ᠡᠵᠡᠨ ᠬᠤᠷᠤᠭ᠎ᠠ ᠬᠤᠰᠢᠭᠤ ︽ᠭᠠᠷ ᠤᠲᠠᠰᠤᠨ ᠤ ᠬᠢᠴᠢᠶᠡᠯ ᠤᠨ ᠲᠠᠩᠬᠢᠮ︾᠎ ᠢ ᠨᠡᠭᠡᠭᠡᠵᠦ ᠨᠠᠰᠤᠲᠠᠶᠢᠴᠤᠳ ᠲᠤ ︽ᠤᠶᠤᠨᠴᠢ ᠠᠮᠢᠳᠤᠷᠠᠯ︾᠎ ᠢ ᠡᠳ᠋ᠯᠡᠭᠦᠯᠵᠠᠢ
ᠨᠡᠶᠢᠲᠡᠯᠡᠭᠰᠡᠨ ᠴᠠᠭ᠄
2021/1/14
     ᠠᠯᠲᠠᠨᠰᠢᠷᠡᠭᠡᠳᠤ ᠶᠢᠨ ᠮᠡᠳᠡᠭᠡ ᠨᠡᠶᠢᠬᠡᠮ ᠤᠨ ᠬᠦᠭᠵᠢᠯᠲᠡ ᠶᠢ ᠲᠠᠭᠠᠯᠳᠤᠨ ᠬᠦᠮᠦᠨ ᠪᠤᠯᠭᠠᠨ ᠪᠠᠷᠤᠭ ᠨᠢᠭᠡᠨ ᠤᠶᠤᠨᠴᠢ ᠭᠠᠷ ᠤᠲᠠᠰᠤ ᠶᠢ ᠡᠳ᠋ᠯᠡᠬᠦ ᠪᠤᠯᠵᠠᠢ᠃ ᠭᠡᠳᠡᠯ᠎ᠠ ᠤᠶᠤᠨᠴᠢ ᠭᠠᠷ ᠤᠲᠠᠰᠤ ᠶᠢ ᠶᠠᠭᠠᠬᠢᠵᠦ ᠲᠤᠬᠢᠲᠠᠢ ᠬᠡᠷᠡᠭᠯᠡᠵᠦ ᠠᠮᠢᠳᠤᠷᠠᠯ ᠳᠠᠭᠠᠨ ᠦᠢᠯᠡᠴᠢᠯᠡᠭᠦᠯᠬᠦ ᠨᠢ ᠬᠠᠷᠢᠨ ᠨᠠᠰᠤᠲᠠᠶᠢᠴᠤᠳ ᠲᠤ ᠲᠤᠯᠭᠠᠷᠠᠵᠦ ᠪᠠᠶᠢᠭ᠎ᠠ ᠬᠦᠴᠢᠷ ᠠᠰᠠᠭᠤᠳᠠᠯ ᠪᠤᠯᠪᠠ᠃ ᠡᠨᠡ ᠬᠦ ᠠᠰᠠᠭᠤᠳᠠᠯ ᠳᠤ ᠴᠢᠭᠯᠡᠭᠦᠯᠦᠨ ᠡᠵᠡᠨ ᠬᠤᠷᠤᠭ᠎ᠠ ᠬᠤᠰᠢᠭᠤᠨ ᠤ ᠨᠡᠶᠢᠬᠡᠮ ᠲᠤᠭᠤᠷᠢᠭ ᠤᠳ ᠨᠢ ᠨᠠᠰᠤᠲᠠᠶᠢᠴᠤᠳ ᠲᠤ ᠲᠤᠰᠬᠠᠢᠢᠯᠠᠨ ︽ᠤᠶᠤᠨᠴᠢ ᠭᠠᠷ ᠤᠲᠠᠰᠤ ᠬᠡᠷᠡᠭᠯᠡᠬᠦ ᠬᠢᠴᠢᠶᠡᠯ︾᠎ ᠢ ᠨᠡᠭᠡᠭᠡᠵᠦ᠂ ᠲᠠᠳᠠᠨ ᠳᠤ ᠲᠦᠭᠦᠮ ᠦᠵᠡᠭᠦᠯᠦᠭᠰᠡᠨ ᠪᠠᠶᠢᠨ᠎ᠠ᠃      ᠯᠠᠨ ᠶᠤᠸᠠᠨ ᠰᠠᠭᠤᠭᠠᠯᠢ ᠲᠤᠭᠤᠷᠢᠭ ᠤᠨ ᠸᠠᠩ ᠸᠧᠨ ᡁᠢ ᠨᠠᠰᠤᠲᠠᠨ ᠤᠤᠯ ᠨᠢ ᠨᠠᠰᠤᠲᠠᠶᠢᠴᠤᠳ ᠤᠨ ᠭᠠᠷ ᠤᠲᠠᠰᠤ ᠬᠡᠷᠡᠭᠯᠡᠵᠦ ᠪᠠᠶᠢᠵᠠᠢ᠃ ᠡᠨᠡ ᠵᠢᠯ ᠬᠡᠤᠬᠡᠳ ᠤᠨ ᠢᠶᠠᠨ ᠵᠤᠷᠢᠭᠵᠢᠭᠤᠯᠤᠯ ᠲᠤᠤᠷ᠎ᠠ ᠤᠶᠤᠨᠴᠢ ᠭᠠᠷ ᠤᠲᠠᠰᠤ ᠠᠪᠤᠭᠰᠠᠨ ᠪᠤᠯᠪᠠᠴᠤ ᠨᠠᠰᠤ ᠠᠬᠢᠭᠰᠠᠨ ᠠᠴᠠ ᠤᠴᠢᠷ ᠶᠠᠪᠤᠳᠠᠯ ᠢ ᠠᠮᠠᠷᠬᠠᠨ ᠮᠠᠷᠳᠠᠵᠦ᠂ ᠭᠠᠷ ᠤᠲᠠᠰᠤᠨ ᠤ ᠬᠢᠨᠢ ᠵᠠᠷᠢᠮ ᠲᠦᠭᠦᠮ ᠴᠢᠳᠠᠮᠵᠢ ᠶᠢ ᠴᠤ ᠦᠷ᠎ᠠ ᠬᠡᠤᠬᠡᠳ ᠠᠴᠠ ᠪᠠᠨ ᠠᠬᠢᠨ ᠲᠠᠬᠢᠨ ᠠᠰᠠᠭᠤᠳᠠᠭ ᠪᠠᠶᠢᠪᠠ᠃ ᠤᠳᠤᠬᠠᠨ ᠳᠤ ᠨᠡᠶᠢᠬᠡᠮ ᠲᠤᠭᠤᠷᠢᠭ ᠠᠴᠠ ᠨᠠᠰᠤᠲᠠᠶᠢᠴᠤᠳ ᠲᠤ ᠵᠤᠷᠢᠭᠤᠯᠤᠭᠰᠠᠨ ︽ᠤᠶᠤᠨᠴᠢ ᠭᠠᠷ ᠤᠲᠠᠰᠤ ᠬᠡᠷᠡᠭᠯᠡᠬᠦ ᠬᠢᠴᠢᠶᠡᠯ︾ ᠨᠡᠭᠡᠭᠡᠭᠰᠡᠨ ᠨᠢ ᠲᠡᠭᠦᠨ ᠳᠤ ᠶᠡᠬᠡᠬᠡᠨ ᠲᠤᠰᠠ ᠲᠡᠮᠵᠢᠯᠭᠡ ᠦᠵᠡᠭᠦᠯᠦᠭᠰᠡᠨ ᠪᠠᠶᠢᠯ᠎ᠠ᠃      ᠸᠠᠩ ᠸᠧᠨ ᡁᠢ᠄ ︽ᠤᠶᠤᠨᠴᠢ ᠭᠠᠷ ᠤᠲᠠᠰᠤ ᠬᠡᠷᠡᠭᠯᠡᠬᠦ ᠬᠢᠴᠢᠶᠡᠯ ᠢᠶᠠᠷ ᠲᠠᠮᠵᠢᠭᠠᠳ ᠪᠢᠳᠠ ᠮᠡᠷᠭᠡᠨ ᠴᠤᠬᠤᠷ ᠢ ᠰᠢᠷᠪᠢᠬᠦ᠂ ᠸᠢᠳᠢᠣ᠋ ᠪᠤᠯᠤᠨ ᠠᠪᠢᠶ᠎ᠠ ᠪᠠᠷ ᠨᠡᠪᠳᠡᠷᠡᠯᠴᠡᠬᠦ᠂ ᠵᠢᠷᠤᠭ ᠰᠡᠭᠦᠳᠡᠷ ᠢᠯᠡᠭᠡᠬᠦ᠂ ᠵᠤᠭᠤᠰ ᠬᠤᠷᠢᠶᠠᠬᠤ ᠪᠤᠯᠤᠨ ᠵᠢᠷᠭᠢᠶ᠎ᠠ ᠪᠠᠷ ᠲᠠᠩᠰᠠ ᠪᠤᠳᠤᠬᠤ ᠵᠡᠷᠭᠡ ᠤᠯᠠᠨ ᠬᠡᠷᠡᠭᠯᠡᠭᠡᠨ ᠤ ᠵᠦᠢᠯ ᠢ ᠰᠤᠷᠴᠤ᠂ ᠤᠶᠤᠨᠴᠢ ᠭᠠᠷ ᠤᠲᠠᠰᠤᠨ ᠤ ᠴᠢᠳᠠᠮᠵᠢ ᠪᠤᠯᠤᠨ ᠬᠡᠷᠡᠭᠯᠡᠯᠲᠡ ᠶᠢᠨ ᠲᠤᠬᠠᠢ ᠨᠡᠩ ᠬᠦᠨᠵᠡᠭᠡᠢ ᠤᠢᠢᠯᠠᠭᠠᠯᠲᠠ ᠲᠠᠢ ᠪᠤᠯᠵᠠᠢ᠃ ᠪᠢᠳᠠ ᠨᠠᠰᠤ ᠠᠬᠢᠭᠰᠠᠨ ᠠᠴᠠ ᠠᠮᠠᠷᠬᠠᠨ ᠡᠵᠡᠮᠰᠢᠵᠤ ᠳᠡᠶᠢᠯᠬᠦ ᠦᠭᠡᠢ ᠲᠦᠪᠡᠭᠳᠡᠳᠡᠭ ᠴᠤ ᠨᠡᠶᠢᠬᠡᠮ ᠲᠤᠭᠤᠷᠢᠭ ᠤᠨ ᠠᠵᠢᠯᠲᠠᠳ ᠮᠠᠰᠢ ᠲᠡᠪᠴᠢᠶᠡᠷᠢ ᠲᠠᠢ ᠪᠠᠷ ᠪᠢᠳᠡᠨ ᠳᠤ ᠵᠢᠭᠠᠵᠦ ᠦᠭᠳᠡᠭ᠂ ᠡᠶᠢᠮᠦᠷᠬᠦᠦ ᠰᠠᠶᠢᠬᠠᠨ ᠨᠦᠭᠦᠴᠡᠯ ᠬᠠᠩᠭᠠᠭᠰᠠᠨ ᠠᠴᠠ ᠪᠢᠳᠠ ᠰᠢᠨ᠎ᠠ ᠮᠡᠷᠭᠡᠵᠢᠯ ᠢ ᠰᠤᠷᠴᠤ ᠨᠡᠶᠢᠬᠡᠮ ᠲᠠᠢ ᠠᠯᠬᠤᠭ᠎ᠠ ᠨᠢᠭᠡᠲᠡᠢ ᠤᠷᠤᠭᠰᠢᠯᠠᠵᠦ ᠴᠢᠳᠠᠬᠤ ᠪᠤᠯᠵᠠᠢ︾ ᠭᠡᠮᠡᠨ ᠢᠳᠡᠭᠡᠯ ᠲᠦᠭᠦᠷᠡᠩ ᠶᠠᠷᠢᠨ᠎ᠠ᠃      ᠬᠢᠴᠢᠶᠡᠯ ᠲᠡᠭᠡᠷ᠎ᠠ᠂ ᠪᠠᠭᠰᠢ ᠨᠠᠷ ᠠᠴᠠ ᠨᠠᠰᠤᠲᠠᠶᠢᠴᠤᠳ ᠲᠤ ᠤᠶᠤᠨᠴᠢ ᠭᠠᠷ ᠤᠲᠠᠰᠤᠨ ᠤ ᠶᠡᠷᠦ ᠶᠢᠨ ᠬᠡᠷᠡᠭᠯᠡᠭᠡᠨ ᠤ ᠴᠢᠳᠠᠮᠵᠢ ᠶᠢ ᠵᠢᠭᠠᠵᠦ ᠦᠭᠬᠦ ᠪᠠᠷ ᠪᠠᠷᠠᠬᠤ ᠦᠭᠡᠢ ᠪᠠᠰᠠ ᠬᠡᠷᠡᠯ ᠵᠢᠷᠤᠭ᠂ ᠤᠬᠤᠷ ᠸᠢᠳᠢᠣ᠋ ᠰᠢᠩᠭᠡᠭᠡᠭᠦ ᠤᠷ᠎ᠠ ᠮᠡᠷᠭᠡᠵᠢᠯ ᠢ ᠵᠢᠭᠠᠵᠦ᠂ ᠲᠠᠳᠠᠨ ᠢ ᠵᠠᠯᠠᠭᠤᠴᠤᠳ ᠲᠠᠢ ᠠᠳᠠᠯᠢ ᠪᠠᠷ ᠲᠤᠭᠠᠵᠢᠭᠤᠯᠤᠭᠰᠠᠨ ᠠᠮᠢᠳᠤᠷᠠᠯ ᠤᠨ ᠬᠠᠪᠤ ᠴᠡᠩᠭᠡᠯ ᠢ ᠡᠳ᠋ᠯᠡᠭᠦᠯᠵᠦ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠨᠠᠰᠤᠲᠠᠶᠢᠴᠤᠳ ᠢ ᠠᠰᠠᠷᠠᠬᠤ ᠤᠶᠤᠨᠴᠢ ᠦᠢᠯᠡᠴᠢᠯᠡᠭᠡᠨ ᠤ ᠦᠷᠳᠡᠭᠡᠨ ᠤ ᠲᠠᠷᠤᠭ᠎ᠠ ᠮᠦᠴᠢᠷ᠄ ︽ᠡᠵᠡᠨ ᠬᠤᠷᠤᠭ᠎ᠠ ᠬᠤᠰᠢᠭᠤᠨ ᠤ ᠨᠠᠰᠤᠲᠠᠶᠢᠴᠤᠳ ᠢ ᠠᠰᠠᠷᠠᠬᠤ ᠤᠶᠤᠨᠴᠢ ᠦᠢᠯᠡᠴᠢᠯᠡᠭᠡᠨ ᠤ ᠦᠷᠳᠡᠭᠡ ᠨᠢ ᠤᠳᠤᠬᠠᠨ ᠳᠤ ᠠᠮᠦᠭᠤᠯᠠᠩ ᠨᠡᠶᠢᠬᠡᠮ ᠲᠤᠭᠤᠷᠢᠭ᠂ ᠡ᠊ᠩᠭᠡ ᠨᠠᠶᠢᠬᠡᠮ ᠲᠤᠭᠤᠷᠢᠭ ᠲᠤ ᠨᠠᠰᠤᠲᠠᠶᠢᠴᠤᠳ ᠤᠨ ᠤᠶᠤᠨᠴᠢ ᠭᠠᠷ ᠤᠲᠠᠰᠤᠨ ᠤ ᠬᠢᠴᠢᠶᠡᠯ ᠢ ᠨᠡᠭᠡᠭᠡᠵᠦ᠂ ᠭᠠᠷᠠᠭ ᠲᠤ ᠨᠢᠭᠡ ᠤᠳᠠᠭ᠎ᠠ ᠬᠢᠴᠢᠶᠡᠯᠯᠡᠳᠡᠭ᠃ 2020 ᠤᠨ ᠤ 3 ᠰᠠᠷ᠎ᠠ ᠠᠴᠠ ᠡᠬᠢᠯᠡᠵᠦ᠂ ᠨᠢᠭᠡᠨᠲᠡ 30 ᠭᠠᠷᠤᠢ ᠤᠳᠠᠭᠠᠨ ᠤ ᠤᠶᠤᠨᠴᠢ ᠭᠠᠷ ᠤᠲᠠᠰᠤᠨ ᠤ ᠬᠡᠷᠡᠭᠯᠡᠭᠡᠨ ᠤ ᠪᠤᠯᠪᠠᠰᠤᠷᠠᠯ ᠢ ᠬᠢᠵᠦ᠂ 500 ᠭᠠᠷᠤᠢ ᠨᠠᠰᠤᠲᠠᠨ ᠳᠤ ᠪᠤᠯᠪᠠᠰᠤᠷᠠᠯ ᠬᠦᠷᠳᠡᠭᠡᠵᠡᠢ᠃ ᠪᠢᠳᠠ ᠡ᠊ᠩ ᠤᠨ ᠠᠩᠭᠢ ᠨᠡᠭᠡᠭᠡᠵᠦ ᠪᠤᠯᠪᠠᠰᠤᠷᠠᠯ ᠬᠢᠬᠦ ᠠᠴᠠ ᠭᠠᠳᠠᠨ᠎ᠠ ᠪᠠᠰᠠ ᠡᠯ᠎ᠠ ᠨᠡᠶᠢᠬᠡᠮ ᠲᠤᠭᠤᠷᠢᠭ ᠲᠤ ᠬᠦᠨᠵᠡᠭᠡᠶᠢᠷᠡᠵᠦ᠂ ᠰᠠᠶᠢᠨ ᠲᠤᠷᠠᠴᠤᠤᠯ ᠤᠨ ᠡ᠊ᠩᠨᠡᠭᠡ ᠶᠢ ᠪᠠᠶᠢᠭᠤᠯᠤᠨ᠂ ᠨᠡᠩ ᠤᠯᠠᠨ ᠨᠠᠰᠤᠲᠠᠶᠢᠴᠤᠳ ᠲᠤ ᠠᠰᠢᠭ ᠬᠦᠷᠳᠡᠭᠡᠬᠦ ᠪᠠᠷ ᠴᠢᠷᠮᠠᠶᠢᠵᠦ ᠪᠠᠶᠢᠨ᠎ᠠ︾ ᠭᠡᠵᠤ ᠪᠠᠶᠢᠯ᠎ᠠ᠃      ᠤᠢᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠨᠡᠶᠢᠬᠡᠮ ᠲᠤᠭᠤᠷᠢᠭ ᠤᠨ ᠰᠤᠷᠭᠠᠨ ᠬᠦᠮᠦᠵᠢᠯ᠂ ᠰᠦᠯᠵᠢᠶᠠᠨ ᠤ ᠬᠢᠴᠢᠶᠡᠯᠯᠡᠭᠡ ᠵᠡᠷᠭᠡ ᠬᠡᠯᠪᠡᠷᠢ ᠪᠠᠷ ᠨᠠᠰᠤᠲᠠᠶᠢᠴᠤᠳ ᠲᠤ ᠭᠠᠷ ᠤᠲᠠᠰᠤ ᠪᠠ ᠤᠶᠤᠨᠴᠢ ᠨᠠᠰᠤᠵᠢᠯ ᠤᠨ ᠲᠦᠭᠦᠭᠡᠷᠦᠮᠵᠢ ᠬᠡᠷᠡᠭᠯᠡᠬᠦ ᠮᠡᠷᠭᠡᠵᠢᠯ ᠢ ᠡᠵᠡᠮᠰᠢᠭᠦᠯᠵᠦ᠂ ᠨᠠᠰᠤᠲᠠᠶᠢᠴᠤᠳ ᠤᠨ ᠦᠳᠡᠯᠦᠭᠡ ᠨᠠᠰᠤᠨ ᠤ ᠠᠮᠢᠳᠤᠷᠠᠯ ᠢ ᠪᠠᠶᠠᠯᠢᠭᠵᠢᠭᠤᠯᠤᠨ᠂ ᠨᠡᠶᠢᠬᠡᠮ ᠲᠠᠢ ᠵᠤᠬᠢᠴᠠᠬᠤ ᠴᠢᠳᠠᠪᠤᠷᠢ ᠶᠢ ᠨᠢ ᠲᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号