ᠲᠦᠰᠦᠪ ᠤᠨ ᠠᠮᠵᠢᠯᠳᠠ ᠪᠦᠲᠦᠮᠵᠢ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠠᠨᠠᠯ                                  ᠤᠷᠳᠤᠰ ᠵᠠᠰᠠᠭ ᠲᠠᠷᠬᠠᠭᠠᠭᠰᠠᠨ ﹇2020﹈ 52 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2020/7/28
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ‌‍ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠤ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄      ᠪᠦᠬᠦ ᠲᠠᠯ᠎ᠠ ᠶᠢᠨ᠂ ᠪᠦᠬᠦ ᠶᠠᠪᠤᠴᠠ ᠳᠤ᠂ ᠪᠦᠬᠦᠨ ᠢ ᠬᠠᠮᠤᠷᠤᠭᠰᠠᠨ ᠵᠠᠰᠠᠭ ᠤᠨ ᠣᠷᠳᠣᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠦᠷᠬᠡᠨ ᠢᠶᠠᠷ ᠪᠠᠶᠢᠭᠤᠯᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠲᠤᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠲᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠲᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹2018 ︺ 34 ᠳ᠋ᠤᠬᠡᠷ ᠲᠣᠭᠠᠲᠤ︶ ᠪᠠ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠬᠡᠷᠡᠭᠵᠢᠭᠦᠯᠬᠦ ᠰᠠᠨᠠᠯ︾ ︵ᠥᠪᠥᠷ  ᠡᠳ᠋ ᠬᠢᠨᠠᠯᠲᠠ ︹2019 ︺ 1343 ᠳ᠋ᠤᠭᠠᠷ ᠲᠣᠭᠠᠲᠤ︶ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020᠎ ᠤᠨ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ 146 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠬᠢᠨᠠᠨ ᠵᠥᠪᠯᠡᠵᠦ ᠰᠤᠳᠤᠯᠤᠭᠠᠳ᠂ ᠡᠳᠦᠭᠡ ᠮᠠᠨ ᠤ ᠬᠤᠲᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠣᠣᠷᠠᠬᠢ ᠮᠡᠲᠦ ᠰᠠᠨᠠᠯ ᠳᠤᠷᠠᠳᠤᠶ᠎ᠠ᠃      ᠨᠢᠭᠡ᠂ ᠵᠢᠯᠣᠭᠤᠳᠬᠤ ᠦᠵᠡᠯ ᠰᠠᠨᠠᠭ᠎ᠠ ᠪᠣᠯᠤᠨ ᠶᠡᠷᠦᠩᠬᠡᠶ ᠬᠠᠷᠠᠯᠲᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠲᠥᠰᠦᠪ ᠤᠨ ᠠᠮᠵᠢᠯᠳᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹2018 ︺ 34 ᠳ᠋ᠤᠬᠡᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠴᠢᠬᠤᠯᠠ ᠪᠠᠶᠢᠷᠢᠯᠠᠭᠤᠯᠤᠯᠲᠠ ᠶᠢ ᠬᠦᠨᠵᠡᠬᠡᠢ ᠨᠠᠶᠢᠳᠠᠪᠦᠷᠢᠵᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠰᠦᠪ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ︽ᠲᠥᠰᠦᠪ ᠤᠨ ᠰᠢᠢᠳᠪᠦᠷᠢᠳᠤ ᠪᠣᠳᠣᠯᠭ᠎ᠠ ᠳᠤ ᠦᠨᠡᠯᠡᠨ ᠵᠢᠱᠢᠯᠳᠠ ᠲᠠᠢ᠂ ᠲᠥᠰᠦᠪ ᠢ ᠨᠠᠢᠷᠠᠭᠤᠯᠤᠨ ᠵᠣᠬᠢᠶᠠᠬᠤ ᠳᠤ ᠬᠠᠷᠠᠯᠲᠠ ᠲᠠᠢ᠂ ᠲᠦᠰᠦᠪ ᠢ ᠭᠦᠢᠴᠡᠳᠬᠡᠬᠦ ᠳᠤ ᠬᠢᠨᠠᠨ ᠡᠵᠡᠮᠳᠡᠯ ᠲᠠᠢ᠂ ᠲᠥᠰᠦᠪ ᠢ ᠪᠡᠶᠡᠯᠡᠭᠦᠯᠬᠦ ᠳᠤ ᠦᠨᠡᠯᠡᠯᠲᠡ ᠲᠠᠢ᠂ ᠦᠨᠡᠯᠡᠯᠳᠡ ᠶᠢᠨ ᠦᠷ᠎ᠡ ᠳ᠋ᠦᠩ ᠢ ᠬᠡᠷᠡᠭᠯᠡᠬᠦ︾᠎ ᠶᠢ ᠲᠦᠷᠬᠡᠨ ᠢᠶᠠᠷ ᠠᠬᠢᠭᠤᠯᠵᠤ᠂ ᠮᠠᠨ ᠤ ᠬᠤᠲᠠ ᠶᠢᠨ ᠠᠵᠤ ᠠᠬᠤᠶ ᠨᠡᠶᠢᠬᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ ᠠᠬᠢᠭᠤᠯᠤᠨ᠎ᠠ᠃      ︵ᠬᠤᠶᠠᠷ︶ ᠶᠡᠷᠦᠩᠬᠡᠶ ᠬᠠᠷᠠᠯᠲᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠣᠷᠣᠭᠰᠢ ᠰᠢᠯᠵᠢᠭᠦᠯᠦᠨ ᠥᠭᠬᠦ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ  ᠴᠢᠩᠭᠠᠳᠬᠠᠵᠣ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠠᠯᠪᠠᠨ ᠵᠠᠷᠤᠳᠠᠯ︾᠎ ᠤᠨ ᠲᠥᠰᠦᠪ ᠢ ᠴᠢᠩᠭ᠎ᠠ ᠬᠢᠵᠠᠭᠠᠷᠯᠠᠵᠤ᠂ ᠪᠦᠬᠦ ᠬᠤᠲᠠ ᠶᠢᠨ ᠡᠳ᠋ ᠤᠨ ᠵᠠᠰᠠᠭ ᠤᠨ ᠡᠬᠢ ᠪᠠᠶᠠᠯᠢᠭ ᠢ ᠲᠤᠬᠢᠷᠠᠭᠤᠯᠬᠤ ᠦᠷ᠎ᠡ ᠪᠦᠲᠦᠮᠵᠢ ᠪᠠ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠴᠠᠭ ᠬᠤᠭᠤᠴᠠᠭᠠᠨ ᠤ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠲᠠᠢ ᠠᠳᠠᠯᠢ ᠠᠯᠬᠤᠮ ᠲᠠᠢ ᠪᠠᠶᠢᠬᠤ ᠪᠠᠷ ᠴᠢᠷᠮᠠᠶᠢᠵᠤ᠂ 2020 ᠤᠨ ᠤ ᠰᠡᠭᠦᠯᠴᠢ ᠠᠴᠠ ᠡᠮᠦᠨ᠎ᠡ ᠬᠤᠲᠠ ᠶᠢᠨ ᠱᠠᠲᠤᠨ ᠳᠤ ᠪᠦᠬᠦ ᠲᠠᠯ᠎ᠠ ᠶᠢᠨ᠂ ᠪᠦᠬᠦ ᠶᠠᠪᠤᠴᠠ ᠳᠤ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠶᠢ ᠤᠷᠢᠳᠠᠪᠠᠷ ᠪᠠᠶᠢᠭᠤᠯᠵᠤ᠂ ᠡᠯ᠎ᠡ ᠬᠤᠰᠢᠭᠤ ᠲᠣᠭᠤᠷᠢᠭ ᠴᠣ᠋ 2021 ᠣᠨ ᠤ ᠰᠡᠭᠦᠯᠴᠢ ᠪᠠᠷ ᠲᠤᠭᠳᠠᠯᠴᠠᠭ᠎ᠠ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ᠃      ︵ᠭᠤᠷᠪᠠ︶ ᠦᠨᠳᠦᠰᠦᠨ ᠵᠠᠷᠴᠢᠮ      1. ᠨᠢᠭᠡᠳᠦᠯᠲᠡᠶ ᠤᠳᠤᠷᠢᠳᠴᠤ᠂ ᠱᠠᠲᠤ ᠬᠤᠪᠢᠶᠠᠨ ᠬᠠᠮᠢᠶᠠᠷᠤᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠲᠤᠤᠷ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠵᠤᠬᠢᠶᠠᠨ ᠪᠠᠶᠢᠭᠤᠯᠬᠤ ᠪᠠ ᠵᠣᠬᠢᠴᠠᠭᠤᠯᠬᠤ ᠭᠤᠤᠯ ᠴᠣᠭᠴᠠ ᠪᠣᠯᠤᠨ᠎ᠠ᠂ ᠪᠦᠬᠦ ᠬᠤᠳᠠ ᠶᠢᠨ ᠲᠦᠰᠦᠪ ᠤᠨ ᠠᠮᠵᠢᠯᠳᠠ ᠪᠦᠲᠦᠮᠵᠢ ᠶᠢᠨ ᠬᠠᠮᠢᠶᠠᠷᠤᠯᠳᠠ ᠶᠢᠨ ᠠᠵᠢᠯ ᠤᠨ ᠶᠡᠷᠦᠩᠬᠡᠢ ᠲᠦᠯᠦᠪᠵᠢᠭᠦᠯᠬᠡ ᠪᠠ ᠲᠦᠷᠢᠮ ᠤᠨ ᠪᠠᠶᠢᠭᠤᠯᠤᠯᠳᠠ ᠶᠢ ᠬᠠᠷᠢᠭᠤᠴᠠᠵᠤ᠂ ᠡᠯ᠎ᠡ ᠲᠥᠰᠦᠪ ᠤᠨ ᠨᠢᠭᠡᠴᠡ ᠪᠣᠯᠤᠨ ᠬᠤᠰᠢᠭᠤ ᠲᠣᠭᠤᠷᠢᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠯ᠎ᠡ ᠲᠥᠰᠦᠪ ᠤᠨ ᠨᠢᠭᠡᠴᠡ ᠪᠣᠯ ᠲᠤᠰ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠤᠯᠤᠨ᠎ᠠ᠂ ᠨᠢᠭᠡᠴᠡ ᠶᠢᠨ ᠲᠤᠰ ᠱᠠᠳᠤ ᠶᠢ ᠬᠠᠷᠢᠭᠤᠴᠠᠬᠤ ᠪᠠ ᠬᠠᠷᠢᠶᠠᠯᠠᠭᠳᠠᠬᠤ ᠨᠢᠭᠡᠴᠡ ᠶᠢᠨ ᠢᠶᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰ ᠱᠠᠲᠤᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      2. ᠪᠦᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢ ᠲᠥᠷᠥᠯ ᠵᠣᠶᠢᠯ ᠤᠨ ᠵᠠᠷᠤᠯᠭ᠎ᠠ ᠠᠴᠠ ᠡᠯ᠎ᠡ ᠲᠥᠰᠦᠪ ᠤᠨ ᠨᠢᠭᠡᠴᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠢ ᠭᠦᠢᠴᠡᠳᠬᠡᠬᠦ᠂ ᠲᠥᠰᠦᠪ ᠤᠨ ᠠᠮᠵᠢᠯᠲᠠ ᠪᠦᠲᠦᠮᠵᠢ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠵᠠᠷᠤᠳᠠᠯ ᠢ ᠡᠵᠡᠮᠳᠡᠬᠦ ᠵᠡᠷᠭᠡ ᠲᠠᠯ᠎ᠠ ᠳᠤ ᠬᠦᠷᠲᠡᠯ᠎ᠡ ᠦᠷᠬᠡᠳᠬᠡᠵᠣ᠂ ᠠᠮᠵᠢᠯᠲᠠ ᠪᠦᠲᠦᠮᠵᠢ ᠶᠢᠨ ᠭᠦᠢᠴᠡᠳᠬᠡᠯ ᠲᠣᠭᠠᠨ ᠤ ᠲᠤᠭᠳᠠᠯᠴᠠᠭ᠎ᠠ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠵᠣ᠂ ᠮᠥᠷᠳᠡᠨ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠣ᠂ ᠦᠨᠡᠯᠡᠭᠰᠡᠨ ᠦᠷ᠎ᠡ ᠳ᠋ᠦᠩ ᠢ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠬᠤ᠂ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠪᠠ ᠲᠥᠰᠦᠪ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠴᠢᠬᠤᠯᠠ ᠦᠨᠳᠦᠰᠦ ᠪᠠᠷᠢᠮᠲᠠ ᠪᠣᠯᠭᠠᠵᠤ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ᠂ ᠠᠮᠵᠢᠯᠲᠠ ᠪᠦᠲᠦᠮᠵᠢ ᠶᠢ ᠮᠦᠷᠳᠡᠬᠦ᠂ ᠠᠮᠵᠢᠯᠲᠠ ᠪᠦᠲᠦᠮᠵᠢ ᠶᠢ ᠦᠨᠡᠯᠡᠬᠦ ᠪᠠ ᠦᠷ᠎ᠡ ᠳ᠋ᠦᠩ ᠤᠨ ᠬᠡᠷᠡᠭᠯᠡᠯᠲᠡ ᠳᠥᠷᠪᠡ ᠶᠢ ᠨᠢᠭᠡ ᠴᠤᠬᠴᠠᠵᠢᠭᠤᠯᠤᠬᠰᠠᠨ ᠲᠥᠰᠦᠪ ᠤᠨ ᠠᠮᠵᠢᠯᠲᠠ ᠪᠦᠲᠦᠮᠵᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃      3. ᠢᠯᠡ ᠲᠣᠳᠣ᠂ ᠬᠢᠵᠠᠭᠠᠷᠯᠠᠯ ᠨᠢ ᠬᠦᠴᠦᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠨᠢ ᠦᠨᠡᠨ ᠪᠣᠳᠠᠲᠠᠶ᠂ ᠪᠤᠰᠤᠳᠴᠢ᠂ ᠡᠷᠬᠡ ᠲᠡᠭᠰᠢ᠂ ᠲᠥᠪ ᠭᠤᠤᠯᠴᠢ ᠪᠠᠶᠢᠬᠤ ᠱᠠᠭᠠᠷᠳᠠᠯᠭ᠎ᠠ ᠳᠤ ᠨᠡᠶᠢᠴᠡᠵᠦ᠂ ᠦᠨᠡᠯᠡᠬᠦ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠵᠤ ᠲᠥᠯᠥᠪᠯᠡᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠷᠭ᠎ᠠ ᠶᠢ ᠬᠡᠷᠡᠭᠯᠡᠨ᠂ ᠦᠨᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠎ ᠲᠠᠢ ᠲᠥᠷᠥᠯ ᠵᠣᠶᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠂ ᠭᠤᠤᠯᠳᠠᠯᠭ᠎ᠠ ᠲᠠᠢ ᠲᠥᠷᠥᠯ ᠵᠤᠶᠢᠯ ᠢ ᠬᠡᠷᠡᠭᠵᠢᠭᠦᠯᠦᠭᠰᠡᠨ ᠨᠣᠷᠮ᠎ᠠ ᠪᠣᠯᠤᠨ ᠵᠠᠶᠢᠳᠠᠭᠰᠠᠨ ᠢ ᠲᠤᠬᠢᠷᠠᠭᠤᠯᠤᠭᠰᠠᠨ ᠪᠠᠶᠢᠳᠠᠯ᠂ ᠭᠤᠤᠯᠳᠠᠯᠭ᠎ᠠ ᠲᠠᠢ ᠵᠠᠷᠤᠯᠭ᠎ᠠ ᠶᠢᠨ ᠲᠥᠷᠥᠯ ᠵᠣᠶᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠠᠤᠯᠢ ᠶᠣᠰᠣᠭᠠᠷ ᠢᠯᠡ ᠪᠤᠯᠭᠠᠵᠣ᠂ ᠬᠢᠨᠠᠯᠲᠠ ᠲᠠᠯᠪᠢᠯᠳᠠ ᠶᠢ ᠬᠦᠯᠢᠶᠡᠨ᠎ᠡ᠃ ᠵᠠᠷᠤᠯᠭ᠎ᠠ ᠶᠢᠨ ᠬᠠᠷᠢᠭᠤᠴᠠᠯᠭ᠎ᠠ ᠪᠠ ᠦᠷ᠎ᠡ ᠪᠦᠲᠦᠮᠵᠢ ᠶᠢᠨ ᠦᠵᠡᠯ ᠤᠬᠠᠮᠰᠠᠷ ᠢ ᠴᠢᠩᠭᠠᠳᠬᠠᠵᠤ᠂ ︽ᠵᠣᠭᠤᠰ ᠵᠠᠷᠤᠬᠤ ᠳᠤ ᠵᠠᠪᠠᠯ ᠦᠷ᠎ᠡ ᠪᠦᠲᠦᠮᠵᠢ ᠶᠢ ᠨᠢ ᠠᠰᠠᠭᠤᠬᠤ᠂ ᠦᠷ᠎ᠡ ᠪᠦᠲᠦᠮᠵᠢ ᠦᠭᠡᠶ ᠪᠤᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ ᠣᠶᠢᠯᠠᠭᠠᠭᠳᠠᠬᠤᠨ ᠢᠶᠠᠷ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠣ᠂ ᠪᠦᠲᠦᠮᠵᠢᠲᠠᠢ ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠪᠠ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠎ᠠ᠃      ᠬᠤᠶᠠᠷ᠂ ᠭᠤᠣᠯ ᠡᠭᠦᠷᠭᠡ ᠪᠠ ᠭᠤᠣᠯᠳᠠᠯᠭ᠎ᠠ ᠲᠠᠢ ᠠᠵᠢᠯ      ︵ᠨᠢᠭᠡ︶ ᠭᠤᠤᠯ ᠡᠭᠦᠷᠭᠡ      1. ᠪᠦᠬᠦ ᠲᠠᠯ᠎ᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠦᠲᠦᠴᠡ ᠶᠢ ᠪᠠᠶᠢᠭᠤᠯᠤᠨ᠎ᠠ      ︵1︶ ᠵᠠᠰᠠᠭ ᠤᠨ ᠣᠷᠳᠣᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠤ ᠲᠥᠰᠦᠪ ᠤᠨ ᠣᠷᠣᠯᠭ᠎ᠠ ᠨᠢ ᠦᠨᠡᠨ ᠠᠴᠠ ᠵᠥᠪ ᠢ ᠡᠷᠢᠵᠣ᠂ ᠢᠳᠡᠪᠬᠢᠲᠡᠶ ᠯᠠᠪᠳᠠᠭᠤᠨ᠂ ᠴᠢᠨᠠᠷ ᠴᠢᠨᠰᠠᠭ᠎ᠠ ᠶᠢ ᠡᠷᠬᠢᠮᠯᠡᠵᠦ᠂ ᠡᠷᠬᠡᠪᠰᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠤᠬᠢᠴᠠᠯᠳᠤᠵᠤ᠂ ᠡᠯ᠎ᠡ ᠵᠣᠶᠢᠯ ᠤᠨ ᠭᠠᠶᠢᠯᠢ ᠬᠥᠩᠭᠡᠯᠡᠵᠦ ᠰᠤᠶᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠪᠣᠳᠠᠲᠤ ᠪᠠᠶᠢᠳᠠᠯ ᠠᠴᠠ ᠰᠠᠯᠵᠤ ᠨᠡᠮᠡᠭᠳᠡᠯ ᠤᠨ ᠬᠠᠷᠠᠯᠲᠠ ᠲᠣᠭᠲᠠᠭᠠᠬᠤ ᠶᠢ ᠴᠢᠩᠭ᠎ᠠ ᠴᠠᠭᠠᠵᠠᠯᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠵᠢᠱᠢᠭᠰᠡᠨ  ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ ᠶᠢ ᠡᠷᠡᠰ ᠴᠠᠭᠠᠵᠠᠯᠠᠵᠣ᠂ ᠬᠤᠳᠠᠯ ᠢᠶᠠᠷ ᠬᠤᠷᠢᠶᠠᠵᠤ ᠬᠤᠭᠤᠰᠣᠨ ᠢᠶᠠᠷ ᠰᠢᠯᠵᠢᠭᠦᠯᠬᠦ᠂ ᠬᠡᠮᠵᠢᠶ᠎ᠡ ᠠᠴᠠ ᠭᠡᠳᠦᠷᠡᠭᠰᠡᠨ ᠭᠠᠶᠢᠯᠢ ᠰᠤᠶᠢᠳᠬᠡᠯ ᠬᠤᠷᠢᠶᠠᠬᠤ ᠶᠢ ᠡᠷᠡᠰ ᠴᠠᠭᠠᠵᠠᠯᠠᠵᠣ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠵᠠᠰᠠᠭ ᠤᠨ ᠣᠷᠳᠣᠨ ᠤ ᠥᠷᠢ ᠰᠢᠷᠢ ᠵᠢᠭᠡᠯᠡᠬᠦ ᠶᠢ ᠡᠷᠡᠰ ᠴᠠᠭᠠᠵᠠᠯᠠᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠤ ᠲᠥᠰᠦᠪ ᠤᠨ ᠵᠠᠷᠤᠯᠭ᠎ᠠ ᠶᠢ ᠨᠢᠭᠡᠳᠦᠯᠲᠡᠶ ᠲᠦᠯᠦᠪᠯᠡᠨ  ᠬᠠᠮᠳᠤ ᠳᠤᠨᠢ ᠬᠠᠷᠠᠭᠠᠯᠵᠠᠵᠤ᠂ ᠭᠤᠤᠯᠳᠠᠯᠭ᠎ᠠ ᠶᠢ ᠲᠣᠪᠤᠶᠢᠯᠭᠠᠨ᠂ ᠴᠢᠳᠠᠯ ᠤᠨ ᠬᠢᠷᠢ ᠪᠠᠷ ᠢᠶᠠᠨ ᠬᠢᠵᠤ᠂ ᠤᠯᠤᠰ᠂ ᠣᠷᠣᠨ ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠬᠦᠴᠦᠯᠡᠨ ᠳᠡᠮᠵᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠡᠭᠦᠨ ᠤ ᠬᠠᠮᠲᠤ ᠲᠥᠪ ᠪᠠ ᠥᠪᠡᠷᠲᠡᠭᠡᠨ ᠵᠠᠰᠠᠬᠤ ᠣᠷᠣᠨ ᠢ ᠲᠠᠪᠠᠭᠰᠠᠨ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠲᠤᠭᠳᠠᠭᠠᠵᠣ ᠪᠣᠯᠬᠤ ᠦᠬᠡᠢ ᠪᠤᠶᠤ ᠪᠠᠲᠤᠯᠠᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠶ᠂ ᠡᠳ᠋ ᠤᠨ ᠵᠠᠰᠠᠭ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠶᠢ ᠪᠠᠲᠤᠯᠠᠵᠤ᠂ ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠷᠠᠭᠤᠯᠤᠨ᠎ᠠ᠃      ︵2︶ ᠰᠠᠯᠠᠭ᠎ᠠ ᠮᠥᠴᠢᠷ ᠪᠠ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠦᠷᠨᠢᠭᠦᠯᠦᠨ᠎ᠡ᠃ ᠰᠠᠯᠠᠭ᠎ᠠ ᠮᠥᠴᠢᠷ᠂ ᠨᠢᠭᠡᠴᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠨᠢᠭᠡᠴᠡ ᠠᠵᠢᠯ ᠤᠨ ᠴᠢᠳᠠᠪᠬᠢ᠂ ᠠᠵᠢᠯ ᠲᠥᠷᠥᠯ ᠤᠨ ᠬᠥᠭᠵᠢᠯᠲᠡ ᠶᠢᠨ ᠲᠦᠯᠦᠪᠵᠢᠭᠦᠯᠬᠡ ᠶᠢᠨ ᠲᠣᠭᠤᠷᠢᠨ ᠳᠤ ᠲᠥᠰᠦᠪ ᠤᠨ ᠪᠡᠯᠡ ᠮᠦᠩᠭᠦ ᠶᠢᠨ ᠬᠠᠮᠢᠶᠠᠷᠤᠯᠲᠠ ᠪᠠᠷ ᠭᠤᠤᠯ ᠱᠣᠭᠤᠮ ᠪᠣᠯᠭᠠᠵᠤ᠂ ᠡᠳ᠋ ᠬᠥᠷᠥᠩᠭᠡ ᠪᠠ ᠲᠤᠬᠠᠶᠢᠯᠠᠭᠰᠠᠨ ᠠᠵᠢᠯ ᠵᠡᠷᠭᠡ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠵᠢᠯᠯᠠᠭᠠᠨ ᠤ ᠥᠪᠡᠷ ᠤᠨ ᠥᠷᠲᠡᠭ᠂ ᠬᠠᠮᠢᠶᠠᠷᠤᠯᠲᠠ ᠶᠢᠨ ᠦᠷ᠎ᠡ ᠪᠦᠲᠦᠮᠵᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ᠂ ᠨᠡᠶᠢᠭᠡᠮ ᠤᠨ ᠣᠶᠢᠯᠡᠳᠤᠯ᠂ ᠦᠷᠭᠦᠯᠵᠢᠯᠠᠨ ᠬᠦᠭᠵᠢᠬᠦ ᠴᠢᠳᠠᠪᠤᠷᠢ ᠪᠣᠯᠤᠨ ᠣᠶᠢᠯᠡᠴᠢᠯᠡᠬᠦ ᠡᠲᠡᠭᠡᠳ ᠤᠨ ᠬᠠᠨᠤᠮᠵᠢᠲᠤ ᠬᠡᠮᠵᠢᠶ᠎ᠡ ᠵᠡᠷᠭᠡ ᠲᠠᠯ᠎ᠠ ᠪᠠᠷ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠪᠣᠯᠤᠨ ᠭᠤᠤᠯ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠲᠤᠭᠳᠠᠭᠠᠵᠣ᠂ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠳᠤ ᠪᠦᠬᠦᠯᠢ ᠴᠣᠭᠴᠠ ᠶᠢᠨ ᠦᠨᠡᠯᠡᠯᠲᠡ ᠬᠢᠵᠦ᠂ ᠰᠠᠯᠠᠭ᠎ᠠ ᠮᠥᠴᠢᠷ ᠪᠣᠯᠤᠨ ᠨᠢᠭᠡᠴᠡ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃      ︵3︶ ᠲᠥᠷᠥ ᠶᠢᠨ ᠪᠣᠳᠣᠯᠭ᠎ᠠ ᠪᠠ ᠲᠦᠷᠦᠯ ᠵᠣᠶᠢᠯ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠪᠦᠬᠦ ᠲᠠᠯ᠎ᠠ ᠪᠠᠷ ᠣᠷᠣᠭᠤᠯᠵᠤ᠂ ᠣᠶᠢᠯᠡᠳᠪᠦᠷᠢᠯᠡᠵᠣ ᠭᠠᠷᠭᠠᠬᠤ᠂ ᠦᠷ᠎ᠡ ᠠᠰᠢᠭ ᠵᠡᠷᠭᠡ ᠲᠠᠯ᠎ᠠ ᠪᠠᠷ᠂ ᠲᠥᠷᠥ ᠶᠢᠨ ᠪᠣᠳᠣᠯᠭ᠎ᠠ ᠪᠠ ᠲᠥᠷᠥᠯ ᠵᠣᠶᠢᠯ ᠤᠨ ᠲᠥᠰᠦᠪ ᠤᠨ ᠪᠡᠯᠡ ᠮᠦᠩᠭᠦ ᠶᠢ ᠬᠡᠷᠡᠭᠯᠡᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠪᠤᠳᠤᠯᠬᠢᠯᠠᠨ᠎ᠠ᠃ ᠰᠢᠨ᠎ᠡ ᠪᠠᠷ ᠨᠡᠶᠢᠲᠡᠯᠡᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠣᠯᠤᠨ ᠰᠢᠨ᠎ᠡ ᠪᠠᠷ ᠨᠡᠮᠡᠭᠳᠡᠭᠰᠡᠨ ᠲᠦᠷᠦᠯ ᠵᠣᠶᠢᠯ ᠳᠤ ᠠᠮᠵᠢᠯᠲᠠ ᠪᠦᠲᠦᠮᠵᠢ ᠶᠢ ᠦᠨᠡᠯᠡᠨ ᠨᠤᠲᠠᠯᠠᠬᠤ ᠲᠣᠭᠲᠠᠴᠠ ᠶᠢ ᠪᠠᠶᠢᠭᠤᠯᠵᠤ᠂ ᠬᠡᠷᠡᠭᠵᠢᠭᠦᠯᠬᠦ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠲᠦᠷᠦᠯ ᠵᠤᠶᠢᠯ ᠳᠤ ᠪᠦᠬᠦ ᠦᠶᠡᠯᠡᠯ ᠤᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠬᠥᠳᠡᠯᠦᠩᠭᠦᠶ ᠬᠢᠨᠠᠨ ᠡᠵᠡᠮᠳᠡᠯ ᠬᠢᠵᠣ᠂ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤᠨᠢ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠡ᠃ ᠬᠥᠳᠡᠯᠦᠩᠭᠦᠶ ᠦᠨᠡᠯᠡᠨ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ ᠂ ᠠᠮᠵᠢᠯᠲᠠ ᠪᠦᠲᠦᠮᠵᠢ ᠨᠢ ᠳᠣᠤᠷ᠎ᠠ ᠪᠠᠶᠢᠭ᠎ᠠ ᠲᠥᠷᠥ ᠶᠢᠨ ᠪᠣᠳᠣᠯᠭ᠎ᠠ ᠪᠣᠯᠤᠨ ᠲᠥᠷᠥᠯ ᠵᠣᠶᠢᠯ ᠢ ᠴᠠᠭ ᠲᠤᠬᠠᠶ ᠳᠤᠨᠢ ᠢᠯᠭᠠᠷᠠᠭᠤᠯᠬᠤ ᠪᠠ ᠤᠬᠤᠷᠢᠭᠤᠯᠤᠨ ᠭᠠᠷᠭᠠᠨ᠎ᠠ᠃      2. ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠡᠯᠬᠢᠶ᠎ᠡ ᠶᠢ ᠪᠠᠶᠢᠭᠤᠯᠤᠨ᠎ᠠ      ︵1︶ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ ᠪᠦᠬᠦ ᠬᠤᠲᠠ ᠶᠢᠨ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠳ ᠰᠢᠨ᠎ᠡ ᠪᠠᠷ ᠨᠡᠶᠢᠲᠡᠯᠡᠭᠰᠡᠨ ᠲᠥᠷᠥ ᠶᠢᠨ ᠪᠤᠳᠤᠯᠭ᠎ᠠ ᠪᠠ ᠲᠥᠷᠥᠯ  ᠵᠤᠶᠢᠯ ᠳᠤ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠬᠢᠨ᠎ᠡ᠃ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠᠨ ᠴᠢᠩᠭᠠᠳᠬᠠᠵᠤ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠲᠥᠰᠦᠪ ᠭᠤᠶᠤᠴᠢᠯᠠᠬᠤ ᠳᠤ ᠡᠷᠬᠡᠪᠰᠢ ᠪᠦᠷᠢᠯᠳᠦᠭᠦᠯᠬᠦ ᠴᠢᠬᠤᠯᠠ ᠨᠥᠬᠦᠴᠡᠯ ᠪᠤᠯᠭᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠰᠢᠨ᠎ᠡ ᠪᠠᠷ ᠨᠡᠮᠡᠭᠳᠡᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠤᠨ ᠲᠥᠰᠦᠪ ᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠴᠢᠬᠤᠯᠠᠲᠠᠶ ᠦᠶ᠎ᠡ ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠪᠡᠶ᠎ᠡ ᠪᠠᠨ ᠲᠠᠭᠠᠭᠠᠨ ᠥᠷᠨᠢᠭᠦᠯᠵᠦ᠂ ᠬᠢᠨᠠᠨ ᠬᠠᠷᠭᠤᠭᠤᠯᠤᠭᠰᠠᠨ ᠪᠠ ᠦᠨᠡᠯᠡᠨ ᠵᠢᠱᠢᠭᠰᠡᠨ ᠦᠷ᠎ᠡ ᠳ᠋ᠦᠩ ᠢ ᠲᠥᠰᠦᠪ ᠤᠨ ᠲᠤᠬᠢᠷᠠᠭᠤᠯᠤᠯᠳᠡ ᠶᠢᠨ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃      ︵2︶ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠪᠣᠯ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠳᠠ ᠶᠢᠨ ᠲᠡᠷᠢᠭᠦᠨ ᠴᠢᠬᠤᠯᠠ ᠭᠤᠭᠴᠤᠭ᠎ᠠ ᠪᠠ ᠤᠷᠢᠲᠠᠯ ᠪᠣᠯᠤᠨ᠎ᠠ᠂ ᠡᠯ᠎ᠡ ᠲᠥᠰᠦᠪ ᠤᠨ ᠨᠢᠭᠡᠴᠡ ᠳᠠᠷᠠᠭ᠎ᠠ ᠨᠢᠭᠡ ᠵᠢᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠳᠠᠭᠠᠨ ᠲᠥᠰᠦᠪ ᠢ ᠨᠠᠶᠢᠷᠠᠭᠤᠯᠤᠨ ᠵᠣᠬᠢᠶᠠᠬᠤ ᠶᠡᠷᠦᠩᠬᠡᠶ ᠱᠠᠭᠠᠷᠳᠠᠯᠭ᠎ᠠ ᠪᠣᠯᠤᠨ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠰᠠᠯᠠᠭ᠎ᠠ ᠮᠥᠴᠢᠷ ᠤᠨ ᠴᠢᠳᠠᠪᠬᠢ ᠪᠣᠯᠤᠨ ᠠᠵᠢᠯ ᠣᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠵᠤ᠂ ᠰᠢᠨᠵᠢᠯᠡᠬᠦ ᠤᠬᠠᠭᠠᠨᠴᠢ ᠵᠦᠶ ᠵᠤᠬᠢᠰᠲᠠᠢ ᠪᠠᠷ ᠪᠡᠯᠡ ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠨ ᠪᠣᠳᠣᠵᠤ᠂ ᠱᠠᠭᠠᠷᠳᠠᠯᠭ᠎ᠠ ᠶᠣᠰᠣᠭᠠᠷ ᠠᠮᠵᠢᠯᠲᠠ ᠪᠦᠲᠦᠮᠵᠢ ᠶᠢᠨ ᠬᠠᠷᠠᠯᠲᠠ ᠪᠠᠨ ᠲᠣᠭᠲᠠᠭᠠᠭᠰᠠᠨ ᠦᠭᠡᠶ ᠲᠥᠷᠥᠯ ᠵᠦᠢᠯ ᠤᠨ ᠵᠠᠷᠤᠯᠭ᠎ᠠ ᠶᠢ ᠲᠥᠷᠥᠯ ᠵᠦᠢᠯ ᠤᠨ ᠬᠥᠮᠥᠷᠭᠡ ᠳᠤ ᠣᠷᠣᠭᠤᠯᠤᠨ ᠬᠠᠮᠢᠶᠠᠷᠴᠤ ᠪᠣᠯᠬᠤ ᠦᠭᠡᠶ᠂ ᠪᠠᠰᠠ ᠰᠠᠯᠠᠭ᠎ᠠ ᠮᠥᠴᠢᠷ ᠤᠨ ᠲᠥᠰᠦᠪ ᠤᠨ ᠪᠡᠯᠡ ᠮᠦᠩᠭᠦ ᠶᠢ ᠭᠤᠶᠤᠴᠢᠯᠠᠵᠤ ᠪᠣᠯᠬᠤ ᠦᠭᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠡᠯ᠎ᠡ ᠲᠥᠰᠦᠪ ᠤᠨ ᠨᠢᠭᠡᠴᠡ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠪᠠᠨ ᠦᠨᠡᠨ ᠬᠦ ᠴᠢᠩᠭᠠᠳᠬᠠᠵᠣ᠂ ᠣᠨ ᠤ ᠪᠦᠬᠦᠯᠢ ᠴᠣᠭᠴᠠ ᠶᠢᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠪᠠ ᠲᠦᠷᠦᠯ ᠵᠣᠶᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠶᠢ ᠬᠠᠮᠲᠤ ᠳᠤᠨᠢ ᠬᠠᠷᠠᠭᠠᠯᠵᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠡᠯ᠎ᠡ ᠲᠥᠰᠦᠪ ᠤᠨ ᠨᠢᠭᠡᠴᠡ ᠬᠢᠨᠠᠨ ᠬᠠᠷᠭᠤᠭᠤᠯᠬᠤ ᠶᠠᠪᠤᠴᠠ ᠳᠤ ᠬᠠᠷᠠᠯᠲᠠ ᠶᠢᠨ ᠬᠤᠯᠪᠣᠭᠳᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠦᠶ ᠵᠣᠬᠢᠰᠲᠠᠶ ᠴᠢᠨᠠᠷ ᠢ ᠴᠢᠬᠤᠯᠴᠢᠯᠠᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠲᠥᠰᠦᠪ ᠤᠨ ᠪᠡᠯᠡ ᠮᠦᠩᠭᠦ ᠶᠢ ᠬᠡᠮᠵᠢᠨ ᠪᠣᠳᠣᠬᠤ ᠴᠢᠬᠤᠯᠠ ᠦᠨᠳᠦᠰᠦ ᠪᠠᠷᠢᠮᠲᠠ ᠪᠤᠯᠭᠠᠨ᠎ᠠ᠃ ᠲᠣᠭᠲᠠᠭᠠᠯ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠦᠭᠡᠶ ᠪᠣᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠴᠢᠬᠤᠯᠠ ᠪᠦᠬᠦᠢ ᠲᠣᠬᠢᠷᠠᠭᠤᠯᠤᠯᠲᠠ ᠪᠠ ᠵᠠᠰᠠᠪᠤᠷᠢ ᠤᠷᠤᠭᠤᠯᠣᠨ᠎ᠠ︔ ᠬᠢᠨᠠᠨ ᠬᠠᠷᠭᠤᠭᠤᠯᠤᠭᠰᠠᠨ ᠤ ᠳᠠᠷᠠᠭ᠎ᠠ ᠲᠠᠷᠠᠭ᠎ᠠ ᠠᠯᠬᠤᠮ ᠤᠨ ᠲᠥᠰᠦᠪ ᠢ ᠨᠠᠶᠢᠷᠠᠭᠤᠯᠤᠨ ᠬᠢᠨᠠᠬᠤ ᠶᠠᠪᠤᠴᠠ ᠳᠤ ᠤᠷᠤᠬᠤ ᠡᠰᠡᠬᠦ ᠶᠢ ᠨᠤᠳᠠᠯᠠᠨ᠎ᠠ᠃ ᠡᠳ᠋ ᠤᠨ ᠵᠠᠰᠠᠭ ᠤᠨ ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ  ᠵᠦᠪᠰᠢᠶᠡᠷᠡᠭᠦᠯᠦᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠲᠥᠰᠦᠪ ᠢ ᠴᠤᠬᠤᠯᠠᠪᠤᠷᠢᠯᠠᠨ ᠬᠠᠷᠢᠭᠤᠯᠬᠤ ᠳᠠᠭᠠᠨ ᠠᠮᠵᠢᠯᠲᠠ ᠪᠦᠲᠦᠮᠵᠢ ᠶᠢᠨ ᠬᠠᠷᠠᠯᠲᠠ ᠶᠢ ᠵᠡᠷᠭᠡ ᠳᠤᠨᠢ ᠴᠤᠬᠤᠯᠠᠪᠤᠷᠢᠯᠠᠨ  ᠬᠠᠷᠢᠭᠤᠯᠤᠨ᠎ᠠ᠃      ︵3︶ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠰᠠᠶᠢᠲᠤᠷ ᠬᠢᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠲᠥᠰᠦᠪ ᠤᠨ ᠨᠢᠭᠡᠴᠡ ᠨᠦᠭᠦᠳ ᠠᠮᠵᠢᠯᠲᠠ ᠪᠦᠲᠦᠮᠵᠢ ᠶᠢᠨ ᠬᠠᠷᠠᠯᠲᠠ ᠶᠢᠨ ᠠᠵᠢᠯᠯᠠᠭᠠᠨ ᠢ ᠮᠥᠷᠳᠡᠨ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠪᠣᠯᠤᠨ ᠲᠥᠰᠦᠪ ᠢ ᠭᠦᠢᠴᠡᠳᠭᠡᠭᠰᠡᠨ ᠠᠬᠢᠴᠠ ᠳᠤ ︽ᠬᠤᠤᠰ ᠬᠢᠨᠠᠨ ᠡᠵᠡᠮᠳᠡᠯ︾᠎ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠮᠵᠢᠯᠲᠠ ᠪᠦᠲᠦᠮᠵᠢ ᠶᠢᠨ ᠠᠵᠢᠯᠯᠠᠭᠠᠨ ᠤ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠬᠤᠷᠢᠶᠠᠩᠭᠤᠶᠢᠯᠠᠨ ᠵᠠᠳᠠᠯᠵᠣ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠮᠦᠷᠳᠡᠨ ᠳᠠᠭᠠᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠲᠥᠷᠥᠯ ᠵᠣᠶᠢᠯ ᠢ ᠬᠡᠷᠡᠭᠵᠢᠭᠦᠯᠦᠭᠰᠡᠨ ᠠᠬᠢᠴᠠ ᠪᠣᠯᠤᠨ ᠵᠠᠷᠤᠯᠭ᠎ᠠ ᠶᠢ ᠬᠡᠷᠡᠭᠵᠢᠭᠦᠯᠦᠭᠰᠡᠨ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠬᠠᠷᠠᠯᠲᠠ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠳᠤᠯᠠᠨ᠎ᠠ᠃ ᠠᠮᠵᠢᠯᠲᠠ ᠪᠦᠲᠦᠮᠵᠢ ᠶᠢᠨ ᠠᠵᠢᠯᠯᠠᠭᠠᠨ ᠨᠢ ᠵᠢᠱᠢᠭᠰᠡᠨ ᠠᠮᠵᠢᠯᠲᠠ ᠪᠦᠲᠦᠮᠵᠢ ᠶᠢᠨ ᠬᠠᠷᠠᠯᠲᠠ ᠠᠴᠠ ᠵᠠᠶᠢᠳᠠᠬᠤ ᠦᠶ᠎ᠡ ᠳᠤ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ  ᠵᠠᠯᠠᠷᠠᠭᠤᠯᠵᠤ᠂ ᠵᠢᠱᠢᠭᠰᠡᠨ ᠠᠮᠵᠢᠯᠲᠠ ᠪᠦᠲᠦᠮᠵᠢ ᠦᠭᠡᠶ᠂ ᠠᠮᠵᠢᠯᠳᠠ ᠪᠦᠲᠦᠮᠵᠢ ᠳᠣᠤᠷ᠎ᠠ ᠲᠥᠷᠥᠯ ᠵᠣᠶᠢᠯ ᠢ ᠬᠡᠷᠡᠭᠵᠢᠭᠦᠯᠬᠦ ᠪᠠᠨ ᠵᠤᠭᠰᠤᠭᠠᠨ᠎ᠠ᠃ ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ᠂ ᠲᠥᠷᠥᠯ  ᠵᠤᠶᠢᠯ ᠳᠤ ᠲᠥᠰᠦᠪ ᠤᠨ ᠵᠣᠭᠤᠰ ᠥᠭᠬᠦ ᠶᠢ ᠲᠦᠷ ᠬᠤᠶᠢᠰᠢᠯᠠᠭᠤᠯᠬᠤ ᠪᠤᠶᠤ ᠵᠣᠭᠰᠣᠭᠠᠵᠤ ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ︔ ᠦᠨᠡᠬᠡᠷ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠭᠡᠨᠡᠳᠲᠡ ᠶᠢᠨ ᠪᠠᠶᠢᠳᠠᠯ ᠵᠡᠷᠭᠡ ᠰᠢᠯᠲᠠᠭᠠᠨ ᠠᠴᠠ ᠪᠣᠯᠵᠤ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠬᠦ ᠶᠢ ᠨᠥᠯᠥᠭᠡᠯᠡᠵᠦ᠂ ᠠᠮᠵᠢᠯᠲᠠ ᠪᠦᠲᠦᠮᠵᠢ ᠶᠢᠨ ᠬᠠᠷᠠᠯᠲᠠ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠱᠠᠭᠠᠷᠳᠠᠯᠭ᠎ᠠ ᠪᠠ ᠬᠢᠨᠠᠨ ᠬᠠᠷᠭᠤᠭᠤᠯᠬᠤ ᠴᠤᠪᠤᠷᠠᠯ ᠢ ᠦᠨᠳᠦᠰᠦᠯᠡᠨ᠂ ᠲᠥᠰᠦᠪ ᠲᠠᠢ ᠬᠠᠮᠲᠤ ᠳᠤᠨᠢ ᠲᠣᠬᠢᠷᠠᠭᠤᠯᠤᠯᠲᠠ ᠬᠢᠬᠦ ᠶᠢᠨ ᠬᠠᠮᠲᠤ ᠲᠥᠰᠦᠪ ᠤᠨ ᠬᠡᠷᠡᠭᠵᠢᠭᠦᠯᠦᠯᠲᠡ ᠶᠢ ᠴᠢᠨᠠᠭᠰᠢᠳᠠ ᠲᠦᠷᠭᠡᠳᠬᠡᠵᠦ᠂ ᠪᠡᠯᠡ ᠮᠦᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃      ︵4︶ ᠠᠮᠵᠢᠯᠲᠠ ᠪᠦᠲᠦᠮᠵᠢ ᠶᠢ ᠦᠨᠡᠯᠡᠬᠦ ᠪᠠ ᠦᠷ᠎ᠡ ᠳ᠋ᠦᠩ ᠤᠨ ᠬᠡᠷᠡᠭᠯᠡᠯᠳᠡ ᠶᠢ ᠥᠷᠨᠢᠭᠦᠯᠦᠨ᠎ᠡ᠃ ᠲᠥᠰᠦᠪ ᠢ ᠬᠡᠷᠡᠭᠵᠢᠭᠦᠯᠵᠦ ᠳᠠᠭᠤᠰᠤᠭᠰᠠᠨ ᠪᠤᠶᠤ ᠲᠥᠷᠥ ᠶᠢᠨ ᠪᠣᠳᠣᠯᠭ᠎ᠠ᠂ ᠲᠥᠷᠥᠯ ᠵᠦᠢᠯ ᠢ ᠬᠡᠷᠡᠭᠵᠢᠭᠦᠯᠵᠦ ᠲᠠᠭᠤᠰᠣᠭᠰᠠᠨ ᠤ ᠳᠠᠷᠠᠭ᠎ᠠ᠂ ᠥᠪᠡᠰᠦᠪᠡᠨ ᠦᠨᠡᠯᠡᠬᠦ ᠪᠠ ᠭᠤᠤᠯᠳᠠᠯᠭ᠎ᠠ ᠲᠠᠢ ᠦᠨᠡᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠠᠮᠵᠢᠨ᠂ ᠲᠥᠰᠦᠪ ᠢ ᠭᠦᠢᠴᠡᠳᠭᠡᠭᠰᠡᠨ ᠪᠠᠶᠢᠳᠠᠯ ᠵᠢᠴᠢ ᠲᠥᠷᠥ ᠶᠢᠨ ᠪᠣᠳᠣᠯᠭ᠎ᠠ᠂ ᠲᠥᠷᠥᠯ ᠵᠣᠶᠢᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠡ᠃ ᠡᠭᠦᠨ ᠳᠤ᠄ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠶᠢ ᠲᠥᠰᠦᠪ ᠤᠨ ᠨᠢᠭᠡᠴᠡ ᠠᠴᠠ ᠲᠤᠰ ᠱᠠᠲᠤ ᠵᠢᠴᠢ ᠬᠠᠷᠢᠶᠠᠯᠠᠭᠳᠠᠬᠤ ᠨᠢᠭᠡᠴᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ ᠤᠨ ᠥᠪᠡᠷ ᠤᠨ ᠦᠨᠡᠯᠡᠯᠲᠡ ᠪᠠᠷ ᠲᠠᠮᠵᠢᠨ᠂ ᠪᠡᠯᠡ ᠮᠦᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠳᠤᠮᠳᠠᠬᠢ ᠪᠠᠭᠤᠷᠠᠶ ᠲᠠᠯ᠎ᠠ ᠶᠢ ᠡᠷᠢᠵᠦ᠂ ᠦᠨᠡᠯᠡᠯᠳᠡ ᠶᠢᠨ ᠦᠷ᠎ᠡ ᠳ᠋ᠦᠩ ᠳᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠵᠤ᠂ ᠠᠵᠢᠯ ᠤᠨ ᠦᠷ᠎ᠡ ᠪᠦᠲᠦᠮᠵᠢ ᠪᠠᠨ ᠬᠠᠯᠠᠨ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠲᠤᠭᠳᠠᠭᠠᠬᠤ ᠶᠢᠨ ᠬᠠᠮᠲᠤ ᠠᠮᠵᠢᠯᠲᠠ ᠪᠦᠲᠦᠮᠵᠢ ᠪᠠᠨ ᠦᠪᠡᠰᠦᠪᠡᠨ ᠦᠨᠡᠯᠡᠭᠰᠡᠨ ᠮᠡᠳᠡᠭᠦᠯᠦᠯᠲᠡ ᠪᠠᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠲᠤᠰᠢᠶᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠵᠢᠯᠤᠭᠤᠳᠬᠤ ᠪᠠ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠶ ᠮᠡᠷᠭᠡᠵᠢᠯᠲᠡᠨ ᠤ ᠬᠥᠮᠥᠷᠭᠡ ᠵᠣᠬᠢᠶᠠᠨ ᠪᠠᠶᠢᠭᠤᠯᠬᠤ᠂ ᠨᠡᠶᠢᠭᠡᠮ ᠤᠨ ᠵᠠᠭᠤᠴᠢᠯᠠᠭᠤᠷ ᠪᠠᠶᠢᠭᠤᠯᠤᠮᠵᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢ ᠠᠪᠴᠤ᠂ ᠵᠤᠬᠢᠬᠤ ᠬᠠᠷᠢᠴᠠᠯ ᠤᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠲᠥᠷᠥᠯ ᠵᠤᠶᠢᠯ ᠢ ᠴᠢᠭᠯᠡᠭᠦᠯᠬᠦ ᠴᠢᠨᠠᠷᠲᠠᠢ ᠪᠠᠷ ᠰᠤᠩᠭᠤᠵᠤ ᠰᠤᠭᠤᠯᠤᠨ ᠪᠠᠶᠢᠴᠠᠭᠠᠵᠤ᠂ ᠲᠥᠰᠦᠪ ᠤᠨ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢ ᠦᠪᠡᠰᠦᠪᠡᠨ ᠦᠨᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠦᠪᠡᠰᠦᠪᠡᠨ ᠦᠨᠡᠯᠡᠭᠰᠡᠨ ᠦᠷ᠎ᠡ ᠳ᠋ᠦᠩ ᠤᠨ ᠦᠨᠡᠨ ᠪᠣᠳᠠᠲᠤ ᠴᠢᠨᠠᠷ ᠢ ᠭᠤᠤᠯᠳᠠᠯᠭ᠎ᠠ ᠲᠠᠢ ᠰᠤᠭᠤᠯᠤᠨ ᠪᠠᠶᠢᠴᠠᠭᠠᠨ᠎ᠠ᠃ ᠭᠤᠤᠯᠳᠠᠯᠭ᠎ᠠ ᠲᠠᠢ ᠦᠨᠡᠯᠡᠯᠲᠡ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠣ᠂ ᠨᠡᠶᠢᠭᠡᠮ ᠤᠨ ᠨᠥᠯᠥᠭᠡ ᠪᠠᠷ ᠨᠡᠯᠢᠶᠡᠳ ᠥᠷᠭᠡᠨ᠂ ᠪᠡᠯᠡ ᠤᠷᠤᠭᠤᠯᠤᠭᠰᠠᠨ ᠵᠤᠭᠤᠰ ᠤᠨ ᠲᠤᠭ᠎ᠠ ᠪᠠᠷ ᠶᠡᠭᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠨᠢᠭᠲᠠ ᠬᠤᠯᠪᠣᠭᠳᠠᠬᠤ ᠴᠢᠬᠤᠯᠠ ᠶᠡᠭᠡ ᠲᠥᠷᠥᠯ ᠵᠣᠶᠢᠯ ᠢ ᠰᠣᠩᠭᠤᠨ ᠠᠪᠴᠤ ᠭᠤᠤᠯᠳᠠᠯᠭ᠎ᠠ ᠎ ᠲᠠᠢ ᠦᠨᠡᠯᠡᠯᠲᠡ ᠬᠢᠨ᠎ᠡ᠃ ᠡᠨᠡ ᠬᠦ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ᠂ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠪᠠᠶᠢᠳᠠᠯ ᠤᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠳ᠋ ᠤᠨ ᠵᠠᠰᠠᠭ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠠ ᠲᠤᠰᠬᠠᠶ ᠵᠣᠶᠢᠯ ᠤᠨ ᠪᠡᠯᠡ ᠮᠦᠩᠭᠦ ᠶᠢᠨ ᠲᠥᠷᠥ ᠶᠢᠨ ᠪᠣᠳᠣᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠢᠳᠡᠪᠬᠢᠲᠡᠶ ᠰᠦᠪᠡᠭᠴᠢᠯᠡᠨ᠎ᠡ᠃ ᠴᠢᠬᠤᠯᠠ ᠲᠠᠢ ᠦᠶ᠎ᠡ ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠵᠤ ᠢᠷᠡᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠯᠴᠠᠭᠤᠯᠵᠤ ᠪᠣᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠠᠷᠢᠭᠤ ᠲᠤᠰᠬᠠᠬᠤ ᠲᠦᠷᠢᠮ ᠪᠠ ᠠᠵᠢᠯ ᠤᠨ ᠠᠮᠵᠢᠯᠳᠠ ᠪᠦᠲᠦᠮᠵᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠣ᠂ ᠠᠵᠢᠯ ᠤᠨ ᠦᠷ᠎ᠡ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ      3. ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠎ ᠶᠢ ᠲᠡᠭᠦᠯᠳᠡᠷᠵᠢᠭᠦᠯᠦᠨ᠎ᠡ      ︵1︶ ᠡᠩ ᠤᠨ ᠣᠯᠠᠨ ᠨᠡᠶᠢᠲᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ︽ᠭᠠᠶᠢᠯᠢ ᠬᠦᠩᠬᠡᠯᠡᠵᠣ ᠰᠤᠶᠢᠳᠬᠡᠯ ᠢ ᠪᠠᠭᠤᠷᠠᠭᠤᠯᠬᠤ︾᠂ ︽ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ︾ ᠵᠡᠷᠭᠡ ᠲᠥᠷᠥ ᠶᠢᠨ ᠪᠣᠳᠣᠯᠭ᠎ᠠ ᠪᠣᠯᠤᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠷᠣᠯᠭ᠎ᠠ ᠶᠢᠨ ᠪᠦᠲᠦᠴᠡ ᠪᠣᠯᠤᠨ ᠶᠠᠰᠤ ᠴᠢᠨᠠᠷ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠲᠥᠰᠦᠪ ᠤᠨ ᠪᠡᠯᠡ ᠮᠦᠩᠭᠦ ᠶᠢ ᠲᠤᠬᠢᠷᠠᠭᠤᠯᠤᠭᠰᠠᠨ ᠦᠷ᠎ᠡ ᠪᠦᠲᠦᠮᠵᠢ ᠪᠣᠯᠤᠨ ᠬᠡᠷᠡᠭᠯᠡᠯᠲᠡ ᠶᠢᠨ ᠦᠷ᠎ᠡ ᠠᠰᠢᠭ ᠢ ᠭᠤᠤᠯᠳᠠᠯᠭ᠎ᠠ ᠲᠠᠢ ᠠᠩᠬᠠᠷᠴᠤ᠂ ᠢᠯᠠᠩᠭᠤᠶ᠎ᠠ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠡᠭᠦᠨ ᠳᠤ ᠰᠢᠯᠵᠢᠭᠦᠯᠦᠨ ᠥᠭᠬᠦ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠨᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠲᠣᠭᠲᠠᠭᠠᠯ ᠳᠤ ᠨᠡᠶᠢᠴᠡᠵᠦ᠂ ᠬᠤᠰᠢᠭᠤᠨ ᠤ ᠬᠤᠭᠤᠷᠣᠨᠳᠣᠬᠢ ᠡᠳ᠋ ᠤᠨ ᠬᠦᠴᠦᠨ ᠤ ᠵᠣᠬᠢᠴᠠᠩᠭᠤᠶ ᠪᠠ ᠣᠷᠣᠨ ᠪᠦᠰᠡ ᠶᠢᠨ ᠲᠡᠩᠴᠡᠭᠦᠷᠢᠲᠡᠶ ᠬᠦᠭᠵᠢᠯᠳᠡ ᠶᠢ ᠠᠬᠢᠭᠤᠯᠤᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦ᠂ ᠵᠠᠰᠠᠭ ᠤᠨ ᠣᠷᠳᠣᠨ ᠪᠤᠯᠤᠨ ᠨᠡᠶᠢᠬᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠬᠤᠳᠠᠯᠳᠤᠨ ᠠᠪᠬᠤ᠂ ᠵᠠᠰᠠᠭ ᠤᠨ ᠣᠷᠳᠣᠨ ᠣᠶᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠥᠷᠢ ᠰᠢᠷᠢ ᠶᠢᠨ ᠲᠥᠷᠥᠯ ᠵᠣᠶᠢᠯ ᠵᠡᠷᠭᠡ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠢᠳᠡᠪᠬᠢᠲᠡᠶ ᠥᠷᠨᠢᠭᠦᠯᠦᠨ᠎ᠡ᠃      ︵2︶ ᠵᠠᠰᠠᠭ ᠤᠨ ᠣᠷᠳᠣᠨ ᠤ ᠪᠤᠰᠤᠳ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ᠂ ᠤᠯᠤᠰ ᠤᠨ  ᠦᠮᠴᠢᠯᠡᠯᠳᠤ ᠬᠥᠷᠥᠩᠭᠡ ᠶᠢᠨ ᠡᠵᠡᠩᠨᠡᠯᠳᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠥᠷᠨᠢᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠭᠦ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠎ ᠳᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠦᠷᠭᠦᠯᠵᠢᠯᠡᠭᠦᠯᠬᠦ ᠦᠨᠳᠦᠰᠦᠯᠡᠯ᠂ ᠲᠠᠲᠠᠪᠤᠷᠢᠯᠠᠬᠤ ᠪᠠᠷᠢᠮᠵᠢᠶ᠎ᠠ᠂ ᠭᠡᠷᠡᠭᠯᠡᠬᠦ ᠦᠷ᠎ᠡ ᠪᠦᠲᠦᠮᠵᠢ᠂ ᠤᠬᠤᠷᠢᠨ ᠭᠠᠷᠭᠠᠬᠤ ᠲᠣᠭᠲᠠᠴᠠ ᠵᠢᠴᠢ ᠲᠤᠰᠬᠠᠶ ᠵᠣᠶᠢᠯ ᠤᠨ ᠥᠷᠢ ᠰᠢᠷᠢ ᠶᠢᠨ ᠲᠤᠯᠭᠠᠭᠤᠷᠢᠯᠠᠯ ᠵᠡᠷᠭᠡ ᠴᠢᠳᠠᠪᠤᠷᠢ ᠶᠢ ᠭᠤᠤᠯᠳᠠᠯᠭ᠎ᠠ ᠲᠠᠢ ᠠᠩᠬᠠᠷᠤᠨ᠎ᠠ᠃ ᠤᠯᠤᠰ ᠤᠨ ᠦᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠬᠤ᠂ ᠠᠰᠢᠭ ᠣᠷᠣᠯᠭ᠎ᠠ ᠶᠢ ᠳᠡᠭᠡᠭᠰᠢ ᠲᠤᠰᠢᠶᠠᠬᠤ᠂ ᠵᠠᠷᠤᠯᠭ᠎ᠠ ᠶᠢᠨ ᠪᠦᠲᠦᠴᠡ᠂ ᠬᠡᠷᠡᠭᠯᠡᠯᠲᠡ ᠶᠢᠨ ᠦᠷ᠎ᠡ ᠪᠦᠲᠦᠮᠵᠢ ᠵᠡᠷᠭᠡ ᠪᠠᠶᠢᠳᠠᠯ ᠢ ᠭᠤᠤᠯᠳᠠᠯᠭ᠎ᠠ ᠲᠠᠢ ᠠᠩᠬᠠᠷᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ᠂ ᠡᠯ᠎ᠡ ᠲᠥᠷᠥᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠣᠷᠣᠯᠭ᠎ᠠ ᠵᠠᠷᠤᠯᠭ᠎ᠠ ᠶᠢᠨ ᠲᠥᠷᠥ ᠶᠢᠨ ᠪᠤᠳᠤᠯᠭ᠎ᠠ ᠶᠢᠨ ᠦᠷ᠎ᠡ ᠪᠦᠲᠦᠮᠵᠢ᠂ ᠰᠠᠭᠤᠷᠢ ᠮᠦᠩᠭᠦ ᠶᠢᠨ ᠬᠠᠮᠢᠶᠠᠷᠤᠯᠲᠠ᠂ ᠨᠠᠷᠢᠨ ᠪᠤᠳᠤᠯᠳᠠ ᠶᠢᠨ ᠲᠡᠩᠴᠡᠭᠦᠷᠢ᠂ ᠬᠤᠰᠢᠭᠤ ᠲᠣᠭᠤᠷᠢᠭ ᠤᠨ ᠪᠦᠲᠦᠴᠡ᠂ ᠠᠵᠢᠯᠯᠠᠭᠠᠨ ᠤ ᠲᠦᠭᠰᠢᠭᠦᠷᠢ ᠵᠡᠷᠭᠡ ᠪᠠᠶᠢᠳᠠᠯ ᠢ ᠭᠤᠤᠯᠳᠠᠯᠭ᠎ᠠ ᠲᠠᠢ ᠠᠩᠬᠠᠷᠤᠨ᠎ᠠ᠃      ︵ᠬᠤᠶᠠᠷ︶ ᠭᠤᠤᠯᠳᠠᠯᠭ᠎ᠠ ᠲᠠᠢ ᠠᠵᠢᠯ      1. ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠤᠨ ᠰᠠᠭᠤᠷᠢ ᠶᠢ ᠪᠠᠬᠢᠵᠢᠭᠦᠯᠦᠨ᠎ᠡ      ︵1︶ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠶᠠᠪᠤᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠲᠥᠰᠦᠪ ᠤᠨ ᠬᠠᠮᠢᠶᠠᠷᠤᠯᠲᠠ ᠶᠢᠨ ᠭᠤᠣᠯ ᠠᠭᠤᠯᠭ᠎ᠠ ᠪᠠ ᠭᠤᠭᠴᠤᠭ᠎ᠠ ᠶᠢᠨ ᠲᠣᠭᠤᠷᠢᠨ ᠳᠤ᠂ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠵᠡᠷᠭᠡ ᠡᠯ᠎ᠡ ᠭᠤᠭᠴᠤᠭ᠎ᠠ ᠶᠢ ᠪᠠᠭᠳᠠᠭᠠᠭᠰᠠᠨ ᠪᠦᠬᠦ ᠶᠠᠪᠤᠴᠠ ᠶᠢᠨ ᠬᠠᠮᠢᠶᠠᠷᠤᠯᠲᠠ ᠶᠢᠨ ᠴᠤᠪᠤᠷᠠᠯ ᠢ ᠲᠡᠭᠦᠯᠳᠡᠷᠵᠢᠭᠦᠯᠵᠦ᠂ ᠲᠤᠰ ᠪᠡᠶ᠎ᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠤᠨ ᠬᠤᠯᠪᠤᠭᠳᠠᠯ ᠪᠦᠬᠦᠢ ᠳᠦᠷᠢᠮ ᠪᠣᠯᠤᠨ ᠬᠡᠷᠡᠭᠵᠢᠭᠦᠯᠬᠦ ᠨᠠᠷᠢᠨ ᠳᠦᠷᠢᠮ ᠢ ᠲᠤᠭᠳᠠᠭᠠᠨ᠎ᠠ᠃ ᠲᠤᠰᠬᠠᠶ ᠮᠡᠷᠭᠡᠵᠢᠯᠲᠡᠨ ᠤ ᠠᠰᠠᠭᠤᠨ ᠯᠠᠪᠯᠠᠬᠤ ᠲᠣᠭᠲᠠᠴᠠ ᠶᠢ ᠪᠠᠶᠢᠭᠤᠯᠵᠤ᠂ ᠬᠤᠯᠪᠤᠭᠳᠠᠯ ᠪᠦᠬᠦᠢ ᠳᠦᠷᠢᠮ ᠢ ᠲᠡᠭᠦᠯᠳᠡᠷᠵᠢᠭᠦᠯᠵᠣ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠬᠤ ᠪᠠ ᠵᠢᠷᠤᠮᠵᠢᠭᠤᠯᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠣᠷᠣᠯᠴᠠᠭᠤᠯᠵᠤ᠂ ᠠᠵᠢᠯ ᠡᠷᠭᠢᠯᠡᠬᠦ ᠶᠠᠰᠤ ᠴᠢᠨᠠᠷ ᠲᠤ ᠬᠢᠨᠠᠯᠳᠠ ᠲᠠᠯᠪᠢᠨ ᠬᠠᠮᠢᠶᠠᠷᠤᠯᠳᠠ ᠬᠢᠬᠦ ᠶᠢ ᠴᠢᠩᠭᠠᠳᠬᠠᠨ᠎ᠠ᠃      ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠮᠡᠳᠡᠭᠡ ᠵᠠᠩᠬᠢᠴᠢᠯᠠᠭᠰᠠᠨ ᠪᠠᠶᠢᠭᠤᠯᠤᠯᠲᠠ ᠶᠢ ᠲᠦᠷᠬᠡᠳᠬᠡᠵᠣ᠂ ᠲᠣᠮᠣ ᠲᠤᠭ᠎ᠠ ᠪᠠᠷᠢᠮᠳᠠ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠴᠢᠳᠠᠮᠵᠢ ᠨᠢ ᠪᠦᠷᠢᠨ ᠲᠡᠭᠦᠯᠳᠡᠷ ᠲᠤᠭ᠎ᠠ ᠪᠠᠷᠢᠮᠲᠠ ᠰᠣᠯᠢᠯᠴᠠᠬᠤ ᠲᠠᠪᠴᠠᠩ ᠢ ᠲᠦᠷᠬᠡᠨ ᠢᠶᠠᠷ ᠪᠠᠶᠢᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠵᠠᠳᠠᠯᠬᠤ ᠪᠠ ᠠᠰᠢᠭᠯᠠᠬᠤ ᠴᠢᠳᠠᠪᠤᠷᠢ ᠶᠢ  ᠨᠡᠮᠡᠭᠳᠡᠭᠦᠯᠦᠨ᠎ᠡ᠃      ︵2︶ ᠲᠥᠰᠦᠪ ᠤᠨ ᠠᠮᠵᠢᠯᠲᠠ ᠪᠦᠲᠦᠮᠵᠢ ᠶᠢᠨ ᠪᠠᠷᠢᠮᠵᠢᠶ᠎ᠠ ᠶᠢᠨ ᠲᠤᠭᠳᠠᠯᠴᠠᠭ᠎ᠠ ᠪᠠ ᠠᠷᠭ᠎ᠠ ᠶᠢ ᠲᠡᠭᠦᠯᠳᠡᠷᠵᠢᠭᠦᠯᠦᠨ᠎ᠡ᠃ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠡᠮᠵᠢᠶ᠎ᠡ ᠲᠣᠭᠲᠠᠭᠠᠬᠤ ᠪᠠ ᠴᠢᠨᠠᠷ ᠲᠣᠭᠲᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠨᠡᠶᠢᠲᠡᠯᠢᠭ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢᠨ ᠪᠣᠷᠣ ᠲᠥᠯᠥᠪ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠲᠥᠷᠥᠯ᠂ ᠭᠦᠷᠢᠶ᠎ᠡ ᠬᠡᠪᠴᠢᠶ᠎ᠡ᠂ ᠳᠡᠰ ᠳᠠᠪᠬᠤᠷᠭ᠎ᠠ ᠬᠤᠪᠢᠶᠠᠭᠰᠠᠨ ᠭᠤᠤᠯ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠤᠯᠤᠨ ᠪᠠᠷᠢᠮᠵᠢᠶ᠎ᠠ ᠶᠢᠨ ᠲᠤᠭᠳᠠᠯᠴᠠᠭ᠎ᠠ ᠶᠢ ᠲᠦᠷᠬᠡᠨ ᠢᠶᠠᠷ ᠪᠠᠶᠢᠭᠤᠯᠤᠨ᠎ᠠ᠃ ᠦᠨᠳᠦᠰᠦᠨ ᠣᠯᠠᠨ ᠨᠡᠶᠢᠲᠡ ᠶᠢᠨ ᠣᠶᠢᠯᠡᠴᠢᠯᠡᠬᠡᠨ ᠤ ᠪᠠᠷᠢᠮᠵᠢᠶ᠎ᠠ᠂ ᠰᠠᠯᠠᠭ᠎ᠠ ᠮᠥᠴᠢᠷ ᠤᠨ ᠲᠥᠰᠦᠪ ᠤᠨ ᠲᠥᠷᠥᠯ ᠵᠤᠶᠢᠯ ᠤᠨ ᠵᠠᠷᠤᠯᠭ᠎ᠠ ᠶᠢᠨ ᠪᠠᠷᠢᠮᠵᠢᠶ᠎ᠠ ᠵᠡᠷᠭᠡ ᠲᠠᠢ  ᠠᠪᠤᠴᠠᠯᠳᠤᠭᠤᠯᠤᠨ ᠵᠣᠯᠭᠠᠯᠳᠤᠭᠤᠯᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠪᠣᠳᠠᠲᠤ ᠠᠮᠵᠢᠯᠲᠠ ᠪᠦᠲᠦᠮᠵᠢ ᠶᠢ ᠭᠤᠤᠯᠳᠠᠯᠭ᠎ᠠ ᠲᠠᠢ ᠰᠢᠯᠭᠠᠨ ᠬᠢᠨᠠᠨ᠎ᠠ᠃ ᠡᠯ᠎ᠡ ᠲᠥᠷᠥᠯ ᠤᠨ ᠠᠮᠵᠢᠯᠲᠠ ᠪᠦᠲᠦᠮᠵᠢ ᠶᠢ ᠦᠨᠡᠯᠡᠬᠦ ᠠᠷᠭ᠎ᠠ ᠶᠢᠨ ᠰᠢᠨ᠎ᠡ ᠶᠢ ᠡᠭᠦᠳᠬᠦ ᠪᠠ ᠭᠦᠢᠴᠡᠳ ᠬᠡᠷᠡᠭᠯᠡᠵᠦ᠂ ᠠᠮᠵᠢᠯᠲᠠ ᠪᠦᠲᠦᠮᠵᠢ ᠶᠢ ᠦᠨᠡᠯᠡᠨ ᠵᠢᠱᠢᠵᠦ ᠦᠨᠡᠯᠡᠭᠰᠡᠨ ᠦᠷ᠎ᠡ ᠳ᠋ᠦᠩ ᠤᠨ ᠪᠤᠰᠤᠳᠴᠢ ᠴᠢᠨᠠᠷ ᠪᠠ ᠣᠨᠣᠪᠴᠢᠲᠤ ᠴᠢᠨᠠᠷ ᠢ ᠲᠡᠭᠡᠭᠰᠢᠯᠡᠭᠦᠯᠦᠨ᠎ᠡ᠃      2. ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ      ︵1︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠢᠵᠠᠭᠠᠷᠯᠠᠯ ᠢ ᠲᠣᠳᠣᠷᠬᠠᠶᠢᠯᠠᠨ᠎ᠠ᠃ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠤᠰ ᠬᠤᠰᠢᠭᠤ ᠲᠣᠭᠤᠷᠢᠭ ᠤᠨ ᠲᠥᠰᠦᠪ ᠤᠨ ᠠᠮᠵᠢᠯᠲᠠ ᠪᠦᠲᠦᠮᠵᠢ ᠶᠢ ᠬᠠᠷᠢᠭᠤᠴᠠᠵᠤ᠂ ᠰᠠᠯᠠᠭ᠎ᠠ ᠮᠥᠴᠢᠷ ᠪᠣᠯᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢ ᠬᠠᠷᠢᠭᠤᠴᠠᠵᠤ᠂ ᠲᠥᠷᠥᠯ ᠵᠣᠶᠢᠯ ᠤᠨ ᠬᠠᠷᠢᠭᠤᠴᠠᠯᠭᠠᠲᠠᠨ ᠨᠢ ᠲᠥᠷᠥᠯ ᠵᠣᠶᠢᠯ ᠤᠨ ᠲᠥᠰᠦᠪ ᠤᠨ ᠠᠮᠵᠢᠯᠲᠠ ᠪᠦᠲᠦᠮᠵᠢ ᠶᠢ ᠬᠠᠷᠢᠭᠤᠴᠠᠵᠤ᠂ ᠴᠢᠬᠤᠯᠠ ᠶᠡᠭᠡ ᠲᠥᠷᠥᠯ ᠵᠣᠶᠢᠯ ᠤᠨ ᠬᠠᠷᠢᠭᠤᠴᠠᠯᠭ᠎ᠠ ᠡᠭᠦᠷᠭᠡᠯᠡᠭᠴᠢ ᠳᠤ ᠠᠮᠵᠢᠯᠲᠠ ᠪᠦᠲᠦᠮᠵᠢ ᠶᠢᠨ ᠨᠠᠰᠤᠨ ᠲᠤᠷᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ︽ᠵᠣᠭᠤᠰ ᠵᠠᠷᠤᠬᠤ ᠳᠤ ᠵᠠᠪᠠᠯ ᠦᠷ᠎ᠡ ᠪᠦᠲᠦᠮᠵᠢ ᠶᠢ ᠨᠢ ᠠᠰᠠᠭᠤᠵᠤ᠂ ᠦᠷ᠎ᠡ ᠪᠦᠲᠦᠮᠵᠢ ᠦᠬᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾᠎ ᠶᠢ ᠦᠨᠡᠨ ᠬᠦ ᠪᠡᠶᠡᠯᠡᠭᠦᠯᠦᠨ᠎ᠡ᠃      ︵2︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠤᠷᠮᠠᠰᠢᠭᠤᠯᠤᠯ ᠪᠠ ᠬᠢᠵᠠᠭᠠᠷᠯᠠᠯ ᠢ ᠴᠢᠩᠭᠠᠷᠠᠭᠤᠯᠤᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠰᠦᠪ ᠤᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠠᠢ ᠬᠤᠯᠪᠤᠭᠳᠠᠭᠤᠯᠬᠤ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠲᠤᠰ ᠱᠠᠲᠤᠨ ᠤ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢ ᠰᠠᠯᠠᠭ᠎ᠠ ᠮᠥᠴᠢᠷ ᠤᠨ ᠲᠦᠰᠦᠪ ᠤᠨ ᠲᠣᠬᠢᠷᠠᠭᠤᠯᠤᠯᠲᠠ ᠲᠠᠢ ᠬᠤᠯᠪᠣᠭᠳᠠᠭᠤᠯᠵᠤ᠂ ᠳᠣᠣᠷᠠᠳᠤ ᠱᠠᠲᠤᠨ ᠤ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠰᠢᠯᠵᠢᠭᠦᠯᠦᠨ ᠥᠭᠬᠦ ᠬᠤᠪᠢᠶᠠᠷᠢᠯᠠᠯᠲᠠ ᠲᠠᠢ ᠬᠤᠯᠪᠣᠭᠳᠠᠭᠤᠯᠤᠨ᠎ᠠ᠃ ᠠᠮᠵᠢᠯᠲᠠ ᠪᠦᠲᠦᠮᠵᠢ ᠰᠠᠶᠢᠲᠠᠢ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠤᠷᠢᠳᠠᠪᠠᠷ ᠪᠠᠳᠤᠯᠠᠵᠣ᠂ ᠠᠮᠵᠢᠯᠲᠠ ᠪᠦᠲᠦᠮᠵᠢ  ᠎ ᠨᠢ ᠶᠡᠷᠦᠮᠳᠡᠭ ᠲᠥᠷᠥ ᠶᠢᠨ ᠪᠣᠳᠣᠯᠭ᠎ᠠ ᠪᠣᠯᠤᠨ ᠲᠥᠷᠥᠯ ᠵᠣᠶᠢᠯ ᠢ ᠰᠢᠮᠳᠠᠭᠤᠯᠤᠨ ᠰᠠᠶᠢᠵᠢᠷᠠᠭᠤᠯᠵᠤ᠂ ᠰᠣᠯᠪᠢᠴᠠᠨ ᠲᠠᠪᠬᠤᠴᠠᠬᠤ᠂ ᠬᠡᠮᠬᠡᠷᠬᠡᠢ ᠪᠤᠯᠤᠭᠰᠠᠨ ᠲᠥᠷᠥ ᠶᠢᠨ ᠪᠣᠳᠣᠯᠭ᠎ᠠ ᠪᠣᠯᠤᠨ ᠲᠥᠷᠥᠯ ᠵᠣᠶᠢᠯ ᠳᠤ ᠲᠣᠬᠢᠷᠠᠭᠤᠯᠤᠯᠲᠠ ᠬᠢᠵᠤ᠂ ᠦᠷ᠎ᠡ ᠪᠦᠲᠦᠮᠵᠢ ᠪᠠᠷ ᠳᠣᠤᠷ᠎ᠠ ᠦᠷ᠎ᠡ ᠪᠦᠲᠦᠮᠵᠢ ᠦᠭᠡᠶ ᠪᠡᠯᠡ ᠮᠦᠩᠭᠦ ᠶᠢ ᠴᠥᠮ ᠪᠠᠭᠠᠰᠬᠠᠬᠤ ᠪᠤᠶᠤ ᠬᠠᠰᠤᠵᠤ᠂ ᠤᠷᠲᠤ ᠬᠤᠭᠤᠴᠠᠭ᠎ᠠ ᠪᠠᠷ ᠳᠠᠷᠤᠭᠳᠠᠭᠤᠯᠤᠭᠰᠠᠨ ᠪᠡᠯᠡ ᠮᠦᠩᠭᠦ ᠶᠢ ᠴᠦᠮ ᠬᠤᠷᠢᠶᠠᠨ ᠠᠪᠬᠤ ᠶᠢᠨ ᠬᠠᠮᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠡᠮᠵᠢᠯᠭᠡ ᠦᠵᠡᠭᠦᠯᠬᠦ ᠴᠢᠬᠤᠯᠠ ᠲᠠᠢ ᠬᠦᠷᠢᠶ᠎ᠡ ᠬᠡᠪᠴᠢᠶᠡᠨ ᠳᠤ ᠨᠢᠭᠡᠳᠤᠯᠲᠠᠢ ᠲᠥᠯᠥᠪᠯᠡᠨ ᠬᠡᠷᠡᠭᠯᠡᠨ᠎ᠡ᠃      3. ᠲᠥᠰᠦᠪ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠤᠬᠢᠷᠠᠭᠤᠯᠤᠭᠰᠠᠨ ᠪᠠ ᠪᠡᠶᠡᠯᠡᠭᠦᠯᠦᠭᠰᠡᠨ ᠪᠠᠶᠢᠳᠠᠯ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠵᠡᠷᠭᠡ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠨ ᠤ ᠴᠢᠬᠤᠯᠠ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠲᠠᠢ ᠬᠠᠮᠲᠤ ᠳᠤᠨᠢ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ  ᠬᠦᠷᠬᠡᠵᠣ᠂ ᠰᠠᠯᠠᠭ᠎ᠠ ᠮᠥᠴᠢᠷ᠂ ᠨᠢᠭᠡᠴᠡ ᠨᠢ ᠫᠤᠷᠲ᠋ᠧᠯ ᠰᠦᠯᠵᠢᠶ᠎ᠡ ᠪᠠᠷ ᠳᠠᠮᠵᠢᠨ ᠠᠮᠵᠢᠯᠲᠠ ᠪᠦᠲᠦᠮᠵᠢ ᠶᠢᠨ ᠮᠡᠳᠡᠭᠡ ᠵᠠᠩᠬᠢ ᠶᠢ ᠨᠡᠶᠢᠭᠡᠮ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠡᠨ᠎ᠡ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠠᠮ ᠤᠨ ᠬᠤᠷᠢᠶ᠎ᠠ ᠠᠴᠠ ᠤᠳᠤᠷᠢᠳᠤᠭᠰᠠᠨ᠂ ᠵᠠᠰᠠᠭ ᠤᠨ ᠣᠷᠳᠣᠨ ᠠᠴᠠ ᠨᠢᠭᠡᠳᠦᠯᠲᠡᠶ ᠲᠦᠯᠦᠪᠯᠡᠭᠰᠡᠨ᠂ ᠡᠳ᠋ ᠤᠨ ᠵᠠᠰᠠᠭ ᠠᠴᠠ ᠵᠤᠬᠢᠴᠠᠭᠤᠯᠤᠭᠰᠠᠨ᠂ ᠰᠠᠯᠠᠭ᠎ᠠ ᠮᠥᠴᠢᠷ ᠭᠤᠤᠯ ᠬᠠᠷᠢᠭᠤᠴᠠᠯᠭ᠎ᠠ ᠲᠠᠢ᠂ ᠨᠡᠶᠢᠭᠡᠮ ᠳᠠᠶᠠᠭᠠᠷ ᠥᠷᠭᠡᠨ ᠢᠶᠠᠷ ᠤᠷᠤᠯᠴᠠᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠪᠤᠳᠠᠳᠤ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠠᠷᠭ᠎ᠠ᠂ ᠠᠵᠢᠯ ᠤᠨ ᠲᠥᠰᠦᠯ ᠲᠣᠭᠲᠠᠭᠠᠵᠤ᠂ ᠡᠯ᠎ᠡ ᠵᠣᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠷᠭ᠎ᠠ ᠰᠦᠪᠡᠭᠴᠢᠯᠡᠨ᠎ᠡ︔ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠤᠨ᠎ᠠ︔ ᠲᠤᠰᠬᠠᠶ ᠪᠠᠶᠢᠭᠤᠯᠤᠮᠵᠢ ᠪᠠᠶᠢᠭᠤᠯᠵᠤ᠂ ᠲᠤᠰᠬᠠᠶ ᠲᠤᠰᠢᠶᠠᠯᠲᠠᠨ ᠨᠡᠮᠡᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠣ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠨᠢᠭᠡᠴᠡ ᠪᠠ ᠪᠡᠯᠡ ᠮᠦᠩᠭᠦ ᠬᠡᠷᠡᠭᠯᠡᠬᠦ ᠦᠵᠦᠭᠦᠷ ᠲᠠᠯ᠎ᠠ ᠬᠦᠷᠲᠡᠯ᠎ᠡ ᠤᠷᠲᠤᠳᠬᠠᠬᠤ ᠶᠢ ᠪᠠᠲᠤᠯᠠᠨ᠎ᠠ᠃      ︵ᠬᠤᠶᠠᠷ︶ ᠠᠵᠢᠯ ᠤᠨ ᠰᠢᠯᠭᠠᠨ ᠬᠢᠨᠠᠯᠳᠠ ᠶᠢ ᠴᠢᠩᠭᠠᠷᠠᠭᠤᠯᠤᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠥᠰᠦᠪ ᠤᠨ ᠠᠮᠵᠢᠯᠲᠠ ᠪᠦᠲᠦᠮᠵᠢ ᠶᠢᠨ ᠦᠷ᠎ᠡ ᠳ᠋ᠦᠩ ᠢ ᠠᠳᠠᠯᠢ ᠱᠠᠲᠤᠨ ᠤ ᠰᠠᠯᠠᠭ᠎ᠠ ᠮᠥᠴᠢᠷ ᠪᠠ ᠨᠢᠭᠡᠴᠡ᠂ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠵᠢᠯᠳᠠ ᠪᠦᠲᠦᠮᠵᠢ ᠶᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠤᠭᠳᠠᠯᠴᠠᠭ᠎ᠠ ᠪᠠ ᠺᠠᠳ᠋ᠷ ᠢ ᠰᠢᠯᠭᠠᠨ ᠬᠢᠨᠠᠵᠣ ᠦᠨᠡᠯᠡᠬᠦ ᠲᠤᠭᠳᠠᠯᠴᠠᠭ᠎ᠠ ᠳᠤ ᠣᠷᠣᠭᠤᠯᠵᠤ᠂ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢᠨ ᠬᠤᠪᠢ ᠲᠡᠮᠳᠡᠭᠯᠡᠬᠦ ᠭᠦᠢᠴᠡᠳᠬᠡᠯ ᠲᠤᠭ᠎ᠠ ᠪᠠ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠠᠯᠪᠠᠲᠠᠨ ᠢ ᠰᠢᠯᠭᠠᠨ ᠬᠢᠨᠠᠬᠤ ᠴᠢᠬᠤᠯᠠ ᠯᠠᠪᠯᠠᠯᠲᠠ ᠪᠤᠯᠭᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠳᠠᠯᠢ ᠱᠠᠲᠤᠨ ᠤ ᠰᠠᠯᠠᠭ᠎ᠠ ᠮᠥᠴᠢᠷ ᠪᠣᠯᠤᠨ ᠲᠥᠰᠦᠪ ᠤᠨ ᠨᠢᠭᠡᠴᠡ᠂ ᠳᠣᠣᠷᠠᠳᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠳᠠ ᠶᠢᠨ ᠠᠵᠢᠯ ᠤᠨ ᠪᠠᠶᠢᠳᠠᠯ ᠢ ᠰᠢᠯᠭᠠᠨ ᠬᠢᠨᠠᠬᠤ ᠶᠢ ᠬᠠᠷᠢᠭᠤᠴᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠨᠡᠶᠢᠳᠡᠯᠡᠬᠦ ᠳᠦᠷᠢᠮ ᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠢᠯᠡᠳᠲᠡ ᠬᠤᠰᠢᠭᠤ ᠲᠣᠭᠤᠷᠢᠭ ᠪᠣᠯᠤᠨ ᠰᠠᠯᠠᠭ᠎ᠠ ᠮᠥᠴᠢᠷ ᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠵᠦ᠂ ᠠᠵᠢᠯ ᠢ ᠰᠠᠶᠢᠨ ᠠᠬᠢᠭᠤᠯᠤᠭᠰᠠᠨ ᠦᠭᠡᠢ ᠬᠤᠰᠢᠭᠤ ᠲᠣᠭᠤᠷᠢᠭ ᠪᠣᠯᠤᠨ ᠰᠠᠯᠠᠭ᠎ᠠ ᠮᠥᠴᠢᠷ ᠢ ᠪᠣᠯᠵᠣᠨ ᠶᠠᠷᠢᠯᠴᠠᠬᠤ ᠶᠢᠨ ᠬᠠᠮᠲᠤ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ      ︵ᠭᠤᠷᠪᠠ︶ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠬᠢᠨᠠᠨ ᠪᠣᠳᠣᠬᠤ ᠪᠠᠶᠢᠭᠤᠯᠭ᠎ᠠ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠨ ᠪᠣᠳᠣᠯᠲᠠ ᠬᠢᠨᠠᠯᠲᠠ ᠲᠠᠯᠪᠢᠯᠳᠠ ᠶᠢ ᠥᠷᠨᠢᠭᠦᠯᠵᠦ᠂ ᠲᠥᠰᠦᠪ ᠤᠨ ᠵᠠᠷᠤᠯᠭ᠎ᠠ ᠶᠢᠨ ᠠᠮᠵᠢᠯᠲᠠ ᠪᠦᠲᠦᠮᠵᠢ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠰᠠᠯᠠᠭ᠎ᠠ ᠮᠥᠴᠢᠷ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠬᠢᠨᠠᠨ ᠪᠤᠳᠤᠨ᠎ᠠ᠃ ︽ᠬᠡᠨ ᠵᠣᠭᠤᠰ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠬᠡᠷᠡᠭᠵᠢᠭᠦᠯᠦᠭᠰᠡᠨ ᠦᠭᠡᠶ ᠠᠴᠠ ᠪᠤᠯᠵᠤ ᠡᠳ᠋ ᠤᠨ ᠵᠠᠰᠠᠭ ᠤᠨ ᠪᠡᠯᠡ ᠮᠦᠩᠭᠦ ᠶᠢᠨ ᠲᠣᠬᠢᠷᠠᠭᠤᠯᠤᠯᠲᠠ ᠪᠣᠯᠤᠨ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠨᠢ ᠵᠢᠱᠢᠭᠰᠡᠨ ᠬᠠᠷᠠᠯᠲᠠ ᠳᠤ ᠬᠥᠷᠥᠭᠰᠡᠨ ᠦᠭᠡᠶ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠬᠠᠷᠢᠭᠤᠴᠠᠯᠭ᠎ᠠ ᠡᠭᠦᠷᠬᠡᠯᠡᠭᠴᠢ ᠳᠤ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠰᠠᠬᠢᠯᠭ᠎ᠠ ᠪᠠᠲᠤ ᠬᠠᠤᠯᠢ ᠴᠠᠭᠠᠵᠠ ᠶᠢ ᠵᠦᠷᠢᠴᠡᠭᠰᠡᠨ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠬᠡᠨ᠎ᠡ᠃                             ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                    2020 ᠣᠨ ᠤ 7 ᠰᠠᠷ᠎ᠠ ᠶᠢᠨ 28᠎ ᠤ ᠡᠳᠦᠷ
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号