ᠰᠡᠳᠬᠢᠯ ᠤᠨ ᠲᠡᠩᠬᠡᠬᠡ ᠲᠠᠢ ᠠᠯᠳᠠᠨ ᠮᠧᠳᠠᠯᠴᠢᠨ ᠮᠦᠡᠭᠬᠦᠨᠵᠢᠮᠢᠰ
ᠨᠡᠶᠢᠲᠡᠯᠡᠭᠰᠡᠨ ᠴᠠᠭ᠄
2021/10/11
     ︽ᠡᠨᠡ ᠬᠦᠮᠦᠨ ᠬᠤᠪᠢ ᠲᠠᠢ ᠬᠦᠮᠦᠨ︾ ᠬᠡᠵᠦ ᠮᠤᠩᠭᠤᠯᠴᠤᠳ ᠠᠮᠠᠨ ᠪᠡᠯᠬᠡ ᠪᠠᠷ ᠢᠶᠠᠨ ᠪᠡᠯᠬᠡᠰᠢᠶᠠᠵᠦ ᠶᠠᠷᠢᠳᠠᠭ᠃ ᠲᠠᠶᠢᠮᠤ ᠡ᠂ ᠬᠤᠪᠢ ᠲᠠᠪᠢᠯᠠᠩ ᠬᠡᠭᠴᠢ ᠬᠦᠮᠦᠨ ᠪᠦᠬᠦᠨ ᠳᠤ ᠨᠤᠬᠳᠠᠳᠠᠭ᠃ ᠬᠡᠪᠡᠴᠤ ᠵᠡᠮᠳᠡᠭ ᠬᠦᠮᠦᠨ ᠤ ᠬᠤᠪᠢ ᠵᠠᠶᠠᠭᠠᠨ ᠳᠠᠭᠠᠨ ᠭᠤᠳᠤᠷᠠᠵᠦ ᠵᠤᠪᠠᠯ ᠦᠬᠡᠢ᠂ ᠬᠠᠷᠢᠨ ᠲᠤᠱᠠᠭ᠎ᠠ ᠪᠠᠨ ᠲᠠᠶᠠᠭ ᠪᠤᠯᠭᠠᠵᠦ ᠪᠡᠶ᠎ᠠ ᠶᠢᠨ ᠲᠠᠮᠢᠷ ᠤᠨ ᠴᠢᠩᠭ᠎ᠠ ᠪᠤᠯᠪᠠᠰᠤᠷᠠᠯ ᠳᠤ ᠤᠷᠤᠯᠴᠠᠵᠦ᠂ ᠲᠦᠮᠡᠨ ᠬᠦᠴᠢᠷ ᠪᠡᠷᠬᠡᠰᠢᠶᠡᠯ ᠢ ᠳᠠᠪᠠᠨ ᠬᠦᠰᠡᠯ ᠵᠣᠷᠢᠭ᠂ ᠲᠠᠮᠢᠷ ᠲᠡᠩᠬᠡᠭᠡ ᠪᠣᠯᠤᠨ ᠤᠷ᠎ᠠ ᠴᠢᠳᠠᠪᠤᠷᠢ ᠶᠢᠨ ᠦᠵᠡᠯᠴᠡᠭᠡᠨ ᠢ ᠤᠷᠤᠯᠳᠤᠭᠠᠨ ᠤ ᠲᠠᠯᠠᠪᠤᠷ ᠲᠡᠬᠡᠷ᠎ᠠ ᠦᠵᠡᠬᠦᠯᠵᠦ᠂ ᠠᠯᠳᠠᠨ ᠮᠧᠳᠠᠯ ᠢᠶᠠᠷ ᠡᠩᠭᠡᠷ ᠢᠶᠠᠨ ᠮᠢᠯᠢᠶᠠᠯᠭᠠᠨ ᠬᠤᠪᠢ ᠵᠠᠶᠠᠭᠠᠨ ᠳᠠᠭᠠᠨ ᠲᠤᠮᠤᠬᠠᠨ ᠡᠷᠬᠢᠯᠳᠠ ᠭᠠᠷᠭᠠᠬᠰᠠᠳ ᠤᠨ ᠨᠢᠬᠡ ᠨᠢ ᠮᠦᠡᠭᠬᠦᠨᠵᠢᠮᠢᠰ ᠪᠠᠶᠢᠯ᠎ᠠ᠃
     ᠮᠦᠡᠭᠬᠦᠨᠵᠢᠮᠢᠰ ᠦᠤᠰᠢᠨ ᠬᠤᠰᠢᠭᠤᠨ ᠳᠤ ᠨᠤᠳᠤᠬᠳᠡᠢ᠃ 1991 ᠣᠨ ᠳᠤ ᠦᠦᠰᠢᠨ ᠬᠤᠰᠢᠭᠤᠨ ᠤ ᠰᠦᠯᠳᠡ ᠰᠤᠮᠤ ᠶᠢᠨ ᠮᠠᠯᠴᠢᠨ ᠠᠶᠢᠯ ᠳᠤ ᠵᠠᠶᠠᠭᠠᠵᠦ᠂ ᠥᠰᠦᠯᠲᠡ ᠶᠢᠨ ᠬᠤᠷᠮᠣᠨ ᠤ ᠬᠤᠮᠰᠠᠳᠠᠯ ᠠᠴᠠ ᠪᠤᠯᠵᠦ ᠪᠡᠶ᠎ᠠ ᠰᠡᠳᠬᠢᠯ ᠤᠨ ᠬᠦᠨᠳᠤ ᠰᠢᠷᠬᠠᠯᠠᠯ ᠳᠤ ᠤᠴᠠᠷᠠᠵᠦ ᠪᠢᠯᠡ᠃ ᠬᠡᠬᠦ ᠳᠡᠭᠡᠨ ᠡᠮᠡᠭᠡ ᠶᠢᠨ ᠢᠶᠠᠨ ᠲᠡᠷᠬᠡᠳᠠ ᠬᠦᠮᠦᠨ ᠪᠤᠯᠬᠤ ᠶᠢᠨ ᠤᠬᠠᠭᠠᠨ ᠢ ᠦᠪᠯᠡᠵᠦ ᠲᠤᠮᠳᠠᠳᠤ ᠰᠤᠷᠭᠠᠭᠤᠯᠢ ᠪᠠᠨ ᠲᠡᠬᠦᠰᠦᠬᠡᠳ ︽ᠢᠷᠤᠭᠡᠯ ᠲᠠᠢ ᠳᠠᠭᠠᠨ ᠤᠴᠠᠷᠠᠵᠤ ᠢᠷᠤᠭᠠᠷ ᠲᠠᠢ ᠳᠠᠭᠠᠨ ᠲᠤᠬᠳᠠᠳᠠᠭ︾ ᠬᠡᠳᠡᠭᠴᠢᠯᠡᠨ ᠬᠠᠰᠯᠤᠤ ᠪᠠᠭᠰᠢ ᠳᠠᠭᠠᠨ ᠲᠠᠨᠢᠬᠳᠠᠵᠦ ᠭᠠᠷ ᠱᠠᠪᠢ ᠨᠢ ᠪᠤᠯᠵᠦ ᠬᠦᠮᠦᠵᠢᠭᠳᠡᠵᠡᠢ᠃      2005 ᠤᠨ ᠠᠴᠠ ᠡᠬᠢᠯᠡᠨ ᠬᠠᠰᠯᠤᠤ ᠪᠠᠭᠰᠢ ᠶᠢᠨ ᠭᠠᠷ ᠲᠤᠤᠷ᠎ᠠ ᠰᠢᠷᠭᠠᠭᠤ ᠪᠤᠯᠪᠠᠰᠤᠷᠠᠯ ᠬᠢᠵᠦ᠂ ᠭᠤᠷᠪᠠᠨ ᠵᠢᠯ ᠤᠨ ᠲᠤᠷᠰᠢᠬᠢ ᠬᠠᠳᠠᠭᠤ ᠰᠢᠷᠭᠠᠭᠤ ᠪᠡᠶ᠎ᠠ ᠶᠢᠨ ᠲᠠᠰᠬᠠᠵᠢᠭᠤᠯᠤᠯᠳᠠ ᠪᠤᠯᠪᠠᠰᠤᠷᠠᠭᠤᠯᠤᠯ ᠵᠢᠴᠢ ᠤᠷᠤᠯᠳᠤᠭᠠᠨ ᠳᠤ ᠲᠡᠷᠢᠬᠦᠯᠡᠬᠦ ᠰᠡᠳᠬᠢᠯ ᠤᠨ ᠲᠠᠷᠤᠯᠳᠠ ᠶᠢ ᠲᠤᠭᠤᠯᠵᠦ ᠭᠠᠷᠤᠭᠠᠳ 2008 ᠤᠨ ᠤ 9 ᠰᠠᠷ᠎ᠠ ᠶᠢᠨ 13᠎ ᠤ ᠡᠳᠦᠷ ᠪᠡᠬᠡᠵᠢᠩ ᠤᠨ ᠵᠡᠮᠳᠡᠭᠴᠤᠳ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠬᠯᠠᠭᠠᠨ ᠤ ᠵᠢᠷᠭᠤᠭᠠᠳᠡᠬᠢ ᠡᠳᠦᠷ᠂ ᠮᠦᠡᠭᠬᠦᠨᠵᠢᠮᠢᠰ ᠤᠷᠤᠯᠳᠤᠭᠠᠨ ᠤ ᠲᠠᠯᠠᠪᠡᠢ ᠳᠤ ᠨᠢᠷᠤᠭᠤ ᠬᠡᠳᠡᠬᠡᠷ ᠵᠤᠬᠰᠤᠵᠦ᠂ ᠵᠡᠬᠡᠷᠡᠩᠬᠡᠢ ᠪᠠᠨ 28 ᠮᠧᠲᠷ 04 ᠰᠢᠳᠡᠵᠤ ᠭᠠᠷᠭᠠᠭᠰᠠᠨ ᠰᠠᠶᠢᠨ ᠬᠢᠷᠢ ᠪᠦᠳᠦᠮᠵᠢ ᠪᠠᠷ ᠥᠵᠡᠭᠴᠢᠳ ᠤᠯᠠᠨ ᠢ ᠬᠢᠯᠠᠷᠠᠳᠠᠯ᠎ᠠ ᠭᠠᠶᠢᠬᠠᠭᠤᠯᠤᠭᠠᠳ ᠲᠡᠯᠡᠬᠡᠢ ᠶᠢᠨ ᠲᠡᠮᠳᠡᠭᠯᠡᠯ ᠢ ᠡᠬᠦᠳᠦᠭᠰᠡᠨ ᠪᠠᠶᠢᠨ᠎ᠠ᠃      ︽ᠰᠠᠶᠢᠨ ᠪᠠᠭᠰᠢ ᠠᠴᠠ ᠰᠤᠤᠳᠤ ᠱᠠᠪᠢ ᠬᠦᠮᠦᠵᠢᠭᠳᠡᠳᠡᠭ︾᠎ ᠤᠨ ᠡᠷᠬᠡ ᠪᠠᠷ ᠬᠠᠰᠯᠤᠤ ᠪᠠᠭᠰᠢ ᠦᠪᠡᠷ ᠤᠨ ᠠᠪᠤ ᠡᠵᠢ ᠠᠴᠠ ᠨᠢ ᠢᠯᠡᠬᠦᠦ ᠠᠮᠢᠳᠤᠷᠠᠯ ᠠᠴᠠ ᠨᠢ ᠡᠬᠢᠯᠡᠬᠡᠳ ᠪᠦᠬᠦ ᠵᠦᠢᠯ ᠳᠤ ᠨᠢᠬᠡ ᠯᠠ ᠵᠤᠷᠢᠭ ᠢᠶᠠᠷ ᠴᠢᠷᠮᠠᠶᠢᠬᠤ ᠶᠢ ᠮᠦᠡᠭᠬᠦᠨᠵᠢᠮᠢᠰ ᠲᠤ ᠲᠠᠩᠳᠠ ᠪᠠᠨ ᠰᠤᠷᠭᠠᠮᠵᠢᠯᠠᠳᠠᠭ ᠪᠠᠶᠢᠵᠡᠢ᠃ ᠠᠯᠳᠠ ᠰᠢᠬᠦᠷᠦᠭᠰᠡᠨ ᠢᠶᠠᠷ ᠪᠤᠰᠤᠳ ᠬᠦᠮᠦᠰ ᠲᠤ ᠲᠠᠭᠤᠷᠢᠶᠠᠯ ᠦᠵᠡᠬᠦᠯᠬᠦ ᠶᠢ ᠴᠤ ᠴᠢᠩᠳᠠ ᠵᠠᠬᠢᠬᠰᠠᠭᠠᠷ ᠢᠷᠡᠵᠡᠢ᠃ ᠲᠡᠷᠡ ᠪᠠᠷ ᠡᠩᠭᠡᠷ ᠲᠡᠬᠡᠷᠡᠬᠢ ᠠᠯᠳᠠ ᠨᠢ ᠠᠮᠢᠳᠤᠷᠠᠯ ᠢ ᠨᠢ ᠰᠢᠵᠢᠷᠳᠤᠬᠦᠯᠦᠨ ᠲᠤᠶᠠᠭᠠᠯᠠᠭᠤᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠠᠵᠢᠯ ᠠᠯᠪᠠ ᠲᠠᠢ ᠪᠤᠯᠤᠬᠰᠠᠨ ᠮᠦᠷᠳᠡᠬᠡᠨ ᠲᠠᠷᠭᠤᠨ ᠲᠡᠪᠡᠳᠡᠢ ᠠᠶᠢᠯ ᠪᠦᠯᠢ ᠪᠤᠯᠵᠦ ᠵᠠᠶᠠᠭᠠᠨ ᠤ ᠪᠠᠨ ᠬᠤᠶᠢᠮᠦᠷ ᠲᠤ ᠵᠢᠷᠭᠠᠯ ᠲᠠᠢ ᠠᠮᠢᠳᠤᠷᠠᠵᠦ ᠶᠠᠪᠤᠨ᠎ᠠ᠃
     ᠲᠠᠭᠤᠳᠠᠬᠤ ᠨᠡᠷ᠎ᠠ ᠶᠢ ᠠᠪᠤ ᠡᠵᠢ ᠤᠯᠭᠤᠵᠦ᠂ ᠲᠠᠭᠤᠷᠢᠰᠬᠤ ᠠᠯᠳᠠᠷ ᠢ ᠦᠪᠡᠷ ᠢᠶᠠᠨ ᠤᠯᠳᠠᠭ᠃ ᠮᠦᠡᠭᠬᠦᠨᠵᠢᠮᠢᠰ ᠪᠡᠭᠡᠵᠢᠩ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠡᠮᠳᠡᠭᠴᠦᠳ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠷᠢᠭᠦᠨ ᠤ ᠬᠤᠪᠢ ᠬᠥᠮᠦᠨ᠂ ᠪᠦᠬᠦ ᠤᠯᠤᠰ ᠤᠨ ︽3 · 8︾᠎ ᠶᠢᠨ ᠤᠯᠠᠭᠠᠨ ᠲᠤᠭᠴᠢ᠂ ᠪᠦᠬᠦ ᠤᠯᠤᠰ ᠤᠨ ︽5 · 1︾᠎ ᠤ ᠬᠥᠳᠡᠯᠮᠦᠷᠢ ᠶᠢᠨ ᠵᠢᠱᠢᠶᠠᠴᠢ᠂ ᠪᠦᠬᠦ ᠤᠯᠤᠰ ᠤᠨ ᠵᠠᠯᠠᠭᠤᠴᠤᠳ ᠤᠨ ︽5 · 4︾᠎ ᠤ ᠱᠠᠩᠨᠠᠯ ᠢ ᠬᠦᠷᠲᠡᠵᠡᠢ᠃ 2008 ᠣᠨ ᠤ 10 ᠰᠠᠷ᠎ᠠ ᠳᠤ᠂ ᠥᠪᠥᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽3 · 8︾᠎ ᠶᠢᠨ ᠤᠯᠠᠭᠠᠨ ᠲᠤᠭᠴᠢ ᠪᠠᠷ ᠬᠦᠬᠢᠬᠦᠯᠵᠦ᠂ ᠦᠪᠡᠷᠳᠡᠬᠡᠨ ᠵᠠᠰᠠᠬᠤ ᠤᠷᠤᠨ ᠤ ︽5 · 1︾᠎ ᠤ ᠬᠥᠳᠡᠯᠮᠦᠷᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ︽5 · 4︾᠎ ᠤ ᠵᠠᠯᠠᠭᠤᠴᠤᠳ ᠤᠨ ᠱᠠᠩᠨᠠᠯ ᠢ ᠢᠷᠠᠭᠤ ᠠᠯᠳᠠᠷ ᠲᠠᠢ ᠤᠯᠭᠤᠪᠠ᠃      ᠮᠠᠨ ᠤ ᠬᠤᠳᠠ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠵᠢᠴᠢ ᠤᠨᠴᠠᠭᠠᠢ ᠤᠯᠢᠮᠫᠢᠺ ᠤᠨ ᠪᠡᠶ᠎ᠠ ᠶᠢᠨ ᠲᠠᠮᠢᠷ ᠤᠨ ᠴᠤᠬᠯᠠᠭᠠᠨ ᠳᠤ ᠵᠡᠬᠡᠷᠡᠩᠬᠡᠢ᠂ ᠵᠢᠳᠡᠬᠦᠷ ᠰᠢᠳᠠ᠂ ᠲᠤᠭᠤᠯᠭᠠᠨ ᠪᠦᠮᠪᠦᠭᠡ ᠶᠢᠨ ᠤᠷᠤᠯᠳᠤᠭᠠᠨ ᠤ ᠠᠯᠳᠠᠨ ᠮᠧᠳᠠᠯ ᠢ ᠰᠠᠨᠠᠭᠠᠨ ᠤ ᠠᠶ᠎ᠠ ᠪᠠᠷ ᠰᠢᠬᠦᠷᠤᠯ᠎ᠠ᠃ ᠲᠡᠷᠡ ᠪᠠᠷ 10 ᠰᠠᠷ᠎ᠠ ᠶᠢᠨ ᠰᠡᠬᠦᠯᠴᠢ ᠪᠠᠷ ᠶᠠᠪᠤᠬᠳᠠᠬᠤ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠤᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠳᠤ ᠲᠤᠭᠤᠯᠭᠠᠨ ᠪᠦᠮᠪᠦᠭᠡ ᠪᠠ ᠵᠡᠬᠡᠷᠡᠩᠬᠡᠢ ᠶᠢᠨ ᠤᠷᠤᠯᠳᠤᠭᠠᠨ ᠤ ᠪᠡᠯᠡᠳᠬᠡᠯ ᠪᠤᠯᠪᠠᠰᠤᠷᠠᠯ ᠢᠶᠠᠨ 2020 ᠤᠨ ᠤ 10 ᠰᠠᠷ᠎ᠠ ᠠᠴᠠ 2021 ᠤᠨ ᠤ 4 ᠰᠠᠷ᠎ᠠ ᠪᠤᠯᠳᠠᠯ᠎ᠠ ᠬᠠᠶᠢᠨᠠᠨ ᠳᠤ ᠬᠠᠳᠠᠭᠤᠵᠢᠯᠳᠡᠢ ᠪᠡᠯᠡᠳᠬᠡᠭᠰᠡᠨ ᠪᠠᠶᠢᠵᠡᠢ᠃ ᠮᠦᠡᠭᠬᠦᠨᠵᠢᠮᠢᠰ ᠲᠡᠭᠡᠨ ᠠᠯᠳᠠ ᠮᠧᠳᠠᠯ ᠤᠨ ᠦᠨᠳᠦᠷ ᠠᠮᠵᠢᠯᠳᠠ ᠶᠢ ᠵᠦᠡᠭᠨᠡᠶ᠎ᠠ︕      ★ ᠠᠯᠳᠠᠨ ᠮᠧᠳᠠᠯ ᠤᠨ ᠰᠠᠮᠪᠠᠷ᠎ᠠ      ☆ 2008 ᠣᠨ ᠳᠤ᠂ ᠪᠡᠭᠡᠵᠢᠩ ᠳᠤ ᠶᠠᠪᠤᠬᠳᠠᠬᠰᠠᠨ ᠵᠡᠮᠳᠡᠭᠴᠤᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠬᠯᠠᠭᠠᠨ F40 ᠲᠡᠰ ᠤᠨ ᠵᠡᠭᠡᠷᠡᠩᠬᠡᠢ ᠶᠢᠨ ᠠᠯᠲᠠᠨ ᠮᠧᠳᠠᠯ ᠪᠠ ᠲᠤᠭᠤᠯᠭᠠᠨ ᠪᠦᠮᠪᠦᠭᠡ ᠶᠢᠨ ᠮᠦᠡᠭᠬᠦᠨ ᠮᠧᠳᠠᠯ ᠢᠶᠠᠷ ᠡᠩᠭᠡᠷ ᠢᠶᠠᠨ ᠮᠢᠯᠢᠶᠠᠯᠭᠠᠵᠡᠢ᠃      ☆ 2009 ᠣᠨ ᠤ 5 ᠰᠠᠷ᠎ᠠ ᠳᠤ᠂ ᠠᠩᠭ᠍ᠯᠢ ᠳᠤ ᠶᠠᠪᠤᠭᠳᠠᠭᠰᠠᠨ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠲᠤᠭᠤᠯᠭᠠᠨ ᠪᠥᠮᠪᠦᠭᠡ ᠶᠢᠨ ᠮᠥᠩᠭᠦᠨ ᠮᠧᠳᠠᠯ ᠢ ᠭᠠᠷᠳᠠᠵᠡᠢ᠃      ☆ 2009 ᠣᠨ ᠤ 9 ᠰᠠᠷ᠎ᠠ ᠳᠤ᠂ ᠶᠠᠫᠣᠨ ᠳᠤ ᠪᠣᠯᠤᠭᠰᠠᠨ ᠠᠽᠢᠶ᠎ᠠ ᠲᠢᠪ ᠤᠨ ᠵᠠᠯᠠᠭᠤᠴᠤᠳ ᠪᠠᠭᠠᠴᠤᠳ ᠤᠨ ᠵᠡᠮᠳᠡᠭᠴᠦᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠠᠯᠲᠠᠨ ᠮᠧᠳᠠᠯ ᠲᠤᠰᠴᠡᠢ᠃      ☆ 2010 ᠣᠨ ᠤ 6 ᠰᠠᠷ᠎ᠠ ᠳᠤ᠂ ᠠᠩᠭ᠍ᠯᠢ ᠳᠤ ᠶᠠᠪᠤᠭᠳᠠᠭᠰᠠᠨ ᠵᠡᠮᠳᠡᠭᠴᠦᠳ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠡᠯᠡᠬᠡᠢ ᠶᠢᠨ ᠬᠤᠨᠳᠠᠭᠠᠲᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠠᠯᠲᠠᠨ ᠮᠧᠳᠠᠯ ᠭᠠᠷᠲᠠᠪᠠ᠃      ☆ 2010 ᠣᠨ ᠤ 7 ᠰᠠᠷ᠎ᠠ ᠳᠤ᠂ ᠪᠡᠭᠡᠵᠢᠩ ᠳᠤ ᠪᠣᠯᠤᠭᠰᠠᠨ ᠪᠦᠬᠦ ᠤᠯᠤᠰ ᠤᠨ ᠵᠡᠮᠳᠡᠭᠴᠦᠳ ᠤᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠠᠯᠳᠠᠨ ᠮᠧᠳᠠᠯ᠂ ᠲᠤᠭᠤᠯᠭᠠᠨ ᠪᠥᠮᠪᠦᠭᠡ ᠶᠢᠨ ᠠᠯᠲᠠᠨ ᠮᠧᠳᠠᠯ ᠢ ᠲᠤᠰ ᠪᠦᠷᠢ ᠬᠦᠷᠳᠡᠪᠡ᠃      ☆ 2011 ᠣᠨ ᠤ 5 ᠰᠠᠷ᠎ᠠ ᠳᠤ᠂ ᠰᠢᠨ᠎ᠡ ᠽᠢᠯᠠᠨᠳ᠋ ᠤᠨ ᠾᠷᠢᠰᠲ᠋ᠣᠰ ᠬᠤᠲᠠ ᠳᠤ ᠶᠠᠪᠤᠭᠳᠠᠭᠰᠠᠨ ᠵᠡᠮᠳᠡᠭᠴᠦᠳ ᠤᠨ ᠳᠡᠯᠡᠬᠡᠢ ᠶᠢᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠲᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠮᠥᠩᠭᠦᠨ ᠮᠧᠳᠠᠯ᠂ ᠲᠤᠭᠤᠯᠭᠠᠨ ᠪᠦᠮᠪᠦᠭᠡ ᠶᠢᠨ ᠬᠦᠷᠡᠯ ᠮᠧᠳᠠᠯ ᠭᠠᠷᠳᠡᠵᠡᠢ᠃      ☆ 2011 ᠣᠨ ᠤ 6 ᠰᠠᠷ᠎ᠠ ᠳᠤ᠂ ᠣᠷᠳᠣᠰ ᠤᠨ ᠳᠠᠯᠠᠳ ᠬᠤᠰᠢᠭᠤᠨ ᠳᠤ ᠪᠣᠯᠤᠭᠰᠠᠨ ᠥᠪᠥᠷ ᠮᠣᠩᠭᠤᠯ ᠤᠨ ᠳᠥᠷᠪᠡᠳᠦᠭᠡᠷ ᠬᠤᠭᠤᠴᠠᠭᠠᠨ ᠤ ᠵᠡᠮᠳᠡᠭᠴᠦᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠳᠡᠭᠡᠷ᠎ᠡ ᠳᠣᠭᠤᠯᠭᠠᠨ ᠪᠥᠮᠪᠦᠭᠡ᠂ ᠵᠡᠭᠡᠷᠡᠩᠬᠡᠢ᠂ ᠰᠢᠳᠡᠬᠦᠷ ᠵᠢᠳᠠ ᠶᠢᠨ ᠭᠤᠷᠪᠠᠨ ᠠᠯᠲᠠᠨ ᠮᠧᠳᠠᠯ ᠭᠠᠷᠳᠡᠵᠡᠢ᠃      ☆ 2011 ᠣᠨ ᠳᠤ᠂ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠠᠯ ᠪᠠᠮᠪᠠᠷᠴᠢᠨ ᠪᠤᠯᠪᠠ᠃      ☆2011 ᠣᠨ ᠤ 10 ᠰᠠᠷ᠎ᠠ ᠳᠤ᠂ ᠬᠠᠩᠵᠧᠦ ᠳᠤ ᠶᠠᠪᠤᠭᠳᠠᠭᠰᠠᠨ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠠᠶ᠎ᠠ ᠶᠢᠨ ᠲᠠᠮᠢᠷ ᠤᠨ ᠴᠤᠭᠯᠠᠭᠠᠨ ᠳᠤ ᠵᠡᠭᠡᠷᠡᠩᠬᠡᠢ ᠶᠢᠨ ᠠᠯᠳᠠᠨ ᠮᠧᠳᠠᠯ᠂ ᠳᠣᠭᠤᠯᠭᠠᠨ ᠪᠥᠮᠪᠦᠭᠡ ᠶᠢᠨ ᠠᠯᠲᠠᠨ ᠮᠧᠳᠠᠯ ᠢ ᠲᠤᠰ ᠪᠦᠷᠢ ᠬᠦᠷᠳᠡᠵᠦ᠂ ᠬᠤᠶᠠᠷ ᠲᠦᠷᠦᠯ ᠤᠨ ᠤᠷᠤᠯᠳᠤᠭᠠᠨ ᠤ ᠪᠦᠬᠦ ᠤᠯᠤᠰ ᠤᠨ ᠲᠡᠮᠳᠡᠭᠯᠡᠯ ᠢ ᠲᠤᠰ ᠪᠦᠷᠢ ᠡᠭᠦᠳᠴᠡᠢ᠃      ☆ 2012 ᠣᠨ ᠳᠤ᠂ ᠯᠣᠨᠳᠣᠨ ᠳᠤ ᠶᠠᠪᠤᠬᠳᠠᠬᠰᠠᠨ ᠵᠡᠮᠳᠡᠭᠴᠦᠳ ᠤᠨ ᠤᠯᠢᠮᠫᠢᠺ ᠤᠨ ᠪᠡᠶ ᠎ᠡ ᠶᠢᠨ ᠲᠠᠮᠢᠷ ᠤᠨ ᠴᠤᠭᠯᠠᠭᠠᠨ ᠳᠤ᠂ ᠲᠤᠭᠤᠯᠭᠠᠨ ᠪᠥᠮᠪᠦᠭᠡ ᠶᠢᠨ ᠮᠥᠩᠭᠦᠨ ᠮᠧᠲᠠᠯ ᠢ ᠭᠠᠷᠳᠠᠵᠦ᠂ ᠵᠡᠭᠡᠷᠡᠩᠬᠡᠢ ᠶᠢᠨ ᠬᠦᠷᠡᠯ ᠮᠧᠲᠠᠯ ᠢ ᠭᠠᠷᠳᠠᠭᠠᠳ ᠬᠤᠪᠢ ᠬᠥᠮᠦᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠴᠡᠢ᠃      ☆ 2018 ᠣᠨ ᠤ 6 ᠰᠠᠷ᠎ᠠ ᠳᠤ᠂ ᠲᠢᠶᠠᠨᠵᠢᠨ ᠬᠤᠲᠠ ᠳᠤ ᠶᠠᠪᠤᠭᠳᠠᠭᠰᠠᠨ ᠪᠦᠬᠦ ᠤᠯᠤᠰ ᠤᠨ ᠵᠡᠮᠳᠡᠭᠴᠦᠳ ᠤᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠮᠥᠩᠭᠦᠨ ᠮᠧᠳᠠᠯ ᠲᠤᠰᠴᠡᠢ᠃      ☆ 2018 ᠣᠨ ᠤ 9 ᠰᠠᠷ᠎ᠠ ᠳᠤ᠂ ᠤᠯᠠᠭᠠᠨᠴᠠᠪ ᠬᠤᠲᠠ ᠳᠤ ᠡᠷᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠳᠤ ᠵᠡᠭᠡᠷᠡᠩᠬᠡᠢ᠂ ᠲᠤᠭᠤᠯᠭᠠᠨ ᠪᠦᠮᠪᠦᠭᠡ᠂ ᠰᠢᠳᠡᠬᠦᠷ ᠵᠢᠳᠠ ᠶᠢᠨ ᠭᠤᠷᠪᠠᠨ ᠠᠯᠲᠠᠨ ᠮᠧᠳᠠᠯ ᠢ ᠵᠡᠷᠬᠡ ᠳᠤᠨᠢ ᠡᠪᠤᠷᠯᠡᠭᠰᠡᠨ ᠪᠠᠶᠢᠨ᠎ᠠ᠃      ☆ 2019 ᠣᠨ ᠳᠤ᠂ ᠲᠢᠶᠠᠨᠵᠢᠨ ᠳᠤ ᠡᠷᠬᠢᠯᠡᠭᠰᠡᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠵᠡᠭᠡᠷᠡᠩᠬᠡᠢ ᠶᠢᠨ ᠠᠯᠳᠠᠨ ᠮᠧᠳᠠᠯ᠂ ᠲᠤᠭᠤᠯᠭᠠᠨ ᠪᠥᠮᠪᠦᠭᠡ ᠶᠢᠨ ᠠᠯᠲᠠᠨ ᠮᠧᠳᠠᠯ ᠲᠤᠰᠤᠬᠰᠠᠨ ᠮᠦᠷᠳᠡᠬᠡᠨ ᠠᠽᠢᠶ᠎ᠠ ᠲᠢᠪ ᠤᠨ ᠲᠡᠮᠳᠡᠭᠯᠡᠯ ᠤᠳ ᠢ ᠰᠢᠨᠡᠳᠬᠡᠵᠡᠢ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号