ᠠᠵᠢᠯ ᠣᠯᠭᠤᠯᠲᠠ ᠶᠢ ᠲᠤᠭᠳᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ  ᠶᠢ ᠠᠬᠢᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ  ᠤ ᠰᠠᠨᠠᠯ                                                          ᠣᠷᠳᠣᠰ ᠵᠠᠰᠠᠭ  ᠲᠠᠷᠬᠠᠭᠠᠬᠤ ﹇2020﹈ 54 ᠳ᠋ᠣᠭᠡᠷ ᠲᠣᠭᠠᠲᠤ
ᠨᠡᠶᠢᠲᠡᠯᠡᠭᠰᠡᠨ ᠴᠠᠭ᠄
2020/8/3
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠤᠮᠦ ᠠᠵᠤ ᠠᠬᠤᠶᠢᠯᠠᠯ ᠤᠨ ᠨᠢᠭᠡᠴᠡ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠮᠵᠢᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠨᠥᠯᠥᠭᠡ ᠶᠢ ᠬᠦᠨᠲᠦ ᠨᠤᠴᠢᠲᠠᠢ ᠬᠦᠷᠲᠡᠭᠰᠡᠨ ᠢᠳᠡᠭᠡᠨ ᠤᠮᠳᠠᠭᠠᠨ ᠤ ᠦᠢᠯᠡᠰ ᠎ ᠢ ᠳᠡᠮᠵᠢᠨ ᠬᠦᠴᠢᠷ ᠪᠡᠷᠭᠡᠰᠢᠶᠡᠯ ᠢ ᠲᠤᠭᠤᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠴᠢᠨᠠᠭᠰᠢᠳᠠ ᠰᠡᠷᠭᠦᠭᠡᠵᠦ᠂ ᠢᠳᠡᠭᠡᠨ ᠤᠮᠳᠠᠭᠠᠨ ᠤ ᠦᠢᠯᠡᠰ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠲᠦᠷᠭᠡᠭᠡᠨ ᠪᠡᠶᠡᠯᠡᠬᠦᠯᠬᠦ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020᠎ ᠤᠨ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠣᠳᠣᠯᠣᠨ ᠬᠢᠨᠠᠨ ᠵᠦᠪᠯᠡᠬᠦ ᠪᠠᠷ ᠲᠠᠮᠵᠢᠨ ᠡᠳᠦᠬᠡ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠠᠯ᠎ᠠ ᠪᠠᠷ      ᠠᠷᠠᠳ ᠲᠦᠮᠡᠨ ᠢᠶᠠᠷ ᠭᠤᠣᠯ ᠪᠣᠯᠭᠠᠬᠤ ᠵᠢᠯᠤᠭᠤᠳᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠢᠳᠡᠭᠡᠨ ᠤᠮᠳᠠᠭᠠᠨ ᠤ ᠦᠢᠯᠡᠰ ᠤᠨ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠡᠮᠬᠢᠯᠡᠨ ᠬᠤᠷᠢᠶᠠᠩᠭᠤᠶᠢᠯᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠸᠢᠴᠠᠲ᠂ ᠮᠡᠳᠡᠭᠳᠡᠬᠦ ᠪᠢᠴᠢᠭ ᠵᠡᠷᠭᠡ ᠣᠯᠠᠨ ᠵᠦᠢᠯ ᠤᠨ ᠵᠠᠭᠤᠴᠢᠯᠠᠭᠤᠷ᠂ ᠠᠷᠭ᠎ᠠ ᠵᠠᠮ᠂ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠢᠳᠡᠭᠡᠨ ᠤᠮᠳᠠᠭᠠᠨ ᠤ ᠦᠢᠯᠡᠰ ᠡᠷᠬᠢᠯᠡᠭᠴᠢᠳ ᠲᠤ ᠥᠷᠭᠡᠨ ᠢᠶᠠᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠢᠯᠣᠭᠤᠳᠤᠨ ᠦᠢᠯᠡᠴᠢᠯᠡᠬᠦ ᠪᠠ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠳᠡᠭᠡᠨ ᠤᠮᠳᠠᠭᠠᠨ ᠤ ᠦᠢᠯᠡᠰ ᠎ ᠲᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠢᠴᠡᠳ ᠬᠦᠷᠲᠡᠭᠡᠭᠦ ᠶᠢ ᠪᠠᠲᠤᠯᠠᠨ᠎ᠠ︔ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠎ ᠤᠨ ᠬᠢᠨ ︽ᠬᠡᠨ ᠲᠤᠭᠳᠠᠭᠠᠪᠠᠯ ᠬᠡᠨ ᠵᠠᠰᠠᠪᠤᠷᠢ ᠤᠷᠤᠭᠤᠯᠵᠤ ᠬᠡᠨ ᠲᠡᠭᠦᠯᠳᠡᠷᠵᠢᠭᠦᠯᠬᠦ︾ ᠵᠠᠷᠴᠢᠮ ᠶᠣᠰᠣᠭᠠᠷ᠂ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ‌ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ ᠲᠣᠭᠲᠠᠭᠠᠯ ᠢ ᠪᠦᠬᠦ ᠲᠠᠯ᠎ᠠ ᠪᠠᠷ ᠡᠮᠬᠢᠯᠡᠨ ᠲᠡᠭᠦᠯᠳᠡᠷᠵᠢᠭᠦᠯᠵᠦ᠂ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠎ ᠳᠤ ᠬᠢᠨᠠᠯᠲᠠ ᠲᠠᠯᠪᠢᠨ ᠬᠠᠮᠢᠶᠠᠷᠤᠯᠲᠠ  ᠬᠢᠬᠦ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ︶      ᠬᠤᠶᠠᠷ᠂ ᠡᠳ᠋ ᠤᠨ ᠵᠠᠰᠠᠭ ᠤᠨ ᠳᠡᠮᠵᠢᠯᠭᠡ ᠶᠢᠨ ᠲᠠᠯ᠎ᠠ ᠪᠠᠷ      ᠡᠯ᠎ᠡ ᠲᠥᠷᠥᠯ ᠤᠨ ᠪᠠᠲᠤᠯᠠᠭ᠎ᠠ ᠠᠰᠠᠷᠠᠮᠵᠢ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠨ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠵᠤ᠂ ᠢᠳᠡᠭᠡᠨ ᠤᠮᠳᠠᠭᠠᠨ ᠤ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠤᠷᠤᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠪᠣᠯᠤᠨ ᠣᠷᠣᠨ ᠨᠤᠲᠤᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠳ ᠎ ᠢ ᠠᠵᠢᠯᠴᠢᠨ ᠤ ᠡᠪᠯᠡᠯ ᠤᠨ ᠭᠡᠰᠢᠭᠦᠨ ᠤ ᠰᠦᠢᠳᠬᠡᠯ᠂ ᠠᠰᠠᠷᠠᠮᠵᠢ ᠶᠢᠨ ᠰᠦᠢᠳᠬᠡᠯ ᠵᠡᠷᠭᠡ ᠶᠢ ᠢᠳᠡᠭᠡᠨ ᠤᠮᠳᠠᠭᠠᠨ ᠤ ᠡᠯᠧᠺᠲᠷᠣᠨ ᠬᠡᠷᠡᠭᠯᠡᠬᠡᠨ ᠤ ᠲᠡᠮᠳᠡᠭᠲᠦ ᠶᠢᠨ ᠬᠡᠯᠪᠡᠷᠢ ᠪᠠᠷ ᠣᠯᠭᠤᠬᠤ ᠶᠢ ᠰᠠᠨᠠᠭᠠᠴᠢᠯᠠᠨ᠎ᠠ᠃ ︽ᠨᠠᠰᠣᠵᠢᠯ ᠤᠨ ᠲᠠᠭᠠᠳᠬᠠᠯ ᠢ ᠲᠡᠮᠵᠢᠬᠦ ᠵᠢᠭᠡᠯᠡᠯᠭᠡ︾᠎ ᠶᠢᠨ ᠢᠲᠡᠭᠡᠮᠵᠢ ᠶᠢ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠎ ᠠᠴᠠ ᠢᠳᠡᠭᠡᠨ ᠤᠮᠳᠠᠭᠠᠨ ᠤ ᠦᠢᠯᠡᠰ ᠤᠨ ᠬᠦᠷᠢᠶ᠎ᠡ ᠬᠡᠪᠴᠢᠶᠡᠨ ᠳᠤ ᠵᠢᠬᠡᠯᠡᠯᠬᠡ ᠲᠠᠯᠪᠢᠬᠤ ᠳᠤ ᠲᠦᠭᠰᠢᠭᠦᠷᠢ ᠶᠢᠨ ᠳᠠᠭᠠᠭᠠᠯᠲᠠ ᠬᠠᠩᠭᠠᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠵᠣᠬᠢᠬᠤ ᠬᠠᠷᠢᠴᠠᠯ ᠢᠶᠠᠷ ᠢᠲᠡᠭᠡᠮᠵᠢᠲᠦ ᠵᠢᠭᠡᠯᠡᠯᠭᠡ ᠶᠢᠨ ᠲᠤᠭ᠎ᠠ ᠶᠢ ᠶᠡᠬᠡᠰᠭᠡᠨ᠎ᠡ᠃ ᠲᠣᠮᠣ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠡ ᠶᠢ ᠭᠤᠤᠯᠳᠠᠯᠭ᠎ᠠ ᠲᠠᠢ ᠲᠡᠳᠭᠦᠨ᠎ᠡ᠃ 2019 ᠣᠨ ᠤ ᠪᠦᠬᠦ ᠬᠤᠲᠠ ᠶᠢᠨ ᠢᠳᠡᠭᠡᠨ ᠤᠮᠳᠠᠭᠠᠨ ᠤ ᠵᠢᠵᠢᠭ ᠪᠢᠴᠢᠯ ᠠᠵᠤ ᠠᠬᠤᠶᠢᠯᠠᠯ ᠤᠨ ᠠᠵᠢᠯᠴᠢᠨ ᠤ ᠡᠪᠯᠡᠯ ᠎ ᠤᠨ ᠵᠠᠷᠤᠳᠠᠯ ᠢ ᠪᠤᠴᠠᠭᠠᠬᠤ ᠠᠵᠢᠯ ᠢ ᠲᠣᠭᠲᠠᠭᠠᠯ ᠶᠣᠰᠣᠭᠠᠷ ᠥᠷᠨᠢᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠨ ᠬᠠᠮᠢᠶᠠᠷᠤᠯᠲᠠ ᠬᠢᠬᠦ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠭᠡᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ  ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠷᠳᠤᠰ ᠤᠨ ᠪᠠᠩᠬᠢ ᠳᠠᠭᠠᠳᠬᠠᠯ ᠤᠨ ᠦᠢᠯᠡᠰ ᠤᠨ ᠬᠢᠨᠠᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ︶      ᠭᠤᠷᠪᠠ᠂ ᠠᠵᠢᠯ ᠤᠯᠭᠤᠯᠲᠠ ᠶᠢ ᠪᠠᠲᠤᠯᠠᠬᠤ ᠳᠡᠮᠵᠢᠯᠭᠡ ᠶᠢᠨ ᠲᠠᠯ᠎ᠠ ᠪᠠᠷ      ︽ᠠᠵᠢᠯᠯᠠᠬᠤ ᠪᠠᠷ ᠪᠤᠯᠪᠠᠰᠣᠷᠠᠭᠤᠯᠬᠤ ᠶᠢ ᠤᠷᠤᠯᠠᠭᠤᠯᠬᠤ ᠶᠢ ᠶᠡᠬᠡᠪᠡᠷ ᠥᠷᠨᠢᠭᠦᠯᠬᠦ ᠲᠤᠬᠠᠶ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠭᠡᠷ ᠲᠠᠷᠬᠠᠭᠠᠭᠰᠠᠨ ﹇2020﹈ 99 ᠳ᠋ᠣᠭᠡᠷ ᠲᠣᠭᠠᠲᠤ︶᠂ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠢᠳᠡᠭᠡᠨ ᠤᠮᠳᠠᠭᠠᠨ ᠤ ᠦᠢᠯᠡᠰ ᠤᠨ ᠪᠤᠯᠪᠠᠰᠣᠷᠠᠯ ᠢ ᠬᠠᠪᠰᠣᠷᠤᠨ ᠲᠡᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠶᠢ ᠦᠨᠡᠨᠬᠦ ᠰᠠᠶᠢᠲᠤᠷ ᠬᠢᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠠᠴᠠ ᠠᠵᠢᠯᠲᠠᠨ ᠠᠵᠢᠯᠴᠢᠳ ᠢᠶᠠᠨ ᠵᠣᠬᠢᠶᠠᠨ ᠪᠠᠶᠢᠭᠤᠯᠤᠨ ᠠᠵᠢᠯᠯᠠᠬᠤ ᠪᠠᠷ ᠪᠤᠯᠪᠠᠰᠣᠷᠠᠭᠤᠯᠬᠤ ᠎ ᠶᠢ ᠣᠷᠣᠯᠠᠭᠤᠯᠬᠤ ᠠᠵᠢᠯ ᠢ ᠥᠷᠨᠢᠭᠦᠯᠬᠦ ᠶᠢ ᠳᠡᠮᠵᠢᠵᠤ᠂ ᠬᠥᠮᠦᠨ ᠪᠤᠯᠭᠠᠨ ᠳᠤ ᠰᠠᠷ᠎ᠠ ᠪᠦᠷᠢ 600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ ᠠᠵᠤ ᠠᠬᠤᠶᠢᠯᠠᠯ ᠰᠠᠷ᠎ᠠ ᠪᠦᠷᠢ᠂ ᠱᠠᠭᠠᠷᠳᠠᠯᠭ᠎ᠠ ᠶᠤᠰᠤᠭᠠᠷ ᠲᠤᠬᠠᠢ ᠶᠢᠨ ᠰᠠᠷ᠎ᠠ ᠶᠢᠨ ᠠᠵᠢᠯᠯᠠᠬᠤ ᠪᠠᠷ ᠪᠤᠯᠪᠠᠰᠣᠷᠠᠭᠤᠯᠬᠤ ᠶᠢ ᠤᠷᠤᠯᠠᠭᠤᠯᠬᠤ ᠪᠤᠯᠪᠠᠰᠣᠷᠠᠯ ᠤᠨ ᠨᠥᠬᠦᠪᠦᠷᠢ ᠶᠢ ᠮᠡᠳᠡᠬᠦᠯᠵᠤ᠂ ᠠᠵᠢᠯᠯᠠᠬᠤ ᠪᠠᠷ ᠪᠤᠯᠪᠠᠰᠣᠷᠠᠭᠤᠯᠬᠤ ᠶᠢ ᠣᠷᠣᠯᠠᠭᠤᠯᠬᠤ ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠬᠦᠯᠢᠶᠡᠨ ᠠᠪᠴᠤ ᠬᠦᠢᠴᠡᠳᠬᠡᠬᠦ ᠬᠤᠭᠤᠴᠠᠭ᠎ᠠ ᠎ ᠶᠢ 2020 ᠣᠨ ᠤ 7 ᠰᠠᠷ᠎ᠠ ᠶᠢᠨ 1᠎ ᠤ ᠡᠳᠦᠷ ᠠᠴᠠ 2020 ᠣᠨ ᠤ 12 ᠰᠠᠷ᠎ᠠ ᠶᠢᠨ 31᠎ ᠤ ᠡᠳᠦᠷ ᠬᠦᠷᠲᠡᠯ᠎ᠡ ᠬᠢᠵᠠᠭᠠᠷᠯᠠᠵᠤ᠂ ᠨᠥᠬᠦᠪᠥᠷᠢ ᠥᠭᠬᠦ ᠬᠤᠭᠤᠴᠠᠭ᠎ᠠ ᠬᠢᠵᠠᠭᠠᠷ ᠎ ᠢ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ᠃ ︽ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠱᠠᠲᠤᠴᠢ ᠴᠢᠨᠠᠷᠲᠠᠶ ᠪᠠᠷ ᠬᠠᠰᠤᠵᠤ ᠬᠡᠯᠳᠦᠷᠢᠬᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠦᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ  ᠪᠠᠲᠤᠯᠠᠭ᠎ᠠ ᠲᠠᠷᠬᠠᠭᠠᠭᠰᠠᠨ︹2020 ︺ 19 ᠳ᠋ᠤᠭᠡᠷ ᠲᠣᠭᠠᠲᠤ︶᠂ ᠢᠳᠡᠭᠡᠨ ᠤᠮᠳᠠᠭᠠᠨ ᠤ ᠠᠵᠤ ᠠᠬᠤᠶᠢᠯᠠᠯ ᠠᠴᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠭᠤᠷᠪᠠᠨ ᠵᠦᠢᠯ ᠎ ᠤᠨ ᠲᠠᠭᠠᠳᠬᠠᠯ ᠤᠨ ᠪᠠᠶᠢᠭᠤᠯᠭ᠎ᠠ ᠨᠢᠭᠡᠴᠡ ᠠᠴᠠ ᠲᠤᠰᠢᠶᠠᠬᠤ ᠰᠦᠢᠳᠭᠡᠯ ᠢ ᠥᠯᠥ ᠲᠠᠳᠠᠪᠤᠷᠢᠯᠠᠬᠤ ᠲᠥᠷᠥ ᠶᠢᠨ ᠪᠣᠳᠣᠯᠭ᠎ᠠ ᠶᠢ 2020 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠬᠦᠯᠵᠢᠯᠡᠬᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠲᠤᠰᠬᠠᠶ ᠵᠦᠢᠯ ᠢᠶᠠᠷ ᠳᠡᠮᠵᠢᠬᠦ ᠲᠥᠯᠥᠪᠯᠡᠭᠡ ᠶᠢᠨ ᠠᠵᠢᠯ ᠤᠨ ᠲᠥᠰᠦᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠠᠯᠪᠠᠨ ᠲᠠᠷᠬᠠᠭᠠᠭᠰᠠᠨ ﹇2020﹈ 94 ᠳ᠋ᠤᠭᠡᠷ ᠲᠣᠭᠠᠲᠤ︶᠎ ᠢ ᠨᠠᠷᠢᠨ ᠬᠢᠨᠠᠮᠠᠭᠠᠢ ᠲᠤᠤᠱᠯᠠᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠡᠬᠡᠬᠦᠯᠦᠨ ᠪᠤᠴᠠᠭᠠᠬᠤ ᠡᠷᠴᠢᠮ ᠢ ᠴᠢᠩᠭᠠᠷᠠᠭᠤᠯᠤᠨ᠎ᠠ᠃ ᠪᠦᠬᠦ ᠬᠤᠲᠠ ᠶᠢᠨ ᠢᠳᠡᠭᠡᠨ ᠤᠮᠳᠠᠭᠠᠨ ᠤ ᠦᠢᠯᠡᠰ ᠤᠨ ᠴᠢᠮᠡᠭᠡ ᠵᠠᠩᠬᠢᠴᠢᠯᠠᠯᠲᠠ ᠶᠢᠨ ᠪᠤᠯᠪᠠᠰᠣᠷᠠᠯ ᠤᠨ ᠰᠢᠰᠲ᠋ᠧᠮ ᠢ ᠪᠦᠲᠦᠬᠡᠨ ᠪᠠᠶᠢᠭᠤᠯᠵᠤ᠂ ᠢᠳᠡᠭᠡᠨ ᠤᠮᠳᠠᠭᠠᠨ ᠤ ᠨᠢᠭᠡᠴᠡ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠢᠯ ᠡᠷᠬᠢᠯᠡᠭᠴᠢᠳ ᠤᠨ ᠬᠡᠪ ᠴᠢᠨᠠᠷ ᠢ ᠳᠡᠭᠡᠭᠰᠢᠯᠡᠬᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ︶      ᠲᠦᠷᠪᠡ᠂ ᠮᠥᠩᠭᠦᠨ ᠬᠦᠢᠯᠬᠡᠬᠡᠨ ᠤ ᠳᠡᠮᠵᠢᠯᠭᠡ ᠶᠢᠨ ᠲᠠᠯ᠎ᠠ ᠪᠠᠷ      ︽ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠮᠥᠩᠬᠦᠨ ᠬᠦᠢᠯᠬᠡᠬᠡᠨ ᠤ ᠦᠢᠯᠡᠴᠢᠯᠡᠭᠡ ᠶᠢ ᠴᠢᠨᠠᠭᠰᠢᠳᠠ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠨᠠᠢᠮᠠᠨ ᠶᠠᠮᠤᠨ ᠵᠥᠪᠯᠡᠯ ᠤᠨ ᠵᠢᠯᠣᠭᠤᠳᠬᠤ ᠰᠠᠨᠠᠯ︾ ︵ᠪᠠᠩᠬᠢ ᠲᠠᠷᠬᠠᠭᠠᠭᠰᠠᠨ ﹇2020﹈ 120 ᠳ᠋ᠤᠭᠠᠷ ᠲᠣᠭᠠᠲᠤ︶᠂ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ ᠡᠬᠡ ᠬᠦᠤ ᠮᠥᠩᠬᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠪᠤᠴᠠᠭᠠᠬᠤ ᠶᠢ ᠭᠡᠷᠡᠭᠵᠢᠬᠦᠯᠬᠦ ᠲᠤᠬᠠᠶ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠲᠠᠪᠤᠨ ᠶᠠᠮᠤᠨ ᠵᠥᠪᠯᠡᠯ ᠤᠨ ᠮᠡᠳᠡᠭᠳᠡᠯ ︵ᠪᠠᠩᠬᠢ ᠲᠠᠷᠬᠠᠭᠠᠭᠰᠠᠨ ﹇2020﹈ 122 ᠳ᠋ᠤᠭᠠᠷ ᠲᠣᠭᠠᠲᠤ︶᠂ ︽ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠲᠠᠪᠤᠨ ᠶᠠᠮᠤᠨ ᠵᠦᠪᠯᠡᠯ ᠤᠨ ᠮᠡᠳᠡᠭᠳᠡᠯ︾ ︵ᠪᠠᠩᠬᠢ ᠲᠠᠷᠬᠠᠭᠠᠭᠰᠠᠨ ﹇2020﹈ 123 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠥᠩᠭᠦᠨ ᠬᠦᠢᠯᠬᠡᠬᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠵᠣ᠂ ᠢᠳᠡᠭᠡᠨ ᠤᠮᠳᠠᠭᠠᠨ ᠤ ᠦᠢᠯᠡᠰ ᠤᠨ ᠪᠠᠯᠠ ᠴᠤᠭᠯᠠᠭᠤᠯᠬᠤ  ᠳᠤ ᠬᠦᠴᠢᠷᠲᠡᠶ ᠪᠠᠯᠠ ᠴᠤᠭᠯᠠᠭᠤᠯᠬᠤ ᠨᠢ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ︔ ᠪᠦᠬᠦ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠤ ᠪᠠᠯᠠ ᠴᠤᠭᠯᠠᠭᠤᠯᠭ᠎ᠠ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠮᠥᠩᠭᠦᠨ ᠬᠦᠢᠯᠬᠡᠬᠡ ᠪᠠᠯᠠ ᠴᠤᠭᠯᠠᠭᠤᠯᠬᠤ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢᠨ ᠮᠡᠳᠡᠭᠡ ᠵᠠᠩᠭᠢ ᠶᠢᠨ ᠲᠡᠭᠰᠢ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠵᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠳᠤ ᠢᠳᠡᠭᠡᠨ ᠤᠮᠳᠠᠭᠠᠨ ᠤ ᠦᠢᠯᠡᠰ ᠤᠨ ᠵᠢᠭᠡᠯᠡᠯᠭᠡ ᠠᠪᠬᠤ ᠨᠡᠷᠡᠰ ᠢ ᠴᠠᠭ ᠲᠤᠬᠠᠶ ᠳᠤᠨᠢ ᠬᠠᠩᠭᠠᠨ᠎ᠠ︔ ᠢᠳᠡᠭᠡᠨ ᠤᠮᠳᠠᠭᠠᠨ ᠤ ᠦᠢᠯᠡᠰ ᠤᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠡᠷᠡᠭᠦᠯ ᠢᠶᠠᠷ ᠬᠥᠭᠵᠢᠬᠦ ᠶᠢ ᠲᠡᠮᠵᠢᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠤᠷᠳᠤᠰ ᠵᠠᠰᠠᠭ ᠲᠠᠷᠬᠠᠭᠠᠬᠤ ︹2020 ︺17 ᠳ᠋ᠤᠭᠠᠷ ᠲᠤᠭᠠᠲᠤ︶᠎ ᠳᠤ ᠵᠢᠭᠰᠠᠭᠠᠭᠰᠠᠨ ᠬᠦᠦ ᠮᠥᠩᠭᠦ ᠎ ᠶᠢ ᠨᠢ ᠤᠷᠤᠯᠠᠨ ᠦᠭᠬᠦ ᠲᠥᠷᠥ ᠶᠢᠨ ᠪᠣᠳᠣᠯᠭ᠎ᠠ ᠶᠢ  ᠬᠦᠷᠲᠡᠬᠦ ᠬᠤᠭᠤᠴᠠᠭ᠎ᠠ ᠬᠢᠵᠠᠭᠠᠷ ᠢ ᠤᠷᠳᠤᠳᠬᠠᠵᠤ᠂ ᠢᠳᠡᠭᠡᠨ ᠤᠮᠳᠠᠭᠠᠨ ᠤ ᠦᠢᠯᠡᠰ ᠤᠨ ᠬᠦᠦ ᠮᠦᠩᠬᠦ ᠶᠢ ᠨᠢ ᠤᠷᠤᠯᠠᠨ ᠦᠭᠬᠦ ᠵᠢᠬᠡᠯᠡᠯᠡᠭᠡ ᠶᠢ ᠬᠦᠢᠴᠡᠳᠬᠡᠬᠦ ᠬᠤᠭᠤᠴᠠᠭ᠎ᠠ ᠶᠢ 2020 ᠣᠨ ᠤ 12 ᠰᠠᠷ᠎ᠠ ᠶᠢᠨ 31᠎ ᠤ ᠡᠳᠦᠷ ᠬᠦᠷᠲᠡᠯ᠎ᠡ ᠤᠷᠳᠤᠳᠬᠠᠨ᠎ᠠ︔ ᠵᠢᠯ ᠤᠨ ᠳᠣᠲᠣᠷ᠎ᠠ ᠬᠠᠷᠠᠭᠠᠯᠵᠠᠯ ᠤᠨ ᠬᠦᠤ ᠨᠤᠷᠮ᠎ᠠ ᠲᠠᠢ ᠪᠠᠭ᠎ᠠ ᠲᠣᠭᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠤᠭᠤᠴᠠᠭ᠎ᠠ ᠶᠢ ᠬᠤᠶᠢᠰᠢᠯᠠᠭᠤᠯᠬᠤ ᠶᠢ ᠨᠡᠶᠢᠲᠡᠮ ᠬᠠᠷᠠᠭᠠᠯᠵᠠᠭᠰᠠᠨ ᠲᠡᠮᠵᠢᠯᠬᠡ ᠶᠢᠨ ᠪᠠᠭᠠᠵᠢ ᠪᠠ ᠢᠲᠡᠭᠡᠮᠵᠢᠲᠦ ᠵᠢᠭᠡᠯᠡᠯᠭᠡ ᠎ ᠶᠢᠨ ᠲᠡᠮᠵᠢᠯᠬᠡ ᠶᠢᠨ ᠲᠦᠯᠦᠪᠯᠡᠭᠡ  ᠶᠢ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠢ ᠨᠡᠶᠢᠲᠡᠮ ᠬᠠᠷᠠᠭᠠᠯᠵᠠᠭᠰᠠᠨ ᠵᠢᠭᠡᠯᠡᠯᠭᠡ ᠶᠢᠨ ︽ᠬᠤᠶᠢᠰᠢᠯᠠᠭᠤᠯᠬᠤ ᠪᠤᠯᠬᠤ ᠶᠢ ᠨᠢ ᠪᠦᠬᠦᠨ ᠢ ᠬᠤᠶᠢᠰᠢᠯᠠᠭᠤᠯᠬᠤ︾᠎ ᠶᠢ ᠪᠡᠶᠡᠯᠡᠭᠦᠯᠦᠨ᠎ᠡ︔ 2020 ᠣᠨ ᠤ 6 ᠰᠠᠷ᠎ᠠ ᠶᠢᠨ 1᠎ ᠤ ᠡᠳᠦᠷ ᠠᠴᠠ 12 ᠰᠠᠷ᠎ᠠ ᠶᠢᠨ 31᠎ ᠤ ᠡᠳᠦᠷ  ᠬᠦᠷᠲᠡᠯᠡᠬᠢ ᠬᠤᠭᠤᠴᠠᠭᠠᠨ ᠳᠤ ᠬᠤᠭᠤᠴᠠᠭ᠎ᠠ ᠨᠢ ᠬᠦᠷᠦᠭᠰᠡᠨ ᠵᠢᠵᠢᠭ ᠪᠢᠴᠢᠯ ᠠᠵᠤ ᠠᠬᠤᠶᠢᠯᠠᠯ ᠢ ᠨᠡᠶᠢᠲᠡᠮ ᠬᠠᠷᠠᠭᠠᠯᠵᠠᠭᠰᠠᠨ ᠵᠢᠭᠡᠯᠡᠯᠭᠡ ᠶᠢᠨ ᠡᠬᠡ ᠮᠥᠩᠭᠦ ᠶᠢ ᠪᠤᠴᠠᠭᠠᠬᠤ ᠬᠤᠭᠤᠴᠠᠭ᠎ᠠ ᠬᠢᠵᠠᠭᠠᠷ ᠢ ᠬᠠᠮᠤᠭ ᠤᠷᠳᠤ ᠳᠠᠭᠠᠨ 2021 ᠣᠨ ᠤ 3 ᠰᠠᠷ᠎ᠠ ᠶᠢᠨ 31᠎ ᠤ ᠡᠳᠦᠷ ᠬᠦᠷᠲᠡᠯ᠎ᠡ ᠬᠤᠶᠢᠰᠢᠯᠠᠭᠤᠯᠵᠤ ᠪᠤᠯᠤᠨ᠎ᠠ︔ ᠪᠠᠩᠬᠢ ᠶᠢᠨ ᠬᠢᠨ ᠢ ᠵᠣᠷᠢᠭᠵᠢᠭᠤᠯᠤᠨ ᠢᠳᠡᠭᠡᠨ ᠤᠮᠳᠠᠭᠠᠨ ᠤ ᠨᠢᠭᠡᠴᠡ ᠶᠢᠨ ᠪᠠᠷᠢᠴᠠᠭᠠᠯᠠᠨ ᠪᠠᠯᠠ ᠴᠤᠭᠯᠠᠭᠤᠯᠬᠤ ᠵᠢᠭᠡᠯᠡᠯᠭᠡ ᠶᠢ ᠬᠦᠢᠴᠡᠳᠬᠡᠬᠦ  ᠳᠠᠩᠰᠠ ᠪᠠᠶᠢᠭᠤᠯᠤᠭᠰᠠᠨ ᠰᠦᠢᠳᠬᠡᠯ᠂ ᠪᠠᠷᠢᠴᠠᠭ᠎ᠠ ᠶᠢ ᠦᠨᠡᠯᠡᠨ ᠵᠢᠱᠢᠭᠰᠡᠨ ᠰᠦᠢᠳᠭᠡᠯ᠂ ᠪᠠᠷᠢᠴᠠᠭ᠎ᠠ ᠶᠢ ᠲᠠᠩᠰᠠᠯᠠᠭᠤᠯᠤᠭᠰᠠᠨ ᠰᠦᠢᠳᠬᠡᠯ ᠵᠡᠷᠭᠡ ᠵᠠᠷᠤᠳᠠᠯ ᠢ ᠪᠦᠬᠦ ᠲᠤᠭ᠎ᠠ ᠪᠠᠷ ᠬᠠᠰᠤᠵᠤ ᠭᠡᠯᠳᠦᠷᠢᠬᠦᠯᠦᠨ᠎ᠡ︔ ᠲᠠᠷᠢᠶᠠᠯᠠᠩ ᠤᠨ ᠪᠠᠩᠬᠢ ᠎ ᠠᠴᠠ︽ᠵᠠᠭᠤᠨ ᠬᠤᠲᠠ ᠮᠢᠩᠭᠠᠨ ᠡᠩᠨᠡᠭᠡ᠂ ᠲᠦᠮᠡᠨ ᠡᠷᠦᠬᠡ ᠵᠠᠭᠤᠨ ᠳ᠋ᠦᠩᠰᠢᠭᠤᠷ︾᠎ ᠤᠨ ᠮᠥᠩᠭᠦᠨ ᠬᠦᠢᠯᠬᠡᠬᠡᠨ ᠢᠶᠠᠷ ᠠᠵᠢᠯ᠂ᠦᠢᠯᠡᠳᠪᠦᠷᠢᠯᠡᠯ ᠂ ᠵᠠᠬ᠎ᠠ ᠳᠡᠯᠭᠡᠭᠦᠷ᠂ ᠠᠵᠢᠯ ᠲᠥᠷᠦᠯ ᠢ ᠰᠡᠷᠭᠦᠭᠡᠬᠦ ᠠᠵᠢᠯᠯᠠᠭ᠎ᠠ ᠶᠢ ᠢᠳᠡᠪᠬᠢᠲᠠᠢ ᠨᠠᠶᠢᠲᠠᠪᠤᠷᠢᠵᠢᠭᠤᠯᠬᠤ ᠶᠢ ᠠᠬᠢᠭᠤᠯᠵᠤ᠂ ᠢᠳᠡᠭᠡᠨ ᠤᠮᠳᠠᠭᠠᠨ ᠤ ᠦᠢᠯᠡᠰ ᠎ ᠲᠤ ᠠᠳᠠᠭ ᠲᠠᠭᠠᠨ 3 ᠳ᠋ᠦᠩᠰᠢᠭᠤᠷ ᠲᠥᠭᠦᠷᠢᠭ ᠤᠨ ᠰᠢᠨ᠎ᠡ ᠪᠠᠷ ᠨᠡᠮᠡᠭᠳᠡᠬᠦᠯᠦᠭᠰᠡᠨ ᠵᠢᠭᠡᠯᠡᠯᠭᠡ ᠬᠠᠩᠭᠠᠵᠤ᠂ ᠭᠠᠭᠴᠠ ᠤᠳᠠᠭᠠᠨ ᠤ ᠵᠢᠭᠡᠯᠡᠯᠭᠡ ᠶᠢᠨ ᠵᠣᠭᠤᠰ ᠤᠨ ᠲᠤᠭ᠎ᠠ ᠶᠢ ᠬᠠᠮᠤᠭ ᠥᠨᠳᠥᠷ ᠲᠡᠭᠡᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠂ ᠨᠢᠬᠡ ᠵᠢᠯ ᠤᠨ ᠬᠤᠭᠤᠴᠠᠭᠠᠨ ᠤ ᠬᠦᠤ ᠮᠥᠩᠭᠦ ᠶᠢᠨ ᠨᠣᠷᠮ᠎ᠠ ᠎ ᠨᠢ ᠬᠠᠮᠤᠭ ᠥᠨᠳᠥᠷ ᠲᠡᠭᠡᠨ 4.75%᠎ ᠶᠢ ᠲᠠᠪᠠᠭᠤᠯᠬᠤ ᠦᠭᠡᠶ᠂ ᠲᠠᠪᠤᠨ ᠵᠢᠯ ᠤᠨ ᠬᠤᠭᠤᠴᠠᠭ᠎ᠠ ᠵᠢᠴᠢ ᠲᠡᠭᠦᠨ ᠠᠴᠠ ᠳᠡᠭᠡᠭᠰᠢᠬᠢ ᠨᠢ 5.25%᠎ ᠶᠢ ᠳᠠᠪᠠᠭᠤᠯᠬᠤ ᠦᠭᠡᠶ᠃ ︵ᠲᠦᠷᠦᠭᠦᠯᠡᠬᠦ ᠨᠢᠭᠡᠴᠡ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠠᠮᠵᠢᠯᠴᠠᠬᠤ ᠨᠢᠭᠡᠴᠡ᠄ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠭᠤᠤᠯᠳᠠᠯᠭᠠᠲᠤ ᠰᠠᠯᠪᠤᠷᠢ ᠪᠠᠩᠬᠢ᠂ ᠣᠷᠳᠣᠰ ᠤᠨ ᠪᠠᠩᠬᠢ ᠪᠠ ᠳᠠᠭᠠᠳᠬᠠᠯ ᠤᠨ ᠦᠢᠯᠡᠰ ᠤᠨ ᠬᠢᠨᠠᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠲᠠᠷᠢᠶᠠᠯᠠᠩ ᠤᠨ ᠪᠠᠩᠬᠢ ᠶᠢᠨ ᠣᠷᠳᠣᠰ ᠲᠠᠬᠢ ᠬᠤᠪᠢᠶᠠᠷᠢ ᠪᠠᠩᠬᠢ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠲᠤᠮᠳᠠᠳᠣ ᠵᠡᠷᠭᠡ ᠶᠢᠨ ᠰᠢᠬᠦᠬᠦ ᠬᠤᠷᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠎ ᠶᠢᠨ ᠲᠤᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠬᠤᠲᠠ ᠶᠢᠨ ᠬᠦᠮᠦᠨ ᠤ ᠬᠦᠴᠦᠨ ᠎ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠬᠤᠲᠠ ᠶᠢᠨ ᠣᠰᠣᠨ ᠠᠰᠢᠭᠯᠠᠯᠲᠠ ᠶᠢᠨ ᠲᠤᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠶᠢᠨ ᠲᠣᠪᠴᠢᠶ᠎ᠠ᠂ ᠣᠷᠳᠣᠰ ᠤᠨ ᠴᠠᠬᠢᠯᠭᠠᠨ ᠦᠢᠯᠡᠰ ᠤᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠡᠯ᠎ᠡ ᠬᠠᠮᠢᠶ᠎ᠠ ᠪᠦᠬᠦᠢ ᠮᠥᠩᠭᠦᠨ ᠬᠦᠢᠯᠬᠡᠬᠡᠨ ᠤ ᠪᠠᠶᠢᠭᠤᠯᠤᠮᠵᠢ︶      ᠲᠠᠪᠤ᠂ ᠳᠠᠷᠤᠭᠠᠰᠤ ᠶᠢ ᠬᠥᠩᠭᠡᠷᠡᠭᠦᠯᠵᠦ ᠵᠠᠷᠤᠳᠠᠯ ᠢ ᠪᠠᠭᠠᠰᠬᠠᠵᠤ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ      ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠪᠠᠶᠢᠳᠠᠯ ᠤᠨ ᠳᠣᠤᠷ᠎ᠠ᠂ ᠡᠵᠡᠩᠨᠡᠯᠲᠡ ᠶᠢᠨ ᠴᠢᠨᠠᠷᠲᠠᠶ ᠰᠦᠢᠳᠭᠡᠯ ᠬᠤᠷᠢᠶᠠᠬᠤ ᠶᠢ ᠴᠢᠨᠠᠭᠰᠢᠲᠠ ᠬᠠᠰᠣᠨ ᠬᠡᠯᠳᠦᠷᠢᠬᠦᠯᠵᠤ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠤᠯᠤᠰ ᠎ ᠤᠨ ᠦᠮᠴᠢᠯᠡᠯᠲᠦ ᠠᠵᠤ ᠠᠬᠤᠶᠢᠯᠠᠯ ᠠᠴᠠ ᠤᠰᠤ ᠬᠠᠩᠭᠠᠵᠤ ᠪᠠᠶᠢᠭ᠎ᠠ ᠢᠳᠡᠭᠡᠨ ᠤᠮᠳᠠᠭᠠᠨ ᠤ ᠨᠢᠭᠡᠴᠡ ᠶᠢᠨ 2020 — 2021 ᠣᠨ ᠤ ᠤᠰᠤᠨ ᠤ ᠰᠦᠢᠳᠭᠡᠯ ᠢ ᠠᠷᠠᠳ ᠤᠨ ᠬᠡᠷᠡᠭᠯᠡᠭᠡᠨ ᠤ ᠤᠰᠤᠨ ᠤ ᠰᠦᠢᠳᠭᠡᠯ ᠤᠨ ᠨᠢᠭᠡᠳᠦᠭᠡᠷ ᠳᠡᠰ ᠎ ᠤᠨ ᠪᠠᠷᠢᠮᠵᠢᠶ᠎ᠠ ᠪᠠᠷ ᠬᠤᠷᠢᠶᠠᠵᠤ᠂ ᠤᠯᠤᠰ ᠤᠨ ᠥᠮᠴᠢᠯᠡᠯ ᠤᠨ ᠪᠤᠰᠤ ᠤᠰᠤ ᠬᠠᠩᠭᠠᠬᠤ ᠠᠵᠤ ᠠᠬᠤᠶᠢᠯᠠᠯ ᠎ ᠠᠴᠠ ᠢᠳᠡᠭᠡᠨ ᠤᠮᠳᠠᠭᠠᠨ ᠤ ᠨᠢᠭᠡᠴᠡ ᠳᠤ ᠵᠣᠬᠢᠬᠤ ᠬᠡᠮᠵᠢᠶᠡᠨ ᠤ ᠬᠠᠷᠠᠭᠠᠯᠵᠠᠯ ᠦᠵᠡᠭᠦᠯᠬᠦ ᠶᠢ ᠵᠣᠷᠢᠭᠵᠢᠭᠤᠯᠤᠨ᠎ᠠ᠃ ᠢᠳᠡᠭᠡᠨ ᠤᠮᠳᠠᠭᠠᠨ ᠤ ᠨᠢᠭᠡᠴᠡ ᠶᠢᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠶᠠᠮᠠᠷᠪᠠ ᠨᠢᠭᠡᠴᠡ ᠪᠤᠶᠤ ᠬᠤᠪᠢ ᠬᠥᠮᠦᠨ ᠶᠠᠮᠠᠷᠪᠠ ᠨᠡᠷ᠎ᠡ ᠪᠠᠷ ᠢᠳᠡᠭᠡᠨ ᠤᠮᠳᠠᠭᠠᠨ ᠤ ᠨᠢᠭᠡᠴᠡ ᠠᠴᠠ ᠲᠤᠭᠳᠠᠭᠠᠯ ᠎ ᠢ ᠵᠥᠷᠢᠴᠡᠨ ︽ᠵᠠᠯᠭᠠᠨ ᠤᠷᠤᠭᠤᠯᠬᠤ ᠰᠦᠢᠳᠬᠡᠯ︾᠂ ︽ᠮᠠᠲ᠋ᠧᠷᠢᠶᠠᠯ ᠤᠨ ᠰᠦᠢᠳᠬᠡᠯ ︾᠂ ︽ᠪᠠᠷᠢᠯᠭ᠎ᠠ ᠶᠢᠨ ᠰᠦᠢᠳᠭᠡᠯ︾ ᠵᠡᠷᠭᠡ ᠵᠦᠶ ᠵᠣᠬᠢᠰ ᠥᠬᠡᠶ ᠰᠦᠢᠳᠬᠡᠯ ᠬᠤᠷᠢᠶᠠᠵᠤ ᠪᠣᠯᠬᠤ ᠥᠬᠡᠶ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ 9 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠬᠤᠭᠤᠴᠠᠭᠠᠨ ᠳᠤ ᠦᠢᠯᠡᠴᠢᠯᠡᠬᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠎ ᠶᠢ ᠴᠢᠨᠠᠭᠰᠢᠳᠠ ᠲᠡᠮᠵᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢᠨ ᠳᠠᠷᠤᠭᠠᠰᠣ ᠶᠢ ᠬᠦᠩᠬᠡᠯᠡᠬᠦ ᠬᠡᠷᠡᠭᠵᠢᠭᠦᠯᠬᠦ ᠲᠥᠰᠦᠯ︾ ︵ᠥᠪᠥᠷ ᠲᠠᠷᠬᠠᠭᠠᠭᠰᠠᠨ ᠦᠬᠡᠷᠡᠴᠢᠯᠡᠯᠲᠡ ᠤᠷᠤᠭᠤᠯᠤᠯᠲᠠ ᠦᠰᠦᠭᠲᠦ ︵﹇2020﹈ 634 ᠳ᠋ᠤᠭᠡᠷ ᠲᠣᠭᠠᠲᠤ︶᠎ ᠢ ᠴᠢᠩᠭ᠎ᠠ ᠨᠠᠶᠢᠲᠠᠪᠤᠷᠢᠵᠢᠭᠤᠯᠵᠤ᠂ ᠢᠳᠡᠭᠡᠨ ᠤᠮᠳᠠᠭᠠᠨ ᠤ ᠦᠢᠯᠡᠰ ᠠᠴᠠ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠣᠨ ᠤ ᠭᠠᠵᠠᠷ ᠰᠢᠷᠣᠶ ᠶᠢᠨ ᠬᠡᠷᠡᠭᠯᠡᠯᠲᠡ ᠶᠢᠨ ᠭᠠᠶᠢᠯᠢ ᠲᠠᠲᠠᠪᠤᠷᠢᠯᠠᠬᠤ  ᠦᠬᠡᠢ︔ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠪᠢ ᠶᠢᠨ ᠬᠡᠷ ᠪᠠᠶᠢᠰᠢᠩ ᠤᠨ ᠡᠵᠡᠨ ᠢ ᠵᠣᠷᠢᠭᠵᠢᠭᠤᠯᠵᠤ ᠢᠳᠡᠭᠡᠨ ᠤᠮᠳᠠᠭᠠᠨ ᠤ ᠨᠢᠭᠡᠴᠡ ᠶᠢᠨ ᠬᠡᠷ  ᠪᠠᠶᠢᠰᠢᠩ ᠤᠨ ᠲᠦᠷᠢᠶᠡᠰᠦᠨ ᠮᠥᠩᠬᠦ ᠶᠢ ᠵᠣᠬᠢᠬᠤ ᠬᠡᠮᠵᠢᠶ᠎ᠡ ᠪᠠᠷ ᠬᠠᠰᠤᠵᠤ ᠭᠡᠯᠳᠦᠷᠢᠬᠦᠯᠦᠨ᠎ᠡ︔ ᠢᠳᠡᠭᠡᠨ ᠤᠮᠳᠠᠭᠠᠨ ᠤ ᠦᠢᠯᠡᠰ ᠤᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠲᠦᠷᠢᠶᠡᠰᠦᠯᠡᠭᠦᠯᠦᠭᠴᠢ ᠳᠤ ᠲᠣᠭᠲᠠᠭᠠᠯ ᠶᠣᠰᠣᠭᠠᠷ ᠲᠤᠬᠠᠶ ᠶᠢᠨ ᠵᠢᠯ ᠤᠨ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤᠨ ᠤ ᠭᠠᠵᠠᠷ ᠰᠢᠷᠣᠶ ᠶᠢᠨ ᠬᠡᠷᠡᠭᠯᠡᠯᠲᠡ ᠶᠢᠨ ᠭᠠᠶᠢᠯᠢ ᠶᠢ ᠬᠠᠰᠤᠵᠤ ᠬᠡᠯᠲᠦᠷᠢᠭᠦᠯᠵᠦ ᠪᠣᠯᠤᠨ᠎ᠠ︔ ᠪᠠᠶᠢᠭᠤᠯᠭ᠎ᠠ ᠨᠢᠭᠡᠴᠡ ᠶᠢᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠪᠠᠯ᠂ ︽ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠵᠤ ᠠᠬᠤᠶᠢᠯᠠᠯ ᠤᠨ ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠱᠠᠲᠤᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠬᠦ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠠᠮᠤᠨ ᠲᠠᠷᠬᠠᠭᠠᠭᠰᠠᠨ ﹇2020﹈ 11 ᠳ᠋ᠣᠭᠡᠷ ᠲᠣᠭᠠᠲᠤ︶᠎ ᠤᠨ ᠳᠣᠲᠣᠷᠠᠬᠢ ᠠᠵᠤ ᠠᠬᠤᠶᠢᠯᠠᠯ ᠤᠨ ᠠᠷᠭ᠎ᠠ ᠪᠠᠷ ᠯᠠᠪᠯᠠᠯᠲᠠ ᠪᠣᠯᠭᠠᠵᠤ᠂ ᠨᠢᠭᠡᠴᠡ ᠶᠢᠨ ᠰᠦᠢᠳᠭᠡᠯ ᠲᠤᠰᠢᠶᠠᠬᠤ ᠶᠢ ᠬᠠᠰᠤᠵᠤ ᠬᠡᠯᠲᠦᠷᠢᠭᠦᠯᠬᠦ ᠪᠠ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠤᠪᠢ ᠬᠥᠮᠦᠨ ᠤ ᠨᠡᠷ᠎ᠡ ᠲᠥᠷᠦ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠪᠤᠶᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠰᠠᠶᠢᠨ ᠳᠤᠷ᠎ᠠ ᠠᠴᠠ ᠪᠠᠨ ᠣᠷᠣᠯᠴᠠᠭᠰᠠᠨ ᠪᠣᠯ᠂ ᠵᠢᠯ ᠤᠨ ᠳᠣᠲᠣᠷ᠎ᠠ ᠲᠣᠭᠲᠠᠭᠠᠯ ᠶᠣᠰᠣᠭᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ︵ᠲᠠᠰ︶ ᠪᠣᠯᠤᠨ ᠰᠦᠢᠳᠭᠡᠯ ᠲᠤᠰᠢᠶᠠᠬᠤ ᠴᠠᠭ ᠢ ᠡᠵᠡᠨ ᠮᠡᠳᠡᠵᠦ ᠰᠣᠩᠭᠤᠵᠤ ᠪᠣᠯᠤᠨ᠎ᠠ︔ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠡᠳ ᠢ ᠳᠠᠭᠠᠳᠬᠠᠯ ᠳᠤ ᠣᠷᠣᠯᠴᠠᠬᠤ ᠳᠠᠩᠰᠠᠯᠠᠯ ᠢ ᠴᠠᠭ ᠲᠤᠬᠠᠶ ᠳᠤᠨᠢ ᠬᠢᠯᠬᠡᠬᠦ ᠠᠷᠭ᠎ᠠ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠨᠥᠬᠦᠨ ᠳᠠᠩᠰᠠᠯᠠᠭᠤᠯᠬᠤ ᠶᠢ ᠵᠦᠪᠰᠢᠶᠡᠷᠡᠴᠦ ᠲᠡᠷᠡᠴᠢᠯᠡᠨ ᠳᠠᠭᠠᠳᠬᠠᠯ ᠎ ᠳᠤ ᠣᠷᠣᠯᠴᠠᠭᠰᠠᠳ ᠤᠨ ᠬᠠᠷᠠᠭᠠᠯᠵᠠᠯ ᠢ ᠨᠥᠯᠥᠭᠡᠯᠡᠬᠦ ᠥᠬᠡᠶ︔ ᠡᠯ᠎ᠡ ᠬᠤᠰᠢᠭᠤ ᠲᠣᠭᠤᠷᠢᠭ ᠤᠨ ᠬᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠵᠥᠪ ᠲᠠᠯ᠎ᠠ ᠶᠢᠨ ᠨᠡᠶᠢᠲᠡᠯᠢᠭ ᠠᠵᠤ ᠠᠬᠤᠶᠢᠯᠠᠯ᠂ ᠬᠤᠪᠢ ᠬᠥᠮᠦᠨ ᠢ ᠤᠬᠠᠭᠤᠯᠤᠨ ᠮᠡᠳᠡᠭᠡᠯᠡᠬᠦ ᠪᠠ ᠵᠣᠬᠢᠬᠤ ᠬᠡᠮᠵᠢᠶ᠎ᠡ ᠪᠠᠷ ᠬᠥᠬᠢᠬᠦᠯᠬᠦ ᠶᠢ ᠳᠡᠮᠵᠢᠨ᠎ᠡ ᠡᠯ᠎ᠡ ᠲᠥᠷᠦᠯ ᠤᠨ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠢᠳᠡᠭᠡᠨ ᠤᠮᠳᠠᠭᠠᠨ ᠤ ᠵᠠᠬᠢᠶᠠᠯᠠᠭ᠎ᠠ ᠶᠢᠨ ᠬᠦᠯᠦᠰᠦᠨ ᠮᠥᠩᠭᠦ ᠎ ᠶᠢ ᠪᠠᠭᠤᠷᠠᠭᠤᠯᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ︶      ᠵᠢᠷᠭᠤᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠦᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ      ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠎ ᠢ ᠨᠠᠷᠢᠨ ᠬᠢᠨᠠᠮᠠᠭᠠᠶ ᠨᠠᠶᠢᠲᠠᠪᠤᠷᠢᠵᠢᠭᠤᠯᠵᠤ᠂ ᠳᠦᠷᠢᠮ ᠲᠣᠭᠲᠠᠭᠠᠯ ᠨᠢ ᠢᠯᠡ ᠲᠣᠳᠣ᠂ ᠬᠢᠨᠠᠨ ᠬᠠᠮᠢᠶᠠᠷᠤᠯᠲᠠ ᠨᠢ ᠲᠥᠪ ᠭᠤᠤᠯᠴᠢ᠂ ᠦᠢᠯᠡᠴᠢᠯᠡᠭᠡ ᠨᠢ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃ ᠰᠢᠨ᠎ᠡ ᠪᠠᠷ ᠡᠷᠬᠢᠯᠡᠭᠰᠡᠨ ᠢᠳᠡᠭᠡᠨ ᠤᠮᠳᠠᠭᠠᠨ ᠤ ᠨᠢᠭᠡᠴᠡ ᠳᠤ ︽ᠰᠠᠭᠠᠳ ᠦᠭᠡᠶ ᠨᠡᠪᠲᠡᠷᠡᠬᠦ ᠵᠠᠮ︾ ᠭᠠᠷᠭᠠᠵᠤ᠂ ᠭᠠᠷ ᠬᠦᠢᠴᠡᠳᠬᠡᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠦᠢᠴᠡᠳᠬᠡᠬᠦ ᠴᠠᠭ ᠢ ᠤᠬᠤᠷᠰᠬᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ︔ ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠶᠠᠷᠢᠯᠠᠨ‌‍ᠲ᠋ᠣᠭᠲᠠᠭᠠᠭᠰᠠᠨ ᠲᠤᠰᠬᠠᠶ ᠣᠷᠣᠨ ᠪᠦᠰᠡ ᠳᠤ ︽ᠳᠡᠯᠭᠡᠭᠡ ᠮᠠᠶᠢᠮᠠᠶ ᠶᠢᠨ ᠠᠵᠤ ᠠᠬᠤᠶ︾᠂ ᠰᠥᠨᠢ ᠶᠢᠨ ᠵᠠᠬ᠎ᠠ ᠳᠡᠯᠭᠡᠭᠦᠷ ᠡᠵᠡᠩᠨᠡᠬᠦ ᠢᠳᠡᠭᠡᠨ ᠤᠮᠳᠠᠭᠠᠨ ᠤ ᠬᠤᠳᠠᠯᠳᠤᠭᠠᠴᠢᠨ ᠡᠷᠦᠬᠡ ᠳᠤ ᠡᠵᠡᠩᠨᠡᠯᠲᠡ ᠬᠢᠬᠦ ᠨᠥᠬᠦᠴᠡᠯ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠭᠠᠷ ᠭᠦᠢᠴᠡᠳᠬᠡᠯ ᠢ ᠳᠥᠭᠦᠮᠴᠢᠯᠡᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠤ᠂ ᠨᠡᠭᠡᠭᠡᠨ ᠡᠷᠬᠢᠯᠡᠬᠦ ᠶᠢ ᠵᠣᠷᠢᠭᠵᠢᠭᠤᠯᠵᠤ᠂ ᠠᠮᠠᠯᠠᠯᠲᠠ ᠎ ᠶᠢ ᠲᠠᠩᠰᠠᠯᠠᠨ ᠦᠢᠯᠡᠴᠢᠯᠡᠬᠦ ᠳᠦᠷᠢᠮ ᠢ ᠬᠡᠷᠡᠭᠵᠢᠭᠦᠯᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠬᠤᠶᠢᠨᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ︔ ᠳᠠᠩᠰᠠᠯᠠᠭᠤᠯᠤᠭᠰᠠᠨ ᠵᠢᠵᠢᠭ ᠢᠳᠡᠭᠡᠨ ᠤᠮᠳᠠᠭᠠᠨ ᠎ ᠤ ᠦᠢᠯᠡᠰ ᠢ 2020 ᠣᠨ ᠳᠤ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠳᠤ ᠡᠵᠡᠩᠨᠡᠯᠲᠡ ᠬᠢᠬᠦ ᠶᠢ ᠵᠥᠪᠰᠢᠶᠡᠷᠡᠨ᠎ᠡ︔ ᠰᠲ᠋ᠣᠺ ᠤᠨ ᠡᠷᠬᠡ ᠶᠢᠨ ᠲᠠᠨᠵᠢᠯᠠᠯᠲᠠ᠂ ᠲᠠᠸᠠᠷ ᠤᠨ ᠲᠡᠮᠳᠡᠭ ᠤᠨ ᠡᠷᠬᠡ ᠶᠢᠨ ᠲᠠᠨᠵᠢᠯᠠᠯᠲᠠ᠂ ᠬᠥᠳᠡᠯᠬᠦ ᠬᠥᠷᠥᠩᠭᠡ ᠶᠢᠨ ᠳᠠᠨᠵᠢᠯᠠᠯᠲᠠ ᠵᠡᠷᠭᠡ ᠠᠵᠤ ᠠᠬᠤᠶᠢᠯᠠᠯ ᠤᠨ ᠵᠢᠭᠡᠯᠡᠯᠭᠡ ᠤᠯᠬᠤ ᠵᠦᠢᠯᠡᠰ ᠢ ᠲᠤᠰᠬᠠᠶ ᠬᠥᠮᠦᠨ ᠲᠠᠭᠠᠭᠤᠯᠤᠨ ᠬᠦᠢᠴᠡᠳᠭᠡᠯᠭᠡᠵᠤ᠂ ᠲᠡᠷᠡ ᠳᠠᠷᠤᠶ ᠳᠤᠨᠢ ᠬᠦᠢᠴᠡᠳᠬᠡᠵᠤ ᠲᠠᠭᠤᠰᠬᠠᠨ᠎ᠠ︔ ᠢᠳᠡᠭᠡᠨ ᠤᠮᠳᠠᠭᠠᠨ ᠤ ᠦᠢᠯᠡᠰ ᠤᠨ ᠬᠢᠨ ᠠᠩᠬ᠎ᠠ ᠤᠳᠠᠭ᠎ᠠ ᠳᠦᠷᠢᠮ ᠲᠣᠭᠲᠠᠭᠠᠯ ᠢ ᠬᠦᠩᠭᠡᠪᠲᠦᠷ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ ᠲᠡᠷᠡᠴᠢᠯᠡᠨ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠦᠭᠡᠶ ᠪᠣᠯ᠂ ᠪᠠᠭᠲᠠᠭᠠᠮᠵᠢᠲᠠᠶ ᠪᠣᠯᠭᠤᠮᠵᠢᠲᠠᠶ ᠬᠢᠨᠠᠨ ᠬᠠᠮᠢᠶᠠᠷᠴᠤ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠴᠠᠭ ᠲᠤᠬᠠᠶ ᠳᠤᠨᠢ ᠵᠠᠯᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ︶      ᠳᠣᠯᠤᠭ᠎ᠠ᠂ ᠠᠵᠤ ᠠᠬᠤᠶᠢᠯᠠᠯ ᠤᠨ ᠲᠤᠰ ᠪᠡᠶ᠎ᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ      ᠢᠳᠡᠬᠡᠨ ᠤᠮᠳᠠᠭᠠᠨ ᠤ ᠨᠢᠭᠡᠴᠡ ᠢᠳᠡᠭᠡᠨ ᠤᠮᠳᠠᠭᠠᠨ ᠤ ᠠᠮᠤᠷ ᠲᠥᠪᠰᠢᠨ ᠤ ᠪᠠᠲᠤᠯᠠᠭ᠎ᠠ ᠶᠢᠨ ᠠᠵᠢᠯ ᠢ ᠨᠡᠩ ᠴᠢᠬᠤᠯᠠᠴᠢᠯᠠᠵᠤ᠂ ᠢᠳᠡᠭᠡᠨ ᠤᠮᠳᠠᠭᠠᠨ ᠤ ᠨᠢᠭᠡᠴᠡ ︽ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ︾᠂ ︽4D︾ ︵ᠡᠮᠬᠢᠯᠡᠯᠲᠡ᠂ ᠬᠠᠷᠢᠭᠤᠴᠠᠯᠭ᠎ᠠ ᠂ ᠪᠤᠯᠪᠠᠰᠣᠷᠠᠭᠤᠯᠤᠯᠲᠠ᠂ ᠬᠡᠷᠡᠭᠵᠢᠬᠦᠯᠦᠯᠲᠡ ᠶᠢ ᠤᠷᠤᠨᠵᠢᠭᠤᠯᠤᠭᠰᠠᠨ︶ ᠵᠡᠷᠭᠡ ᠲᠡᠷᠢᠭᠦᠨ ᠤ ᠬᠠᠮᠢᠶᠠᠷᠤᠯᠲᠠ ᠶᠢᠨ ᠣᠨᠣᠯᠵᠢᠬᠤᠨ ᠢ ᠠᠪᠴᠤ ᠬᠡᠷᠡᠭᠯᠡᠬᠦ ᠶᠢ ᠵᠣᠷᠢᠭᠵᠢᠭᠤᠯᠵᠤ᠂ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢ ᠣᠷᠣᠭᠤᠯᠤᠨ ᠠᠪᠴᠢᠷᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠦᠢᠯᠡᠳᠪᠦᠷᠢᠯᠡᠵᠤ ᠪᠤᠯᠪᠠᠰᠣᠷᠠᠭᠤᠯᠬᠤ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠪᠠ ᠥᠪᠡᠷ ᠤᠨ ᠥᠷᠲᠡᠭ ᠢ ᠡᠵᠡᠮᠳᠡᠬᠦ ᠶᠢ ᠣᠷᠭᠠᠨᠢᠭ ᠢᠶᠠᠷ ᠨᠢᠭᠡᠳᠦᠭᠦᠯᠬᠦ ᠶᠢ ᠴᠢᠷᠮᠠᠶᠢᠨ ᠪᠡᠶᠡᠯᠡᠬᠦᠯᠦᠨ᠎ᠡ︔ ᠢᠳᠡᠭᠡᠨ ᠤᠮᠳᠠᠭᠠᠨ ᠤ ᠨᠢᠭᠡᠴᠡ ᠶᠢᠨ ᠬᠢᠨ ᠨᠣᠭᠤᠭ᠎ᠠ ᠵᠠᠭᠤᠰᠢ ᠪᠠ ᠦᠢᠯᠡᠴᠢᠯᠡᠬᠡᠨ ᠤ ᠶᠠᠰᠤ ᠴᠢᠨᠠᠷ ᠢ ᠨᠡᠩ ᠲᠤᠪᠤᠶᠢᠯᠭᠠᠬᠤ ᠶᠢ ᠵᠣᠷᠢᠭᠵᠢᠭᠤᠯᠵᠤ᠂ ᠨᠡᠩ ᠠᠮᠲᠠᠲᠤ ᠨᠣᠭᠤᠭ᠎ᠠ ᠵᠠᠭᠤᠰᠢ᠂ ᠴᠢᠨᠠᠷ ᠰᠠᠶᠢᠲᠠᠶ ᠦᠢᠯᠡᠴᠢᠯᠡᠭᠡ ᠪᠠᠷ ᠬᠡᠷᠡᠭᠯᠡᠭᠡ ᠶᠢ ᠲᠠᠳᠠᠨ᠎ᠠ︔ ᠢᠳᠡᠭᠡᠨ ᠤᠮᠳᠠᠭᠠᠨ ᠤ ᠨᠢᠭᠡᠴᠡ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠵᠤᠷᠢᠭᠵᠢᠭᠤᠯᠵᠤ᠂ ᠭᠠᠳᠠᠨ᠎ᠠ ᠠᠴᠠ ᠣᠷᠣᠭᠤᠯᠵᠤ ᠳᠣᠲᠣᠭᠠᠳᠤ ᠳᠠᠭᠠᠨ ᠬᠤᠯᠪᠤᠭᠠᠯᠠᠵᠤ ᠵᠠᠬ᠎ᠠ ᠳᠡᠯᠭᠡᠭᠦᠷ ᠎ ᠢ ᠦᠷᠭᠡᠳᠭᠡᠨ᠎ᠡ᠃ ᠰᠦᠯᠵᠢᠶᠡᠨ ᠳᠡᠭᠡᠷ᠎ᠡ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠠᠷᠭ᠎ᠠ ᠪᠠᠷᠢᠯ ᠢ ᠢᠳᠡᠪᠬᠢᠲᠡᠶ ᠠᠰᠢᠭᠯᠠᠵᠤ᠂ ᠰᠢᠭᠤᠳ ᠨᠡᠪᠲᠡᠷᠡᠬᠦᠯᠬᠡ ᠪᠠᠷ ᠬᠠᠯᠠᠮᠰᠢᠯ ᠦᠢᠯᠡᠳᠬᠦᠨ ᠎ ᠢ ᠲᠠᠨᠢᠯᠴᠠᠭᠤᠯᠬᠤ᠂ ︽ᠰᠦᠯᠵᠢᠶᠡᠨ ᠣᠳᠣ︾᠎ ᠪᠠᠷ ᠳᠡᠯᠭᠡᠭᠦᠷ ᠲᠤᠭᠤᠷᠢᠭᠤᠯᠬᠤ ᠵᠡᠷᠭᠡ ᠡᠯ᠎ᠡ ᠵᠦᠢᠯ ᠤᠨ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ ᠤᠨᠴᠠᠯᠢᠬᠳᠤ ᠪᠦᠲᠦᠭᠡᠭᠳᠡᠬᠦᠨ ᠢ ᠳᠡᠯᠭᠡᠷᠡᠭᠦᠯᠵᠦ᠂ ᠵᠢᠷᠬᠢᠬᠡ᠂ ᠬᠤᠷᠲᠤᠨ ᠰᠢᠭᠤᠳ ᠨᠡᠪᠲᠡᠷᠡᠬᠦᠯᠬᠡ ᠵᠡᠷᠭᠡ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠵᠣᠬᠢᠴᠠᠭᠤᠯᠤᠨ ᠲᠤᠰ ᠭᠠᠵᠠᠷ ᠣᠷᠣᠨ ᠤ ᠤᠨᠴᠠᠯᠢᠬᠳᠤ ᠪᠦᠲᠦᠭᠡᠭᠳᠡᠬᠦᠨ ᠳᠤ ᠨᠡᠶᠢᠲᠡ ᠶᠢᠨ ᠠᠰᠠᠷᠠᠮᠵᠢ ᠶᠢᠨ ᠲᠡᠯᠭᠡᠷᠡᠬᠦᠯᠦᠯᠲᠡ ᠬᠢᠨ᠎ᠠ︔ ᠢᠳᠡᠭᠡᠨ ᠤᠮᠳᠠᠭᠠᠨ ᠤ ᠨᠢᠭᠡᠴᠡ ᠶᠢᠨ ᠬᠡᠯᠬᠢᠶᠡᠵᠢᠭᠰᠡᠨ᠂ ᠪᠠᠷᠢᠮᠵᠢᠶᠠᠵᠢᠭᠰᠠᠨ᠂ ᠨᠡᠷᠡᠲᠦ ᠲᠥᠷᠦᠯ ᠲᠡᠮᠲᠡᠭᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠵᠣᠷᠢᠭᠵᠢᠭᠤᠯᠵᠤ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠎ ᠶᠢ ᠳᠡᠭᠡᠭᠰᠢᠯᠡᠭᠦᠯᠦᠨ᠎ᠡ︔ ᠢᠳᠡᠭᠡᠨ ᠤᠮᠳᠠᠭᠠᠨ ᠤ ᠠᠵᠢᠯ ᠲᠥᠷᠦᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ︽ᠪᠣᠯᠪᠠᠰᠤᠨ ᠬᠤᠭᠤᠯᠠᠨ ᠰᠢᠷᠡᠭᠡ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠨᠡᠶᠢᠲᠡ ᠶᠢᠨ ᠰᠠᠪᠬ᠎ᠠ ᠰᠢᠨᠠᠭ᠎ᠠ ᠬᠠᠪᠴᠢᠭᠤᠷ︾᠎ ᠢ ᠬᠡᠷᠡᠭᠯᠡᠵᠦ᠂ ᠢᠳᠡᠭᠡᠨ ᠤᠮᠳᠠᠭᠠᠨ ᠤ ᠨᠢᠭᠡᠴᠡ ᠶᠢ ᠱᠠᠭᠠᠷᠳᠠᠵᠤ ᠪᠠᠶᠢᠭᠠᠳ ᠢᠳᠡᠭᠡᠨ ᠤ ᠠᠮᠤᠷ ᠲᠥᠪᠰᠢᠨ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠣᠶᠤᠨ ᠤ ᠪᠤᠯᠪᠠᠰᠣᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ ᠎ᠠ᠂ ᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠲᠥᠪ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠲᠠ ᠶᠢᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ︶      ᠨᠠᠢᠮᠠ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ ᠢᠳᠡᠭᠡᠨ ᠤᠮᠳᠠᠭᠠᠨ ᠤ ᠬᠡᠷᠡᠭᠯᠡᠭᠡ ᠶᠢ ᠠᠬᠢᠭᠤᠯᠬᠤ ᠲᠠᠯ᠎ᠠ ᠪᠠᠷ      ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠲᠠᠪᠤᠷᠢᠵᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠬᠠᠭᠤᠯᠤᠨ ᠲᠠᠨᠢᠯᠴᠠᠭᠤᠯᠬᠤ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠡᠷᠴᠢᠮ ᠎ ᠢ ᠴᠢᠩᠭᠠᠷᠠᠭᠤᠯᠵᠤ᠂ ᠵᠣᠭᠠᠴᠠᠭᠰᠠᠳ ᠤᠨ ᠢᠷᠡᠯᠲᠡ ᠶᠢ ᠦᠷᠭᠦᠯᠵᠢᠯᠡᠨ ᠥᠷᠭᠡᠳᠬᠡᠵᠦ᠂ ᠵᠤᠭᠠᠴᠠᠭᠰᠠᠳ ᠤᠨ ᠵᠤᠭᠠᠴᠠᠯ ᠤᠨ ᠬᠡᠷᠡᠭᠯᠡᠭᠡ ᠶᠢ ᠲᠠᠲᠠᠵᠤ᠂ ᠢᠳᠡᠭᠡᠨ ᠤᠮᠳᠠᠭᠠᠨ ᠤ ᠬᠡᠷᠡᠭᠯᠡᠭᠴᠢᠳ ᠢ ᠨᠡᠮᠡᠭᠳᠡᠭᠦᠯᠦᠨ᠎ᠡ︔ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠬᠠᠮᠲᠤ ᠶᠢᠨ ᠵᠤᠭᠤᠭ ᠢ ᠵᠢᠷᠤᠮᠵᠢᠭᠤᠯᠤᠨ ᠥᠷᠨᠢᠭᠦᠯᠵᠦ᠂ ᠬᠡᠷᠡᠭᠯᠡᠭᠴᠢᠳ ᠢ ᠥᠷᠭᠡᠳᠬᠡᠨ᠂ ᠢᠳᠡᠭᠡᠨ ᠣᠮᠳᠠᠭᠠᠨ ᠤ ᠦᠢᠯᠡᠰ ᠤᠨ ᠬᠡᠷᠡᠭᠯᠡᠭᠡ ᠶᠢᠨ ᠰᠡᠷᠭᠦᠭᠡᠯᠲᠡ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠬᠤᠲᠠ ᠶᠢᠨ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ︶      ᠶᠢᠰᠦ᠂ ᠦᠨᠳᠦᠰᠦᠲᠡᠨ ᠤ ᠣᠨᠴᠠᠯᠢᠭᠲᠤ ᠢᠳᠡᠭᠡᠨ ᠤᠮᠳᠠᠭᠠᠨ ᠢ ᠲᠡᠮᠵᠢᠬᠦ ᠲᠠᠯ᠎ᠠ ᠪᠠᠷ      ᠤᠯᠠᠮᠵᠢᠯᠠᠯᠲᠤ ᠤᠨᠴᠠᠯᠢᠭ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠤᠯᠠᠮᠵᠢᠯᠠᠯᠲᠤ ᠢᠳᠡᠭᠡᠨ ᠤᠮᠳᠠᠭᠠᠨ ᠤ ᠰᠣᠶᠣᠯ ᠤᠨ ᠦᠪ ᠬᠦᠷᠦᠩᠬᠡ ᠶᠢ ᠬᠠᠮᠠᠭᠠᠯᠠᠨ ᠵᠠᠯᠭᠠᠮᠵᠢᠯᠠᠵᠤ᠂ ᠥᠪᠥᠷ ᠮᠣᠩᠭᠤᠯ ᠤᠨ ᠦᠨᠦᠷ ᠠᠮᠲᠠ ᠶᠢ ᠳᠣᠪᠤᠶᠢᠯᠭᠠᠵᠤ᠂ ᠣᠷᠳᠣᠰ ᠤᠨ ᠣᠨᠴᠠᠯᠢᠭᠲᠤ ᠢᠳᠡᠭᠡᠨ ᠤᠮᠳᠠᠭᠠᠨ ᠤ ᠲᠥᠷᠥᠯ ᠵᠦᠢᠯ ᠢ ᠢᠳᠡᠪᠬᠢᠲᠡᠶ ᠪᠠᠶᠠᠯᠢᠭᠵᠢᠭᠤᠯᠵᠤ᠂ ᠣᠨᠴᠠᠯᠢᠭᠲᠦ ᠢᠳᠡᠭᠡᠨ ᠤᠮᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠮᠣᠩᠭᠤᠯ ᠦᠰᠦᠭ ᠲᠡᠮᠲᠡᠭᠲᠦ︾᠎ ᠎ ᠶᠢᠨ ᠦᠨᠳᠦᠰᠦᠲᠡᠨ ᠤ ᠣᠨᠴᠠᠯᠢᠭᠲᠤ ᠠᠮᠲᠠᠲᠤ ᠢᠳᠡᠭᠡᠨ ᠢ ᠡᠬᠦᠳᠴᠦ᠂ ᠦᠨᠳᠦᠰᠦᠲᠡᠨ ᠤ ᠣᠨᠴᠠᠯᠢᠭᠲᠤ ᠠᠮᠲᠠᠲᠤ ᠢᠳᠡᠭᠡᠨ ᠤ ᠠᠵᠤ ᠦᠢᠯᠡᠰ ᠤᠨ ᠤᠷᠤᠨ ᠪᠦᠰᠡ ᠶᠢᠨ ᠨᠡᠷᠡᠲᠦ ᠲᠡᠮᠲᠡᠭᠳᠦ ᠎ ᠶᠢᠨ ᠬᠦᠭᠵᠢᠯᠲᠡ ᠶᠢ ᠠᠬᠢᠭᠤᠯᠤᠨ᠎ᠠ︔ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠦᠨᠳᠦᠰᠦᠲᠡᠨ ᠤ ᠠᠮᠲᠠᠲᠤ ᠢᠳᠡᠭᠡᠨ ᠤ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ ᠦᠵᠡᠭᠦᠯᠬᠦ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠤ᠂ ᠣᠨᠴᠠᠯᠢᠭᠲᠤ ᠢᠳᠡᠭᠡᠨ ᠤᠮᠳᠠᠭᠠᠨ ᠢᠶᠠᠷ ᠭᠤᠤᠯ ᠪᠣᠯᠭᠠᠭᠰᠠᠨ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠢ ᠪᠤᠶ ᠪᠣᠯᠭᠠᠨ᠎ᠠ︔ ︽ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ ᠳᠡᠯᠭᠡᠭᠦᠷ︾ ︽ᠪᠣᠯᠪᠠᠰᠤᠨ ᠬᠤᠭᠤᠯᠠᠨ ᠭᠡᠷ︾ ᠵᠡᠷᠭᠡ ᠡᠯ᠎ᠡ ᠲᠥᠷᠥᠯ ᠤᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠡᠭᠦᠨ ᠳᠤ ᠬᠤᠲᠠ ᠶᠢᠨ ᠲᠡᠰ ᠲᠠᠪᠬᠤᠷᠭᠠᠨ ᠤ ᠢᠳᠡᠭᠡᠨ ᠤᠮᠳᠠᠭᠠᠨ ᠤ ᠦᠢᠯᠡᠰ ᠤᠨ ᠶᠡᠷᠦᠩᠬᠡᠶ ᠬᠡᠮᠵᠢᠶ᠎ᠡ ᠶᠢᠨ 1%᠎ ᠪᠠᠷ ᠠᠳᠠᠯᠢᠳᠬᠠᠨ ᠰᠢᠯᠭᠠᠷᠠᠭᠤᠯᠵᠤ᠂ ᠬᠤᠰᠢᠭᠤ ᠲᠣᠭᠤᠷᠢᠭ ᠤᠨ ᠲᠡᠰ ᠲᠠᠪᠬᠤᠷᠭᠠᠨ ᠤ ᠬᠢᠨ ᠢᠳᠡᠭᠡᠨ ᠤᠮᠳᠠᠭᠠᠨ ᠤ ᠦᠢᠯᠡᠰ ᠤᠨ ᠶᠡᠷᠦᠩᠬᠡᠶ ᠬᠡᠮᠵᠢᠶ᠎ᠡ ᠶᠢᠨ 3%᠎ ᠪᠠᠷ ᠠᠳᠠᠯᠢᠳᠬᠠᠨ ᠰᠢᠯᠭᠠᠷᠠᠭᠤᠯᠵᠤ᠂ ᠠᠳᠠᠯᠢᠳᠬᠠᠨ ᠰᠢᠯᠭᠠᠷᠠᠭᠤᠯᠤᠭᠰᠠᠨ ᠲᠡᠷᠢᠭᠦᠨ ᠤ ᠢᠳᠡᠭᠡᠨ ᠤᠮᠳᠠᠭᠠᠨ ᠤ ᠨᠢᠭᠡᠴᠡ ᠳᠤ ᠱᠠᠩᠨᠠᠨ ᠬᠦᠬᠢᠬᠦᠯᠬᠦ ᠪᠠᠷ ᠪᠡᠯᠡ ᠣᠷᠣᠭᠤᠯᠤᠯᠲᠠ ᠶᠢ ᠣᠷᠣᠯᠠᠭᠤᠯᠬᠤ ᠬᠡᠯᠪᠡᠷᠢ ᠪᠠᠷ ᠲᠡᠮᠵᠢᠯᠬᠡ ᠦᠵᠡᠭᠦᠯᠦᠨ᠎ᠡ︔ ᠣᠷᠣᠨ ᠨᠤᠲᠤᠭ ᠤᠨ ᠦᠨᠳᠦᠰᠦᠲᠡᠨ ᠤ ᠣᠨᠴᠠᠯᠢᠭᠲᠤ ᠢᠳᠡᠭᠡᠨ ᠤᠮᠳᠠᠭᠠᠨ ᠤ ᠰᠣᠯᠢᠯᠴᠠᠭᠠᠨ ᠤ ᠬᠤᠷᠠᠯ᠂ ᠲᠠᠨᠢᠯᠴᠠᠭᠤᠯᠬᠤ ᠬᠤᠷᠠᠯ᠂ ᠠᠮᠲᠠᠲᠤ ᠢᠳᠡᠭᠡᠨ ᠤ ᠨᠠᠶᠢᠷ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠲᠠᠯ᠎ᠠ ᠨᠤᠲᠤᠭ ᠤᠨ ᠠᠮᠲᠠᠲᠤ ᠢᠳᠡᠭᠡᠨ ᠤ ᠰᠣᠶᠣᠯ ᠤᠨ ᠠᠭᠤᠲᠠᠯᠲᠠ ᠪᠠ ᠤᠬᠠᠭᠤᠯᠭ᠎ᠠ ᠶᠢ ᠴᠢᠩᠭᠠᠳᠬᠠᠵᠤ᠂ ᠲᠠᠯ᠎ᠠ ᠨᠤᠲᠤᠭ ᠤᠨ ᠠᠮᠲᠠᠲᠤ ᠢᠳᠡᠭᠡᠨ ᠤ ᠰᠣᠶᠣᠯ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠲᠠ ᠶᠢᠨ ᠢᠳᠡᠭᠡᠨ ᠤᠮᠳᠠᠭᠠᠨ ᠪᠠ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ︶      ᠠᠷᠪᠠ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠲᠠᠯ᠎ᠠ ᠪᠠᠷ      ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠲᠠᠪᠤᠷᠢᠵᠢᠭᠤᠯᠵᠤ᠂ ᠢᠳᠡᠭᠡᠨ ᠤ ᠠᠮᠤᠷ ᠲᠥᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠥᠪ ᠭᠤᠣᠯᠴᠢ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠡᠳᠦᠷ ᠲᠤᠲᠤᠮ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ ᠡᠯ᠎ᠡ ᠭᠤᠭᠴᠣᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠤ᠂ ︽ᠨᠢᠬᠡ ᠬᠠᠤᠯᠢ ᠪᠤᠰᠤ ᠪᠠ ᠬᠤᠶᠠᠷ ᠭᠠᠷ ᠬᠦᠢᠴᠡᠳᠬᠡᠯ ᠦᠬᠡᠢ︾ ︵ᠢᠳᠡᠭᠡᠨ ᠤ ᠵᠦᠢᠯ ᠢ ᠬᠠᠤᠯᠢ ᠪᠤᠰᠤ ᠪᠠᠷ ᠦᠢᠯᠡᠳᠪᠦᠷᠢᠯᠡᠨ ᠪᠣᠯᠪᠠᠰᠤᠷᠠᠭᠤᠯᠬᠤ᠂ ᠢᠳᠡᠭᠡᠨ ᠎ ᠤ ᠵᠦᠢᠯ ᠢ ᠦᠢᠯᠡᠳᠪᠦᠷᠢᠯᠡᠨ ᠪᠣᠯᠪᠠᠰᠤᠷᠠᠭᠤᠯᠬᠤ ᠭᠠᠷ ᠬᠦᠢᠴᠡᠳᠬᠡᠯ ᠦᠬᠡᠢ ᠬᠠᠷ᠎ᠠ ᠦᠢᠯᠡᠳᠬᠡᠯ᠂ ᠴᠡᠭ︶᠎ ᠪᠠᠷ ᠦᠢᠯᠡᠳᠪᠦᠷᠢᠯᠡᠨ ᠪᠤᠯᠪᠠᠰᠣᠷᠠᠭᠤᠯᠬᠤ᠂ ᠬᠠᠤᠯᠢ ᠪᠤᠰᠤ ᠪᠠᠷ ᠨᠡᠮᠡᠯᠲᠡ ᠡᠳ᠋ ᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠥᠪᠰᠢᠨ ᠎ ᠢ ᠡᠷᠡᠰ ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ ᠠᠵᠤ ᠠᠬᠤᠶᠢᠯᠠᠯ ᠤᠨ ᠦᠨ᠎ᠡ ᠬᠠᠩᠰᠢ ᠶᠢᠨ ᠲᠤᠰᠬᠠᠶ ᠪᠠᠶᠢᠴᠠᠭᠠᠯᠲᠠ ᠶᠢ ᠴᠠᠭ ᠲᠤᠬᠠᠶ ᠳᠤᠨᠢ ᠥᠷᠨᠢᠭᠦᠯᠵᠦ᠂ ᠦᠨ᠎ᠡ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠭᠰᠠᠨ ᠨᠢ ᠬᠦᠷᠦᠯᠴᠡᠬᠦ ᠦᠭᠡᠶ᠂ ᠲᠦᠢᠯᠪᠤᠷᠢᠲᠠᠶ ᠪᠤᠰᠤ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ︔᠂ ᠣᠷᠣᠨ ᠰᠠᠭᠤᠴᠠ ᠲᠦᠷᠢᠶᠡᠰᠦᠯᠡᠬᠦ ᠪᠠ ᠵᠠᠭᠤᠴᠢ ᠪᠠᠶᠢᠭᠤᠯᠤᠮᠵᠢ ᠶᠢᠨ ᠬᠢᠨᠠᠨ ᠬᠠᠮᠢᠶᠠᠷᠤᠯᠲᠠ ᠶᠢ ᠴᠢᠩᠭᠠᠷᠠᠭᠤᠯᠵᠤ᠂ ᠭᠡᠷ ᠪᠠᠶᠢᠰᠢᠩ ᠲᠦᠷᠢᠶᠡᠰᠦᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠭᠡᠷ ᠪᠠᠶᠢᠰᠢᠩ ᠬᠤᠳᠠᠯᠳᠤᠬᠤ ᠲᠦᠷᠢᠶᠡᠰᠦᠯᠡᠬᠦ ᠵᠠᠷ ᠮᠡᠳᠡᠭᠡ ᠶᠢ ᠲᠣᠭᠲᠠᠭᠠᠯ ᠠᠴᠠ ᠵᠥᠷᠢᠴᠡᠨ ᠨᠡᠶᠢᠲᠡᠯᠡᠬᠦ᠂ ᠲᠦᠷᠢᠶᠡᠰᠦᠯᠡᠬᠦ ᠦᠨ᠎ᠡ ᠬᠠᠩᠰᠢ ᠶᠢ ᠲᠦᠷᠭᠢᠯᠳᠦᠨ ᠦᠰᠬᠡᠬᠦ᠂ ᠲᠣᠭᠲᠠᠭᠠᠯ ᠠᠴᠠ ᠵᠥᠷᠢᠴᠡᠨ ᠬᠠᠮᠢᠶᠠᠷᠤᠯᠲᠠ ᠶᠢᠨ ᠰᠦᠢᠳᠭᠡᠯ᠂ ᠠᠳᠠᠯ ᠠᠬᠤᠶ ᠶᠢᠨ ᠰᠦᠢᠳᠬᠡᠯ ᠬᠤᠷᠢᠶᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠡᠷᠬᠡ ᠲᠡᠭᠰᠢ ᠪᠠᠷ ᠦᠷᠢᠰᠦᠯᠳᠦᠬᠦ ᠲᠥᠷᠥ ᠶᠢᠨ ᠪᠣᠳᠣᠯᠭ᠎ᠠ ᠎ ᠶᠢᠨ ᠬᠡᠷᠡᠭᠵᠢᠬᠦᠯᠦᠯᠲᠡ ᠶᠢ ᠴᠢᠩᠳᠠᠯᠠᠵᠤ᠂ ᠡᠷᠬᠡ ᠲᠡᠭᠰᠢ ᠪᠠᠷ ᠦᠷᠢᠰᠦᠯᠳᠦᠬᠦ ᠬᠢᠨᠠᠨ ᠪᠠᠶᠢᠴᠠᠭᠠᠬᠤ ᠪᠠᠷᠢᠮᠵᠢᠶ᠎ᠠ ᠲᠠᠢ ᠴᠢᠩᠭ᠎ᠠ ᠬᠠᠷᠭᠤᠭᠤᠯᠤᠨ᠂ ᠡᠷᠭᠡ ᠲᠡᠭᠰᠢ᠂ ᠨᠡᠭᠡᠭᠡᠯᠲᠡ ᠲᠠᠢ᠂ ᠢᠯᠡ ᠲᠣᠳᠣ ᠵᠠᠬ᠎ᠠ ᠳᠡᠯᠭᠡᠭᠦᠷ ᠤᠨ ᠳᠦᠷᠢᠮ ᠢ ᠵᠦᠷᠢᠴᠡᠭᠰᠡᠨ ᠪᠠ ᠵᠠᠬ᠎ᠠ ᠳᠡᠯᠬᠡᠬᠦᠷ ᠤᠨ ᠡᠷᠭᠡ ᠲᠡᠭᠰᠢ ᠪᠠᠷ ᠦᠷᠢᠰᠦᠯᠳᠦᠬᠦ ᠶᠢ  ᠬᠠᠷᠰᠢᠯᠠᠭᠰᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠲᠥᠷᠢᠮ ᠲᠣᠭᠲᠠᠭᠠᠯ ᠢ ᠬᠠᠤᠯᠢ ᠶᠣᠰᠣᠭᠠᠷ ᠢᠯᠭᠠᠷᠠᠭᠤᠯᠤᠨ ᠬᠦᠴᠦᠨ ᠦᠭᠡᠶ ᠪᠣᠯᠭᠠᠵᠤ᠂ ᠪᠠᠷᠠᠭ᠎ᠠ ᠶᠢᠨ ᠦᠨ᠎ᠡ ᠶᠢ ᠲᠦᠷᠬᠢᠯᠳᠦᠨ ᠥᠰᠬᠡᠬᠦ᠂ ᠰᠦᠯᠪᠡᠭᠡᠯᠳᠦᠨ ᠦᠨ᠎ᠡ ᠬᠠᠩᠰᠢ ᠶᠢ ᠥᠰᠬᠡᠬᠦ ᠵᠡᠷᠭᠡ ᠡᠷᠭᠡ ᠲᠡᠭᠰᠢ ᠪᠠᠷ ᠦᠷᠢᠰᠦᠯᠳᠦᠬᠦ ᠵᠠᠷᠴᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠲᠦᠷᠦᠬᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠦᠬᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠯᠣᠰ ᠤᠨ ᠦᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠨ ᠬᠠᠮᠢᠶᠠᠷᠤᠯᠲᠠ ᠬᠢᠬᠦ ᠵᠦᠪᠯᠡᠯ ᠵᠡᠷᠭᠡ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ︶      ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠰᠠᠨᠠᠯ ᠢ ᠲᠤᠤᠱᠯᠠᠭᠤᠯᠤᠨ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠣ᠂ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠦᠯᠢᠶᠡᠨ ᠠᠪᠴᠤ᠂ ᠲᠤᠰ ᠪᠡᠶ᠎ᠡ ᠶᠢᠨ ᠴᠢᠳᠠᠪᠬᠢ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠪᠠᠨ ᠨᠢᠭᠳᠠᠷᠠᠭᠤᠯᠵᠤ᠂ ᠰᠠᠨᠠᠯ ᠳᠤ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠪᠦᠬᠦ ᠬᠤᠲᠠ ᠶᠢᠨ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠠᠬᠢᠭᠤᠯᠵᠤ᠂ ᠪᠦᠬᠦ ᠬᠤᠲᠠ ᠶᠢᠨ ︽ᠠᠵᠢᠯ ᠣᠯᠭᠤᠯᠲᠠ ᠶᠢ ᠲᠤᠭᠳᠠᠪᠤᠷᠢᠵᠢᠭᠤᠯᠤᠨ᠂ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ︾ ᠠᠵᠢᠯ ᠪᠤᠲᠠᠲᠤ ᠠᠮᠵᠢᠯᠲᠠ ᠤᠯᠬᠤ ᠳᠤ ᠬᠦᠴᠦᠨ ᠨᠡᠮᠡᠷᠢᠯᠡᠨ᠎ᠡ᠃                            ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                     2020 ᠣᠨ ᠤ 8 ᠰᠠᠷ᠎ᠠ ᠶᠢᠨ 3᠎ ᠤ ᠡᠳᠦᠷ
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号