ᠤᠷᠳᠤᠰ ᠬᠤᠲᠠ ᠶᠢᠨ ᠬᠦᠨᠳᠦ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠵᠢᠨ‌ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                                                          ᠣᠷᠳᠣᠰ ᠵᠠᠰᠠᠭ  ᠠᠯᠪᠠᠨ ᠲᠠᠷᠬᠠᠭᠠᠬᠤ ﹇2020﹈ 59 ᠳ᠋ᠣᠭᠡᠷ ᠲᠣᠭᠠᠲᠤ
ᠨᠡᠶᠢᠲᠡᠯᠡᠭᠰᠡᠨ ᠴᠠᠭ᠄
2020/8/25
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠬᠡᠳ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠣᠷᠳᠣᠰ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠬᠦᠯᠰᠦᠬᠡᠢ᠃                  ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2020 ᠣᠨ ᠤ 8 ᠰᠠᠷ᠎ᠠ ᠶᠢᠨ 25᠎ ᠤ ᠡᠳᠦᠷ      ᠣᠷᠳᠣᠰ ᠬᠤᠲᠠ ᠶᠢᠨ  ᠬᠦᠨᠳᠦ ᠪᠣᠬᠢᠷᠲᠤᠯ ᠲᠠᠢ ᠴᠠᠭ      ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ      ᠨᠢᠭᠡ᠂ ᠶᠡᠷᠦᠩᠬᠡᠶ ᠳᠦᠷᠢᠮ      ︵ᠨᠢᠭᠡ︶ ᠨᠠᠶᠢᠷᠠᠭᠤᠯᠤᠨ ᠵᠣᠬᠢᠶᠠᠬᠤ ᠵᠣᠷᠢᠯᠭ᠎ᠠ      ᠣᠷᠳᠣᠰ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠴᠤᠤᠷᠢᠶᠠᠳᠤᠬᠤ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠨ ᠬᠤᠯᠪᠣᠭᠠᠯᠠᠨ ᠬᠥᠳᠡᠯᠦᠯᠴᠡᠬᠦ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠵᠤ᠂ ᠪᠣᠬᠢᠷᠲᠤᠯ ᠤᠨ ᠬᠡᠮᠵᠢᠶ᠎ᠡ ᠶᠢ ᠦᠨᠡᠨ ᠬᠦ ᠬᠥᠩᠭᠡᠷᠡᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠨ᠎ᠠ᠃      ︵ᠬᠤᠶᠠᠷ︶ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠠᠭᠠᠷ ᠮᠠᠨᠳᠠᠯ ᠤᠨ ᠪᠣᠬᠢᠷᠲᠤᠯ ᠎ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠲᠤᠮᠳᠠᠳᠣ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠦ ᠲᠠᠷᠬᠠᠭᠠᠬᠤ ﹇2018﹈ 17 ᠳ᠋ᠤᠭᠠᠷ ᠲᠣᠭᠠᠲᠤ︶᠂ ︽ᠬᠥᠬᠡ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2018﹈ 22 ᠳ᠋ᠤᠭᠠᠷ ᠲᠣᠭᠠᠲᠤ︶᠂ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ ᠤᠨ ︽ᠬᠦᠨᠳᠦ ᠪᠣᠬᠢᠷᠲᠤᠯ ᠎ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠂ ︵ᠣᠷᠴᠢᠨ ᠠᠯᠪᠠᠨ ᠠᠭᠠᠷ ᠮᠠᠨᠳᠠᠯ ᠵᠠᠬᠢᠳᠠᠯ ﹇2018﹈ 875 ᠳ᠋ᠤᠭᠠᠷ ᠲᠤᠭᠠᠲᠤ︶ ︽ᠬᠦᠨᠳᠦ ᠪᠣᠬᠢᠷᠲᠤᠯ ᠲᠠᠢ ᠴᠠᠭ ᠠᠭᠤᠷ ᠤᠨ ᠠᠷᠭᠠᠴᠠᠯᠲᠠ ᠶᠢ ᠴᠢᠩᠭᠠᠳᠬᠠᠵᠤ ᠪᠠᠴᠢᠮ ᠪᠠᠶᠢᠳᠠᠯ ᠢ ᠠᠷᠭᠠᠴᠠᠬᠤ ᠪᠤᠬᠢᠷᠳᠤᠯ ᠤᠨ ᠭᠠᠳᠠᠭᠰᠢᠯᠠᠯᠲᠠ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠠᠬᠢᠵᠢᠭᠦᠯᠬᠦ ᠲᠤᠬᠠᠶ ᠵᠢᠯᠤᠭᠤᠳᠬᠤ ᠰᠠᠨᠠᠯ︾ ︵ᠣᠷᠴᠢᠨ ᠠᠯᠪᠠᠨ ᠠᠭᠠᠷ ᠮᠠᠨᠳᠠᠯ ᠵᠠᠬᠢᠳᠠᠯ ﹇2019﹈ 648 ᠳ᠋ᠤᠭᠠᠷ ᠲᠤᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ  ᠲᠥᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠵᠢᠴᠢ ᠡᠷᠭᠢᠨ ᠲᠣᠭᠤᠷᠢᠨ ᠤ ᠭᠠᠵᠠᠷ ᠤᠷᠤᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠣᠷᠳᠣᠰ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠥᠪᠥᠷ ᠮᠣᠩᠭᠤᠯ ᠎ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2018﹈ 13 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠣᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ﹇2018﹈ 37 ᠳ᠋ᠤᠭᠠᠷ ᠲᠣᠭᠠᠲᠤ︶᠂ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ ᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠵᠠᠬᠢᠳᠠᠯ︾ ︵ᠥᠪᠦᠷ ᠤᠷᠴᠢᠨ ᠵᠠᠬᠢᠳᠠᠯ ﹇2020﹈ 25 ᠳ᠋ᠤᠭᠠᠷ ᠲᠤᠭᠠᠲᠤ︶᠂ ︽ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠳᠥᠰᠦᠯ ︵2020 ᠣᠨ ᠤ ᠬᠡᠪᠯᠡᠯ︶᠎ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 113 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃      ︵ᠭᠤᠷᠪᠠ︶ ᠬᠡᠷᠡᠭᠯᠡᠬᠦ ᠬᠡᠪᠴᠢᠶ᠎ᠡ      ᠲᠣᠰ ᠪᠡᠯᠡᠳᠭᠡᠯ ᠲᠥᠰᠦᠯ ᠢ ᠣᠷᠳᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠡᠷᠡᠭᠯᠡᠨ᠎ᠡ᠃ ᠡᠯᠡᠰᠦ ᠲᠣᠭᠤᠰᠣ᠂ ᠭᠠᠯ ᠲᠤᠶᠢᠮᠠᠷ ᠵᠡᠷᠭᠡ ᠡᠰᠡᠷᠭᠦᠴᠡᠰᠢ ᠦᠭᠡᠶ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠲᠣᠰ ᠪᠡᠯᠡᠳᠬᠡᠯ ᠲᠥᠰᠦᠯ ᠤᠨ ᠬᠡᠪᠴᠢᠶᠡᠨ ᠳᠤ ᠣᠷᠣᠭᠤᠯᠬᠤ ᠦᠭᠡᠶ᠃      ︵ᠲᠦᠷᠪᠡ︶ ᠪᠡᠯᠡᠳᠬᠡᠯ ᠲᠥᠰᠦᠯ ᠤᠨ ᠲᠤᠭᠳᠠᠯᠴᠠᠭ᠎ᠠ      ᠣᠷᠳᠣᠰ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠤᠭᠳᠠᠯᠴᠠᠭ᠎ᠠ ᠪᠣᠯ ᠣᠷᠳᠣᠰ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠤᠭᠳᠠᠯᠴᠠᠭ᠎ᠠ ᠶᠢᠨ ᠪᠦᠷᠢᠯᠳᠦᠬᠦᠨ ᠬᠡᠰᠡᠭ ᠪᠣᠯᠤᠨ᠎ᠠ᠃ ᠡᠭᠦᠨ ᠳᠤ᠂ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ  ᠳᠥᠰᠦᠯ ᠳᠤ ᠬᠤᠲᠠ ᠶᠢᠨ ᠲᠤᠰ ᠱᠠᠲᠤᠨ ᠤ ᠪᠡᠯᠡᠳᠬᠡᠯ ᠲᠥᠰᠦᠯ᠂ ᠬᠤᠰᠢᠭᠤ ᠲᠣᠭᠤᠷᠢᠭ ᠤᠨ ᠱᠠᠲᠤᠨ ᠤ ᠪᠡᠯᠡᠳᠬᠡᠯ ᠲᠥᠰᠦᠯ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠲᠤᠰᠬᠠᠶ ᠬᠡᠷᠡᠭᠵᠢᠭᠦᠯᠬᠦ ᠲᠥᠰᠦᠯ᠂ ᠪᠠᠴᠢᠮ ᠪᠠᠶᠢᠳᠠᠯ ᠎ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠬᠠᠭᠤᠳᠠᠰᠣ ᠎ ᠶᠢ ᠪᠠᠭᠲᠠᠭᠠᠨ᠎ᠠ᠃      ᠬᠤᠰᠢᠭᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠬᠤᠰᠢᠭᠤ ᠲᠣᠭᠤᠷᠢᠭ ᠤᠨ ᠱᠠᠲᠤᠨ ᠤ ᠪᠡᠯᠡᠳᠬᠡᠯ ᠲᠥᠰᠦᠯ᠂ ᠬᠠᠮᠢᠶ᠎ᠠ ᠪᠦᠬᠦᠢ ᠨᠢᠭᠡᠴᠡ ᠶᠢᠨ ᠲᠤᠰᠬᠠᠶ ᠬᠡᠷᠡᠭᠵᠢᠭᠦᠯᠬᠦ ᠲᠥᠰᠦᠯ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠬᠠᠭᠤᠳᠠᠰᠤ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠨᠢᠭᠡ ᠠᠷᠭ᠎ᠠ ᠪᠣᠳᠣᠯᠭ᠎ᠠ︾᠎ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ ᠲᠥᠰᠦᠯ ᠪᠠᠭᠲᠠᠨ᠎ᠠ᠃      ︵ᠲᠠᠪᠤ︶ ᠠᠵᠢᠯ ᠤᠨ ᠵᠠᠷᠴᠢᠮ      1᠂ ᠬᠥᠮᠦᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠨ᠎ᠠ᠃ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠶᠠᠪᠤᠳᠠᠯ ᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠬᠢᠵᠠᠭᠠᠷ ᠱᠤᠭᠤᠮ ᠪᠣᠯᠭᠠᠵᠤ᠂ ᠡᠳᠦᠷ ᠲᠤᠲᠤᠮ ᠤᠨ ᠬᠢᠨᠠᠨ ᠬᠡᠮᠵᠢᠯᠲᠡ ᠪᠣᠯᠤᠨ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠡᠯ᠎ᠡ ᠵᠦᠢᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠳᠤ ᠬᠦᠷᠭᠡᠬᠦ ᠶᠢ ᠦᠨᠡᠨᠬᠦ ᠪᠠᠲᠤᠯᠠᠵᠤ᠂ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠦᠨᠳᠦ ᠪᠤᠬᠢᠷᠳᠤᠯ ᠶᠡᠬᠡᠲᠡᠶ ᠴᠠᠭ ᠠᠭᠤᠷ ᠤᠨ ᠠᠪᠴᠢᠷᠠᠭᠰᠠᠨ ᠬᠤᠤᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃      2᠂ ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠵᠦ᠂ ᠴᠠᠭ ᠲᠤᠬᠠᠶ ᠳᠤᠨᠢ ᠴᠤᠤᠷᠢᠶᠠᠲᠤᠨ ᠲᠠᠭᠠᠨ᠎ᠠ᠃ ᠠᠭᠠᠷ ᠮᠠᠨᠳᠠᠯ ᠤᠨ ᠪᠣᠬᠢᠷᠲᠤᠯ ᠤᠨ ᠡᠬᠢ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠪᠠ ᠴᠠᠭ ᠠᠭᠤᠷ ᠤᠨ ᠨᠥᠬᠦᠴᠡᠯ ᠢ ᠡᠳᠦᠷ ᠲᠤᠲᠤᠮ ᠤᠨ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠪᠣᠯᠤᠨ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠰᠢᠮᠳᠠᠭᠤᠯᠤᠨ ᠪᠠᠶᠢᠴᠠᠭᠠᠵᠤ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠢ ᠢᠳᠡᠪᠬᠢᠲᠡᠶ ᠪᠥᠭᠡᠳ ᠪᠦᠲᠦᠮᠵᠢᠲᠡᠶ ᠠᠷᠭᠠᠴᠠᠨ᠎ᠠ᠃      3᠂ ᠱᠠᠲᠤ ᠬᠤᠪᠢᠶᠠᠨ ᠬᠠᠮᠢᠶᠠᠷᠤᠨ ᠡᠵᠡᠮᠳᠡᠵᠦ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠨᠠᠷᠢᠯᠢᠭ ᠤᠨᠤᠪᠴᠢᠲᠠᠢ ᠪᠠᠷ ᠪᠠᠭᠠᠰᠬᠠᠨ᠎ᠠ᠃ ︽ᠶᠡᠬᠡᠪᠡᠷ ᠭᠠᠳᠠᠭᠰᠢᠯᠠᠭᠤᠯᠪᠠᠯ ᠶᠡᠬᠡᠪᠡᠷ ᠬᠢᠵᠠᠭᠠᠷᠯᠠᠬᠤ᠂ ᠪᠠᠭ᠎ᠠ ᠪᠠᠷ ᠭᠠᠳᠠᠭᠰᠢᠯᠠᠭᠤᠯᠪᠠᠯ ᠪᠠᠭ᠎ᠠ ᠪᠠᠷ ᠬᠢᠵᠠᠭᠠᠷᠯᠠᠬᠤ᠂ ᠭᠠᠳᠠᠭᠰᠢᠯᠠᠭᠤᠯᠬᠤ ᠦᠬᠡᠢ ᠪᠤᠯ ᠭᠢᠵᠠᠭᠠᠷᠯᠠᠬᠤ ᠦᠬᠡᠢ ᠪᠠᠶᠢᠬᠤ︾᠎ ᠶᠢ ᠪᠠᠷᠢᠮᠲᠠᠯᠠᠵᠤ᠂ ᠵᠦᠷᠢᠶ᠎ᠡ ᠲᠠᠢ ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾᠎ ᠶᠢᠨ ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ ᠲᠥᠰᠦᠯ ᠢ ᠨᠠᠷᠢᠯᠢᠭᠵᠢᠭᠤᠯᠵᠤ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠎ ᠶᠢᠨ ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾᠎ ᠶᠢ ᠪᠡᠶᠡᠯᠡᠭᠦᠯᠦᠨ᠎ᠡ᠃      4᠂ ᠬᠠᠷᠢᠶ᠎ᠠ ᠭᠠᠵᠠᠷ ᠲᠤᠨᠢ ᠬᠠᠷᠢᠭᠤᠴᠠᠭᠤᠯᠵᠤ᠂ ᠣᠷᠣᠨ ᠪᠦᠰᠡ ᠶᠢ ᠨᠢᠭᠡᠳᠦᠯᠲᠡᠶ ᠲᠥᠯᠥᠪᠯᠡᠨ᠎ᠡ᠃ ᠬᠤᠲᠠ ᠶᠢᠨ ᠬᠦᠨᠲᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠥᠬᠦ ᠬᠤᠲᠠ ᠶᠢᠨ ᠬᠦᠨᠲᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠨᠢᠭᠡᠳᠦᠯᠲᠡᠶ ᠵᠢᠯᠣᠭᠤᠳᠤᠨ᠎ᠠ᠃ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠬᠠᠷᠢᠭᠤᠴᠠᠨ᠎ᠠ᠃      5᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠵᠤ᠂ ᠨᠢᠭᠲᠠ ᠬᠠᠮᠵᠢᠯᠴᠠᠵᠤ᠂ ᠬᠠᠮᠲᠤᠷᠠᠨ ᠬᠦᠳᠡᠯᠦᠯᠴᠡᠬᠦ ᠠᠵᠢᠯ ᠤᠨ ᠲᠣᠭᠲᠠᠴᠠ ᠶᠢ ᠪᠤᠶ ᠪᠣᠯᠭᠠᠨ᠎ᠠ᠃ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ᠂ ᠲᠥᠰᠦᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠳᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃      ᠬᠤᠶᠠᠷ᠂ ᠵᠣᠬᠢᠶᠠᠨ ᠪᠠᠶᠢᠭᠤᠯᠵᠤ ᠵᠢᠯᠣᠭᠤᠳᠬᠤ ᠲᠤᠭᠳᠠᠯᠴᠠᠭ᠎ᠠ      ︵ᠨᠢᠭᠡ︶ ᠵᠣᠬᠢᠶᠠᠨ ᠪᠠᠶᠢᠭᠤᠯᠬᠤ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ      ᠬᠤᠲᠠ ᠶᠢᠨ ᠬᠦᠨᠲᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠲᠤᠤᠷ᠎ᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠨ᠎ᠡ︶᠎ ᠢ ᠪᠠᠶᠢᠭᠤᠯᠵᠤ᠂ ᠪᠦᠬᠦ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠬᠡᠳᠦᠯᠲᠠᠢ ᠤᠳᠤᠷᠢᠳᠤᠨ ᠵᠢᠯᠣᠭᠤᠳᠴᠤ᠂ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠬᠤᠲᠠ ᠶᠢᠨ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠠᠮᠢ ᠠᠬᠤᠶ ᠣᠷᠴᠢᠨ ᠲᠣᠭᠤᠷᠢᠨ ᠤ ᠠᠵᠢᠯ ᠢ ᠬᠤᠪᠢᠶᠠᠨ ᠬᠠᠮᠢᠶᠠᠷᠴᠤ ᠪᠠᠶᠢᠭ᠎ᠠ ᠬᠤᠲᠠ ᠵᠢᠨ‌‍ᠲ᠋ᠡᠳ᠋ ᠳᠠᠷᠤᠭ᠎ᠠ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ ᠡᠭᠦᠷᠭᠡᠯᠡᠨ᠎ᠡ᠃      ︵ᠬᠤᠶᠠᠷ︶ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ      ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠵᠣᠬᠢᠴᠠᠯᠳᠤᠭᠰᠠᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠪᠣᠯᠤᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠨᠢᠭᠲᠠ ᠬᠠᠮᠵᠢᠯᠴᠠᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ  ᠴᠣᠣᠷᠢᠶᠠᠳᠣᠨ ᠲᠠᠭᠠᠬᠤ ᠠᠵᠢᠯ ᠢ ᠬᠠᠮᠲᠤ ᠳᠤᠨᠢ ᠰᠠᠶᠢᠲᠤᠷ ᠬᠢᠨ᠎ᠡ᠃      ᠭᠤᠷᠪᠠ᠂ ᠬᠢᠨᠠᠨ ᠬᠡᠮᠵᠢᠬᠦ ᠪᠠ ᠰᠡᠷᠡᠮᠵᠢᠯᠡᠭᠦᠯᠬᠦ      ︵ᠨᠢᠭᠡ︶ ᠬᠢᠨᠠᠨ ᠬᠡᠮᠵᠢᠬᠦ      1᠂ ᠬᠢᠨᠠᠨ ᠬᠡᠮᠵᠢᠬᠦ᠃ ᠡᠯ᠎ᠡ ᠱᠠᠲᠤᠨ ᠤ ᠠᠮᠢ ᠠᠬᠤᠶ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠣᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠴᠠᠭ ᠠᠭᠤᠷ ᠤᠨ ᠪᠠᠶᠢᠳᠠᠯ ᠢ ᠠᠵᠢᠭᠯᠠᠨ ᠬᠡᠮᠵᠢᠬᠦ ᠶᠢ ᠲᠤᠰᠪᠤᠷᠢ ᠬᠠᠷᠢᠭᠤᠴᠠᠵᠤ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ᠂ ᠣᠳᠣᠬᠢ ᠪᠠᠶᠢᠳᠠᠯ ᠢ ᠦᠨᠡᠯᠡᠬᠦ᠂ ᠮᠡᠳᠡᠭᠡ ᠵᠠᠩᠭᠢ ᠶᠢ ᠰᠣᠯᠢᠯᠴᠠᠨ ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠣᠷᠢᠳᠴᠢᠯᠠᠨ ᠰᠡᠷᠡᠮᠵᠢᠯᠡᠭᠦᠯᠬᠦ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃      2᠂ ᠤᠷᠢᠳᠴᠢᠯᠠᠨ ᠮᠡᠳᠡᠭᠡᠯᠡᠬᠦ᠃ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠤᠨ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠢᠷᠡᠬᠦ 3 ᠡᠳᠦᠷ ᠤᠨ ᠴᠠᠭ ᠠᠭᠤᠷ ᠤᠨ ᠨᠥᠬᠦᠴᠡᠯ᠂ ᠠᠭᠠᠷ ᠤᠨ ᠴᠢᠨᠠᠷ ᠢ ᠤᠷᠢᠳᠴᠢᠯᠠᠨ ᠮᠡᠳᠡᠭᠡᠯᠡᠵᠦ᠂ ᠢᠷᠡᠭᠡᠳᠦᠶ ᠶᠢᠨ 7 ᠡᠳᠦᠷ ᠤᠨ ᠴᠠᠭ ᠠᠭᠤᠷ ᠤᠨ ᠨᠥᠬᠦᠴᠡᠯ᠂ ᠠᠭᠠᠷ ᠤᠨ ᠶᠠᠰᠤ ᠴᠢᠨᠠᠷ ᠤᠨ ᠬᠤᠪᠢᠷᠠᠯᠲᠠ ᠶᠢᠨ ᠬᠠᠨᠳᠣᠰᠢ  ᠶᠢ ᠵᠢᠱᠢᠵᠦ᠂ ᠤᠷᠢᠳᠴᠢᠯᠠᠨ ᠰᠡᠷᠡᠮᠵᠢᠯᠡᠭᠦᠯᠬᠦ᠂ ᠴᠤᠤᠷᠢᠶᠠᠲᠤᠨ ᠳᠠᠭᠠᠬᠤ ᠳᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠦᠨᠳᠦᠰᠦᠯᠡᠯ ᠬᠠᠩᠭᠠᠨ᠎ᠠ᠃      3᠂ ᠵᠦᠪᠳᠡᠯᠴᠡᠬᠦ᠃ ᠡᠯ᠎ᠡ ᠱᠠᠲᠤᠨ ᠤ ᠠᠮᠢ ᠠᠬᠤᠶ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠤᠳ ᠬᠤᠯᠪᠤᠭᠠᠯᠠᠨ ᠢᠷᠡᠭᠡᠳᠦᠶ ᠳᠤ ᠭᠠᠷᠴᠤ ᠮᠡᠳᠡᠬᠦ ᠬᠦᠨᠳᠦ ᠪᠣᠬᠢᠷᠲᠤᠯ ᠲᠠᠢ ᠴᠠᠭ ᠠᠭᠤᠷ ᠢ ᠵᠦᠪᠳᠡᠯᠴᠡᠨ ᠰᠤᠳᠤᠯᠤᠨ ᠮᠠᠭᠠᠳᠯᠠᠵᠤ᠂ ᠴᠢᠬᠤᠯᠠ ᠲᠠᠢ ᠦᠶ᠎ᠡ ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠠᠮᠲᠤᠪᠠᠷ ᠵᠥᠪᠳᠡᠯᠴᠡᠬᠦ ᠶᠢ ᠦᠷᠨᠢᠬᠦᠯᠵᠤ᠂ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠪᠤᠶᠤ ᠵᠠᠰᠠᠭ ᠤᠨ ᠣᠷᠳᠣᠨ ᠠᠴᠠ ᠲᠣᠭᠲᠠᠭᠠᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠡᠷᠡᠮᠵᠢᠯᠡᠭᠦᠯᠬᠦ᠂ ᠲᠣᠬᠢᠷᠠᠭᠤᠯᠬᠤ᠂ ᠬᠦᠴᠦᠨ ᠦᠭᠡᠶ ᠪᠣᠯᠭᠠᠬᠤ ᠰᠠᠨᠠᠭᠤᠯᠭ᠎ᠠ ᠶᠢ ᠴᠠᠭ ᠲᠤᠬᠠᠶ ᠳᠤᠨᠢ ᠲᠤᠷᠠᠳᠤᠨ᠎ᠠ᠃ ᠬᠤᠶᠠᠷ ᠡᠳᠦᠷ ᠵᠢᠴᠢ ᠲᠡᠭᠦᠨ ᠠᠴᠠ ᠳᠡᠭᠡᠭᠰᠢ ᠬᠦᠨᠳᠦ ᠪᠣᠬᠢᠷᠲᠤᠯ ᠲᠠᠢ ᠴᠠᠭ ᠠᠭᠤᠷ ᠭᠠᠷᠴᠤ ᠮᠡᠳᠡᠬᠦ ᠦᠶ᠎ᠡ ᠳᠤ᠂ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠭᠰᠡᠨ ᠦᠷ᠎ᠡ ᠳ᠋ᠦᠩ ᠤᠨ ᠳᠡᠭᠡᠳᠦ ᠬᠢᠵᠠᠭᠠᠷ ᠢᠶᠠᠷ ᠰᠡᠷᠡᠮᠵᠢᠯᠡᠭᠦᠯᠬᠦ ᠵᠡᠷᠭᠡ ᠲᠠᠰ ᠤᠨ ᠰᠠᠨᠠᠭᠤᠯᠭ᠎ᠠ ᠳᠤᠷᠠᠳᠤᠨ᠎ᠠ      ︵ᠬᠤᠶᠠᠷ︶ ᠰᠡᠷᠡᠮᠵᠢᠯᠡᠭᠦᠯᠬᠦ      1. ᠰᠡᠷᠡᠮᠵᠢᠯᠡᠭᠦᠯᠬᠦ ᠳᠡᠰ ᠬᠤᠪᠢᠶᠠᠬᠤᠬᠦᠨᠳᠦ ᠪᠤᠬᠢᠷᠳᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠨᠢ ᠨᠢᠭᠡᠳᠦᠯᠲᠡᠶ AQI ︵ᠠᠭᠠᠷ ᠤᠨ ᠶᠠᠰᠤ ᠴᠢᠨᠠᠷ ᠤᠨ ᠢᠯᠡᠳᠬᠡᠭᠴᠢ ᠲᠤᠭ᠎ᠠ︶᠎ ᠶᠢᠨ ᠡᠳᠦᠷ ᠤᠨ ᠳᠤᠮᠳᠠᠴᠢ ᠬᠡᠮᠵᠢᠭᠳᠡᠯ ᠢᠶᠠᠷ ᠭᠦᠢᠴᠡᠳᠭᠡᠯ ᠲᠤᠭ᠎ᠠ ᠪᠣᠯᠭᠠᠨ᠎ᠠ᠃ ᠵᠠᠯᠭᠠᠯᠳᠤᠭᠠᠪᠠᠷ 24 ᠴᠠᠭ ︵ᠡᠳᠦᠷ ᠠᠯᠤᠰᠯᠠᠵᠤ ᠪᠣᠯᠤᠨ᠎ᠠ︶᠎ ᠤᠨ ᠳᠤᠮᠳᠠᠴᠢ ᠬᠡᠮᠵᠢᠭᠳᠡᠯ ᠢᠶᠠᠷ ᠪᠤᠳᠤᠵᠤ᠂ AQI ᠡᠳᠦᠷ ᠤᠨ ᠳᠤᠮᠳᠠᠴᠢ ᠬᠡᠮᠵᠢᠭᠳᠡᠯ∨ 200 ᠦᠷᠭᠦᠯᠵᠢᠯᠡᠭᠰᠡᠨ ᠡᠳᠦᠷ ᠤᠨ ᠲᠤᠭ᠎ᠠ ᠪᠠᠷ ᠡᠯ᠎ᠡ ᠱᠠᠲᠤᠨ ᠤ ᠰᠡᠷᠡᠮᠵᠢᠯᠡᠭᠦᠯᠦᠯ ᠢ ᠡᠬᠢᠯᠡᠭᠦᠯᠬᠦ ᠶᠢᠨ ᠦᠨᠳᠦᠰᠦᠨ ᠨᠥᠬᠦᠴᠡᠯ ᠪᠣᠯᠭᠠᠨ᠎ᠠ᠃      ᠪᠦᠬᠦ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠯᠲᠠ ᠶᠢ ᠨᠢᠭᠡᠳᠦᠯᠲᠠᠢ ᠪᠣᠯᠭᠠᠵᠤ᠂ ᠳᠣᠣᠷ᠎ᠠ ᠳᠡᠰ ᠠᠴᠠ ᠳᠡᠭᠡᠳᠦ ᠳᠡᠰ ᠬᠦᠷᠲᠡᠯ᠎ᠡ ᠲᠤᠰ ᠲᠤᠰ ᠰᠢᠷ᠎ᠠ ︵Ⅲ ᠳᠡᠰ︶᠂ ᠤᠯᠠᠪᠤᠷ ︵Ⅱ ᠳᠡᠰ︶ ᠪᠠ ᠤᠯᠠᠭᠠᠨ ︵Ⅰ ᠳᠡᠰ︶ ᠲᠡᠰ ᠤᠨ ᠰᠡᠷᠡᠮᠵᠢᠯᠡᠬᠦᠯᠦᠯ ᠭᠡᠵᠤ᠂ ᠲᠡᠰ ᠬᠤᠪᠢᠶᠠᠬᠤ ᠪᠠᠷᠢᠮᠵᠢᠶ᠎ᠠ ᠨᠢ᠄      ᠰᠢᠷ᠎ᠠ ᠥᠩᠭᠡ ᠶᠢᠨ ᠰᠡᠷᠡᠮᠵᠢᠯᠡᠭᠦᠯᠦᠯ᠄ ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ∨200 ᠬᠤᠶᠠᠷ ᠡᠳᠦᠷ ︵48 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠃ ᠣᠬᠤᠷ ᠬᠤᠭᠤᠴᠠᠭᠠᠨ ᠳᠤ ᠬᠦᠨᠳᠦ ᠪᠣᠬᠢᠷᠲᠤᠯ ᠭᠠᠷᠴᠤ᠂ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠡᠳᠦᠶ ᠦᠶ᠎ᠡ ᠳᠤ᠃      ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠨᠢ ∨200 ᠭᠤᠷᠪᠠᠨ ᠡᠳᠦᠷ ︵72 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠃ ᠲᠡᠷᠡ ᠮᠥᠷᠲᠡᠭᠡᠨ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠥᠷᠥᠭᠰᠡᠨ ᠦᠭᠡᠶ ᠦᠶ᠎ᠡ᠃      ᠤᠯᠠᠭᠠᠨ ᠥᠩᠭᠡ ᠶᠢᠨ ᠰᠡᠷᠡᠮᠵᠢᠯᠡᠬᠦᠯᠦᠯ᠄ AQI ᠡᠳᠦᠷ ᠤᠨ ᠳᠤᠮᠳᠠᠴᠢ ᠬᠡᠮᠵᠢᠭᠳᠡᠯ ∨ 200 ᠡᠳᠦᠷ 4 ᠡᠳᠦᠷ ︵96 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠃ ᠲᠡᠷᠡ ᠮᠥᠷᠲᠡᠭᠡᠨ AQI ᠡᠳᠦᠷ ᠤᠨ ᠳᠤᠮᠳᠠᠴᠢ ᠬᠡᠮᠵᠢᠭᠳᠡᠯ ∨ 300 ᠬᠤᠶᠠᠷ ᠡᠳᠦᠷ ︵48 ᠴᠠᠭ︶᠎ ᠠᠴᠠ ᠳᠡᠭᠡᠭᠰᠢ ᠦᠷᠭᠦᠯᠵᠢᠯᠡᠨ᠋ ᠡ︔ ᠡᠰᠡᠬᠦᠯ᠎ᠡ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠨᠢ 500 ᠪᠣᠯᠤᠨ᠎ᠠ᠃      2. ᠰᠡᠷᠡᠮᠵᠢᠯᠡᠬᠦᠯᠦᠨ ᠨᠡᠶᠢᠲᠡᠯᠡᠬᠦ      ᠢᠷᠡᠭᠡᠳᠦᠶ ᠶᠢᠨ ᠠᠭᠠᠷ ᠤᠨ ᠶᠠᠰᠤ ᠴᠢᠨᠠᠷ ᠨᠢ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠶᠢ ᠲᠥᠰᠦᠬᠡᠯᠡᠭᠰᠡᠨ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠤᠷᠲᠤᠨ ᠠᠴᠠ 24 ᠴᠠᠭ ᠠᠴᠠ ᠡᠮᠦᠨ᠎ᠡ᠂ ᠰᠡᠷᠡᠮᠵᠢᠯᠡᠬᠦᠯᠬᠦ ᠲᠡᠰ ᠬᠤᠪᠢᠶᠠᠯᠲᠠ ᠶᠣᠰᠣᠭᠠᠷ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠎ᠡ᠃ AQI ᠡᠳᠦᠷ ᠤᠨ ᠳᠤᠮᠳᠠᠴᠢ ᠬᠡᠮᠵᠢᠭᠳᠡᠯ ᠨᠢ ᠬᠦᠨᠳᠦ ᠬᠡᠮᠵᠢᠶᠡᠨ ᠤ ᠵᠢᠴᠢ ᠲᠡᠭᠦᠨ ᠠᠴᠠ ᠳᠡᠭᠡᠭᠰᠢᠬᠢ ᠪᠤᠬᠢᠷᠳᠤᠯ ᠤᠨ ᠲᠠᠰ ᠪᠤᠯᠤᠭᠰᠠᠨ ᠢ ᠬᠡᠮᠵᠢᠵᠤ ᠤᠯᠤᠭᠰᠠᠨ ᠪᠦᠬᠡᠳ ᠢᠷᠡᠭᠡᠳᠦᠶ ᠶᠢᠨ 24 ᠴᠠᠭ ᠤᠨ ᠳᠣᠲᠣᠷ᠎ᠠ ᠠᠭᠠᠷ ᠤᠨ ᠴᠢᠨᠠᠷ ᠴᠢᠨᠰᠠᠭ᠎ᠠ ᠢᠯᠡᠳᠲᠡ ᠰᠠᠶᠢᠵᠢᠷᠠᠬᠤ ᠦᠬᠡᠢ ᠎ ᠶᠢ ᠳᠥᠰᠦᠬᠡᠯᠡᠭᠰᠡᠨ ᠦᠶ᠎ᠡ ᠳᠤ᠂ ᠪᠣᠳᠠᠲᠠᠶ ᠪᠣᠬᠢᠷᠲᠤᠯ ᠤᠨ ᠪᠠᠶᠢᠳᠠᠯ ᠢ ᠦᠨᠳᠦᠰᠦᠯᠡᠨ᠂ ᠵᠣᠬᠢᠴᠠᠩᠭᠤᠶ ᠲᠠᠰ ᠤᠨ ᠰᠡᠷᠡᠮᠵᠢᠯᠡᠬᠦᠯᠦᠯ ᠢ ᠡᠷᠲᠡᠬᠡᠨ ᠡᠬᠢᠯᠡᠬᠦᠯᠦᠨ᠎ᠡ᠃      ︵1︶ ᠬᠤᠲᠠ ᠶᠢᠨ ᠱᠠᠲᠤᠨ ᠤ ᠰᠡᠷᠡᠮᠵᠢᠯᠡᠬᠦᠯᠦᠯ      ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠷ᠎ᠠ᠂ ᠤᠯᠠᠪᠤᠷ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠨ᠎ᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︵ᠪᠤᠶᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ︶᠎ ᠤ ᠨᠡᠶᠢᠲᠡᠯᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠨᠢ ᠮᠠᠨ ᠤ ᠬᠤᠲᠠ ᠳᠤ ᠬᠤᠯᠪᠣᠭᠳᠠᠬᠤ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︵ᠪᠤᠶᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ︶᠎ ᠠᠴᠠ ᠰᠡᠷᠡᠮᠵᠢᠯᠡᠭᠦᠯᠬᠦ ᠮᠡᠳᠡᠭᠡ ᠵᠠᠩᠭᠢ ᠶᠢ ᠵᠡᠷᠭᠡᠪᠡᠷ ᠨᠡᠶᠢᠲᠡᠯᠡᠵᠦ᠂ ᠰᠡᠷᠡᠮᠵᠢᠯᠡᠭᠦᠯᠬᠦ ᠲᠠᠰ  ᠬᠤᠪᠢᠶᠠᠯᠲᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠨ ᠲᠠᠭᠠᠯᠲᠠ ᠶᠢ ᠡᠬᠢᠯᠡᠬᠦᠯᠬᠦ  ᠶᠢᠨ ᠬᠠᠮᠲᠤ ᠵᠣᠬᠢᠴᠠᠩᠭᠤᠶ ᠲᠠᠰ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠤᠨ ᠲᠠᠭᠠᠬᠤ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃      ᠮᠠᠨ ᠤ ᠬᠤᠲᠠ ᠶᠢᠨ ᠠᠭᠠᠷ ᠤᠨ ᠶᠠᠰᠤ ᠴᠢᠨᠠᠷ AQI ᠡᠳᠦᠷ ᠤᠨ ᠳᠤᠮᠳᠠᠴᠢ ᠬᠡᠮᠵᠢᠭᠳᠡᠯ ᠨᠢ ᠤᠷᠢᠳᠴᠢᠯᠠᠨ ᠰᠡᠷᠡᠮᠵᠢᠯᠡᠬᠦᠯᠬᠦ ᠠᠵᠢᠯ ᠢ ᠡᠬᠢᠯᠡᠭᠦᠯᠬᠦ ᠨᠥᠬᠦᠴᠡᠯ ᠳᠤ ᠬᠦᠷᠦᠭᠰᠡᠨ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︵ᠪᠤᠶᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ︶᠎ ᠠᠴᠠ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠰᠡᠷᠡᠮᠵᠢᠯᠡᠭᠦᠯᠬᠦ ᠲᠠᠰ ᠬᠤᠪᠢᠶᠠᠯᠲᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠨ ᠲᠠᠭᠠᠯᠲᠠ ᠶᠢ ᠡᠬᠢᠯᠡᠬᠦᠯᠬᠦ ᠶᠢᠨ ᠬᠠᠮᠲᠤ ᠵᠣᠬᠢᠴᠠᠩᠭᠤᠶ ᠲᠠᠰ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠨ ᠲᠠᠭᠠᠬᠤ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃      ︵2︶ ᠬᠤᠰᠢᠭᠤ ᠲᠣᠭᠤᠷᠢᠭ ᠤᠨ ᠱᠠᠲᠤᠨ ᠤ ᠰᠡᠷᠡᠮᠵᠢᠯᠡᠬᠦᠯᠦᠯ      ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠰᠢᠷ᠎ᠠ᠂ ᠤᠯᠠᠪᠤᠷ᠂ ᠤᠯᠠᠭᠠᠨ ᠥᠩᠭᠡ ᠶᠢᠨ ᠰᠡᠷᠡᠮᠵᠢᠯᠡᠬᠦᠯᠦᠯ ᠎ ᠢ ᠨᠡᠶᠢᠲᠡᠯᠡᠨ᠎ᠡ᠃      ᠭᠠᠭᠴᠠ ᠬᠤᠰᠢᠭᠤ ᠲᠤᠭᠤᠷᠢᠭ ᠤᠨ ᠠᠭᠠᠷ ᠤᠨ ᠶᠠᠰᠤ ᠴᠢᠨᠠᠷ ᠤᠨ AQI ᠡᠳᠦᠷ ᠤᠨ ᠳᠤᠮᠳᠠᠴᠢ ᠬᠡᠮᠵᠢᠭᠳᠡᠯ ᠨᠢ ᠰᠡᠷᠡᠮᠵᠢᠯᠡᠬᠦᠯᠦᠯ ᠢ ᠡᠬᠢᠯᠡᠭᠦᠯᠬᠦ ᠨᠥᠬᠦᠴᠡᠯ ᠳᠤ ᠬᠦᠷᠦᠭᠰᠡᠨ ᠦᠶ᠎ᠡ ᠳᠤ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︵ᠪᠤᠶᠤ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ︶᠎ ᠠᠴᠠ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠰᠡᠷᠡᠮᠵᠢᠯᠡᠭᠦᠯᠬᠦ ᠲᠠᠰ ᠬᠤᠪᠢᠶᠠᠯᠲᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠴᠣᠣᠷᠢᠶᠠᠳᠣᠯ ᠢ‌ᠡᠬᠢᠯᠡᠬᠦᠯᠬᠦ ᠶᠢᠨ ᠬᠠᠮᠲᠤ ᠵᠣᠬᠢᠴᠠᠩᠭᠤᠶ ᠲᠠᠰ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠨ ᠲᠠᠭᠠᠬᠤ ᠠᠷᠭ᠎ᠠ ᠬᠡᠮᠵᠢᠶ᠎ᠡ ᠶᠢ ᠭᠡᠷᠡᠭᠵᠢᠬᠦᠯᠦᠨ᠎ᠡ᠃      3᠂ ᠰᠡᠷᠡᠮᠵᠢᠯᠡᠬᠦᠯᠦᠯ ᠤᠨ ᠳᠡᠰ ᠢ ᠲᠣᠬᠢᠷᠠᠭᠤᠯᠬᠤ ᠪᠠ ᠬᠦᠴᠦᠨ ᠦᠭᠡᠶ ᠪᠣᠯᠭᠠᠬᠤ      ᠠᠭᠠᠷ ᠤᠨ ᠶᠠᠰᠤ ᠴᠢᠨᠠᠷ ᠢ ᠰᠠᠶᠢᠵᠢᠷᠠᠭᠤᠯᠤᠭᠠᠳ ᠵᠣᠬᠢᠬᠤ ᠲᠠᠰ ᠤᠨ ᠰᠡᠷᠡᠮᠵᠢᠯᠡᠭᠦᠯᠬᠦ ᠪᠠᠷᠢᠮᠵᠢᠶ᠎ᠠ ᠠᠴᠠ ᠳᠣᠷᠣᠭᠰᠢ ᠪᠤᠯᠤᠭᠰᠠᠨ ᠪᠦᠬᠡᠳ ᠳᠥᠰᠦᠬᠡᠯᠡᠯ ᠢᠶᠠᠷ 36 ᠴᠠᠭ ᠠᠴᠠ ᠳᠡᠭᠡᠭᠰᠢ ᠦᠷᠭᠦᠯᠵᠢᠯᠡᠬᠦ ᠦᠶ᠎ᠡ ᠳᠤ᠂ ᠰᠡᠷᠡᠮᠵᠢᠯᠡᠬᠦᠯᠬᠦ ᠳᠡᠰ ᠢ ᠪᠠᠭᠤᠷᠠᠭᠤᠯᠬᠤ ᠪᠤᠶᠤ ᠰᠡᠷᠡᠮᠵᠢᠯᠡᠭᠦᠯᠬᠦ ᠶᠢ ᠬᠦᠴᠦᠨ ᠦᠭᠡᠶ ᠪᠣᠯᠭᠠᠵᠤ ᠪᠣᠯᠤᠨ᠎ᠠ᠂ ᠲᠡᠷᠡᠴᠢᠯᠡᠨ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠨ᠎ᠡ᠃      ᠡᠮᠦᠨ᠎ᠡ ᠬᠤᠶᠢᠨ᠎ᠠ ᠬᠤᠶᠠᠷ ᠤᠳᠠᠭ᠎ᠠ ᠬᠦᠨᠳᠦ ᠪᠣᠬᠢᠷᠲᠤᠯ ᠡᠭᠦᠰᠬᠦ ᠶᠠᠪᠤᠴᠠ ᠶᠢ ᠲᠥᠰᠦᠬᠡᠯᠡᠭᠰᠡᠨ ᠪᠦᠬᠡᠳ ᠠᠯᠤᠰᠯᠠᠬᠤ ᠴᠠᠭ ᠨᠢ ᠰᠡᠷᠡᠮᠵᠢᠯᠡᠭᠦᠯᠬᠦ ᠶᠢ ᠬᠦᠴᠦᠨ ᠦᠭᠡᠶ ᠪᠣᠯᠭᠠᠬᠤ ᠨᠥᠬᠦᠴᠡᠯ ᠳᠤ ᠬᠥᠷᠥᠭᠰᠡᠨ ᠦᠭᠡᠶ ᠪᠠᠶᠢᠪᠠᠯ᠂ ᠨᠢᠭᠡ ᠤᠳᠠᠭᠠᠨ ᠤ ᠬᠦᠨᠳᠦ ᠪᠣᠬᠢᠷᠲᠤᠯ ᠤᠨ ᠶᠠᠪᠤᠴᠠ ᠪᠤᠳᠤᠵᠤ᠂ ᠲᠡᠭᠡᠳᠦ ᠲᠡᠰ ᠤᠨ ᠰᠡᠷᠡᠮᠵᠢᠯᠡᠬᠦᠯᠦᠯ ᠢ ᠡᠬᠢᠯᠡᠭᠦᠯᠦᠨ᠎ᠡ᠃ ᠠᠭᠠᠷ ᠤᠨ ᠶᠠᠰᠤ ᠴᠢᠨᠠᠷ ᠨᠢ ᠨᠡᠩ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠎ ᠢ ᠲᠥᠰᠦᠬᠡᠯᠡᠬᠦ ᠪᠤᠶᠤ ᠬᠢᠨᠠᠨ ᠬᠡᠮᠵᠢᠵᠤ ᠭᠠᠷᠤᠭᠰᠠᠨ ᠦᠶ᠎ᠡ ᠳᠤ᠂ ᠡᠷᠲᠡᠬᠡᠨ ᠳᠡᠰ ᠳᠡᠪᠰᠢᠭᠦᠯᠬᠦ ᠠᠷᠭ᠎ᠠ ᠬᠡᠮᠵᠢᠶ᠎ᠡ ᠠᠪᠤᠨ᠎ᠠ᠃      ᠰᠡᠷᠡᠮᠵᠢᠯᠡᠭᠦᠯᠵᠦ ᠲᠣᠬᠢᠷᠠᠭᠤᠯᠤᠯᠲᠠ ᠬᠢᠬᠦ᠂ ᠬᠦᠴᠦᠨ ᠦᠭᠡᠶ ᠪᠣᠯᠭᠠᠬᠤ ᠭᠤᠤᠯ ᠴᠣᠭᠴᠠ ᠵᠢᠴᠢ ᠲᠠᠰ ᠲᠠᠷᠠᠭᠠᠯᠠᠯ ᠨᠢ ᠰᠡᠷᠡᠮᠵᠢᠯᠡᠬᠦᠯᠦᠯ ᠤᠨ ᠨᠡᠶᠢᠲᠡᠯᠡᠯ ᠲᠠᠢ ᠠᠳᠠᠯᠢ ᠪᠠᠶᠢᠬᠤ ᠬᠡᠷᠡᠭᠲᠠᠢ᠃      4. ᠰᠡᠷᠡᠮᠵᠢᠯᠡᠬᠦᠯᠤᠯ ᠢ ᠬᠢᠨᠠᠨ ᠵᠥᠪᠰᠢᠶᠡᠷᠡᠬᠦ      ᠲᠥᠰᠦᠬᠡᠯᠡᠭᠰᠡᠨ ᠪᠤᠶᠤ ᠬᠢᠨᠠᠨ ᠬᠡᠮᠵᠢᠭᠰᠡᠨ ᠠᠭᠠᠷ ᠤᠨ ᠶᠠᠰᠣ ᠴᠢᠨᠠᠷ ᠨᠢ ᠬᠤᠲᠠ ᠶᠢᠨ ᠱᠠᠲᠤᠨ ᠤ ᠰᠡᠷᠡᠮᠵᠢᠯᠡᠬᠦᠯᠦᠯ ᠢ ᠡᠬᠢᠯᠡᠭᠦᠯᠬᠦ ᠨᠥᠬᠦᠴᠡᠯ ᠳᠤ ᠬᠦᠷᠬᠦ ᠦᠶ᠎ᠡ ᠳᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠵᠥᠪᠳᠡᠯᠴᠡᠭᠰᠡᠨ ᠦᠷ᠎ᠡ ᠳ᠋ᠦᠩ ᠪᠠ ᠰᠡᠷᠡᠮᠵᠢᠯᠡᠭᠦᠯᠬᠦ ᠰᠠᠨᠠᠭᠤᠯᠭ᠎ᠠ ᠪᠠᠨ ᠳᠠᠷᠦ᠋ᠢᠬᠠᠨ ᠮᠡᠳᠡᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠳᠡᠰ ᠳᠠᠷᠠᠭᠠᠯᠠᠯ ᠶᠤᠰᠤᠭᠠᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠮᠡᠳᠡᠭᠦᠯᠦᠨ ᠵᠦᠪᠰᠢᠶᠡᠷᠡᠬᠦᠯᠦᠨ᠎ᠡ᠃      ᠬᠤᠲᠠ ᠶᠢᠨ ᠱᠠᠲᠤᠨ ᠤ ᠰᠢᠷ᠎ᠠ ᠥᠩᠭᠡ ᠶᠢᠨ ᠰᠡᠷᠡᠮᠵᠢᠯᠡᠬᠦᠯᠦᠯ᠂ ᠤᠯᠠᠪᠤᠷ ᠥᠩᠭᠡ ᠶᠢᠨ ᠰᠡᠷᠡᠮᠵᠢᠯᠡᠬᠦᠯᠦᠯ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠭᠴᠢ ︵ᠪᠤᠶᠤ ᠡᠷᠬᠡ ᠣᠯᠭᠤᠭᠰᠠᠨ ᠠᠯᠪᠠᠨ ᠭᠡᠷ ᠤᠨ ᠡᠷᠬᠢᠯᠡᠭᠴᠢ︶᠎ ᠪᠠᠷ ᠭᠠᠷ ᠤᠨ ᠦᠰᠦᠭ ᠵᠢᠷᠤᠭᠤᠯᠵᠤ ᠬᠢᠨᠠᠨ ᠵᠦᠪᠰᠢᠶᠡᠷᠡᠬᠦᠯᠦᠨ᠎ᠡ︔ ᠬᠤᠲᠠ ᠶᠢᠨ ᠱᠠᠲᠤᠨ ᠤ ᠤᠯᠠᠭᠠᠨ ᠥᠩᠭᠡ ᠶᠢᠨ ᠰᠡᠷᠡᠮᠵᠢᠯᠡᠬᠦᠯᠦᠯ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ︵ᠪᠤᠶᠤ ᠡᠷᠭᠡ ᠤᠯᠭᠤᠭᠰᠠᠨ ᠳᠡᠳ᠋ ᠶᠡᠷᠦᠩᠬᠡᠶ ᠵᠢᠯᠣᠭᠤᠳᠣᠭᠴᠢ︶᠎ ᠪᠠᠷ ᠭᠠᠷ ᠤᠨ ᠦᠰᠦᠭ ᠵᠢᠷᠤᠭᠤᠯᠵᠤ ᠬᠢᠨᠠᠨ ᠵᠦᠪᠰᠢᠶᠡᠷᠡᠬᠦᠯᠦᠨ᠎ᠡ︔ ᠬᠤᠲᠠ ᠶᠢᠨ ᠰᠡᠷᠡᠮᠵᠢᠯᠡᠬᠦᠯᠦᠯ ᠢ ᠬᠦᠴᠦᠨ ᠦᠭᠡᠶ ᠪᠣᠯᠭᠠᠭᠰᠠᠨ ᠮᠡᠳᠡᠭᠡ ᠵᠠᠩᠭᠢ ᠶᠢ ᠨᠡᠶᠢᠲᠡᠯᠡᠬᠦ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠷᠬᠢᠯᠡᠭᠴᠢ ᠠᠴᠠ ᠬᠢᠨᠠᠨ ᠵᠦᠪᠰᠢᠶᠡᠷᠡᠬᠦᠯᠦᠨ᠎ᠡ᠃      ᠬᠤᠰᠢᠭᠤ ᠲᠤᠭᠤᠷᠢᠭ ᠤᠨ ᠲᠠᠰ ᠤᠨ ᠰᠡᠷᠡᠮᠵᠢᠯᠡᠬᠦᠯᠦᠯ᠂ ᠲᠣᠬᠢᠷᠠᠭᠤᠯᠤᠯᠲᠠ ᠪᠠ ᠰᠡᠷᠡᠮᠵᠢᠯᠡᠬᠦᠯᠦᠯ ᠢ ᠬᠦᠴᠦᠨ ᠦᠭᠡᠶ ᠪᠣᠯᠭᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠪᠠ ᠨᠡᠶᠢᠲᠡᠯᠡᠬᠦ ᠳᠡᠰ ᠳᠠᠷᠠᠭᠠᠯᠠᠯ ᠢ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃      ᠲᠥᠷᠪᠡ᠂ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ      ︵ᠨᠢᠭᠡ︶ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠤᠨ ᠳᠡᠰ ᠬᠤᠪᠢᠶᠠᠯᠲᠠ      ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠣᠶᠢᠶ᠎ᠠ ᠳᠤ᠂ Ⅲ ᠲᠠᠰ ᠤᠨ ᠪᠠᠴᠢᠮ ᠪᠠᠶᠢᠳᠠᠯ ᠢ  ᠠᠷᠭᠠᠴᠠᠬᠤ ᠴᠤᠤᠷᠢᠶᠠᠲᠤᠯ ᠢ ᠡᠬᠢᠯᠡᠭᠦᠯᠦᠨ᠎ᠡ᠃      ᠤᠯᠠᠪᠤᠷ ᠥᠩᠭᠡ ᠶᠢᠨ ᠰᠡᠷᠡᠷᠮᠵᠢᠯᠡᠬᠦᠯᠦᠯ ᠢ ᠨᠡᠶᠢᠲᠡᠯᠡᠬᠦ ᠣᠶᠢᠶ᠎ᠠ ᠳᠤ᠂ Ⅱ ᠲᠠᠰ ᠤᠨ ᠪᠠᠴᠢᠮ ᠪᠠᠶᠢᠳᠠᠯ‌ᠢ ᠠᠷᠭᠠᠴᠠᠬᠤ ᠴᠤᠤᠷᠢᠶᠠᠲᠤᠯ ᠢ ᠡᠬᠢᠯᠡᠭᠦᠯᠦᠨ᠎ᠡ᠃      ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠣᠶᠢᠶ᠎ᠠ ᠳᠤ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯ ᠢ ᠡᠬᠢᠯᠡᠭᠦᠯᠦᠨ᠎ᠡ᠃      ︵ᠬᠤᠶᠠᠷ︶ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠢ ᠡᠬᠢᠯᠡᠭᠦᠯᠬᠦ      ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠡᠷᠡᠮᠵᠢᠯᠡᠬᠦᠯᠬᠦ ᠮᠡᠳᠡᠭᠡ ᠵᠠᠩᠬᠢ ᠨᠢ ᠮᠠᠨ ᠤ ᠬᠤᠲᠠ ᠳᠤ ᠬᠤᠯᠪᠤᠭᠳᠠᠬᠤ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠰᠡᠷᠡᠮᠵᠢᠯᠡᠬᠦᠯᠦᠯ ᠢ ᠡᠬᠢᠯᠡᠬᠦᠯᠬᠦ ᠬᠡᠪᠴᠢᠶᠡᠨ ᠳᠠᠬᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠡᠷᠡᠮᠵᠢᠯᠡᠬᠦᠯᠬᠦ ᠳᠡᠰ ᠬᠤᠪᠢᠶᠠᠯᠲᠠ ᠶᠣᠰᠣᠭᠠᠷ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠴᠤᠤᠷᠢᠶᠠᠳᠣᠯ ᠢ ᠡᠬᠢᠯᠡᠭᠦᠯᠦᠨ᠎ᠡ᠃      ᠬᠤᠲᠠ ᠶᠢᠨ ᠱᠠᠲᠤᠨ ᠤ ᠰᠡᠷᠡᠮᠵᠢᠯᠡᠭᠦᠯᠦᠯ ᠢ ᠨᠡᠶᠢᠲᠡᠯᠡᠬᠦ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠣᠯᠤᠨ ᠰᠡᠷᠡᠮᠵᠢᠯᠡᠭᠦᠯᠦᠯ ᠢ ᠡᠬᠢᠯᠡᠭᠦᠯᠬᠦ ᠬᠡᠪᠴᠢᠶᠡᠨ ᠳᠠᠬᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠡᠷᠡᠮᠵᠢᠯᠡᠭᠦᠯᠬᠦ ᠳᠡᠰ ᠬᠤᠪᠢᠶᠠᠯᠲᠠ ᠶᠣᠰᠣᠭᠠᠷ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠢ ᠡᠬᠢᠯᠡᠭᠦᠯᠦᠨ᠎ᠡ᠃      ᠭᠠᠭᠴᠠ ᠬᠤᠰᠢᠭᠤ ᠲᠣᠭᠤᠷᠢᠭ ᠰᠡᠷᠡᠮᠵᠢᠯᠡᠬᠦᠯᠦᠯ ᠢ ᠡᠬᠢᠯᠡᠭᠦᠯᠬᠦ ᠨᠥᠬᠦᠴᠡᠯ ᠳᠤ ᠬᠦᠷᠦᠭᠰᠡᠨ ᠦᠶ᠎ᠡ ᠳᠤ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠰᠡᠷᠡᠮᠵᠢᠯᠡᠭᠦᠯᠬᠦ ᠲᠠᠰ  ᠬᠤᠪᠢᠶᠠᠯᠲᠠ ᠶᠣᠰᠣᠭᠠᠷ ᠵᠣᠬᠢᠴᠠᠩᠭᠤᠢ ᠲᠠᠰ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠢ ᠡᠬᠢᠯᠡᠬᠦᠯᠦᠨ᠎ᠡ᠃      ︵ᠭᠤᠷᠪᠠ︶ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠤᠨ ᠠᠷᠭ᠎ᠠ ᠬᠡᠮᠵᠢᠶ᠎ᠡ      1. ᠶᠡᠷᠦᠩᠬᠡᠶ ᠱᠠᠭᠠᠷᠳᠠᠯᠭ᠎ᠠ      ︵1︶ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠵᠤ᠂ ᠪᠤᠶ ᠪᠦᠬᠦᠢ ᠰᠢᠲᠠᠮᠠᠬᠠᠶ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ︵ᠢᠨᠵᠧᠨᠧᠷᠢᠩ︶᠎ ᠢ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠳᠠᠩᠰᠠᠨ ᠳᠤ ᠣᠷᠣᠭᠤᠯᠵᠤ᠂ ᠪᠣᠳᠠᠲᠤ ᠪᠠᠶᠢᠳᠠᠯ ᠢ ᠦᠨᠳᠦᠰᠦᠯᠡᠨ᠂ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠲᠣᠳᠣᠷᠬᠠᠶ ᠬᠠᠭᠤᠳᠠᠰᠤᠨ ᠳᠤ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠦᠨ᠎ᠡ︔ ᠪᠡᠯᠡᠳᠬᠡᠯ ᠲᠥᠰᠦᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠪᠠ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠨᠠᠢᠳᠠᠪᠤᠷᠢᠵᠢᠭᠤᠯᠬᠤ᠂ ᠲᠥᠰᠦᠯ ᠢ ᠬᠡᠷᠡᠭᠵᠢᠭᠦᠯᠵᠦ ᠪᠣᠯᠬᠤ᠂ ᠠᠵᠤ ᠠᠬᠤᠶᠢᠯᠠᠯ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠶᠠᠪᠤᠭᠳᠠᠭᠤᠰᠢᠲᠠᠶ ᠪᠠᠶᠢᠯᠭᠠᠬᠤ ᠶᠢ ᠦᠨᠡᠨᠬᠦ ᠪᠠᠲᠤᠯᠠᠵᠤ᠂ ︽ᠨᠢᠭᠡ ᠬᠤᠲᠠ ᠶᠢᠨ ᠨᠢᠭᠡᠨ ᠬᠡᠷᠡᠭ︾᠂ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾᠎ ᠲᠠᠢ ᠪᠠᠶᠢᠬᠤ ᠶᠢ ᠪᠡᠶᠡᠯᠡᠬᠦᠯᠦᠨ᠎ᠡ᠃      ︵2︶ ᠬᠤᠲᠠ᠂ ᠬᠤᠰᠢᠭᠤ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠎ ᠳᠤ ᠣᠷᠣᠭᠤᠯᠤᠭᠰᠠᠨ ᠠᠵᠤ ᠠᠬᠤᠶᠢᠯᠠᠯ ᠢ ᠵᠢᠯᠣᠭᠤᠳᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾᠎ ᠎ ᠲᠠᠢ ᠪᠠᠶᠢᠬᠤ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ  ᠬᠡᠷᠡᠭᠵᠢᠬᠦᠯᠬᠦ ᠲᠥᠰᠦᠯ ᠢ ᠲᠣᠭᠲᠠᠭᠠᠵᠤ᠂ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠴᠤᠪᠤᠷᠠᠯ᠂ ᠬᠡᠢ ᠭᠠᠷᠤᠯᠲᠠ ᠲᠠᠢ ᠬᠤᠯᠪᠣᠭᠳᠠᠬᠤ ᠪᠣᠬᠢᠷᠲᠤᠯ ᠢ ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠢ ᠭᠠᠳᠠᠭᠰᠢᠯᠠᠭᠤᠯᠬᠤ ᠪᠠᠶᠢᠳᠠᠯ ︵ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ︶ ᠪᠠᠭᠲᠠᠨ᠎ᠠ᠃ ᠲᠡᠷᠡᠴᠢᠯᠡᠨ ᠠᠳᠠᠯᠢ ᠪᠤᠰᠤ ᠲᠠᠰ ᠤᠨ ᠰᠡᠷᠡᠮᠵᠢᠯᠡᠭᠦᠯᠦᠯ ᠳᠣᠣᠷᠠᠬᠢ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠳᠣᠷᠬᠠᠶ ᠪᠢᠴᠢᠵᠦ᠂ ᠪᠣᠳᠠᠲᠠᠶ ᠵᠣᠭᠰᠣᠭᠠᠬᠤ ︵ᠬᠢᠵᠠᠭᠠᠷᠯᠠᠬᠤ︶ ᠦᠢᠯᠡᠳᠪᠦᠷᠢᠯᠡᠯ ᠤᠨ ᠱᠤᠭᠤᠮ᠂ ᠣᠷ᠎ᠠ ᠮᠡᠷᠭᠡᠰᠢᠯ ᠤᠨ ᠭᠤᠭᠴᠤᠭ᠎ᠠ ᠪᠤᠯᠤᠨ ᠡᠯ᠎ᠡ ᠲᠥᠷᠥᠯ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠩᠬᠢᠯᠠᠭ᠎ᠠ ᠶᠢᠨ ᠴᠢᠨᠠᠷᠲᠠᠶ ᠬᠦᠢᠴᠡᠳᠬᠡᠬᠦ ᠲᠤᠭ᠎ᠠ ︵ᠵᠢᠱᠢᠶᠡᠯᠡᠪᠡᠯ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠬᠦ ᠬᠡᠮᠵᠢᠶ᠎ᠡ᠂ ᠴᠠᠬᠢᠯᠭᠠᠨ ᠬᠡᠷᠡᠭᠯᠡᠬᠦ ᠬᠡᠮᠵᠢᠶ᠎ᠡ ᠵᠡᠷᠭᠡ︶᠎ ᠶᠢ ᠲᠣᠳᠣᠷᠬᠠᠶᠢᠯᠠᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠳᠡᠰ ᠳᠠᠷᠠᠭᠠᠯᠠᠯ ᠤᠨ ᠬᠠᠷᠢᠭᠤᠴᠠᠯᠭ᠎ᠠ ᠡᠭᠦᠷᠭᠡᠯᠡᠭᠴᠢ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠨᠠᠷᠢᠯᠢᠭᠵᠢᠭᠤᠯᠤᠨ᠎ᠠ᠃ ︽ᠬᠢᠵᠦ ᠪᠣᠯᠬᠤ᠂ ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾᠎ ᠶᠢ ᠪᠡᠶᠡᠯᠡᠬᠦᠯᠦᠨ᠎ᠡ᠃      ︵3︶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠢᠯᠡᠰ ᠪᠠ ᠠᠷᠠᠳ ᠤᠨ ᠠᠮᠢᠳᠤᠷᠠᠯ ᠢ ᠪᠠᠲᠤᠯᠠᠬᠤ ᠠᠵᠤ ᠠᠬᠤᠶᠢᠯᠠᠯ᠂ ᠪᠣᠳᠠᠲᠤ ᠪᠠᠶᠢᠳᠠᠯ ᠢᠶᠠᠨ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ ᠬᠤᠲᠠ ᠶᠢᠨ ᠠᠮᠢᠳᠤᠷᠠᠯ ᠤᠨ ᠬᠤᠭ ᠨᠣᠪᠰᠢ ᠪᠤᠶᠤ ᠠᠶᠤᠯᠲᠠᠶ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠬᠦ ᠶᠢ ᠡᠬᠦᠷᠭᠡᠯᠡᠵᠤ ᠪᠠᠶᠢᠭ᠎ᠠ ᠪᠤᠶᠤ᠂ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ ᠵᠡᠷᠭᠡ ᠳᠤ ᠬᠤᠯᠪᠤᠭᠳᠠᠬᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠦᠯ ᠤᠨ ᠠᠵᠤ ᠠᠬᠤᠶᠢᠯᠠᠯ  ᠎ ᠢ ᠲᠡᠭᠦᠨ ᠤ ᠡᠭᠦᠷᠭᠡᠯᠡᠬᠦ ᠬᠠᠮᠵᠢᠯᠴᠠᠨ ᠰᠢᠢᠳᠪᠦᠷᠢᠯᠡᠬᠦ ᠬᠡᠮᠵᠢᠶ᠎ᠡ ᠪᠣᠯᠤᠨ ᠳᠤᠯᠠᠭᠠᠯᠠᠭ᠎ᠠ ᠬᠠᠩᠭᠠᠬᠤ ᠲᠠᠯᠠᠪᠠᠶ ᠵᠡᠷᠭᠡ ᠪᠣᠯᠵᠣᠯᠲᠤ ᠲᠤᠭ᠎ᠠ ᠶᠢ ᠦᠨᠳᠦᠰᠦᠯᠡᠨ᠂ ᠬᠠᠮᠤᠭ ᠤᠨ ᠶᠡᠭᠡ ᠬᠡᠮᠵᠢᠶ᠎ᠡ ᠪᠠᠷ ᠦᠢᠯᠡᠳᠪᠦᠷᠢᠯᠡᠬᠦ ᠶᠢ ᠵᠦᠪᠰᠢᠶᠡᠷᠡᠬᠦ ᠵᠦᠪᠰᠢᠶᠡᠷᠡᠯ ᠤᠨ ᠦᠢᠯᠡᠳᠪᠦᠷᠢᠯᠡᠯ ᠤᠨ ᠳᠠᠭᠠᠭᠠᠴᠠ ᠶᠢ ᠬᠢᠨᠠᠨ ᠲᠣᠭᠲᠠᠭᠠᠵᠤ᠂ ︽ᠬᠡᠮᠵᠢᠶ᠎ᠡ ᠪᠠᠷ ᠭᠠᠷᠤᠯᠲᠠ ᠶᠢ ᠲᠣᠭᠲᠠᠭᠠᠬᠤ︾ ᠪᠤᠶᠤ ︽ᠢᠯᠴᠢ ᠪᠠᠷ ᠭᠠᠷᠤᠯᠲᠠ ᠶᠢ ᠲᠣᠭᠲᠠᠭᠠᠬᠤ︾᠎ ᠶᠢ ᠬᠡᠷᠡᠭᠵᠢᠬᠦᠯᠦᠨ᠎ᠡ᠃      ︵4︶ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠤᠨ ᠬᠤᠭᠤᠴᠠᠭ᠎ᠠ᠂ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ᠂ ᠮᠥᠬᠦᠯᠢᠭᠲᠦ ᠪᠣᠳᠠᠰ ᠪᠣᠯᠤᠨ ᠳᠡᠭᠳᠡᠮᠡᠬᠡᠶ ᠣᠷᠭᠠᠨᠢᠭ ᠪᠣᠳᠠᠰ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠨᠢ Ⅲ ᠳᠡᠰ᠂ Ⅱ ᠳᠡᠰ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠤᠨ ᠬᠤᠭᠤᠴᠠᠭᠠᠨ ᠳᠤ ᠪᠦᠬᠦ ᠨᠡᠶᠢᠭᠡᠮ ᠤᠨ ᠭᠠᠳᠠᠭᠰᠢᠯᠠᠭᠤᠯᠬᠤ ᠬᠡᠮᠵᠢᠶ ᠎ᠡ ᠶᠢᠨ ᠡᠵᠡᠯᠡᠬᠦ ᠬᠠᠷᠢᠴᠠᠯ ᠤᠨ 10%᠂ 20% ᠪᠠ 30%᠎ ᠠᠴᠠ ᠳᠡᠭᠡᠭᠰᠢ ᠳᠤ ᠲᠤᠰ ᠲᠤᠰ ᠬᠦᠷᠦᠭᠦᠯᠬᠦ ᠬᠡᠷᠡᠭᠲᠡᠶ᠃ ᠡᠯ᠎ᠡ ᠬᠤᠰᠢᠭᠤ ᠲᠣᠭᠤᠷᠢᠭ ᠨᠢ ᠲᠤᠰ ᠭᠠᠵᠠᠷ ᠤᠨ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠦᠨᠳᠦᠰᠦᠯᠡᠨ ᠬᠦᠬᠦᠷ ᠤᠨ ᠳᠠᠪᠬᠤᠷ ᠢᠰᠦᠯ ᠪᠠ ᠠᠽᠣᠲ ᠤᠨ ᠢᠰᠦᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠲᠤᠬᠢᠷᠠᠭᠤᠯᠵᠤ ᠪᠣᠯᠤᠨ᠎ᠠ᠂ ᠭᠡᠪᠡᠴᠦ ᠡᠨᠡ ᠬᠤᠶᠠᠷ ᠤᠨ ᠬᠠᠷᠢᠴᠠᠯ ᠤᠨ ᠨᠡᠶᠢᠯᠡᠪᠦᠷᠢ ᠶᠢ ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃      2᠂ Ⅲ ᠲᠠᠰ ᠤᠨ ᠴᠣᠣᠷᠢᠶᠠᠳᠣᠯ ᠤᠨ ᠠᠷᠭ᠎ᠠ ᠬᠡᠮᠵᠢᠶ᠎ᠡᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠷᠦ᠋ᠢᠬᠠᠨ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠢ  ᠵᠣᠬᠢᠶᠠᠨ ᠪᠠᠶᠢᠭᠤᠯᠤᠨ ᠵᠣᠬᠢᠴᠠᠩᠭᠤᠢ ᠵᠡᠷᠭᠡ ᠲᠠᠰ ᠤᠨ ᠴᠤᠤᠷᠢᠶᠠᠳᠣᠯ ᠤᠨ ᠠᠷᠭ᠎ᠠ ᠬᠡᠮᠵᠢᠶ᠎ᠡ ᠶᠢ ᠠᠪᠤᠨ᠎ᠠ᠃ ᠡᠭᠦᠨ ᠳᠤ ᠪᠠᠭᠲᠠᠬᠤ ᠪᠣᠯᠪᠠᠴᠤ ᠳᠣᠤᠷᠠᠬᠢ ᠠᠷᠭ᠎ᠠ ᠬᠡᠮᠵᠢᠶ᠎ᠡ ᠎ ᠳᠤ ᠬᠢᠵᠠᠭᠠᠷᠯᠠᠭᠳᠠᠬᠤ ᠦᠭᠡᠶ᠃      ︵1︶ ᠡᠷᠡᠭᠦᠯ ᠮᠡᠨᠳᠦ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ      ᠬᠡᠤᠬᠡᠳ᠂ ᠨᠠᠰᠤᠲᠠᠶᠢᠴᠤᠳ ᠪᠣᠯᠤᠨ ᠵᠢᠷᠦᠬᠡ ᠲᠠᠷᠢᠬᠢᠨ ᠰᠤᠳᠠᠯ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠳᠤ ᠨᠡᠷᠪᠡᠭᠳᠡᠭᠰᠡᠨ ᠠᠮᠠᠷᠬᠠᠨ ᠬᠠᠯᠳᠠᠪᠤᠷᠢᠯᠠᠭᠳᠠᠬᠤ ᠬᠥᠮᠦᠰ ᠠᠯᠢ ᠴᠢᠳᠠᠬᠤ ᠪᠠᠷ ᠥᠷᠥᠭᠡᠨ ᠳᠡᠭᠡᠨ ᠦᠯᠡᠳᠡᠵᠤ᠂ ᠭᠡᠷ ᠤᠨ ᠭᠠᠳᠠᠨᠠᠬᠢ ᠬᠥᠳᠡᠯᠭᠡᠭᠡᠨ ᠠᠴᠠ ᠵᠠᠶᠢᠯᠠᠰᠬᠢᠨ᠎ᠡ︔ ᠡᠩ ᠤᠨ ᠬᠥᠮᠦᠰ ᠭᠡᠷ ᠤᠨ ᠭᠠᠳᠠᠨᠠᠬᠢ ᠬᠥᠳᠡᠯᠭᠡᠭᠡᠨ ᠪᠠ ᠠᠵᠢᠯᠯᠠᠬᠤ ᠴᠠᠭ ᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠵᠤ᠂ ᠦᠨᠡᠬᠡᠷ ᠵᠠᠶᠢᠯᠠᠵᠤ ᠴᠢᠳᠠᠬᠤ ᠦᠭᠡᠶ ᠪᠣᠯ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠨ᠎ᠠ᠃      ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠠᠭᠠᠷ ᠴᠡᠪᠡᠷᠰᠢᠭᠦᠯᠬᠦ ᠲᠣᠨᠣᠭᠯᠠᠯ ᠤᠭᠰᠠᠷᠠᠭᠰᠠᠨ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠠᠭᠠᠷ ᠴᠡᠪᠡᠷᠰᠢᠭᠦᠯᠬᠦ ᠲᠥᠬᠦᠭᠡᠷᠦᠮᠵᠢ ᠶᠢ ᠴᠠᠭ ᠲᠤᠬᠠᠶ ᠳᠤᠨᠢ ᠨᠡᠭᠡᠭᠡᠬᠦ ᠶᠢ ᠬᠠᠷᠢᠭᠤᠴᠠᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠤᠨ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ  ᠵᠣᠭᠰᠣᠭᠠᠨ᠎ᠠ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠶᠢ ᠬᠢᠨᠠᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠡᠪᠡᠳᠴᠢᠨ ᠡᠮᠭᠡᠭ ᠤᠨ ᠡᠭᠦᠳᠡᠨ ᠡᠮᠨᠡᠯᠭᠡ᠂ ᠲᠦᠷᠭᠡᠨ ᠡᠮᠴᠢᠯᠡᠭᠡ᠂ ᠡᠮᠴᠢ ᠰᠤᠪᠢᠯᠠᠭᠴᠢ ᠶᠢ ᠨᠡᠮᠡᠭᠳᠡᠭᠦᠯᠬᠦ ᠶᠢ ᠬᠠᠷᠢᠭᠤᠴᠠᠨ᠎ᠠ᠃      ︵2︶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠨᠠᠭᠠᠴᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ      ᠣᠯᠠᠨ ᠨᠡᠶᠢᠲᠡ ᠶᠢᠨ ᠪᠣᠬᠢᠷᠲᠤᠯ ᠦᠭᠡᠶ ᠬᠡᠷᠡᠭᠯᠡᠭᠡ ᠶᠢ ᠰᠠᠨᠠᠭᠠᠴᠢᠯᠠᠵᠤ᠂ ᠨᠢᠭᠡᠴᠢ ᠪᠠ ᠣᠯᠠᠨ ᠨᠡᠶᠢᠲᠡ ᠪᠠᠷ ᠢᠶᠠᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠲᠦᠷᠬᠢᠬᠡᠰᠦ᠂ ᠰᠢᠷ᠂ ᠠᠭᠤᠰᠬᠠᠭᠴᠢ ᠵᠡᠷᠭᠡ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠤ ᠬᠡᠷᠡᠭᠯᠡᠯᠲᠡ ᠶᠢ ᠠᠯᠢ ᠴᠢᠳᠠᠬᠤ ᠪᠠᠷ ᠪᠠᠭᠠᠰᠬᠠᠨ᠎ᠠ︔ ᠣᠯᠠᠨ ᠨᠡᠶᠢᠲᠡ ᠶᠢᠨ ᠪᠣᠬᠢᠷᠲᠤᠯ ᠦᠭᠡᠶ ᠪᠠᠷ ᠭᠠᠳᠠᠭᠰᠢ ᠭᠠᠷᠬᠤ ᠶᠢ ᠰᠠᠨᠠᠭᠠᠴᠢᠯᠠᠵᠤ᠂ ᠠᠯᠢ ᠴᠢᠳᠠᠬᠤ ᠪᠠᠷ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠳᠤ ᠰᠠᠭᠤᠵᠤ ᠭᠠᠳᠠᠭᠰᠢ ᠭᠠᠷᠴᠤ᠂ ᠲᠡᠷᠭᠡ ᠪᠠᠨ ᠵᠤᠭᠰᠣᠭᠠᠬᠤ ᠲᠠᠢ ᠵᠡᠷᠭᠡ ᠤᠨᠲᠠᠷᠠᠭᠠᠵᠤ᠂ ᠲᠡᠷᠭᠡ ᠬᠥᠰᠬᠡ ᠶᠢᠨ ᠤᠤᠯ ᠣᠷᠣᠨ ᠳᠠᠭᠠᠨ ᠬᠦᠳᠡᠯᠬᠡᠬᠦᠷ ᠎ ᠢᠶᠠᠨ ᠨᠤᠴᠤᠭᠠᠵᠤ ᠬᠦᠯᠢᠶᠡᠬᠦ ᠴᠠᠭ ᠢ ᠪᠠᠭᠠᠰᠬᠠᠨ᠎ᠠ︔ ᠣᠯᠠᠨ ᠨᠡᠶᠢᠲᠡ ᠶᠢᠨ ᠪᠣᠬᠢᠷᠲᠤᠯ ᠦᠭᠡᠶ ᠠᠮᠢᠳᠤᠷᠠᠯ ᠢ ᠰᠠᠨᠠᠭᠠᠴᠢᠯᠠᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ᠃      ︵3︶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ      ① ᠠᠵᠤ ᠦᠢᠯᠡᠳᠪᠦᠷᠢ  ᠶᠢᠨ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠣᠰᠣᠭᠠᠷ᠂ ᠡᠯ᠎ᠡ ᠵᠦᠢᠯ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ᠂ ᠠᠵᠤ ᠦᠢᠯᠡᠳᠪᠦᠷᠢ ᠪᠣᠯᠤᠨ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠦᠴᠢᠷ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠶᠣᠰᠣᠭᠠᠷ ᠠᠵᠤ ᠠᠬᠤᠶᠢᠯᠠᠯ ᠢ ᠬᠢᠨᠠᠨ ᠵᠢᠯᠣᠭᠤᠳᠴᠤ ︽ᠨᠢᠬᠡ ᠦᠢᠯᠡᠳᠪᠦᠷᠢ ᠳᠤ ᠨᠢᠬᠡ ᠠᠷᠭ᠎ᠠ ᠪᠤᠳᠤᠯᠭ᠎ᠠ︾ ᠪᠠᠶᠢᠬᠤ ᠪᠠᠴᠢᠮ ᠪᠠᠶᠢᠳᠠᠯ ᠢ ᠠᠷᠭᠠᠴᠠᠬᠤ ᠱᠠᠭᠠᠷᠳᠠᠯᠭ᠎ᠠ ᠶᠢ ᠨᠠᠶᠢᠲᠠᠪᠤᠷᠢᠵᠢᠭᠤᠯᠵᠤ᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ ᠦᠢᠯᠡᠳᠪᠦᠷᠢᠯᠡᠯ ᠢ ᠵᠣᠭᠰᠣᠭᠠᠬᠤ᠂ ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ ᠬᠡᠮᠵᠢᠶᠡᠨ ᠤ ᠪᠣᠳᠠᠰ ᠎ ᠢ ᠰᠣᠯᠪᠢᠯᠴᠠᠭᠤᠯᠤᠨ ᠵᠦᠬᠡᠬᠡᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ ᠤᠨ ᠪᠣᠬᠢᠷᠲᠤᠯ  ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠠᠮᠲᠤ ᠭᠤᠣᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠭ᠎ᠠ ᠤᠳᠠᠭ᠎ᠠ ᠶᠢ ᠨᠡᠮᠡᠭᠳᠡᠬᠦᠯᠦᠨ᠎ᠡ᠃      ② ᠲᠤᠭᠤᠰᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠠᠭᠤᠷᠬᠠᠶ ᠂ ᠬᠠᠶᠢᠷ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠬᠠᠪᠲᠠᠰᠤ ᠶᠢᠨ ᠦᠢᠯᠡᠳᠪᠦᠷᠢ ᠵᠡᠷᠭᠡ ᠶᠢᠨ ᠵᠠᠳᠠᠭᠠᠶ ᠪᠠᠷ ᠠᠵᠢᠯᠯᠠᠬᠤ ᠶᠢ ᠵᠤᠭᠰᠤᠭᠠᠵᠤ᠂ ᠪᠠᠷᠢᠯᠭ᠎ᠠ ᠶᠢᠨ ᠭᠠᠵᠠᠷ ᠤᠨ ᠰᠢᠷᠣᠶ ᠴᠢᠯᠠᠭᠤᠨ ᠤ ᠠᠵᠢᠯ ᠢ ᠵᠣᠭᠰᠣᠭᠠᠬᠤ ︵ᠪᠠᠷᠢᠯᠭ᠎ᠠ ᠨᠤᠷᠠᠭᠠᠬᠤ᠂ ᠰᠢᠷᠣᠶ ᠴᠢᠯᠠᠭᠤ ᠮᠠᠯᠲᠠᠬᠤ᠂ ᠡᠭᠡᠭᠦᠯᠦᠨ ᠪᠥᠭᠯᠡᠬᠦ᠂ ᠲᠠᠯᠠᠪᠤᠷ ᠲᠤ ᠪᠤᠴᠠᠭᠠᠨ ᠲᠡᠭᠡᠭᠡᠪᠦᠷᠢᠯᠡᠬᠦ᠂ ᠴᠣᠬᠤᠢ ᠬᠤᠯᠢᠬᠤ᠂ ᠪᠧᠲ᠋ᠤᠨ ᠮᠠᠯᠲᠠᠬᠤ ᠵᠡᠷᠭᠡ ᠠᠵᠢᠯ ᠢ ᠵᠤᠭᠰᠣᠭᠠᠬᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ ᠬᠤᠭᠤᠯᠠᠶ ᠰᠤᠪᠠᠭ ᠢ ᠨᠡᠭᠡᠭᠡᠨ ᠮᠠᠯᠲᠠᠬᠤ ᠠᠵᠢᠯ ᠢ ᠵᠤᠭᠰᠤᠭᠠᠨ᠎ᠠ︶︔ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠣᠯᠤᠨ ᠬᠠᠶᠢᠷ ᠴᠢᠯᠠᠭᠤ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠵᠤ ᠶᠠᠪᠤᠭᠤᠯᠬᠤ ᠶᠢ ᠴᠠᠭᠠᠵᠠᠯᠠᠵᠤ᠂ ᠰᠢᠷᠣᠶ ᠴᠢᠯᠠᠭᠤ ᠮᠠᠯᠲᠠᠬᠤ ᠮᠠᠰᠢᠨ ᠵᠡᠷᠭᠡ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠠᠵᠢᠯᠯᠠᠬᠤ ᠶᠢ ᠵᠤᠭᠰᠤᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠵᠠᠮ ᠤᠨ ᠠᠷᠢᠭᠤᠨ ᠴᠡᠪᠡᠷ ᠢ ᠬᠠᠮᠠᠭᠠᠯᠠᠬᠤ ᠲᠤᠭ᠎ᠠ ᠤᠳᠠᠭ᠎ᠠ ᠎ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠴᠡᠪᠡᠷᠯᠡᠨ ᠱᠦᠭᠦᠷᠳᠡᠬᠦ᠂ ᠤᠰᠤ ᠰᠦᠷᠴᠢᠬᠦ᠂ ᠱᠠᠭᠠᠬᠢᠬᠤ ᠵᠡᠷᠭᠡ ᠠᠵᠢᠯ ᠤᠨ ᠲᠤᠭ᠎ᠠ ᠤᠳᠠᠭ᠎ᠠ ︵ᠬᠥᠯᠳᠡᠬᠦ ᠬᠤᠭᠤᠴᠠᠭ᠎ᠠ ᠶᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠦᠨ᠎ᠡ︶᠎ ᠶᠢ ᠨᠡᠮᠡᠭᠳᠡᠬᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠷᠢᠯᠭ᠎ᠠ ᠶᠢᠨ ᠪᠠᠷᠢᠯᠭ᠎ᠠ ᠪᠠᠷᠢᠬᠤ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠮᠠᠯ ᠵᠠᠮ ᠤᠨ ᠳᠡᠭᠳᠡᠮᠡᠯ ᠲᠣᠭᠤᠰᠣᠨ ᠤ ᠪᠣᠬᠢᠷᠳᠣᠯ  ᠢ ᠰᠡᠷᠭᠡᠶᠢᠯᠡᠨ ᠵᠠᠰᠠᠨ᠎ᠠ᠃      ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠠᠷᠢᠯᠭ᠎ᠠ ᠶᠢᠨ ᠠᠵᠢᠯ ᠵᠡᠷᠭᠡ ᠶᠢ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠠᠵᠢᠯᠯᠠᠭᠤᠯᠵᠤ ᠪᠣᠯᠤᠨ᠎ᠠ᠂ ᠭᠡᠪᠡᠴᠦ ︽ᠵᠢᠷᠭᠤᠭᠠᠨ ᠵᠠᠭᠤᠨ ᠤ ᠵᠠᠭᠤ︾ ︵ᠪᠠᠷᠢᠯᠭ᠎ᠠ ᠶᠢᠨ ᠭᠠᠵᠠᠷ ᠤᠨ ᠡᠷᠭᠢᠨ ᠲᠣᠭᠤᠷᠢᠨ ᠢ ᠵᠠᠭᠤᠨ ᠤ ᠵᠠᠭᠤ ᠪᠠᠷ ᠬᠦᠷᠢᠶᠡᠯᠡᠨ ᠬᠠᠰᠢᠬᠤ᠂ ᠪᠣᠳᠠᠰ  ᠮᠠᠲ᠋ᠧᠷᠢᠶᠠᠯ ᠤᠪᠤᠭᠠᠯᠠᠭᠰᠠᠨ ᠭᠠᠵᠠᠷ ᠎ ᠢ ᠵᠠᠭᠤᠨ ᠤ ᠵᠠᠭᠤ ᠪᠠᠷ ᠪᠦᠷᠬᠦᠬᠦ᠂ ᠣᠷᠣᠵᠤ ᠭᠠᠷᠬᠤ ᠲᠡᠷᠭᠡ ᠬᠥᠰᠬᠡ ᠶᠢ ᠵᠠᠭᠤᠨ ᠤ ᠵᠠᠭᠤ ᠪᠠᠷ ᠤᠬᠢᠶᠠᠬᠤ᠂ ᠪᠠᠷᠢᠯᠭ᠎ᠠ ᠶᠢᠨ ᠭᠠᠵᠠᠷ ᠤᠨ ᠵᠠᠮ ᠢ ᠵᠠᠭᠤᠨ ᠤ ᠵᠠᠭᠤ ᠪᠠᠷ ᠬᠠᠲᠠᠭᠤᠷᠠᠭᠤᠯᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠎ ᠢ ᠵᠠᠭᠤᠨ ᠤ ᠵᠠᠭᠤ ᠪᠠᠷ ᠴᠢᠬᠢᠭᠳᠡᠬᠦᠯᠦᠨ ᠠᠵᠢᠯᠯᠠᠭᠤᠯᠬᠤ᠂ ᠰᠢᠭᠠᠷᠤ ᠰᠢᠷᠣᠶ ᠶᠢᠨ ᠲᠡᠷᠭᠡ ᠬᠥᠰᠬᠡ ᠶᠢ ᠵᠠᠭᠤᠨ ᠤ ᠵᠠᠭᠤ ᠪᠠᠷ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ︶ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠎ᠠ᠃ ᠨᠢᠴᠦᠭᠦᠨ ᠲᠠᠯᠠᠪᠤᠷ ᠪᠦᠬᠦᠨ ᠢ ᠪᠦᠷᠬᠦᠵᠦ᠂ ᠤᠰᠤ ᠰᠦᠷᠴᠢᠵᠦ ᠲᠣᠭᠤᠰᠣ ᠳᠠᠷᠤᠬᠤ ᠲᠤᠭ᠎ᠠ ᠤᠳᠠᠭ᠎ᠠ ᠶᠢ ᠨᠡᠮᠡᠭᠳᠡᠬᠦᠯᠦᠨ᠎ᠡ᠃      ③ ᠰᠢᠯᠵᠢᠮᠡᠯ ᠢᠷᠡᠯᠲᠡ ᠶᠢᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠪᠠᠷᠢᠯᠭ᠎ᠠ ᠶᠢᠨ ᠭᠠᠵᠠᠷ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠷᠢᠮᠵᠢᠶ᠎ᠠ ᠳᠤ ᠬᠦᠷᠬᠦ ᠦᠭᠡᠶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠬᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ ᠬᠤᠲᠠ᠂ ᠬᠤᠰᠢᠭᠤ ᠲᠣᠭᠤᠷᠢᠭ ᠤᠨ ᠬᠤᠲᠠ ᠲᠤᠳᠤᠷ᠎ᠠ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠠᠴᠢᠶᠠᠨ ᠤ ᠮᠠᠰᠢᠨ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠨᠡᠪᠲᠡᠷᠡᠬᠦ ᠶᠢ ᠴᠠᠭᠠᠵᠠᠯᠠᠨ᠎ᠠ᠃ ᠡᠯ᠎ᠡ ᠬᠤᠰᠢᠭᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ ᠪᠤᠬᠢᠷᠳᠤᠯ ᠲᠠᠢ ᠴᠠᠭ ᠠᠭᠤᠷ ᠤᠨ ᠠᠶᠠᠯᠠᠬᠤ ᠶᠢ ᠬᠢᠵᠠᠭᠠᠷᠯᠠᠬᠤ ᠵᠠᠷᠯᠠᠯ  ᠶᠤᠰᠤᠭᠠᠷ᠂ ᠬᠦᠨᠳᠦ ᠬᠡᠯᠪᠡᠷᠢ᠂ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠶᠢᠨ ᠬᠢᠵᠠᠭᠠᠷᠯᠠᠯ ᠢ ᠵᠦᠷᠢᠴᠡᠭᠰᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠭᠡᠭᠦ ᠶᠢ ᠬᠠᠷᠢᠭᠤᠴᠠᠨ᠎ᠠ᠃ ᠬᠢᠯᠢ ᠪᠠᠷ ᠥᠩᠭᠡᠷᠡᠬᠦ ᠲᠡᠷᠭᠡ ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠶᠢᠨ ᠪᠠᠶᠢᠭᠤᠯᠤᠭᠰᠠᠨ ᠲᠣᠭᠤᠷᠢᠭ ᠠᠴᠠ ᠵᠠᠶᠢᠯᠠᠭᠤᠯᠤᠨ ᠶᠠᠪᠤᠭᠤᠯᠤᠨ᠎ᠠ᠃      3᠂ Ⅱ ᠲᠠᠰ ᠤᠨ ᠴᠣᠣᠷᠢᠶᠠᠳᠣᠯ ᠤᠨ ᠠᠷᠭ᠎ᠠ ᠬᠡᠮᠵᠢᠶ᠎ᠡ      Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠭᠳᠡᠬᠦᠯᠦᠨ᠎ᠡ᠃      ︵1︶ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠡᠨᠧᠷᠭᠢ ᠶᠢᠨ ᠰᠠᠯᠠᠭ᠎ᠠ ᠮᠥᠴᠢᠷ ᠤᠳ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠵᠦ᠂ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠱᠠᠲᠤ ᠬᠤᠪᠢᠶᠠᠨ ᠡᠭᠡᠯᠵᠢᠯᠡᠨ ᠴᠠᠬᠢᠯᠭᠠᠨ ᠭᠠᠷᠭᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠵᠢᠬᠦᠯᠦᠨ᠎ᠡ᠃      ︵2︶ ᠰᠢᠯᠵᠢᠭᠦᠯᠦᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠭᠡᠭᠡᠪᠦᠷᠢᠯᠡᠬᠦ ᠬᠦᠴᠦᠨ ᠢ ᠨᠡᠮᠡᠭᠳᠡᠭᠦᠯᠬᠦ ᠶᠢ ᠬᠠᠷᠢᠭᠤᠴᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠶᠢ ᠪᠠᠲᠤᠯᠠᠵᠤ᠂ ᠨᠥᠬᠦᠴᠡᠯ ᠲᠠᠢ ᠭᠠᠵᠠᠷ ᠣᠷᠣᠨ ᠨᠤᠭᠤᠳ ᠵᠠᠰᠠᠭ ᠤᠨ ᠣᠷᠳᠣᠨ ᠎ ᠠᠴᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢ ᠠᠰᠢᠭᠯᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡᠨ ᠳᠤ ᠰᠠᠭᠤᠬᠤ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ᠠᠭᠤᠷᠬᠠᠶ ︵ᠨᠡᠭᠦᠷᠡᠰᠦᠨ ᠠᠭᠤᠷᠬᠠᠶ ᠪᠠᠭᠲᠠᠨ᠎ᠠ︶᠂ ᠨᠡᠭᠦᠷᠡᠰᠦ ᠤᠬᠢᠶᠠᠬᠤ ᠦᠢᠯᠡᠳᠪᠦᠷᠢ᠂ ᠪᠠᠷᠠᠭᠠᠨ ᠤ ᠬᠦᠢᠯᠬᠡᠬᠡᠨ ᠤ ᠠᠵᠤ ᠠᠬᠤᠶᠢᠯᠠᠯ ︵ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠪᠠᠭᠲᠠᠨ᠎ᠠ︶ ᠵᠡᠷᠭᠡ ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠪᠣᠯᠤᠨ ᠦᠢᠯᠡᠳᠬᠦᠨ ᠤ ᠲᠡᠭᠡᠭᠡᠪᠦᠷᠢ ︵ᠡᠳᠦᠷ ᠲᠤᠲᠤᠮ ᠤᠨ ᠲᠡᠷᠭᠡ ᠬᠥᠰᠬᠡ ᠶᠢᠨ ᠣᠷᠣᠵᠤ ᠭᠠᠷᠬᠤ ᠬᠡᠮᠵᠢᠶ᠎ᠡ ᠨᠢ 10 ᠲᠡᠷᠭᠡ ᠤᠳᠠᠭ᠎ᠠ ᠠᠴᠠ ᠳᠠᠪᠠᠨ᠎ᠠ︶᠎ ᠳᠤ ᠬᠤᠯᠪᠣᠭᠳᠠᠬᠤ ᠨᠢᠭᠡᠴᠡ ᠨᠢ ᠤᠯᠤᠰ ᠎ ᠤᠨ Ⅳ ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ ︵ᠰᠢᠲᠠᠭᠠᠯᠭ ᠎ᠠ ᠨᠢ ᠰᠢᠲᠠᠮᠠᠬᠠᠶ ᠬᠡᠢ ᠪᠣᠯᠬᠤ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ ᠪᠠᠭᠲᠠᠨ᠎ᠠ︶᠎ ᠶᠢᠨ ᠲᠡᠭᠡᠭᠡᠪᠦᠷᠢ ᠶᠢ ᠵᠤᠭᠰᠤᠭᠠᠨ᠎ᠠ ︵ᠣᠨᠴᠠᠭᠠᠢ ᠲᠥᠷᠦᠯ ᠤᠨ ᠲᠡᠷᠭᠡ ᠬᠥᠰᠬᠡ᠂ ᠠᠶᠤᠯᠲᠠᠢ ᠬᠢᠮᠢ ᠶᠢᠨ ᠪᠤᠳᠠᠰ ᠤᠨ ᠲᠡᠷᠭᠡ ᠬᠥᠰᠬᠡ ᠵᠡᠷᠭᠡ ᠪᠠᠭᠲᠠᠬᠤ ᠦᠭᠡᠶ︶᠃      ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠤᠨ ᠨᠥᠬᠦᠴᠡᠯ ᠢ ᠦᠨᠳᠦᠰᠦᠯᠡᠨ ᠴᠠᠭ ᠠᠭᠤᠷ ᠢ ᠨᠥᠯᠥᠭᠡᠯᠡᠬᠦ ᠠᠵᠢᠯ ᠢ ᠴᠠᠭ ᠲᠤᠨᠢ ᠲᠣᠬᠢᠷᠠᠭᠤᠯᠤᠨ ᠦᠷᠨᠢᠬᠦᠯᠦᠨ᠎ᠡ᠃      4. Ⅰ ᠲᠠᠰ ᠤᠨ ᠴᠤᠤᠷᠢᠶᠠᠳᠣᠯ ᠤᠨ ᠠᠷᠭ᠎ᠠ ᠬᠡᠮᠵᠢᠶ᠎ᠡ      Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠣᠣᠷᠢᠶᠠᠳᠣᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃      ︵1︶ ᠡᠷᠡᠭᠦᠯ ᠮᠡᠨᠳᠦ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡᠬᠤᠲᠠ᠂ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠨᠥᠬᠦᠴᠡᠯ ᠲᠠᠢ ᠬᠡᠤᠭᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠵᠣᠭᠰᠣᠬᠤ ᠶᠢ ᠵᠢᠯᠣᠭᠤᠳᠴᠤ ᠪᠣᠯᠤᠨ᠎ᠠ᠂ ᠲᠡᠷᠡᠴᠢᠯᠡᠨ ᠬᠢᠴᠢᠶᠡᠯ ᠵᠣᠭᠰᠣᠬᠤ ᠬᠤᠭᠤᠴᠠᠭᠠᠨ ᠳᠠᠬᠢ ᠰᠤᠷᠤᠭᠴᠢᠳ ᠤᠨ ᠰᠤᠷᠤᠯᠴᠠᠯᠭ᠎ᠠ ᠶᠢ ᠵᠦᠢ ᠵᠣᠬᠢᠰᠲᠠᠶ ᠲᠤᠬᠢᠷᠠᠭᠤᠯᠵᠤ᠂ ᠠᠯᠢ ᠴᠢᠳᠠᠬᠤ ᠪᠠᠷ ᠬᠢᠴᠢᠶᠡᠯ ᠵᠤᠭᠰᠤᠪᠠᠴᠣ ᠰᠤᠷᠤᠯᠴᠠᠯᠭ᠎ᠠ ᠶᠢ ᠵᠤᠭᠰᠤᠭᠠᠬᠤ ᠦᠬᠡᠢ ᠪᠠᠶᠢᠬᠤ ᠶᠢ ᠪᠡᠶᠡᠯᠡᠬᠦᠯᠦᠨ᠎ᠡ᠃      ︵2︶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ      ① ᠠᠵᠤ ᠦᠢᠯᠡᠳᠪᠦᠷᠢ ᠶᠢᠨ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠣᠰᠣᠭᠠᠷ᠂ ᠡᠯ᠎ᠡ ᠵᠦᠢᠯ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ ᠎ᠡ ᠶᠢ ᠴᠢᠩᠭ᠎ᠠ ᠨᠠᠶᠢᠲᠠᠪᠤᠷᠢᠵᠢᠭᠤᠯᠤᠨ᠎ᠠ᠃      ② ᠰᠢᠯᠵᠢᠮᠡᠯ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠰᠢᠨᠲᠤ ᠲᠡᠷᠭᠡ ᠶᠢ ᠬᠠᠮᠢᠶᠠᠷᠤᠨ ᠡᠵᠡᠮᠳᠡᠬᠦ ᠨᠡᠩ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃      ︵ᠲᠥᠷᠪᠡ︶ ᠪᠠᠴᠢᠮ ᠪᠠᠶᠢᠳᠠᠯ ᠢ ᠠᠷᠭᠠᠴᠠᠨ ᠬᠤᠯᠪᠤᠭᠠᠯᠠᠨ ᠬᠦᠳᠡᠯᠦᠯᠴᠡᠬᠦ      1᠂ ᠬᠤᠲᠠ ᠶᠢᠨ ᠲᠡᠰ ᠤᠨⅢ ᠲᠠᠰ ᠤᠨ ᠴᠤᠤᠷᠢᠶᠠᠳᠣᠯ      ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠬᠢᠨᠠᠨ ᠬᠠᠮᠢᠶᠠᠷᠬᠤ ᠪᠤᠶᠤ ᠬᠢᠨᠠᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠲᠠᠢ ᠨᠢᠭᠡᠴᠡ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠰᠠᠯᠠᠭ᠎ᠠ ᠮᠥᠴᠢᠷ ᠤᠨ ᠲᠤᠰᠬᠠᠶ ᠬᠡᠷᠡᠭᠵᠢᠭᠦᠯᠬᠦ ᠳᠥᠰᠦᠯ ᠢ ᠡᠬᠢᠯᠡᠭᠦᠯᠵᠦ᠂ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠲᠠᠪᠤᠷᠢᠵᠢᠭᠤᠯᠤᠨ᠎ᠠ᠃      2᠂ ᠬᠤᠲᠠ ᠶᠢᠨ ᠲᠠᠰ ᠤᠨ Ⅱ ᠲᠠᠰ ᠤᠨ ᠴᠤᠤᠷᠢᠶᠠᠳᠣᠯ      ᠪᠦᠬᠦ ᠬᠤᠲᠠ ᠶᠢᠨ Ⅲ ᠲᠠᠰ ᠤᠨ ᠴᠣᠣᠷᠢᠶᠠᠳᠣᠯ ᠤᠨ ᠰᠠᠭᠤᠷᠢᠨ ᠳᠡᠭᠡᠷ᠎ᠡ᠂ ᠵᠠᠳᠠᠯᠬᠤ᠂ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ ᠶᠢ ᠴᠢᠩᠭᠠᠳᠬᠠᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠡᠳᠦᠷ ᠪᠦᠷᠢ ᠮᠡᠳᠡᠬᠦᠯᠦᠨ᠎ᠡ᠃      3᠂ ᠬᠤᠲᠠ ᠶᠢᠨ ᠲᠠᠰ ᠤᠨ Ⅰ ᠲᠠᠰ ᠤᠨ ᠴᠣᠣᠷᠢᠶᠠᠳᠣᠯ      ᠪᠦᠬᠦ ᠬᠤᠲᠠ ᠶᠢᠨ Ⅱ ᠲᠠᠰ ᠤᠨ ᠴᠤᠤᠷᠢᠶᠠᠳᠣᠯ ᠤᠨ ᠰᠠᠭᠤᠷᠢᠨ ᠳᠡᠭᠡᠷ᠎ᠡ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠬᠤᠲᠠ ᠶᠢᠨ ᠡᠯ᠎ᠡ ᠬᠠᠮᠢᠶ᠎ᠠ ᠪᠦᠬᠦᠢ ᠨᠢᠭᠡᠴᠡ ᠶᠢᠨ ᠠᠵᠢᠯ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃      ︵ᠲᠠᠪᠤ︶ ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠢ ᠵᠤᠭᠰᠤᠭᠠᠬᠤᠰᠡᠷᠡᠮᠵᠢᠯᠡᠬᠦᠯᠦᠯ ᠢ ᠲᠠᠶᠢᠯᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠨᠢ ᠠᠶᠠᠨᠳᠠᠭᠠᠨ ᠳᠠᠭᠤᠰᠤᠨ᠎ᠠ᠃      ᠪᠠᠴᠢᠮ ᠪᠠᠶᠢᠳᠠᠯ ᠢ ᠠᠷᠭᠠᠴᠠᠬᠤ  ᠴᠤᠤᠷᠢᠶᠠᠳᠣᠯ ᠢ 5 ᠠᠵᠢᠯᠯᠠᠬᠤ ᠡᠳᠦᠷ ᠤᠨ ᠳᠣᠲᠣᠷ᠎ᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ  ᠴᠣᠣᠷᠢᠶᠠᠳᠣᠯ ᠢ ᠦᠨᠡᠯᠡᠨ ᠵᠢᠱᠢᠭᠰᠡᠨ ᠮᠡᠳᠡᠬᠦᠯᠦᠯᠲᠡ ᠶᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ ᠦᠨᠡᠯᠡᠨ ᠵᠢᠱᠢᠭᠰᠡᠨ ᠮᠡᠳᠡᠭᠦᠯᠦᠯᠲᠡ ᠳᠤ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠤᠨ ᠲᠠᠰ᠂ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ᠂ ᠬᠡᠷᠡᠭᠵᠢᠬᠦᠯᠦᠭᠰᠡᠨ ᠦᠷ᠎ᠡ ᠪᠦᠲᠦᠮᠵᠢ ᠵᠡᠷᠭᠡ᠂ ᠲᠡᠷᠡᠴᠢᠯᠡᠨ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠤᠷᠠᠳᠬᠤ ᠵᠡᠷᠭᠡ ᠪᠠᠭᠳᠠᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠠᠷᠤᠳᠠᠯ ᠤᠨ ᠪᠠᠲᠤᠯᠠᠭ᠎ᠠ      ᠬᠤᠲᠠ᠂ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠬᠦᠨᠲᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠬᠦ᠂ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠬᠢᠨᠠᠯᠲᠠ ᠲᠠᠯᠪᠢᠨ ᠪᠠᠶᠢᠴᠠᠭᠠᠬᠤ ᠵᠢᠴᠢ ᠰᠠᠭᠤᠷᠢ ᠲᠥᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠳᠡᠮᠵᠢᠯᠭᠡ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠡᠯ᠎ᠡ ᠵᠦᠢᠯ ᠤᠨ ᠠᠵᠢᠯ ᠳᠤ ᠪᠡᠯᠡ ᠮᠥᠩᠬᠦᠨ ᠤ ᠪᠠᠲᠤᠯᠠᠭ᠎ᠠ ᠬᠠᠩᠭᠠᠨ᠎ᠠ᠃      ︵ᠬᠤᠶᠠᠷ︶ ᠡᠳ᠋ ᠪᠠᠷᠠᠭ᠎ᠠ ᠶᠢᠨ ᠪᠠᠲᠤᠯᠠᠭ᠎ᠠ      ᠬᠤᠲᠠ᠂ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠲᠥᠬᠦᠬᠡᠷᠦᠮᠵᠢ᠂ ᠲᠡᠷᠭᠡ ᠬᠥᠰᠬᠡ᠂ ᠬᠥᠮᠦᠰ ᠤᠨ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠲᠥᠯᠥᠪᠯᠡᠭᠡ ᠲᠣᠭᠲᠠᠭᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡᠯᠡᠨ ᠬᠠᠮᠠᠭᠠᠯᠠᠬᠤ ᠭᠤᠤᠯ ᠴᠣᠭᠴᠠ᠂ ᠲᠥᠷᠥᠯ ᠵᠦᠢᠯ ᠪᠣᠯᠤᠨ ᠲᠤᠭ᠎ᠠ ᠬᠡᠮᠵᠢᠶ᠎ᠡ ᠶᠢ ᠲᠤᠳᠤᠷᠬᠠᠶᠢᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠴᠢᠳᠠᠪᠤᠷᠢ ᠪᠠᠨ ᠦᠨᠳᠦᠰᠦᠯᠡᠨ᠂ ᠲᠥᠷᠥᠯ ᠵᠦᠢᠯ ᠨᠢ ᠪᠦᠷᠢᠨ ᠬᠦᠢᠴᠡᠳ᠂ ᠲᠤᠭ᠎ᠠ ᠬᠡᠮᠵᠢᠶ᠎ᠡ ᠨᠢ ᠬᠦᠢᠴᠡᠳ ᠪᠠᠴᠢᠮ ᠪᠠᠶᠢᠳᠠᠯ ᠢ ᠠᠷᠭᠠᠴᠠᠬᠤ ᠲᠦᠬᠦᠬᠡᠷᠦᠮᠵᠢ᠂ ᠲᠡᠷᠭᠡ ᠬᠥᠰᠬᠡ ᠪᠣᠯᠤᠨ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠵᠡᠷᠭᠡ ᠬᠠᠲᠠᠭᠤ ᠬᠡᠷᠡᠭᠰᠡᠯ ᠤᠨ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠶᠢᠨ ᠬᠠᠮᠲᠤ ᠡᠳᠦᠷ ᠲᠤᠲᠤᠮ ᠤᠨ ᠬᠠᠮᠢᠶᠠᠷᠤᠯᠲᠠ ᠪᠠ ᠠᠷᠠᠴᠢᠯᠠᠨ ᠬᠠᠮᠠᠭᠠᠯᠠᠯᠲᠠ ᠬᠢᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃      ︵ᠭᠤᠷᠪᠠ︶ ᠠᠮᠤᠷ ᠲᠦᠪᠰᠢᠨ ᠤ ᠪᠠᠲᠤᠯᠠᠭ᠎ᠠ      ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠡᠬᠢᠯᠡᠭᠦᠯᠦᠭᠰᠡᠨ ᠤ ᠳᠠᠷᠠᠭ᠎ᠠ᠂ ᠠᠮᠢ ᠠᠬᠤᠶ ᠤᠷᠴᠢᠨ ᠲᠣᠭᠤᠷᠢᠨ ᠤ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠨ᠎ᠡ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠤᠯᠢ ᠶᠣᠰᠣᠭᠠᠷ ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠦᠴᠢᠷ  ᠤᠳ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯ ᠦᠭᠡᠶ ᠶᠢᠨ ᠲᠦᠭᠰᠢᠬᠦᠷᠢ  ᠶᠢᠨ ᠳᠡᠰ ᠢ ᠬᠠᠤᠯᠢ ᠶᠣᠰᠣᠭᠠᠷ ᠲᠣᠭᠲᠠᠭᠠᠵᠤ᠂ ᠠᠶᠤᠯ ᠲᠦᠭᠰᠢᠭᠦᠷᠢ ᠪᠠᠷ ᠨᠡᠯᠢᠶᠡᠳ ᠶᠡᠭᠡ ᠠᠵᠤ ᠠᠬᠤᠶᠢᠯᠠᠯ ᠳᠤ᠂ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠢ ᠵᠢᠯᠣᠭᠤᠳᠤᠨ ᠲᠤᠰᠬᠠᠶ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠢ ᠲᠤᠬᠠᠶ ᠶᠢᠨ ᠲᠠᠯᠠᠪᠤᠷ ᠲᠤ ᠲᠣᠮᠢᠯᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠥᠷᠨᠢᠭᠦᠯᠵᠦ᠂ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠵᠣᠭᠰᠣᠭᠰᠠᠨ ︵ᠬᠢᠵᠠᠭᠠᠷᠯᠠᠭᠰᠠᠨ︶ ᠬᠤᠭᠤᠴᠠᠭᠠᠨ ᠳᠠᠬᠢ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠪᠠ ᠣᠷᠴᠢᠨ ᠠᠬᠤᠶ ᠶᠢ ᠪᠣᠬᠢᠷᠲᠤᠭᠤᠯᠤᠭᠰᠠᠨ ᠬᠡᠷᠡᠭ ᠭᠠᠷᠬᠤ ᠠᠴᠠ ᠵᠠᠶᠢᠯᠠᠰᠬᠢᠨ᠎ᠠ᠃      ︵ᠲᠥᠷᠪᠡ︶ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢᠨ ᠪᠠᠲᠤᠯᠠᠭ᠎ᠠ      ᠬᠤᠲᠠ᠂ ᠬᠤᠰᠢᠭᠤ ᠲᠣᠭᠤᠷᠢᠭ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠬᠦᠴᠦᠨ ᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠠᠭᠪᠤᠷ ᠵᠡᠷᠭᠡ ᠵᠥᠭᠡᠯᠡᠨ ᠬᠠᠲᠠᠭᠤ ᠲᠣᠨᠤᠭ ᠤᠨ ᠲᠣᠬᠢᠷᠠᠭᠤᠯᠤᠯᠲᠠ ᠶᠢ ᠲᠡᠬᠦᠯᠳᠡᠷᠵᠢᠬᠦᠯᠦᠨ᠎ᠡ᠃ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ᠂ ᠴᠠᠭ ᠠᠭᠤᠷ ᠤᠨ ᠨᠥᠬᠦᠴᠡᠯ ᠢ ᠲᠥᠰᠦᠭᠡᠯᠡᠬᠦ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠰᠤᠳᠤᠯᠤᠯ ᠢ ᠴᠢᠩᠭᠠᠳᠬᠠᠨ᠎ᠠ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠳᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠴᠢᠮᠡᠭᠡ ᠬᠤᠯᠪᠣᠭᠠᠨ ᠤ ᠮᠡᠳᠡᠭᠡ ᠵᠠᠩᠭᠢ ᠶᠢᠨ ᠬᠥᠮᠥᠷᠭᠡ ᠶᠢ ᠲᠡᠬᠦᠯᠳᠡᠷᠵᠢᠬᠦᠯᠵᠤ᠂ ᠬᠦᠨᠳᠦ ᠪᠣᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭᠠᠲᠠᠨ ᠪᠣᠯᠤᠨ ᠬᠤᠯᠪᠣᠭᠠᠴᠢᠨ ᠢ ᠲᠣᠳᠣᠷᠬᠠᠶᠢᠯᠠᠵᠤ᠂ 24 ᠴᠠᠭ ᠤᠨ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠠ ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠲᠠᠮᠵᠢᠭᠤᠯᠬᠤ ᠶᠢ ᠪᠠᠲᠤᠯᠠᠨ᠎ᠠ᠃      ᠵᠢᠷᠭᠤᠭ᠎ᠠ᠂ ᠪᠡᠯᠡᠳᠬᠡᠯ ᠲᠥᠰᠦᠯ ᠤᠨ ᠬᠠᠮᠢᠶᠠᠷᠤᠯᠲᠠ      ︵ᠨᠢᠭᠡ︶ ᠪᠡᠯᠡᠳᠬᠡᠯ ᠲᠥᠰᠦᠯ ᠤᠨ ᠤᠬᠠᠭᠤᠯᠭ᠎ᠠ      ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠢᠨᠲ᠋ᠧᠷ ᠰᠦᠯᠵᠢᠶ᠎ᠡ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢ ᠬᠦᠢᠴᠡᠳ ᠠᠰᠢᠭᠯᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠶᠢ ᠥᠷᠭᠡᠨ ᠢᠶᠠᠷ ᠤᠬᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ ᠵᠢᠯᠤᠭᠤᠳᠣᠨ᠎ᠠ᠃      ︵ᠬᠤᠶᠠᠷ︶ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ      ᠬᠤᠲᠠ᠂ ᠬᠤᠰᠢᠭᠤ ᠲᠣᠭᠤᠷᠢᠭ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠤᠯᠪᠠᠰᠣᠷᠠᠭᠤᠯᠤᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠡᠭᠦᠷᠭᠡ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ ᠪᠣᠯᠪᠠᠰᠤᠷᠠᠭᠤᠯᠤᠯ ᠤᠨ ᠠᠭᠤᠯᠭ᠎ᠠ ᠪᠣᠯᠤᠨ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠪᠣᠯᠪᠠᠰᠤᠷᠠᠭᠤᠯᠤᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠪᠡᠯᠡᠳᠬᠡᠯ ᠲᠥᠰᠦᠯ ᠤᠨ ᠳᠠᠩᠰᠠᠯᠠᠯ      ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠪᠠ ᠲᠤᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠢ ᠵᠠᠰᠠᠨ ᠨᠠᠶᠢᠷᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠳᠠᠩᠰᠠᠯᠠᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠬᠢᠲᠦ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ  ᠴᠣᠣᠷᠢᠶᠠᠳᠣᠯ ᠤᠨ ᠲᠤᠰᠬᠠᠢ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠲᠤᠰᠬᠠᠶ ᠬᠡᠷᠡᠭᠵᠢᠭᠦᠯᠬᠦ ᠲᠥᠰᠦᠯ ᠨᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠦᠨᠡᠨᠬᠦ ᠪᠤᠯᠤᠮᠵᠢᠲᠠᠢ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠬᠤ ᠬᠡᠷᠡᠭᠲᠡᠶ᠃      ᠳᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ      ᠡᠯ᠎ᠡ ᠬᠤᠰᠢᠭᠤ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ ᠪᠠᠶᠢᠳᠠᠯ  ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ  ᠎ ᠢ ᠠᠷᠭᠠᠴᠠᠨ ᠰᠢᠢᠳᠪᠦᠷᠢᠯᠡᠬᠦ ᠠᠵᠢᠯ ᠎ ᠨᠢ ᠬᠦᠴᠦᠨ ᠦᠭᠡᠶ ᠪᠣᠯ ᠰᠠᠬᠢᠯᠭ᠎ᠠ ᠪᠠᠲᠤ ᠬᠠᠤᠯᠢ ᠶᠤᠰᠤᠭᠠᠷ ᠬᠠᠷᠢᠭᠤᠴᠠᠯᠭ᠎ᠠ ᠎ ᠶᠢ ᠴᠢᠩᠭ᠎ᠠ ᠨᠡᠬᠡᠮᠵᠢᠯᠡᠨ᠎ᠡ᠃      ᠨᠠᠢᠮᠠ᠂ ᠳᠠᠭᠠᠯᠳᠤᠭᠤᠯᠤᠭᠰᠠᠨ ᠳᠦᠷᠢᠮ      ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ︽ᠣᠷᠳᠣᠰ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠣᠷᠳᠣᠰ ᠠᠯᠪᠠᠨ ᠲᠠᠷᠬᠠᠭᠠᠬᠤ ﹇2016 9 ᠳ᠋ᠣᠭᠡᠷ ᠲᠣᠭᠠᠲᠤ︶᠎ ᠢ ᠬᠠᠮᠲᠤ ᠳᠤᠨᠢ ᠬᠦᠴᠦᠨ ᠦᠭᠡᠶ ᠪᠣᠯᠭᠠᠨ᠎ᠠ᠃      ᠳᠠᠭᠠᠯᠳᠤᠭᠤᠯᠤᠯ᠄ ᠣᠷᠳᠣᠰ ᠬᠤᠲᠠ ᠶᠢᠨ ᠬᠦᠨᠲᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠎ ᠤᠨ ᠪᠦᠷᠢᠯᠳᠦᠬᠦᠨ ᠤ ᠨᠡᠷᠡᠰᠲᠠᠭᠠᠯᠳᠤᠭᠤᠯᠤᠯ      ᠣᠷᠳᠣᠰ ᠬᠤᠲᠠ ᠶᠢᠨ ᠬᠦᠨᠳᠦ ᠪᠣᠬᠢᠷᠲᠤᠯ ᠲᠠᠢ  ᠴᠠᠭ ᠠᠭᠤᠷ ᠤᠨ ᠪᠠᠴᠢᠮ      ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠤ ᠨᠡᠷᠡᠰ      ᠶᠡᠷᠦᠩᠬᠡᠶ ᠵᠢᠯᠣᠭᠤᠳᠣᠭᠴᠢ      ᠄ ᠰᠡᠴᠡᠨᠪᠢᠯᠢᠭ           ᠬᠤᠲᠠ ᠶᠢᠨ ᠳᠠᠷᠤᠭ᠎ᠠ      ᠳᠡᠳ᠋ ᠶᠡᠷᠦᠩᠬᠡᠶ ᠵᠢᠯᠣᠭᠤᠳᠣᠭᠴᠢ᠄ ᠯᠢ ᠸᠧᠨ ᠵᠦᠩ        ᠬᠤᠲᠠ ᠶᠢᠨ ᠳᠡᠳ᠋ ᠳᠠᠷᠤᠭ᠎ᠠ      ᠪᠦᠷᠢᠯᠳᠦᠬᠦᠨ              ᠄ ᠭᠤᠤ ᡁᠢ ᠬᠤᠸᠠ    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠳ᠋ᠦᠩ ᠵᠢᠶᠧ ᠵᠦᠩ   ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ      ᠼᠦᠢ ᠶᠦᠩ ᠵᠦᠩ    ᠬᠤᠲᠠ ᠶᠢᠨ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠪ ᠤᠨ ᠡᠷᠬᠢᠯᠡᠭᠴᠢ      ᠴᠧᠨ ᠰᠢ           ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ      ᠴᠢᠦᠶ ᠮᠢᠩ      ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ      ᠶᠠᠩ ᠰᠢᠶᠣᠤ ᠯᠦᠩ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶᠠᠨ ᠤ ᠳᠠᠷᠤᠭ᠎ᠠ      ᠸᠠᠩ ᠷᠦᠢ     ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠯᠢ ᠶᠦᠨ         ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠯᠢ ᠹᠧᠩ ᠴᠢ   ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ      ᠸᠠᠩ ᠱᠦᠶ ᠶᠦᠨ   ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ      ᠸᠠᠩ ᠵᠢᠶᠠᠨ       ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ      ᠵᠧᠤ ᠬᠦᠶ ᠷᠦᠩ   ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ      ᠸᠠᠩ ᠺᠠᠶ      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠸᠠᠩ ᠱᠣ᠋ ᠷᠦᠩ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠡᠤ ᠵᠢᠶᠠᠨ ᠰᠢᠶᠦ᠋ᠨ  ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ      ᠱᠢ ᠯᠧᠢ          ᠬᠤᠲᠠ ᠶᠢᠨ ᠴᠠᠭ ᠠᠭᠤᠷ ᠤᠨ ᠲᠣᠪᠴᠢᠶᠠᠨ ᠤ ᠳᠠᠷᠤᠭ᠎ᠠ      ᠵᠠᠩ ᠰᠢᠤᠸᠠᠢ ᠺᠠᠶ   ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠮᠠᠰᠢᠪᠢᠯᠢᠭ᠌  ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠡᠳ᠋ ᠳᠠᠷᠤᠭ᠎ᠠ      ᠵᠢᠯᠣᠭᠤᠳᠬᠤ ᠭᠠᠵᠠᠷ ᠤᠨ ᠳᠣᠤᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠎ ᠶᠢᠨ ᠲᠤᠰᠢᠶᠠᠯ ᠢ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠶᠢᠨ ᠳᠠᠷᠤᠭ᠎ᠠ ᠳ᠋ᠦᠩ ᠵᠢᠶᠧ ᠵᠥᠩ ᠬᠠᠪᠰᠤᠷᠭᠠᠨ ᠬᠠᠷᠢᠭᠤᠴᠠᠨ᠎ᠠ᠃
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号