ᠤᠳᠬ᠎ᠠ ᠲᠡᠬᠦᠯᠳᠡᠷ ᠠᠩᠬᠢ ᠶᠢᠨ ᠠᠵᠢᠯᠯᠠᠭ᠎ᠠ ᠤᠯᠠᠨ ᠳᠤ ᠲᠠᠭᠠᠯᠠᠬᠳᠠᠯ᠎ᠠ
ᠨᠡᠶᠢᠲᠡᠯᠡᠭᠰᠡᠨ ᠴᠠᠭ᠄
2021/1/10
     ᠤᠢᠢᠷ᠎ᠡ ᠶᠢᠨ ᠡᠳᠤᠷ᠂ ᠡᠵᠡᠨ ᠬᠤᠷᠤᠭ᠎ᠠ ᠬᠤᠰᠢᠭᠤᠨ ᠤ ᠮᠤᠩᠭᠤᠯ ᠥᠨᠳᠦᠰᠦᠲᠡᠨ ᠤ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠥ ᠠᠩᠬᠢ ᠶᠢᠨ ᠪᠠᠭᠰᠢ ᠰᠤᠷᠤᠭᠴᠢ᠂ ᠬᠡᠷ ᠤᠨ ᠠᠬᠠᠮᠠᠳ ᠤᠨ ᠬᠠᠮᠲᠤᠷᠠᠭᠰᠠᠨ ︽ᠬᠠᠶᠢᠷ᠎ᠡ ᠶᠢᠨ ᠡᠰᠡᠨᠢᠯ︾ ᠭᠤᠤᠯ ᠰᠡᠳᠤᠪᠲᠦ ᠠᠩᠬᠢ ᠶᠢᠨ ᠠᠵᠢᠯᠯᠠᠭ᠎ᠠ ᠨᠢ ᠬᠡᠤᠬᠡᠳ ᠪᠠᠭᠠᠴᠤᠳ ᠤᠨ ᠪᠠᠶᠠᠷ ᠤᠨ ᠢᠨᠢᠶᠡᠲᠦ ᠶᠢᠨ ᠳᠠᠭᠤᠨ ᠳᠤ ᠬᠦᠷ ᠬᠦᠭᠵᠢᠶᠡᠨ ᠲᠠᠢ ᠶᠠᠪᠤᠭᠳᠠᠯ᠎ᠡ᠃      ᠡᠨᠡ ᠤᠳᠠᠭᠠᠨ ᠤ ᠭᠤᠤᠯ ᠰᠡᠳᠤᠪᠲᠦ ᠠᠩᠬᠢ ᠶᠢᠨ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠲᠤᠭᠯᠠᠯᠲᠠ ᠶᠢᠨ ᠲᠦᠷᠦᠯ ᠵᠦᠢᠯ ᠨᠢ ᠤᠯᠠᠨ ᠪᠠᠶᠢᠵᠦ᠂ ᠥᠷᠭᠡᠨ ᠤᠯᠠᠨ ᠬᠡᠷ ᠤᠨ ᠠᠬᠠᠮᠠᠳ ᠤᠨ ᠰᠠᠶᠢᠨ ᠦᠨᠡᠯᠡᠯᠲᠡ ᠶᠢ ᠤᠯᠤᠭᠰᠠᠨ ᠪᠠᠶᠢᠨ᠎ᠡ᠃ ᠡᠬᠦᠨ ᠳᠤ ᠪᠠᠭᠰᠢ ᠰᠤᠷᠤᠭᠴᠢ᠂ ᠬᠡᠷ ᠤᠨ ᠠᠬᠠᠮᠠᠳ ᠤᠨ ᠬᠠᠶᠢᠷ᠎ᠡ ᠪᠠᠨ ᠢᠯᠡᠷᠡᠬᠦᠯᠦᠭᠰᠡᠨ ᠭᠤᠴᠤ ᠰᠠᠶᠢᠬᠠᠨ ᠲᠤᠭᠯᠠᠯᠲᠠ ᠨᠢ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠵᠡᠢ᠃      ︽ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠬᠦᠬᠡᠷᠦᠬᠦᠨ ᠰᠤᠷᠤᠭᠴᠢᠳ ᠲᠤ ᠠᠪᠦ ᠡᠵᠢ ᠶᠢᠨ ᠬᠠᠶᠢᠷ᠎ᠡ᠂ ᠪᠠᠭᠰᠢ ᠶᠢᠨ ᠬᠠᠶᠢᠷ᠎ᠡ ᠶᠢ ᠨᠡᠩ ᠭᠥᠨᠵᠡᠭᠡᠢ ᠤᠢᠢᠯᠠᠭᠠᠭᠤᠯᠬᠤ ᠶᠢᠨ ᠲᠠᠭᠠᠤ ᠥᠷᠭᠡᠨ ᠤᠯᠠᠨ ᠬᠡᠷ ᠤᠨ ᠠᠬᠠᠮᠠᠳ ᠥᠷ᠎ᠡ ᠬᠡᠤᠬᠡᠳ ᠤᠨ ᠢᠶᠠᠨ ᠦᠰᠦᠨ ᠪᠤᠶᠢᠵᠢᠯᠲᠠ ᠳᠤ ᠨᠡᠩ ᠢᠯᠡᠬᠦᠦ ᠰᠡᠳᠬᠢᠯ ᠲᠠᠯᠪᠢᠵᠤ ᠨᠢᠮᠪᠠᠢ ᠬᠠᠨᠳᠤᠬᠤ ᠶᠢ ᠰᠠᠨᠠᠭᠠᠴᠢᠯᠠᠭᠰᠠᠨ ᠶᠤᠮ︾ ᠭᠡᠵᠤ ᠡᠵᠡᠨ ᠬᠤᠷᠤᠭ᠎ᠠ ᠬᠤᠰᠢᠭᠤᠨ ᠤ ᠮᠤᠩᠭᠤᠯ ᠥᠨᠳᠦᠰᠦᠲᠡᠨ ᠤ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠥ ᠠᠩᠬᠢ ᠶᠢᠨ ᠪᠦᠲᠦᠭᠡᠯ ᠪᠠᠭᠰᠢ ᠶᠠᠷᠢᠯ᠎ᠡ᠃
ᠢᠷᠡᠯᠲᠡ᠄ ᠤᠷᠳᠤᠰ ᠮᠤᠩᠭᠤᠯ ᠰᠦᠯᠵᠢᠶ᠎ᠠ