ᠠᠵᠤ ᠤᠢᠢᠯᠡᠰ ᠢᠶᠠᠷ ᠳᠠᠶᠢᠴᠢᠯᠠᠬᠳᠠᠬᠰᠠᠨ ᠶᠠᠳᠠᠭᠤ ᠶᠢ ᠳᠡᠳᠬᠦᠬᠦ ᠤᠢᠢᠯᠡᠰ
ᠨᠡᠶᠢᠲᠡᠯᠡᠭᠰᠡᠨ ᠴᠠᠭ᠄
2021/1/12
     ᠳᠠᠪᠢ ᠶᠢᠨ ᠳᠠᠪᠠᠭ᠎ᠠ ᠶᠢ ᠳᠠᠪᠠᠭᠰᠠᠨ ᠾᠧ ᠵᠤᠤ ᠼᠠᠢ 2015 ᠣᠨ ᠳᠤ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠪᠠᠷ ᠳᠤᠭᠳᠠᠭᠠᠭᠳᠠᠵᠠᠢ᠃᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠡᠬᠦᠨ ᠢ ᠬᠠᠪᠰᠤᠷᠤᠨ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠪᠠ ᠠᠵᠤ ᠦᠢᠯᠡᠰ ᠢᠶᠠᠷ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢ ᠭᠤᠶᠤᠴᠢᠯᠠᠵᠤ ᠦᠭᠴᠡᠢ᠃ 2017 ᠣᠨ ᠳᠤ ᠲᠡᠷᠡ ᠦᠬᠡᠷ ᠲᠡᠵᠢᠭᠡᠬᠦ ᠲᠠᠯᠠᠪᠠᠶ ᠭᠠᠷᠭᠠᠭᠰᠠᠨ ᠪᠠᠶᠢᠨ᠎ᠠ᠃      ᠾᠧ ᠵᠣᠣ ᠼᠠᠢ ᠰᠤᠷᠪᠤᠯᠵᠢᠯᠠᠭᠴᠢ ᠳᠤ᠄ ︽ᠪᠦᠰᠡᠭᠦᠢ ᠪᠤᠯᠤᠨ ᠬᠦᠤ ᠳᠡᠭᠡᠨ ᠡᠪᠡᠳᠴᠢᠨ ᠦᠵᠡᠭᠦᠯᠥᠭᠡᠳ ᠳᠥᠷᠪᠡ ᠲᠠᠪᠤᠨ ᠵᠠᠭᠤᠨ ᠲᠦᠮᠡᠨ ᠲᠥᠭᠦᠷᠢᠭ ᠵᠠᠷᠣᠴᠠᠭᠤᠯᠵᠠᠢ᠂ 2017 ᠣᠨ ᠳᠤ ᠵᠠᠰᠠᠭ ᠤᠨ ᠣᠷᠳᠣᠨ ᠠᠴᠠ ᠨᠠᠳᠠ ᠳᠤ ᠵᠢᠭᠡᠯᠡᠯᠭᠡ ᠦᠭᠴᠦ᠂ ᠲᠥᠷᠥᠯ ᠰᠠᠳᠤᠨ ᠤ ᠬᠠᠪᠰᠤᠷᠤᠯᠭ᠎ᠠ ᠪᠠᠷ ᠦᠬᠡᠷ ᠲᠡᠵᠢᠭᠡᠵᠦ ᠡᠬᠢᠯᠡᠭᠰᠡᠨ ᠶᠤᠮ᠂ ᠤᠳᠣ 160 ᠭᠠᠷᠤᠶ ᠦᠬᠡᠷ ᠲᠡᠵᠢᠭᠡᠵᠦ ᠪᠠᠶᠢᠨ᠎ᠠ︾ ᠭᠡᠵᠦ ᠶᠠᠷᠢᠵᠤ ᠪᠠᠶᠢᠯ᠎ᠠ᠃      ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠣᠰᠬᠤᠨ ᠢ ᠲᠡᠮᠵᠢᠬᠦ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠴᠠᠭᠤᠯᠭ᠎ᠠ ᠪᠠᠷ ᠢ ᠲᠠᠢ ᠪᠦᠯᠦᠭᠯᠡᠯ ᠤᠨ ᠳ᠋ᠠ ᠳ᠋ᠢ ᠵᠢᠩ ᠨᠡᠭᠦᠷᠡᠰᠦᠨ ᠠᠭᠤᠷᠬᠠᠶ ᠲᠠᠭᠠᠭᠠᠴᠢᠯᠠᠨ ᠲᠡᠳᠬᠦᠬᠦ ᠠᠵᠢᠯ ᠥᠷᠨᠢᠭᠦᠯᠵᠦ᠂ ︽ᠲᠣᠰᠬᠤᠨ ᠤ ᠨᠠᠮ ᠤᠨ ᠡᠭᠦᠷ + ᠠᠵᠤ ᠠᠬᠤᠶᠢᠯᠠᠯ + ᠲᠣᠰᠬᠤᠨ ᠤ ᠬᠠᠮᠲᠤ ᠨᠡᠶᠢᠲᠡ + ᠮᠠᠯᠴᠢᠨ ᠲᠠᠷᠢᠶᠠᠴᠢᠨ︾᠎ ᠤ ᠬᠡᠪ ᠵᠠᠭᠪᠤᠷ ᠢ ᠠᠪᠴᠤ᠂ ᠴᠠᠭᠠᠷᠢᠭ ᠤᠨ ᠵᠤᠤ ᠲᠣᠰᠬᠤᠨ ᠤ 230 ᠡᠷᠦᠬᠡ ᠡᠷᠦᠬᠡ ᠪᠦᠷᠢ 5000 ᠲᠥᠭᠦᠷᠢᠭ ᠭᠠᠷᠭᠠᠵᠤ᠂ ᠲᠣᠰᠬᠤᠨ ᠤ ᠬᠠᠮᠲᠤ ᠨᠡᠶᠢᠲᠡ ᠵᠢᠴᠢ ᠢ ᠲᠠᠢ ᠪᠦᠯᠦᠭᠯᠡᠯ ᠤᠨ ᠵᠢᠶᠠ ᠲᠠᠢ ᠺᠣᠮᠫᠠᠨᠢ 600 ᠲᠦᠮᠡᠨ ᠲᠥᠭᠦᠷᠢᠭ ᠤᠨ ᠪᠡᠯᠡ ᠮᠥᠡᠭᠭᠦ ᠭᠠᠷᠭᠠᠨ᠂ ᠠᠭᠤᠷᠬᠠᠢ ᠶᠢᠨ ᠬᠡᠷᠡᠭᠯᠡᠭᠡᠨ ᠤ ᠲᠣᠣᠷ ᠤᠳᠠᠰᠤᠨ ᠤ ᠦᠢᠯᠡᠳᠪᠦᠷᠢ ᠶᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠣᠯᠠᠨ ᠲᠦᠮᠡᠨ ᠢ ᠳᠠᠶᠢᠴᠢᠯᠠᠨ ᠭᠡᠷ ᠤᠨ ᠡᠭᠦᠳᠡᠨ ᠳᠤᠨᠢ ᠠᠵᠢᠯ ᠤᠯᠭᠤᠭᠰᠠᠨ ᠪᠠᠶᠢᠨ᠎ᠠ᠃ ᠴᠠᠭᠠᠷᠢᠭ ᠤᠨ ᠵᠣᠤ ᠲᠣᠰᠬᠤᠨ ᠤ ᠠᠷᠠᠳ ᠶᠠᠩ ᠺᠠᠶ᠄ ︽ᠮᠠᠨ ᠤ ᠲᠣᠰᠬᠤᠨ ᠳᠤ ᠡᠷᠬᠢᠯᠡᠵᠦ ᠪᠠᠶᠢᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠡᠭᠡ ᠰᠠᠶᠢᠨ ᠪᠠᠶᠢᠨ᠎ᠠ᠃ ᠭᠡᠷ ᠤᠨ ᠡᠭᠦᠳᠡᠨ ᠳᠡᠭᠡᠨ ᠵᠣᠭᠤᠰ ᠣᠯᠵᠤ ᠲᠡᠶᠢᠯᠦᠨ᠎ᠡ︾ ᠭᠡᠵᠦ ᠪᠠᠶᠠᠷᠳᠠᠢ ᠶᠠᠷᠢᠵᠤ ᠪᠠᠶᠢᠯ᠎ᠠ᠃      2020 ᠣᠨ ᠳᠤ᠂ ᠡᠵᠡᠨ ᠬᠤᠷᠤᠭ᠎ᠠ ᠬᠤᠰᠢᠭᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠳᠡᠢ ᠲᠥᠯᠥᠪᠯᠡᠨ ᠠᠬᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠲᠤᠰᠬᠠᠢ ᠲᠥᠷᠥᠯ ᠤᠨ ᠪᠡᠯᠡ ᠮᠥᠩᠭᠦ ᠶᠢ 4074 ᠲᠦᠮᠡᠨ ᠲᠦᠬᠦᠷᠢᠭ ᠣᠷᠣᠭᠤᠯᠤᠨ ᠠᠪᠴᠢᠷᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ 15 ᠲᠥᠷᠦᠯ ᠵᠦᠢᠯ ᠢ ᠬᠡᠷᠡᠭᠵᠢᠭᠦᠯᠪᠡ᠃ ︽ᠬᠤᠪᠢᠰᠬᠠᠯᠳᠤ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ︾ ᠪᠠ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠣᠰᠬᠤᠨ ᠢ ᠲᠡᠮᠵᠢᠬᠦ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠬᠠᠪᠰᠤᠷᠤᠨ ᠲᠡᠳᠬᠦᠬᠦ ᠲᠥᠷᠥᠯ ᠵᠦᠢᠯ ᠢ 138 ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 8700 ᠲᠦᠮᠡᠨ ᠲᠥᠭᠦᠷᠢᠭ ᠢ ᠳᠠᠪᠠᠪᠠ᠃ ᠡᠭᠦᠨ ᠤ ᠬᠠᠮᠲᠤ ᠪᠠᠰᠠ ᠵᠠᠬᠢᠶᠠᠯᠠᠭ᠎ᠠ ᠶᠢᠨ ᠲᠠᠷᠢᠶᠠᠯᠠᠩ ᠮᠠᠯ ᠠᠵᠤ ᠠᠬᠤᠶ ᠶᠢ ᠬᠦᠭᠵᠢᠬᠦᠯᠵᠡᠢ᠃ ᠲᠠᠷᠢᠵᠤ ᠲᠡᠵᠢᠭᠡᠬᠦ ᠠᠵᠤ ᠦᠢᠯᠡᠰ ᠢ ᠬᠥᠭᠵᠢᠭᠦᠯᠬᠦ᠂ ᠠᠵᠢᠯ ᠤᠨ ᠪᠠᠶᠢᠷᠢ ᠬᠠᠩᠭᠠᠬᠤ᠂ ᠠᠰᠢᠭ ᠣᠷᠣᠯᠭ᠎ᠠ ᠬᠤᠪᠢᠶᠠᠬᠤ ᠵᠡᠷᠭᠡ ᠪᠠᠷ ᠳᠠᠮᠵᠢᠭᠤᠯᠤᠨ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠵᠢᠯ ᠪᠦᠷᠢ 3000 ᠲᠥᠭᠦᠷᠢᠭ ᠠᠴᠠ ᠳᠡᠭᠡᠭᠰᠢ ᠨᠡᠮᠡᠭᠳᠡᠬᠦᠯᠦᠭᠰᠡᠨ ᠪᠠᠶᠢᠨ᠎ᠠ᠃ ᠡᠨᠡ ᠬᠦ ᠰᠠᠭᠤᠷᠢᠨ ᠳᠡᠭᠡᠷ᠎ᠡ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠨᠡᠭᠡᠭᠡᠨ ᠬᠥᠭᠵᠢᠭᠦᠯᠵᠦ᠂ ᠰᠤᠪᠤᠷᠭ᠎ᠠ ᠶᠢᠨ ᠭᠤᠣᠯ ᠣᠷᠣ ᠲᠡᠪᠢᠰᠭᠡᠷ ᠬᠤᠪᠴᠠᠰᠤᠨ ᠤ ᠦᠢᠯᠡᠳᠪᠦᠷᠢ᠂ ᠣᠶᠣᠳᠠᠯᠴᠢᠨ ᠬᠤᠪᠴᠠᠰᠤᠨ ᠤ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠳᠤ ᠠᠮᠢᠳᠤᠯᠢᠭ ᠢᠶᠠᠷ ᠠᠵᠢᠯ ᠣᠯᠭᠤᠵᠤ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ 233 ᠡᠷᠦᠬᠡ ᠳᠤ 1066.8 ᠲᠦᠮᠡᠨ ᠲᠥᠭᠦᠷᠢᠭ ᠤᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠤᠯᠭᠤᠭᠰᠠᠨ ᠪᠠᠶᠢᠨ᠎ᠠ᠃ ᠣᠳᠣᠬᠠᠨ ᠳᠤ᠂ ᠪᠥᠬᠦ ᠬᠤᠰᠢᠭᠤᠨ ᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ 607 ᠡᠷᠦᠬᠡ ᠶᠢᠨ 1365 ᠬᠦᠮᠦᠨ ᠨᠢᠭᠡᠨᠲᠡ ᠶᠠᠳᠠᠭᠤ ᠠᠴᠠ ᠠᠩᠭᠢᠵᠢᠷᠠᠵᠤ᠂ ᠶᠠᠳᠠᠭᠤ ᠬᠦᠴᠢᠷᠳᠡᠯᠳᠡᠢ ᠬᠥᠮᠦᠨ ᠠᠮᠠ ᠶᠢᠨ ᠵᠢᠯ ᠤᠨ ᠬᠥᠮᠦᠨ ᠳᠤᠮᠳᠠᠴᠢ ᠴᠡᠪᠡᠷ ᠣᠷᠣᠯᠭ᠎ᠠ 21536 ᠲᠦᠬᠦᠷᠢᠭ ᠲᠤ ᠬᠦᠷᠴᠦ᠂ ᠣᠷᠣᠯᠭ᠎ᠠ ᠶᠢ ᠨᠢ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠬᠦᠯᠪᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号