ᠯᠢ ᠯᠢ ᠬᠢᠶ᠎ᠠ ᠪᠠᠭᠰᠢ ᠲᠣᠭᠤᠷᠢᠭ ᠲᠤ ᠬᠤᠳᠠ ᠶᠢᠨ ᠲᠥᠪᠯᠡᠷᠡᠭᠦᠯᠦᠨ ᠲᠤᠯᠠᠭᠠᠯᠠᠭ᠎ᠠ ᠬᠠᠩᠭᠠᠵᠤ ᠪᠠᠶᠢᠭ᠎ᠠ  ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠳᠤᠯᠠᠭᠠᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ ᠤᠯᠠᠨ ᠲᠦᠮᠡᠨ ᠤ ᠳᠤᠯᠠᠭᠠᠨ ᠲᠠᠭᠠᠯᠠᠮᠵᠢᠲᠠᠢ ᠪᠠᠷ ᠡᠪᠦᠯᠵᠢᠬᠦ ᠶᠢ ᠪᠠᠲᠤᠯᠠᠬᠤ  ᠬᠡᠷᠡᠭᠲᠡᠢ
ᠨᠡᠶᠢᠲᠡᠯᠡᠭᠰᠡᠨ ᠴᠠᠭ᠄
2021/10/1
     ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠢᠶ᠎ᠠ ᠪᠠᠭᠰᠢ ᠲᠣᠭᠤᠷᠢᠭ ᠲᠤ ᠭᠦᠨᠵᠡᠭᠡᠶᠢᠷᠡᠨ ᠬᠤᠳᠠ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠠᠵᠢᠯ ᠢ ᠪᠠᠶᠢᠴᠠᠭᠠᠨ ᠰᠤᠳᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠠᠷᠠᠳ ᠤᠯᠠᠨ ᠤ ᠬᠠᠯᠠᠭᠤᠨ ᠬᠦᠢᠳᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠳᠤᠯᠠᠭᠠᠯᠠᠭ᠎ᠠ ᠬᠠᠩᠭᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠲᠠᠭᠠᠯᠠᠮᠵᠢᠲᠠᠢ ᠪᠠᠷ ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠡᠷᠢᠠ ᠪᠢᠴᠢᠭ ᠤᠨ ᠲᠡᠷᠤᠭ᠎ᠠ ᠵᠠᠩ ᠸᠧᠢ᠂ ᠬᠢᠶ᠎ᠠ ᠪᠠᠭᠰᠢ ᠲᠣᠭᠤᠷᠢᠭ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠯᠢ ᠤᠷᠢᠳ ᠬᠤᠵᠢᠳ ᠲᠦᠩ ᠬᠤᠶ ᠳᠤᠯᠠᠭᠠᠯᠠᠭ᠎ᠠ ᠬᠠᠩᠭᠠᠬᠤ ᠰᠢᠲᠠᠮᠠᠬᠠᠶ ᠬᠡᠶ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠦᠪᠦᠷ ᠮᠤᠩᠭᠤᠯ ᠤᠨ ᠵᠢᠩ ᠨᠧᠩ ᠭᠢᠶ᠎ᠠ ᠪᠠᠭᠰᠢ ᠶᠢᠨ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠳᠤᠯᠠᠭᠠᠯᠠᠭ᠎ᠠ ᠬᠠᠩᠭᠠᠬᠤ ᠲᠠᠯᠠᠪᠠᠢ᠂ ᠨᠡᠭᠦᠷᠡᠰᠦᠨ ᠤ ᠨᠥᠭᠡᠴᠡ᠂ ᠳᠤᠯᠠᠭᠠᠯᠠᠭ᠎ᠠ ᠎ ᠶᠢᠨ ᠰᠦᠢᠳᠬᠡᠯ ᠬᠤᠷᠢᠶᠠᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ᠺᠤᠮᠫᠠᠨᠢ ᠶᠢᠨ ᠬᠠᠷᠢᠭᠤᠴᠠᠯᠭᠠᠳᠠᠨ ᠲᠠᠢ ᠭᠦᠨᠵᠡᠭᠡᠶ ᠶᠠᠷᠢᠯᠴᠠᠵᠤ᠂ ᠳᠤᠯᠠᠭᠠᠯᠠᠭ᠎ᠠ  ᠬᠠᠩᠭᠠᠬᠤ ᠠᠵᠢᠯ ᠤᠨ ᠪᠠᠶᠢᠳᠠᠯ ᠢ ᠨᠠᠷᠢᠨ ᠬᠢᠨᠠᠮᠠᠭᠠᠶ ᠠᠰᠠᠭᠤᠨ ᠯᠠᠪᠯᠠᠵᠤ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠳᠤ ᠰᠠᠨᠠᠭᠠᠰᠢᠷᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠣᠬᠢᠲᠠᠶ ᠲᠣᠬᠢᠷᠠᠭᠤᠯᠤᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠳᠤᠯᠠᠭᠠᠯᠠᠭ᠎ᠠ  ᠬᠠᠩᠭᠠᠬᠤ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠨᠡᠭᠦᠷᠡᠰᠦᠨ ᠤ ᠢᠷᠠᠯᠳᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠡᠭᠦᠷᠡᠰᠦ ᠬᠠᠳᠠᠭᠠᠯᠠᠬᠤ ᠬᠡᠮᠵᠢᠶ᠎ᠠ ᠶᠢᠨ ᠱᠠᠭᠠᠷᠳᠠᠯᠭ᠎ᠠ ᠶᠢ ᠪᠠᠳᠤᠯᠠᠬᠤ ᠭᠡᠷᠡᠭᠳᠡᠢ᠃ ᠠᠯᠤᠰ ᠬᠡᠳᠤ ᠶᠢ ᠪᠣᠳᠣᠯᠬᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠤᠬᠡᠨ ᠪᠠᠶᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠦᠨ᠂ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠡ ᠦᠬᠡᠢ ᠳᠡᠭᠡᠭᠰᠢᠯᠡᠭᠦᠯᠵᠦ᠂ ᠠᠷᠠᠳ ᠤᠯᠠᠨ ᠤ ᠬᠠᠨᠤᠮᠵᠢ ᠶᠢᠨ  ᠬᠡᠮᠵᠢᠶ᠎ᠡ ᠪᠣᠯᠤᠨ ᠵᠣᠯ ᠵᠢᠷᠭᠠᠯᠲᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃      ᠯᠢ ᠯᠢ ᠡᠪᠦᠯ ᠤᠨ ᠤᠯᠠᠷᠢᠯ ᠤᠨ ᠳᠤᠯᠠᠭᠠᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠡᠨᠡ ᠪᠣᠯ ᠣᠳᠣᠬᠠᠨ ᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠳᠤᠯᠠᠭᠠᠯᠠᠭ᠎ᠠ ᠬᠠᠩᠭᠠᠬᠤ ᠠᠵᠢᠯ ᠤᠨ ᠡᠯ᠎ᠡ ᠲᠦᠷᠦᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠡᠨᠡ ᠡᠪᠦᠯ ᠤᠨ ᠳᠤᠯᠠᠭᠠᠯᠠᠭ᠎ᠠ  ᠬᠠᠩᠭᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠡᠮᠬᠢ ᠵᠢᠷᠤᠮ ᠲᠠᠢ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠴᠢᠳᠠᠪᠤᠷᠢ ᠪᠣᠯᠤᠨ ᠪᠠᠲᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠠᠳᠬᠤᠨ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢ ᠴᠢᠩᠭᠠᠳᠬᠠᠵᠤ᠂ ᠡᠯ᠎ᠡ ᠲᠦᠷᠦᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠬᠠᠨᠭ᠍ᠭᠠᠬᠤ ᠪᠠᠷᠢᠮᠵᠢᠶ᠎ᠠ ᠶᠢ ᠴᠢᠩᠳᠠᠯᠠᠵᠤ᠂ ᠳᠤᠯᠠᠭᠠᠯᠠᠭ᠎ᠠ ᠎ ᠶᠢᠨ ᠴᠠᠭ ᠢ ᠪᠠᠲᠤᠯᠠᠨ᠂  ᠲᠤᠯᠠᠭᠠᠯᠠᠭ᠎ᠠ ᠶᠢᠨ ᠴᠢᠨᠠᠷ ᠢ ᠳᠡᠭᠡᠭᠰᠢᠯᠡᠭᠦᠯᠵᠦ᠂ ᠡᠨᠡ ᠡᠪᠦᠯ ᠤᠨ ᠳᠤᠯᠠᠭᠠᠯᠠᠭ᠎ᠠ ᠶᠢᠨ ᠡᠯ᠎ᠡ ᠲᠦᠷᠦᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠳᠤᠯᠠᠭᠠᠯᠠᠭ᠎ᠠ ᠬᠠᠩᠭᠠᠬᠤ ᠠᠵᠢᠯ ᠢ ᠴᠠᠭ ᠲᠤᠬᠠᠶ ᠳᠤᠨᠢ ᠡᠬᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠳᠤᠯᠠᠭᠠᠨ ᠲᠠᠭᠠᠯᠠᠮᠵᠢᠲᠠᠶ ᠪᠠᠷ ᠡᠪᠦᠯ ᠢ ᠥᠩᠭᠡᠷᠡᠭᠦᠯᠬᠦ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号