ᠣᠷᠳᠣᠰ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠤᠨ ᠤ ᠬᠡᠪᠯᠡᠯ︶᠎ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠎ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ                                                                                                                  ᠤᠷᠳᠤᠰ ᠵᠠᠰᠠᠭ ᠠᠯᠪᠠᠨ ᠲᠠᠷᠬᠠᠭᠠᠭᠰᠠᠨ ﹇2020﹈ 66 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2020/9/4
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ‌‍ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ᠂ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠬᠡᠳ᠂ ︽ᠣᠷᠳᠣᠰ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠤᠨ ᠎ ᠤ ᠬᠡᠪᠯᠡᠯ︶︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠭᠡᠷᠡᠭᠵᠢᠭᠦᠯᠳᠦᠬᠡᠢ᠃                    ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                           2020 ᠣᠨ ᠤ 9 ᠰᠠᠷ᠎ᠠ ᠶᠢᠨ 4᠎ ᠤ ᠡᠳᠦᠷ      ᠣᠷᠳᠣᠰ ᠬᠤᠲᠠ ᠶᠢᠨ ᠬᠤᠯᠤᠭᠠᠨ᠎ᠠ ᠶᠢᠨ ᠬᠢᠵᠢᠭ  ᠎ ᠢ  ᠬᠢᠵᠠᠭᠠᠷᠯᠠᠬᠤ ᠪᠠᠴᠢᠮ       ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠤᠨ ᠤ ᠬᠡᠪᠯᠡᠯ︶        ᠨᠢᠭᠡ᠂ ᠶᠡᠷᠦᠩᠬᠡᠶ ᠳᠦᠷᠢᠮ      ︵ᠨᠢᠭᠡ︶ ᠨᠠᠶᠢᠷᠠᠭᠤᠯᠤᠨ ᠵᠣᠬᠢᠶᠠᠬᠤ ᠵᠣᠷᠢᠯᠭ᠎ᠠ      ᠬᠤᠯᠤᠭᠠᠨ᠎ᠠ ᠶᠢᠨ ᠬᠢᠵᠢᠭ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠲᠦᠷᠭᠡᠨ ᠢᠶᠠᠷ ᠠᠷᠭᠠᠴᠠᠵᠣ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠠᠴᠠ ᠪᠣᠯᠤᠭᠰᠠᠨ ᠬᠤᠤᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠭᠰᠡᠨ ᠡᠷᠡᠭᠦᠯ ᠬᠦᠭᠵᠢᠯᠳᠡ ᠶᠢ ᠪᠠᠳᠤᠯᠠᠬᠤ ᠶᠢᠨ ᠲᠤᠰᠠᠳᠠ᠂ ᠣᠨᠴᠠᠭᠠᠶᠢᠯᠠᠨ ᠲᠣᠰ ᠪᠡᠯᠡᠳᠬᠡᠯ ᠲᠥᠰᠦᠯ ᠢ ᠲᠣᠭᠲᠠᠭᠠᠪᠠ᠃      ︵ᠬᠤᠶᠠᠷ︶ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠬᠠᠤᠯᠢ︾ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠤᠯᠤᠰ ᠤᠨ ᠲᠤᠳᠤᠭᠠᠳᠤ ᠶᠢᠨ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠎ ᠤᠨ ᠬᠢᠵᠢᠭ ᠪᠠᠶᠢᠴᠠᠭᠠᠬᠤ ᠲᠦᠷᠢᠮ︾ ᠵᠢᠴᠢ ︽ᠡᠷᠡᠭᠦᠯ ᠬᠠᠮᠠᠭᠠᠯᠠᠯ ᠤᠨ ᠶᠠᠮᠤᠨ ᠤ ᠤᠯᠤᠰ ᠤᠨ ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮᠵᠢᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2007﹈ 46 ᠳ᠋ᠤᠭᠠᠷ ᠲᠣᠭᠠᠲᠤ︶᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠨ ᠨᠤᠳᠤᠭ ᠤᠨ ᠡᠪᠡᠳᠴᠢᠨ ᠢ ᠰᠡᠷᠭᠡᠶᠢᠯᠠᠨ ᠵᠠᠰᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 17 ᠳ᠋ᠤᠭᠠᠷ ᠲᠤᠭᠠᠳᠤ︶᠂ ︽ᠣᠷᠳᠣᠰ ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠤᠷᠳᠤᠰ ᠵᠠᠰᠠᠭ ᠠᠯᠪᠠᠨ ᠲᠠᠷᠬᠠᠭᠠᠭᠰᠠᠨ ﹇2020﹈ 10 ᠳ᠋ᠤᠭᠠᠷ ᠲᠤᠭᠠᠳᠤ︶ ᠵᠡᠷᠬᠡ ᠬᠠᠤᠯᠢ ᠴᠠᠭᠠᠵᠠ ᠬᠠᠤᠯᠢ ᠲᠤᠭᠳᠠᠭᠠᠯ ᠪᠠ ᠬᠤᠯᠪᠤᠭᠳᠠᠯ ᠪᠦᠬᠦᠢ ᠪᠡᠯᠡᠳᠬᠡᠯ ᠲᠦᠰᠦᠯ᠃      ︵ᠭᠤᠷᠪᠠ︶ ᠠᠵᠢᠯ ᠤᠨ ᠵᠠᠷᠴᠢᠮ       ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ ᠠᠵᠢᠯ ᠨᠢ ᠬᠥᠮᠦᠨ ᠢᠶᠠᠷ ᠦᠨᠳᠦᠰᠦ ᠪᠣᠯᠭᠠᠬᠤ᠂ ᠰᠡᠷᠭᠡᠶᠢᠯᠡᠬᠦ ᠎ ᠪᠠᠷ ᠭᠤᠤᠯᠯᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠲᠤᠷᠠᠨ ᠠᠵᠢᠯᠯᠠᠬᠤ᠂ ᠬᠠᠷᠢᠶ᠎ᠠ ᠤᠷᠤᠨ ᠳᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠢᠨᠵᠢᠯᠡᠬᠦ ᠤᠬᠠᠭᠠᠨᠴᠢ ᠪᠠᠷ ᠠᠷᠭᠠᠴᠠᠬᠤ᠂ ᠬᠠᠤᠯᠢ ᠶᠣᠰᠣᠭᠠᠷ ᠰᠡᠷᠭᠡᠶᠢᠯᠡᠨ ᠬᠢᠵᠠᠭᠠᠷᠯᠠᠬᠤ᠂ ᠨᠡᠶᠢᠭᠡᠮ ᠤᠨ ᠬᠢᠨ ᠤᠷᠤᠯᠴᠠᠬᠤ᠂ ᠣᠯᠠᠨ ᠢᠶᠠᠷ ᠢᠶᠠᠨ ᠰᠡᠷᠭᠡᠶᠢᠯᠠᠨ ᠬᠢᠵᠠᠭᠠᠷᠯᠠᠬᠤ᠂ ᠲᠦᠷᠭᠡᠨ ᠲᠤᠰᠬᠠᠬᠤ᠂ ᠪᠠᠳᠤᠯᠠᠭ᠎ᠠ ᠨᠢ ᠭᠦᠴᠦᠨᠲᠠᠢ ᠪᠠᠶᠢᠬᠤ ᠵᠠᠷᠴᠢᠮ ᠢ ᠪᠠᠷᠢᠮᠳᠠᠯᠠᠨ᠎ᠠ᠃      ︵ᠲᠦᠷᠪᠡ︶ ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠢ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠬᠤᠯᠤᠭᠠᠨ᠎ᠠ ᠎ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠬᠡᠷᠡᠭᠯᠡᠨ᠎ᠡ᠃      ︵ᠲᠠᠪᠤ︶ ᠬᠢᠵᠢᠭ ᠤᠨ ᠪᠠᠶᠢᠳᠠᠯ ᠤᠨ ᠳᠡᠰ ᠬᠤᠪᠢᠶᠠᠬᠤ      ᠬᠤᠯᠤᠭᠠᠨ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠭᠠᠵᠠᠷ᠂ ᠡᠪᠡᠳᠴᠢᠨ ᠤ ᠵᠢᠱᠢᠶ᠎ᠡ᠂ ᠵᠢᠱᠢᠶ᠎ᠡ ᠲᠤᠭ᠎ᠠ᠂ ᠳᠡᠯᠭᠡᠷᠡᠬᠦ ᠬᠡᠪᠴᠢᠶ᠎ᠡ ᠪᠠ ᠬᠠᠨᠳᠤᠰᠢ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠲᠣᠰ ᠪᠡᠯᠡᠳᠬᠡᠯ ᠲᠥᠰᠦᠯ ᠳᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠣᠨᠴᠠᠭᠠᠶ ᠬᠦᠨᠳᠦ ᠶᠡᠭᠡ ︵Ⅰ ᠳᠡᠰ︶᠂ ᠬᠦᠨᠳᠦ ᠶᠡᠭᠡ ︵Ⅱ ᠳᠡᠰ︶᠂ ᠨᠡᠯᠢᠶᠡᠳ ᠶᠡᠭᠡ ︵Ⅲ ᠳᠡᠰ︶᠂ ᠡᠩ ᠤᠨ ︵Ⅳ ᠳᠡᠰ︶ ᠲᠦᠷᠪᠡᠨ ᠳᠡᠰ ᠪᠣᠯᠤᠨ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠳᠡᠰ︶ ᠭᠡᠵᠦ ᠬᠤᠪᠢᠶᠠᠨ᠎ᠠ᠃      1. ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠣᠨᠴᠠᠭᠠᠶ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅰ ᠲᠠᠰ︶ ᠪᠣᠯᠤᠨ᠎ᠠ᠄      ︵1︶ ᠠᠭᠤᠰᠬᠢᠨ ᠤ ᠬᠤᠯᠤᠭᠠᠨ᠎ᠠ ᠶᠢᠨ ᠬᠢᠵᠢᠭ ᠨᠢ ᠶᠡᠭᠡ᠂ ᠳᠤᠮᠳᠠ ᠬᠤᠲᠠ ᠳᠤ ᠡᠭᠦᠰᠦᠭᠰᠡᠨ ᠪᠥᠭᠡᠳ ᠲᠠᠷᠬᠠᠬᠤ ᠬᠠᠨᠳᠤᠰᠢ ᠲᠠᠢ ᠪᠠᠶᠢᠬᠤ︔      ︵2︶ ᠬᠠᠷᠢᠯᠴᠠᠨ ᠬᠤᠯᠪᠣᠭᠳᠠᠬᠤ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠨᠢ 2᠎ ᠠᠴᠠ ᠳᠡᠭᠡᠭᠰᠢ ᠮᠤᠵᠢ ︵ᠣᠷᠣᠨ︶᠎ ᠶᠢ ᠨᠦᠯᠦᠬᠡᠯᠡᠭᠰᠡᠨ ᠮᠦᠷᠳᠡᠬᠡᠨ ᠴᠢᠨᠠᠭᠰᠢᠳᠠ ᠲᠠᠷᠬᠠᠬᠤ ᠬᠠᠨᠳᠤᠰᠢ ᠲᠠᠢ︔      ︵3︶ ᠬᠤᠯᠤᠭᠠᠨ᠎ᠠ ᠶᠢᠨ ᠬᠢᠵᠢᠭ ᠤᠨ ᠬᠦᠴᠦᠲᠡᠶ ᠬᠤᠤᠷᠲᠤ ᠰᠠᠭᠤᠷᠢ ᠭᠡᠭᠡᠭᠳᠡᠭᠰᠡᠨ ᠬᠡᠷᠡᠭ ᠭᠠᠷᠤᠭᠰᠠᠨ᠃      2. ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅱ ᠲᠠᠰ︶ ᠪᠣᠯᠤᠨ᠎ᠠ᠄      ︵1︶ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠵᠢᠱᠢᠶ᠎ᠡ ᠬᠥᠬᠡᠬᠤᠲᠠ ᠪᠤᠶᠤ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠡᠭᠦᠰᠦᠭᠰᠡᠨ ᠮᠦᠷᠳᠡᠬᠡᠨ ᠲᠠᠷᠬᠠᠬᠤ ᠬᠠᠨᠳᠤᠰᠢ ᠲᠠᠢ︔      ︵2︶ 1 ᠬᠤᠰᠢᠭᠤ ︵ᠲᠣᠭᠤᠷᠢᠭ︶᠎ ᠶᠢᠨ ᠵᠠᠰᠠᠭ ᠵᠠᠬᠢᠷᠭᠠᠨ ᠤ ᠣᠷᠣᠨ ᠲᠤᠭᠤᠷᠢᠭ ᠳᠣᠲᠣᠷ᠎ᠠ᠂ 1 ᠳᠤᠮᠳᠠᠴᠢ ᠨᠢᠭᠤᠭᠳᠠᠮᠠᠯ ᠬᠤᠭᠤᠴᠠᠭᠠᠨ ᠳᠤ ︵6 ᠡᠳᠦᠷ᠂ ᠳᠣᠷᠣᠭᠰᠢ ᠠᠳᠠᠯᠢ︶ ᠠᠭᠤᠰᠬᠢᠨ ᠤ ᠬᠤᠯᠤᠭᠠᠨ᠎ᠠ ᠶᠢᠨ ᠬᠢᠵᠢᠭ ᠪᠤᠶᠤ ᠴᠢᠰᠤ ᠦᠵᠢᠷᠡᠬᠦ ᠡᠪᠡᠳᠴᠢᠨ ᠤ ᠬᠤᠯᠤᠭᠠᠨ᠎ᠠ ᠶᠢᠨ ᠬᠢᠵᠢᠭ ᠤᠨ ᠵᠢᠱᠢᠶ᠎ᠡ 5᠎ ᠠᠴᠠ ᠲᠡᠭᠡᠭᠰᠢ ᠭᠠᠷᠤᠭᠰᠠᠨ︔      ︵3︶ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠨᠢ 2᠎ ᠠᠴᠠ ᠳᠡᠭᠡᠭᠰᠢ ᠬᠤᠰᠢᠭᠤ ︵ᠲᠤᠭᠤᠷᠢᠭ︶᠎ ᠶᠢ ᠨᠦᠯᠦᠬᠡᠯᠡᠭᠰᠡᠨ ᠮᠦᠷᠳᠡᠬᠡᠨ ᠴᠢᠨᠠᠭᠰᠢᠳᠠ ᠲᠠᠷᠬᠠᠬᠤ ᠬᠠᠨᠳᠤᠰᠢ ᠲᠠᠢ︔      ︵4︶ 1 ᠬᠤᠰᠢᠭᠤ ︵ᠲᠣᠭᠤᠷᠢᠭ︶᠎ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠲᠡᠯᠬᠡᠷᠡᠵᠣ᠂ 1 ᠳᠤᠮᠳᠠᠴᠢ ᠨᠢᠭᠤᠭᠳᠠᠮᠠᠯ ᠬᠤᠭᠤᠴᠠᠭᠠᠨ ᠳᠤ ᠣᠯᠠᠨ ᠴᠢᠭ ᠲᠤ ᠵᠠᠯᠭᠠᠭ᠎ᠠ ᠪᠠᠷ 20᠎ ᠠᠴᠠ ᠳᠡᠭᠡᠭᠰᠢ ᠡᠪᠡᠳᠴᠢᠨ ᠤ ᠵᠢᠱᠢᠶ᠎ᠡ ᠭᠠᠷᠤᠭᠰᠠᠨ ᠪᠤᠶᠣ ᠳᠡᠯᠭᠡᠷᠡᠬᠦ ᠬᠡᠪᠴᠢᠶ᠎ᠡ ᠨᠢ ᠬᠤᠶᠠᠷ ᠠᠴᠠ ᠳᠡᠭᠡᠭᠰᠢ ᠬᠤᠲᠠ ︵ᠭᠠᠵᠠᠷ︶᠎ ᠶᠢ ᠨᠦᠯᠦᠬᠡᠯᠡᠭᠰᠡᠨ᠃      3. ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅲ ᠲᠠᠰ︶ ᠪᠣᠯᠤᠨ᠎ᠠ᠄      ︵1︶ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠵᠢᠱᠢᠶ᠎ᠡ ᠬᠥᠬᠡᠬᠤᠲᠠ ᠪᠠ ᠪᠤᠭᠤᠲᠤ ᠬᠤᠲᠠ ᠠᠴᠠ ᠪᠤᠰᠤᠳ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠡᠭᠦᠰᠦᠭᠰᠡᠨ ᠮᠦᠷᠳᠡᠬᠡᠨ ᠲᠠᠷᠬᠠᠬᠤ ᠬᠠᠨᠳᠤᠰᠢ ᠲᠠᠢ︔      ︵2︶ 1 ᠬᠤᠰᠢᠭᠤ ︵ᠲᠣᠭᠤᠷᠢᠭ︶᠎ ᠶᠢᠨ ᠵᠠᠰᠠᠭ ᠵᠠᠬᠢᠷᠭᠠᠨ ᠤ ᠣᠷᠣᠨ ᠳᠣᠲᠣᠷ᠎ᠠ᠂ 1 ᠳᠤᠮᠳᠠᠴᠢ ᠨᠢᠭᠤᠭᠳᠠᠮᠠᠯ ᠬᠤᠭᠤᠴᠠᠭᠠᠨ ᠳᠤ ᠠᠭᠤᠰᠬᠢᠨ ᠤ ᠬᠤᠯᠤᠭᠠᠨ᠎ᠠ ᠶᠢᠨ ᠬᠢᠵᠢᠭ ᠪᠤᠶᠤ ᠴᠢᠰᠤ ᠦᠵᠢᠷᠡᠬᠦ ᠡᠪᠡᠳᠴᠢᠨ ᠤ ᠬᠤᠯᠤᠭᠠᠨ᠎ᠠ ᠶᠢᠨ ᠬᠢᠵᠢᠭ ᠤᠨ ᠵᠢᠱᠢᠶ᠎ᠡ 1~ 4 ᠭᠠᠷᠤᠭᠰᠠᠨ︔      ︵3︶ 1 ᠬᠤᠰᠢᠭᠤ ︵ᠲᠣᠭᠤᠷᠢᠭ︶᠎ ᠶᠢᠨ ᠵᠠᠰᠠᠭ ᠵᠠᠬᠢᠷᠭᠠᠨ ᠤ ᠣᠷᠣᠨ ᠳᠣᠲᠣᠷ᠎ᠠ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠲᠡᠯᠬᠡᠷᠡᠵᠣ᠂ 1 ᠳᠤᠮᠳᠠᠴᠢ ᠨᠢᠭᠤᠭᠳᠠᠮᠠᠯ ᠬᠤᠭᠤᠴᠠᠭᠠᠨ ᠳᠤ ᠵᠠᠯᠭᠠᠭ᠎ᠠ ᠪᠠᠷ 10~19 ᠡᠪᠡᠳᠴᠢᠨ ᠤ ᠵᠢᠱᠢᠶ᠎ᠡ ᠭᠠᠷᠤᠭᠰᠠᠨ ᠪᠤᠶᠤ ᠳᠡᠯᠭᠡᠷᠡᠬᠦ ᠬᠡᠪᠴᠢᠶ᠎ᠡ ᠨᠢ 2᠎ ᠠᠴᠠ ᠳᠡᠭᠡᠭᠰᠢ ᠬᠤᠰᠢᠭᠤ ︵ᠲᠤᠭᠤᠷᠢᠭ︶᠎ ᠶᠢ ᠨᠦᠯᠦᠬᠡᠯᠡᠭᠰᠡᠨ᠃      4. ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠲᠠᠰ︶ ᠪᠤᠯᠤᠨ᠎ᠠ᠄      ︵1︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠡᠷᠭᠢᠨ ᠲᠣᠭᠤᠷᠢᠨ ᠤ 25km᠎ ᠤᠨ ᠬᠡᠪᠴᠢᠶᠡᠨ ᠳᠣᠲᠣᠷ᠎ᠠ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠡᠭᠦᠰᠦᠭᠰᠡᠨ︔      ︵2︶ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ 1 ᠬᠤᠰᠢᠭᠤ ︵ᠲᠣᠭᠤᠷᠢᠭ︶᠎ ᠶᠢᠨ ᠵᠠᠰᠠᠭ ᠵᠠᠬᠢᠷᠭᠠᠨ ᠤ ᠣᠷᠣᠨ ᠳᠤ ᠡᠭᠦᠰᠴᠣ᠂ 1 ᠳᠤᠮᠳᠠᠴᠢ ᠨᠢᠭᠤᠭᠳᠠᠮᠠᠯ ᠬᠤᠭᠤᠴᠠᠭᠠᠨ ᠳᠣᠲᠣᠷᠠᠬᠢ ᠡᠪᠡᠳᠴᠢᠨ ᠤ ᠵᠢᠱᠢᠶ᠎ᠡ ᠶᠢᠨ ᠲᠤᠭ᠎ᠠ 1~ 9 ᠪᠠᠶᠢᠬᠤ᠃      5. ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠳᠡᠰ︶ ᠪᠣᠯᠤᠨ᠎ᠠ᠄      ︵1︶ ᠬᠤᠰᠲ ᠠᠮᠢᠲᠠᠨ ᠪᠤᠶᠤ ᠵᠠᠭᠤᠴᠢᠯᠠᠭᠤᠷ ᠤᠨ ᠪᠦᠬᠡᠰᠤ ᠶᠢᠨ ᠲᠥᠷᠥᠯ ᠠᠴᠠ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠶᠢ ᠪᠠᠶᠢᠴᠠᠭᠠᠵᠤ ᠭᠠᠷᠭᠠᠭᠰᠠᠨ︔      ︵2︶ ᠬᠤᠰᠲ ᠠᠮᠢᠲᠠᠨ ᠪᠤᠶᠤ ᠵᠠᠭᠤᠴᠢᠯᠠᠭᠤᠷ ᠤᠨ ᠪᠦᠬᠡᠰᠤ ᠶᠢᠨ ᠲᠥᠷᠥᠯ ᠳᠠᠬᠢ ᠪᠥᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠶᠢᠨ ᠴᠢᠨᠠᠷ ᠪᠤᠯᠬᠤ ᠶᠢᠨ ᠬᠠᠮᠲᠤ ᠥᠳᠥᠭᠡᠭᠴᠢ ᠶᠢᠨ ᠪᠠᠶᠢᠴᠠᠭᠠᠯᠲᠠ ᠨᠢ ᠠᠷᠭ᠎ᠠ ᠶᠢᠨ ᠴᠢᠨᠠᠷ ᠪᠤᠯᠬᠤ︔      ︵3︶ ︽ᠬᠤᠯᠤᠭᠠᠨ᠎ᠠ ᠶᠢᠨ ᠬᠢᠵᠢᠭ ᠤᠨ ᠪᠠᠶᠢᠭᠠᠯᠢ ᠶᠢᠨ ᠬᠢᠵᠢᠭ ᠤᠨ ᠰᠤᠷᠪᠤᠯᠵᠢ ᠭᠠᠵᠠᠷ ᠵᠢᠴᠢ ᠠᠮᠢᠲᠠᠨ ᠤ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵GB16883 — 1997 ︶︾᠎ ᠶᠢᠨ ᠲᠣᠭᠲᠠᠭᠠᠯ ᠶᠣᠰᠣᠭᠠᠷ᠂ ᠳᠠᠮ ᠴᠢᠰᠤᠨ ᠡᠭᠡᠳᠡᠯ ᠤᠨ ᠲᠤᠷᠰᠢᠯᠲᠠ ᠪᠠᠷ ᠳᠠᠮᠵᠢᠨ ᠠᠷᠭ᠎ᠠ ᠶᠢᠨ ᠴᠢᠨᠠᠷᠲᠠᠶ ᠡᠰᠡᠷᠭᠦᠴᠡᠭᠴᠢ ᠪᠡᠶ᠎ᠡ ᠶᠢ ᠪᠠᠶᠢᠴᠠᠭᠠᠨ ᠭᠠᠷᠭᠠᠬᠤ ᠶᠢᠨ ᠬᠠᠮᠲᠤ ᠠᠮᠢᠲᠠᠨ ᠤ ᠬᠤᠯᠤᠭᠠᠨ᠎ᠠ ᠶᠢᠨ ᠬᠢᠵᠢᠭ ᠳᠡᠯᠭᠡᠷᠡᠵᠦ ᠪᠠᠶᠢᠬᠤ ᠶᠢ ᠮᠠᠭᠠᠳᠯᠠᠬᠤ ᠲᠤᠭᠳᠠᠭᠠᠬᠤ ᠪᠠᠷᠢᠮᠵᠢᠶ᠎ᠠ ᠳᠤ ᠬᠦᠷᠦᠭᠰᠡᠨ᠃      ︵4︶ ᠬᠢᠵᠢᠭ ᠤᠨ ᠢᠷᠡᠯᠳᠡ ᠶᠢ ᠪᠠᠶᠢᠴᠠᠭᠠᠨ ᠡᠷᠢᠬᠦ ᠶᠠᠪᠤᠴᠠ ᠳᠤ᠂ ᠡᠰᠡ ᠮᠡᠳᠡᠭᠰᠡᠨ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠲᠤ ᠳᠠᠮ ᠴᠢᠰᠤᠨ ᠡᠬᠡᠳᠡᠯ ᠤᠨ ᠲᠤᠷᠰᠢᠯᠲᠠ ᠶᠢᠨ ᠡᠰᠡᠷᠭᠦᠴᠡᠭᠴᠢ ᠪᠡᠶ᠎ᠡ ᠶᠢᠨ ᠠᠷᠭ᠎ᠠ ᠶᠢᠨ ᠴᠢᠨᠠᠷᠲᠠᠶ ᠴᠢᠰᠤᠨ ᠴᠠᠶᠢᠪᠠᠩ ᠢ ᠪᠠᠶᠢᠴᠠᠭᠠᠵᠤ ᠭᠠᠷᠭᠠᠭᠰᠠᠨ᠃      ᠬᠤᠶᠠᠷ᠂ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠪᠣᠯᠤᠨ ᠡᠭᠦᠷᠭᠡ ᠬᠠᠷᠢᠭᠤᠴᠠᠯᠭ᠎ᠠ      ᠬᠤᠲᠠ ᠬᠤᠰᠢᠭᠤ ︵ᠲᠣᠭᠤᠷᠢᠭ︶᠎ ᠶᠢᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠳᠤᠷᠢᠳᠴᠤ ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠮᠠᠩᠯᠠᠶᠢᠯᠠᠵᠤ᠂ ᠬᠠᠷᠢᠭᠤᠴᠠᠯᠭ᠎ᠠ ᠡᠭᠦᠷᠬᠡᠯᠡᠵᠣ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠨᠢ ᠵᠢᠯᠣᠭᠤᠳᠴᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠢᠵᠢᠭ ᠤᠨ ᠲᠠᠷᠬᠠᠵᠣ ᠳᠡᠯᠭᠡᠷᠡᠬᠦ ᠶᠢ ᠡᠷᠡᠰ ᠬᠤᠷᠢᠭᠯᠠᠨ᠎ᠠ᠃ ᠬᠤᠲᠠ ᠬᠤᠰᠢᠭᠤ ︵ᠲᠣᠭᠤᠷᠢᠭ︶᠎ ᠶᠢᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠣ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠠᠵᠢᠯ ᠤᠨ ᠪᠦᠲᠦᠴᠡ ᠶᠢ ᠪᠤᠶ ᠪᠣᠯᠭᠠᠨ᠎ᠠ᠃ ᠮᠠᠨ ᠤ ᠬᠤᠲᠠ ᠶᠢᠨ ᠬᠠᠷᠢᠶ᠎ᠠ ᠤᠷᠤᠨ ᠳᠤ ᠣᠨᠴᠠᠭᠠᠶ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ᠪᠤᠶᠤ ᠠᠶᠢᠮᠠᠭ ︵ᠬᠤᠲᠠ︶ ᠠᠯᠤᠰᠯᠠᠭᠰᠠᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠪᠠᠶᠢᠭᠤᠯᠵᠤ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯᠯᠠᠭ᠎ᠠ ᠶᠢ ᠨᠢᠭᠡᠳᠦᠯᠲᠡᠶ ᠵᠢᠯᠣᠭᠤᠳᠤᠨ ᠵᠣᠬᠢᠴᠠᠭᠤᠯᠤᠨ᠎ᠠ᠃ ᠮᠠᠨ ᠤ ᠬᠤᠲᠠ ᠶᠢᠨ ᠬᠠᠷᠢᠶ᠎ᠠ ᠤᠷᠤᠨ ᠤ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠡᠷᠡᠭ ᠭᠠᠷᠤᠭᠰᠠᠨ ᠭᠠᠵᠠᠷ ᠤᠨ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠠᠷᠭᠠᠴᠠᠨ ᠰᠢᠢᠳᠪᠦᠷᠢᠯᠡᠨ᠎ᠡ᠃      ︵ᠨᠢᠭᠡ︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠵᠢᠴᠢ ᠡᠭᠦᠷᠭᠡ ᠬᠠᠷᠢᠭᠤᠴᠠᠯᠭ᠎ᠠ      1. ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ      ᠶᠡᠷᠦᠩᠬᠡᠶ ᠵᠢᠯᠣᠭᠤᠳᠣᠭᠴᠢ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ      ᠳᠡᠳ᠋ ᠶᠡᠷᠦᠩᠬᠡᠶ ᠵᠢᠯᠣᠭᠤᠳᠣᠭᠴᠢ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠬᠤᠲᠠ ᠶᠢᠨ ᠲᠡᠳ᠋ ᠳᠠᠷᠤᠭ᠎ᠠ      ᠪᠦᠷᠢᠯᠳᠦᠬᠦᠨ ᠨᠢᠭᠡᠴᠡ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠳᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠦᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠲᠡᠮᠦᠷ ᠵᠠᠮ ᠠᠷᠠᠳ ᠤᠨ ᠠᠭᠠᠷ ᠤᠨ ᠲᠡᠬᠡᠬᠡᠪᠦᠷᠢ ᠶᠢᠨ ᠲᠦᠪ᠂ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠬᠤᠳᠠ ᠶᠢᠨ ᠠᠷᠠᠳ ᠎ ᠤᠨ ᠵᠠᠰᠠᠭ ᠤᠨ ᠤᠷᠳᠤᠨ ᠤ ᠭᠠᠳᠠᠭᠠᠳᠤ ᠶᠠᠪᠤᠳᠠᠯ ᠤᠨ ᠠᠵᠢᠯ ᠤᠨ ᠠᠯᠪᠠᠨ ᠬᠡᠷ᠂ ᠤᠷᠳᠤᠰ ᠪᠤᠭᠤᠮᠳᠠ᠂ ᠤᠷᠳᠤᠰ ᠎ ᠲᠠᠬᠢ ᠴᠡᠷᠢᠭ ᠤᠨ ᠬᠤᠪᠢᠶᠠᠷᠢ ᠲᠤᠭᠤᠷᠢᠭ᠂ ᠵᠡᠪᠰᠡᠭᠳᠤ ᠴᠠᠭᠳᠠᠭᠠᠨ ᠤ ᠤᠷᠳᠤᠰ ᠲᠠᠬᠢ ᠰᠠᠯᠪᠤᠷᠢ ᠠᠩᠬᠢ᠂ ᠤᠷᠳᠤᠰ ᠨᠢᠰᠬᠡᠯ ᠤᠨ ᠪᠠᠭᠤᠳᠠᠯ ᠤᠨ ᠬᠠᠮᠢᠶᠠᠷᠤᠯᠳᠠ ᠶᠢᠨ ᠪᠦᠯᠦᠭᠯᠡᠯ ᠵᠡᠷᠬᠡ ᠰᠠᠯᠠᠭ᠎ᠠ ᠮᠦᠴᠢᠷ᠂ ᠨᠢᠭᠡᠴᠡ ᠶᠢᠨ ᠭᠤᠤᠯ ᠤᠳᠤᠷᠢᠳᠤᠯᠭ᠎ᠠ ᠨᠠᠷ᠃ ᠡᠯ᠎ᠡ ᠪᠦᠷᠢᠯᠳᠦᠭᠦᠨ ᠨᠢᠭᠡᠴᠡ ᠨᠢᠭᠡ ᠬᠠᠷᠢᠯᠴᠠᠭᠴᠢ ᠲᠤᠭᠳᠠᠭᠠᠬᠤ ᠬᠡᠷᠡᠭᠲᠠᠢ᠃      2. ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠭᠤᠤᠯ ᠡᠭᠦᠷᠭᠡ ᠬᠠᠷᠢᠭᠤᠴᠠᠯᠭ᠎ᠠ᠄ ᠮᠠᠨ ᠤ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠤᠳᠤᠷᠢᠳᠴᠣ᠂ ᠵᠢᠯᠤᠭᠤᠳᠬᠤ ᠪᠠ ᠵᠤᠬᠢᠴᠠᠭᠤᠯᠬᠤ ᠶᠢ ᠬᠠᠷᠢᠭᠤᠴᠠᠨ᠎ᠠ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠭᠠᠷᠭᠠᠵᠤ᠂ ᠰᠡᠷᠭᠡᠶᠢᠯᠡᠨ ᠬᠢᠵᠠᠭᠠᠷᠯᠠᠬᠤ ᠪᠡᠯᠡ ᠮᠦᠩᠭᠦ ᠪᠣᠯᠤᠨ ᠵᠣᠬᠢᠴᠠᠭᠤᠯᠬᠤ ᠡᠳ᠋ ᠪᠣᠳᠠᠰ ᠤᠨ ᠪᠠᠲᠤᠯᠠᠭ᠎ᠠ ᠶᠢ ᠨᠠᠶᠢᠳᠠᠪᠦᠷᠢᠵᠢᠭᠤᠯᠵᠤ᠂ ᠠᠪᠬᠤ ᠪᠠᠷ ᠪᠠᠶᠢᠭ᠎ᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠤᠭᠳᠠᠭᠠᠨ᠎ᠠ︔ ᠳᠡᠭᠡᠳᠦ ᠱᠠᠲᠤ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ ᠨᠠᠶᠢᠳᠠᠪᠤᠷᠢᠵᠢᠭᠤᠯᠤᠨ᠎ᠠ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠪᠠ ᠳᠠᠭᠤᠰᠬᠠᠬᠤ ᠶᠢ ᠲᠤᠭᠳᠠᠭᠠᠨ᠎ᠠ︔ ᠭᠠᠳᠠᠭᠠᠳᠤ ᠶᠢᠨ ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠨ ᠬᠢᠯᠬᠡᠭᠰᠡᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠬᠤᠶᠠᠷ︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠲᠤᠬᠢᠷᠠᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠪᠠ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠠᠵᠢᠯ ᠢ ᠬᠠᠷᠢᠭᠤᠴᠠᠨ᠎ᠠ ︵ᠵᠢᠵᠢᠭᠦᠷᠯᠡᠬᠦ ᠤᠲᠠᠰᠤ᠄ 0477 — 8588120︶᠂ ᠲᠤᠰ ᠪᠡᠯᠡᠳᠬᠡᠯ ᠲᠥᠰᠦᠯ ᠢ ᠬᠠᠮᠢᠶᠠᠷᠴᠤ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠵᠢᠯᠣᠭᠤᠳᠴᠤ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ᠂ ᠰᠣᠷᠢᠯᠲᠠ ᠶᠢ ᠵᠣᠬᠢᠶᠠᠨ ᠪᠠᠶᠢᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠢ ᠤᠯᠠᠮᠵᠢᠯᠠᠨ ᠲᠤᠤᠱᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯᠯᠠᠭ᠎ᠠ ᠶᠢ ᠪᠤᠳᠠᠳᠠᠢ ᠵᠢᠯᠤᠭᠤᠳᠬᠤ ᠪᠠ ᠶᠡᠷᠦᠩᠬᠡᠶᠢᠯᠠᠨ ᠵᠤᠬᠢᠴᠠᠭᠤᠯᠵᠤ᠂ ᠬᠡᠷᠡᠭ ᠭᠠᠷᠤᠭᠰᠠᠨ ᠭᠠᠵᠠᠷ ᠵᠢᠴᠢ ᠬᠤᠯᠪᠣᠭᠳᠠᠯ ᠪᠦᠬᠦᠢ ᠨᠢᠭᠡᠴᠡ ᠶᠢ ᠵᠣᠬᠢᠴᠠᠭᠤᠯᠤᠨ ᠵᠢᠯᠣᠭᠤᠳᠴᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠷᠨᠢᠭᠦᠯᠵᠣ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠬᠤ ᠪᠠ ᠬᠠᠮᠢᠶᠠᠷᠴᠤ᠂ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠵᠣᠬᠢᠴᠠᠭᠤᠯᠤᠨ ᠬᠡᠷᠡᠭᠵᠢᠭᠦᠯᠬᠦ ᠶᠢᠨ ᠬᠠᠮᠲᠤ ᠠᠬᠤᠢ ᠲᠠᠯᠠᠪᠠᠶ ᠳᠤ ᠰᠡᠷᠭᠡᠶᠢᠯᠡᠨ ᠬᠢᠵᠠᠭᠠᠷᠯᠠᠬᠤ ᠠᠵᠢᠯ ᠢ ᠵᠢᠯᠣᠭᠤᠳᠴᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠰᠢᠨᠵᠢ ᠴᠢᠨᠠᠷ ᠢ ᠦᠨᠳᠦᠰᠦᠯᠡᠨ᠂ ᠬᠤᠯᠤᠭᠠᠨ᠎ᠠ ᠶᠢᠨ ᠬᠢᠵᠢᠭ ᠤᠨ ᠣᠷᠣᠨ ᠢ ᠲᠤᠰᠠᠭᠠᠷᠯᠠᠬᠤ᠂ ᠪᠢᠲᠡᠭᠦᠮᠵᠢᠯᠡᠬᠦ ᠰᠠᠨᠠᠭᠤᠯᠭ᠎ᠠ ᠶᠢ ᠬᠠᠤᠯᠢ ᠶᠣᠰᠣᠭᠠᠷ ᠳᠤᠷᠠᠳᠴᠤ᠂ ᠠᠷᠢᠭᠤᠳᠬᠠᠬᠤ ᠡᠮ ᠵᠡᠷᠬᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠲᠦᠷᠬᠡᠨ ᠢᠶᠠᠷ ᠵᠤᠬᠢᠶᠠᠨ ᠪᠠᠶᠢᠭᠤᠯᠤᠨ ᠰᠢᠯᠵᠢᠭᠦᠯᠦᠨ ᠦᠭᠴᠣ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠤᠶᠤ ᠵᠣᠭᠰᠣᠭᠠᠬᠤ ᠰᠠᠨᠠᠭᠤᠯᠭ᠎ᠠ ᠲᠤᠷᠠᠳᠴᠣ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠳᠡᠯᠡᠵᠣ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠯᠪᠤᠭᠳᠠᠯ ᠪᠦᠬᠦᠢ ᠮᠡᠳᠡᠯᠭᠡ ᠶᠢ ᠤᠬᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠵᠣᠬᠢᠶᠠᠨ ᠪᠠᠶᠢᠭᠤᠯᠤᠨ ᠦᠷᠨᠢᠭᠦᠯᠵᠣ᠂ ᠬᠢᠵᠢᠭ ᠤᠨ ᠪᠠᠶᠢᠳᠠᠯ ᠢ ᠲᠡᠬᠡᠳᠤ ᠱᠠᠲᠤᠨ ᠤ ᠰᠠᠯᠠᠭ᠎ᠠ ᠮᠥᠴᠢᠷ ᠲᠤ ᠴᠠᠭ ᠢᠮᠠᠭᠲᠠ ᠮᠡᠳᠡᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠲᠤᠰᠢᠶᠠᠨ ᠬᠢᠯᠭᠡᠭᠰᠡᠨ ᠪᠤᠰᠤᠳ ᠡᠭᠦᠷᠭᠡ ᠶᠢ ᠪᠡᠶᠡᠯᠡᠭᠦᠯᠵᠣ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠬᠠᠪᠰᠤᠷᠭᠠᠨ ᠬᠠᠷᠢᠭᠤᠴᠠᠨ᠎ᠠ᠃      ︵ᠭᠤᠷᠪᠠ︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠤᠳᠤᠷᠢᠳᠤᠯᠭ᠎ᠠ ᠳᠣᠤᠷ᠎ᠠ᠂ ᠡᠭᠦᠷᠬᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠦᠨᠳᠦᠰᠦᠯᠡᠨ ᠲᠤᠰ ᠲᠤᠰ ᠤᠨ ᠵᠤᠬᠢᠴᠠᠯᠳᠤᠭᠰᠠᠨ ᠠᠵᠢᠯ ᠤᠨ ᠡᠭᠦᠷᠭᠡ ᠶᠢ ᠡᠭᠦᠷᠭᠡᠯᠡᠨ᠎ᠡ᠃      1. ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠬᠤᠲᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠠᠯᠪᠠᠨ ᠭᠡᠷ︶᠄ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠤᠬᠢᠴᠠᠭᠤᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠮᠲᠤᠪᠠᠷ ᠦᠷᠨᠢᠭᠦᠯᠵᠣ᠂ ᠮᠡᠳᠡᠭᠡ ᠵᠠᠩᠭᠢ ᠳᠠᠮᠵᠢᠭᠤᠯᠬᠤ ᠪᠠ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠠᠵᠢᠯ ᠤᠨ ᠠᠬᠢᠯᠲᠠ ᠶᠢᠨ ᠪᠠᠶᠢᠳᠠᠯ ᠢ ᠴᠠᠭ ᠲᠤᠬᠠᠶ ᠳᠤᠨᠢ ᠨᠡᠶᠢᠳᠡᠯᠡᠨ᠎ᠡ᠃ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠠᠬᠢ ᠬᠤᠯᠪᠣᠭᠳᠠᠯ ᠪᠦᠬᠦᠢ ᠭᠠᠳᠠᠭᠠᠳᠤ ᠳᠤ ᠬᠤᠯᠪᠣᠭᠳᠠᠬᠤ ᠬᠡᠷᠡᠭ ᠶᠠᠪᠤᠳᠠᠯ ᠢ ᠰᠠᠶᠢᠲᠤᠷ ᠬᠢᠵᠦ᠂ ᠣᠯᠠᠨ ᠤᠯᠤᠰ ᠤᠨ ᠵᠣᠬᠢᠶᠠᠨ ᠪᠠᠶᠢᠭᠤᠯᠤᠯᠳᠠ ᠶᠢ ᠬᠦᠯᠢᠶᠡᠨ ᠠᠪᠴᠣ ᠰᠢᠯᠭᠠᠨ ᠪᠠᠶᠢᠴᠠᠭᠠᠯᠳᠠ ᠬᠢᠬᠦ ᠪᠠ ᠣᠯᠠᠨ ᠤᠯᠤᠰ ᠤᠨ ᠲᠤᠰᠠᠯᠠᠮᠵᠢ ᠣᠯᠬᠤ ᠵᠡᠷᠭᠡ ᠲᠠᠯ᠎ᠠ ᠶᠢᠨ ᠠᠵᠢᠯ ᠢ ᠰᠠᠶᠢᠳᠤᠷ ᠬᠢᠨ᠎ᠡ᠃      2. ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠷᠠᠳᠢᠣ᠋ ᠲᠧᠯᠸᠢᠰ ᠬᠤᠷᠢᠶ᠎ᠠ᠂ ᠰᠣᠨᠢᠨ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠡᠯᠡᠵᠦ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠤᠬᠠᠭᠤᠯᠭ᠎ᠠ ᠮᠡᠳᠡᠭᠡᠯᠡᠯ ᠂ ᠬᠢᠮᠤᠷᠠᠯ ᠤᠨ ᠰᠡᠳᠬᠢᠴᠡ ᠳᠤ ᠬᠠᠯᠠᠮᠵᠢ ᠦᠭᠬᠦ ᠪᠠ ᠡᠪᠡᠳᠴᠢᠨ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠬᠤ ᠶᠢ ᠬᠠᠷᠢᠭᠤᠴᠠᠨ᠎ᠠ︔ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠬᠠᠪᠰᠤᠷᠤᠨ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠡ ᠵᠠᠩᠭᠢ ᠶᠢ ᠭᠠᠳᠠᠭᠰᠢ ᠪᠠᠨ ᠨᠡᠶᠢᠲᠡᠯᠡᠬᠦ ᠠᠵᠢᠯ ᠢ ᠰᠠᠶᠢᠳᠤᠷ ᠬᠢᠵᠦ᠂ ᠴᠢᠬᠤᠯᠠ ᠲᠠᠢ ᠦᠶ᠎ᠡ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠪᠤᠶᠤ ᠰᠣᠨᠢᠨ ᠮᠡᠳᠡᠭᠡᠨ ᠤ ᠲᠤᠰᠬᠠᠶ ᠰᠡᠳᠦᠪᠲᠦ ᠰᠤᠷᠪᠤᠯᠵᠢᠯᠠᠭ᠎ᠠ ᠶᠢ ᠵᠣᠬᠢᠶᠠᠨ ᠪᠠᠶᠢᠭᠤᠯᠤᠨ᠎ᠠ᠃       3. ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ ᠤᠨ ᠠᠯᠪᠠᠨ ᠭᠡᠷ᠄ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠨᠡᠶᠢᠲᠡᠯᠡᠬᠦ ᠎ ᠶᠢ ᠬᠠᠮᠢᠶᠠᠷᠬᠤ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠶᠢ ᠬᠠᠷᠢᠭᠤᠴᠠᠨ᠎ᠠ᠃      4. ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ᠂ ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠲᠥᠷᠥᠯ ᠵᠤᠶᠢᠯ ᠢ ᠲᠤᠭᠳᠠᠭᠠᠬᠤ ᠪᠠ ᠳᠡᠭᠡᠳᠦ ᠱᠠᠲᠤᠨ ᠤ ᠲᠤᠰᠬᠠᠶ ᠵᠤᠶᠢᠯ ᠤᠨ ᠪᠡᠯᠡ ᠮᠦᠩᠭᠦ ᠶᠢ ᠣᠯᠬᠤ ᠪᠠᠷ ᠴᠢᠷᠮᠠᠶᠢᠬᠤ ᠠᠵᠢᠯ ᠢ ᠬᠠᠷᠢᠭᠤᠴᠠᠨ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠬᠤ ᠣᠶᠢᠯᠡᠳᠪᠦᠷᠢᠯᠠᠯ᠂ ᠠᠮᠢᠳᠤᠷᠠᠯ ᠳᠤ ᠬᠡᠷᠡᠭᠰᠡᠬᠦ ᠡᠳ᠋ ᠪᠤᠳᠠᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠢᠯᠵᠢᠭᠦᠯᠦᠨ ᠲᠡᠬᠡᠬᠡᠪᠦᠷᠢᠯᠠᠨ᠎ᠠ᠃      5. ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠄ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ  ᠣᠶᠢᠯᠡᠳᠪᠦᠷᠢᠯᠡᠭᠦᠯᠬᠦ ᠪᠤᠶᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠭᠤᠶᠤᠴᠢᠯᠠᠨ ᠬᠤᠯᠪᠤᠭᠳᠠᠯ ᠪᠦᠬᠦᠢ ᠡᠮ ᠤᠨ ᠵᠤᠶᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠵᠣᠬᠢᠴᠠᠭᠤᠯᠤᠨ ᠬᠤᠳᠠᠯᠳᠤᠨ  ᠠᠪᠤᠭᠤᠯᠤᠨ᠎ᠠ᠃ ᠴᠠᠬᠢᠯᠭᠠᠨ ᠬᠤᠯᠪᠣᠭᠠᠨ ᠤ ᠡᠵᠡᠩᠨᠡᠭᠴᠢ ᠬᠤᠳᠠᠯᠳᠤᠭᠠᠴᠢᠨ ᠢ ᠵᠤᠬᠢᠶᠠᠨ ᠪᠠᠶᠢᠭᠤᠯᠤᠨ ᠬᠤᠯᠤᠭᠠᠨ᠎ᠠ ᠶᠢᠨ ᠬᠢᠵᠢᠭ ᠤᠨ ᠬᠢᠵᠢᠭ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠶ ᠬᠠᠮᠵᠢᠯᠴᠠᠨ᠂ ᠬᠢᠵᠢᠭᠲᠦ ᠣᠷᠣᠨ ᠤ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠪᠠᠳᠤᠯᠠᠨ᠎ᠠ᠃      6. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠰᠤᠷᠭᠠᠭᠤᠯᠢ ᠳᠤ ᠪᠠᠶᠢᠭ᠎ᠠ ᠰᠤᠷᠤᠭᠴᠢ᠂ ᠪᠠᠭᠰᠢ ᠠᠵᠢᠯᠲᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠳᠤᠷ ᠬᠢᠬᠦ ᠶᠢ ᠬᠠᠷᠢᠭᠤᠴᠠᠨ᠎ᠠ᠃      7. ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠭᠡᠨᠡᠳᠲᠡ ᠶᠢᠨ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠶᠢ ᠥᠷᠨᠢᠭᠦᠯᠵᠦ᠂ ᠨᠢᠭᠡ ᠶᠠᠪᠤᠳᠠᠯ ᠢ ᠨᠢᠭᠡ ᠵᠥᠪᠯᠡᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠳᠡᠮᠵᠢᠯᠭᠡ ᠦᠭᠭᠦᠨ᠎ᠡ᠃      8. ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠬᠤᠯᠤᠭᠠᠨ᠎ᠠ ᠶᠢᠨ ᠬᠢᠵᠢᠭ ᠲᠠᠢ ᠡᠪᠡᠳᠴᠢᠳᠡᠨ ᠳᠤ ᠡᠮᠴᠢᠯᠡᠭᠡ᠂ ᠠᠮᠢᠳᠤᠷᠠᠯ ᠤᠨ ᠠᠪᠤᠷᠠᠨ ᠲᠤᠰᠠᠯᠠᠯᠲᠠ ᠬᠠᠩᠭᠠᠨ᠎ᠠ᠃      9. ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠡᠳᠦᠷ ᠲᠤᠲᠤᠮ ᠤᠨ ᠬᠢᠨᠠᠨ ᠬᠡᠮᠵᠢᠯᠳᠡ ᠪᠠ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠪᠡᠯᠡ ᠮᠦᠩᠭᠦ ᠶᠢ ᠴᠠᠭ ᠲᠤᠬᠠᠶ ᠳᠤᠨᠢ ᠲᠤᠬᠢᠷᠠᠭᠤᠯᠬᠤ ᠪᠠ ᠰᠠᠯᠭᠠᠨ ᠦᠭᠬᠦ ᠶᠢᠨ ᠬᠠᠮᠲᠤ ᠪᠡᠯᠡ ᠮᠦᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃      10. ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠲᠡᠮᠦᠷ ᠵᠠᠮ ᠠᠷᠠᠳ ᠤᠨ ᠠᠭᠠᠷ ᠤᠨ ᠲᠡᠬᠡᠬᠡᠪᠦᠷᠢ ᠶᠢᠨ ᠲᠥᠪ᠂ ᠣᠷᠳᠣᠰ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠦᠯᠦᠭᠯᠡᠯ᠄ ︽ᠤᠯᠤᠰ ᠤᠨ ᠲᠤᠳᠤᠭᠠᠳᠤ ᠶᠢᠨ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠶᠢᠨ ᠳᠦᠷᠢᠮ︾ ᠵᠢᠴᠢ ᠲᠡᠭᠦᠨ ᠤ ᠬᠡᠷᠡᠭᠵᠢᠭᠦᠯᠬᠦ ᠲᠥᠰᠦᠯ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠵᠤ᠂ ᠮᠠᠰᠢᠨ ᠲᠡᠷᠭᠡᠨ ᠥᠷᠲᠡᠭᠡ᠂ ᠭᠠᠯᠲᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ ᠠᠴᠠ ᠣᠷᠣᠵᠤ ᠭᠠᠷᠬᠤ ᠬᠥᠮᠦᠰ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠯᠠᠪᠯᠠᠨ ᠠᠰᠠᠭᠤᠵᠤ ᠳᠠᠩᠰᠠᠯᠠᠬᠤ ᠵᠡᠷᠭᠡ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯᠲᠠᠨ᠂ ᠡᠮ ᠤᠨ ᠵᠤᠶᠢᠯ ᠪᠠᠭᠠᠵᠢ ᠬᠡᠷᠡᠭᠰᠡᠯ ᠪᠣᠯᠤᠨ ᠬᠤᠯᠪᠤᠭᠳᠠᠯ ᠪᠦᠬᠦᠢ ᠣᠶᠢᠯᠡᠳᠪᠦᠷᠢᠯᠠᠯ ᠠᠮᠢᠳᠤᠷᠠᠯ ᠤᠨ ᠡᠳ᠋ ᠪᠤᠳᠠᠰ ᠢ ᠡᠩ ᠲᠡᠷᠢᠭᠦᠨ ᠳᠤ ᠲᠡᠭᠡᠭᠡᠪᠦᠷᠢᠯᠡᠨ ᠬᠦᠷᠬᠡᠨ᠎ᠡ᠃      11. ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠬᠢᠵᠢᠭᠲᠦ ᠣᠷᠣᠨ ᠤ ᠭᠡᠷ ᠤᠨ ᠲᠡᠵᠢᠭᠡᠪᠦᠷᠢ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠵᠣ᠂ ᠲᠠᠷᠢᠶᠠᠯᠠᠬᠤ ᠣᠷᠣᠨ ᠳᠤ ᠬᠤᠯᠤᠭᠠᠨ᠎ᠠ ᠤᠰᠠᠳᠬᠠᠬᠤ ᠠᠷᠭ᠎ᠠ ᠬᠡᠮᠵᠢᠶ᠎ᠡ ᠠᠪᠴᠤ᠂ ᠬᠤᠯᠤᠭᠠᠨ᠎ᠠ ᠶᠢᠨ ᠨᠢᠭᠲᠠᠴᠠ ᠶᠢ ᠪᠠᠭᠤᠷᠠᠭᠤᠯᠤᠨ᠎ᠠ᠃      12. ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ ᠬᠢᠵᠢᠭᠲᠦ ᠣᠷᠣᠨ ᠤ ᠬᠡᠭᠡᠷ᠎ᠡ ᠶᠢᠨ ᠠᠮᠢᠲᠠᠨ ᠤ ᠬᠡᠪ ᠤᠨ ᠪᠤᠰᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ︔ ᠨᠤᠲᠤᠭ ᠪᠡᠯᠴᠢᠭᠡᠷ ᠤᠨ ᠬᠤᠯᠤᠭᠠᠨ᠎ᠠ ᠪᠠ ᠪᠥᠭᠡᠰᠦ ᠤᠰᠠᠳᠬᠠᠬᠤ ᠬᠤᠯᠪᠤᠭᠳᠠᠯ ᠪᠦᠬᠦᠢ ᠠᠵᠢᠯ ᠢ ᠦᠷᠨᠢᠭᠦᠯᠵᠣ᠂ ᠬᠤᠯᠤᠭᠠᠨ᠎ᠠ ᠶᠢᠨ ᠨᠢᠭᠲᠠᠴᠠ᠂ ᠪᠥᠭᠡᠰᠦ ᠶᠢᠨ ᠵᠢᠭᠠᠯᠲᠠ ᠲᠤᠭ᠎ᠠ ᠶᠢ ᠪᠠᠭᠤᠷᠠᠭᠤᠯᠤᠨ᠎ᠠ᠃      13. ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠬᠢᠵᠢᠭ ᠤᠨ ᠪᠠᠶᠢᠳᠠᠯ ᠭᠠᠷᠤᠭᠰᠠᠨ ᠬᠤᠭᠤᠴᠠᠭᠠᠨ ᠳᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠵᠣᠬᠢᠶᠠᠨ ᠪᠠᠶᠢᠭᠤᠯᠵᠤ᠂ ᠭᠠᠳᠠᠭᠠᠳᠤ ᠳᠤ ᠬᠤᠯᠪᠣᠭᠳᠠᠬᠤ ᠠᠵᠤ ᠠᠬᠤᠶ ᠠᠷᠠᠯᠵᠢᠶᠠᠨ ᠤ ᠠᠵᠢᠯᠯᠠᠭ᠎ᠠ ᠳᠤ ᠣᠷᠣᠯᠴᠠᠭᠰᠠᠨ ᠬᠥᠮᠦᠰ ᠢ ᠤᠬᠠᠭᠤᠯᠬᠤ᠂ ᠳᠠᠩᠰᠠᠯᠠᠬᠤ᠂ ᠠᠵᠢᠭᠯᠠᠬᠤ ᠠᠵᠢᠯ ᠢ ᠰᠠᠶᠢᠲᠤᠷ ᠬᠢᠵᠣ᠂ ᠬᠤᠯᠤᠭᠠᠨ᠎ᠠ ᠎ ᠶᠢᠨ ᠬᠢᠵᠢᠭ ᠤᠨ ᠪᠠᠶᠢᠳᠠᠯ ᠭᠠᠳᠠᠭᠠᠳᠤ ᠳᠤ ᠬᠤᠯᠪᠣᠭᠳᠠᠬᠤ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢᠨ ᠬᠤᠭᠤᠴᠠᠭᠠᠨ ᠳᠤ ᠭᠠᠵᠠᠷ ᠣᠷᠣᠨ ᠠᠯᠤᠰᠯᠠᠨ ᠲᠠᠷᠬᠠᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃      14. ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠄ ᠵᠢᠭᠤᠯᠴᠢᠯᠠᠯ ᠤᠨ ᠠᠵᠢᠯ ᠲᠥᠷᠥᠯ ᠢ ᠵᠣᠬᠢᠶᠠᠨ ᠪᠠᠶᠢᠭᠤᠯᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃      15. ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠥᠷᠨᠢᠭᠦᠯᠦᠨ᠎ᠡ᠃      16. ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠢᠵᠢᠭᠲᠦ ᠣᠷᠣᠨ ᠢ ᠪᠢᠲᠡᠭᠦᠮᠵᠢᠯᠡᠬᠦ ᠶᠢ ᠬᠠᠮᠵᠢᠨ ᠰᠠᠶᠢᠲᠤᠷ ᠬᠢᠵᠦ᠂ ᠬᠢᠵᠢᠭᠲᠦ ᠣᠷᠣᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃      17. ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠤᠭᠤᠮᠳᠠ ᠶᠢ ᠴᠢᠩᠭ᠎ᠠ ᠠᠳᠬᠤᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠳᠡᠭᠡᠷᠡᠬᠢ ᠬᠤᠰᠲ ᠠᠮᠢᠲᠠᠨ ᠵᠢᠴᠢ ᠲᠡᠭᠦᠨ ᠤ ᠪᠦᠲᠦᠭᠡᠭᠳᠡᠭᠦᠨ ᠢ ᠬᠠᠤᠯᠢ ᠪᠤᠰᠤ ᠪᠠᠷ ᠬᠤᠳᠠᠯᠳᠤᠨ ᠠᠪᠬᠤ᠂ ᠬᠤᠳᠠᠯᠳᠤᠬᠤ ᠪᠠ ᠪᠣᠯᠪᠠᠰᠤᠷᠠᠭᠤᠯᠬᠤ ᠨᠢᠭᠡᠴᠡ ᠪᠠ ᠬᠤᠪᠢ ᠬᠥᠮᠦᠨ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠡᠷᠬᠢᠯᠡᠭᠰᠡᠳ ᠪᠠ ᠠᠮᠢᠲᠠᠨ ᠲᠠᠢ ᠬᠤᠯᠪᠣᠭᠳᠠᠬᠤ ᠪᠦᠲᠦᠭᠡᠭᠳᠡᠭᠦᠨ ᠤ ᠡᠵᠡᠩᠨᠡᠭᠴᠢ ᠶᠢ ᠵᠢᠯᠣᠭᠤᠳᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠴᠢᠩᠭᠠᠳᠬᠠᠨ᠎ᠠ᠃      18. ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠄ ᠬᠤᠯᠤᠭᠠᠨ᠎ᠠ ᠶᠢᠨ ᠬᠢᠵᠢᠭ ᠤᠨ ᠪᠠᠶᠢᠳᠠᠯ ᠎ ᠢ ᠰᠡᠷᠭᠡᠶᠢᠯᠠᠨ ᠬᠢᠵᠠᠭᠠᠷᠯᠠᠬᠤ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      19. ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ᠄ ᠰᠠᠶᠢᠨ ᠳᠤᠷᠠᠴᠤᠳ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠵᠤ ᠠᠬᠤᠶᠢᠯᠠᠯ᠂ ᠨᠡᠶᠢᠬᠡᠮ ᠲᠣᠭᠤᠷᠢᠭ᠂ ᠬᠥᠳᠡᠭᠡ ᠲᠣᠰᠬᠤᠨ ᠪᠣᠯᠤᠨ ᠰᠤᠷᠭᠠᠭᠤᠯᠢ ᠵᠡᠷᠭᠡ ᠳᠤ ᠬᠤᠯᠤᠭᠠᠨ᠎ᠠ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠥᠪᠡᠷ ᠢ ᠪᠠᠨ ᠠᠪᠤᠷᠠᠬᠤ ᠪᠠ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠦᠨ᠎ᠡ᠃ ᠲᠤᠰᠬᠠᠶ ᠵᠤᠶᠢᠯ ᠤᠨ ᠵᠤᠭᠤᠰ ᠴᠤᠭᠯᠠᠭᠤᠯᠬᠤ ᠪᠠ ᠬᠥᠮᠥᠡᠯᠢᠭ ᠠᠪᠤᠷᠠᠨ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      20. ᠣᠷᠳᠣᠰ ᠪᠣᠭᠤᠮᠲᠠ᠂ ᠣᠷᠳᠣᠰ ᠤᠨ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠬᠤ ᠥᠷᠲᠡᠭᠡ᠄ ᠤᠯᠤᠰ ᠎ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠳᠤ ᠬᠤᠯᠪᠤᠭᠳᠠᠬᠤ ᠦᠶ᠎ᠡ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠶᠢᠨ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠲᠣᠭᠲᠠᠭᠠᠯ ᠶᠣᠰᠣᠭᠠᠷ᠂ ᠪᠣᠭᠤᠮᠲᠠ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯ ᠢ ᠴᠢᠩᠭᠠᠳᠬᠠᠨ᠎ᠠ᠃ ᠬᠥᠮᠦᠨ ᠤ ᠬᠤᠭᠤᠷᠤᠨᠳᠤ ᠬᠤᠯᠤᠭᠠᠨ᠎ᠠ ᠶᠢᠨ ᠬᠢᠵᠢᠭ ᠳᠡᠯᠭᠡᠷᠡᠬᠦ ᠦᠶ᠎ᠡ ᠳᠤ᠂ ᠪᠣᠭᠤᠮᠲᠠ ᠶᠢᠨ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠳᠡ ᠪᠠ ᠠᠨᠠᠭᠠᠬᠤ ᠤᠬᠠᠭᠠᠨ ᠤ ᠲᠣᠭᠤᠷᠢᠨ ᠪᠠᠶᠢᠴᠠᠭᠠᠯᠳᠠ ᠶᠢ ᠨᠠᠶᠢᠳᠠᠪᠦᠷᠢᠵᠢᠭᠤᠯᠵᠤ᠂ ᠬᠢᠵᠢᠭ ᠤᠨ ᠪᠠᠶᠢᠳᠠᠯ ᠢ ᠮᠡᠳᠡᠭᠦᠯᠬᠦ᠂ ᠣᠷᠴᠢᠨ ᠲᠣᠭᠤᠷᠢᠨ ᠢ ᠠᠷᠢᠭᠤᠳᠬᠠᠬᠤ᠂ ᠡᠷᠡᠭᠦᠯ ᠮᠡᠨᠳᠦ ᠶᠢᠨ ᠬᠥᠮᠦᠵᠢᠯ ᠵᠡᠷᠭᠡ ᠠᠵᠢᠯ ᠢ ᠰᠠᠶᠢᠲᠤᠷ ᠬᠢᠨ᠎ᠡ᠃      21. ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ᠄ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠬᠦ ᠶᠢᠨ ᠬᠠᠮᠳᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠢ ᠬᠠᠪᠰᠤᠷᠤᠨ ᠲᠡᠮᠵᠢᠵᠣ ᠬᠢᠵᠢᠭ ᠤᠨ ᠪᠠᠶᠢᠳᠠᠯ ᠢ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃      22. ᠬᠤᠲᠠ ᠶᠢᠨ ᠪᠤᠰᠤᠳ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠪᠠᠴᠢᠮ ᠡᠳ᠋ ᠪᠣᠳᠠᠰ ᠢ ᠨᠥᠭᠡᠴᠡᠯᠡᠬᠦ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠪᠣᠬᠢᠷᠲᠤᠯ ᠤᠨ ᠲᠠᠷᠬᠠᠯᠲᠠ ᠶᠢ ᠬᠢᠵᠠᠭᠠᠷᠯᠠᠬᠤ ᠵᠢᠴᠢ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠲᠤᠰᠢᠶᠠᠨ ᠬᠢᠯᠬᠡᠭᠰᠡᠨ ᠬᠤᠯᠪᠤᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃      ︵ᠲᠦᠷᠪᠡ︶ ᠬᠤᠰᠢᠭᠤ ᠲᠣᠭᠤᠷᠢᠭ ᠤᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠭᠦᠨ ᠵᠢᠴᠢ ᠡᠭᠦᠷᠭᠡ ᠬᠠᠷᠢᠭᠤᠴᠠᠯᠭ᠎ᠠ      ᠡᠯ᠎ᠡ ᠬᠤᠰᠢᠭᠤ ᠲᠣᠭᠤᠷᠢᠭ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠤᠬᠢᠴᠠᠯᠳᠤᠭᠰᠠᠨ ᠪᠠᠴᠢᠮ ᠪᠠᠶᠢᠳᠠᠯ ᠎ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠬᠠᠷᠢᠶ᠎ᠠ ᠣᠷᠣᠨ ᠤ ᠬᠤᠯᠤᠭᠠᠨ᠎ᠠ ᠶᠢᠨ ᠬᠢᠵᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ ᠶᠢᠨ ᠬᠠᠮᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠵᠤᠬᠢᠶᠠᠨ ᠪᠠᠶᠢᠭᠤᠯᠤᠯᠲᠠ᠂ ᠤᠳᠤᠷᠢᠳᠤᠯᠭ᠎ᠠ ᠳᠣᠤᠷ᠎ᠠ ᠨᠡᠯᠢᠶᠡᠳ ᠦᠨᠳᠦᠷ ᠵᠡᠷᠬᠡ ᠲᠠᠰ ᠤᠨ ᠬᠤᠯᠤᠭᠠᠨ᠎ᠠ ᠶᠢᠨ ᠬᠢᠵᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠎ ᠢ ᠰᠢᠢᠳᠪᠦᠷᠢᠯᠡᠬᠦ ᠶᠢ ᠬᠠᠷᠢᠭᠤᠴᠠᠨ᠎ᠠ᠃      ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠠᠴᠠ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠡᠭᠦᠷᠬᠡᠯᠡᠵᠣ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠶ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠶᠢ ᠬᠤᠪᠢᠶᠠᠨ ᠬᠠᠮᠢᠶᠠᠷᠬᠤ ᠤᠳᠤᠷᠢᠳᠤᠯᠭ᠎ᠠ ᠠᠴᠠ ᠲᠡᠳ᠋ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠡᠭᠦᠷᠬᠡᠯᠡᠵᠣ᠂ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠴᠠᠭᠤᠯᠬᠤ ᠪᠠ ᠵᠢᠯᠣᠭᠤᠳᠬᠤ ᠶᠢ ᠬᠠᠷᠢᠭᠤᠴᠠᠵᠣ᠂ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠰᠢᠢᠳᠪᠦᠷᠢᠳᠤ ᠪᠣᠳᠣᠯᠭ᠎ᠠ ᠭᠠᠷᠭᠠᠵᠤ᠂ ᠠᠪᠬᠤ ᠪᠠᠷ ᠪᠠᠶᠢᠭ᠎ᠠ ᠴᠢᠬᠤᠯᠠ ᠶᠡᠭᠡ ᠠᠷᠭ᠎ᠠ ᠬᠡᠮᠵᠢᠶ᠎ᠡ ᠵᠡᠷᠬᠡ ᠵᠤᠶᠢᠯᠡᠰ ᠢ ᠲᠤᠭᠳᠠᠭᠠᠨ᠎ᠠ᠃ ᠵᠤᠬᠢᠴᠠᠯᠳᠤᠭᠰᠠᠨ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠃      1. ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠤᠷᠤᠯᠴᠠᠭᠤᠯᠤᠨ᠎ᠠ᠃      2. ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠵᠣ᠂ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠡᠯ᠎ᠡ ᠲᠥᠷᠥᠯ ᠤᠨ ᠬᠥᠮᠦᠰ᠂ ᠡᠳ᠋ ᠪᠤᠳᠠᠰ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠬᠤᠯᠪᠤᠭᠳᠠᠯ ᠪᠦᠬᠦᠢ ᠲᠦᠭᠦᠭᠡᠷᠤᠮᠵᠢ᠂ ᠲᠤᠨᠤᠭ ᠲᠥᠬᠦᠭᠡᠷᠦᠮᠵᠢ ᠶᠢ ᠰᠢᠯᠵᠢᠭᠦᠯᠦᠨ ᠴᠤᠭᠯᠠᠭᠤᠯᠵᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠤᠷᠤᠭᠤᠯᠤᠨ᠎ᠠ᠃      3. ᠬᠢᠵᠠᠭᠠᠷᠯᠠᠬᠤ ᠣᠷᠣᠨ ᠢ ᠢᠯᠭᠠᠨ ᠲᠤᠭᠳᠠᠭᠠᠬᠤ᠄ ᠬᠤᠯᠤᠭᠠᠨ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠦᠶ᠎ᠡ ᠳᠤ᠂ ᠬᠤᠰᠢᠭᠤ ᠲᠣᠭᠤᠷᠢᠭ ᠤᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠵᠤ᠂ ᠬᠢᠵᠢᠭᠲᠦ ᠣᠷᠣᠨ ᠤ ᠬᠡᠪᠴᠢᠶ ᠎ᠡ ᠶᠢ ᠵᠠᠷᠯᠠᠵᠤ ᠪᠣᠯᠤᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠡᠳ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠬᠢᠵᠢᠭᠲᠦ ᠣᠷᠣᠨ ᠢ ᠪᠢᠲᠡᠭᠦᠮᠵᠢᠯᠡᠵᠦ ᠪᠣᠯᠤᠨ᠎ᠠ᠃      4. ᠬᠥᠮᠦᠰ ᠬᠤᠷᠠᠵᠤ ᠴᠤᠭᠯᠠᠷᠠᠬᠤ ᠠᠵᠢᠯᠯᠠᠭ᠎ᠠ ᠪᠠ ᠠᠮᠢᠲᠠᠨ ᠤ ᠠᠵᠢᠯᠯᠠᠭ᠎ᠠ ᠶᠢ ᠬᠢᠵᠠᠭᠠᠷᠯᠠᠬᠤ᠄ ᠬᠤᠯᠤᠭᠠᠨ᠎ᠠ ᠶᠢᠨ ᠬᠢᠵᠢᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ  ᠲᠤᠳᠤᠷ᠎ᠠ ᠬᠢᠵᠠᠭᠠᠷᠯᠠᠬᠤ ᠪᠤᠶᠤ ᠠᠵᠢᠯ ᠢ ᠨᠢ ᠵᠣᠭᠰᠣᠭᠠᠬᠤ᠂ ᠬᠢᠴᠢᠶᠡᠯ ᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠂ ᠴᠤᠭᠯᠠᠭ᠎ᠠ ᠮᠠᠶᠢᠮᠠᠶ ᠵᠢᠴᠢ ᠪᠤᠰᠤᠳ ᠬᠥᠮᠦᠰ ᠬᠤᠷᠠᠵᠣ ᠴᠤᠭᠯᠠᠷᠠᠭᠰᠠᠨ ᠪᠠ ᠡᠪᠡᠳᠴᠢᠨ ᠡᠭᠦᠰᠬᠡᠭᠴᠢ ᠶᠢ ᠪᠡᠶ᠎ᠡ ᠳᠡᠭᠡᠨ ᠠᠪᠴᠤ ᠶᠠᠪᠤᠭᠰᠠᠨ ᠰᠡᠵᠢᠭᠯᠡᠯᠲᠡᠶ ᠠᠮᠢᠲᠠᠨ ᠤ ᠠᠵᠢᠯᠯᠠᠭ᠎ᠠ ᠶᠢ ᠵᠣᠭᠰᠣᠭᠠᠨ᠎ᠠ᠃      5. ᠶᠠᠪᠤᠭᠤᠯ ᠬᠥᠮᠦᠨ ᠠᠮᠠ ᠶᠢᠨ ᠬᠠᠮᠢᠶᠠᠷᠤᠯᠲᠠ᠄ ᠶᠠᠪᠤᠭᠤᠯ ᠬᠥᠮᠦᠨ ᠠᠮᠠ ᠳᠤ ᠤᠷᠢᠳᠴᠢᠯᠠᠨ ᠰᠡᠷᠭᠡᠶᠢᠯᠡᠬᠦ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠠᠪᠴᠣ᠂ ᠬᠤᠯᠤᠭᠠᠨ᠎ᠠ ᠶᠢᠨ ᠬᠢᠵᠢᠭ ᠲᠠᠢ ᠡᠪᠡᠳᠴᠢᠳᠡᠨ᠂ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠳᠡᠨ ᠢ ᠲᠤᠬᠠᠶ ᠶᠢᠨ ᠭᠠᠵᠠᠷ ᠲᠤᠨᠢ ᠲᠤᠰᠠᠭᠠᠷᠯᠠᠬᠤ᠂ ᠠᠵᠢᠭᠯᠠᠬᠤ᠂ ᠡᠮᠨᠡᠬᠦ ᠵᠡᠷᠭᠡ ᠠᠷᠭ᠎ᠠ ᠬᠡᠮᠵᠢᠶ᠎ᠡ ᠠᠪᠴᠤ᠂ ᠨᠢᠭᠲᠠ ᠬᠦᠷᠦᠯᠴᠡᠭᠰᠡᠳ ᠲᠤ ᠪᠠᠶᠢᠳᠠᠯ ᠢ ᠨᠢ ᠦᠵᠡᠵᠦ ᠪᠠᠶᠢᠭᠠᠳ ᠲᠦᠪᠯᠡᠷᠡᠭᠦᠯᠬᠦ ᠪᠤᠶᠤ ᠭᠡᠷ ᠲᠡᠭᠡᠨ ᠰᠠᠭᠤᠯᠭᠠᠵᠣ ᠠᠵᠢᠭᠯᠠᠬᠤ ᠵᠡᠷᠬᠡ ᠠᠷᠭ᠎ᠠ ᠬᠡᠮᠵᠢᠶ᠎ᠡ ᠠᠪᠤᠨ᠎ᠠ᠃      6. ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ᠄ ᠲᠣᠭᠲᠠᠭᠠᠯ ᠶᠣᠰᠣᠭᠠᠷ ︽ᠬᠤᠶᠠᠷ ᠥᠷᠲᠡᠭᠡ ᠨᠢᠭᠡ ᠲᠠᠯᠠᠪᠠᠢ︾᠎ ᠳᠤ ᠲᠦᠷ ᠴᠠᠭ ᠤᠨ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠥᠷᠲᠡᠭᠡ ᠪᠠᠶᠢᠭᠤᠯᠵᠤ᠂ ᠬᠢᠵᠢᠭᠲᠦ ᠣᠷᠣᠨ ᠳᠤ ᠤᠷᠤᠵᠤ ᠭᠠᠷᠤᠭᠰᠠᠨ ᠪᠠ ᠠᠵᠢᠯᠯᠠᠭᠠᠨ ᠤ ᠳᠤᠮᠳᠠᠬᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠢᠴᠢ ᠠᠶᠠᠨᠴᠢᠳ ᠪᠠ ᠡᠳ᠋ ᠪᠣᠳᠠᠰ᠂ ᠬᠤᠰᠲ ᠠᠮᠢᠲᠠᠨ ᠢ ᠰᠢᠯᠭᠠᠨ ᠪᠠᠶᠢᠴᠠᠭᠠᠵᠣ᠂ ᠡᠪᠡᠳᠴᠢᠲᠡᠨ᠂ ᠰᠡᠵᠢᠭᠯᠡᠯᠲᠡᠶ ᠡᠪᠡᠳᠴᠢᠲᠡᠨ ᠵᠢᠴᠢ ᠲᠡᠭᠦᠨ ᠲᠠᠢ ᠨᠢᠭᠲᠠ ᠬᠦᠷᠦᠯᠴᠡᠭᠰᠡᠳ ᠢ ᠲᠦᠷ ᠴᠠᠭ ᠲᠤᠰᠠᠭᠠᠷᠯᠠᠵᠤ᠂ ᠦᠯᠡᠳᠡᠭᠡᠨ ᠪᠠᠶᠢᠴᠠᠭᠠᠵᠤ᠂ ᠲᠡᠷᠡᠴᠢᠯᠡᠨ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠤᠰᠢᠶᠠᠨ ᠲᠤᠰᠠᠭᠠᠷᠯᠠᠵᠣ᠂ ᠦᠯᠡᠳᠡᠭᠡᠨ ᠪᠠᠶᠢᠴᠠᠭᠠᠨ᠎ᠠ᠃      7. ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ᠄ ᠬᠤᠯᠤᠭᠠᠨ᠎ᠠ ᠶᠢᠨ ᠬᠢᠵᠢᠭ ᠤᠨ ᠬᠡᠷᠡᠭ ᠭᠠᠷᠤᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠲᠣᠭᠤᠷᠢᠭ ᠨᠢ ᠲᠣᠭᠲᠠᠭᠠᠯ ᠶᠣᠰᠣᠭᠠᠷ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ ᠮᠡᠳᠡᠭᠡ ᠵᠠᠩᠭᠢ ᠨᠡᠶᠢᠲᠡᠯᠡᠬᠦ ᠳᠡᠭᠡᠨ ᠴᠠᠭ ᠲᠤᠬᠠᠶ ᠳᠤᠨᠢ᠂ ᠣᠨᠣᠪᠴᠢᠲᠠᠶ ᠂ ᠪᠤᠰᠤᠳᠴᠢ᠂ ᠪᠦᠬᠦ ᠲᠠᠯ᠎ᠠ ᠶᠢᠨ ᠪᠠᠶᠢᠬᠤ ᠬᠡᠷᠡᠭᠲᠡᠶ᠃      8. ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠶᠢ ᠥᠷᠨᠢᠭᠦᠯᠦᠨ᠎ᠡ᠄ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠬᠦ᠂ ᠠᠵᠢᠯᠲᠠᠨ ᠢ ᠰᠢᠯᠵᠢᠭᠦᠯᠬᠦ ᠪᠤᠶᠤ ᠲᠤᠰᠠᠭᠠᠷᠯᠠᠬᠤ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠰᠠᠶᠢᠲᠤᠷ ᠬᠢᠨ᠎ᠡ᠃      9. ᠤᠬᠠᠭᠤᠯᠭ᠎ᠠ ᠶᠢᠨ ᠠᠵᠢᠯ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠰᠣᠨᠢᠨ ᠮᠡᠳᠡᠭᠡᠨ ᠤ ᠨᠢᠭᠡᠴᠡ ᠶᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠡᠯᠡᠵᠦ᠂ ᠡᠪᠡᠳᠴᠢᠨ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ᠂ ᠬᠢᠮᠤᠷᠠᠯ ᠤᠨ ᠰᠡᠳᠬᠢᠴᠡ ᠳᠤ ᠭᠠᠷ ᠲᠦᠷᠦᠭᠦ ᠶᠢ ᠴᠢᠩᠭᠠᠳᠬᠠᠵᠣ᠂ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠡ ᠵᠠᠩᠭᠢ ᠶᠢ ᠭᠠᠳᠠᠭᠰᠢ ᠪᠠᠨ ᠨᠡᠶᠢᠳᠡᠯᠡᠬᠦ ᠶᠢ ᠬᠠᠪᠰᠤᠷᠤᠨ ᠰᠠᠶᠢᠲᠤᠷ ᠬᠢᠨ᠎ᠡ᠃      ︵ᠲᠠᠪᠤ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠪᠠᠶᠢᠭᠤᠯᠤᠮᠵᠢ ᠪᠣᠯᠤᠨ ᠡᠮᠨᠡᠨ ᠠᠪᠤᠷᠠᠬᠤ ᠪᠠᠶᠢᠭᠤᠯᠤᠮᠵᠢ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ      1. ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠪᠠᠶᠢᠭᠤᠯᠤᠮᠵᠢ᠄      ᠬᠤᠲᠠ ᠶᠢᠨ ᠱᠠᠳᠤᠨ ᠤ ᠬᠢ ᠶᠢ ᠬᠤᠲᠠ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠠᠵᠣ ᠬᠢᠵᠠᠭᠠᠷᠯᠠᠬᠤ ᠲᠥᠪ ᠠᠴᠠ ᠡᠭᠦᠷᠭᠡᠯᠡᠵᠦ᠂ ᠡᠯ᠎ᠡ ᠬᠤᠰᠢᠭᠤ ᠲᠣᠭᠤᠷᠢᠭ ᠤᠨ ᠬᠢᠨ ᠢ ᠲᠤᠰ ᠱᠠᠲᠤᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠣ ᠬᠢᠵᠠᠭᠠᠷᠯᠠᠬᠤ ᠲᠥᠪ ᠠᠴᠠ ᠡᠭᠦᠷᠬᠡᠯᠡᠨ᠎ᠡ᠂ ᠪᠣᠳᠠᠲᠠᠶ ᠡᠭᠦᠷᠭᠡ ᠨᠢ ᠳᠣᠤᠷᠠᠬᠢ ᠮᠡᠲᠦ᠃      ︵1︶ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠣ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠬᠦ ᠪᠠ ᠵᠠᠳᠠᠯᠬᠤ ᠠᠵᠢᠯ ᠢ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠬᠦ ᠳᠤ ᠦᠨᠳᠦᠰᠦᠯᠡᠯ ᠬᠠᠩᠭᠠᠨ᠎ᠠ᠃      ︵2︶ ᠠᠮᠢᠲᠠᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠰᠠᠢᠲᠤᠷ ᠬᠢᠵᠤ᠂ ᠠᠮᠢᠲᠠᠨ ᠤ ᠬᠤᠭᠤᠷᠣᠨᠳᠣᠬᠢ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤ ᠬᠢᠵᠢᠭ ᠤᠨ ᠴᠢᠭ ᠢ ᠴᠠᠭ ᠲᠤᠬᠠᠶ ᠳᠤᠨᠢ ᠰᠢᠢᠳᠪᠦᠷᠢᠯᠡᠨ᠎ᠡ᠃      ︵3︶ ᠬᠥᠮᠦᠨ ᠤ ᠬᠤᠭᠤᠷᠤᠨᠳᠤᠬᠢ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠲᠥᠯᠥᠪᠯᠡᠭᠡ ᠪᠠ ᠬᠢᠵᠢᠭ ᠤᠨ ᠪᠠᠶᠢᠳᠠᠯ ᠢ ᠬᠢᠵᠠᠭᠠᠷᠯᠠᠬᠤ ᠮᠡᠷᠭᠡᠵᠢᠯ ᠤᠨ ᠲᠥᠰᠦᠯ ᠢ ᠲᠤᠭᠳᠠᠭᠠᠨ᠎ᠠ︔ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ᠂ ᠰᠡᠵᠢᠭᠯᠡᠯᠲᠠᠢ ᠡᠪᠡᠳᠴᠢᠲᠡᠨ᠂ ᠡᠪᠡᠳᠴᠢᠨ ᠡᠭᠦᠰᠭᠡᠭᠴᠢ ᠶᠢ ᠠᠪᠴᠤ ᠶᠠᠪᠤᠭᠰᠠᠨ ᠬᠥᠮᠦᠨ ᠵᠢᠴᠢ ᠨᠢᠭᠲᠠ ᠬᠦᠷᠦᠯᠴᠡᠭᠰᠡᠳ ᠲᠤ ᠮᠥᠷᠳᠡᠨ ᠪᠠᠶᠢᠴᠠᠭᠠᠯᠲᠠ ᠬᠢᠨ᠎ᠡ︔ ᠬᠥᠮᠦᠰ ᠤᠨ ᠡᠪᠡᠳᠴᠢᠯᠡᠭᠰᠡᠨ ᠪᠠᠶᠢᠳᠠᠯ᠂ ᠲᠠᠷᠬᠠᠯᠲᠠ ᠶᠢᠨ ᠣᠨᠴᠠᠯᠢᠭ ᠢ ᠪᠠᠶᠢᠴᠠᠭᠠᠨ ᠵᠠᠳᠠᠯᠤᠨ᠎ᠠ︔ ᠬᠠᠯᠳᠠᠪᠤᠷᠢᠯᠠᠬᠤ ᠡᠬᠢ ᠢᠷᠡᠯᠳᠡ ᠪᠠ ᠲᠡᠯᠬᠡᠷᠡᠬᠦ ᠠᠷᠭ᠎ᠠ ᠵᠠᠮ ᠢ ᠪᠠᠶᠢᠴᠠᠭᠠᠨ ᠲᠣᠳᠣᠯᠠᠵᠤ᠂ ᠬᠠᠨᠳᠤᠯᠭᠠᠲᠤ ᠴᠢᠨᠠᠷᠲᠠᠢ ᠤᠷᠢᠳᠴᠢᠯᠠᠨ ᠰᠡᠷᠭᠡᠶᠢᠯᠡᠨ  ᠬᠢᠵᠠᠭᠠᠷᠯᠠᠬᠤ ᠠᠷᠭ᠎ᠠ ᠬᠡᠮᠵᠢᠶ᠎ᠡ ᠶᠢ ᠳᠤᠷᠠᠳᠤᠨ ᠬᠡᠷᠡᠭᠵᠢᠭᠦᠯᠦᠨ᠎ᠡ︔ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠲᠡᠬᠡᠳᠤ ᠱᠠᠲᠤᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ᠎ᠡ᠃      ︵4︶ ᠬᠤᠯᠤᠭᠠᠨ᠎ᠠ ᠶᠢᠨ ᠬᠢᠵᠢᠭ ᠤᠨ ᠦᠯᠢᠭᠡᠷ ᠬᠡᠪ ᠢ ᠲᠤᠷᠰᠢᠯᠲᠠ ᠶᠢᠨ ᠲᠠᠰᠤᠭ ᠲᠤ ᠪᠠᠶᠢᠴᠠᠭᠠᠨ ᠬᠡᠮᠵᠢᠵᠣ᠂ ᠳᠠᠬᠢᠨ ᠬᠢᠨᠠᠵᠤ᠂ ᠲᠣᠭᠲᠠᠭᠠᠬᠤ ᠶᠢᠨ ᠬᠠᠮᠲᠤ ᠲᠤᠷᠰᠢᠯᠲᠠ ᠶᠢᠨ ᠲᠠᠰᠤᠭ ᠤᠨ ᠣᠨᠣᠰᠢᠯᠠᠭᠰᠠᠨ ᠦᠷ᠎ᠡ ᠳ᠋ᠦᠩ ᠢ ᠳᠡᠰ ᠳᠠᠷᠠᠭᠠᠯᠠᠯ ᠶᠣᠰᠣᠭᠠᠷ ᠮᠡᠳᠡᠭᠦᠯᠦᠨ᠎ᠡ᠃      ︵5︶ ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠤᠰᠬᠠᠶ ᠮᠡᠷᠭᠡᠵᠢᠯ ᠤᠨ ᠠᠵᠢᠯᠳᠠᠨ ᠤ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠪᠣᠯᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠮᠡᠷᠭᠡᠵᠢᠯ ᠤᠨ ᠵᠢᠯᠣᠭᠤᠳᠤᠯᠭ᠎ᠠ ᠪᠣᠯᠤᠨ ᠳᠡᠮᠵᠢᠯᠭᠡ ᠶᠢ ᠬᠠᠷᠢᠭᠤᠴᠠᠨ᠎ᠠ᠃      2. ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠵᠣ ᠡᠮᠨᠡᠨ ᠠᠪᠤᠷᠠᠬᠤ ᠪᠠᠶᠢᠭᠤᠯᠤᠮᠵᠢ᠄      ᠬᠤᠲᠠ ᠶᠢᠨ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶ᠎ᠠ ᠪᠣᠯ ᠬᠤᠲᠠ ᠶᠢᠨ ᠱᠠᠲᠤᠨ ᠤ ᠲᠣᠭᠲᠠᠭᠰᠠᠨ ᠴᠢᠭ ᠤᠨ ᠡᠮᠨᠡᠨ ᠠᠪᠤᠷᠠᠬᠤ ᠡᠮᠨᠡᠯᠭᠡ ᠶᠢᠨ ᠬᠤᠷᠢᠶ᠎ᠠ ᠪᠣᠯᠤᠨ᠎ᠠ᠂ ᠡᠯ᠎ᠡ ᠬᠤᠰᠢᠭᠤ ᠲᠣᠭᠤᠷᠢᠭ ᠨᠢ ᠠᠳᠠᠭ ᠲᠠᠭᠠᠨ  ᠲᠤᠰᠪᠤᠷᠢ ᠨᠢᠭᠡ ᠡᠮᠨᠡᠨ ᠠᠪᠤᠷᠠᠬᠤ ᠡᠮᠨᠡᠯᠭᠡ ᠶᠢᠨ ᠬᠤᠷᠢᠶ᠎ᠠ ᠶᠢ ᠲᠣᠭᠲᠠᠭᠠᠨ᠎ᠠ᠃      ᠪᠣᠳᠠᠲᠠᠶ ᠡᠭᠦᠷᠭᠡ᠄      ︵1︶ ᠬᠦᠮᠦᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ᠂ ᠢᠯᠡᠷᠡᠭᠦᠯᠬᠦ᠂ ᠮᠡᠳᠡᠭᠦᠯᠬᠦ᠂ ᠡᠪᠡᠳᠴᠢᠲᠡᠨ ᠢ ᠬᠦᠯᠢᠶᠡᠨ ᠠᠪᠴᠤ ᠡᠮᠨᠡᠬᠦ᠂ ᠲᠤᠰᠠᠭᠠᠷᠯᠠᠬᠤ᠂ ᠡᠮᠨᠡᠬᠦ ᠪᠠ ᠲᠠᠮᠵᠢᠨ ᠲᠡᠬᠡᠬᠡᠪᠦᠷᠢᠯᠡᠬᠦ ᠠᠵᠢᠯ ᠢ  ᠦᠷᠨᠢᠭᠦᠯᠬᠦ ᠶᠢ ᠬᠠᠷᠢᠭᠤᠴᠠᠨ᠎ᠠ︔ ᠰᠡᠵᠢᠭᠯᠡᠯᠲᠡᠶ ᠡᠪᠡᠳᠴᠢᠲᠡᠨ ᠢ ᠴᠠᠭ ᠲᠤᠬᠠᠶ ᠳᠤᠨᠢ ᠠᠷᠢᠯᠭᠠᠬᠤ ᠪᠤᠶᠤ ᠣᠨᠣᠰᠢᠯᠠᠬᠤ︔ ᠰᠡᠵᠢᠭᠯᠡᠯᠲᠡᠶ ᠡᠪᠡᠳᠴᠢᠲᠡᠨ ᠢ ᠲᠤᠬᠠᠶ ᠶᠢᠨ ᠭᠠᠵᠠᠷ ᠲᠤᠨᠢ ᠲᠤᠰᠠᠭᠠᠷᠯᠠᠵᠤ ᠣᠨᠣᠰᠢᠯᠠᠨ ᠡᠮᠨᠡᠵᠣ᠂ ᠲᠤᠷ᠎ᠠ ᠪᠠᠷ ᠢᠶᠠᠨ ᠰᠢᠯᠵᠢᠭᠦᠯᠦᠨ ᠲᠡᠬᠡᠬᠡᠪᠦᠷᠢᠯᠡᠬᠦ ᠪᠤᠶᠤ ᠲᠦᠯᠬᠢᠯᠴᠡᠵᠦ ᠪᠣᠯᠬᠤ ᠦᠭᠡᠶ︔ ᠨᠢᠭᠲᠠ ᠬᠦᠷᠦᠯᠴᠡᠭᠰᠡᠳ ᠲᠤ ᠠᠨᠠᠭᠠᠬᠤ ᠤᠬᠠᠭᠠᠨ ᠤ ᠠᠵᠢᠭᠯᠠᠯᠲᠠ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠢ ᠡᠮᠴᠢᠯᠡᠭᠡ ᠬᠢᠬᠦ ᠵᠡᠷᠭᠡ᠃      ︵2︶ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠠᠵᠣ ᠬᠢᠵᠠᠭᠠᠷᠯᠠᠬᠤ ᠪᠠᠶᠢᠭᠤᠯᠤᠮᠵᠢ ᠶᠢ ᠬᠠᠪᠰᠤᠷᠤᠨ ᠦᠯᠢᠭᠡᠷ ᠬᠡᠪ ᠢ ᠴᠤᠭᠯᠠᠭᠤᠯᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠨ᠎ᠡ᠃       ︵3︶ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ ᠬᠢᠵᠠᠭᠠᠷᠯᠠᠬᠤ ᠠᠵᠢᠯ ᠢ ᠰᠠᠶᠢᠲᠤᠷ ᠬᠢᠵᠣ ᠂ ᠠᠷᠢᠭᠤᠳᠬᠠᠨ ᠲᠤᠰᠠᠭᠠᠷᠯᠠᠬᠤ ᠪᠠ ᠬᠤᠪᠢ ᠬᠥᠮᠦᠨ ᠤ ᠬᠠᠮᠠᠭᠠᠯᠠᠯᠳᠠ ᠶᠢ ᠬᠡᠷᠡᠭᠵᠢᠭᠦᠯᠵᠣ᠂ ᠡᠮᠨᠡᠯᠭᠡ ᠶᠢᠨ ᠬᠤᠷᠢᠶᠠᠨ ᠤ ᠲᠤᠳᠤᠷᠠᠬᠢ ᠰᠣᠯᠪᠢᠴᠠᠯ ᠬᠠᠯᠳᠠᠪᠤᠷᠢᠯᠠᠯ ᠡᠭᠦᠰᠬᠦ ᠠᠴᠠ ᠰᠡᠷᠭᠡᠶᠢᠯᠡᠨ᠎ᠡ︔ ᠪᠤᠶ ᠪᠦᠬᠦᠢ ᠪᠣᠬᠢᠷᠲᠤᠯ ᠪᠣᠳᠠᠰ ᠢ ᠴᠢᠩᠭ᠎ᠠ ᠰᠢᠢᠳᠪᠦᠷᠢᠯᠡᠵᠣ᠂ ᠣᠷᠴᠢᠨ ᠠᠬᠤᠶ ᠶᠢᠨ ᠪᠣᠬᠢᠷᠲᠤᠯ ᠠᠴᠠ ᠵᠠᠶᠢᠯᠠᠰᠬᠢᠨ᠎ᠠ᠃      ︵4︶ ᠲᠤᠰ ᠪᠠᠶᠢᠭᠤᠯᠤᠮᠵᠢ ᠶᠢᠨ ᠳᠣᠲᠣᠷᠠᠬᠢ ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠪᠣᠯᠤᠨ ᠰᠤᠷᠢᠯᠳᠠ ᠶᠢ ᠴᠢᠩᠭᠠᠳᠬᠠᠨ᠎ᠠ᠃      ︵5︶ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠢᠯᠣᠭᠤᠳᠤᠨ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠢ ᠰᠢᠭᠰᠢᠨ ᠪᠠᠶᠢᠴᠠᠭᠠᠬᠤ᠂ ᠮᠡᠳᠡᠭᠦᠯᠬᠦ᠂ ᠲᠤᠰᠠᠭᠠᠷᠯᠠᠬᠤ᠂ ᠳᠠᠩᠰᠠᠯᠠᠬᠤ ᠶᠢ ᠴᠢᠩᠭᠠᠳᠬᠠᠵᠣ᠂ ᠳᠤᠷ᠎ᠠ ᠪᠠᠷ ᠢᠶᠠᠨ ᠦᠯᠡᠳᠡᠭᠡᠨ ᠡᠮᠨᠡᠭᠦᠯᠬᠦ ᠪᠤᠶᠤ ᠡᠮᠨᠡᠭᠦᠯᠬᠦ ᠦᠭᠡᠶ ᠪᠠᠶᠢᠵᠤ ᠪᠣᠯᠬᠤ ᠦᠭᠡᠶ᠃      ︵6︶ ᠲᠤᠭᠳᠠᠭᠰᠠᠨ ᠡᠮᠨᠡᠯᠬᠡ ᠶᠢᠨ ᠪᠠᠶᠢᠭᠤᠯᠤᠮᠵᠢ ᠨᠢ ᠲᠤᠰ ᠣᠷᠣᠨ ᠲᠤᠭᠤᠷᠢᠭ ᠤᠨ ᠳᠣᠲᠣᠷᠠᠬᠢ ᠬᠤᠯᠤᠭᠠᠨ᠎ᠠ ᠶᠢᠨ ᠬᠢᠵᠢᠭ ᠢ ᠲᠥᠪᠯᠡᠷᠡᠭᠦᠯᠦᠨ ᠡᠮᠨᠡᠨ ᠠᠪᠤᠷᠠᠬᠤ ᠠᠵᠢᠯ ᠢ ᠬᠠᠷᠢᠭᠤᠴᠠᠨ᠎ᠠ︔ ᠲᠤᠰ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠤ ᠬᠤᠯᠪᠤᠭᠳᠠᠯ ᠪᠦᠬᠦᠢ ᠣᠨᠣᠰᠢᠯᠠᠨ ᠡᠮᠨᠡᠬᠦ᠂ ᠠᠷᠢᠭᠤᠳᠬᠠᠬᠤ ᠲᠤᠰᠠᠭᠠᠷᠯᠠᠬᠤ ᠪᠠ ᠬᠤᠪᠢ ᠬᠥᠮᠦᠨ ᠤ ᠬᠠᠮᠠᠭᠠᠯᠠᠯᠲᠠ ᠵᠡᠷᠭᠡ ᠮᠡᠳᠡᠯᠭᠡ ᠶᠢᠨ ᠪᠣᠯᠪᠠᠰᠤᠷᠠᠯ ᠢ ᠰᠠᠶᠢᠲᠤᠷ ᠬᠢᠵᠦ᠂ ᠠᠵᠢᠯ ᠤᠨ ᠴᠤᠪᠤᠷᠠᠯ ᠢ ᠴᠢᠩᠭ᠎ᠠ  ᠬᠡᠷᠡᠭᠵᠢᠭᠦᠯᠦᠨ᠎ᠡ︔ ᠡᠮ ᠡᠮᠨᠡᠯᠭᠡ ᠶᠢᠨ ᠡᠮᠨᠡᠨ ᠠᠪᠤᠷᠠᠬᠤ ᠳᠤ ᠬᠡᠷᠡᠭᠰᠡᠬᠦ ᠠᠵᠢᠯᠲᠠᠨ᠂ ᠡᠮ ᠤᠨ ᠵᠤᠶᠢᠯ᠂ ᠲᠤᠨᠤᠭ ᠲᠦᠭᠦᠭᠡᠷᠤᠮᠵᠢ᠂ ᠰᠡᠷᠭᠡᠶᠢᠯᠠᠨ ᠬᠠᠮᠠᠭᠠᠯᠠᠬᠤ ᠬᠡᠷᠡᠭᠰᠡᠯ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃      ︵7︶ ᠡᠮᠴᠢᠯᠡᠭᠡᠨ ᠤ ᠬᠠᠶᠠᠭᠳᠠᠮᠠᠯ ᠪᠣᠳᠠᠰ ᠢ ᠬᠠᠮᠢᠶᠠᠷᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      ︵8︶ ᠡᠮᠴᠢᠯᠡᠭᠡᠨ ᠤ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠶᠤᠯ ᠦᠭᠡᠶ ᠶᠢᠨ ᠬᠠᠮᠢᠶᠠᠷᠤᠯᠲᠠ ᠪᠤᠯᠤᠨ ᠶᠠᠰᠤ ᠴᠢᠨᠠᠷ ᠤᠨ ᠡᠵᠡᠮᠳᠡᠯ ᠢ ᠰᠠᠶᠢᠲᠤᠷ ᠬᠢᠨ᠎ᠡ᠃      3. ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ᠄      ᠪᠦᠬᠦ ᠬᠤᠲᠠ ᠶᠢᠨ ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠠᠤᠯᠢ ᠪᠠᠷ ᠲᠣᠭᠲᠠᠭᠠᠭᠰᠠᠨ ᠬᠢᠨᠠᠯᠲᠠ ᠲᠠᠯᠪᠢᠬᠤ ᠪᠠᠶᠢᠭᠤᠯᠤᠮᠵᠢ ᠪᠣᠯᠤᠨ᠎ᠠ᠃ ᠪᠣᠳᠠᠲᠠᠶ ᠡᠭᠦᠷᠭᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ ᠳᠣᠤᠷ᠎ᠠ᠂ ᠲᠤᠰ ᠬᠠᠷᠢᠶ᠎ᠠ ᠣᠷᠣᠨ ᠤ ᠪᠠᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠳᠠ ᠬᠢᠨ᠎ᠡ᠃      ᠭᠤᠷᠪᠠ᠂ ᠬᠢᠵᠢᠭ ᠤᠨ ᠪᠠᠶᠢᠳᠠᠯ ᠤᠨ ᠬᠠᠮᠢᠶᠠᠷᠤᠯᠲᠠ      ︵ᠨᠢᠭᠡ︶ ᠬᠢᠨᠠᠨ ᠬᠡᠮᠵᠢᠬᠦ      1. ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠯ ᠪᠠ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠯᠤᠭᠠᠨ᠎ᠠ ᠶᠢᠨ ᠬᠢᠵᠢᠭ ᠢ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ ᠎ ᠶᠢᠨ ᠬᠠᠮᠲᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠭᠠᠵᠤ᠂ ᠬᠢᠨᠠᠨ ᠬᠡᠮᠵᠢᠬᠦ ᠶᠠᠰᠤ ᠴᠢᠨᠠᠷ ᠢ ᠪᠠᠳᠤᠯᠠᠨ᠎ᠠ᠃      ᠡᠯ᠎ᠡ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠦᠬᠦ ᠬᠤᠲᠠ ᠶᠢᠨ ᠨᠢᠭᠡᠳᠤᠯᠲᠠᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠲᠣᠰᠬᠤᠨ ︵ᠭᠠᠴᠠᠭ᠎ᠠ︶᠎ ᠢ ᠵᠣᠬᠢᠶᠠᠨ ᠪᠠᠶᠢᠭᠤᠯᠤᠨ ᠵᠢᠯᠣᠭᠤᠳᠴᠤ ᠬᠤᠯᠤᠭᠠᠨ᠎ᠠ ᠶᠢᠨ ᠬᠢᠵᠢᠭ ᠢ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠠᠵᠢᠯ ᠢ ᠦᠷᠨᠢᠭᠦᠯᠬᠦ ᠶᠢᠨ ᠬᠠᠮᠲᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠤᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠳᠠ ᠶᠢ ᠴᠢᠩᠭᠠᠳᠭᠠᠵᠤ᠂ ᠬᠢᠨᠠᠨ ᠬᠡᠮᠵᠢᠬᠦ ᠶᠠᠰᠤ ᠴᠢᠨᠠᠷ ᠢ ᠪᠠᠳᠤᠯᠠᠨ᠎ᠠ᠃      2. ᠬᠢᠨᠠᠨ ᠬᠡᠮᠵᠢᠬᠦ ᠲᠤᠭᠳᠠᠯᠴᠠᠭ᠎ᠠ      ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠦᠷᠪᠡᠨ ᠱᠠᠲᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠭᠳᠠᠯᠴᠠᠭ᠎ᠠ ᠶᠢ ᠪᠠᠶᠢᠭᠤᠯᠬᠤ ᠶᠢᠨ ᠬᠠᠮᠲᠤ ᠡᠯ᠎ᠡ ᠭᠠᠵᠠᠷ ᠢ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠥᠰᠦᠯ ᠎ ᠢ ᠲᠣᠭᠲᠠᠭᠠᠨ᠎ᠠ᠃ ᠣᠲᠤᠭ ᠤᠨ ᠡᠮᠦᠨᠡᠲᠦ ᠬᠤᠰᠢᠭᠤ ᠨᠢ ᠤᠯᠤᠰ ᠤᠨ ᠲᠠᠰ ᠤᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ‍ ᠴᠢᠭ ᠪᠤᠯᠤᠨ᠎ᠠ᠂ ᠬᠤᠯᠤᠭᠠᠨ᠎ᠠ ᠶᠢᠨ ᠬᠢᠵᠢᠭ ᠢ ᠪᠦᠬᠦ ᠤᠯᠤᠰ ᠤᠨ ᠭᠤᠤᠯᠳᠠᠯᠭ᠎ᠠ ᠲᠠᠢ ᠬᠢᠨᠠᠨ ᠬᠡᠮᠵᠢᠬᠦ‍ ᠴᠢᠭ ᠬᠢᠨᠠᠨ ᠬᠡᠮᠵᠢᠬᠦ ᠲᠦᠰᠦᠯ ᠤᠨ ᠱᠠᠭᠠᠷᠳᠠᠯᠭ᠎ᠠ ᠶᠣᠰᠣᠭᠠᠷ ᠬᠤᠯᠤᠭᠠᠨ᠎ᠠ ᠶᠢᠨ ᠬᠢᠵᠢᠭ ᠤᠨ ᠡᠳᠦᠷ ᠲᠤᠲᠤᠮ ᠤᠨ ᠬᠢᠨᠠᠨ ᠬᠡᠮᠵᠢᠬᠦ ᠠᠵᠢᠯ ᠢ ᠦᠷᠨᠢᠭᠦᠯᠵᠣ᠂ ᠣᠲᠤᠭ ᠬᠤᠰᠢᠭᠤ᠂ ᠬᠠᠩᠭᠢᠨ ᠬᠤᠰᠢᠭᠤ᠂ ᠦᠤᠰᠢᠨ ᠬᠤᠰᠢᠭᠤ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠥᠰᠦᠯ ᠪᠣᠯᠤᠨ ᠮᠠᠨ ᠤ ᠬᠤᠲᠠ ᠶᠢᠨ ᠬᠤᠯᠤᠭᠠᠨ᠎ᠠ ᠎ ᠶᠢᠨ ᠬᠢᠵᠢᠭ ᠢ ᠬᠢᠨᠠᠨ ᠬᠡᠮᠵᠢᠬᠦ ᠲᠦᠰᠦᠯ ᠤᠨ ᠱᠠᠭᠠᠷᠳᠠᠯᠭ᠎ᠠ ᠶᠣᠰᠣᠭᠠᠷ ᠬᠤᠯᠤᠭᠠᠨ᠎ᠠ ᠶᠢᠨ ᠬᠢᠵᠢᠭ ᠤᠨ ᠡᠳᠦᠷ ᠲᠤᠲᠤᠮ ᠤᠨ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃ ᠬᠢᠵᠢᠭ ᠤᠨ ᠢᠷᠡᠯᠲᠡ ᠨᠢ ᠲᠣᠳᠣᠷᠬᠠᠶ ᠦᠭᠡᠶ ᠭᠠᠵᠠᠷ ᠣᠷᠣᠨ ᠪᠤᠶᠤ ᠰᠢᠨ᠎ᠡ ᠪᠠᠷ ᠢᠯᠡᠷᠡᠭᠦᠯᠦᠭᠰᠡᠨ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠣᠷᠣᠨ ᠳᠤ ᠬᠤᠯᠤᠭᠠᠨ᠎ᠠ ᠶᠢᠨ ᠬᠢᠵᠢᠭ ᠤᠨ ᠪᠠᠶᠢᠭᠠᠯᠢ ᠶᠢᠨ ᠬᠢᠵᠢᠭ ᠤᠨ ᠢᠷᠡᠯᠳᠡ ᠶᠢᠨ ᠭᠠᠵᠠᠷ ᠢ ᠪᠠᠶᠢᠴᠠᠭᠠᠬᠤ ᠠᠵᠢᠯ ᠢ ᠦᠷᠨᠢᠭᠦᠯᠦᠨ᠎ᠡ᠃      3. ᠵᠠᠷᠤᠳᠠᠯ ᠤᠨ ᠪᠠᠲᠤᠯᠠᠭ᠎ᠠ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠵᠢᠴᠢ ᠬᠤᠯᠤᠭᠠᠨ᠎ᠠ ᠶᠢᠨ ᠬᠢᠵᠢᠭ ᠤᠨ ᠪᠠᠶᠢᠭᠠᠯᠢ ᠶᠢᠨ ᠬᠢᠵᠢᠭ ᠤᠨ ᠢᠷᠡᠯᠳᠡ ᠎ ᠶᠢᠨ ᠭᠠᠵᠠᠷ ᠢ ᠪᠠᠶᠢᠴᠠᠭᠠᠬᠤ ᠠᠵᠢᠯ ᠳᠤ ᠴᠢᠬᠤᠯᠠ ᠪᠦᠬᠦᠢ ᠵᠠᠷᠤᠳᠠᠯ ᠤᠨ ᠳᠡᠮᠵᠢᠯᠭᠡ ᠦᠵᠡᠭᠦᠯᠦᠨ᠎ᠡ᠃      ︵ᠬᠤᠶᠠᠷ︶ ᠤᠷᠢᠳᠴᠢᠯᠠᠨ ᠰᠡᠷᠡᠮᠵᠢᠯᠡᠭᠦᠯᠬᠦ      ᠬᠤᠲᠠ᠂ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠡᠯ᠎ᠡ ᠬᠢᠨᠠᠨ ᠬᠡᠮᠵᠢᠬᠦ‍ ᠴᠢᠭ ᠤᠨ ᠮᠡᠳᠡᠭᠦᠯᠦᠭᠰᠡᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠬᠥᠨᠥᠭᠡᠯᠲᠦ ᠴᠢᠨᠠᠷ ᠪᠠ ᠪᠠᠴᠢᠮ ᠬᠡᠮᠵᠢᠶ᠎ᠡ ᠶᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠲᠣᠬᠢᠷᠠᠭᠤᠯᠬᠤ ᠪᠠ ᠬᠦᠴᠦᠨ ᠦᠭᠡᠶ ᠪᠤᠯᠭᠠᠨ᠎ᠠ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠳᠤ᠄ ᠬᠤᠯᠤᠭᠠᠨ᠎ᠠ ᠶᠢᠨ ᠬᠢᠵᠢᠭ ᠢ ᠲᠦᠷᠦᠯ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠬᠦ ᠵᠡᠷᠬᠡ ᠲᠠᠰ᠂ ᠰᠡᠷᠡᠮᠵᠢᠯᠡᠭᠦᠯᠬᠦ ᠬᠡᠷᠡᠭ᠂ ᠠᠪᠬᠤ ᠶᠣᠰᠣᠲᠠᠶ ᠠᠷᠭ᠎ᠠ ᠬᠡᠮᠵᠢᠶ᠎ᠡ᠂ ᠡᠬᠢᠯᠡᠬᠦ ᠴᠠᠭ ᠪᠠ ᠨᠡᠶᠢᠲᠡᠯᠡᠬᠦ ᠪᠠᠶᠢᠭᠤᠯᠭ᠎ᠠ ᠵᠡᠷᠭᠡ ᠪᠠᠭᠲᠠᠨ᠎ᠠ᠃      1. ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠳᠡᠯᠡᠬᠦ ᠨᠢᠬᠡᠴᠡ᠄      ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠣᠷᠢᠳᠴᠢᠯᠠᠨ ᠰᠡᠷᠡᠮᠵᠢᠯᠡᠭᠦᠯᠬᠦ ᠳᠡᠰ ᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠪᠠ ᠲᠤᠬᠢᠷᠠᠭᠤᠯᠤᠨ᠎ᠠ᠃      Ⅰ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ Ⅱ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠂ Ⅲ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ Ⅳ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠃      2. ᠤᠷᠢᠳᠴᠢᠯᠠᠨ ᠰᠡᠷᠡᠮᠵᠢᠯᠡᠭᠦᠯᠬᠦ ᠵᠡᠷᠬᠡ ᠳᠡᠰ᠄      Ⅰ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠤᠨᠴᠠᠭᠠᠢ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅰ ᠲᠠᠰ︶᠂ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅱ ᠳᠡᠰ︶᠎ ᠢ ᠨᠡᠶᠢᠲᠡᠯᠡᠬᠦ ᠦᠶ᠎ᠡ ᠳᠤ Ⅰ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠬᠢᠯᠡᠭᠦᠯᠦᠨ᠎ᠡ᠃      Ⅱ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅲ ᠲᠠᠰ︶ ᠡᠭᠦᠰᠬᠦ ᠦᠶ᠎ᠡ ᠳᠤ Ⅱ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠬᠢᠯᠡᠭᠦᠯᠦᠨ᠎ᠡ      Ⅲ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠲᠠᠰ︶ ᠡᠭᠦᠰᠬᠦ ᠦᠶ᠎ᠡ ᠳᠤ Ⅲ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠬᠢᠯᠡᠭᠦᠯᠦᠨ᠎ᠡ᠃      Ⅳ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠠᠮᠢᠲᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠲᠠᠰ︶ ᠡᠭᠦᠰᠬᠦ ᠦᠶ᠎ᠡ ᠳᠤ Ⅳ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠬᠢᠯᠡᠭᠦᠯᠦᠨ᠎ᠡ᠃      3. ᠨᠡᠶᠢᠲᠡᠯᠡᠬᠦ ᠡᠲᠡᠭᠡᠳ᠄      Ⅰ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠠᠴᠠ ᠨᠡᠶᠢᠲᠡᠯᠡᠬᠦ ᠡᠲᠡᠭᠡᠳ ᠢ ᠲᠣᠭᠲᠠᠭᠠᠨ᠎ᠠ᠃      Ⅱ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠡᠶᠢᠲᠡᠯᠡᠬᠦ ᠡᠲᠡᠭᠡᠳ ᠢ ᠲᠣᠭᠲᠠᠭᠠᠨ᠎ᠠ᠃      Ⅲ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄      ︵1︶ ᠬᠢᠵᠢᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠡᠶᠢᠳᠡᠯᠡᠨ᠎ᠡ᠃      ︵2︶ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠳᠤ ᠨᠡᠶᠢᠲᠡᠯᠡᠨ᠎ᠡ᠃      ︵3︶ ᠬᠠᠷᠢᠶᠠᠯᠠᠭᠳᠠᠬᠤ ᠬᠠᠷᠢᠴᠠᠭ᠎ᠠ ᠪᠣᠯᠤᠨ ᠬᠠᠮᠢᠶᠠᠷᠬᠤ ᠡᠷᠬᠡ ᠮᠡᠳᠡᠯ ᠶᠣᠰᠣᠭᠠᠷ ᠬᠢᠵᠢᠭ ᠭᠠᠷᠤᠭᠰᠠᠨ ᠭᠠᠵᠠᠷ ᠤᠨ ᠬᠠᠷᠢᠶ᠎ᠠ ᠬᠡᠪᠴᠢᠶᠡᠨ ᠳᠣᠲᠣᠷᠠᠬᠢ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠨᠡᠶᠢᠳᠡᠯᠡᠨ᠎ᠡ᠃      ︵4︶ ᠠᠶᠢᠮᠠᠭ ᠬᠤᠲᠠ ᠶᠢᠨ ᠬᠤᠭᠤᠷᠣᠨᠳᠣᠬᠢ ᠬᠤᠯᠪᠣᠭᠠᠯᠠᠨ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠪᠠ ᠬᠥᠷᠰᠢ ᠵᠡᠷᠭᠡᠯᠡᠳᠡᠭᠡ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠨᠡᠶᠢᠲᠡᠯᠡᠨ᠎ᠡ᠃      ︵5︶ ᠨᠡᠶᠢᠭᠡᠮ ᠨᠡᠶᠢᠲᠡ ᠳᠤ ᠨᠡᠶᠢᠲᠡᠯᠡᠨ᠎ᠡ᠃      ︵6︶ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠠᠮᠲᠤ ᠳᠤᠨᠢ ᠮᠡᠳᠡᠭᠦᠯᠦᠨ ᠬᠦᠷᠭᠡᠨ᠎ᠡ᠃      Ⅳ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ᠄      ︵1︶ ᠬᠢᠵᠢᠭ ᠭᠠᠷᠤᠭᠰᠠᠨ ᠭᠠᠵᠠᠷ ᠤᠨ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠨᠡᠶᠢᠳᠡᠯᠡᠨ᠎ᠡ᠃      ︵2︶ ᠬᠤᠰᠢᠭᠤᠨ ᠤ ᠬᠤᠭᠤᠷᠣᠨᠳᠣᠬᠢ ᠬᠤᠯᠪᠣᠭᠠᠯᠠᠨ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠪᠤᠶᠤ ᠬᠥᠷᠰᠢ ᠵᠡᠷᠬᠡᠯᠡᠳᠡᠭᠡ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠨᠡᠶᠢᠲᠡᠯᠡᠨ᠎ᠡ᠃      ︵3︶ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠳᠤ ᠨᠡᠶᠢᠲᠡᠯᠡᠨ᠎ᠡ᠃      ︵4︶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠠᠮᠲᠤ ᠳᠤᠨᠢ ᠮᠡᠳᠡᠭᠦᠯᠦᠨ ᠬᠦᠷᠭᠡᠨ᠎ᠡ᠃      4. ᠨᠡᠶᠢᠲᠡᠯᠡᠬᠦ ᠴᠠᠭ      ᠬᠢᠵᠢᠭ ᠤᠨ ᠪᠠᠶᠢᠳᠠᠯ ᠢ ᠲᠣᠭᠲᠠᠭᠠᠬᠤ ᠶᠢᠨ ᠬᠠᠮᠲᠤ ᠳᠡᠰ ᠬᠤᠪᠢᠶᠠᠭᠰᠠᠨ ᠤ ᠳᠠᠷᠠᠭ᠎ᠠ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠬᠠᠮᠤᠭ ᠤᠷᠲᠤ ᠳᠠᠭᠠᠨ 24 ᠴᠠᠭ ᠠᠴᠠ ᠬᠡᠲᠦᠷᠡᠭᠦᠯᠵᠦ ᠪᠣᠯᠬᠤ ᠦᠭᠡᠶ᠃ ᠤᠷᠢᠳᠴᠢᠯᠠᠨ ᠰᠡᠷᠡᠮᠵᠢᠯᠡᠭᠦᠯᠬᠦ ᠴᠠᠭ ᠬᠤᠭᠤᠴᠠᠭ᠎ᠠ ᠨᠢ ᠬᠢᠵᠢᠭ ᠭᠠᠷᠤᠭᠰᠠᠨ ᠵᠢᠯ ᠤᠨ ᠡᠴᠦᠰ ᠪᠤᠯᠳᠠᠯ᠎ᠠ ᠦᠷᠭᠦᠯᠵᠢᠯᠡᠵᠦ᠂ ᠬᠢᠵᠢᠭ ᠤᠨ ᠪᠠᠶᠢᠳᠠᠯ ᠢ ᠦᠨᠳᠦᠰᠦᠯᠡᠨ ᠳᠠᠷᠠᠭ᠎ᠠ ᠵᠢᠯ ᠪᠣᠯᠲᠠᠯ᠎ᠠ ᠦᠷᠭᠦᠯᠵᠢᠯᠡᠬᠦ ᠡᠰᠡᠬᠦ ᠶᠢ ᠲᠣᠭᠲᠠᠭᠠᠨ᠎ᠠ᠃      5. ᠨᠡᠶᠢᠲᠡᠯᠡᠬᠦ ᠬᠡᠯᠪᠡᠷᠢ      ᠨᠡᠶᠢᠲᠡᠯᠡᠬᠦ ᠡᠲᠡᠭᠡᠳ ᠢ ᠦᠨᠳᠦᠰᠦᠯᠡᠨ᠂ ᠪᠢᠴᠢᠭ ᠮᠠᠲ᠋ᠧᠷᠢᠶᠠᠯ᠂ ᠬᠤᠷᠠᠯ᠂ ᠠᠯᠪᠠᠨ ᠰᠦᠯᠵᠢᠶ᠎ᠡ᠂ ᠡᠯ᠎ᠡ ᠲᠦᠷᠦᠯ ᠤᠨ ᠭᠤᠤᠯ ᠵᠠᠭᠤᠴᠢᠯᠠᠭᠤᠷ᠂ ᠠᠯᠪᠠᠨ ᠵᠠᠷ ᠵᠡᠷᠭᠡ ᠠᠷᠭ᠎ᠠ ᠮᠠᠶ᠋ᠢᠭ ᠢ ᠰᠣᠩᠭᠤᠵᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠬᠢ ᠶᠢ ᠨᠡᠶᠢᠲᠡᠯᠡᠵᠦ ᠪᠣᠯᠤᠨ᠎ᠠ᠃      ︵ᠭᠤᠷᠪᠠ︶ ᠬᠢᠵᠢᠭ ᠤᠨ ᠪᠠᠶᠢᠳᠠᠯ ᠢ ᠣᠯᠵᠤ ᠮᠡᠳᠡᠬᠦ᠂ ᠣᠨᠣᠰᠢᠯᠠᠬᠤ ᠪᠠ ᠮᠡᠳᠡᠭᠦᠯᠬᠦ      1. ᠮᠡᠳᠡᠭᠡ ᠵᠠᠩᠭᠢ ᠶᠢᠨ ᠬᠠᠮᠢᠶᠠᠷᠤᠯᠲᠠ      ︵1︶ ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠪᠣᠯᠤᠨ ᠬᠤᠰᠢᠭᠤ ︵ᠲᠣᠭᠤᠷᠢᠭ︶᠎ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢ ᠬᠠᠮᠤᠷᠤᠭᠰᠠᠨ ᠮᠡᠳᠡᠭᠡ ᠵᠠᠩᠭᠢ ᠶᠢᠨ ᠰᠦᠯᠵᠢᠶ᠎ᠡ ᠶᠢ ᠪᠠᠶᠢᠭᠤᠯᠵᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠬᠤᠯᠪᠤᠭᠳᠠᠯ ᠪᠦᠬᠦᠢ ᠮᠡᠳᠡᠭᠡ ᠵᠠᠩᠭᠢ ᠴᠤᠭᠯᠠᠭᠤᠯᠬᠤ᠂ ᠰᠢᠢᠳᠪᠦᠷᠢᠯᠡᠬᠦ᠂ ᠵᠠᠳᠠᠯᠬᠤ᠂ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ᠃      ︵2︶ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠠᠮᠢᠶᠠᠷᠬᠤ ᠪᠠ ᠲᠠᠪᠴᠠᠩ ᠪᠠᠶᠢᠭᠤᠯᠬᠤ ᠶᠢ ᠬᠠᠷᠢᠭᠤᠴᠠᠨ᠎ᠠ᠂ ᠲᠤᠰ ᠬᠠᠷᠢᠶ᠎ᠠ ᠣᠷᠣᠨ ᠤ ᠳᠣᠲᠣᠷᠠᠬᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠰᠢᠰᠲ᠋ᠧᠮ ᠤᠨ ᠬᠡᠪ ᠤᠨ ᠠᠵᠢᠯᠯᠠᠭᠠᠨ ᠳᠤ ᠴᠢᠬᠤᠯᠠ ᠪᠦᠬᠦᠢ ᠪᠠᠲᠤᠯᠠᠭ᠎ᠠ ᠶᠢᠨ ᠨᠥᠬᠦᠴᠡᠯ ᠬᠠᠩᠭᠠᠨ᠎ᠠ᠃      ︵3︶ ᠡᠭᠦᠷᠭᠡ ᠲᠤᠰᠢᠶᠠᠯ ᠭᠦᠢᠴᠡᠳᠬᠡᠵᠣ ᠪᠠᠶᠢᠭ᠎ᠠ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠪᠣᠯ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠬᠠᠷᠢᠭᠤᠴᠠᠯᠭ᠎ᠠ ᠶᠢᠨ ᠮᠡᠳᠡᠭᠦᠯᠦᠭᠴᠢ ᠮᠥᠨ᠃      ︵4︶ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠷᠢᠭᠤᠴᠠᠯᠭ᠎ᠠ ᠎ ᠶᠢᠨ ᠬᠡᠪᠴᠢᠶᠡᠨ ᠳᠣᠲᠣᠷᠠᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠮᠡᠳᠡᠭᠡ ᠵᠠᠩᠭᠢ ᠮᠡᠳᠡᠭᠦᠯᠬᠦ ᠪᠠ ᠬᠠᠮᠢᠶᠠᠷᠬᠤ ᠶᠢ ᠡᠭᠦᠷᠬᠡᠯᠡᠵᠣ᠂ ᠬᠠᠷᠢᠶ᠎ᠠ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠤᠨ ᠪᠤᠰᠤᠳ ᠬᠤᠯᠪᠤᠭᠳᠠᠯ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠬᠤ᠂ ᠵᠠᠳᠠᠯᠤᠨ ᠬᠠᠷᠭᠤᠭᠤᠯᠬᠤ ᠶᠢ ᠬᠠᠷᠢᠭᠤᠴᠠᠨ᠎ᠠ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯ ᠰᠦᠯᠵᠢᠶ᠎ᠡ ᠪᠠᠷ ᠰᠢᠭᠤᠳ ᠮᠡᠳᠡᠭᠦᠯᠬᠦ ᠬᠠᠷᠢᠭᠤᠴᠠᠯᠭ᠎ᠠ ᠶᠢᠨ ᠨᠢᠭᠡᠴᠡ ᠪᠣᠯᠤᠨ᠎ᠠ᠃      2. ᠬᠥᠮᠦᠨ ᠤ ᠬᠤᠭᠤᠷᠤᠨᠳᠤᠬᠢ ᠡᠪᠡᠳᠴᠢᠨ ᠤ ᠵᠢᠱᠢᠶ᠎ᠡ ᠶᠢ ᠢᠯᠡᠷᠡᠭᠦᠯᠬᠦ᠂ ᠣᠨᠣᠰᠢᠯᠠᠬᠤ ᠪᠠ ᠮᠡᠳᠡᠭᠦᠯᠬᠦ      ︵1︶ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠬᠤᠯᠤᠭᠠᠨ᠎ᠠ ᠶᠢᠨ ᠬᠢᠵᠢᠭ ᠤᠨ ᠬᠢᠵᠢᠭᠲᠦ ᠣᠷᠣᠨ᠂ ᠲᠡᠤᠬᠡᠨ ᠬᠢᠵᠢᠭᠲᠦ ᠣᠷᠣᠨ ᠪᠤᠶᠤ ᠬᠤᠯᠤᠭᠠᠨ᠎ᠠ ᠶᠢᠨ ᠬᠢᠵᠢᠭ ᠎ ᠢᠶᠠᠷ ᠰᠡᠵᠢᠭᠯᠡᠭᠳᠡᠭᠰᠡᠨ ᠣᠷᠣᠨ ᠪᠤᠶᠤ 10 ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠣᠴᠢᠵᠤ ᠦᠩᠬᠡᠷᠡᠭᠰᠡᠨ ᠪᠤᠯ᠂ ᠡᠪᠡᠳᠴᠢᠨ ᠬᠥᠳᠡᠯᠬᠦ ᠠᠴᠠ ᠡᠮᠦᠨ᠎ᠡ ᠬᠤᠯᠤᠭᠠᠨ᠎ᠠ ᠶᠢᠨ ᠬᠢᠵᠢᠭ ᠤᠨ ᠬᠢᠵᠢᠭᠳᠦ ᠣᠷᠣᠨ ᠳᠤ ᠣᠴᠢᠵᠤ ᠥᠩᠭᠡᠷᠡᠭᠰᠡᠨ ᠡᠰᠡᠬᠦ ᠶᠢ ᠠᠰᠠᠭᠤᠬᠤ ᠬᠡᠷᠡᠭᠲᠠᠢ᠂ ᠡᠪᠡᠳᠴᠢᠨ ᠢᠶᠠᠷ ᠦᠬᠦᠭᠰᠡᠨ ᠬᠤᠯᠤᠭᠠᠨ᠎ᠠ ᠪᠤᠶᠤ ᠪᠤᠰᠤᠳ ᠵᠡᠷᠯᠢᠭ ᠠᠮᠢᠲᠠᠨ ᠲᠠᠢ ᠣᠶᠢᠷᠠᠲᠤᠵᠤ ᠥᠩᠭᠡᠷᠡᠭᠰᠡᠨ ᠡᠰᠡᠬᠦ᠂ ᠬᠡᠭᠡᠷ᠎ᠡ ᠶᠢᠨ ᠲᠠᠤᠯᠠᠶ᠂ ᠲᠠᠷᠪᠠᠭ᠎ᠠ ᠶᠢ ᠱᠠᠭᠠᠯᠵᠤ ᠢᠳᠡᠭᠰᠡᠨ ᠡᠰᠡᠬᠦ᠃ ᠣᠨᠣᠰᠢᠯᠠᠯᠲᠠ ᠨᠢ ᠲᠣᠳᠣᠷᠬᠠᠶ ᠦᠭᠡᠶ ᠮᠥᠷᠲᠡᠭᠡᠨ ᠳᠣᠣᠷᠠᠬᠢ ᠡᠪᠡᠳᠴᠢᠨ ᠤ ᠪᠠᠶᠢᠳᠠᠯ ᠤᠨ ᠨᠢᠭᠡ ᠨᠢ ᠪᠠᠶᠢᠬᠤ ᠡᠪᠡᠳᠴᠢᠳᠡᠨ ᠢ ᠴᠦᠮ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠳᠡᠨ ᠪᠤᠯᠭᠠᠨ ᠮᠡᠳᠡᠭᠦᠯᠦᠨ᠎ᠡ᠄      ① ᠬᠠᠯᠠᠭᠤᠷᠠᠭᠰᠠᠨ ᠪᠥᠭᠡᠳ ᠤᠬᠠᠭᠠᠨ ᠮᠡᠳᠡᠷᠡᠯ ᠨᠢ ᠲᠣᠳᠣᠷᠬᠠᠶ ᠦᠭᠡᠶ ᠡᠪᠡᠳᠴᠢᠲᠡᠨ︔      ② ᠭᠠᠳᠠᠷ ᠰᠢᠷᠬ᠎ᠠ ᠦᠭᠡᠢ ᠬᠠᠯᠳᠠᠪᠤᠷᠢᠯᠠᠯ ᠦᠭᠡᠢ ᠯᠢᠮᠹᠠ ᠶᠢᠨ ᠵᠠᠩᠭᠢᠯᠠᠭ᠎ᠠ ᠬᠠᠪᠤᠳᠤᠭᠰᠠᠨ ᠪᠥᠭᠡᠳ ᠰᠢᠷᠦᠭᠦᠨ ᠡᠪᠡᠳᠬᠦ ᠪᠠ ᠥᠨᠳᠥᠷ ᠬᠠᠯᠠᠭᠤᠷᠠᠬᠤ ᠳᠠᠭᠠᠯᠳᠤᠭᠰᠠᠨ ᠡᠪᠡᠳᠴᠢᠲᠡᠨ᠃      ③ ᠥᠨᠳᠥᠷ ᠬᠠᠯᠠᠭᠤᠷᠠᠬᠤ ᠶᠢᠨ ᠬᠠᠮᠲᠤ ᠬᠠᠨᠢᠶᠠᠬᠤ᠂ ᠴᠡᠭᠡᠵᠢ ᠡᠪᠡᠳᠬᠦ᠂ ᠴᠢᠰᠤ ᠪᠠᠷ ᠬᠠᠨᠢᠶᠠᠬᠤ ᠳᠠᠭᠠᠯᠳᠤᠭᠰᠠᠨ ᠡᠪᠡᠳᠴᠢᠳᠡᠨ᠃      ④ ᠥᠨᠳᠥᠷ ᠬᠠᠯᠠᠭᠤᠷᠠᠬᠤ ᠶᠢᠨ ᠬᠠᠮᠲᠤ ᠠᠷᠠᠰᠤᠨ ᠤ ᠴᠥᠪᠥᠷᠢᠭᠦᠦ ᠪᠤᠶᠤ ᠰᠢᠷᠬᠠᠯᠠᠭ᠎ᠠ ᠲᠠᠢ ᠡᠪᠡᠳᠴᠢᠲᠡᠨ᠃      ᠬᠤᠯᠤᠭᠠᠨ᠎ᠠ ᠶᠢᠨ ᠬᠢᠵᠢᠭ ᠤᠨ ᠬᠢᠵᠢᠭᠲᠦ ᠣᠷᠣᠨ᠂ ᠲᠡᠣᠬᠡᠨ ᠬᠢᠵᠢᠭᠲᠦ ᠣᠷᠣᠨ᠂ ᠬᠤᠯᠤᠭᠠᠨ᠎ᠠ ᠶᠢᠨ ᠬᠢᠵᠢᠭ ᠎ ᠢᠶᠠᠷ ᠰᠡᠵᠢᠭᠯᠡᠭᠳᠡᠭᠰᠡᠨ ᠣᠷᠣᠨ ᠪᠤᠶᠤ 10 ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠣᠴᠢᠵᠤ  ᠦᠩᠬᠡᠷᠡᠵᠣ᠂ ᠡᠪᠡᠳᠴᠢᠨ ᠤ ᠶᠠᠪᠤᠴᠠ ᠨᠢ ᠲᠦᠢᠯ ᠤᠨ ᠣᠬᠤᠷ᠂ ᠲᠦᠷᠭᠡᠨ ᠦᠬᠦᠭᠰᠡᠳ ᠢ ᠲᠦᠷᠭᠡᠨ ᠦᠬᠦᠭᠰᠡᠳ ᠪᠤᠯᠭᠠᠨ ᠳᠡᠭᠡᠭᠰᠢ ᠮᠡᠳᠡᠭᠦᠯᠦᠨ᠎ᠡ᠃      ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠨ ᠤ ᠵᠢᠱᠢᠶ᠎ᠡ ᠶᠢᠨ ᠬᠤᠯᠪᠤᠭᠳᠠᠯ ᠪᠦᠬᠦᠢ ᠡᠮᠴᠢᠯᠡᠭᠡᠨ ᠤ ᠦᠯᠢᠬᠡᠷ ᠬᠡᠪ ᠴᠤᠭᠯᠠᠭᠤᠯᠬᠤ ᠶᠢ ᠬᠠᠷᠢᠭᠤᠴᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠱᠠᠭᠠᠷᠳᠠᠯᠭ᠎ᠠ ᠶᠣᠰᠣᠭᠠᠷ ᠦᠯᠢᠭᠡᠷ ᠬᠡᠪ ᠢ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠬᠦᠷᠭᠡᠵᠦ ᠬᠤᠯᠪᠤᠭᠳᠠᠯ ᠪᠦᠬᠦᠢ ᠪᠠᠶᠢᠴᠠᠭᠠᠨ ᠬᠡᠮᠵᠢᠯᠲᠡ ᠬᠢᠨ᠎ᠡ᠃      ︵2︶ ᠡᠪᠡᠳᠴᠢᠨ ᠤ ᠵᠢᠱᠢᠶ᠎ᠡ ᠶᠢ ᠨᠤᠲᠠᠯᠠᠬᠤ      ᠪᠤᠶ ᠪᠦᠬᠦᠢ ᠬᠤᠯᠤᠭᠠᠨ᠎ᠠ ᠶᠢᠨ ᠬᠢᠵᠢᠭ ᠤᠨ ᠡᠪᠡᠳᠴᠢᠨ ᠤ ᠵᠢᠱᠢᠶ᠎ᠡ ᠶᠢᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ  ᠰᠡᠷᠭᠡᠶᠢᠯᠠᠨ ᠬᠢᠵᠠᠭᠠᠷᠯᠠᠬᠤ ᠲᠥᠪ ᠤᠨ ᠳᠠᠬᠢᠨ ᠬᠢᠨᠠᠯᠲᠠ ᠪᠠᠷ ᠳᠠᠮᠵᠢᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠡᠮᠴᠢᠯᠡᠭᠡᠨ ᠤ ᠢᠯᠡᠷᠡᠯ᠂ ᠲᠠᠬᠤᠯ ᠡᠪᠡᠳᠴᠢᠨ ᠤ ᠰᠤᠳᠤᠯᠤᠯ ᠤᠨ ᠲᠡᠣᠬᠡ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠵᠡᠷᠭᠡ ᠶᠢ ᠦᠨᠳᠦᠰᠦᠯᠡᠨ ᠦᠨᠡᠯᠡᠨ ᠵᠢᠱᠢᠵᠤ ᠨᠤᠲᠠᠯᠠᠨ᠎ᠠ᠃      ︵3︶ ᠡᠪᠡᠳᠴᠢᠨ ᠤ ᠵᠢᠱᠢᠶ᠎ᠡ ᠶᠢ ᠮᠡᠳᠡᠭᠦᠯᠬᠦ      ᠡᠯ᠎ᠡ ᠱᠠᠲᠤᠨ ᠤ ᠡᠯ᠎ᠡ ᠲᠥᠷᠥᠯ ᠤᠨ ᠡᠮᠨᠡᠯᠬᠡ ᠶᠢᠨ ᠪᠠᠶᠢᠭᠤᠯᠤᠮᠵᠢ ᠨᠤᠭᠤᠳ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠨ ᠤ ᠵᠢᠱᠢᠶ᠎ᠡ ᠶᠢ ᠣᠯᠵᠤ ᠮᠡᠳᠡᠭᠰᠡᠨ ᠤ ᠳᠠᠷᠠᠭ᠎ᠠ᠂ ᠬᠠᠷᠢᠶ᠎ᠠ ᠤᠷᠤᠨ ᠤ ᠡᠪᠡᠳᠴᠢᠨ ᠡᠮᠭᠡᠭ ᠎ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠦᠨ᠎ᠡ᠃ ᠬᠠᠷᠢᠶ᠎ᠠ ᠤᠷᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠮᠡᠳᠡᠭᠦᠯᠦᠯᠲᠡ ᠶᠢ ᠤᠯᠤᠭᠰᠠᠨ ᠤ ᠳᠠᠷᠠᠭ᠎ᠠ ᠲᠡᠷᠡ ᠳᠠᠷᠤᠶ ᠳᠤᠨᠢ ᠪᠠᠶᠢᠴᠠᠭᠠᠨ ᠬᠠᠷᠭᠤᠭᠤᠯᠵᠤ᠂ ᠬᠦᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠲᠣᠳᠣᠯᠠᠭᠰᠠᠨ ᠤ ᠳᠠᠷᠠᠭ᠎ᠠ ᠂ ᠲᠣᠭᠲᠠᠭᠰᠠᠨ ᠬᠤᠭᠤᠴᠠᠭ᠎ᠠ ᠶᠣᠰᠣᠭᠠᠷ 2 ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠰᠢᠭᠤᠳ ᠮᠡᠳᠡᠭᠦᠯᠬᠦ ᠶᠢᠨ ᠬᠠᠮᠲᠤ ᠬᠠᠷᠢᠶ᠎ᠠ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ᠂ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠠᠷᠡ ᠲᠠᠷᠤᠢ ᠳᠤᠨᠢ ᠬᠠᠷᠢᠶ᠎ᠠ ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠱᠠᠲᠤ ᠲᠠᠷᠠᠭᠠᠯᠠᠨ ᠳᠡᠭᠡᠷ᠎ᠡ ᠨᠢᠭᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠲᠡᠯ᠎ᠡ ᠮᠡᠳᠡᠭᠦᠯᠦᠨ᠎ᠡ᠃      3. ᠠᠮᠢᠲᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠨᠤᠲᠠᠯᠠᠬᠤ ᠪᠠ ᠮᠡᠳᠡᠭᠦᠯᠬᠦ      ︵1︶ ᠬᠢᠨᠠᠨ ᠬᠡᠮᠵᠢᠬᠦ‍ ᠴᠢᠭ ᠨᠢ ᠠᠮᠢᠲᠠᠨ ᠤ ᠬᠤᠯᠤᠭᠠᠨ᠎ᠠ ᠶᠢᠨ ᠬᠢᠵᠢᠭ ᠡᠭᠦᠰᠦᠭᠰᠡᠨ ᠢ ᠬᠢᠨᠠᠨ ᠬᠡᠮᠵᠢᠭᠰᠡᠨ ᠤ ᠳᠠᠷᠠᠭ᠎ᠠ᠂ ᠲᠡᠷᠡ ᠳᠠᠷᠤᠶ ᠳᠤᠨᠢ ᠬᠤᠰᠢᠭᠤᠨ ︵ᠲᠣᠭᠤᠷᠢᠭ︶᠎ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠮᠡᠳᠡᠭᠦᠯᠦᠨ᠎ᠡ᠃ ᠬᠤᠰᠢᠭᠤᠨ ︵ᠲᠣᠭᠤᠷᠢᠭ︶᠎ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠲᠠᠷᠡ ᠲᠠᠷᠤᠢ ᠳᠤᠨᠢ ᠬᠢᠨᠠᠨ ᠬᠠᠷᠭᠤᠭᠤᠯᠵᠤ᠂ ᠠᠮᠢᠲᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠢ ᠲᠣᠳᠣᠯᠠᠭᠰᠠᠨ ᠤ ᠳᠠᠷᠠᠭ᠎ᠠ᠂ ᠬᠠᠷᠢᠭᠤᠴᠠᠯᠭ᠎ᠠ ᠶᠢᠨ ᠮᠡᠳᠡᠭᠦᠯᠬᠦ ᠨᠢᠭᠡᠴᠡ ᠨᠢ ᠬᠤᠲᠠ ᠪᠠᠯᠭᠠᠰᠤᠨ ᠳᠤ ᠡᠷᠬᠡᠪᠰᠢ 6 ᠴᠠᠭ ᠤᠨ ᠳᠣᠲᠣᠷ᠎ᠠ᠂ ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠡᠷᠬᠡᠪᠰᠢ 12 ᠴᠠᠭ ᠤᠨ ᠳᠣᠲᠣᠷ᠎ᠠ ᠰᠦᠯᠵᠢᠶ᠎ᠡ ᠪᠠᠷ ᠰᠢᠭᠤᠳ ᠮᠡᠳᠡᠭᠦᠯᠦᠨ᠎ᠡ᠃      ︵2︶ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠬᠤᠭᠤᠴᠠᠭᠠᠨ ᠳᠤ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠤᠰᠢᠭᠤ ᠲᠣᠭᠤᠷᠢᠭ ᠤᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠠᠴᠠ ᠴᠠᠭ ᠲᠤᠬᠠᠶ ᠳᠤᠨᠢ ᠮᠡᠳᠡᠭᠦᠯᠬᠦ ᠪᠤᠶᠤ ᠲᠣᠭᠲᠠᠭᠠᠯ ᠶᠤᠰᠤᠭᠠᠷ ᠱᠠᠲᠤ ᠦᠶ᠎ᠡ ᠶᠢᠨ ᠴᠢᠨᠠᠷᠲᠠᠶ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠮᠡᠳᠡᠭᠦᠯᠬᠦ ᠶᠢᠨ ᠬᠠᠮᠲᠤ ᠬᠢᠨᠠᠨ ᠬᠡᠮᠵᠢᠭᠰᠡᠨ ᠪᠠᠶᠢᠳᠠᠯ ᠢᠶᠠᠨ ᠦᠵᠡᠵᠦ ᠴᠠᠭ ᠲᠤᠬᠠᠶ ᠳᠤᠨᠢ ᠰᠦᠯᠵᠢᠶ᠎ᠡ ᠪᠠᠷ ᠰᠢᠭᠤᠳ ᠮᠡᠳᠡᠭᠦᠯᠵᠣ᠂ ᠮᠡᠳᠡᠭᠦᠯᠬᠦ ᠵᠠᠶ ᠨᠢ ᠬᠠᠮᠤᠭ ᠤᠨ ᠤᠷᠲᠤ ᠳᠠᠭᠠᠨ 4 ᠬᠢᠨᠠᠨ ᠬᠡᠮᠵᠢᠭᠰᠡᠨ ᠦᠶᠡᠯᠡᠯ ᠤᠨ ᠬᠤᠭᠤᠴᠠᠭ᠎ᠠ ᠠᠴᠠ ᠬᠡᠲᠦᠷᠡᠵᠦ ᠪᠣᠯᠬᠤ ᠦᠭᠡᠶ ︵28 ᠡᠳᠦᠷ︶᠃ ᠬᠡᠪ ᠤᠨ ᠪᠤᠰᠤ ᠪᠠᠶᠢᠳᠠᠯ ᠢ ᠣᠯᠵᠤ ᠮᠡᠳᠡᠬᠦ ᠦᠶ᠎ᠡ ᠳᠤ᠂ ᠬᠤᠯᠪᠤᠭᠳᠠᠯ ᠪᠦᠬᠦᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠦᠯᠵᠢᠶ᠎ᠡ ᠪᠠᠷ ᠰᠢᠭᠤᠳ ᠮᠡᠳᠡᠭᠦᠯᠦᠨ᠎ᠡ᠃      ᠲᠦᠷᠪᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ      ᠬᠥᠮᠦᠨ ᠪᠤᠶᠤ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠦᠶ᠎ᠡ ᠳᠤ ᠂ ᠱᠠᠲᠤ ᠬᠤᠪᠢᠶᠠᠨ ᠳᠠᠭᠠᠬᠤ ᠵᠠᠷᠴᠢᠮ ᠶᠤᠰᠤᠭᠠᠷ᠂ ᠵᠣᠬᠢᠴᠠᠩᠭᠤᠶ ᠵᠡᠷᠬᠡ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠣᠣᠷᠢᠶᠠᠳᠤᠯ ᠭᠠᠷᠭᠠᠨ᠎ᠠ᠃ ᠡᠭᠦᠨ ᠤ ᠬᠠᠮᠲᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠪᠠ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠤᠰᠬᠠᠯ ᠤᠨ ᠵᠡᠷᠬᠡ ᠳᠡᠰ ᠢ ᠴᠠᠭ ᠲᠤᠬᠠᠶ ᠳᠤᠨᠢ ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠦᠲᠦᠮᠵᠢᠲᠡᠶ ᠬᠢᠵᠠᠭᠠᠷᠯᠠᠬᠤ ᠪᠠ ᠬᠤᠤᠷ ᠬᠥᠨᠥᠭᠡᠯ ᠢ ᠪᠠᠭᠠᠰᠬᠠᠵᠤ᠂ ᠬᠡᠪ ᠤᠨ ᠣᠶᠢᠯᠡᠳᠪᠦᠷᠢᠯᠠᠯ᠂ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠨ᠎ᠠ᠃      ︵ᠨᠢᠭᠡ︶ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ︵Ⅴ ᠲᠠᠰ︶᠎ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠠᠪᠬᠤ ᠠᠷᠭ᠎ᠠ ᠬᠡᠮᠵᠢᠶ᠎ᠡ      1. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯ ᠢ ᠡᠬᠢᠯᠡᠭᠦᠯᠦᠨ᠎ᠡ᠃ ᠬᠤᠰᠢᠭᠤᠨ ︵ᠲᠣᠭᠤᠷᠢᠭ︶᠎ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠭᠰᠠᠨ ᠤ ᠳᠠᠷᠠᠭ᠎ᠠ᠂ ᠬᠤᠰᠢᠭᠤᠨ ︵ᠲᠣᠭᠤᠷᠢᠭ︶᠎ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠲᠠᠰ︶᠎ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠴᠤᠣᠷᠢᠶᠠᠳᠤᠯ ᠢ ᠡᠬᠢᠯᠡᠭᠦᠯᠬᠦ ᠶᠢᠨ ᠬᠠᠮᠲᠤ᠂ Ⅳ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠳᠡᠯᠡᠨ᠎ᠡ᠃      2. ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠵᠢᠷᠤᠮᠵᠢᠭᠤᠯᠤᠨ ᠬᠢᠨ᠎ᠡ᠃ ᠵᠠᠷᠴᠢᠮ ᠳᠡᠭᠡᠷ᠎ᠡ ᠪᠠᠨ᠂ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠤᠨ ᠲᠥᠷᠥᠯ ᠬᠡᠯᠪᠡᠷᠢ᠂ ᠳᠡᠯᠭᠡᠷᠡᠬᠦ ᠬᠦᠴᠦᠯᠡᠴᠡ᠂ ᠬᠤᠲᠠ ᠪᠠᠯᠭᠠᠰᠤ᠂ ᠰᠠᠭᠤᠭᠠᠯᠢ ᠠᠷᠠᠳ ᠤᠨ ᠴᠢᠭ᠂ ᠵᠠᠮ ᠬᠠᠷᠢᠯᠴᠠᠭᠠᠨ ᠤ ᠴᠢᠬᠤᠯᠠ ᠵᠠᠮ᠂ ᠴᠢᠬᠤᠯᠠ ᠭᠠᠵᠠᠷ ᠣᠷᠣᠨ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠯᠦᠭᠡ ᠶᠢᠨ ᠵᠠᠶ᠂ ᠵᠢᠴᠢ  ᠬᠤᠰᠲ ᠠᠮᠢᠲᠠᠨ ᠤ ᠠᠮᠢ ᠠᠬᠤᠶ ᠶᠢᠨ ᠣᠨᠴᠠᠯᠢᠭ ᠵᠡᠷᠭᠡ ᠶᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠢᠳᠪᠦᠷᠢᠯᠡᠬᠦ ᠬᠡᠪᠴᠢᠶ᠎ᠡ ᠶᠢ ᠲᠣᠭᠲᠠᠭᠠᠵᠤ᠂ ᠡᠭᠦᠨ ᠤ ᠬᠠᠮᠲᠤ ᠱᠠᠭᠠᠷᠳᠠᠯᠭ᠎ᠠ ᠶᠣᠰᠣᠭᠠᠷ  ᠬᠢᠵᠢᠭᠳᠦ ᠴᠢᠭ ᠲᠤ ᠬᠤᠯᠤᠭᠠᠨ᠎ᠠ ᠤᠰᠠᠳᠬᠠᠬᠤ᠂ ᠪᠥᠭᠡᠰᠦ ᠤᠰᠠᠳᠬᠠᠬᠤ ᠰᠢᠢᠳᠪᠦᠷᠢᠯᠡᠯᠳᠡ ᠶᠢ ᠲᠦᠷᠭᠡᠨ ᠢᠶᠠᠷ ᠥᠷᠨᠢᠭᠦᠯᠵᠦ᠂ ᠬᠤᠯᠤᠭᠠᠨ᠎ᠠ ᠦᠭᠡᠶ᠂ ᠨᠦᠬᠡ ᠤᠢᠭᠡᠢ᠂ ᠪᠥᠭᠡᠰᠦ ᠦᠭᠡᠶ ᠪᠠᠷᠢᠮᠵᠢᠶ᠎ᠠ ᠳᠤ ᠬᠦᠷᠬᠡᠨ᠎ᠡ᠃      3. ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠤᠨ᠎ᠠ ᠃ ᠬᠢᠵᠢᠭᠲᠦ ᠴᠢᠭ ᠢᠶᠠᠷ ᠭᠤᠣᠯ ᠪᠣᠯᠭᠠᠵᠤ ᠬᠠᠶᠢᠨ ᠡᠷᠢᠬᠦ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠣᠭᠲᠠᠭᠠᠯ ᠢ ᠦᠨᠳᠦᠰᠦᠯᠡᠨ ᠡᠯ᠎ᠡ ᠲᠥᠷᠥᠯ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠵᠦ᠂ ᠣᠯᠤᠭᠰᠠᠨ ᠮᠠᠲ᠋ᠧᠷᠢᠶᠠᠯ ᠎ ᠢ ︽ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠵᠤ︾᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠠᠵᠢᠯᠲᠠᠨ ᠤ ᠬᠡᠪ ᠴᠢᠨᠠᠷ ᠪᠠ ᠮᠡᠷᠭᠡᠵᠢᠯ ᠴᠢᠳᠠᠪᠤᠷᠢ ᠶᠢ ᠲᠡᠭᠡᠭᠰᠢᠯᠡᠭᠦᠯᠵᠣ᠂ ᠰᠢᠯᠭᠠᠨ ᠪᠠᠶᠢᠴᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃      4. ᠬᠤᠯᠤᠭᠠᠨ᠎ᠠ ᠪᠠ ᠪᠥᠭᠡᠰᠦ ᠶᠢ ᠤᠰᠠᠳᠬᠠᠬᠤ ᠠᠵᠢᠯ ᠢ ᠥᠷᠨᠢᠭᠦᠯᠦᠨ᠎ᠡ᠃ ᠣᠶ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠵᠢᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠨᠤᠲᠤᠭ ᠪᠡᠯᠴᠢᠭᠡᠷ᠂ ᠲᠠᠷᠢᠶᠠᠯᠠᠬᠤ ᠣᠷᠣᠨ᠂ ᠬᠤᠲᠠ ᠶᠢᠨ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠪᠠ ᠪᠥᠭᠡᠰᠦ ᠤᠰᠠᠳᠬᠠᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠤᠲᠤᠭ ᠪᠡᠯᠴᠢᠭᠡᠷ᠂ ᠭᠠᠵᠠᠷ ᠰᠢᠷᠣᠶ ᠳᠠᠭᠠᠭᠠᠴᠢᠯᠠᠭᠴᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠵᠡᠷᠭᠡ ᠣᠯᠠᠨ ᠲᠦᠮᠡᠨ ᠢ ᠳᠠᠶᠢᠴᠢᠯᠠᠨ ᠢᠳᠡᠪᠬᠢᠲᠡᠶ ᠣᠷᠣᠯᠴᠠᠭᠤᠯᠵᠤ᠂ ᠲᠤᠰᠬᠠᠶ ᠮᠡᠷᠭᠡᠵᠢᠯᠲᠡᠨ ᠪᠠ ᠣᠯᠠᠨ ᠲᠦᠮᠡᠨ ᠢ ᠤᠶᠠᠯᠳᠤᠭᠤᠯᠵᠤ᠂ ᠬᠤᠯᠤᠭᠠᠨ᠎ᠠ ᠪᠠ ᠪᠥᠭᠡᠰᠦ ᠤᠰᠠᠳᠬᠠᠬᠤ ᠬᠡᠪᠴᠢᠶ᠎ᠡ ᠶᠢ ᠥᠷᠭᠡᠳᠬᠡᠵᠦ᠂ ᠲᠠᠪᠳᠠᠮᠵᠢ ᠪᠠ ᠭᠦᠨᠴᠡ ᠶᠢ ᠨᠡᠮᠡᠭᠳᠡᠭᠦᠯᠵᠦ᠂  ᠥᠨᠴᠥᠭ ᠪᠤᠯᠤᠩ ᠦᠭᠡᠶ ᠪᠦᠬᠦ ᠲᠠᠯ᠎ᠠ ᠶᠢ ᠪᠦᠷᠬᠦᠬᠦ ᠶᠢ ᠪᠡᠶᠡᠯᠡᠭᠦᠯᠦᠨ᠎ᠡ᠃ ᠡᠭᠦᠨ ᠤ ᠬᠠᠮᠳᠤ᠂ ᠬᠤᠯᠤᠭᠠᠨ᠎ᠠ ᠤᠰᠠᠳᠬᠠᠬᠤ ᠶᠢᠨ ᠡᠮᠦᠨ᠎ᠡ ᠬᠤᠶᠢᠨᠠᠬᠢ ᠬᠤᠯᠤᠭᠠᠨ᠎ᠠ ᠶᠢᠨ ᠨᠢᠭᠲᠠᠴᠠ ᠪᠣᠯᠤᠨ ᠬᠥᠨᠥᠭᠡᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠬᠤᠯᠤᠭᠠᠨ᠎ᠠ ᠤᠰᠠᠳᠬᠠᠬᠤ ᠪᠠ ᠦᠷ᠎ᠡ ᠪᠦᠲᠦᠮᠵᠢ ᠶᠢ ᠦᠨᠡᠯᠡᠬᠦ ᠳᠤ ᠦᠨᠳᠦᠰᠦᠯᠡᠯ ᠬᠠᠩᠭᠠᠨ᠎ᠠ᠃ ᠬᠢᠵᠢᠭ ᠤᠨ ᠡᠭᠦᠰᠦᠯ ᠤᠨ ᠭᠠᠵᠠᠷ ᠤᠨ ᠬᠡᠪᠴᠢᠶᠡᠨ ᠳᠣᠲᠣᠷᠠᠬᠢ ᠡᠯ᠎ᠡ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠭᠠᠵᠠᠷ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠢᠴᠢ ᠴᠡᠷᠢᠭ ᠤᠨ ᠶᠠᠪᠤᠳᠠᠯ ᠤᠨ ᠣᠷᠣᠨ ᠪᠦᠰᠡ᠂ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠳᠣᠤᠷ᠎ᠠ ᠬᠠᠷᠢᠭᠤᠴᠠᠯᠭ᠎ᠠ ᠶᠢᠨ ᠬᠡᠪᠴᠢᠶ᠎ᠡ ᠵᠢᠴᠢ ᠡᠷᠭᠢᠨ ᠲᠣᠭᠤᠷᠢᠨ ᠤ ᠬᠤᠯᠤᠭᠠᠨ᠎ᠠ ᠪᠠ ᠪᠥᠭᠡᠰᠦ ᠤᠰᠠᠳᠬᠠᠬᠤ ᠠᠵᠢᠯ ᠢ ᠰᠠᠶᠢᠲᠤᠷ ᠬᠢᠨ᠎ᠡ᠃      5. ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠤᠨ ᠣᠨᠴᠠᠯᠢᠭ᠂ ᠡᠭᠦᠰᠦᠭᠰᠡᠨ ᠣᠷᠣᠨ ᠪᠦᠰᠡ ᠪᠠ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠲᠤᠰ ᠭᠠᠵᠠᠷ ᠣᠷᠣᠨ ᠳᠤ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠦᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠪᠠᠶᠢᠳᠠᠯ ᠎ ᠢ ᠨᠢᠭᠲᠠ ᠠᠩᠬᠠᠷᠴᠤ᠂ ᠬᠢᠵᠢᠭ ᠤᠨ ᠡᠭᠦᠰᠦᠯ ᠤᠨ ᠭᠠᠵᠠᠷ ᠤᠨ ᠳᠣᠲᠣᠷᠠᠬᠢ ᠬᠡᠭᠡᠷ᠎ᠡ ᠭᠠᠳᠠᠨ᠎ᠠ ᠲᠣᠮᠣ ᠬᠡᠯᠪᠡᠷᠢ ᠶᠢᠨ ᠪᠠᠷᠢᠯᠭ᠎ᠠ ᠶᠢᠨ ᠲᠥᠷᠥᠯ ᠵᠤᠶᠢᠯ ᠢ ᠭᠤᠤᠯᠳᠠᠯᠭ᠎ᠠ ᠲᠠᠢ ᠠᠩᠬᠠᠷᠬᠤ ᠶᠢᠨ ᠬᠠᠮᠲᠤ ᠵᠣᠬᠢᠴᠠᠩᠭᠤᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠲᠤᠷᠠᠳᠤᠨ᠎ᠠ᠃      6. ᠤᠬᠠᠭᠤᠯᠭ᠎ᠠ ᠬᠥᠮᠦᠵᠢᠯ ᠬᠢᠭᠡᠳ ᠲᠦᠭᠰᠢᠭᠦᠷᠢ ᠶᠢ ᠣᠶᠢᠯᠠᠭᠠᠯᠴᠠᠨ ᠮᠡᠳᠡᠯᠴᠡᠬᠦ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠤᠬᠠᠭᠤᠯᠤᠨ ᠬᠦᠮᠦᠵᠢᠭᠦᠯᠬᠦ ᠡᠷᠴᠢᠮ ᠢ ᠴᠢᠩᠭᠠᠷᠠᠭᠤᠯᠵᠤ᠂ ᠣᠯᠠᠨ ᠵᠤᠶᠢᠯ ᠤᠨ ᠠᠷᠭ᠎ᠠ ᠵᠠᠮ ᠪᠠ ᠬᠡᠯᠪᠡᠷᠢ ᠪᠠᠷ ᠲᠠᠮᠵᠢᠨ ︽ᠭᠤᠷᠪᠠ ᠦᠬᠡᠢ ᠭᠤᠷᠪᠠ ᠶᠢ ᠮᠡᠳᠡᠭᠦᠯᠬᠦ︾᠎ ᠶᠢ ᠤᠬᠠᠭᠤᠯᠤᠨ᠎ᠠ᠃ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠨᠤᠭᠤᠳ ᠮᠠᠯᠴᠢᠨ ᠲᠠᠷᠢᠶᠠᠴᠢᠳ᠂ ᠬᠡᠭᠡᠷ᠎ᠡ ᠭᠠᠳᠠᠨ᠎ᠠ ᠠᠵᠢᠯᠯᠠᠭᠰᠠᠳ᠂ ᠵᠤᠭᠠᠴᠠᠭᠰᠠᠳ ᠵᠡᠷᠭᠡ ᠬᠦᠮᠦᠰ ᠤᠨ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢ ᠬᠠᠯᠠᠮᠵᠢᠯᠠᠬᠤ ᠪᠠᠨ ᠭᠤᠤᠯᠳᠠᠯᠭ᠎ᠠ ᠲᠠᠢ ᠴᠢᠩᠭᠠᠷᠠᠭᠤᠯᠵᠤ᠂ ᠣᠯᠠᠨ ᠲᠦᠮᠡᠨ ᠤ ᠥᠪᠡᠷ ᠢ ᠪᠠᠨ  ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠠᠵᠢᠯ ᠢ ᠢᠳᠡᠪᠬᠢᠲᠡᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠨᠡᠶᠢᠲᠡ ᠳᠤ ᠴᠠᠭ ᠲᠤᠬᠠᠶ ᠳᠤᠨᠢ ᠰᠡᠵᠢᠭ ᠢ ᠲᠠᠶᠢᠯᠪᠦᠷᠢᠯᠠᠵᠣ᠂ ᠨᠡᠶᠢᠭᠡᠮ ᠤᠨ ᠠᠩᠬᠠᠷᠤᠯ ᠳᠤ ᠳᠤ ᠬᠠᠷᠢᠭᠤ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠦᠭᠰᠢᠭᠦᠷᠢ ᠶᠢ ᠣᠶᠢᠯᠠᠭᠠᠯᠴᠠᠨ ᠮᠡᠳᠡᠯᠴᠡᠬᠦ ᠠᠵᠢᠯ ᠢ ᠰᠠᠶᠢᠲᠤᠷ ᠬᠢᠨ᠎ᠡ᠃ ᠭᠤᠤᠯᠳᠠᠯᠭ᠎ᠠ ᠲᠠᠢ ᠬᠥᠮᠦᠰ ᠂ ᠲᠠᠯᠠᠪᠤᠷ ᠵᠢᠴᠢ ᠲᠣᠮᠣ ᠬᠡᠯᠪᠡᠷᠢ ᠶᠢᠨ ᠬᠥᠮᠦᠰ ᠬᠤᠷᠠᠵᠤ ᠴᠤᠭᠯᠠᠷᠠᠬᠤ ᠠᠵᠢᠯᠯᠠᠭ᠎ᠠ ᠶᠢᠨ ᠡᠷᠡᠭᠦᠯ ᠮᠡᠨᠳᠦ ᠶᠢᠨ ᠬᠥᠮᠦᠵᠢᠯ ᠪᠣᠯᠤᠨ ᠲᠦᠭᠰᠢᠭᠦᠷᠢ ᠶᠢᠨ ᠨᠡᠪᠲᠡᠷᠡᠯᠴᠡᠭᠡ ᠬᠢᠬᠦ ᠠᠵᠢᠯ ᠢ ᠴᠢᠩᠭᠠᠳᠬᠠᠨ᠎ᠠ᠃      7. ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠤᠰᠢᠭᠤᠨ ︵ᠲᠣᠭᠤᠷᠢᠭ︶᠎ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠷᠢᠶ᠎ᠠ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠬᠤᠯᠪᠤᠭᠳᠠᠯ ᠪᠦᠬᠦᠢ ᠮᠡᠳᠡᠯᠭᠡ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠢᠯᠭᠠᠨ ᠲᠠᠨᠢᠬᠤ᠂ ᠣᠨᠣᠰᠢᠯᠠᠬᠤ᠂ ᠡᠮᠨᠡᠨ ᠵᠠᠰᠠᠬᠤ᠂ ᠬᠢᠵᠢᠭ ᠤᠨ ᠪᠠᠶᠢᠳᠠᠯ ᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠬᠦ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ ᠬᠢᠵᠠᠭᠠᠷᠯᠠᠬᠤ ᠵᠡᠷᠭᠡ ᠮᠡᠳᠡᠯᠭᠡ ᠶᠢ ᠭᠤᠤᠯᠳᠠᠯᠭ᠎ᠠ ᠲᠠᠢ ᠪᠣᠯᠪᠠᠰᠤᠷᠠᠭᠤᠯᠵᠤ᠂ ᠡᠮᠨᠡᠯᠭᠡ ᠶᠢᠨ ᠠᠵᠢᠯᠲᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠪᠠ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠩᠬ᠎ᠠ ᠣᠨᠣᠰᠢᠯᠠᠬᠤ ᠡᠮᠴᠢ ᠠᠴᠠ ᠬᠠᠷᠢᠭᠤᠴᠠᠬᠤ ᠳᠦᠷᠢᠮ ᠢ ᠨᠠᠶᠢᠳᠠᠪᠦᠷᠢᠵᠢᠭᠤᠯᠵᠤ᠂ ᠡᠷᠲᠡ ᠣᠯᠵᠤ ᠮᠡᠳᠡᠬᠦ᠂ ᠡᠷᠲᠡ ᠣᠨᠣᠰᠢᠯᠠᠬᠤ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠪᠠ ᠲᠤᠬᠠᠶ ᠶᠢᠨ ᠭᠠᠵᠠᠷ ᠲᠤᠨᠢ ᠡᠮᠨᠡᠭᠦᠯᠦᠨ᠎ᠡ᠃      8. ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠬᠠᠯᠠᠭᠤᠷᠠᠵᠤ ᠪᠠᠶᠢᠭ᠎ᠠ ᠡᠪᠡᠳᠴᠢᠲᠡᠨ ᠢ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠤᠷᠢᠳᠴᠢᠯᠠᠨ ᠪᠠᠶᠢᠴᠠᠭᠠᠵᠣ ᠰᠠᠯᠭᠠᠨ ᠡᠮᠨᠡᠬᠦ ᠬᠠᠮᠢᠶᠠᠷᠤᠯᠲᠠ ᠪᠠᠨ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠲᠠᠢ ᠡᠪᠡᠳᠴᠢᠳᠡᠨ ᠢ ᠪᠠᠶᠢᠴᠠᠭᠠᠬᠤ ᠪᠠ ᠮᠡᠳᠡᠭᠦᠯᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠬᠦᠯᠢᠶᠡᠨ ᠠᠪᠴᠤ ᠡᠮᠨᠡᠭᠦᠯᠬᠦ᠂ ᠰᠢᠭᠰᠢᠨ ᠪᠠᠶᠢᠴᠠᠭᠠᠬᠤ ᠴᠤᠪᠤᠷᠠᠯ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠳᠠᠩᠰᠠᠯᠠᠨ ᠮᠡᠳᠡᠭᠦᠯᠬᠦ ᠳᠦᠷᠢᠮ ᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠤᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠠᠯᠠᠭᠤᠷᠠᠵᠤ ᠪᠠᠶᠢᠭ᠎ᠠ ᠡᠪᠡᠳᠴᠢᠳᠡᠨ ᠢ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠵᠤ ᠪᠠᠶᠢᠭ᠎ᠠ ᠡᠪᠡᠳᠴᠢᠳᠡᠨ ᠢ ᠣᠯᠵᠤ ᠮᠡᠳᠡᠪᠡᠯ᠂ ᠲᠤᠬᠠᠶ ᠶᠢᠨ ᠭᠠᠵᠠᠷ ᠲᠤᠨᠢ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ᠂ ᠡᠪᠡᠳᠴᠢᠲᠡᠨ ᠤ ᠮᠡᠳᠡᠭᠡ ᠵᠠᠩᠭᠢ ᠶᠢ ᠲᠠᠩᠰᠠᠯᠠᠬᠤ ᠪᠠ ᠮᠡᠳᠡᠭᠦᠯᠬᠦ ᠠᠵᠢᠯ ᠢ ᠰᠠᠶᠢᠲᠤᠷ ᠬᠢᠵᠦ᠂ ᠳᠤᠷ᠎ᠠ ᠪᠠᠷ ᠢᠶᠠᠨ ᠦᠯᠡᠳᠡᠭᠡᠨ ᠡᠮᠨᠡᠭᠦᠯᠬᠦ ᠪᠤᠶᠤ ᠡᠮᠨᠡᠭᠦᠯᠬᠦ ᠦᠭᠡᠶ ᠪᠠᠶᠢᠬᠤ ᠶᠢ ᠴᠢᠩᠭ᠎ᠠ ᠴᠠᠭᠠᠵᠠᠯᠠᠨ᠎ᠠ᠃      9. ᠬᠥᠷᠰᠢ ᠵᠡᠷᠭᠡᠯᠡᠳᠡᠭᠡ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠯ᠃ ᠬᠤᠯᠤᠭᠠᠨ᠎ᠠ ᠶᠢᠨ ᠬᠢᠵᠢᠭ ᠭᠠᠷᠤᠭᠰᠠᠨ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠥᠷᠰᠢ ᠵᠡᠷᠭᠡᠯᠡᠳᠡᠭᠡ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠬᠢᠵᠢᠭ ᠤᠨ ᠪᠠᠶᠢᠳᠠᠯ ᠪᠣᠯᠤᠨ ᠨᠢᠭᠡᠨᠲᠡ ᠠᠪᠤᠭᠰᠠᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠨᠡᠶᠢᠳᠡᠯᠡᠨ᠎ᠡ᠃ ᠬᠤᠯᠤᠭᠠᠨ᠎ᠠ ᠶᠢᠨ ᠬᠢᠵᠢᠭ ᠡᠭᠦᠰᠦᠭᠰᠡᠨ ᠭᠠᠵᠠᠷ ᠣᠷᠣᠨ ᠯᠦᠭᠡ ᠬᠦᠷᠰᠢ ᠵᠡᠷᠬᠡᠯᠡᠳᠡᠭᠡ ᠭᠠᠵᠠᠷ ᠤᠷᠤᠨ ᠂ ᠬᠢᠵᠢᠭ ᠤᠨ ᠪᠠᠶᠢᠳᠠᠯ ᠤᠨ ᠣᠨᠴᠠᠯᠢᠭ᠂ ᠡᠭᠦᠰᠦᠭᠰᠡᠨ ᠣᠷᠣᠨ ᠪᠦᠰᠡ ᠪᠣᠯᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠲᠤᠰ ᠭᠠᠵᠠᠷ ᠣᠷᠣᠨ ᠤ ᠬᠥᠮᠦᠨ ᠪᠠ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠥᠷᠨᠢᠭᠦᠯᠵᠦ᠂ ᠲᠤᠰ ᠭᠠᠵᠠᠷ ᠣᠷᠣᠨ ᠤ ᠨᠥᠯᠥᠭᠡᠯᠡᠭᠳᠡᠬᠦ ᠪᠣᠯᠤᠯᠴᠠᠭ᠎ᠠ ᠪᠣᠯᠤᠨ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠵᠠᠳᠠᠯᠬᠤ ᠶᠢᠨ ᠬᠠᠮᠲᠤ ᠵᠣᠬᠢᠴᠠᠩᠭᠤᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ᠃      ︵ᠬᠤᠶᠠᠷ︶ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠲᠠᠰ︶᠎ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠠᠪᠤᠪᠠᠰᠤ ᠵᠣᠬᠢᠬᠤ ᠠᠷᠭ᠎ᠠ ᠬᠡᠮᠵᠢᠶ᠎ᠡ      1. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯ ᠢ ᠡᠬᠢᠯᠡᠭᠦᠯᠦᠨ᠎ᠡ᠃ ᠬᠤᠰᠢᠭᠤᠨ ︵ᠲᠣᠭᠤᠷᠢᠭ︶᠎ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠰᠠᠨ ᠤ ᠳᠠᠷᠠᠭ᠎ᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠩ ᠤᠨ ᠬᠢᠵᠢᠭ ᠤᠨ ᠪᠠᠶᠢᠳᠠᠯ ︵Ⅳ ᠳᠡᠰ︶᠎ ᠤᠨ ᠶᠤᠰᠤᠭᠠᠷ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠡᠬᠢᠯᠡᠭᠦᠯᠬᠦ ᠎ ᠶᠢᠨ ᠬᠠᠮᠳᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ Ⅲ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠨ᠎ᠡ᠃ ᠬᠤᠰᠢᠭᠤ ︵ᠲᠣᠭᠤᠷᠢᠭ︶᠎ ᠨᠢ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠶᠡᠷᠦᠩᠬᠡᠶ ᠵᠢᠯᠣᠭᠤᠳᠣᠭᠴᠢ ᠪᠤᠯᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠢ ᠪᠠᠶᠢᠭᠤᠯᠵᠤ᠂ ᠬᠠᠷᠢᠶ᠎ᠠ ᠤᠷᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠬᠦ ᠶᠢᠨ ᠬᠠᠮᠲᠤ᠂ ᠬᠢᠵᠢᠭ ᠤᠨ ᠪᠠᠶᠢᠳᠠᠯ᠂ ᠡᠪᠡᠳᠴᠢᠨ ᠤ ᠪᠠᠶᠢᠳᠠᠯ ᠪᠣᠯᠤᠨ ᠠᠵᠢᠯ ᠤᠨ ᠠᠬᠢᠯᠲᠠ ᠶᠢᠨ ᠪᠠᠶᠢᠳᠠᠯ ᠢ ᠡᠳᠦᠷ ᠲᠡᠭᠡᠨ ᠮᠡᠳᠡᠭᠦᠯᠬᠦ ︽ᠭᠤᠷᠪᠠᠨ ᠵᠤᠶᠢᠯ ᠤᠨ ᠮᠡᠳᠡᠭᠦᠯᠬᠦ︾ ᠳᠦᠷᠢᠮ ᠢ ᠡᠬᠢᠯᠡᠭᠦᠯᠦᠨ᠎ᠡ᠃      2. ᠡᠪᠡᠳᠴᠢᠲᠡᠨ ᠢ ᠪᠦᠬᠦ ᠬᠦᠴᠦᠨ ᠢᠶᠠᠷ ᠡᠮᠨᠡᠨ ᠵᠠᠰᠠᠨ᠎ᠠ᠃ ︽ᠣᠶᠢᠷ᠎ᠠ ᠬᠠᠪᠢ ᠳᠤᠨᠢ᠂ ᠲᠤᠬᠠᠶ ᠶᠢᠨ ᠭᠠᠵᠠᠷ ᠲᠤᠨᠢ ᠡᠮᠨᠡᠨ ᠵᠠᠰᠠᠬᠤ︾ ᠡᠪᠡᠳᠴᠢᠲᠡᠨ᠂ ᠲᠤᠰᠬᠠᠶ ᠮᠡᠷᠭᠡᠵᠢᠯᠲᠡᠨ᠂ ᠡᠬᠢ ᠪᠠᠶᠠᠯᠢᠭ ᠢ ᠲᠥᠪᠯᠡᠷᠡᠭᠦᠯᠬᠦ᠂ ᠲᠥᠪᠯᠡᠷᠡᠭᠦᠯᠦᠨ ᠡᠮᠨᠡᠨ ᠵᠠᠰᠠᠬᠤ︾ ᠵᠠᠷᠴᠢᠮ ᠢ ᠪᠠᠷᠢᠮᠲᠠᠯᠠᠵᠤ᠂ ᠡᠪᠡᠳᠴᠢᠲᠡᠨ ᠢ ᠰᠥᠭᠡᠷᠭᠦ ᠳᠠᠷᠤᠯᠲᠠᠲᠤ ᠲᠦᠷᠬᠡᠨ ᠠᠪᠤᠷᠠᠯᠳᠠ ᠶᠢᠨ ᠲᠡᠷᠭᠡ ᠪᠠᠷ ᠬᠤᠰᠢᠭᠤ ᠲᠣᠭᠤᠷᠢᠭ ᠤᠨ ᠱᠠᠳᠤᠨ ᠤ ᠲᠣᠭᠲᠠᠭᠰᠠᠨ ᠡᠮᠨᠡᠯᠬᠡ ᠶᠢᠨ ᠪᠠᠶᠢᠭᠤᠯᠤᠮᠵᠢ ᠳᠤ ᠰᠢᠯᠵᠢᠭᠦᠯᠵᠦ᠂ ᠬᠤᠯᠤᠭᠠᠨ᠎ᠠ ᠶᠢᠨ ᠬᠢᠵᠢᠭ ᠢ ᠣᠨᠣᠰᠢᠯᠠᠨ ᠡᠮᠨᠡᠬᠦ ᠲᠥᠰᠦᠯ ᠶᠣᠰᠣᠭᠠᠷ ᠡᠮᠨᠡᠨ ᠵᠠᠰᠠᠬᠤ ᠠᠵᠢᠯ ᠢ ᠥᠷᠨᠢᠭᠦᠯᠵᠦ᠂ ᠬᠦᠯᠢᠶᠡᠨ ᠠᠪᠴᠤ ᠡᠮᠨᠡᠨ ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠂ ᠡᠪᠡᠳᠴᠢᠨ ᠢᠶᠠᠷ ᠦᠬᠦᠬᠦ ᠨᠤᠷᠮ᠎ᠠ ᠶᠢ ᠪᠠᠭᠤᠷᠠᠭᠤᠯᠤᠨ᠎ᠠ᠃      3. ᠡᠮᠨᠡᠯᠭᠡ ᠶᠢᠨ ᠬᠤᠷᠢᠶᠠᠨ ᠤ ᠲᠤᠳᠤᠷᠠᠬᠢ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ ᠃ ᠡᠮᠨᠡᠯᠬᠡ ᠶᠢᠨ ᠪᠠᠶᠢᠭᠤᠯᠤᠮᠵᠢ ᠲᠤᠰᠠᠭᠠᠷᠯᠠᠬᠤ᠂ ᠠᠷᠢᠭᠤᠳᠬᠠᠬᠤ ᠪᠠ ᠰᠡᠷᠭᠡᠶᠢᠯᠡᠨ ᠬᠠᠮᠠᠭᠠᠯᠠᠬᠤ ᠠᠵᠢᠯ ᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ ᠰᠡᠷᠭᠡᠶᠢᠯᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ ᠶᠢ ᠵᠢᠷᠤᠮᠵᠢᠭᠤᠯᠵᠤ᠂ ᠬᠠᠯᠠᠭᠤᠷᠠᠭᠰᠠᠨ ᠡᠭᠦᠳᠡᠨ ᠡᠮᠨᠡᠯᠭᠡ᠂ ᠲᠦᠷᠬᠡᠨ ᠡᠮᠨᠡᠬᠦ ᠵᠢᠴᠢ ᠪᠤᠰᠤᠳ ᠡᠩ ᠤᠨ ᠡᠪᠡᠳᠴᠢᠳᠡᠨ ᠤ ᠲᠣᠭᠤᠷᠢᠭ ︵ᠡᠪᠡᠳᠴᠢᠲᠡᠨ ᠤ ᠥᠷᠥᠭᠡ︶᠎ ᠤᠨ ᠡᠮᠨᠡᠯᠭᠡ ᠶᠢᠨ ᠬᠤᠷᠢᠶᠠᠨ ᠤ ᠲᠤᠳᠤᠷᠠᠬᠢ ᠬᠠᠯᠳᠠᠪᠦᠷᠢᠯᠠᠯ ᠢ ᠰᠡᠷᠭᠡᠶᠢᠯᠠᠨ ᠬᠢᠵᠠᠭᠠᠷᠯᠠᠬᠤ ᠶᠢ ᠰᠠᠶᠢᠳᠤᠷ ᠬᠢᠨ᠎ᠡ᠃ ᠬᠤᠯᠤᠭᠠᠨ᠎ᠠ ᠶᠢᠨ ᠬᠢᠵᠢᠭ ᠤᠨ ᠡᠪᠡᠳᠴᠢᠨ ᠤ ᠵᠢᠱᠢᠶ᠎ᠡ ︵ᠰᠡᠵᠢᠭᠯᠡᠯᠲᠠᠢ ᠡᠪᠡᠳᠴᠢᠨ ᠤ ᠵᠢᠱᠢᠶ᠎ᠡ ᠪᠠ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠᠭᠲᠠᠨ᠎ᠠ︶ ᠵᠢᠴᠢ ᠬᠠᠯᠳᠠᠪᠤᠷᠢᠯᠠᠭᠰᠠᠳ ᠤᠨ ᠳᠣᠲᠣᠷᠠᠬᠢ ᠬᠥᠩᠭᠡᠨ ᠡᠪᠡᠳᠴᠢᠨ ᠤ ᠵᠢᠱᠢᠶ᠎ᠡ ᠶᠢ ᠲᠤᠰᠠᠭᠠᠷᠯᠠᠨ ᠡᠮᠨᠡᠨ ᠵᠠᠰᠠᠵᠤ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠭᠠᠭᠴᠠ ᠬᠥᠮᠦᠨ ᠤ ᠲᠠᠰᠤᠯᠭ᠎ᠠ ᠳᠤ ᠲᠤᠰᠠᠭᠠᠷᠯᠠᠨ ᠡᠮᠨᠡᠨ ᠵᠠᠰᠠᠨ᠎ᠠ᠃ ᠡᠮᠨᠡᠯᠬᠡ ᠶᠢᠨ ᠪᠠᠶᠢᠭᠤᠯᠤᠮᠵᠢ ᠨᠢ ︽ᠡᠮᠨᠡᠯᠬᠡ ᠶᠢᠨ ᠪᠠᠶᠢᠭᠤᠯᠤᠮᠵᠢ ᠶᠢᠨ ᠠᠷᠢᠭᠤᠳᠬᠠᠬᠤ ᠮᠡᠷᠭᠡᠵᠢᠯ ᠤᠨ ᠵᠢᠷᠤᠮᠵᠢᠯ︾ ᠶᠤᠰᠤᠭᠠᠷ᠂ ᠡᠮᠴᠢᠯᠡᠭᠡᠨ ᠤ ᠪᠠᠭᠠᠵᠢ ᠬᠡᠷᠡᠭᠰᠡᠯ᠂ ᠪᠣᠬᠢᠷᠲᠤᠭᠰᠠᠨ ᠡᠳ᠋ ᠪᠣᠳᠠᠰ᠂ ᠪᠤᠳᠠᠰ ᠤᠨ ᠭᠠᠳᠠᠷᠭᠤ᠂ ᠭᠠᠵᠠᠷ ᠤᠨ ᠭᠠᠳᠠᠷᠭᠤ ᠵᠡᠷᠭᠡ ᠶᠢ ᠠᠷᠢᠭᠤᠳᠬᠠᠬᠤ ᠶᠢ ᠰᠠᠶᠢᠲᠤᠷ ᠬᠢᠨ᠎ᠡ︔ ︽ᠡᠮᠨᠡᠯᠭᠡ ᠶᠢᠨ ᠬᠤᠷᠢᠶᠠᠨ ᠤ ᠠᠭᠠᠷ ᠢ ᠴᠡᠪᠡᠷᠰᠢᠭᠦᠯᠬᠦ ᠬᠠᠮᠢᠶᠠᠷᠤᠯᠲᠠ ᠶᠢᠨ ᠵᠢᠷᠤᠮᠵᠢᠯ︾ ᠱᠠᠭᠠᠷᠳᠠᠯᠭ᠎ᠠ ᠶᠣᠰᠣᠭᠠᠷ ᠠᠭᠠᠷ ᠢ ᠠᠷᠢᠭᠤᠳᠬᠠᠨ᠎ᠠ᠃ ᠬᠤᠯᠤᠭᠠᠨ᠎ᠠ ᠶᠢᠨ ᠬᠢᠵᠢᠭ ᠎ ᠲᠠᠢ ᠡᠪᠡᠳᠴᠢᠳᠡᠨ ᠢ ᠣᠨᠣᠰᠢᠯᠠᠨ ᠡᠮᠨᠡᠬᠦ ᠶᠠᠪᠤᠴᠠ ᠳᠤ ᠪᠤᠶ ᠪᠣᠯᠤᠭᠰᠠᠨ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ︽ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠦᠷᠢᠮ︾ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠡᠮᠨᠡᠯᠭᠡ ᠶᠢᠨ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠬᠦ ᠪᠠ ᠬᠠᠮᠢᠶᠠᠷᠤᠨ᠎ᠠ᠃      4. ᠬᠢᠵᠢᠭᠲᠦ ᠴᠢᠭ ᠬᠢᠵᠢᠭᠲᠦ ᠣᠷᠣᠨ ᠤ ᠰᠢᠢᠳᠪᠦᠷᠢᠯᠡᠯᠳᠡ ᠶᠢ ᠴᠠᠭ ᠲᠤᠬᠠᠶ ᠳᠤᠨᠢ ᠥᠷᠨᠢᠭᠦᠯᠦᠨ᠎ᠡ᠃ ︽ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭᠲᠦ ᠣᠷᠣᠨ ᠢ ᠰᠢᠢᠳᠪᠦᠷᠢᠯᠡᠬᠦ ᠪᠠᠷᠢᠮᠵᠢᠶ᠎ᠠ ᠵᠢᠴᠢ ᠵᠠᠷᠴᠢᠮ︾ ︵GB15978 —1995︶ ᠶᠤᠰᠤᠭᠠᠷ ᠬᠢᠵᠢᠭᠲᠦ ᠴᠢᠭ ᠬᠢᠵᠢᠭᠲᠦ ᠣᠷᠣᠨ ᠢ ᠰᠢᠢᠳᠪᠦᠷᠢᠯᠡᠨ᠎ᠡ᠃ ᠵᠠᠷᠴᠢᠮ ᠳᠡᠭᠡᠷ᠎ᠡ ᠪᠠᠨ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ᠂ ᠰᠡᠵᠢᠭᠯᠡᠯᠲᠠᠢ ᠡᠪᠡᠳᠴᠢᠲᠡᠨ ᠪᠤᠶᠤ ᠬᠤᠯᠤᠭᠠᠨ᠎ᠠ ᠶᠢᠨ ᠬᠢᠵᠢᠭ ᠲᠠᠢ ᠦᠬᠦᠳᠡᠯ ᠤᠨ ᠰᠠᠭᠤᠭ᠎ᠠ ᠭᠠᠵᠠᠷ ᠢᠶᠠᠷ ᠲᠥᠪ ᠪᠤᠯᠭᠠᠵᠣ᠂ ᠲᠡᠭᠦᠨ ᠤ ᠡᠷᠬᠢᠨ ᠲᠣᠭᠤᠷᠢᠨ ᠤ ᠪᠤᠬᠢᠷᠳᠤᠬᠤ ᠪᠤᠯᠤᠯᠴᠠᠭ᠎ᠠ ᠲᠠᠢ ᠣᠷᠣᠨ ᠢ ᠲᠤᠰᠠᠭᠠᠷᠯᠠᠬᠤ ᠴᠠᠭᠠᠷᠢᠭ ᠢᠶᠠᠷ ᠢᠯᠭᠠᠨ ᠲᠤᠭᠳᠠᠭᠠᠵᠣ᠂ ᠵᠢᠱᠢᠶᠡᠯᠡᠪᠡᠯ ᠨᠢᠭᠡ ᠬᠦᠷᠢᠶ᠎ᠡ ᠬᠠᠰᠢᠶ᠎ᠠ᠂ ᠨᠢᠭᠡ ᠭᠡᠷ ᠪᠠᠶᠢᠰᠢᠩ ᠵᠡᠷᠭᠡ ᠪᠣᠯᠤᠨ᠎ᠠ᠃ ᠮᠠᠯᠵᠢᠬᠤ ᠣᠷᠣᠨ ᠳᠤ ᠨᠢᠭᠡ ᠮᠠᠶᠢᠬᠠᠨ ᠪᠤᠶᠤ ᠵᠠᠯᠭᠠᠯᠳᠤᠭᠰᠠᠨ ᠬᠡᠳᠦᠨ ᠮᠠᠶᠢᠬᠠᠨ ᠢ ᠲᠤᠰᠠᠭᠠᠷᠯᠠᠬᠤ ᠴᠠᠭᠠᠷᠢᠭ ᠪᠤᠯᠭᠠᠵᠣ ᠪᠣᠯᠤᠨ᠎ᠠ᠃ ᠡᠪᠡᠳᠴᠢᠲᠡᠨ ︵ᠪᠤᠶᠤ ᠦᠬᠦᠳᠡᠯ︶᠎ ᠨᠢ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠲᠤ ᠢᠯᠡᠷᠡᠭᠦᠯᠬᠦ ᠦᠶ᠎ᠡ ᠳᠤ᠂ ᠲᠡᠭᠦᠨ ᠤ ᠳᠣᠲᠣᠷᠠᠬᠢ ᠨᠢᠭᠡ ᠠᠰᠠᠷ ᠪᠤᠶᠤ ᠡᠪᠡᠳᠴᠢᠲᠡᠨ ︵ᠪᠤᠶᠤ ᠦᠬᠦᠳᠡᠯ︶᠎ ᠤᠨ ᠪᠠᠶᠢᠭ᠎ᠠ ᠨᠢᠭᠡ ᠲᠤᠰᠠᠭᠠᠷ ᠨᠢᠭᠡᠴᠢ ᠶᠢ ᠲᠤᠰᠠᠭᠠᠷᠯᠠᠬᠤ ᠴᠠᠭᠠᠷᠢᠭ ᠪᠣᠯᠭᠠᠨ ᠢᠯᠭᠠᠨ ᠲᠣᠭᠲᠠᠭᠠᠵᠤ ᠪᠣᠯᠤᠨ᠎ᠠ᠃ ᠡᠪᠡᠳᠴᠢᠳᠡᠨ ᠢ ᠰᠢᠯᠵᠢᠭᠦᠯᠦᠨ ᠲᠡᠬᠡᠬᠡᠪᠦᠷᠢᠯᠡᠭᠰᠡᠨ ᠤ ᠳᠠᠷᠠᠭ᠎ᠠ᠂ ᠲᠤᠰᠠᠭᠠᠷᠯᠠᠬᠤ ᠴᠠᠭᠠᠷᠢᠭ ᠢ ᠠᠷᠢᠭᠤᠳᠬᠠᠨ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠵᠦ᠂ ᠲᠡᠬᠡᠳᠤ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠢ ᠰᠠᠶᠢᠲᠤᠷ ᠵᠢᠯᠣᠭᠤᠳᠤᠨ᠎ᠠ᠃      5. ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠦᠳᠲᠡᠷ ᠲᠦᠷᠭᠡᠨ ᠢᠶᠠᠷ ᠦᠷᠨᠢᠭᠦᠯᠦᠨ᠎ᠡ᠃ ᠬᠤᠰᠢᠭᠤᠨ ︵ᠲᠣᠭᠤᠷᠢᠭ︶᠎ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠢ ᠡᠮᠨᠡᠯᠬᠡ ᠶᠢᠨ ᠪᠠᠶᠢᠭᠤᠯᠤᠮᠵᠢ ᠪᠤᠶᠤ ᠡᠮᠨᠡᠯᠭᠡ ᠶᠢᠨ ᠠᠵᠢᠯᠲᠠᠨ ᠤ ᠮᠡᠳᠡᠭᠦᠯᠦᠭᠰᠡᠨ ᠬᠤᠯᠤᠭᠠᠨ᠎ᠠ ᠶᠢᠨ ᠬᠢᠵᠢᠭ ᠤᠨ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠤᠯᠵᠤ ᠠᠪᠬᠤ ᠦᠶ᠎ᠡ ᠳᠤ᠂ ︽ᠬᠤᠯᠤᠭᠠᠨ᠎ᠠ ᠶᠢᠨ ᠬᠢᠵᠢᠭ ᠤᠨ ᠡᠪᠡᠳᠴᠢᠨ ᠤ ᠵᠢᠱᠢᠶ᠎ᠡ ᠶᠢᠨ ᠣᠨᠴᠠᠭᠠᠶ ᠬᠡᠷᠡᠭ ᠤᠨ ᠪᠠᠶᠢᠴᠠᠭᠠᠯᠲᠠ ᠶᠢᠨ ᠬᠦᠰᠦᠨᠦᠭ︾ ᠶᠣᠰᠣᠭᠠᠷ 24 ᠴᠠᠭ ᠤᠨ ᠳᠣᠲᠣᠷ᠎ᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠵᠦ᠂ ᠨᠢᠭᠲᠠ ᠬᠦᠷᠦᠯᠴᠡᠭᠰᠡᠳ ᠤᠨ ᠮᠠᠭᠠᠳᠯᠠᠨ ᠲᠣᠭᠲᠠᠭᠠᠯᠲᠠ ᠪᠠ ᠳᠠᠩᠰᠠᠯᠠᠯᠲᠠ ᠶᠢ ᠰᠠᠶᠢᠲᠤᠷ ᠬᠢᠬᠦ ᠶᠢᠨ ᠬᠠᠮᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠵᠠᠳᠠᠯᠤᠭᠰᠠᠨ ᠮᠡᠳᠡᠭᠦᠯᠦᠯᠲᠡ ᠶᠢ ᠲᠤᠰ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠠᠨ ᠬᠢᠵᠠᠭᠠᠷᠯᠠᠬᠤ ᠪᠠᠶᠢᠭᠤᠯᠤᠮᠵᠢ ᠳᠤ ᠮᠡᠳᠡᠭᠦᠯᠦᠨ ᠬᠦᠷᠬᠡᠨ᠎ᠡ︔ ᠬᠠᠯᠳᠠᠪᠤᠷᠢᠯᠠᠬᠤ ᠡᠬᠢ ᠢᠷᠡᠯᠳᠡ ᠶᠢ ᠮᠥᠷᠳᠡᠨ ᠪᠠᠶᠢᠴᠠᠭᠠᠬᠤ ᠠᠵᠢᠯ ᠢ ᠥᠷᠨᠢᠭᠦᠯᠦᠨ᠎ᠡ᠃      6. ᠨᠢᠭᠲᠠ ᠬᠦᠷᠦᠯᠴᠡᠭᠰᠡᠳ ᠢ ᠮᠥᠷᠳᠡᠬᠦ ᠪᠠ ᠬᠠᠮᠢᠶᠠᠷᠬᠤ᠃ ᠬᠤᠰᠢᠭᠤ ︵ᠲᠣᠭᠤᠷᠢᠭ︶᠎ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠡᠵᠢᠭᠯᠡᠯᠲᠠᠢ ᠡᠪᠡᠳᠴᠢᠨ ᠤ ᠵᠢᠱᠢᠶ᠎ᠡ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠬᠦᠷᠦᠯᠴᠡᠭᠰᠡᠳ ᠲᠤ ᠲᠥᠪᠯᠡᠷᠡᠩᠭᠦᠶ ᠪᠤᠶᠤ ᠭᠡᠷ ᠲᠡᠭᠡᠨ ᠰᠠᠭᠤᠵᠤ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠡᠳᠦᠷ ᠪᠦᠷᠢ ᠠᠳᠠᠭ ᠲᠠᠭᠠᠨ 2 ᠤᠳᠠᠭ᠎ᠠ ᠪᠡᠶ᠎ᠡ ᠶᠢᠨ ᠳᠤᠯᠠᠭᠠᠨ ᠢ ᠬᠡᠮᠵᠢᠨ ᠲᠣᠭᠲᠠᠭᠠᠬᠤ ᠶᠢᠨ ᠬᠠᠮᠲᠤ ᠬᠠᠯᠠᠭᠤᠷᠠᠬᠤ᠂ ᠬᠠᠨᠢᠶᠠᠬᠤ᠂ ᠴᠢᠰᠤ ᠪᠠᠷ ᠬᠠᠨᠢᠶᠠᠬᠤ᠂ ᠯᠢᠮᠹᠠ ᠶᠢᠨ ᠵᠠᠩᠭᠢᠯᠠᠭ᠎ᠠ ᠬᠠᠪᠤᠳᠴᠤ ᠲᠣᠮᠣᠷᠠᠬᠤ ᠵᠡᠷᠭᠡ ᠪᠤᠰᠤᠳ ᠬᠤᠯᠪᠤᠭᠳᠠᠯ ᠪᠦᠬᠦᠢ ᠡᠪᠡᠳᠴᠢᠨ ᠤ ᠪᠠᠶᠢᠳᠠᠯ ᠵᠢᠴᠢ ᠡᠪᠡᠳᠴᠢᠨ ᠤ ᠪᠠᠶᠢᠳᠠᠯ ᠤᠨ ᠠᠬᠢᠴᠠ ᠭᠠᠷᠤᠭᠰᠠᠨ ᠡᠰᠡᠬᠦ ᠶᠢ ᠠᠰᠠᠭᠤᠨ᠎ᠠ᠃ ᠨᠢᠭᠲᠠ ᠬᠦᠷᠦᠯᠴᠡᠭᠰᠡᠳ ᠤᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭ᠎ᠠ ᠨᠢ ᠡᠪᠡᠳᠴᠢᠨ ᠤ ᠵᠢᠱᠢᠶ᠎ᠡ ᠪᠤᠶᠤ ᠬᠠᠯᠳᠠᠪᠤᠷᠢᠯᠠᠭᠰᠠᠳ ᠲᠠᠢ ᠬᠠᠮᠤᠭ ᠰᠡᠭᠦᠯ ᠤᠨ ᠤᠳᠠᠭ᠎ᠠ ᠬᠦᠷᠦᠯᠴᠡᠭᠰᠡᠨ ᠤ ᠳᠠᠷᠠᠭᠠᠬᠢ 9 ᠡᠳᠦᠷ ᠪᠣᠯᠤᠨ᠎ᠠ᠃      7. ᠤᠷᠢᠳᠴᠢᠯᠠᠨ ᠰᠡᠷᠭᠡᠶᠢᠯᠡᠬᠦ ᠴᠢᠨᠠᠷᠲᠠᠶ ᠡᠮ ᠲᠠᠯᠪᠢᠬᠤ᠃ ᠬᠤᠯᠤᠭᠠᠨ᠎ᠠ ᠶᠢᠨ ᠬᠢᠵᠢᠭ ᠲᠠᠢ ᠡᠪᠡᠳᠴᠢᠳᠡᠨ ᠎ ᠯᠦᠭᠡ ᠰᠢᠭᠤᠳ ᠬᠦᠷᠦᠯᠴᠡᠭᠰᠡᠳ᠂ ᠬᠢᠵᠢᠭᠲᠦ ᠣᠷᠣᠨ ᠤ ᠪᠥᠭᠡᠰᠦ ᠳᠤ ᠬᠠᠵᠠᠭᠳᠠᠭᠰᠠᠳ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠰᠢᠭᠦᠷᠡᠳᠡᠰᠦ ᠪᠠ ᠴᠢᠰᠤ ᠲᠠᠢ ᠬᠦᠦᠷᠯᠴᠡᠭᠰᠡᠳ ᠵᠢᠴᠢ ᠲᠤᠷᠰᠢᠯᠲᠠ ᠶᠢᠨ ᠲᠠᠰᠤᠭ ᠲᠤ ᠠᠯᠳᠠᠰᠢ ᠭᠠᠷᠤᠭᠰᠠᠨ ᠦᠶ᠎ᠡ ᠳᠤ᠂ ᠬᠤᠯᠤᠭᠠᠨ᠎ᠠ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠴᠢᠨᠠᠷᠲᠠᠢ ᠡᠮᠴᠢᠯᠡᠭᠡ ᠬᠢᠵᠦ ᠪᠣᠯᠤᠨ᠎ᠠ᠃      8. ᠬᠡᠭᠡᠷ᠎ᠡ ᠶᠢᠨ ᠠᠮᠢᠲᠠᠨ ᠢ ᠪᠦᠬᠦ ᠲᠠᠯ᠎ᠠ ᠪᠠᠷ ᠬᠠᠮᠢᠶᠠᠷᠤᠨ ᠡᠵᠡᠮᠳᠡᠨ᠎ᠡ᠃ ᠬᠢᠵᠢᠭ ᠡᠪᠡᠳᠴᠢᠨ ᠢ ᠰᠤᠳᠤᠯᠬᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠴᠡᠭᠡ ᠠᠴᠠ ᠭᠠᠳᠠᠨ᠎ᠠ᠂ ᠬᠡᠭᠡᠷ᠎ᠡ ᠶᠢᠨ ᠠᠮᠢᠲᠠᠨ ᠢ ᠠᠩᠨᠠᠬᠤ ᠶᠢ ᠴᠥᠮ ᠴᠠᠭᠠᠵᠠᠯᠠᠵᠤ᠂ ᠬᠡᠭᠡᠷ᠎ᠡ ᠭᠠᠳᠠᠨ᠎ᠠ ᠰᠠᠬᠢᠨ ᠬᠠᠷᠠᠬᠤ ᠠᠵᠢᠯ ᠢ ᠴᠢᠩᠭᠠᠳᠬᠠᠨ᠎ᠠ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠣ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠦᠢᠯᠡ ᠠᠵᠢᠯᠯᠠᠭ᠎ᠠ ᠳᠤ ᠴᠣᠬᠢᠯᠲᠠ ᠦᠭᠭᠦᠨ᠎ᠡ᠃ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠨᠢᠭᠡᠴᠢ ᠶᠢ ᠲᠤᠰᠠᠭᠠᠷᠯᠠᠬᠤ᠂ ᠠᠷᠢᠭᠤᠨ ᠴᠡᠪᠡᠷ ᠪᠠᠶᠢᠯᠭᠠᠬᠤ᠂ ᠠᠷᠢᠭᠤᠳᠬᠠᠬᠤ᠂ ᠬᠢᠨᠠᠨ ᠰᠢᠯᠭᠠᠵᠤ ᠬᠢᠵᠢᠭ ᠪᠠᠶᠢᠴᠠᠭᠠᠬᠤ ᠪᠠ ᠬᠢᠵᠢᠭ ᠡᠪᠡᠳᠴᠢᠨ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠬᠢᠵᠢᠭ ᠤᠨ ᠡᠭᠦᠰᠦᠯ ᠤᠨ ᠬᠡᠭᠡᠷ᠎ᠡ ᠶᠢᠨ ᠠᠮᠢᠲᠠᠨ ᠢ ᠭᠡᠷ ᠤᠨ ᠵᠢᠭᠦᠷᠲᠡᠨ᠂ ᠭᠡᠷ ᠤᠨ ᠲᠡᠵᠢᠭᠡᠪᠦᠷᠢ ᠪᠣᠯᠤᠨ ᠬᠦᠮᠦᠨ ᠲᠠᠢ ᠬᠦᠷᠦᠯᠴᠡᠬᠦ ᠠᠷᠭ᠎ᠠ ᠵᠠᠮ ᠎ ᠢ ᠲᠠᠰᠤᠯᠤᠨ᠎ᠠ᠃ ᠬᠡᠭᠡᠷ᠎ᠡ ᠶᠢᠨ ᠠᠮᠢᠲᠠᠨ ᠤ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠬᠡᠭᠡᠷ᠎ᠡ ᠶᠢᠨ ᠠᠮᠢᠲᠠᠨ ᠤ ᠬᠢᠵᠢᠭ ᠠᠴᠠ ᠪᠣᠯᠤᠭᠰᠠᠨ ᠡᠪᠡᠳᠴᠢᠨ ᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃      9. ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶᠎ ᠤ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠳᠠᠶᠢᠴᠢᠯᠠᠬᠤ ᠴᠢᠳᠠᠪᠤᠷᠢ ᠶᠢ ᠪᠠᠳᠠᠷᠠᠭᠤᠯᠵᠤ᠂ ᠲᠣᠤᠷᠵᠢᠭᠤᠯᠤᠭᠰᠠᠨ᠂  ᠪᠦᠬᠦᠨ ᠢ ᠬᠠᠮᠤᠷᠠᠬᠤ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠯᠠᠨ ᠢᠶᠠᠷ ᠢᠶᠠᠨ ᠰᠡᠷᠭᠡᠶᠢᠯᠡᠵᠣ ᠣᠯᠠᠨ ᠢᠶᠠᠷ ᠢᠶᠠᠨ ᠬᠢᠵᠠᠭᠠᠷᠯᠠᠬᠤ᠂ ᠲᠣᠭᠲᠠᠭᠤᠨ ᠰᠡᠷᠭᠡᠶᠢᠯᠡᠵᠦ ᠲᠣᠭᠲᠠᠭᠤᠨ ᠡᠵᠡᠮᠳᠡᠵᠦ᠂ ᠳᠣᠤᠷᠠᠬᠢ ᠶᠡᠷᠦᠩᠬᠡᠶᠢᠯᠡᠭᠰᠡᠨ ᠴᠢᠨᠠᠷᠲᠠᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠦᠷᠢᠵᠢᠭᠤᠯᠤᠨ᠎ᠠ᠄      ︵1︶ ᠵᠣᠬᠢᠶᠠᠨ ᠪᠠᠶᠢᠭᠤᠯᠵᠤ ᠳᠠᠶᠢᠴᠢᠯᠠᠬᠤ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠨᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ ᠶᠢ ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶᠎ ᠤ ᠺᠠᠳ᠋ᠷ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢ ᠪᠠᠷ ᠭᠤᠤᠯ ᠪᠣᠯᠭᠠᠵᠤ᠂ ᠰᠠᠭᠤᠭᠠᠯᠢ ᠠᠷᠠᠳ ᠪᠣᠯᠤᠨ ᠰᠠᠶᠢᠨ ᠲᠤᠷᠠᠴᠣᠳ ᠢ ᠵᠤᠷᠢᠭᠵᠢᠭᠤᠯᠤᠨ ᠤᠷᠤᠯᠴᠠᠭᠤᠯᠵᠤ, ᠲᠤᠰᠬᠠᠶ ᠲᠤᠰᠢᠶᠠᠯ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠠᠵᠢᠯ ᠤᠨ ᠡᠩᠨᠡᠭᠡ ᠶᠢ ᠪᠠᠶᠢᠭᠤᠯᠵᠤ᠂ ᠲᠤᠤᠷᠵᠢᠭᠤᠯᠤᠭᠰᠠᠨ᠂ ᠪᠦᠬᠦᠨ ᠢ ᠬᠠᠮᠤᠷᠠᠬᠤ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠦᠷᠢᠵᠢᠭᠤᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠠᠶᠢᠯ ᠲᠣᠰᠬᠤᠨ ︵ᠰᠠᠭᠤᠭᠠᠯᠢ ᠠᠷᠠᠳ ᠤᠨ ᠲᠣᠭᠤᠷᠢᠭ︶᠂ ᠭᠡᠷ ᠪᠦᠯᠢ ᠳᠤ ᠪᠦᠬᠦᠨ ᠢ ᠬᠠᠮᠤᠷᠬᠤ ᠶᠢ ᠬᠡᠷᠡᠭᠵᠢᠭᠦᠯᠵᠦ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ︵2︶ ᠡᠷᠡᠭᠦᠯ ᠮᠡᠨᠳᠦ ᠶᠢᠨ ᠬᠥᠮᠦᠵᠢᠯ᠃ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ︽ᠭᠤᠷᠪᠠ ᠦᠭᠡᠶ ᠭᠤᠷᠪᠠ ᠶᠢ ᠮᠡᠳᠡᠭᠦᠯᠬᠦ︾ ︵ᠬᠢᠵᠢᠭ ᠤᠨ ᠡᠭᠦᠰᠦᠯ ᠤᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠦᠭᠡᠶ᠂ ᠬᠢᠵᠢᠭ ᠤᠨ ᠡᠭᠦᠰᠦᠯ ᠤᠨ ᠠᠮᠢᠲᠠᠨ ᠢ ᠱᠠᠭᠠᠯᠵᠤ ᠢᠳᠡᠬᠦ ᠦᠭᠡᠶ᠂ ᠬᠢᠵᠢᠭ ᠤᠨ ᠡᠭᠦᠰᠦᠯ ᠤᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠳᠤᠷ᠎ᠠ ᠪᠠᠷ ᠢᠶᠠᠨ ᠠᠪᠴᠤ ᠬᠢᠵᠢᠭᠳᠦ ᠤᠷᠤᠨ ᠠᠴᠠ ᠭᠠᠷᠬᠤ ᠦᠬᠡᠢ᠂ ᠡᠪᠡᠳᠴᠢᠨ ᠢᠶᠠᠷ ᠦᠭᠦᠭᠰᠡᠨ ᠬᠤᠯᠤᠭᠠᠨ᠎ᠠ᠂ ᠲᠠᠷᠪᠠᠭ᠎ᠠ ᠶᠢ ᠮᠡᠳᠡᠭᠦᠯᠵᠣ᠂ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠳᠡᠨ ᠢ ᠮᠡᠳᠡᠭᠦᠯᠵᠦ᠂ ᠤᠴᠢᠷ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠭᠰᠠᠨ ᠡᠪᠡᠳᠴᠢᠲᠡᠨ ᠪᠠ ᠬᠡᠨᠡᠳᠳᠡ ᠦᠬᠦᠭᠰᠡᠨ ᠡᠪᠡᠳᠴᠢᠲᠡᠨ ᠢ ᠮᠡᠳᠡᠭᠦᠯᠬᠦ︶᠂ ᠣᠯᠠᠨ ᠲᠦᠮᠡᠨ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠭᠦᠢᠴᠡᠳ ᠣᠶᠢᠯᠠᠭᠠᠭᠤᠯᠵᠤ᠂ ᠰᠡᠷᠭᠡᠶᠢᠯᠡᠨ ᠬᠠᠮᠠᠭᠠᠯᠠᠬᠤ ᠭᠤᠣᠯᠳᠠᠯᠭ᠎ᠠ ᠶᠢ ᠡᠵᠡᠮᠰᠢᠭᠦᠯᠵᠦ᠂ ᠰᠠᠶᠢᠨ ᠰᠠᠶᠢᠬᠠᠨ ᠳᠠᠳᠬᠠᠯ ᠲᠠᠢ ᠪᠤᠯᠭᠠᠵᠣ᠂ ᠭᠠᠳᠠᠭᠰᠢ ᠭᠠᠷᠬᠤ ︵ᠢᠯᠠᠩᠭᠤᠶ᠎ᠠ ᠬᠡᠭᠡᠷ᠎ᠡ ᠭᠠᠳᠠᠨ᠎ᠠ︶᠎ ᠪᠠᠨ ᠪᠠᠭᠠᠰᠬᠠᠵᠣ᠂ ᠠᠮᠢᠲᠠᠨ ︵ᠢᠯᠠᠩᠭᠤᠶ᠎ᠠ ᠬᠡᠭᠡᠷ᠎ᠡ ᠶᠢᠨ ᠠᠮᠢᠲᠠᠨ︶᠎ ᠲᠠᠢ ᠣᠶᠢᠷᠠᠳᠬᠤ ᠠᠴᠠ ᠵᠠᠶᠢᠯᠠᠰᠬᠢᠨ᠎ᠡ᠃      ︵3︶ ᠮᠡᠳᠡᠭᠡ ᠵᠠᠩᠭᠢ ᠪᠠᠷ ᠮᠡᠳᠡᠭᠳᠡᠬᠦ᠃ ᠣᠯᠠᠨ ᠨᠡᠶᠢᠲᠡ ᠳᠤ ᠡᠪᠡᠳᠴᠢᠨ ᠦᠵᠡᠭᠦᠯᠬᠦ ᠮᠡᠳᠡᠭᠡ ᠵᠠᠩᠭᠢ ᠨᠡᠶᠢᠲᠡᠯᠡᠵᠦ᠂ ᠬᠠᠨᠢᠶᠠᠬᠤ᠂ ᠴᠡᠭᠡᠵᠢ ᠡᠪᠡᠳᠬᠦ᠂ ᠬᠠᠯᠠᠭᠤᠷᠠᠬᠤ᠂ ᠯᠢᠮᠹᠠ ᠶᠢᠨ ᠵᠠᠩᠭᠢᠯᠠᠭ᠎ᠠ ᠬᠠᠪᠤᠳᠬᠤ ︵ᠡᠪᠡᠳᠬᠦ︶ ᠵᠡᠷᠬᠡ ᠡᠪᠡᠳᠴᠢᠨ ᠤ ᠢᠯᠡᠷᠡᠯ ᠭᠠᠷᠤᠭᠰᠠᠨ ᠡᠪᠡᠳᠴᠢᠲᠡᠨ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠣ᠂ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠲᠡᠨ ᠲᠣᠭᠲᠠᠭᠰᠠᠨ ᠴᠢᠭ ᠤᠨ ᠡᠮᠨᠡᠯᠭᠡ ᠶᠢᠨ ᠬᠤᠷᠢᠶ᠎ᠠ ᠳᠤ ᠣᠴᠢᠵᠤ ᠡᠮᠨᠡᠭᠦᠯᠬᠦ ᠵᠡᠷᠬᠡ᠃      ︵4︶ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠤᠤᠯ ᠪᠣᠯᠭᠠᠵᠤ᠂ ᠡᠮ ᠤᠨ ᠵᠤᠶᠢᠯ ᠢᠶᠠᠷ ᠤᠰᠠᠳᠬᠠᠬᠤ ᠪᠠᠷ ᠬᠠᠪᠰᠤᠷᠤᠮᠵᠢ ᠪᠣᠯᠭᠠᠭᠰᠠᠨ ᠡᠪᠡᠳᠴᠢᠨ ᠤ ᠵᠠᠭᠤᠴᠢᠯᠠᠭᠤᠷ ᠠᠮᠢᠳᠤ ᠪᠣᠳᠠᠰ ᠢ ᠶᠡᠷᠦᠩᠬᠡᠶᠢᠯᠠᠨ ᠰᠡᠷᠭᠡᠶᠢᠯᠡᠬᠦ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠲᠣᠭᠤᠷᠢᠭ᠂ ᠬᠤᠭ ᠨᠣᠪᠰᠢ ᠳᠠᠮᠵᠢᠭᠤᠯᠬᠤ ᠥᠷᠲᠡᠭᠡ᠂ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠡᠪᠡᠷᠯᠡᠵᠣ᠂ ᠬᠤᠭ ᠨᠣᠪᠰᠢ ᠪᠤᠵᠠᠷ ᠡᠳ᠋ ᠢ ᠰᠢᠢᠳᠪᠦᠷᠢᠯᠡᠵᠣ᠂ ᠬᠤᠯᠤᠭᠠᠨ᠎ᠠ᠂ ᠪᠥᠭᠡᠰᠦ ᠵᠡᠷᠭᠡ ᠡᠪᠡᠳᠴᠢᠨ ᠤ ᠵᠠᠭᠤᠴᠢᠯᠠᠭᠤᠷ ᠠᠮᠢᠳᠤ ᠪᠣᠳᠠᠰ ᠤᠨ ᠦᠷᠡᠵᠢᠬᠦ ᠣᠷᠴᠢᠨ ᠲᠣᠭᠤᠷᠢᠨ ᠢ ᠠᠷᠢᠯᠭᠠᠨ᠎ᠠ᠃ ᠪᠦᠬᠦ ᠲᠠᠯ᠎ᠠ ᠶᠢᠨ ᠡᠪᠡᠳᠴᠢᠨ ᠤ ᠵᠠᠭᠤᠴᠢᠯᠠᠭᠤᠷ ᠠᠮᠢᠳᠤ ᠪᠣᠳᠠᠰ ᠢ ᠰᠡᠷᠭᠡᠶᠢᠯᠡᠬᠦ ᠪᠠ ᠤᠰᠠᠳᠬᠠᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠡᠪᠡᠳᠴᠢᠨ ᠤ ᠵᠠᠭᠤᠴᠢᠯᠠᠭᠤᠷ ᠠᠮᠢᠳᠤ ᠪᠣᠳᠠᠰ ᠤᠨ ᠨᠢᠭᠲᠠᠴᠠ ᠶᠢ ᠪᠦᠲᠦᠮᠵᠢᠲᠠᠢ ᠪᠠᠭᠤᠷᠠᠭᠤᠯᠤᠨ᠎ᠠ᠃      ︵5︶ ᠡᠳ᠋ ᠪᠣᠳᠠᠰ ᠤᠨ ᠪᠡᠯᠡᠳᠬᠡᠯ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ ᠭᠡᠷ ᠪᠦᠯᠢ ᠳᠤ ᠴᠢᠬᠤᠯᠠ ᠪᠦᠬᠦᠢ ᠰᠡᠷᠭᠡᠶᠢᠯᠠᠨ ᠬᠢᠵᠠᠭᠠᠷᠯᠠᠬᠤ ᠡᠳ᠋ ᠪᠣᠳᠠᠰ ᠪᠡᠯᠡᠳᠬᠡᠨ᠎ᠡ᠂ ᠵᠢᠱᠢᠶᠡᠯᠡᠪᠡᠯ ᠬᠤᠯᠤᠭᠠᠨ᠎ᠠ ᠪᠠ ᠪᠦᠬᠡᠰᠤ ᠎ ᠶᠢ  ᠤᠰᠠᠳᠬᠠᠬᠤ ᠡᠮ᠂ ᠪᠡᠶ᠎ᠡ ᠶᠢᠨ ᠳᠤᠯᠠᠭᠠᠨ ᠤ ᠬᠡᠮᠵᠢᠭᠦᠷ᠂ ᠠᠷᠢᠭᠤᠳᠬᠠᠬᠤ ᠬᠡᠷᠡᠭᠰᠡᠯ ᠵᠡᠷᠭᠡ᠃      10. ᠪᠤᠰᠤᠳ ᠠᠷᠭ᠎ᠠ ᠬᠡᠮᠵᠢᠶ᠎ᠡ᠃ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠢ ᠰᠠᠶᠢᠲᠤᠷ ᠬᠢᠨ᠎ᠡ᠃      ︵ᠭᠤᠷᠪᠠ︶ ᠬᠤᠯᠤᠭᠠᠨ᠎ᠠ ᠶᠢᠨ ᠬᠢᠵᠢᠭ ᠤᠨ ᠨᠡᠯᠢᠶᠡᠳ ᠶᠡᠭᠡ ︵Ⅲ ᠲᠠᠰ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠠᠪᠤᠪᠠᠰᠤ ᠵᠣᠬᠢᠬᠤ ᠠᠷᠭ᠎ᠠ ᠬᠡᠮᠵᠢᠶ᠎ᠡ      1. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠡᠬᠢᠯᠡᠭᠦᠯᠵᠦ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠯᠪᠣᠭᠳᠠᠯ ᠪᠦᠬᠦᠢ ᠲᠤᠰᠬᠠᠶ ᠮᠡᠷᠭᠡᠵᠢᠯᠳᠡᠨ ᠢ ᠵᠣᠬᠢᠶᠠᠨ ᠪᠠᠶᠢᠭᠤᠯᠤᠨ ᠨᠤᠲᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠯᠢᠶᠡᠳ ᠶᠡᠭᠡ ᠬᠢᠵᠢᠭ ᠤᠨ ᠪᠠᠶᠢᠳᠠᠯ ︵Ⅲ ᠳᠡᠰ︶᠎ ᠢᠶᠠᠷ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠡᠬᠢᠯᠡᠭᠦᠯᠵᠣ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ Ⅱ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠨᠡᠶᠢᠳᠡᠯᠡᠨ᠎ᠡ᠃ ᠬᠤᠲᠠ ᠶᠢᠨ ᠱᠠᠲᠤᠨ ᠳᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠶᠡᠷᠦᠩᠬᠡᠶ ᠵᠢᠯᠣᠭᠤᠳᠣᠭᠴᠢ ᠪᠤᠯᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠢ ᠪᠠᠶᠢᠭᠤᠯᠵᠤ᠂ ᠬᠠᠷᠢᠶ᠎ᠠ ᠤᠷᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠨ᠎ᠡ᠃ ᠡᠭᠦᠨ ᠤ ᠬᠠᠮᠲᠤ ᠬᠢᠵᠢᠭ ᠤᠨ ᠪᠠᠶᠢᠳᠠᠯ᠂ ᠡᠪᠡᠳᠴᠢᠨ ᠤ ᠪᠠᠶᠢᠳᠠᠯ ᠪᠣᠯᠤᠨ ᠠᠵᠢᠯ ᠤᠨ ᠠᠬᠢᠴᠠ ᠶᠢᠨ ᠪᠠᠶᠢᠳᠠᠯ ᠢ ᠡᠳᠦᠷ ᠲᠡᠭᠡᠨ ᠮᠡᠳᠡᠭᠦᠯᠬᠦ ︽ᠭᠤᠷᠪᠠᠨ ᠵᠤᠶᠢᠯ ᠢ ᠮᠡᠳᠡᠭᠦᠯᠬᠦ︾ ᠳᠦᠷᠢᠮ ᠢ ᠡᠬᠢᠯᠡᠭᠦᠯᠦᠨ᠎ᠡ᠃      2. ᠬᠢᠵᠢᠭᠲᠦ ᠣᠷᠣᠨ ᠢ ᠬᠠᠤᠯᠢ ᠶᠣᠰᠣᠭᠠᠷ ᠪᠢᠲᠡᠭᠦᠮᠵᠢᠯᠡᠨ᠎ᠡ᠃ ᠬᠢᠵᠢᠭᠲᠦ ᠣᠷᠣᠨ ᠢᠶᠠᠷ ᠢᠯᠭᠠᠨ ᠲᠣᠭᠲᠠᠭᠠᠭᠰᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠳᠤ ᠬᠢᠵᠢᠭᠲᠦ ᠣᠷᠣᠨ ᠢ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ ᠪᠣᠯᠤᠨ᠎ᠠ᠂ ᠬᠥᠮᠦᠰ ᠤᠨ ᠣᠷᠣᠵᠤ ᠭᠠᠷᠬᠤ ᠶᠢ ᠬᠢᠵᠠᠭᠠᠷᠯᠠᠵᠣ᠂ ᠭᠡᠷ ᠪᠠᠶᠢᠰᠢᠩ᠂ ᠵᠠᠮ ᠬᠠᠷᠢᠯᠴᠠᠭᠠᠨ ᠤ ᠪᠠᠭᠠᠵᠢ ᠶᠢ ᠲᠦᠷ ᠴᠠᠭ ᠲᠠᠲᠠᠪᠤᠷᠢᠯᠠᠨ ᠬᠡᠷᠡᠭᠯᠡᠬᠦ ᠵᠡᠷᠭᠡ᠃      3. ᠬᠥᠮᠦᠰ ᠤᠨ ᠰᠢᠯᠵᠢᠬᠦ ᠪᠠ ᠴᠤᠭᠯᠠᠷᠠᠬᠤ ᠶᠢ ᠪᠠᠭᠠᠰᠬᠠᠨ᠎ᠠ᠃      ︵1︶ ᠵᠠᠮ ᠬᠠᠷᠢᠯᠴᠠᠭᠠᠨ ᠤ ᠪᠠᠭᠠᠵᠢ ᠪᠠᠷ ᠳᠠᠮᠵᠢᠨ ᠲᠠᠷᠬᠠᠬᠤ ᠶᠢ ᠴᠢᠩᠭ᠎ᠠ ᠰᠡᠷᠭᠡᠶᠢᠯᠡᠨ᠎ᠡ᠃ ᠭᠠᠯᠲᠤ ᠲᠡᠷᠭᠡ ᠂ ᠮᠠᠰᠢᠨ ᠲᠡᠷᠭᠡ᠂ ᠨᠢᠰᠬᠡᠯ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠭᠤᠤᠯᠳᠠᠯᠭ᠎ᠠ ᠲᠠᠢ ᠭᠠᠵᠠᠷ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠯᠬᠢ ᠨᠡᠪᠲᠡᠷᠡᠭᠦᠯᠵᠣ᠂ ᠠᠷᠢᠭᠤᠳᠬᠠᠵᠣ᠂ ᠠᠶᠠᠨᠴᠢᠳ ᠤᠨ ᠪᠡᠶ᠎ᠡ ᠶᠢᠨ ᠳᠤᠯᠠᠭᠠᠨ ᠢ ᠰᠢᠭᠰᠢᠨ ᠪᠠᠶᠢᠴᠠᠭᠠᠬᠤ ᠵᠡᠷᠭᠡ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠦᠯᠡᠳᠡᠭᠡᠨ ᠪᠠᠶᠢᠴᠠᠭᠠᠬᠤ ᠥᠷᠲᠡᠭᠡ ᠪᠠᠶᠢᠭᠤᠯᠵᠤ᠂ ᠡᠮᠴᠢᠯᠡᠭᠡᠨ ᠤ ᠡᠳ᠋ ᠪᠤᠳᠠᠰ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠲᠣᠬᠢᠷᠠᠭᠤᠯᠵᠤ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠡᠭᠡᠷ᠎ᠡ ᠣᠯᠵᠤ ᠮᠡᠳᠡᠭᠰᠡᠨ ᠬᠤᠯᠤᠭᠠᠨ᠎ᠠ ᠶᠢᠨ ᠬᠢᠵᠢᠭ ᠤᠨ ᠡᠪᠡᠳᠴᠢᠲᠡᠨ ᠪᠣᠯᠤᠨ ᠰᠡᠵᠢᠭᠯᠡᠯᠲᠡᠶ ᠡᠪᠡᠳᠴᠢᠲᠡᠨ ᠢ ᠦᠯᠡᠳᠡᠭᠡᠨ ᠪᠠᠶᠢᠴᠠᠭᠠᠵᠤ ᠠᠵᠢᠭᠯᠠᠬᠤ ᠪᠠ ᠲᠤᠰᠠᠭᠠᠷᠯᠠᠨ ᠡᠮᠨᠡᠨ ᠵᠠᠰᠠᠨ᠎ᠠ᠃ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠬᠥᠮᠦᠰ ᠤᠨ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠳᠠ ᠶᠢ ᠰᠠᠶᠢᠲᠤᠷ ᠬᠢᠵᠦ᠂ ᠬᠢᠵᠢᠭ ᠢ ᠣᠷᠣᠭᠤᠯᠬᠤ ᠪᠠ ᠭᠠᠳᠠᠭᠰᠢ ᠭᠠᠷᠭᠠᠬᠤ ᠶᠢ ᠰᠡᠷᠭᠡᠶᠢᠯᠡᠨ᠎ᠡ᠃      ︵2︶ ᠣᠯᠠᠨ ᠨᠡᠶᠢᠲᠡ ᠶᠢᠨ ᠬᠤᠷᠠᠵᠣ ᠴᠤᠭᠯᠠᠷᠠᠬᠤ ᠠᠵᠢᠯᠯᠠᠭ᠎ᠠ ᠶᠢ ᠪᠠᠭᠠᠰᠬᠠᠨ᠎ᠠ᠃ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠣ᠂ ᠡᠯ᠎ᠡ ᠲᠥᠷᠥᠯ ᠤᠨ ᠲᠣᠮᠣ ᠬᠡᠯᠪᠡᠷᠢ ᠶᠢᠨ ᠠᠵᠢᠯᠯᠠᠭ᠎ᠠ ᠶᠢ ᠬᠢᠬᠦ ᠦᠬᠡᠢ ᠪᠤᠶᠤ ᠬᠤᠶᠢᠰᠢᠯᠠᠭᠤᠯᠵᠤ᠂ ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢ ᠬᠠᠭᠠᠵᠣ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠬᠤᠷᠠᠵᠣ ᠴᠣᠭᠯᠠᠷᠠᠬᠤ ᠎ ᠶᠢ ᠠᠯᠢ ᠴᠢᠳᠠᠬᠤ ᠪᠠᠷ ᠪᠠᠭᠠᠰᠬᠠᠨ᠎ᠠ᠃ ᠵᠣᠴᠢᠳ ᠤᠨ ᠪᠠᠭᠤᠳᠠᠯ᠂ ᠬᠤᠭᠤᠯᠠᠨ ᠬᠡᠷ᠂ ᠰᠣᠶᠣᠯ ᠴᠡᠩᠭᠡᠯ ᠤᠨ ᠭᠠᠵᠠᠷ᠂ ᠬᠤᠳᠠᠯᠳᠤᠭᠠᠨ ᠤ ᠡᠵᠡᠩᠨᠡᠯᠲᠡ ᠶᠢᠨ ᠨᠢᠭᠡᠴᠡ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠡᠷᠭᠡ ᠣᠯᠠᠨ ᠨᠡᠶᠢᠲᠡ ᠶᠢᠨ ᠲᠠᠯᠠᠪᠤᠷ ᠪᠤᠶᠤ ᠪᠤᠰᠤᠳ ᠬᠥᠮᠦᠨ ᠣᠯᠠᠨ ᠴᠤᠭᠯᠠᠷᠠᠬᠤ ᠭᠠᠵᠠᠷ ᠲᠤ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠶᠢᠨ ᠬᠠᠮᠲᠤ ᠣᠷᠣᠵᠤ ᠢᠷᠡᠭᠰᠡᠨ ᠬᠥᠮᠦᠰ ᠲᠤ ᠰᠠᠨᠠᠭᠤᠯᠬᠤ ᠪᠠ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠬᠢᠨ᠎ᠡ᠃      4. ᠭᠤᠤᠯᠳᠠᠯᠭ᠎ᠠ ᠲᠠᠢ ᠬᠥᠮᠦᠰ ᠢ ᠣᠶᠢᠯᠭᠠᠨ ᠮᠡᠳᠡᠬᠦ ᠪᠠ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠨ᠎ᠠ᠃ ᠬᠤᠯᠤᠭᠠᠨ᠎ᠠ ᠶᠢᠨ ᠬᠢᠵᠢᠭ ᠣᠷᠣᠵᠤ ᠢᠷᠡᠬᠦ ᠪᠠ ᠳᠡᠯᠭᠡᠷᠡᠬᠦ ᠶᠢ ᠦᠨᠡᠨᠬᠦ ᠰᠡᠷᠭᠡᠶᠢᠯᠡᠵᠦ᠂ ᠲᠣᠮᠣ ᠳ᠋ᠠᠶᠢᠲ᠋ᠠ ᠵᠡᠷᠭᠡ ᠶᠡᠷᠦᠩᠬᠡᠶᠢᠯᠡᠭᠰᠡᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠶᠢᠨ ᠨᠡᠶᠢᠭᠡᠮ ᠲᠣᠭᠤᠷᠢᠭ ᠤᠨ ᠲᠤᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠷᠦᠬᠡ ᠳᠠᠷᠠᠭᠠᠯᠠᠨ ᠪᠦᠬᠦ ᠲᠠᠯ᠎ᠠ ᠪᠠᠷ ᠪᠠᠶᠢᠴᠠᠭᠠᠵᠤ᠂ ᠪᠠᠶᠢᠴᠠᠭᠠᠬᠤ ᠭᠠᠵᠠᠷ ᠣᠷᠣᠨ ᠢ ᠪᠦᠬᠦᠨ ᠢ ᠪᠥᠷᠬᠦᠭᠦᠯᠬᠦ᠂ ᠥᠨᠴᠥᠭ ᠪᠤᠯᠤᠩ ᠦᠭᠡᠶ ᠪᠠᠶᠢᠯᠭᠠᠬᠤ ᠶᠢ ᠪᠠᠲᠤᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠶ ᠪᠠᠶᠢᠬᠤ ᠶᠢ ᠪᠠᠳᠤᠯᠠᠨ᠎ᠠ᠃ 10 ᠡᠳᠦᠷ ᠤᠨ ᠳᠣᠲᠣᠷ᠎ᠠ ᠬᠢᠵᠢᠭ ᠤᠨ ᠴᠢᠭ ᠵᠢᠴᠢ ᠡᠷᠭᠢᠨ ᠲᠣᠭᠤᠷᠢᠨ ᠤ ᠭᠠᠵᠠᠷ ᠣᠷᠣᠨ ᠳᠤ ᠵᠤᠭᠠᠴᠠᠭᠰᠠᠨ ᠲᠡᠣᠬᠡ ᠲᠠᠢ᠂ ᠡᠰᠡᠬᠦᠯ᠎ᠡ ᠠᠮᠢᠲᠠᠨ ᠤ ᠬᠤᠯᠤᠭᠠᠨ᠎ᠠ ᠶᠢᠨ ᠬᠢᠵᠢᠭ ᠎ ᠤᠨ ᠴᠢᠭ ᠲᠤ ᠬᠦᠷᠴᠦ ᠥᠩᠭᠡᠷᠡᠭᠰᠡᠨ ᠰᠠᠭᠤᠭᠠᠯᠢ ᠠᠷᠠᠳ ᠢ ᠮᠥᠷᠳᠡᠵᠦ᠂ ᠳᠠᠩᠰᠠᠯᠠᠨ ᠲᠡᠮᠳᠡᠭᠯᠡᠵᠦ᠂ ᠭᠡᠷ ᠲᠤ ᠨᠢ ᠬᠦᠷᠴᠦ ᠠᠵᠢᠭᠯᠠᠵᠣ᠂ ᠬᠢᠵᠢᠭ ᠤᠨ ᠪᠠᠶᠢᠳᠠᠯ ᠢ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ ᠂ ᠡᠷᠲᠡ ᠡᠮᠨᠡᠭᠦᠯᠬᠦ ᠶᠢ ᠪᠠᠳᠤᠯᠠᠨ᠎ᠠ᠃      5. ᠭᠤᠤᠯᠳᠠᠯᠭ᠎ᠠ ᠲᠠᠢ ᠨᠢᠭᠡᠴᠡ᠂ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ᠃ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ᠂ ᠰᠤᠷᠭᠠᠭᠤᠯᠢ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠬᠤᠳᠠᠯᠳᠤᠭᠠᠨ ᠤ ᠲᠡᠯᠬᠡᠭᠦᠷ᠂ ᠬᠡᠲᠦ ᠳᠡᠯᠭᠡᠭᠦᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠵᠢᠴᠢ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠨᠢᠭᠡᠴᠡ ᠪᠣᠯᠤᠨ ᠲᠠᠯᠠᠪᠤᠷ ᠭᠠᠵᠠᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠣ᠂ ᠡᠯ᠎ᠡ ᠵᠤᠶᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠦᠷᠢᠵᠢᠭᠤᠯᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠮᠡᠳᠡᠭᠦᠯᠦᠨ ᠰᠢᠢᠳᠪᠦᠷᠢᠯᠡᠭᠦᠯᠦᠨ᠎ᠡ᠃      6. ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠎ᠠ᠃ ᠬᠤᠲᠠ ᠬᠤᠰᠢᠭᠤ ᠶᠢᠨ ᠬᠤᠶᠠᠷ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶ ᠵᠢᠯᠣᠭᠤᠳᠬᠤ ᠠᠵᠢᠯ ᠢ ᠬᠠᠷᠢᠭᠤᠴᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠂ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠭᠤᠤᠯᠳᠠᠯᠭ᠎ᠠ ᠲᠠᠢ ᠨᠢᠭᠡᠴᠡ ᠪᠠ ᠲᠠᠯᠠᠪᠤᠷ ᠲᠤ ᠭᠦᠨᠵᠡᠭᠡᠶᠢᠷᠡᠨ ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠤ ᠶᠢᠨ ᠬᠥᠮᠦᠵᠢᠯ ᠢ ᠥᠷᠨᠢᠭᠦᠯᠵᠦ᠂ ᠬᠢᠵᠢᠭ ᠤᠨ ᠪᠠᠶᠢᠳᠠᠯ ᠎ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠵᠢᠯᠣᠭᠤᠳᠣᠯᠭ᠎ᠠ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠨᠢᠭᠡᠴᠡ ᠶᠢ ᠬᠠᠪᠰᠤᠷᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠬᠢᠵᠢᠭ ᠤᠨ ᠪᠠᠶᠢᠳᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠤᠯᠤᠭᠠᠨ᠎ᠠ᠂ ᠪᠥᠭᠡᠰᠦ ᠤᠰᠠᠳᠬᠠᠬᠤ᠂ ᠠᠷᠢᠭᠤᠳᠬᠠᠬᠤ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠤᠲᠠ ᠶᠢᠨ ᠱᠠᠲᠤᠨ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠡᠪᠡᠳᠴᠢᠲᠡᠨ ᠢ ᠡᠮᠨᠡᠨ ᠠᠪᠤᠷᠠᠬᠤ᠂ ᠡᠮᠨᠡᠯᠭᠡ ᠶᠢᠨ ᠬᠤᠷᠢᠶᠠᠨ ᠤ ᠲᠤᠳᠤᠷᠠᠬᠢ ᠬᠠᠯᠳᠠᠪᠦᠷᠢᠯᠠᠯ ᠢ ᠰᠡᠷᠭᠡᠶᠢᠯᠠᠨ ᠬᠢᠵᠠᠭᠠᠷᠯᠠᠬᠤ᠂ ᠰᠡᠳᠬᠢᠴᠡ ᠶᠢᠨ ᠬᠠᠯᠠᠮᠵᠢᠯᠠᠭ᠎ᠠ ᠦᠵᠡᠭᠦᠯᠬᠦ ᠵᠡᠷᠭᠡ ᠠᠵᠢᠯ ᠢ ᠵᠢᠯᠤᠭᠤᠳᠤᠨ᠎ᠠ᠃ ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠣᠮᠢᠯᠠᠵᠤ᠂ ᠡᠯ᠎ᠡ ᠭᠠᠵᠠᠷ ᠣᠷᠣᠨ ᠤ ᠬᠠᠷᠢᠶ᠎ᠠ ᠤᠷᠤᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠴᠤ᠂ ᠡᠯ᠎ᠡ ᠵᠣᠶᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠎ᠠ᠃      7. ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠬᠤᠰᠢᠭᠤ ᠶᠢᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠤ ᠡᠮ ᠤᠨ ᠵᠦᠢᠯ᠂ ᠰᠡᠷᠭᠡᠶᠢᠯᠠᠨ ᠬᠠᠮᠠᠭᠠᠯᠠᠬᠤ ᠬᠡᠷᠡᠭᠰᠡᠯ᠂ ᠠᠷᠢᠭᠤᠳᠬᠠᠬᠤ ᠬᠡᠷᠡᠭᠰᠡᠯ᠂ ᠡᠮᠨᠡᠨ ᠠᠪᠤᠷᠠᠬᠤ ᠪᠠᠭᠠᠵᠢ ᠬᠡᠷᠡᠭᠰᠡᠯ᠂ ᠲᠤᠨᠤᠭ ᠲᠥᠬᠦᠭᠡᠷᠦᠮᠵᠢ ᠵᠡᠷᠭᠡ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠡᠳ᠋ ᠪᠣᠳᠠᠰ ᠤᠨ ᠬᠡᠷᠡᠭᠴᠡᠭᠡ ᠪᠠ ᠦᠢᠯᠡᠳᠪᠦᠷᠢᠯᠡᠯ᠂ ᠭᠦᠢᠯᠭᠡᠭᠡ᠂ ᠬᠦᠮᠦᠷᠬᠡ ᠳᠤ ᠬᠠᠳᠠᠭᠠᠯᠠᠭᠰᠠᠨ ᠢ ᠲᠡᠬᠡᠬᠡᠪᠦᠷᠢᠯᠡᠬᠦ ᠵᠢᠴᠢ ᠡᠬᠢ ᠪᠠᠶᠠᠯᠢᠭ ᠤᠨ ᠪᠠᠲᠤᠯᠠᠭ᠎ᠠ ᠶᠢ ᠬᠥᠳᠡᠯᠦᠩᠭᠦᠶ ᠪᠠᠷ ᠡᠵᠡᠮᠰᠢᠵᠦ᠂ ᠡᠯ᠎ᠡ ᠲᠥᠷᠥᠯ ᠤᠨ ᠰᠡᠷᠭᠡᠶᠢᠯᠡᠨ ᠬᠢᠵᠠᠭᠠᠷᠯᠠᠬᠤ ᠡᠳ᠋ ᠪᠤᠳᠠᠰ  ᠣᠶᠢᠯᠡᠳᠪᠦᠷᠢᠯᠡᠬᠦ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠶᠢᠯᠡᠳᠪᠦᠷᠢᠯᠠᠯ ᠤᠨ ᠪᠠᠲᠤᠯᠠᠭ᠎ᠠ ᠶᠢ ᠰᠠᠶᠢᠲᠤᠷ ᠬᠢᠨ᠎ᠡ︔ ᠪᠠᠴᠢᠮ ᠪᠠᠶᠢᠳᠠᠯ ᠢ ᠠᠷᠭᠠᠴᠠᠬᠤ ᠲᠡᠭᠡᠭᠡᠪᠦᠷᠢ ᠶᠢᠨ ᠬᠦᠴᠦᠨ ᠪᠠ ᠨᠡᠪᠲᠡᠷᠡᠬᠦ ᠪᠠᠲᠤᠯᠠᠭ᠎ᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠣᠶᠢᠯᠡᠳᠪᠦᠷᠢᠯᠠᠯ ᠠᠮᠢᠳᠤᠷᠠᠯ ᠤᠨ ᠡᠳ᠋ ᠪᠣᠳᠠᠰ ᠤᠨ ᠲᠡᠬᠡᠬᠡᠪᠦᠷᠢ ᠶᠢᠨ ᠴᠠᠭ ᠲᠤᠬᠠᠶ ᠳᠤᠨᠢ ᠰᠠᠭᠠᠳ ᠦᠬᠡᠢ ᠨᠡᠪᠲᠡᠷᠡᠬᠦ ᠶᠢ ᠦᠨᠡᠨ ᠬᠦ ᠪᠠᠳᠤᠯᠠᠨ᠎ᠠ︔ ᠲᠤᠰ ᠭᠠᠵᠠᠷ ᠤᠨ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ ᠤᠨ ᠪᠠᠲᠤᠯᠠᠭ᠎ᠠ ᠶᠢᠨ ᠵᠣᠬᠢᠴᠠᠭᠤᠯᠬᠤ ᠠᠵᠢᠯ ᠢ ᠨᠢᠭᠡᠳᠤᠯᠲᠠᠢ ᠲᠥᠯᠥᠪᠯᠡᠨ ᠰᠠᠶᠢᠲᠤᠷ ᠬᠢᠵᠦ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠶᠢ ᠲᠠᠭᠠᠵᠣ᠂ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠤᠨ ᠬᠡᠷᠡᠭᠴᠡᠭᠡ ᠶᠢ ᠤᠷᠢᠳᠠᠪᠠᠷ ᠬᠠᠩᠭᠠᠨ᠎ᠠ︔ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠳᠠ ᠪᠠᠨ ᠴᠢᠩᠭᠠᠳᠭᠠᠵᠤ᠂ ᠰᠡᠷᠭᠡᠶᠢᠯᠠᠨ ᠬᠢᠵᠠᠭᠠᠷᠯᠠᠬᠤ ᠡᠳ᠋ ᠪᠤᠳᠠᠰ ᠶᠢᠨ ᠦᠨ᠎ᠡ ᠬᠠᠩᠰᠢ ᠶᠢ ᠳᠦᠷᠬᠢᠷᠡᠭᠦᠯᠦᠨ ᠥᠰᠬᠡᠬᠦ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃      8. ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠬᠤᠰᠢᠭᠤ ᠬᠤᠶᠠᠷ ᠱᠠᠲᠤ ᠨᠢ ᠤᠯᠤᠰ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠤᠰᠤᠭᠠᠷ᠂ ᠡᠪᠡᠳᠴᠢᠲᠡᠨ ᠢ ᠡᠮᠨᠡᠨ ᠠᠪᠤᠷᠠᠬᠤ ᠵᠠᠷᠤᠳᠠᠯ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠵᠤ᠂ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠭᠰᠠᠨ ᠡᠮᠨᠡᠯᠭᠡ ᠶᠢᠨ ᠠᠵᠢᠯᠲᠠᠳ ᠪᠣᠯᠤᠨ ᠬᠢᠵᠢᠭ ᠰᠡᠷᠭᠡᠶᠢᠯᠡᠬᠦ ᠠᠵᠢᠯᠲᠠᠳ ᠲᠤ ᠲᠦᠷ ᠴᠠᠭ ᠤᠨ ᠴᠢᠨᠠᠷᠲᠠᠶ ᠠᠵᠢᠯ ᠤᠨ ᠨᠥᠬᠦᠪᠥᠷᠢ ᠤᠯᠭᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠬᠦ ᠳᠤ ᠬᠡᠷᠡᠭᠰᠡᠬᠦ ᠰᠡᠷᠭᠡᠶᠢᠯᠡᠨ ᠬᠠᠮᠠᠭᠠᠯᠠᠬᠤ᠂ ᠣᠨᠣᠰᠢᠯᠠᠬᠤ᠂ ᠡᠮᠨᠡᠨ ᠵᠠᠰᠠᠬᠤ  ᠲᠤᠰᠬᠠᠢ ᠲᠦᠭᠦᠭᠡᠷᠤᠮᠵᠢ ᠵᠢᠴᠢ ᠲᠦᠷᠭᠡᠨ ᠤᠨᠤᠰᠢᠯᠠᠬᠤ ᠤᠷᠪᠠᠯᠵᠢ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ ᠲᠣᠬᠢᠲᠠᠶ ᠲᠤᠬᠢᠷᠠᠭᠤᠯᠤᠨ᠎ᠠ᠃ ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂  ᠤᠨᠤᠰᠢᠯᠠᠭᠰᠠᠨ ᠪᠠ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠲᠡᠨ ᠤ ᠵᠠᠷᠤᠳᠠᠯ ᠤᠨ ᠠᠰᠠᠭᠤᠳᠠᠯ ᠠᠴᠠ ᠪᠣᠯᠵᠤ ᠡᠮᠨᠡᠭᠦᠯᠬᠦ ᠶᠢ ᠨᠥᠯᠥᠭᠡᠯᠡᠬᠦ ᠦᠭᠡᠶ ᠪᠠᠶᠢᠬᠤ ᠶᠢ ᠦᠨᠡᠨᠬᠦ ᠪᠠᠲᠤᠯᠠᠵᠤ᠂ ᠬᠦᠯᠢᠶᠡᠨ ᠠᠪᠴᠣ ᠡᠮᠨᠡᠭᠰᠡᠨ ᠡᠮᠨᠡᠯᠭᠡ ᠶᠢᠨ ᠬᠤᠷᠢᠶ᠎ᠠ ᠵᠠᠷᠤᠳᠠᠯ ᠥᠭᠬᠦ ᠲᠥᠷᠥ ᠶᠢᠨ ᠪᠣᠳᠣᠯᠭ᠎ᠠ ᠠᠴᠠ ᠪᠣᠯᠵᠤ ᠡᠮᠨᠡᠨ ᠵᠠᠰᠠᠬᠤ ᠶᠢ ᠨᠥᠯᠥᠭᠡᠯᠡᠬᠦ ᠦᠭᠡᠶ ᠪᠠᠶᠢᠬᠤ ᠶᠢ ᠦᠨᠡᠨᠬᠦ ᠪᠠᠳᠤᠯᠠᠨ᠎ᠠ᠃      9. ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠭᠡ ᠵᠠᠩᠭᠢ ᠶᠢ ᠴᠠᠭ ᠲᠤᠬᠠᠶ ᠲᠤᠨᠢ ᠢᠯᠡ ᠲᠣᠳᠣ ᠨᠡᠶᠢᠲᠡᠯᠡᠵᠦ᠂ ᠬᠤᠶᠢᠰᠢᠯᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠶ᠂ ᠲᠤᠳᠠᠭᠤ ᠮᠡᠳᠡᠭᠦᠯᠦᠭᠰᠡᠨ ᠪᠠᠶᠢᠪᠠᠯ ᠬᠠᠷᠢᠭᠤᠴᠠᠯᠭ᠎ᠠ ᠨᠡᠬᠡᠮᠵᠢᠯᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠨᠡᠶᠢᠭᠡᠮ  ᠎ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠨᠳᠤᠯᠭᠠᠲᠤ ᠴᠢᠨᠠᠷᠲᠠᠶ ᠪᠠᠷ ᠬᠠᠷᠢᠭᠤᠯᠵᠤ᠂ ᠰᠢᠨᠵᠢᠯᠡᠬᠦ ᠤᠬᠠᠭᠠᠨᠴᠢ ᠪᠠᠷ ᠰᠡᠵᠢᠭ ᠢ ᠲᠠᠶᠢᠯᠵᠤ᠂ ᠦᠨᠡᠨ ᠪᠣᠳᠠᠲᠠᠶ ᠪᠤᠰᠤ ᠶᠠᠷᠢᠶ᠎ᠠ ᠶᠢ ᠲᠤᠩᠭᠠᠨ ᠲᠤᠳᠤᠯᠠᠵᠣ᠂ ᠬᠡᠷᠡᠭ ᠦᠭᠡᠶ ᠭᠡᠯᠮᠡᠭᠳᠡᠯ ᠢ ᠠᠷᠢᠯᠭᠠᠨ᠎ᠠ᠃      10. ᠡᠪᠡᠳᠴᠢᠲᠡᠨ ᠢ ᠪᠦᠬᠦ ᠬᠦᠴᠦᠨ ᠢᠶᠠᠷ ᠡᠮᠨᠡᠨ ᠠᠪᠤᠷᠠᠨ᠎ᠠ᠃ ︽ᠣᠶᠢᠷ᠎ᠠ ᠬᠠᠪᠢ ᠪᠠᠷ᠂ ᠲᠤᠬᠠᠶ ᠶᠢᠨ ᠭᠠᠵᠠᠷ ᠲᠤᠨᠢ ᠡᠮᠨᠡᠨ ᠵᠠᠰᠠᠬᠤ︾ ᠪᠠ ︽ᠡᠪᠡᠳᠴᠢᠲᠡᠨ ᠢ ᠲᠥᠪᠯᠡᠷᠡᠭᠦᠯᠬᠦ᠂ ᠲᠤᠰᠬᠠᠶ ᠮᠡᠷᠭᠡᠵᠢᠯᠲᠡᠨ ᠢ ᠲᠥᠪᠯᠡᠷᠡᠭᠦᠯᠬᠦ ᠂ ᠡᠬᠢ ᠪᠠᠶᠠᠯᠢᠭ ᠢ ᠲᠥᠪᠯᠡᠷᠡᠭᠦᠯᠬᠦ᠂ ᠲᠥᠪᠯᠡᠷᠡᠭᠦᠯᠦᠨ ᠡᠮᠨᠡᠨ ᠵᠠᠰᠠᠬᠤ︾ ᠵᠠᠷᠴᠢᠮ ᠶᠤᠰᠤᠭᠠᠷ ᠡᠪᠡᠳᠴᠢᠲᠡᠨ ᠢ ᠰᠥᠭᠡᠷᠭᠦ ᠳᠠᠷᠤᠯᠲᠠᠲᠤ ᠲᠦᠷᠭᠡᠨ ᠠᠪᠤᠷᠠᠬᠤ ᠲᠡᠷᠭᠡ ᠪᠠᠷ ᠲᠤᠭᠳᠠᠭᠰᠠᠨ ᠡᠮᠨᠡᠯᠬᠡ ᠶᠢᠨ ᠪᠠᠶᠢᠭᠤᠯᠤᠮᠵᠢ ᠳᠤ ᠬᠦᠷᠬᠡᠨ ᠡᠮᠨᠡᠨ ᠠᠪᠤᠷᠠᠬᠤ ᠠᠵᠢᠯ ᠢ ᠦᠷᠨᠢᠭᠦᠯᠵᠣ᠂ ᠪᠦᠬᠦ ᠬᠤᠲᠠ ᠶᠢᠨ ᠲᠤᠰᠬᠠᠶ ᠮᠡᠷᠭᠡᠵᠢᠯᠲᠡᠨ ᠢ ᠲᠥᠪᠯᠡᠷᠡᠭᠦᠯᠦᠨ ︽ᠨᠢᠭᠡ ᠬᠥᠮᠦᠨ ᠨᠢᠭᠡ ᠲᠦᠰᠦᠯ ᠨᠢᠭᠡ ᠠᠩᠭᠢ︾᠎ ᠶᠢ ᠬᠡᠷᠡᠭᠵᠢᠭᠦᠯᠵᠦ᠂ ᠡᠳᠡᠭᠡᠷᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠡᠪᠡᠳᠴᠢᠨ ᠢᠶᠠᠷ ᠦᠬᠦᠬᠦ ᠨᠤᠷᠮ᠎ᠠ ᠶᠢ ᠪᠠᠭᠤᠷᠠᠭᠤᠯᠤᠨ᠎ᠠ ᠃ ᠡᠭᠦᠨ ᠤ ᠬᠠᠮᠳᠤ᠂ ᠨᠢᠭᠡᠳᠦᠭᠡᠷ ᠹᠷᠣᠨᠲ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠠ ᠡᠪᠡᠳᠴᠢᠲᠡᠨ ᠢ ᠡᠮᠨᠡᠨ  ᠠᠪᠤᠷᠠᠬᠤ ᠠᠵᠢᠯ ᠳᠤ ᠰᠢᠭᠤᠳ ᠣᠷᠣᠯᠴᠠᠵᠤ᠂ ᠴᠢᠬᠤᠯᠠᠲᠠᠶ ᠦᠶ᠎ᠡ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠢᠶᠠᠷ ᠲᠤᠰᠠᠯᠠᠭᠤᠯᠤᠨ᠎ᠠ᠃ ᠪᠡᠯᠡᠳᠬᠡᠯ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠣᠯᠪᠠᠰᠤᠷᠠᠭᠤᠯᠤᠯ ᠢ ᠴᠢᠩᠭᠠᠳᠬᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠣᠷᠣᠯᠴᠠᠬᠤ ᠪᠠᠷ ᠴᠠᠭ ᠢᠮᠠᠭᠲᠠ ᠪᠡᠯᠡᠳᠬᠡᠨ᠎ᠡ᠃ ᠬᠢᠵᠢᠭ ᠤᠨ ᠪᠠᠶᠢᠳᠠᠯ ᠢ ᠦᠨᠳᠦᠰᠦᠯᠡᠨ᠂ ᠲᠣᠭᠲᠠᠭᠰᠠᠨ ᠡᠮᠨᠡᠯᠭᠡ ᠶᠢᠨ ᠬᠤᠷᠢᠶᠠᠨ ᠤ ᠰᠠᠭᠤᠷᠢᠨ ᠳᠡᠭᠡᠷ᠎ᠡ᠂ ᠬᠤᠲᠠ ᠶᠢᠨ ᠱᠠᠲᠤᠨ ᠠᠴᠠ ᠣᠯᠠᠨ ᠡᠮᠨᠡᠯᠬᠡ ᠶᠢᠨ ᠪᠠᠶᠢᠭᠤᠯᠤᠮᠵᠢ ᠶᠢ ᠪᠡᠯᠡᠳᠬᠡᠯ ᠡᠮᠨᠡᠯᠭᠡ ᠶᠢᠨ ᠬᠤᠷᠢᠶ᠎ᠠ ᠪᠤᠯᠭᠠᠨ ᠲᠤᠭᠳᠠᠭᠠᠵᠣ᠂ ᠡᠪᠡᠳᠴᠢᠳᠡᠨ ᠢ ᠬᠦᠯᠢᠶᠡᠨ ᠠᠪᠴᠤ ᠡᠮᠨᠡᠭᠦᠯᠬᠦ ᠪᠡᠯᠡᠳᠬᠡᠯ ᠢ ᠰᠠᠶᠢᠲᠤᠷ ᠬᠢᠨ᠎ᠡ᠃ ᠡᠮᠨᠡᠯᠭᠡ ᠶᠢᠨ ᠠᠵᠢᠯᠲᠠᠳ ᠢ ᠬᠠᠯᠠᠮᠵᠢᠯᠠᠵᠤ᠂ ᠡᠮᠨᠡᠯᠭᠡ ᠶᠢᠨ ᠠᠵᠢᠯᠲᠠᠳ ᠪᠣᠯᠤᠨ ᠬᠢᠵᠢᠭ ᠰᠡᠷᠭᠡᠶᠢᠯᠡᠬᠦ ᠠᠵᠢᠯᠳᠠᠨ ᠤ ᠠᠮᠤᠷ ᠲᠦᠪᠰᠢᠨ ᠢ ᠬᠠᠮᠠᠭᠠᠯᠠᠬᠤ ᠬᠠᠮᠤᠭ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠣ᠂ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠯᠠᠮᠵᠢᠯᠠᠨ ᠬᠠᠮᠠᠭᠠᠯᠠᠵᠤ᠂ ᠰᠡᠷᠭᠡᠶᠢᠯᠠᠨ ᠬᠠᠮᠠᠭᠠᠯᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠠᠵᠢᠯᠲᠠᠨ ᠤ ᠣᠯᠭᠤᠮᠵᠢ ᠶᠢ ᠪᠠᠲᠤᠯᠠᠬᠤ ︽ᠭᠤᠷᠪᠠ ᠶᠢ ᠪᠣᠳᠠᠲᠠᠶᠢᠵᠢᠭᠤᠯᠬᠤ︾᠎ ᠶᠢ ᠪᠡᠶᠡᠯᠡᠭᠦᠯᠦᠨ᠎ᠡ᠃      11. ᠪᠤᠰᠤᠳ ᠠᠷᠭ᠎ᠠ ᠬᠡᠮᠵᠢᠶ᠎ᠡ᠃ ᠠᠮᠢᠲᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠡᠮᠨᠡᠯᠭᠡ ᠶᠢᠨ ᠬᠤᠷᠢᠶᠠᠨ ᠤ ᠲᠤᠳᠤᠷᠠᠬᠢ ᠬᠠᠯᠳᠠᠪᠦᠷᠢᠯᠠᠯ ᠢ ᠰᠡᠷᠭᠡᠶᠢᠯᠡᠨ ᠬᠢᠵᠠᠭᠠᠷᠯᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠨᠢᠭᠲᠠ ᠬᠦᠷᠦᠯᠴᠡᠭᠰᠡᠳ ᠢ ᠬᠠᠮᠢᠶᠠᠷᠬᠤ᠂ ᠰᠡᠷᠭᠡᠶᠢᠯᠡᠬᠦ ᠴᠢᠨᠠᠷᠲᠠᠶ ᠬᠤᠤᠷ ᠦᠭᠬᠦ᠂ ᠬᠡᠭᠡᠷ᠎ᠡ ᠶᠢᠨ ᠠᠮᠢᠲᠠᠨ ᠢ ᠬᠠᠮᠢᠶᠠᠷᠤᠨ ᠡᠵᠡᠮᠳᠡᠬᠦ᠂ ᠬᠢᠵᠢᠭᠳᠦ ᠴᠢᠭ ᠢ ᠬᠤᠪᠢᠶᠠᠷᠢᠯᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃      ︵ᠳᠥᠷᠪᠡ︶ ᠬᠤᠯᠤᠭᠠᠨ᠎ᠠ ᠶᠢᠨ ᠬᠢᠵᠢᠭ ᠤᠨ ᠬᠦᠨᠳᠦ ᠶᠡᠭᠡ ᠬᠢᠵᠢᠭ ︵Ⅱ ᠲᠠᠰ︶᠎ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠠᠪᠤᠪᠠᠰᠤ ᠵᠣᠬᠢᠬᠤ ᠠᠷᠭ᠎ᠠ ᠬᠡᠮᠵᠢᠶ᠎ᠡ      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠨ ᠵᠢᠱᠢᠵᠦ ᠨᠤᠲᠠᠯᠠᠭᠰᠠᠨ ᠤ ᠳᠠᠷᠠᠭ᠎ᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠡᠬᠢᠯᠡᠭᠦᠯᠬᠦ ᠶᠢᠨ ᠬᠠᠮᠲᠤ Ⅱ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ᠂ ᠬᠤᠲᠠ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠴᠥᠮ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠬᠤ ᠶᠢᠨ ᠬᠠᠮᠲᠤ ᠬᠢᠵᠢᠭ ᠤᠨ ᠪᠠᠶᠢᠳᠠᠯ᠂ ᠡᠪᠡᠳᠴᠢᠨ ᠤ ᠪᠠᠶᠢᠳᠠᠯ ᠪᠣᠯᠤᠨ ᠠᠵᠢᠯ ᠤᠨ ᠠᠬᠢᠴᠠ ᠶᠢᠨ ᠪᠠᠶᠢᠳᠠᠯ ᠢ ᠡᠳᠦᠷ ᠲᠡᠭᠡᠨ ᠮᠡᠳᠡᠭᠦᠯᠬᠦ ︽ᠭᠤᠷᠪᠠᠨ ᠵᠤᠶᠢᠯ ᠢ ᠮᠡᠳᠡᠭᠦᠯᠬᠦ︾ ᠳᠦᠷᠢᠮ ᠢ ᠡᠬᠢᠯᠡᠭᠦᠯᠦᠨ᠎ᠡ᠃      ︵ᠲᠠᠪᠤ︶ ᠬᠤᠯᠤᠭᠠᠨ᠎ᠠ ᠶᠢᠨ ᠬᠢᠵᠢᠭ ᠤᠨ ᠤᠨᠴᠠᠭᠠᠢ ᠬᠦᠨᠳᠦ ᠶᠡᠭᠡ ᠬᠢᠵᠢᠭ ︵Ⅰ ᠲᠠᠰ︶᠎ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠠᠪᠤᠪᠠᠰᠤ ᠵᠣᠬᠢᠬᠤ ᠠᠷᠭ᠎ᠠ ᠬᠡᠮᠵᠢᠶ᠎ᠡ      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠎ ᠢ ᠡᠬᠢᠯᠡᠭᠦᠯᠬᠦ ᠶᠢᠨ ᠬᠠᠮᠳᠤ Ⅰ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠲᠣᠭᠤᠷᠢᠭ ᠤᠨ ᠭᠤᠷᠪᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠴᠥᠮ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠬᠤ ᠶᠢᠨ ᠬᠠᠮᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠳᠦᠯᠲᠡᠶ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠲᠤᠭᠤᠷᠢᠭ ᠳᠣᠲᠣᠷ᠎ᠠ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠡᠯ᠎ᠡ ᠵᠤᠶᠢᠯ ᠎ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠦᠷᠭᠡᠨ ᠢᠶᠠᠷ ᠦᠷᠨᠢᠭᠦᠯᠬᠦ ᠪᠠ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠲᠠᠪᠤ᠂ ᠡᠪᠡᠳᠴᠢᠨ ᠤ ᠵᠢᠱᠢᠶ᠎ᠡ ᠶᠢ ᠭᠠᠳᠠᠭᠰᠢ ᠭᠠᠷᠭᠠᠬᠤ ᠶᠢ ᠴᠢᠩᠭ᠎ᠠ ᠰᠡᠷᠭᠡᠶᠢᠯᠡᠨ᠎ᠡ      ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠬᠠᠷᠢᠶ᠎ᠠ ᠤᠷᠤᠨ ᠎ ᠳᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠬᠤᠲᠠ᠂ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠪᠡᠳᠴᠢᠲᠡᠨ ᠤ ᠡᠮᠨᠡᠯᠭᠡ ᠰᠢᠯᠵᠢᠬᠦ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ︽ᠠᠷᠪᠠᠨ ᠬᠤᠶᠠᠷ ᠦᠯᠦ ᠪᠣᠯᠬᠤ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠤ᠂ ᠬᠤᠯᠤᠭᠠᠨ᠎ᠠ ᠶᠢᠨ ᠬᠢᠵᠢᠭ ᠤᠨ ᠡᠪᠡᠳᠴᠢᠳᠡᠨ ᠢ ᠠᠯᠤᠰ ᠠᠴᠠ ᠰᠢᠯᠵᠢᠭᠦᠯᠬᠦ ᠶᠢ ᠡᠷᠡᠰ ᠬᠤᠷᠢᠭᠯᠠᠵᠤ᠂ ᠬᠢᠵᠢᠭ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠪᠣᠳᠠᠲᠠᠶ ᠪᠠᠶᠢᠳᠠᠯ ᠨᠢ ᠳᠣᠣᠷᠠᠬᠢ ᠮᠡᠲᠦ᠄      ︵ᠨᠢᠭᠡ︶ ᠬᠠᠯᠠᠭᠤᠷᠠᠭᠰᠠᠨ ︵ᠡᠪᠡᠳᠴᠢᠨ ᠤ ᠲᠡᠤᠬᠡ︶ ᠪᠠ / ᠪᠤᠶᠤ ᠯᠢᠮᠹᠠ ᠶᠢᠨ ᠵᠠᠩᠭᠢᠯᠠᠭ᠎ᠠ ᠬᠠᠪᠤᠳᠤᠭᠰᠠᠨ ︵ᠡᠪᠡᠳᠬᠦ︶ ᠡᠪᠡᠳᠴᠢᠲᠡᠨ ᠢ ᠳᠤᠷ᠎ᠠ ᠪᠠᠷ ᠢᠶᠠᠨ ᠡᠮᠨᠡᠯᠭᠡ ᠠᠴᠠ ᠭᠠᠷᠭᠠᠵᠣ ᠪᠣᠯᠬᠤ ᠦᠭᠡᠶ︔      ︵ᠬᠤᠶᠠᠷ︶ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠭᠰᠠᠨ᠂ ᠭᠡᠨᠡᠳᠲᠡ ᠬᠠᠯᠠᠭᠤᠷᠠᠭᠰᠠᠨ᠂ ᠴᠠᠭᠠᠨ ᠡᠰ ᠨᠢ ᠰᠢᠷᠦᠭᠦᠨ ᠨᠡᠮᠡᠭᠳᠡᠭᠰᠡᠨ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠣ ᠪᠣᠯᠬᠤ ᠦᠭᠡᠶ︔      ︵ᠭᠤᠷᠪᠠ︶ ᠰᠢᠯᠲᠠᠭᠠᠨ ᠨᠢ ᠲᠣᠳᠣᠷᠬᠠᠶ ᠦᠭᠡᠶ ᠲᠦᠷᠭᠡᠨ ᠴᠢᠨᠠᠷᠲᠠᠶ ᠯᠢᠮᠹᠠ ᠶᠢᠨ ᠵᠠᠩᠭᠢᠯᠠᠭ᠎ᠠ ᠶᠢᠨ ᠦᠷᠪᠢᠰᠦᠯ᠂ ᠯᠢᠮᠹᠠ ᠶᠢᠨ ᠵᠠᠩᠭᠢᠯᠠᠭ᠎ᠠ ᠬᠠᠪᠤᠳᠴᠤ᠂ ᠰᠢᠷᠦᠭᠦᠨ ᠡᠪᠡᠳᠬᠦ ᠶᠢᠨ ᠬᠠᠮᠲᠤ ᠠᠯᠪᠠᠳᠠᠯᠭᠠᠳᠤ ᠪᠡᠶ᠎ᠡ ᠶᠢᠨ ᠪᠠᠶᠢᠷᠢ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠣ ᠪᠣᠯᠬᠤ ᠦᠭᠡᠶ︔      ︵ᠳᠥᠷᠪᠡ︶ ᠰᠢᠯᠲᠠᠭᠠᠨ ᠨᠢ ᠲᠣᠳᠣᠷᠬᠠᠶ ᠦᠭᠡᠶ ᠬᠦᠨᠳᠦ ᠬᠡᠮᠵᠢᠶᠡᠨ ᠤ ᠴᠢᠰᠤᠨ ᠭᠡᠮ᠂ ᠱᠣᠺ ᠤᠨ ᠨᠡᠶᠢᠯᠡᠭ ᠭᠡᠮ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠡᠪᠡᠳᠴᠢᠳᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠤ ᠪᠣᠯᠬᠤ ᠦᠭᠡᠶ︔      ︵ᠲᠠᠪᠤ︶ ᠰᠢᠯᠲᠠᠭᠠᠨ ᠨᠢ ᠲᠣᠳᠣᠷᠬᠠᠶ ᠦᠭᠡᠶ ᠬᠠᠨᠢᠶᠠᠬᠤ᠂ ᠴᠡᠭᠡᠵᠢ ᠡᠪᠡᠳᠬᠦ᠂ ᠴᠢᠰᠤ ᠲᠠᠢ ᠴᠡᠷ ᠢᠶᠠᠷ ᠬᠠᠨᠢᠶᠠᠬᠤ᠂ ᠴᠢᠰᠤ ᠪᠠᠷ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠤ ᠪᠣᠯᠬᠤ ᠦᠭᠡᠶ︔      ︵ᠵᠢᠷᠭᠤᠭ᠎ᠠ︶ ᠰᠢᠯᠲᠠᠭᠠᠨ ᠨᠢ ᠲᠣᠳᠣᠷᠬᠠᠶ ᠦᠭᠡᠶ ᠬᠦᠨᠳᠦ ᠬᠡᠮᠵᠢᠶᠡᠨ ᠤ ᠨᠡᠶᠢᠯᠡᠮᠡᠯ ᠪᠦᠷᠬᠦᠪᠴᠢ ᠶᠢᠨ ᠦᠷᠪᠢᠰᠦᠯ ᠲᠠᠢ ᠪᠥᠭᠡᠳ ᠳᠡᠭᠡᠷ᠎ᠡ ᠳᠣᠤᠷ᠎ᠠ ᠵᠣᠪᠬᠢ ᠶᠢᠨ ᠤᠰᠤᠨ ᠬᠠᠪᠤᠩ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠤ ᠪᠣᠯᠬᠤ ᠦᠭᠡᠶ︔      ︵ᠲᠤᠯᠤᠭ᠎ᠠ︶ ᠰᠢᠯᠲᠠᠭᠠᠨ ᠨᠢ ᠲᠣᠳᠣᠷᠬᠠᠶ ᠤᠢᠭᠡᠢ ᠴᠢᠰᠤᠨ ᠴᠢᠨᠠᠷᠲᠠᠢ ᠰᠠᠭᠤᠯᠭᠠᠬᠤ ᠪᠥᠭᠡᠳ ᠬᠦᠨᠳᠦ ᠬᠡᠮᠵᠢᠶᠡᠨ ᠤ ᠬᠡᠪᠡᠯᠢ ᠡᠪᠡᠳᠬᠦ᠂ ᠬᠠᠯᠠᠭᠤᠷᠠᠬᠤ ᠵᠢᠴᠢ ᠱᠣᠺ ᠤᠨ ᠨᠡᠶᠢᠯᠡᠭ ᠭᠡᠮ ᠵᠡᠷᠭᠡ ᠰᠡᠵᠢᠭᠯᠡᠯᠲᠡᠶ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠤ ᠪᠣᠯᠬᠤ ᠤᠢᠭᠡᠢ︔      ︵ᠨᠠᠢᠮᠠ︶ ᠰᠢᠯᠲᠠᠭᠠᠨ ᠨᠢ ᠲᠣᠳᠣᠷᠬᠠᠶ ᠦᠭᠡᠶ ᠠᠷᠠᠰᠤ ᠰᠢᠷᠦᠭᠦᠨ ᠡᠪᠡᠳᠬᠦ ᠴᠢᠨᠠᠷᠲᠠᠶ ᠤᠯᠠᠭᠠᠨ ᠲᠤᠯᠪᠤᠳᠤ ᠡᠰᠡᠷᠭᠡᠨ᠎ᠡ᠂ ᠴᠢᠰᠤᠨ ᠴᠢᠨᠠᠷᠲᠠᠶ ᠤᠰᠤᠨ ᠴᠥᠪᠥᠷᠢᠭᠦᠦ ᠲᠠᠢ ᠪᠠᠶᠢᠬᠤ ᠰᠡᠵᠢᠭᠯᠡᠯᠲᠠᠢ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠣ ᠪᠣᠯᠬᠤ ᠦᠭᠡᠶ︔      ︵ᠶᠢᠰᠦ︶ ᠰᠢᠯᠲᠠᠭᠠᠨ ᠨᠢ ᠲᠣᠳᠣᠷᠬᠠᠶ ᠦᠭᠡᠶ ᠲᠤᠯᠤᠭᠠᠢ ᠰᠢᠷᠦᠭᠦᠨ ᠡᠪᠡᠳᠬᠦ᠂ ᠮᠠᠩᠰᠢᠭᠤᠷᠠᠵᠤ ᠤᠨᠲᠠᠬᠤ᠂ ᠬᠦᠵᠦᠭᠦᠨ ᠬᠡᠰᠡᠭ ᠨᠢ ᠬᠥᠰᠢᠭᠦᠨ᠂ ᠳᠡᠮᠡᠶᠢᠷᠡᠨ ᠴᠠᠯᠴᠢᠬᠤ᠂ ᠲᠠᠷᠢᠬᠢᠨ ᠤ ᠳᠠᠷᠤᠯᠲᠠ ᠥᠨᠳᠥᠷ᠂ ᠲᠠᠷᠢᠬᠢ ᠨᠤᠭᠤᠰᠤᠨ ᠤ ᠰᠢᠩᠭᠡᠨ ᠨᠢ ᠪᠤᠯᠠᠩᠭᠢᠷᠲᠤᠬᠤ ᠵᠡᠷᠭᠡ ᠰᠡᠵᠢᠭᠯᠡᠯᠲᠡᠶ ᠡᠪᠡᠳᠴᠢᠨ ᠲᠠᠢ ᠢᠯᠡᠷᠡᠯ ᠲᠠᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠭᠡ ᠠᠴᠠ ᠭᠠᠷᠭᠠᠵᠣ ᠪᠣᠯᠬᠤ ᠦᠭᠡᠶ︔      ︵ᠠᠷᠪᠠ︶ ᠡᠪᠡᠳᠴᠢᠨ ᠬᠥᠳᠡᠯᠬᠦ ᠠᠴᠠ 10 ᠡᠳᠦᠷ ᠤᠨ ᠡᠮᠦᠨ᠎ᠡ ᠠᠮᠢᠲᠠᠨ ᠤ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠣᠷᠣᠨ ᠳᠤ ᠣᠴᠢᠵᠤ ᠥᠩᠭᠡᠷᠡᠭᠰᠡᠨ ᠮᠥᠷᠲᠡᠭᠡᠨ ᠲᠤᠰᠠᠭᠠᠷᠯᠠᠬᠤ ᠬᠤᠭᠤᠴᠠᠭ᠎ᠠ ᠠᠴᠠ ᠭᠠᠷᠤᠭᠰᠠᠨ ᠥᠬᠡᠶ ᠡᠪᠡᠳᠴᠢᠲᠡᠨ ᠢ ᠡᠮᠨᠡᠯᠬᠡ ᠰᠢᠯᠵᠢᠭᠦᠯᠬᠦ ᠪᠠ ᠡᠮᠨᠡᠯᠬᠡ ᠠᠴᠠ ᠭᠠᠷᠭᠠᠵᠤ ᠪᠣᠯᠬᠤ ᠦᠭᠡᠶ︔      ︵ᠠᠷᠪᠠᠨ ᠨᠢᠭᠡ︶ ᠡᠪᠡᠳᠴᠢᠨ ᠬᠥᠳᠡᠯᠬᠦ ᠠᠴᠠ ᠡᠮᠦᠨ᠎ᠡ 10 ᠡᠳᠦᠷ ᠤᠨ ᠳᠣᠲᠣᠷ᠎ᠠ ᠬᠤᠯᠤᠭᠠᠨ᠎ᠠ ᠶᠢᠨ ᠬᠢᠵᠢᠭᠲᠦ ᠤᠷᠤᠨ ᠠᠴᠠ ᠢᠷᠡᠭᠰᠡᠨ ᠬᠢᠵᠢᠭ ᠤᠨ ᠡᠭᠦᠰᠦᠯ ᠤᠨ ᠠᠮᠢᠲᠠᠨ᠂ ᠠᠮᠢᠲᠠᠨ ᠤ ᠪᠦᠲᠦᠭᠡᠭᠳᠡᠬᠦᠨ ᠲᠠᠢ ᠬᠦᠷᠦᠯᠴᠡᠵᠣ ᠦᠩᠬᠡᠷᠡᠭᠰᠡᠨ᠂ ᠬᠤᠯᠤᠭᠠᠨ᠎ᠠ ᠶᠢᠨ ᠬᠢᠵᠢᠭ ᠤᠨ ᠲᠤᠷᠰᠢᠯᠲᠠ ᠶᠢᠨ ᠲᠠᠰᠤᠭ ᠲᠤ ᠣᠷᠣᠵᠤ ᠥᠩᠭᠡᠷᠡᠭᠰᠡᠨ ᠪᠤᠶᠤ ᠬᠤᠯᠤᠭᠠᠨ᠎ᠠ ᠶᠢᠨ ᠬᠢᠵᠢᠭ ᠤᠨ ᠲᠤᠷᠰᠢᠯᠲᠠ ᠶᠢᠨ ᠬᠡᠷᠡᠭᠰᠡᠯ ᠲᠠᠢ ᠬᠦᠷᠦᠯᠴᠡᠵᠣ ᠥᠩᠭᠡᠷᠡᠭᠰᠡᠨ ᠮᠥᠷᠲᠡᠭᠡᠨ ᠲᠤᠰᠠᠭᠠᠷᠯᠠᠬᠤ ᠬᠤᠭᠤᠴᠠᠭ᠎ᠠ ᠠᠴᠠ ᠭᠠᠷᠤᠭᠰᠠᠨ ᠦᠭᠡᠢ ᠡᠪᠡᠳᠴᠢᠲᠡᠨ ᠢ ᠡᠮᠨᠡᠯᠭᠡ ᠰᠢᠯᠵᠢᠭᠦᠯᠬᠦ ᠪᠠ ᠡᠮᠨᠡᠯᠬᠡ ᠠᠴᠠ ᠭᠠᠷᠭᠠᠵᠣ ᠪᠣᠯᠬᠤ ᠦᠬᠡᠢ᠃      ︵ᠠᠷᠪᠠᠨ ᠬᠤᠶᠠᠷ︶ ᠡᠪᠡᠳᠴᠢᠨ ᠬᠥᠳᠡᠯᠬᠦ ᠠᠴᠠ 10 ᠡᠳᠦᠷ ᠤᠨ ᠡᠮᠦᠨ᠎ᠡ ︵ᠨᠢᠭᠡ︶ ︵ᠶᠢᠰᠦ︶ ᠡᠮᠴᠢᠯᠡᠭᠡᠨ ᠤ ᠤᠨᠴᠠᠯᠢᠭ ᠲᠠᠢ ᠡᠪᠡᠳᠴᠢᠲᠡᠨ ᠲᠠᠢ ᠬᠦᠷᠦᠯᠴᠡᠵᠣ ᠥᠩᠭᠡᠷᠡᠭᠰᠡᠨ ᠪᠥᠭᠡᠳ ᠲᠤᠰᠠᠭᠠᠷᠯᠠᠬᠤ ᠬᠤᠭᠤᠴᠠᠭ᠎ᠠ ᠠᠴᠠ ᠭᠠᠷᠣᠭᠰᠠᠨ ᠦᠬᠡᠢ ᠡᠪᠡᠳᠴᠢᠳᠡᠨ ᠢ ᠡᠮᠨᠡᠯᠭᠡ ᠰᠢᠯᠵᠢᠭᠦᠯᠬᠦ ᠵᠢᠴᠢ ᠡᠮᠨᠡᠯᠭᠡ ᠠᠴᠠ ᠭᠠᠷᠭᠠᠵᠣ ᠪᠣᠯᠬᠤ ᠦᠭᠡᠶ᠃      ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠤᠨ ᠵᠡᠷᠭᠡ ᠲᠡᠰ ᠢ ᠨᠤᠲᠠᠯᠠᠬᠤ᠂ ᠵᠣᠭᠰᠣᠭᠠᠬᠤ ᠵᠢᠴᠢ ᠦᠨᠡᠯᠡᠨ ᠵᠢᠱᠢᠬᠦ      ︵ᠨᠢᠭᠡ︶ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠴᠤᠣᠷᠢᠶᠠᠳᠤᠯ ᠤᠨ ᠵᠡᠷᠬᠡ ᠳᠡᠰ ᠎ ᠢ ᠨᠤᠲᠠᠯᠠᠬᠤ      1. ᠲᠣᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠣᠨᠴᠠᠭᠠᠶ ᠬᠦᠨᠳᠦ ᠶᠡᠭᠡ ᠬᠤᠯᠤᠭᠠᠨ᠎ᠠ ᠶᠢᠨ ᠬᠢᠵᠢᠭ ︵Ⅰ ᠳᠡᠰ︶᠎ ᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠤᠳᠠᠯᠠᠨ᠎ᠠ︔ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅱ ᠳᠡᠰ︶᠎ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠠᠴᠠ ᠨᠤᠳᠠᠯᠠᠨ᠎ᠠ︔ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅲ ᠳᠡᠰ︶᠎ ᠢ ᠠᠶᠢᠮᠠᠭ ᠬᠤᠲᠠ ᠶᠢᠨ ᠡᠷᠡᠭᠦᠯ ᠬᠠᠮᠠᠭᠠᠯ ᠠᠯ ᠡᠷᠡᠭᠦᠯ ᠮᠡᠨᠳᠦ ᠶᠢᠨ ᠵᠥᠪᠯᠡᠯ ᠪᠤᠶᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠨ᠎ᠠ︔ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠳᠡᠰ︶ ᠪᠣᠯᠤᠨ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠳᠡᠰ︶᠎ ᠢ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠪᠤᠶᠤ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠤᠰᠬᠠᠶ ᠮᠡᠷᠭᠡᠵᠢᠯᠳᠡᠨ ᠢ ᠵᠣᠬᠢᠶᠠᠨ ᠪᠠᠶᠢᠭᠤᠯᠤᠨ ᠨᠤᠳᠠᠯᠠᠨ᠎ᠠ᠃      2. ᠬᠤᠲᠠ ᠪᠠᠯᠭᠠᠰᠤ᠂ ᠵᠠᠮ ᠬᠠᠷᠢᠯᠴᠠᠭᠠᠨ ᠤ ᠴᠢᠬᠤᠯᠠ ᠵᠠᠮ᠂ ᠬᠥᠮᠦᠨ ᠠᠮᠠ ᠨᠢᠭᠳᠠᠷᠠᠭᠰᠠᠨ ᠭᠠᠵᠠᠷ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠣᠮᠣ ᠬᠡᠯᠪᠡᠷᠢ ᠶᠢᠨ ᠰᠠᠭᠤᠷᠢ ᠪᠦᠲᠦᠬᠡᠨ ᠪᠠᠶᠢᠭᠤᠯᠤᠯᠲᠠ ᠶᠢᠨ ᠲᠥᠷᠥᠯ ᠵᠤᠶᠢᠯ ᠵᠡᠷᠭᠡ ᠬᠡᠪᠴᠢᠶᠡᠨ ᠳᠤ ᠬᠤᠯᠤᠭᠠᠨ᠎ᠠ ᠶᠢᠨ ᠬᠢᠵᠢᠭ ᠭᠠᠷᠤᠭᠰᠠᠨ ᠦᠶ᠎ᠡ ᠳᠤ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠤᠨ ᠵᠡᠷᠬᠡ ᠳᠡᠰ ᠢ ᠨᠤᠲᠠᠯᠠᠬᠤ ᠶᠢᠨ ᠬᠠᠮᠲᠤ᠂ ᠲᠡᠬᠡᠳᠤ ᠨᠢᠭᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠎ ᠤᠨ ᠵᠡᠷᠬᠡ ᠲᠠᠰ ᠢ ᠲᠡᠪᠰᠢᠭᠦᠯᠬᠦ ᠡᠰᠡᠬᠦ ᠶᠢ ᠨᠤᠳᠠᠯᠠᠨ᠎ᠠ᠃      ︵ᠬᠤᠶᠠᠷ︶ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠵᠤᠭᠰᠤᠭᠠᠬᠤ      ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠷᠢᠮᠵᠢᠶ᠎ᠠ ᠶᠢᠨ ︽ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ  ᠬᠢᠵᠢᠭᠲᠦ ᠣᠷᠣᠨ ᠢ ᠰᠢᠢᠳᠪᠦᠷᠢᠯᠡᠬᠦ ᠪᠠᠷᠢᠮᠵᠢᠶ᠎ᠠ ᠵᠢᠴᠢ ᠵᠠᠷᠴᠢᠮ GB15978 — 1995︾᠎ ᠤᠨ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠣᠬᠢᠴᠠᠩᠭᠤᠶ ᠠᠵᠢᠯ ᠢ ᠴᠦᠮ ᠪᠡᠶᠡᠯᠡᠭᠦᠯᠵᠣ  ᠂ ᠰᠢᠯᠭᠠᠨ ᠬᠤᠷᠢᠶᠠᠯᠳᠠ ᠪᠠᠷ ᠲᠠᠮᠵᠢᠨ ᠶᠡᠭᠡ᠂ ᠪᠠᠭ᠎ᠠ ᠲᠤᠰᠠᠭᠠᠷᠯᠠᠯ ᠤᠨ ᠬᠦᠷᠢᠶᠡᠨ ᠳᠤ ᠬᠤᠯᠤᠭᠠᠨ᠎ᠠ ᠪᠠ ᠪᠥᠭᠡᠰᠦ ᠶᠢ ᠤᠰᠠᠳᠬᠠᠬᠤ ᠪᠠᠷᠢᠮᠵᠢᠶ᠎ᠠ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠬᠦᠷᠴᠦ᠂ ᠵᠠᠯᠭᠠᠭ᠎ᠠ ᠪᠠᠷ 9 ᠡᠳᠦᠷ ᠤᠨ ᠳᠣᠲᠣᠷ᠎ᠠ ᠳᠠᠬᠢᠨ ᠡᠭᠦᠰᠦᠭᠰᠡᠨ ᠡᠪᠡᠳᠴᠢᠨ ᠤ ᠵᠢᠱᠢᠶ᠎ᠡ ᠪᠠᠶᠢᠬᠤ ᠤᠢᠭᠡᠢ᠃      ᠠᠮᠢᠲᠠᠨ ᠤ ᠬᠤᠯᠤᠭᠠᠨ᠎ᠠ ᠶᠢᠨ ᠬᠢᠵᠢᠭᠲᠦ ᠣᠷᠣᠨ ᠢ ᠰᠢᠢᠳᠪᠦᠷᠢᠯᠡᠬᠦ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠷᠢᠮᠵᠢᠶ᠎ᠠ ︽ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭᠲᠦ ᠣᠷᠣᠨ ᠢ  ᠰᠢᠢᠳᠪᠦᠷᠢᠯᠡᠬᠦ ᠪᠠᠷᠢᠮᠵᠢᠶ᠎ᠠ ᠵᠢᠴᠢ ᠵᠠᠷᠴᠢᠮ GB15978 — 1995︾᠎ ᠤᠨ ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠳᠤ ᠬᠤᠯᠤᠭᠠᠨ᠎ᠠ ᠶᠢᠨ ᠬᠢᠵᠢᠭ᠂ ᠪᠦᠬᠡᠰᠤ ᠶᠢ ᠢᠯᠡᠷᠡᠭᠦᠯᠦᠭᠰᠡᠨ ᠦᠶ᠎ᠡ ᠳᠤ᠂ ᠰᠢᠢᠳᠪᠦᠷᠢᠯᠡᠬᠦ ᠬᠡᠪᠴᠢᠶ᠎ᠡ ᠨᠢ ᠬᠢᠵᠢᠭᠲᠦ ᠴᠢᠭ ᠢᠶᠠᠷ ᠭᠤᠤᠯ ᠪᠣᠯᠭᠠᠵᠤ᠂ ᠬᠤᠯᠤᠭᠠᠨ᠎ᠠ ᠪᠠ ᠪᠥᠭᠡᠰᠦ ᠶᠢ ᠲᠦᠢᠯᠪᠤᠷᠢᠲᠠᠶ ᠤᠰᠠᠳᠬᠠᠵᠣ ᠂ ᠤᠷᠢᠳᠴᠢᠯᠠᠨ ᠰᠡᠷᠡᠮᠵᠢᠯᠡᠭᠦᠯᠬᠦ ᠶᠢ ᠤᠷᠢᠲᠠᠯ ᠨᠥᠬᠦᠴᠡᠯ ᠪᠣᠯᠭᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠠᠴᠠ ᠬᠤᠲᠠ ᠶᠢᠨ ᠱᠠᠲᠤᠨ ᠤ ᠲᠤᠰᠬᠠᠶ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠢᠯᠭᠠᠨ ᠬᠤᠷᠢᠶᠠᠭᠰᠠᠨ ᠤ ᠳᠠᠷᠠᠭ᠎ᠠ ᠬᠤᠯᠤᠭᠠᠨ᠎ᠠ ᠦᠭᠡᠶ᠂ ᠨᠦᠬᠡ ᠤᠢᠭᠡᠢ᠂ ᠪᠥᠭᠡᠰᠦ ᠦᠭᠡᠶ ᠪᠠᠷᠢᠮᠵᠢᠶ᠎ᠠ ᠳᠤ ᠬᠦᠷᠬᠡᠨ᠎ᠡ᠃      ᠤᠨᠴᠠᠭᠠᠢ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅰ ᠲᠠᠰ︶᠎ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠵᠣᠭᠰᠣᠭᠠᠬᠤ ᠳᠤ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠤᠯᠤᠰ ᠤᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃      ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅱ ᠳᠡᠰ︶᠂ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅲ ᠳᠡᠰ︶᠂ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠳᠡᠰ︶᠂ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠳᠡᠰ︶᠎ ᠢ ᠵᠣᠭᠰᠣᠭᠠᠬᠤ ᠳᠤ ᠲᠤᠰᠪᠤᠷᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠠᠳᠠᠯᠤᠨ ᠨᠤᠳᠠᠯᠠᠵᠣ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ᠎ᠡ᠃      ︵ᠭᠤᠷᠪᠠ︶ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠦᠨᠡᠯᠡᠨ ᠵᠢᠱᠢᠯᠲᠡ      1. ᠦᠨᠡᠯᠡᠨ ᠵᠢᠱᠢᠬᠦ ᠠᠵᠢᠯᠲᠠᠨ ᠤ ᠵᠣᠬᠢᠶᠠᠨ ᠪᠠᠶᠢᠭᠤᠯᠤᠯᠲᠠ      ᠣᠨᠴᠠᠭᠠᠶ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅰ ᠳᠡᠰ︶᠂ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅱ ᠳᠡᠰ︶᠂ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅲ ᠳᠡᠰ︶᠂ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠳᠡᠰ︶᠎ ᠢ ᠰᠢᠢᠳᠪᠦᠷᠢᠯᠡᠭᠰᠡᠨ ᠪᠠᠶᠢᠳᠠᠯ ᠤᠨ ᠦᠨᠡᠯᠡᠨ ᠵᠢᠱᠢᠯᠲᠡ ᠶᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠤᠭᠳᠠᠯ ᠪᠦᠬᠦᠢ ᠠᠵᠢᠯᠳᠠᠨ ᠢ ᠵᠣᠬᠢᠶᠠᠨ ᠪᠠᠶᠢᠭᠤᠯᠤᠨ ᠦᠨᠡᠯᠡᠨ ᠵᠢᠱᠢᠬᠦ ᠳᠤᠭᠤᠶᠢᠯᠠᠩ  ᠪᠠᠶᠢᠭᠤᠯᠵᠤ᠂ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅴ ᠳᠡᠰ︶᠎ ᠳᠤ᠂ ᠬᠤᠲᠠ᠂ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠠᠵᠢᠯᠳᠠᠨ ᠢ ᠵᠣᠬᠢᠶᠠᠨ ᠪᠠᠶᠢᠭᠤᠯᠤᠨ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠦᠨᠡᠯᠡᠨ ᠵᠢᠱᠢᠬᠦ ᠠᠵᠢᠯ ᠎ ᠢ ᠥᠷᠨᠢᠭᠦᠯᠦᠨ᠎ᠡ᠃      2. ᠦᠨᠡᠯᠡᠨ ᠵᠢᠱᠢᠬᠦ ᠭᠤᠤᠯ ᠠᠭᠤᠯᠭ᠎ᠠ      ᠬᠢᠵᠢᠭᠲᠦ ᠣᠷᠣᠨ ᠤ ᠪᠠᠶᠢᠭᠠᠯᠢ ᠶᠢᠨ ᠭᠠᠵᠠᠷ ᠵᠦᠶ ᠶᠢᠨ ᠲᠦᠢᠮᠣ ᠪᠠᠶᠢᠳᠠᠯ᠂ ᠬᠢᠵᠢᠭ ᠭᠠᠷᠤᠭᠰᠠᠨ ᠰᠢᠯᠲᠠᠭᠠᠨ᠂ ᠬᠠᠯᠳᠠᠪᠤᠷᠢᠯᠠᠬᠤ ᠡᠬᠢ ᠢᠷᠡᠯᠳᠡ᠂ ᠲᠠᠷᠬᠠᠬᠤ ᠠᠷᠭ᠎ᠠ ᠵᠠᠮ ᠪᠠ ᠳᠡᠯᠭᠡᠷᠡᠬᠦ ᠬᠦᠴᠦᠨ ᠵᠦᠢᠯ᠂ ᠬᠢᠵᠢᠭ ᠤᠨ ᠪᠠᠶᠢᠳᠠᠯ ᠡᠭᠦᠰᠬᠦ᠂ ᠬᠥᠭᠵᠢᠬᠦ ᠪᠠ ᠬᠢᠵᠠᠭᠠᠷᠯᠠᠬᠤ ᠶᠠᠪᠤᠴᠠ᠂ ᠡᠪᠡᠳᠴᠢᠲᠡᠨ ᠤ ᠪᠦᠷᠢᠯᠳᠦᠯ᠂ ᠡᠮᠨᠡᠭᠰᠡᠨ ᠦᠷ᠎ᠡ ᠳ᠋ᠦᠩ᠂ ᠬᠢᠵᠢᠭ ᠬᠠᠯᠳᠠᠪᠤᠷᠢᠯᠠᠭᠰᠠᠨ ᠠᠮᠢᠲᠠᠨ᠂ ᠪᠥᠭᠡᠰᠦ ᠶᠢᠨ ᠲᠥᠷᠥᠯ ᠵᠤᠶᠢᠯ ᠤᠨ ᠲᠠᠷᠬᠠᠯᠲᠠ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠨᠢᠭᠲᠠᠴᠠ ᠪᠠ ᠪᠥᠭᠡᠰᠦ ᠶᠢᠨ ᠢᠯᠡᠳᠬᠡᠭᠴᠢ ᠲᠤᠭ᠎ᠠ᠂ ᠠᠷᠭ᠎ᠠ ᠬᠡᠮᠵᠢᠶ᠎ᠡ ᠠᠪᠤᠭᠰᠠᠨ ᠦᠷ᠎ᠡ ᠪᠦᠲᠦᠮᠵᠢ ᠶᠢ ᠦᠨᠡᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠣᠯᠤᠭᠰᠠᠨ ᠲᠤᠷᠰᠢᠯᠭ᠎ᠠ ᠵᠢᠴᠢ ᠰᠠᠶᠢᠵᠢᠷᠠᠭᠤᠯᠬᠤ ᠰᠠᠨᠠᠭᠤᠯᠭ᠎ᠠ᠃ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠳᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ᠎ᠡ᠃      ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ      ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠦᠲᠦᠬᠡᠨ ᠪᠠᠶᠢᠭᠤᠯᠤᠯᠲᠠ ᠶᠢᠨ ᠪᠠᠷᠢᠮᠵᠢᠶ᠎ᠠ︾ ︽ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠭᠤᠯᠤᠮᠵᠢ ᠣᠷᠣᠨ ᠲᠤᠭ᠎ᠠ ᠶᠢᠨ ᠪᠠᠷᠢᠮᠵᠢᠶ᠎ᠠ ᠶᠢᠨ ᠵᠢᠯᠣᠭᠤᠳᠬᠤ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠢ ᠬᠥᠮᠦᠵᠢᠭᠦᠯᠵᠦ᠂ ᠳᠣᠲᠣᠭᠠᠳᠤ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠲᠦᠷᠬᠡᠨ ᠢᠶᠠᠷ ᠬᠦᠷᠬᠡᠵᠣ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠠᠳᠤ ᠴᠢᠩᠭ᠎ᠠ ᠮᠡᠷᠭᠡᠵᠢᠯ ᠤᠨ ᠳᠡᠮᠵᠢᠯᠭᠡ ᠬᠠᠩᠭᠠᠨ᠎ᠠ᠃      ᠬᠤᠰᠢᠭᠤ ᠲᠤᠭᠤᠷᠢᠭ ᠤᠨ ᠱᠠᠳᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠤᠰᠢᠭᠤ ᠲᠤᠭᠤᠷᠢᠭ ᠤᠨ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠶ ᠪᠠᠶᠢᠭᠤᠯᠤᠮᠵᠢ ᠪᠦᠬᠦᠨ ᠪᠦᠬᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ ᠲᠠᠢ ᠪᠠᠶᠢᠵᠣ᠂ ᠲᠤᠷᠰᠢᠯᠲᠠ ᠶᠢᠨ ᠲᠠᠰᠤᠭ ᠤᠨ ᠰᠠᠭᠤᠷᠢ ᠲᠥᠬᠦᠭᠡᠷᠦᠮᠵᠢ᠂ ᠪᠠᠶᠢᠴᠠᠭᠠᠨ ᠰᠢᠯᠭᠠᠬᠤ ᠲᠤᠨᠤᠭ ᠲᠥᠬᠦᠭᠡᠷᠦᠮᠵᠢ ᠪᠠ ᠠᠵᠢᠯᠲᠠᠨ ᠤ ᠮᠡᠷᠭᠡᠵᠢᠯ ᠵᠡᠷᠭᠡ ᠭᠤᠷᠪᠠᠨ ᠲᠠᠯ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠳᠤ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠤᠨ ᠲᠤᠷᠰᠢᠯᠳᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠭᠤᠤᠯᠳᠠᠯᠭ᠎ᠠ ᠨᠢ ᠪᠤᠶᠢᠳᠠ ᠪᠥᠭᠯᠡᠭᠦᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠪᠠᠶᠢᠬᠤ ᠪᠣᠯᠬᠤᠷ ᠠᠵᠢᠯ ᠤᠨ ᠲᠠᠷᠤᠭᠠᠰᠤ ᠬᠦᠨᠳᠤ ᠪᠠᠶᠢᠳᠠᠭ ᠶᠤᠮ᠃ ᠬᠤᠯᠤᠭᠠᠨ᠎ᠠ ᠶᠢᠨ ᠬᠢᠵᠢᠭ ᠨᠢ ᠬᠦᠨᠳᠦ ᠲᠤᠰᠳᠠᠭ ᠰᠢᠷᠦᠭᠦᠨ ᠴᠢᠨᠠᠷᠲᠠᠢ ᠬᠠᠯᠳᠠᠪᠤᠷᠢᠲᠤ ᠡᠪᠡᠳᠴᠢᠨ ᠳᠤ ᠪᠠᠭᠲᠠᠨ᠎ᠠ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠳᠠᠨ ᠪᠠᠰᠠ ᠠᠮᠢᠳᠤ ᠪᠣᠳᠠᠰ ᠤᠨ ᠠᠮᠤᠷ ᠲᠦᠪᠰᠢᠨ ᠤ ᠲᠡᠬᠡᠳᠤ ᠬᠡᠮᠵᠢᠶᠡᠨ ᠤ ᠰᠦᠷᠳᠡᠭᠦᠯᠦᠯ ᠳᠤ ᠲᠤᠯᠭᠠᠷᠠᠵᠤ ᠪᠠᠶᠢᠭ᠎ᠠ ᠪᠣᠯᠬᠤᠷ ᠡᠯ᠎ᠡ ᠭᠠᠵᠠᠷ ᠣᠷᠣᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠠᠵᠢᠯᠳᠠᠨ ᠤ ᠴᠠᠯᠢᠩ ᠠᠰᠠᠷᠠᠮᠵᠢ ᠬᠠᠷᠠᠭᠠᠯᠵᠠᠯ ᠢ ᠪᠠᠲᠤᠯᠠᠵᠤ᠂ ᠲᠦᠷ ᠴᠠᠭ ᠤᠨ ᠴᠢᠨᠠᠷᠲᠠᠶ ᠠᠵᠢᠯ ᠤᠨ ᠨᠥᠬᠦᠪᠥᠷᠢ ᠵᠡᠷᠭᠡ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠣᠯᠭᠤᠬᠤ ᠶᠢᠨ ᠬᠠᠮᠲᠤ ᠮᠡᠷᠭᠡᠵᠢᠯ ᠤᠨ ᠴᠣᠯᠠ ᠶᠢ ᠤᠷᠢᠨ ᠲᠣᠮᠢᠯᠠᠬᠤ ᠲᠠᠯ᠎ᠠ ᠪᠠᠷ ᠬᠡᠯᠪᠠᠶᠢᠯᠭᠡᠨ᠎ᠡ᠃      ︵ᠬᠤᠶᠠᠷ︶ ᠠᠮᠢᠲᠠᠨ ᠪᠠ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠶᠢ ᠴᠢᠩᠭᠠᠳᠬᠠᠨ᠎ᠠ      ᠬᠤᠲᠠ᠂ ᠬᠤᠰᠢᠭᠤ᠂ ᠰᠤᠮᠤ ︵ᠰᠢᠶᠠᠩ᠂ ᠪᠠᠯᠭᠠᠰᠤ︶᠂ ᠲᠣᠰᠬᠤᠨ ︵ᠭᠠᠴᠠᠭ᠎ᠠ︶᠎ ᠤ ᠲᠦᠷᠪᠡᠨ ᠱᠠᠲᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠪᠦᠬᠦ ᠤᠯᠤᠰ ᠤᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠥᠰᠦᠯ︾ ᠪᠠ ︽ᠥᠪᠥᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ ᠬᠢᠨᠠᠨ ᠬᠡᠮᠵᠢᠬᠦ‍ ᠴᠢᠭ ᠢ ᠵᠦᠶ ᠵᠣᠬᠢᠰᠲᠠᠶ ᠲᠣᠬᠢᠷᠠᠭᠤᠯᠵᠤ᠂ ᠬᠢᠨᠠᠨ ᠬᠡᠮᠵᠢᠬᠦ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠵᠦ᠂ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠢᠳᠡᠪᠬᠢᠲᠡᠶ ᠪᠠᠷ ᠦᠷᠨᠢᠭᠦᠯᠦᠨ᠎ᠡ᠃ ᠵᠢᠯᠣᠭᠤᠴᠢ ᠦᠭᠡᠢ ᠨᠢᠰᠬᠡᠯ ᠢ ᠬᠡᠷᠡᠭᠯᠡᠨ ᠬᠢᠵᠢᠭ ᠤᠨ ᠡᠭᠦᠰᠦᠯ ᠤᠨ ᠭᠠᠵᠠᠷ ᠲᠤ ᠪᠠᠶᠢᠴᠠᠭᠠᠯᠲᠠ ᠬᠢᠬᠦ ᠶᠢ ᠠᠭᠠᠵᠢᠮ ᠢᠶᠠᠷ ᠳᠡᠯᠭᠡᠷᠡᠭᠦᠯᠵᠦ᠂ ᠬᠤᠯᠤᠭᠠᠨ᠎ᠠ ᠶᠢᠨ ᠬᠢᠵᠢᠭ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠵᠡᠷᠭᠡ ᠰᠢᠨ᠎ᠡ ᠮᠡᠷᠭᠡᠵᠢᠯ ᠢ ᠦᠷᠨᠢᠭᠦᠯᠵᠣ᠂ ᠬᠢᠨᠠᠨ ᠬᠡᠮᠵᠢᠬᠦ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠲᠠᠰᠤᠷᠠᠯᠲᠠ ᠤᠢᠭᠡᠢ ᠲᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠡᠭᠦᠳᠡᠨ ᠡᠮᠨᠡᠯᠭᠡ᠂ ᠲᠦᠷᠭᠡᠨ ᠡᠮᠨᠡᠯᠬᠡ ᠵᠢᠴᠢ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠯᠠᠩᠭᠤᠶ᠎ᠠ ᠦᠨᠳᠦᠰᠦᠨ ᠱᠠᠲᠤᠨ ᠤ ᠡᠮᠨᠡᠯᠬᠡ ᠶᠢᠨ ᠪᠠᠶᠢᠭᠤᠯᠤᠮᠵᠢ ᠨᠢ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ︽ᠬᠠᠷᠠᠭᠤᠯ ᠤᠨ ᠴᠢᠭ ︾᠎ ᠤᠨ ᠣᠶᠢᠯᠡᠳᠤᠯ ᠢ ᠦᠨᠡᠨᠬᠦ ᠪᠠᠳᠠᠷᠠᠭᠤᠯᠵᠤ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠪᠠᠶᠢᠴᠠᠭᠠᠬᠤ ᠪᠠ ᠮᠡᠳᠡᠭᠦᠯᠬᠦ ᠪᠠᠨ ᠴᠢᠩᠭᠠᠳᠬᠠᠵᠣ᠂ ᠡᠮᠨᠡᠯᠭᠡ ᠶᠢᠨ ᠠᠵᠢᠯᠲᠠᠨ ᠤ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠢ ᠢᠯᠭᠠᠨ ᠲᠠᠨᠢᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠲᠡᠭᠡᠭᠰᠢᠯᠡᠭᠦᠯᠦᠨ᠎ᠡ᠃      ︵ᠭᠤᠷᠪᠠ︶ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠲᠤᠰᠬᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ      ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠲᠣᠨᠤᠭ ᠲᠥᠬᠦᠭᠡᠷᠦᠮᠵᠢ ᠪᠣᠯᠤᠨ ᠡᠳ᠋ ᠪᠤᠳᠠᠰ ᠤᠨ ᠨᠦᠬᠡᠴᠡ ᠶᠢ ᠵᠢᠷᠤᠮᠵᠢᠭᠤᠯᠤᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠤᠶᠤ ᠬᠤᠯᠤᠭᠠᠨ᠎ᠠ ᠶᠢᠨ ᠬᠢᠵᠢᠭ ᠎ ᠢ ᠰᠡᠷᠭᠡᠶᠢᠯᠡᠨ ᠵᠠᠰᠠᠬᠤ ᠲᠤᠰᠬᠠᠶ ᠪᠠᠶᠢᠭᠤᠯᠤᠮᠵᠢ ᠶᠢᠨ ᠰᠠᠭᠤᠷᠢ ᠲᠦᠭᠦᠭᠡᠷᠤᠮᠵᠢ ᠪᠣᠯᠤᠨ ᠲᠤᠷᠰᠢᠯᠲᠠ ᠶᠢᠨ ᠲᠠᠰᠤᠭ ᠤᠨ ᠲᠤᠨᠤᠭ ᠲᠦᠭᠦᠭᠡᠷᠤᠮᠵᠢ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠷᠠᠭᠤᠯᠵᠤ᠂ ᠮᠡᠷᠭᠡᠵᠢᠯ ᠤᠨ ᠨᠥᠭᠡᠴᠡ ᠶᠢ ᠳᠡᠭᠡᠭᠰᠢᠯᠡᠭᠦᠯᠦᠨ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠠᠬᠤᠢ ᠲᠠᠯᠠᠪᠠᠢ ᠳᠤᠨᠢ ᠰᠢᠢᠳᠪᠦᠷᠢᠯᠡᠬᠦ ᠪᠠ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ︵ᠲᠣᠭᠤᠷᠢᠭ︶ ᠵᠢᠯ ᠪᠦᠷᠢ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠶᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠲᠤᠰᠬᠠᠯ ᠤᠨ ᠬᠢᠷᠢ ᠬᠡᠮᠵᠢᠶ᠎ᠡ ᠪᠣᠯᠤᠨ ᠴᠢᠳᠠᠪᠤᠷᠢ ᠶᠢ ᠲᠡᠭᠡᠭᠰᠢᠯᠡᠭᠦᠯᠦᠨ᠎ᠡ᠃      ︵ᠳᠥᠷᠪᠡ︶ ᠡᠮ ᠡᠮᠨᠡᠯᠭᠡ ᠶᠢᠨ ᠡᠮᠨᠡᠨ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠨᠡᠳᠲᠡ ᠶᠢᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠡᠮᠨᠡᠨ ᠠᠪᠤᠷᠠᠬᠤ ᠴᠢᠳᠠᠪᠦᠷᠢ ᠪᠠᠨ ᠲᠡᠭᠡᠭᠰᠢᠯᠡᠭᠦᠯᠦᠨ᠎ᠡ᠃ ᠬᠤᠲᠠ ᠬᠤᠰᠢᠭᠤ ᠶᠢᠨ ᠬᠤᠶᠠᠷ ᠱᠠᠲᠤᠨ ᠤ ᠬᠤᠯᠤᠭᠠᠨ᠎ᠠ ᠶᠢᠨ ᠬᠢᠵᠢᠭ ᠤᠨ ᠲᠣᠭᠲᠠᠭᠰᠠᠨ ᠡᠮᠨᠡᠯᠬᠡ ᠶᠢᠨ ᠪᠠᠶᠢᠭᠤᠯᠤᠮᠵᠢ ᠨᠢ ᠬᠤᠯᠤᠭᠠᠨ᠎ᠠ ᠶᠢᠨ ᠬᠢᠵᠢᠭ ᠤᠨ ᠡᠪᠡᠳᠴᠢᠨ ᠡᠭᠦᠰᠭᠡᠭᠴᠢ ᠶᠢ ᠲᠦᠷᠭᠡᠨ ᠎ ᠢᠶᠠᠷ ᠰᠢᠭᠰᠢᠨ ᠪᠠᠶᠢᠴᠠᠭᠠᠬᠤ ᠴᠢᠳᠠᠪᠤᠷᠢ ᠲᠠᠢ ᠪᠠᠶᠢᠵᠣ᠂ ᠡᠮᠴᠢᠯᠡᠭᠡᠨ ᠤ ᠡᠮᠨᠡᠨ ᠠᠪᠤᠷᠠᠬᠤ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ ᠰᠡᠷᠭᠡᠶᠢᠯᠡᠨ ᠬᠠᠮᠠᠭᠠᠯᠠᠬᠤ ᠴᠤᠪᠤᠷᠠᠯ ᠎ ᠢ ᠵᠢᠷᠤᠮᠵᠢᠭᠤᠯᠵᠤ᠂ ᠰᠥᠭᠡᠷᠭᠦ ᠳᠠᠷᠤᠯᠲᠠᠲᠤ ᠡᠪᠡᠳᠴᠢᠲᠡᠨ ᠤ ᠥᠷᠥᠭᠡ ᠪᠠ ᠰᠥᠭᠡᠷᠭᠦ ᠲᠠᠷᠤᠯᠳᠠᠳᠤ ᠲᠤᠷᠰᠢᠯᠲᠠ ᠶᠢᠨ ᠲᠠᠰᠤᠭ ᠢ ᠦᠬᠡᠷᠡᠴᠢᠯᠠᠨ ᠪᠠᠶᠢᠭᠤᠯᠵᠤ᠂ ᠵᠣᠬᠢᠬᠤ ᠬᠡᠮᠵᠢᠶᠡᠨ ᠤ ᠲᠤᠨᠤᠭ ᠲᠥᠬᠦᠭᠡᠷᠦᠮᠵᠢ ᠲᠣᠬᠢᠷᠠᠭᠤᠯᠵᠤ᠂ ᠲᠡᠭᠦᠨ ᠢ ᠥᠨᠳᠥᠷ ᠬᠢᠷᠢ ᠬᠡᠮᠵᠢᠶᠡᠨ ᠤ ᠶᠡᠷᠦᠩᠬᠡᠶᠢᠯᠡᠨ ᠡᠮᠨᠡᠨ ᠠᠪᠤᠷᠠᠬᠤ ᠴᠢᠳᠠᠪᠤᠷᠢ ᠪᠣᠯᠤᠨ ᠠᠮᠢᠳᠤ ᠪᠣᠳᠠᠰ ᠤᠨ ᠠᠮᠦᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠨᠥᠬᠦᠴᠡᠯ ᠲᠠᠢ ᠪᠣᠯᠭᠠᠵᠤ᠂ ᠬᠤᠯᠤᠭᠠᠨ᠎ᠠ ᠶᠢᠨ ᠬᠢᠵᠢᠭ ᠤᠨ ᠡᠪᠡᠳᠴᠢᠨ ᠤ ᠵᠢᠱᠢᠶ᠎ᠡ ᠶᠢ ᠣᠶᠢᠷ᠎ᠠ ᠬᠠᠪᠢ ᠳᠤᠨᠢ ᠲᠤᠬᠠᠶ ᠶᠢᠨ ᠭᠠᠵᠠᠷ ᠲᠤᠨᠢ ᠡᠮᠨᠡᠨ ᠵᠠᠰᠠᠬᠤ ᠶᠢ ᠦᠨᠡᠨᠬᠦ ᠪᠡᠶᠡᠯᠡᠭᠦᠯᠦᠨ᠎ᠡ᠃ ᠡᠮᠨᠡᠯᠬᠡ ᠶᠢᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠬᠠᠯᠠᠭᠤᠷᠠᠭᠰᠠᠨ ᠡᠪᠡᠳᠴᠢᠲᠡᠨ ᠢ ᠪᠠᠶᠢᠴᠠᠭᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠬᠠᠷᠢᠶ᠎ᠠ ᠤᠷᠤᠨ ᠎ ᠳᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠡᠮᠨᠡᠯᠬᠡ ᠶᠢᠨ ᠪᠠᠶᠢᠭᠤᠯᠤᠮᠵᠢ᠂ ᠡᠮᠨᠡᠯᠬᠡ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠡᠮᠨᠡᠯᠭᠡ ᠶᠢᠨ ᠠᠵᠢᠯᠲᠠᠨ ᠲᠠᠢ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠬᠤ ᠶᠢᠨ ᠬᠠᠮᠲᠤ ᠡᠮᠨᠡᠯᠬᠡ ᠶᠢᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠤᠷᠤᠭᠤᠯᠤᠨ᠎ᠠ᠃      ︵ᠲᠠᠪᠤ︶ ᠡᠮᠨᠡᠬᠦ ᠪᠠ ᠰᠡᠷᠭᠡᠶᠢᠯᠡᠬᠦ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠴᠢᠩᠭᠠᠷᠠᠭᠤᠯᠤᠨ᠎ᠠ      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠳᠣᠲᠣᠭᠠᠳᠤ ᠳᠤ ᠬᠤᠯᠤᠭᠠᠨ᠎ᠠ ᠶᠢᠨ ᠬᠢᠵᠢᠭ ᠢ ᠡᠮᠨᠡᠬᠦ ᠪᠠ ᠰᠡᠷᠭᠡᠶᠢᠯᠡᠬᠦ ᠶᠢ ᠤᠶᠠᠯᠳᠤᠭᠤᠯᠤᠭᠰᠠᠨ ᠨᠢᠭᠲᠠ ᠬᠠᠮᠵᠢᠯᠴᠠᠬᠤ ᠵᠠᠭᠪᠤᠷ ᠢ ᠪᠠᠶᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠮ ᠡᠮᠨᠡᠯᠭᠡ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠠᠵᠢᠯ ᠤᠨ ᠲᠣᠭᠲᠠᠴᠠ ᠶᠢ ᠴᠢᠩᠭᠠᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠤᠭᠤᠳ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠡᠮᠨᠡᠯᠬᠡ ᠶᠢᠨ ᠪᠠᠶᠢᠭᠤᠯᠤᠮᠵᠢ ᠳᠤ ᠨᠡᠶᠢᠲᠡᠯᠡᠵᠦ᠂ ᠡᠮᠨᠡᠯᠭᠡ ᠶᠢᠨ ᠠᠵᠢᠯᠲᠠᠨ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠬᠤᠯᠪᠤᠭᠳᠠᠯ ᠪᠦᠬᠦᠢ ᠮᠡᠳᠡᠯᠭᠡ ᠬᠢᠭᠡᠳ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠢ ᠦᠷᠨᠢᠭᠦᠯᠦᠨ᠎ᠡ᠃ ᠡᠮᠨᠡᠯᠬᠡ ᠶᠢᠨ ᠪᠠᠶᠢᠭᠤᠯᠤᠮᠵᠢ ᠨᠤᠭᠤᠳ ᠢᠳᠡᠪᠬᠢᠲᠡᠶ ᠪᠠᠷ ᠠᠵᠢᠯ ᠬᠢᠵᠦ᠂ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠦᠷᠨᠢᠭᠦᠯᠦᠨ᠎ᠡ᠃ ᠲᠤᠰ ᠨᠢᠭᠡᠴᠡ ᠶᠢᠨ ᠬᠥᠮᠦᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠭᠴᠢ ᠲᠣᠬᠢᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠯᠤᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠲᠤᠰ ᠭᠠᠵᠠᠷ ᠣᠷᠣᠨ ᠤ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠨ ᠤ ᠵᠢᠱᠢᠶ᠎ᠡ ᠶᠢ ᠣᠯᠵᠤ ᠮᠡᠳᠡᠪᠡᠯ᠂ ᠲᠣᠭᠲᠠᠭᠠᠯ ᠶᠣᠰᠣᠭᠠᠷ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠦᠯᠦᠨ᠎ᠡ᠃ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠨᠤᠭᠤᠳ ᠨᠢ ᠡᠯ᠎ᠡ ᠱᠠᠲᠤᠨ ᠤ ᠡᠯ᠎ᠡ ᠲᠥᠷᠥᠯ ᠤᠨ ᠡᠮᠨᠡᠯᠬᠡ ᠶᠢᠨ ᠪᠠᠶᠢᠭᠤᠯᠤᠮᠵᠢ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠴᠠᠭ ᠲᠤᠬᠠᠢ ᠳᠤᠨᠢ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠡᠯ᠎ᠡ ᠵᠤᠶᠢᠯ ᠤᠨ ᠰᠡᠷᠭᠡᠶᠢᠯᠡᠨ ᠬᠢᠵᠠᠭᠠᠷᠯᠠᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃      ︵ᠵᠢᠷᠭᠤᠭ᠎ᠠ︶ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠤᠨ ᠲᠣᠭᠲᠠᠴᠠ ᠶᠢ ᠴᠢᠩᠭᠠᠷᠠᠭᠤᠯᠤᠨ᠎ᠠ      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠮᠲᠤᠷᠠᠭᠰᠠᠨ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠤᠷᠢ ᠶᠢ ᠴᠢᠨᠠᠭᠰᠢᠳᠠ ᠲᠣᠳᠣᠷᠬᠠᠶᠢᠯᠠᠵᠤ᠂ ᠡᠭᠦᠷᠬᠡ ᠬᠠᠷᠢᠭᠤᠴᠠᠯᠭ᠎ᠠ ᠡᠭᠦᠷᠭᠡ ᠴᠢᠳᠠᠪᠬᠢ ᠶᠢᠨ ᠶᠣᠰᠣᠭᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠲᠤᠮᠳᠠᠬᠢ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠭ᠎ᠠ ᠠᠴᠠ ᠪᠠᠨ ᠰᠤᠳᠤᠯᠵᠤ᠂ ᠡᠯ᠎ᠡ ᠪᠦᠷᠢᠯᠳᠦᠬᠦᠨ ᠨᠢᠭᠡᠴᠡ ᠨᠦᠭᠦᠳ ᠲᠤᠰ ᠨᠢᠭᠡᠴᠡ ᠶᠢᠨ ᠠᠵᠢᠯ ᠲᠠᠢ ᠪᠠᠨ ᠬᠠᠮᠲᠤ ᠳᠤᠨᠢ ᠲᠥᠯᠥᠪᠵᠢᠭᠦᠯᠵᠦ᠂ ᠰᠤᠳᠤᠯᠵᠤ᠂ ᠪᠠᠶᠢᠷᠢᠯᠠᠭᠤᠯᠵᠤ᠂ ᠨᠠᠶᠢᠳᠠᠪᠦᠷᠢᠵᠢᠭᠤᠯᠵᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ᠂ ᠨᠢᠭᠲᠠ  ᠬᠠᠮᠵᠢᠯᠴᠠᠬᠤ᠂ ᠬᠠᠷᠢᠯᠴᠠᠨ ᠳᠡᠮᠵᠢᠬᠦ ᠬᠠᠮᠳᠤᠷᠠᠨ ᠰᠡᠷᠭᠡᠶᠢᠯᠡᠵᠦ ᠬᠠᠮᠳᠤᠷᠠᠨ ᠬᠢᠵᠠᠭᠠᠷᠯᠠᠬᠤ ᠠᠵᠢᠯ ᠤᠨ ᠪᠦᠲᠦᠴᠡ ᠶᠢ ᠪᠤᠶ ᠪᠣᠯᠭᠠᠨ᠎ᠠ᠃      ︵ᠳᠣᠯᠤᠭ᠎ᠠ︶ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠠᠵᠢᠯ ᠤᠨ ᠲᠣᠭᠲᠠᠴᠠ ᠶᠢ  ᠪᠠᠶᠢᠭᠤᠯᠤᠨ᠎ᠠ      ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠢᠶᠠᠷ ᠦᠨᠳᠦᠰᠦᠨ ᠨᠢᠭᠡᠴᠡ ᠪᠣᠯᠭᠠᠵᠤ᠂ ᠲᠣᠤᠷᠵᠢᠭᠤᠯᠤᠭᠰᠠᠨ ᠂ ᠪᠦᠬᠦᠨ ᠢ ᠬᠠᠮᠤᠷᠠᠭᠰᠠᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠶ᠎ᠠ ᠤᠷᠤᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠨᠢᠭᠡᠴᠡ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢ ᠲᠤᠤᠷᠵᠢᠭᠤᠯᠤᠭᠰᠠᠨ ᠬᠠᠮᠢᠶᠠᠷᠤᠯᠳᠠ ᠎ ᠲᠠᠢ ᠨᠢᠭᠡᠴᠡ ᠨᠢᠭᠡᠪᠦᠷᠢ ᠳᠤ ᠬᠦᠷᠲᠡᠯ᠎ᠡ ᠨᠠᠶᠢᠳᠠᠪᠦᠷᠢᠵᠢᠭᠤᠯᠵᠤ᠂ ᠬᠤᠰᠢᠭᠤ ᠲᠣᠭᠤᠷᠢᠭ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠡᠷᠦᠬᠡ ᠳᠤ ᠬᠦᠷᠲᠡᠯ᠎ᠡ ︵ᠨᠢᠬᠡᠴᠢ︶ ᠨᠠᠶᠢᠳᠠᠪᠦᠷᠢᠵᠢᠭᠤᠯᠵᠤ᠂ ᠡᠭᠦᠨ ᠤ ᠬᠠᠮᠳᠤ ᠬᠠᠷᠢᠶ᠎ᠠ ᠣᠷᠣᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠦᠲᠦᠴᠡ ᠶᠢ ᠪᠤᠶ ᠪᠣᠯᠭᠠᠨ᠎ᠠ᠃      ︵ᠨᠠᠢᠮᠠ︶ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠡᠷᠴᠢᠮ ᠎ ᠢ ᠴᠢᠩᠭᠠᠷᠠᠭᠤᠯᠵᠤ᠂ ᠣᠯᠠᠨ ᠵᠤᠶᠢᠯ ᠤᠨ ᠠᠷᠭ᠎ᠠ ᠵᠠᠮ ᠪᠣᠯᠤᠨ ᠬᠡᠯᠪᠡᠷᠢ ᠪᠠᠷ ᠲᠠᠮᠵᠢᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠮᠡᠳᠡᠬᠦ ᠨᠣᠷᠮ᠎ᠠ ᠶᠢ ᠲᠡᠭᠡᠭᠰᠢᠯᠡᠭᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠠᠵᠢᠯ ᠢ ᠢᠳᠡᠪᠬᠢᠲᠡᠶ ᠥᠷᠨᠢᠭᠦᠯᠵᠦ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠨᠡᠶᠢᠭᠡᠮ ᠤᠨ ᠬᠠᠯᠠᠮᠰᠢᠯ ᠠᠰᠠᠭᠤᠳᠠᠯ ᠪᠣᠯᠤᠨ ᠣᠯᠠᠨ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠴᠣ᠂ ᠰᠦᠯᠵᠢᠶᠡᠨ ᠳᠡᠭᠡᠷᠡᠬᠢ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠲᠤᠳᠤᠷᠬᠠᠶᠢᠯᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠦᠭᠰᠢᠭᠦᠷᠢ ᠶᠢ ᠣᠶᠢᠯᠠᠭᠠᠯᠴᠠᠨ ᠮᠡᠳᠡᠯᠴᠡᠬᠦ ᠠᠵᠢᠯ ᠢ ᠰᠠᠶᠢᠲᠤᠷ ᠬᠢᠨ᠎ᠡ᠃ ᠬᠢᠵᠢᠭ ᠤᠨ ᠡᠭᠦᠰᠦᠯ ᠤᠨ ᠭᠠᠵᠠᠷ ᠣᠷᠣᠨ ᠤ ᠰᠠᠭᠤᠭᠠᠯᠢ ᠠᠷᠠᠳ ᠪᠠ ᠨᠡᠭᠦᠳᠡᠯ ᠬᠥᠮᠦᠰ᠂ ᠢᠯᠠᠩᠭᠤᠶ᠎ᠠ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠳᠤ ︽ᠭᠤᠷᠪᠠ ᠦᠭᠡᠶ ᠭᠤᠷᠪᠠ ᠮᠡᠳᠡᠭᠦᠯᠬᠦ︾᠎ ᠶᠢ ᠤᠬᠠᠭᠤᠯᠵᠤ᠂ ᠣᠯᠠᠨ ᠲᠦᠮᠡᠨ ᠤ ᠥᠪᠡᠷ ᠪᠠᠨ ᠰᠡᠷᠭᠡᠶᠢᠯᠡᠬᠦ ᠤᠬᠠᠮᠰᠠᠷ ᠢ ᠲᠡᠭᠡᠭᠰᠢᠯᠡᠭᠦᠯᠦᠨ᠎ᠡ᠃      ︵ᠶᠢᠰᠦ︶ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠲᠠ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠭᠤᠷᠪᠠᠨ ᠱᠠᠲᠤᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠡᠭᠦᠷᠭᠡ ᠴᠢᠳᠠᠪᠦᠷᠢ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠣ᠂ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠠᠵᠢᠯᠲᠠᠨ ᠢ ᠭᠦᠢᠴᠡᠳ ᠲᠣᠬᠢᠷᠠᠭᠤᠯᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠥᠬᠦᠭᠡᠷᠦᠮᠵᠢ ᠶᠢ ᠭᠦᠢᠴᠡᠳ ᠲᠣᠬᠢᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠪᠡᠯᠡ ᠮᠦᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠠᠵᠢᠯ ᠢ ᠬᠡᠪ ᠤᠨ ᠶᠣᠰᠣᠭᠠᠷ ᠦᠷᠨᠢᠭᠦᠯᠬᠦ ᠶᠢ ᠪᠠᠲᠤᠯᠠᠨ᠎ᠠ᠃      ︵ᠠᠷᠪᠠ︶ ᠰᠠᠶᠢᠰᠢᠶᠠᠨ ᠬᠦᠬᠢᠭᠦᠯᠬᠦ ᠶᠢ ᠬᠡᠷᠡᠭᠵᠢᠭᠦᠯᠦᠨ᠎ᠡ      ᠬᠢᠵᠢᠭ ᠤᠨ ᠪᠠᠶᠢᠳᠠᠯ ᠢ ᠰᠢᠢᠳᠪᠦᠷᠢᠯᠡᠵᠣ ᠲᠠᠭᠤᠰᠬᠠᠭᠰᠠᠨ ᠤ ᠳᠠᠷᠠᠭ᠎ᠠ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠪᠡᠶᠡᠯᠡᠭᠦᠯᠦᠭᠰᠡᠨ ᠭᠠᠵᠠᠷ ᠣᠷᠣᠨ᠂ ᠨᠢᠭᠡᠴᠡ ᠪᠣᠯᠤᠨ ᠬᠤᠪᠢ ᠬᠥᠮᠦᠨ ᠢ ᠰᠠᠶᠢᠰᠢᠶᠠᠨ ᠬᠦᠬᠢᠭᠦᠯᠦᠨ᠎ᠡ᠃      ᠨᠠᠢᠮᠠ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠪᠠ ᠨᠥᠬᠦᠪᠥᠷᠢᠯᠡᠬᠦ      ᠲᠣᠰ ᠪᠡᠯᠡᠳᠬᠡᠯ ᠲᠥᠰᠦᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢᠨ ᠬᠠᠮᠲᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠬᠤᠪᠢᠷᠠᠯᠳᠠ ᠪᠣᠯᠤᠨ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠠ ᠨᠥᠬᠦᠪᠥᠷᠢᠯᠡᠨ᠎ᠡ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠴᠣ᠋ ᠲᠤᠰ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠤᠭᠳᠠᠭᠠᠨ᠎ᠠ᠃      ᠲᠤᠰ ᠪᠡᠯᠡᠳᠬᠡᠯ ᠲᠥᠰᠦᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠠᠷᠢᠭᠤᠴᠠᠨ ᠲᠠᠶᠢᠯᠪᠤᠷᠢᠯᠠᠨ᠎ᠠ᠂ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ︹2019 ︺ 63 ᠳ᠋ᠤᠭᠠᠷ ᠲᠣᠭᠠᠲᠤ︶᠎ ᠢ ᠬᠠᠮᠲᠤ ᠳᠤᠨᠢ ᠬᠦᠴᠦᠨ ᠦᠭᠡᠶ ᠪᠣᠯᠭᠠᠨ᠎ᠠ᠃
 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号