ᠪᠦᠬᠦ ᠬᠤᠲᠠ ᠶᠢᠨ ᠠᠶᠤᠯ ᠦᠬᠡᠢ ᠦᠢᠯᠡᠳᠪᠤᠷᠢᠯᠡᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/1
     ᠤᠢᠢᠷ᠎ᠡ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠪᠥᠬᠦ ᠬᠤᠲᠠ ᠶᠢᠨ ᠠᠶᠤᠯ ᠦᠬᠡᠢ ᠦᠢᠯᠡᠳᠪᠤᠷᠢᠯᠡᠯ  ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠠᠶᠤᠯ ᠦᠬᠡᠢ ᠦᠢᠯᠡᠳᠪᠤᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠ ᠨᠡᠭᠦᠷᠡᠰᠦᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠵᠦ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠤᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠬᠠᠮᠢᠶ᠎ᠠ ᠪᠥᠬᠦᠶ ᠠᠵᠢᠯ ᠲᠥᠷᠥᠯ ᠤᠨ ᠬᠦᠷᠢᠶᠡᠨ ᠤ ᠠᠶᠤᠯ ᠥᠬᠡᠶ ᠦᠢᠯᠡᠳᠪᠤᠷᠢᠯᠡᠯ ᠤᠨ ᠠᠵᠢᠯ ᠢ ᠪᠠᠶᠢᠷᠢᠯᠠᠭᠤᠯᠤᠨ᠂ ᠬᠤᠲᠠ ᠶᠢᠨ ᠡᠨᠧᠷᠭᠢ ᠶᠢᠨ ᠲᠣᠪᠴᠢᠶ᠎ᠠ ᠪᠠ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠣᠪᠣᠷ ᠢᠶᠠᠨ ᠢᠯᠡᠳᠬᠡᠬᠦ ᠶᠠᠷᠢᠶ᠎ᠡ ᠲᠠᠯᠪᠢᠵᠤ᠂ ᠰᠤ᠋ ᠼᠦᠢ ᠹᠠᠩ᠂ ᠯᠢᠦ ᠹᠧᠩ ᠶᠦᠨ ᠠᠵᠢᠯ ᠤᠨ ᠲᠣᠬᠢᠷᠠᠭᠤᠯᠤᠯᠲᠠ ᠬᠢᠪᠠ᠃      ᠳ᠋ᠦ᠋ ᠬᠤᠢ ᠯᠢᠶᠠᠩ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠠᠳᠬᠤᠬᠤ ᠳᠤ ᠡ᠊ᠩ ᠲᠡᠷᠢᠭᠦᠨ ᠳᠤ ᠲᠠᠨᠢᠯᠲᠠ ᠶᠢ ᠦᠵᠡᠬᠦ ᠬᠡᠷᠡᠭᠲᠡᠢ᠃ ᠠᠶᠤᠯ ᠦᠬᠡᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ ᠪᠠᠶᠢᠨ᠎ᠡ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠬᠡᠢ ᠦᠢᠯᠡᠳᠪᠤᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠩ ᠥᠨᠳᠥᠷ ᠵᠣᠭᠰᠣᠴᠠ ᠠᠴᠠ ᠠᠶᠤᠯ ᠦᠬᠡᠢ ᠦᠢᠯᠡᠳᠪᠤᠷᠢᠯᠡᠯ  ᠤᠨ ᠠᠵᠢᠯ ᠢ ᠰᠠᠶᠢᠲᠤᠷ ᠬᠢᠵᠦ᠂ ᠠᠯᠳᠠᠭ᠎ᠠ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃      ᠳ᠋ᠦ᠋ ᠬᠤᠢ ᠯᠢᠶᠠᠩ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠠᠳᠬᠤᠬᠤ ᠳᠤ ᠵᠠᠩᠭᠢᠯᠠᠭ᠎ᠠ ᠨᠢ ᠠᠷᠭ᠎ᠠ ᠬᠡᠮᠵᠢᠶ᠎ᠡ ᠶᠢ ᠦᠵᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠶᠤᠯ ᠦᠬᠡᠢ ᠦᠢᠯᠡᠳᠪᠤᠷᠢᠯᠡᠯ ᠤᠨ ᠠᠵᠢᠯ ᠤᠨ ᠬᠦᠨᠳᠦ ᠡᠭᠦᠷᠭᠡ ᠶᠢ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠨ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠲᠤᠰᠬᠠᠶ ᠴᠡᠭᠴᠡᠯᠡᠨ ᠵᠠᠰᠠᠬᠤ᠂ ᠬᠠᠤᠯᠢ ᠠᠴᠠ ᠵᠥᠷᠢᠴᠡᠭᠰᠡᠳ ᠢ ᠵᠠᠯᠬᠠᠭᠠᠨ ᠰᠢᠢᠳᠬᠡᠬᠦ᠂ ᠡ᠊ᠨᠳᠡᠯ ᠢ ᠰᠢᠢᠳᠪᠤᠷᠢᠯᠡᠬᠦ ᠠᠵᠢᠯ ᠢ ᠴᠢᠩᠭ᠎ᠠ ᠠᠳᠬᠤᠵᠤ᠂ ᠠᠶᠤᠯ ᠦᠬᠡᠢ ᠦᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠤᠯ ᠦᠬᠡᠢ ᠦᠢᠯᠡᠳᠪᠤᠷᠢᠯᠡᠯ ᠤᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠷᠢᠯᠢᠭ ᠰᠠᠶᠢᠲᠤᠷ ᠨᠠᠶᠢᠳᠠᠪᠤᠷᠢᠵᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠲᠠ ᠶᠢᠨ ᠠᠶᠤᠯ ᠦᠬᠡᠢ ᠦᠢᠯᠡᠳᠪᠤᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠳ᠋ᠦ᠋ ᠬᠤᠢ ᠯᠢᠶᠠᠩ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠠᠳᠬᠤᠬᠤ ᠳᠤ ᠡᠴᠦᠰ ᠲᠡᠭᠡᠨ ᠬᠠᠷᠢᠭᠤᠴᠠᠯᠭ᠎ᠠ ᠶᠢ ᠦᠵᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠢᠶᠠᠨ ᠭᠤᠲᠤᠭᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ︾᠎ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ ᠪᠣᠳᠠᠲᠠᠶᠢᠵᠢᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠭᠤᠭᠴᠤᠭ᠎ᠠ ᠨᠢᠭᠡ ᠪᠦᠷᠢ ᠳᠤ ᠴᠥᠮ ᠬᠠᠮᠢᠶᠠᠷᠬᠤ ᠬᠥᠮᠦᠨ ᠲᠠᠢ᠂ ᠲᠤᠭᠤᠰᠢᠲᠠᠢ ᠬᠠᠮᠢᠶᠠᠷᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃      ᠳ᠋ᠦ᠋ ᠬᠤᠢ ᠯᠢᠶᠠᠩ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠡᠨᠡᠳᠲᠡ ᠡᠭᠦᠰᠦᠭᠰᠡᠨ ᠬᠡᠷᠡᠭ ᠢ ᠪᠠᠴᠢᠮ ᠰᠢᠢᠳᠪᠦᠷᠢᠯᠡᠬᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠰᠠᠭᠤᠭᠠᠯᠢ ᠠᠷᠠᠳ ᠤᠨ ᠳᠤᠯᠠᠭᠠᠯᠠᠭ᠎ᠠ ᠬᠠᠨᠭ᠍ᠭᠠᠬᠤ ᠵᠡᠷᠭᠡ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号