ᠣᠪᠤᠭ᠎ᠠ ᠳᠠᠬᠢᠬᠤ ᠶᠤᠰᠤ
ᠨᠡᠶᠢᠲᠡᠯᠡᠭᠰᠡᠨ ᠴᠠᠭ᠄
2020/6/23
     ᠤᠪᠤᠭ᠎ᠠ ᠳᠠᠬᠢᠬᠤ ᠶᠤᠰᠤᠨ ᠢ ᠳᠠᠬᠢᠯᠭ᠎ᠠ ᠶᠢᠨ ᠵᠦᠢᠯ ᠢᠶᠠᠷ ᠨᠢ ᠬᠤᠶᠠᠷ ᠬᠤᠪᠢᠶᠠᠵᠦ ᠪᠤᠯᠤᠨ᠎ᠠ᠃ ᠨᠢᠭᠡ ᠨᠢ ᠵᠠᠷᠢᠮ ᠤᠪᠤᠭ᠎ᠠ ᠶᠢ ᠦᠬᠡᠷ᠂ ᠬᠤᠨᠢᠨ ᠤ ᠰᠢᠭᠦᠰᠦ ᠪᠠᠷ ᠳᠠᠬᠢᠳᠠᠭ᠃ ᠨᠦᠬᠦᠭᠡ ᠨᠢᠭᠡ ᠨᠢ ᠤᠯᠠᠭᠠᠨ ᠢᠳᠡᠭᠡᠨ ᠢ ᠬᠡᠷᠡᠭᠯᠡᠬᠦ ᠦᠭᠡᠢ ᠴᠠᠭᠠᠨ ᠢᠳᠡᠭᠡᠨ ᠢᠶᠠᠷ ᠳᠠᠬᠢᠳᠠᠭ ᠪᠠᠶᠢᠨ᠎ᠠ᠃ ᠤᠪᠤᠭ᠎ᠠ ᠶᠢ ᠡᠷᠳᠡ ᠳᠤ ᠪᠠᠨ ᠴᠤᠯ ᠮᠤᠩᠭᠤᠯ ᠶᠤᠰᠤ ᠵᠠᠩᠰᠢᠯ ᠢᠶᠠᠷ ᠳᠠᠬᠢᠳᠠᠭ ᠪᠠᠶᠢᠭᠰᠠᠨ ᠪᠠᠶᠢᠵᠠᠢ᠃ ᠰᠡᠭᠦᠯᠳᠡᠵᠦ ᠰᠢᠷ᠎ᠠ ᠶᠢᠨ ᠱᠠᠰᠢᠨ ᠮᠤᠩᠭᠤᠯ ᠤᠷᠤᠨ ᠳᠤ ᠳᠡᠯᠭᠡᠷᠡᠭᠰᠡᠨ ᠤ ᠳᠠᠷᠠᠭ᠎ᠠ ᠤᠪᠤᠭ᠎ᠠ ᠳᠠᠬᠢᠬᠤ ᠦᠢᠯᠡ ᠶᠠᠪᠤᠳᠠᠯ ᠳᠤ ᠰᠢᠷ᠎ᠠ ᠶᠢᠨ ᠱᠠᠰᠢᠨ ᠤ ᠨᠦᠯᠦᠭᠡ ᠨᠡᠪᠴᠢᠨ ᠤᠷᠤᠵᠦ ᠢᠷᠡᠭᠡᠳ ᠯᠠᠮᠠ ᠵᠠᠯᠠᠵᠦ ᠨᠤᠮ ᠤᠩᠰᠢᠭᠤᠯᠬᠤ᠂ ᠪᠦᠳᠦᠭᠡᠯᠭᠡ ᠪᠦᠳᠦᠭᠡᠬᠦ ᠵᠡᠷᠭᠡ ᠶᠢᠨ ᠦᠢᠯᠡ ᠠᠵᠢᠯᠯᠠᠭ᠎ᠠ ᠶᠢ ᠨᠡᠮᠡᠭᠳᠡᠭᠦᠯᠵᠦ᠂ ᠡᠮᠦᠨ᠎ᠡ ᠬᠡᠳᠦᠨ ᠡᠳᠦᠷ ᠠᠴᠠ ᠨᠢ ᠤᠷᠢᠳᠴᠢᠯᠠᠨ ᠡᠳᠦᠷ ᠰᠦᠨᠢ ᠦᠭᠡᠢ ᠬᠦᠵᠢ ᠰᠢᠳᠠᠭᠠᠵᠦ ᠵᠤᠯᠠ ᠠᠰᠠᠭᠠᠳᠠᠭ ᠪᠤᠯᠵᠠᠢ᠃
ᠢᠷᠡᠯᠲᠡ᠄ ᠤᠷᠳᠤᠰ ᠮᠤᠩᠭᠤᠯ ᠰᠦᠯᠵᠢᠶ᠎ᠠ