ᠮᠠ ᠴᠠᠩ ᠵᠢᠩ ᠲᠣᠰᠬᠤᠨ ᠤ ᠴᠢᠨᠡᠭᠡᠯᠢᠭᠵᠢᠯ ᠤᠨ ᠵᠠᠮ
ᠨᠡᠶᠢᠲᠡᠯᠡᠭᠰᠡᠨ ᠴᠠᠭ᠄
2021/1/15
     ︽ᠰᠢᠪᠠᠷ ᠪᠠᠶᠢᠰᠢᠩ ᠨᠢ ᠵᠡᠭᠦᠨᠰᠢ ᠪᠠᠷᠠᠭᠤᠨᠰᠢ ᠬᠡᠯᠪᠠᠶᠢᠵᠤ᠂ ᠪᠠᠰᠠ ᠬᠡᠳᠦᠨ ᠬᠤᠷᠤᠭᠤ ᠦᠷᠭᠡᠨ ᠴᠠᠪ ᠭᠠᠷᠴᠠᠢ︾᠂ ︽ᠤᠤᠭᠤᠬᠤ ᠤᠰᠤ ᠪᠠᠨ ᠬᠡᠳᠦᠨ ᠭᠠᠵᠠᠷ ᠤᠨ ᠴᠠᠭᠠᠨ᠎ᠠ ᠠᠴᠠ ᠲᠠᠲᠠᠳᠠᠭ︾ ᠁ ᠡᠨᠡ ᠪᠣᠯ ᠤᠳᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤᠨ ᠤ ᠮᠠ ᠴᠠᠩ ᠵᠢᠩ ᠲᠣᠰᠬᠤᠨ ᠳᠤ ᠰᠠᠭᠤᠷᠢᠰᠢᠵᠤ ᠪᠠᠶᠢᠭᠰᠠᠨ ᠯᠢ ᠬᠤᠸᠠᠢ ᠰᠢᠩ ᠤᠨ ᠨᠢᠭᠡ ᠭᠡᠷ ᠤᠨ ᠠᠮᠢᠳᠤᠷᠠᠯ ᠤᠨ ᠦᠨᠡᠨ ᠪᠣᠳᠠᠲᠤ ᠵᠢᠷᠤᠭᠯᠠᠯ ᠪᠣᠯᠤᠨ᠎ᠠ᠃      ᠡᠳᠦᠭᠡ ᠯᠢ ᠬᠤᠸᠠᠢ ᠰᠢᠩ ᠤᠨ ᠰᠢᠨ᠎ᠡ ᠭᠡᠷ ᠨᠢ ᠮᠠ ᠴᠠᠩ ᠵᠢᠩ ᠲᠣᠰᠬᠤᠨ ᠤ ᠲᠥᠪᠬᠢᠨᠡᠭᠦᠯᠦᠯᠲᠡ ᠶᠢᠨ ᠲᠣᠭᠤᠷᠢᠭ ᠲᠤ ᠪᠠᠶᠢᠷᠢᠯᠠᠵᠤ᠂ ᠴᠡᠪᠡᠷ ᠴᠡᠮᠴᠡᠭᠡᠷ ᠭᠡᠷ ᠪᠠᠶᠢᠰᠢᠩ᠂ ᠤᠰᠤ᠂ ᠴᠠᠬᠢᠯᠭᠠᠨ᠂ ᠰᠢᠳᠠᠮᠠᠬᠠᠢ ᠬᠡᠢ ᠢᠵᠢ ᠪᠦᠷᠢᠳᠦᠭᠰᠡᠨ ᠳᠤ ᠯᠢ ᠬᠤᠸᠠᠢ ᠰᠢᠩ᠄ ︽ᠨᠠᠮ ᠪᠣᠯᠤᠨ ᠤᠯᠤᠰ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ ᠪᠠᠶᠢᠨ᠎ᠠ᠂ ᠪᠢᠳᠡᠨ ᠢ ᠠᠭᠤᠵᠢᠮ ᠰᠠᠷᠠᠭᠤᠯ ᠭᠡᠷ ᠪᠠᠶᠢᠰᠢᠩ ᠳᠤ ᠨᠡᠭᠦᠯᠭᠡᠵᠦ ᠣᠷᠣᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠵᠢᠭᠡᠨ ᠦᠷᠡᠵᠢᠭᠦᠯᠬᠦ ᠦᠢᠯᠡᠰ ᠢ ᠪᠤᠵᠠᠭᠠᠶᠢᠷᠠᠭᠤᠯᠪᠠ᠂ ᠪᠢ ᠤᠳᠤ ᠬᠤᠨᠢ ᠲᠡᠵᠢᠭᠡᠬᠦ ᠠᠴᠠ ᠭᠠᠳᠠᠨ᠎ᠠ ᠪᠠᠰᠠ 17 ᠦᠬᠡᠷ ᠲᠡᠵᠢᠭᠡᠵᠦ᠂ ᠵᠢᠯ ᠤᠨ ᠴᠡᠪᠡᠷ ᠣᠷᠣᠯᠭ᠎ᠠ 5 ᠲᠦᠮᠡᠨ ᠲᠥᠭᠦᠷᠢᠭ ᠠᠴᠠ ᠳᠡᠭᠡᠭᠰᠢ ᠳᠤ ᠭᠥᠷᠴᠡᠢ︾ ᠭᠡᠵᠦ ᠶᠠᠷᠢᠨ᠎ᠠ᠃      2016 ᠣᠨ ᠳᠤ᠂ ᠲᠤᠬᠠᠢ ᠶᠢᠨ ᠭᠠᠵᠠᠷ ᠤᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠠᠴᠢ ᠪᠠᠷ᠂ ᠯᠢ ᠬᠤᠸᠠᠢ ᠰᠢᠩ ᠮᠠᠳᠤ ᠶᠢᠨ ᠤᠤᠯ ᠤᠨ ᠮᠠ ᠴᠠᠩ ᠵᠢᠩ ᠲᠣᠰᠬᠤᠨ ᠠᠴᠠ ᠲᠥᠪᠬᠢᠨᠡᠭᠦᠯᠦᠯᠲᠡ ᠶᠢᠨ ᠲᠣᠭᠤᠷᠢᠭ ᠲᠤ ᠨᠡᠭᠦᠯᠭᠡᠭᠰᠡᠨ ᠲᠨᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠨᠡᠶᠢᠳᠡ 95 ᠡᠷᠦᠬᠡ᠂ 227 ᠬᠥᠮᠦᠨ ᠪᠠᠶᠢᠪᠠ᠃      ᠣᠯᠠᠨ ᠲᠦᠮᠡᠨ ᠤ ᠨᠡᠭᠦᠵᠦ ᠭᠠᠷᠴᠤ ᠳᠡᠶᠢᠯᠬᠦ᠂ ᠪᠠᠶᠠᠵᠢᠵᠤ ᠳᠡᠶᠢᠯᠬᠦ ᠶᠢ ᠪᠠᠲᠤᠯᠠᠬᠤ ᠶᠢᠨ ᠲᠥᠯᠥᠭᠡ᠂ ᠤᠯᠵᠠᠴᠢ ᠪᠠᠯᠭᠠᠰᠤ ︽ᠵᠠᠰᠠᠭ ᠤᠨ ᠣᠷᠳᠣᠨ + ᠠᠵᠤ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠭᠡ ︵ᠶᠠᠳᠠᠭᠤ ᠬᠦᠴᠢᠷᠳᠡᠯᠲᠡᠢ ᠡᠷᠦᠭᠡ︶︾᠎ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨ᠎ᠡ ᠲᠣᠭᠲᠠᠴᠠ ᠶᠢ ᠪᠠᠶᠢᠭᠤᠯᠵᠤ᠂ ᠲᠡᠲᠡᠨ ᠳᠤ ᠭᠦᠯᠡᠮᠵᠢ᠂ ᠰᠠᠷᠠᠪᠴᠢ ᠬᠤᠪᠢᠶᠠᠷᠢᠯᠠᠨ᠂ ᠲᠤᠯᠤᠭᠠᠢᠢᠯᠠᠭᠴᠢ ᠠᠵᠤ ᠠᠬᠤᠶᠢᠯᠠᠯ ᠢ ᠣᠷᠣᠭᠤᠯᠤᠨ ᠲᠠᠶᠢᠴᠢᠯᠠᠵᠦ᠂ 2018 ᠣᠨ ᠤ ᠰᠡᠭᠦᠯᠴᠢ ᠪᠣᠯᠲᠠᠯ᠎ᠠ᠂ ᠮᠠ ᠴᠠᠩ ᠵᠢᠩ ᠲᠣᠰᠬᠤᠨ ᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃      ︽ᠮᠠᠨ ᠤ ᠺᠣᠮᠫᠠᠨᠢ ᠡᠩ ᠲᠡᠷᠢᠭᠦᠨ ᠳᠤ ᠮᠠ ᠴᠠᠩ ᠵᠢᠩ ᠲᠣᠰᠬᠤᠨ ᠤ ᠨᠡᠬᠦᠭᠰᠡᠨ ᠡᠷᠦᠭᠡ ᠶᠢᠨ ᠬᠦᠮᠦᠨ ᠢ ᠬᠥᠯᠥᠰᠥᠯᠡᠵᠤ᠂ ᠬᠥᠮᠦᠨ ᠪᠦᠷᠢ ᠳᠤ ᠰᠠᠷ᠎ᠠ ᠶᠢᠨ 4000 ᠲᠥᠭᠦᠷᠢᠭ ᠤᠯᠭᠤᠳᠠᠭ᠃ ᠤᠳᠤ ᠨᠢᠭᠡᠨᠲᠡ 13 ᠠᠵᠢᠯᠴᠢᠨ ᠡᠯᠰᠡᠵᠡᠢ︾ ᠬᠡᠵᠤ ᠤᠷᠳᠤᠰ ᠤᠨ ᠬᠤᠩ ᠶᠧ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠫᠧᠩ ᠪᠥᠸᠧ ᠲᠠᠨᠢᠯᠴᠠᠭᠤᠯᠪᠠ᠃ ᠶᠠᠳᠠᠭᠤ ᠠᠴᠠ ᠠᠩᠭᠢᠵᠢᠷᠠᠭᠰᠠᠨ ᠡᠷᠦᠬᠡ ᠸᠧᠢ ᠶᠠᠨ ᠹᠠᠩ ᠤᠤᠯ ᠨᠢ ᠤᠷᠳᠤᠰ ᠤᠨ ᠬᠤᠩ ᠶᠧ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠠᠷᠢᠮᠠᠯ ᠤᠨ ᠰᠠᠭᠤᠷᠢᠨ ᠳᠤ ᠬᠥᠯᠥᠰᠥᠨ ᠠᠵᠢᠯ ᠬᠢᠵᠦ ᠪᠠᠶᠢᠪᠠ᠃ 2019 ᠣᠨ ᠳᠤ᠂ ᠮᠡᠷᠭᠡᠵᠢᠯ ᠰᠤᠷᠴᠤ ᠡᠵᠡᠮᠰᠢᠭᠰᠡᠨ ᠲᠡᠷᠡ ᠢᠳᠡᠰᠢᠨ ᠨᠣᠭᠤᠭ᠎ᠠ ᠲᠠᠷᠢᠭᠠᠳ ᠪᠡᠯᠡ ᠮᠥᠩᠭᠦ ᠲᠠᠢ ᠪᠤᠯᠤᠭᠰᠠᠨ ᠠᠴᠠ ᠪᠠᠰᠠ ᠲᠡᠵᠢᠭᠡᠨ ᠦᠷᠡᠵᠢᠭᠦᠯᠬᠦ ᠦᠢᠯᠡᠰ ᠢ ᠡᠷᠬᠢᠯᠡᠪᠡ᠃ ︽ᠪᠢ 2020 ᠣᠨ ᠳᠤ 40 ᠭᠠᠷᠤᠢ ᠣᠬᠤᠷ ᠬᠤᠭᠤᠴᠠᠭᠠᠨ ᠤ ᠪᠣᠷᠳᠣᠵᠤ ᠲᠠᠷᠭᠤᠯᠠᠭᠤᠯᠬᠤ ᠬᠤᠷᠠᠭ᠎ᠠ ᠠᠪᠴᠤ ᠲᠡᠵᠢᠭᠡᠪᠡ᠂ ᠲᠣᠰᠬᠤᠨ ᠠᠴᠠ ᠪᠠᠰᠠ ᠨᠢᠭᠡ ᠬᠤᠪᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠲᠤᠬᠢᠷᠠᠭᠤᠯᠤᠭᠰᠠᠨ ᠠᠴᠠ ᠵᠢᠯ ᠤᠨ ᠴᠡᠪᠡᠷ ᠣᠷᠣᠯᠭ᠎ᠠ 6 ᠲᠦᠮᠡ ᠭᠠᠷᠤᠢ ᠲᠦᠭᠦᠷᠢᠭ ᠲᠤ ᠬᠦᠷᠴᠡᠢ︾ ᠭᠡᠵᠤ ᠸᠧᠶ ᠶᠠᠨ ᠹᠠᠩ ᠢᠨᠢᠶᠡᠮᠰᠦᠭᠯᠡᠨ ᠶᠠᠷᠢᠨ᠎ᠠ᠃      ᠶᠠᠳᠠᠭᠤ ᠠᠴᠠ ᠠᠩᠭᠢᠵᠢᠷᠠᠭᠰᠠᠨ ᠡᠷᠦᠬᠡ ᠪᠠᠶ ᠱᠤ᠋ ᠮᠢᠩ᠄ ︽ᠡᠲᠡᠭᠡᠷ ᠵᠢᠯ ᠤᠳ ᠲᠤ ᠭᠠᠳᠠᠨ᠎ᠠ ᠬᠥᠯᠥᠰᠥᠨ ᠠᠵᠢᠯ ᠬᠢᠭᠰᠡᠨ ᠤᠷᠤᠯᠭ᠎ᠠ ᠵᠥᠪᠬᠡᠨ ᠨᠢᠭᠡ ᠬᠡᠷ ᠤᠨ ᠬᠥᠮᠦᠰ ᠤᠨ ᠡᠳᠦᠷ ᠲᠤᠲᠤᠮ ᠤᠨ ᠵᠠᠷᠤᠯᠭ᠎ᠠ ᠶᠢ ᠠᠷᠭᠠᠴᠠᠭᠠᠵᠤ ᠲᠠᠶᠢᠯᠦᠨ᠎ᠡ᠂ ᠪᠦᠰᠡᠭᠦᠢ ᠮᠢᠨᠢ ᠮᠡᠰᠡ ᠵᠠᠰᠠᠯ ᠬᠢᠬᠦ ᠳᠤ ᠪᠠᠰᠠ ᠪᠠᠭ᠎ᠠ ᠪᠤᠰᠤ ᠵᠣᠭᠤᠰ ᠵᠠᠷᠤᠴᠠᠭᠤᠯᠵᠠᠶ᠂ 2018 ᠣᠨ ᠳᠤ ᠪᠢᠳᠡ ᠨᠢᠭᠡ ᠬᠡᠷ ᠢᠶᠠᠷ ᠢᠶᠠᠨ ᠮᠠ ᠴᠠᠩ ᠵᠢᠩ ᠲᠣᠰᠬᠤᠨ ᠳᠠᠭᠠᠨ ᠬᠠᠷᠢᠵᠤ᠂ ᠲᠡᠵᠢᠭᠡᠨ ᠦᠷᠡᠵᠢᠭᠦᠯᠬᠦ ᠦᠢᠯᠡᠰ ᠢ ᠡᠷᠬᠢᠯᠡᠨ᠂ ᠣᠬᠤᠷ ᠬᠤᠭᠤᠴᠠᠭᠠᠨ ᠤ ᠪᠤᠷᠳᠤᠵᠤ ᠳᠠᠷᠭᠤᠯᠠᠭᠤᠯᠬᠤ ᠬᠤᠷᠠᠭ᠎ᠠ ᠢᠰᠢᠭᠡ ᠶᠢ ᠳᠡᠵᠢᠭᠡᠵᠤ᠂ ᠲᠦᠷᠦᠭᠦᠤ ᠬᠡᠳᠦᠨ ᠡᠳᠦᠷ 100 ᠭᠠᠷᠤᠶ ᠬᠤᠨᠢ ᠬᠤᠳᠠᠯᠳᠤᠵᠤ᠂ 7 ᠲᠦᠮᠡᠨ ᠲᠥᠭᠦᠷᠢᠭ ᠤᠨ ᠤᠷᠤᠯᠭ᠎ᠠ ᠤᠯᠵᠠᠢ︾ ᠭᠡᠪᠡ᠃      ︽ᠤᠢᠢᠷ᠎ᠠ ᠳᠤ᠂ ᠮᠠ ᠴᠠᠩ ᠵᠢᠩ ᠲᠣᠰᠬᠤᠨ ᠤ ᠲᠥᠪᠬᠢᠨᠡᠭᠦᠯᠦᠯᠲᠡ ᠶᠢᠨ ᠲᠣᠭᠤᠷᠢᠭ ᠪᠦᠬᠦ ᠤᠯᠤᠰ ᠤᠨ 200 ︿ᠦᠵᠡᠰᠬᠦᠯᠡᠩᠲᠦ ᠰᠠᠶᠢᠬᠠᠨ ᠲᠥᠪᠬᠢᠨᠡᠭᠦᠯᠦᠯᠲᠡ ᠶᠢᠨ ᠲᠣᠭᠤᠷᠢᠭ ﹀᠎ ᠢᠶᠠᠷ ᠰᠣᠩᠭᠤᠭᠳᠠᠪᠠ᠂ ᠳᠠᠷᠠᠭᠠᠴᠢ ᠶᠢᠨ ᠠᠯᠬᠤᠮ ᠳᠤ ᠪᠢᠳᠡ ᠠᠵᠤ ᠦᠢᠯᠡᠰ ᠤᠨ ᠪᠦᠲᠦᠴᠡ ᠳᠡᠭᠡᠨ ᠲᠤᠬᠢᠷᠠᠭᠤᠯᠤᠯᠳᠠ ᠬᠢᠵᠦ᠂ ᠬᠠᠮᠲᠤ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠲᠣᠰᠬᠤᠨ ᠤ ᠠᠷᠠᠳ ᠤᠨ ᠬᠥᠮᠦᠨ ᠳᠤᠮᠳᠠᠴᠢ ᠣᠷᠣᠯᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠠᠮᠢᠳᠤᠷᠠᠯ ᠢ ᠤᠯᠠᠮ ᠪᠠᠶᠠᠨ ᠴᠢᠨᠡᠭᠡᠯᠢᠭ᠂ ᠤᠯᠠᠮ ᠬᠥᠭᠵᠢᠶᠡᠨᠲᠡᠢ ᠪᠣᠯᠭᠠᠨ᠎ᠠ︾ ᠭᠡᠵᠦ ᠮᠠ ᠴᠠᠩ ᠵᠢᠩ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠤᠢ ᠱᠤᠸᠠᠢ ᠮᠠᠨ ᠢᠲᠡᠭᠡᠯ ᠲᠡᠭᠦᠯᠳᠡᠷ ᠬᠡᠯᠡᠵᠤ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号