ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠶᠢ ᠲᠡᠯᠬᠡᠷᠡᠬᠦᠯᠦᠨ ᠬᠡᠷᠡᠭᠯᠡᠬᠦ ᠶᠢ ᠴᠢᠩᠭᠠᠳᠬᠠᠬᠤ ᠲᠤᠬᠠᠶ ᠤᠷᠳᠤᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ︵ᠲᠤᠷᠰᠢᠨ ᠬᠡᠷᠡᠭᠵᠢᠭᠦᠯᠬᠦ )                                                          ᠤᠷᠳᠤᠰ ᠵᠠᠰᠠᠭ ᠲᠠᠷᠬᠠᠭᠠᠬᠤ ﹇2020﹈ 38 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2020/6/4
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ‌‍ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠶᠢᠨ ᠲᠤᠰᠠᠳᠠ᠂ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠂ ︽ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2012 — 2020 ᠣᠨ︶︾ ︵ᠲᠥᠷᠥ ᠲᠠᠷᠬᠠᠭᠠᠭᠰᠠᠨ ︹2012 ︺ 22 ᠳ᠋ᠤᠭᠠᠷ ᠲᠣᠭᠠᠲᠤ︶᠂ ︽ᠬᠥᠬᠡ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠣᠯᠬᠤ ᠭᠤᠷᠪᠠᠨ ᠵᠢᠯ  ᠤᠨ ᠠᠵᠢᠯᠯᠠᠭᠠᠨ ᠤ ᠲᠥᠯᠥᠪᠯᠡᠭᠡ︾ ︵ᠲᠥᠷᠥ ᠲᠠᠷᠬᠠᠭᠠᠭᠰᠠᠨ︹2018 ︺ 22 ᠳ᠋ᠤᠭᠠᠷ ᠲᠣᠭᠠᠲᠤ︶᠂ ︽ᠴᠠᠶᠢᠶ᠋ᠢᠦ ᠲᠣᠰᠣᠨ ᠤ ᠠᠴᠢᠶᠠᠨ ᠤ ᠲᠡᠷᠭᠡ ᠶᠢᠨ ᠪᠣᠬᠢᠷᠲᠤᠯ ᠢ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭᠠᠨ ᠤ ᠲᠥᠯᠥᠪᠯᠡᠭᠡ︾ ︵ᠤᠷᠴᠢᠨ ᠠᠭᠠᠷ ᠮᠠᠨᠳᠠᠯ︹2018 ︺ 179 ᠳ᠋ᠤᠭᠡᠷ ᠲᠣᠭᠠᠲᠤ︶᠎ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠪᠦᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠡᠨᠧᠷᠭᠢ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠳᠠᠷᠤᠭᠠᠰᠣ ᠶᠢ ᠬᠥᠩᠭᠡᠷᠡᠭᠦᠯᠵᠦ᠂ ᠮᠠᠨ ᠤ ᠬᠤᠲᠠ ᠶᠢ ᠪᠠᠷᠠᠭᠤᠨ ᠣᠷᠣᠨ ᠤ ᠬᠠᠮᠤᠭ ᠤᠨ ᠨᠥᠯᠥᠭᠡᠯᠡᠬᠦ ᠬᠦᠴᠦᠨ ᠲᠠᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠬᠤ ᠶᠢᠨ ᠳᠣᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020᠎ ᠤᠨ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠶᠠᠷᠢᠯᠴᠠᠭᠠᠳ᠂ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠲᠤᠬᠠᠶ ᠡᠳᠦᠬᠡ ᠳᠣᠤᠷᠠᠬᠢ ᠮᠡᠲᠦ ᠲᠤᠷᠰᠢᠨ ᠬᠡᠷᠡᠭᠵᠢᠬᠦᠯᠬᠦ ᠰᠠᠨᠠᠯ ᠢ ᠳᠤᠷᠠᠳᠪᠠ᠃      ᠨᠢᠭᠡ᠂ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠠᠵᠤ ᠦᠢᠯᠡᠰ ᠤᠨ ᠲᠥᠷᠥᠯ ᠵᠦᠢᠯ ᠢ ᠪᠦᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠭᠤᠣᠯᠳᠠᠯᠭ᠎ᠠ ᠳᠤ ᠣᠷᠣᠭᠤᠯᠵᠤ᠂ ᠪᠦᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ  ᠮᠦᠷᠲᠡᠭᠡᠨ ᠦᠷᠭᠦᠯᠵᠢᠯᠡᠨ ᠬᠥᠭᠵᠢᠬᠦ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠶ ᠪᠠᠷ ᠨᠡᠭᠡᠭᠡᠨ ᠮᠠᠯᠲᠠᠵᠤ᠂ ᠲᠡᠭᠡᠭᠡᠪᠦᠷᠢᠯᠡᠬᠦ ᠶᠢ ᠲᠦᠷᠭᠡᠳᠬᠡᠵᠦ᠂ ᠮᠠᠰᠢᠨ ᠲᠡᠷᠭᠡᠨ ᠤ ᠣᠳᠤᠭ᠎ᠠ ᠬᠡᠢ ᠶᠢᠨ ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠤᠨ᠎ᠠ᠃      ᠬᠤᠶᠠᠷ᠂ ᠭᠤᠤᠯᠳᠠᠯᠭ᠎ᠠ ᠲᠠᠢ ᠣᠷᠣᠨ ᠪᠦᠰᠡ ᠳᠤ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠪᠦᠬᠦ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭᠠᠲᠤ ᠣᠷᠣᠨ ᠪᠦᠰᠡ ᠳᠤ᠂ ᠠᠭᠤᠷᠬᠠᠶ ᠶᠢᠨ ᠣᠷᠣᠨ ᠤ ᠴᠠᠬᠢᠯᠭᠠᠨ ᠬᠥᠳᠡᠯᠭᠡᠭᠦᠷᠲᠦ ᠪᠠᠷᠠᠭᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠠᠴᠢᠶᠠᠨ ᠎ ᠤ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠪᠦᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠲᠠᠢ ᠪᠤᠰᠤᠳ ᠭᠠᠵᠠᠷ ᠣᠷᠣᠨ ᠳᠤ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠶᠢ ᠢᠳᠡᠪᠬᠢᠲᠡᠶ ᠰᠣᠯᠢᠭᠰᠠᠨ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠎ ᠢ ᠪᠣᠬᠢᠷᠲᠤᠯ ᠦᠭᠡᠶ ᠠᠭᠤᠷᠬᠠᠶ ᠎ ᠪᠠᠷ ᠭᠤᠶᠤᠴᠢᠯᠠᠨ ᠮᠡᠳᠡᠭᠦᠯᠬᠦ᠂ ᠲᠤᠰᠬᠠᠶ ᠪᠡᠯᠡ ᠮᠥᠩᠭᠦ ᠶᠢᠨ ᠨᠥᠬᠦᠪᠥᠷᠢ ᠥᠭᠬᠦ ᠵᠡᠷᠭᠡ ᠲᠠᠯ᠎ᠠ ᠪᠠᠷ ᠬᠡᠯᠪᠡᠶᠢᠯᠬᠡᠨ᠎ᠡ᠃      ᠭᠤᠷᠪᠠ᠂ ᠢᠵᠢ ᠪᠦᠷᠢᠳᠦᠬᠦᠯᠦᠭᠰᠡᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠬᠢᠯᠭᠠᠨ ᠴᠡᠨᠡᠭᠯᠡᠬᠦ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠠᠬᠢᠯᠭᠠᠨ ᠴᠡᠨᠡᠭᠯᠡᠬᠦ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭᠳᠠᠯᠴᠠᠭ᠎ᠠ ᠶᠢᠨ ᠲᠥᠯᠥᠪᠵᠢᠭᠦᠯᠪᠡ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠲᠥᠷᠥᠯ ᠤᠨ ᠲᠥᠯᠥᠪᠵᠢᠭᠦᠯᠭᠡ ᠳᠤ ᠤᠷᠤᠭᠤᠯᠤᠨ᠎ᠠ᠃ ᠴᠠᠬᠢᠯᠭᠠᠨ ᠲᠣᠤᠷ ᠤᠨ ᠠᠵᠤ ᠠᠬᠤᠶᠢᠯᠠᠯ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠠᠰᠠᠮᠠᠯ ᠵᠠᠮ ᠤᠨ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ ᠵᠡᠷᠭᠡ ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠭᠤᠤᠯ ᠴᠣᠭᠴᠠ ᠶᠢᠨ ᠴᠠᠬᠢᠯᠭᠠᠨ ᠴᠡᠨᠡᠭᠯᠡᠬᠦ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠨ᠎ᠡ᠃ ᠰᠢᠨᠵᠢᠯᠡᠬᠦ ᠤᠬᠠᠭᠠᠨᠴᠢ ᠪᠥᠭᠡᠳ ᠲᠣᠬᠢᠷᠠᠮᠵᠢᠲᠠᠶ᠂ ᠪᠠᠶᠢᠷᠢᠯᠠᠭᠤᠯᠤᠯᠲᠠ ᠨᠢ ᠵᠦᠶ ᠵᠣᠬᠢᠰᠲᠠᠶ᠂ ᠲᠡᠷᠭᠡᠨ ᠵᠤᠭᠰᠤᠭᠠᠯ ᠤᠨ ᠪᠠᠭᠠᠨ᠎ᠠ ᠶᠢᠨ ᠣᠷᠣᠨ ᠪᠠᠶᠢᠷᠢ ᠨᠢ ᠲᠠᠭᠠᠷᠠᠯᠳᠤᠭᠰᠠᠨ᠂ ᠣᠶᠤᠨᠴᠢ ᠪᠥᠭᠡᠳ ᠥᠨᠳᠥᠷ ᠪᠦᠲᠦᠮᠵᠢᠲᠡᠶ ᠴᠠᠬᠢᠯᠭᠠᠨ ᠴᠡᠨᠡᠭᠯᠡᠬᠦ ᠰᠠᠭᠤᠷᠢ ᠲᠥᠬᠦᠬᠡᠷᠦᠮᠵᠢ ᠶᠢᠨ ᠲᠤᠭᠳᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃      ᠲᠦᠷᠪᠡ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠡᠷᠡᠭᠯᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠬᠦᠯᠦᠨ᠎ᠡ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠦᠢᠯᠡᠳᠬᠦ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠬᠦᠢᠴᠡᠳᠭᠡᠯ ᠲᠤᠭ᠎ᠠ ᠶᠢ ᠡᠩ ᠲᠡᠷᠢᠭᠦᠨ ᠳᠤ ᠪᠠᠲᠤᠯᠠᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠦᠢᠯᠡᠳᠬᠦ ᠵᠢᠴᠢ ᠴᠠᠬᠢᠯᠭᠠᠨ ᠴᠡᠨᠡᠭᠯᠡᠬᠦ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠣᠷᠴᠢᠨ ᠲᠣᠭᠤᠷᠢᠨ ᠤ ᠨᠦᠯᠦᠬᠡᠯᠡᠯ ᠢ ᠦᠨᠡᠯᠡᠬᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠰᠠᠭᠠᠳ ᠦᠬᠡᠢ ᠨᠡᠪᠳᠡᠷᠡᠬᠦᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠭᠡᠨ᠎ᠡ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢ ᠳᠠᠩᠰᠠᠯᠠᠨ ᠲᠡᠮᠳᠡᠭᠯᠡᠬᠦ  ︽ᠰᠠᠭᠠᠳ ᠦᠭᠡᠶ ᠨᠡᠪᠳᠡᠷᠡᠬᠦ ᠴᠣᠩᠬᠤᠪᠴᠢ︾ ᠭᠠᠷᠭᠠᠵᠤ᠂ ᠡᠵᠡᠩᠨᠡᠯᠲᠡ ᠶᠢᠨ ᠭᠠᠷᠳᠠᠮ ᠢ ᠤᠷᠢᠳᠠᠪᠠᠷ ᠬᠦᠢᠴᠡᠳᠭᠡᠨ᠎ᠡ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠵᠠᠮ ᠤᠨ ᠪᠠᠶᠢᠴᠠᠭᠠᠯᠲᠠ᠂ ᠵᠠᠮ ᠤᠨ ᠪᠠᠶᠢᠴᠠᠭᠠᠯᠲᠠ ᠶᠢᠨ ︽ᠰᠠᠭᠠᠳ ᠦᠭᠡᠶ ᠨᠡᠪᠲᠡᠷᠡᠬᠦ ᠵᠠᠮ︾ ᠪᠠ ᠲᠡᠮᠳᠡᠭ ᠫᠠᠶᠢᠰᠠ ᠭᠠᠷᠭᠠᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢᠨ ᠳᠥᠭᠦᠮ ᠳᠥᠲᠡ ᠪᠠᠷ ᠨᠡᠪᠲᠡᠷᠡᠬᠦ ᠶᠢ ᠤᠷᠢᠳᠠᠪᠠᠷ ᠪᠠᠲᠤᠯᠠᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠪᠠᠷᠠᠭ᠎ᠠ ᠶᠢᠨ ᠲᠡᠭᠡᠭᠡᠪᠦᠷᠢ ᠶᠢᠨ ᠡᠵᠡᠩᠨᠡᠭᠴᠢ ᠶᠢ ᠬᠠᠪᠰᠣᠷᠤᠨ ᠪᠠᠷᠠᠭᠠᠨ ᠤ ᠬᠦᠢᠯᠬᠡᠬᠡᠨ ᠤ ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ ᠬᠠᠮᠢᠶ᠎ᠠ ᠪᠦᠬᠦᠢ ᠪᠠᠷᠠᠭᠠᠨ ᠤ ᠬᠦᠢᠯᠬᠡᠬᠡᠨ ᠤ ᠮᠡᠳᠡᠭᠡ ᠵᠠᠩᠭᠢ ᠪᠣᠯᠤᠨ ᠲᠡᠷᠭᠡ ᠬᠥᠰᠬᠡ ᠶᠢᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠬᠦᠷᠭᠡᠵᠤ᠂ ︽ᠪᠠᠷᠠᠭ᠎ᠠ ᠲᠡᠷᠭᠡ ᠪᠠᠨ ᠤᠯᠬᠤ︾ ᠪᠠ ︽ᠲᠡᠷᠭᠡ ᠪᠠᠷᠠᠭ᠎ᠠ ᠪᠠᠨ ᠤᠯᠬᠤ︾᠎ ᠶᠢ ᠪᠡᠶᠡᠯᠡᠭᠦᠯᠬᠦ ᠳᠤ ᠳᠥᠭᠦᠮ ᠦᠵᠡᠭᠦᠯᠵᠦ᠂ ᠬᠤᠭᠤᠰᠣᠨ ᠭᠦᠶᠦᠬᠦ ᠨᠤᠷᠮ᠎ᠠ ᠶᠢ ᠪᠠᠭᠠᠰᠬᠠᠵᠤ᠂ ᠪᠠᠷᠠᠭᠠᠨ ᠤ ᠬᠦᠢᠯᠬᠡᠬᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃      ᠲᠠᠪᠤ᠂ ᠰᠢᠨᠡᠳᠬᠡᠨ ᠰᠣᠯᠢᠬᠤ ᠬᠠᠷᠢᠴᠠᠯ ᠢ ᠡᠮᠬᠢ ᠵᠢᠷᠤᠮ ᠲᠠᠢ ᠪᠠᠷ ᠳᠡᠭᠡᠭᠰᠢᠯᠡᠬᠦᠯᠦᠨ᠎ᠡ᠃ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠶᠢ ᠰᠢᠨᠡᠳᠬᠡᠨ ᠰᠣᠯᠢᠬᠤ ᠲᠥᠯᠥᠪᠯᠡᠭᠡ ᠶᠢ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠯᠦᠪᠵᠢᠬᠦᠯᠬᠡ ᠪᠣᠯᠤᠨ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ  ᠠᠪᠬᠤ ᠴᠡᠭᠴᠡᠯᠡᠨ ᠵᠠᠰᠠᠬᠤ ᠲᠥᠰᠦᠯ ᠳᠤ ᠵᠢᠭᠰᠠᠭᠠᠨ ᠣᠷᠣᠭᠤᠯᠵᠤ᠂ ᠪᠦᠬᠦ ᠬᠤᠲᠠ ᠶᠢᠨ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠶᠡᠭᠡ ᠬᠡᠮᠵᠢᠶᠡᠨ ᠤ ᠪᠠᠷᠠᠭ᠎ᠠ ᠲᠡᠭᠡᠭᠡᠪᠦᠷᠢᠯᠡᠬᠦ ᠪᠠ ᠠᠭᠤᠷᠬᠠᠶ ᠶᠢᠨ ᠭᠠᠷᠤᠯᠲᠠ ᠶᠢ ᠨᠡᠭᠡᠭᠡᠨ ᠮᠠᠯᠲᠠᠬᠤ ᠬᠦᠷᠢᠶ᠎ᠡ ᠬᠡᠪᠴᠢᠶᠡᠨ ᠤ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠦᠳᠡᠯᠬᠡᠬᠦᠷᠲᠦ ᠪᠠᠷᠢᠯᠭ᠎ᠠ ᠶᠢᠨ ᠲᠡᠷᠭᠡ ᠬᠡᠷᠡᠭᠯᠡᠬᠦ ᠨᠣᠷᠮ᠎ᠠ ᠶᠢᠨ ᠬᠦᠴᠦᠯᠡᠨ ᠨᠡᠮᠡᠭᠳᠡᠬᠦᠯᠦᠨ᠎ᠡ᠃ ᠪᠣᠬᠢᠷᠲᠤᠯ ᠦᠭᠡᠶ ᠠᠭᠤᠷᠬᠠᠶ ᠶᠢ ᠪᠠᠶᠢᠭᠤᠯᠤᠨ ᠪᠦᠲᠦᠭᠡᠭᠰᠡᠨ ᠠᠵᠤ ᠠᠬᠤᠶᠢᠯᠠᠯ ᠤᠨ ᠴᠠᠬᠢᠯᠭᠠᠨ ᠬᠥᠳᠡᠯᠭᠡᠭᠦᠷᠲᠦ ᠠᠭᠤᠷᠬᠠᠶ ᠶᠢᠨ ᠮᠠᠰᠢᠨ ᠲᠡᠷᠭᠡ ᠶᠢ ᠰᠢᠨᠡᠳᠭᠡᠨ ᠰᠣᠯᠢᠬᠤ ᠬᠠᠷᠢᠴᠠᠯ ᠢ 20%᠎ ᠠᠴᠠ ᠳᠡᠭᠡᠭᠰᠢ ᠳᠤ ᠬᠦᠷᠦᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾᠎ ᠶᠢᠨ ᠬᠤᠭᠤᠴᠠᠭᠠᠨ ᠳᠤ ᠠᠭᠤᠷᠬᠠᠶ ᠶᠢᠨ ᠮᠠᠰᠢᠨ ᠲᠡᠷᠭᠡ ᠶᠢ  ᠴᠦᠮ ᠰᠣᠯᠢᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶᠢᠯᠠᠯ ᠪᠣᠯᠤᠨ ᠬᠤᠪᠢ ᠬᠥᠮᠦᠨ ᠤ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠲᠡᠷᠭᠡ ᠪᠠᠨ ᠰᠢᠨᠡᠳᠬᠡᠬᠦ ᠶᠢ ᠢᠳᠡᠪᠬᠢᠲᠡᠶ ᠬᠥᠲᠥᠯᠥᠨ ᠵᠢᠯᠤᠭᠤᠳᠤᠨ᠎ᠠ᠃      ᠵᠢᠷᠭᠤᠭ᠎ᠠ᠂ ᠮᠥᠩᠭᠦᠨ ᠬᠦᠢᠯᠬᠡᠬᠡᠨ ᠤ ᠲᠡᠳᠬᠦᠬᠦ ᠡᠷᠴᠢᠮ ᠢ ᠦᠨᠡᠨᠬᠦ ᠴᠢᠩᠭᠠᠳᠬᠠᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠤᠨ᠎ᠠ᠃ ᠮᠥᠩᠭᠦᠨ ᠭᠦᠶ᠋ᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠯ᠎ᠡ ᠲᠥᠷᠦᠯ ᠤᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠮᠥᠩᠭᠦᠨ ᠬᠦᠢᠯᠬᠡᠬᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠵᠦ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠎ ᠤ ᠠᠵᠤ ᠦᠢᠯᠡᠰ ᠪᠠ ᠲᠥᠷᠥᠯ ᠵᠦᠢᠯ ᠳᠤ ᠭᠤᠤᠯᠳᠠᠯᠭ᠎ᠠ ᠲᠠᠢ ᠤᠷᠤᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠡᠳᠬᠦᠬᠦ ᠲᠤᠰᠬᠠᠶ ᠪᠡᠯᠡ ᠮᠥᠩᠭᠦ ᠶᠢ ᠢᠳᠡᠪᠬᠢᠯᠡᠨ ᠣᠯᠵᠤ᠂ ᠣᠯᠠᠨ ᠲᠠᠯ᠎ᠠ ᠠᠴᠠ ᠲᠤᠰᠬᠠᠶ ᠪᠡᠯᠡ ᠮᠥᠩᠭᠦ ᠬᠤᠷᠠᠮᠳᠤᠭᠤᠯᠵᠤ ᠪᠠᠶᠢᠭᠠᠳ ᠴᠠᠬᠢᠯᠭᠠᠨ ᠬᠥᠳᠡᠯᠭᠡᠭᠦᠷᠲᠦ ᠠᠴᠢᠶᠠᠨ ᠤ ᠲᠡᠷᠭᠡ᠂ ᠴᠠᠬᠢᠯᠭᠠᠨ ᠬᠥᠳᠡᠯᠭᠡᠭᠦᠷᠲᠦ ᠪᠠᠷᠢᠯᠭ᠎ᠠ ᠶᠢᠨ ᠲᠡᠷᠭᠡ ᠦᠢᠯᠡᠳᠬᠦ ᠲᠥᠷᠥᠯ ᠵᠦᠢᠯ ᠲᠡᠰᠢ ᠬᠡᠯᠪᠡᠶᠢᠯᠬᠡᠨ᠎ᠡ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠦᠢᠯᠡᠳᠬᠦ ᠠᠵᠤ ᠠᠬᠤᠶᠢᠯᠠᠯ ᠤᠨ ᠤᠯᠤᠰ ᠎ ᠤᠨ ᠠᠵᠤ ᠦᠢᠯᠡᠰ ᠵᠢᠴᠢ ᠪᠤᠲᠠᠲᠤ ᠴᠤᠭᠴᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠢᠴᠡᠳ ᠡᠳ᠋ᠯᠡᠬᠦ ᠶᠢ ᠤᠷᠮᠠᠰᠢᠭᠤᠯᠤᠨ ᠵᠢᠯᠤᠭᠤᠳᠤᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠦᠢᠯᠡᠳᠪᠦᠷᠢᠯᠡᠬᠦ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠠᠴᠠ 15%᠎ ᠶᠢᠨ ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠲᠠᠳᠠᠪᠤᠷᠢᠯᠠᠬᠤ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠡᠷᠡᠭᠯᠡᠭᠡᠨ ᠤ ᠭᠠᠶᠢᠯᠢ ᠶᠢ ᠬᠠᠰᠤᠵᠤ ᠬᠡᠯᠳᠦᠷᠢᠬᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠤᠰ ᠎ ᠤᠨ ᠲᠣᠭᠲᠠᠭᠠᠯ ᠳᠤ ᠨᠡᠶᠢᠴᠡᠬᠦ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠬᠤᠳᠠᠯᠳᠤᠨ ᠠᠪᠬᠤ ᠳᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠲᠠᠲᠠᠪᠤᠷᠢᠯᠠᠬᠤ ᠦᠭᠡᠶ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠳ᠋ ᠤᠨ ᠵᠠᠰᠠᠭ ᠤᠨ ᠨᠥᠬᠦᠪᠥᠷᠢ  ᠦᠭᠬᠦ ᠲᠦᠷᠦ ᠶᠢᠨ ᠪᠤᠳᠤᠯᠭ᠎ᠠ ᠳᠤ ᠨᠡᠶᠢᠴᠡᠬᠦ ᠲᠡᠷᠭᠡ ᠬᠡᠷᠡᠭᠯᠡᠭᠴᠢ ᠪᠠ ᠬᠠᠤᠯᠢ ᠶᠢᠨ ᠡᠷᠭᠡᠲᠡᠨ ᠤ ᠬᠡᠷᠡᠭᠯᠡᠭᠴᠢ ᠳᠤ ᠪᠡᠯᠡ ᠮᠥᠩᠭᠦ ᠶᠢᠨ ᠨᠥᠬᠦᠪᠥᠷᠢ ᠦᠭᠬᠦᠨ᠎ᠡ᠃      ᠳᠣᠯᠤᠭ᠎ᠠ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠠᠬᠤ ᠶᠢ ᠲᠡᠮᠵᠢᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠡᠬᠡᠪᠡᠷ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢᠶᠠᠷ ᠳᠠᠮᠵᠢᠭᠤᠯᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠨᠧᠷᠭᠢ ᠬᠠᠳᠠᠭᠠᠯᠠᠬᠤ ᠰᠢᠰᠲ᠋ᠧᠮ᠂ ᠲᠦᠯᠡᠰᠢ ᠶᠢᠨ ᠰᠢᠰᠲ᠋ᠧᠮ᠂ ᠬᠦᠳᠡᠯᠬᠡᠬᠦᠷ ᠤᠨ ᠰᠢᠰᠲ᠋ᠧᠮ᠂ ᠪᠦᠬᠦᠯᠢ ᠲᠡᠷᠭᠡᠨ ᠤ ᠡᠵᠡᠮᠰᠢᠯ ᠪᠠ ᠮᠡᠳᠡᠭᠡ ᠵᠠᠩᠭᠢ ᠶᠢᠨ ᠰᠢᠰᠲ᠋ᠧᠮ᠂ ᠴᠠᠬᠢᠯᠭᠠᠨ ᠴᠡᠨᠡᠭᠯᠡᠬᠦ ᠰᠢᠰᠲ᠋ᠧᠮ᠂ ᠲᠤᠷᠰᠢᠯᠲᠠ ᠬᠢᠵᠦ ᠪᠠᠶᠢᠴᠠᠭᠠᠨ ᠰᠢᠨᠵᠢᠬᠦ ᠵᠡᠷᠭᠡ ᠨᠡᠶᠢᠲᠡᠯᠢᠭ ᠴᠢᠨᠠᠷᠲᠠᠶ ᠵᠠᠩᠬᠢᠯᠠᠭ᠎ᠠ ᠶᠢᠨ ᠮᠡᠷᠭᠡᠵᠢᠯ ᠵᠢᠴᠢ ᠪᠦᠬᠦᠯᠢ ᠲᠡᠷᠭᠡᠨ ᠤ ᠬᠤᠷᠠᠮᠠᠯ ᠮᠡᠷᠭᠡᠵᠢᠯ ᠎ ᠤᠨ ᠪᠣᠭᠤᠮᠲᠠ ᠶᠢ ᠰᠢᠪᠲᠤᠯᠤᠨ᠎ᠠ᠃ ᠠᠵᠤ ᠠᠬᠤᠶᠢᠯᠠᠯ ᠤᠨ ᠲᠤᠯᠭᠠᠭᠤᠷᠢᠯᠠᠬᠤ ᠬᠦᠴᠦᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠳᠡᠮᠵᠢᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠰᠤᠳᠤᠯᠤᠨ ᠨᠡᠭᠡᠭᠡᠬᠦ ᠲᠠᠪᠴᠠᠩ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠰᠢᠨ᠎ᠡ ᠶᠢ ᠡᠭᠦᠳᠬᠦ ᠲᠠᠪᠴᠠᠩ ᠳᠤ ᠪᠡᠯᠡ ᠮᠥᠩᠭᠦ ᠶᠢᠨ ᠱᠠᠩᠨᠠᠯ ᠨᠥᠬᠦᠪᠥᠷᠢ ᠤᠯᠭᠤᠨ᠎ᠠ᠃ ᠠᠵᠤ ᠠᠬᠤᠶᠢᠯᠠᠯ ᠢ ᠬᠠᠪᠰᠤᠷᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠵᠢᠯ ᠦᠢᠯᠡᠰ ᠤᠨ ᠲᠠᠪᠴᠠᠩ᠂ ᠴᠢᠳᠠᠪᠤᠷᠢᠲᠠᠨ ᠤ ᠤᠷᠤᠨ ᠰᠠᠭᠤᠴᠠ᠂ ᠱᠠᠩᠨᠠᠨ ᠤᠷᠮᠠᠰᠢᠭᠤᠯᠬᠤ ᠵᠡᠷᠭᠡ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠡᠷᠬᠢᠯᠡᠬᠦ ᠳᠤ ᠲᠣᠬᠢᠷᠠᠮᠵᠢᠲᠠᠶ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃      ᠨᠠᠢᠮᠠ᠂ ᠮᠠᠰᠢᠨ ᠲᠡᠷᠭᠡᠨ ᠤ ᠤᠳᠤᠭ᠎ᠠ ᠬᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠴᠠᠶᠢᠶ᠋ᠢᠦ ᠲᠣᠰᠣᠨ ᠤ ᠠᠴᠢᠶᠠᠨ ᠤ ᠲᠡᠷᠭᠡ ᠶᠢᠨ ᠤᠯᠤᠰ ᠤᠨ ᠵᠢᠷᠭᠤᠳᠤᠭᠠᠷ ᠭᠠᠳᠠᠭᠰᠢᠯᠠᠭᠤᠯᠤᠯ ᠤᠨ ᠪᠠᠷᠢᠮᠵᠢᠶ᠎ᠠ ᠶᠢ ᠲᠦᠷᠭᠡᠳᠬᠡᠨ ᠬᠡᠷᠡᠭᠵᠢᠭᠦᠯᠵᠦ᠂ ᠰᠢᠨ᠎ᠡ ᠪᠠᠷ ᠡᠷᠦᠬᠡ ᠠᠮᠠ ᠣᠷᠣᠭᠤᠯᠤᠭᠰᠠᠨ ᠴᠠᠶᠢᠶ᠋ᠢᠦ  ᠲᠤᠰᠤᠨ ᠤ ᠮᠠᠰᠢᠨ ᠲᠡᠷᠭᠡ ᠪᠣᠯᠤᠨ ᠭᠠᠷ ᠳᠠᠮᠵᠢᠭᠰᠠᠨ ᠴᠠᠶᠢᠶ᠋ᠢᠦ  ᠲᠤᠰᠤᠨ ᠤ ᠮᠠᠰᠢᠨ ᠲᠡᠷᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠷᠢᠮᠵᠢᠶ᠎ᠠ ᠳᠤ ᠬᠦᠷᠬᠦ ᠦᠭᠡᠶ ᠲᠡᠷᠭᠡ ᠮᠠᠰᠢᠨ ᠢ ᠰᠢᠯᠵᠢᠭᠦᠯᠦᠨ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠬᠠᠭᠤᠴᠢᠨ ᠴᠠᠶᠢᠶ᠋ᠢᠦ ᠲᠣᠰᠣᠨ ᠤ ᠠᠴᠢᠶᠠᠨ ᠤ ᠲᠡᠷᠭᠡ ᠶᠢ ᠲᠦᠷᠭᠡᠳᠬᠡᠨ ᠲᠠᠶᠠᠭᠳᠠᠭᠤᠯᠤᠨ᠎ᠠ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠎ ᠠᠴᠠ ᠪᠠᠶᠢᠴᠠᠭᠠᠨ ᠰᠢᠯᠭᠠᠵᠤ ᠭᠡᠷᠡᠴᠢ ᠠᠪᠬᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠠᠴᠠ ᠰᠢᠳᠭᠡᠯ ᠦᠭᠬᠦ ᠎ ᠶᠢ ᠬᠡᠷᠡᠭᠵᠢᠬᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠎ ᠠᠴᠠ ᠰᠡᠯᠪᠢᠨ ᠵᠠᠰᠠᠯᠲᠠ ᠳᠤ ᠬᠢᠨᠠᠯᠲᠠ ᠲᠠᠯᠪᠢᠬᠤ ᠬᠠᠮᠲᠤᠷᠠᠭᠰᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠎ᠠ᠃ ᠳᠡᠭᠡᠭᠡᠪᠦᠷᠢ ᠎ ᠶᠢᠨ ᠪᠠᠷᠢᠮᠵᠢᠶ᠎ᠠ ᠠᠴᠠ ᠳᠠᠪᠠᠭᠤᠯᠤᠨ ᠳᠡᠭᠡᠭᠡᠪᠦᠷᠢᠯᠡᠭᠰᠡᠨ ᠲᠡᠷᠭᠡ ᠬᠦᠰᠭᠡ ᠪᠠ ᠲᠡᠭᠡᠭᠡᠪᠦᠷᠢ ᠶᠢᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠲᠣᠭᠲᠠᠭᠰᠠᠨ ᠬᠤᠭᠤᠴᠠᠭᠠᠨ ᠳᠤ ᠨᠡᠶᠢᠭᠡᠮ ᠳᠤ ᠢᠯᠡ ᠨᠡᠶᠢᠲᠡᠯᠡᠵᠤ᠂ ᠲᠡᠷᠡᠴᠢᠯᠡᠨ ᠬᠠᠤᠯᠢ ᠶᠣᠰᠣᠭᠠᠷ ᠰᠢᠢᠳᠪᠦᠷᠢᠯᠡᠵᠤ᠂ ᠭᠡᠳᠡᠷᠭᠦ ᠰᠢᠬᠠᠬᠤ ᠬᠦᠴᠦᠨ ᠲᠠᠢ ᠲᠣᠭᠲᠠᠴᠠ ᠶᠢ ᠪᠤᠢ ᠪᠤᠯᠭᠠᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠠᠵᠢᠯ ᠲᠥᠷᠥᠯ ᠤᠨ ᠬᠥᠭᠵᠢᠯᠲᠡ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃                                  ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                        2020 ᠣᠨ ᠤ 6 ᠰᠠᠷ᠎ᠠ ᠶᠢᠨ 4᠎ ᠤ ᠡᠳᠦᠷ
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号