ᠣᠷᠳᠣᠰ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠡᠬᠡ ᠤᠷᠤᠨᠴᠢ ᠦᠵᠡᠯ ᠤᠨ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/9/30
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠪᠠᠶᠠᠷ ᠬᠦᠷᠴᠤ ᠢᠷᠡᠬᠦ ᠲᠠᠰᠢᠷᠠᠮ ᠢᠶᠠᠷ ᠣᠷᠳᠣᠰ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠡᠬᠡ ᠣᠷᠣᠨᠴᠢ ᠦᠵᠡᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠤ᠂ ᠪᠠᠭᠰᠢ ᠰᠤᠷᠤᠭᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠦᠭᠵᠢᠭᠡᠪᠠ᠃      ᠬᠢᠶ᠎ᠡ ᠪᠠᠭᠰᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠬᠤᠪᠢᠰᠬᠠᠯᠳᠤ ᠳᠠᠭᠤᠤ ᠲᠠᠭᠤᠯᠠᠬᠤ ᠠᠵᠢᠯᠯᠠᠭ᠎ᠠ ᠦᠷᠨᠢᠭᠦᠯᠵᠤ᠂ ᠡᠯ᠎ᠡ ᠠᠩᠭᠢ ᠶᠢᠨ ᠬᠢᠨ ᠢᠷᠠᠭᠤ ᠰᠠᠶᠢᠬᠠᠨ ᠳᠠᠭᠤᠤ᠂ ᠢᠳᠡᠷᠡᠬᠦᠨ ᠵᠢᠪᠬᠤᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠨ ᠮᠠᠨᠳᠤᠵᠤ᠂ ᠡᠷᠡᠯᠬᠡᠭᠯᠡᠨ ᠤᠷᠤᠭᠰᠢᠯᠠᠬᠤ ᠣᠮᠤᠭ ᠵᠣᠷᠢᠭ ᠢ ᠮᠠᠭᠲᠠᠨ ᠳᠠᠭᠤᠯᠠᠬᠤ ᠪᠠᠷ ᠳᠡᠮᠵᠢᠭᠤᠯᠤᠨ ᠰᠢᠨ᠎ᠡ ᠴᠠᠭ ᠦᠶ᠎ᠡ ᠶᠢᠨ ᠪᠠᠭᠠᠴᠤᠳ ᠤᠨ ᠨᠠᠮ᠂ ᠡᠬᠡ ᠤᠯᠤᠰ᠂ ᠨᠡᠶᠢᠭᠡᠮ ᠵᠢᠷᠤᠮ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠬᠦᠯᠵᠠᠢ᠃      ᠡᠵᠡᠨ ᠬᠤᠷᠤᠭ᠎ᠠ ᠬᠤᠰᠢᠭᠤᠨ ᠤ ᠪᠦᠯᠢᠶᠠᠨ ᠪᠠᠭ᠎ᠠ ᠰᠤᠷᠭᠠᠭᠤᠯᠢ ︽ᠤᠯᠤᠰ ᠤᠨ ᠪᠠᠶᠠᠷ ᠢ ᠤᠭᠲᠤᠵᠤ ᠤᠯᠤᠰ ᠤᠨ ᠲᠤᠭ ᠲᠤ ᠶᠣᠰᠣᠯᠠᠬᠤ︾ ᠡᠬᠡ ᠣᠷᠣᠨᠴᠢ ᠦᠵᠡᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠭᠴᠢᠳ ᠤᠨ ᠤᠯᠤᠰ ᠪᠠ ᠦᠨᠳᠦᠰᠦᠲᠡᠨ ᠢᠶᠠᠨ ᠬᠠᠶᠢᠷᠠᠯᠠᠬᠤ ᠰᠡᠳᠬᠢᠯᠭᠡ᠂ ᠳᠠᠨᠢᠨ ᠮᠡᠳᠡᠷᠡᠬᠦ ᠰᠡᠳᠬᠢᠯᠭᠡ᠂ ᠤᠮᠤᠬ ᠪᠠᠭ᠋ᠠᠳᠤᠯᠳᠤ ᠰᠡᠳᠬᠢᠯᠭᠡ ᠶᠢ ᠢᠯᠡᠷᠡᠬᠦᠯᠵᠤ᠂ ᠤᠯᠤᠰ ᠣᠷᠣᠨ ᠤ ᠦᠵᠡᠯᠲᠡ᠂ ᠤᠯᠤᠰ ᠢᠶᠠᠨ ᠬᠠᠶᠢᠷᠠᠯᠠᠬᠤ ᠤᠬᠠᠮᠰᠠᠷ ᠢ ᠥᠷᠭᠡᠨ ᠣᠯᠠᠨ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠪᠠ᠃ ᠳᠤᠰ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ ᠰᠤᠷᠤᠭᠴᠢᠳ ᠲᠤ ᠭᠠᠷᠠᠭ ᠤᠨ ᠰᠡᠭᠦᠯᠴᠢ ᠪᠠᠷ ᠬᠤᠪᠢᠰᠬᠠᠯᠳᠤ ᠺᠢᠨᠣ᠋ ᠦᠵᠡᠬᠦᠯᠵᠤ᠂ ᠰᠤᠷᠤᠭᠴᠢᠳ ᠲᠤ ᠠᠬᠠᠮᠠᠳ ᠦᠶ᠎ᠡ ᠶᠢᠨ ᠬᠢᠨ ᠤ ᠪᠠᠭᠠᠲᠤᠷᠯᠢᠭ ᠦᠢᠯᠡ ᠠᠵᠢᠯᠯᠠᠭ᠎ᠠ ᠪᠠ ᠬᠤᠪᠢᠰᠬᠠᠯᠳᠤ ᠪᠠᠶᠠᠰᠤᠩᠭᠤᠢ ᠵᠤᠷᠢᠬ ᠰᠠᠨᠠᠭ᠎ᠠ ᠶᠢ ᠳᠠᠨᠢᠭᠤᠯᠤᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠬᠦᠭᠵᠢᠬᠡᠵᠡᠢ︔ ᠭᠤᠷᠪᠠᠳᠤᠭᠠᠷ᠂ ᠳᠥᠷᠪᠡᠳᠦᠭᠡᠷ ᠤᠨ ᠤ ᠰᠤᠷᠤᠭᠴᠢᠳ ︽ᠤᠯᠤᠰ ᠤᠨ ᠪᠠᠶᠠᠷ ᠢᠶᠠᠨ ᠤᠭᠲᠤᠵᠤ ᠤᠯᠤᠰ ᠤᠨ ᠲᠤᠭ ᠲᠤ ᠶᠣᠰᠣᠯᠠᠬᠤ︾ ᠠᠵᠢᠯᠯᠠᠭ᠎ᠠ ᠦᠷᠨᠢᠬᠦᠯᠵᠤ᠂ ᠰᠤᠷᠤᠭᠴᠢᠳ ᠲᠤ ᠡᠬᠡ ᠤᠯᠤᠰ ᠤᠨ ᠢᠶᠠᠨ ᠬᠦᠭᠵᠢᠯᠳᠡ ᠬᠤᠪᠢᠷᠠᠯᠲᠠ ᠶᠢ ᠣᠶᠢᠯᠠᠭᠠᠭᠤᠯᠵᠤ᠂ ᠪᠠᠭᠰᠢ ᠰᠤᠷᠤᠭᠴᠢᠳ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ ᠵᠣᠷᠢᠭ ᠰᠠᠨᠠᠭ᠎ᠠ ᠪᠣᠯᠤᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠠᠢ︔ ᠲᠠᠪᠤᠳᠤᠭᠠᠷ᠂ ᠵᠢᠷᠭᠤᠳᠤᠭᠠᠷ ᠤᠨ ᠤ ᠰᠤᠷᠤᠬᠴᠢᠳ ᠤᠷᠠᠨ ᠤᠩᠰᠢᠯᠭ᠎ᠠ ᠶᠢᠨ ᠠᠵᠢᠯᠯᠠᠭ᠎ᠠ ᠦᠷᠨᠢᠬᠦᠯᠬᠦ ᠪᠠᠷ ᠳᠡᠮᠵᠢᠭᠤᠯᠤᠨ ᠪᠠᠭᠰᠢ ᠰᠤᠷᠤᠬᠴᠢᠳ ᠬᠠᠮᠳᠤ ᠪᠠᠷ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ ᠭᠦᠰᠡᠯ ᠵᠡᠭᠦᠳᠦ ᠪᠠᠨ ᠲᠡᠷᠭᠡᠯᠰᠢᠭᠦᠯᠬᠦ ᠢᠳᠡᠭᠡᠯ ᠵᠤᠷᠢᠬ ᠢ ᠨᠢ ᠬᠦᠭᠵᠢᠭᠡᠭᠰᠡᠨ ᠪᠠᠶᠢᠨ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠠ