᠢᠨ ᠬᠠᠮᠲᠤ ︽ᠨᠢᠭᠡᠳᠬᠡᠬᠦ ᠪᠠᠷ ᠭᠤᠣᠯ ᠪᠣᠯᠭᠠᠵᠤ᠂ ᠨᠢᠭᠡᠳᠬᠡᠬᠦ ᠪᠠ ᠰᠠᠯᠭᠠᠬᠤ ᠶᠢ ᠤᠶᠠᠯᠳᠤᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢᠴᠢᠯᠠᠯᠲᠠ ᠎ ᠶᠢᠨ ᠲᠥᠷᠥᠯ ᠵᠦᠢᠯ ᠢ ᠨᠡᠶᠢᠯᠡᠭᠦᠯᠦᠨ  ᠬᠤᠯᠪᠤᠭᠳᠠᠭᠤᠯᠤᠨ ᠬᠠᠮᠢᠶᠠᠷᠬᠤ ᠶᠢ ᠴᠢᠩᠭᠠᠳᠬᠠᠨ᠎ᠠ᠃      ︵ᠵᠢᠷᠭᠤᠭ᠎ᠠ︶ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ  ᠦᠢᠯᠡᠳᠪᠦᠷᠢ ᠪᠠ ᠮᠡᠳᠡᠭᠡ  ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠪᠠ ᠨᠢᠭᠤᠴᠠ ᠮᠠᠲ᠋ᠧᠷᠢᠶᠠᠯ ᠤᠨ ᠲᠣᠪᠴᠢᠶ᠎ᠠ᠂ ᠬᠤᠲᠠ ᠶᠢᠨ ᠬᠢᠨᠠᠨ ᠪᠣᠳᠣᠬᠤ ᠲᠣᠪᠴᠢᠶ᠎ᠠ ᠲᠠᠢ ᠬᠠᠮᠲᠤᠷᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠬᠢᠵᠦ᠂ ᠱᠠᠭᠠᠷᠳᠠᠨ ᠪᠠᠶᠢᠴᠠᠭᠠᠬᠤ ᠪᠠ ᠦᠨᠡᠯᠡᠨ ᠵᠢᠱᠢᠬᠦ ᠦᠨᠡᠯᠡᠯᠲᠡ ᠬᠢᠬᠦ ᠶᠢ ᠥᠷᠨᠢᠭᠦᠯᠦᠨ᠂ ᠲᠤᠷᠰᠢᠯᠭ᠎ᠠ ᠶᠢᠨ ᠦᠷ᠎ᠡ ᠪᠦᠲᠦᠮᠵᠢ ᠶᠢ ᠳᠡᠯᠭᠡᠷᠡᠭᠦᠯᠵᠦ᠂ ᠠᠵᠢᠯ ᠤᠨ ᠨᠡᠶᠢᠯᠡᠮᠡᠯ  ᠬᠦᠴᠦᠨ ᠢ ᠪᠣᠶ  ᠪᠤᠯᠭᠠᠨ᠎ᠠ᠃      ᠬᠤᠶᠠᠳᠤᠭᠠᠷ  ᠪᠦᠯᠦᠭ     ᠲᠥᠯᠥᠪᠵᠢᠭᠦᠯᠬᠦ ᠪᠠ ᠬᠢᠨᠠᠨ ᠵᠥᠪᠰᠢᠶᠡᠷᠡᠬᠦ      ᠳᠥᠷᠪᠡᠳᠦᠭᠡᠷ ᠵᠦᠢᠯ   ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠡ ᠵᠠᠩᠬᠢᠴᠢᠯᠠᠯᠲᠠ ᠶᠢᠨ ᠬᠥᠭᠵᠢᠯᠲᠡ ᠶᠢᠨ ᠵᠢᠮ᠎ᠡ ᠶᠣᠰᠣ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠣᠨᠴᠠᠯᠢᠭ ᠢ ᠦᠨᠳᠦᠰᠦᠯᠡᠵᠦ᠂ ᠡᠯ᠎ᠡ ᠰᠠᠯᠠᠭ᠎ᠠ ᠮᠥᠴᠢᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠦᠪᠯᠡᠨ ᠪᠣᠳᠣᠯᠬᠢᠯᠠᠬᠤ ᠶᠢᠨ ᠬᠠᠮᠲᠤ ᠭᠦᠢᠴᠡᠳ ᠨᠤᠲᠠᠯᠠᠵᠤ᠂ ᠲᠣᠭᠠᠴᠢᠯᠠᠭᠰᠠᠨ ᠣᠷᠳᠣᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠬᠦᠯᠦᠭᠰᠡᠨ ᠤ ᠳᠠᠷᠠᠭ᠎ᠠ  ᠬᠡᠷᠡᠭᠵᠢᠬᠦᠯᠦᠨ᠎ᠡ︔ ᠬᠡᠷᠪᠡ ᠳᠣᠲᠣᠭᠠᠳᠤ ᠭᠠᠳᠠᠭᠠᠳᠤ ᠬᠥᠭᠵᠢᠯᠲᠡ ᠶᠢᠨ ᠣᠷᠴᠢᠨ ᠲᠣᠭᠤᠷᠢᠨ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠲᠤᠬᠠᠢ ᠳᠤᠨᠢ ᠦᠨᠡᠯᠡᠨ ᠵᠢᠱᠢᠵᠦ ᠨᠤᠲᠠᠯᠠᠬᠤ ᠠᠵᠢᠯ ᠢ ᠵᠣᠬᠢᠶᠠᠨ ᠪᠠᠶᠢᠭᠤᠯᠵᠤ᠂ ᠲᠤᠬᠢᠷᠠᠭᠤᠯᠤᠯᠲᠠ ᠬᠢᠬᠦ ᠰᠠᠨᠠᠯ ᠲᠤᠷᠠᠳᠣᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠬᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠤᠨ ᠨᠠᠶᠢᠷᠠᠭᠤᠯᠤᠨ ᠵᠣᠬᠢᠶᠠᠬᠤ  ᠲᠥᠯᠦᠪᠵᠢᠬᠦᠯᠬᠡ ᠨᠢ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠪᠠᠯ᠂ ᠲᠣᠭᠠᠴᠢᠯᠠᠭᠰᠠᠨ ᠣᠷᠳᠣᠰ ᠤᠨ ᠲᠥᠯᠥᠪᠵᠢᠭᠦᠯᠭᠡ ᠲᠠᠢ  ᠠᠪᠤᠴᠠᠯᠳᠤᠭᠤᠯᠤᠨ᠎ᠠ᠃      ᠲᠠᠪᠤᠳᠤᠭᠠᠷ ᠵᠦᠢᠯ   ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠵᠢᠯ ᠪᠦᠷᠢ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠠᠷᠠᠭ᠎ᠠ ᠨᠢᠭᠡ ᠵᠢᠯ ᠤᠨ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠪᠠᠨ ᠲᠤᠰᠢᠶᠠᠨ᠎ᠠ᠃ ᠲᠥᠷᠥᠯ ᠵᠦᠢᠯ ᠤᠨ ᠲᠥᠯᠥᠪᠯᠡᠭᠡ ᠳᠤ ᠪᠦᠲᠦᠭᠡᠨ ᠪᠠᠶᠢᠭᠤᠯᠤᠯᠲᠠ ᠶᠢᠨ ᠦᠨᠳᠦᠰᠦᠯᠡᠯ᠂ ᠪᠡᠯᠡ ᠣᠷᠣᠭᠤᠯᠤᠯᠲᠠ ᠶᠢᠨ ᠲᠦᠢᠮᠣ ᠲᠥᠰᠦᠪ᠂ ᠲᠥᠷᠥᠯ ᠵᠦᠢᠯ ᠤᠨ ᠰᠢᠨᠵᠢ ᠴᠢᠨᠠᠷ᠂ ᠠᠬᠢᠯᠲᠠ ᠶᠢᠨ ᠲᠣᠬᠢᠷᠠᠭᠤᠯᠤᠯᠲᠠ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠡᠯᠧᠺᠲᠷᠣᠨ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢᠨ ᠬᠡᠷᠡᠭᠴᠡᠭᠡ ᠱᠠᠭᠠᠷᠳᠠᠯᠭ᠎ᠠ᠂  ᠡᠷᠬᠢᠯᠲᠡ ᠬᠢᠵᠤ ᠬᠠᠮᠠᠭᠠᠯᠠᠬᠤ ᠪᠠᠲᠤᠯᠠᠭ᠎ᠠ ᠵᠡᠷᠭᠡ ᠬᠠᠮᠢᠶ᠎ᠠ ᠪᠦᠬᠦᠢ ᠪᠠᠶᠢᠳᠠᠯ ᠢ  ᠪᠠᠭᠲᠠᠭᠠᠨ᠎ᠠ᠃ ᠪᠡᠯᠡ ᠣᠷᠣᠭᠤᠯᠤᠯᠲᠠ ᠶᠢᠨ ᠲᠦᠢᠮᠣ ᠲᠥᠰᠦᠪ ᠨᠢ ᠵᠢᠯ ᠪᠦᠷᠢ ᠡᠳ᠋ ᠤᠨ ᠵᠠᠰᠠᠭ ᠲᠤ ᠲᠥᠰᠦᠪ ᠢ ᠮᠡᠳᠡᠭᠦᠯᠬᠦ ︽ᠳᠡᠭᠡᠭᠰᠢ ᠮᠡᠳᠡᠬᠦᠯᠬᠦ︾ ᠳᠤᠮᠳᠠᠬᠢ ᠮᠡᠳᠡᠭᠡ  ᠵᠠᠩᠬᠢᠴᠢᠯᠠᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠦᠢᠮᠣ ᠲᠥᠰᠦᠪ ᠲᠠᠢ ᠨᠢᠭᠡᠳᠦᠯᠲᠡᠶ ᠪᠠᠶᠢᠬᠤ ᠬᠡᠷᠡᠭᠲᠡᠶ᠃ ᠲᠥᠷᠥᠯ ᠵᠦᠢᠯ ᠤᠨ ᠲᠥᠯᠥᠪᠯᠡᠭᠡ ᠶᠢ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠢᠨᠠᠨ ᠬᠠᠷᠭᠤᠭᠤᠯᠤᠭᠰᠠᠨ ᠰᠠᠨᠠᠯ ᠢ ᠬᠤᠷᠢᠶᠠᠩᠭᠤᠶᠢᠯᠠᠨ ᠭᠠᠷᠭᠠᠵᠤ᠂ ᠬᠤᠲᠠ ᠶᠢᠨ ᠤᠳᠤᠷᠢᠳᠬᠤ ᠳᠤᠭᠤᠶᠢᠯᠠᠩ ᠤᠨ ᠬᠠᠮᠲᠤᠷᠠᠭᠰᠠᠨ ᠬᠤᠷᠠᠯ ᠢᠶᠠᠷ ᠪᠠᠲᠤᠯᠠᠭᠤᠯᠤᠭᠰᠠᠨ ᠤ ᠳᠠᠷᠠᠭ᠎ᠠ ᠨᠢᠭᠡ ᠵᠢᠯ ᠤᠨ ᠲᠣᠭᠠᠴᠢᠯᠠᠭᠰᠠᠨ ᠣᠷᠳᠣᠰ ᠤᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠨ᠎ᠠ᠃ ᠲᠥᠷᠥᠯ ᠵᠦᠢᠯ ᠢ ᠲᠣᠭᠠᠴᠢᠯᠠᠭᠰᠠᠨ ᠣᠷᠳᠣᠰ ᠤᠨ ᠲᠥᠯᠥᠪᠵᠢᠭᠦᠯᠭᠡ ᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ ᠪᠦᠲᠦᠭᠡᠨ ᠪᠠᠶᠢᠭᠤᠯᠬᠤ ᠡᠰᠡᠬᠦ ᠨᠢ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠯᠡᠭᠡ ᠳᠤ ᠣᠷᠣᠭᠤᠯᠵᠤ  ᠲᠡᠶᠢᠯᠬᠦ ᠡᠰᠡᠬᠦ ᠶᠢᠨ ᠴᠢᠬᠤᠯᠠ ᠬᠦᠴᠦᠨ ᠵᠦᠢᠯ ᠪᠣᠯᠤᠨ᠎ᠠ᠃ ᠲᠤᠭᠠᠴᠢᠯᠠᠭᠰᠠᠨ ᠣᠷᠳᠣᠰ ᠤᠨ ᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠵᠢᠴᠢ ᠪᠡᠯᠡ ᠣᠷᠣᠭᠤᠯᠤᠯᠲᠠ ᠶᠢᠨ ᠲᠦᠢᠮᠣ  ᠲᠥᠯᠦᠪᠯᠡᠭᠡ ᠶᠢ ᠲᠤᠭᠳᠠᠭᠠᠭᠰᠠᠨ ᠤ ᠳᠠᠷᠠᠭ᠎ᠠ᠂ ᠤᠨᠴᠠᠭᠠᠢ ᠪᠠᠶᠢᠳᠠᠯ ᠦᠭᠡᠶ ᠪᠣᠯ ᠳᠠᠬᠢᠵᠤ ᠲᠣᠬᠢᠷᠠᠭᠤᠯᠤᠯᠲᠠ ᠬᠢᠬᠦ ᠦᠭᠡᠶ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠣᠭᠠᠴᠢᠯᠠᠭᠰᠠᠨ ᠣᠷᠳᠣᠰ ᠤᠨ ᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠯᠡᠭᠡ ᠲᠠᠢ ᠤᠶᠠᠯᠳᠤᠭᠤᠯᠤᠨ ᠲᠥᠰᠦᠪ ᠢ ︽ᠲᠤᠷᠤᠭᠰᠢ ᠪᠠᠭᠤᠯᠭᠠᠬᠤ︾ ᠦᠶ᠎ᠡ ᠳᠤ᠂ ᠡᠯ᠎ᠡ ᠰᠠᠯᠠᠭ᠎ᠠ ᠮᠥᠴᠢᠷ ᠤᠨ ᠲᠥᠷᠥᠯ ᠵᠦᠢᠯ ᠢ ᠳᠠᠷᠠᠭ᠎ᠠ ᠵᠢᠯ ᠤᠨ ᠲᠥᠰᠦᠪ ᠲᠤ ᠣᠷᠣᠭᠤᠯᠤᠭᠰᠠᠨ ᠡᠰᠡᠬᠦ ᠶᠢ ᠬᠠᠷᠢᠭᠤ ᠲᠤᠰᠬᠠᠬᠤ ᠶᠢᠨ ᠬᠠᠮᠲᠤ ᠮᠡᠳᠡᠭᠡ  ᠵᠠᠩᠬᠢᠴᠢᠯᠠᠯᠲᠠ ᠶᠢᠨ ᠲᠥᠷᠥᠯ  ᠵᠦᠢᠯ ᠤᠨ ᠲᠤᠰᠬᠠᠶ  ᠵᠦᠢᠯ ᠤᠨ ᠵᠠᠷᠤᠯᠭ᠎ᠠ ᠶᠢᠨ ᠬᠢᠵᠠᠭᠠᠷ ᠲᠤᠭ᠎ᠠ ᠶᠢ ᠪᠠᠭᠤᠯᠭᠠᠨ᠎ᠠ᠃      ᠵᠢᠷᠭᠤᠳᠤᠭᠠᠷ ᠵᠦᠢᠯ  ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠡᠭᠡᠨ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠦᠪᠯᠡᠭᠡ ᠶᠢᠨ ᠲᠥᠰᠦᠯ ᠵᠡᠷᠭᠡ ᠭᠤᠭᠴᠤᠭ᠎ᠠ ᠶᠢ ᠨᠠᠶᠢᠷᠠᠭᠤᠯᠤᠨ  ᠮᠡᠳᠡᠬᠦᠯᠦᠨ᠎ᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠲᠣᠳᠣᠷᠬᠠᠶ ᠱᠠᠭᠠᠷᠳᠠᠯᠭ᠎ᠠ  ᠎ ᠲᠠᠢ ᠪᠤᠶᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠠᠮᠤᠷ ᠲᠦᠪᠰᠢᠨ ᠵᠡᠷᠭᠡ ᠣᠨᠴᠠᠭᠠᠶ ᠰᠢᠯᠲᠠᠭᠠᠨ ᠳᠤ ᠬᠤᠯᠪᠤᠭᠳᠠᠵᠤ᠂  ᠪᠠᠶᠢᠳᠠᠯ ᠢᠶᠠᠷ ᠪᠠᠴᠢᠮ᠂ ᠲᠥᠷᠥᠯ ᠵᠦᠢᠯ ᠤᠨ ᠪᠦᠬᠦ ᠪᠡᠯᠡ ᠮᠥᠩᠭᠦ ᠨᠢ 500 ᠲᠦᠮᠡ ᠠᠴᠠ ᠪᠠᠭ᠎ᠠ  ᠪᠠᠶᠢᠬᠤ ᠮᠥᠷᠲᠡᠭᠡᠨ ᠡᠮᠦᠨᠡᠬᠢ ᠬᠤᠭᠤᠴᠠᠭᠠᠨ ᠤ ᠠᠵᠢᠯ ᠤᠨ ᠭᠦᠨᠴᠡ ᠨᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠲᠥᠷᠥᠯ ᠵᠦᠢᠯ ᠤᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠳᠥᠰᠦᠯ ᠪᠣᠯᠤᠨ ᠪᠡᠯᠡ ᠣᠷᠣᠭᠤᠯᠤᠯᠲᠠ ᠶᠢᠨ ᠲᠦᠢᠮᠣ ᠲᠥᠰᠦᠪ ᠢ ᠰᠢᠭᠤᠳ ᠨᠠᠶᠢᠷᠠᠭᠤᠯᠤᠨ   ᠮᠡᠳᠡᠬᠦᠯᠵᠤ ᠪᠤᠯᠤᠨ᠎ᠠ  ᠃      ᠳᠣᠯᠣᠳᠤᠭᠠᠷ  ᠵᠦᠢᠯ  ᠰᠠᠯᠠᠭ᠎ᠠ ᠮᠥᠴᠢᠷ ᠠᠯᠤᠰᠯᠠᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠦᠭᠦᠯᠡᠬᠦ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠰᠠᠯᠠᠭ᠎ᠠ ᠮᠥᠴᠢᠷ ᠲᠠᠢ ᠬᠠᠮᠲᠤᠷᠠᠨ ᠰᠠᠯᠠᠭ᠎ᠠ ᠮᠥᠴᠢᠷ ᠠᠯᠤᠰᠯᠠᠭᠰᠠᠨ ᠢᠨᠵᠧᠨᠧᠷᠢᠩ ᠤᠨ ᠪᠣᠷᠣ ᠲᠥᠯᠥᠪ ᠤᠨ ᠵᠢᠷᠤᠭ ᠲᠥᠯᠥᠪᠯᠡᠭᠡ ᠶᠢ ᠬᠠᠮᠲᠤ ᠪᠠᠷ ᠥᠷᠨᠢᠭᠦᠯᠵᠦ᠂ ᠨᠢᠭᠡᠳᠦᠯᠲᠡᠶ ᠪᠣᠷᠣ ᠲᠥᠯᠦᠪ ᠤᠨ ᠲᠥᠰᠦᠯ ᠢ ᠪᠤᠶ ᠪᠣᠯᠭᠠᠭᠰᠠᠨ ᠤ ᠳᠠᠷᠠᠭ᠎ᠠ ᠬᠤᠯᠪᠣᠭᠠᠯᠠᠨ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ  ᠮᠡᠳᠡᠬᠦᠯᠦᠨ᠎ᠡ᠃ ᠪᠣᠷᠣ ᠲᠥᠯᠥᠪ ᠤᠨ ᠲᠥᠰᠦᠯ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠰᠠᠯᠠᠭ᠎ᠠ ᠮᠥᠴᠢᠷ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ᠂ ᠭᠤᠣᠯ ᠴᠣᠭᠴᠠ ᠶᠢᠨ ᠠᠭᠤᠯᠭ᠎ᠠ ᠶᠢ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠬᠢᠭᠡᠳ ᠶᠡᠷᠦᠩᠬᠡᠶ ᠢᠨᠵᠧᠨᠧᠷᠢᠩ ᠤᠨ ᠲᠤᠬᠠᠶᠢᠯᠠᠭᠰᠠᠨ ᠠᠵᠢᠯ ᠤᠨ ᠴᠤᠪᠤᠷᠠᠯ᠂ ᠲᠤᠭ᠎ᠠ ᠪᠠᠷᠢᠮᠲᠠ ᠶᠢᠨ ᠴᠤᠪᠤᠷᠠᠯ ᠵᠢᠴᠢ ᠰᠢᠰᠲ᠋ᠧᠮ ᠤᠨ ᠠᠭᠤᠯᠵᠠᠷ ᠲᠠᠯ᠎ᠠ ᠶᠢ ᠲᠣᠳᠣᠷᠬᠠᠶᠢᠯᠠᠵᠤ᠂ ᠲᠤᠭ᠎ᠠ ᠪᠠᠷᠢᠮᠲᠠ ᠶᠢᠨ ᠭᠠᠷᠴᠠᠭ ᠢ ᠠᠩᠬ᠎ᠠ ᠠᠯᠬᠤᠮ ᠪᠣᠶ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠪᠦᠲᠦᠭᠡᠨ  ᠪᠠᠶᠢᠭᠤᠯᠤᠯᠲᠠ ᠶᠢᠨ ᠠᠭᠤᠯᠭ᠎ᠠ ᠶᠢ ᠳᠠᠪᠬᠤᠷᠳᠠᠭᠤᠯᠤᠨ ᠰᠣᠯᠪᠢᠴᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠵᠤ᠂ ᠬᠠᠮᠲᠤ ᠪᠠᠷ ᠪᠠᠶᠢᠭᠤᠯᠵᠤ ᠬᠠᠮᠲᠤᠪᠠᠷ ᠡᠳ᠋ᠯᠡᠬᠦ ᠱᠠᠭᠠᠷᠳᠠᠯᠭ᠎ᠠ ᠶᠢ  ᠪᠡᠶᠡᠯᠡᠬᠦᠯᠬᠦ ᠬᠡᠷᠡᠭᠲᠠᠢ᠃ ᠪᠣᠷᠣ ᠲᠥᠯᠥᠪ ᠤᠨ ᠲᠥᠰᠦᠯ ᠢ ᠲᠣᠭᠲᠠᠭᠠᠭᠰᠠᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠨᠢ ᠲᠥᠷᠥᠯ  ᠵᠦᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠲᠤᠰ ᠰᠠᠯᠠᠭ᠎ᠠ ᠮᠦᠴᠢᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠠᠭᠤᠯᠭ᠎ᠠ ᠶᠢ  ᠭᠤᠶᠤᠴᠢᠯᠠᠨ᠎ᠠ᠃      ᠨᠠᠢᠮᠠᠳᠤᠭᠠᠷ ᠵᠦᠢᠯ  ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠳᠡᠪᠰᠢᠭᠦᠯᠦᠭᠰᠡᠨ ᠬᠡᠷᠡᠭᠵᠢᠬᠦᠯᠦᠰᠢᠲᠠᠢ ᠰᠤᠳᠤᠯᠤᠯ ᠤᠨ ᠮᠡᠳᠡᠭᠦᠯᠦᠯᠲᠡ ᠳᠤ  ᠬᠡᠷᠡᠭᠵᠢᠬᠦᠯᠦᠰᠢᠲᠠᠢ ᠴᠣᠬᠤᠯᠠᠪᠤᠷᠢ ᠶᠢᠨ ᠰᠠᠨᠠᠯ ᠢ ᠪᠢᠴᠢᠵᠦ ᠦᠭᠬᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠨᠢᠭᠡᠴᠡ  ᠬᠡᠷᠡᠭᠵᠢᠬᠦᠯᠦᠰᠢᠲᠠᠢ ᠴᠬᠤᠯᠠᠪᠤᠷᠢ ᠶᠢᠨ ᠰᠠᠨᠠᠯ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠦᠯ ︵ᠲᠦᠢᠮᠣ ᠲᠥᠰᠦᠪ ᠪᠠᠭᠲᠠᠨ᠎ᠠ︶᠎ ᠢ ᠬᠤᠲᠠ ᠶᠢᠨ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ᠂ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠲᠣᠭᠲᠠᠭᠠᠬᠤ ᠪᠠ ᠦᠨ᠎ᠡ ᠬᠠᠩᠰᠢ ᠶᠢ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠬᠢᠨᠠᠨ ᠲᠣᠭᠲᠠᠭᠠᠵᠤ ᠪᠠᠲᠤᠯᠠᠭᠰᠠᠨ ᠤ ᠳᠠᠷᠠᠭ᠎ᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ  ᠵᠦᠪᠰᠢᠷᠡᠭᠰᠡᠨ ᠰᠠᠨᠠᠯ  ᠭᠠᠷᠭᠠᠵᠤ ᠦᠭᠬᠦᠨ᠎ᠡ᠃          ᠠᠩᠬ᠎ᠠ ᠠᠯᠬᠤᠮ ᠤᠨ ᠵᠢᠷᠤᠭ ᠲᠥᠯᠥᠪᠯᠡᠭᠡᠨ ᠤ ᠲᠥᠰᠦᠯ ᠪᠠ ᠪᠡᠯᠡ ᠣᠷᠣᠭᠤᠯᠤᠯᠲᠠ ᠶᠢᠨ ᠲᠦᠢᠮᠣ ᠲᠥᠰᠦᠪ ᠢ  ᠴᠤᠬᠤᠯᠠᠪᠤᠷᠢᠯᠠᠨ ᠬᠠᠷᠢᠭᠤᠯᠬᠤ ᠠᠴᠠ ᠡᠮᠦᠨ᠎ᠡ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠠᠭᠤᠯᠭᠠᠵᠤ ᠥᠭᠬᠦ ᠦᠭᠡᠶ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠶ᠃      ᠶᠢᠰᠦᠳᠦᠭᠡᠷ ᠵᠦᠢᠯ    ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢᠨ ᠮᠡᠳᠡᠭᠡ  ᠵᠠᠩᠬᠢᠴᠢᠯᠠᠯᠲᠠ ᠶᠢᠨ ᠲᠥᠷᠥᠯ ᠵᠦᠢᠯ ᠤᠨ ᠬᠤᠪᠢᠶᠠᠷᠢ ᠲᠠᠪᠴᠠᠩ ᠢᠶᠠᠷ ᠳᠠᠮᠵᠢᠭᠤᠯᠤᠨ ᠬᠤᠲᠠ ᠶᠢᠨ ᠲᠤᠰ ᠱᠠᠲᠤᠨ ᠤ ᠪᠤᠶ ᠪᠦᠬᠦᠢ ᠲᠣᠭᠠᠴᠢᠯᠠᠭᠰᠠᠨ ᠣᠷᠳᠣᠰ ᠤᠨ ᠪᠦᠲᠦᠬᠡᠨ ᠪᠠᠶᠢᠭᠤᠯᠤᠯᠲᠠ ᠶᠢᠨ ᠲᠥᠷᠥᠯ  ᠵᠦᠢᠯ ᠢ ᠪᠦᠬᠦ ᠰᠢᠰᠲ᠋ᠧᠮ ᠢᠶᠠᠷ ᠢᠶᠠᠨ ᠨᠢᠭᠡᠳᠦᠯᠲᠡᠶ ᠬᠠᠮᠢᠶᠠᠷᠤᠨ᠎ᠠ᠃ ᠡᠯ᠎ᠡ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢᠨ ᠮᠡᠳᠡᠭᠡ ᠵᠠᠩᠬᠢᠴᠢᠯᠠᠯᠲᠠ ᠶᠢᠨ ᠲᠥᠷᠥᠯ ᠵᠦᠢᠯ ᠤᠨ ᠬᠤᠪᠢᠶᠠᠷᠢ ᠲᠠᠪᠴᠠᠩ ᠢᠶᠠᠷ ᠳᠠᠮᠵᠢᠭᠤᠯᠤᠨ ᠲᠤᠰ ᠰᠠᠯᠠᠭ᠎ᠠ ᠮᠥᠴᠢᠷ ᠤᠨ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ᠵᠢᠴᠢ ᠠᠬᠢᠯᠲᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠰᠢᠨᠡᠳᠭᠡᠨ᠎ᠡ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢᠨ ᠮᠡᠳᠡᠭᠡ ᠵᠠᠩᠬᠢᠴᠢᠯᠠᠯᠲᠠ ᠶᠢᠨ ᠲᠥᠷᠦᠯ ᠵᠦᠢᠯ ᠤᠨ ᠬᠤᠪᠢᠶᠠᠷᠢ ᠲᠠᠪᠴᠠᠩ ᠨᠢ ᠲᠤᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠭᠠᠷᠴᠠᠭ ᠢ  ᠬᠤᠷᠢᠶᠠᠩᠭᠤᠶᠢᠯᠠᠨ ᠪᠦᠷᠢᠯᠳᠦᠬᠦᠯᠦᠨ᠎ᠡ᠃      ᠭᠤᠷᠪᠠᠳᠤᠭᠠᠷ ᠪᠦᠯᠦᠭ   ᠪᠦᠲᠦᠭᠡᠨ ᠪᠠᠶᠢᠭᠤᠯᠤᠯᠲᠠ ᠪᠠ ᠪᠡᠯᠡ ᠮᠥᠩᠬᠦᠨ ᠤ ᠬᠠᠮᠢᠶᠠᠷᠤᠯᠲᠠ      ᠠᠷᠪᠠᠳᠤᠭᠠᠷ ᠵᠦᠢᠯ   ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠲᠥᠷᠥᠯ ᠵᠦᠢᠯ ᠢ ᠬᠡᠷᠡᠭᠵᠢᠬᠦᠯᠬᠦ ᠪᠠᠶᠢᠭᠤᠯᠤᠮᠵᠢ ᠪᠠ ᠲᠥᠷᠥᠯ ᠵᠦᠢᠯ ᠤᠨ ᠬᠠᠷᠢᠭᠤᠴᠠᠯᠭᠠᠲᠠᠨ ᠢ ᠲᠣᠭᠲᠠᠭᠠᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠪᠦᠬᠦ ᠶᠠᠪᠤᠴᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ  ᠴᠢᠩᠭᠠᠳᠬᠠᠬᠤ ᠶᠢᠨ ᠬᠠᠮᠲᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠢᠨᠵᠧᠨᠧᠷᠢᠩ ᠤᠨ  ᠬᠢᠨᠠᠨ ᠬᠠᠮᠢᠶᠠᠷᠤᠯᠲᠠ᠂ ᠭᠡᠷ᠎ᠡ ᠶᠢᠨ ᠬᠠᠮᠢᠶᠠᠷᠤᠯᠲᠠ ᠵᠡᠷᠭᠡ ᠳᠦᠷᠢᠮ ᠢ ᠴᠢᠩᠭ᠎ᠠ  ᠬᠡᠷᠡᠭᠵᠢᠬᠦᠯᠦᠨ᠎ᠡ᠃ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠤ ᠪᠠᠰᠠ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ  ᠬᠡᠷᠡᠭᠵᠢᠬᠦᠯᠦᠨ᠎ᠡ᠃      ᠠᠷᠪᠠᠨ ᠨᠢᠭᠡᠳᠦᠭᠡᠷ ᠵᠦᠢᠯ    ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠠᠮ ᠵᠠᠰᠠᠭ ᠤᠨ ᠪᠠᠶᠢᠭᠤᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ  ᠎ ᠢ ᠪᠠᠶᠢᠭᠤᠯᠵᠤ᠂ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠣᠯᠤᠨ ᠮᠡᠳᠡᠭᠡ ᠵᠠᠩᠭᠢ ᠶᠢᠨ ᠡᠬᠢ ᠪᠠᠶᠠᠯᠢᠭ  ᠎ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠪᠣᠯᠤᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠤᠨ ᠠᠮᠦᠷ ᠲᠥᠪᠰᠢᠨ ᠲᠣᠭᠲᠠᠭᠤᠨ ᠠᠵᠢᠯᠯᠠᠭᠠᠨ ᠢ ᠪᠠᠲᠤᠯᠠᠨ᠎ᠠ᠃      ᠠᠷᠪᠠᠨ ᠬᠤᠶᠠᠳᠤᠭᠠᠷ ᠵᠦᠢᠯ   ᠲᠥᠷᠥᠯ ᠵᠦᠢᠯ ᠢ ᠪᠦᠲᠦᠭᠡᠨ ᠪᠠᠶᠢᠭᠤᠯᠬᠤ ᠨᠢᠭᠡᠴᠡ ᠨᠢ ᠤᠯᠤᠰ ᠎ ᠤᠨ ᠨᠢᠭᠤᠴᠠ ᠨᠤᠮᠧᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠲᠥᠷᠢᠮᠵᠢᠯ ᠤᠨ ᠱᠠᠭᠠᠷᠳᠠᠯᠭ᠎ᠠ ᠶᠢ  ᠨᠠᠶᠢᠲᠠᠪᠤᠷᠢᠵᠢᠭᠤᠯᠵᠤ᠂ ᠨᠢᠭᠤᠴᠠ ᠨᠤᠮᠧᠷ ᠤᠨ ᠪᠠᠲᠤᠯᠠᠭ᠎ᠠ ᠶᠢᠨ ᠰᠢᠰᠲ᠋ᠧᠮ ᠢ ᠵᠡᠷᠭᠡ ᠳᠤᠨᠢ ᠲᠥᠯᠥᠪᠵᠢᠭᠦᠯᠵᠦ᠂ ᠪᠠᠶᠢᠭᠤᠯᠵᠤ᠂ ᠠᠵᠢᠯᠯᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ  ᠵᠢᠱᠢᠯᠲᠡ ᠬᠢᠨ᠎ᠡ᠃      ᠠᠷᠪᠠᠨ ᠭᠤᠷᠪᠠᠳᠤᠭᠠᠷ  ᠵᠦᠢᠯ  ᠲᠤᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠮᠤᠷ ᠲᠥᠪᠰᠢᠨ ᠪᠥᠭᠡᠳ ᠨᠠᠶᠢᠳᠠᠪᠤᠷᠢᠲᠠᠶ ᠵᠥᠭᠡᠯᠡᠨ ᠬᠠᠲᠠᠭᠤ ᠲᠤᠨᠤᠭ ᠤᠨ  ᠦᠢᠯᠡᠳᠬᠦᠨ ᠢ ᠬᠡᠷᠡᠭᠯᠡᠨ᠎ᠡ ᠃ ᠲᠤᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠮᠡᠳᠡᠭᠦᠯᠦᠨ ᠵᠥᠪᠰᠢᠶᠡᠷᠡᠭᠦᠯᠬᠦ ᠱᠠᠲᠤ ᠦᠶ᠎ᠡ ᠳᠤ᠂  ᠦᠢᠯᠡᠳᠬᠦᠨ ᠤ ᠠᠮᠤᠷ ᠲᠥᠪᠰᠢᠨ ᠪᠥᠭᠡᠳ ᠨᠠᠶᠢᠳᠠᠪᠤᠷᠢᠲᠠᠶ ᠪᠠᠶᠢᠳᠠᠯ ᠳᠤ ᠲᠣᠳᠣᠷᠬᠠᠶᠢᠯᠠᠯᠲᠠ ᠬᠢᠬᠦ ᠬᠡᠷᠡᠭᠲᠠᠢ᠃ ᠲᠤᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠭᠡᠯᠡᠨ ᠬᠠᠲᠠᠭᠤ ᠲᠤᠨᠤᠭ ᠤᠨ ᠦᠢᠯᠡᠳᠬᠦᠨ ᠤ  ᠠᠮᠤᠷ ᠲᠥᠪᠰᠢᠨ ᠨᠠᠢᠳᠠᠪᠤᠷᠢᠲᠠᠢ  ᠪᠠᠶᠢᠳᠠᠯ᠂ ᠨᠢᠭᠤᠴᠠ ᠨᠣᠮᠧᠷ ᠢ ᠬᠡᠷᠡᠭᠯᠡᠭᠰᠡᠨ ᠪᠠ  ᠠᠮᠤᠷ ᠲᠥᠪᠰᠢᠨ ᠤ ᠬᠢᠨᠠᠨ ᠪᠠᠶᠢᠴᠠᠭᠠᠯᠲᠠ ᠶᠢᠨ ᠪᠠᠶᠢᠳᠠᠯ ᠵᠢᠴᠢ ᠬᠠᠲᠠᠭᠤ ᠲᠣᠨᠤᠭ ᠲᠥᠬᠦᠭᠡᠷᠦᠮᠵᠢ ᠪᠣᠯᠤᠨ ᠰᠢᠨ᠎ᠡ ᠪᠠᠷ ᠪᠠᠶᠢᠭᠤᠯᠤᠭᠰᠠᠨ ᠳ᠋ᠠᠶᠢᠲ᠋ᠠ ᠶᠢᠨ ᠲᠥᠪ ᠤᠨ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢᠨ ᠪᠠᠶᠢᠳᠠᠯ ᠪᠣᠯ ᠲᠥᠷᠥᠯ ᠵᠦᠢᠯ ᠢ ᠰᠢᠯᠭᠠᠨ  ᠬᠤᠷᠢᠶᠠᠬᠤ ᠴᠢᠬᠤᠯᠠ  ᠠᠭᠤᠯᠭ᠎ᠠ ᠪᠣᠯᠤᠨ᠎ᠠ᠃      ᠠᠷᠪᠠᠨ ᠳᠥᠷᠪᠡᠳᠦᠭᠡᠷ ᠵᠦᠢᠯ   ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ  ᠨᠢᠭᠡᠴᠡ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠭᠦᠢᠴᠡᠳ ᠠᠰᠢᠭᠯᠠᠵᠤ ᠡᠷᠴᠢᠮᠵᠢᠭᠦᠯᠬᠦ ᠪᠦᠲᠦᠭᠡᠨ ᠪᠠᠢᠭᠤᠯᠤᠯᠲᠠ ᠶᠢ ᠥᠷᠨᠢᠭᠦᠯᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ ᠬᠥᠮᠦᠨ ᠳᠤᠮᠳᠠᠴᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠡᠳᠦ ᠶᠡᠭᠡ᠂  ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠨᠢᠭᠡᠴᠡ  ᠪᠦᠲᠦᠭᠡᠨ ᠪᠠᠶᠢᠭᠤᠯᠵᠤ ᠡᠷᠬᠢᠯᠲᠡ ᠬᠢᠯᠬᠡᠵᠤ ᠬᠠᠮᠠᠭᠠᠯᠠᠬᠤ ᠴᠢᠳᠠᠪᠤᠷᠢ ᠦᠭᠡᠶ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠴᠢᠳᠠᠪᠬᠢᠲᠦ ᠰᠠᠯᠠᠭ᠎ᠠ ᠮᠥᠴᠢᠷ ᠤᠨ  ᠦᠢᠯᠡᠳᠦᠯ ᠢ ᠬᠦᠢᠴᠡᠳ ᠪᠠᠳᠠᠷᠠᠭᠤᠯᠬᠤ  ᠪᠤᠶᠤ ᠭᠠᠳᠠᠭᠰᠢ  ᠲᠠᠭᠠᠭᠠᠴᠢᠯᠠᠭᠤᠯᠵᠤ᠂ ᠥᠪᠡᠰᠦᠪᠡᠨ ᠪᠠᠶᠢᠭᠤᠯᠵᠤ  ᠬᠠᠮᠢᠶᠠᠷᠤᠨ  ᠬᠡᠷᠡᠭᠯᠡᠵᠤ ᠬᠠᠮᠠᠭᠠᠯᠠᠬᠤ ᠶᠢ  ᠪᠠᠭᠠᠰᠬᠠᠨ᠎ᠠ᠃      ᠠᠷᠪᠠᠨ ᠵᠢᠷᠭᠤᠳᠤᠭᠠᠷ ᠵᠦᠢᠯ   ᠲᠥᠷᠥᠯ ᠵᠦᠢᠯ ᠤᠨ ᠲᠦᠢᠮᠣ ᠲᠥᠰᠦᠪ ᠨᠢ 200 ᠲᠦᠮᠡᠨ ᠲᠥᠭᠦᠷᠢᠭ ︵ᠪᠠᠭᠲᠠᠨ᠎ᠠ︶᠎ ᠠᠴᠠ ᠳᠡᠭᠡᠭᠰᠢᠬᠢ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠢᠨᠵᠧᠨᠧᠷᠢᠩ ᠤᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠡ ᠨᠢ ᠮᠡᠳᠡᠭᠡ ᠵᠠᠩᠭᠢ ᠶᠢᠨ ᠰᠢᠰᠲ᠋ᠧᠮ ᠤᠨ ᠢᠨᠵᠧᠨᠧᠷᠢᠩ ᠢ ᠬᠢᠨᠠᠨ ᠬᠠᠮᠢᠶᠠᠷᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂  ᠢᠨᠵᠧᠨᠧᠷᠢᠩ ᠢ ᠬᠢᠨᠠᠨ ᠬᠠᠮᠢᠶᠠᠷᠬᠤ ᠨᠢᠭᠡᠴᠡ ᠳᠤ ᠨᠠᠶᠢᠲᠠᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ  ᠢᠨᠵᠧᠨᠧᠷᠢᠩ ᠤᠨ  ᠬᠢᠨᠠᠨ ᠬᠠᠮᠢᠶᠠᠷᠤᠯᠲᠠ ᠬᠢᠯᠬᠡᠨ᠎ᠡ᠃      ᠠᠷᠪᠠᠨ ᠳᠣᠯᠣᠳᠤᠭᠠᠷ ᠵᠦᠢᠯ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠲᠣᠭᠠᠴᠢᠯᠠᠭᠰᠠᠨ  ᠤᠷᠳᠤᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ  ᠦᠷ᠎ᠡ ᠪᠦᠲᠦᠮᠵᠢ ᠶᠢᠨ ᠬᠠᠷᠠᠯᠲᠠ ᠶᠢ  ᠬᠡᠷᠡᠭᠵᠢᠬᠦᠯᠦᠭᠰᠡᠨ  ᠪᠠᠶᠢᠳᠠᠯ ᠳᠤ ᠦᠨᠡᠯᠡᠯᠲᠡ ᠬᠢᠵᠦ᠂  ᠲᠥᠷᠥᠯ ᠵᠦᠢᠯ ᠢ ᠬᠡᠷᠡᠭᠯᠡᠬᠦ ᠬᠤᠯᠪᠣᠭᠳᠠᠯ ᠪᠦᠬᠦᠢ ᠨᠢᠭᠡᠴᠡ ᠪᠣᠯᠤᠨ ᠬᠢᠨᠠᠨ ᠬᠠᠮᠢᠶᠠᠷᠬᠤ ᠨᠢᠭᠡᠴᠡ ᠶᠢᠨ ᠰᠠᠨᠠᠯ ᠢ ᠬᠤᠷᠢᠶᠠᠵᠤ᠂ ᠲᠥᠷᠥᠯ ᠵᠦᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠪᠦᠲᠦᠭᠡᠨ  ᠪᠠᠶᠢᠭᠤᠯᠤᠯᠲᠠ ᠶᠢᠨ ᠬᠤᠭᠤᠴᠠᠭᠠᠨ ᠳᠤ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ ᠬᠤᠲᠠ ᠶᠢᠨ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠲᠤ  ᠲᠤᠰᠢᠶᠠᠨ᠎ᠠ᠃      ᠲᠥᠷᠥᠯ ᠵᠦᠢᠯ ᠤᠨ ᠦᠷ᠎ᠡ ᠪᠦᠲᠦᠮᠵᠢ ᠶᠢ ᠦᠨᠡᠯᠡᠭᠰᠡᠨ ᠮᠡᠳᠡᠭᠦᠯᠦᠯᠲᠡ ᠳᠤ ᠭᠤᠤᠯᠳᠠᠭᠤ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ  ᠪᠠᠭᠳᠠᠨ᠎ᠠ᠃ ᠨᠢᠭᠡᠨᠲᠡ ᠲᠤᠷᠰᠢᠨ ᠡᠷᠬᠢᠯᠲᠡ ᠬᠢᠭᠰᠡᠨ ᠳᠤ ᠣᠷᠣᠭᠤᠯᠤᠭᠰᠠᠨ ᠰᠢᠰᠲ᠋ᠧᠮ ᠳᠤ ᠪᠠᠰᠠ ᠲᠤᠷᠰᠢᠨ  ᠡᠷᠬᠢᠯᠲᠡ ᠬᠢᠭᠰᠡᠨ ᠦᠷ᠎ᠡ ᠳ᠋ᠦᠩ ᠵᠢᠴᠢ ᠲᠤᠯᠭᠠᠷᠠᠭᠰᠠᠨ ᠠᠰᠠᠭᠤᠳᠠᠯ ᠵᠡᠷᠭᠡ ᠶᠢ  ᠲᠤᠳᠤᠷᠬᠠᠶᠢᠯᠠᠨ᠎ᠠ᠃      ᠠᠷᠪᠠᠨ ᠨᠠᠢᠮᠠᠳᠣᠭᠠᠷ ᠵᠦᠢᠯ   ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠨᠵᠧᠨᠧᠷᠢᠩ ᠤᠨ ᠬᠤᠭᠤᠴᠠᠭ᠎ᠠ ᠨᠢ  ᠬᠡᠳᠦᠷᠭᠡᠢ  ᠦᠩᠬᠡᠷᠡᠭᠰᠡᠨ᠂ ᠪᠡᠯᠡ ᠣᠷᠣᠭᠤᠯᠤᠯᠲᠠ ᠨᠢ ᠬᠦᠨᠳᠦ ᠶᠡᠭᠡ ᠬᠤᠬᠢᠷᠠᠯ ᠤᠴᠠᠷᠠᠭᠰᠠᠨ ᠵᠡᠷᠭᠡ ᠠᠰᠠᠭᠤᠳᠠᠯ ᠭᠠᠷᠤᠭᠰᠠᠨ ᠪᠣᠯ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠵᠦ᠂ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢ ᠱᠠᠭᠠᠷᠳᠠᠨ ᠴᠡᠭᠴᠡᠯᠡᠨ ᠰᠠᠶᠢᠵᠢᠷᠠᠭᠤᠯᠬᠤ ᠪᠤᠶᠤ ᠲᠥᠷᠥᠯ  ᠵᠦᠢᠯ ᠤᠨ ᠪᠦᠲᠦᠭᠡᠨ  ᠪᠠᠶᠢᠭᠤᠯᠤᠯᠲᠠ ᠶᠢ ᠲᠦᠷ  ᠵᠤᠭᠰᠤᠭᠠᠨ᠎ᠠ᠃      ᠠᠷᠪᠠ ᠶᠢᠰᠦᠳᠦᠭᠡᠷ ᠵᠦᠢᠯ   ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠴᠣᠬᠤᠯᠠᠪᠤᠷᠢᠯᠠᠭᠰᠠᠨ ᠠᠩᠬᠠᠨ ᠤ ᠵᠢᠷᠤᠭ ᠲᠥᠯᠥᠪᠯᠡᠭᠡ ᠶᠢᠨ ᠲᠥᠰᠦᠯ ᠪᠣᠯᠤᠨ ᠪᠡᠯᠡ ᠣᠷᠣᠭᠤᠯᠤᠯᠲᠠ ᠶᠢᠨ ᠲᠦᠢᠮᠣ ᠲᠥᠰᠦᠪ  ᠶᠣᠰᠣᠭᠠᠷ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ  ᠬᠡᠷᠡᠭᠵᠢᠬᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠣᠯᠤᠨ  ᠠᠭᠤᠯᠭ᠎ᠠ ᠨᠢ ᠬᠤᠪᠢᠷᠠᠬᠤ ᠦᠭᠡᠶ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ ᠦᠯᠡᠳᠡᠪᠦᠷᠢ ᠲᠠᠢ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠤᠰᠤᠭᠠᠷ ᠦᠯᠡᠳᠡᠭᠰᠡᠨ ᠪᠡᠯᠡ ᠮᠥᠩᠭᠦ ᠶᠢ ᠡᠳ᠋ ᠤᠨ ᠵᠠᠰᠠᠭ ᠲᠤ  ᠪᠤᠴᠠᠭᠠᠨ ᠦᠭᠬᠦᠨ᠎ᠡ᠃      ᠲᠤᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠵᠠᠷᠤᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠬᠤᠯᠪᠣᠭᠳᠠᠯ ᠪᠦᠬᠦᠢ  ᠲᠥᠷᠢᠮ ᠤᠨ ᠲᠣᠭᠲᠠᠭᠠᠯ ᠶᠣᠰᠣᠭᠠᠷ   ᠬᠡᠷᠡᠭᠵᠢᠬᠦᠯᠦᠨ᠎ᠡ  ᠃      ᠬᠤᠷᠢᠳᠤᠭᠠᠷ ᠵᠦᠢᠯ  ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠲᠦᠢᠮᠣ ᠲᠥᠰᠦᠪ ᠤᠨ ᠴᠤᠬᠤᠯᠠᠪᠤᠷᠢᠯᠠᠯᠲᠠ ᠠᠴᠠ ᠭᠡᠳᠦᠷᠡᠭᠰᠡᠨ ᠦᠭᠡᠶ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠨᠢ ᠬᠤᠪᠢᠷᠠᠬᠤ ᠦᠭᠡᠶ  ᠪᠠᠶᠢᠳᠠᠯ ᠲᠤᠤᠷ᠎ᠠ᠂ ᠲᠥᠷᠥᠯ ᠵᠦᠢᠯ ᠤᠨ ᠭᠤᠤᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠᠲᠠᠶ ᠮᠥᠷᠲᠡᠭᠡᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠲᠤᠭ᠎ᠠ ᠨᠢ ᠲᠦᠢᠮᠣᠴᠢᠯᠠᠨ ᠪᠣᠳᠣᠭᠰᠠᠨ ᠶᠡᠷᠦᠩᠬᠡᠶ ᠪᠡᠯᠡ ᠣᠷᠣᠭᠤᠯᠤᠯᠲᠠ ᠶᠢᠨ 10%᠎ ᠠᠴᠠ ᠬᠡᠲᠦᠷᠡᠬᠦ ᠦᠭᠡᠶ ᠪᠥᠭᠡᠳ ᠳᠣᠤᠷᠠᠬᠢ ᠪᠠᠶᠢᠳᠠᠯ ᠤᠨ  ᠨᠢᠭᠡ ᠳᠤᠨᠢ ᠨᠡᠶᠢᠴᠡᠭᠰᠡᠨ ᠪᠠᠶᠢᠪᠠᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠲᠣᠬᠢᠷᠠᠭᠤᠯᠤᠯᠲᠠ ᠬᠢᠵᠤ ᠪᠤᠯᠬᠤ ᠮᠦᠷᠲᠡᠭᠡᠨ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠠᠩᠰᠠᠯᠠᠭᠤᠯᠤᠨ᠎ᠠ᠄      ︵ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ  ᠦᠨᠳᠦᠰᠦᠯᠡᠵᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠦᠨᠡᠨᠬᠦ ᠬᠤᠪᠢᠷᠠᠭᠤᠯᠬᠤ  ᠴᠢᠬᠤᠯᠠ ᠲᠠᠢ︔      ︵ᠬᠤᠶᠠᠷ︶ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢᠴᠢᠯᠠᠯᠲᠠ ᠶᠢᠨ ᠲᠥᠷᠥᠯ ᠵᠦᠢᠯ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠨᠢᠭᠡᠨᠲᠡ ᠴᠣᠬᠤᠯᠠᠪᠤᠷᠢᠯᠠᠭᠰᠠᠨ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠣᠷᠣ ᠲᠥᠯᠥᠪ ᠲᠤᠳᠤᠷ᠎ᠠ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠠᠬᠢᠴᠠ ᠳᠤ ᠲᠤᠬᠢᠷᠠᠭᠤᠯᠤᠯᠲᠠ ᠬᠢᠬᠦ᠃      ᠳᠡᠭᠡᠷ᠎ᠡ ᠳᠤᠷᠠᠳᠤᠭᠰᠠᠨ ᠪᠠᠶᠢᠳᠠᠯ ᠲᠠᠢ ᠨᠡᠶᠢᠴᠡᠬᠦ ᠦᠭᠡᠶ ᠪᠣᠯ ᠰᠢᠨ᠎ᠡ ᠪᠠᠷ ᠪᠠᠶᠢᠭᠤᠯᠬᠤ ᠲᠥᠷᠥᠯ  ᠵᠦᠢᠯ ᠢᠶᠠᠷ ᠬᠢᠨᠠᠨ ᠵᠥᠪᠰᠢᠶᠡᠷᠡᠭᠦᠯᠬᠦ ᠭᠠᠷᠳᠠᠮ ᠢ ᠳᠠᠬᠢᠵᠤ   ᠬᠦᠢᠴᠡᠳᠭᠡᠨ᠎ᠡ᠃      ᠬᠤᠷᠢᠨ ᠨᠢᠭᠡᠳᠦᠭᠡᠷ ᠵᠦᠢᠯ   ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠪᠠᠶᠢᠭᠤᠯᠤᠭᠰᠠᠨ ᠤ ᠳᠠᠷᠠᠭ᠎ᠠ ᠬᠠᠭᠠᠰ ᠵᠢᠯ ᠤᠨ ᠳᠣᠲᠣᠷ᠎ᠠ᠂ ᠲᠥᠷᠥᠯ  ᠵᠦᠢᠯ  ᠎ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ  ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠵᠣᠬᠢᠶᠠᠨ ᠪᠠᠶᠢᠭᠤᠯᠤᠨ ᠰᠢᠯᠭᠠᠨ ᠬᠤᠷᠢᠶᠠᠬᠤ ᠶᠢᠨ ᠬᠠᠮᠲᠤ᠂ ᠲᠥᠷᠥᠯ  ᠵᠦᠢᠯ ᠎ ᠤᠨ ᠰᠢᠯᠭᠠᠨ  ᠬᠤᠷᠢᠶᠠᠯᠲᠠ ᠶᠢᠨ ᠮᠡᠳᠡᠭᠦᠯᠦᠯᠲᠡ᠂ ᠪᠦᠲᠦᠭᠡᠨ ᠪᠠᠶᠢᠭᠤᠯᠤᠯᠲᠠ ᠶᠢᠨ ᠳ᠋ᠦᠩᠨᠡᠯᠲᠡ᠂ ᠳᠠᠭᠠᠭᠠᠴᠢᠯᠠᠯᠲᠠ  ᠵᠠᠷᠯᠠᠵᠤ ᠳᠠᠭᠠᠭᠠᠴᠢᠯᠠᠯᠲᠠ  ᠬᠦᠯᠢᠶᠡᠭᠰᠡᠨ ᠵᠢᠴᠢ  ᠭᠡᠷ᠎ᠡ  ᠶᠢᠨ ᠪᠢᠴᠢᠭ ᠮᠠᠲ᠋ᠧᠷᠢᠶᠠᠯ᠂ ᠲᠥᠷᠥᠯ  ᠵᠦᠢᠯ ᠤᠨ ᠶᠠᠪᠤᠴᠠ ᠶᠢᠨ ᠪᠢᠴᠢᠭ ᠮᠠᠲ᠋ᠧᠷᠢᠶᠠᠯ᠂ ᠡᠳ᠋ ᠤᠨ ᠶᠠᠪᠤᠳᠠᠯ ᠤᠨ ᠮᠡᠳᠡᠬᠦᠯᠦᠯᠲᠡ᠂ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ︵ᠨᠢᠭᠤᠴᠠ ᠳᠤ ᠬᠤᠯᠪᠤᠭᠳᠠᠭᠰᠠᠨ ᠮᠡᠳᠡᠭᠡ ᠵᠠᠩᠭᠢ ᠶᠢᠨ ᠰᠢᠰᠲ᠋ᠧᠮ ᠢ ᠱᠠᠲᠤ ᠬᠤᠪᠢᠶᠠᠨ ᠬᠠᠮᠠᠭᠠᠯᠠᠵᠤ ᠰᠢᠯᠭᠠᠨ ᠲᠣᠭᠲᠠᠭᠠᠭᠰᠠᠨ ᠮᠡᠳᠡᠭᠦᠯᠦᠯᠲᠡ ᠪᠤᠶᠤ ᠨᠢᠭᠤᠴᠠ ᠳᠤ ᠬᠤᠯᠪᠣᠭᠳᠠᠬᠤ ᠦᠭᠡᠶ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠵᠡᠷᠭᠡ ᠲᠠᠰ ᠤᠨ ᠬᠠᠮᠠᠭᠠᠯᠠᠯᠲᠠ ᠶᠢᠨ ᠰᠢᠯᠭᠠᠨ ᠲᠣᠭᠲᠠᠭᠠᠭᠰᠠᠨ ᠮᠡᠳᠡᠭᠦᠯᠦᠯᠲᠡ ᠵᠡᠷᠭᠡ ᠶᠢ ᠪᠠᠭᠲᠠᠭᠠᠨ᠎ᠠ︶᠂ ᠨᠢᠭᠤᠴᠠ ᠨᠣᠮᠧᠷ ᠎ ᠤᠨ ᠬᠡᠷᠡᠭᠯᠡᠯᠲᠡ ᠶᠢᠨ ᠠᠮᠤᠷ ᠲᠦᠪᠰᠢᠨ ᠤ ᠴᠢᠨᠠᠷ ᠲᠤ ᠦᠨᠡᠯᠡᠨ  ᠵᠢᠱᠢᠯᠲᠡ ᠬᠢᠭᠰᠡᠨ ᠮᠡᠳᠡᠭᠦᠯᠦᠯᠲᠡ ᠵᠡᠷᠭᠡ ᠮᠠᠲ᠋ᠧᠷᠢᠶᠠᠯ ᠢ  ᠲᠠᠭᠠᠯᠳᠤᠭᠤᠯᠤᠨ᠎ᠠ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠵᠣᠬᠢᠶᠠᠨ ᠪᠠᠶᠢᠭᠤᠯᠤᠨ ᠰᠢᠯᠭᠠᠨ ᠬᠤᠷᠢᠶᠠᠬᠤ ᠦᠶ᠎ᠡ ᠳᠤ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠮᠲᠤᠷᠠᠨ ᠰᠢᠯᠭᠠᠨ  ᠬᠤᠷᠢᠶᠠᠬᠤ ᠲᠥᠰᠦᠯ ᠢ ᠬᠠᠮᠲᠤᠪᠠᠷ  ᠲᠤᠭᠳᠠᠭᠠᠨ᠎ᠠ᠂ ᠡᠭᠦᠨ ᠳᠤ ᠰᠢᠯᠭᠠᠨ ᠬᠤᠷᠢᠶᠠᠬᠤ ᠠᠷᠭ᠎ᠠ ᠮᠠᠶ᠋ᠢᠭ᠂ ᠮᠠᠲ᠋ᠧᠷᠢᠶᠠᠯ ᠤᠨ ᠪᠦᠷᠢᠨ ᠲᠡᠭᠦᠯᠳᠡᠷ ᠴᠢᠨᠠᠷ᠂ ᠲᠤᠰᠬᠠᠶ ᠮᠡᠷᠭᠡᠵᠢᠯᠲᠡᠨ ᠤ ᠪᠦᠷᠢᠯᠳᠦᠯ ᠵᠡᠷᠭᠡ ᠠᠭᠤᠯᠭ᠎ᠠ ᠪᠠᠭᠲᠠᠨ᠎ᠠ᠃ ᠰᠢᠯᠭᠠᠨ  ᠬᠤᠷᠢᠶᠠᠯᠲᠠ ᠶᠢ ᠲᠠᠮᠵᠢᠭᠰᠠᠨ ᠤ ᠳᠠᠷᠠᠭ᠎ᠠ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠰᠢᠯᠭᠠᠨ ᠬᠤᠷᠢᠶᠠᠭᠰᠠᠨ ᠮᠡᠳᠡᠭᠦᠯᠦᠯᠲᠡ ᠵᠡᠷᠭᠡ ᠮᠠᠲ᠋ᠧᠷᠢᠶᠠᠯ ᠢᠶᠠᠨ ᠬᠤᠲᠠ ᠶᠢᠨ ᠤᠳᠤᠷᠢᠳᠬᠤ ᠳᠤᠭᠤᠶᠢᠯᠠᠩ ᠤᠨ  ᠠᠯᠪᠠᠨ ᠭᠡᠷ ᠲᠤ ᠮᠡᠳᠡᠭᠦᠯᠦᠨ  ᠲᠠᠩᠰᠠᠯᠠᠭᠤᠯᠤᠨ᠎ᠠ᠃ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠦᠭᠡᠶ ᠲᠥᠷᠥᠯ  ᠵᠦᠢᠯ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠬᠠᠮᠢᠶ᠎ᠠ ᠪᠦᠬᠦᠢ ᠡᠳ᠋ ᠤᠨ ᠵᠠᠰᠠᠭ ᠤᠨ ᠪᠡᠯᠡ ᠮᠥᠩᠭᠦ ᠶᠢ ᠰᠠᠯᠭᠠᠨ ᠥᠭᠴᠦ ᠪᠣᠯᠬᠤ ᠦᠭᠡᠶ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠬᠤᠭᠤᠴᠠᠭ᠎ᠠ ᠶᠣᠰᠣᠭᠠᠷ ᠰᠢᠯᠭᠠᠨ ᠬᠤᠷᠢᠶᠠᠵᠤ ᠲᠡᠶᠢᠯᠬᠦ ᠦᠭᠡᠶ ᠪᠣᠯ᠂ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠤᠶᠢᠰᠢᠯᠠᠭᠤᠯᠤᠨ ᠰᠢᠯᠭᠠᠨ ᠬᠤᠷᠢᠶᠠᠬᠤ ᠭᠤᠶᠤᠴᠢᠯᠠᠯ ᠭᠠᠷᠭᠠᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠲᠥᠷᠥᠯ ᠵᠦᠢᠯ ᠎ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠤᠯᠤᠰ  ᠎ ᠤᠨ ᠬᠤᠯᠪᠣᠭᠳᠠᠯ  ᠪᠦᠬᠦᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠲᠥᠷᠥᠯ ᠵᠦᠢᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠰᠠᠶᠢᠲᠤᠷ ᠬᠢᠬᠦ ᠶᠢᠨ ᠬᠠᠮᠲᠤ ᠡᠯᠧᠺᠲᠷᠣᠨ ᠳᠠᠩᠰᠠ ᠡᠪᠬᠡᠮᠡᠯ ᠢ ᠬᠡᠷᠡᠭᠯᠡᠬᠦ ᠶᠢ ᠰᠦᠪᠡᠭᠴᠢᠯᠡᠬᠦ ᠬᠡᠷᠡᠭᠲᠠᠢ᠃      ᠳᠠᠩᠰᠠ ᠡᠪᠬᠡᠮᠡᠯ ᠤᠨ ᠰᠢᠯᠭᠠᠨ ᠬᠤᠷᠢᠯᠲᠠ ᠬᠢᠭᠰᠡᠨ ᠦᠭᠡᠶ ᠪᠤᠶᠤ ᠳᠠᠩᠰᠠ ᠡᠪᠬᠡᠮᠡᠯ ᠤᠨ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠦᠭᠡᠶ ᠪᠣᠯ ᠲᠥᠷᠥᠯ  ᠵᠦᠢᠯ ᠤᠨ ᠰᠢᠯᠭᠠᠨ  ᠬᠤᠷᠢᠶᠠᠯᠲᠠ ᠵᠢ‌‍ᠲ᠋ᠠᠮᠵᠢᠭᠤᠯᠵᠤ ᠪᠣᠯᠬᠤ ᠦᠭᠡᠶ᠃      ᠬᠤᠷᠢᠨ ᠭᠤᠷᠪᠠᠳᠤᠭᠠᠷ  ᠵᠦᠢᠯ   ᠲᠥᠷᠥᠯ ᠵᠦᠢᠯ ᠤᠨ ᠪᠦᠲᠦᠭᠡᠨ  ᠪᠠᠶᠢᠭᠤᠯᠤᠯᠲᠠ ᠶᠢᠨ ᠨᠢᠭᠡᠴᠡ ᠲᠥᠷᠥᠯ ᠵᠦᠢᠯ ᠢ  ᠰᠢᠯᠭᠠᠨ  ᠬᠤᠷᠢᠶᠠᠭᠰᠠᠨ ᠤ ᠳᠠᠷᠠᠭ᠎ᠠ ᠵᠠᠰᠠᠭ ᠤᠨ ᠣᠷᠳᠣᠨ ᠤ ᠨᠢᠭᠲᠠᠯᠠᠨ ᠪᠣᠳᠣᠬᠤ ᠳᠦᠷᠢᠮ ᠤᠨ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠳᠠᠩᠰᠠᠯᠠᠯ ᠤᠨ ᠭᠠᠷᠳᠠᠮ ᠢ ᠴᠠᠭ ᠲᠤᠬᠠᠶ ᠳᠤᠨᠢ  ᠬᠦᠢᠴᠡᠳᠬᠡᠨ᠎ᠡ᠃ ᠡᠴᠦᠰ ᠲᠡᠭᠡᠨ ᠲᠠᠯᠳᠠ ᠬᠥᠷᠥᠩᠭᠡ ᠪᠣᠯᠵᠤ ᠪᠦᠷᠢᠯᠳᠦᠭᠰᠡᠨ ᠪᠠᠶᠢᠪᠠᠯ᠂  ᠲᠠᠯᠳᠠ ᠬᠥᠷᠥᠩᠭᠡ ᠪᠠᠷ ᠲᠤᠭᠳᠠᠭᠠᠬᠤ ᠶᠢᠨ ᠬᠠᠮᠲᠤ ᠤᠯᠬᠤ ᠦᠶ᠎ᠡ ᠳᠡᠭᠡᠨ ᠥᠪᠡᠷ ᠤᠨ ᠤᠢᠷᠳᠡᠭ ᠢᠶᠠᠷ ᠨᠢ ᠠᠩᠬᠠᠨ ᠤ ᠬᠡᠮᠵᠢᠯᠲᠡ ᠬᠢᠨ᠎ᠡ᠃      ᠬᠤᠷᠢᠨ ᠳᠥᠷᠪᠡᠳᠦᠭᠡᠷ ᠵᠦᠢᠯ  ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠬᠡᠨ  ᠪᠠᠶᠢᠭᠤᠯᠬᠤ ᠪᠡᠯᠡ ᠣᠷᠣᠭᠤᠯᠤᠯᠲᠠ ᠪᠠ  ᠡᠷᠬᠢᠯᠲᠡ ᠬᠢᠵᠤ ᠬᠠᠮᠠᠭᠠᠯᠠᠬᠤ ᠵᠠᠷᠤᠳᠠᠯ ᠢ ᠬᠠᠮᠵᠢᠯᠴᠠᠨ ᠬᠦᠳᠡᠯᠦᠯᠴᠡᠬᠦᠯᠬᠦ ᠶᠢ ᠴᠢᠩᠭᠠᠳᠬᠠᠵᠤ᠂ ︽ᠰᠦᠯᠵᠢᠶ᠎ᠡ ᠬᠤᠯᠪᠣᠨ ᠨᠢᠭᠡᠳᠦᠯᠲᠠᠢ ᠪᠠᠨ ᠬᠦᠢᠴᠡᠳᠬᠡᠬᠦ ᠪᠤᠯ ᠵᠠᠷᠴᠢᠮ  ᠪᠤᠯᠤᠨ᠎ᠠ᠂  ᠭᠠᠭᠴᠠ ᠦᠷᠦᠭᠡᠰᠦᠨ ᠰᠦᠯᠵᠢᠶ᠎ᠡ ᠪᠣᠯ ᠣᠨᠴᠠᠭᠠᠶ  ᠵᠦᠢᠯ   ᠪᠤᠯᠤᠨ᠎ᠠ︾  ᠭᠡᠰᠡᠨ ᠢ ᠪᠠᠷᠢᠮᠲᠠᠯᠠᠨ᠎ᠠ᠃ ᠰᠠᠯᠠᠭ᠎ᠠ ᠮᠥᠴᠢᠷ ᠤᠨ ᠨᠢᠭᠡᠨᠲᠡ ᠪᠠᠶᠢᠭᠤᠯᠤᠭᠰᠠᠨ ᠮᠡᠳᠡᠭᠡ ᠵᠠᠩᠬᠢᠴᠢᠯᠠᠯᠲᠠ ᠶᠢᠨ ᠲᠥᠷᠥᠯ ᠵᠦᠢᠯ ᠢ ᠳᠡᠰ ᠲᠡᠪᠰᠢᠬᠦᠯᠦᠨ ᠥᠭᠡᠷᠡᠴᠢᠯᠡᠬᠦ ᠪᠤᠶᠤ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ  ᠎ ᠨᠢ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠴᠢᠳᠠᠪᠠᠯ᠂ ᠬᠤᠲᠠ ᠶᠢᠨ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠤᠨ᠎ᠠ︔ ᠬᠡᠷᠪᠡ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠪᠣᠯᠬᠤ ᠦᠭᠡᠶ ᠭᠡᠵᠦ  ᠦᠵᠡᠵᠤ ᠪᠠᠶᠢᠬᠤ ᠪᠤᠯᠪᠠᠴᠣ᠂ ᠦᠨᠡᠬᠡᠷ ᠪᠦᠲᠦᠭᠡᠨ ᠪᠠᠶᠢᠭᠤᠯᠬᠤ ᠴᠢᠬᠤᠯᠠᠲᠠᠶ ᠪᠤᠶᠤ ᠦᠯᠡᠳᠡᠭᠡᠬᠦ ᠴᠢᠬᠤᠯᠠᠲᠠᠶ ᠪᠠᠶᠢᠪᠠᠯ᠂ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ  ᠮᠡᠳᠡᠬᠦᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠯᠪᠣᠭᠳᠠᠯ ᠪᠦᠬᠦᠢ ᠰᠠᠯᠠᠭ᠎ᠠ  ᠮᠦᠴᠢᠷ ᠲᠠᠢ ᠬᠠᠮᠲᠤᠷᠠᠨ ᠬᠢᠨᠠᠨ  ᠬᠠᠷᠭᠤᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠬᠤ ᠪᠤᠶᠤ ᠦᠯᠡᠳᠡᠭᠡᠵᠦ ᠪᠣᠯᠤᠨ᠎ᠠ᠃      ︵ᠨᠢᠭᠡ︶ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠱᠠᠭᠠᠷᠳᠠᠯᠭ᠎ᠠ ᠶᠣᠰᠣᠭᠠᠷ ᠬᠠᠮᠲᠤ ᠪᠠᠷ ᠡᠳ᠋ᠯᠡᠭᠰᠡᠨ ᠦᠭᠡᠶ ᠪᠤᠶᠤ ᠲᠤᠭ᠎ᠠ ᠪᠠᠷᠢᠮᠲᠠ ᠳᠠᠪᠬᠤᠷᠳᠠᠭᠤᠯᠤᠨ ᠴᠤᠭᠯᠠᠭᠤᠯᠤᠭᠰᠠᠨ ᠮᠡᠳᠡᠭᠡ  ᠵᠠᠩᠬᠢᠴᠢᠯᠠᠯᠲᠠ ᠶᠢᠨ ᠰᠢᠰᠲ᠋ᠧᠮ ᠤᠨ ᠡᠷᠬᠢᠯᠲᠡ ᠬᠢᠵᠤ ᠬᠠᠮᠠᠭᠠᠯᠠᠬᠤ ᠵᠠᠷᠤᠳᠠᠯ ᠢ ᠠᠰ ᠲᠤᠨᠢ ᠲᠣᠬᠢᠷᠠᠭᠤᠯᠬᠤ ᠦᠭᠡᠶ᠂ ᠲᠥᠷᠥᠯ ᠵᠦᠢᠯ ᠪᠦᠲᠦᠭᠡᠨ  ᠪᠠᠶᠢᠭᠤᠯᠬᠤ ᠨᠢᠭᠡᠴᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠵᠤ ᠪᠣᠯᠬᠤ ᠦᠭᠡᠶ᠃      ︵ᠬᠤᠶᠠᠷ︶ ᠲᠣᠭᠠᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠭᠠᠷᠴᠠᠭ ᠲᠤ ᠣᠷᠣᠭᠤᠯᠤᠭᠰᠠᠨ ᠦᠭᠡᠶ ᠰᠢᠰᠲ᠋ᠧᠮ ᠳᠤ  ᠡᠷᠬᠢᠯᠲᠡ ᠬᠢᠵᠤ ᠬᠠᠮᠠᠭᠠᠯᠠᠬᠤ ᠵᠠᠷᠤᠳᠠᠯ ᠢ ᠠᠰ ᠲᠤᠨᠢ ᠲᠣᠬᠢᠷᠠᠭᠤᠯᠬᠤ  ᠦᠬᠡᠢ᠃       ︵ᠭᠤᠷᠪᠠ︶ ᠨᠢᠭᠤᠴᠠ ᠨᠣᠮᠧᠷ ᠢ ᠬᠡᠷᠡᠭᠯᠡᠬᠦ ᠪᠠ ᠰᠦᠯᠵᠢᠶᠡᠨ ᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠶ᠂ ᠡᠰᠡᠬᠦᠯ᠎ᠡ ᠬᠦᠨᠳᠦ  ᠨᠤᠴᠢᠲᠠᠢ ᠠᠮᠤᠷ ᠲᠦᠪᠰᠢᠨ ᠤ ᠳᠠᠯᠳᠠ ᠭᠡᠮ ᠣᠷᠣᠰᠢᠵᠤ  ᠪᠠᠶᠢᠭ᠎ᠠ ᠮᠡᠳᠡᠭᠡ  ᠵᠠᠩᠬᠢᠴᠢᠯᠠᠯᠲᠠ ᠶᠢᠨ ᠰᠢᠰᠲ᠋ᠧᠮ ᠎ ᠳᠤ  ᠡᠷᠬᠢᠯᠲᠡ ᠬᠢᠵᠤ ᠬᠠᠮᠠᠭᠠᠯᠠᠬᠤ ᠵᠠᠷᠤᠳᠠᠯ  ᠎ ᠢ ᠠᠰ ᠲᠤᠨᠢ ᠲᠣᠬᠢᠷᠠᠭᠤᠯᠬᠤ ᠦᠭᠡᠶ᠂ ᠲᠥᠷᠥᠯ  ᠵᠦᠢᠯ ᠪᠦᠲᠦᠭᠡᠨ ᠪᠠᠶᠢᠭᠤᠯᠬᠤ ᠨᠢᠭᠡᠴᠡ ᠨᠢ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠥᠷᠭᠡᠳᠬᠡᠨ ᠪᠠᠶᠢᠭᠤᠯᠵᠤ ᠪᠣᠯᠬᠤ ᠦᠭᠡᠶ᠃      ᠳᠥᠷᠪᠡᠳᠦᠭᠡᠷ ᠪᠦᠯᠦᠭ     ᠬᠢᠨᠠᠯᠲᠠ ᠲᠠᠯᠪᠢᠵᠤ  ᠰᠢᠯᠭᠠᠨ ᠬᠢᠨᠠᠬᠤ      ᠬᠤᠷᠢᠨ ᠲᠠᠪᠤᠳᠤᠭᠠᠷ ᠵᠦᠢᠯ   ᠲᠥᠷᠥᠯ ᠵᠦᠢᠯ ᠢ ᠪᠦᠲᠦᠭᠡᠨ ᠪᠠᠶᠢᠭᠤᠯᠬᠤ ᠨᠢᠭᠡᠴᠡ ᠬᠤᠲᠠ ᠶᠢᠨ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠵᠤ᠂  ᠠᠵᠢᠯ ᠤᠨ ᠦᠷ᠎ᠡ ᠪᠦᠲᠦᠮᠵᠢ ᠶᠢ ᠦᠨᠡᠯᠡᠬᠦ᠂ ᠬᠢᠨᠠᠨ ᠪᠣᠳᠣᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ  ᠬᠠᠮᠵᠢᠯᠴᠠᠨ ᠰᠠᠶᠢᠲᠤᠷ ᠬᠢᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠮᠠᠲ᠋ᠧᠷᠢᠶᠠᠯ ᠪᠠ ᠪᠠᠶᠢᠳᠠᠯ ᠢ ᠦᠨᠡᠨ ᠮᠥᠨ ᠢᠶᠠᠷ ᠨᠢ ᠬᠠᠩᠭᠠᠵᠤ᠂  ᠬᠠᠩᠭᠠᠬᠤ ᠶᠢ ᠲᠡᠪᠴᠢᠬᠦ᠂ ᠨᠢᠭᠤᠨ  ᠲᠠᠯᠳᠠᠯᠠᠬᠤ᠂ ᠳᠠᠷᠤᠭᠠᠳ ᠮᠡᠳᠡᠭᠦᠯᠬᠦ ᠦᠭᠡᠶ ᠪᠠᠶᠢᠵᠤ ᠪᠣᠯᠬᠤ ᠦᠭᠡᠶ᠃      ᠬᠤᠷᠢᠨ ᠵᠢᠷᠭᠤᠳᠤᠭᠠᠷ ᠵᠦᠢᠯ  ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠷᠬᠢᠯᠲᠡ ᠬᠢᠵᠤ ᠬᠡᠷᠡᠭᠵᠢᠭᠦᠯᠦᠭᠰᠡᠨ ᠪᠠᠶᠢᠳᠠᠯ ᠳᠤ ᠶᠡᠷᠦᠩᠬᠡᠶ ᠬᠢᠨᠠᠯᠲᠠ ᠲᠠᠯᠪᠢᠬᠤ ᠪᠠ ᠬᠡᠷᠡᠭᠯᠡᠭᠡᠨ ᠤ ᠦᠷ᠎ᠡ ᠪᠦᠲᠦᠮᠵᠢ ᠶᠢᠨ ᠦᠨᠡᠯᠡᠯᠲᠡ ᠬᠢᠵᠦ᠂ ᠦᠨᠡᠯᠡᠵᠦ ᠰᠢᠯᠭᠠᠨ ᠬᠢᠨᠠᠭᠰᠠᠨ ᠰᠠᠨᠠᠯ ᠭᠠᠷᠭᠠᠵᠤ᠂ ᠦᠨᠡᠯᠡᠵᠦ ᠰᠢᠯᠭᠠᠨ ᠬᠢᠨᠠᠭᠰᠠᠨ ᠰᠠᠨᠠᠯ ᠢ ᠡᠯ᠎ᠡ ᠰᠠᠯᠠᠭ᠎ᠠ  ᠮᠦᠴᠢᠷ ᠤᠨ ᠣᠨ ᠤ ᠶᠡᠷᠦᠩᠬᠡᠶᠢᠯᠡᠭᠰᠡᠨ ᠰᠢᠯᠭᠠᠨ ᠬᠢᠨᠠᠯᠲᠠ ᠳᠤ   ᠤᠷᠤᠭᠤᠯᠤᠨ᠎ᠠ᠃      ᠬᠤᠷᠢᠨ ᠳᠣᠯᠣᠳᠤᠭᠠᠷ  ᠵᠦᠢᠯ   ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠣᠪᠴᠢᠶ᠎ᠠ᠂ ᠬᠤᠲᠠ ᠶᠢᠨ ᠡᠳ᠋  ᠎ ᠤᠨ ᠵᠠᠰᠠᠭ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ  ᠵᠠᠩᠬᠢᠴᠢᠯᠠᠯᠲᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠯᠪᠣᠭᠳᠠᠯ ᠪᠦᠬᠦᠢ  ᠰᠠᠯᠠᠭ᠎ᠠ ᠮᠥᠴᠢᠷ ᠲᠠᠢ ᠬᠠᠮᠲᠤᠷᠠᠨ ᠡᠭᠦᠷᠭᠡ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ ᠶᠣᠰᠣᠭᠠᠷ᠂ ᠲᠥᠷᠥᠯ ᠵᠦᠢᠯ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠬᠦ ᠡᠰᠡᠬᠦ ᠵᠢᠴᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠪᠡᠯᠡ ᠮᠥᠩᠭᠦ ᠶᠢᠨ ᠬᠡᠷᠡᠭᠯᠡᠯᠲᠡ᠂ ᠨᠢᠭᠤᠴᠠ ᠨᠤᠮᠧᠷ ᠤᠨ ᠬᠡᠷᠡᠭᠯᠡᠯᠲᠡ᠂ ᠰᠦᠯᠵᠢᠶᠡᠨ ᠤ ᠠᠮᠤᠷ ᠲᠦᠪᠰᠢᠨ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠬᠦᠯᠦᠨ᠎ᠡ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠤᠶᠤ ᠴᠣᠬᠤᠯᠠᠪᠤᠷᠢᠯᠠᠭᠰᠠᠨ ᠱᠠᠭᠠᠷᠳᠠᠯᠭ᠎ᠠ ᠠᠴᠠ ᠵᠥᠷᠢᠴᠡᠭᠰᠡᠨ ᠢ ᠢᠯᠡᠷᠡᠬᠦᠯᠪᠡᠯ᠂ ᠲᠥᠷᠥᠯ ᠵᠦᠢᠯ  ᠪᠦᠲᠦᠭᠡᠨ ᠪᠠᠶᠢᠭᠤᠯᠬᠤ ᠨᠢᠭᠡᠴᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ  ᠱᠠᠭᠠᠷᠳᠠᠨ᠎ᠠ᠃ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠴᠡᠭᠴᠡᠯᠡᠨ ᠰᠠᠶᠢᠵᠢᠷᠠᠭᠤᠯᠤᠭᠰᠠᠨ ᠦᠭᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠱᠠᠭᠠᠷᠳᠠᠯᠭ᠎ᠠ ᠳᠤ ᠨᠡᠶᠢᠴᠡᠬᠦ ᠦᠭᠡᠶ ᠪᠤᠯ᠂ ᠬᠤᠲᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠲᠡᠭᠦᠨ ᠢ ᠨᠡᠶᠢᠲᠡᠯᠡᠨ ᠰᠢᠭᠦᠮᠵᠢᠯᠡᠵᠦ᠂ ᠪᠡᠯᠡ ᠣᠷᠣᠭᠤᠯᠬᠤ ᠲᠥᠯᠥᠪᠯᠡᠭᠡ ᠶᠢ ᠲᠦᠷ ᠬᠤᠶᠢᠰᠢᠯᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷ  ᠵᠤᠭᠰᠤᠭᠠᠵᠤ ᠴᠢᠨᠠᠭᠰᠢᠯᠠᠪᠠᠯ ᠲᠥᠷᠥᠯ ᠵᠦᠢᠯ ᠢ  ᠡᠴᠦᠰᠯᠡᠬᠦᠯᠵᠤ ᠪᠣᠯᠤᠨ᠎ᠠ᠃      ᠰᠦᠯᠵᠢᠶᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠥᠯ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠶᠢᠨ ᠬᠠᠮᠲᠤ ᠲᠥᠷᠥᠯ ᠵᠦᠢᠯ ᠪᠦᠲᠦᠭᠡᠨ ᠪᠠᠶᠢᠭᠤᠯᠬᠤ ᠨᠢᠭᠡᠴᠡ ᠶᠢ ᠵᠢᠯᠣᠭᠤᠳᠤᠨ ᠬᠢᠨᠠᠵᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠬᠤ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠡᠯ᠎ᠡ ᠰᠠᠯᠠᠭ᠎ᠠ ᠮᠥᠴᠢᠷ ᠤᠳ ᠨᠢᠭᠤᠴᠠ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ᠂ ᠨᠢᠭᠡᠳᠦᠯᠲᠦ ᠴᠢᠨᠠᠷᠲᠠᠶ ᠰᠡᠷᠭᠡᠶᠢᠯᠡᠨ ᠬᠠᠮᠠᠭᠠᠯᠠᠬᠤ  ᠰᠢᠰᠲ᠋ᠧᠮ ᠢ ᠪᠠᠶᠢᠭᠤᠯᠵᠤ᠂ ᠱᠠᠭᠠᠷᠳᠠᠯᠭ᠎ᠠ ᠶᠣᠰᠣᠭᠠᠷ ᠨᠢᠭᠤᠴᠠ ᠨᠤᠮᠧᠷ ᠤᠨ ᠮᠡᠷᠭᠡᠵᠢᠯ ᠢ ᠬᠡᠷᠡᠭᠯᠡᠵᠦ᠂  ᠲᠡᠷᠡᠴᠢᠯᠡᠨ ᠨᠢᠭᠤᠴᠠ  ᠨᠤᠮᠧᠷ ᠤᠨ ᠬᠡᠷᠡᠭᠯᠡᠯᠲᠡ ᠶᠢᠨ ᠠᠮᠤᠷ ᠲᠥᠪᠰᠢᠨ‌‍ᠴᠢᠨᠠᠷ ᠤᠨ ᠦᠨᠡᠯᠡᠨ ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ  ᠰᠢᠰᠲ᠋ᠧᠮ ᠤᠨ  ᠡᠷᠬᠢᠯᠲᠡ ᠶᠢᠨ ᠠᠮᠤᠷ ᠲᠥᠪᠰᠢᠨ ᠪᠣᠯᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ  ᠪᠠᠶᠠᠯᠢᠭ ᠢ ᠬᠠᠮᠲᠤᠪᠠᠷ  ᠡᠳ᠋ᠯᠡᠵᠤ ᠰᠣᠯᠢᠯᠴᠠᠬᠤ ᠲᠤᠭ᠎ᠠ ᠪᠠᠷᠢᠮᠲᠠ ᠶᠢᠨ   ᠠᠮᠤᠷ ᠲᠥᠪᠰᠢᠨ ᠢ ᠦᠨᠡᠨᠬᠦ  ᠪᠠᠲᠤᠯᠠᠨ᠎ᠠ᠃      ᠬᠤᠷᠢᠨ ᠨᠠᠢᠮᠠᠳᠤᠭᠠᠷ ᠵᠦᠢᠯ   ᠬᠤᠲᠠ ᠶᠢᠨ ᠬᠢᠨᠠᠨ ᠪᠣᠳᠣᠬᠤ ᠲᠣᠪᠴᠢᠶ᠎ᠠ ᠲᠥᠷᠥᠯ ᠵᠦᠢᠯ ᠳᠤ ᠬᠢᠨᠠᠨ ᠪᠣᠳᠣᠯᠲᠠ ᠬᠢᠬᠦ ᠪᠠᠨ ᠬᠠᠤᠯᠢ ᠶᠣᠰᠣᠭᠠᠷ ᠴᠢᠩᠭᠠᠳᠬᠠᠵᠤ᠂ ᠲᠤᠰᠬᠠᠶ ᠪᠡᠯᠡ ᠮᠥᠩᠭᠦ ᠶᠢ ᠦᠨᠡᠨ ᠪᠣᠳᠠᠲᠠᠶ᠂ ᠬᠠᠤᠯᠢ  ᠶᠤᠰᠤᠭᠠᠷ ᠪᠠ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠠᠬᠢᠭᠤᠯᠵᠤ᠂ ᠬᠠᠮᠢᠶ᠎ᠠ ᠪᠦᠬᠦᠢ ᠳᠦᠷᠢᠮ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠨᠠᠶᠢᠲᠠᠪᠤᠷᠢᠵᠢᠭᠤᠯᠤᠨ᠎ᠠ᠃      ᠬᠤᠷᠢ ᠶᠢᠰᠦᠳᠦᠭᠡᠷ ᠵᠦᠢᠯ  ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠪᠠ ᠲᠥᠷᠥᠯ ᠵᠦᠢᠯ  ᠎ ᠤᠨ ᠬᠤᠶᠢᠨᠠᠬᠢ ᠦᠨᠡᠯᠡᠯᠲᠡ ᠶᠢᠨ ᠦᠷ᠎ᠡ ᠳ᠋ᠦᠩ ᠎ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠲᠥᠷᠥᠯ ᠵᠦᠢᠯ ᠤᠨ ᠣᠷᠣᠰᠢᠵᠤ  ᠪᠠᠶᠢᠭ᠎ᠠ ᠠᠰᠠᠭᠤᠳᠠᠯ ᠳᠤ ᠴᠡᠭᠴᠡᠯᠡᠨ ᠵᠠᠰᠠᠬᠤ ᠰᠠᠨᠠᠯ ᠳᠤᠷᠠᠳᠴᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠵᠢᠯᠣᠭᠤᠳᠤᠨ ᠲᠡᠭᠦᠯᠳᠡᠷᠵᠢᠭᠦᠯᠬᠦ ᠶᠢᠨ ᠬᠠᠮᠲᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠦᠨᠡᠯᠡᠭᠰᠡᠨ ᠦᠷ᠎ᠡ ᠳ᠋ᠦᠩ ᠢ ᠳᠠᠷᠠᠭ᠎ᠠ ᠨᠢᠭᠡ ᠵᠢᠯ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠡᠷᠬᠢᠯᠲᠡ ᠬᠢᠵᠤ ᠬᠠᠮᠠᠭᠠᠯᠠᠬᠤ ᠵᠠᠷᠤᠳᠠᠯ  ᠎ ᠢ ᠲᠣᠬᠢᠷᠠᠭᠤᠯᠬᠤ ᠴᠢᠬᠤᠯᠠ ᠦᠨᠳᠦᠰᠦᠯᠡᠯ ᠪᠤᠯᠭᠠᠨ᠎ᠠ᠃      ᠭᠤᠴᠢᠳᠤᠭᠠᠷ ᠵᠦᠢᠯ   ᠨᠢᠭᠡᠴᠡ ᠪᠤᠶᠤ ᠬᠤᠪᠢ ᠬᠥᠮᠦᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠬᠢᠨᠠᠨ ᠵᠦᠪᠰᠢᠶᠡᠷᠡᠬᠦ᠂ ᠳᠠᠩᠰᠠᠯᠠᠭᠤᠯᠬᠤ ᠵᠢᠷᠤᠮ ᠢ ᠭᠦᠢᠴᠡᠳᠬᠡᠭᠰᠡᠨ ᠦᠭᠡᠶ᠂ ᠡᠰᠡᠬᠦᠯ᠎ᠡ ᠬᠠᠮᠢᠶᠠᠷᠤᠯᠲᠠ ᠨᠢ ᠮᠠᠭᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠠᠴᠠ ᠪᠣᠯᠵᠤ ᠲᠦᠢᠮᠣ  ᠲᠥᠰᠦᠪ ᠠᠴᠠ ᠬᠦᠨᠳᠦ ᠨᠣᠴᠢᠲᠠᠶ ᠬᠡᠲᠦᠷᠡᠭᠰᠡᠨ᠂ ᠶᠠᠰᠤ ᠴᠢᠨᠠᠷ ᠨᠢ ᠮᠠᠭᠤ᠂ ᠬᠤᠬᠢᠷᠠᠵᠤ ᠰᠦᠢᠳᠭᠡᠭᠰᠡᠨ᠂ ᠠᠮᠤᠷ ᠲᠦᠪᠰᠢᠨ ᠤ ᠠᠳᠡᠯ ᠪᠤᠶᠤ ᠪᠤᠰᠤᠳ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠪᠤᠯ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠨᠡᠶᠢᠲᠡᠯᠡᠨ ᠰᠢᠬᠦᠮᠵᠢᠯᠡᠨ᠎ᠡ᠃ ᠲᠡᠷᠡᠴᠢᠯᠡᠨ ᠰᠢᠭᠤᠳ ᠬᠠᠷᠢᠭᠤᠴᠠᠯᠭ᠎ᠠ ᠲᠠᠢ ᠭᠤᠤᠯ ᠬᠠᠮᠢᠶᠠᠷᠤᠭᠴᠢ ᠪᠣᠯᠤᠨ ᠪᠤᠰᠤᠳ  ᠬᠠᠷᠢᠭᠤᠴᠠᠭᠴᠢ ᠳᠤ ᠬᠠᠤᠯᠢ ᠶᠣᠰᠣᠭᠠᠷ ᠰᠢᠳᠬᠡᠯ  ᠦᠭᠬᠦᠨ᠎ᠡ᠃      ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠪᠤᠶᠤ ᠬᠤᠪᠢ ᠬᠥᠮᠦᠨ ᠤᠯᠤᠰ ᠤᠨ ᠬᠤᠯᠪᠣᠭᠳᠠᠯ ᠪᠦᠬᠦᠢ ᠲᠤᠭᠳᠠᠭᠠᠯ ᠢ ᠵᠥᠷᠢᠴᠡᠵᠦ᠂ ᠲᠥᠷᠥᠯ ᠵᠦᠢᠯ ᠤᠨ ᠪᠡᠯᠡ ᠮᠥᠩᠭᠦ ᠶᠢ ᠳᠤᠮᠳᠠ ᠠᠴᠠ ᠨᠢ ᠲᠠᠰᠤᠳᠠᠨ ᠦᠯᠡᠳᠡᠭᠡᠬᠦ᠂ ᠨᠡᠭᠦᠯᠭᠡᠨ ᠬᠡᠷᠡᠭᠯᠡᠬᠦ᠂ ᠡᠰᠡᠬᠦᠯ᠎ᠡ ᠲᠣᠭᠲᠠᠭᠠᠯ ᠠᠴᠠ ᠵᠥᠷᠢᠴᠡᠨ ᠪᠡᠯᠡ ᠮᠥᠩᠭᠦ ᠶᠢᠨ ᠬᠡᠷᠡᠭᠴᠡᠭᠡ ᠶᠢ ᠬᠤᠪᠢᠷᠠᠭᠤᠯᠤᠭᠰᠠᠨ ᠪᠣᠯ᠂ ᠬᠤᠯᠪᠣᠭᠳᠠᠯ  ᠪᠦᠬᠦᠢ ᠰᠠᠯᠠᠭ᠎ᠠ ᠮᠥᠴᠢᠷ ᠠᠴᠠ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠬᠦ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠠᠶᠢᠴᠠᠭᠠᠨ   ᠰᠢᠢᠳᠪᠦᠷᠢᠯᠡᠨ᠎ᠡ  ᠃      ᠲᠠᠪᠤᠳᠤᠭᠠᠷ ᠪᠦᠯᠦᠭ     ᠲᠠᠭᠠᠯᠳᠤᠭᠤᠯᠤᠯ      ᠭᠤᠴᠢᠨ ᠨᠢᠭᠡᠳᠦᠭᠡᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠠᠷᠭ᠎ᠠ ᠶᠢᠨ ᠲᠣᠭᠲᠠᠭᠠᠯ ᠵᠢᠴᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠦᠨᠳᠦᠰᠦᠯᠡᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ  ᠲᠤᠭᠳᠠᠭᠠᠨ᠎ᠠ᠃ ᠡᠯ᠎ᠡ ᠬᠤᠰᠢᠭᠤ ᠲᠣᠭᠤᠷᠢᠭ ᠨᠢ ᠲᠤᠰ ᠠᠷᠭ᠎ᠠ ᠪᠠᠷ ᠯᠠᠪᠯᠠᠯᠲᠠ ᠪᠣᠯᠭᠠᠨ ᠲᠤᠰ ᠬᠤᠰᠢᠭᠤ ᠲᠣᠭᠤᠷᠢᠭ ᠤᠨ ᠢᠶᠠᠨ  ᠬᠠᠮᠢᠶᠠᠷᠤᠯᠲᠠ ᠶᠢᠨ ᠠᠷᠭ᠎ᠠ ᠶᠢ  ᠲᠤᠭᠳᠠᠭᠠᠨ᠎ᠠ᠃      ᠭᠤᠴᠢᠨ ᠬᠤᠶᠠᠳᠤᠭᠠᠷ ᠵᠦᠢᠯ   ᠲᠤᠰ ᠠᠷᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ  ᠲᠠᠶᠢᠯᠪᠤᠷᠢᠯᠠᠨ᠎ᠠ᠃      ᠭᠤᠴᠢᠨ ᠭᠤᠷᠪᠠᠳᠤᠭᠠᠷ ᠵᠦᠢᠯ   ᠲᠤᠰ ᠠᠷᠭ᠎ᠠ ᠶᠢ 2020 ᠣᠨ ᠤ 7 ᠳ᠋ᠤᠭᠠᠷ ᠰᠠᠷ᠎ᠠ ᠶᠢᠨ 24᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ ︽ᠣᠷᠳᠣᠰ ᠬᠤᠲᠠ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠣᠷᠳᠣᠰ  ᠵᠠᠰᠠᠭ ᠲᠠᠷᠬᠠᠭᠠᠬᠤ ︹2017︺ 208 ᠳ᠋ᠤᠭᠠᠷ ᠲᠣᠭᠠᠲᠤ︶᠎ ᠶᠢ  ᠵᠡᠷᠭᠡ ᠪᠠᠷ ᠬᠦᠴᠦᠨ ᠦᠬᠡᠢ  ᠪᠣᠯᠭᠠᠨ᠎ᠠ᠃
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号