ᠣᠷᠳᠣᠰ ᠬᠤᠲᠠ ᠶᠢᠨ  ᠠᠷᠠᠳ ᠠᠴᠠ ᠡᠵᠡᠩᠨᠡᠭᠰᠡᠨ  ᠠᠵᠤ ᠠᠬᠤᠶ ᠠᠵᠤ ᠤᠶᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠎ ᠶᠢ ᠨᠡᠶᠢᠳᠡᠯᠡᠬᠦ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ                                                                                          ᠤᠷᠳᠤᠰ ᠵᠠᠰᠠᠭ ᠲᠠᠷᠬᠠᠭᠠᠭᠰᠠᠨ ﹇2020﹈ 48 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2020/7/14
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ‌‍ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠣᠷᠳᠣᠰ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠠᠵᠤ ᠣᠶᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠰᠠᠭᠤᠷᠢ ᠮᠦᠩᠭᠦᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠵᠠᠰᠠᠪᠦᠷᠢ ᠣᠷᠣᠭᠤᠯᠬᠤ ᠶᠢᠨ ᠬᠠᠮᠲᠤ ᠰᠤᠳᠤᠯᠤᠨ ᠪᠠᠲᠤᠯᠠᠪᠠ᠂ ᠡᠳᠦᠬᠡ ᠨᠡᠶᠢᠲᠡᠯᠡᠶ᠎ᠡ᠃                                ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                      2020 ᠣᠨ ᠤ 7 ᠰᠠᠷ᠎ᠠ ᠶᠢᠨ 14᠎ ᠤ ᠡᠳᠦᠷ ᠣᠷᠳᠣᠰ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠠᠵᠤ ᠣᠶᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠰᠠᠭᠤᠷᠢ ᠮᠦᠩᠭᠦᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ    ᠶᠡᠷᠦᠩᠬᠡᠶ ᠲᠦᠷᠢᠮ      ᠨᠢᠭᠡᠳᠦᠭᠡᠷ ᠵᠦᠢᠯ    ᠣᠷᠳᠣᠰ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠠᠵᠤ ᠦᠢᠯᠡᠰ ᠤᠨ ᠬᠦᠭᠵᠢᠯᠳᠡ ᠶᠢ ᠬᠥᠲᠥᠯᠥᠨ ᠵᠢᠯᠣᠭᠤᠳᠬᠤ ᠰᠠᠭᠤᠷᠢ ᠮᠦᠩᠭᠦᠨ ︵ᠳᠣᠷᠣᠭᠰᠢ ︽ᠬᠥᠲᠥᠯᠥᠨ ᠵᠢᠯᠣᠭᠤᠳᠬᠤ ᠰᠠᠭᠤᠷᠢ ᠮᠥᠩᠭᠦ︾ ᠬᠡᠨ᠎ᠡ︶᠎ ᠤ ᠠᠵᠢᠯᠯᠠᠭᠠᠨ ᠢ ᠵᠢᠷᠤᠮᠵᠢᠭᠤᠯᠵᠤ᠂ ᠰᠠᠭᠤᠷᠢ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠬᠦ ᠶᠢᠨ ᠲᠤᠰᠠᠳᠠ᠂ ᠡᠳ᠋ ᠤᠨ ᠵᠠᠰᠠᠭ ᠤᠨ ᠶᠠᠮᠤᠨ ᠠᠴᠠ ᠨᠡᠶᠢᠲᠡᠯᠡᠭᠰᠡᠨ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︵ᠡᠳ᠋  ᠲᠦᠰᠤᠯ︹2015 ︺ 210 ᠳ᠋ᠤᠭᠠᠷ ᠲᠤᠭᠠᠳᠤ︶᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠨᠡᠶᠢᠲᠡᠯᠡᠭᠰᠡᠨ ︽ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠠᠵᠤ ᠣᠶᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦ ᠲᠣᠭᠲᠠᠭᠠᠯ ︹2016 ︺ 2800 ᠳ᠋ᠤᠭᠠᠷ ᠲᠣᠭᠠᠲᠤ︶ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ︹2018 ︺ 100 ᠳ᠋ᠤᠭᠠᠷ ᠲᠣᠭᠠᠲᠤ︶᠎ ᠪᠠᠷ ᠯᠠᠪᠯᠠᠯᠲᠠ ᠪᠣᠯᠭᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ    ︽ᠬᠥᠲᠥᠯᠥᠨ ᠵᠢᠯᠣᠭᠤᠳᠬᠤ ᠰᠠᠭᠤᠷᠢ ᠮᠥᠩᠭᠦ︾᠎ ᠶᠢ ᠪᠠᠶᠢᠭᠤᠯᠬᠤ ᠶᠢᠨ ᠭᠤᠣᠯ ᠵᠣᠷᠢᠯᠭ᠎ᠠ ᠪᠣᠯ᠄ ᠣᠷᠳᠣᠰ ᠤᠨ ᠠᠷᠠᠳ ᠠᠴᠠ ᠡᠵᠡᠩᠨᠡᠭᠰᠡᠨ ᠬᠥᠷᠥᠩᠭᠡ ᠵᠢᠴᠢ ᠬᠤᠲᠠ ᠶᠢᠨ ᠭᠠᠳᠠᠨᠠᠬᠢ ᠲᠤᠰᠬᠠᠶ ᠬᠥᠷᠥᠩᠭᠡ ᠶᠢ ᠬᠦᠳᠦᠯᠦᠨ ᠵᠢᠯᠤᠭᠤᠳᠴᠣ ᠮᠠᠨ ᠤ ᠬᠤᠳᠠ ᠳᠤ ᠪᠡᠯᠡ ᠤᠷᠤᠭᠤᠯᠵᠤ᠂ ᠮᠠᠨ ᠤ ᠬᠤᠲᠠ ᠶᠢᠨ ᠠᠵᠤ ᠦᠢᠯᠡᠰ ᠪᠠ ᠬᠥᠷᠥᠩᠭᠡ ᠶᠢᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠭᠦᠯᠬᠦ ᠶᠢ ᠲᠦᠷᠬᠡᠳᠬᠡᠨ᠎ᠡ᠃ ᠰᠠᠭᠤᠷᠢ ᠮᠥᠩᠭᠦ ᠶᠢ ᠬᠥᠲᠥᠯᠥᠨ ᠵᠢᠯᠣᠭᠤᠳᠴᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠣᠶᠢᠯᠡᠰ ᠢ ᠬᠥᠭᠵᠢᠭᠦᠯᠬᠦ ᠶᠢ ᠭᠤᠤᠯᠳᠠᠯᠭ᠎ᠠ ᠲᠠᠢ ᠳᠡᠮᠵᠢᠨ᠎ᠡ᠂ ᠠᠵᠤ ᠦᠢᠯᠡᠰ ᠤᠨ  ᠬᠡᠯᠬᠢᠶ᠎ᠡ ᠶᠢᠨ ᠲᠣᠭᠤᠷᠢᠨ ᠳᠤ ᠳᠠᠶᠢᠴᠢᠯᠠᠬᠤ ᠴᠢᠨᠠᠷ ᠢᠶᠠᠷ ᠴᠢᠩᠭ᠎ᠠ᠂ ᠪᠤᠶᠢᠵᠢᠯᠲᠠ ᠶᠢᠨ ᠴᠢᠨᠠᠷ ᠢᠶᠠᠷ ᠰᠠᠶᠢᠨ᠂ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠡᠵᠡᠩᠨᠡᠯᠳᠡ ᠶᠢᠨ ᠬᠡᠯᠪᠡᠷᠢ ᠶᠢ ᠪᠤᠶᠢᠵᠢᠭᠤᠯᠵᠤ᠂ ᠮᠠᠨ ᠤ ᠬᠤᠲᠠ ᠶᠢᠨ ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠬᠤ ᠶᠢ ᠲᠦᠷᠬᠡᠨ ᠢᠶᠠᠷ ᠠᠬᠢᠭᠤᠯᠤᠨ᠎ᠠ᠃      ᠭᠤᠷᠪᠠᠳᠤᠭᠠᠷ ᠵᠦᠢᠯ    ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠯ ᠪᠦᠷᠢ ᠵᠣᠬᠢᠬᠤ ᠬᠡᠪᠴᠢᠶᠡᠨ ᠤ ︽ᠬᠥᠲᠥᠯᠥᠨ ᠵᠢᠯᠣᠭᠤᠳᠬᠤ ᠰᠠᠭᠤᠷᠢ ᠮᠥᠩᠭᠦ︾ ᠲᠣᠬᠢᠷᠠᠭᠤᠯᠵᠤ᠂ ᠳᠠᠩ ᠭᠠᠭᠴᠠ ᠲᠥᠷᠥᠯ ᠵᠤᠶᠢᠯ ᠳᠤ ᠴᠢᠭᠯᠡᠭᠦᠯᠦᠭᠰᠡᠨ ᠲᠤᠰᠬᠠᠶ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠶᠢ ᠪᠠᠭᠲᠠᠭᠠᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠨᠠᠶᠢᠳᠠᠯᠭ᠎ᠠ ᠶᠢᠨ ᠵᠢᠭᠡᠯᠡᠯᠭᠡ᠂ ᠲᠤᠰᠠᠯᠠᠨ ᠪᠠᠳᠤᠯᠠᠬᠤ ᠵᠢᠭᠡᠯᠡᠯᠭᠡ ᠵᠡᠷᠭᠡ ᠣᠯᠠᠨ ᠵᠤᠶᠢᠯ ᠤᠨ ᠵᠠᠭᠪᠤᠷ ᠢᠶᠠᠷ ᠤᠷᠤᠭᠤᠯᠤᠭᠰᠠᠨ ᠨᠡᠶᠢᠭᠡᠮ ᠤᠨ ᠬᠥᠷᠥᠩᠭᠡ᠂ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢᠨ ᠪᠡᠯᠡ ᠮᠥᠩᠭᠦ ᠪᠠᠷ ᠲᠠᠮᠵᠢᠨ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠬᠠᠮᠲᠤᠪᠠᠷ ᠳᠠᠮᠵᠢᠨ᠎ᠠ᠃      ᠳᠥᠷᠪᠡᠳᠦᠭᠡᠷ ᠵᠤᠶᠢᠯ    ︽ᠬᠥᠲᠥᠯᠥᠨ ᠵᠢᠯᠣᠭᠤᠳᠬᠤ ᠰᠠᠭᠤᠷᠢ ᠮᠥᠩᠭᠦ︾᠎ ᠶᠢ ︽ᠵᠠᠰᠠᠭ ᠤᠨ ᠣᠷᠳᠣᠨ ᠎ ᠠᠴᠠ ᠬᠥᠲᠥᠯᠥᠨ ᠵᠢᠯᠤᠭᠤᠳᠴᠣ᠂ ᠵᠠᠬ᠎ᠠ ᠲᠡᠯᠬᠡᠭᠦᠷᠴᠢᠯᠡᠨ ᠠᠵᠢᠯᠯᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ  ᠬᠡᠷᠡᠭᠵᠢᠭᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠬᠦ︾ ᠵᠠᠷᠴᠢᠮ ᠶᠣᠰᠣᠭᠠᠷ ᠠᠵᠢᠯᠯᠠᠭᠤᠯᠵᠤ᠂ ᠲᠤᠰᠬᠠᠶᠢᠵᠢᠭᠰᠠᠨ ᠂ ᠵᠠᠬ᠎ᠠ ᠳᠡᠯᠭᠡᠭᠦᠷᠴᠢᠯᠡᠭᠰᠡᠨ ᠣᠨᠴᠠᠯᠢᠭ ᠢ ᠳᠣᠪᠤᠶᠢᠯᠭᠠᠭᠰᠠᠨ ᠰᠠᠭᠤᠷᠢᠨ ᠳᠡᠭᠡᠷ᠎ᠡ᠂ ︽ᠪᠦᠬᠦᠯᠢ ᠴᠣᠭᠴᠠ ᠪᠠᠷ ᠵᠢᠷᠤᠭᠯᠠᠨ ᠲᠥᠯᠥᠪᠯᠡᠬᠦ᠂ ᠬᠤᠭᠤᠴᠠᠭ᠎ᠠ ᠬᠤᠪᠢᠶᠠᠨ ᠴᠤᠭᠯᠠᠭᠤᠯᠬᠤ᠂ ᠵᠠᠰᠠᠭ ᠤᠨ ᠣᠷᠳᠣᠨ ᠠᠴᠠ ᠠᠰᠢᠭ ᠣᠯᠭᠤᠬᠤ ᠂ ᠦᠷᠭᠦᠯᠵᠢᠯᠡᠨ ᠬᠥᠭᠵᠢᠭᠦᠯᠬᠦ︾ ᠶᠡᠷᠦᠩᠬᠡᠶ ᠰᠡᠳᠭᠢᠴᠡ ᠶᠣᠰᠣᠭᠠᠷ ᠬᠡᠷᠡᠭᠵᠢᠭᠦᠯᠦᠨ᠎ᠡ᠃      ᠲᠠᠪᠤᠳᠤᠭᠠᠷ ᠵᠤᠶᠢᠯ    ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠷᠣᠭᠤᠯᠤᠯᠲᠠ ᠶᠢᠨ ᠴᠢᠳᠠᠪᠤᠷᠢ ᠶᠢ ᠬᠢᠨᠠᠨ ᠬᠠᠷᠭᠤᠭᠤᠯᠬᠤ ᠶᠢᠨ ᠬᠠᠮᠲᠤ ᠬᠤᠯᠪᠤᠭᠳᠠᠯ ᠪᠦᠬᠦᠢ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ︔ ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠪᠣᠯ ᠲᠦᠷᠦᠭᠦᠯᠡᠨ ᠬᠢᠬᠦ ᠰᠠᠯᠠᠭ᠎ᠠ ᠮᠦᠴᠢᠷ ᠪᠣᠯᠤᠨ᠎ᠠ᠂ ︽ᠬᠥᠲᠥᠯᠥᠨ ᠵᠢᠯᠣᠭᠤᠳᠬᠤ ᠰᠠᠭᠤᠷᠢ ᠮᠥᠩᠭᠦ︾᠎ ᠶᠢ ᠪᠠᠶᠢᠭᠤᠯᠬᠤ ᠶᠠᠪᠤᠴᠠ ᠳᠠᠬᠢ ᠴᠢᠬᠤᠯᠠ ᠶᠡᠭᠡ ᠵᠤᠶᠢᠯᠡᠰ ᠪᠠ ᠲᠥᠷᠥᠯ ᠵᠤᠶᠢᠯ ᠤᠨ ᠬᠥᠮᠥᠷᠭᠡ ᠶᠢᠨ ᠪᠠᠶᠢᠭᠤᠯᠤᠯᠲᠠ ᠵᠢᠴᠢ ᠲᠥᠷᠥᠯ ᠵᠤᠶᠢᠯ ᠤᠨ ᠲᠠᠨᠢᠯᠴᠠᠭᠤᠯᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠬᠤᠯᠪᠤᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠤᠳ ᠢ ᠵᠤᠬᠢᠴᠠᠭᠤᠯᠤᠨ ᠨᠡᠶᠢᠬᠡᠮ ᠤᠨ ᠬᠥᠷᠥᠩᠭᠡ ᠶᠢᠨ ᠭᠠᠷᠭᠠᠭᠰᠠᠨ ᠪᠡᠯᠡ ᠮᠥᠩᠭᠦ ᠶᠢ ᠨᠠᠶᠢᠳᠠᠪᠦᠷᠢᠵᠢᠭᠤᠯᠬᠤ ᠎ ᠶᠢᠨ ᠬᠠᠮᠲᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠪᠡᠯᠡ ᠣᠷᠣᠭᠤᠯᠤᠯᠲᠠ ᠶᠢᠨ ᠺᠣᠮᠫᠠᠨᠢ ᠶᠢ ᠬᠠᠮᠵᠢᠨ ᠰᠠᠭᠤᠷᠢ ᠮᠥᠩᠭᠦᠨ ᠤ ᠲᠠᠩᠰᠠᠯᠠᠯᠳᠠ ᠵᠡᠷᠭᠡ ᠬᠤᠯᠪᠤᠭᠳᠠᠯ ᠪᠦᠬᠦᠢ ᠤᠴᠢᠷ ᠶᠠᠪᠤᠳᠠᠯ ᠢ ᠭᠦᠢᠴᠡᠳᠬᠡᠬᠦ ᠶᠢ ᠬᠠᠷᠢᠭᠤᠴᠠᠨ᠎ᠠ︔ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠺᠣᠮᠫᠠᠨᠢ ︽ᠬᠥᠲᠥᠯᠥᠨ ᠵᠢᠯᠤᠭᠤᠳᠬᠤ ᠰᠠᠭᠤᠷᠢ ᠮᠦᠩᠭᠦᠨ︾᠎ ᠤ ᠵᠠᠰᠠᠭ ᠤᠨ ᠣᠷᠳᠣᠨ ᠤ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠨ᠎ᠡ ︵ᠲᠤᠰᠠᠯᠠᠨ ᠪᠠᠲᠤᠯᠠᠬᠤ ᠵᠢᠭᠡᠯᠡᠯᠭᠡ ᠶᠢ ᠤᠤᠯ ᠤᠨ ᠬᠡᠪ ᠵᠠᠭᠪᠤᠷ ᠢᠶᠠᠷ ᠨᠢ ᠠᠵᠢᠯᠯᠠᠭᠤᠯᠤᠨ᠎ᠠ︶᠃       ᠬᠤᠶᠠᠳᠤᠭᠠᠷ ᠪᠦᠯᠦᠭ    ᠰᠠᠭᠤᠷᠢ ᠮᠥᠩᠭᠦ ᠪᠠᠶᠢᠭᠤᠯᠬᠤ       ᠵᠢᠷᠭᠤᠳᠤᠭᠠᠷ ᠵᠦᠢᠯ   ︽ᠬᠥᠲᠥᠯᠥᠨ ᠵᠢᠯᠣᠭᠤᠳᠬᠤ ᠰᠠᠭᠤᠷᠢ ᠮᠥᠩᠭᠦ︾ ᠪᠠᠶᠢᠭᠤᠯᠬᠤ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠠᠴᠠ ᠡᠩ ᠲᠡᠷᠢᠭᠦᠨ ᠳᠤ ᠮᠠᠨ ᠤ ᠬᠤᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠠᠵᠤ ᠦᠢᠯᠡᠰ ᠤᠨ ᠲᠦᠯᠦᠪᠵᠢᠭᠦᠯᠬᠡ ᠪᠠ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶᠡᠨ ᠤ ᠲᠣᠭᠤᠷᠢᠨ ᠳᠤ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠭᠠᠷᠴᠠᠭ᠂ ᠬᠥᠮᠥᠷᠭᠡ ᠳᠤ ᠣᠷᠣᠭᠤᠯᠬᠤ ᠪᠠᠷᠢᠮᠵᠢᠶ᠎ᠠ ᠶᠢ ᠲᠤᠭᠳᠠᠭᠠᠵᠣ᠂ ᠲᠥᠷᠥᠯ ᠵᠤᠶᠢᠯ ᠤᠨ ᠬᠥᠮᠥᠷᠭᠡ ᠶᠢᠨ ᠪᠠᠶᠢᠭᠤᠯᠤᠯᠲᠠ ᠪᠣᠯᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠳᠦᠯᠦᠨ ᠵᠢᠯᠤᠭᠤᠳᠴᠣ ᠲᠦᠷᠦᠯ ᠵᠤᠶᠢᠯ ᠢ ᠪᠤᠶᠢᠵᠢᠭᠤᠯᠬᠤ ᠪᠠ ᠨᠡᠪᠴᠢᠭᠦᠯᠦᠨ᠎ᠡ᠃      ᠳᠣᠯᠣᠳᠤᠭᠠᠷ ᠵᠦᠢᠯ    ︽ᠬᠥᠲᠥᠯᠥᠨ ᠵᠢᠯᠣᠭᠤᠳᠬᠤ ᠰᠠᠭᠤᠷᠢ ᠮᠦᠩᠭᠦᠨ︾᠎ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ︽ᠠᠵᠤ ᠠᠬᠤᠶᠢᠯᠠᠯ ᠥᠪᠡᠰᠦᠪᠡᠨ ᠭᠤᠶᠤᠴᠢᠯᠠᠨ ᠮᠡᠳᠡᠭᠦᠯᠵᠦ᠂ ᠬᠤᠰᠢᠭᠤ ᠲᠣᠭᠤᠷᠢᠭ ᠤᠨ ᠠᠵᠤ  ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠮᠡᠳᠡᠭᠦᠯᠵᠦ᠂ ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠠᠴᠠ ᠰᠢᠯᠢᠨ ᠬᠦᠮᠦᠷᠬᠡ ᠳᠤ ᠣᠷᠣᠭᠤᠯᠬᠤ︾ ᠴᠤᠪᠤᠷᠠᠯ ᠢᠶᠠᠷ ᠶᠠᠪᠤᠭᠳᠠᠭᠤᠯᠤᠨ᠎ᠠ᠃ ᠲᠥᠷᠥᠯ ᠵᠤᠶᠢᠯ ᠤᠨ ᠬᠥᠮᠥᠷᠭᠡ ᠳᠤ ᠣᠷᠣᠭᠤᠯᠤᠭᠰᠠᠨ ᠦᠭᠡᠶ ᠪᠣᠯ᠂ ᠵᠠᠷᠴᠢᠮ ᠳᠡᠭᠡᠷ᠎ᠡ ᠪᠠᠨ ᠰᠠᠭᠤᠷᠢ ᠮᠦᠩᠭᠦᠨ ᠤ ᠲᠡᠮᠵᠢᠯᠬᠡ ᠶᠢᠨ ᠭᠤᠶᠤᠴᠢᠯᠠᠯ ᠳᠤᠷᠠᠳᠴᠤ ᠪᠣᠯᠬᠤ ᠦᠭᠡᠶ᠃       ᠨᠠᠢᠮᠠᠳᠤᠭᠠᠷ ᠵᠤᠶᠢᠯ   ︽ᠬᠥᠲᠥᠯᠥᠨ ᠵᠢᠯᠣᠭᠤᠳᠬᠤ ᠰᠠᠭᠤᠷᠢ ᠮᠦᠩᠭᠦᠨ︾᠎ ᠤ ᠲᠥᠰᠦᠯ ᠢ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠺᠣᠮᠫᠠᠨᠢ ᠰᠠᠭᠤᠷᠢ ᠮᠦᠩᠭᠦᠨ ᠤ ᠬᠠᠮᠢᠶᠠᠷᠤᠭᠴᠢ᠂ ᠨᠡᠶᠢᠭᠡᠮ ᠤᠨ ᠪᠠᠯᠠ ᠭᠠᠷᠭᠠᠭᠴᠢ ᠵᠡᠷᠭᠡ ᠬᠠᠮᠲᠤᠷᠠᠯᠴᠠᠭᠠᠨ ᠤ ᠡᠲᠡᠭᠡᠳ ᠲᠠᠢ ᠬᠠᠮᠵᠢᠯᠴᠠᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠵᠥᠪᠳᠡᠯᠴᠡᠨ ᠲᠣᠭᠲᠠᠭᠠᠨ᠎ᠠ᠃      ᠶᠢᠰᠦᠳᠦᠭᠡᠷ ᠵᠤᠶᠢᠯ    ︽ᠬᠥᠲᠥᠯᠥᠨ ᠵᠢᠯᠣᠭᠤᠳᠬᠤ ᠰᠠᠭᠤᠷᠢ ᠮᠥᠩᠭᠦ︾ ᠪᠠᠶᠢᠭᠤᠯᠬᠤ ᠲᠥᠰᠦᠯ ᠢ ᠳᠤᠷᠠᠳᠤᠭᠰᠠᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠺᠣᠮᠫᠠᠨᠢ ᠨᠢ ᠳᠣᠤᠷᠠᠬᠢ ᠨᠥᠬᠦᠴᠡᠯ ᠢ ᠪᠦᠷᠢᠯᠳᠦᠭᠦᠯᠬᠦ ᠴᠢᠬᠤᠯᠠ ᠲᠠᠢ᠄      ︵ᠨᠢᠭᠡ︶ ᠳᠤᠮᠳᠠᠳᠤ ᠤᠯᠤᠰ ᠤᠨ ᠡᠬᠡ ᠬᠠᠭᠤᠷᠠᠶ ᠳᠤ ᠬᠠᠤᠯᠢ ᠶᠣᠰᠣᠭᠠᠷ ᠪᠠᠶᠢᠭᠤᠯᠤᠭᠰᠠᠨ ᠺᠣᠮᠫᠠᠨᠢ ᠪᠤᠶᠤ ᠬᠤᠷᠰᠢᠭᠰᠠᠨ ᠠᠵᠤ ᠠᠬᠤᠶᠢᠯᠠᠯ᠂ ᠪᠣᠳᠠᠲᠠᠶ ᠬᠤᠷᠢᠶᠠᠭᠰᠠᠨ ᠬᠥᠷᠥᠩᠭᠡ ᠨᠢ ᠮᠢᠩᠭᠠᠨ ᠲᠦᠮᠡᠨ ᠲᠥᠭᠦᠷᠢᠭ ᠠᠴᠠ ᠳᠣᠤᠷ᠎ᠠ ᠪᠠᠶᠢᠵᠤ ᠪᠣᠯᠬᠤ ᠦᠭᠡᠶ︔      ︵ᠬᠤᠶᠠᠷ︶ ᠭᠤᠷᠪᠠᠨ ᠵᠢᠯ ᠠᠴᠠ ᠳᠡᠭᠡᠭᠰᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠲᠠᠢ ᠲᠡᠬᠡᠳᠤ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠠᠳᠠᠭ ᠲᠠᠭᠠᠨ ᠭᠤᠷᠪᠠ ᠪᠠᠶᠢᠵᠤ᠂ ᠰᠠᠶᠢᠨ ᠰᠠᠶᠢᠬᠠᠨ ᠢᠲᠡᠭᠡᠮᠵᠢ ᠶᠢᠨ ᠲᠡᠮᠳᠡᠭᠯᠡᠯ ᠲᠠᠢ ᠪᠠᠶᠢᠵᠤ᠂ ᠬᠠᠮᠢᠶᠠᠷᠤᠭᠴᠢ ᠵᠢᠴᠢ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠪᠤᠰᠤᠳ ᠠᠵᠢᠯᠯᠠᠭᠴᠢᠳ ᠣᠶᠢᠷ᠎ᠠ ᠶᠢᠨ ᠭᠤᠷᠪᠠᠨ ᠵᠢᠯ ᠳᠤ ᠬᠠᠤᠯᠢ ᠴᠠᠭᠠᠵᠠ ᠰᠠᠬᠢᠯᠭ᠎ᠠ ᠪᠠᠲᠤ ᠵᠥᠷᠢᠴᠡᠭᠰᠡᠨ ᠵᠡᠷᠭᠡ ᠮᠠᠭᠤ ᠲᠡᠮᠳᠡᠭᠯᠡᠯ ᠦᠭᠡᠶ︔      ︵ᠭᠤᠷᠪᠠ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠥᠬᠦᠭᠡᠷᠦᠮᠵᠢ ᠪᠠ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠲᠥᠬᠦᠭᠡᠷᠦᠮᠵᠢ ᠲᠠᠢ ᠪᠠᠶᠢᠬᠤ︔      ︵ᠳᠥᠷᠪᠡ︶ ᠴᠢᠩᠭ᠎ᠠ ᠪᠥᠭᠡᠳ ᠵᠦᠶ ᠵᠣᠬᠢᠰᠲᠠᠶ ᠪᠡᠯᠡ ᠣᠷᠤᠭᠤᠯᠤᠯᠳᠠ ᠶᠢᠨ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ᠂ ᠲᠦᠭᠰᠢᠭᠦᠷᠢ ᠶᠢ ᠡᠵᠡᠮᠳᠡᠬᠦ ᠲᠣᠭᠲᠠᠴᠠ ᠵᠢᠴᠢ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠲᠠᠢ ᠪᠠᠶᠢᠬᠤ᠃      ᠠᠷᠪᠠᠳᠤᠭᠠᠷ ᠵᠦᠢᠯ   ︽ᠬᠥᠲᠥᠯᠥᠨ ᠵᠢᠯᠣᠭᠤᠳᠬᠤ ᠰᠠᠭᠤᠷᠢ ᠮᠦᠩᠭᠦᠨ︾᠎ ᠤ ᠲᠥᠰᠦᠯ ᠢ ᠲᠣᠭᠲᠠᠭᠠᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠥᠰᠦᠯ ᠢ ᠦᠨᠳᠦᠰᠦᠯᠡᠨ᠂ ᠬᠦᠳᠦᠯᠦᠨ ᠵᠢᠯᠤᠭᠤᠳᠬᠤ ᠰᠠᠭᠤᠷᠢ ᠮᠦᠩᠭᠦ ᠳᠤᠮᠳᠠ ᠠᠴᠠ ᠬᠡᠷᠡᠭᠰᠡᠬᠦ ᠪᠡᠯᠡ ᠮᠥᠩᠭᠦ ᠶᠢ ᠳᠠᠩᠰᠠᠯᠠᠭᠤᠯᠤᠭᠰᠠᠨ ᠬᠥᠷᠥᠩᠭᠡ ᠮᠦᠩᠭᠦᠨ ᠤ ᠬᠡᠯᠪᠡᠷᠢ ᠪᠠᠷ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠪᠡᠯᠡ ᠣᠷᠣᠭᠤᠯᠤᠯᠲᠠ ᠶᠢᠨ ᠺᠣᠮᠫᠠᠨᠢ ᠳᠤ ᠰᠠᠯᠭᠠᠨ ᠥᠭᠴᠦ᠂ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠺᠣᠮᠫᠠᠨᠢ ᠪᠣᠯᠤᠨ ᠨᠡᠶᠢᠭᠡᠮ ᠤᠨ ᠬᠥᠷᠥᠩᠭᠡ ᠬᠠᠮᠲᠤ ᠪᠠᠷ ᠪᠡᠯᠡ ᠭᠠᠷᠭᠠᠵᠤ ᠰᠠᠭᠤᠷᠢ ᠮᠥᠩᠭᠦ ᠪᠠᠶᠢᠭᠤᠯᠤᠨ᠎ᠠ᠃      ᠠᠷᠪᠠᠨ ᠨᠢᠭᠡᠳᠦᠭᠡᠷ ᠵᠦᠢᠯ   ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠺᠣᠮᠫᠠᠨᠢ ᠪᠣᠯᠤᠨ ᠬᠤᠯᠪᠤᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠭᠤᠷᠢ ᠮᠥᠩᠭᠦᠨ ᠤ ᠪᠡᠯᠡ  ᠤᠷᠤᠭᠤᠯᠤᠯᠳᠠ ᠪᠠ ᠵᠢᠭᠡᠯᠡᠯᠭᠡ ᠶᠢᠨ ᠬᠤᠯᠪᠣᠭᠠᠯᠠᠨ ᠬᠥᠳᠡᠯᠦᠯᠴᠡᠬᠦ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠷᠰᠢᠭᠰᠠᠨ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢ ᠨᠠᠶᠢᠳᠠᠵᠤ ᠬᠥᠮᠥᠷᠭᠡ ᠳᠤ ᠣᠷᠣᠭᠤᠯᠬᠤ ᠲᠥᠷᠥᠯ ᠵᠤᠶᠢᠯ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠶᠢᠴᠠᠭᠠᠯᠲᠠ ᠪᠤᠶᠤ ᠵᠢᠭᠡᠯᠡᠯᠭᠡ ᠲᠠᠯᠪᠢᠬᠤ ᠠᠴᠠ ᠡᠮᠦᠨᠡᠬᠢ ᠬᠢᠨᠠᠨ ᠪᠠᠶᠢᠴᠠᠭᠠᠯᠲᠠ ᠬᠢᠨ᠎ᠡ᠃ ᠪᠡᠯᠡ